内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2014 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ
        ᠨᠡᠶᠢᠲᠡᠯᠡᠭᠰᠡᠨ ᠴᠠᠭ᠄
        2015/1/13
                                        — 2014  ᠣᠨ ᠤ 1 ᠳ᠋ᠣᠭᠡᠷ ᠰᠠᠷ᠎ᠠ ᠶᠢᠨ 15 ᠤ ᠡᠳᠦᠷ                                        ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠪᠠᠨ                                          ᠬᠤᠶᠠᠳᠣᠭᠠᠷ ᠬᠤᠭᠤᠴᠠᠭᠠᠨ ‍ᠣ‌ᠠᠷᠠᠳ ‍ᠣᠨ‌‍ᠲ᠋ᠦ᠋ᠯᠦᠭᠡᠯᠡᠭᠴᠢᠳ ‍ᠣᠨ‌‍ᠶᠡᠭᠡ                                    ᠬᠤᠷᠠᠯ ᠤᠨ ᠬᠤᠶᠠᠳᠣᠭᠠᠷ ᠬᠤᠷᠠᠯᠳᠣᠭᠠᠨ ᠳᠡᠭᠡᠷ᠎ᠡ                                 ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ   ᠪᠠᠭᠠᠲᠣᠷᠲᠦᠯᠦᠭᠡᠯᠡᠭᠴᠢᠳ ᠡ᠄      ᠣᠳᠣ᠂ ᠪᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠦᠪᠡᠷᠲᠡᠭᠡᠨ ᠵᠠᠰᠠᠬᠤ ᠣᠷᠣᠨ ᠤ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃      ᠨᠢᠭᠡ᠂ ᠦᠡᠭᠭᠡᠷᠡᠭᠰᠡᠨ ᠨᠢᠭᠡ ᠵᠢᠯ ᠤᠨ ᠠᠵᠢᠯ ᠤᠨ ᠡᠷᠬᠢᠴᠡᠭᠦᠯᠦᠯ      2013 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠣᠨ ᠪᠣᠯᠬᠤ ᠪᠦᠭᠡᠳ ᠮᠦᠨ ᠴᠦ ᠬᠠᠲᠠᠭᠤ ᠴᠢᠩᠭ᠎ᠠ ᠰᠢᠯᠭᠠᠯᠲᠠ ᠪᠠᠷ ᠳᠠᠮᠵᠢᠭᠠᠳ ᠰᠢᠨ᠎ᠡ ᠠᠮᠵᠢᠯᠲᠠ ᠣᠯᠣᠭᠰᠠᠨ ᠨᠢᠭᠡ ᠵᠢᠯ ᠪᠣᠯᠣᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠲᠦᠪ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲ᠊‍ᠦ᠋ᠮᠡᠨ ᠢ ᠨᠢᠭᠲᠠ ᠲᠦᠰᠢᠭᠯᠡᠨ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣ᠋‍ᠨ ᠦᠪᠡᠷᠲᠡᠭᠡᠨ ᠵᠠᠰᠠᠬᠤ ᠣᠷᠣᠨ ᠤ  ︽8337︾ ᠬᠦᠭᠵᠢᠯᠲᠡ ᠶᠢᠨ ᠰᠡᠳᠭᠢᠴᠡ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠨᠡᠮᠡᠭᠳᠡᠯ ᠢ ᠯᠠᠪᠳᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂  ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠣᠷᠠᠯ ᠢ ᠬᠠᠷᠭᠠᠯᠵᠠᠬᠤ ᠵᠡᠷᠭᠡ ᠡᠯ᠎ᠡ ᠵᠦᠢᠯ ᠤᠨ ᠠᠵᠢᠯ ᠢ ᠨᠢᠬᠡᠳᠦᠯᠲᠡᠢ ᠲᠦᠯᠦᠪᠯᠡᠨ ᠠᠬᠢᠭᠤᠯᠵᠣ᠂ ᠠᠵᠣ ᠠᠬᠤᠢ ᠪᠠᠭᠤᠷᠠᠵᠣ ᠪᠠᠶᠢᠭ᠎ᠠ ᠳᠠᠷᠣᠯᠲᠠ ᠶᠢ ᠴᠢᠷᠮᠠᠶᠢᠨ ᠢᠯᠠᠨ ᠳᠠᠪᠠᠵᠣ᠂ ᠰᠢᠨᠵᠢᠯᠡᠬᠦ ᠣᠬᠠᠭᠠᠨᠴᠢ ᠬᠦᠭᠵᠢᠯᠲᠡ ᠶᠢ ᠲᠦᠯᠬᠢᠨ ᠠᠬᠢᠭᠤᠯᠬᠤ᠂ ᠠᠷᠠᠳ ᠢ ᠪᠠᠶᠠᠵᠢᠭᠤᠯᠣᠨ ᠣᠷᠣᠨ ᠢᠶᠠᠨ ᠬᠦᠴᠦᠷᠬᠡᠭᠵᠢᠬᠦᠯᠬᠦ ᠵᠠᠮ ᠢᠶᠠᠷ ᠰᠢᠨ᠎ᠡ ᠠᠯᠬᠤᠮ ᠢ ᠠᠯᠬᠤᠪᠠ᠃      ︵ᠨᠢᠭᠡ︶ ᠠᠵᠣ ᠠᠬᠤᠢ ᠶᠢᠨ ᠬᠦᠭᠵᠢᠯᠲᠡ ᠲᠣᠭᠲᠠᠭᠤᠨ ᠪᠠᠶᠢᠬᠤ ᠶᠢᠨ ᠳᠠᠭᠠᠣ ᠳᠤ ᠰᠠᠶᠢᠵᠢᠷᠠᠯ ᠲᠠᠢ ᠪᠠᠶᠢᠳᠠᠯ ᠢᠯᠡᠷᠡᠪᠡ᠃ ᠨᠢᠳᠣᠨᠣᠨ᠂ ᠮᠠᠨ ᠤ ᠣᠷᠣᠨ ᠤ ᠠᠵᠣ ᠠᠬᠤᠢ ᠶᠢᠨ ᠬᠦᠭᠵᠢᠯᠲᠡ ᠳᠤ ᠣᠶᠢᠷ᠎ᠠ ᠶᠢᠨ ᠵᠢᠯ ᠴᠦᠬᠡᠨ ᠲᠣᠬᠢᠶᠠᠯᠳᠣᠭᠰᠠᠨ ᠬᠦᠴᠢᠷᠳᠡᠯ ᠲᠠᠢ ᠪᠠᠶᠢᠳᠠᠯ ᠭᠠᠷᠪᠠ᠃ ᠣᠯᠣᠰ ᠤᠨ ᠲᠣᠲᠣᠭᠠᠲᠣ ᠭᠠᠳᠠᠭᠠᠲᠣ ᠶᠢᠨ ᠲᠦᠪᠡᠭ ᠪᠣᠳᠣᠯᠢᠶᠠᠨᠲᠠᠢ ᠪᠠᠶᠢᠳᠠᠯ ᠪᠣᠯᠣᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠲᠠᠯᠭ᠎ᠠ ᠬᠦᠷᠦᠯᠴᠡᠬᠦ ᠦᠭᠡᠢ᠂ ᠠᠵᠣ ᠠᠬᠤᠶᠢᠯᠠᠯ ᠤᠨ ᠦᠷ᠎ᠡ ᠠᠰᠢᠭ ᠪᠠᠭᠤᠷᠠᠭᠰᠠᠨ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠣᠳᠠᠭᠠᠰᠢᠷᠠᠭᠰᠠᠨ ᠵᠡᠷᠭᠡ ᠬᠠᠲᠠᠭᠤ ᠴᠢᠩᠭ᠎ᠠ ᠦᠷᠢᠰᠦᠳᠦᠯᠭᠡᠨ ᠳᠤ ᠬᠠᠨᠳᠣᠨ᠂ ᠲᠦᠷᠦ ᠶᠢᠨ ᠪᠣᠳᠣᠯᠭ᠎ᠠ ᠶᠢᠨ ᠲᠣᠬᠢᠷᠠᠭᠤᠯᠭ᠎ᠠ ᠡᠵᠡᠮᠳᠡᠯ ᠪᠣᠯᠣᠨ ᠪᠡᠯᠡ ᠣᠷᠣᠭᠤᠯᠣᠯᠲᠠ ᠶᠢᠨ ᠲᠣᠯᠭᠠᠭᠤᠷᠢᠯᠠᠯ ᠢ ᠣᠯᠠᠮ ᠨᠢᠭᠡ ᠠᠯᠬᠤᠮ ᠴᠢᠩᠭᠠᠷᠠᠭᠤᠯᠣᠨ᠂ ᠠᠵᠣ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠦᠷᠢᠵᠢᠭᠤᠯᠣᠭᠠᠳ᠂ ᠠᠵᠣ ᠠᠬᠤᠢ ᠶᠢᠨ ᠭᠤᠣᠯ ᠪᠣᠯᠬᠤ ᠭᠦᠢᠴᠡᠳᠭᠡᠬᠦ ᠲᠤᠭ᠎ᠠ ᠶᠢᠨ ᠨᠡᠮᠡᠭᠳᠡᠯ ᠤᠨ ᠬᠤᠷᠳᠣᠴᠠ ᠶᠢ ᠵᠣᠬᠢᠰᠲᠠᠢ ᠪᠠᠶᠢᠷᠢᠨ ᠳᠤ ᠪᠠᠶᠢᠯᠭᠠᠪᠠ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 1.68 ᠲᠦᠮᠡᠨ ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 9% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ1719.5 ᠳ᠋ᠦᠡᠭᠰᠢᠭᠤᠷ ᠲᠦᠭᠦᠷᠢᠭ ᠪᠠᠶᠢᠵᠣ᠂ 10.7% ᠪᠠᠷ ᠨᠡᠮᠡᠭᠳᠡᠪᠡ︔ ᠪᠦᠬᠦ ᠨᠡᠶᠢᠬᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 1.55 ᠲᠦᠮᠡᠨ ᠳ᠋ᠦᠡᠭᠰᠢᠭᠤᠷ ᠪᠡᠶᠡᠯᠡᠭᠦᠯᠵᠦ᠂18.4% ᠪᠠᠷ ᠨᠡᠮᠡᠭᠳᠡᠪᠡ᠃ ᠲᠠᠷᠢᠶᠠᠯᠠᠩ ᠮᠠᠯ ᠠᠵᠣ ᠠᠬᠤᠢ ᠶᠢᠨ ᠦᠨᠳᠦᠰᠦᠨ ᠰᠠᠭᠤᠷᠢ ᠪᠠᠶᠢᠷᠢ ᠶᠢ ᠲᠠᠰᠣᠷᠠᠯᠲᠠ ᠦᠭᠡᠢ ᠴᠢᠩᠭᠠᠷᠠᠭᠤᠯᠪᠠ᠃ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠣᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠠᠮᠣ ᠪᠣᠳᠠᠭᠠᠨ ᠤ ᠬᠤᠷᠢᠶᠠᠯᠲᠠ ᠲᠡᠣᠬᠡ ᠶᠢᠨ ᠰᠢᠨ᠎ᠡ ᠦᠨᠳᠦᠷ ᠬᠤᠷᠢᠶᠠᠯᠲᠠ ᠶᠢ ᠲᠠᠬᠢᠨᠲᠠ ᠡᠭᠦᠳᠴᠦ᠂ ᠶᠡᠷᠦᠩᠬᠡᠢ ᠬᠤᠷᠢᠶᠠᠯᠲᠠ 554.6 ᠳ᠋ᠦᠡᠭᠰᠢᠭᠤᠷ ᠵᠢᠩ ᠳᠤ ᠬᠦᠷᠴᠦ᠂ 48.9 ᠳ᠋ᠦᠡᠭᠰᠢᠭᠤᠷ ᠵᠢᠩ ᠨᠡᠮᠡᠭᠳᠡᠵᠦ᠂ 9.7% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠪᠣᠯᠣᠨ ᠨᠡᠮᠡᠭᠳᠡᠯ ᠤᠨ ᠬᠡᠪᠴᠢᠶ᠎ᠡ ᠴᠦᠮ ᠪᠦᠬᠦ ᠣᠯᠣᠰ ᠤᠨ ᠲᠡᠷᠢᠭᠦᠨ ᠳᠤ ᠣᠷᠣᠪᠠ︔ ᠲᠡᠵᠢᠭᠡᠵᠦ ᠪᠠᠶᠢᠭ᠎ᠠ ᠮᠠᠯ 9 ᠵᠢᠯ ᠳᠠᠷᠠᠭᠠᠯᠠᠨ 1 ᠳ᠋ᠦᠡᠭᠰᠢᠭᠤᠷ ᠲᠤᠭ᠎ᠠ ᠲᠣᠯᠣᠭᠠᠢ ᠠᠴᠠ ᠳᠡᠭᠡᠭᠰᠢ ᠶᠢ ᠪᠠᠲᠣᠯᠠᠵᠣ᠂ ᠮᠠᠯ ᠤᠨ ᠮᠢᠬ᠎ᠠ᠂ ᠰᠦ᠂ ᠨᠣᠣᠰᠣ ᠨᠣᠣᠯᠣᠷ ᠤᠨ ᠭᠠᠷᠣᠯᠲᠠ ᠦᠷᠭᠦᠯᠵᠢᠯᠡᠨ ᠪᠦᠬᠦ ᠣᠯᠣᠰ ᠤᠨ ᠲᠡᠷᠢᠭᠦᠨ ᠳᠤ ᠣᠷᠣᠪᠠ᠃ ᠠᠵᠣ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠪᠦᠬᠦ ᠬᠦᠴᠦᠨ ᠢᠶᠠᠷ ᠢᠶᠠᠨ ᠲᠣᠭᠲᠠᠪᠣᠷᠢᠵᠢᠭᠤᠯᠪᠠ᠃ ᠮᠠᠨ ᠤ ᠣᠷᠣᠨ ᠤ ᠴᠠᠬᠢᠯᠭᠠᠨ ᠬᠦᠴᠦᠨ ᠤ ᠳᠠᠪᠠᠭᠤᠯᠢᠭ ᠪᠣᠯᠣᠨ ᠴᠠᠬᠢᠯᠭᠠᠨ ᠤ ᠦᠨ᠎ᠡ ᠶᠢᠨ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠣᠨ᠂ ᠴᠠᠬᠢᠯᠠᠭᠠᠨ ᠬᠦᠴᠦᠨ ᠤ ᠶᠡᠷᠦᠩᠬᠡᠶᠢᠯᠡᠨ ᠲᠡᠳᠬᠦᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠠᠵᠣ ᠦᠢᠯᠡᠳᠪᠦᠷᠢ ᠶᠢᠨ ᠬᠡᠷᠡᠭᠯᠡᠬᠦ ᠴᠠᠬᠢᠯᠭᠠᠨ ᠤ ᠬᠡᠮᠵᠢᠶ᠎ᠡ ᠶᠢ 170 ᠳ᠋ᠦᠡᠭᠰᠢᠭᠤᠷ ᠺᠢᠯᠣᠸᠠᠲ ᠴᠠᠭ ᠨᠡᠮᠭᠳᠡᠭᠦᠯᠵᠦ᠂ ᠦᠢᠯᠡᠳᠪᠦᠷᠢᠯᠡᠯ ᠢᠶᠠᠨ ᠵᠣᠭᠰᠣᠭᠠᠭᠰᠠᠨ ᠪᠠ ᠬᠠᠭᠠᠰ ᠵᠣᠭᠰᠣᠭᠠᠭᠰᠠᠨ ᠬᠡᠪᠴᠢᠶᠡᠵᠢᠯ ᠠᠴᠠ ᠳᠡᠭᠡᠭᠰᠢᠬᠢ 261 ᠡᠷᠦᠬᠡ ᠠᠵᠣ ᠠᠬᠤᠶᠢᠯᠠᠯ ᠦᠢᠯᠡᠳᠪᠦᠷᠢᠯᠡᠯ ᠢᠶᠠᠨ ᠰᠡᠷᠭᠦᠭᠡᠭᠡᠳ᠂ ᠭᠠᠶᠢᠯᠢ ᠶᠢᠨ ᠣᠷᠣᠯᠭ᠎ᠠ ᠶᠢ 950 ᠳ᠋ᠦᠡᠭᠰᠢᠭᠤᠷ ᠲᠦᠭᠦᠷᠢᠭ ᠨᠡᠮᠡᠭᠳᠡᠭᠦᠯᠪᠡ᠃ ᠮᠦᠡᠭᠭᠦᠨ ᠬᠦᠢᠯᠭᠡᠭᠡᠨ ᠢᠶᠠᠷ ᠪᠣᠲᠠᠲᠣ ᠴᠣᠭᠴᠠ ᠠᠵᠣ ᠠᠬᠤᠢ ᠶᠢ ᠳᠡᠮᠵᠢᠬᠦᠯᠬᠦ᠂ ᠡᠬᠢ ᠪᠠᠶᠠᠯᠢᠭ ᠤᠨ ᠲᠣᠬᠢᠷᠠᠭᠤᠯᠣᠯᠲᠠ ᠶᠢ ᠲᠡᠭᠦᠯᠳᠡᠷᠵᠢᠭᠦᠯᠬᠦ᠂ ᠡᠬᠢ ᠪᠠᠶᠠᠯᠢᠭ ᠢ ᠬᠦᠷᠦᠩᠭᠡᠵᠢᠭᠦᠯᠦᠨ ᠠᠵᠢᠯᠯᠠᠭᠤᠯᠬᠤ ᠶᠢ ᠲᠦᠯᠬᠢᠨ ᠠᠬᠢᠭᠤᠯᠬᠤ᠂ ᠠᠵᠣ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠲᠦᠷᠦᠯ ᠵᠦᠢᠯ ᠢ ᠪᠠᠭᠠᠰᠬᠠᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠨ᠂ ᠠᠵᠣ ᠦᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠡᠭᠡᠭᠰᠢᠯᠡᠭᠦᠯᠬᠦ᠂ ᠠᠵᠣ ᠠᠬᠤᠶᠢᠯᠠᠯ ᠤᠨ ᠠᠰᠢᠭ ᠣᠯᠵᠠᠪᠣᠷᠢ ᠶᠢᠨ ᠪᠠᠭᠤᠷᠠᠬᠤ ᠬᠡᠪᠴᠢᠶ᠎ᠡ ᠶᠢ ᠪᠠᠭᠠᠰᠠᠬᠠᠬᠤ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠵᠡᠷᠭᠡ ᠶᠢᠨ ᠤᠷᠢᠳᠠᠪᠡᠷ ᠬᠡᠷᠡᠭᠵᠢᠭᠦᠯᠬᠦ ᠭᠦᠢᠴᠡᠳᠭᠡᠬᠦ ᠲᠤᠭ᠎ᠠ ᠶᠢᠨ ᠯᠠᠪᠳᠠᠭᠤᠨ ᠢᠶᠠᠷ ᠰᠠᠶᠢᠵᠢᠷᠠᠬᠤ ᠶᠢ ᠠᠬᠢᠭᠤᠯᠣᠭᠠᠳ᠂ ᠬᠡᠪᠴᠢᠶᠡᠵᠢᠯ ᠠᠴᠠ ᠳᠡᠭᠡᠭᠰᠢ ᠠᠵᠣ ᠦᠢᠯᠡᠳᠪᠦᠷᠢᠯᠡᠯ ᠶᠢᠨ ᠨᠡᠮᠡᠭᠳᠡᠯ ᠦᠷᠲᠡᠭ 12% ᠢᠶᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠪᠡ᠃ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ ᠪᠣᠯᠣᠨ ᠲᠦᠬᠦᠷ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡᠨ᠂ ᠮᠦᠡᠭᠭᠦᠨ ᠭᠦᠢᠯᠭᠡᠭᠡᠨ᠂ ᠡᠯᠧᠺᠲᠷᠣᠨ ᠬᠤᠳᠠᠯᠳᠣᠭᠠᠨ ᠤ ᠶᠡᠪᠣᠳᠠᠯ ᠵᠡᠷᠭᠡ ᠣᠳᠣ ᠦᠶ᠎ᠡ ᠶᠢᠨ  ᠦᠢᠯᠡᠴᠢᠯᠡᠭᠡᠨ ᠤ ᠦᠢᠯᠡᠰ ᠤᠨ ᠬᠦᠭᠵᠢᠯᠲᠡ ᠲᠦᠷᠭᠡᠳᠭᠡᠴᠦ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 18% ᠪᠠᠷ ᠨᠡᠮᠡᠭᠳᠡᠨ᠂ ᠮᠦᠡᠭᠭᠦᠨ ᠭᠦᠢᠯᠭᠡᠭᠡᠨ ᠤ ᠪᠠᠶᠢᠭᠤᠯᠣᠮᠵᠢ ᠶᠢᠨ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠠᠴᠠ 47.6 ᠳ᠋ᠦᠡᠭᠰᠢᠭᠤᠷ ᠲᠦᠭᠦᠷᠢᠭ ᠳᠠᠪᠠᠵᠣ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠬᠡᠮᠵᠢᠶ᠎ᠡ 11.8% ᠪᠠᠷ ᠨᠡᠮᠡᠭᠳᠡᠪᠡ᠃      ︵ᠬᠤᠶᠠᠷ︶ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠲᠠ ᠰᠢᠨ᠎ᠡ ᠠᠬᠢᠴᠠ ᠲᠠᠢ ᠪᠣᠯᠪᠠ᠃ ᠯᠠᠪᠳᠠᠭᠤᠨ ᠢᠶᠠᠷ ᠨᠡᠮᠡᠭᠳᠡᠭᠦᠯᠬᠦ ᠶᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠯᠤᠭ᠎ᠠ ᠬᠠᠷᠢᠯᠴᠠᠨ ᠣᠶᠠᠯᠳᠣᠭᠤᠯᠬᠤ ᠶᠢ ᠪᠠᠷᠢᠮᠲᠠᠯᠠᠨ᠂ ᠠᠵᠣ ᠦᠢᠯᠡᠰ ᠤᠨ ᠪᠦᠲᠦᠴᠡ ᠶᠢᠨ ᠲᠣᠬᠢᠷᠠᠭᠤᠯᠣᠯᠲᠠ ᠶᠢᠨ ᠵᠢᠯᠣᠭᠤᠳᠬᠤ ᠰᠠᠨᠠᠯ ᠪᠣᠯᠣᠨ 11 ᠭᠤᠣᠯᠳᠠᠯᠭ᠎ᠠ ᠲᠠᠢ ᠲᠣᠰᠬᠠᠢ ᠵᠦᠢᠯ ᠤᠨ ᠲᠦᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠠᠵᠣ ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠪᠠ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠲᠠᠪᠣᠨ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠡᠭᠦᠷᠡᠰᠦ ᠶᠢ ᠪᠣᠯᠪᠠᠰᠣᠷᠠᠭᠤᠯᠣᠨ ᠬᠤᠪᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠨᠢᠭᠡ ᠪᠦᠯᠦᠭ ᠲᠦᠷᠦᠯ ᠵᠦᠢᠯ ᠢ ᠪᠠᠶᠢᠭᠤᠯᠣᠭᠰᠠᠨ ᠪᠣᠶᠣ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠣ᠂ ᠴᠠᠬᠢᠯᠭᠠᠨ ᠬᠦᠴᠦᠨ ᠤ ᠮᠠᠰᠢᠨ ᠴᠣᠭᠴᠠᠯᠪᠦᠷᠢ ᠶᠢ 500 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 1400 ᠳ᠋ᠦᠡᠭᠰᠢᠭᠤᠷ ᠺᠢᠯᠣᠸᠠᠲ ᠴᠠᠭ ᠪᠠᠶᠢᠵᠣ᠂ ᠨᠡᠭᠦᠷᠡᠰᠦ ᠶᠢ ᠬᠡᠢ ᠪᠣᠯᠭᠠᠵᠣ 120 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠲᠷ ᠤᠨ ᠬᠢ ᠰᠢᠨ᠎ᠡ ᠪᠠᠷ ᠪᠠᠷᠢᠯᠭ᠎ᠠ ᠡᠬᠢᠯᠡᠭᠦᠯᠪᠡ᠃ ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠦᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠣ ᠠᠬᠤᠶᠢᠯᠠᠯ ᠪᠣᠷᠣᠯᠠᠭᠤᠯᠭ᠎ᠠ ᠶᠢᠨ ᠣᠷᠣᠯᠭ᠎ᠠ ᠶᠢ 3455.6 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 14.5% ᠪᠠᠷ ᠨᠡᠮᠡᠭᠳᠡᠪᠡ᠃ ᠣᠳᠣ ᠦᠶ᠎ᠡ ᠶᠢᠨ ᠲᠣᠨᠤᠭ ᠲᠦᠬᠦᠭᠡᠷᠦᠮᠵᠢ ᠦᠢᠯᠡᠳᠬᠦ᠂ ᠡᠭᠦᠯᠡᠨ ᠪᠣᠳᠣᠯᠲᠠ ᠵᠡᠷᠭᠡ ᠰᠢᠨ᠎ᠡ ᠪᠠᠷ ᠪᠣᠢ ᠪᠣᠯᠣᠭᠰᠠᠨ ᠠᠵᠣ ᠦᠢᠯᠡᠰ ᠲᠦᠷᠭᠡᠨ ᠪᠣᠶᠢᠵᠢᠵᠣ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠢ 16.5 ᠲᠦᠮᠡᠨ ᠰᠠᠣᠷᠢ ᠪᠠᠶᠢᠭᠤᠯᠪᠠ᠃ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠶᠢ ᠶᠡᠬᠡᠪᠡᠷ ᠬᠦᠭᠵᠢᠭᠦᠯᠪᠡ᠃ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠶᠢᠨ ᠬᠦᠭᠵᠢᠯᠲᠡ ᠶᠢ ᠠᠬᠢᠭᠤᠯᠬᠤ 70 ᠵᠣᠷᠪᠣᠰ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠴᠢᠬᠤᠯᠠ ᠬᠦᠴᠦᠨ ᠵᠦᠢᠯ ᠤᠨ ᠪᠠᠲᠣᠯᠠᠭ᠎ᠠ ᠶᠢ ᠴᠢᠩᠭᠠᠷᠠᠭᠤᠯᠣᠨ᠂ ᠲᠣᠮᠳᠠ ᠪᠠᠭ᠎ᠠ ᠠᠵᠣ ᠠᠬᠤᠶᠢᠯᠠᠯ ᠤᠨ ᠨᠡᠮᠡᠭᠳᠡᠯ ᠦᠷᠲᠡᠭ 13% ᠪᠠᠷ ᠨᠡᠮᠡᠭᠳᠡᠨ᠂ ᠬᠤᠪᠢ ᠶᠢᠨ ᠠᠵᠣ ᠦᠢᠯᠡᠳᠪᠦᠷᠢ ᠬᠤᠳᠠᠯᠳᠤᠭ᠎ᠠ ᠶᠢᠨ ᠡᠷᠦᠬᠡ100 ᠲᠦᠮᠡᠨ ᠶᠢ ᠳᠠᠪᠠᠪᠠ᠃ ᠬᠤᠲᠠ ᠬᠦᠳᠡᠭᠡ ᠶᠢ ᠨᠢᠭᠡᠳᠦᠯᠲᠡᠢ ᠲᠦᠯᠣᠪᠯᠡᠨ ᠬᠦᠭᠵᠢᠭᠦᠯᠬᠦ ᠶᠢ ᠢᠳᠡᠪᠬᠢᠲᠡᠢ ᠪᠠᠷ ᠠᠬᠢᠭᠤᠯᠪᠠ᠃ ᠵᠢᠯᠣᠭᠤᠳᠬᠤ ᠰᠠᠨᠠᠯ ᠪᠣᠯᠣᠨ ᠲᠡᠳᠬᠦᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠂ ᠰᠢᠶᠠᠨ ᠤ ᠬᠡᠪᠴᠢᠶᠡᠨ ᠤ ᠠᠵᠣ ᠠᠬᠤᠢ ᠶᠢ ᠶᠡᠬᠡᠪᠡᠷ ᠬᠦᠭᠵᠢᠬᠦᠯᠵᠦ᠂ 80 ᠬᠤᠰᠢᠭᠤ ᠰᠢᠶᠠᠨ ︵ᠬᠤᠲᠠ︶ ᠤ ᠡᠳ᠋ ᠤᠨ ᠵᠠᠰᠠᠭ ᠤᠨ ᠣᠷᠣᠯᠭ᠎ᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠣᠴᠠ ᠪᠦᠬᠦ ᠣᠷᠣᠨ ᠤ ᠳᠣᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠣᠯᠪᠠ᠃ ᠬᠤᠲᠠ ᠪᠠᠯᠭᠠᠰᠣ ᠳᠤ 28.7 ᠲᠦᠮᠡᠨ ᠬᠦᠮᠦᠨ ᠠᠮᠠ ᠰᠢᠨ᠎ᠡ ᠪᠠᠷ ᠨᠡᠮᠡᠭᠳᠡᠭᠦᠯᠵᠦ᠂ ᠪᠦᠬᠦ ᠣᠷᠣᠨ ᠤ ᠬᠤᠲᠠ ᠪᠠᠯᠭᠠᠰᠣᠴᠢᠯᠠᠭᠰᠠᠨ ᠨᠣᠷᠮ᠎ᠠ 58.7% ᠳᠤ ᠬᠦᠷᠪᠡ᠃ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠨᠢᠭᠡ ᠪᠦᠯᠦᠭ ᠰᠢᠨ᠎ᠡ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠣᠨ ᠨᠡᠭᠡᠭᠡᠬᠦ ᠪᠠᠶᠢᠭᠤᠯᠣᠮᠵᠢ ᠶᠢ ᠵᠣᠬᠢᠶᠠᠨ ᠪᠠᠶᠢᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠵᠦᠢᠯ ᠤᠳ ᠢ ᠬᠡᠷᠡᠭᠵᠢᠭᠦᠯᠵᠦ᠂ ᠬᠦᠬᠡᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠬᠦᠷᠢᠶᠡᠯᠡᠩ ᠵᠡᠷᠭᠡ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠵᠡᠷᠭᠡ ᠳᠡᠰ ᠢᠶᠠᠨ ᠦᠰᠭᠡᠬᠦ ᠶᠢ ᠲᠦᠯᠬᠢᠨ ᠠᠬᠢᠭᠤᠯᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠭᠦᠳᠬᠦ ᠪᠠ ᠰᠢᠨᠵᠢᠯᠡᠬᠦ ᠣᠬᠠᠭᠠᠨ ᠤ ᠰᠣᠳᠣᠯᠣᠯ ᠤᠨ ᠦᠷ᠎ᠡ ᠪᠦᠲᠦᠭᠡᠯ ᠢ ᠬᠤᠪᠢᠷᠠᠭᠤᠯᠣᠨ ᠬᠡᠷᠡᠭᠯᠡᠬᠦ ᠴᠢᠳᠠᠪᠣᠷᠢ ᠢᠯᠡᠳᠲᠡ ᠳᠡᠭᠡᠭᠰᠢᠯᠡᠪᠡ᠃ ᠪᠦᠬᠦ ᠨᠡᠶᠢᠬᠡᠮ ᠤᠨ ᠰᠣᠳᠣᠯᠣᠨ ᠨᠡᠬᠡᠬᠡᠬᠦ ᠵᠠᠷᠣᠳᠠᠯ ᠤᠨ ᠣᠷᠣᠭᠤᠯᠣᠯᠲᠠ ᠶᠢ 26.8 ᠳ᠋ᠦᠡᠭᠰᠢᠭᠤᠷ ᠲᠦᠭᠦᠷᠢᠭ ᠣᠷᠣᠭᠤᠯᠵᠣ᠂ ᠲᠣᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ 24.1% ᠪᠠᠷ ᠨᠡᠮᠡᠭᠳᠡᠵᠦ᠂ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ 180 ᠡᠷᠦᠬᠡ ᠳᠤ ᠬᠦᠷᠴᠦ᠂ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠣᠳᠣᠯᠣᠯ ᠤᠨ ᠲᠦᠪ ᠲᠣᠰ ᠲᠣᠰ 79 ᠡᠷᠦᠬᠡ ᠪᠠ 86 ᠡᠷᠦᠬᠡ ᠳᠤ ᠬᠦᠷᠪᠠ᠃      ︵ᠭᠤᠷᠪᠠ︶ ᠦᠷᠭᠦᠯᠵᠢᠯᠡᠨ ᠬᠦᠭᠵᠢᠬᠦ ᠴᠢᠳᠠᠪᠣᠷᠢ ᠢᠯᠡᠳᠲᠡ ᠨᠡᠮᠡᠭᠳᠡᠪᠡ᠃ ᠪᠡᠯᠡ ᠣᠷᠣᠭᠤᠯᠣᠯᠲᠠ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠡᠷᠴᠢᠮ ᠢ ᠨᠡᠮᠡᠭᠳᠡᠭᠦᠯᠪᠡ᠃ ᠴᠢᠬᠤᠯᠠ ᠶᠡᠭᠡ ᠲᠦᠷᠦᠯ ᠵᠦᠢᠯ ᠢ ᠲᠣᠰᠬᠠᠢ ᠵᠦᠢᠯ ᠢᠶᠠᠷ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠣ᠂ ᠪᠦᠬᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠬᠡᠷᠡᠭᠵᠢᠭᠦᠯᠬᠦ ᠲᠦᠯᠦᠪᠯᠡᠯᠭᠡ ᠳᠤ ᠵᠢᠭᠰᠠᠭᠠᠭᠰᠠᠨ  ᠲᠦᠷᠦᠯ ᠵᠦᠢᠯ 623 ᠪᠠᠶᠢᠵᠣ᠂ 4647.2 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠪᠠ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠴᠢᠬᠤᠯᠠ ᠶᠡᠭᠡ ᠰᠢᠪᠲᠣᠯᠣᠯᠲᠠ ᠲᠠᠢ ᠪᠣᠯᠵᠣ᠂ ᠵᠦᠡᠭ ᠲᠢᠶᠠᠨ ᠡᠾᠧ ᠴᠣᠸᠠᠩ ᠤᠨ 360 ᠲᠦᠮᠡᠨ ᠲᠣᠨ ᠮᠧᠲ᠋ᠢᠯ ᠠᠯᠺᠣᠣᠯ ᠵᠡᠷᠭᠡ 13 ᠭᠤᠣᠯᠳᠠᠯᠭ᠎ᠠ ᠲᠠᠢ ᠲᠦᠷᠦᠯ ᠵᠦᠢᠯ ᠣᠯᠣᠰ ᠤᠨ ᠬᠢᠨᠠᠨ ᠵᠦᠪᠰᠢᠶᠡᠷᠡᠯ ᠢ ᠣᠯᠵᠣ᠂ 200 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠲᠷ ᠪᠦᠬᠦᠢ ᠨᠡᠭᠦᠷᠡᠰᠦ ᠶᠢ ᠬᠡᠢ ᠪᠣᠯᠭᠠᠵᠣ᠂ ᠢ ᠲᠠᠢ ᠶᠢᠨ 200 ᠲᠦᠮᠡᠨ ᠨᠡᠭᠦᠷᠡᠰᠦ ᠪᠠᠷ ᠲᠣᠰᠣ ᠬᠢᠬᠦ ᠵᠡᠷᠭᠡ 14 ᠭᠤᠣᠯᠳᠠᠯᠭ᠎ᠠ ᠲᠠᠢ ᠲᠦᠷᠦᠯ ᠵᠦᠢᠯ ᠭᠠᠷᠳᠠᠨ ᠡᠬᠢᠯᠡᠭᠦᠯᠬᠦ ᠳᠡᠭᠡᠨ ᠣᠷᠣᠵᠣ᠂ ᠪᠡᠯᠡ ᠣᠷᠣᠭᠤᠯᠣᠯᠲᠠ ᠶᠢᠨ ᠶᠡᠷᠦᠩᠬᠡᠢ ᠬᠡᠪᠴᠢᠶ᠎ᠡ ᠨᠢ 2700 ᠳ᠋ᠦᠡᠭᠰᠢᠭᠤᠷ ᠲᠦᠭᠦᠷᠢᠭ ᠪᠣᠯᠣᠭᠰᠠᠨ ᠪᠠᠶᠢᠨ᠎ᠠ᠃ ᠡᠬᠢ ᠪᠠᠶᠠᠯᠢᠭ ᠢ ᠬᠠᠶᠢᠨ ᠪᠠᠶᠢᠴᠠᠭᠠᠬᠤ ᠡᠷᠴᠢᠮ ᠢ ᠨᠡᠮᠡᠭᠳᠡᠭᠦᠯᠵᠦ᠂ ᠨᠡᠭᠦᠷᠦᠰᠦᠨ ᠤ ᠡᠬᠢ ᠪᠠᠶᠠᠯᠢᠭ ᠤᠨ ᠬᠠᠶᠢᠨ ᠢᠯᠡᠷᠡᠭᠦᠯᠦᠭᠰᠡᠨ ᠬᠠᠳᠠᠭᠠᠯᠠᠭᠳᠠᠴᠠ ᠶᠢ 450 ᠳ᠋ᠦᠡᠭᠰᠢᠭᠤᠷ ᠲᠣᠨ ᠰᠢᠨ᠎ᠡ ᠪᠠᠷ ᠨᠡᠮᠡᠭᠳᠡᠬᠦᠯᠪᠡ᠃ ᠵᠠᠮ ᠬᠠᠷᠢᠯᠴᠠᠭ᠎ᠠ᠂ ᠣᠰᠣᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠣᠯᠲᠠ ᠳᠤ 656 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠣᠷᠣᠨ ᠠᠴᠠ ᠭᠠᠷᠬᠤ 30 ᠵᠣᠷᠪᠣᠰ ᠳᠡᠭᠡᠲᠦ ᠳᠡᠰ ᠤᠨ ᠵᠠᠰᠠᠮᠠᠯ ᠵᠠᠮ ᠢ ᠪᠦᠬᠦᠨ ᠢ ᠨᠡᠪᠲᠡᠷᠡᠭᠦᠯᠵᠦ᠂ ᠳᠡᠭᠡᠲᠦ ᠬᠤᠷᠳᠣ ᠶᠢᠨ ᠵᠠᠰᠠᠮᠠᠯ ᠵᠠᠮ ᠤᠨ ᠣᠷᠳᠣ 4080 ᠺᠢᠯᠣᠮᠧᠲᠷ ᠲᠤ ᠬᠦᠷᠴᠦ᠂ ᠨᠢᠭᠡᠲᠦᠭᠡᠷ ᠳᠡᠰ ᠤᠨ ᠵᠠᠰᠠᠮᠠᠯ ᠵᠠᠮ 5578 ᠺᠢᠯᠣᠮᠧᠲᠷ ᠲᠤ ᠬᠦᠷᠴᠦ᠂ ᠪᠠᠷᠣᠭᠰᠢᠨ ᠱᠦᠢᠨᠢ ᠵᠠᠮ ᠨᠡᠪᠲᠡᠷᠡᠭᠰᠡᠨ ᠭᠠᠴᠠᠭ᠎ᠠ  ᠲᠣᠰᠬᠤᠨ ᠢ 1021 ᠶᠢ ᠰᠢᠨ᠎ᠡ ᠪᠠᠷ ᠨᠡᠮᠡᠭᠳᠡᠭᠦᠯᠪᠡ᠃ ᠲᠡᠮᠦᠷ ᠵᠠᠮ ᠤᠨ ᠪᠦᠲᠦᠭᠡᠨ ᠪᠠᠶᠢᠭᠤᠯᠣᠯᠲᠠ ᠳᠤ 140 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ 700 ᠺᠢᠯᠣᠮᠧᠲᠷ ᠲᠡᠮᠦᠷ ᠵᠠᠮ ᠢ ᠰᠢᠨ᠎ᠡ ᠪᠠᠷ ᠪᠠᠶᠢᠭᠤᠯᠵᠣ᠂ ᠲᠡᠮᠦᠷ ᠵᠠᠮ ᠤᠨ ᠲᠡᠭᠡᠭᠡᠪᠦᠷᠢ ᠡᠵᠡᠩᠨᠡᠭᠰᠡᠨ ᠶᠡᠷᠦᠩᠬᠡᠢ ᠣᠷᠲᠣ 1.1 ᠲᠦᠮᠡᠨ ᠺᠢᠯᠣᠮᠧᠲᠷ ᠲᠤ ᠬᠦᠷᠴᠦ᠂ ᠪᠦᠬᠦ ᠣᠯᠣᠰ ᠤᠨ ᠲᠡᠷᠢᠭᠦᠨ ᠪᠠᠶᠢᠷᠢᠨ ᠳᠤ ᠣᠷᠣᠪᠠ᠃ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠳᠤ16 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ 60% ᠪᠠᠷ ᠨᠡᠮᠡᠭᠳᠡᠨ᠂ ᠠᠯᠠᠱᠠ ᠶᠢᠨ ᠵᠢᠵᠢᠭ ᠬᠡᠯᠪᠡᠷᠢ ᠶᠢᠨ ᠨᠢᠰᠭᠡᠯ ᠤᠨ ᠪᠠᠭᠤᠳᠠᠯ ᠤᠨ ᠠᠶᠠᠯᠠᠯ ᠢ ᠨᠡᠪᠲᠡᠷᠡᠭᠦᠯᠵᠦ᠂ ᠦᠪᠦᠷ ᠮᠣᠩᠭᠤᠯ ᠤᠨ ᠠᠭᠠᠷ ᠤᠨ ᠲᠡᠭᠡᠭᠡᠪᠦᠷᠢ ᠶᠢᠨ ᠺᠣᠮᠫᠠᠨᠢ ᠠᠰᠢᠭᠯᠠᠯᠲᠠ ᠳᠤ ᠣᠷᠣᠵᠣ ᠲᠡᠭᠡᠭᠡᠪᠦᠷᠢ ᠡᠵᠡᠩᠨᠡᠨ᠂ ᠪᠦᠬᠦ ᠣᠷᠣᠨ ᠤ ᠨᠢᠰᠭᠡᠯ ᠤᠨ ᠪᠠᠭᠤᠳᠠᠯ ᠤᠨ ᠶᠡᠷᠦᠩᠬᠡᠢ ᠲᠤᠭ᠎ᠠ 18 ᠳᠤ ᠬᠦᠷᠪᠡ᠃ ᠣᠰᠣᠨ ᠠᠰᠢᠭᠯᠠᠯᠲᠠ ᠶᠢᠨ ᠪᠦᠲᠦᠭᠡᠨ ᠪᠠᠶᠢᠭᠤᠯᠣᠯᠲᠠ ᠳᠤ 130 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠬᠠᠶᠢᠷᠦᠪ ᠤᠨ ᠲᠣᠬᠤᠢ ᠶᠢᠨ ᠣᠰᠣᠨ ᠠᠰᠢᠭᠯᠠᠯᠲᠠ ᠶᠢᠨ  ᠵᠠᠩᠭᠢᠯᠠᠭ᠎ᠠ ᠵᠡᠷᠭᠡ ᠭᠤᠣᠯᠳᠠᠯᠭ᠎ᠠ  ᠲᠠᠢ ᠣᠰᠣ ᠠᠰᠢᠭᠯᠠᠯᠲᠠ ᠶᠢᠨ ᠪᠠᠷᠢᠯᠭ᠎ᠠ ᠣᠷᠣᠭᠰᠢᠲᠠᠢ ᠠᠬᠢᠪᠠ᠃ ᠴᠠᠬᠢᠯᠭᠠᠨ ᠬᠦᠴᠦᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠵᠦ᠂ ᠬᠦᠳᠡᠭᠡ ᠲᠣᠰᠬᠤᠨ ᠤ ᠴᠠᠬᠢᠯᠭᠠᠨ ᠤ ᠲᠣᠣᠷ ᠤᠨ ᠥᠭᠡᠷᠡᠴᠢᠯᠡᠵᠦ ᠳᠡᠰ ᠳᠡᠪᠰᠢᠭᠦᠯᠬᠦ ᠶᠢ ᠲᠦᠷᠭᠡᠳᠭᠡᠨ᠂ ᠲᠠᠷᠢᠶᠠᠯᠠᠬᠤ ᠮᠠᠯᠵᠢᠬᠤ ᠣᠷᠣᠨ ᠤ ᠡᠷᠦᠬᠡ ᠪᠣᠯᠭᠠᠨ ᠳᠤ ᠴᠠᠬᠢᠯᠭᠠᠨ ᠨᠡᠪᠲᠡᠷᠡᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠢ ᠠᠷᠪᠢᠯᠠᠵᠣ ᠠᠰᠢᠭᠯᠠᠬᠤ ᠶᠢ ᠴᠢᠩᠭᠠᠳᠬᠠᠪᠠ᠃ ᠭᠤᠣᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠣᠢ ᠰᠢᠭᠤᠢ ᠶᠢᠨ ᠲᠠᠯᠠᠪᠠᠢ ᠶᠢ 1205 ᠲᠦᠮᠡᠨ ᠮᠦ ᠪᠡᠶᠡᠯᠡᠭᠦᠯᠵᠦ᠂ ᠡᠭᠦᠨ ᠳᠤ ᠵᠢᠷᠭᠤᠭᠠᠨ ᠲᠣᠮᠣ ᠭᠤᠣᠯᠳᠠᠯᠭ᠎ᠠ ᠲᠠᠢ ᠣᠷᠣᠨ ᠪᠦᠰᠡ 196 ᠲᠦᠮᠡᠨ ᠮᠦ ᠮᠣᠳᠣ ᠲᠠᠷᠢᠵᠣ ᠣᠶᠢᠵᠢᠭᠤᠯᠪᠠ᠃ ᠨᠣᠲᠤᠭ ᠪᠡᠯᠴᠢᠭᠡᠷ ᠤᠨ ᠠᠮᠢ ᠠᠬᠤᠢ ᠶᠢᠨ ᠲᠣᠰᠠᠯᠠᠵᠣ ᠱᠠᠩᠨᠠᠬᠤ ᠲᠣᠭᠲᠠᠴᠠ ᠶᠢ ᠨᠠᠶᠢᠳᠠᠪᠣᠷᠢᠵᠢᠭᠤᠯᠣᠨ᠂ ᠱᠠᠲᠣ ᠦᠶ᠎ᠡ ᠶᠢᠨ ᠴᠢᠨᠠᠷᠲᠠᠢ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠣᠲᠤᠭ ᠪᠡᠯᠴᠢᠭᠡᠷ ᠤᠨ ᠪᠦᠲᠦᠭᠡᠨ ᠪᠠᠶᠢᠭᠤᠯᠣᠯᠲᠠ ᠶᠢᠨ ᠶᠡᠷᠦᠩᠬᠡᠢ ᠬᠡᠪᠴᠢᠶ᠎ᠡ 5307.3 ᠲᠦᠮᠡᠨ ᠮᠦ ᠪᠠᠶᠢᠵᠣ᠂ ᠨᠣᠲᠤᠭ ᠪᠡᠯᠴᠢᠭᠡᠷ ᠤᠨ ᠳᠣᠮᠳᠠᠴᠢ ᠣᠷᠭᠤᠮᠠᠯ ᠤᠨ ᠬᠤᠴᠢᠯᠭ᠎ᠠ ᠶᠢᠨ ᠪᠦᠷᠬᠦᠴᠡ 44.1% ᠪᠣᠯᠵᠣ᠂ ᠵᠠᠭᠤᠨ ᠤ  ᠨᠢᠭᠡᠴᠢ ᠶᠢᠨ 1 ᠪᠠᠷ ᠳᠡᠭᠡᠭᠰᠢᠯᠡᠵᠦ᠂ ᠬᠦᠷᠦᠰᠦ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠠᠯᠠᠪᠠᠢ ᠶᠢ 650 ᠲᠦᠮᠡᠨ ᠮᠦ ᠪᠡᠶᠡᠯᠡᠭᠦᠯᠪᠡ᠃ ᠪᠡᠭᠡᠵᠢᠩ ᠲᠢᠶᠠᠨᠵᠢᠨ ᠡᠾᠧᠪᠸᠢ ᠬᠢᠭᠡᠳ ᠣᠷᠴᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠠᠯᠭ᠎ᠠ ᠶᠢᠨ ᠲᠦᠯᠦᠪᠯᠡᠯᠭᠡ ᠶᠢ ᠬᠢᠨᠠᠮᠠᠭᠠᠢ ᠨᠠᠶᠢᠳᠠᠪᠣᠷᠢᠵᠢᠭᠤᠯᠣᠨ᠂ ᠭᠤᠣᠯᠳᠠᠯᠭ᠎ᠠ ᠲᠠᠢ ᠰᠠᠪᠠ ᠭᠠᠵᠠᠷ ᠤᠨ ᠣᠰᠣᠨ ᠤ ᠪᠣᠬᠢᠷᠳᠣᠯ᠂ ᠬᠦᠨᠳᠦ ᠲᠡᠮᠦᠷᠯᠢᠭ ᠤᠨ ᠪᠣᠬᠢᠷᠳᠣᠯ ᠢ ᠰᠡᠷᠭᠡᠶᠢᠯᠡᠨ ᠵᠠᠰᠠᠬᠤ ᠪᠠ ᠭᠤᠣᠯᠳᠠᠯᠭ᠎ᠠ  ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠣ᠂ ᠣᠷᠴᠢᠯ ᠠᠵᠣ ᠠᠬᠤᠢ ᠶᠢ ᠶᠡᠬᠡᠪᠡᠷ ᠬᠦᠭᠵᠢᠭᠦᠯᠦᠨ᠂ ᠬᠤᠴᠣᠷᠣᠩᠭᠤᠢ ᠦᠢᠯᠡᠳᠪᠦᠷᠢᠯᠡᠬᠦ ᠴᠢᠳᠠᠪᠣᠷᠢ ᠶᠢ ᠲᠦᠷᠭᠡᠳᠭᠡᠨ ᠰᠢᠭᠰᠢᠭᠳᠡᠭᠦᠯᠵᠦ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠲᠣᠰ ᠲᠣᠰ 4.5% ᠪᠠ 5% ᠪᠠᠷ ᠪᠠᠭᠤᠷᠠᠭᠤᠯᠵᠣ᠂ ᠣᠯᠣᠰ ᠤᠨ ᠪᠠᠭᠤᠯᠭᠠᠭᠰᠠᠨ ᠬᠠᠷᠠᠯᠲᠠ ᠶᠢᠨ ᠡᠭᠦᠷᠬᠡ ᠶᠢ ᠳᠠᠪᠠᠭᠤᠯᠣᠨ ᠪᠡᠶᠡᠯᠡᠭᠦᠯᠪᠡ᠃ ᠭᠠᠵᠠᠷ ᠰᠢᠷᠣᠢ᠂ ᠣᠰᠣ ᠬᠢᠭᠡᠳ ᠠᠭᠤᠷᠠᠬᠠᠢ ᠶᠢᠨ ᠭᠠᠷᠣᠯᠲᠠ ᠶᠢᠨ ᠡᠬᠢ ᠪᠠᠶᠠᠯᠢᠭ ᠤᠨ ᠬᠠᠮᠢᠶᠠᠷᠣᠯᠲᠠ ᠶᠢ ᠴᠢᠩᠳᠠᠯᠠᠵᠣ᠂ ᠡᠬᠢ ᠪᠠᠶᠠᠯᠢᠭ ᠢ ᠶᠡᠷᠦᠩᠬᠡᠶᠢᠯᠡᠨ ᠨᠡᠬᠡᠬᠡᠨ ᠠᠰᠢᠭᠯᠠᠬᠤ ᠬᠢᠷᠢ ᠬᠡᠮᠵᠢᠶ᠎ᠡ ᠣᠯᠠᠮ ᠨᠢᠭᠡ ᠠᠯᠬᠤᠮ ᠳᠡᠭᠡᠭᠰᠢᠯᠡᠪᠠ᠃      ︵ᠳᠦᠷᠪᠡ︶ ᠥᠭᠡᠷᠡᠴᠢᠯᠡᠯᠲᠡ ᠨᠡᠬᠡᠬᠡᠯᠲᠡ ᠲᠠᠰᠣᠷᠠᠯᠲᠠ ᠦᠭᠡᠢ ᠭᠦᠨᠵᠡᠭᠡᠶᠢᠷᠡᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠷᠭᠡᠳᠭᠡᠨ᠂ ᠵᠠᠰᠠᠭ ᠢ ᠶᠡᠬᠡᠪᠡᠷ ᠴᠣᠮᠬᠠᠳᠬᠠᠨ ᠡᠷᠬᠡ ᠶᠢ ᠲᠠᠯᠪᠢᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ 103 ᠶᠢ ᠬᠦᠴᠦᠨ ᠦᠭᠡᠢ ᠪᠣᠯᠭᠠᠭᠰᠠᠨ ᠪᠠ ᠳᠣᠷᠣᠭᠰᠢ ᠪᠠᠭᠤᠯᠭᠠᠵᠣ᠂ ᠡᠯ᠎ᠡ ᠲᠦᠷᠦᠯ ᠤᠨ ᠰᠦᠢᠳᠭᠡᠯ ᠬᠤᠷᠢᠶᠠᠬᠤ 116 ᠵᠦᠢᠯᠡᠰ ᠢ ᠢᠯᠭᠠᠷᠠᠭᠤᠯᠣᠨ ᠵᠢᠷᠣᠮᠵᠢᠭᠤᠯᠪᠠ᠃ ᠣᠯᠣᠰ ᠤᠨ ᠦᠮᠴᠢᠯᠡᠯᠲᠦ ᠬᠦᠷᠦᠩᠬᠡ ᠶᠢ ᠳᠠᠬᠢᠨ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠶᠢ ᠲᠦᠷᠭᠡᠳᠭᠡᠨ᠂ ᠦᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠠᠭᠤᠷᠬᠠᠢ ᠶᠢᠨ ᠦᠢᠯᠡᠰ ᠡᠨᠧᠷᠬᠢ ᠶᠢᠨ ᠪᠦᠲᠦᠭᠡᠨ ᠪᠠᠶᠢᠭᠤᠯᠣᠯᠲᠠ᠂ ᠵᠠᠮ ᠬᠠᠷᠢᠯᠴᠠᠭᠠᠨ ᠤ ᠪᠡᠯᠡ ᠣᠷᠣᠭᠤᠯᠣᠯᠲᠠ ᠵᠡᠷᠭᠡ ᠭᠤᠷᠪᠠᠨ ᠶᠡᠭᠡ ᠪᠦᠯᠦᠭᠯᠡᠯ ᠢ ᠵᠣᠬᠢᠶᠠᠨ ᠪᠠᠶᠢᠭᠤᠯᠵᠣ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠣᠯᠲᠠ ᠶᠢᠨ ᠲᠦᠰᠦᠯ ᠢ ᠰᠣᠳᠣᠯᠣᠨ ᠨᠡᠶᠢᠳᠡᠯᠡᠵᠦ᠂ ᠰᠢᠣᠳᠠᠨ ᠬᠤᠯᠪᠣᠭ᠎ᠠ ᠬᠢᠭᠡᠳ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠴᠢᠯᠡᠬᠦ ᠲᠣᠷᠰᠢᠯᠲᠠ ᠶᠢᠨ ᠴᠢᠭ᠋ ᠤᠨ ᠠᠵᠢᠯ ᠢ ᠡᠬᠢᠯᠡᠭᠦᠯᠵᠦ᠂ ᠡᠬᠢ ᠪᠠᠶᠠᠯᠢᠭ ᠤᠨ ᠭᠠᠶᠢᠯᠢ ᠵᠢᠨ‌ᠥᠭᠡᠷᠡᠴᠢᠯᠡᠯᠲᠡ ᠶᠢᠨ ᠡᠷᠴᠢᠮ ᠢ ᠨᠡᠮᠡᠭᠳᠡᠭᠦᠯᠪᠡ᠃ ᠬᠤᠲᠠ ᠬᠦᠳᠡᠭᠡ ᠶᠢ ᠨᠢᠭᠡᠳᠦᠯᠲᠡᠢ ᠲᠦᠯᠦᠪᠯᠡᠨ ᠬᠦᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠡᠷᠬᠡ ᠶᠢ ᠦᠷᠭᠡᠳᠭᠡᠨ ᠰᠢᠶᠠᠨ ᠢ ᠬᠦᠴᠦᠷᠬᠡᠭᠵᠢᠭᠦᠯᠬᠦ︾ ᠪᠠ ᠲᠠᠷᠢᠶᠠᠯᠠᠬᠤ ᠮᠠᠯᠵᠢᠬᠤ ᠣᠷᠣᠨ ᠶᠡᠷᠦᠩᠬᠡᠶᠢᠯᠡᠭᠰᠡᠨ  ᠥᠭᠡᠷᠡᠴᠢᠯᠡᠯᠲᠡ ᠶᠢᠨ ᠲᠣᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠵᠦ᠂ ᠨᠡᠶᠢᠬᠡᠮ ᠤᠨ ᠦᠢᠯᠡᠰ ᠤᠨ ᠬᠦᠷᠢᠶᠡᠨ ᠤ  ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠲᠣᠲᠣᠭᠠᠳᠣ ᠭᠠᠳᠠᠭᠠᠳᠣ ᠨᠡᠬᠡᠬᠡᠯᠲᠡ ᠶᠢ ᠣᠯᠠᠮ ᠨᠢᠭᠡ ᠠᠯᠬᠤᠮ ᠦᠷᠭᠡᠳᠭᠡᠨ᠂ ᠦᠪᠦᠷ ᠮᠣᠩᠭᠤᠯ ᠭᠤᠸᠠᠩᠳᠦ᠋ᠡᠭ ᠤᠨ ᠰᠢᠨᠵᠢᠯᠡᠬᠦ ᠣᠬᠠᠭᠠᠨ ᠮᠡᠷᠭᠡᠵᠢᠯ ᠤᠨ ᠬᠤᠷᠰᠢᠯᠴᠠᠭᠠᠨ ᠤ ᠠᠵᠢᠯᠠᠯᠭ᠎ᠠ ᠶᠢᠨ ᠭᠠᠷᠠᠭ᠂ ᠦᠪᠦᠷ ᠮᠣᠩᠭᠤᠯ ᠰᠢᠶᠠᠩᠭᠠᠡᠭ ᠣᠣᠮᠧᠨ ᠤ ᠠᠵᠣ ᠠᠬᠤᠢ ᠠᠷᠠᠯᠵᠢᠶᠠᠨ ᠤ ᠬᠤᠷᠰᠢᠯᠴᠠᠭᠠᠨ ᠤ ᠭᠠᠷᠠᠭ ᠪᠣᠯᠣᠨ ᠵᠡᠭᠦᠨ ᠬᠤᠶᠢᠲᠣ ᠶᠢᠨ ᠳᠦᠷᠪᠡᠨ ᠮᠣᠵᠢ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠮᠲᠣᠷᠠᠭᠰᠠᠨ ᠬᠤᠷᠠᠯᠳᠣᠭᠠᠨ ᠢ ᠠᠮᠵᠢᠯᠲᠠ ᠲᠠᠢ ᠡᠷᠬᠢᠯᠡᠵᠦ᠂ ᠣᠯᠣᠰ ᠤᠨ ᠲᠣᠲᠣᠭᠠᠲᠣ ︵ᠣᠷᠣᠨ ᠤ ᠭᠠᠳᠠᠨ᠎ᠠ︶ ᠶᠢᠨ 4400 ᠳ᠋ᠦᠡᠭᠰᠢᠭᠤᠷ ᠲᠦᠭᠦᠷᠢᠭ ᠤᠨ ᠪᠡᠯᠡ ᠮᠦᠡᠭᠭᠦ ᠶᠢ ᠣᠷᠣᠭᠤᠯᠵᠣ ᠢᠷᠠᠨ ᠪᠣᠳᠠᠲᠠᠶᠢᠵᠢᠭᠤᠯᠵᠣ᠂ 25% ᠪᠠᠷ ᠨᠡᠮᠡᠭᠳᠡᠪᠡ᠃ ᠣᠮᠠᠷᠠᠰᠢ ᠨᠡᠬᠡᠬᠡᠯᠲᠡ ᠬᠢᠬᠦ ᠪᠠᠶᠢᠯᠳᠣᠬᠤ ᠪᠣᠳᠣᠯᠭ᠎ᠠ ᠶᠢ ᠲᠦᠷᠭᠡᠳᠭᠡᠨ ᠠᠬᠢᠭᠤᠯᠵᠣ᠂ ᠭᠠᠳᠠᠭᠠᠳᠣ ᠠᠵᠣ ᠠᠬᠤᠢ ᠠᠷᠠᠯᠵᠢᠶ᠎ᠠ ᠪᠣᠯᠣᠨ ᠪᠣᠭᠤᠮᠲᠠ ᠶᠢᠨ ᠬᠦᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠭᠠᠳᠠᠭᠠᠲᠣ ᠠᠷᠠᠯᠵᠢᠶ᠎ᠠ ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠪᠡᠶᠡᠯᠡᠭᠦᠯᠵᠦ᠂ ᠭᠠᠳᠠᠭᠠᠳᠣ ᠠᠴᠠ ᠣᠷᠣᠭᠤᠯᠵᠣ ᠭᠠᠳᠠᠭᠠᠲᠣ ᠳᠤ ᠭᠠᠷᠭᠠᠬᠤ ᠶᠡᠷᠦᠩᠬᠡᠢ ᠲᠤᠭ᠎ᠠ ᠶᠢ 120 ᠳ᠋ᠦᠡᠭᠰᠢᠭᠤᠷ ᠳ᠋ᠣᠯᠯᠠᠷ ᠪᠡᠶᠡᠯᠡᠭᠦᠯᠵᠦ᠂ 6.5% ᠣᠷᠴᠢᠮ ᠢᠶᠠᠷ ᠨᠡᠮᠡᠭᠳᠡᠪᠡ︔ ᠭᠠᠳᠠᠭᠠᠳᠣ ᠪᠡᠯᠡ ᠶᠢ 44 ᠳ᠋ᠦᠡᠭᠰᠢᠭᠤᠷ ᠳ᠋ᠣᠯᠯᠠᠷ ᠪᠣᠲᠠᠲᠠᠢ ᠠᠰᠢᠭᠯᠠᠵᠣ᠂ 12% ᠢᠶᠠᠷ ᠨᠡᠮᠡᠭᠳᠡᠪᠡ᠃      ︵ᠲᠠᠪᠤ︶ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠬᠤ ᠡᠷᠴᠢᠮ ᠢ ᠨᠡᠮᠡᠭᠳᠡᠭᠦᠯᠪᠡ᠃ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠪᠠᠶᠢᠭ᠎ᠠ ᠪᠠᠶᠢᠳᠠᠯ ᠤᠨ ᠳᠣᠣᠷ᠎ᠠ᠂ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠪᠣᠯᠣᠨ ᠡᠩ ᠤᠨ ᠴᠢᠨᠠᠷᠲᠠᠢ ᠵᠠᠷᠣᠯᠭ᠎ᠠ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠣᠨ᠂ ᠠᠷᠠᠳ ᠤᠨ ᠠᠮᠢᠳᠣᠷᠠᠯ ᠤᠨ ᠣᠷᠣᠭᠤᠯᠣᠯᠲᠠ ᠶᠢ ᠪᠦᠬᠦ ᠬᠦᠴᠦᠨ ᠢᠶᠠᠷ ᠢᠶᠠᠨ ᠪᠠᠳᠣᠯᠠᠪᠠ᠃ ᠪᠦᠬᠦ ᠣᠷᠣᠨ ᠤ ᠡᠳ᠋ ᠤᠨ ᠵᠠᠰᠠᠭ ᠤᠨ ᠠᠷᠠᠳ ᠤᠨ ᠠᠮᠢᠳᠣᠷᠠᠯ ᠳᠠᠬᠢ ᠵᠠᠷᠣᠯᠭ᠎ᠠ 2340 ᠳ᠋ᠦᠡᠭᠰᠢᠭᠤᠷ ᠲᠦᠭᠦᠷᠢᠭ ᠪᠠᠶᠢᠵᠣ᠂ ᠣᠯᠠᠨ ᠨᠡᠶᠢᠲᠡ ᠶᠢᠨ ᠡᠳ᠋ ᠤᠨ ᠵᠠᠰᠠᠭ ᠲᠦᠰᠦᠪ ᠤᠨ ᠵᠠᠷᠣᠯᠭ᠎ᠠ ᠶᠢᠨ 63.6% ᠶᠢ ᠡᠵᠡᠯᠡᠪᠡ᠃ ᠬᠤᠲᠠ ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠵᠢᠱᠢᠯᠲᠡ ᠪᠠᠷ 25497 ᠲᠦᠭᠦᠷᠢᠭ ᠪᠠᠶᠢᠵᠣ᠂ 10.1% ᠪᠠᠷ ᠨᠡᠮᠡᠭᠳᠡᠪᠡ︔ ᠮᠠᠯᠴᠢᠨ ᠲᠠᠷᠢᠶᠠᠴᠢᠨ ᠬᠦᠮᠦᠨ ᠪᠦᠷᠢ ᠶᠢᠨ ᠳᠣᠮᠳᠠᠴᠢ ᠴᠡᠪᠡᠷ ᠣᠷᠣᠯᠭ᠎ᠠ 8596 ᠲᠦᠭᠦᠷᠢᠭ ᠪᠠᠶᠢᠵᠣ᠂12.9% ᠪᠠᠷ ᠨᠡᠮᠡᠭᠳᠡᠵᠦ᠂ ᠴᠦᠮ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠠᠪᠠᠪᠠ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠡ᠃ ᠠᠵᠢᠯ ᠣᠯᠭᠤᠬᠤ ᠪᠣᠯᠪᠠᠰᠣᠷᠠᠭᠤᠯᠣᠯ ᠪᠣᠯᠣᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠨ᠂ ᠳᠡᠭᠡᠳᠦ ᠰᠣᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠠᠬᠢᠭᠤᠯᠵᠣ᠂ ᠬᠤᠲᠠ ᠪᠠᠯᠭᠠᠰᠣ ᠶᠢᠨ ᠠᠵᠢᠯ ᠣᠯᠭᠤᠯᠲᠠ ᠳᠤ ᠰᠢᠨ᠎ᠡ ᠪᠠᠷ 27.1 ᠲᠦᠮᠡᠨ ᠬᠦᠮᠦᠨ ᠨᠡᠮᠡᠭᠳᠡᠭᠦᠯᠵᠦ᠂14 ᠲᠦᠮᠡᠨ ᠳᠡᠭᠡᠳᠦ ᠰᠣᠷᠭᠠᠭᠤᠯᠢ ᠲᠡᠭᠦᠰᠭᠡᠭᠰᠡᠳ ᠲᠤ ᠠᠵᠢᠯ ᠣᠯᠭᠤᠭᠰᠠᠨ ᠪᠣᠶᠣ ᠠᠵᠢᠯ ᠣᠯᠭᠤᠬᠤ ᠬᠠᠨᠳᠣᠰᠢ ᠶᠢ ᠨᠢ ᠨᠠᠶᠢᠳᠠᠪᠣᠷᠢᠵᠢᠭᠤᠯᠣᠨ᠂ ᠲᠠᠶᠢᠷᠶᠠᠯᠠᠬᠤ ᠮᠠᠯᠵᠢᠬᠤ ᠣᠷᠣᠨ ᠤ ᠬᠦᠳᠡᠯᠮᠦᠷᠢ ᠬᠦᠴᠦᠨ ᠢ 259.3 ᠲᠦᠮᠡᠨ ᠬᠦᠮᠦᠨ ᠣᠳᠠᠭ᠎ᠠ ᠰᠢᠯᠵᠢᠭᠦᠯᠦᠨ ᠠᠵᠢᠯ ᠣᠯᠭᠤᠵᠣ᠂ ᠠᠳᠠᠯ ᠦᠢᠯᠡᠰ ᠴᠣᠭᠴᠠᠯᠠᠬᠤ ᠪᠠᠷ 15.37 ᠲᠦᠮᠡᠨ ᠬᠦᠮᠦᠨ ᠳᠤ ᠠᠵᠢᠯ ᠣᠯᠭᠤᠵᠣ᠂ ᠬᠤᠲᠠ ᠪᠠᠯᠭᠠᠰᠣ ᠶᠢᠨ ᠠᠵᠢᠯ ᠠᠯᠳᠠᠯᠲᠠ ᠶᠢᠨ ᠳᠠᠩᠰᠣᠯᠠᠭᠤᠯᠬᠤ ᠨᠣᠷᠮ᠎ᠠ ᠶᠢ 3.66% ᠶᠢᠨ ᠨᠡᠯᠢᠶᠡᠳ ᠳᠣᠣᠷ᠎ᠠ ᠬᠢᠷᠢ ᠬᠡᠮᠵᠢᠶᠡᠨ ᠳᠤ ᠬᠢᠵᠠᠭᠠᠷᠯᠠᠪᠠ᠃ ᠨᠡᠶᠢᠬᠡᠮ ᠤᠨ ᠪᠠᠲᠣᠯᠠᠭ᠎ᠠ ᠶᠢᠨ ᠬᠢᠷᠢ ᠬᠡᠮᠵᠢᠶᠡᠨ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠠᠵᠣ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠨᠠᠰᠣᠵᠢᠯ ᠶᠢ ᠮᠦᠡᠭᠭᠦ᠂ ᠬᠤᠲᠠ ᠬᠦᠳᠡᠭᠡ ᠶᠢᠨ ᠠᠮᠢᠳᠣᠷᠠᠯ ᠤᠨ ᠨᠠᠭᠠᠳᠣ ᠵᠠᠬ᠎ᠠ ᠶᠢᠨ ᠪᠠᠲᠣᠯᠠᠭ᠎ᠠ ᠵᠡᠷᠭᠡ ᠨᠡᠶᠢᠬᠡᠮ ᠤᠨ ᠪᠠᠲᠣᠯᠠᠭ᠎ᠠ ᠶᠢᠨ ᠪᠠᠷᠢᠮᠵᠢᠶ᠎ᠠ ᠶᠢ ᠴᠦᠮ 10% ᠠᠴᠠ ᠳᠡᠭᠡᠭᠰᠢ ᠪᠠᠷ ᠳᠡᠭᠡᠭᠰᠢᠯᠡᠭᠦᠯᠵᠦ  ᠬᠤᠲᠠ ᠬᠦᠳᠡᠭᠡ ᠶᠢᠨ ᠠᠮᠢᠳᠣᠷᠠᠯ ᠨᠠᠭᠠᠳᠣ ᠵᠠᠬ᠎ᠠ ᠶᠢᠨ ᠪᠠᠲᠣᠯᠠᠭ᠎ᠠ᠂ ᠲᠠᠷᠢᠶᠠᠯᠠᠬᠤ ᠮᠠᠯᠵᠢᠬᠤ ᠣᠷᠣᠨ ᠣᠷᠣᠨ ᠤ ︽ᠲᠠᠪᠣᠨ ᠪᠠᠲᠣᠯᠠᠭ᠎ᠠ︾᠂ ᠬᠤᠲᠠ ᠪᠠᠯᠭᠠᠰᠣ ᠶᠢᠨ ︽ᠭᠤᠷᠪᠠᠨ ᠦᠭᠡᠢ︾ ᠬᠦᠮᠦᠰ ᠪᠣᠯᠣᠨ ᠦᠨᠦᠴᠢᠨ ᠬᠡᠣᠬᠡᠳ ᠲᠤ ᠲᠣᠰᠠᠯᠠᠬᠤ ᠪᠠᠷᠢᠮᠵᠢᠶ᠎ᠠ ᠪᠦᠬᠦ ᠣᠯᠣᠰ ᠤᠨ ᠡᠮᠦᠨᠡᠭᠦᠷ ᠣᠷᠣᠵᠣ᠂ ᠶᠠᠳᠠᠭᠤ ᠬᠦᠴᠢᠷᠳᠡᠯᠲᠡᠢ ᠣᠶᠣᠲᠠᠨ᠂ ᠭᠠᠮᠰᠢᠭᠳᠠᠭᠰᠠᠨ ᠣᠯᠠᠨ ᠲᠦᠮᠡᠨ ᠢ ᠪᠦᠲᠦᠮᠵᠢᠲᠡᠢ ᠲᠡᠩᠬᠡᠷᠡᠭᠦᠯᠦᠨ ᠲᠣᠰᠠᠯᠠᠪᠠ᠃ ᠬᠠᠰᠣᠵᠣ ᠪᠠᠭᠠᠰᠬᠠᠭᠰᠠᠨ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠤᠨ ᠲᠣᠲᠣᠷ᠎ᠠ ᠠᠴᠠ18 ᠳ᠋ᠦᠡᠭᠰᠢᠭᠤᠷ ᠲᠦᠭᠦᠷᠢᠭ ᠲᠣᠬᠢᠷᠠᠭᠤᠯᠵᠣ᠂ 295 ᠲᠦᠮᠡᠨ ᠣᠷᠣᠯᠭ᠎ᠠ ᠪᠠᠭ᠎ᠠ ᠲᠠᠢ ᠲᠠᠷᠢᠶᠠᠯᠠᠬᠤ ᠮᠠᠯᠵᠢᠬᠤ ᠡᠷᠦᠬᠡ ᠶᠢᠨ ᠡᠷᠦᠬᠡ ᠪᠦᠷᠢ ᠳᠤ 1 ᠲᠣᠨ ᠳᠣᠯᠠᠭᠠᠯᠠᠯᠠᠭ᠎ᠠ ᠶᠢᠨ ᠨᠡᠭᠦᠷᠡᠰᠦ ᠣᠯᠭᠤᠪᠠ᠃ ᠠᠷᠠᠳ ᠤᠨ ᠠᠮᠢᠳᠣᠷᠠᠯ ᠤᠨ ᠣᠰᠣᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ 100 ᠲᠦᠮᠡᠨ ᠬᠦᠮᠦᠨ ᠤ ᠠᠶᠣᠯ ᠦᠭᠡᠢ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠪᠡ᠃ ᠶᠠᠳᠠᠭᠤ ᠶᠢ ᠲᠡᠳᠬᠦᠨ ᠪᠣᠭᠤᠮᠲᠠ ᠰᠢᠪᠲᠣᠯᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠪᠠ᠃ ᠮᠣᠵᠢ ᠶᠢᠨ ᠲᠡᠰ ᠤᠨ ᠣᠳᠣᠷᠢᠳᠬᠤ ᠺᠠᠳ᠋ᠷ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠲᠠᠢ ᠬᠠᠷᠢᠯᠴᠠᠬᠤ ᠠᠵᠢᠯ ᠢ ᠨᠠᠶᠢᠳᠠᠪᠣᠷᠢᠵᠭᠤᠯᠵᠣ ᠂ 23 ᠠᠵᠢᠯ ᠲᠦᠷᠦᠯ᠂ 38 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ ᠲᠦᠯᠦᠪᠵᠢᠭᠦᠯᠭᠡ ᠶᠢ ᠨᠠᠶᠢᠷᠠᠭᠤᠯᠣᠨ ᠵᠣᠬᠢᠶᠠᠵᠣ᠂ ᠶᠠᠳᠠᠭᠤ ᠶᠢ ᠳᠡᠳᠬᠦᠬᠦ ᠣᠷᠣᠭᠤᠯᠣᠯᠲᠠ 100 ᠳ᠋ᠦᠡᠭᠰᠢᠭᠤᠷ ᠲᠦᠭᠦᠷᠢᠭ ᠢ ᠳᠠᠪᠠᠵᠣ᠂ ᠶᠠᠳᠠᠭᠤ ᠶᠢ ᠳᠡᠳᠬᠦᠵᠦ ᠨᠡᠭᠡᠭᠡᠨ ᠬᠦᠭᠵᠢᠭᠦᠯᠬᠦ ᠲᠦᠷᠦᠯ ᠵᠦᠢᠯ 961 ᠶᠢ ᠬᠡᠷᠡᠭᠵᠢᠭᠦᠯᠵᠦ᠂ 40.8 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠶᠢ ᠪᠡᠶᠡᠯᠡᠭᠦᠯᠵᠦ᠂ ᠶᠠᠳᠠᠭᠤ ᠬᠦᠴᠢᠷᠳᠡᠯ ᠲᠠᠢ ᠶᠢᠨ ᠪᠣᠢ ᠪᠣᠯᠬᠤ ᠨᠣᠷᠮ᠎ᠠ 17.8% ᠪᠠᠶᠢᠭᠰᠠᠨ ᠠᠴᠠ ᠨᠢ 14.9% ᠪᠣᠯᠲᠠᠯ᠎ᠠ  ᠪᠠᠭᠤᠷᠠᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠳᠤᠮᠳᠠᠴᠢ ᠣᠷᠣᠯᠭ᠎ᠠ ᠶᠢ16% ᠠᠴᠠ ᠳᠡᠭᠡᠭᠰᠢ ᠨᠡᠮᠡᠭᠳᠡᠭᠦᠯᠪᠡ᠃ ᠠᠷᠠᠳ ᠣᠯᠠᠨ ᠤ ᠬᠢᠮᠲᠠ ᠣᠷᠣᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠪᠠ᠃ ᠪᠠᠲᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠣᠯᠲᠠ ᠪᠣᠯᠣᠨ ᠲᠠᠷᠢᠶᠠᠯᠠᠬᠤ ᠮᠠᠯᠵᠢᠬᠤ ᠣᠷᠣᠨ ᠤ ᠨᠣᠷᠠᠬᠤ ᠠᠶᠣᠯ ᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠠᠯᠬᠤᠴᠠ ᠶᠢ ᠲᠦᠷᠭᠡᠳᠭᠡᠨ᠂ ᠪᠣᠭᠤᠲᠣ ᠶᠢᠨ ᠬᠤᠶᠢᠲᠣ ᠬᠢᠷ᠎ᠡ ᠵᠡᠷᠭᠡ ᠲᠦᠬᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠲᠦᠪᠯᠡᠷᠡᠭᠦᠯᠦᠨ ᠰᠢᠨᠡᠳᠭᠡᠨ ᠵᠠᠰᠠᠬᠤ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠵᠦ᠂ ᠡᠯ᠎ᠡ ᠲᠦᠷᠦᠯ ᠤᠨ ᠪᠠᠲᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 17.8 ᠲᠦᠮᠡᠨ ᠢᠵᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠣ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 101.6% ᠪᠣᠯᠪᠠ︔ ᠲᠠᠷᠢᠶᠠᠯᠠᠬᠤ ᠮᠠᠯᠵᠢᠬᠤ ᠣᠷᠣᠨ ᠤ 12.75 ᠲᠦᠮᠡᠨ ᠡᠷᠦᠬᠡ ᠶᠢᠨ ᠨᠣᠷᠠᠬᠤ ᠠᠶᠣᠯ ᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠶᠢ ᠪᠡᠶᠡᠯᠡᠭᠦᠯᠵᠦ᠂ ᠣᠯᠣᠰ ᠠᠴᠠ ᠪᠠᠭᠤᠯᠭᠠᠭᠰᠠᠨ 3.65 ᠲᠦᠮᠡᠨ ᠡᠷᠦᠬᠡ ᠶᠢᠨ ᠡᠭᠦᠷᠭᠡ ᠠᠴᠠ ᠳᠠᠪᠠᠪᠠ᠃ ᠡᠯ᠎ᠡ ᠵᠦᠢᠯ ᠤᠨ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠪᠡ᠃ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠠᠯᠭ᠎ᠠ ᠶᠢᠨ ᠲᠦᠯᠦᠪᠯᠡᠯᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠳᠣᠮᠲᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ  ᠥᠭᠡᠷᠡᠴᠢᠯᠡᠯᠲᠡ ᠪᠣᠯᠣᠨ ᠬᠦᠭᠵᠢᠯᠲᠡ ᠶᠢ ᠣᠷᠣᠭᠰᠢᠲᠠᠢ ᠲᠦᠯᠬᠢᠨ ᠠᠬᠢᠭᠤᠯᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ᠂ ᠦᠨᠳᠦᠷ ᠵᠡᠷᠭᠡ ᠶᠢᠨ ᠲᠣᠮᠲᠠᠲᠣ ᠰᠣᠷᠭᠠᠭᠤᠯᠢ ᠶᠢᠨ ᠱᠠᠲᠣ  ᠦᠶ᠎ᠡ ᠶᠢᠨ ᠰᠦᠢᠳᠭᠡᠯ ᠬᠤᠷᠢᠶᠠᠬᠤ ᠦᠭᠡᠢ ᠰᠣᠷᠠᠭᠠᠨ ᠬᠦᠮᠦᠵᠢᠯ ᠤᠨ ᠵᠠᠷᠣᠳᠠᠯ ᠪᠣᠯᠣᠨ ᠭᠤᠣᠯᠳᠠᠯᠭ᠎ᠠ ᠲᠠᠢ ᠰᠣᠷᠭᠠᠨ ᠬᠦᠮᠦᠵᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠪᠡᠯᠡ ᠮᠦᠡᠭᠭᠦ ᠶᠢ ᠪᠦᠬᠦᠨ ᠢ ᠨᠠᠶᠢᠳᠠᠪᠣᠷᠢᠵᠢᠭᠤᠯᠵᠣ᠂ ᠡᠯ᠎ᠡ ᠱᠠᠲᠣᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠵᠣᠬᠢᠴᠠᠩᠭᠤᠢ ᠪᠠᠷ ᠬᠦᠭᠵᠢᠪᠡ᠃ ᠬᠤᠲᠠ ᠬᠦᠳᠡᠭᠡ ᠶᠢᠨ ᠡᠮᠨᠡᠯᠭᠡ ᠪᠣᠯᠣᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠣᠯᠲᠠ ᠶᠢ ᠴᠢᠩᠭᠠᠳᠬᠠᠨ᠂ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶᠠᠨ ᠤ  ᠥᠭᠡᠷᠡᠴᠢᠯᠡᠯᠲᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠣᠷᠰᠢᠯᠲᠠ ᠵᠡᠷᠭᠡ ᠠᠵᠢᠯ ᠢ ᠣᠷᠣᠭᠰᠢᠲᠠᠢ ᠠᠬᠢᠭᠤᠯᠪᠠ᠃ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠰᠢᠰᠲ᠋ᠧᠮᠵᠢ ᠶᠢᠨ ᠪᠠᠶᠢᠭᠤᠯᠣᠯᠲᠠ ᠶᠢ ᠭᠦᠨᠵᠡᠭᠡᠢ ᠲᠦᠯᠬᠢᠨ ᠠᠬᠢᠭᠤᠯᠵᠣ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠠᠷᠪᠠᠳᠣᠭᠠᠷ ᠬᠤᠭᠤᠴᠠᠭᠠᠨ ᠤ ᠲᠠᠯ᠎ᠠ ᠨᠣᠲᠤᠭ ᠤᠨ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂ ᠰᠣᠶᠣᠯ ᠤᠨ ᠪᠠᠶᠢᠭᠤᠯᠣᠯ ᠤᠨ  ᠥᠭᠡᠷᠡᠴᠢᠯᠡᠯᠲᠡ ᠪᠣᠯᠣᠨ ᠰᠣᠶᠣᠯ ᠤᠨ ᠠᠵᠣ ᠦᠢᠯᠡᠰ ᠤᠨ ᠬᠦᠭᠵᠢᠯᠲᠡ ᠶᠢ ᠲᠦᠷᠭᠡᠳᠭᠡᠭᠡᠳ᠂ ᠣᠯᠠᠨ ᠲᠦᠮᠡᠨ ᠤ ᠣᠶᠣᠨ ᠤ ᠰᠣᠶᠣᠯ ᠤᠨ ᠠᠮᠢᠳᠣᠷᠠᠯ ᠡᠳᠦᠷ ᠢᠷᠡᠬᠦᠶ᠎ᠡ ᠡᠯᠪᠡᠭ ᠪᠠᠶᠠᠯᠢᠭ ᠪᠣᠯᠪᠠ᠃ ᠣᠶᠣᠨ ᠪᠢᠯᠢᠭ ᠲᠠᠢ ᠬᠤᠲᠠ ᠪᠠ ᠨᠡᠶᠢᠬᠡᠮ ᠲᠣᠭᠤᠷᠢᠭ ᠤᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠭᠤᠯᠣᠯᠲᠠ ᠶᠢᠨ ᠪᠠᠶᠢᠭᠤᠯᠣᠯᠲᠠ ᠶᠢ ᠲᠣᠰᠬᠠᠢ ᠵᠦᠢᠯ ᠢᠶᠠᠷ ᠲᠡᠳᠬᠦᠵᠦ᠂ ᠭᠠᠷ ᠣᠲᠠᠰᠣ ᠪᠠᠷ ᠮᠣᠩᠭᠤᠯ ᠣᠬᠤᠷ ᠴᠢᠮᠡᠭᠡ ᠢᠯᠡᠭᠡᠬᠦ ᠪᠠ ᠮᠡᠳᠡᠭᠡ ᠵᠠᠩᠬᠢ ᠬᠡᠷᠡᠭᠯᠡᠬᠦ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ︽ᠵᠢᠷᠭᠤᠭ᠎ᠠ ᠪᠠᠷ ᠪᠦᠬᠦᠨ ᠢ ᠬᠠᠮᠣᠷᠬᠤ︾ ᠢᠨᠵᠧᠨᠧᠷᠢᠩ ᠢ ᠬᠡᠷᠡᠭᠵᠢᠬᠦᠯᠵᠦ᠂ ᠬᠤᠲᠠ ᠬᠦᠳᠡᠭᠡ ᠶᠢᠨ ᠣᠯᠠᠨ ᠨᠡᠶᠢᠲᠡ ᠶᠢᠨ ᠦᠨᠳᠦᠰᠣᠨ ᠦᠢᠯᠡᠴᠢᠯᠡᠭᠡᠨ ᠤ ᠲᠡᠩᠴᠡᠭᠦᠷᠢᠰᠢᠯ ᠤᠨ ᠤᠨ ᠬᠢᠷᠢ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ᠂ ᠭᠦᠨ ᠣᠬᠠᠭᠠᠨ ᠨᠡᠶᠢᠬᠡᠮ ᠤᠨ ᠰᠢᠨᠵᠢᠯᠡᠬᠦ ᠣᠬᠠᠭᠠᠨ ᠤ ᠠᠵᠢᠯ ᠦᠢᠯᠡᠰ ᠴᠡᠴᠡᠭᠯᠡᠨ ᠬᠦᠭᠵᠢᠵᠦ᠂ ᠬᠦᠮᠦᠨ ᠠᠮᠠ ᠬᠢᠭᠡᠳ ᠲᠦᠯᠦᠪᠯᠡᠭᠡᠲᠦ ᠦᠷᠡᠵᠢᠯ ᠤᠨ ᠠᠵᠢᠯ ᠠᠬᠢᠭᠤᠯᠣᠭᠳᠠᠵᠣ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠠᠯᠭ᠎ᠠ ᠪᠠᠳᠠᠷᠠᠩᠭᠤᠢ ᠦᠷᠨᠢᠵᠦ᠂ ᠦᠨᠳᠦᠰᠦᠨ ᠱᠠᠰᠢᠨ ᠰᠣᠷᠲᠠᠬᠤᠨ ᠤ ᠠᠵᠢᠯ ᠴᠢᠩᠭᠠᠳᠬᠠᠭᠲᠠᠨ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ  ᠬᠦᠲᠡᠯᠦᠯᠲᠡ ᠪᠣᠯᠣᠨ ᠡᠮᠡᠭᠲᠡᠶᠢᠴᠦᠳ ᠬᠡᠣᠬᠡᠳ᠂ ᠦᠲᠡᠭᠦᠰ ᠵᠡᠷᠭᠡ ᠶᠢᠨ ᠠᠵᠢᠯ ᠯᠠᠪᠳᠠᠭᠤᠨ ᠪᠠᠲᠣᠲᠠᠢ ᠠᠬᠢᠪᠠ᠃ ᠨᠠᠶᠢᠬᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠪᠠ᠃ ︽ᠰᠣᠷᠪᠣᠯᠵᠢᠯᠠᠯ ᠢ ᠶᠡᠬᠡᠪᠡᠷ ᠬᠦᠯᠢᠶᠡᠨ ᠠᠪᠬᠤ︾ ᠠᠵᠢᠯᠠᠯᠭ᠎ᠠ ᠶᠢ ᠭᠦᠨᠵᠡᠭᠡᠢ ᠦᠷᠨᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠵᠠᠬᠢᠲᠠᠯ ᠰᠣᠷᠪᠣᠯᠵᠢᠯᠠᠯ ᠤᠨ ᠠᠰᠠᠭᠤᠳᠠᠯ ᠢ ᠰᠢᠢᠳᠪᠦᠷᠢᠯᠡᠨ᠂ ᠪᠦᠬᠦ ᠣᠷᠣᠨ ᠤ ᠵᠠᠬᠢᠲᠠᠯ ᠰᠣᠷᠪᠣᠯᠵᠢᠯᠠᠯ ᠤᠨ ᠬᠡᠮᠵᠢᠶ᠎ᠡ 25.5% ᠪᠠᠷ ᠪᠠᠭᠤᠷᠠᠪᠠ᠃ ︽ᠠᠮᠣᠭᠤᠯᠠᠩ ᠲᠠᠶᠢᠪᠤᠡᠭ ᠦᠪᠦᠷ ᠮᠣᠩᠭᠤᠯ ᠢ ᠡᠭᠦᠳᠦᠨ ᠪᠠᠶᠢᠭᠤᠯᠬᠤ ᠢᠨᠵᠧᠨᠧᠷᠢᠩ ︾ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠵᠣ᠂ ᠡᠯ᠎ᠡ ᠲᠦᠷᠦᠯ ᠤᠨ ᠬᠠᠣᠯᠢ ᠠᠴᠠ ᠵᠦᠷᠢᠴᠡᠭᠰᠡᠨ ᠶᠠᠯᠠᠲᠣ ᠠᠵᠢᠯᠠᠯᠭ᠎ᠠ ᠳᠤ ᠴᠢᠩᠭ᠎ᠠ ᠴᠣᠬᠢᠯᠲᠠ ᠦᠭᠴᠦ᠂ ᠨᠡᠶᠢᠬᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠣᠯᠠᠪᠠ᠃ ᠠᠶᠣᠯ ᠦᠭᠡᠢ ᠦᠢᠯᠡᠳᠪᠦᠷᠢᠯᠡᠯ ᠪᠣᠯᠣᠨ ᠢᠳᠡᠭᠡᠨ ᠪᠠ ᠡᠮ ᠤᠨ ᠵᠦᠢᠯ ᠤᠨ ᠠᠶᠣᠯ ᠦᠭᠡᠢ ᠬᠢᠨᠠᠯᠲᠠ ᠬᠠᠮᠢᠶᠠᠷᠣᠯᠲᠠ ᠶᠢ ᠴᠢᠩᠭᠠᠷᠠᠭᠤᠯᠵᠣ᠂ ᠠᠶᠣᠯ ᠦᠭᠡᠢ ᠶᠢᠨ ᠠᠲᠡᠯ ᠭᠠᠷᠬᠤ ᠲᠤᠭ᠎ᠠ ᠪᠣᠯᠣᠨ ᠠᠲᠡᠭᠰᠡᠨ ᠬᠦᠮᠦᠨ ᠤ ᠲᠤᠭ᠎ᠠ ᠶᠢᠨ ︽ᠬᠤᠶᠠᠭᠤᠯᠠ ᠶᠢ ᠪᠠᠭᠤᠷᠠᠭᠤᠯᠬᠤ︾ ᠶᠢ ᠪᠡᠶᠡᠯᠡᠭᠦᠯᠪᠡ᠃ ᠣᠯᠣᠰ ᠤᠨ ᠪᠠᠲᠣᠯᠠᠨ ᠬᠠᠮᠠᠭᠠᠯᠠᠯᠲᠠ ᠪᠣᠯᠣᠨ ᠴᠡᠷᠢᠭ ᠠᠩᠬᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠣᠯᠲᠠ ᠶᠢ ᠢᠳᠡᠪᠬᠢᠲᠡᠢ ᠳᠡᠮᠵᠢᠵᠣ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠭᠡᠯ ᠬᠦᠴᠦᠨ ᠤ ᠪᠠᠶᠢᠭᠤᠯᠣᠯᠲᠠ ᠰᠢᠨ᠎ᠡ ᠠᠬᠢᠴᠠ ᠲᠠᠢ ᠪᠣᠯᠪᠠ᠃      ︵ᠵᠢᠷᠭᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠴᠢᠩᠭᠠᠳᠬᠠᠭᠳᠠᠪᠠ᠃ ᠠᠩᠬᠠᠳᠠᠭᠴᠢ ᠪᠦᠯᠦᠭ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠡᠭᠡ ᠶᠢᠨ ᠠᠵᠢᠯᠠᠯᠭ᠎ᠠ ᠶᠢ ᠬᠢᠨᠠᠮᠠᠭᠠᠢ ᠦᠷᠨᠢᠭᠦᠯᠵᠦ᠂ ᠲᠦᠪ ᠤᠨ ᠨᠠᠢᠮᠠᠨ ᠵᠦᠢᠯ ᠤᠨ ᠲᠣᠭᠲᠠᠭᠠᠯ ᠪᠣᠯᠣᠨ ᠦᠪᠡᠷᠲᠡᠭᠡᠨ ᠵᠠᠰᠠᠬᠤ ᠣᠷᠣᠨ ᠤ 28 ᠵᠦᠢᠯ ᠤᠨ ᠲᠦᠬᠦᠷ ᠲᠣᠭᠲᠠᠭᠠᠯ ᠢ ᠴᠢᠩᠭ᠎ᠠ  ᠨᠠᠶᠢᠳᠠᠪᠣᠷᠢᠵᠢᠭᠤᠯᠣᠨ᠂ ᠦᠡᠭᠭᠡ ᠦᠨᠳᠦᠰᠦ ᠶᠢ ᠨᠢ ᠬᠠᠮᠲᠣᠲᠠ ᠨᠢ ᠵᠠᠰᠠᠵᠣ᠂ ᠠᠪᠣᠨ ᠳᠣᠣᠷ᠎ᠠ ᠨᠢ  ᠥᠭᠡᠷᠡᠴᠢᠯᠡᠬᠦ ᠶᠢ ᠪᠠᠷᠢᠮᠲᠠᠯᠠᠨ᠂ ᠴᠡᠴᠡᠭᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠪᠠᠶᠢᠭᠤᠯᠬᠤ ᠠᠵᠢᠯ ᠢ ᠳᠣᠪᠣᠶᠢᠮ᠎ᠠ ᠰᠠᠶᠢᠳᠣᠷ ᠠᠳᠬᠤᠨ᠂ ︽ᠳᠦᠷᠪᠡᠨ ᠰᠣᠷᠲᠠᠯ︾ ᠤᠨ ᠲᠠᠯ᠎ᠠ ᠪᠠᠷ ᠬᠢ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠣᠯᠠᠮ ᠨᠢᠭᠡ ᠠᠯᠬᠤᠮ ᠨᠢᠭᠲᠠᠷᠠᠭᠤᠯᠣᠨ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠪᠣᠯᠣᠨ ᠺᠠᠳ᠋ᠷ ᠤᠨ ᠰᠣᠷᠲᠠᠯ ᠢᠯᠡᠷᠡᠬᠡᠢ ᠰᠠᠶᠢᠵᠢᠷᠠᠵᠣ᠂ ᠵᠠᠰᠠᠭ ᠵᠠᠬᠢᠷᠭᠠᠨ ᠤ ᠬᠦᠴᠦᠨ ᠴᠢᠳᠠᠪᠣᠷᠢ ᠲᠠᠰᠣᠷᠠᠯᠲᠠ ᠦᠭᠡᠢ ᠳᠡᠭᠡᠭᠰᠢᠯᠡᠪᠡ᠃ ᠰᠣᠷᠣᠯᠴᠠᠬᠤ ᠰᠣᠷᠲᠠᠯ ᠵᠣᠬᠢᠶᠠᠯ ᠤᠨ ᠰᠣᠷᠲᠠᠯ ᠬᠤᠷᠠᠯ ᠤᠨ ᠰᠣᠷᠲᠠᠯ ᠶᠡᠬᠡᠪᠡᠷ ᠬᠠᠯᠠᠨ ᠰᠠᠶᠢᠵᠢᠷᠠᠭᠤᠯᠵᠣ᠂ ᠰᠣᠷᠲᠠᠯ ᠢ ᠲᠦᠪ ᠪᠣᠯᠭᠠᠵᠣ ᠰᠠᠬᠢᠯᠭ᠎ᠠ ᠪᠠᠲᠣ ᠶᠢ ᠲᠦᠪ ᠴᠢᠩᠭ᠎ᠠ ᠪᠣᠯᠭᠠᠬᠤ ᠲᠣᠰᠬᠠᠢ ᠵᠦᠢᠯ ᠤᠨ ᠠᠵᠢᠯᠠᠯᠭ᠎ᠠ ᠶᠢ ᠭᠦᠨᠵᠡᠭᠡᠢ ᠦᠷᠨᠢᠭᠦᠯᠦᠨ᠂ ᠪᠠᠷᠢᠮᠵᠢᠶ᠎ᠠ ᠠᠴᠠ ᠬᠡᠲᠦᠷᠡᠭᠰᠡᠨ ᠠᠵᠢᠯᠯᠠᠬᠤ ᠭᠡᠷ ᠪᠣᠯᠣᠨ ᠠᠯᠪᠠᠨ ᠶᠠᠪᠣᠳᠠᠯ ᠳᠤ ᠬᠡᠷᠡᠭᠯᠡᠬᠦ ᠲᠡᠷᠭᠡ ᠶᠢ ᠪᠦᠬᠦ ᠲᠠᠯ᠎ᠠ ᠪᠠᠷ ᠢᠯᠭᠠᠷᠠᠭᠤᠯᠵᠣ᠂ ᠵᠠᠰᠠᠭ ᠤᠨ ᠣᠷᠳᠣᠨ ᠤ ᠴᠢᠨᠠᠷᠲᠠᠢ ᠠᠰᠠᠷ  ᠲᠠᠩᠬᠢᠮ ᠪᠠᠭᠤᠳᠠᠯ ᠭᠠᠵᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠂ ᠡᠩ ᠤᠨ ᠴᠢᠨᠠᠷᠲᠠᠢ ᠵᠠᠷᠣᠯᠭ᠎ᠠ ᠶᠢ ᠴᠢᠩᠭ᠎ᠠ ᠬᠢᠵᠠᠭᠠᠷᠯᠠᠵᠣ᠂ ᠪᠦᠬᠦ ᠣᠷᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ︽ᠠᠯᠪᠠᠨ ᠤ ᠭᠤᠷᠪᠠᠨ ᠵᠦᠢᠯ ᠤᠨ ᠵᠠᠷᠣᠳᠠᠯ︾ 34% ᠪᠠᠷ ᠪᠠᠭᠤᠷᠠᠵᠣ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯ ᠪᠠ ᠲᠠᠷᠬᠠᠭᠠᠬᠤ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠲᠣᠰ ᠲᠣᠰ 14% ᠪᠠ 17% ᠪᠠᠷ ᠪᠠᠭᠠᠰᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠣ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠦᠪᠯᠡᠯᠭᠡ᠂ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠢ ᠳᠣᠷᠠᠳᠣᠯᠭ᠎ᠠ ᠶᠢ ᠴᠠᠭ ᠲᠣᠬᠠᠢ ᠳᠤᠨᠢ ᠭᠦᠢᠴᠡᠳᠭᠡᠪᠡ᠃ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠵᠢᠯ ᠢ ᠴᠢᠩᠭᠠᠳᠬᠠᠨ᠂ ᠠᠷᠠᠳ ᠤᠨ ᠠᠮᠢᠳᠣᠷᠠᠯ ᠤᠨ ᠬᠦᠷᠢᠶᠡᠨ ᠤ ᠵᠠᠰᠠᠭ ᠵᠠᠬᠢᠷᠭᠠᠨ ᠤ ᠬᠠᠣᠯᠢ ᠲᠣᠭᠲᠠᠭᠠᠬᠤ ᠶᠢ ᠴᠢᠩᠭᠠᠷᠠᠭᠤᠯᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠬᠢᠷᠢ ᠬᠡᠮᠵᠢᠶ᠎ᠡ ᠣᠯᠠᠮ ᠨᠢᠭᠡ ᠠᠯᠬᠤᠮ ᠳᠡᠭᠡᠭᠰᠢᠯᠡᠪᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠠᠵᠣ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠪᠠ ᠨᠡᠶᠢᠬᠡᠮ ᠤᠨ  ᠬᠢᠨ ᠤ ᠬᠢᠨᠠᠯᠲᠠ ᠲᠠᠯᠪᠢᠬᠤ ᠶᠢ ᠴᠢᠩᠭᠠᠳᠬᠠᠪᠠ᠃      ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠤᠨ ᠠᠮᠵᠢᠯᠲᠠ ᠣᠯᠣᠭᠰᠠᠨ ᠨᠢ ᠬᠢᠯᠪᠠᠷ ᠪᠣᠰᠣ ᠶᠣᠮ᠃ ᠡᠨᠡ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠭᠰᠠᠨ ᠤ ᠦᠷ᠎ᠡ ᠳ᠋ᠦᠡᠭ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠷᠭᠠᠭᠤ ᠪᠠᠷ ᠲᠡᠮᠡᠴᠡᠨ᠂ ᠬᠠᠲᠠᠭᠤᠵᠢᠯᠲᠠᠢ ᠴᠢᠷᠮᠠᠶᠢᠭᠰᠠᠨ ᠤ ᠦᠷ᠎ᠡ ᠳ᠋ᠦᠡᠭ ᠪᠣᠯᠬᠤ ᠪᠦᠭᠡᠳ ᠮᠦᠨᠴᠦ ᠨᠡᠶᠢᠬᠡᠮ ᠤᠨ ᠡᠯ᠎ᠡ ᠡᠲᠡᠭᠡᠳ ᠤᠨ ᠬᠢᠨ ᠶᠡᠬᠡᠬᠡᠨ ᠳᠡᠮᠵᠢᠵᠣ ᠬᠠᠪᠰᠣᠷᠣᠭᠰᠠᠨ ᠤ ᠦᠷ᠎ᠡ ᠳ᠋ᠦᠡᠭ ᠪᠣᠯᠬᠤ ᠶᠣᠮ᠃ ᠠᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠰᠢᠷᠭᠠᠭᠤ ᠪᠠᠷ ᠠᠵᠢᠯᠯᠠᠵᠤ ᠪᠠᠶᠢᠭ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠠᠷᠠᠳ ᠤᠨ ᠪᠦᠯᠬᠦᠮ᠂ ᠦᠪᠦᠷ ᠮᠣᠩᠭᠤᠯ ᠤᠨ ᠪᠦᠲᠦᠭᠡᠨ ᠪᠠᠶᠢᠭᠤᠯᠣᠯᠲᠠ ᠬᠢᠭᠡᠳ ᠬᠦᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠦᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠣᠯᠵᠣ ᠬᠠᠷᠠᠭᠰᠠᠨ ᠤ ᠳᠠᠭᠠᠣ ᠪᠢᠳᠡ ᠪᠠᠰᠠ ᠠᠵᠣ ᠠᠬᠤᠢ ᠨᠡᠶᠢᠬᠡᠮ ᠤᠨ ᠬᠦᠭᠵᠢᠯᠲᠡ ᠳᠤ ᠣᠷᠣᠰᠢᠵᠣ ᠪᠠᠶᠢᠭ᠎ᠠ ᠠᠰᠠᠭᠤᠳᠠᠯ ᠪᠣᠯᠣᠨ ᠲᠣᠯᠭᠠᠷᠠᠵᠣ ᠪᠦᠬᠦᠢ ᠬᠦᠴᠢᠷᠳᠡᠯ ᠢ ᠰᠡᠷᠭᠡᠭ ᠢᠶᠠᠷ ᠣᠯᠵᠣ ᠲᠠᠨᠢᠪᠠ᠃ ᠨᠢᠭᠡ ᠳᠤ ᠠᠵᠣ ᠠᠬᠤᠢ ᠶᠢᠨ ᠪᠠᠭᠤᠷᠠᠵᠣ ᠪᠠᠶᠢᠭ᠎ᠠ ᠳᠠᠷᠣᠯᠲᠠ ᠨᠡᠮᠡᠭᠳᠡᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠲᠠᠯᠭ᠎ᠠ ᠬᠦᠷᠦᠯᠴᠡᠬᠦ ᠦᠭᠡᠢ᠂ ᠭᠤᠣᠯ ᠪᠣᠯᠬᠤ ᠠᠵᠣ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠨᠭ᠍ᠰᠢ ᠪᠠᠭᠤᠷᠠᠭᠰᠠᠨ ᠵᠡᠷᠭᠡ ᠬᠦᠴᠦᠨ ᠵᠦᠢᠯ ᠤᠨ ᠨᠦᠯᠦᠭᠡᠯᠡᠯ ᠠᠴᠠ ᠪᠣᠯᠵᠣ᠂ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠣᠳᠠᠭᠠᠰᠢᠷᠠᠨ᠂ ᠵᠠᠷᠢᠮ ᠳᠠᠪᠠᠭᠤᠯᠢᠭ ᠠᠵᠣ ᠦᠢᠯᠡᠰ ᠤᠨ ᠠᠰᠢᠭ ᠣᠯᠵᠠᠪᠣᠷᠢ ᠶᠢᠨ ᠣᠷᠣᠨ ᠵᠠᠢ ᠢᠪᠴᠣᠣᠷᠠᠵᠣ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ ᠶᠡᠭᠡᠰᠭᠡᠪᠡ᠃ ᠬᠤᠶᠠᠷ ᠲᠤ ᠠᠵᠣ ᠠᠬᠤᠢ ᠶᠢᠨ ᠪᠦᠲᠦᠴᠡ ᠵᠦᠢ ᠵᠣᠬᠢᠰ ᠦᠭᠡᠢ ᠪᠠᠶᠢᠨ᠎ᠠ᠃ ᠠᠩᠬᠠᠨ ᠤ ᠪᠦᠲᠦᠭᠡᠭᠳᠡᠬᠦᠨ ᠤ ᠬᠤᠪᠢ ᠶᠢᠨ ᠵᠢᠩ ᠶᠡᠭᠡ ᠪᠠᠶᠢᠵᠣ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ ᠲᠠᠢ ᠪᠠᠶᠢᠵᠣ᠂ ᠦᠢᠯᠡᠴᠢᠯᠡᠭᠡᠨ ᠤ ᠦᠢᠯᠡᠰ ᠪᠣᠯᠣᠨ ᠳᠣᠮᠲᠠ ᠪᠠᠭ᠎ᠠ ᠠᠵᠣ ᠠᠬᠤᠶᠢᠯᠠᠯ ᠤᠨ ᠬᠦᠭᠵᠢᠯᠲᠡ ᠬᠤᠴᠣᠷᠠᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠭᠦᠳᠬᠦ ᠴᠢᠳᠠᠪᠣᠷᠢ ᠴᠢᠩᠭ᠎ᠠ ᠪᠣᠰᠣ᠂ ᠬᠦᠭᠵᠢᠯᠲᠡ ᠶᠢᠨ  ᠠᠷᠭ᠎ᠠ ᠮᠠᠶ᠋ᠢᠭ ᠪᠠᠰᠠ ᠨᠡᠯᠢᠶᠡᠳ ᠪᠦᠳᠦᠭᠦᠯᠢᠩ᠂ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠪᠣᠯᠣᠨ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠲᠡ ᠲᠣᠲᠠᠮᠠᠭ᠂ ᠬᠤᠲᠠ ᠬᠦᠳᠡᠭᠡ᠂ ᠣᠷᠣᠨ ᠪᠦᠰᠡ ᠶᠢᠨ ᠬᠦᠭᠵᠢᠯᠲᠡ ᠲᠡᠩᠴᠡᠭᠦᠷᠢ ᠦᠭᠡᠢ ᠪᠠᠶᠢᠨ᠎ᠠ᠃ ᠭᠤᠷᠪᠠ ᠳᠤ ᠰᠠᠭᠤᠷᠢ ᠪᠡᠯᠡᠳᠭᠡᠮᠵᠢ ᠶᠢᠨ ᠪᠣᠭᠤᠮᠢ ᠬᠢᠵᠠᠭᠠᠷᠯᠠᠯ ᠮᠦᠨ ᠬᠦ ᠬᠦᠨᠳᠦ ᠨᠣᠴᠢᠲᠠᠢ ᠪᠠᠶᠢᠨ᠎ᠠ᠃ ᠡᠨᠧᠷᠬᠢ ᠶᠢᠨ ᠨᠡᠪᠲᠡᠷᠡᠯ ᠵᠠᠮ ᠤᠨ ᠪᠦᠲᠦᠭᠡᠨ ᠪᠠᠶᠢᠭᠤᠯᠣᠯᠲᠠ ᠬᠠᠷᠢᠴᠠᠩᠭᠤᠢ ᠬᠤᠴᠣᠷᠠᠵᠣ᠂ ᠪᠠᠷᠠᠭ᠎ᠠ ᠶᠢ ᠭᠠᠳᠠᠭᠰᠢ ᠲᠡᠭᠡᠭᠡᠪᠦᠷᠢᠯᠡᠬᠦ᠂ ᠴᠠᠬᠢᠯᠭᠠᠨ ᠬᠦᠴᠦᠨ ᠢ ᠭᠠᠷᠭᠠᠬᠤ ᠴᠢᠳᠠᠪᠣᠷᠢ ᠬᠦᠷᠦᠯᠴᠡᠬᠦ ᠦᠭᠡᠢ᠂ ᠣᠰᠣᠨ ᠠᠰᠢᠭᠯᠠᠯᠲᠠ ᠶᠢᠨ ᠰᠠᠭᠤᠷᠢ ᠪᠡᠯᠡᠳᠭᠡᠮᠵᠢ ᠪᠠᠭᠤᠷᠠᠢ᠂ ᠣᠰᠣᠨ ᠤ ᠡᠬᠢ ᠪᠠᠶᠠᠯᠢᠭ ᠢ ᠪᠠᠲᠣᠯᠠᠬᠤ ᠴᠢᠳᠠᠪᠣᠷᠢ ᠴᠢᠩᠭ᠎ᠠ ᠪᠣᠰᠣ ᠪᠠᠶᠢᠨ᠎ᠠ᠃ ᠳᠦᠷᠪᠡ ᠳᠤ ᠠᠷᠠᠳ ᠤᠨ ᠠᠮᠢᠳᠣᠷᠠᠯ ᠪᠣᠯᠣᠨ ᠨᠡᠶᠢᠬᠡᠮ ᠤᠨ ᠪᠠᠶᠢᠭᠤᠯᠣᠯᠲᠠ ᠶᠢ ᠣᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ ᠶᠡᠬᠡᠰᠴᠦ᠂ ᠭᠡᠰᠡᠭ ᠣᠯᠠᠨ ᠲᠦᠮᠡᠨ ᠤ ᠠᠮᠢᠳᠣᠷᠠᠯ ᠪᠣᠯᠣᠨ ᠪᠠᠰᠠ ᠨᠡᠯᠢᠶᠡᠳ ᠬᠦᠴᠢᠷᠳᠡᠯ ᠲᠠᠢ ᠪᠠᠶᠢᠭ᠎ᠠ ᠪᠦᠭᠡᠳ ᠰᠣᠷᠭᠠᠨ ᠬᠦᠮᠦᠵᠢᠯ᠂ ᠡᠮᠨᠡᠯᠭᠡ᠂ ᠨᠡᠶᠢᠬᠡᠮ ᠤᠨ ᠪᠠᠲᠣᠯᠠᠭ᠎ᠠ᠂ ᠢᠳᠡᠭᠡᠨ ᠪᠠ ᠡᠮ ᠤᠨ ᠵᠦᠢᠯ ᠤᠨ ᠠᠶᠣᠯ ᠦᠭᠡᠢ ᠶᠢᠨ ᠵᠡᠷᠭᠡ ᠲᠠᠯ᠎ᠠ ᠪᠠᠷ ᠪᠠᠰᠠ ᠣᠯᠠᠨ ᠲᠦᠮᠡᠨ ᠤ ᠲᠣᠰᠬᠠᠯ ᠳᠣᠪᠣᠶᠢᠮ᠎ᠠ ᠪᠠᠶᠢᠭ᠎ᠠ ᠴᠦᠬᠡᠨ ᠪᠣᠰᠣ ᠠᠰᠠᠭᠤᠳᠠᠯ ᠣᠷᠣᠰᠢᠵᠣ ᠪᠠᠶᠢᠨ᠎ᠠ᠃ ᠲᠠᠪᠤ ᠳᠤ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠡᠭᠦᠷᠭᠡ ᠬᠠᠲᠠᠭᠤ ᠪᠡᠷᠬᠡ ᠪᠠᠶᠢᠨ᠎ᠠ᠃ ᠬᠡᠰᠡᠭ ᠵᠠᠷᠢᠮ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ ᠮᠠᠭᠤᠵᠢᠷᠠᠵᠣ᠂ ᠡᠯᠡᠰᠦᠷᠭᠡᠭᠵᠢᠯ ᠡᠯᠡᠰᠦᠨ ᠤ ᠬᠦᠨᠦᠭᠡᠯ᠂ ᠬᠦᠷᠦᠰᠦ ᠰᠢᠷᠣᠢ ᠢᠳᠡᠭᠳᠡᠵᠦ ᠪᠠᠶᠢᠭ᠎ᠠ ᠦᠵᠡᠭᠳᠡᠯ ᠮᠦᠨ ᠬᠦ ᠬᠦᠨᠳᠦ ᠨᠣᠴᠢᠲᠠᠢ ᠪᠠᠶᠢᠵᠣ᠂ ᠣᠰᠣ᠂ ᠠᠭᠠᠷ ᠮᠠᠨᠳᠠᠯ᠂ ᠬᠦᠨᠳᠦ ᠲᠡᠮᠦᠷᠯᠢᠭ ᠤᠨ ᠪᠣᠬᠢᠷᠳᠣᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠵᠢᠷᠭᠤᠭ᠎ᠠ ᠳᠤ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢᠨ ᠬᠤᠪᠢᠷᠠᠭᠤᠯᠣᠯᠲᠠ ᠬᠦᠷᠦᠯᠴᠡᠬᠦ ᠦᠭᠡᠢ ᠪᠠᠶᠢᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠨᠡᠶᠢᠬᠡᠮ ᠤᠨ ᠬᠠᠷᠢᠴᠠᠭ᠎ᠠ ᠪᠠᠰᠠ ᠰᠢᠯᠣᠭᠤᠳᠣᠭᠠᠳᠣᠢ ᠪᠠᠶᠢᠵᠣ᠂ ᠣᠯᠠᠨ ᠨᠡᠶᠢᠲᠡ ᠶᠢᠨ ᠦᠢᠯᠡᠴᠢᠯᠡᠭᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠵᠡᠷᠭᠡ ᠡᠭᠦᠷᠭᠡ ᠴᠢᠳᠠᠪᠣᠷᠢ ᠪᠠᠨ ᠪᠠᠳᠠᠷᠠᠭᠤᠯᠬᠤ ᠶᠠᠪᠣᠳᠠᠯ ᠪᠠᠰᠠ ᠬᠦᠷᠦᠯᠴᠡᠬᠦ ᠦᠭᠡᠢ ᠪᠠᠶᠢᠵᠣ᠂ ︽ᠳᠦᠷᠪᠡᠨ ᠰᠣᠷᠲᠠᠯ︾ ᠤᠨ ᠠᠰᠠᠭᠤᠳᠠᠯ ᠮᠦᠨ ᠬᠦ ᠠᠳᠠᠯᠢ ᠪᠣᠰᠣ ᠬᠡᠮᠵᠢᠶ᠎ᠡ ᠪᠠᠷ ᠣᠷᠣᠰᠢᠵᠣ ᠪᠠᠶᠢᠨ᠎ᠠ᠃ ᠡᠭᠦᠨ ᠢ ᠪᠢᠳᠡ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃      ᠬᠤᠶᠠᠷ᠂ ᠡᠨᠡ ᠵᠢᠯ ᠤᠨ ᠭᠤᠣᠯ ᠡᠭᠦᠷᠭᠡ      2014 ᠣᠨ ᠪᠣᠯ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠣᠭᠠᠷ ᠪᠦᠬᠦᠲᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠣ᠂  ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠡᠬᠢᠯᠡᠯᠲᠡ ᠶᠢᠨ ᠵᠢᠯ ᠪᠣᠯᠬᠤ ᠪᠦᠭᠡᠳ ᠮᠦᠨ ᠴᠦ ᠦᠪᠡᠷᠲᠡᠬᠡᠨ ᠵᠠᠰᠠᠬᠤ ᠣᠷᠣᠨ ᠤ ︽8337︾ ᠬᠦᠭᠵᠢᠯᠲᠡ ᠶᠢᠨ ᠰᠡᠳᠬᠢᠴᠡ ᠶᠢ ᠲᠣᠭᠤᠰᠢᠯᠠᠭᠤᠯᠣᠨ ᠨᠠᠶᠢᠳᠠᠪᠦᠷᠢᠵᠢᠭᠤᠯᠬᠤ ᠶᠢ ᠲᠦᠯᠬᠢᠨ ᠠᠬᠢᠭᠤᠯᠬᠤ᠂ ︽12.5︾ ᠶᠢᠨ ᠲᠦᠯᠦᠪᠵᠢᠭᠦᠯᠭᠡ ᠶᠢᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠣᠷᠴᠢᠨ ᠠᠬᠤᠢ ᠮᠦᠨ ᠬᠦ ᠪᠣᠳᠣᠯᠢᠶᠠᠨᠲᠠᠢ ᠪᠦᠭᠡᠳ ᠬᠠᠲᠠᠭᠤ ᠴᠢᠩᠭ᠎ᠠ ᠪᠠᠶᠢᠵᠣ᠂ ᠲᠣᠭᠲᠠᠭᠤᠨ ᠪᠠᠶᠢᠬᠤ ᠶᠢᠨ ᠳᠠᠭᠠᠣ ᠲᠦᠭᠰᠢᠭᠦᠷᠢ ᠲᠠᠢ᠂ ᠠᠵᠣ ᠲᠣᠬᠢᠶᠠᠯ ᠪᠣᠯᠣᠨ ᠦᠷᠢᠰᠦᠯᠳᠦᠭᠡᠨ ᠬᠠᠮᠲᠣ ᠣᠷᠣᠰᠢᠵᠣ ᠪᠣᠢ᠃ ᠪᠢᠳᠡ ᠲᠣᠯᠭᠠᠷᠠᠵᠣ ᠮᠡᠳᠡᠬᠦ ᠬᠦᠴᠢᠷᠳᠡᠯ ᠪᠣᠯᠣᠨ ᠦᠷᠢᠰᠦᠯᠳᠦᠭᠡᠨ ᠢ ᠭᠦᠢᠴᠡᠳ ᠵᠢᠱᠢᠵᠦ᠂ ᠦᠷᠢᠳᠠᠰᠠ ᠰᠠᠶᠢᠳᠣᠷ ᠪᠡᠯᠡᠳᠬᠡᠯ ᠬᠢᠵᠦ᠂ ᠬᠡᠮ ᠢ ᠢᠷᠡᠬᠦ ᠠᠴᠠ ᠨᠢ ᠡᠮᠦᠨ᠎ᠡ ᠰᠡᠷᠭᠡᠶᠢᠯᠡᠬᠦ ᠬᠡᠷᠡᠭᠲᠡᠢ ᠮᠦᠷᠲᠡᠬᠡᠨ ᠪᠠᠰᠠ ᠢᠲᠡᠭᠡᠯ ᠵᠣᠷᠢᠭ ᠢᠶᠠᠨ ᠪᠠᠳᠣᠳᠬᠠᠨ᠂ ᠰᠢᠨᠵᠢᠯᠡᠬᠦ ᠣᠬᠠᠭᠠᠨᠴᠢ ᠪᠠᠷ ᠠᠷᠭᠠᠴᠠᠵᠣ᠂ ᠡᠯ᠎ᠡ ᠵᠦᠢᠯ ᠤᠨ ᠠᠵᠢᠯ ᠢᠶᠠᠨ ᠯᠠᠪᠲᠠᠭᠤᠨ ᠪᠠᠲᠣᠲᠠᠢ ᠰᠠᠶᠢᠳᠣᠷ ᠬᠢᠬᠦ ᠬᠡᠷᠡᠭᠲᠡᠢ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠲᠠᠯᠭ᠎ᠠ ᠪᠣᠯ᠄ ᠲᠣᠮᠲᠠᠲᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠠᠭᠤᠣ ᠶᠡᠭᠡ ᠲᠤᠭ ᠢ ᠦᠨᠳᠦᠷ ᠮᠠᠨᠳᠣᠭᠤᠯᠣᠨ᠂ ᠳ᠋ᠸᠡᠭ ᠰᠢᠶᠣᠣ ᠫᠢᠡᠭ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠣᠭᠤᠳᠠᠯᠭ᠎ᠠ ᠪᠣᠯᠭᠠᠵᠣ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠣᠭᠠᠷ᠂ ᠭᠤᠷᠪᠠᠳᠣᠭᠠᠷ ᠪᠦᠬᠦᠲᠡ ᠬᠤᠷᠠᠯ᠂ ᠲᠦᠪ ᠤᠨ ᠠᠵᠣ ᠠᠬᠤᠢ ᠶᠢᠨ ᠠᠵᠢᠯ ᠤᠨ ᠬᠤᠷᠠᠯ ᠪᠣᠯᠣᠨ ᠰᠢ ᠶᠢᠨ ᠫᠢᠡᠭ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ  ᠨᠠᠶᠢᠳᠠᠪᠦᠷᠢᠵᠢᠭᠤᠯᠵᠣ᠂ ᠦᠪᠡᠷᠲᠡᠭᠡᠨ ᠵᠠᠰᠠᠬᠤ ᠣᠷᠣᠨ ᠤ ︽8337︾ ᠬᠦᠭᠵᠢᠯᠲᠡ ᠶᠢᠨ ᠰᠡᠳᠬᠢᠴᠡ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠦᠬᠦ ᠬᠡᠰᠢᠭᠦᠳ ᠤᠨ ᠬᠤᠷᠠᠯ ᠶᠢᠰᠦᠳᠦᠭᠡᠷ ᠬᠤᠭᠤᠴᠠᠭᠠᠨ ᠤ ᠠᠷᠪᠠᠳᠣᠭᠠᠷ ᠣᠳᠠᠭᠠᠨ ᠤ ᠪᠦᠬᠦ ᠬᠡᠰᠢᠭᠦᠳ ᠤᠨ ᠬᠤᠷᠠᠯ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ  ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂  ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠡᠯ᠎ᠡ ᠬᠦᠷᠢᠶᠡᠨ ᠤ ᠵᠠᠩᠬᠢᠯᠭ᠎ᠠ ᠨᠢᠭᠡᠪᠦᠷᠢ ᠳᠤ ᠲᠣᠭᠤᠰᠢᠯᠠᠵᠣ᠂ ᠪᠦᠲᠦᠮᠵᠢᠲᠡᠢ ᠪᠡᠯᠡ ᠣᠷᠣᠭᠤᠯᠣᠯᠲᠠ ᠶᠢ ᠦᠷᠭᠡᠳᠭᠡᠬᠦ ᠪᠠᠷ ᠭᠤᠣᠯᠳᠠᠯᠭ᠎ᠠ ᠪᠣᠯᠭᠠᠨ ᠠᠵᠣ ᠠᠬᠤᠢ ᠶᠢᠨ ᠨᠡᠮᠡᠭᠳᠡᠯ ᠢ ᠲᠣᠭᠲᠠᠪᠣᠷᠢᠵᠢᠭᠤᠯᠵᠣ᠂ ︽ᠲᠠᠪᠣᠨ ᠶᠡᠭᠡ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠠᠵᠣ ᠦᠢᠯᠡᠰ ᠤᠨ ᠪᠦᠲᠦᠴᠡ ᠳᠤ ᠲᠣᠬᠢᠷᠠᠭᠤᠯᠣᠯᠲᠠ ᠬᠢᠵᠦ᠂ ᠠᠷᠠᠳ ᠤᠨ ᠠᠮᠢᠳᠣᠷᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ ᠬᠤᠲᠠ ᠬᠦᠳᠡᠭᠡ ᠶᠢᠨ ᠵᠣᠬᠢᠴᠠᠩᠭᠤᠢ ᠪᠠᠷ ᠬᠦᠭᠵᠢᠬᠦ ᠶᠢ ᠨᠢᠭᠡᠳᠦᠯᠲᠡᠢ ᠲᠦᠯᠦᠪᠯᠡᠵᠦ᠂ ᠠᠵᠣ ᠠᠬᠤᠢ ᠶᠢᠨ ᠪᠠᠶᠢᠭᠤᠯᠣᠯ ᠤᠨ  ᠥᠭᠡᠷᠡᠴᠢᠯᠡᠯᠲᠡ ᠶᠢ ᠲᠦᠷᠭᠡᠳᠬᠡᠬᠦ ᠪᠠᠷ ᠭᠤᠣᠯᠳᠠᠯᠭ᠎ᠠ ᠪᠣᠯᠭᠠᠨ  ᠥᠭᠡᠷᠡᠴᠢᠯᠡᠯᠲᠡ ᠨᠡᠬᠡᠬᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠣ ᠠᠬᠤᠢ ᠶᠢᠨ ᠬᠦᠭᠵᠢᠯᠲᠡ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠂ ᠠᠷᠠᠳ ᠤᠨ ᠠᠮᠢᠳᠣᠷᠠᠯ ᠤᠨ ᠶᠠᠰᠣ ᠴᠢᠨᠠᠷ ᠪᠣᠯᠣᠨ ᠬᠢᠷᠢ ᠬᠡᠮᠵᠢᠶ᠎ᠡ ᠶᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠰᠠᠭᠤᠷᠢ ᠪᠡᠯᠡᠳᠭᠡᠮᠵᠢ ᠪᠣᠯᠣᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠪᠠ ᠲᠡᠭᠦᠯᠳᠡᠷᠵᠢᠭᠦᠯᠵᠦ᠂ ᠨᠡᠶᠢᠬᠡᠮ ᠤᠨ ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠣ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠪᠣᠯᠣᠨ᠎ᠠ᠃ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠢ 9% ᠣᠷᠴᠢᠮ ᠢᠶᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 7% ᠪᠠᠷ ᠨᠡᠮᠡᠭᠳᠡᠭᠦᠯᠦᠨ᠂ ᠪᠦᠬᠦ ᠨᠡᠶᠢᠬᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 15% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠢ 12% ᠢᠶᠠᠷ ᠨᠡᠮᠡᠭᠳᠡᠭᠦᠯᠵᠦ᠂ ᠬᠤᠲᠠ ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠶᠢ 9% ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠮᠦᠨ ᠪᠦᠷᠢ ᠶᠢᠨ ᠳᠣᠮᠳᠠᠴᠢ ᠴᠡᠪᠡᠷ ᠣᠷᠣᠯᠭ᠎ᠠ ᠶᠢ 10% ᠪᠠᠷ ᠨᠡᠮᠡᠭᠳᠡᠭᠦᠯᠵᠦ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠣᠬᠤ ᠶᠡᠷᠦᠩᠬᠡᠢ ᠲᠤᠭ᠎ᠠ ᠶᠢ 12% ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠣ ᠶᠢᠨ  ᠳᠠᠩᠰᠠᠯᠠᠭᠤᠯᠬᠤ ᠠᠵᠢᠯ ᠤᠨ ᠠᠯᠳᠠᠯᠲᠠ ᠶᠢᠨ ᠨᠣᠷᠮ᠎ᠠ ᠶᠢ 4% ᠶᠢᠨ ᠲᠣᠲᠣᠷ᠎ᠠ ᠬᠢᠵᠠᠭᠠᠷᠯᠠᠵᠣ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠨᠭ᠍ᠰᠢ ᠶᠢᠨ ᠶᠡᠷᠦᠩᠬᠡᠢ ᠬᠢᠷᠢ ᠬᠡᠮᠵᠢᠶ᠎ᠡ ᠶᠢᠨ ᠦᠰᠦᠯᠲᠡ ᠶᠢᠨ ᠬᠡᠮᠵᠢᠶ᠎ᠡ ᠶᠢ 3.5% ᠶᠢᠨ ᠣᠷᠴᠢᠮ ᠳᠤ ᠬᠢᠵᠠᠭᠠᠷᠯᠠᠵᠣ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠴᠦᠮ 2.2% ᠠᠴᠠ ᠳᠡᠭᠡᠭᠰᠢ ᠪᠠᠷ ᠪᠠᠭᠤᠷᠭᠤᠯᠬᠤ ᠪᠣᠯᠣᠨ᠎ᠠ᠃      ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠬᠠᠷᠠᠯᠲᠠ ᠶᠢᠨ ᠡᠭᠦᠷᠬᠡ ᠶᠢ ᠪᠡᠶᠡᠯᠡᠭᠦᠯᠬᠦ ᠳᠤ᠂ ᠭᠤᠷᠪᠠᠨ ᠲᠠᠯ᠎ᠠ ᠶᠢ ᠰᠠᠶᠢᠳᠣᠷ ᠡᠵᠡᠮᠰᠢᠬᠦ ᠬᠡᠷᠡᠭᠲᠡᠢ᠄ ᠨᠢᠭᠡ ᠳᠤ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠶᠢ ᠪᠠᠷᠢᠮᠲᠠᠯᠠᠬᠤ ᠬᠡᠷᠡᠭᠲᠡᠢ᠃ ᠣᠳᠣᠬᠠᠨ ᠤ ᠪᠠ ᠬᠤᠶᠢᠰᠢᠲᠠ ᠶᠢᠨ ᠨᠢᠭᠡᠨ ᠬᠤᠭᠤᠴᠠᠭᠠᠨ ᠳᠤ᠂ ᠬᠡᠳᠦᠶᠢᠪᠡᠷ ᠮᠠᠨ ᠤ ᠣᠷᠣᠨ ᠤ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠣᠷᠲᠣ ᠬᠤᠭᠤᠴᠠᠭ᠎ᠠ ᠪᠠᠷ ᠰᠠᠶᠢᠵᠢᠷᠠᠯ ᠲᠠᠢ ᠪᠠᠶᠢᠬᠤ ᠦᠨᠳᠦᠰᠦᠨ ᠪᠠᠶᠢᠳᠠᠯ ᠬᠤᠪᠢᠷᠭᠠᠲᠣᠢ ᠪᠣᠯᠪᠠᠴᠣ᠂ ᠭᠠᠳᠠᠭᠠᠲᠣ ᠣᠷᠴᠢᠨ ᠠᠬᠤᠢ ᠪᠣᠯᠣᠨ ᠲᠣᠯᠭᠠᠭᠤᠷᠢᠯᠠᠬᠤ ᠨᠦᠭᠦᠴᠡᠯ ᠳᠤ ᠢᠯᠡᠷᠡᠬᠡᠢ ᠬᠤᠪᠢᠷᠠᠯᠲᠠ ᠭᠠᠷᠴᠣ᠂ ᠶᠠᠭ ᠠᠵᠣ ᠠᠬᠤᠢ ᠬᠤᠷᠳᠣᠴᠠ ᠪᠠᠨ ᠨᠡᠮᠡᠭᠳᠡᠭᠦᠯᠬᠦ ᠳᠡᠰ ᠢᠶᠠᠨ ᠰᠣᠯᠢᠬᠤ ᠬᠤᠭᠤᠴᠠᠭ᠎ᠠ ᠪᠠ ᠪᠦᠲᠦᠴᠡ ᠶᠢᠨ ᠲᠣᠬᠢᠷᠠᠭᠤᠯᠣᠯᠲᠠ ᠦᠶ᠎ᠡ ᠦᠶ᠎ᠡ ᠬᠦᠨᠳᠡᠬᠦ ᠬᠤᠭᠤᠴᠠᠭᠠᠨ ᠳᠤ ᠣᠷᠣᠰᠢᠬᠤ ᠪᠣᠯᠣᠨ᠎ᠠ᠃ ᠡᠨᠡᠬᠦ ᠬᠤᠭᠤᠴᠠᠭᠠᠨ ᠳᠤ ᠠᠵᠣ ᠠᠬᠤᠢ ᠶᠢᠨ ᠯᠠᠪᠳᠠᠭᠤᠨ ᠲᠣᠭᠲᠠᠭᠤᠨ ᠪᠦᠭᠡᠳ ᠨᠡᠯᠢᠶᠡᠳ ᠲᠦᠷᠭᠡᠨ ᠨᠡᠮᠡᠭᠳᠡᠯ ᠢ ᠪᠠᠲᠣᠯᠠᠵᠣ᠂ ᠠᠵᠢᠯ ᠣᠯᠭᠤᠯᠲᠠ ᠶᠢ ᠦᠷᠭᠡᠳᠭᠡᠬᠦ᠂ ᠡᠳ᠋  ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠢᠱᠢᠯᠲᠡ ᠳᠤ ᠪᠠᠲᠣᠯᠠᠭ᠎ᠠ ᠬᠠᠨᠭ᠍ᠭᠠᠬᠤ ᠬᠡᠷᠡᠭᠲᠡᠢ ᠮᠦᠷᠲᠡᠭᠡᠨ ᠪᠠᠰᠠ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠵᠦᠢ ᠵᠣᠬᠢᠰᠲᠠᠢ ᠣᠷᠣᠨ ᠳᠤ ᠬᠢᠵᠠᠭᠠᠷᠯᠠᠵᠣ᠂ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠳᠤ ᠣᠷᠣᠨ ᠵᠠᠢ ᠦᠯᠡᠳᠡᠭᠡᠵᠦ ᠦᠭᠬᠦ ᠬᠡᠷᠡᠭᠲᠡᠢ᠃ ᠡᠶᠢᠮᠦ ᠠᠴᠠ᠂ ᠡᠷᠬᠡᠪᠰᠢ ᠯᠠᠪᠳᠠᠭᠤᠨ ᠢᠶᠠᠷ ᠣᠷᠣᠭᠰᠢ ᠲᠠᠪᠰᠢᠭᠤᠯᠬᠤ᠂ ᠯᠠᠪᠳᠠᠭᠤᠨ ᠢᠶᠠᠷ ᠦᠢᠯᠡᠰ ᠪᠦᠳᠦᠭᠡᠬᠦ᠂ ᠯᠠᠪᠳᠠᠭᠤᠨ ᠢᠶᠠᠷ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ  ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠲᠦᠪ ᠠᠴᠠ  ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠬᠢᠭᠰᠡᠨ ᠶᠠᠪᠣᠳᠠᠯ ᠨᠢ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠳᠡᠰ ᠳᠡᠪᠰᠢᠭᠦᠯᠬᠦ ᠪᠠᠷ ᠭᠤᠣᠯ ᠪᠣᠯᠭᠠᠭᠰᠠᠨ ᠰᠢᠨ᠎ᠡ ᠨᠢᠭᠡᠨ ᠡᠭᠡᠯᠵᠢ ᠶᠢᠨ ᠬᠦᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠂ ᠬᠡᠷᠪᠡ ᠰᠢᠨ᠎ᠡ ᠡᠷᠡᠨ ᠵᠠᠭᠤᠨ ᠤ ᠲᠦᠷᠦᠭᠦᠦ ᠠᠷᠪᠠᠨ ᠵᠢᠯ ᠳᠤ ᠦᠪᠦᠷ ᠮᠣᠩᠭᠤᠯ ᠮᠠᠨ ᠤ ᠣᠯᠣᠰ ᠤᠨ ᠠᠵᠣ ᠠᠬᠤᠢ ᠶᠢᠨ ᠲᠦᠷᠭᠡᠨ ᠨᠡᠮᠡᠭᠳᠡᠯ ᠤᠨ ᠬᠤᠭᠤᠴᠠᠭᠠᠨ ᠳᠤ ᠣᠷᠣᠭᠰᠠᠨ ᠴᠢᠬᠤᠯᠠ ᠶᠡᠭᠡ ᠠᠵᠠ ᠲᠣᠬᠢᠶᠠᠯ ᠢ ᠵᠠᠪᠳᠣᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ ᠪᠠᠷ ᠳᠠᠮᠵᠢᠭᠤᠯᠣᠨ ᠠᠵᠣ ᠠᠬᠤᠢ ᠶᠢᠨ ᠨᠢᠰᠬᠦ ᠮᠡᠲᠦ ᠲᠦᠷᠭᠡᠨ ᠬᠦᠭᠵᠢᠬᠦ ᠶᠢ ᠪᠡᠶᠡᠯᠡᠭᠦᠯᠪᠡ ᠭᠡᠬᠦ ᠳᠤ ᠬᠦᠷᠪᠡᠯ᠂ ᠣᠳᠣ ᠪᠠᠷ ᠢᠶᠠᠨ ᠰᠢᠨ᠎ᠡ ᠨᠢᠭᠡᠨ ᠡᠭᠡᠯᠵᠢ ᠶᠢᠨ  ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂  ᠥᠭᠡᠷᠡᠴᠢᠯᠡᠯᠲᠡ ᠪᠠᠷ ᠬᠦᠭᠵᠢᠯᠲᠡ ᠶᠢ ᠠᠬᠢᠭᠤᠯᠵᠣ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠᠷ ᠪᠦᠲᠦᠴᠡ ᠶᠢᠨ ᠲᠣᠬᠢᠷᠠᠭᠤᠯᠣᠯᠲᠠ ᠶᠢ ᠠᠬᠢᠭᠤᠯᠵᠣ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠠᠬᠢᠭᠤᠯᠵᠣ᠂  ᠥᠭᠡᠷᠡᠴᠢᠯᠡᠯᠲᠡ ᠬᠢᠵᠦ ᠰᠢᠨ᠎ᠡ ᠡᠭᠦᠳᠬᠦ ᠪᠠᠷ ᠳᠠᠮᠵᠢᠭᠤᠯᠣᠨ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠲᠣᠲᠣᠭᠠᠲᠣ ᠬᠦᠳᠡᠯᠭᠡᠬᠦ ᠬᠦᠴᠦᠨ ᠪᠣᠯᠣᠨ ᠠᠮᠢᠵᠢᠷᠠᠯ ᠶᠢᠨ ᠬᠦᠴᠦᠨ ᠢ ᠭᠦᠢᠴᠡᠳ ᠭᠠᠷᠭᠠᠨ᠂ ᠨᠡᠩ ᠰᠠᠶᠢᠨ ᠶᠠᠰᠣ ᠴᠢᠨᠠᠷ᠂ ᠨᠡᠩ ᠢᠯᠡᠭᠦᠦ ᠦᠷ᠎ᠡ ᠠᠰᠢᠭ᠂ ᠨᠡᠩ ᠦᠷᠭᠦᠯᠵᠢᠯᠡᠬᠦ ᠬᠦᠭᠵᠢᠯᠲᠡ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ ᠠᠷᠠᠳ ᠤᠨ ᠠᠮᠢᠳᠣᠷᠠᠯ ᠢ ᠡᠩ ᠲᠡᠷᠢᠭᠦᠨ ᠳᠤ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠲᠦᠪ ᠤᠨ ︽ᠨᠠᠭᠠᠲᠣ ᠵᠠᠬ᠎ᠠ ᠶᠢᠨ ᠨᠦᠭᠦᠴᠡᠯ ᠪᠣᠯᠣᠮᠵᠢ ᠪᠠᠨ ᠪᠠᠷᠢᠮᠲᠠᠯᠠᠬᠤ᠂ ᠭᠤᠣᠯᠳᠠᠭ᠎ᠠ ᠶᠢ ᠳᠣᠪᠣᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡᠨ ᠢ ᠬᠦᠳᠦᠯᠦᠨ ᠵᠢᠯᠣᠭᠤᠳᠬᠤ︾ ᠱᠠᠠᠭᠠᠷᠲᠠᠯᠭ᠎ᠠ ᠶᠣᠰᠣᠭᠠᠷ᠂ ᠦᠪᠡᠷᠲᠡᠭᠡᠨ ᠵᠠᠰᠠᠬᠤ ᠣᠷᠣᠨ ᠤ ᠪᠣᠲᠠᠲᠣ ᠪᠠᠶᠢᠳᠠᠯ ᠲᠠᠢ ᠣᠶᠠᠯᠳᠣᠭᠤᠯᠣᠨ᠂ ᠠᠵᠢᠯ ᠣᠯᠭᠤᠬᠤ᠂ ᠰᠣᠷᠭᠠᠨ ᠬᠦᠮᠦᠵᠢᠯ᠂ ᠣᠷᠣᠨ ᠰᠠᠭᠤᠴᠠ᠂ ᠨᠡᠶᠢᠭᠡᠮ ᠤᠨ ᠪᠠᠲᠣᠯᠠᠭ᠎ᠠ᠂ ᠣᠷᠣᠯᠭ᠎ᠠ ᠶᠢᠨ ᠬᠤᠪᠢᠶᠠᠷᠢᠯᠠᠯᠲᠠ᠂ ᠣᠯᠠᠨ ᠨᠡᠶᠢᠲᠡ ᠶᠢᠨ ᠠᠮᠣᠷ ᠲᠦᠪᠰᠢᠨ ᠵᠡᠷᠭᠡ ᠠᠷᠠᠳ ᠤᠨ ᠠᠮᠢᠳᠣᠷᠠᠯ ᠤᠨ ᠡᠯ᠎ᠡ ᠵᠦᠢᠯ ᠤᠨ ᠠᠵᠢᠯ ᠢ ᠨᠢᠭᠡᠲᠦᠯᠲᠡᠢ ᠲᠦᠯᠦᠪᠯᠡᠨ ᠰᠠᠶᠢᠳᠣᠷ ᠬᠢᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠣᠯᠲᠠ ᠶᠢ ᠲᠦᠷᠭᠡᠳᠭᠡᠨ ᠠᠬᠢᠭᠤᠯᠵᠣ᠂ ᠪᠦᠬᠦ ᠰᠡᠳᠭᠢᠯ ᠪᠠᠶᠢᠳᠠᠭ ᠴᠢᠳᠠᠯ ᠢᠶᠠᠷ ᠢᠶᠠᠨ ᠠᠷᠠᠳ ᠣᠯᠠᠨ ᠳᠤ ᠪᠣᠲᠠᠲᠣ ᠶᠠᠪᠣᠳᠠᠯ ᠬᠢᠵᠦ ᠦᠭᠵᠦ ᠬᠦᠴᠢᠷ ᠶᠠᠪᠣᠳᠠᠯ ᠢ ᠨᠢ ᠰᠢᠢᠳᠪᠦᠷᠢᠯᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ  ᠥᠭᠡᠷᠡᠴᠢᠯᠡᠯᠲᠡ ᠬᠦᠭᠵᠢᠯᠲᠡ ᠶᠢ ᠦᠷ᠎ᠡ ᠪᠦᠲᠦᠭᠡᠯ ᠢ ᠭᠦᠢᠴᠡᠳ ᠬᠦᠷᠲᠡᠭᠡᠬᠦ ᠬᠡᠷᠡᠭᠲᠡᠢ᠃      ᠡᠨᠡ ᠵᠢᠯ ᠲᠣᠣᠷᠠᠬᠢ ᠠᠷᠪᠠᠨ ᠠᠵᠢᠯ ᠢ ᠭᠤᠣᠯᠳᠠᠯᠭ᠎ᠠ ᠲᠠᠢ ᠰᠠᠶᠢᠳᠣᠷ ᠠᠳᠬᠤᠬᠤ ᠬᠡᠷᠡᠭᠲᠡᠢ᠃      ︵ᠨᠢᠭᠡ︶ ᠪᠦᠲᠦᠮᠵᠢᠲᠠᠢ ᠬᠡᠷᠡᠭᠴᠡᠭᠡ ᠶᠢ ᠴᠢᠷᠮᠠᠶᠢᠨ ᠦᠷᠭᠡᠳᠬᠡᠵᠤ᠂ ᠠᠵᠤ ᠠᠬᠤᠢ ᠶᠢᠨ ᠲᠤᠭᠲᠠᠭᠤᠨ ᠢᠶᠠᠷ ᠨᠡᠮᠡᠭᠳᠡᠭᠦ ᠶᠢ ᠠᠬᠢᠭᠤᠯᠤᠨ᠎ᠠ      ᠪᠡᠯᠡ ᠤᠷᠤᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ︽ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠴᠢᠨᠠᠷᠯᠢᠭ ᠪᠦᠭᠡᠳ ᠲᠦᠷᠭᠡᠨ ᠬᠦᠭᠵᠢᠯᠲᠠ ᠶᠢ ᠠᠬᠢᠭᠤᠯᠬᠤ ᠲᠤᠬᠠᠢ ᠰᠠᠨᠠᠯ ᠤᠳ︾ ᠢ ᠤᠯᠠᠮ ᠨᠢᠭᠡ ᠠᠯᠬᠤᠮ ᠨᠡᠶᠢᠳᠠᠪᠤᠷᠢᠵᠢᠭᠤᠯᠵᠤ᠂ ᠪᠤᠭᠤᠮᠢ ᠬᠢᠵᠠᠭᠠᠷᠯᠠᠯ ᠢ ᠰᠢᠪᠲᠤᠯᠬᠤ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ ᠪᠠ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠤᠵᠤ ᠪᠡᠯᠡ ᠤᠷᠤᠭᠤᠯᠤᠯᠲᠠ ᠶᠢ ᠠᠳᠬᠤᠬᠤ ᠲᠤᠭᠤᠷᠢᠨ ᠳᠤ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠰᠢᠰᠲ᠋ᠧᠮᠵᠢ᠂ ᠡᠨᠧᠷᠬᠢ ᠶᠢ ᠭᠠᠳᠠᠭᠰᠢ ᠬᠦᠷᠭᠡᠬᠦ ᠨᠡᠪᠲᠡᠷᠡᠯ ᠵᠠᠮ᠂ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠪᠠ ᠮᠡᠳᠡᠭᠡ ᠵᠠᠩᠬᠢ ᠶᠢᠨ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠲᠠᠪᠤᠨ ᠶᠡᠭᠡ ᠰᠠᠭᠤᠷᠢᠨ ᠭᠠᠵᠠᠷ︾ ᠤᠨ ᠭᠤᠤᠯᠳᠠᠯᠭ᠎ᠠ ᠲᠠᠢ ᠲᠦᠯᠦᠪᠵᠢᠭᠦᠯᠭᠡ ᠶᠢᠨ ᠲᠦᠷᠦᠯ ᠵᠦᠢᠯ ᠢ ᠶᠡᠬᠡᠪᠡᠷ ᠲᠦᠯᠬᠢᠨ ᠠᠬᠢᠭᠤᠯᠵᠤ᠂ ᠲᠡᠷᠢᠶᠠᠯᠠᠩ ᠮᠠᠯ ᠠᠵᠤ ᠠᠬᠤᠢ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠡᠯᠡ ᠤᠷᠤᠭᠤᠯᠤᠯᠲᠠ ᠶᠢ ᠪᠦᠲᠦᠮᠵᠢᠲᠠᠢ ᠪᠠᠷ ᠨᠡᠮᠡᠭᠳᠡᠭᠦᠯᠦᠨ᠎ᠡ᠃ ᠤᠯᠠᠨ ᠲᠠᠯ᠎ᠠ ᠠᠴᠠ ᠪᠡᠯᠡ ᠤᠷᠤᠭᠤᠯᠬᠤ᠂ ᠵᠠᠬ᠎ᠠ ᠳᠡᠯᠭᠡᠬᠦᠷ ᠢᠶᠠᠷ ᠠᠵᠢᠯᠯᠠᠭᠤᠯᠬᠤ᠂ ᠲᠦᠷᠦ ᠶᠢᠨ ᠪᠤᠳᠤᠯᠭ᠎ᠠ ᠶᠢ ᠲᠦᠬᠦᠷᠵᠢᠭᠦᠯᠬᠦ ᠦᠨᠳᠦᠰᠦᠨ ᠰᠡᠳᠬᠢᠴᠡ ᠶᠢ ᠪᠠᠷᠢᠮᠲᠠᠯᠠᠨ᠂ ᠪᠡᠯᠡ ᠲᠤᠬᠢᠷᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠨ᠎ᠡ᠃ ᠤᠯᠤᠰ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠤᠪᠴᠢᠲᠠᠢ ᠡᠵᠡᠮᠰᠢᠨ᠂ ᠲᠦᠪ ᠤᠨ ᠲᠦᠰᠦᠪ ᠤᠨ ᠲᠤᠲᠤᠷᠠᠬᠢ ᠪᠡᠯᠡ ᠮᠦᠡᠭᠭᠦ ᠶᠢ ᠢᠳᠡᠪᠬᠢᠯᠡᠨ ᠤᠯᠵᠤ᠂ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠤᠬᠢᠷᠠᠭᠤᠯᠬᠤ ᠬᠡᠪᠴᠢᠶ᠎ᠡ ᠪᠠᠨ ᠦᠷᠭᠡᠳᠬᠡᠬᠦ ᠶᠢ ᠳᠡᠮᠵᠢᠵᠤ ᠬᠦᠲᠦᠯᠦᠨ ᠵᠢᠯᠦᠭᠤᠳᠤᠨ᠎ᠠ᠃ ᠪᠡᠯᠡ ᠤᠷᠤᠭᠤᠯᠬᠤ ᠪᠡᠯᠡ ᠲᠤᠬᠢᠷᠠᠭᠤᠯᠬᠤ ᠪᠠᠶᠢᠭᠤᠯᠤᠯ ᠲᠤᠭᠲᠠᠴᠠ ᠶᠢᠨ ᠰᠢᠨ᠎ᠠ ᠶᠢ ᠡᠭᠦᠳᠴᠤ᠂ ᠪᠡᠯᠡ ᠤᠷᠤᠭᠤᠯᠵᠤ ᠪᠡᠯᠡ ᠲᠤᠬᠢᠷᠠᠭᠤᠯᠬᠤ ᠤᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠨ᠂  ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ᠪᠡᠯᠡ ᠤᠷᠤᠭᠤᠯᠬᠤ ᠢᠲᠡᠭᠡᠯ ᠵᠤᠷᠢᠭ ᠢ ᠨᠡᠮᠡᠭᠳᠡᠭᠦᠯᠵᠤ᠂ ᠠᠷᠠᠳ ᠤᠨ ᠪᠡᠯᠡ ᠤᠷᠤᠭᠤᠯᠤᠯᠲᠠ ᠶᠢᠨ ᠳᠠᠯᠳᠠ ᠬᠦᠴᠦᠨ ᠢ ᠬᠦᠢᠴᠡᠳ ᠠᠭᠤᠲᠠᠯᠯᠠᠨ᠎ᠠ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠬᠦᠰᠢᠭᠦᠷᠬᠡ ᠶᠢᠨ ᠦᠢᠯᠡᠳᠦᠯ ᠢ ᠪᠠᠳᠠᠷᠠᠭᠤᠯᠤᠨ᠂ ᠡᠬᠢ ᠪᠠᠶᠠᠯᠢᠭ᠂ ᠡᠳ᠋ ᠬᠦᠷᠦᠩᠭᠡ᠂ ᠬᠦᠷᠦᠩᠭᠡ ᠶᠢ ᠨᠢᠭᠡ ᠴᠤᠭᠴᠠᠵᠢᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠬᠦᠭᠵᠢᠭᠦᠯᠦᠯᠲᠡ ᠶᠢᠨ ᠰᠠᠭᠤᠷᠢ ᠮᠦᠡᠭᠭᠦ ᠪᠠᠶᠢᠭᠤᠯᠬᠤ᠂ ᠵᠢᠭᠡᠯᠡᠯᠭᠡ ᠶᠢᠨ ᠲᠡᠮᠳᠡᠭᠲᠤ ᠲᠠᠷᠬᠠᠭᠠᠬᠤ᠂ ᠰᠲ᠋ᠤᠺ ᠤᠨ ᠡᠷᠬᠡ ᠶᠢ ᠬᠢᠮᠳᠡ ᠪᠠᠷ ᠬᠤᠳᠠᠯᠳᠤᠬᠤ ᠵᠡᠷᠭᠡ ᠪᠡᠯᠡ ᠲᠤᠬᠢᠷᠠᠭᠤᠯᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠤ᠂ ᠪᠠᠶᠢᠯᠳᠤᠬᠤ ᠪᠤᠳᠤᠯᠭ᠎ᠠ ᠶᠢᠨ ᠰᠢᠨ᠎ᠡ ᠶᠢ ᠡᠭᠦᠳᠬᠦ ᠠᠵᠤ ᠦᠢᠯᠡᠰ ᠤᠨ ᠰᠠᠭᠤᠷᠢ ᠮᠦᠡᠭᠭᠦ ᠶᠢᠨ ᠠᠵᠢᠯᠯᠠᠭᠠᠨ ᠢ ᠠᠬᠢᠭᠤᠯᠤᠨ᠎ᠠ᠃      ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠪᠦᠬᠦ ᠲᠠᠯ᠎ᠠ ᠶᠢᠨ ᠴᠢᠨᠠᠷ᠂ ᠰᠠᠭᠤᠷᠢ ᠴᠢᠨᠠᠷ ᠪᠠ ᠪᠠᠶᠢᠯᠳᠤᠬᠤ ᠪᠤᠳᠤᠯᠭ᠎ᠠ ᠶᠢᠨ ᠴᠢᠨᠠᠷ ᠪᠦᠬᠦᠢ ᠨᠦᠯᠦᠭᠡ ᠲᠠᠢ ᠨᠢᠭᠡ ᠪᠦᠯᠦᠭ ᠴᠢᠬᠤᠯᠡ ᠶᠡᠭᠡ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠤᠮᠠᠷᠠᠲᠤ ᠤᠷᠤᠨ᠂ ᠵᠡᠭᠦᠨ ᠬᠤᠶᠢᠲᠤ ᠤᠷᠤᠨ᠂ ᠳᠤᠮᠳᠠᠲᠤ ᠤᠷᠤᠨ ᠪᠤᠯᠤᠨ ᠲᠤᠷᠤᠨᠠᠲᠤ ᠤᠷᠤᠨ ᠲᠠᠰᠢ ᠬᠠᠨᠳᠤᠭᠤᠯᠤᠭᠰᠠᠨ ᠴᠡᠪᠡᠷ ᠡᠨᠧᠷᠬᠢ ᠭᠠᠷᠭᠠᠬᠤ ᠨᠡᠪᠲᠡᠷᠡᠯ ᠵᠠᠮ ᠬᠢᠭᠡᠳ ᠢᠵᠢ ᠪᠦᠷᠢᠯᠳᠦᠬᠦᠯᠦᠭᠰᠡᠨ ᠴᠠᠬᠢᠯᠭᠠᠨ ᠡᠭᠦᠰᠬᠡᠭᠴᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠬᠢᠯᠭᠠᠨ ᠬᠦᠴᠦᠨ᠂ ᠲᠤᠰᠦ ᠬᠡᠢ ᠶᠢ ᠭᠠᠳᠠᠭᠰᠢ ᠬᠦᠷᠭᠡᠬᠦ ᠨᠡᠪᠲᠡᠷᠡᠯ ᠵᠠᠮ ᠤᠨ ᠲᠦᠷᠦᠯ ᠵᠦᠢᠯ ᠤᠨ ᠵᠦᠪᠰᠢᠶᠡᠷᠡᠯ ᠢ ᠲᠦᠷᠭᠡᠬᠡᠨ ᠤᠯᠬᠤ ᠪᠠᠷ ᠴᠢᠷᠮᠠᠶᠢᠨ᠎ᠠ᠃ ᠳᠡᠭᠡᠲᠤ ᠬᠤᠷᠲᠤ ᠶᠢᠨ ᠵᠠᠰᠠᠮᠠᠯ ᠵᠠᠮ ᠤᠨ ᠲᠤᠤᠷ ᠪᠠ ᠤᠯᠤᠰ ᠪᠤᠯᠤᠨ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠤᠰᠢᠭᠤ ᠰᠢᠶᠠᠨ ᠳᠤ ᠨᠡᠪᠲᠡᠷᠡᠬᠦ ᠨᠢᠭᠡᠳᠤᠭᠡᠷ ᠳᠡᠰ ᠤᠨ ᠵᠠᠰᠠᠮᠠᠯ ᠵᠠᠮ ᠪᠠ ᠭᠠᠴᠠᠭ᠎ᠠ ᠲᠤᠰᠬᠤᠨ ᠳᠤ ᠨᠡᠪᠲᠡᠷᠡᠬᠦ ᠪᠠᠷᠤᠭᠰᠢᠨ ᠱᠦᠢᠨᠢ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠭᠡᠵᠢᠩ ᠠᠴᠠ ᠰᠢᠨᠵᠢᠶᠠᠩ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠯᠢᠩᠾᠧ ᠠᠴᠠ ᠦᠪᠦᠷ ᠮᠤᠩᠭᠤᠯ ᠭᠠᠨᠰᠤ ᠶᠢᠨ ᠵᠠᠭᠠᠭ ᠬᠦᠷᠬᠦ᠂ ᠷᠦᠡᠭ ᠴᠸᠡᠭ ᠠᠴᠠ ᠦᠬᠠᠢ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠦᠵᠦᠬᠦᠷ ᠪᠠᠯᠭᠠᠰᠤ ᠠᠴᠠ ᠦᠬᠠᠢ ᠬᠦᠷᠬᠦ᠂ ᠳ᠋ᠠᠨᠳᠦ᠋ᠡᠭ ᠠᠴᠠ ᠰᠢᠯᠢᠩᠬᠤᠲᠠ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠪᠢᠷᠠᠭᠤ ᠪᠠᠯᠭᠠᠰᠤ ᠠᠴᠠ ᠰᠢᠯᠢᠩᠬᠤᠲᠠ ᠬᠦᠷᠬᠦ ᠳᠡᠭᠡᠲᠤ ᠬᠤᠷᠳᠤ ᠶᠢᠨ ᠵᠠᠰᠠᠮᠠᠯ ᠵᠠᠮ ᠪᠤᠯᠤᠨ ᠤᠯᠠᠭᠠᠨᠬᠤᠲᠠ ᠠᠴᠠ ᠷᠠᠰᠢᠶᠠᠨ ᠬᠦᠷᠬᠦ ᠨᠢᠭᠡᠳᠤᠭᠡᠷ ᠳᠡᠰ ᠤᠨ ᠵᠠᠰᠠᠮᠠᠯ ᠵᠠᠮ ᠤᠨ ᠦᠭᠡᠷᠡᠴᠢᠯᠡᠨ ᠪᠠᠶᠢᠭᠤᠯᠬᠤ ᠵᠡᠷᠭᠡ ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠤ᠂ ᠳᠡᠭᠡᠲᠤ ᠬᠤᠷᠲᠤ ᠶᠢᠨ ᠵᠠᠰᠠᠮᠠᠯ ᠵᠠᠮ 1990 ᠺᠢᠯᠤᠮᠧᠲᠷ᠂ ᠭᠠᠴᠠᠭ᠎ᠠ ᠲᠤᠰᠬᠤᠨ ᠳᠤ ᠨᠡᠪᠲᠡᠷᠡᠬᠦ ᠪᠠᠷᠤᠭᠰᠢᠨ ᠱᠦᠢᠨᠢ ᠵᠠᠮ ᠢ ᠰᠢᠨ᠎ᠡ ᠪᠠᠷ 700 ᠶᠢ ᠨᠡᠮᠡᠭᠳᠡᠭᠦᠯᠬᠦ ᠶᠢ ᠪᠠᠭᠲᠠᠭᠠᠭᠰᠠᠨ ᠵᠠᠰᠠᠮᠠᠯ ᠵᠠᠮ ᠤᠨ ᠬᠡᠪᠴᠢᠶ᠎ᠡ ᠶᠢ 1.4 ᠲᠦᠮᠡᠨ ᠺᠢᠯᠤᠮᠧᠲᠷ ᠪᠦᠲᠦᠭᠡᠨ ᠪᠠᠶᠢᠭᠤᠯᠤᠨ᠎ᠠ᠃ ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠲᠡᠮᠦᠷ ᠵᠠᠮ᠂ ᠬᠦᠬᠡᠬᠤᠲᠠ ᠠᠴᠠ ᠵᠡᠭᠦᠨᠭᠠᠷ ᠤᠷᠳᠤᠰ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠳᠤᠮᠳᠠᠲᠤ ᠤᠷᠤᠨ ᠬᠦᠷᠬᠦ᠂ ᠡᠵᠡᠨ᠎ᠡ ᠠᠴᠠ ᠬᠠᠮᠢ ᠬᠦᠷᠬᠦ᠂ ᠪᠠᠶᠢᠴᠸᠡᠭ ᠠᠴᠠ ᠷᠠᠰᠢᠶᠠᠨ ᠬᠦᠷᠬᠦ ᠲᠡᠮᠦᠷ ᠵᠠᠮ ᠤᠨ ᠴᠢᠳᠠᠪᠤᠷᠢ ᠶᠢ ᠦᠷᠭᠡᠳᠬᠡᠨ ᠦᠭᠡᠷᠡᠴᠢᠯᠡᠨ ᠪᠠᠶᠢᠭᠤᠯᠬᠤ ᠪᠠ ᠬᠠᠷᠪᠢᠨ ᠠᠴᠠ ᠮᠠᠨᠵᠤᠤᠷ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠨ ᠦᠭᠡᠷᠡᠴᠢᠯᠡᠬᠦ ᠵᠡᠷᠬᠡ ᠲᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠬᠦᠯᠵᠤ᠂ ᠲᠦᠡᠭᠯᠢᠶᠤᠤ᠂ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠲᠡᠮᠦᠷ ᠵᠠᠮ ᠤᠨ ᠬᠤᠯᠪᠤᠬᠤ ᠱᠤᠭᠤᠮ ᠤᠨ ᠡᠮᠦᠨᠡᠬᠦ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ 1800 ᠺᠢᠯᠤᠮᠧᠲᠷ ᠤᠷᠲᠤ ᠲᠡᠮᠦᠷ ᠵᠠᠮ ᠢ ᠰᠢᠨ᠎ᠡ ᠪᠠᠷ ᠪᠠᠷᠢᠯᠭ᠎ᠠ ᠡᠬᠢᠯᠡᠬᠦᠯᠦᠨ᠂ ᠲᠡᠭᠡᠭᠡᠪᠦᠷᠢ ᠡᠵᠡᠩᠨᠡᠬᠦ ᠤᠷᠲᠤ ᠶᠢ1100 ᠺᠢᠯᠤᠮᠧᠲᠷ ᠰᠢᠨ᠎ᠡ ᠪᠠᠷ ᠨᠡᠮᠡᠭᠳᠡᠬᠦᠯᠦᠨ᠎ᠡ᠃ ᠬᠦᠬᠡᠬᠤᠲᠠ ᠨᠢᠰᠬᠡᠯ ᠤᠨ ᠪᠠᠭᠤᠳᠠᠯ ᠤᠨ ᠨᠡᠬᠦᠯᠬᠡᠵᠤ ᠪᠠᠶᠢᠭᠤᠯᠬᠤ ᠠᠵᠢᠯ ᠢ ᠲᠦᠷᠭᠡᠳᠬᠡᠨ᠂ ᠬᠤᠤᠯᠢᠨ ᠭᠤᠤᠯ᠂ ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠪᠤᠭᠤᠲᠤ᠂  ᠤᠯᠠᠭᠠᠨᠬᠤᠲᠠ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠦᠭᠡᠷᠡᠴᠢᠯᠡᠵᠤ ᠦᠷᠬᠡᠳᠬᠡᠨ ᠪᠠᠷᠢᠯᠭ᠎ᠠ ᠶᠢ ᠪᠡᠶᠡᠯᠡᠭᠦᠯᠵᠤ᠂ ᠤᠯᠤᠰ ᠤᠨ ᠳᠡᠰ ᠤᠨ ᠠᠵᠢᠯ ᠡᠬᠦᠷᠬᠡ ᠬᠦᠢᠴᠡᠳᠬᠡᠬᠦ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ᠃ ᠦᠨᠳᠡᠭᠡᠨ᠂ ︽ᠴᠤᠤᠯ ᠭᠤᠤᠯ ᠤᠨ ᠤᠰᠤ ᠶᠢ ᠲᠠᠲᠠᠵᠤ ᠯᠢᠶᠤᠤ ᠡᠾᠧ ᠭᠤᠤᠯ ᠳᠤ ᠨᠡᠮᠡᠷᠢᠯᠡᠬᠦ︾᠂ ᠬᠠᠲᠤᠨ ᠭᠤᠤᠯ ᠤᠨ ᠦᠶᠡᠷ ᠰᠡᠷᠭᠡᠶᠢᠯᠡᠬᠦ ᠪᠠᠷᠢᠯᠭ᠎ᠠ ᠶᠢᠨ ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠢᠶᠠᠰᠤᠲᠠᠢ ᠨᠠᠭᠤᠷ ᠪᠤᠯᠤᠨ ᠬᠦᠯᠦᠨ ᠨᠠᠭᠤᠷ ᠤᠨ ᠤᠰᠤᠨ ᠤ ᠤᠷᠴᠢᠨ ᠲᠤᠭᠤᠷᠢᠨ ᠢ ᠵᠠᠰᠠᠬᠤ ᠶᠠᠪᠤᠳᠠᠯ ᠢ ᠰᠠᠶᠢᠲᠤᠷ ᠠᠳᠬᠤᠨ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠠᠲᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠡᠷᠡᠭᠯᠡᠭᠡᠨ ᠪᠠ ᠭᠠᠳᠠᠭᠠᠲᠤ ᠬᠡᠷᠡᠭᠴᠡᠭᠡ ᠶᠢ ᠬᠦᠴᠦᠯᠡᠨ ᠦᠷᠭᠡᠳᠬᠡᠨ᠎ᠡ᠃ ᠬᠡᠷᠡᠭᠯᠡᠬᠡᠨ ᠤ ᠰᠠᠭᠤᠷᠢ ᠦᠢᠯᠡᠳᠦᠯ ᠢ ᠬᠦᠢᠴᠡᠳ ᠪᠠᠳᠠᠷᠠᠭᠤᠯᠤᠨ᠂ ᠬᠡᠷᠡᠭᠯᠡᠬᠡᠨ ᠢ ᠵᠤᠷᠢᠭᠵᠢᠭᠤᠯᠬᠤ ᠡᠳ᠋ ᠤᠨ ᠵᠠᠰᠠᠭ ᠭᠠᠶᠢᠯᠢ᠂ ᠢᠲᠡᠭᠡᠮᠵᠢᠲᠤ ᠵᠢᠭᠡᠯᠡᠯᠭᠡ ᠪᠠ ᠢᠲᠡᠭᠡᠮᠵᠢᠲᠤ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠡᠳᠡᠭᠡ ᠵᠠᠩᠬᠢ᠂ ᠰᠤᠶᠤᠯ ᠵᠢᠭᠤᠯᠴᠢᠯᠠᠯ᠂ ᠨᠠᠰᠤᠵᠢᠯ ᠡᠷᠡᠭᠦᠯ ᠮᠡᠨᠲᠤ᠂ ᠬᠡᠷ ᠤᠨ ᠠᠳᠡᠯ ᠠᠬᠤᠢ ᠶᠢᠨ ᠦᠢᠯᠡᠴᠢᠯᠡᠭᠡᠨ ᠵᠡᠷᠭᠡ ᠬᠡᠷᠡᠭᠯᠡᠭᠡᠨ ᠤ ᠬᠠᠯᠠᠮᠰᠢᠯ ᠴᠢᠭ᠋ ᠢ ᠪᠤᠶᠢᠵᠢᠭᠤᠯᠵᠤ᠂ ᠰᠢᠨ᠎ᠡ ᠮᠠᠶ᠋ᠢᠭ ᠤᠨ ᠬᠡᠷᠡᠭᠯᠡᠭᠡᠨ ᠤ ᠲᠦᠯᠦᠪ ᠪᠠᠶᠢᠳᠠᠯ ᠢ ᠬᠦᠭᠵᠢᠭᠦᠯᠦᠨ᠂ ᠬᠡᠷᠡᠭᠯᠡᠬᠡᠨ ᠤ ᠤᠷᠤᠨ ᠵᠠᠢ ᠶᠢ ᠲᠠᠰᠤᠷᠠᠯᠲᠠ ᠦᠭᠡᠢ ᠦᠷᠭᠡᠵᠢᠭᠦᠯᠦᠨ᠎ᠡ᠃ ᠤᠳᠤ ᠦᠶ᠎ᠡ ᠶᠢᠨ ᠬᠦᠢᠯᠬᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠬᠦᠢᠯᠭᠡᠭᠡᠨ ᠤ ᠭᠤᠤᠯ ᠴᠤᠭᠴᠠ ᠶᠢ ᠪᠤᠶᠢᠵᠢᠭᠤᠯᠤᠨ᠂ ᠬᠦᠢᠯᠬᠡᠬᠡᠨ ᠤ ᠠᠵᠤ ᠦᠢᠯᠡᠰ ᠢ ᠪᠤᠵᠠᠭᠠᠶᠢᠷᠠᠭᠤᠯᠵᠤ᠂ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠳᠡᠯᠭᠡᠭᠦᠷ︾ ᠤᠨ ᠢᠨᠵᠧᠨᠧᠷᠢᠩ ᠢ ᠬᠦᠨᠵᠡᠬᠡᠢ ᠬᠡᠷᠡᠭᠵᠢᠭᠦᠯᠵᠤ᠂ ᠬᠦᠳᠡᠭᠡ ᠠᠶᠢᠯ ᠤᠨ ᠳᠡᠯᠭᠡᠭᠦᠷ ᠢ ᠪᠦᠲᠦᠭᠡᠨ ᠪᠠᠶᠢᠭᠤᠯᠬᠤ ᠪᠠ ᠦᠭᠡᠷᠡᠴᠢᠯᠡᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠶᠡᠬᠡᠪᠡᠷ ᠴᠡᠭᠴᠡᠯᠡᠨ ᠵᠢᠷᠤᠮᠵᠢᠭᠤᠯᠵᠤ᠂ ᠪᠠᠷᠠᠭ᠎ᠠ ᠶᠢᠨ ᠦᠨ᠎ᠡ ᠬᠠᠨᠭ᠍ᠰᠢ ᠶᠢ ᠲᠤᠭᠲᠠᠭᠤᠨ ᠢᠶᠠᠷ ᠬᠢᠵᠠᠭᠠᠷᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠢᠯᠡᠳᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠬᠤᠳᠠᠯᠳᠤᠭᠠᠨ ᠤ ᠮᠡᠬᠡᠯᠡᠨ ᠬᠢᠬᠠᠬᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠭᠦᠨ ᠦᠢᠯᠡᠳᠴᠤ ᠪᠤᠷᠤᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠬᠡᠷᠡᠭᠯᠡᠭᠡᠨ ᠤ ᠰᠠᠶᠢᠨ ᠰᠠᠶᠢᠬᠠᠨ ᠤᠷᠴᠢᠨ ᠠᠬᠤᠢ ᠶᠢ ᠪᠠᠶᠢᠭᠤᠯᠤᠨ᠎ᠠ᠃ ᠭᠠᠳᠠᠭᠠᠲᠤ ᠬᠡᠷᠡᠭᠴᠡᠭᠡ ᠶᠢ ᠢᠳᠡᠪᠬᠢᠲᠠᠢ ᠪᠠᠷ ᠦᠷᠭᠡᠵᠢᠭᠦᠯᠦᠨ᠂ ᠭᠠᠳᠠᠭᠠᠲᠤ ᠳᠤ ᠭᠠᠷᠭᠠᠬᠤ ᠭᠠᠳᠠᠭᠠᠲᠤ ᠠᠴᠠ ᠤᠷᠤᠭᠤᠯᠬᠤ ᠪᠦᠲᠦᠴᠡ ᠶᠢ ᠰᠢᠯᠢᠳᠡᠭᠵᠢᠭᠦᠯᠵᠤ᠂ ᠳᠠᠪᠠᠭᠤᠯᠢᠭ ᠦᠢᠯᠡᠳᠭᠦᠨ ᠤ ᠭᠠᠳᠠᠭᠠᠲᠤ ᠳᠤ ᠭᠠᠷᠭᠠᠬᠤ ᠶᠢ ᠦᠷᠭᠡᠳᠭᠡᠨ᠂ ᠡᠨᠧᠷᠬᠢ᠂ ᠲᠦᠬᠦᠬᠡᠢ ᠮᠠᠲ᠋ᠧᠷᠢᠶᠠᠯ ᠵᠢᠴᠢ ᠲᠡᠷᠢᠭᠦᠨ ᠤ ᠮᠡᠷᠭᠡᠵᠢᠯ ᠪᠠ ᠲᠦᠭᠦᠬᠡᠷᠤᠮᠵᠢ ᠶᠢ ᠭᠠᠳᠠᠭᠠᠲᠤ ᠠᠴᠠ ᠤᠷᠤᠭᠤᠯᠬᠤ ᠶᠢ ᠨᠡᠮᠡᠭᠳᠡᠭᠦᠯᠦᠨ᠎ᠡ᠃ ︽ᠭᠠᠳᠠᠭᠰᠢ ᠭᠠᠷᠬᠤ︾ ᠠᠯᠬᠤᠴᠠ ᠶᠢ ᠲᠦᠷᠭᠡᠳᠬᠡᠨ᠂ ᠬᠢᠯᠢ ᠶᠢᠨ ᠭᠠᠳᠠᠨ᠎ᠠ ᠪᠡᠯᠡ ᠤᠷᠤᠭᠤᠯᠬᠤ ᠶᠢ ᠵᠤᠷᠢᠭᠵᠢᠭᠤᠯᠵᠤ᠂ ᠲᠤᠮᠦ ᠠᠵᠤ ᠠᠬᠤᠶᠢᠯᠠᠯ ᠤᠨ ᠤᠯᠠᠨ ᠤᠯᠤᠰ ᠲᠠᠬᠢ ᠦᠷᠢᠰᠦᠯᠳᠦᠬᠦ ᠴᠢᠳᠠᠯ ᠢ ᠳᠡᠭᠡᠭᠰᠢᠯᠡᠭᠦᠯᠦᠨ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ   ᠤᠳ ᠤᠨ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠭᠠᠳᠠᠭᠠᠲᠤ ᠳᠤ ᠪᠡᠯᠡ ᠤᠷᠤᠭᠤᠯᠵᠤ ᠬᠤᠷᠰᠢᠯᠴᠠᠬᠤ ᠠᠵᠢᠯ ᠦᠷᠨᠢᠭᠦᠯᠬᠦ ᠶᠢ ᠬᠦᠲᠦᠯᠦᠨ ᠵᠢᠯᠤᠭᠤᠳᠴᠤ᠂ ᠬᠢᠯᠢ ᠶᠢᠨ ᠭᠠᠳᠠᠨ᠎ᠠ ᠡᠬᠢ ᠪᠠᠶᠠᠯᠢᠭ ᠤᠨ ᠨᠡᠭᠡᠭᠡᠯᠲᠡ ᠬᠢᠬᠦ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠤᠷᠰᠢᠯᠴᠠᠬᠤ ᠵᠡᠷᠬᠡ ᠲᠦᠷᠦᠯ ᠵᠦᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃      ︵ᠬᠤᠶᠠᠷ︶ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠲᠦᠯᠬᠢᠨ ᠠᠬᠢᠭᠤᠯᠵᠤ᠂ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠬᠢᠭᠤᠯᠤᠨ᠎ᠠ      ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠠᠯᠬᠤᠴᠠ ᠶᠢ ᠲᠦᠷᠭᠡᠳᠬᠡᠨ᠎ᠡ᠃ ︽ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ᠬᠡᠮᠵᠢᠶ᠎ᠡ ᠶᠢ ᠨᠡᠮᠡᠭᠳᠡᠭᠦᠯᠬᠦ ᠶᠡᠪᠤᠳᠠᠯ ᠢᠶᠠᠷ ᠪᠦᠲᠦᠴᠡ ᠶᠢᠨ ᠲᠤᠬᠢᠷᠠᠭᠤᠯᠤᠯᠲᠠ ᠶᠢ ᠳᠠᠶᠢᠴᠢᠯᠠᠨ᠂ ᠰᠢᠨ᠎ᠡ ᠶᠢ ᠡᠭᠦᠳᠬᠦ ᠶᠠᠪᠤᠳᠠᠯ ᠢᠶᠠᠷ ᠠᠵᠤ ᠦᠢᠯᠡᠰ ᠤᠨ ᠲᠡᠰ ᠲᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠠᠴᠠ ᠠᠭᠠᠷ ᠮᠠᠨᠳᠠᠯ ᠤᠨ ᠪᠤᠬᠢᠷᠳᠤᠯ ᠢ ᠵᠠᠰᠠᠬᠤ᠂ ᠦᠢᠯᠡᠳᠪᠦᠷᠢᠯᠡᠬᠦ ᠴᠢᠳᠠᠪᠤᠷᠢ ᠬᠡᠲᠤ ᠢᠯᠡᠭᠦᠳᠡᠵᠤ ᠪᠠᠶᠢᠭ᠎ᠠ ᠶᠢ ᠠᠷᠢᠯᠭᠠᠬᠤ ᠠᠵᠠ ᠲᠤᠬᠢᠶᠠᠯ ᠢ ᠵᠠᠪᠳᠤᠨ᠂ ᠡᠨᠧᠷᠬᠢ᠂ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠡᠬᠢᠯᠡᠭᠦᠯᠵᠤ ᠪᠦᠲᠦᠭᠡᠨ ᠪᠠᠶᠢᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠦᠢᠯᠡᠰ ᠤᠨ ᠰᠢᠯᠵᠢᠯᠲᠡ ᠶᠢ ᠬᠡᠪᠴᠢᠶᠡᠵᠢᠭᠦᠯᠦᠨ᠂ ᠬᠡᠯᠬᠢᠶᠡᠵᠢᠭᠦᠯᠤᠨ᠂ ᠪᠦᠯᠦᠭᠯᠡᠯᠵᠢᠭᠦᠯᠦᠨ ᠵᠠᠯᠭᠠᠨ ᠠᠪᠴᠤ᠂ ᠨᠡᠭᠦᠷᠡᠰᠦ ᠪᠠᠷ ᠲᠤᠰᠤ ᠬᠢᠬᠦ 450 ᠲᠦᠮᠡᠨ ᠳᠤᠨ᠂ ᠨᠡᠭᠦᠷᠠᠰᠦ ᠪᠠᠷ ᠠᠯᠺᠸᠠ ᠬᠢᠬᠦ 220 ᠲᠦᠮᠡᠨ ᠳᠤᠨ᠂ ᠨᠡᠭᠦᠷᠠᠰᠤ ᠶᠢ ᠬᠡᠢ ᠪᠤᠯᠭᠠᠬᠤ 200 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ 600 ᠲᠦᠮᠡᠨ ᠺᠢᠯᠤᠸ᠋ᠲ ᠤᠨ ᠬᠢ ᠶᠢ ᠰᠢᠨ᠎ᠡ ᠪᠠᠷ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ᠋ ᠢ ᠪᠤᠶᠢᠵᠢᠭᠤᠯᠤᠨ᠎ᠠ᠃ ᠤᠯᠠᠮᠵᠢᠯᠠᠯᠲᠤ ᠲᠠᠪᠠᠭᠤᠯᠢᠭ ᠤᠨᠴᠠᠯᠢᠭ ᠪᠦᠬᠦᠢ ᠠᠵᠤ ᠦᠢᠯᠡᠰ ᠢ ᠦᠭᠡᠷᠡᠴᠢᠯᠡᠵᠤ ᠲᠡᠰ ᠲᠡᠪᠰᠢᠬᠦᠯᠬᠦ ᠶᠢ ᠲᠦᠷᠭᠡᠳᠬᠡᠨ᠂ ᠠᠵᠤ ᠦᠢᠯᠡᠰ ᠢ ᠡᠮᠬᠢᠯᠡᠨ ᠨᠡᠶᠢᠯᠡᠭᠦᠯᠵᠤ ᠲᠠᠬᠢᠨ ᠵᠤᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ ᠨᠡᠭᠦᠷᠡᠰᠦᠨ ᠤ ᠭᠠᠷᠭᠠᠯᠲᠠ ᠶᠢ ᠲᠤᠭᠲᠠᠭᠤᠨ ᠪᠠᠶᠢᠯᠭᠠᠵᠤ᠂ ᠨᠡᠭᠦᠷᠠᠰᠤ ᠶᠢ ᠬᠡᠤᠳᠠᠰᠦᠵᠢᠬᠦᠯᠬᠦ᠂ ᠡᠾᠯᠤᠷᠲᠤ ᠱᠦᠯᠲᠤ ᠶᠢᠨ ᠬᠢᠮᠢ ᠶᠢᠨ ᠠᠵᠤ ᠦᠢᠯᠡᠳᠪᠦᠷᠢ᠂ ᠹᠯᠤᠷ ᠤᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠳᠡᠰ ᠲᠠᠪᠬᠤᠷᠭ᠎ᠠ ᠶᠢ ᠲᠦᠷᠭᠡᠳᠬᠡᠨ ᠳᠡᠭᠡᠭᠰᠢᠯᠡᠬᠦᠯᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠠᠵᠤ ᠦᠢᠯᠡᠰ ᠤᠨ ᠬᠦᠭᠵᠢᠯᠲᠡ ᠶᠢᠨ ᠰᠢᠨ᠎ᠡ ᠳᠠᠪᠠᠭᠤᠯᠢᠭ ᠢ ᠪᠦᠲᠦᠭᠡᠨ᠎ᠡ᠃ ᠨᠡᠭᠦᠷᠡᠰᠦ ᠴᠠᠬᠢᠯᠭᠠᠨ ᠲᠡᠮᠦᠷᠯᠢᠭ᠂ ᠬᠠᠶᠢᠬᠤ ᠮᠠᠯᠲᠠᠬᠤ ᠰᠢᠯᠢᠬᠦ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠦᠡᠭᠭᠡᠲᠤ ᠲᠡᠮᠦᠷᠯᠢᠭ ᠤᠨ ᠠᠵᠤ ᠦᠢᠯᠡᠰ ᠤᠨ ᠤᠷᠲᠤᠳᠬᠠᠨ ᠡᠳ᠋ᠰᠢᠬᠦᠯᠬᠦ ᠨᠤᠷᠮ᠎ᠠ ᠶᠢ 30% ᠠᠴᠠ ᠳᠡᠭᠡᠭᠰᠢ ᠳᠤ ᠬᠦᠷᠦᠭᠦᠯᠦᠨ᠂ ᠸᠠᠭᠠᠷ ᠱᠠᠭᠠᠵᠠᠩ᠂ ᠭᠡᠷᠡᠯ ᠸᠤᠯᠲᠲᠤ ᠰᠢᠯ ᠵᠡᠷᠭᠡ ᠨᠠᠷᠢᠯᠢᠭ ᠬᠦᠨᠵᠡᠬᠡᠢ ᠡᠳ᠋ᠰᠢᠭᠦᠯᠦᠭᠰᠡᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠭᠦᠨ ᠢ ᠲᠦᠷᠭᠡᠳᠬᠡᠨ ᠬᠦᠭᠵᠢᠭᠦᠯᠦᠨ᠎ᠡ᠃ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠪᠤᠯᠤᠨ ᠪᠠᠶᠢᠯᠲᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ ᠶᠡᠬᠡᠪᠡᠷ ᠬᠦᠭᠵᠢᠭᠦᠯᠦᠨ᠂ ᠡᠬᠦᠯᠡᠨ ᠪᠤᠳᠤᠯᠲᠠ ᠶᠢᠨ ᠲᠤᠭ᠎ᠠ ᠪᠠᠷᠢᠮᠲᠠ ᠶᠢᠨ ᠲᠦᠪ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠬᠦᠯᠡᠨ ᠪᠤᠳᠤᠯᠲᠠ ᠶᠢᠨ ᠬᠡᠷᠡᠭᠯᠡᠯᠲᠡ ᠶᠢᠨ ᠦᠢᠯᠡᠴᠢᠯᠡᠬᠡᠨ ᠪᠠ ᠬᠠᠲᠠᠭᠤ ᠬᠡᠷᠡᠭᠰᠡᠯ ᠤᠨ ᠲᠦᠭᠦᠭᠡᠷᠤᠮᠵᠢ ᠦᠢᠯᠡᠳᠬᠦ ᠶᠢ ᠢᠳᠡᠪᠬᠢᠲᠠᠢ ᠪᠠᠷ ᠬᠦᠭᠵᠢᠭᠦᠯᠦᠨ᠂ ᠴᠢ ᠷᠦᠢ ᠲᠡᠮᠳᠡᠭᠲᠤ ᠮᠠᠰᠢᠨ ᠲᠡᠷᠭᠡ᠂ ᠤᠮᠠᠷᠠᠲᠤ ᠶᠢᠨ ᠪᠧᠨ ‍ᠤᠤᠢ ᠲᠡᠮᠳᠡᠭᠲᠤ ᠬᠦᠨᠲᠤ ᠠᠴᠢᠶᠠᠨ ᠤ ᠮᠠᠰᠢᠨ ᠲᠡᠷᠭᠡ ᠵᠡᠷᠭᠡ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠠᠳᠬᠤᠨ᠎ᠠ᠂ ᠰᠢᠨ᠎ᠡ ᠡᠨᠧᠷᠬᠢ᠂ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ᠂ ᠠᠮᠢᠲᠤ ᠪᠤᠳᠠᠰ ᠤᠨ ᠡᠮ ᠬᠢᠬᠦ᠂ ᠡᠯᠧᠺᠲᠷᠤᠨ ᠮᠡᠳᠡᠭᠡ ᠵᠠᠩᠬᠢ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠠᠵᠤ ᠦᠢᠯᠡᠰ ᠢ ᠲᠦᠷᠭᠡᠳᠭᠡᠨ ᠬᠦᠭᠵᠢᠭᠦᠯᠵᠤ᠂ ᠶᠡᠷᠤᠩᠬᠡᠢ ᠬᠡᠮᠵᠢᠶ᠎ᠡ ᠪᠠ ᠬᠡᠪᠴᠢᠶ᠎ᠡ ᠶᠢ ᠨᠢ ᠪᠤᠵᠠᠭᠠᠶᠢᠷᠠᠭᠤᠯᠤᠨ᠂ ᠰᠢᠨ᠎ᠡ ᠲᠤᠯᠭᠠᠭᠤᠷᠢ ᠠᠵᠤ ᠦᠢᠯᠡᠰ ᠢ ᠪᠤᠢ ᠪᠤᠯᠭᠠᠨ᠎ᠠ᠃      ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠦᠢᠯᠡᠳᠪᠦᠷᠢᠯᠡᠯ ᠤᠨ ᠴᠢᠨᠠᠷᠲᠠᠢ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠢ ᠵᠡᠷᠭᠡ ᠳᠤᠨᠢ ᠴᠢᠬᠤᠯᠠᠴᠢᠯᠠᠬᠤ᠂ ᠤᠯᠠᠮᠵᠢᠯᠠᠯᠲᠤ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠵᠡᠷᠭᠡ ᠳᠤᠨᠢ ᠡᠷᠬᠢᠮᠯᠡᠬᠦ ᠶᠢ ᠪᠠᠷᠢᠮᠲᠠᠯᠠᠨ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠤᠷᠳᠤᠴᠠ ᠪᠠᠨ ᠲᠦᠷᠭᠡᠳᠭᠡᠬᠦ᠂ ᠬᠤᠪᠢ ᠶᠢᠨ ᠵᠢᠩ ᠢᠶᠠᠨ ᠳᠡᠭᠡᠭᠰᠢᠯᠡᠭᠦᠯᠬᠦ᠂ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠶᠢ ᠲᠦᠯᠬᠢᠨ ᠠᠬᠢᠭᠤᠯᠤᠨ᠎ᠠ᠃ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠪᠦᠲᠦᠭᠡᠨ ᠪᠠᠶᠢᠭᠤᠯᠵᠤ᠂ ᠤᠨᠴᠠᠯᠢᠭ ᠢᠶᠠᠷ ᠢᠯᠡ ᠲᠤᠳᠤ᠂ ᠬᠡᠪᠴᠢᠶ᠎ᠡ  ᠪᠠᠷ ᠨᠡᠯᠢᠶᠡᠳ ᠶᠡᠭᠡ᠂ ᠨᠦᠯᠦᠭᠡᠯᠡᠨ ᠲᠠᠶᠢᠴᠢᠯᠠᠬᠤ ᠬᠦᠴᠦᠨ ᠢᠶᠠᠷ ᠴᠢᠩᠭ᠎ᠠ ᠪᠦᠬᠦᠢ ᠦᠢᠯᠡᠴᠢᠯᠡᠭᠡᠨ ᠤ ᠦᠢᠯᠡᠰ ᠴᠤᠭᠯᠠᠷᠠᠭᠰᠠᠨ ᠤᠷᠤᠨ ᠢ 30—50 ᠶᠢ ᠪᠠᠶᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠲᠠ ᠶᠢᠨ ᠲᠦᠯᠦᠪᠵᠢᠭᠦᠯᠬᠡ ᠪᠠ ᠲᠦᠷᠦ ᠶᠢᠨ ᠪᠤᠳᠤᠯᠭ᠎ᠠ ᠶᠢ ᠲᠤᠭᠲᠠᠭᠠᠨ᠂ ︽ᠦᠷᠭᠡᠨ ᠪᠦᠰᠡᠲᠤ ᠦᠪᠦᠷ ᠮᠤᠩᠭᠤᠯ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠦᠭᠵᠢᠭᠦᠯᠦᠨ᠎ᠡ᠃ ᠠᠷᠠᠯᠵᠢᠶᠠᠯᠠᠬᠤ᠂ ᠳᠡᠯᠭᠡᠨ ᠦᠵᠡᠭᠦᠯᠬᠦ᠂ ᠬᠦᠮᠦᠷᠭᠡᠯᠡᠨ ᠬᠠᠳᠠᠭᠠᠯᠠᠬᠤ᠂  ᠡᠳ᠋ᠰᠢᠭᠦᠯᠬᠦ᠂ ᠲᠤᠬᠢᠷᠠᠭᠤᠯᠤᠨ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠨᠢᠭᠡ ᠪᠦᠯᠦᠭ ᠶᠡᠷᠦᠩᠭᠡᠶᠢᠯᠡᠭᠰᠡᠨ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠬᠦᠢᠯᠬᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠦᠬᠡᠬᠤᠲᠠ ᠵᠡᠷᠭᠡ ᠲᠦᠪ ᠬᠤᠲᠠ ᠪᠠ ᠮᠠᠨᠵᠤᠤᠷ᠂ ᠡᠷᠢᠶᠡᠨ ᠬᠤᠲᠠ ᠵᠡᠷᠭᠡ ᠪᠤᠭᠤᠮᠲᠠ ᠬᠤᠲᠠ ᠪᠡ ᠭᠤᠤᠯᠳᠠᠯᠭ᠎ᠠ ᠪᠤᠯᠭᠠᠨ᠂ ︽ᠡᠬᠡ ᠬᠠᠭᠤᠷᠠᠢ ᠶᠢᠨ ᠭᠠᠷᠠᠮ ᠤᠨ ᠠᠵᠤ ᠠᠬᠤᠢ︾ ᠶᠢ ᠢᠳᠡᠪᠬᠢᠲᠠᠢ ᠪᠠᠷ ᠬᠦᠭᠵᠢᠭᠦᠯᠦᠨ᠎ᠡ᠃ ᠤᠷᠤᠨ ᠨᠤᠲᠤᠭ ᠤᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠨᠤᠭᠤᠳ ᠤᠨ ᠪᠡᠯᠡ ᠬᠦᠷᠦᠩᠭᠡ ᠪᠠᠨ ᠨᠡᠮᠡᠭᠳᠡᠭᠦᠯᠵᠤ ᠰᠲ᠋ᠤᠺ ᠢᠶᠠᠨ ᠦᠷᠭᠡᠳᠬᠡᠬᠦ ᠳᠤ ᠡᠯ᠎ᠡ ᠲᠦᠷᠦᠯ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠂ ᠠᠷᠠᠳ ᠠᠴᠠ ᠡᠵᠡᠩᠨᠡᠭᠰᠡᠨ ᠪᠠᠩᠬᠢ ᠶᠢ ᠡᠬᠦᠰᠬᠡᠨ ᠪᠠᠶᠢᠭᠤᠯᠵᠤ᠂ ᠲᠤᠰᠬᠤᠨ ᠪᠠᠯᠭᠠᠰᠤ ᠶᠢᠨ ᠪᠠᠩᠬᠢ᠂ ᠪᠡᠯᠡ ᠮᠦᠡᠭᠭᠦ ᠶᠢᠨ ᠲᠠᠯ᠎ᠠ ᠪᠠᠷ ᠬᠠᠪᠰᠤᠷᠤᠯᠴᠠᠬᠤ ᠬᠤᠷᠰᠢᠶ᠎ᠡ ᠵᠡᠷᠭᠡ ᠰᠢᠨ᠎ᠡ ᠬᠡᠯᠪᠡᠷᠢ ᠶᠢᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠲᠦᠷᠭᠡᠳᠭᠡᠨ ᠵᠤᠬᠢᠶᠠᠨ ᠪᠠᠶᠢᠭᠤᠯᠵᠤ᠂ ᠢᠲᠡᠭᠡᠮᠵᠢᠲᠤ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠤᠯᠠᠨ ᠲᠡᠰ ᠲᠠᠪᠬᠤᠷᠭ᠎ᠠ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠢ ᠲᠦᠡᠭᠡᠳᠬᠡᠨ ᠬᠦᠭᠵᠢᠭᠦᠯᠵᠤ᠂ ᠰᠢᠭᠤᠳ ᠪᠡᠯᠡ ᠲᠤᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠢᠭᠤᠯᠴᠢᠯᠠᠯ ᠤᠨ ᠪᠦᠲᠦᠭᠡᠭᠳᠡᠭᠦᠨ ᠤ ᠰᠢᠰᠲ᠋ᠧᠮᠵᠢ ᠶᠢ ᠳᠡᠭᠦᠯᠳᠡᠷᠵᠢᠭᠦᠯᠦᠨ᠂ ᠵᠢᠭᠤᠯᠴᠢᠯᠠᠯ ᠤᠨ ᠰᠤᠶᠤᠯ ᠤᠨ ᠠᠭᠤᠯᠤᠭᠳᠠᠬᠤᠨ ᠢ ᠨᠡᠮᠡᠭᠳᠡᠭᠦᠯᠦᠨ᠎ᠡ ᠃ ᠵᠢᠭᠤᠯᠴᠢᠯᠠᠵᠤ ᠲᠤᠭᠤᠷᠢᠨ ᠦᠵᠡᠬᠦ᠂ ᠰᠡᠯᠡᠭᠦᠴᠡᠵᠤ ᠠᠮᠠᠷᠠᠨ ᠵᠤᠭᠠᠴᠠᠬᠤ ᠶᠢ ᠳᠤᠪᠤᠶᠢᠯᠭᠠᠨ᠂ ᠬᠢᠯᠢ ᠶᠢᠨ ᠵᠢᠭᠤᠯᠴᠢᠯᠠᠯ ᠢ ᠲᠦᠷᠭᠡᠳᠬᠡᠨ ᠬᠦᠭᠵᠢᠭᠦᠯᠵᠤ᠂ ᠬᠢᠯᠢ ᠠᠯᠤᠰᠯᠠᠨ ᠵᠢᠭᠤᠯᠴᠢᠯᠠᠬᠤ ᠬᠤᠷᠰᠢᠯᠴᠠᠭᠠᠨ ᠤ ᠤᠷᠤᠨ ᠢ ᠰᠦᠪᠡᠭᠴᠢᠯᠡᠨ ᠪᠠᠶᠢᠭᠤᠯᠵᠤ᠂ ᠤᠯᠤᠰ ᠤᠨ ᠲᠤᠲᠤᠭᠠᠲᠤ ᠶᠢᠨ ᠵᠢᠭᠤᠯᠴᠢᠯᠠᠯ ᠤᠨ ᠤᠷᠤᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃      ᠨᠠᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠡ ᠳᠤ ᠠᠷᠠᠳ ᠤᠨ ᠪᠡᠯᠡ ᠤᠷᠤᠭᠤᠯᠵᠤ ᠳᠡᠮᠵᠢᠬᠦ ᠶᠢ ᠵᠤᠷᠢᠭᠵᠢᠭᠤᠯᠬᠤ ᠲᠦᠷᠦᠯ ᠤᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠬᠦᠷ ᠲᠤ ᠵᠦᠪᠰᠢᠶᠡᠷᠡᠨ ᠤᠷᠤᠭᠤᠯᠬᠤ ᠨᠢᠭᠡᠲᠤᠯᠲᠠᠢ ᠳᠦᠷᠢᠮ ᠢ ᠬᠡᠷᠡᠭᠵᠢᠭᠦᠯᠤᠨ᠂ ᠤᠯᠤᠰ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠠᠴᠠ ᠭᠠᠳᠠᠨᠠᠬᠢ ᠬᠦᠷᠢᠶᠡᠨ ᠳᠤ ᠡᠯ᠎ᠡ ᠲᠦᠷᠦ ᠶᠢᠨ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ᠬᠠᠤᠯᠢ ᠶᠤᠰᠤᠭᠠᠷ ᠡᠷᠬᠡ ᠲᠡᠭᠰᠢ ᠪᠠᠷ ᠤᠷᠤᠬᠤ ᠶᠢ ᠦᠨᠡᠨᠬᠦ ᠪᠠᠲᠤᠯᠠᠨ᠎ᠠ᠃ ᠰᠠᠭᠤᠷᠢ ᠠᠵᠤ ᠦᠢᠯᠡᠰ᠂ ᠰᠠᠭᠤᠷᠢ ᠪᠡᠯᠡᠳᠭᠡᠮᠵᠢ᠂ ᠨᠡᠶᠢᠭᠡᠮ ᠤᠨ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠵᠡᠷᠭᠡ ᠬᠦᠷᠢᠶᠡᠨ ᠳᠤ ᠠᠷᠠᠳ ᠤᠨ ᠬᠦᠷᠦᠩᠭᠡ ᠶᠢᠨ ᠤᠷᠤᠬᠤ ᠶᠢ ᠳᠡᠮᠵᠢᠵᠤ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠲᠦᠬᠦᠷ ᠬᠠᠮᠵᠢᠯᠴᠠᠭ᠎ᠠ ᠶᠢ ᠰᠠᠶᠢᠲᠤᠷ ᠬᠢᠯᠬᠡᠨ᠎ᠡ᠃ ᠤᠨᠴᠠ ᠵᠦᠪᠰᠢᠶᠡᠷᠡᠭᠰᠡᠨ ᠡᠵᠡᠩᠨᠡᠯᠲᠡ ᠶᠢᠨ ᠬᠦᠷᠢᠶᠡᠨ ᠳᠤ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠤᠨ ᠤᠷᠤᠬᠤ ᠪᠤᠲᠠᠲᠠᠢ ᠠᠷᠭ᠎ᠠ ᠶᠢ ᠲᠤᠭᠲᠠᠭᠠᠬᠤ᠂ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠲᠦᠭᠰᠢᠭᠦᠷᠢ ᠶᠢᠨ ᠨᠦᠬᠦᠪᠦᠷᠢ ᠮᠦᠡᠭᠭᠦ ᠪᠠᠶᠢᠭᠤᠯᠬᠤ᠂ ᠢᠲᠡᠭᠡᠮᠵᠢ ᠶᠢᠨ ᠳᠠᠭᠠᠭᠠᠯᠲᠠ ᠬᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ︽ᠵᠦᠪᠰᠢᠶᠡᠷᠡᠯ ᠢᠶᠠᠷ ᠤᠷᠤᠬᠤ ᠳᠤ ᠬᠦᠴᠢᠷ ᠪᠠᠶᠢᠬᠤ᠂ ᠪᠡᠯᠡ ᠲᠤᠬᠢᠷᠠᠭᠤᠯᠬᠤ ᠳᠤ ᠬᠦᠴᠢᠷ ᠪᠠᠶᠢᠬᠤ᠂ ᠪᠡᠯᠡ ᠲᠤᠬᠢᠷᠠᠭᠤᠯᠬᠤ ᠳᠤ ᠦᠨᠡᠲᠠᠢ ᠪᠠᠶᠢᠬᠤ︾ ᠵᠡᠷᠭᠡ ᠳᠤᠪᠤᠶᠢᠮ᠎ᠠ ᠠᠰᠠᠭᠤᠳᠠᠯ ᠤᠳ ᠢ ᠲᠠᠶᠢᠯᠵᠤ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠪᠠ ᠳᠠᠯᠲᠠ ᠴᠢᠳᠠᠪᠤᠷᠢ ᠶᠢ ᠬᠦᠢᠴᠡᠳ ᠭᠠᠷᠭᠠᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠦᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠷᠤᠨ ᠢᠶᠠᠨ ᠬᠦᠭᠵᠢᠭᠦᠯᠬᠦ ᠪᠠᠶᠢᠯᠲᠤᠬᠤ ᠪᠤᠳᠤᠯᠭ᠎ᠠ ᠶᠢ ᠶᠡᠬᠡᠪᠡᠷ ᠬᠡᠷᠭᠵᠢᠭᠦᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠭᠰᠠᠨ ᠬᠦᠭᠵᠢᠯᠲᠡ ᠶᠢᠨ ᠡᠨᠡᠬᠦ ᠵᠠᠩᠬᠢᠯᠠᠭ᠎ᠠ ᠶᠢ ᠠᠳᠬᠤᠵᠤ᠂ ᠰᠢᠨ᠎ᠡ ᠮᠠᠶ᠋ᠢᠭ ᠤᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠲᠤᠨᠤᠭ ᠲᠦᠭᠦᠬᠡᠷᠦᠮᠵᠢ ᠦᠢᠯᠡᠳᠭᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠤ ᠵᠠᠩᠬᠢᠯᠠᠭ᠎ᠠ ᠶᠢᠨ ᠨᠡᠶᠢᠲᠡᠯᠢᠭ ᠴᠢᠨᠠᠷ ᠪᠦᠬᠦᠢ ᠮᠡᠷᠭᠡᠵᠢᠯ ᠤᠨ ᠪᠤᠭᠤᠮᠲᠠ ᠰᠢᠪᠲᠤᠯᠬᠤ ᠶᠢ ᠴᠢᠩᠭᠠᠳᠬᠠᠨ᠂ ᠨᠡᠩ ᠤᠯᠠᠨ ᠬᠦᠷᠢᠶᠡᠨ ᠳᠤ ᠤᠨᠤᠯ ᠬᠢᠭᠡᠳ ᠮᠡᠷᠭᠡᠵᠢᠯ ᠤᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠮᠡᠷᠭᠡᠵᠢᠯ ᠤᠨ ᠰᠢᠨ᠎ᠡ ᠶᠢ ᠡᠭᠦᠳᠬᠦ ᠳᠠᠬᠢ ᠠᠵᠤ ᠠᠬᠤᠶᠢᠯᠠᠯ ᠤᠨ ᠭᠤᠤᠯ ᠴᠤᠭᠴᠠ ᠪᠤᠯᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠲᠠ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠵᠠᠬ᠎ᠠ ᠳᠡᠯᠭᠡᠬᠦᠷ ᠤᠨ ᠤᠳᠤᠷᠢᠳᠤᠮᠵᠢ ᠶᠢᠨ ᠲᠤᠭᠲᠠᠴᠠ ᠶᠢ ᠪᠦᠷᠢᠨᠰᠢᠭᠦᠯᠦᠨ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ ᠨᠡᠶᠢᠭᠡᠮ ᠤᠨ ᠬᠦᠴᠦᠨ ᠦᠷᠭᠡᠨ ᠢᠶᠠᠷ ᠤᠷᠤᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠵᠢᠭᠰᠡᠨ ᠤᠷᠤᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︽ᠴᠢᠳᠠᠪᠤᠷᠢᠲᠠᠨ ᠢᠶᠠᠷ ᠤᠷᠤᠨ ᠢᠶᠠᠨ ᠬᠦᠴᠦᠷᠬᠡᠭᠵᠢᠭᠦᠯᠬᠦ︾ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠴᠢᠳᠠᠪᠤᠷᠢᠲᠠᠨ ᠬᠦᠮᠦᠵᠢᠭᠦᠯᠬᠦ ᠪᠠ ᠤᠷᠤᠭᠤᠯᠵᠤ ᠢᠷᠡᠬᠦ ᠪᠠᠶᠢᠭᠤᠯᠤᠯ ᠲᠤᠭᠲᠠᠴᠠ ᠶᠢᠨ ᠦᠭᠡᠷᠡᠴᠢᠯᠡᠯᠲᠡ ᠶᠢ ᠲᠦᠷᠭᠡᠳᠬᠡᠨ᠂ ᠮᠡᠳᠡᠯᠭᠡ ᠶᠢᠨ ᠦᠷ᠎ᠡ ᠪᠦᠲᠦᠭᠡᠯ ᠤᠨ ᠦᠮᠴᠢᠯᠡᠬᠦ ᠡᠷᠭᠡ ᠶᠢ ᠬᠠᠮᠠᠭᠠᠯᠠᠬᠤ ᠪᠠ ᠬᠡᠷᠡᠭᠯᠡᠬᠦ ᠪᠠᠷ ᠭᠤᠤᠯ ᠪᠤᠯᠭᠠᠭᠰᠠᠨ ᠰᠢᠨ᠎ᠡ ᠶᠢ ᠡᠬᠦᠳᠬᠦ ᠶᠢ ᠤᠷᠠᠮᠰᠢᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠨ ᠬᠡᠷᠡᠭᠵᠢᠭᠦᠯᠵᠤ᠂ ᠰᠢᠨ᠎ᠡ ᠶᠢ ᠡᠭᠦᠳᠬᠦ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠪᠤᠯᠤᠨ ᠴᠢᠳᠠᠪᠤᠷᠢᠲᠠᠨ ᠤ ᠠᠮᠢᠵᠢᠷᠠᠯ ᠤᠨ ᠬᠦᠴᠦᠨ ᠦᠷᠢᠰᠦᠯᠳᠤᠨ ᠪᠠᠳᠠᠷᠠᠭᠰᠠᠨ ᠠᠮᠢᠳᠤ ᠴᠤᠪᠤᠭᠤᠯᠢᠭ ᠪᠠᠶᠢᠳᠠᠯ ᠢ ᠪᠤᠢ ᠪᠤᠯᠭᠠᠨ᠎ᠠ᠃      ︵ᠭᠤᠷᠪᠠ︶ ᠲᠠᠷᠢᠶᠡᠯᠠᠩ ᠮᠠᠯ ᠠᠵᠤ ᠠᠬᠤᠢ ᠲᠠᠷᠢᠶᠠᠯᠠᠬᠤ ᠮᠡᠯᠵᠢᠬᠤ ᠤᠷᠤᠨ ᠲᠠᠷᠢᠶᠠᠴᠢᠨ ᠮᠠᠯᠴᠢᠳ ᠤᠨ ᠠᠵᠢᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃      ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠦᠭᠵᠢᠭᠦᠯᠦᠨ᠎ᠡ᠃ ᠠᠮᠦ ᠪᠤᠳᠠᠭᠠᠨ ᠤ ᠦᠢᠯᠡᠳᠪᠦᠷᠢᠯᠡᠯ ᠢ ᠦᠴᠦᠭᠡᠨ ᠴᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠮᠠᠯ ᠤᠨ ᠶᠡᠷᠤᠩᠬᠡᠢ ᠲᠠᠷᠢᠬᠤ ᠲᠠᠯᠠᠪᠠᠢ ᠪᠠ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ ᠲᠤᠰ ᠲᠤᠰ 1 ᠳ᠋ᠦᠡᠭᠰᠢᠭᠤᠷ ᠮᠤ᠋ ᠪᠠ 8000 ᠲᠦᠮᠡᠨ ᠮᠤ᠋ ᠠᠴᠠ ᠳᠡᠭᠡᠭᠰᠢ ᠳᠤ ᠲᠤᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠳᠡᠯᠭᠡᠷᠡᠭᠦᠯᠬᠦ ᠡᠷᠴᠢᠮ ᠢ ᠨᠡᠮᠡᠭᠳᠡᠭᠦᠯᠦᠨ᠂ ᠲᠡᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠬᠤ ᠬᠢᠷᠢ ᠬᠡᠮᠵᠢᠶ᠎ᠡ ᠶᠢ ᠳᠡᠬᠡᠭᠰᠢᠯᠡᠬᠦᠯᠵᠤ᠂ ᠡᠷᠳᠡᠨᠢ ᠰᠢᠰᠢ᠂ ᠪᠤᠭᠤᠳᠠᠢ᠂ ᠲᠦᠮᠦᠰᠤ᠂ ᠴᠠᠷᠭᠠᠰᠤ ᠵᠡᠷᠭᠡ ᠶᠢᠨ ᠰᠠᠶᠢᠨ ᠦᠷ᠎ᠡ ᠪᠤᠶᠢᠵᠢᠭᠤᠯᠬᠤ᠂ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠪᠠ ᠡᠮᠦᠨ᠎ᠡ ᠬᠡᠰᠡᠭ ᠲᠤ ᠦᠷᠡᠵᠢᠭᠦᠯᠵᠤ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠠᠭᠤᠨ ᠳ᠋ᠦᠡᠭᠰᠢᠭᠤᠷ ᠵᠢᠩ ᠠᠮᠦ ᠪᠤᠳᠠᠭᠠᠨ ᠤ ᠬᠤᠷᠢᠶᠠᠯᠲᠠ ᠨᠡᠮᠡᠭᠳᠡᠭᠦᠯᠬᠦ ᠢᠨᠵᠧᠨᠧᠷᠢᠩ᠂ ︽ᠳᠦᠷᠪᠡᠨ ᠤᠷᠤᠨ ᠤ ᠮᠢᠩᠭᠠᠨ ᠲᠦᠮᠡᠨ ᠮᠤ᠋︾ ᠶᠢᠨ ᠦᠨᠳᠦᠷ ᠦᠷ᠎ᠡ ᠪᠦᠲᠦᠮᠵᠢᠲᠠᠢ ᠤᠰᠤ ᠠᠷᠪᠢᠯᠠᠵᠤ ᠤᠰᠤᠯᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠤ᠂ ᠤᠰᠤ ᠠᠷᠪᠢᠯᠠᠵᠤ ᠤᠰᠤᠯᠠᠬᠤ ᠲᠠᠯᠠᠪᠠᠢ ᠶᠢ 450 ᠲᠦᠮᠡᠨ ᠮᠤ᠋ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠲᠠᠷᠢᠮᠠᠯ ᠤᠨ ᠪᠦᠲᠦᠴᠡ ᠪᠠ ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠵᠤ᠂ ᠦᠨᠳᠦᠷ ᠤᠨᠠᠯᠲᠠ ᠲᠠᠢ ᠴᠢᠨᠠᠷ ᠰᠠᠶᠢᠨᠲᠠᠢ ᠦᠨᠳᠦᠷ ᠦᠷ᠎ᠡ ᠠᠰᠢᠭ ᠲᠠᠢ ᠠᠶᠤᠯ ᠦᠭᠡᠢ ᠲᠠᠷᠢᠮᠠᠯ ᠤᠨ ᠠᠵᠤ ᠦᠢᠯᠡᠰ ᠤᠨ ᠬᠦᠭᠵᠢᠯᠲᠠ ᠶᠢ ᠠᠬᠢᠭᠤᠯᠤᠨ᠎ᠠ᠃ ᠰᠢᠨ᠎ᠡ ᠨᠢᠭᠡᠨ ᠡᠬᠡᠯᠵᠢ ᠶᠢᠨ ︽ᠬᠤᠯᠢᠰᠢᠨ ᠢᠳᠡᠭᠡᠨ︾ ᠤ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠡᠯᠡᠳᠬᠡᠮᠵᠢᠲᠤ ᠢᠳᠡᠰᠢᠨ ᠨᠤᠭᠤᠭ᠎ᠠ ᠶᠢᠨ ᠲᠠᠯᠠᠪᠠᠢ ᠶᠢ 20 ᠲᠦᠮᠡᠨ ᠮᠤ᠋ ᠰᠢᠨ᠎ᠡ ᠪᠠᠷ ᠨᠡᠮᠡᠭᠳᠡᠭᠦᠯᠦᠨ᠎ᠡ᠃ ︽ᠠᠮᠤ ᠪᠤᠳᠠᠭᠠᠨ ᠤ ᠠᠮᠤᠷ ᠲᠦᠪᠰᠢᠨ ᠤ ᠢᠨᠵᠧᠨᠧᠷᠢᠩ︾ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠦᠮᠦᠷᠬᠡᠯᠡᠨ ᠬᠠᠳᠠᠭᠠᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭ᠎ᠠ ᠶᠢ ᠤᠷᠤᠭᠰᠢᠲᠠᠢ ᠬᠤᠳᠠᠯᠲᠤᠨ ᠠᠪᠬᠤ ᠶᠢ ᠪᠠᠲᠤᠯᠠᠨ᠎ᠠ᠃ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠰᠦ ᠰᠠᠭᠠᠯᠢ ᠶᠢᠨ ᠦᠢᠯᠡᠰ᠂ ᠢᠳᠡᠰᠢᠨ ᠦᠬᠡᠷ᠂ ᠢᠳᠡᠰᠢᠨ ᠬᠤᠨᠢᠨ ᠤ ᠠᠵᠤ ᠦᠢᠯᠡᠰ ᠢᠶᠠᠷ ᠭᠤᠤᠯᠳᠠᠯᠭ᠎ᠠ ᠪᠤᠯᠭᠠᠭᠰᠠᠨ ᠠᠮᠢ ᠠᠬᠤᠢ ᠶᠢᠨ ᠮᠠᠯ ᠠᠵᠤ ᠠᠬᠤᠢ ᠶᠢ ᠶᠡᠬᠡᠪᠡᠷ ᠬᠦᠭᠵᠢᠭᠦᠯᠵᠤ᠂ ︽ᠬᠤᠤᠰ ᠵᠠᠭᠤ ᠮᠢᠩᠭ᠎ᠠ ᠲᠦᠮᠡ ᠶᠢᠨ ᠦᠨᠳᠦᠷ ᠬᠤᠷᠢᠶᠠᠯᠲᠠ ᠭᠠᠷᠤᠯᠲᠠ ᠶᠢ ᠡᠭᠦᠳᠤᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠤᠨ ᠦᠷ᠎ᠡ ᠠᠰᠢᠭ ᠢ ᠨᠡᠮᠡᠭᠳᠡᠭᠦᠯᠬᠦ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠮᠠᠯ ᠤᠨ ᠡᠭᠦᠯᠳᠡᠷ ᠰᠠᠶᠢᠵᠢᠷᠠᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠤᠷᠤᠨ ᠤ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠪᠠ ᠲᠠᠷᠢᠶᠠᠯᠠᠬᠤ ᠤᠷᠤᠨ ᠤ ᠪᠠᠷᠢᠮᠵᠢᠶᠠᠵᠢᠭᠤᠯᠤᠭᠰᠠᠨ ᠬᠡᠪᠴᠢᠶᠡᠲᠤ ᠲᠡᠵᠢᠭᠡᠨ ᠦᠷᠡᠵᠢᠭᠦᠯᠬᠦ ᠲᠠᠯᠠᠪᠠᠢ ᠶᠢ ᠲᠦᠷᠭᠡᠳᠬᠡᠨ ᠬᠦᠭᠵᠢᠬᠦᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ ᠡᠵᠡᠩᠨᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ ᠲᠤᠰᠬᠠᠢ ᠲᠤᠮᠦ ᠡᠷᠤᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠴᠢᠨ ᠮᠠᠯᠴᠢᠳ ᠤᠨ ᠬᠤᠷᠰᠢᠶ᠎ᠠ᠂ ᠠᠵᠤ ᠦᠢᠯᠡᠰᠴᠢᠯᠡᠭᠰᠡᠨ ᠲᠠᠭᠠᠭᠤᠯᠤᠭᠴᠢ ᠠᠵᠤ ᠠᠬᠤᠶᠢᠯᠠᠯ ᠵᠡᠷᠭᠡ ᠤᠯᠠᠨ ᠲᠦᠷᠦᠯ ᠤᠨ ᠡᠵᠡᠩᠨᠡᠯᠲᠡ ᠶᠢᠨ ᠭᠤᠤᠯ ᠴᠤᠭᠴᠠ ᠶᠢ ᠲᠡᠳᠬᠦᠨ ᠬᠦᠭᠵᠢᠭᠦᠯᠵᠤ᠂ ᠰᠦ᠂ ᠮᠢᠬ᠎ᠠ᠂ ᠨᠤᠯᠤᠤᠷ᠂ ᠠᠮᠤ ᠪᠤᠳᠠᠭ᠎ᠠ ᠪᠤᠷᠴᠠᠭ᠂ ᠲᠦᠮᠦᠰᠦ ᠵᠡᠷᠭᠡ ᠳᠠᠪᠠᠭᠤᠯᠢᠭ ᠤᠨᠴᠠᠯᠢᠭ ᠪᠦᠬᠦᠢ ᠠᠵᠤ ᠦᠢᠯᠡᠰ ᠢᠶᠠᠷ ᠭᠤᠤᠯᠳᠠᠯᠭ᠎ᠠ ᠲᠠᠢ ᠭᠤᠤᠯᠯᠠᠭᠤᠯᠤᠨ᠂ ᠬᠤᠯᠪᠤᠭᠠᠯᠠᠭᠤᠯᠤᠨ ᠳᠠᠬᠢᠨ ᠵᠤᠬᠢᠶᠠᠨ ᠪᠠᠶᠢᠭᠤᠯᠬᠤ ᠪᠠᠷ ᠳᠠᠮᠵᠢᠭᠤᠯᠤᠨ ᠦᠢᠯᠡᠳᠪᠦᠷᠢᠯᠡᠵᠤ ᠡᠳ᠋ᠰᠢᠭᠦᠯᠬᠦ ᠬᠡᠯᠪᠡᠷᠢ ᠶᠢᠨ᠂ ᠬᠦᠢᠯᠭᠡᠭᠡᠨ ᠠᠷᠠᠯᠵᠢᠶᠠᠯᠠᠬᠤ ᠬᠡᠯᠪᠡᠷᠢ ᠶᠢᠨ᠂ ᠲᠦᠭᠦᠷ ᠦᠢᠯᠡᠴᠢᠯᠡᠭᠡᠨ ᠤ ᠬᠡᠯᠪᠡᠷᠢ ᠶᠢᠨ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂  ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠡᠵᠡᠩᠨᠠᠨ ᠪᠤᠷᠤᠯᠠᠭᠤᠯᠬᠤ ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠳᠬᠠᠨ᠂ ᠠᠰᠢᠭ ᠲᠤᠰᠠ ᠪᠠᠷ ᠢᠶᠠᠨ ᠬᠤᠯᠪᠤᠯᠳᠤᠬᠤ ᠲᠤᠭᠲᠠᠴᠠ ᠶᠢ ᠲᠡᠬᠦᠯᠳᠡᠷᠵᠢᠭᠦᠯᠦᠨ᠂ ᠲᠠᠷᠢᠶᠠᠴᠢᠨ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠬᠡᠲᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠦᠬᠦ ᠤᠯᠤᠰ ᠲᠤ ᠨᠡᠷᠡᠲᠠᠢ ᠢᠳᠡᠰᠢᠨ ᠬᠤᠨᠢ ᠶᠢᠨ 5 ᠲᠦᠷᠦᠯ ᠲᠡᠮᠳᠡᠭ ᠢ ᠪᠤᠢ ᠪᠤᠯᠭᠠᠵᠤ᠂ 100 ᠲᠦᠮᠡᠨ ᠲᠤᠯᠤᠭᠠᠢ ᠠᠴᠠ ᠳᠡᠭᠡᠭᠰᠢ ᠢᠳᠡᠰᠢᠨ ᠬᠤᠨᠢ ᠮᠠᠯᠯᠠᠬᠤ 5 ᠲᠤᠮᠤ ᠬᠡᠯᠪᠡᠷᠢ  ᠶᠢᠨ ᠦᠢᠯᠡᠳᠪᠦᠷᠢᠯᠡᠯ ᠤᠨ ᠬᠤᠯᠪᠤᠭᠠᠲᠤ ᠴᠤᠭᠴᠠ ᠶᠢ ᠪᠠᠶᠢᠭᠤᠯᠤᠨ᠂ ᠪᠤᠷᠤᠯᠠᠭᠤᠯᠤᠨ ᠬᠤᠳᠠᠯᠳᠤᠭᠰᠠᠨ ᠤᠷᠤᠯᠭ᠎ᠠ ᠨᠢ 10  ᠳ᠋ᠦᠩᠰᠢᠭᠤᠷ ᠲᠦᠭᠦᠷᠢᠭ ᠠᠴᠠ ᠳᠡᠭᠡᠭᠰᠢᠬᠢ 5 ᠳᠠᠭᠠᠭᠤᠯᠬᠤ ᠠᠵᠤ ᠠᠬᠤᠶᠢᠯᠠᠯ ᠢ ᠪᠤᠶᠢᠵᠢᠭᠤᠯᠤᠨ᠎ᠠ᠃      ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ  ᠃ ᠦᠮᠴᠢᠯᠡᠬᠦ ᠡᠷᠬᠡ ᠶᠢ ᠲᠤᠲᠤᠷᠬᠠᠶᠢᠯᠠᠬᠤ᠂ ᠳᠠᠭᠠᠭᠠᠴᠢᠯᠠᠯᠲᠠ ᠶᠢᠨ ᠡᠷᠬᠡ ᠶᠢ ᠲᠤᠭᠲᠠᠭᠤᠨ ᠪᠠᠶᠢᠯᠭᠠᠬᠤ᠂ ᠡᠵᠡᠩᠨᠡᠯᠲᠠ ᠶᠢᠨ ᠡᠷᠬᠡ ᠶᠢ ᠠᠮᠢᠳᠤᠯᠢᠭ ᠪᠤᠯᠭᠠᠬᠤ ᠱᠠᠭᠠᠷᠳᠠᠯᠭ᠎ᠠ ᠶᠤᠰᠤᠭᠠᠷ᠂ ᠲᠠᠷᠢᠶᠠᠯᠠᠬᠤ ᠮᠠᠯᠵᠢᠬᠤ ᠤᠷᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠲᠡᠷᠢᠶᠠᠯᠠᠬᠤ ᠮᠠᠯᠵᠢᠬᠤ ᠤᠷᠤᠨ ᠤ ᠭᠠᠵᠠᠷ ᠰᠢᠷᠤᠢ᠂ ᠬᠠᠳᠤᠯᠠᠩ ᠪᠡᠯᠴᠢᠭᠡᠷ ᠤᠨ ᠬᠠᠮᠲᠤ ᠶᠢᠨ ᠦᠮᠴᠢᠯᠡᠯ ᠢ ᠪᠠᠷᠢᠮᠲᠠᠯᠠᠨ᠂ ᠲᠠᠷᠢᠶᠠᠴᠢᠨ ᠮᠠᠯᠴᠢᠳ ᠤᠨ ᠳᠠᠭᠠᠭᠠᠴᠢᠯᠠᠵᠤ ᠪᠦᠬᠦᠢ ᠭᠠᠵᠠᠷ ᠰᠢᠷᠤᠢ ᠪᠠᠨ ᠡᠵᠡᠮᠰᠢᠬᠦ᠂ ᠬᠡᠷᠡᠭᠯᠡᠬᠦ᠂ ᠠᠰᠢᠭ ᠬᠦᠷᠲᠡᠬᠦ᠂ ᠡᠷᠬᠢᠯᠳᠦᠬᠦᠯᠬᠦ ᠪᠠ ᠳᠠᠭᠠᠭᠠᠴᠢᠯᠠᠨ ᠡᠵᠡᠩᠨᠠᠵᠤ ᠪᠠᠶᠢᠭ᠎ᠠ ᠡᠷᠬᠡ ᠪᠠᠨ ᠪᠠᠷᠢᠴᠠᠭᠠᠯᠠᠬᠤ᠂ ᠳᠠᠭᠠᠭᠠᠯᠲᠠ ᠬᠢᠬᠦ ᠡᠷᠬᠡ ᠶᠢ ᠬᠠᠤᠯᠢ ᠶᠤᠰᠤᠭᠠᠷ ᠬᠠᠮᠠᠭᠠᠯᠠᠵᠤ᠂ ᠬᠠᠮᠲᠤ ᠶᠢᠨ ᠤᠢ ᠮᠤᠳᠤᠨ ᠤ ᠭᠠᠵᠠᠷ ᠢ ᠬᠡᠷ ᠪᠦᠯᠢ ᠳᠤ ᠳᠠᠭᠠᠭᠠᠴᠢᠯᠠᠭᠤᠯᠤᠨ ᠡᠵᠡᠩᠨᠡᠬᠦᠯᠬᠦ ᠳᠦᠷᠢᠮ ᠢ ᠲᠡᠭᠦᠯᠳᠡᠷᠵᠢᠭᠦᠯᠵᠤ᠂ ᠭᠠᠵᠠᠷ ᠰᠢᠷᠤᠢ ᠶᠢᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠤᠯᠭᠤᠬᠤ ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠨ᠂ ᠲᠠᠷᠢᠶᠠᠯᠠᠬᠤ ᠮᠠᠯᠵᠢᠬᠤ ᠤᠷᠤᠨ ᠤ ᠬᠠᠮᠲᠤ ᠶᠢᠨ ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠨᠤᠲᠠᠯᠠᠨ ᠲᠠᠩᠰᠠᠯᠠᠵᠤ ᠦᠨᠡᠮᠯᠠᠯ ᠤᠯᠭᠤᠬᠤ ᠠᠵᠢᠯ ᠢ ᠦᠨᠳᠦᠰᠦᠨ ᠳᠤᠨᠢ ᠪᠡᠶᠡᠯᠡᠭᠦᠯᠵᠤ᠂ ᠤᠷᠤᠨ ᠰᠠᠭᠤᠴᠠ ᠶᠢᠨ ᠰᠠᠭᠤᠷᠢ ᠭᠠᠵᠠᠷ ᠬᠢᠭᠡᠳ ᠬᠠᠮᠲᠤ ᠶᠢᠨ ᠪᠦᠲᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠳᠠᠩᠰᠠᠯᠠᠵᠤ ᠦᠨᠡᠮᠯᠠᠯ ᠤᠯᠭᠤᠬᠤ ᠠᠵᠢᠯ ᠢ ᠲᠦᠯᠬᠢᠨ ᠠᠬᠢᠭᠤᠯᠤᠨ᠎ᠠ᠃ ᠬᠡᠷ ᠪᠦᠯᠢ ᠶᠢᠨ ᠡᠵᠡᠩᠨᠡᠯᠲᠡ ᠶᠢᠨ ᠦᠨᠳᠦᠰᠦᠨ ᠪᠠᠶᠢᠷᠢ ᠰᠠᠭᠤᠷᠢ ᠶᠢ ᠪᠠᠷᠢᠮᠲᠠᠯᠠᠨ᠂ ᠬᠡᠷ ᠪᠦᠯᠢ ᠡᠵᠡᠩᠨᠡᠬᠦ᠂ ᠬᠠᠮᠲᠤ ᠡᠵᠡᠩᠨᠡᠬᠦ᠂ ᠬᠤᠷᠰᠢᠵᠤ ᠡᠵᠡᠩᠨᠡᠬᠦ ᠪᠠ ᠠᠵᠤ ᠠᠬᠤᠶᠢᠯᠠᠯ ᠡᠵᠡᠩᠨᠡᠬᠦ ᠬᠠᠮᠲᠤᠪᠠᠷ ᠬᠦᠭᠵᠢᠭᠰᠡᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠠᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠭᠠᠵᠠᠷ ᠰᠢᠷᠤᠢ ᠬᠠᠳᠤᠯᠠᠩ ᠪᠡᠯᠴᠢᠭᠡᠷ ᠢ ᠡᠷᠬᠢᠯᠳᠦᠭᠦᠯᠬᠦ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠦᠨ᠂ ᠭᠠᠵᠠᠷ ᠰᠢᠷᠤᠢ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠤᠭᠴᠠ ᠲᠠᠰᠢ ᠡᠷᠬᠢᠯᠳᠦᠬᠦᠯᠬᠦ ᠵᠤᠷᠢᠭᠵᠢᠭᠤᠯᠤᠨ᠂ ᠤᠯᠠᠨ ᠵᠦᠢᠯ ᠤᠨ ᠬᠡᠯᠪᠡᠷᠢ ᠪᠦᠬᠦᠢ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢ ᠬᠦᠭᠵᠢᠭᠦᠯᠵᠤ᠂ ᠪᠦᠬᠦ ᠶᠠᠪᠤᠴᠠ ᠶᠢ ᠬᠠᠮᠤᠷᠤᠭᠰᠠᠨ᠂ ᠶᠡᠷᠦᠩᠭᠡᠶᠢᠯᠡᠨ ᠢᠵᠢ ᠪᠦᠷᠢᠳᠤᠬᠦᠯᠦᠭᠰᠡᠨ᠂ ᠳᠦᠭᠦᠮ ᠲᠦᠳᠡ ᠦᠨᠳᠦᠷ ᠦᠷ᠎ᠡ ᠪᠦᠲᠦᠮᠵᠢᠲᠠᠢ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃      ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠨ᠎ᠠ᠃ ᠦᠢᠯᠡᠳᠪᠦᠷᠢᠯᠡᠯ ᠤᠨ ᠤᠷᠴᠢᠨ ᠲᠤᠭᠤᠷᠢᠨ ᠤ ᠠᠶᠤᠯ ᠦᠭᠡᠢ ᠶᠢᠨ ᠪᠤᠭᠤᠮᠲᠠ ᠶᠢ ᠴᠢᠩᠭ᠎ᠠ ᠠᠳᠬᠤᠵᠤ᠂ ᠲᠤᠰᠬᠠᠶᠢᠴᠢᠯᠠᠭᠰᠠᠨ᠂ ᠪᠠᠷᠢᠮᠵᠢᠶᠠᠵᠢᠭᠤᠯᠤᠭᠰᠠᠨ᠂ ᠨᠡᠶᠢᠲᠡ ᠳᠤ ᠬᠤᠤᠷᠳᠠᠭᠤᠯᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠪᠠ ᠪᠤᠬᠢᠷᠳᠤᠯ ᠦᠭᠡᠢ ᠢᠳᠡᠭᠡᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠭᠠᠵᠠᠷ ᠤᠨ ᠤᠷᠴᠢᠨ ᠲᠤᠭᠤᠷᠢᠨ ᠤ ᠪᠤᠬᠢᠷᠳᠤᠯ ᠢ ᠴᠢᠩᠭ᠎ᠠ ᠬᠢᠵᠠᠭᠠᠷᠯᠠᠨ ᠡᠵᠡᠮᠳᠡᠵᠤ᠂ ᠲᠠᠷᠢᠶᠠᠯᠠᠩ ᠮᠠᠯ ᠠᠵᠤ ᠠᠬᠤᠢ ᠶᠢᠨ ᠤᠷᠴᠢᠨ ᠲᠤᠭᠤᠷᠢᠨ᠂ ᠤᠷᠤᠭᠤᠯᠤᠯᠲᠠ ᠡᠳ᠋ ᠵᠡᠷᠭᠡ ᠶᠢᠨ ᠶᠠᠰᠤ ᠴᠢᠨᠠᠷ ᠤᠨ ᠠᠶᠤᠯ ᠦᠬᠡᠢ ᠶᠢᠨ ᠪᠠᠶᠢᠴᠠᠭᠠᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠮᠦᠷᠳᠡᠨ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠦᠢᠯᠡᠳᠪᠦᠷᠢᠯᠡᠬᠦ ᠡᠬᠢ ᠡᠬᠦᠰᠦᠯ ᠠᠴᠠ ᠨᠢ ᠵᠠᠰᠠᠬᠤ ᠪᠠ ᠦᠢᠯᠡᠳᠪᠦᠷᠢᠯᠡᠵᠤ ᠪᠤᠷᠤᠯᠠᠭᠤᠯᠬᠤ ᠪᠦᠬᠦ ᠶᠠᠪᠤᠴᠠ ᠶᠢᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠴᠢᠩᠭ᠎ᠠ ᠵᠢᠷᠤᠮᠵᠢᠯ ᠢ ᠪᠠᠶᠢᠭᠤᠯᠤᠨ᠂ ᠠᠷᠠᠳ ᠤᠯᠠᠨ ᠤ ︽ᠢᠳᠡᠭᠡᠨ ᠤᠮᠳᠠᠭᠠᠨ ᠤ ᠠᠶᠤᠯ ᠦᠭᠡᠢ︾ ᠶᠢ ᠦᠨᠡᠨᠬᠦ ᠪᠠᠲᠤᠯᠠᠨ᠎ᠠ᠃ ᠠᠮᠢ ᠠᠬᠤᠢ ᠶᠢᠨ ᠤᠭ ᠭᠠᠷᠤᠯᠲᠠ ᠶᠢᠨ ᠭᠠᠵᠠᠷ ᠤᠨ ᠪᠦᠲᠦᠭᠡᠭᠳᠡᠬᠦᠨ ᠢ ᠬᠠᠮᠠᠭᠠᠯᠠᠬᠤ ᠪᠠ ᠨᠡᠶᠢᠲᠡ ᠳᠤ ᠬᠤᠤᠷᠳᠠᠭᠤᠯᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂ ᠪᠤᠬᠢᠷᠳᠤᠯ ᠦᠬᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂  ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠵᠠᠷ ᠵᠦᠢ ᠶᠢᠨ ᠲᠡᠮᠳᠡᠭ ᠢ ᠰᠢᠯᠭᠠᠨ ᠲᠤᠭᠲᠠᠭᠠᠬᠤ ᠶᠠᠪᠤᠳᠠᠯ ᠢ ᠴᠢᠩᠭᠠᠳᠬᠠᠨ᠂ ᠮᠠᠨ ᠤ ᠤᠷᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠠᠯᠳᠠᠷᠰᠢᠯ ᠪᠠ ᠦᠷᠢᠰᠦᠯᠲᠦᠬᠦ ᠴᠢᠳᠠᠯ ᠢ ᠳᠡᠭᠡᠭᠰᠢᠯᠡᠭᠦᠯᠦᠨ᠎ᠡ᠃      ᠰᠢᠨ᠎ᠡ ᠲᠡᠷᠢᠶᠡᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ ᠬᠤᠲᠠ ᠬᠦᠳᠡᠭᠡ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠰᠠᠭᠤᠷᠢ ᠪᠡᠯᠡᠳᠬᠡᠮᠵᠢ ᠶᠢ ᠲᠠᠷᠢᠶᠠᠯᠠᠬᠤ ᠮᠠᠯᠵᠢᠬᠤ ᠤᠷᠤᠨ ᠲᠡᠰᠢ ᠤᠷᠳᠤᠳᠬᠠᠬᠤ᠂ ᠤᠯᠠᠨ ᠨᠡᠶᠢᠲᠡ ᠶᠢᠨ ᠦᠢᠯᠡᠴᠢᠯᠡᠭᠡᠨ ᠢᠶᠠᠷ ᠮᠠᠯᠵᠢᠬᠤ ᠲᠠᠷᠢᠶᠠᠯᠠᠬᠤ ᠤᠷᠤᠨ ᠢ ᠬᠠᠮᠤᠷᠤᠭᠤᠯᠬᠤ᠂ ᠬᠤᠲᠠ ᠶᠢᠨ ᠪᠤᠯᠪᠠᠰᠤᠨ ᠢᠶᠠᠷ ᠮᠠᠯᠵᠢᠬᠤ ᠲᠠᠷᠢᠶᠠᠯᠠᠬᠤ ᠤᠷᠤᠨ ᠢ ᠨᠦᠯᠦᠭᠡᠯᠡᠨ ᠲᠠᠶᠢᠴᠢᠯᠠᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢᠨ ᠭᠤᠤᠯᠳᠠᠯᠭ᠎ᠠ ᠶᠢ ᠲᠡᠷᠢᠶᠠᠯᠠᠬᠤ ᠮᠠᠯᠵᠢᠬᠤ ᠤᠷᠤᠨ ᠳᠤ ᠲᠠᠯᠪᠢᠬᠤ ᠶᠢ ᠪᠠᠷᠢᠮᠲᠠᠯᠠᠨ᠂ 3 ᠵᠢᠯ ᠤᠨ ᠬᠤᠭᠤᠴᠠᠭᠠᠨ ᠳᠤ᠂ ᠪᠦᠬᠦ ᠤᠷᠤᠨ ᠤ ᠬᠡᠪᠴᠢᠶᠡᠨ ᠳᠤ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ ᠵᠠᠰᠠᠨ ᠰᠢᠨᠡᠳᠬᠡᠬᠦ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢ ᠬᠠᠲᠠᠭᠤᠷᠠᠭᠤᠯᠬᠤ᠂ ᠲᠤᠰᠬᠤᠨ ᠪᠤᠯᠭᠠᠨ ᠳᠤ ᠴᠠᠬᠢᠯᠭᠠᠨ ᠨᠡᠪᠲᠡᠷᠡᠭᠦᠯᠬᠦ᠂ ᠲᠤᠰᠬᠤᠨ ᠪᠤᠯᠭᠠᠨ ᠳᠤ ᠷᠠᠳᠢᠤ᠋ ᠨᠡᠪᠲᠡᠷᠡᠭᠦᠯᠭᠡ ᠲᠧᠯᠸᠢᠰ ᠪᠠ ᠴᠢᠮᠡᠭᠡ ᠨᠡᠪᠲᠡᠷᠡᠭᠦᠯᠬᠡ ᠨᠡᠪᠲᠡᠷᠡᠭᠦᠯᠬᠦ᠂ ᠰᠤᠷᠭᠠᠭᠤᠯᠢ ᠶᠢᠨ ᠬᠡᠷ ᠪᠠᠶᠢᠷᠢ ᠶᠢᠨ ᠪᠦᠲᠦᠭᠡᠨ ᠪᠠᠶᠢᠭᠤᠯᠤᠯᠲᠠ ᠬᠢᠭᠡᠳ ᠠᠠᠶᠤᠯ ᠦᠭᠡᠢ ᠪᠤᠯᠭᠠᠨ ᠵᠠᠰᠠᠨ ᠰᠢᠨᠡᠳᠬᠡᠬᠦ᠂ ᠭᠠᠴᠠᠭ᠎ᠠ ᠲᠤᠰᠬᠤᠨ ᠤ ᠪᠠᠷᠢᠮᠵᠢᠶᠠᠵᠢᠭᠤᠯᠤᠭᠰᠠᠨ ᠡᠷᠡᠬᠦᠯ ᠬᠠᠮᠠᠭᠠᠯᠠᠯ ᠤᠨ ᠲᠠᠰᠤᠭ᠂ ᠭᠠᠴᠠᠭ᠎ᠠ ᠲᠤᠰᠬᠤᠨ ᠤ ᠰᠤᠶᠤᠯ ᠲᠤᠭᠯᠠᠭᠠᠮ ᠤᠨ ᠦᠷᠦᠭᠡ᠂ ᠠᠷᠠᠳ ᠲᠤ ᠳᠦᠭᠦᠮ ᠬᠡᠯᠬᠢᠶ᠎ᠡ ᠬᠡᠲᠤ ᠳᠡᠯᠭᠡᠬᠦᠷ᠂ ᠲᠡᠷᠢᠶᠠᠯᠠᠬᠤ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠬᠦᠮᠦᠨ ᠠᠮᠠ ᠶᠢᠨ ᠨᠠᠰᠤᠵᠢᠯ ᠡᠮᠨᠡᠯᠭᠡ ᠨᠠᠭᠠᠲᠤ ᠵᠠᠬ᠎ᠠ ᠶᠢᠨ ᠪᠠᠲᠤᠯᠭ᠎ᠠ ᠵᠡᠷᠭᠡ ᠨᠡᠶᠢᠭᠡᠮ ᠪᠠᠲᠤᠯᠭ᠎ᠠ ᠶᠢᠨ ︽ᠠᠷᠪᠠᠨ ᠪᠦᠬᠦᠨ ᠢ ᠬᠠᠮᠤᠷᠬᠤ︾ ᠶᠢ ᠪᠶᠡᠯᠡᠭᠦᠯᠦᠨ᠂ ᠬᠤᠲᠠ ᠬᠦᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ᠂ ᠤᠰᠤᠨ ᠠᠰᠢᠭᠯᠠᠯᠲᠠ᠂ ᠴᠠᠬᠢᠯᠭᠠᠨ ᠤ ᠲᠤᠤᠷ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠤᠯᠲᠠᠢ ᠲᠦᠯᠦᠪᠯᠡᠨ ᠲᠦᠯᠬᠢᠨ ᠠᠬᠢᠭᠤᠯᠵᠤ᠂ ᠲᠡᠷᠢᠶᠠᠯᠠᠬᠤ ᠮᠠᠯᠵᠢᠬᠤ ᠤᠷᠤᠨ ᠤ ᠨᠠᠮᠤᠭ ᠤᠨ ᠬᠡᠢ ᠪᠤᠯᠤᠨ ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ ᠰᠠᠶᠢᠲᠤᠷ ᠠᠳᠬᠤᠵᠤ᠂ ᠬᠦᠳᠡᠭᠡ ᠲᠤᠰᠬᠤᠨ ᠤ 1.5 ᠲᠦᠮᠡᠨ ᠡᠷᠦᠬᠡ ᠳᠤ ᠨᠠᠮᠤᠭ ᠤᠨ ᠬᠡᠢ ᠬᠡᠷᠡᠭᠯᠡᠭᠦᠯᠬᠦ ᠪᠦᠲᠦᠭᠡᠨ ᠪᠠᠶᠢᠭᠤᠯᠤᠯᠲᠠ ᠬᠢᠵᠤ᠂ 80 ᠲᠦᠮᠡᠨ ᠬᠦᠮᠦᠨ ᠠᠮᠠ ᠶᠢᠨ ᠠᠶᠤᠯ ᠦᠭᠡᠢ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠂ ᠤᠷᠤᠰᠢᠨ ᠰᠠᠭᠤᠬᠤ ᠳᠤ ᠲᠤᠬᠢᠷᠠᠭᠰᠠᠨ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠢ ᠶᠡᠬᠡᠪᠡᠷ ᠪᠦᠲᠦᠭᠡᠨ ᠪᠠᠶᠢᠭᠤᠯᠵᠤ᠂ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠠ ᠦᠵᠡᠭᠦᠯᠬᠦ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠤ᠂ ᠲᠡᠷᠢᠶᠠᠯᠠᠬᠤ ᠮᠠᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠦᠷᠨᠢᠭᠦᠯᠦᠨ᠂ ᠲᠡᠷᠢᠶᠠᠯᠠᠬᠤ ᠮᠠᠯᠵᠢᠬᠤ ᠤᠷᠤᠨ ᠤ ᠲᠦᠷᠰᠦ ᠪᠠᠶᠢᠳᠠᠯ ᠳᠤ ᠦᠨᠳᠦᠰᠦᠨ ᠴᠢᠨᠡᠷᠲᠠᠢ ᠬᠤᠪᠢᠷᠠᠯᠲᠠ ᠭᠠᠷᠭᠠᠨ᠎ᠠ᠃      ︵ᠳᠦᠷᠪᠡ︶ ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠪᠠᠷ ᠭᠤᠤᠯᠳᠠᠯᠭ᠎ᠠ ᠪᠤᠯᠭᠠᠨ ᠦᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠭᠦᠯᠦᠨ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠪᠤᠯᠤᠨ ᠬᠦᠳᠡᠯᠬᠡᠬᠦ ᠬᠦᠴᠦᠨ ᠢ ᠨᠡᠮᠡᠭᠳᠡᠭᠦᠯᠦᠨ᠎ᠡ᠃      ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠬᠦᠷᠦᠩᠭᠡ ᠶᠢ ᠬᠠᠮᠢᠶᠠᠷᠬᠤ ᠪᠠᠷ ᠭᠤᠤᠯ ᠪᠤᠯᠭᠠᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠪᠠᠶᠢᠷᠢᠰᠢᠭᠤᠯᠤᠯ ᠪᠠ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠤᠨ᠎ᠠ᠃ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠤ ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠠ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠂ ᠬᠤᠯᠢᠮᠠᠭ ᠦᠮᠴᠢᠯᠡᠯᠲᠤ ᠠᠵᠤ ᠠᠬᠤᠢ ᠶᠢ ᠢᠳᠡᠪᠬᠢᠲᠠᠢ ᠪᠠᠷ ᠬᠦᠭᠵᠢᠭᠦᠯᠦᠨ᠂ ᠤᠯᠤᠰ ᠤᠨ ᠦᠮᠴᠢᠯᠡᠯ ᠤᠨ᠂ ᠬᠠᠮᠲᠤ ᠶᠢᠨ ᠪᠠ ᠠᠷᠠᠳ ᠤᠨ ᠬᠦᠷᠦᠩᠭᠡ ᠰᠤᠯᠪᠢᠴᠡᠨ ᠰᠲ᠋ᠤᠺ ᠡᠵᠡᠮᠰᠢᠬᠦ ᠪᠠ ᠬᠠᠷᠢᠯᠴᠠᠨ ᠠᠭᠤᠰᠤᠯᠴᠠᠨ ᠨᠢᠭᠡᠳᠬᠦ ᠶᠢ ᠲᠦᠯᠬᠢᠨ ᠠᠬᠢᠭᠤᠯᠤᠨ᠎ᠠ᠃ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠤᠯᠤᠰ ᠠᠴᠠ ᠮᠠᠨ ᠤ ᠤᠷᠤᠨ ᠳᠤ ᠴᠠᠬᠢᠯᠭᠠᠨ ᠬᠦᠴᠦᠨ ᠤ ᠪᠠᠶᠢᠭᠤᠯᠤᠯ ᠤᠨ ᠦᠭᠡᠷᠡᠴᠢᠯᠡᠯᠲᠡ ᠶᠢᠨ ᠲᠤᠷᠰᠢᠯᠲᠠ ᠬᠢᠬᠦ ᠶᠢ ᠴᠢᠷᠮᠠᠶᠢᠨ ᠤᠯᠵᠤ᠂ ᠲᠤᠤᠷᠵᠢᠭᠤᠯᠬᠤ ᠪᠠ ᠲᠡᠭᠡᠭᠡᠪᠦᠷᠢᠯᠡᠬᠦ ᠶᠢ ᠰᠠᠯᠭᠠᠬᠤ ᠰᠢᠨ᠎ᠡ ᠬᠡᠯᠪᠡᠷᠢ ᠮᠠᠶ᠋ᠢᠭ ᠢ ᠢᠳᠡᠪᠬᠢᠲᠠᠢ ᠰᠦᠪᠡᠭᠴᠢᠯᠡᠨ᠂ ᠴᠠᠬᠢᠯᠭᠠᠨ ᠦᠨ᠎ᠡ ᠶᠢᠨ ᠪᠤᠢ ᠪᠤᠯᠬᠤ ᠲᠤᠭᠲᠠᠴᠠ ᠶᠢ ᠲᠡᠭᠦᠯᠳᠡᠷᠵᠢᠭᠦᠯᠵᠤ᠂ ᠦᠨ᠎ᠡ ᠦᠷᠢᠰᠦᠯᠳᠤᠨ ᠲᠤᠤᠷ ᠲᠤ ᠭᠠᠷᠬᠤ ᠶᠢ ᠲᠦᠯᠬᠢᠨ ᠠᠬᠢᠭᠤᠯᠤᠨ᠎ᠠ᠃ ᠦᠪᠦᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠤᠯᠠᠨ ᠲᠡᠰᠢ ᠠᠷᠠᠯᠵᠢᠶᠠᠯᠠᠬᠤ ᠲᠤᠭᠲᠠᠴᠠ ᠶᠢ ᠲᠡᠭᠦᠯᠳᠡᠷᠵᠢᠭᠦᠯᠵᠤ᠂ ᠦᠪᠦᠷ ᠮᠤᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠤ ᠲᠤᠮᠤ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠨᠭ᠍ᠭᠠᠬᠤ ᠶᠢ ᠡᠬᠢᠯᠡᠭᠦᠯᠵᠤ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠦᠪᠡᠷ ᠤᠨ ᠦᠷᠲᠡᠭ ᠢ ᠪᠠᠭᠤᠷᠠᠭᠤᠯᠤᠨ᠎ᠠ᠃ ᠤᠷᠤᠨ ᠪᠦᠰᠡ ᠠᠯᠤᠰᠯᠠᠭᠰᠠᠨ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠰᠢᠰᠲ᠋ᠧᠮᠵᠢ ᠶᠢ ᠪᠠᠶᠢᠭᠤᠯᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠨᠡᠩ ᠶᠡᠭᠡ ᠬᠡᠪᠴᠢᠶᠡᠨ ᠤ ᠨᠡᠶᠢᠯᠡᠯ ᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠰᠠᠯᠠᠭ᠎ᠠ ᠮᠦᠴᠢᠷ ᠤᠨ ᠲᠦᠰᠦᠪ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠦᠬᠦ ᠰᠢᠰᠲ᠋ᠧᠮ ᠤᠨ ᠵᠠᠰᠠᠭ ᠤᠨ ᠤᠷᠳᠤᠨ ᠤ ᠲᠦᠰᠦᠪ ᠤᠨ ᠰᠢᠰᠲ᠋ᠧᠮᠵᠢ ᠶᠢ ᠪᠠᠶᠢᠭᠤᠯᠤᠨ᠎ᠠ᠃ ᠵᠠᠰᠠᠭ ᠤᠨ ᠤᠷᠳᠤᠨ ᠤ ᠬᠤᠭᠤᠷᠤᠨᠳᠤᠬᠢ ᠠᠵᠢᠯ ᠤᠨ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠤᠬᠢᠰᠲᠠᠢ ᠬᠤᠪᠢᠶᠠᠷᠢᠯᠡᠵᠤ᠂ ᠰᠢᠯᠵᠢᠭᠦᠯᠦᠨ ᠦᠭᠬᠦ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠰᠢᠭᠤ ᠰᠢᠶᠠᠨ ᠤ ᠱᠠᠲᠤᠨ ᠤ ᠦᠨᠳᠦᠰᠦᠨ ᠡᠳ᠋ ᠤᠨ ᠬᠦᠴᠦᠨ ᠢ ᠪᠠᠲᠤᠯᠠᠬᠤ ᠲᠤᠭᠲᠠᠴᠠ ᠶᠢ ᠲᠡᠭᠦᠯᠳᠡᠷᠵᠢᠭᠦᠯᠦᠨ᠎ᠡ  ᠃ ᠤᠯᠤᠰ ᠤᠨ ᠱᠠᠭᠠᠷᠳᠠᠯᠭ᠎ᠠ ᠶᠤᠰᠤᠭᠠᠷ᠂ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠲᠠᠲᠠᠪᠤᠷᠢᠯᠠᠬᠤ ᠵᠡᠷᠭᠡ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠵᠤ᠂ ᠵᠠᠰᠠᠭ ᠤᠨ ᠤᠷᠳᠤᠨ ᠤ ᠦᠷᠢ ᠦᠭᠴᠡᠭᠡ ᠵᠢᠭᠡᠯᠡᠬᠦ ᠡᠷᠭᠡ ᠮᠡᠳᠡᠯ ᠪᠠ ᠬᠡᠪᠴᠢᠶ᠎ᠡ ᠶᠢ ᠵᠢᠷᠤᠮᠵᠢᠭᠤᠯᠵᠤ᠂ ᠦᠯᠡᠳᠡᠬᠡᠯ ᠦᠷᠢ ᠦᠭᠴᠡᠭᠡ ᠶᠢ ᠠᠯᠬᠤᠮ ᠠᠯᠬᠤᠮ ᠢᠶᠠᠷ ᠰᠢᠢᠳᠪᠦᠷᠢᠯᠡᠨ᠂ ᠰᠢᠨ᠎ᠡ ᠪᠠᠷ ᠨᠡᠮᠡᠭᠳᠡᠬᠦ ᠦᠷᠢ ᠦᠭᠴᠡᠭᠡ ᠶᠢ ᠴᠢᠩᠭ᠎ᠠ ᠬᠢᠵᠠᠭᠠᠷᠯᠠᠨ ᠡᠵᠡᠮᠳᠡᠨ᠎ᠡ᠃ ᠡᠬᠢ ᠪᠠᠶᠠᠯᠢᠭ ᠤᠨ ᠴᠢᠨᠠᠷᠲᠠᠢ ᠦᠢᠯᠡᠳᠭᠦᠨ ᠤ ᠦᠨ᠎ᠡ ᠬᠠᠨᠭ᠍ᠰᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠯᠤᠰ ᠤᠨ ᠨᠡᠭᠦᠷᠡᠰᠦ ᠵᠡᠷᠭᠡ ᠡᠬᠢ ᠪᠠᠶᠠᠯᠢᠭ ᠤᠨ ᠭᠠᠶᠢᠯᠢ ᠶᠢ ᠦᠨ᠎ᠡ ᠪᠠᠷ ᠪᠤᠳᠤᠵᠤ ᠲᠠᠲᠠᠪᠤᠷᠢᠯᠠᠬᠤ ᠦᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠤᠰᠤ᠂ ᠴᠠᠬᠢᠯᠭᠠᠨ᠂ ᠬᠡᠢ ᠵᠡᠷᠭᠡ ᠱᠠᠲᠤᠯᠢᠭ ᠦᠨ᠎ᠡ ᠬᠠᠨᠭ᠍ᠰᠢ ᠶᠢᠨ ᠳᠦᠷᠢᠮ ᠢ ᠲᠡᠭᠦᠯᠳᠡᠷᠵᠢᠭᠦᠯᠵᠤ᠂ ᠵᠠᠰᠠᠭ ᠵᠠᠬᠢᠷᠭᠠᠨ ᠤ ᠤᠷᠤᠨ ᠪᠦᠰᠡ ᠠᠯᠤᠰᠯᠠᠭᠰᠠᠨ ᠤᠰᠤ ᠲᠠᠲᠠᠬᠤ ᠬᠦᠢᠴᠡᠳᠬᠡᠬᠦ ᠲᠤᠭ᠎ᠠ ᠶᠢᠨ ᠠᠷᠠᠯᠵᠢᠶᠠᠯᠠᠭ᠎ᠠ ᠶᠢ ᠠᠬᠢᠭᠤᠯᠵᠤ᠂ ᠭᠤᠤᠯ ᠪᠤᠯᠬᠤ ᠪᠤᠬᠢᠷ ᠪᠤᠳᠠᠰ ᠭᠠᠳᠠᠭᠰᠢᠯᠠᠭᠤᠯᠬᠤ ᠰᠦᠢᠳᠬᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃      ᠨᠡᠬᠡᠬᠡᠯᠲᠡᠲᠤ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠳᠤᠲᠤᠭᠠᠲᠤ ᠬᠠᠭᠤᠷᠠᠢ ᠶᠢᠨ ᠬᠢᠯᠢ ᠳᠠᠭᠠᠤ ᠶᠢᠨ ᠨᠡᠬᠡᠬᠡᠯᠲᠡ ᠶᠢ ᠦᠷᠭᠡᠳᠬᠡᠬᠦ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠵᠠᠪᠳᠤᠨ᠂ ᠤᠮᠠᠷᠠᠰᠢ ᠨᠡᠬᠡᠬᠡᠯᠲᠡ ᠬᠢᠬᠦ ᠴᠢᠬᠤᠯᠠ ᠬᠦᠬᠦᠷᠬᠡᠨ ᠪᠠᠬᠢᠯᠡᠯᠲᠡ ᠪᠤᠯᠤᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠢᠯᠢ ᠳᠠᠭᠠᠤ ᠶᠢᠨ ᠠᠵᠤ ᠠᠬᠤᠢ ᠶᠢᠨ ᠪᠦᠰᠡ ᠶᠢ ᠲᠦᠷᠭᠡᠳᠬᠡᠨ ᠪᠠᠶᠢᠭᠤᠯᠵᠤ᠂ ᠨᠡᠭᠡᠭᠡᠯᠲᠡ ᠬᠢᠵᠤ ᠬᠦᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠤᠭᠤᠮᠲᠠ ᠶᠢᠨ ᠠᠵᠤ ᠠᠬᠤᠢ ᠶᠢ ᠶᠡᠬᠡᠪᠡᠷ ᠬᠦᠭᠵᠢᠭᠦᠯᠦᠨ᠂ ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠪᠤᠯᠤᠨ ᠬᠦᠯᠦᠨ ᠪᠤᠶᠢᠷ ᠤᠨ ᠲᠤᠮᠳᠠᠲᠤ ᠤᠷᠤᠰ ᠮᠤᠩᠭᠤᠯ ᠤᠯᠤᠰ ᠤᠨ ᠬᠤᠷᠰᠢᠯᠴᠠᠬᠤ ᠬᠤᠰᠢᠭᠤᠴᠢ ᠤᠷᠤᠨ ᠢ ᠲᠦᠯᠦᠪᠵᠢᠭᠦᠯᠵᠤ ᠪᠦᠲᠦᠭᠡᠨ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠤᠯᠤᠰ ᠠᠴᠠ ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠤ ᠲᠦᠰᠦᠯ ᠢ ᠵᠦᠪᠰᠢᠶᠡᠷᠡᠨ ᠬᠡᠷᠡᠭᠵᠢᠬᠦᠯᠬᠦ ᠶᠢ ᠢᠳᠡᠪᠬᠢᠯᠡᠨ ᠤᠯᠵᠤ᠂ ᠬᠢᠯᠢ ᠶᠢᠨ ᠴᠢᠯᠦᠭᠡᠲᠤ ᠠᠷᠠᠯᠵᠢᠶᠠᠨ ᠤ ᠤᠷᠤᠨ ᠪᠤᠯᠤᠨ ᠬᠢᠯᠢ ᠠᠯᠤᠰᠯᠠᠭᠰᠠᠨ ᠠᠵᠤ ᠠᠬᠤᠢ ᠶᠢᠨ ᠬᠤᠷᠰᠢᠯᠴᠠᠬᠤ ᠤᠷᠤᠨ ᠢ ᠰᠦᠪᠡᠭᠴᠢᠯᠡᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢ ᠴᠢᠯᠦᠭᠡᠲᠤ ᠠᠷᠠᠯᠵᠢᠶᠠᠨ ᠤ ᠤᠷᠤᠨ ︵ᠬᠦᠷᠢᠶᠡᠯᠡᠩ︶ ᠢᠶᠠᠷ ᠮᠡᠳᠡᠬᠦᠯᠵᠤ ᠪᠠᠶᠢᠭᠤᠯᠬᠤ ᠠᠵᠢᠯ ᠢ ᠲᠦᠷᠭᠡᠭᠡᠨ ᠡᠬᠢᠯᠡᠬᠦᠯᠦᠨ᠎ᠡ᠃ ᠤᠷᠤᠰ ᠮᠤᠩᠭᠤᠯ ᠯᠤᠭ᠎ᠠ ᠶᠢᠨ ᠡᠳ᠋ᠰᠢᠬᠦᠯᠬᠡ ᠶᠢᠨ ᠠᠷᠠᠯᠵᠢᠶ᠎ᠠ᠂ ᠡᠬᠢ ᠪᠠᠶᠠᠯᠢᠭ ᠨᠡᠬᠡᠬᠡᠭᠦ᠂ ᠰᠤᠶᠤᠯ ᠰᠤᠷᠭᠠᠨ ᠬᠦᠮᠦᠵᠢᠯ ᠵᠡᠷᠭᠡ ᠬᠦᠷᠢᠶᠡᠨ ᠤ ᠬᠤᠷᠰᠢᠯᠴᠠᠬᠤ ᠲᠤᠭᠲᠠᠴᠠ ᠶᠢ ᠲᠡᠭᠦᠯᠲᠡᠷᠵᠢᠭᠦᠯᠦᠨ᠂ ᠬᠢᠯᠢ ᠪᠠᠷ ᠦᠡᠭᠭᠡᠷᠡᠭᠦᠯᠬᠦ ᠸᠢᠰᠠᠯᠠᠬᠤ ᠭᠠᠷᠳᠠᠮ ᠢ ᠳᠦᠭᠦᠮᠴᠢᠯᠡᠨ᠎ᠡ᠃ ᠡᠷᠬᠢᠨ ᠲᠤᠭᠤᠷᠢᠨ ᠤ ᠮᠤᠵᠢ ᠤᠷᠤᠨ ᠬᠤᠲᠠ ᠯᠤᠭ᠎ᠠ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠳᠠᠯᠠᠢ ᠳᠠᠭᠠᠤ ᠶᠢᠨ ᠪᠠ ᠳᠤᠲᠤᠭᠠᠲᠤ ᠬᠠᠭᠤᠷᠠᠢ ᠶᠢᠨ ᠭᠠᠵᠠᠷ ᠤᠷᠤᠨ ᠯᠤᠭ᠎ᠠ ᠶᠢᠨ ᠬᠦᠨᠳᠡᠯᠡᠨ ᠬᠤᠯᠪᠤᠭᠠᠯᠠᠯ ᠢ ᠲᠦᠯᠬᠢᠨ ᠠᠬᠢᠭᠤᠯᠵᠤ᠂ ᠰᠢᠶᠠᠩᠭᠠᠡᠭ ᠤᠤᠮᠸᠠ ᠲᠠᠶᠢᠸᠠᠨ ᠤᠷᠤᠨ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠤᠷᠰᠢᠯᠴᠠᠭ᠎ᠠ ᠶᠢ ᠬᠦᠨᠵᠡᠬᠡᠶᠢᠷᠡᠭᠦᠯᠦᠨ᠂ ᠪᠡᠭᠡᠵᠢᠩ ᠦᠪᠦᠷ ᠮᠤᠩᠭᠤᠯ ᠤᠨ ᠤᠷᠤᠨ ᠪᠦᠰᠡ ᠶᠢᠨ ᠬᠤᠷᠰᠢᠯᠴᠠᠬᠤ ᠲᠤᠭᠲᠠᠴᠠ ᠶᠢᠨ ᠰᠢᠨ᠎ᠡ ᠶᠢ ᠡᠭᠦᠳᠴᠤ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ ᠬᠦᠷᠢᠶ᠎ᠡ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠤᠷᠤᠵᠤ᠂ ᠮᠠᠨ ᠤ ᠤᠷᠤᠨ ᠤ ᠠᠵᠤ ᠠᠬᠤᠢ ᠪᠠᠨ ᠪᠦᠬᠦ ᠤᠯᠤᠰ ᠤᠨ ᠬᠦᠭᠵᠢᠯᠲᠡ ᠶᠢᠨ ᠶᠡᠭᠡ ᠲᠠᠯ᠎ᠠ ᠳᠤ ᠬᠦᠨᠵᠡᠭᠡᠢ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃      ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠯᠠᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠠᠵᠤ ᠦᠢᠯᠡᠰ ᠴᠤᠭᠴᠠᠯᠠᠬᠤ ᠪᠠᠷ ᠠᠵᠢᠯ ᠤᠯᠭᠤᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠵᠢᠯ ᠤᠯᠭᠤᠬᠤ ᠨᠡᠩ ᠢᠳᠡᠪᠬᠢᠲᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠬᠤᠲᠠ ᠪᠠᠯᠭᠠᠰᠤᠨ ᠳᠤ ᠠᠵᠢᠯ ᠤᠯᠭᠤᠭᠰᠠᠨ ᠬᠦᠮᠦᠰ ᠢ 25 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ ᠪᠤᠯᠤᠨ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠶᠡᠬᠡᠪᠡᠷ ᠬᠦᠭᠵᠢᠭᠦᠯᠦᠨ᠂ ᠵᠠᠰᠠᠭ ᠤᠨ ᠤᠷᠳᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠬᠤᠳᠠᠯᠳᠤᠨ ᠠᠪᠬᠤ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠤᠯᠠᠨ ᠨᠡᠶᠢᠲᠡ ᠶᠢᠨ ᠳᠠᠳᠤᠯᠭ᠎ᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠪᠤᠯᠤᠨ ᠤᠶᠤᠲᠠᠳ ᠤᠨ ᠠᠲᠠᠯ ᠦᠢᠯᠡᠰ ᠴᠤᠭᠴᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠡᠯ ᠬᠤᠷᠰᠢᠯᠴᠠᠨ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ ᠦᠷᠨᠢᠭᠦᠯᠬᠦ᠂ ᠠᠵᠢᠯ ᠲᠠᠨᠢᠯᠴᠠᠭᠤᠯᠬᠤ᠂ ᠠᠵᠢᠯ ᠤᠯᠭᠤᠬᠤ ᠦᠢᠯᠡᠴᠢᠯᠡᠭᠡ ᠬᠢᠬᠦ᠂ ᠬᠦᠳᠡᠯᠮᠦᠷᠢ ᠬᠦᠴᠦ ᠶᠢ ᠭᠠᠳᠠᠭᠰᠢ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠬᠡᠯᠪᠡᠷᠢ ᠮᠠᠶ᠋ᠢᠭ ᠢ ᠰᠦᠪᠡᠭᠴᠢᠯᠡᠨ ᠪᠠᠶᠢᠭᠤᠯᠵᠤ᠂ ᠳᠡᠭᠡᠲᠤ ᠰᠤᠷᠭᠠᠭᠤᠯᠢ ᠲᠡᠭᠦᠰᠦᠭᠰᠡᠳ ᠢᠯᠠᠩᠭᠤᠶ᠎ᠠ ᠶᠠᠳᠠᠭᠤ ᠬᠦᠴᠢᠷᠳᠡᠯᠲᠠᠢ ᠬᠡᠷ ᠪᠦᠯᠢ ᠪᠤᠯᠤᠨ ᠮᠤᠩᠭᠤᠯ ᠬᠡᠯᠡ ᠪᠠᠷ ᠬᠢᠴᠢᠶᠡᠯᠯᠡᠭᠡᠳ ᠲᠡᠭᠦᠰᠦᠭᠰᠡᠳ ᠲᠤ ᠠᠵᠢᠯ ᠤᠯᠭᠤᠬᠤ ᠶᠢ ᠠᠬᠢᠭᠤᠯᠤᠨ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠠᠢ ᠬᠦᠮᠦᠰ ᠪᠤᠯᠤᠨ ᠴᠡᠷᠢᠭ ᠤᠨ ᠠᠯᠪᠠᠨ ᠠᠴᠠ ᠪᠠᠭᠤᠭᠰᠠᠳ ᠲᠤ ᠠᠵᠢᠯ ᠤᠯᠭᠤᠬᠤ ᠶᠢ ᠨᠢᠭᠡᠳᠤᠯᠲᠠᠢ ᠲᠦᠯᠦᠪᠯᠡᠨ ᠰᠠᠶᠢᠲᠤᠷ ᠬᠢᠨ᠎ᠡ᠃ ᠪᠡᠶ᠎ᠡ ᠪᠠᠨ ᠳᠠᠭᠠᠭᠠᠵᠤ ᠠᠲᠠᠯ ᠦᠢᠯᠡᠰ ᠴᠤᠭᠴᠠᠯᠠᠬᠤ ᠶᠢ ᠢᠳᠡᠪᠬᠢᠲᠠᠢ ᠪᠠᠷ ᠵᠤᠷᠢᠭᠵᠢᠭᠤᠯᠤᠨ ᠳᠠᠮᠵᠢᠵᠤ᠂ ᠬᠠᠮᠢᠶ᠎ᠡ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠳᠠᠯ ᠦᠢᠯᠡᠰ ᠴᠤᠭᠴᠠᠯᠠᠬᠤ ᠶᠢᠨ ᠬᠤᠷᠢᠭ᠎ᠠ ᠴᠠᠭᠠᠵᠠ ᠶᠢ ᠳᠤᠷᠤᠭᠰᠢᠯᠠᠭᠤᠯᠤᠨ᠂ ᠠᠲᠠᠯ ᠦᠢᠯᠡᠰ ᠴᠤᠭᠴᠠᠯᠠᠬᠤ ᠳᠠᠬᠢ ᠦᠢᠯᠡᠴᠢᠯᠡᠭᠡᠨ ᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠤ᠂ ᠠᠲᠠᠯ ᠦᠢᠯᠡᠰ ᠴᠤᠭᠴᠠᠯᠠᠬᠤ ᠪᠠᠷ ᠠᠵᠢᠯ ᠤᠯᠭᠤᠯᠲᠠ ᠶᠢ ᠳᠠᠶᠢᠴᠢᠯᠠᠬᠤ ᠶᠢᠨ ᠳᠠᠬᠢᠨ ᠢᠶᠠᠷ ᠨᠡᠮᠡᠭᠳᠡᠬᠦᠯᠬᠦ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠤᠷᠳᠤᠨ ᠠᠴᠠ ᠠᠲᠠᠯ ᠦᠢᠯᠡᠰ ᠴᠤᠭᠴᠠᠯᠠᠬᠤ ᠶᠢ ᠵᠤᠷᠢᠭᠵᠢᠭᠤᠯᠬᠤ᠂ ᠨᠡᠶᠢᠭᠡᠮ ᠠᠴᠠ ᠠᠲᠠᠯ ᠦᠢᠯᠡᠰ ᠴᠤᠭᠴᠠᠯᠠᠬᠤ ᠶᠢ ᠳᠡᠮᠵᠢᠬᠦ᠂ ᠬᠦᠳᠡᠯᠮᠦᠷᠢᠯᠡᠭᠴᠢᠳ ᠵᠤᠷᠢᠭᠲᠠᠢ ᠪᠠᠷ ᠠᠲᠠᠯ ᠦᠢᠯᠡᠰ ᠴᠤᠭᠴᠠᠯᠠᠬᠤ ᠰᠢᠨ᠎ᠡ ᠲᠤᠭᠲᠠᠴᠠ ᠶᠢ ᠪᠤᠢ ᠪᠤᠯᠭᠠᠨ᠎ᠠ      ᠤᠷᠤᠯᠭ᠎ᠠ ᠶᠢᠨ ᠬᠤᠪᠢᠶᠠᠷᠢᠯᠡᠯᠲᠠ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ᠴᠠᠯᠢᠩ ᠢᠶᠠᠷ ᠰᠢᠢᠳᠪᠦᠷᠢᠯᠡᠬᠦ ᠬᠢᠬᠡᠳ ᠬᠡᠪ ᠤᠨ ᠶᠤᠰᠤᠭᠠᠷ ᠨᠡᠮᠡᠭᠳᠡᠭᠦᠯᠬᠦ ᠲᠤᠭᠲᠠᠴᠠ ᠶᠢ ᠪᠦᠷᠢᠨᠰᠢᠭᠦᠯᠦᠨ᠂ ᠴᠠᠯᠢᠩ ᠦᠭᠬᠦ ᠪᠠᠲᠤᠯᠠᠭ᠎ᠠ᠂ ᠨᠠᠭᠠᠲᠤ ᠵᠠᠬ᠎ᠠ ᠶᠢᠨ ᠴᠠᠯᠢᠩ ᠪᠤᠯᠤᠨ ᠠᠵᠤ ᠠᠬᠤᠶᠢᠯᠠᠯ ᠤᠨ ᠴᠠᠯᠢᠩ ᠢ ᠬᠠᠮᠲᠤᠪᠠᠷ ᠵᠦᠪᠳᠡᠯᠴᠡᠬᠦ ᠳᠦᠷᠢᠮ ᠢ ᠲᠡᠭᠦᠯᠳᠡᠷᠵᠢᠭᠦᠯᠦᠨ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠪᠤᠯᠤᠨ ᠨᠡᠮᠡᠭᠦᠷᠢ ᠨᠦᠬᠦᠪᠦᠷᠢ ᠶᠢᠨ ᠳᠦᠷᠢᠮ ᠤᠨ ᠦᠭᠡᠷᠡᠴᠢᠯᠡᠯᠲᠠ ᠶᠢ ᠬᠦᠨᠵᠡᠭᠡᠶᠢᠷᠡᠬᠦᠯᠵᠤ᠂ ᠳᠠᠬᠢᠨ ᠬᠤᠪᠢᠶᠠᠷᠢᠯᠡᠬᠤ ᠶᠢᠨ ᠲᠤᠬᠢᠷᠠᠭᠤᠯᠬᠤ ᠲᠤᠭᠲᠠᠴᠠ ᠶᠢ ᠲᠡᠭᠦᠯᠳᠡᠷᠵᠢᠭᠦᠯᠦᠨ᠂  ᠤᠯᠠᠨ ᠨᠡᠶᠢᠲᠡ ᠶᠢᠨ ᠡᠬᠢ ᠪᠠᠶᠠᠯᠢᠭ ᠢ ᠬᠢᠮᠳᠠ ᠪᠠᠷ ᠬᠤᠳᠠᠯᠳᠤᠭᠰᠠᠨ ᠤ ᠠᠰᠢᠭ ᠤᠯᠵᠠᠪᠤᠷᠢ ᠶᠢ ᠵᠦᠢ ᠵᠤᠬᠢᠰᠲᠠᠢ ᠪᠠᠷ ᠬᠠᠮᠲᠤᠪᠡᠷ ᠡᠳ᠋ᠯᠡᠬᠦ ᠶᠢ ᠠᠬᠢᠭᠤᠯᠤᠨ᠎ᠠ᠃ ᠲᠠᠷᠢᠶᠠᠴᠢᠨ ᠮᠠᠯᠴᠢᠳ ᠤᠨ ᠭᠠᠵᠠᠷ ᠰᠢᠷᠤᠢ᠂ ᠤᠷᠤᠨ ᠰᠠᠭᠤᠴᠠ ᠶᠢᠨ ᠰᠠᠭᠤᠷᠢ ᠭᠠᠵᠠᠷ ᠪᠤᠯᠤᠨ ᠬᠠᠮᠲᠤ ᠶᠢᠨ ᠡᠳ᠋ ᠬᠦᠷᠦᠩᠭᠡ ᠶᠢᠨ ᠡᠷᠭᠡ ᠠᠰᠢᠭ ᠢ ᠬᠠᠤᠯᠢ ᠶᠤᠰᠤᠭᠠᠷ ᠪᠠᠲᠤᠯᠠᠨ᠂ ᠲᠠᠷᠢᠶᠠᠴᠢᠨ ᠮᠠᠯᠴᠢᠳ ᠤᠨ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠤ᠂ ᠠᠮᠤ ᠪᠤᠳᠠᠭ᠎ᠠ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠦᠷ ᠬᠤᠳᠠᠯᠳᠤᠨ ᠠᠪᠴᠤ ᠬᠠᠳᠠᠭᠠᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠤ᠂ ᠲᠡᠷᠢᠶᠠᠴᠢᠨ ᠮᠠᠯᠴᠢᠳ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃       ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ᠃ ᠠᠷᠠᠳ ᠢᠷᠭᠡᠳ ᠤᠨ ᠬᠢᠮᠳᠠ ᠤᠷᠤᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠦᠷᠦᠩᠭᠡ ᠶᠢᠨ ᠡᠷᠭᠡ ᠶᠢ ᠬᠠᠮᠲᠤᠪᠡᠷ ᠦᠮᠴᠢᠯᠡᠬᠦ ᠶᠢ ᠰᠦᠪᠡᠭᠴᠢᠯᠡᠭᠰᠡᠨ ᠤᠷᠤᠨ ᠰᠠᠭᠤᠴᠠ ᠶᠢ ᠬᠦᠭᠵᠢᠭᠦᠯᠵᠤ᠂ ᠪᠤᠭᠤᠲᠤ ᠶᠢᠨ ᠬᠤᠶᠢᠲᠤ ᠬᠢᠷ᠎ᠠ ᠵᠡᠷᠭᠡ ᠲᠦᠬᠦᠮ ᠪᠦᠳᠦᠭᠦᠯᠢᠭ ᠤᠷᠤᠨ ᠰᠠᠭᠤᠴᠠ ᠶᠢᠨ ᠲᠤᠭᠤᠷᠢᠭ ᠢ ᠰᠢᠨᠡᠳᠬᠡᠨ ᠵᠠᠰᠠᠬᠤ ᠲᠦᠷᠦᠯ ᠵᠦᠢᠯ ᠢ ᠲᠦᠷᠭᠷᠳᠬᠡᠨ ᠠᠬᠢᠭᠤᠯᠵᠤ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢ 24 ᠲᠦᠮᠡᠨ ᠢᠵᠢ ᠰᠢᠨ᠎ᠡ ᠪᠠᠷ ᠠᠵᠢᠯ ᠡᠬᠢᠯᠡᠨ ᠪᠦᠲᠦᠭᠡᠨ ᠪᠠᠶᠢᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ 13 ᠲᠦᠮᠡᠨ ᠡᠷᠦᠬᠡ ᠠᠴᠠ ᠳᠡᠭᠡᠭᠰᠢ ᠶᠢᠨ ᠬᠢ ᠶᠢ ᠰᠢᠨᠡᠳᠬᠡᠨ ᠵᠠᠰᠠᠬᠤ ᠶᠢ ᠦᠨᠡᠨᠬᠦ ᠪᠠᠲᠤᠯᠠᠨ᠎ᠠ᠃ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠬᠡᠨ᠂ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠨᠤᠷᠮ᠎ᠠ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠡᠨ ᠡᠮᠨᠡᠯᠬᠡ ᠳᠤ ᠤᠷᠤᠯᠴᠠᠬᠤ ᠨᠤᠷᠮ᠎ᠠ ᠶᠢ 95% ᠠᠴᠠ ᠳᠡᠭᠡᠭᠰᠢ ᠳᠤ ᠲᠤᠭᠲᠠᠭᠤᠨ ᠪᠠᠶᠢᠯᠭᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠬᠡ ᠪᠤᠯᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠤᠷᠳᠤᠨ ᠠᠴᠠ ᠲᠤᠰᠠᠯᠠᠬᠤ ᠪᠠᠷᠢᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠯᠲᠠᠢ ᠪᠠᠶᠢᠷᠢᠯᠠᠭᠤᠯᠤᠯᠲᠠ ᠶᠤᠰᠤᠭᠠᠷ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠲᠤᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠵᠤ᠂ ᠠᠵᠤ ᠠᠬᠤᠶᠢᠯᠠᠯ ᠤᠨ ᠠᠵᠢᠯᠲᠠᠨ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢᠨ ᠰᠢᠯᠵᠢᠭᠦᠯᠦᠨ ᠦᠷᠭᠦᠯᠵᠢᠯᠡᠭᠦᠯᠭᠦ ᠠᠷᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠤᠷᠤᠨ ᠳᠤ ᠰᠠᠭᠠᠳ ᠦᠭᠡᠢ ᠦᠷᠭᠦᠯᠵᠢᠯᠡᠭᠦᠯᠬᠦ ᠶᠢ ᠪᠡᠶᠡᠯᠡᠭᠦᠯᠦᠨ᠎ᠡ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠠᠷᠢᠶᠠᠯᠠᠬᠤ ᠮᠠᠯᠵᠢᠬᠤ ᠤᠷᠤᠨ ᠤ ︽ᠲᠠᠪᠤᠨ ᠪᠠᠲᠤᠯᠠᠭ᠎ᠠ︾ ᠪᠤᠯᠤᠨ ᠬᠤᠲᠠ ᠬᠦᠳᠡᠭᠡ ᠶᠢᠨ ᠡᠮᠨᠡᠯᠭᠡ ᠶᠢᠨ ᠲᠡᠩᠭᠡᠷᠡᠬᠦᠯᠦᠨ ᠲᠤᠰᠠᠯᠠᠬᠤ ᠬᠢᠷᠢ ᠬᠡᠮᠵᠢᠶ᠎ᠡ ᠶᠢ ᠲᠤᠭᠲᠠᠭᠤᠨ ᠢᠶᠠᠷ ᠳᠡᠭᠡᠭᠰᠢᠯᠡᠬᠦᠯᠵᠤ᠂ ᠦᠨᠦᠴᠢᠨ ᠬᠡᠤᠭᠡᠳ᠂ ︽ᠭᠤᠷᠪᠠ ᠦᠭᠡᠢ︾ ᠬᠦᠮᠦᠰ ᠪᠤᠯᠤᠨ ︽ᠭᠤᠷᠪᠠᠨ ᠵᠦᠢᠯ ᠤᠨ ᠠᠷᠠᠳ︾ ᠢ ᠠᠰᠠᠷᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃      ᠶᠠᠳᠠᠭᠤ ᠶᠢ ᠲᠡᠳᠭᠦᠬᠦ ᠪᠠᠬᠢᠯᠡᠯᠲᠡ ᠲᠠᠭᠠᠷᠢᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠤᠨ᠎ᠠ᠃ ᠶᠠᠳᠠᠭᠤ ᠶᠢ ᠲᠡᠳᠭᠦᠬᠦ ᠨᠡᠭᠡᠭᠡᠨ ᠬᠦᠭᠵᠢᠭᠦᠯᠬᠦ ᠠᠵᠢᠯ ᠤᠨ ᠲᠤᠭᠲᠠᠴᠠ ᠶᠢ ᠰᠢᠨ᠎ᠡ ᠪᠠᠷ ᠡᠭᠦᠳᠴᠤ᠂ ᠶᠠᠳᠠᠭᠤ ᠶᠢ ᠲᠡᠳᠭᠦᠬᠦ ᠤᠷᠤᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ᠵᠠᠯᠭᠠᠯᠳᠤᠭᠰᠠᠨ ᠬᠡᠰᠡᠭ ᠢᠶᠠᠷ ᠨᠡᠭᠡᠭᠡᠨ ᠬᠦᠭᠵᠢᠭᠦᠯᠬᠦ ᠂ ᠪᠦᠬᠦᠶᠢᠯᠡ ᠲᠤᠰᠬᠤᠨ ᠢᠶᠠᠷ ᠲᠦᠯᠬᠢᠨ ᠠᠬᠢᠭᠤᠯᠬᠤ᠂ ᠶᠠᠳᠠᠭᠤ ᠶᠢ ᠲᠡᠳᠭᠦᠨ ᠠᠷᠠᠳ ᠢ ᠨᠡᠭᠦᠯᠬᠡᠬᠦ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠲᠤᠭᠲᠠᠭᠰᠠᠨ ᠴᠢᠭ᠋ ᠢᠶᠠᠷ ᠶᠠᠳᠠᠭᠤ ᠶᠢ ᠲᠡᠳᠭᠦᠬᠦ ᠪᠠ ᠤᠳᠤᠷᠢᠳᠬᠤ ᠺᠠᠳ᠋ᠷ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠯᠦᠭᠡ ᠬᠠᠷᠢᠯᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠭᠦᠬᠦ ᠶᠢ ᠬᠡᠷᠡᠭᠵᠢᠭᠦᠯᠵᠤ᠂ ᠲᠦᠯᠦᠪᠵᠢᠭᠦᠯᠬᠡ᠂ ᠲᠦᠷᠦᠯ ᠵᠦᠢᠯ᠂ ᠺᠠᠳ᠋ᠷ ᠵᠡᠷᠭᠡ ︽ᠭᠤᠷᠪᠠ ᠶᠢ ᠲᠤᠰᠬᠤᠨ ᠬᠢᠭᠡᠳ ᠡᠷᠦᠬᠡ ᠳᠤ ᠬᠦᠷᠦᠭᠦᠯᠬᠦ︾ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠂ ᠶᠠᠳᠠᠭᠤ ᠬᠦᠴᠢᠷᠳᠡᠯᠲᠠᠢ ᠬᠦᠮᠦᠨ ᠠᠮᠠ ᠶᠢ 40 ᠲᠦᠮᠡ ᠪᠠᠭᠠᠰᠬᠠᠬᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠶᠢ 15% ᠠᠴᠠ ᠳᠡᠭᠡᠭᠰᠢ  ᠪᠠᠷ ᠨᠡᠮᠡᠭᠳᠡᠭᠦᠯᠬᠦ᠂ ᠶᠠᠳᠠᠭᠤ ᠬᠦᠴᠢᠷᠳᠡᠯᠲᠠᠢ ᠭᠠᠵᠠᠷ ᠤᠷᠤᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ ᠤᠷᠤᠨ ᠤ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠤᠯᠭᠠᠬᠤ ᠪᠠᠷ ᠴᠢᠷᠮᠠᠶᠢᠨ᠂ ᠴᠦᠬᠡᠨ ᠲᠤᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠠᠢ ᠬᠦᠮᠦᠨ ᠠᠮᠠ ᠶᠢ ᠶᠠᠳᠠᠭᠤ ᠠᠴᠠ ᠨᠢ ᠠᠩᠬᠢᠵᠢᠷᠠᠭᠤᠯᠵᠤ ᠪᠠᠶᠠᠵᠢᠭᠤᠯᠬᠤ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠨ᠎ᠡ᠃      ᠨᠡᠶᠢᠭᠡᠮ ᠤᠨ ᠦᠢᠯᠡᠰ ᠢ ᠲᠦᠷᠭᠡᠳᠬᠡᠨ ᠬᠦᠭᠵᠢᠭᠦᠯᠦᠨ᠎ᠡ᠃ ᠰᠤᠷᠭᠠᠨ ᠬᠦᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠦᠬᠡᠷᠡᠴᠢᠯᠡᠯᠲᠡ ᠶᠢ ᠬᠦᠨᠵᠡᠭᠡᠶᠢᠷᠡᠭᠦᠯᠦᠨ ᠂ ᠰᠤᠷᠭᠠᠨ ᠬᠦᠮᠦᠵᠢᠯ ᠤᠨ ᠤᠷᠤᠭᠤᠯᠤᠯᠲᠠ ᠶᠢ ᠨᠡᠮᠡᠭᠳᠡᠬᠦᠯᠵᠤ᠂ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ ᠪᠠᠷᠢᠮᠵᠢᠶᠠᠵᠢᠭᠤᠯᠬᠤ᠂ ᠳᠤᠮᠳᠠᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠠᠭᠤᠷᠢ ᠴᠢᠳᠠᠪᠤᠷᠢ ᠪᠠ ᠳᠡᠭᠡᠲᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠠᠢ ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ  ᠨᠢᠭᠡᠳᠦᠯᠲᠠᠢ ᠲᠦᠯᠦᠪᠯᠡᠨ᠂ ᠬᠤᠲᠠ ᠤᠷᠤᠵᠤ ᠬᠦᠴᠦ ᠶᠠᠪᠤᠵᠤ ᠪᠠᠶᠢᠭ᠎ᠠ ᠬᠦᠮᠦᠰ ᠢ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ ᠳᠤ ᠬᠦᠴᠢᠷ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠨ ᠤ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠪᠠ ᠨᠡᠶᠢᠭᠡᠮ ᠤᠨ ᠬᠡᠷᠡᠭᠴᠡᠭᠡ ᠳᠤ ᠲᠤᠬᠢᠷᠠᠯᠴᠠᠭᠰᠠᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠳᠡᠭᠡᠲᠤ ᠰᠤᠷᠭᠠᠭᠤᠯᠢ ᠪᠤᠯᠤᠨ ᠠᠵᠤ ᠠᠬᠤᠶᠢᠯᠠᠯ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠶᠢ ᠠᠬᠢᠭᠤᠯᠵᠤ᠂ ᠰᠢᠯᠭᠠᠯᠲᠠ ᠪᠠᠷ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ ᠳᠡᠭᠡᠲᠤ ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠬᠦᠯᠬᠦ ᠲᠤᠭᠲᠠᠴᠠ ᠶᠢᠨ ᠰᠢᠨ᠎ᠡ ᠶᠢ ᠡᠭᠦᠳᠴᠤ᠂ ᠳᠡᠭᠡᠲᠤ ᠰᠤᠷᠭᠠᠭᠤᠯᠢ ᠨᠤᠭᠤᠳ ᠤᠨ ᠤᠨᠴᠠᠯᠢᠭ ᠲᠠᠢ ᠪᠠᠷ ᠰᠤᠷᠭᠠᠭᠤᠯᠢ ᠡᠷᠬᠢᠯᠡᠬᠦ ᠶᠢ ᠳᠡᠮᠵᠢᠵᠤ᠂ ᠲᠡᠷᠢᠭᠦᠨ ᠤ ᠰᠤᠷᠭᠠᠭᠤᠯᠢ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠠᠳᠬᠤᠵᠤ᠂ ᠲᠡᠷᠢᠶᠠᠯᠠᠬᠤ ᠮᠠᠯᠵᠢᠬᠤ ᠤᠷᠤᠨ ᠤ ᠬᠦᠴᠢᠷᠳᠡᠯᠲᠠᠢ ᠬᠡᠷ ᠪᠦᠯᠢ᠂ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠤ ᠪᠠᠶᠢᠭ᠎ᠠ ᠬᠡᠷ ᠪᠦᠯᠢ ᠠᠴᠠ ᠶᠡᠭᠡ ᠰᠤᠷᠭᠠᠭᠤᠯᠢ ᠶᠢᠨ ᠵᠢᠩᠬᠢᠨᠢ ᠠᠩᠬᠢ᠂ ᠶᠡᠭᠡ ᠰᠤᠷᠭᠠᠭᠤᠯᠢ ᠪᠤᠯᠤᠨ ᠳᠡᠬᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠤᠨ ᠤᠷᠤᠭᠰᠠᠨ ᠰᠤᠷᠤᠭᠴᠢᠳ ᠲᠤ ᠬᠦᠴᠢᠷᠳᠡᠯ ᠤᠨ ᠲᠤᠰᠠᠯᠠᠮᠵᠢ ᠤᠯᠭᠤᠵᠤ᠂ ᠶᠠᠳᠠᠭᠤ ᠬᠦᠴᠢᠷᠳᠡᠯᠲᠠᠢ ᠬᠡᠷ ᠪᠦᠯᠢ ᠶᠢᠨ ᠰᠤᠷᠤᠭᠴᠢᠳ ᠢ ᠡᠬᠢᠯᠡᠯᠲᠡ ᠶᠢᠨ ᠱᠤᠭᠤᠮ ᠳᠡᠭᠡᠷ᠎ᠡ ᠨᠢ ᠶᠠᠭᠠᠬᠢᠭᠰᠠᠨ ᠴᠤ ᠢᠯᠠᠭᠳᠠᠭᠤᠯᠬᠤ ᠦᠭᠡᠢ ᠪᠤᠯᠭᠠᠨ᠎ᠠ  ᠃ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ ᠬᠦᠮᠦᠵᠢᠬᠦᠯᠬᠦ ᠵᠠᠭᠪᠤᠷ ᠤᠨ ᠦᠭᠡᠷᠡᠴᠢᠯᠡᠯᠲᠡ ᠶᠢ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠭᠤᠯᠬᠤ᠂ ᠰᠦᠯᠵᠢᠶᠡᠵᠢᠭᠦᠯᠬᠦ ᠪᠠᠶᠢᠭᠤᠯᠤᠯᠲᠠ ᠶᠢ ᠲᠦᠷᠭᠡᠳᠬᠡᠨ᠎ᠡ᠃ ᠪᠠᠭᠰᠢᠯᠠᠭᠴᠢᠳ ᠤᠨ ᠡᠩᠨᠡᠭᠡ ᠪᠠ ᠰᠤᠷᠭᠠᠨ ᠬᠦᠮᠦᠵᠢᠯ ᠤᠨ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠲᠠᠷᠢᠶᠠᠯᠠᠬᠤ ᠮᠠᠯᠵᠢᠬᠤ ᠤᠷᠤᠨ ᠪᠤᠯᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠲᠠᠰᠢ ᠬᠡᠯᠪᠡᠶᠢᠯᠬᠡᠬᠦ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠦᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ 10 ᠭᠤᠤᠯᠳᠠᠯᠭ᠎ᠠ  ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠦᠪᠦᠷ ᠮᠤᠩᠭᠤᠯ ᠤᠨ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠬᠡ ᠶᠢᠨ ᠠᠰᠠᠷ ᠵᠡᠷᠭᠡ 3 ᠲᠦᠷᠦᠯ ᠵᠦᠢᠯ ᠢ ᠪᠠᠶᠢᠭᠤᠯᠤᠨ ᠪᠦᠲᠦᠭᠡᠬᠦ ᠶᠢᠨ ᠬᠠᠮᠲᠤ ᠠᠰᠢᠭᠯᠠᠯᠲᠠ ᠳᠤ ᠤᠷᠤᠭᠤᠯᠤᠨ ᠬᠡᠷᠡᠭᠯᠡᠬᠦᠯᠬᠦ᠂ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠬᠡ ᠶᠢᠨ ᠬᠤᠷᠢᠶ᠎ᠡ ᠵᠡᠷᠭᠡ 7 ᠲᠦᠷᠦᠯ ᠵᠦᠢᠯ ᠤᠨ ᠪᠠᠷᠢᠯᠭ᠎ᠠ ᠡᠬᠢᠯᠡᠬᠦᠯᠵᠤ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠵᠡᠷᠭᠡ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠦᠨᠳᠦᠰᠦᠨ ᠱᠠᠲᠤᠨ ᠤ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠪᠠ ᠡᠮᠴᠢᠯᠡᠭᠡ ᠶᠢᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠂ ᠰᠦᠷᠢᠶ᠎ᠡ ᠡᠪᠠᠳᠴᠢᠨ ᠵᠡᠷᠭᠡ ᠬᠦᠨᠲᠤ ᠶᠡᠭᠡ ᠡᠪᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠶᠢ ᠴᠢᠩᠭᠠᠳᠬᠠᠨ᠎ᠠ᠃ ᠮᠤᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠲᠦᠷᠭᠡᠳᠬᠡᠨ᠂ ᠪᠠᠶᠢᠷᠢᠰᠢᠭᠤᠯᠤᠯ ᠨᠢ ᠵᠦᠢ ᠵᠤᠬᠢᠰᠲᠠᠢ᠂ ᠴᠢᠳᠠᠮᠵᠢ ᠪᠡ ᠪᠦᠷᠢᠨ ᠲᠡᠭᠦᠯᠳᠡᠷ ᠪᠦᠬᠦᠢ ᠮᠤᠩᠭᠤᠯ ᠬᠢᠲᠠᠳ ᠡᠮᠨᠡᠯᠭᠡ ᠶᠢᠨ ᠡᠮᠴᠢᠯᠡᠭᠡ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠰᠤᠷᠭᠠᠨ ᠬᠦᠮᠦᠵᠢᠯ᠂ ᠰᠤᠶᠤᠯ᠂ ᠡᠮᠨᠡᠯᠭᠡ ᠵᠡᠷᠭᠡ ᠨᠡᠶᠢᠭᠡᠮ ᠤᠨ ᠦᠢᠯᠡᠰ ᠤᠨ ᠬᠦᠭᠵᠢᠯᠲᠡ ᠳᠤ ᠨᠡᠶᠢᠭᠡᠮ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠎ᠠ᠃ ᠲᠦᠯᠦᠪᠯᠡᠭᠡᠲᠤ ᠦᠷᠡᠵᠢᠯ ᠤᠨ ᠲᠤᠬᠠᠢ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠨ᠂ ᠳᠤᠤᠷ᠎ᠠ ᠦᠷᠡᠵᠢᠯ ᠤᠨ ᠬᠢᠷᠢ ᠬᠡᠮᠵᠢᠶ᠎ᠡ ᠶᠢ ᠦᠷᠬᠦᠯᠵᠢᠯᠡᠨ ᠲᠤᠭᠲᠠᠭᠤᠨ ᠪᠠᠶᠢᠯᠭᠠᠵᠤ᠂ ᠨᠢᠭᠡ ᠨᠢ ᠦᠷ᠎ᠡ ᠶᠢᠨ ᠭᠠᠭᠴᠠ ᠪᠠᠶᠢᠬᠤ ᠡᠷ᠎ᠡ ᠡᠮ᠎ᠡ ᠬᠤᠶᠠᠳᠤᠭᠠᠷ ᠬᠡᠤᠭᠡᠳ ᠠᠪᠴᠤ ᠪᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠲᠦᠷᠦᠯᠲᠡ ᠶᠢᠨ ᠳᠤᠲᠠᠭᠤ ᠲᠤᠷᠭᠤᠨ ᠤ ᠨᠢᠭᠡᠳᠤᠬᠡᠷ ᠳᠡᠰ ᠤᠨ ᠤᠷᠢᠳᠴᠢᠯᠠᠨ ᠰᠡᠷᠬᠡᠶᠢᠯᠡᠬᠦ ᠢᠨᠵᠧᠨᠧᠷᠢᠩ ᠢ ᠦᠷᠨᠢᠭᠦᠯᠦᠨ᠂ ᠲᠦᠷᠦᠬᠦ ᠬᠦᠮᠦᠨ ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠪᠤᠯᠪᠠᠰᠤᠷᠠᠭᠤᠯᠬᠤ ᠬᠦᠳᠡᠯᠬᠡᠬᠡᠨ ᠢ ᠦᠷᠭᠡᠨ ᠢᠶᠠᠷ ᠦᠷᠨᠢᠭᠦᠯᠦᠨ᠂ ᠤᠯᠠᠨ ᠲᠦᠮᠡᠨ ᠤ ᠪᠡᠶ᠎ᠡ ᠲᠠᠮᠢᠷ ᠪᠤᠯᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃ ᠪᠦᠬᠦ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠵᠤ᠂ ᠬᠦᠮᠦᠨ ᠠᠮᠠ ᠶᠢᠨ ᠦᠳᠡᠭᠦᠰᠵᠢᠬᠦ ᠶᠢ ᠢᠳᠡᠪᠬᠢᠲᠠᠢ ᠪᠠᠷ ᠠᠷᠭᠠᠴᠠᠵᠤ ᠂ ᠦᠳᠡᠭᠦᠰ ᠤᠨ ᠦᠢᠯᠡᠰ ᠪᠤᠯᠤᠨ ᠨᠠᠰᠤᠲᠠᠶᠢᠴᠤᠳ ᠲᠤ ᠦᠢᠯᠡᠴᠢᠯᠡᠬᠦ ᠠᠵᠤ ᠦᠢᠯᠡᠰ ᠢ ᠲᠦᠷᠭᠡᠳᠬᠡᠨ ᠬᠦᠭᠵᠢᠭᠦᠯᠵᠤ᠂ ᠨᠡᠶᠢᠭᠡᠮ ᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ ᠨᠠᠰᠤᠵᠢᠯ ᠤᠨ ᠦᠢᠯᠡᠰ ᠤᠨ ᠬᠦᠭᠵᠢᠯᠲᠡ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ ᠳᠡᠮᠵᠢᠵᠤ᠂ ᠴᠢᠳᠠᠮᠵᠢ ᠪᠠᠷ ᠲᠡᠭᠦᠯᠳᠡᠷ᠂ ᠲᠦᠬᠦᠷ ᠪᠡᠯᠡᠳᠬᠡᠮᠵᠢ ᠨᠢ ᠪᠦᠷᠢᠨ ᠲᠡᠭᠦᠯᠳᠡᠷ ᠨᠢᠭᠡ ᠪᠦᠯᠦᠭ ᠶᠡᠷᠦᠩᠬᠡᠶᠢᠯᠡᠭᠰᠡᠨ ᠨᠠᠰᠤᠲᠠᠨ ᠠᠰᠠᠷᠠᠬᠤ ᠦᠢᠯᠡᠴᠢᠯᠡᠬᠡᠨ ᠤ ᠲᠦᠪ ᠪᠤᠯᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠬᠡᠨ ᠪᠠᠶᠢᠭᠤᠯᠤᠨ᠎ᠠ᠃ ᠡᠮᠡᠭᠲᠠᠶᠢᠴᠤᠳ ᠬᠡᠤᠭᠡᠳ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃        ︵ᠵᠢᠷᠭᠤᠭ᠎ᠠ︶ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃      ᠠᠮᠢ ᠠᠬᠤᠢ ᠶᠢᠨ ᠪᠤᠯᠪᠠᠰᠣᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠬᠠᠷᠠᠯᠳᠠ ᠶᠢᠨ ᠦᠨᠡᠯᠡᠵᠣ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠤᠨ᠂ ᠠᠮᠢ ᠠᠬᠤᠢ ᠶᠢᠨ ᠣᠯᠠᠭᠠᠨ ᠱᠣᠭᠤᠮ ᠢ ᠢᠯᠭᠠᠨ ᠲᠤᠭᠳᠠᠭᠠᠵᠣ᠂ ᠡᠬᠢ ᠡᠭᠦᠰᠦᠯ ᠠᠴᠠ ᠨᠢ ᠬᠠᠮᠠᠭᠠᠯᠠᠬᠤ᠂ ᠬᠤᠬᠢᠷᠠᠭᠤᠯᠣᠭᠰᠠᠨ ᠢ ᠲᠦᠯᠦᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠣᠨ᠂ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠲᠦᠷᠢᠮ ᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ  ᠡᠳ᠋ ᠬᠦᠷᠦᠩᠭᠡ ᠶᠢᠨ ᠦᠮᠴᠢᠯᠡᠬᠦ ᠡᠷᠬᠡ ᠪᠠ ᠬᠡᠷᠡᠭᠴᠡᠭᠡ ᠶᠢ ᠵᠠᠬᠢᠷᠣᠨ ᠬᠠᠮᠢᠶᠠᠷᠬᠤ ᠲᠦᠷᠢᠮ  ᠢ ᠪᠦᠷᠢᠨᠰᠢᠭᠦᠯᠵᠣ᠂ ᠦᠢᠯᠡᠳᠪᠦᠷᠢᠯᠡᠯ ᠠᠮᠢᠳᠣᠷᠠᠯ᠂ ᠠᠮᠢ ᠠᠬᠤᠢ ᠶᠢᠨ ᠣᠷᠣᠨ ᠵᠠᠢ ᠶᠢᠨ ᠨᠡᠭᠡᠭᠡᠯᠳᠡ ᠶᠢ ᠵᠠᠬᠢᠷᠣᠨ ᠬᠠᠮᠢᠶᠠᠷᠬᠤ ᠵᠠᠭᠠᠭ ᠢ ᠬᠤᠪᠢᠶᠠᠷᠢᠯᠠᠨ ᠲᠤᠭᠳᠠᠭᠠᠨ᠎ᠠ᠃  ᠣᠯᠣᠰ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠠᠮᠢᠶᠠᠷᠣᠯᠳᠠ ᠶᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠬᠠᠮᠢᠶᠠᠷᠬᠤ ᠲᠤᠭᠳᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠰᠢᠯᠢᠳᠡᠭ ᠭᠠᠵᠠᠷ ᠣᠷᠣᠨ ᠢᠶᠠᠷ ᠠᠨᠠᠢ ᠭᠠᠵᠠᠷ ᠣᠷᠣᠨ ᠳᠤ ᠣᠯᠠᠨ ᠨᠡᠶᠢᠳᠡ ᠶᠢᠨ ᠠᠮᠢ ᠠᠬᠤᠢ ᠶᠢᠨ ᠪᠦᠳᠦᠭᠡᠭᠳᠡᠭᠦᠨ ᠤ ᠨᠦᠭᠦᠪᠦᠷᠢ ᠬᠠᠩᠭᠠᠯᠭᠠᠬᠤ ᠲᠤᠭᠳᠠᠴᠠ   ᠶᠢ ᠰᠦᠪᠡᠭᠴᠢᠯᠡᠨ ᠪᠠᠶᠢᠭᠤᠯᠵᠤ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠦ ᠣᠷᠣᠨ ᠳᠤ ᠰᠢᠯᠵᠢᠭᠦᠯᠦᠨ ᠣᠯᠭᠤᠬᠤ ᠲᠦᠷᠦ ᠶᠢᠨ ᠪᠤᠳᠣᠯᠭ᠎ᠠ ᠶᠢ ᠨᠠᠶᠢᠳᠠᠪᠦᠷᠢᠵᠢᠭᠤᠯᠤᠨ᠂ ᠣᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠲᠤ ᠨᠦᠬᠦᠪᠦᠷᠢᠯᠡᠬᠦ ᠲᠦᠷᠢᠮ ᠢ ᠪᠦᠷᠢᠨᠰᠢᠭᠦᠯᠦᠨ᠎ᠡ᠃ ᠭᠤᠤᠯ ᠴᠣᠭᠴᠠ ᠪᠦᠬᠦᠢ ᠴᠢᠳᠠᠮᠵᠢᠲᠦ ᠣᠷᠣᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ᠋ ᠤᠨ ᠵᠢᠱᠢᠶ᠎ᠠ ᠦᠵᠡᠭᠦᠯᠬᠦ   ᠶᠢ ᠦᠷᠭᠦᠯᠵᠢᠯᠡᠨ ᠦᠷᠨᠢᠭᠦᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠢᠳᠦᠯ ᠤᠨ ᠬᠦᠰᠦᠨᠦᠭᠳᠦ ᠨᠠᠶᠢᠷᠠᠭᠤᠯᠤᠨ ᠵᠣᠬᠢᠶᠠᠬᠤ ᠶᠢ ᠬᠠᠶᠢᠨ ᠰᠦᠪᠡᠭᠴᠢᠯᠡᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠲᠠᠯ᠎ᠠ ᠶᠢᠨ ᠬᠢᠨᠠᠨ‌‍ᠰᠢᠯᠭᠠᠬᠤ  ᠶᠢᠨ ᠴᠢᠬᠤᠯᠠ ᠪᠤᠯᠬᠤ ᠬᠡᠮᠵᠢᠶ᠎ᠡ ᠶᠢ ᠨᠡᠮᠡᠭᠳᠡᠭᠦᠯᠦᠨ᠎ᠡ᠃      ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠬᠦᠴᠦᠲᠠᠢ ᠠᠳᠬᠤᠨ᠎ᠠ᠃ ᠪᠡᠭᠡᠵᠢᠩ ᠲᠢᠶᠠᠨᠵᠢᠨ ᠤ ᠡᠷᠭᠢᠨ ᠲᠤᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠢ ᠶᠢ ᠬᠠᠮᠠᠭᠠᠯᠠᠬᠤ ᠬᠤᠶᠠᠳᠣᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠣ  ᠣᠢ ᠮᠣᠲᠦ ᠶᠢ ᠰᠡᠷᠭᠦᠭᠡᠬᠦ ᠡᠭᠦᠷᠭᠡ ᠶᠢ ᠢᠳᠡᠪᠬᠢᠯᠡᠨ ᠣᠯᠵᠣ᠂ ᠭᠤᠣᠯᠳᠠᠯᠭ᠎ᠠ ᠲᠠᠢ ᠣᠷᠣᠨ ᠤ ᠨᠤᠭᠤᠭᠠᠷᠠᠭᠤᠯᠤᠯᠳᠠ ᠶᠢᠨ ᠡᠷᠴᠢᠮ ᠢ ᠨᠡᠮᠡᠭᠳᠡᠭᠦᠯᠦᠨ᠂1000 ᠲᠦᠮᠡᠨ ᠮᠣ᠋ ᠶᠢᠨ ᠣᠢ ᠰᠢᠭᠤᠢ  ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ 650 ᠲᠦᠮᠡᠨ ᠮᠤ᠋ ᠬᠦᠷᠦᠰᠦ ᠰᠢᠷᠦᠢ ᠶᠢᠨ ᠢᠳᠡᠭᠳᠡᠯ ᠢ ᠵᠠᠰᠠᠬᠤ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ  ᠂ ᠠᠮᠢ ᠠᠬᠤᠢ ᠶᠢᠨ ᠴᠢᠳᠠᠮᠵᠢᠲᠦ ᠣᠷᠣᠨ ᠪᠠ ᠴᠢᠭᠢᠭᠯᠢᠭ ᠨᠤᠭᠤ ᠭᠠᠵᠠᠷ᠂ ᠭᠡᠭᠡᠷ᠎ᠡ ᠶᠢᠨ ᠠᠮᠢᠳᠠᠨ ᠣᠷᠭᠤᠮᠠᠯ ᠤᠨ ᠬᠠᠮᠠᠭᠠᠯᠠᠯᠳᠠ ᠶᠢ ᠴᠢᠩᠭᠠᠳᠬᠠᠨ᠂ ᠣᠢ ᠰᠢᠭᠤᠢ᠂ ᠡᠯᠡᠰᠦ᠂ ᠡᠪᠡᠰᠦᠨ ᠤ ᠠᠵᠣ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠭᠤᠯᠠ ᠬᠦᠳᠡᠭᠡ ᠶᠢᠨ ᠠᠵᠣ ᠠᠬᠤᠢ ᠶᠢᠨ ᠵᠢᠱᠢᠶ᠎ᠠ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠣᠯᠣᠰ ᠤᠨ ᠣᠢ ᠰᠢᠭᠤᠢ ᠠᠷᠠᠴᠢᠯᠠᠨ ᠪᠤᠶᠢᠵᠢᠭᠤᠯᠬᠤ ᠪᠠ ᠣᠶᠢᠵᠢᠭᠤᠯᠬᠤ ᠳᠠᠬᠢ ᠨᠦᠬᠦᠪᠦᠷᠢ ᠣᠯᠭᠤᠬᠤ ᠲᠤᠷᠰᠢᠯᠳᠠ ᠶᠢᠨ ᠴᠢᠭ᠋ ᠢ ᠦᠷᠭᠡᠳᠭᠡᠬᠦ ᠶᠢ ᠣᠯᠬᠤ ᠪᠠᠷ ᠢᠳᠠᠪᠬᠢᠯᠡᠨ ᠴᠢᠷᠮᠠᠶᠢᠨ᠎ᠠ᠃ ᠮᠠᠯᠵᠢᠬᠤ ᠶᠢ ᠵᠣᠭᠰᠣᠭᠠᠵᠣ ᠪᠡᠯᠴᠢᠭᠡᠷ ᠰᠡᠷᠭᠦᠭᠡᠬᠦ ᠪᠠ ᠦᠨᠳᠦᠷ ᠬᠤᠷᠢᠶᠠᠯᠳᠠ ᠴᠢᠨᠠᠷ ᠰᠠᠶᠢᠲᠠᠢ ᠴᠠᠷᠭᠠᠰᠣᠨ ᠤ ᠵᠢᠱᠢᠶ᠎ᠠ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠣ᠂ ᠨᠣᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠶᠢᠨ ᠶᠡᠷᠦᠩᠬᠡᠢ  ᠬᠡᠪᠴᠢᠶ᠎ᠡ ᠶᠢ 4000 ᠲᠦᠮᠡᠨ ᠮᠣ᠋ ᠠᠴᠠ ᠲᠡᠭᠡᠭᠰᠢ ᠪᠠᠶᠢᠯᠭᠠᠬᠤ  ᠶᠢ ᠪᠠᠳᠣᠯᠠᠨ᠎ᠠ᠂ ᠨᠣᠳᠤᠭ  ᠪᠡᠯᠴᠢᠭᠡᠷ ᠲᠤ ᠲᠣᠰᠠᠯᠠᠵᠣ ᠱᠠᠩᠨᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠱᠠᠲᠦ ᠦᠶ᠎ᠡ ᠶᠢᠨ ᠴᠢᠨᠠᠷᠲᠠᠢ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠦᠷᠭᠦᠯᠵᠢᠯᠡᠨ‌‍ᠬᠡᠷᠡᠭᠵᠢᠭᠦᠯᠵᠤ᠂ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠵᠤ ᠬᠢᠨᠠᠯᠳᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃      ᠡᠨᠧᠷᠬᠢ ᠠᠷᠪᠢᠯᠠᠵᠦ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠰᠠᠶᠢᠳᠣᠷ ᠬᠢᠨ᠎ᠡ᠃ ᠡᠨᠧᠷᠬᠢ ᠠᠷᠪᠢᠯᠠᠵᠤ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠣ ᠵᠠᠬ᠎ᠠ ᠲᠡᠯᠭᠡᠭᠦᠷᠴᠢᠯᠡᠭᠰᠡᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠳᠠᠳᠦ ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭᠠᠷᠠᠭᠤᠯᠣᠨ᠂  ᠡᠨᠧᠷᠬᠢ  ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠨᠧᠷᠬᠢ ᠶᠢᠨ ᠬᠤᠷᠤᠭᠳᠠᠭᠤᠯᠭ᠎ᠠ ᠶᠢᠨ ᠡᠷᠴᠢᠮ ᠤᠨ ︽ᠬᠤᠣᠰ ᠡᠵᠡᠮᠳᠡᠯ︾ ᠤᠨ ᠬᠢᠨᠠᠨ ᠰᠢᠯᠭᠠᠬᠤ ᠶᠢ ᠬᠡᠷᠡᠭᠵᠢᠭᠦᠯᠦᠨ᠎ᠡ᠃ ᠠᠶᠣᠯ ᠦᠭᠡᠢ᠂ ᠣᠷᠴᠢᠨ ᠲᠤᠭᠤᠷᠢᠨ ᠢ ᠬᠠᠮᠠᠭᠠᠯᠠᠬᠤ᠂ ᠡᠨᠧᠷᠬᠢ ᠶᠢᠨ ᠬᠤᠷᠣᠭᠳᠠᠭᠤᠯᠭ᠎ᠠ  ᠂ ᠭᠠᠵᠠᠷ ᠰᠢᠷᠦᠢ ᠵᠡᠷᠭᠡ ᠬᠢᠵᠠᠭᠠᠷᠯᠠᠯ ᠢ ᠴᠢᠩᠭᠠᠷᠠᠭᠤᠯᠣᠨ᠂ ᠡᠨᠧᠷᠬᠢ ᠶᠡᠭᠡ ᠬᠤᠷᠣᠭᠳᠠᠭᠤᠯᠬᠤ᠂ ᠪᠤᠬᠢᠷᠳᠣᠯ ᠶᠡᠭᠡ ᠭᠠᠳᠠᠭᠰᠢᠯᠠᠭᠤᠯᠬᠤ ᠠᠵᠢᠯ ᠲᠦᠷᠦᠯ ᠤᠨ ᠲᠤᠤᠷ᠎ᠠ ᠬᠢᠷᠢ ᠬᠡᠮᠵᠢᠶ᠎ᠡ ᠪᠠᠷ ᠲᠠᠪᠬᠤᠷᠳᠠᠭᠤᠯᠣᠨ ᠪᠦᠳᠦᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠬᠤᠴᠣᠷᠣᠩᠭᠤᠢ ᠦᠢᠯᠡᠳᠪᠦᠷᠢᠯᠡᠬᠦ ᠴᠢᠳᠠᠪᠦᠷᠢ ᠶᠢ ᠲᠦᠷᠭᠡᠳᠭᠡᠨ ᠰᠢᠭᠰᠢᠭᠳᠡᠭᠦᠯᠵᠤ᠂ ︽12᠂ 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠤ  ᠬᠤᠴᠣᠷᠣᠩᠭᠤᠢ ᠦᠢᠯᠡᠳᠪᠦᠷᠢᠯᠡᠬᠦ ᠴᠢᠳᠠᠪᠦᠷᠢ ᠶᠢ ᠰᠢᠭᠰᠢᠭᠳᠡᠭᠦᠯᠬᠦ ᠬᠠᠷᠠᠯᠳᠠ ᠶᠢ ᠨᠢᠭᠡ ᠵᠢᠯ ᠣᠷᠢᠳᠴᠢᠯᠠᠨ ᠪᠡᠶᠡᠯᠡᠭᠦᠯᠬᠦ ᠶᠢ ᠦᠨᠡᠨᠬᠦ ᠪᠠᠳᠣᠯᠠᠨ᠎ᠠ᠃ ᠪᠤᠬᠢᠷᠳᠣᠯ ᠭᠠᠳᠠᠭᠰᠢᠯᠠᠭᠤᠯᠬᠤ ᠡᠷᠬᠡ ᠶᠢ ᠲᠦᠯᠦᠪᠦᠷᠢ ᠲᠠᠢ ᠬᠡᠷᠡᠭᠯᠡᠭᠦᠯᠬᠦ ᠪᠠ ᠠᠷᠠᠯᠵᠢᠶᠠᠯᠠᠬᠤ ᠲᠤᠷᠰᠢᠯᠳᠠ ᠶᠢ ᠢᠳᠡᠪᠬᠢᠲᠠᠢ ᠪᠠᠷ ᠲᠦᠯᠬᠢᠨ ᠠᠬᠢᠭᠤᠯᠵᠤ᠂ ᠲᠤᠤᠷ᠎ᠠ ᠨᠡᠭᠦᠷᠡᠰᠦᠳᠦ᠋ᠷᠦᠭᠴᠢᠲᠦ ᠠᠵᠣ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠤᠶᠢᠵᠢᠭᠤᠯᠵᠤ᠂ ᠨᠡᠭᠦᠷᠡᠰᠦᠳᠦ᠋ᠷᠦᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢ ᠲᠦᠯᠬᠢᠨ ᠠᠬᠢᠭᠤᠯᠤᠨ᠎ᠠ᠃ ᠡᠨᠧᠷᠬᠢ ᠠᠷᠪᠢᠯᠠᠵᠦ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠪᠠᠨ ᠶᠡᠭᠡ ᠭᠤᠣᠯᠳᠠᠯᠭ᠎ᠠ ᠲᠠᠢ ᠡᠨᠧᠷᠬᠢ ᠠᠷᠪᠢᠯᠠᠬᠤ ᠢᠨᠵᠧᠨᠧᠷᠢᠩ ᠤᠨ ᠪᠠᠶᠢᠭᠤᠯᠣᠯᠳᠡ  ᠶᠢ ᠴᠢᠩᠭᠠᠳᠬᠠᠨ᠂ ᠡᠨᠧᠷᠬᠢ ᠠᠷᠪᠢᠯᠠᠨ ᠭᠠᠵᠠᠷ ᠲᠤ ᠭᠠᠮᠳᠠᠢ ᠬᠡᠯᠪᠡᠷᠢ ᠶᠢᠨ ᠪᠣᠬᠢᠷᠳᠣᠯ ᠦᠬᠡᠢ ᠪᠠᠷᠢᠯᠭ᠎ᠠ ᠶᠢ ᠶᠡᠬᠡᠪᠡᠷ ᠬᠦᠭᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠨ ᠪᠦᠳᠦᠭᠡᠨ ᠪᠠᠶᠢᠭᠤᠯᠬᠤ ᠬᠦᠷᠢᠶᠡᠨ ᠳᠤ ᠪᠣᠬᠢᠷᠳᠣᠯ ᠦᠬᠡᠢ ᠪᠠᠷᠢᠯᠭ᠎ᠠ ᠶᠢᠨ ᠪᠠᠷᠢᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠦᠨ᠎ᠡ᠃      ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠨ᠎ᠠ᠃ ᠣᠷᠴᠢᠯ ᠠᠵᠦ ᠠᠬᠤᠢ ᠶᠢ ᠶᠡᠬᠡᠪᠡᠷ ᠬᠦᠭᠵᠢᠭᠦᠯᠵᠦ᠂ ᠣᠷᠴᠢᠯ ᠠᠵᠦ ᠠᠬᠤᠢ ᠶᠢᠨ ᠵᠢᠱᠢᠶ᠎ᠡ ᠦᠵᠡᠬᠦᠯᠬᠦ‍ ᠨᠢᠬᠡ ᠪᠦᠯᠦᠭ ᠠᠵᠦ ᠠᠬᠤᠶᠢᠯᠠᠯ ᠪᠣᠯᠣᠨ ᠵᠢᠱᠢᠶ᠎ᠡ ᠦᠵᠡᠬᠦᠯᠬᠦ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠵᠦ᠂ ᠨᠣᠨᠳᠠᠭ ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ ᠲᠡᠮᠦᠷᠯᠢᠭ ᠬᠠᠶᠢᠯᠣᠭᠤᠯᠬᠤ ᠬᠢᠮᠢ ᠶᠢᠨ ᠠᠵᠦ ᠦᠢᠯᠡᠳᠪᠦᠷᠢ ᠶᠢᠨ ᠬᠠᠶᠠᠭᠳᠠᠯ ᠰᠢᠭᠠᠷᠦ ᠵᠡᠷᠬᠡ ᠠᠵᠦ ᠦᠢᠯᠡᠳᠪᠦᠷᠢ  ᠶᠢᠨ ᠬᠠᠶᠠᠭᠳᠠᠮᠠᠯ ᠪᠣᠳᠠᠰ ᠢ ᠠᠰᠢᠭᠯᠠᠬᠤ ᠶᠢ ᠲᠦᠯᠬᠢᠨ ᠠᠬᠢᠭᠤᠯᠣᠨ᠎ᠠ᠃ ᠣᠰᠣᠨ ᠤ ᠡᠬᠢ ᠪᠠᠶᠠᠯᠢᠭ ᠤᠨ ᠬᠠᠮᠢᠶᠠᠷᠣᠯᠳᠡ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠭᠠᠵᠠᠷ ᠲᠣᠣᠷᠡᠬᠢ ᠣᠰᠣ ᠶᠢ ᠠᠷᠪᠢᠯᠠᠵᠦ ᠬᠠᠮᠠᠭᠠᠯᠠᠬᠤ ᠶᠢ ᠴᠢᠩᠭᠠᠳᠬᠠᠨ᠂ ᠭᠠᠵᠠᠷ ᠲᠣᠣᠷᠡᠬᠢ ᠣᠰᠣ ᠶᠢ ᠬᠡᠷᠡᠭᠯᠡᠨ ᠣᠰᠣ ᠶᠡᠭᠡ ᠬᠤᠷᠣᠭᠳᠠᠭᠤᠯᠬᠤ ᠠᠵᠦ ᠦᠢᠯᠡᠰ ᠢ ᠬᠦᠭᠵᠢᠬᠦᠯᠬᠦ ᠶᠢ ᠴᠢᠩᠭ᠎ᠠ ᠴᠠᠭᠠᠵᠠᠯᠠᠨ᠎ᠠ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ᠂ ᠭᠠᠵᠠᠷ ᠤᠨ ᠭᠠᠮᠰᠢᠭ ᠬᠢᠭᠡᠳ ᠨᠡᠭᠦᠷᠡᠰᠦᠨ ᠠᠭᠤᠷᠬᠠᠢ ᠶᠢᠨ ᠭᠠᠯ ᠨᠣᠴᠣᠭᠰᠠᠨ ᠣᠷᠣᠨ᠂ ᠲᠣᠷᠣᠭᠰᠢ ᠰᠠᠭᠤᠭᠰᠠᠨ ᠣᠷᠣᠨ ᠢ ᠵᠠᠰᠠᠬᠤ ᠶᠢ ᠴᠢᠩᠭᠠᠳᠬᠠᠨ᠂ ᠡᠯᠡᠰᠦ ᠮᠠᠩᠬ᠎ᠠ ᠡᠯᠡᠰᠦᠷᠬᠡᠭ ᠭᠠᠵᠠᠷ ᠪᠣᠯᠣᠨ ᠬᠦᠷᠦᠰᠦ ᠰᠢᠷᠦᠢ ᠶᠢᠨ ᠢᠳᠡᠭᠳᠡᠯ ᠢ ᠵᠠᠰᠠᠬᠤ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠣᠨ᠎ᠠ᠃ ᠬᠡᠨ ᠠᠰᠢᠭ ᠬᠦᠷᠳᠡᠵᠦ ᠪᠠᠶᠢᠪᠠᠯ ᠲᠡᠭᠦᠨ ᠢᠶᠠᠷ ᠨᠦᠬᠦᠪᠦᠷᠢᠯᠡᠭᠦᠯᠬᠦ ᠵᠠᠷᠴᠢᠮ ᠢ ᠪᠠᠷᠢᠮᠳᠠᠯᠠᠨ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠣ ᠣᠷᠣᠨ ᠤ ᠠᠮᠢ ᠠᠬᠤᠢ ᠳᠤ ᠨᠦᠬᠦᠪᠦᠷᠢᠯᠡᠬᠦ ᠲᠣᠭᠳᠠᠴᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠲᠠᠷᠢᠶᠠᠴᠢᠨ ᠮᠠᠯᠴᠢᠳ ᠤᠨ ᠠᠰᠢᠭ ᠲᠣᠰᠠ ᠯᠤᠭ᠎ᠠ ᠵᠣᠯᠭᠠᠯᠳᠣᠭᠤᠯᠬᠤ ᠲᠣᠭᠳᠠᠴᠠ ᠶᠢ ᠪᠠᠶᠢᠭᠤᠯᠣᠨ᠂ ᠡᠶ᠎ᠡ ᠵᠣᠬᠢᠴᠠᠯ ᠲᠠᠢ ᠠᠭᠤᠷᠬᠠᠢ ᠶᠢᠨ ᠣᠷᠣᠨ᠂ ᠪᠣᠬᠢᠷᠳᠣᠯ ᠦᠬᠡᠢ ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠠᠭᠠᠷ ᠮᠠᠨᠳᠠᠯ  ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠬᠢᠭᠡᠳ ᠲᠦᠬᠦᠷ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠦ᠂ ᠠᠷᠢᠭᠤᠨ ᠴᠡᠪᠡᠷ ᠡᠨᠧᠷᠬᠢ ᠪᠠᠷ ᠣᠷᠣᠯᠠᠭᠤᠯᠬᠤ ᠶᠢ ᠲᠦᠷᠭᠡᠳᠭᠡᠨ ᠭᠡᠷᠡᠭᠵᠢᠭᠦᠯᠵᠦ᠂ ᠡᠯ᠎ᠡ ᠵᠦᠢᠯ ᠤᠨ ᠪᠣᠬᠢᠷᠳᠣᠯ ᠢ ᠪᠦᠬᠦ ᠲᠠᠯ᠎ᠠ ᠪᠠᠷ ᠵᠠᠰᠠᠵᠦ᠂ ᠣᠯᠣᠰ ᠠᠴᠠ ᠪᠠᠭᠤᠯᠭᠠᠭᠰᠠᠨ ᠡᠬᠦᠷᠭᠡ  ᠶᠢ ᠦᠨᠡᠨᠬᠦ ᠪᠠᠳᠣᠯᠠᠭ᠎ᠠ ᠲᠠᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ᠂ ᠠᠵᠢᠯ ᠲᠦᠷᠦᠯ ᠤᠨ ᠣᠰᠣᠨ ᠤ ᠪᠣᠬᠢᠷᠳᠣᠯ ᠢ ᠰᠡᠷᠭᠡᠶᠢᠯᠡᠨ ᠵᠠᠰᠠᠬᠤ ᠪᠠ ᠬᠦᠨᠳᠣ ᠲᠡᠮᠦᠷᠯᠢᠭ ᠤᠨ ᠪᠣᠬᠢᠷᠳᠣᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠰᠠᠪᠠ ᠭᠠᠵᠠᠷ᠂ ᠣᠷᠣᠨ ᠪᠦᠰᠡ ᠶᠢᠨ ᠣᠷᠴᠢᠨ ᠲᠣᠭᠤᠷᠢᠨ ᠤ ᠠᠶᠣᠯ ᠦᠬᠡᠢ ᠶᠢ ᠦᠨᠡᠨᠬᠦ ᠪᠠᠳᠣᠯᠠᠨ᠎ᠠ᠃      ︵ᠲᠣᠯᠤᠭ᠎ᠠ︶ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠵᠦ᠂ ᠬᠤᠳᠡ ᠬᠦᠳᠡᠭᠡ ᠶᠢᠨ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠣᠨ᠎ᠠ      ᠬᠤᠳᠡ ᠬᠦᠳᠡᠭᠡ ᠶᠢᠨ ᠲᠦᠯᠦᠪᠵᠢᠭᠦᠯᠭᠡ ᠶᠢᠨ ᠬᠦᠳᠦᠯᠦᠨ ᠵᠢᠯᠣᠭᠤᠳᠬᠤ ᠪᠠ ᠲᠣᠬᠢᠷᠠᠭᠤᠯᠣᠨ ᠡᠵᠡᠮᠳᠡᠬᠦ ᠦᠢᠯᠡᠳᠣᠯ ᠢ ᠪᠠᠳᠠᠷᠠᠭᠤᠯᠣᠨ᠎ᠠ᠃ ᠬᠦᠮᠦᠨ ᠢᠶᠠᠷ ᠦᠨᠳᠣᠰᠣ ᠪᠣᠯᠭᠠᠬᠤ᠂ ᠠᠵᠦ ᠦᠢᠯᠡᠳᠪᠦᠷᠢᠵᠢᠭᠦᠯᠬᠦ᠂ ᠮᠡᠳᠡᠭᠡ ᠵᠠᠩᠭᠢᠵᠢᠭᠤᠯᠬᠤ᠂ ᠬᠤᠳᠠ ᠪᠠᠯᠭᠠᠰᠣᠴᠢᠯᠠᠬᠤ᠂ ᠲᠡᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠬᠤ  ᠶᠢ ᠵᠡᠷᠭᠡ ᠳᠤ ᠨᠢ ᠬᠦᠭᠵᠢᠭᠦᠯᠬᠦ᠂ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠬᠤ᠂ ᠪᠣᠬᠢᠷᠳᠣᠯ ᠦᠬᠡᠢ ᠬᠦᠭᠵᠢᠬᠦᠯᠬᠦ᠂ ᠰᠣᠶᠣᠯ ᠢ ᠣᠯᠠᠮᠵᠢᠯᠠᠬᠤ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠬᠤᠳᠠ ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ ᠪᠤᠯᠤᠨ ᠡᠵᠡᠮᠰᠢᠯ ᠤᠨ ᠴᠢᠨᠠᠷᠲᠠᠢ ᠨᠠᠷᠢᠨ ᠲᠣᠳᠣᠷᠬᠠᠢ ᠲᠦᠯᠦᠪᠵᠢᠭᠦᠯᠭᠡ ᠶᠢ ᠰᠢᠨᠵᠢᠯᠡᠬᠦ ᠣᠬᠠᠭᠠᠨᠴᠢ ᠪᠠᠷ ᠨᠠᠶᠢᠷᠠᠭᠤᠯᠤᠨ ᠵᠤᠬᠢᠶᠠᠵᠣ᠂ ᠶᠡᠭᠡ ᠲᠤᠮᠳᠠ‌‍ᠪᠠᠭ᠎ᠠ ᠬᠤᠳᠠ ᠪᠠ ᠪᠠᠭ᠎ᠠ ᠬᠤᠳᠠ ᠪᠠᠯᠭᠠᠰᠣ ᠶᠢᠨ ᠵᠣᠬᠢᠴᠠᠩᠭᠤᠢ ᠪᠠᠷ ᠬᠦᠭᠵᠢᠬᠦ᠂ ᠠᠵᠣ ᠦᠢᠯᠡᠰ ᠪᠣᠯᠣᠨ ᠬᠤᠳᠠ ᠪᠠᠯᠭᠠᠰᠦ ᠨᠡᠶᠢᠯᠡᠵᠦ ᠬᠦᠭᠵᠢᠬᠦ᠂ ᠬᠤᠳᠠ ᠪᠠᠯᠭᠠᠰᠣᠴᠢᠯᠠᠯᠳᠠ ᠪᠠ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠳᠦᠭᠡᠨ ᠪᠠᠶᠢᠭᠤᠯᠤᠳᠠ ᠶᠢ ᠵᠤᠬᠢᠴᠠᠩᠭᠤᠢ ᠪᠠᠷ ᠲᠦᠯᠬᠢᠨ ᠠᠬᠢᠭᠤᠯᠬᠤ ᠶᠢ ᠢᠳᠡᠪᠬᠢᠲᠠᠢ ᠪᠠᠷ ᠬᠦᠳᠦᠯᠦᠨ ᠵᠢᠯᠣᠭᠤᠳᠣᠨ᠎ᠠ᠃ ᠡᠷᠦᠬᠡ ᠠᠮᠠ ᠶᠢᠨ ᠬᠠᠷᠢᠶ᠎ᠠ᠂ ᠭᠠᠵᠠᠷ  ᠰᠢᠷᠦᠢ᠂ ᠣᠷᠣᠨ ᠰᠠᠭᠤᠴᠠ  ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠵᠡᠷᠭᠡ ᠲᠦᠭᠦᠷ ᠲᠦᠷᠦ ᠶᠢᠨ ᠪᠤᠳᠣᠯᠭ᠎ᠠ ᠶᠢ ᠰᠣᠳᠣᠯᠣᠨ ᠲᠣᠭᠳᠠᠭᠠᠵᠣ᠂ ᠲᠣᠷᠰᠢᠯᠳᠠ ᠶᠢᠨ ᠴᠢᠭ᠋ ᠢᠶᠠᠷ ᠵᠢᠱᠢᠶ᠎ᠠ ᠦᠵᠡᠭᠦᠯᠬᠦ ᠶᠢ ᠲᠦᠷᠭᠡᠳᠭᠡᠨ ᠦᠷᠨᠢᠭᠦᠯᠵᠤ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠦᠮᠦᠨ ᠠᠮᠠ ᠶᠢ ᠬᠤᠳᠠ  ᠶᠢᠨ ᠠᠷᠠᠳ ᠪᠤᠯᠭᠠᠬᠤ ᠶᠢ ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠢ ᠡᠷᠬᠡ ᠲᠡᠭᠰᠢ ᠪᠠᠷ ᠬᠦᠷᠳᠡᠭᠡᠬᠦ ᠶᠢᠨ ᠬᠠᠮᠲᠦ ᠡᠷᠦᠬᠡ ᠠᠮᠠ  ᠶᠢᠨ  ᠬᠠᠷᠢᠶ᠎ᠠ ᠶᠢᠨ ᠬᠦᠮᠦᠨ ᠠᠮᠠ ᠠᠴᠠ ᠪᠠᠶᠢᠩᠭᠤ ᠰᠠᠭᠤᠭ᠎ᠠ ᠬᠦᠮᠦᠨ ᠠᠮᠠ ᠲᠡᠰᠢ ᠪᠦᠬᠦᠨ ᠢ ᠬᠠᠮᠣᠷᠣᠭᠤᠯᠬᠤ ᠶᠢ ᠪᠡᠶᠡᠯᠡᠭᠦᠯᠦᠨ᠎ᠡ᠃      ᠬᠤᠳᠠ ᠪᠠᠯᠭᠠᠰᠦ ᠶᠢᠨ ᠪᠠᠶᠢᠷᠢᠰᠢᠭᠤᠯᠣᠯ ᠪᠤᠯᠤᠨ ᠬᠡᠯᠪᠡᠷᠢ ᠪᠠᠶᠢᠳᠠᠯ ᠢ ᠰᠢᠯᠢᠳᠡᠭᠵᠢᠭᠦᠯᠦᠨ᠎ᠡ᠃ ᠣᠯᠠᠨ ᠲᠦᠪ ᠢᠶᠠᠷ ᠲᠠᠶᠢᠴᠢᠯᠠᠬᠤ᠂ ᠣᠯᠠᠨ ᠵᠠᠩᠬᠢᠯᠠᠭ᠎ᠠ ᠴᠢᠭ᠋  ᠢᠶᠠᠷ ᠲᠤᠯᠭᠠᠭᠤᠷᠢᠯᠠᠭᠤᠯᠬᠤ ᠶᠢ ᠪᠠᠷᠢᠮᠳᠠᠯᠠᠨ᠂ ᠶᠡᠭᠡ ᠪᠠᠷ ᠪᠠᠭ᠎ᠠ ᠶᠢ ᠲᠠᠶᠢᠴᠢᠯᠠᠭᠰᠠᠨ᠂ ᠶᠡᠭᠡ ᠲᠣᠮᠳᠠ ᠪᠠᠭ᠎ᠠ ᠬᠤᠳᠠ ᠪᠠ ᠪᠠᠭ᠎ᠠ ᠬᠤᠳᠠ ᠪᠠᠯᠭᠠᠰᠦ ᠵᠣᠬᠢᠴᠠᠩᠭᠤᠢ ᠪᠠᠷ ᠬᠦᠭᠵᠢᠭᠰᠡᠨ ᠬᠤᠳᠠ ᠪᠠᠯᠭᠠᠰᠣᠴᠢᠯᠠᠬᠤ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ ᠬᠦᠬᠡᠬᠤᠳᠠ ᠪᠣᠭᠤᠲᠦ ᠣᠷᠳᠣᠰ ᠲᠡᠮᠡᠭᠡᠲᠦ ᠶᠢᠨ ᠬᠤᠳᠠ ᠶᠢᠨ ᠪᠦᠭᠡᠮᠨᠡᠷᠡᠯ  ᠤᠨ ᠲᠤᠬᠠᠢ ᠣᠯᠣᠰ ᠤᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠤᠨ᠂ ᠬᠦᠬᠡᠬᠤᠳᠠ ᠪᠣᠭᠤᠲᠦ ᠣᠷᠳᠣᠰ ᠤᠨ ᠬᠤᠳᠠ ᠶᠢᠨ ᠪᠦᠭᠡᠮᠨᠡᠷᠡᠯ ᠤᠨ ᠪᠦᠳᠦᠭᠡᠨ ᠪᠠᠶᠢᠭᠤᠯᠤᠳᠠ ᠶᠢ ᠲᠦᠯᠬᠢᠨ ᠠᠬᠢᠭᠤᠯᠵᠤ᠂ ᠴᠢᠳᠠᠮᠵᠢ ᠪᠠᠷ ᠢᠶᠠᠨ ᠬᠠᠷᠢᠯᠴᠠᠨ ᠨᠦᠬᠦᠪᠦᠷᠢᠯᠡᠬᠦ᠂ ᠠᠵᠣ ᠦᠢᠯᠡᠰ ᠢᠶᠠᠷ ᠢᠶᠠᠨ ᠬᠠᠷᠢᠯᠴᠠᠨ ᠲᠣᠰᠠᠯᠠᠬᠤ ᠶᠢ ᠠᠬᠢᠭᠤᠯᠤᠨ᠂ ᠵᠡᠷᠭᠡᠴᠡᠨ ᠬᠤᠯᠪᠣᠯᠳᠣᠬᠤ ᠬᠡᠯᠪᠡᠷᠢ ᠪᠠ ᠪᠦᠯᠬᠦᠮ ᠪᠠᠶᠢᠭᠤᠯᠬᠤ ᠬᠡᠯᠪᠡᠷᠢ ᠶᠢᠨ ᠬᠦᠭᠵᠢᠯᠳᠡ ᠶᠢ ᠪᠡᠶᠡᠯᠡᠭᠦᠯᠦᠨ᠂ ᠪᠦᠬᠦ ᠣᠷᠣᠨ ᠤ ᠬᠦᠭᠵᠢᠯᠳᠡ ᠶᠢ ᠣᠳᠣᠷᠢᠳᠣᠨ ᠲᠠᠭᠠᠭᠤᠯᠣᠭᠰᠠᠨ ᠴᠢᠬᠤᠯᠠ ᠨᠡᠮᠡᠭᠳᠡᠯ ᠤᠨ ᠲᠦᠢᠯ ᠢ ᠪᠤᠢ ᠪᠤᠯᠭᠠᠨ᠎ᠠ᠃ ᠬᠦᠬᠡᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ  ᠬᠡᠮᠵᠢᠶ᠎ᠡ ᠶᠢ ᠲᠡᠭᠡᠭᠰᠢᠯᠡᠭᠦᠯᠵᠤ᠂ ᠣᠷᠣᠨ ᠤ ᠲᠦᠪ ᠬᠤᠳᠠ ᠶᠢᠨ ᠵᠢᠱᠢᠶ᠎ᠠ ᠦᠵᠡᠭᠦᠯᠦᠨ‌‍ᠲ᠋ᠠᠶᠢᠴᠢᠯᠠᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠠᠶᠢᠮᠠᠭ ᠬᠤᠳᠠ  ᠶᠢᠨ ᠪᠠᠶᠢᠭ᠎ᠠ ᠭᠠᠵᠠᠷ ᠤᠨ ᠲᠦᠪ ᠬᠤᠳᠠ ᠶᠢᠨ ᠲᠤᠭᠤᠷᠢᠭ ᠢᠶᠠᠷ ᠭᠤᠤᠯᠳᠠᠯᠭ᠎ᠠ ᠪᠤᠯᠭᠠᠨ᠂ ᠨᠡᠭᠡᠭᠡᠨ ᠬᠦᠭᠵᠢᠭᠦᠯᠬᠦ ᠬᠦᠴᠦᠯᠡᠴᠡ ᠶᠢ ᠰᠢᠨᠵᠢᠯᠡᠬᠦ ᠣᠬᠠᠭᠠᠨ ᠪᠠᠷ ᠲᠤᠬᠢᠷᠠᠭᠤᠯᠵᠣ᠂ ᠨᠡᠭᠡᠭᠡᠨ ᠬᠦᠭᠵᠢᠭᠦᠯᠬᠦ ᠵᠠᠭᠠᠭ ᠢ ᠵᠦᠢ ᠵᠣᠬᠢᠰᠲᠠᠢ ᠢᠯᠭᠠᠨ ᠲᠤᠭᠳᠠᠭᠠᠵᠣ᠂ ᠣᠯᠣᠰ ᠤᠨ ᠭᠠᠵᠠᠷ ᠰᠢᠷᠦᠢ ᠶᠢᠨ ᠣᠷᠣᠨ ᠵᠠᠢ   ᠶᠢ ᠲᠡᠩᠴᠡᠭᠦᠷᠢᠲᠠᠢ ᠨᠡᠭᠡᠭᠡᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ ᠲᠦᠪ ᠬᠤᠳᠠ ᠶᠢ ᠬᠦᠴᠦᠷᠭᠡᠭᠵᠢᠭᠦᠯᠦᠨ᠂ ᠣᠷᠣᠨ ᠪᠦᠰᠡ ᠶᠢᠨ ᠬᠦᠭᠵᠢᠯᠳᠡ ᠶᠢ ᠲᠠᠶᠢᠴᠢᠯᠠᠨ᠎ᠠ᠃ ᠰᠢᠶᠠᠨ ᠤ ᠬᠤᠳᠠ ᠶᠢᠨ ᠪᠠᠭᠳᠠᠭᠠᠮᠵᠢ ᠶᠢ ᠦᠷᠭᠡᠳᠭᠡᠨ ᠴᠢᠨᠠᠷ ᠢ ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠨ᠂ ᠬᠤᠳᠠ ᠶᠢᠨ ᠲᠡᠭᠦᠷᠭᠡ ᠪᠠᠯᠭᠠᠰᠦ ᠪᠤᠯᠤᠨ ᠭᠤᠣᠯᠳᠠᠯᠭ᠎ᠠ ᠲᠠᠢ ᠪᠠᠯᠭᠠᠰᠦ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠣᠷ ᠠᠳᠬᠤᠵᠣ᠂ ᠬᠡᠪᠴᠢᠶ᠎ᠡ ᠨᠢ ᠵᠤᠬᠢᠰᠲᠠᠢ᠂  ᠴᠢᠳᠠᠮᠵᠢ ᠨᠢ ᠪᠦᠷᠢᠨ᠂ ᠪᠠᠶᠢᠷᠢᠰᠢᠯᠠᠭᠤᠯᠤᠯ ᠨᠢ ᠵᠦᠢ ᠵᠤᠬᠢᠰᠲᠠᠢ᠂ ᠠᠵᠢᠯᠯᠠᠵᠤ ᠠᠮᠢᠳᠣᠷᠠᠬᠤ ᠳᠤ ᠴᠦᠮ ᠲᠤᠬᠢᠷᠠᠮᠵᠢᠲᠠᠢ ᠣᠨᠴᠠᠯᠢᠭᠲᠦ ᠬᠤᠳᠠ ᠪᠠᠯᠭᠠᠰᠦ ᠶᠢᠨ ᠰᠢᠰᠲ᠋ᠧᠮᠵᠢ ᠶᠢ ᠪᠤᠢ ᠪᠤᠯᠭᠠᠨ᠎ᠠ᠃      ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠭᠠᠵᠠᠷ ᠰᠢᠷᠣᠢ ᠶᠢᠨ ᠠᠰᠢᠭᠯᠠᠮᠵᠢ ᠶᠢ ᠲᠡᠭᠡᠭᠰᠢᠯᠡᠭᠦᠯᠦᠨ᠂ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠦᠯᠡᠳᠡᠭᠡᠯ ᠢ ᠠᠮᠢᠳᠣᠯᠢᠭᠵᠢᠭᠤᠯᠤᠨ᠂ ᠬᠤᠳᠠ ᠪᠠᠯᠭᠠᠰᠦ ᠶᠢᠨ ᠣᠷᠣᠨ ᠵᠠᠢ ᠶᠢᠨ ᠪᠦᠳᠦᠴᠡ ᠶᠢ ᠰᠢᠯᠢᠳᠡᠭᠵᠢᠭᠦᠯᠵᠤ᠂ ᠬᠤᠳᠠ ᠶᠢᠨ ᠪᠢᠴᠢᠯ ᠣᠷᠣᠨ ᠵᠠᠢ ᠶᠢ ᠵᠠᠰᠠᠬᠤ ᠶᠠᠪᠤᠳᠠᠯ ᠢ ᠰᠠᠶᠢᠳᠣᠷ ᠬᠢᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠲᠤᠤᠷ ᠰᠦᠯᠵᠢᠶᠡᠨ ᠤ ᠪᠠᠶᠢᠭᠤᠯᠤᠯᠳᠠ ᠶᠢ ᠴᠢᠩᠭᠠᠳᠬᠠᠨ᠂ ᠬᠦᠮᠦᠰ ᠤᠨ ᠣᠷᠣᠰᠢᠨ ᠰᠠᠭᠤᠬᠤ ᠣᠷᠴᠢᠨ ᠲᠤᠭᠤᠷᠢᠨ ᠪᠠ ᠶᠠᠰᠣ ᠴᠢᠨᠠᠷ ᠢ ᠰᠠᠶᠢᠵᠢᠷᠠᠭᠤᠯᠣᠨ᠎ᠠ᠃ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ ᠣᠷᠣᠭᠤᠯᠵᠤ ᠪᠡᠯᠡ ᠲᠤᠬᠢᠷᠠᠭᠤᠯᠬᠤ ᠢᠯᠡ ᠵᠢᠷᠦᠮᠵᠢᠭ᠌ᠰᠠᠨ ᠲᠤᠭᠳᠠᠴᠠ ᠶᠢ ᠪᠠᠶᠢᠭᠤᠯᠵᠤ᠂ ᠬᠤᠳᠠ ᠶᠢᠨ ᠨᠡᠶᠢᠳᠠ ᠶᠢᠨ  ᠬᠡᠷᠡᠭᠯᠡᠭᠡᠨ ᠤ ᠪᠡᠯᠡᠳᠭᠡᠮᠵᠢ ᠳᠤ ᠨᠡᠶᠢᠭᠡᠮ ᠤᠨ ᠬᠦᠷᠦᠩᠭᠡ ᠶᠢᠨ ᠣᠷᠣᠯᠴᠠᠵᠤ ᠡᠵᠡᠩᠨᠡᠬᠦ ᠶᠢ ᠵᠣᠷᠢᠭᠵᠢᠭᠤᠯᠤᠨ᠂ ᠬᠤᠳᠠ ᠪᠠᠯᠭᠠᠰᠣ ᠶᠢᠨ ᠪᠦᠳᠦᠭᠡᠨ ᠪᠠᠶᠢᠭᠤᠯᠤᠯᠳᠠ   ᠶᠢᠨ ᠬᠡᠲᠦ ᠶᠡᠭᠡ ᠦᠷᠢ ᠲᠠᠯᠪᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠣᠶᠣᠨᠲᠦ ᠬᠤᠳᠠ ᠪᠣᠯᠣᠨ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠬᠤᠳᠠ ᠪᠠᠯᠭᠠᠰᠦ ᠶᠢᠨ ᠬᠦᠭᠵᠢᠯᠳᠡ ᠶᠢᠨ ᠠᠭᠤᠯᠤᠭᠳᠠᠬᠤᠨ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠦᠷᠢ ᠶᠢ ᠨᠡᠮᠡᠭᠳᠡᠭᠦᠯᠦᠨ᠎ᠡ᠃      ᠰᠢᠶᠠᠨ ᠤ ᠬᠡᠪᠴᠢᠶᠠᠨ ᠤ ᠠᠵᠣ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠣᠨ᠎ᠠ᠃ ᠰᠢᠶᠠᠨ ᠤ ᠬᠡᠪᠴᠢᠶᠠᠨ ᠤ ᠠᠵᠣ ᠠᠬᠤᠢ ᠶᠢᠨ ᠬᠦᠭᠵᠢᠯᠳᠡ ᠶᠢᠨ ᠲᠦᠯᠦᠪᠵᠢᠭᠦᠯᠭᠡ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠣᠨ ᠣᠨᠴᠠᠯᠢᠭᠲᠦ ᠠᠵᠣ ᠠᠬᠤᠢ ᠶᠢ ᠬᠦᠭᠵᠢᠭᠦᠯᠵᠤ᠂ ᠭᠤᠤᠯᠯᠠᠭᠴᠢ ᠠᠵᠤ ᠦᠢᠯᠡᠰ ᠢ ᠪᠤᠶᠢᠵᠢᠭᠤᠯᠤᠨ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠣ᠂ ᠬᠤᠳᠠ ᠬᠦᠳᠡᠭᠡ ᠶᠢᠨ ᠬᠦᠭᠵᠢᠯᠳᠡ ᠶᠢ ᠨᠢᠭᠡᠳᠦᠯᠲᠠᠢ ᠲᠦᠯᠦᠪᠯᠡᠨ ᠬᠦᠭᠵᠢᠭᠦᠯᠬᠦ ᠳᠠᠬᠢ ᠰᠢᠶᠠᠨ ᠤ ᠬᠡᠪᠴᠢᠶᠠᠨ ᠤ ᠠᠵᠣ ᠠᠬᠤᠢ ᠶᠢᠨ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ︽ᠡᠷᠬᠡ ᠶᠢ ᠦᠷᠭᠡᠳᠭᠡᠨ ᠰᠢᠶᠠᠨ ᠢ ᠬᠦᠴᠦᠷᠭᠡᠭᠵᠢᠭᠦᠯᠬᠦ︾ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠢ ᠰᠠᠶᠢᠳᠣᠷ ᠠᠳᠬᠤᠨ᠂ ᠰᠢᠶᠠᠨ ᠤ ᠱᠠᠳᠣᠨ ᠤ ᠡᠳ᠋ ᠤᠨ ᠬᠦᠴᠦᠨ ᠤ ᠪᠠᠳᠣᠯᠠᠭ᠎ᠠ ᠶᠢᠨ ᠲᠤᠭᠳᠠᠴᠠ ᠶᠢ ᠲᠡᠭᠦᠯᠳᠡᠷᠵᠢᠭᠦᠯᠵᠤ᠂ ᠠᠳᠠᠯᠢ ᠪᠤᠰᠤ ᠲᠦᠷᠦᠯ ᠬᠡᠯᠪᠡᠷᠢ ᠶᠢᠨ ᠬᠤᠰᠢᠭᠤ ᠰᠢᠶᠠᠨ ᠢ ᠰᠣᠩᠭᠤᠨ ᠠᠵᠢᠯ ᠡᠷᠬᠡ ᠶᠢ ᠲᠣᠷᠣᠭᠰᠢ ᠪᠠᠭᠤᠯᠭᠠᠬᠤ ᠪᠠ ︽ᠦᠪᠡᠷᠳᠡᠭᠡᠨ ᠵᠠᠰᠠᠬᠤ ᠤᠷᠤᠨ ᠠᠴᠠ ᠰᠢᠭᠤᠳ ᠬᠠᠮᠢᠶᠠᠷᠬᠤ ᠰᠢᠶᠠᠨ︾ ᠤ ᠡᠳ᠋ ᠤᠨ ᠵᠠᠰᠠᠭ ᠤᠨ ᠦᠭᠡᠷᠡᠴᠢᠯᠡᠯᠳᠡ ᠶᠢ ᠶᠠᠪᠤᠭᠤᠯᠵᠤ᠂ ︽ᠡᠳ᠋ ᠤᠨ ᠵᠠᠰᠠᠭ ᠤᠨ ᠪᠠᠶᠢᠭᠤᠯᠤᠯ ᠢ ᠬᠤᠰᠢᠭᠤ ᠰᠢᠶᠠᠨ ᠬᠦᠷᠳᠡᠯ᠎ᠡ ᠬᠢᠨᠠᠨ ᠲᠤᠭᠳᠠᠭᠠᠬᠤ᠂ ᠰᠢᠯᠵᠢᠭᠦᠯᠦᠨ ᠣᠯᠭᠤᠬᠤ ᠶᠢ ᠲᠦᠰᠦᠭᠡᠯᠡᠨ ᠪᠤᠳᠤᠬᠤ ᠶᠢᠨ ᠬᠠᠮᠲᠦ ᠬᠤᠰᠢᠭᠤ ᠰᠢᠶᠠᠨ ᠳᠤ ᠬᠦᠷᠳᠡᠯ᠎ᠡ ᠪᠠᠭᠤᠯᠭᠠᠬᠤ᠂ ᠤᠯᠤᠰ ᠤᠨ ᠬᠦᠮᠦᠷᠭᠡ  ᠶᠢᠨ ᠪᠡᠯᠡ ᠮᠦᠩᠭᠦ ᠶᠢ ᠬᠤᠰᠢᠭᠤ ᠰᠢᠶᠠᠨ ᠳᠤ ᠬᠦᠷᠳᠡᠯ᠎ᠡ ᠲᠤᠬᠢᠷᠠᠭᠤᠯᠬᠤ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠭᠦᠢᠴᠡᠳᠭᠡᠯ ᠢ ᠬᠤᠰᠢᠭᠤ ᠰᠢᠶᠠᠨ  ᠳᠤ ᠬᠦᠷᠳᠡᠯ᠎ᠡ ᠰᠢᠭᠤᠳ ᠬᠢᠬᠦ᠂ ᠣᠷᠣᠨ ᠨᠣᠳᠤᠭ ᠤᠨ  ᠵᠠᠰᠠᠭ ᠤᠨ ᠣᠷᠳᠣᠨ ᠤ ᠴᠢᠨᠠᠷᠲᠠᠢ ᠦᠷᠢ ᠰᠢᠷᠢ ᠶᠢ ᠬᠤᠰᠢᠭᠤ ᠰᠢᠶᠠᠨ ᠳᠤ ᠬᠦᠷᠳᠡᠯ᠎ᠡ ᠬᠠᠮᠢᠶᠠᠷᠬᠤ︾ ᠡᠳ᠋  ᠤᠨ ᠵᠠᠰᠠᠭ ᠤᠨ ᠬᠠᠮᠢᠶᠠᠷᠣᠯᠳᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃      ᠣᠷᠣᠨ ᠪᠦᠰᠡ ᠶᠢᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠭᠤᠤᠯ ᠴᠤᠭᠴᠠ ᠪᠦᠭᠦᠢ ᠴᠢᠳᠠᠮᠵᠢᠲᠦ ᠣᠷᠣᠨ ᠤ ᠲᠦᠯᠦᠪᠵᠢᠭᠦᠯᠭᠡ ᠪᠠᠷ ᠬᠤᠳᠠ ᠪᠠᠯᠭᠠᠰᠦ ᠬᠢᠭᠡᠳ ᠠᠵᠣ ᠦᠢᠯᠡᠰ ᠵᠡᠷᠭᠡ ᠡᠯ᠎ᠡ ᠱᠠᠳᠣᠨ ᠤ ᠡᠯ᠎ᠡ ᠲᠦᠷᠦᠯ ᠤᠨ ᠲᠦᠯᠦᠪᠵᠢᠭᠦᠯᠭᠡ ᠶᠢ ᠶᠡᠷᠦᠩᠬᠡᠶᠢᠯᠡᠨ ᠵᠠᠬᠢᠷᠴᠣ᠂ ᠬᠦᠮᠦᠨ ᠠᠮᠠ ᠶᠢᠨ ᠲᠠᠷᠬᠠᠯᠳᠠ᠂ ᠠᠵᠣ ᠠᠬᠤᠢ ᠶᠢᠨ ᠪᠠᠶᠢᠷᠢᠰᠢᠭᠤᠯᠤᠯ᠂ ᠣᠯᠣᠰ ᠤᠨ ᠭᠠᠵᠠᠷ ᠰᠢᠷᠣᠢ ᠶᠢᠨ ᠠᠰᠢᠭᠯᠠᠯᠳᠠ ᠪᠤᠯᠤᠨ ᠬᠤᠳᠠ ᠪᠠᠯᠭᠠᠰᠣᠴᠢᠯᠠᠬᠤ ᠬᠦᠭᠵᠢᠯᠳᠡ ᠶᠢ ᠨᠢᠭᠡᠳᠦᠯᠲᠠᠢ ᠲᠦᠯᠦᠪᠯᠡᠨ ᠰᠦᠪᠡᠭᠴᠢᠯᠡᠵᠣ᠂ ᠣᠰᠣᠨ ᠤ ᠡᠬᠢ ᠪᠠᠶᠠᠯᠢᠭ ᠢ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠵᠣ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠭᠡᠬᠦ ᠲᠤᠭ᠎ᠠ ᠶᠢ ᠵᠦᠢ ᠵᠤᠬᠢᠰᠲᠠᠢ ᠲᠤᠭᠳᠠᠭᠠᠨ᠎ᠠ  ᠃ ᠬᠠᠳᠣᠨ ᠭᠤᠣᠯ ᠬᠢᠭᠡᠳ ᠭᠤᠤᠯ ᠵᠠᠮ ᠱᠣᠭᠤᠮ ᠲᠠᠭᠠᠦ ᠶᠢᠨ ᠠᠵᠣ ᠠᠬᠤᠢ ᠶᠢᠨ ᠪᠦᠰᠡ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠣ᠂ ᠦᠪᠦᠷ ᠮᠣᠩᠭᠤᠯ ᠤᠨ ᠪᠠᠷᠠᠭᠤᠨ ᠬᠡᠰᠡᠭ ᠤᠨ 22 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠰᠠᠶᠢᠳᠣᠷ ᠠᠳᠬᠤᠵᠣ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠵᠦᠢ ᠵᠣᠬᠢᠰᠲᠠᠢ ᠲᠤᠬᠢᠷᠠᠭᠤᠯᠬᠤ ᠪᠠ ᠠᠵᠣ ᠦᠢᠯᠡᠰ ᠤᠨ ᠬᠠᠷᠢᠯᠴᠠᠨ ᠨᠦᠬᠦᠪᠦᠷᠢᠯᠡᠵᠣ ᠬᠠᠮᠳᠣᠷᠠᠨ ᠬᠦᠳᠡᠯᠣᠯᠴᠡᠬᠦ ᠶᠢ ᠬᠦᠳᠦᠯᠦᠨ ᠵᠢᠯᠤᠭᠤᠳᠴᠣ᠂ ᠲᠦᠪᠯᠡᠷᠡᠵᠤ ᠴᠣᠭᠯᠠᠷᠠᠨ ᠡᠷᠴᠢᠮᠯᠢᠭ ᠬᠦᠭᠵᠢᠬᠦ ᠶᠢ ᠠᠬᠢᠭᠤᠯᠤᠨ᠎ᠠ᠃ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠶᠢ ᠲᠦᠷᠭᠡᠳᠭᠡᠨ᠂ ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠵᠤ᠂ 13 ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠭᠤᠤᠯᠯᠠᠬᠤ ᠠᠵᠣ ᠦᠢᠯᠡᠰ ᠬᠢᠭᠡᠳ ᠠᠮᠢ ᠠᠬᠤᠢ ᠶᠢᠨ ᠬᠠᠮᠠᠭᠠᠯᠠᠯᠳᠠ᠂ ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠳᠠ ᠶᠢᠨ ᠵᠤᠬᠢᠴᠠᠩᠭᠤᠢ ᠬᠠᠮᠳᠣᠪᠡᠷ ᠬᠦᠭᠵᠢᠬᠦ ᠶᠢ ᠲᠦᠯᠬᠢᠨ ᠠᠬᠢᠭᠤᠯᠵᠤ᠂ ᠪᠡᠶ᠎ᠡ ᠪᠠᠨ ᠲᠠᠭᠠᠭᠠᠵᠣ ᠬᠦᠭᠵᠢᠬᠦ ᠴᠢᠳᠠᠪᠣᠷᠢ ᠶᠢ ᠪᠣᠶᠢᠵᠢᠭᠤᠯᠣᠨ᠎ᠠ᠃ ᠬᠦᠭᠵᠢᠯᠳᠡ ᠶᠢᠨ ᠰᠠᠭᠤᠷᠢ ᠪᠠᠷ ᠪᠠᠭᠤᠷᠡᠢ ᠭᠠᠵᠠᠷ ᠣᠷᠣᠨ ᠢ ᠬᠠᠪᠰᠣᠷᠣᠨ ᠲᠡᠳᠭᠦᠬᠦ ᠠᠵᠢᠯ ᠢ ᠦᠷᠭᠦᠯᠵᠢᠯᠡᠨ ᠰᠠᠶᠢᠳᠣᠷ ᠬᠢᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠡᠷᠳᠡ ᠴᠢᠯᠦᠭᠡᠯᠡᠭᠳᠡᠭᠰᠡᠨ ᠣᠷᠣᠨ᠂ ᠬᠢᠯᠢ ᠶᠢᠨ ᠣᠷᠣᠨ ᠪᠠ ᠬᠦᠮᠦᠨ ᠠᠮᠠ ᠪᠠᠷ ᠨᠡᠯᠢᠶᠡᠳ ᠴᠦᠭᠡᠨ ᠦᠨᠳᠦᠰᠦᠳᠡᠨ ᠤ ᠣᠷᠣᠨ ᠢ ᠲᠡᠳᠭᠦᠬᠦ ᠡᠷᠴᠢᠮ ᠢᠶᠠᠨ ᠨᠡᠮᠡᠭᠳᠡᠭᠦᠯᠦᠨ᠎ᠡ᠃      ︵ᠨᠠᠢᠮᠠ︶ ᠦᠨᠳᠦᠰᠦᠳᠡᠨ ᠤ ᠰᠣᠶᠣᠯ ᠤᠨ ᠬᠦᠴᠦᠷᠬᠡᠭ ᠣᠷᠣᠨ ᠤ ᠪᠠᠶᠢᠭᠤᠯᠤᠯᠳᠠ ᠶᠢ ᠲᠦᠷᠭᠡᠳᠭᠡᠨ᠂ ᠰᠣᠶᠣᠯ ᠤᠨ ᠶᠡᠭᠡ ᠬᠦᠭᠵᠢᠯᠳᠡ ᠴᠡᠴᠡᠭᠯᠡᠯᠳᠡ ᠶᠢ ᠲᠦᠯᠬᠢᠨ ᠠᠬᠢᠭᠤᠯᠤᠨ᠎ᠠ᠃      ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠦᠢᠯᠡᠳᠦᠯᠭᠡᠵᠢᠭᠦᠯᠦᠨ᠎ᠡ᠃ ᠲᠤᠮᠳᠠᠲᠦ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠪᠠ ᠲᠤᠮᠳᠠᠲᠦ ᠣᠯᠣᠰ ᠤᠨ ᠵᠡᠭᠦᠲᠦ ᠶᠢᠨ ᠲᠤᠬᠠᠢ ᠣᠬᠠᠭᠤᠯᠭ᠎ᠠ ᠬᠦᠮᠦᠵᠢᠯ ᠢ ᠬᠦᠨᠵᠡᠭᠡᠶᠢᠷᠡᠭᠦᠯᠦᠨ᠂ ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠬᠦᠮᠦᠵᠢᠭᠦᠯᠬᠦ ᠪᠠ ᠦᠢᠯᠡᠳᠦᠯᠭᠡᠵᠢᠭᠦᠯᠬᠦ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠤ᠂ ︽ᠭᠤᠷᠪᠠ ᠶᠢ ᠰᠠᠨᠠᠭᠠᠴᠢᠯᠠᠬᠤ︾ ᠶᠢ ᠬᠦᠮᠦᠨ ᠤ ᠰᠡᠳᠭᠢᠯ ᠳᠤ ᠬᠠᠳᠠᠭᠰᠢᠭᠤᠯᠵᠤ᠂ ᠦᠨᠳᠦᠰᠦᠳᠡᠨ ᠨᠦᠭᠦᠳ ᠤᠨ ᠣᠯᠠᠨ ᠲᠦᠮᠡᠨ ᠤ ᠨᠢᠭᠳᠠᠷᠠᠨ ᠪᠦᠯᠬᠦᠮᠳᠡᠵᠣ ᠱᠠᠯᠠᠮᠠᠭᠠᠶᠢᠯᠠᠨ ᠣᠷᠣᠭᠰᠢᠯᠠᠬᠤ ᠬᠦᠴᠦᠷᠬᠡᠭ ᠶᠡᠭᠡ ᠣᠶᠣᠨ ᠰᠠᠨᠠᠭᠠᠨ ᠤ ᠬᠦᠴᠦᠨ ᠢ ᠨᠢᠭᠳᠠᠷᠠᠭᠤᠯᠤᠨ᠎ᠠ᠃ ᠨᠡᠶᠢᠭᠡᠮ ᠤᠨ ᠶᠣᠰᠣ ᠰᠣᠷᠳᠠᠬᠤᠨ᠂ ᠡᠷᠬᠢᠯᠡᠭᠰᠡᠨ ᠠᠵᠢᠯ ᠤᠨ ᠶᠣᠰᠣ ᠰᠣᠷᠳᠠᠬᠤᠨ᠂ ᠭᠡᠷ ᠪᠦᠯᠢ ᠶᠢᠨ ᠶᠤᠰᠤ ᠰᠣᠷᠳᠠᠬᠤᠨ ᠬᠢᠭᠡᠳ ᠬᠤᠪᠢ ᠬᠦᠮᠦᠨ ᠤ ᠵᠠᠩ ᠮᠣᠷᠠᠯ ᠤᠨ ᠬᠦᠮᠦᠵᠢᠯ ᠢ ᠴᠢᠩᠭᠠᠳᠬᠠᠨ᠂ ᠨᠠᠰᠣᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠮᠣᠷᠠᠯ ᠤᠨ ᠪᠠᠶᠢᠭᠤᠯᠤᠯᠳᠠ ᠪᠠ ᠣᠶᠣᠳᠠᠳ ᠤᠨ ᠦᠵᠠᠯ ᠰᠠᠨᠠᠭ᠎ᠠ ᠣᠯᠣᠰ ᠲᠦᠷᠦ ᠶᠢᠨ ᠬᠦᠮᠦᠵᠢᠯ ᠢ ᠲᠣᠪᠣᠶᠢᠮ᠎ᠠ ᠰᠠᠶᠢᠳᠣᠷ ᠠᠳᠬᠤᠵᠣ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠣᠯᠠᠨ ᠲᠦᠮᠡᠨᠴᠢ ᠴᠢᠨᠠᠷᠲᠠᠢ ᠣᠶᠣᠨ ᠤ ᠪᠤᠯᠪᠠᠰᠣᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠲᠠᠢ ᠦᠷᠨᠢᠭᠦᠯᠵᠤ᠂ ᠠᠷᠠᠳ ᠢᠷᠭᠡᠳ ᠤᠨ ᠶᠣᠰᠣ ᠮᠣᠷᠠᠯ ᠤᠨ ᠬᠡᠪ ᠴᠢᠨᠠᠷ ᠪᠠ ᠨᠡᠶᠢᠭᠡᠮ ᠤᠨ ᠪᠤᠯᠪᠠᠰᠣᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠤ᠂ ᠣᠯᠠᠮᠵᠢᠯᠠᠯᠲᠦ ᠵᠠᠭᠤᠴᠢᠯᠠᠭᠤᠷ ᠪᠤᠯᠤᠨ ᠰᠢᠨ᠎ᠡ ᠪᠠᠷ ᠪᠤᠢ ᠪᠤᠯᠤᠭᠰᠠᠨ ᠵᠠᠭᠤᠴᠢᠯᠠᠭᠤᠷ ᠤᠨ ᠨᠡᠶᠢᠯᠡᠵᠣ ᠬᠦᠭᠵᠢᠬᠦ ᠶᠢ ᠠᠬᠢᠭᠤᠯᠵᠤ᠂ ᠰᠦᠯᠵᠢᠶᠡᠨ ᠤ ᠬᠠᠮᠢᠶᠠᠷᠣᠯᠳᠠ ᠪᠠ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠰᠠᠶᠢᠳᠣᠷ ᠬᠢᠵᠤ᠂ ᠭᠤᠤᠯ ᠵᠣᠷᠢᠭ ᠰᠠᠨᠠᠭ᠎ᠠ ᠶᠢ ᠪᠠᠳᠠᠷᠠᠭᠤᠯᠣᠨ᠂ ᠲᠦᠪ ᠬᠦᠴᠦᠨ ᠵᠦᠢᠯ ᠢ ᠣᠯᠠᠮᠵᠢᠯᠠᠨ ᠲᠡᠯᠭᠡᠷᠡᠭᠦᠯᠦᠨ᠎ᠡ᠃      ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠪᠡᠯᠡᠳᠭᠡᠮᠵᠢ ᠶᠢᠨ ᠲᠤᠤᠷ ᠰᠦᠯᠵᠢᠶᠡᠨ ᠤ ᠪᠠᠶᠢᠭᠤᠯᠤᠯᠳᠠ ᠪᠠ ᠬᠠᠮᠢᠶᠠᠷᠣᠯᠳᠠ ᠶᠢ ᠴᠢᠩᠭᠠᠳᠬᠠᠨ᠂ ᠦᠨᠳᠦᠰᠦᠨ ᠱᠠᠳᠣᠨ ᠤ ᠣᠯᠠᠨ ᠨᠡᠶᠢᠳᠡ ᠶᠢᠨ ᠰᠣᠶᠣᠯ ᠤᠨ ᠪᠡᠯᠡᠳᠭᠡᠮᠵᠢ ᠶᠢ ᠬᠠᠮᠳᠣᠪᠡᠷ ᠪᠠᠶᠢᠭᠤᠯᠤᠨ ᠬᠠᠮᠳᠣᠪᠡᠷ ᠡᠳ᠋ᠯᠡᠬᠦ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠳᠡᠭᠡᠬᠦ ᠭᠤᠤᠯᠳᠠᠯᠭ᠎ᠠ ᠲᠠᠢ ᠢᠨᠵᠧᠨᠧᠷᠢᠩ ᠪᠤᠯᠤᠨ ᠰᠣᠶᠣᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠬᠡᠷᠡᠭᠵᠢᠭᠦᠯᠵᠤ᠂ ᠨᠣᠮ ᠤᠨ ᠰᠠᠩ᠂ ᠮᠦᠽᠸᠢ᠂ ᠰᠣᠶᠣᠯ ᠤᠨ ᠣᠷᠳᠣᠨ ᠢ ᠰᠦᠢᠳᠭᠡᠯ ᠬᠤᠷᠢᠶᠠᠬᠤ ᠦᠭᠡᠢ ᠪᠠᠷ ᠨᠡᠶᠢᠭᠡᠮ ᠳᠤ ᠨᠡᠭᠡᠭᠡᠬᠦ ᠠᠵᠢᠯ ᠢ ᠰᠠᠶᠢᠳᠣᠷ ᠬᠢᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠵᠠᠰᠠᠭ ᠤᠨ ᠣᠷᠳᠣᠨ ᠬᠤᠳᠠᠯᠳᠣᠨ ᠠᠪᠬᠤ ᠭᠠᠷᠴᠠᠭ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠢ ᠦᠨᠡᠯᠡᠨ ᠵᠢᠱᠢᠵᠣ ᠰᠢᠯᠭᠠᠷᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠵᠤ᠂ ᠶᠠᠳᠠᠭᠤ ᠬᠦᠴᠢᠷᠳᠡᠯᠲᠠᠢ ᠭᠠᠵᠠᠷ ᠣᠷᠣᠨ ᠤ ᠣᠯᠠᠨ ᠨᠡᠶᠢᠳᠡ ᠶᠢᠨ ᠰᠣᠶᠣᠯ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠂ ᠣᠯᠠᠨ ᠨᠡᠶᠢᠳᠡ ᠶᠢᠨ ᠰᠣᠶᠣᠯ ᠤᠨ ᠦᠨᠳᠣᠰᠣᠨ‌ᠦᠢᠯᠡᠴᠢᠯᠡᠭᠡᠨ ᠤ ᠪᠠᠷᠢᠮᠵᠢᠶᠠᠵᠢᠭᠤᠯᠣᠯᠳᠠ᠂ ᠲᠡᠩᠴᠡᠭᠦᠷᠢᠵᠢᠯᠳᠡ ᠶᠢ ᠠᠬᠢᠭᠤᠯᠤᠨ᠎ᠠ᠂ ᠴᠢᠬᠤᠯᠠ ᠶᠡᠭᠡ ᠲᠡᠦᠭᠡ ᠶᠢᠨ ᠲᠣᠷᠠᠰᠬᠠᠯᠲᠦ ᠵᠦᠢᠯᠡᠰ ᠢ ᠬᠠᠮᠠᠭᠠᠯᠠᠬᠤ ᠢᠨᠵᠧᠨᠧᠷᠢᠭ ᠢ ᠬᠡᠷᠡᠭᠵᠢᠭᠦᠯᠵᠣ᠂ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠡᠷᠴᠢᠮ ᠢ ᠨᠡᠮᠡᠭᠳᠡᠭᠦᠯᠦᠨ᠂ ᠦᠨᠳᠦᠰᠦᠳᠡᠨ ᠤ ᠰᠣᠶᠣᠯ ᠪᠠ ᠲᠠᠯ᠎ᠠ ᠨᠤᠳᠤᠭ ᠤᠨ ᠰᠣᠶᠣᠯ ᠢ ᠶᠡᠬᠡᠪᠷ ᠣᠯᠠᠮᠵᠢᠯᠠᠨ ᠪᠠᠳᠠᠷᠠᠭᠤᠯᠣᠨ᠎ᠠ᠃ ᠰᠣᠶᠣᠯ ᠤᠨ ᠪᠦᠳᠦᠭᠡᠯ ᠢ ᠡᠭᠦᠳᠦᠨ ᠭᠠᠷᠭᠠᠬᠤ ᠠᠵᠢᠯ ᠢ ᠴᠢᠩᠭᠠᠳᠬᠠᠨ᠂ ᠭᠠᠵᠠᠷ ᠣᠷᠣᠨ ᠬᠢᠭᠡᠳ ᠦᠨᠳᠦᠰᠦᠳᠡᠨ ᠤ ᠣᠨᠴᠠᠯᠢᠭ ᠢᠶᠠᠷ ᠪᠠᠶᠠᠯᠢᠭ ᠪᠦᠬᠦᠢ ᠨᠢᠭᠡ ᠪᠦᠯᠦᠭ ᠰᠣᠳᠣᠨ ᠪᠦᠳᠦᠭᠡᠯ ᠤᠳ ᠢ ᠪᠤᠢ ᠪᠤᠯᠭᠠᠨ᠎ᠠ᠃ ᠰᠣᠨᠢᠨ ᠮᠡᠳᠡᠭᠡ ᠬᠡᠪᠯᠡᠯ ᠬᠢᠭᠡᠳ ᠷᠠᠳᠢᠤ᠋ ᠨᠡᠪᠳᠡᠷᠡᠭᠦᠯᠭᠡ ᠺᠢᠨᠤ᠋ ᠲᠧᠯᠸᠢᠰ ᠤᠨ ᠠᠵᠢᠯ ᠢ ᠰᠠᠶᠢᠳᠣᠷ ᠬᠢᠵᠤ᠂ ᠭᠦᠨ ᠣᠬᠠᠭᠠᠨ ᠨᠡᠶᠢᠭᠡᠮ ᠤᠨ ᠰᠢᠨᠵᠢᠯᠡᠬᠦ ᠣᠬᠠᠭᠠᠨ ᠢ ᠴᠡᠴᠡᠭᠯᠡᠭᠦᠯᠦᠨ ᠬᠦᠭᠵᠢᠭᠦᠯᠦᠨ᠎ᠡ᠃      ᠰᠣᠶᠣᠯ ᠤᠨ ᠠᠵᠤ ᠦᠢᠯᠡᠰ ᠢ ᠲᠦᠷᠭᠡᠳᠭᠡᠨ ᠬᠦᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠰᠣᠶᠣᠯ ᠤᠨ ᠠᠵᠤ ᠦᠢᠯᠡᠰ ᠤᠨ ᠣᠷᠳᠣᠪᠳᠣᠷ ᠪᠠ ᠣᠷᠳᠣ ᠬᠤᠭᠤᠴᠠᠭᠠᠨ ᠤ ᠬᠦᠭᠵᠢᠯᠳᠡ ᠶᠢᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠰᠣᠶᠣᠯ ᠤᠨ ᠠᠵᠣ ᠦᠢᠯᠡᠰ ᠢ ᠲᠡᠳᠭᠦᠬᠦ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠰᠣᠶᠣᠯ ᠤᠨ ᠠᠵᠣ ᠦᠢᠯᠡᠰ ᠤᠨ ᠬᠦᠷᠢᠶᠡᠯᠡᠩ ᠪᠠ ᠰᠣᠶᠣᠯ ᠤᠨ ᠭᠤᠤᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠣᠨᠴᠠᠯᠢᠭᠲᠦ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠯᠠᠵᠤ᠂ ᠰᠣᠶᠣᠯ ᠬᠢᠭᠡᠳ ᠵᠢᠭᠤᠯᠴᠢᠯᠠᠯ᠂ ᠮᠦᠩᠭᠦᠨ ᠭᠦᠢᠯᠭᠡᠭᠡᠨ᠂ ᠰᠢᠨᠵᠢᠯᠡᠬᠦ ᠣᠬᠠᠭᠠᠨ ᠮᠡᠷᠭᠡᠵᠢᠯ ᠤᠨ ᠭᠦᠨᠵᠡᠭᠡᠢ ᠠᠭᠤᠰᠣᠯᠴᠠᠯ ᠢ ᠠᠬᠢᠭᠤᠯᠵᠤ᠂ ᠦᠨᠳᠦᠰᠦᠳᠠᠨ ᠤ ᠣᠷᠠᠨ ᠰᠠᠶᠢᠬᠠᠨ ᠤ ᠲᠣᠭᠯᠠᠯᠳᠠ᠂ ᠺᠢᠨᠣ᠋ ᠲᠧᠯᠸᠢᠰ᠂ ᠺᠠᠷᠲ᠋ᠣᠨ ᠵᠢᠷᠤᠭ ᠱᠤᠭ ᠵᠢᠷᠤᠭ ᠵᠡᠷᠭᠡ ᠠᠵᠣ ᠦᠢᠯᠡᠰ ᠢ ᠶᠡᠬᠡᠪᠡᠷ ᠬᠦᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠦᠷᠭᠡᠵᠢᠭᠦᠯᠦᠨ ᠣᠷᠳᠣᠳᠬᠠᠵᠤ᠂ ᠰᠣᠶᠣᠯ ᠤᠨ ᠠᠵᠣ ᠦᠢᠯᠡᠰ ᠤᠨ ᠰᠢᠯᠢᠳᠡᠭᠵᠢᠵᠣ ᠲᠡᠰ ᠲᠡᠪᠰᠢᠬᠦ ᠶᠢ ᠲᠦᠯᠬᠢᠨ ᠠᠬᠢᠭᠤᠯᠤᠨ᠎ᠠ᠃ ᠣᠳᠣ ᠦᠶ᠎ᠡ ᠶᠢᠨ ᠰᠣᠶᠣᠯ ᠤᠨ ᠵᠠᠬ᠎ᠠ ᠲᠡᠯᠭᠡᠭᠦᠷ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ ᠰᠣᠶᠣᠯ ᠤᠨ ᠵᠠᠬ᠎ᠠ ᠲᠡᠯᠭᠡᠭᠦᠷ ᠲᠤ ᠵᠦᠪᠰᠢᠶᠡᠷᠡᠨ ᠣᠷᠣᠭᠤᠯᠬᠤ ᠪᠠ ᠪᠣᠴᠠᠭᠠᠵᠦ ᠭᠠᠷᠭᠠᠬᠤ ᠲᠤᠭᠳᠠᠴᠠ ᠶᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠭᠤᠤᠯᠴᠢ ᠪᠠᠷ ᠦᠷᠢᠰᠦᠯᠳᠦᠬᠦ᠂ ᠰᠢᠯᠢᠳᠡᠭ ᠨᠢ ᠦᠯᠡᠳᠡᠵᠣ ᠰᠢᠭᠠᠷᠣ ᠨᠢ ᠰᠢᠭᠰᠢᠭᠳᠡᠬᠦ ᠶᠢ ᠠᠬᠢᠭᠤᠯᠵᠤ᠂ ᠣᠯᠠᠨ ᠲᠡᠰ ᠲᠠᠪᠬᠤᠷᠭ᠎ᠠ ᠪᠦᠬᠦᠢ ᠰᠣᠶᠣᠯ ᠤᠨ ᠪᠦᠳᠦᠭᠡᠭᠳᠡᠭᠦᠨ ᠪᠠ ᠴᠢᠬᠤᠯᠠ ᠬᠦᠴᠦᠨ ᠵᠦᠢᠯ ᠤᠨ ᠵᠠᠬ᠎ᠠ ᠲᠡᠯᠭᠡᠭᠦᠷ ᠤᠨ ᠪᠤᠢ ᠪᠤᠯᠬᠤ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠦᠷᠦᠩᠭᠡ ᠶᠢᠨ ᠰᠣᠶᠣᠯ ᠤᠨ ᠡᠬᠢ ᠪᠠᠶᠠᠯᠢᠭ ᠯᠤᠭ᠎ᠠ ᠬᠠᠷᠢᠯᠴᠠᠨ ᠣᠶᠠᠯᠳᠣᠬᠤ ᠶᠢ ᠵᠣᠷᠢᠭᠵᠢᠭᠤᠯᠤᠨ᠂ ᠰᠣᠶᠣᠯ ᠤᠨ ᠲᠠᠭᠠᠭᠤᠯᠣᠭᠴᠢ ᠠᠵᠤ ᠠᠬᠤᠶᠢᠯᠠᠯ  ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠤᠮᠳᠠ ᠪᠠᠭ᠎ᠠ ᠵᠢᠵᠢᠭ ᠰᠣᠶᠣᠯ ᠤᠨ ᠠᠵᠤ ᠠᠬᠤᠶᠢᠯᠠᠯ ᠤᠨ ᠬᠦᠭᠵᠢᠯᠳᠡ ᠶᠢ ᠲᠡᠳᠭᠦᠨ᠎ᠡ᠃      ᠰᠣᠶᠣᠯ ᠤᠨ ᠬᠦᠭᠵᠢᠯᠳᠡ ᠶᠢᠨ ᠰᠢᠨ᠎ᠡ ᠶᠢ ᠡᠭᠦᠳᠬᠦ ᠠᠮᠢᠵᠢᠷᠡᠯ ᠤᠨ ᠬᠦᠴᠦᠨ ᠢ ᠬᠦᠭᠵᠢᠭᠡᠨ᠎ᠡ᠃ ᠰᠣᠶᠣᠯ ᠤᠨ ᠬᠤᠷᠸ᠎ᠠ ᠬᠠᠮᠢᠶᠠᠷᠣᠯᠳᠡ ᠶᠢᠨ ᠪᠠᠶᠢᠭᠤᠯᠣᠯ ᠤᠨ ᠦᠭᠡᠷᠡᠴᠢᠯᠡᠯᠳᠡ ᠶᠢ ᠭᠦᠨᠵᠡᠭᠡᠢ ᠲᠦᠯᠬᠢᠨ ᠠᠬᠢᠭᠤᠯᠵᠦ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠰᠣᠶᠣᠯ ᠡᠷᠬᠢᠯᠡᠵᠦ ᠪᠠᠶᠢᠭᠰᠠᠨ ᠠᠴᠠ ᠨᠢ ᠰᠣᠶᠣᠯ ᠤᠨ ᠬᠠᠮᠢᠶᠠᠷᠣᠯᠳᠡ ᠬᠢᠬᠦ ᠲᠡᠰᠢ ᠰᠢᠯᠵᠢᠬᠦᠯᠬᠦ ᠶᠢ ᠲᠦᠷᠭᠡᠳᠭᠡᠨ ᠠᠬᠢᠭᠤᠯᠵᠦ᠂ ᠣᠯᠣᠰ ᠤᠨ ᠦᠮᠴᠢᠯᠡᠯᠳᠣ ᠰᠣᠶᠣᠯ ᠤᠨ ᠬᠦᠷᠦᠩᠭᠡ ᠶᠢ ᠬᠢᠨᠡᠨ ᠬᠠᠮᠢᠶᠠᠷᠬᠤ ᠪᠠᠶᠢᠭᠤᠯᠣᠯ ᠢ ᠪᠠᠶᠢᠭᠤᠯᠣᠨ ᠲᠡᠭᠦᠯᠳᠡᠷᠵᠢᠭᠦᠯᠵᠦ᠂ ᠬᠦᠮᠦᠨ᠂ ᠶᠠᠪᠣᠳᠠᠯ᠂ ᠬᠦᠷᠦᠩᠭᠡ᠂ ᠬᠦᠳᠦᠯᠦᠮᠵᠢ ᠵᠡᠷᠬᠡ ᠬᠠᠮᠢᠶᠠᠷᠣᠯᠳᠡ ᠶᠢᠨ ᠬᠠᠷᠢᠯᠴᠠᠨ ᠨᠢᠭᠡᠳᠣᠯᠳᠡᠢ ᠪᠠᠶᠢᠬᠤ ᠶᠢ ᠬᠡᠷᠡᠭᠵᠢᠬᠦᠯᠵᠦ ᠂ ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠭᠡᠳ ᠬᠠᠷᠢᠶ᠎ᠠ ᠪᠦᠬᠦᠢ ᠰᠣᠶᠣᠯ ᠤᠨ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠴᠠᠭ᠎ᠠ  ᠶᠢ ᠣᠯᠠᠮ ᠨᠢᠬᠡ ᠠᠯᠬᠤᠮ ᠰᠢᠯᠣᠭᠤᠳᠬᠠᠨ᠎ᠠ᠃ ᠦᠪᠡᠷᠳᠡᠭᠡᠨ ᠵᠠᠰᠠᠬᠤ ᠣᠷᠣᠨ ᠤ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠬᠠᠮᠢᠶᠠᠷᠣᠯᠳᠡ ᠶᠢᠨ ᠪᠠᠶᠢᠭᠤᠯᠣᠯ ᠢ ᠠᠯᠬᠤᠮ ᠠᠯᠬᠤᠮ ᠢᠶᠠᠷ ᠰᠢᠯᠣᠭᠤᠳᠬᠠᠵᠦ᠂ ᠦᠪᠡᠷᠳᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠵᠡᠷᠬᠡ ᠲᠠᠪᠣᠨ ᠶᠡᠭᠡ ᠰᠣᠶᠣᠯ ᠤᠨ ᠠᠵᠦ ᠠᠬᠤᠶᠢᠯᠠᠯ ᠤᠨ ᠪᠦᠯᠦᠭᠯᠡᠯ ᠤᠨ ᠣᠳᠣ ᠦᠶ᠎ᠡ ᠶᠢᠨ ᠠᠵᠦ ᠠᠬᠤᠶᠢᠯᠠᠯ ᠤᠨ ᠲᠦᠷᠢᠮ ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠬᠠᠥᠯᠢ ᠶᠢᠨ ᠡᠷᠭᠡᠳᠡᠨ ᠠᠴᠠ ᠵᠠᠰᠠᠬᠤ ᠪᠦᠳᠦᠴᠡ ᠶᠢ ᠲᠡᠭᠦᠯᠳᠡᠷᠵᠢᠭᠦᠯᠦᠨ᠎ᠡ᠃ ᠰᠣᠶᠣᠯ ᠤᠨ ︽ᠭᠠᠷᠴᠦ ᠶᠠᠪᠣᠬᠤ︾ ᠠᠯᠬᠤᠴᠡ ᠶᠢ ᠲᠦᠷᠭᠡᠳᠭᠡᠨ᠂ ᠰᠣᠶᠣᠯ ᠤᠨ ᠲᠠᠯ᠎ᠠ ᠪᠠᠷ ᠰᠣᠯᠢᠯᠴᠠᠭ᠎ᠠ ᠬᠢᠵᠦ ᠬᠤᠷᠰᠢᠯᠴᠠᠬᠤ ᠶᠢ ᠣᠯᠠᠮ ᠨᠢᠬᠡ ᠠᠯᠬᠤᠮ ᠴᠢᠩᠭᠠᠳᠬᠠᠵᠦ᠂ ᠦᠪᠦᠷ ᠮᠤᠩᠭᠤᠯ ᠤᠨ ᠦᠨᠳᠣᠰᠣᠳᠡᠨ ᠤ ᠰᠣᠶᠣᠯ ᠢ ᠦᠷᠭᠡᠨ ᠢᠶᠠᠷ ᠣᠬᠠᠭᠤᠯᠬᠤ ᠪᠠ ᠶᠡᠬᠡᠪᠡᠷ ᠲᠠᠨᠢᠯᠴᠠᠭᠤᠯᠵᠦ᠂ ᠰᠤᠶᠤᠯ ᠤᠨ ᠨᠦᠯᠦᠭᠡᠯᠡᠬᠦ ᠬᠦᠴᠦᠨ ᠪᠠ ᠵᠦᠭᠡᠯᠡᠨ ᠪᠣᠳᠠᠳᠣ ᠬᠦᠴᠦᠨ ᠢ ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃      ︵ᠶᠢᠰᠦ︶ ᠨᠡᠶᠢᠬᠡᠮ ᠢ ᠵᠠᠰᠬᠤ ᠪᠠᠶᠢᠭᠤᠯᠣᠯ ᠤᠨ ᠰᠢᠨ᠎ᠡ ᠶᠢ ᠡᠭᠦᠳᠴᠦ᠂ ᠨᠡᠶᠢᠬᠡᠮ ᠤᠨ ᠡᠶ᠎ᠡ ᠵᠣᠬᠢᠴᠠᠯ ᠲᠠᠢ ᠲᠣᠭᠳᠠᠭᠤᠨ ᠪᠠᠶᠢᠬᠤ ᠶᠢ ᠠᠬᠢᠭᠤᠯᠣᠨ᠎ᠠ      ᠦᠨᠳᠣᠰᠣᠳᠡᠨ ᠤ ᠪᠦᠯᠬᠦᠮᠳᠡᠯ ᠢ ᠣᠯᠠᠮ ᠨᠢᠬᠡ ᠠᠯᠬᠤᠮ ᠴᠢᠩᠭᠠᠳᠬᠠᠨ᠎ᠠ᠃ ᠦᠨᠳᠣᠰᠣᠳᠡᠨ ᠤ ᠣᠷᠣᠨ ᠤ ᠦᠪᠡᠷᠳᠡᠭᠡᠨ ᠵᠠᠰᠠᠬᠤ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠵᠦ᠂ ᠦᠨᠳᠣᠰᠣᠳᠡᠨ ᠱᠠᠰᠢᠨ ᠰᠣᠷᠳᠠᠬᠤᠨ ᠤ ᠲᠣᠬᠠᠢ ᠨᠠᠮ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠦ ᠂ ᠦᠨᠳᠤᠰᠣᠳᠠᠨ ᠤ ᠪᠦᠯᠬᠦᠮᠳᠡᠯ ᠲᠠᠪᠰᠢᠯᠳᠠ ᠶᠢᠨ ᠣᠬᠠᠭᠤᠯᠭ᠎ᠠ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠴᠦᠬᠡᠨ ᠲᠣᠭᠠᠳᠣ ᠦᠨᠳᠣᠰᠣᠳᠡᠨ ᠤ ᠬᠠᠥᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠦᠮᠦᠨ ᠠᠮᠠ ᠨᠡᠯᠢᠶᠡᠳ ᠴᠦᠬᠡᠨ ᠦᠨᠳᠣᠰᠣᠳᠡᠨ ᠤ ᠬᠦᠭᠵᠢᠯᠳᠡ ᠶᠢ ᠲᠡᠳᠭᠦᠵᠦ᠂ ᠡᠷᠬᠡ ᠲᠡᠭᠰᠢ ᠪᠦᠯᠬᠦᠮᠳᠡᠨ ᠨᠢᠭᠳᠠᠷᠠᠭᠰᠠᠨ ᠬᠠᠷᠢᠯᠴᠠᠨ ᠬᠠᠪᠰᠣᠷᠣᠯᠴᠠᠭᠰᠠᠨ ᠡᠶ᠎ᠡ ᠵᠣᠬᠢᠴᠠᠯ ᠲᠠᠢ ᠨᠡᠶᠢᠬᠡᠮ ᠵᠢᠷᠣᠮ ᠤᠨ ᠦᠨᠳᠣᠰᠣᠳᠡᠨ ᠤ ᠬᠠᠷᠢᠴᠠᠭ᠎ᠠ ᠶᠢ ᠪᠠᠬᠢᠵᠢᠭᠦᠯᠦᠨ ᠬᠦᠭᠵᠢᠭᠦᠯᠵᠦ᠂ ᠦᠨᠳᠣᠰᠣᠳᠡᠨ ᠨᠦᠭᠦᠳ ᠤᠨ ᠠᠷᠠᠳ ᠲᠦᠮᠡᠨ ᠤ ᠬᠠᠮᠳᠣᠪᠡᠷ ᠪᠦᠯᠬᠦᠮᠳᠡᠨ ᠲᠡᠮᠡᠴᠡᠬᠦ᠂ ᠬᠠᠮᠳᠣᠪᠡᠷ ᠴᠡᠴᠡᠭᠯᠡᠨ ᠬᠦᠭᠵᠢᠬᠦ ᠶᠢ ᠠᠬᠢᠭᠤᠯᠣᠨ᠎ᠠ᠃ ᠱᠠᠰᠢᠨ ᠰᠣᠷᠳᠠᠬᠤᠨ ᠤ ᠬᠡᠷᠡᠭ ᠶᠠᠪᠣᠳᠠᠯ ᠢ ᠬᠠᠥᠯᠢ ᠶᠣᠰᠣᠭᠠᠷ ᠬᠠᠮᠢᠶᠠᠷᠴᠦ᠂ ᠱᠠᠰᠢᠨ ᠰᠣᠷᠳᠠᠬᠤᠨ ᠬᠢᠭᠡᠳ ᠨᠡᠶᠢᠭᠡᠮ ᠵᠢᠷᠣᠮᠳᠣ ᠨᠡᠶᠢᠭᠡᠮ ᠤᠨ ᠬᠠᠷᠢᠯᠴᠠᠨ ᠵᠣᠬᠢᠴᠠᠬᠤ ᠶᠢ ᠢᠳᠡᠪᠬᠢᠳᠡᠢ ᠪᠠᠷ ᠬᠦᠳᠦᠯᠦᠨ ᠵᠢᠯᠣᠭᠤᠳᠴᠦ᠂ ᠱᠠᠰᠢᠨ ᠰᠣᠷᠳᠠᠬᠤᠨ ᠤ ᠡᠳᠡᠭᠡᠳ ᠤᠨ ᠬᠢᠨ ᠬᠢᠭᠡᠳ ᠱᠠᠰᠢᠨ ᠰᠢᠳᠦᠳᠡᠭ ᠣᠯᠠᠨ ᠲᠦᠮᠡᠨ ᠤ ᠠᠵᠦ ᠠᠬᠤᠢ ᠶᠢᠨ ᠬᠦᠭᠵᠢᠯᠳᠡ᠂ ᠨᠡᠶᠢᠬᠡᠮ ᠤᠨ ᠡᠶ᠎ᠡ ᠵᠣᠬᠢᠴᠡᠯ ᠲᠠᠢ ᠪᠠᠶᠢᠬᠤ ᠶᠢ ᠠᠬᠢᠭᠤᠯᠬᠤ ᠳᠠᠬᠢ ᠢᠳᠡᠪᠬᠢᠳᠡᠢ ᠦᠢᠯᠡᠳᠦᠯ ᠢ ᠪᠠᠳᠠᠷᠠᠭᠤᠯᠣᠨ᠎ᠠ᠃      ᠨᠡᠶᠢᠭᠡᠮ ᠤᠨ ᠵᠣᠬᠢᠶᠡᠨ ᠪᠠᠶᠢᠭᠤᠯᠣᠯᠳᠡ ᠶᠢᠨ ᠠᠮᠢᠵᠢᠷᠡᠯ ᠤᠨ ᠬᠦᠴᠦᠨ ᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠠᠴᠠ ᠵᠠᠰᠠᠬᠤ ᠪᠠ ᠨᠡᠶᠢᠭᠡᠮ ᠤᠨ ᠦᠪᠡᠷ ᠢ  ᠪᠠᠨ ᠲᠣᠬᠢᠷᠠᠭᠤᠯᠬᠤ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠰᠠᠶᠢᠨ ᠨᠦᠬᠦᠴᠡᠯᠳᠣᠯ ᠢ ᠴᠢᠷᠮᠠᠶᠢᠨ ᠠᠬᠢᠭᠤᠯᠣᠨ᠎ᠠ᠃ ︽ᠵᠠᠰᠠᠭ ᠪᠠ ᠨᠡᠶᠢᠭᠡᠮ ᠤᠨ ᠬᠢᠨ ᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ︾ ᠵᠠᠷᠴᠢᠮ ᠤᠨ ᠶᠣᠰᠣᠭᠠᠷ᠂ ᠡᠯ᠎ᠡ ᠲᠦᠷᠦᠯ ᠤᠨ ᠡᠪᠯᠡᠯ᠂ ᠨᠡᠶᠢᠭᠡᠮᠯᠢᠭ᠂ ᠰᠣᠳᠣᠯᠭᠠᠨ ᠤ ᠨᠡᠶᠢᠭᠡᠮᠯᠢᠭ ᠢ ᠬᠦᠳᠦᠯᠦᠨ ᠵᠢᠯᠣᠭᠤᠳᠴᠦ ᠪᠠᠶᠢᠭᠠᠳ ᠨᠠᠮ ᠵᠠᠰᠠᠭ ᠤᠨ ᠪᠠᠶᠢᠭᠤᠯᠣᠯᠭ᠎ᠠ᠂ ᠠᠵᠢᠯ ᠦᠢᠯᠡᠰ ᠤᠨ ᠨᠢᠭᠡᠴᠡ ᠠᠴᠠ ᠲᠣᠶᠢᠯᠪᠣᠷᠢᠳᠡᠢ ᠰᠠᠯᠭᠠᠨ᠎ᠠ᠃ ᠵᠠᠰᠠᠭ ᠤᠨ ᠣᠷᠳᠣᠨ ᠨᠡᠶᠢᠭᠡᠮ ᠤᠨ ᠦᠢᠯᠡᠴᠢᠯᠡᠭᠡ ᠶᠢ ᠬᠤᠳᠠᠯᠳᠣᠨ ᠠᠪᠬᠤ ᠲᠦᠷᠢᠮ ᠢ ᠪᠠᠶᠢᠭᠤᠯᠵᠦ᠂ ᠨᠡᠶᠢᠬᠡᠮ ᠤᠨ ᠵᠣᠬᠢᠶᠡᠨ ᠪᠠᠶᠢᠭᠤᠯᠣᠯᠳᠡ ᠶᠢᠨ ᠦᠪᠡᠷ ᠢ ᠪᠠᠨ ᠲᠡᠭᠦᠯᠳᠡᠷᠵᠢᠬᠦᠯᠬᠦ ᠪᠠ ᠬᠦᠭᠵᠢᠬᠦᠯᠬᠦ ᠶᠢ ᠠᠬᠢᠭᠤᠯᠣᠨ᠎ᠠ᠃ ᠵᠠᠰᠠᠭ ᠤᠨ ᠣᠷᠳᠣᠨ ᠵᠢᠯᠣᠭᠤᠳᠬᠤ᠂ ᠨᠡᠶᠢᠬᠡᠮ ᠤᠨ ᠬᠢᠨ ᠣᠷᠣᠯᠴᠠᠬᠤ᠂ ᠪᠡᠶ᠎ᠡ ᠪᠠᠨ ᠲᠠᠭᠠᠭᠠᠵᠦ ᠠᠵᠢᠯᠯᠠᠬᠤ ᠠᠵᠢᠯ ᠤᠨ ᠲᠣᠭᠳᠠᠴᠠ ᠶᠢ ᠪᠠᠶᠢᠭᠤᠯᠣᠨ᠂ ᠨᠡᠶᠢᠭᠡᠮ ᠤᠨ ᠵᠣᠬᠢᠶᠠᠨ ᠪᠠᠶᠢᠭᠤᠯᠣᠯᠳᠡ ᠶᠢᠨ ᠵᠡᠷᠭᠡ ᠲᠡᠰ ᠢ ᠦᠨᠡᠯᠡᠨ ᠵᠢᠱᠢᠬᠦ ᠶᠢ ᠪᠦᠬᠦ ᠲᠠᠯ᠎ᠠ ᠪᠠᠷ ᠶᠠᠪᠣᠭᠤᠯᠵᠦ᠂ ᠨᠡᠶᠢᠬᠡᠮ ᠤᠨ ᠵᠣᠬᠢᠶᠠᠨ ᠪᠠᠶᠢᠭᠤᠯᠣᠯᠳᠠ ᠠᠴᠠ ᠬᠠᠩᠭᠠᠬᠤ ᠳᠤ ᠲᠣᠬᠢᠷᠠᠬᠤ ᠣᠯᠠᠨ ᠨᠡᠶᠢᠳᠡ ᠶᠢᠨ ᠦᠢᠯᠡᠴᠢᠯᠡᠭᠡᠨ ᠪᠠ ᠰᠢᠢᠳᠪᠦᠷᠢᠯᠡᠬᠦ ᠵᠦᠢᠯᠡᠰ ᠢ ᠨᠡᠶᠢᠭᠡᠮ ᠤᠨ ᠵᠣᠬᠢᠶᠡᠨ ᠪᠠᠶᠢᠭᠤᠯᠣᠯᠳᠡ ᠳᠤ ᠲᠣᠰᠢᠶᠡᠨ ᠡᠭᠦᠷᠭᠡᠯᠡᠭᠦᠯᠦᠨ᠎ᠡ᠃ ᠨᠡᠶᠢᠬᠡᠮ ᠤᠨ ᠠᠵᠢᠯ ᠤᠨ ᠲᠣᠰᠬᠠᠢ ᠴᠢᠳᠠᠪᠣᠷᠢᠳᠡᠨ ᠬᠦᠮᠦᠵᠢᠭᠦᠯᠬᠦ ᠶᠢ ᠴᠢᠩᠭᠠᠳᠬᠠᠨ᠂ ᠨᠡᠶᠢᠬᠡᠮ ᠤᠨ ᠠᠵᠢᠯ ᠤᠨ ᠠᠵᠢᠯ ᠤᠨ ᠪᠠᠶᠢᠷᠢ ᠪᠠᠶᠢᠷᠢᠯᠠᠭᠤᠯᠬᠤ ᠬᠦᠷᠢᠶ᠎ᠡ ᠶᠢ ᠦᠷᠭᠡᠵᠢᠭᠦᠯᠦᠨ᠎ᠡ᠃       ᠣᠯᠠᠨ ᠨᠡᠶᠢᠳᠡ ᠶᠢᠨ ᠠᠮᠣᠷ ᠲᠦᠪᠰᠢᠨ ᠤ ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃ ︽ᠰᠣᠷᠪᠣᠯᠵᠢᠯᠠᠯ ᠢ ᠶᠡᠭᠡᠪᠡᠷ ᠬᠦᠯᠢᠶᠡᠨ ᠠᠪᠬᠤ︾ ᠠᠵᠢᠯᠯᠠᠭ᠎ᠠ ᠶᠢ ᠬᠢᠨᠠᠮᠠᠭᠠᠢ ᠦᠷᠨᠢᠭᠦᠯᠵᠦ᠂ ᠣᠳᠣᠷᠢᠳᠬᠤ ᠺᠠᠳ᠋ᠷ ᠤᠨ ᠰᠣᠷᠪᠣᠯᠵᠢᠯᠠᠯ ᠬᠦᠯᠢᠶᠡᠨ ᠠᠪᠬᠤ᠂ ᠲᠣᠷᠣᠭᠰᠢ ᠰᠣᠷᠪᠣᠯᠵᠢᠯᠠᠯ ᠬᠢᠬᠦ ᠪᠠ ᠲᠠᠭᠠᠭᠠᠨ ᠠᠪᠴᠦ ᠭᠦᠢᠴᠡᠳᠭᠡᠬᠦ ᠲᠦᠷᠢᠮ ᠢ ᠲᠡᠭᠦᠯᠳᠡᠷᠵᠢᠭᠦᠯᠵᠦ᠂ ᠬᠠᠮᠳᠣᠷᠡᠨ ᠰᠣᠷᠪᠣᠯᠵᠢᠯᠠᠯ ᠬᠦᠯᠢᠶᠡᠨ ᠠᠪᠬᠤ ᠠᠵᠢᠯ ᠤᠨ ᠲᠣᠭᠳᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠣᠷᠪᠣᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠳᠣᠷ ᠠᠳᠬᠤᠵᠦ᠂ ᠬᠠᠥᠯᠢ ᠴᠠᠭᠠᠵᠠ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠣᠯᠵᠢᠯᠠᠯ ᠢ ᠲᠠᠭᠤᠰᠬᠠᠬᠤ ᠲᠦᠷᠢᠮ ᠢ ᠪᠠᠶᠢᠭᠤᠯᠵᠦ᠂ ᠣᠯᠠᠨ ᠲᠦᠮᠡᠨ ᠤ ᠠᠰᠠᠭᠤᠳᠠᠯ ᠢᠶᠠᠨ ᠲᠣᠰᠬᠠᠵᠦ ᠲᠡᠶᠢᠯᠬᠦ᠂ ᠵᠦᠷᠢᠴᠡᠯ ᠢ ᠰᠢᠢᠳᠪᠦᠷᠢᠯᠡᠵᠦ ᠲᠡᠶᠢᠯᠬᠦ᠂ ᠡᠷᠬᠡ ᠠᠰᠢᠭ ᠢ ᠨᠢ ᠪᠠᠳᠣᠯᠠᠵᠦ ᠲᠡᠶᠢᠯᠬᠦ ᠪᠣᠯᠭᠠᠨ᠎ᠠ᠃ ᠶᠠᠰᠣ ᠴᠢᠨᠡᠷ ᠠᠶᠣᠯ ᠦᠬᠡᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠂ ᠢᠳᠡᠭᠡᠨ ᠪᠠ ᠡᠮ ᠤᠨ ᠵᠦᠢᠯ᠂ ᠭᠤᠣᠯᠳᠠᠯᠭ᠎ᠠ ᠲᠠᠢ ᠦᠢᠯᠡᠳᠬᠦᠨ᠂ ᠭᠤᠣᠯᠳᠠᠯᠭ᠎ᠠ ᠲᠠᠢ ᠠᠵᠢᠯ ᠲᠦᠷᠦᠯ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠶᠠᠰᠣ ᠴᠢᠨᠠᠷ ᠠᠶᠣᠯ ᠦᠬᠡᠢ ᠶᠢᠨ ᠲᠣᠰᠬᠠᠢ ᠵᠦᠢᠯ  ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠠᠶᠣᠯ ᠦᠬᠡᠢ ᠦᠢᠯᠡᠳᠪᠦᠷᠢᠯᠡᠯ ᠤᠨ ᠬᠢᠨᠡᠯᠳᠡ ᠬᠠᠮᠢᠶᠠᠷᠣᠯᠳᠡ ᠶᠢ ᠴᠢᠩᠭᠠᠳᠬᠠᠨ᠂ ᠠᠶᠣᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠠᠶᠣᠯ ᠦᠬᠡᠢ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠦᠷ᠎ᠡ ᠪᠦᠳᠦᠮᠵᠢᠳᠣ ᠲᠣᠭᠳᠠᠴᠠ ᠶᠢ ᠪᠠᠶᠢᠭᠤᠯᠣᠨ᠎ᠠ᠃ ᠬᠦᠳᠡᠯᠮᠦᠷᠢ ᠶᠢᠨ ᠪᠠᠷᠢᠮᠵᠢᠶ᠎ᠠ ᠵᠢᠨ‌‍ᠰᠢᠰᠲ᠋ᠧᠮᠵᠢ ᠪᠣᠯᠣᠨ ᠬᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠳᠠᠴᠠ  ᠶᠢ ᠲᠡᠭᠦᠯᠳᠡᠷᠵᠢᠭᠦᠯᠦᠨ᠂ ᠡᠶ᠎ᠡ ᠵᠣᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠣᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠡ ᠶᠢᠨ ᠰᠠᠭᠤᠷᠢ ᠪᠠᠶᠢᠭᠤᠯᠣᠯᠳᠠ ᠶᠢ ᠲᠦᠷᠭᠡᠳᠭᠡᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠨ ᠠᠪᠣᠷᠡᠨ ᠲᠣᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠲᠡᠩᠬᠡᠷᠡᠭᠦᠯᠦᠨ ᠲᠡᠳᠭᠦᠭᠦ ᠴᠢᠳᠠᠪᠣᠷᠢ ᠪᠠᠨ ᠲᠡᠭᠡᠭᠰᠢᠯᠡᠭᠦᠯᠦᠨ᠎ᠡ᠃ ᠬᠠᠥᠯᠢ ᠪᠠᠷ ᠵᠠᠰᠠᠬᠤ ᠦᠪᠦᠷ ᠮᠣᠩᠭᠤᠯ ᠤᠨ ᠪᠠᠶᠢᠭᠤᠯᠣᠯᠳᠠ ᠶᠢ ᠲᠦᠯᠬᠢᠨ ᠠᠬᠢᠭᠤᠯᠵᠦ᠂ ᠬᠠᠥᠯᠢ ᠲᠦᠭᠡᠮᠡᠯᠵᠢᠬᠦᠯᠬᠦ ᠬᠠᠥᠯᠢ ᠪᠠᠷ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ᠠᠮᠣᠭᠤᠯᠠᠩ ᠲᠠᠶᠢᠪᠣᠩ ᠦᠪᠦᠷ ᠮᠣᠩᠭᠤᠯ ᠢ ᠡᠭᠦᠳᠦᠨ ᠪᠠᠶᠢᠭᠤᠯᠬᠤ ᠢᠨᠵᠧᠨᠧᠷᠢᠩ︾ ᠢ ᠭᠦᠨᠵᠡᠬᠡᠢ ᠬᠡᠷᠡᠭᠵᠢᠬᠦᠯᠵᠦ᠂ ᠨᠡᠶᠢᠭᠡᠮ ᠤᠨ ᠠᠮᠣᠷ ᠢ ᠬᠠᠮᠠᠭᠠᠯᠠᠬᠤ ᠪᠡᠶᠡᠳᠣᠴᠢᠯᠡᠭᠰᠡᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠬᠦᠯᠦᠨ᠂ ᠡᠯ᠎ᠡ ᠲᠦᠷᠦᠯ ᠤᠨ ᠬᠠᠥᠯᠢ ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠳᠡ ᠦᠭᠴᠦ᠂ ᠨᠡᠶᠢᠬᠡᠮ ᠨᠡᠶᠢᠳᠡ ᠶᠢᠨ ᠠᠮᠣᠷ ᠲᠦᠪᠰᠢᠨ ᠢ ᠪᠠᠳᠣᠯᠠᠨ᠎ᠠ᠃ ᠬᠢᠯᠢ ᠶᠢᠨ ᠲᠣᠳᠣᠷ᠎ᠡ ᠭᠠᠳᠠᠨᠠᠬᠢ ᠡᠯ᠎ᠡ ᠵᠦᠢᠯ ᠤᠨ ᠲᠠᠶᠢᠰᠣᠩᠨᠠᠭᠴᠢ ᠬᠦᠴᠦᠨ ᠤ ᠨᠡᠪᠴᠢᠯᠳᠡ ᠬᠢᠬᠦ᠂ ᠡᠪᠳᠡᠯᠬᠡ ᠬᠢᠬᠦ᠂ ᠨᠣᠷᠠᠭᠠᠯᠳᠠ ᠬᠢᠬᠦ ᠶᠢ ᠡᠰᠡᠷᠭᠦᠴᠡᠨ ᠬᠤᠷᠢᠭᠯᠠᠵᠦ᠂ ᠬᠢᠯᠢ ᠶᠢᠨ ᠲᠣᠳᠣᠷ᠎ᠡ ᠭᠠᠳᠠᠨᠠᠬᠢ ᠦᠨᠳᠣᠰᠣᠳᠡᠨ ᠤ ᠬᠠᠭᠠᠴᠠᠭᠤᠯᠬᠤ ᠬᠦᠴᠦᠨ ᠤ ᠠᠵᠢᠯᠯᠠᠭ᠎ᠠ ᠳᠤ ᠬᠠᠥᠯᠢ ᠶᠣᠰᠣᠭᠠᠷ ᠴᠣᠬᠢᠯᠳᠡ ᠦᠭᠭᠦᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ ᠦᠪᠡᠷᠳᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠬᠢ ᠪᠣᠯᠣᠨ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠪᠠᠶᠢᠭᠤᠯᠣᠯᠳᠠ ᠶᠢ ᠲᠡᠮᠵᠢᠵᠦ᠂ ᠴᠡᠷᠢᠭ ᠠᠷᠠᠳ ᠤᠨ ᠭᠦᠨᠵᠡᠭᠡᠢ ᠨᠡᠶᠢᠯᠡᠯᠴᠡᠨ ᠬᠦᠭᠵᠢᠬᠦ ᠶᠢ ᠲᠦᠯᠬᠢᠨ ᠠᠬᠢᠭᠤᠯᠵᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠣᠯᠣᠨ ᠪᠡᠯᠡᠳᠭᠡᠯ ᠬᠦᠴᠦᠨ ᠤ ᠪᠠᠶᠢᠭᠤᠯᠣᠯᠳᠠ ᠶᠢ ᠰᠠᠶᠢᠳᠣᠷ ᠠᠳᠬᠤᠵᠦ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠲᠦᠪᠰᠢᠨ ᠤ ᠰᠡᠷᠭᠡᠶᠢᠯᠡᠯᠳᠡ ᠶᠢᠨ ᠱᠣᠭᠤᠮ ᠢ ᠪᠠᠳᠣ ᠪᠠᠬᠢ ᠪᠠᠶᠢᠭᠤᠯᠣᠨ᠎ᠠ᠃      ︵ᠠᠷᠪᠠ︶ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠵᠦ᠂ ᠵᠠᠰᠠᠭ ᠤᠨ ᠣᠷᠳᠣᠨ ᠤ ᠨᠡᠶᠢᠳᠡ ᠳᠤ ᠢᠳᠡᠭᠡᠭᠦᠯᠬᠦ ᠬᠦᠴᠦᠨ ᠪᠠ ᠬᠡᠷᠡᠭᠵᠢᠬᠦᠯᠬᠦ ᠬᠦᠴᠦᠨ ᠢ ᠲᠡᠭᠡᠭᠰᠢᠯᠡᠬᠦᠯᠦᠨ᠎ᠡ      ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠳᠦᠭᠡᠯ ᠢ ᠪᠠᠬᠢᠵᠢᠬᠦᠯᠦᠨ ᠦᠷᠭᠡᠳᠭᠡᠵᠦ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠣᠷᠢᠵᠢᠭᠤᠯᠬᠤ ᠪᠠ ᠲᠦᠷᠢᠮ ᠲᠣᠭᠳᠠᠭᠠᠯ ᠪᠠᠶᠢᠭᠤᠯᠣᠨ ᠲᠣᠭᠳᠠᠭᠠᠬᠤ ᠶᠢ ᠴᠢᠬᠤᠯᠠ ᠶᠡᠭᠡ ᠡᠭᠦᠷᠬᠡ ᠪᠣᠯᠭᠠᠨ᠂ ᠵᠠᠰᠠᠭ ᠤᠨ ᠣᠷᠳᠣᠨ ᠤ ᠪᠣᠰᠣᠳ ᠠᠵᠢᠯ ᠯᠤᠭ᠎ᠠ ᠵᠡᠷᠭᠡ ᠳᠤᠨᠢ ᠲᠦᠯᠬᠢᠨ ᠠᠬᠢᠭᠤᠯᠵᠦ᠂ ᠵᠡᠷᠭᠡ ᠳᠤᠨᠢ ᠨᠠᠶᠢᠳᠠᠪᠣᠷᠢᠵᠢᠭᠤᠯᠵᠦ᠂ ᠰᠣᠷᠳᠠᠯ ᠤᠨ ᠪᠠᠶᠢᠭᠤᠯᠣᠯᠳᠡ ᠶᠢᠨ ᠰᠢᠨ᠎ᠡ ᠦᠷ᠎ᠡ ᠪᠦᠳᠦᠮᠵᠢ  ᠪᠠᠷ ᠠᠷᠡᠳ ᠤᠨ ᠢᠳᠡᠭᠡᠯ ᠢ ᠣᠯᠬᠤ᠂ ᠬᠦᠭᠵᠢᠯᠳᠡ ᠶᠢ ᠲᠦᠯᠬᠢᠨ ᠠᠬᠢᠭᠤᠯᠬᠤ ᠶᠢ ᠦᠨᠡᠨᠬᠦ ᠪᠠᠳᠣᠯᠠᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠲᠡᠯᠬᠡᠭᠦᠷ ᠤᠨ ᠬᠠᠷᠢᠴᠠᠭ᠎ᠠ ᠶᠢ ᠰᠠᠶᠢᠳᠣᠷ ᠰᠢᠢᠳᠪᠦᠷᠢᠯᠡᠨ᠂ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠣᠨ᠎ᠠ᠃ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠲᠣᠷᠣᠭᠰᠢ ᠲᠠᠯᠪᠢᠬᠤ ᠶᠢ ᠦᠨᠡᠨ ᠪᠣᠳᠠᠳᠠᠢ ᠪᠠᠷ ᠲᠦᠯᠬᠢᠨ ᠠᠬᠢᠭᠤᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠤᠳ ᠢ ᠶᠡᠭᠡ ᠬᠡᠪᠴᠢᠶ᠎ᠡ ᠪᠠᠷ ᠦᠭᠡᠶᠢᠰᠬᠡᠭᠦ ᠪᠠ ᠲᠣᠷᠣᠭᠰᠢ ᠲᠠᠯᠪᠢᠵᠦ᠂ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠠᠵᠢᠯ ᠤᠨ ᠲᠠᠷᠠᠭᠠᠯᠠᠯ ᠢ ᠲᠦᠬᠦᠮᠴᠢᠯᠡᠵᠦ᠂ ᠵᠠᠬ᠎ᠠ ᠲᠡᠯᠭᠡᠭᠦᠷ ᠤᠨ ᠲᠣᠭᠳᠠᠴᠠ ᠪᠠᠷ ᠪᠦᠳᠦᠮᠵᠢᠳᠡᠢ ᠲᠣᠬᠢᠷᠠᠭᠤᠯᠭ᠎ᠠ ᠬᠢᠵᠦ ᠴᠢᠳᠠᠬᠤ ᠠᠵᠦ ᠠᠬᠤᠢ ᠶᠢᠨ ᠠᠵᠢᠯᠯᠠᠭ᠎ᠠ ᠪᠦᠬᠦᠨ ᠳᠤ ᠬᠢᠨᠡᠨ ᠵᠦᠪᠰᠢᠶᠡᠷᠡᠯ ᠢ ᠴᠦᠮ ᠦᠭᠡᠶᠢᠰᠭᠡᠨ᠎ᠡ᠃ ᠦᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠴᠡ ᠳᠤ ᠵᠢᠭᠰᠠᠭᠠᠭᠳᠠᠭᠰᠠᠨ ᠭᠤᠣᠯᠳᠠᠯᠭ᠎ᠠ ᠲᠠᠢ ᠲᠦᠯᠦᠪᠵᠢᠭᠦᠯᠦᠭᠰᠡᠨ ᠲᠦᠷᠦᠯ ᠵᠦᠢᠯ ᠤᠳ ᠤᠨ ᠡᠷᠭᠡᠪᠰᠢ ᠣᠯᠣᠰ ᠤᠨ ᠬᠢᠨᠡᠨ ᠵᠦᠪᠰᠢᠶᠡᠷᠡᠯ ᠢ ᠣᠯᠬᠤ ᠴᠢᠬᠤᠯᠠ ᠲᠠᠢ ᠪᠠᠶᠢᠬᠤ ᠠᠴᠠ ᠪᠣᠰᠣᠳ ᠢ ᠨᠢ ᠴᠦᠮ ᠮᠡᠳᠡᠭᠦᠯᠦᠨ ᠲᠠᠩᠰᠠᠯᠠᠭᠤᠯᠬᠤ ᠲᠦᠷᠢᠮ ᠢᠶᠠᠷ ᠰᠢᠢᠳᠪᠦᠷᠢᠯᠡᠬᠦ ᠪᠣᠯᠭᠠᠨ᠎ᠠ᠃ ᠠᠶᠢᠮᠠᠭ ᠬᠤᠳᠠ ᠬᠤᠰᠢᠭᠤ ᠰᠢᠶᠡᠨ ᠨᠦᠭᠦᠳ ᠴᠦ ᠭᠡᠳ ᠦᠭᠡᠶᠢᠰᠭᠡᠨ ᠲᠣᠷᠣᠭᠰᠢ ᠪᠠᠭᠤᠯᠭᠠᠬᠤ ᠪᠠ ᠲᠣᠰᠴᠦ ᠠᠪᠬᠤ ᠠᠵᠢᠯ ᠢ ᠰᠠᠶᠢᠳᠣᠷ ᠬᠢᠬᠦ ᠬᠡᠷᠡᠭᠳᠡᠢ᠃ ᠦᠯᠡᠳᠡᠭᠡᠭᠰᠡᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠵᠦᠢᠯᠡᠰ ᠲᠤ ᠭᠠᠷᠴᠠᠭ ᠨᠠᠶᠢᠷᠠᠭᠤᠯᠣᠨ ᠵᠣᠬᠢᠶᠠᠬᠤ ᠶᠢᠨ ᠬᠠᠮᠳᠣ ᠨᠡᠶᠢᠬᠡᠮ ᠳᠤ ᠢᠯᠡ ᠪᠣᠯᠭᠠᠵᠦ᠂ ᠬᠢᠨᠡᠨ ᠵᠦᠪᠰᠢᠶᠡᠷᠡᠬᠦ ᠠᠵᠢᠯ ᠤᠨ ᠲᠠᠷᠠᠭᠠᠯᠠᠯ ᠢ ᠰᠢᠯᠢᠳᠡᠭᠵᠢᠬᠦᠯᠵᠦ᠂ ᠬᠢᠨᠡᠨ ᠵᠦᠪᠰᠢᠶᠡᠷᠡᠬᠦ ᠶᠠᠰᠣ ᠴᠢᠨᠠᠷ ᠪᠣᠯᠣᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠬᠦᠭᠵᠢᠯᠳᠡ ᠶᠢᠨ ᠣᠷᠴᠢᠨ ᠲᠣᠭᠤᠷᠢᠨ ᠢ ᠣᠯᠠᠮ ᠨᠢᠬᠡ ᠠᠯᠬᠤᠮ ᠰᠠᠶᠢᠵᠢᠷᠠᠭᠤᠯᠣᠨ᠎ᠠ᠃ ᠵᠠᠰᠠᠭ ᠤᠨ ᠣᠷᠳᠣᠨ ᠤ ᠣᠯᠠᠨ ᠨᠡᠶᠢᠳᠡ ᠶᠢᠨ ᠦᠢᠯᠡᠴᠢᠯᠡᠭᠡᠨ᠂ ᠵᠠᠬ᠎ᠠ ᠲᠡᠯᠭᠡᠭᠦᠷ ᠤᠨ ᠬᠢᠨᠡᠨ ᠬᠠᠮᠢᠶᠠᠷᠣᠯᠳᠠ᠂ ᠨᠡᠶᠢᠬᠡᠮ ᠤᠨ ᠬᠠᠮᠢᠶᠠᠷᠣᠯᠳᠡ᠂ ᠣᠷᠴᠢᠨ ᠲᠣᠭᠤᠷᠢᠨ ᠤ ᠬᠠᠮᠠᠭᠠᠯᠠᠯᠳᠠ ᠵᠡᠷᠭᠡ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠭᠡᠵᠦ᠂ ᠵᠠᠰᠠᠭ ᠤᠨ ᠣᠷᠳᠣᠨ ᠪᠢᠴᠢᠯ ᠬᠡᠷᠡᠭ ᠶᠠᠪᠣᠳᠠᠯ ᠳᠠᠬᠢ ᠬᠠᠮᠢᠶᠠᠷᠣᠯᠳᠡ ᠪᠠᠨ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ᠂ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠬᠦᠯᠬᠡ᠂ ᠲᠦᠷᠦ ᠶᠢᠨ ᠪᠣᠳᠣᠯᠭ᠎ᠠ᠂ ᠪᠠᠷᠢᠮᠵᠢᠶ᠎ᠠ ᠲᠣᠭᠳᠠᠭᠠᠬᠤ ᠪᠠ ᠬᠡᠷᠡᠭᠵᠢᠬᠦᠯᠬᠦ ᠶᠢ ᠦᠨᠡᠨᠬᠦ ᠴᠢᠩᠭᠠᠳᠬᠠᠨ᠂ ᠶᠠᠪᠣᠴᠠ ᠳᠠᠬᠢ ᠪᠠ ᠡᠴᠦᠰ ᠤᠨ ᠳ᠋ᠦᠩ ᠤᠨ ᠬᠢᠨᠡᠯᠳᠡ ᠬᠠᠮᠢᠶᠠᠷᠣᠯᠳᠡ ᠪᠠᠨ ᠴᠢᠩᠭᠠᠷᠠᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠠᠵᠢᠯ ᠦᠢᠯᠡᠰ ᠤᠨ ᠨᠢᠭᠡᠴᠡ ᠶᠢᠨ ᠲᠦᠷᠦᠯ ᠬᠤᠪᠢᠶᠠᠬᠤ ᠦᠭᠡᠷᠡᠴᠢᠯᠡᠯᠳᠡ ᠶᠢ ᠲᠦᠷᠭᠡᠳᠭᠡᠨ᠎ᠡ᠃ ᠬᠠᠥᠯᠢ ᠶᠣᠰᠣᠭᠠᠷ ᠵᠠᠰᠠᠭ ᠶᠠᠪᠣᠭᠤᠯᠬᠤ ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ ᠠᠷᠡᠳ ᠤᠨ ᠲᠦᠯᠦᠭᠡᠯᠡᠭᠴᠢᠳ  ᠤᠨ ᠶᠡᠭᠡ ᠬᠤᠷᠡᠯ ᠬᠢᠭᠡᠳ ᠲᠡᠭᠦᠨ ᠤ ᠪᠠᠶᠢᠩᠭᠤ ᠶᠢᠨ ᠬᠤᠷᠢᠶ᠎ᠡ᠂ ᠠᠷᠡᠳ ᠤᠨ ᠣᠯᠣᠰ ᠲᠦᠷᠦ ᠶᠢᠨ ᠵᠦᠪᠯᠡᠯᠭᠡᠨ ᠪᠣᠯᠣᠨ ᠨᠡᠶᠢᠬᠡᠮ ᠤᠨ ᠡᠯ᠎ᠡ ᠡᠳᠡᠭᠡᠳ ᠤᠨ ᠬᠢᠨ ᠤ ᠬᠢᠨᠡᠯᠳᠡ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠦ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠣᠨ᠎ᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠪᠠᠶᠢᠭᠤᠯᠣᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠣᠮᠵᠢᠭᠤᠯᠣᠨ᠎ᠠ᠃ ᠵᠢᠷᠣᠮᠵᠢᠯ ᠤᠨ ᠴᠢᠨᠠᠷᠳᠡᠢ ᠪᠢᠴᠢᠭ ᠮᠠᠲ᠋ᠧᠷᠢᠶᠡᠯ ᠢ ᠬᠢᠨᠡᠨ ᠪᠠᠶᠢᠴᠠᠭᠠᠬᠤ ᠲᠣᠭᠳᠠᠴᠠ ᠶᠢ ᠲᠡᠭᠦᠯᠳᠡᠷᠵᠢᠭᠦᠯᠦᠨ ᠵᠢᠷᠣᠮᠵᠢᠭᠤᠯᠵᠦ᠂ ᠵᠠᠰᠠᠭ ᠵᠠᠬᠢᠷᠭᠠᠨ ᠤ ᠲᠦᠷᠢᠮ ᠲᠣᠭᠳᠠᠭᠠᠯ ᠪᠣᠯᠣᠨ ᠵᠢᠷᠣᠮᠵᠢᠯ ᠤᠨ ᠴᠢᠨᠡᠷᠳᠡᠢ ᠪᠢᠴᠢᠭ ᠮᠠᠲ᠋ᠧᠷᠢᠶᠡᠯ ᠢ ᠲᠠᠩᠰᠠᠯᠠᠭᠤᠯᠣᠨ ᠬᠢᠨᠡᠨ ᠪᠠᠶᠢᠴᠠᠭᠠᠬᠤ  ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠨᠡᠶᠢᠬᠡᠮ ᠤᠨ ᠬᠠᠥᠯᠢ ᠲᠦᠭᠡᠮᠡᠯᠵᠢᠬᠦᠯᠬᠦ ᠬᠦᠮᠦᠵᠢᠯ  ᠤᠨ ᠲᠣᠭᠳᠠᠴᠠ ᠶᠢ ᠪᠦᠷᠢᠨᠰᠢᠬᠦᠯᠵᠦ᠂ ᠪᠦᠬᠦ ᠠᠷᠡᠳ ᠤᠨ ᠬᠠᠥᠯᠢ ᠪᠠᠷ ᠵᠠᠰᠠᠬᠤ ᠦᠵᠡᠯᠳᠡ ᠶᠢ ᠨᠡᠮᠡᠭᠳᠡᠭᠦᠯᠦᠨ᠎ᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠡᠷᠴᠢᠮ ᠢ ᠨᠡᠮᠡᠭᠳᠡᠭᠦᠯᠵᠦ᠂ ᠡᠨᠡ ᠵᠢᠯ ᠳᠤ ᠬᠠᠭᠠᠰ ᠠᠴᠠ ᠲᠡᠭᠡᠭᠰᠢᠬᠢ ᠠᠶᠢᠮᠠᠭ ᠬᠤᠳᠡ᠂ ᠬᠤᠰᠢᠭᠤ ᠰᠢᠶᠡᠨ ᠤ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠢ ᠨᠡᠶᠢᠭᠡᠮ ᠳᠤ ᠢᠯᠡ ᠪᠣᠯᠭᠠᠨ᠎ᠠ᠃ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠡ᠂ ᠬᠤᠰᠢᠭᠤ ᠰᠢᠶᠡᠨ ᠭᠤᠷᠪᠠᠨ ᠱᠠᠳᠣᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠬᠦᠯᠵᠦ᠂ ᠪᠦᠬᠦ ᠣᠷᠣᠨ ᠤ ᠨᠢᠭᠡᠳᠣᠯᠳᠡᠢ ᠪᠠᠷ ᠰᠦᠯᠵᠢᠶᠡᠨ ᠲᠡᠭᠡᠷ᠎ᠡ ᠠᠵᠢᠯ ᠡᠷᠬᠢᠯᠡᠬᠦ ᠶᠡᠭᠡ ᠲᠠᠩᠬᠢᠮ ᠢ ᠪᠠᠶᠢᠭᠤᠯᠵᠦ᠂ ᠲᠦᠪᠯᠡᠷᠡᠭᠦᠯᠦᠨ ᠭᠦᠢᠴᠡᠳᠭᠡᠬᠦ ᠪᠡ ᠰᠦᠯᠵᠢᠶᠡᠨ ᠲᠡᠭᠡᠷ᠎ᠡ ᠬᠢᠨᠡᠨ ᠵᠦᠪᠰᠢᠶᠡᠷᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ᠦᠨᠳᠣᠰᠣᠨ ᠱᠠᠳᠣᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠂ ᠣᠯᠠᠨ ᠲᠦᠮᠡᠨ ᠳᠤ ᠲᠦᠭᠦᠮ ᠲᠦᠳᠡ ᠲᠦᠷᠭᠡᠨ ᠦᠢᠯᠡᠴᠢᠯᠡᠭᠡ ᠬᠠᠩᠭᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ ᠲᠦᠷᠢᠮ ᠢ ᠪᠦᠷᠢᠨᠰᠢᠬᠦᠯᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠣᠰᠠ ᠳᠤ ᠬᠤᠯᠪᠣᠭᠳᠠᠬᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠲᠣᠭᠳᠠᠭᠠᠬᠤ ᠳᠤ ᠡᠷᠬᠡᠪᠰᠢ ᠣᠯᠠᠨ ᠲᠦᠮᠡᠨ ᠤ ᠰᠠᠨᠠᠯ ᠢ ᠬᠤᠷᠢᠶᠡᠵᠦ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ ᠶᠢᠨ ᠰᠢᠨᠵᠢᠯᠡᠬᠦ ᠣᠬᠠᠭᠠᠨᠴᠢᠯᠠᠯᠳᠠ᠂ ᠠᠷᠡᠳᠴᠢᠯᠠᠯᠳᠠ ᠪᠠ ᠬᠠᠥᠯᠢ ᠲᠦᠷᠢᠮᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠭᠤᠷᠪᠠᠳᠣᠭᠠᠷ ᠣᠳᠠᠭᠠᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠬᠢᠨᠠᠮᠠᠭᠠᠢ ᠰᠠᠶᠢᠳᠣᠷ ᠬᠢᠵᠦ᠂ ᠪᠦᠬᠦ ᠪᠠᠶᠢᠳᠠᠯ ᠢ ᠨᠢ ᠣᠯᠠᠮ ᠨᠢᠬᠡ ᠠᠯᠬᠤᠮ ᠲᠣᠳᠣᠷᠬᠠᠢ ᠣᠶᠢᠯᠠᠭᠠᠨ᠎ᠠ᠃ ︽ᠶᠡᠭᠡ ᠪᠠᠷ ᠨᠠᠶᠢᠳᠠᠪᠣᠷᠢᠵᠢᠭᠤᠯᠬᠤ︾ ᠠᠵᠢᠯᠯᠠᠭ᠎ᠠ ᠶᠢ ᠭᠦᠨᠵᠡᠬᠡᠢ ᠦᠷᠨᠢᠭᠦᠯᠵᠦ᠂ ᠴᠢᠬᠤᠯᠠ ᠶᠡᠭᠡ ᠰᠢᠢᠳᠪᠦᠷᠢᠳᠦ ᠪᠣᠳᠣᠯᠭ᠎ᠠ᠂ ᠲᠣᠰᠬᠠᠢ ᠵᠦᠢᠯ ᠤᠨ ᠲᠦᠯᠦᠪᠵᠢᠭᠦᠯᠬᠡ᠂ ᠭᠤᠣᠯᠳᠠᠯᠭ᠎ᠠ ᠲᠠᠢ ᠲᠦᠷᠦᠯ ᠵᠦᠢᠯ ᠤᠨ ᠰᠢᠮᠳᠠᠭᠤᠯᠣᠨ ᠪᠠᠶᠢᠴᠠᠭᠠᠬᠤ ᠪᠠ ᠲᠣᠬᠢᠷᠠᠭᠤᠯᠬᠤ ᠶᠢ ᠴᠢᠩᠭᠠᠳᠬᠠᠵᠦ᠂ ᠡᠯ᠎ᠡ ᠵᠦᠢᠯ ᠤᠨ ᠠᠵᠢᠯ ᠢ ᠨᠠᠶᠢᠳᠠᠪᠣᠷᠢᠵᠢᠭᠤᠯᠣᠨ ᠪᠣᠳᠠᠳᠠᠶᠢᠵᠢᠭᠤᠯᠬᠤ ᠶᠢ ᠦᠨᠡᠨᠬᠦ ᠪᠠᠳᠣᠯᠠᠨ᠎ᠠ᠃ ︽ᠨᠠᠮ ᠵᠠᠰᠠᠭ ᠤᠨ ᠪᠠᠶᠢᠭᠤᠯᠣᠯᠭ᠎ᠠ ᠰᠠᠶᠢᠳᠣᠷ ᠭᠠᠮᠨᠠᠨ ᠠᠷᠪᠢᠯᠠᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠣᠭᠳᠠᠭᠠᠯ  ︾ ᠢ ᠴᠢᠩᠭ᠎ᠠ ᠵᠢᠷᠣᠮᠯᠠᠨ᠂ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠪᠠ ᠡᠩ ᠤᠨ ᠴᠢᠨᠡᠷᠳᠡᠢ ᠵᠠᠷᠣᠯᠭ᠎ᠠ ᠶᠢ ᠣᠯᠠᠮ ᠨᠢᠬᠡ ᠠᠯᠬᠤᠮ ᠪᠠᠭᠠᠰᠬᠠᠵᠦ᠂ ᠵᠠᠰᠠᠭ ᠤᠨ ᠣᠷᠳᠣᠨ ᠤ ᠰᠢᠨᠵᠢ ᠲᠠᠢ ᠠᠰᠠᠷ ᠲᠠᠩᠬᠢᠮ ᠪᠠᠭᠤᠳᠠᠯ ᠭᠠᠵᠠᠷ ᠢ ᠰᠢᠨ᠎ᠡ ᠪᠠᠷ ᠪᠠᠶᠢᠭᠤᠯᠬᠤ ᠦᠬᠡᠢ᠂ ᠡᠳ᠋ ᠤᠨ ᠵᠰᠠᠭ ᠠᠴᠠ ᠴᠠᠯᠢᠩ ᠬᠦᠯᠦᠰᠦ  ᠶᠢ ᠨᠢ ᠦᠭᠭᠦ ᠬᠦᠮᠦᠰ ᠢ ᠨᠡᠮᠡᠭᠳᠡᠭᠦᠯᠬᠦ ᠦᠬᠡᠢ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠯᠠᠬᠤ ᠭᠡᠷ ᠪᠠ ᠪᠠᠷᠢᠮᠵᠢᠶ᠎ᠠ ᠠᠴᠠ ᠬᠡᠳᠦᠷᠡᠭᠰᠡᠨ ᠣᠷᠣᠨ ᠲᠤᠭ᠎ᠠ ᠠᠴᠠ ᠬᠡᠳᠦᠷᠡᠭᠰᠡᠨ ᠠᠯᠪᠠᠨ ᠤ ᠲᠡᠷᠭᠡ ᠶᠢ ᠪᠦᠬᠦ ᠲᠠᠯ᠎ᠠ ᠪᠠᠷ ᠢᠯᠭᠠᠷᠠᠭᠤᠯᠣᠨ᠎ᠠ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠ ᠢᠯᠵᠢᠷᠡᠮᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠦᠷᠨᠢᠬᠦᠯᠵᠦ᠂ ᠵᠠᠰᠠᠭ ᠵᠠᠬᠢᠷᠭᠠᠨ ᠤ ᠡᠷᠬᠡ ᠳᠤ ᠬᠢᠵᠠᠭᠠᠷᠯᠠᠯ ᠬᠢᠵᠦ ᠬᠢᠨᠡᠯᠳᠡ ᠲᠠᠯᠪᠢᠬᠤ ᠶᠢ ᠴᠢᠩᠭᠠᠷᠠᠭᠤᠯᠣᠨ᠂ ᠲᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠨᠡᠮᠡᠭᠳᠡᠭᠦᠯᠦᠨ᠂ ᠣᠯᠠᠨ ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠠᠪᠴᠠᠩ ᠤᠨ ᠪᠠᠶᠢᠭᠤᠯᠣᠯᠳᠠ ᠶᠢ ᠲᠦᠷᠭᠡᠳᠭᠡᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠪᠡᠯᠡ ᠮᠦᠩᠬᠦ ᠳᠤ ᠬᠢᠨᠠᠨ ᠪᠣᠳᠣᠵᠦ ᠬᠢᠨᠠᠯᠳᠠ ᠲᠠᠯᠪᠢᠬᠤ ᠶᠢ ᠴᠢᠩᠭᠠᠳᠬᠠᠨ᠂ ᠢᠯᠵᠢᠷᠡᠯ  ᠬᠢᠯᠪᠠᠷᠬᠠᠨ ᠡᠭᠦᠰᠬᠦ ᠣᠯᠠᠨᠳᠠ ᠡᠭᠦᠰᠬᠦ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ᠡᠷᠬᠡ ᠶᠢ ᠲᠦᠷᠢᠮ ᠤᠨ ︽ᠬᠤᠨᠣᠭᠤᠷᠢ︾ ᠳᠤ ᠬᠤᠷᠢᠵᠦ ᠲᠠᠯᠪᠢᠨ᠎ᠠ  ᠃      2017 ᠣᠨ ᠳᠤ ᠪᠢᠳᠡ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢᠨ ᠦᠪᠡᠳᠡᠭᠰᠢ ᠶᠡᠭᠡ ᠪᠠᠶᠠᠷ ᠢ ᠣᠭᠳᠣᠬᠤ ᠪᠣᠯᠣᠨ᠎ᠠ᠃ ᠠᠷᠡᠳ ᠤᠨ ᠠᠮᠢᠳᠣᠷᠡᠯ ᠢ ᠡᠩ ᠲᠡᠷᠢᠬᠦᠨ ᠳᠤ ᠪᠠᠶᠢᠯᠭᠠᠬᠤ᠂ ᠪᠣᠳᠠᠳᠠᠢ ᠶᠢ ᠡᠷᠬᠢᠮᠯᠡᠨ ᠠᠷᠪᠢᠯᠠᠨ ᠭᠠᠮᠨᠠᠬᠤ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠤᠨ ᠶᠣᠰᠣᠭᠠᠷ ᠂ ᠰᠠᠭᠤᠷᠢ ᠪᠡᠯᠡᠳᠭᠡᠮᠵᠢ᠂ ᠠᠵᠦ ᠦᠢᠯᠡᠰ ᠤᠨ ᠬᠦᠭᠵᠢᠯᠳᠡ᠂ ᠬᠤᠳᠡ ᠬᠦᠳᠡᠭᠡ ᠶᠢᠨ ᠪᠦᠳᠦᠭᠡᠨ ᠪᠠᠶᠢᠭᠤᠯᠣᠯᠳᠠ᠂ ᠠᠮᠢ ᠠᠬᠤᠢ ᠶᠢᠨ ᠬᠠᠮᠠᠭᠠᠯᠠᠯᠳᠠ᠂ ᠠᠷᠡᠳ ᠤᠨ ᠠᠮᠢᠳᠣᠷᠡᠯ ᠤᠨ ᠪᠠᠳᠣᠯᠠᠭ᠎ᠠ᠂ ᠦᠭᠡᠷᠡᠴᠢᠯᠡᠯᠳᠡ ᠨᠡᠭᠡᠭᠡᠯᠳᠡ ᠪᠣᠯᠣᠨ ᠣᠷᠣᠨ ᠪᠦᠰᠡ ᠶᠢᠨ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠬᠤ ᠵᠡᠷᠬᠡ ᠬᠦᠷᠢᠶ᠎ᠡ ᠬᠡᠪᠴᠢᠶᠡᠨ ᠤ ᠨᠢᠬᠡ ᠪᠦᠯᠦᠭ ᠴᠢᠬᠤᠯᠠ ᠶᠡᠭᠡ  ᠢᠨᠵᠧᠨᠧᠷᠢᠩ ᠪᠠ ᠲᠦᠷᠦᠯ ᠵᠦᠢᠯ ᠢ ᠰᠦᠪᠡᠭᠴᠢᠯᠡᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠣᠷᠣᠨ ᠤ 70 ᠵᠢᠯ ᠤᠨ ᠣᠢ ᠳᠤ ᠪᠡᠯᠡᠭ ᠪᠣᠯᠭᠠᠨ᠂ ᠦᠨᠳᠣᠰᠣᠳᠡᠨ ᠨᠦᠭᠦᠳ ᠤᠨ ᠣᠯᠠᠨ ᠲᠦᠮᠡᠨ ᠳᠤ ᠲᠡᠬᠦᠨ ᠤ ᠲᠣᠮᠳᠠ ᠠᠴᠠ ᠪᠣᠳᠠᠳᠣ ᠠᠰᠢᠭ ᠬᠦᠷᠳᠡᠭᠡᠨ᠂ ᠨᠡᠶᠢᠭᠡᠮ ᠵᠢᠷᠣᠮᠳᠣ ᠪᠠᠶᠢᠭᠤᠯᠣᠯ ᠪᠠ ᠦᠨᠳᠣᠰᠣᠳᠡᠨ ᠤ ᠣᠷᠣᠨ ᠤ ᠦᠪᠡᠷᠳᠡᠭᠡᠨ ᠵᠠᠰᠠᠬᠤ ᠲᠦᠷᠢᠮ ᠤᠨ ᠯᠣᠳᠣ ᠶᠡᠭᠡ ᠲᠠᠪᠠᠭᠤᠯᠢᠭ ᠴᠢᠨᠠᠷ ᠢ ᠭᠦᠢᠴᠡᠳ ᠬᠦᠷᠳᠡᠭᠡᠯᠭᠡᠨ᠎ᠡ᠃      ᠲᠦᠯᠦᠭᠡᠯᠡᠭᠴᠢᠳ ᠡ᠂ ᠨᠠᠮ ᠤᠨ ᠠᠷᠪᠠᠨ ᠨᠠᠶᠢᠮᠠᠳᠣᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠣᠭᠠᠷ ᠪᠦᠭᠦᠳᠡ ᠬᠤᠷᠡᠯ ᠠᠴᠠ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠳᠠ ᠶᠢ ᠲᠣᠷᠠᠳᠣᠭᠰᠠᠨ ᠶᠠᠪᠣᠳᠠᠯ ᠨᠢ ᠬᠦᠮᠦᠰ ᠢ ᠵᠣᠷᠢᠭᠵᠢᠭᠤᠯᠣᠨ ᠬᠦᠴᠦᠯᠡᠨ ᠣᠷᠣᠭᠰᠢᠯᠠᠭᠤᠯᠵᠦ᠂ ᠦᠭᠡᠷᠡᠴᠢᠯᠡᠯᠳᠡ ᠨᠡᠭᠡᠭᠡᠯᠳᠡ ᠪᠠ ᠣᠳᠣᠬᠢᠴᠢᠯᠠᠬᠤ ᠪᠦᠳᠦᠭᠡᠨ ᠪᠠᠶᠢᠭᠤᠯᠣᠯᠳᠡ ᠶᠢᠨ ᠰᠢᠨ᠎ᠡ ᠠᠶᠠᠨ ᠵᠠᠮ ᠢ ᠨᠡᠭᠡᠭᠡᠭᠰᠡᠨ ᠶᠣᠮ᠃ ᠪᠢᠳᠡ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠦᠪ ᠬᠤᠷᠢᠶᠡᠨ ᠤ ᠲᠣᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠢᠳᠡᠭᠡᠯ ᠵᠣᠷᠢᠭ ᠢᠶᠠᠨ ᠪᠠᠳᠣᠳᠬᠠᠨ᠂ ᠴᠤᠭ ᠰᠦᠯᠳᠡ ᠪᠠᠨ ᠪᠠᠳᠠᠷᠠᠭᠤᠯᠣᠨ᠂ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠵᠦ᠂ ᠬᠦᠴᠢᠷ ᠢ ᠰᠦᠷᠦᠨ ᠣᠷᠣᠭᠰᠢᠯᠠᠨ᠂ ᠦᠭᠡᠷᠡᠴᠢᠯᠡᠯᠳᠡ ᠬᠢᠬᠦ ᠬᠦᠭᠵᠢᠬᠦᠯᠬᠦ ᠲᠣᠭᠳᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠳᠦᠭᠡᠬᠦ᠂ ᠮᠠᠨ ᠤ ᠣᠷᠣᠨ  ᠤ ᠰᠢᠨᠵᠢᠯᠡᠬᠦ ᠣᠬᠠᠭᠠᠨᠴᠢ ᠪᠠᠷ ᠬᠦᠭᠵᠢᠭᠰᠡᠨ᠂ ᠠᠷᠡᠳ ᠢ ᠪᠠᠶᠠᠵᠢᠭᠤᠯᠣᠨ ᠣᠷᠣᠨ ᠢᠶᠠᠨ ᠬᠦᠴᠦᠷᠭᠡᠭᠵᠢᠭᠦᠯᠦᠭᠰᠡᠨ ᠰᠢᠨ᠎ᠡ ᠪᠠᠶᠢᠳᠠᠯ ᠢ ᠬᠦᠴᠦᠯᠡᠨ ᠪᠣᠢ ᠪᠣᠯᠭᠠᠬᠤ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ︕
        ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ