内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2015 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
        ᠨᠡᠶᠢᠲᠡᠯᠡᠭᠰᠡᠨ ᠴᠠᠭ᠄
        2015/4/7
        2015 ᠤᠨ ᠤ 1 ᠳ᠋ᠤᠭᠡᠷ ᠰᠠᠷ᠎ᠠ ᠶᠢᠨ 26 ᠤ ᠡᠳᠥᠷ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ                           ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ   ᠪᠠᠭᠠᠲᠤᠷᠲᠦᠯᠦᠬᠡᠯᠡᠭᠴᠢᠳ ᠡ᠄      ᠤᠳᠤ᠂ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2014 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠭᠥᠭᠵᠢᠯᠲᠡ ᠶᠢᠨ ᠶᠠᠪᠤᠴᠠ ᠳᠠᠬᠢ ᠴᠢᠬᠤᠯᠠ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠠᠩᠭᠠᠮᠵᠢ ᠦᠭᠡᠢ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠡᠬᠡᠳᠴᠦ ᠪᠠᠶᠢᠭ᠎ᠠ ᠵᠡᠷᠭᠡ ᠨᠦᠰᠡᠷ ᠬᠦᠨᠳᠦ ᠪᠤᠳᠤᠯᠢᠶᠠᠨᠲᠠᠢ ᠪᠠᠶᠢᠳᠠᠯ ᠪᠣᠯᠣᠨ ᠬᠠᠲᠠᠭᠤ ᠪᠡᠷᠬᠡᠰᠢᠶᠡᠯᠲᠡᠢ ᠦᠭᠡᠷᠡᠴᠢᠯᠡᠯᠳᠡ ᠬᠥᠭᠵᠢᠯᠲᠡ ᠶᠢᠨ ᠲᠣᠭᠳᠠᠭᠤᠨ ᠪᠠᠶᠢᠯᠭᠠᠬᠤ ᠡᠭᠦᠷᠭᠡ ᠳᠤ ᠬᠠᠨᠳᠤᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠲᠣᠣᠷ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠥᠨᠳᠦᠰᠦᠲᠡᠨ ᠨᠦᠭᠦᠳ ᠤᠨ ᠠᠷᠠᠳ ᠲᠦᠮᠡᠨ ᠢ ᠪᠥᠯᠬᠦᠮᠳᠡᠭᠦᠯᠦᠨ ᠲᠠᠭᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠳᠤᠬᠢᠷᠠᠯᠴᠠᠨ᠂ ᠯᠠᠪᠳᠠᠭᠤᠨ ᠢᠶᠠᠷ ᠤᠷᠤᠭᠰᠢ ᠳᠠᠪᠰᠢᠭᠤᠯᠬᠤ ᠠᠵᠢᠯ ᠤᠨ ᠶᠡᠷᠥᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠨᠡᠮᠡᠭᠳᠡᠯ ᠢ ᠯᠠᠪᠳᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢᠶᠠᠨ ᠨᠢᠭᠡᠲᠦᠯᠲᠡᠢ ᠲᠦᠯᠦᠪᠯᠡᠨ ᠰᠠᠶᠢᠳᠤᠷ ᠬᠢᠵᠦ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠰᠢᠨ᠎ᠡ ᠪᠠᠶᠢᠳᠠᠯ ᠢ ᠡᠭᠦᠳᠪᠡ᠃      ︵ᠨᠢᠭᠡ︶ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃ ᠪᠥᠬᠦ ᠣᠷᠣᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ 17769.5 ᠳ᠋ᠦᠩᠰᠢᠭᠤᠷ ᠲᠦᠭᠦᠷᠢᠭ ᠪᠠᠶᠢᠵᠤ᠂ 7.8 % ᠪᠠᠷ ᠨᠡᠮᠡᠭᠳᠡᠵᠦ᠂ ᠵᠣᠬᠢᠰᠲᠠᠢ ᠣᠷᠣᠨ ᠵᠠᠢ ᠳᠤ ᠪᠠᠶᠢᠷᠢᠯᠠᠵᠤ ᠪᠠᠶᠢᠨ᠎ᠠ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 1843.2 ᠳ᠋ᠦᠩᠰᠢᠭᠤᠷ ᠲᠦᠭᠦᠷᠢᠭ ᠪᠠᠶᠢᠵᠤ᠂ 7.1% ᠪᠠᠷ ᠨᠡᠮᠡᠭᠳᠡᠪᠡ︔ ᠡᠩ ᠤᠨ ᠣᠯᠠᠨ ᠨᠡᠶᠢᠲᠠ ᠶᠢᠨ ᠲᠥᠰᠥᠪ ᠤᠨ ᠵᠠᠷᠤᠯᠭ᠎ᠠ 3884.3 ᠳ᠋ᠦᠩᠰᠢᠭᠤᠷ ᠲᠥᠭᠦᠷᠢᠭ ᠪᠠᠶᠢᠵᠤ᠂ 5.4% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠨᠡᠮᠡᠭᠳᠡᠯ ᠢ ᠯᠠᠪᠳᠠᠭᠤᠨ ᠪᠠᠶᠢᠯᠭᠠᠬᠤ ᠳᠤ ᠦᠵᠡᠭᠦᠯᠵᠦ ᠪᠠᠶᠢᠭ᠎ᠠ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠨᠡᠶᠢᠲᠡ 1307 ᠶᠢ ᠰᠢᠨ᠎ᠡ ᠪᠠᠷ ᠪᠠᠷᠢᠯᠭ᠎ᠠ ᠡᠬᠢᠯᠡᠭᠦᠯᠵᠦ᠂ 15% ᠪᠠᠷ ᠨᠡᠮᠡᠭᠳᠡᠪᠡ᠃ ᠪᠦᠬᠦ ᠤᠷᠤᠨ ᠳᠠᠬᠢ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯᠡᠰ ᠲᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 1.19 ᠲᠦᠮᠡᠨ ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.7% ᠪᠠᠷ ᠨᠡᠮᠡᠭᠳᠡᠪᠡ︔ ᠤᠯᠤᠰ ᠠᠴᠠ ᠬᠠᠷᠭᠤᠭᠤᠯᠠᠨ ᠵᠦᠪᠰᠢᠶᠡᠷᠡᠭᠰᠡᠨ ᠪᠠ ᠭᠠᠷᠭᠠᠵᠤ ᠥᠭᠭᠦᠭᠰᠡᠨ ᠪᠠᠷᠢᠮᠲᠠ ᠲᠠᠢ ᠴᠢᠬᠤᠯᠠ ᠶᠡᠭᠡ ᠡᠨᠧᠷᠭᠢ᠂ ᠰᠢᠨ᠎ᠡ ᠮᠠᠶ᠋ᠢᠭ ᠤᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠳᠤ 70 ᠭᠠᠷᠤᠢ ᠵᠦᠢᠯ ᠢ ᠴᠢᠷᠮᠠᠶᠢᠨ ᠣᠯᠵᠣ᠂ ᠶᠡᠷᠦᠩᠬᠡᠢ ᠪᠡᠯᠡ ᠣᠷᠣᠭᠤᠯᠤᠯᠲᠠ ᠨᠢ 8000 ᠳ᠋ᠦᠩᠰᠢᠭᠤᠷ ᠲᠥᠭᠦᠷᠢᠭ ᠣᠶᠢᠷᠠᠲᠤᠵᠤ᠂ ᠴᠢᠬᠤᠯᠠ ᠶᠡᠭᠡ ᠠᠬᠢᠴᠠ ᠲᠠᠢ ᠪᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠲᠠᠢ ᠠᠬᠢᠭᠤᠯᠪᠠ᠃ ᠬᠡᠷᠡᠭᠯᠡᠭᠡᠨ ᠤ ᠰᠠᠭᠤᠷᠢ ᠦᠢᠯᠡᠳᠦᠯ ᠢ ᠪᠠᠳᠠᠷᠠᠭᠤᠯᠬᠤ ᠪᠠᠨ ᠨᠡᠩ ᠴᠢᠬᠤᠯᠠᠴᠢᠯᠠᠨ᠂ ᠭᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠣᠳᠣ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠢ ᠬᠥᠭᠵᠢᠭᠦᠯᠵᠦ᠂ ᠪᠥᠬᠦ ᠨᠡᠶᠢᠭᠡᠮ ᠤᠨ ᠬᠢᠨ ᠤ ᠬᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 5619.9 ᠳ᠋ᠦᠩᠰᠢᠭᠤᠷ ᠲᠥᠭᠦᠷᠢᠭ ᠪᠠᠶᠢᠵᠤ᠂ 10.6% ᠪᠠᠷ ᠨᠡᠮᠡᠭᠳᠡᠪᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠨᠭ᠍ᠰᠢ 1.6% ᠪᠠᠷ ᠳᠡᠭᠡᠭᠰᠢᠯᠡᠵᠦ᠂ ᠪᠠᠷᠠᠭᠠᠨ ᠤ ᠦᠨ᠎ᠡ ᠶᠢᠨ ᠶᠡᠷᠦᠩᠬᠡᠢ ᠬᠢᠷᠢ ᠳᠦᠪᠰᠢᠨ ᠤ ᠳᠤᠬᠳᠠᠭᠤᠨ ᠢ ᠪᠠᠳᠤᠯᠠᠪᠠ᠃ ᠠᠵᠤ ᠦᠢᠯᠡᠳᠪᠦᠷᠢ ᠶᠢᠨ ᠨᠡᠮᠡᠭᠳᠡᠯ ᠢ ᠠᠬᠢᠭᠤᠯᠬᠤ᠂ ᠨᠡᠭᠦᠷᠡᠰᠦᠨ ᠤ ᠠᠵᠢᠯᠯᠠᠭᠠᠨ ᠢ ᠲᠣᠭᠲᠠᠪᠤᠷᠢᠵᠢᠭᠤᠯᠬᠤ᠂ ᠬᠠᠩᠭᠠᠯᠭ᠎ᠠ ᠪᠠ ᠬᠡᠷᠡᠭᠴᠡᠭᠡ ᠶᠢ ᠵᠤᠯᠭᠠᠭᠤᠯᠬᠤ ᠶᠢ ᠴᠢᠩᠭᠠᠳᠬᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠯᠣᠨ ᠠᠵᠤ ᠠᠬᠤᠶᠢᠯᠠᠯ ᠤᠨ ᠡᠵᠡᠩᠨᠡᠯᠲᠡ ᠶᠢ ᠪᠥᠬᠦ ᠬᠦᠴᠦᠨ ᠢᠶᠠᠷ ᠲᠣᠭᠲᠠᠪᠤᠷᠢᠵᠢᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 10% ᠪᠠᠷ ᠨᠡᠮᠡᠭᠳᠡᠪᠡ᠃ ᠡᠯ᠎ᠡ ᠲᠥᠷᠥᠯ ᠤᠨ ᠰᠦᠢᠳᠭᠡᠯ ᠬᠤᠷᠢᠶᠠᠬᠤ ᠲᠥᠷᠥᠯ ᠵᠦᠢᠯ ᠳᠤ 38 ᠶᠢ ᠬᠦᠴᠦᠨ ᠦᠭᠡᠢ ᠪᠣᠯᠭᠠᠭᠰᠠᠨ ᠪᠠ ᠪᠠᠭᠤᠷᠠᠭᠤᠯᠵᠤ᠂ 30 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠲᠠᠷᠤᠭᠠᠰᠤ ᠶᠢ ᠭᠥᠩᠭᠡᠷᠡᠭᠦᠯᠪᠡ᠃ ᠴᠠᠬᠢᠯᠭᠠᠨ ᠬᠦᠴᠦᠨ ᠤ ᠲᠠᠯ᠎ᠠ ᠪᠠᠷ ᠬᠢ ᠶᠡᠷᠦᠩᠬᠡᠶᠢᠯᠡᠨ ᠲᠡᠳᠭᠦᠭᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠪᠠᠷ ᠨᠡᠮᠡᠭᠳᠡᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 750 ᠳ᠋ᠦᠩᠰᠢᠭᠤᠷ ᠲᠥᠭᠦᠷᠢᠭ᠂ ᠭᠠᠶᠢᠯᠢ ᠳᠠᠲᠠᠪᠤᠷᠢ 95 ᠳ᠋ᠦᠩᠰᠢᠭᠤᠷ ᠲᠥᠭᠦᠷᠢᠭ᠂ ᠠᠵᠢᠯ ᠣᠯᠭᠤᠯᠲᠠ 10 ᠭᠠᠷᠤᠢ ᠲᠦᠮᠡᠨ ᠬᠥᠮᠥᠨ ᠳᠤ ᠬᠦᠷᠬᠦ ᠶᠢ ᠳᠠᠶᠢᠴᠢᠯᠠᠨ ᠳᠠᠭᠠᠭᠤᠯᠪᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠭᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠲᠤᠮᠳᠠ ᠵᠢᠵᠢᠭ ᠠᠵᠤ ᠠᠬᠤᠶᠢᠯᠠᠯ ᠤᠳ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 12.5% ᠪᠠᠷ ᠨᠡᠮᠡᠭᠳᠡᠭᠡᠳ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 77.6% ᠳᠤ ᠬᠦᠷᠪᠡ᠃      ︵ᠬᠤᠶᠠᠷ︶ ᠪᠦᠲᠦᠴᠡ ᠶᠢᠨ ᠳᠤᠬᠢᠷᠠᠭᠤᠯᠤᠯᠲᠠ ᠰᠢᠨ᠎ᠠ ᠠᠯᠬᠤᠴᠠ ᠶᠢ ᠠᠯᠬᠤᠪᠠ᠃ ︽ᠲᠠᠪᠤᠨ ᠲᠣᠮᠣ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠪᠠ᠃ ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠠᠮᠤ ᠪᠤᠳᠠᠭ᠎ᠠ ᠶᠢᠨ ᠦᠢᠯᠡᠳᠪᠦᠷᠢᠯᠡᠯ ᠬᠦᠢᠲᠡᠨ ᠪᠠ ᠭᠠᠩ ᠬᠠᠭᠤᠷᠠᠢ ᠶᠢᠨ ᠨᠦᠯᠦᠭᠡᠯᠡᠯ ᠢ ᠲᠡᠪᠴᠢᠨ ᠳᠠᠬᠢᠨᠲᠠ ᠰᠠᠶᠢᠨ ᠬᠤᠷᠢᠶᠠᠯᠲᠠ ᠣᠯᠵᠤ ᠠᠮᠤ ᠪᠤᠳᠠᠭ᠎ᠠ ᠶᠢᠨ ᠬᠤᠷᠢᠶᠠᠯᠲᠠ ᠶᠢᠨ ᠬᠡᠮᠵᠢᠶ᠎ᠡ ᠬᠤᠶᠠᠷ ᠵᠢᠯ ᠲᠠᠷᠠᠭᠠᠯᠠᠨ 550 ᠳ᠋ᠦᠩᠰᠢᠭᠤᠷ ᠵᠢᠩ ᠠᠴᠠ ᠳᠡᠭᠡᠭᠰᠢᠬᠢ ᠳᠤ ᠲᠣᠭᠲᠠᠪᠤᠷᠢᠵᠢᠪᠠ︔ ᠮᠠᠯᠵᠢᠯ ᠤᠨ ᠣᠨ ᠤ ᠮᠠᠯ ᠠᠷᠠᠴᠢᠯᠠᠨ ᠲᠡᠵᠢᠭᠡᠵᠦ ᠪᠠᠶᠢᠭ᠎ᠠ ᠲᠤᠭ᠎ᠠ ᠲᠣᠯᠣᠭᠠᠢ 1.29 ᠳ᠋ᠦᠩᠰᠢᠭᠤᠷ ᠢ ᠳᠠᠪᠠᠵᠤ᠂ 1100 ᠲᠦᠮᠡᠨ ᠲᠤᠭ᠎ᠠ ᠲᠣᠯᠣᠭᠠᠢ ᠨᠡᠮᠡᠭᠳᠡᠪᠡ᠃ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦ ᠶᠢ ᠦᠷᠬᠦᠯᠵᠢᠯᠡᠨ ᠠᠬᠢᠭᠤᠯᠵᠤ᠂ ᠣᠳᠣ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠵᠡᠷᠭᠡ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠲᠦᠷᠭᠡᠨ ᠢᠶᠠᠷ ᠦᠰᠦᠨ ᠪᠤᠶᠢᠵᠢᠵᠤ᠂ ᠲᠣᠨᠤᠭ ᠲᠥᠬᠦᠭᠡᠷᠦᠮᠵᠢ ᠦᠢᠯᠡᠳᠬᠦ᠂ ᠳᠡᠭᠡᠳᠦ ᠰᠢᠨ᠎ᠡ ᠮᠡᠷᠭᠡᠵᠢᠯ᠂ ᠥᠩᠭᠡᠲᠦ ᠲᠡᠮᠦᠷᠯᠢᠭ ᠪᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠳᠦᠷᠭᠡᠨ ᠬᠦᠭᠵᠢᠵᠦ᠂ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 3.6 ᠵᠠᠭᠤᠨ ᠤ ᠴᠡᠭ ᠢᠶᠠᠷ ᠳᠡᠭᠡᠭᠰᠢᠯᠡᠨ᠂ ᠬᠤᠪᠣᠷ ᠰᠢᠷᠤᠢ᠂ ᠰᠠᠯᠬᠢᠨ ᠬᠦᠴᠦᠨ ᠤ ᠴᠠᠬᠢᠯᠭᠠᠨ᠂ ᠡᠭᠦᠯᠡᠨ ᠪᠣᠳᠣᠯᠲᠠ᠂ ᠳᠠᠩ ᠲᠠᠯᠠᠰᠲᠤ ᠴᠠᠬᠢᠭᠤᠷ ᠤᠨ ᠠᠵᠤ ᠦᠢᠯᠡᠰ ᠤᠨ ᠬᠡᠪᠴᠢᠶᠡᠵᠢᠯ ᠨᠢ ᠪᠥᠬᠦ ᠤᠯᠤᠰ ᠤᠨ ᠠᠩᠬᠠᠨ ᠤ ᠪᠠᠶᠢᠷᠢ ᠶᠢ ᠪᠠᠲᠤᠯᠠᠪᠠ᠃ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠨ ᠳᠡᠰ ᠳᠡᠪᠰᠢᠭᠦᠯᠬᠦ ᠲᠦᠷᠭᠡᠳᠴᠦ᠂ ᠮᠡᠷᠭᠡᠵᠢᠯ ᠤᠨ ᠥᠭᠡᠷᠡᠴᠢᠯᠡᠯᠲᠡ ᠶᠢᠨ ᠣᠷᠤᠭᠤᠯᠤᠯᠲᠠ 1085 ᠳ᠋ᠦᠩᠰᠢᠭᠤᠷ ᠲᠦᠭᠦᠷᠢᠭ ᠪᠠᠶᠢᠵᠤ᠂ ᠤᠯᠤᠰ ᠠᠴᠠ ᠪᠠᠭᠤᠯᠭᠠᠭᠰᠠᠨ ︽12 · 5︾ ᠶᠢᠨ ᠲᠦᠯᠦᠪᠵᠢᠭᠦᠯᠭᠡ ᠳᠠᠬᠢ ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠰᠢᠯᠢᠭᠳᠡᠬᠦᠯᠬᠦ ᠡᠭᠦᠷᠭᠡ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠣᠳᠤ ᠦᠶ᠎ᠡ ᠶᠢᠨ ᠦᠢᠯᠡᠴᠢᠯᠡᠭᠡ ᠶᠢᠨ ᠦᠢᠯᠡᠰ ᠢ ᠶᠡᠬᠡᠪᠡᠷ ᠭᠥᠭᠵᠢᠭᠦᠯᠵᠦ᠂ ᠨᠠᠰᠦᠵᠢᠯ ᠤᠨ ᠠᠰᠠᠷᠠᠮᠵᠢ ᠡᠷᠡᠭᠦᠯᠵᠢᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠳᠡᠯᠡᠵᠦ᠂ ᠰᠣᠶᠣᠯ᠂ ᠮᠡᠳᠡᠭᠡ ᠵᠠᠩᠭᠢ ᠵᠡᠷᠭᠡ ᠠᠵᠤ ᠦᠢᠯᠡᠰ ᠯᠠᠪᠳᠠᠭᠤᠨ ᠢᠶᠠᠷ ᠭᠥᠭᠵᠢᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 28.7% ᠪᠠᠷ ᠨᠡᠮᠡᠭᠳᠡᠵᠦ᠂ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 15.5% ᠪᠠᠷ ᠨᠡᠮᠡᠭᠳᠡᠪᠡ᠃ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠬᠤ ᠠᠯᠬᠤᠴᠠ ᠪᠠᠨ ᠲᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠠᠴᠠ ᠰᠢᠯᠵᠢᠭᠦᠯᠦᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠨ᠂ ᠬᠤᠲᠠ ᠪᠠᠯᠭᠠᠰᠤᠴᠢᠯᠠᠬᠰᠠᠨ ᠨᠣᠷᠮ᠎ᠠ 59.5% ᠳᠤ ᠬᠦᠷᠦᠭᠰᠡᠨ ᠪᠦᠭᠡᠳ 0.8 ᠶᠢᠨ ᠵᠠᠭᠤᠨ ᠤ ᠴᠡᠭ ᠢᠶᠠᠷ ᠲᠡᠭᠡᠭᠰᠢᠯᠡᠪᠡ᠃ ᠣᠷᠣᠨ ᠤ ᠲᠥᠪ ᠪᠣᠯᠣᠨ ᠣᠷᠣᠨ ᠪᠦᠰᠡ ᠶᠢᠨ ᠭᠤᠣᠯ ᠪᠣᠯᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠢᠯᠡᠷᠬᠡᠢ ᠲᠦᠷᠭᠡᠳᠴᠦ᠂ ᠮᠠᠯᠵᠢᠬᠤ ᠲᠠᠷᠢᠶᠠᠯᠠᠬᠤ ᠣᠷᠣᠨ ᠤ ᠲᠥᠷᠰᠥ ᠪᠠᠶᠢᠳᠠᠯ ᠳᠤ ᠢᠯᠡᠳᠳᠡ ᠬᠤᠪᠢᠷᠠᠯᠳᠠ ᠭᠠᠷᠴᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠳᠠ ᠦᠭᠡᠢ ᠴᠢᠩᠭᠠᠷᠠᠪᠠ᠃      ︵ᠭᠤᠷᠪᠠ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠢ ᠠᠬᠢᠭᠤᠯᠪᠠ᠃ ᠤᠨ ᠤ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠡᠭᠦᠷᠭᠡ ᠪᠠᠨ ᠪᠦᠬᠦᠨ ᠢ ᠪᠡᠶᠡᠯᠡᠬᠦᠯᠪᠡ᠃ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠣᠷᠣᠨ ᠢ ᠵᠣᠷᠢᠬᠵᠢᠭᠤᠯᠤᠨ ᠤᠷᠢᠳᠠᠪᠡᠷ ᠶᠠᠪᠤᠭᠳᠠᠭᠤᠯᠤᠨ ᠤᠷᠢᠳᠠᠪᠠᠷ ᠲᠤᠷᠰᠢᠬᠤ ᠭᠤᠷᠪᠠᠨ ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠳᠤᠪᠤᠶᠢᠯᠭᠠᠨ ᠰᠠᠶᠢᠳᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ᠂ ᠬᠦᠲᠦᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠨᠢᠭᠲᠠ ᠬᠡᠯᠪᠡᠷᠢ ᠶᠢᠨ ᠠᠰᠢᠭ ᠲᠤᠰᠠ ᠶᠢ ᠬᠤᠯᠪᠣᠯᠳᠤᠭᠤᠯᠬᠤ ᠳᠣᠭᠲᠠᠴᠠ ᠪᠠᠶᠢᠭᠤᠯᠬᠤ᠂ ᠣᠷᠣᠰ ᠮᠣᠩᠭᠤᠯ ᠤᠯᠤᠰ ᠯᠤᠭ᠎ᠠ ᠶᠢᠨ ᠬᠠᠮᠵᠢᠯᠴᠠᠭ᠎ᠠ ᠶᠢ ᠴᠢᠩᠭᠠᠳᠬᠠᠬᠤ ᠠᠵᠢᠯ ᠤᠳ ᠯᠠᠪᠳᠠᠭᠤᠨ ᠪᠠᠳᠤᠲᠠᠢ ᠠᠬᠢᠪᠠ᠃ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠰᠡᠨ ᠲᠥᠷᠥᠯ ᠵᠦᠢᠯ ᠤᠨ 114 ᠶᠢ ᠨᠢ ᠬᠦᠴᠦᠨ ᠦᠭᠡᠢ ᠪᠣᠯᠭᠠᠭᠰᠠᠨ ᠪᠠ ᠲᠣᠷᠣᠭᠰᠢ ᠪᠠᠭᠤᠯᠭᠠᠵᠤ 1/3 ᠪᠠᠷ ᠴᠤᠮᠠᠳᠬᠠᠪᠠ᠃ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠭᠤᠯᠬᠤ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠮᠡᠳᠡᠭᠳᠡᠮ᠎ᠡ ᠪᠠᠶᠢᠵᠤ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠳᠠᠩᠰᠠᠯᠠᠭᠤᠯᠤᠭᠰᠠᠨ ᠬᠥᠷᠥᠩᠭᠡ ᠨᠦᠭᠦᠳ ᠲᠤᠰ ᠲᠤᠰ 91% ᠪᠠ 2.2 ᠲᠠᠬᠢᠨ ᠢᠶᠠᠷ ᠨᠡᠮᠡᠭᠳᠡᠵᠦ᠂ ᠠᠵᠢᠯ ᠳᠤ ᠣᠷᠣᠯᠴᠠᠭᠰᠠᠳ 43% ᠪᠠᠷ ᠨᠡᠮᠡᠭᠳᠡᠪᠡ᠃ ᠡᠷᠬᠡ ᠶᠢ ᠥᠷᠭᠡᠳᠭᠡᠨ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ 12 ᠬᠤᠰᠢᠭᠤ ᠰᠢᠶᠠᠨ ᠳᠤ 61 ᠵᠦᠢᠯ ᠤᠨ ᠬᠠᠮᠢᠶᠠᠷᠤᠯᠲᠠ ᠶᠢᠨ ᠡᠷᠬᠡ ᠮᠡᠳᠡᠯ ᠢ ᠪᠠᠭᠤᠯᠭᠠᠨ ᠥᠭᠪᠡ᠃ ᠰᠠᠭᠤᠷᠢ ᠪᠡᠯᠡᠳᠭᠡᠮᠵᠢ ᠪᠣᠯᠣᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠳᠠᠬᠢ ᠠᠷᠠᠳ ᠤᠨ ᠲᠤᠮᠳᠠᠬᠢ ᠬᠥᠷᠥᠩᠭᠡ ᠮᠥᠩᠭᠦ ᠳᠤ ᠬᠠᠨᠳᠤᠭᠤᠯᠤᠭᠰᠠᠨ ᠴᠢᠬᠤᠯᠠ ᠶᠡᠭᠡ ᠵᠢᠱᠢᠶ᠎ᠡ ᠦᠵᠡᠭᠦᠯᠬᠦ 50 ᠲᠥᠷᠥᠯ ᠵᠦᠢᠯ ᠢ ᠲᠦᠯᠬᠢᠨ ᠭᠠᠷᠭᠠᠪᠠ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠥᠬᠦ ᠤᠯᠤᠰ ᠤᠨ ᠲᠡᠷᠢᠭᠦᠨ ᠪᠠᠶᠢᠷᠢᠨ ᠳᠤ ᠣᠷᠣᠵᠣ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠭᠠᠵᠠᠷ ᠣᠷᠣᠨ ᠤ ᠴᠠᠬᠢᠯᠭᠠᠨ ᠬᠦᠴᠦᠨ ᠤ ᠣᠯᠠᠨ ᠲᠡᠰᠢ ᠠᠷᠠᠯᠵᠢᠶᠠᠯᠠᠭᠰᠠᠨ ᠴᠠᠬᠢᠯᠭᠠᠨ ᠬᠡᠮᠵᠢᠶ᠎ᠡ 38% ᠪᠠᠷ ᠨᠡᠮᠡᠭᠳᠡᠪᠡ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠤ ᠲᠣᠮᠣ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠩᠭᠠᠬᠤ ᠠᠵᠢᠯ ᠢ ᠡᠬᠢᠯᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠵᠤ᠂ ᠪᠣᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢᠨ ᠲᠣᠮᠣᠬᠠᠨ ᠬᠠᠮᠲᠤ ᠶᠢᠨ ᠠᠵᠤ ᠠᠬᠤᠶᠢᠯᠠᠯ ᠡᠷᠬᠢᠯᠡᠬᠦ ᠥᠭᠡᠷᠡᠴᠢᠯᠡᠯᠲᠡ᠂ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠡᠭᠦᠰᠭᠡᠭᠦ ᠣᠷᠣᠭᠤᠯᠣᠯᠲᠠ ᠶᠢᠨ ᠪᠦᠯᠦᠭᠯᠡᠯ ᠤᠨ ᠰᠲ᠋ᠣᠺ ᠤᠨ ᠡᠷᠬᠡ ᠶᠢᠨ ᠪᠦᠳᠦᠴᠡ ᠶᠢ ᠲᠤᠬᠢᠷᠠᠭᠤᠯᠬᠤ ᠪᠠ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠠᠭᠤᠷᠬᠠᠢ ᠶᠢᠨ ᠦᠢᠯᠡᠰ ᠤᠨ ᠪᠦᠯᠦᠭᠯᠡᠯ᠂ ᠵᠠᠮ ᠬᠠᠷᠢᠯᠴᠠᠭ᠎ᠠ ᠶᠢᠨ ᠪᠡᠯᠡ ᠣᠷᠤᠭᠤᠯᠤᠯᠲᠠ ᠶᠢᠨ ᠪᠦᠯᠦᠭᠯᠡᠯ ᠤᠨ ᠫᠠᠶᠢᠰᠠ ᠡᠯᠭᠦᠨ ᠠᠵᠢᠯᠯᠠᠬᠤ ᠵᠡᠷᠭᠡ ᠭᠤᠣᠯᠳᠠᠯᠭ᠎ᠠ ᠲᠠᠢ ᠠᠵᠢᠯ ᠤᠳ ᠢ ᠪᠡᠶᠡᠯᠡᠭᠦᠯᠪᠡ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠵᠢᠷᠤᠮᠵᠢᠵᠤ ᠲᠡᠭᠦᠯᠳᠡᠷᠵᠢᠭᠰᠡᠨ ᠲᠥᠰᠥᠪ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠭᠠᠳ 74 ᠰᠠᠯᠠᠭ᠎ᠠ ᠮᠥᠴᠢᠷ ᠤᠳ ᠣᠨ ᠤ ᠲᠥᠰᠥᠪ ᠢᠶᠠᠨ ᠢᠯᠡ ᠪᠣᠯᠭᠠᠪᠠ᠃ ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ︾ ᠲᠤᠷᠰᠢᠯᠲᠠ ᠶᠢᠨ ᠬᠦᠷᠢᠶ᠎ᠡ ᠬᠡᠪᠴᠢᠶ᠎ᠡ ᠪᠠᠨ ᠥᠷᠭᠡᠳᠭᠡᠨ᠂ ᠠᠵᠤ ᠠᠬᠤᠶᠢᠯᠠᠯ ᠤᠳ ᠤᠨ ᠭᠠᠶᠢᠯᠢ ᠶᠢᠨ ᠬᠠᠰᠤᠭᠳᠠᠭᠰᠠᠨ ᠬᠡᠪᠴᠢᠶ᠎ᠡ ᠨᠢ 95% ᠶᠢ ᠳᠠᠪᠠᠪᠠ᠃ ᠣᠯᠠᠨ ᠳᠡᠰ ᠳᠠᠪᠬᠤᠷᠭ᠎ᠠ ᠶᠢᠨ ᠬᠥᠷᠥᠩᠭᠡ ᠮᠥᠩᠭᠦ ᠶᠢᠨ ᠵᠠᠬ᠎ᠠ ᠳᠡᠯᠭᠡᠭᠦᠷ ᠢ ᠲᠦᠷᠭᠡᠳᠭᠡᠨ ᠭᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ᠢ ᠡᠬᠢᠯᠡᠭᠦᠯᠦᠨ ᠠᠵᠢᠯᠯᠠᠭᠤᠯᠤᠭᠠᠳ ᠠᠵᠤ ᠠᠬᠤᠶᠢᠯᠠᠯ ᠤᠳ ᠤᠨ ᠬᠥᠷᠥᠩᠭᠡ ᠮᠥᠩᠭᠦ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠵᠤ ᠰᠢᠭᠤᠳ ᠲᠤᠬᠢᠷᠠᠭᠤᠯᠤᠭᠰᠠᠨ ᠪᠡᠯᠡ 648 ᠳ᠋ᠦᠩᠰᠢᠭᠤᠷ ᠲᠥᠭᠦᠷᠢᠭ ᠪᠣᠯᠪᠠ᠃ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠪᠢᠴᠠᠭᠠᠲᠤ ᠲᠥᠷᠢᠮ ᠤᠨ ᠥᠭᠡᠷᠡᠴᠢᠯᠡᠯᠲᠡ ᠶᠢ ᠠᠬᠢᠭᠤᠯᠵᠤ ᠬᠥᠳᠡᠭᠡ ᠲᠤᠰᠬᠤᠨ ᠤ ᠨᠡᠶᠢᠳᠡᠮ ᠬᠠᠷᠠᠭᠠᠯᠵᠠᠬᠤ ᠮᠥᠩᠭᠦᠨ ᠭᠦᠢᠯᠭᠡᠭᠡ ᠶᠢ ᠶᠡᠬᠡᠪᠡᠷ ᠭᠥᠭᠵᠢᠭᠦᠯᠦᠭᠰᠡᠨ ᠢᠶᠠᠷ ︽ᠲᠠᠷᠢᠶᠠᠯᠠᠩ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠴᠢᠬ︾ ᠤᠳ 78% ᠭᠠᠴᠠᠭ᠎ᠠ ᠲᠤᠰᠬᠤᠨ ᠢ ᠬᠠᠮᠤᠷᠪᠠ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠳᠣᠯᠠᠨ ᠳᠠᠩᠰᠠᠯᠠᠵᠤ ᠦᠨᠡᠮᠯᠡᠯ ᠣᠯᠭᠤᠬᠤ ᠲᠤᠷᠰᠢᠯᠲᠠ ᠶᠢ ᠠᠶᠢᠮᠠᠭ ᠪᠦᠷᠢ ᠶᠢᠨ 1 ᠬᠤᠰᠢᠭᠤ ᠰᠢᠶᠠᠨ ︵ᠰᠢᠶᠠᠩ ᠪᠠᠯᠭᠠᠰᠤ︶ ᠳᠤ ᠬᠦᠷᠲᠡᠯ᠎ᠡ ᠥᠷᠭᠡᠳᠭᠡᠵᠦ᠂ 10 ᠮᠠᠯᠵᠢᠬᠤ ᠬᠤᠰᠢᠭᠤᠨ ᠳᠤ ᠨᠤᠲᠤᠭ ᠪᠡᠯᠴᠢᠭᠡᠷ ᠤᠨ ᠡᠷᠬᠡ ᠶᠢ ᠲᠣᠳᠣᠯᠠᠬᠤ ᠳᠠᠭᠠᠭᠠᠴᠢᠯᠠᠯᠲᠠ ᠶᠢᠨ ᠲᠤᠷᠰᠢᠯᠲᠠ ᠶᠢ ᠦᠷᠨᠢᠭᠦᠯᠦᠭᠡᠳ ᠬᠠᠮᠳᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠯᠡᠬᠦ ᠡᠷᠬᠡ᠂ ᠭᠡᠷ ᠪᠠᠷᠢᠬᠤ ᠭᠠᠵᠠᠷ ᠬᠡᠷᠡᠭᠯᠡᠬᠦ ᠡᠷᠬᠡ ᠶᠢ ᠲᠣᠳᠣᠯᠠᠨ ᠳᠠᠩᠰᠠᠯᠠᠵᠤ ᠦᠨᠡᠮᠯᠡᠯ ᠣᠯᠭᠤᠭᠰᠠᠨ ᠨᠣᠷᠮ᠎ᠠ ᠲᠤᠰ ᠲᠤᠰ 61% ᠪᠠ 67% ᠳᠤ ᠬᠦᠷᠴᠦ᠂ ᠬᠠᠮᠳᠤ ᠶᠢᠨ ᠣᠢ ᠰᠢᠭᠤᠢ ᠶᠢᠨ ᠡᠷᠬᠡ ᠶᠢ ᠲᠣᠳᠣᠯᠠᠭᠰᠠᠨ ᠨᠣᠷᠮ᠎ᠠ 99.8% ᠪᠣᠯᠪᠠ᠃      ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠪᠡ᠃ ᠣᠷᠣᠰ ᠮᠣᠩᠭᠤᠯ ᠯᠤᠭ᠎ᠠ ᠶᠢᠨ ᠪᠤᠳᠠᠳᠠᠢ ᠶᠢ ᠡᠷᠬᠢᠮᠯᠡᠬᠦ ᠬᠠᠮᠵᠢᠯᠴᠠᠭ᠎ᠠ ᠪᠠᠨ ᠭᠦᠨᠵᠡᠬᠡᠶᠢᠷᠠᠬᠦᠯᠵᠦ᠂ ᠮᠠᠨᠵᠤᠤᠷ ᠤᠨ ᠭᠤᠣᠯᠳᠠᠯᠭ᠎ᠠ ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠪᠠᠷ ᠠᠬᠢᠭᠤᠯᠤᠭᠳᠠᠵᠤ᠂ ᠡᠷᠢᠶᠡᠨ ᠤ ᠭᠤᠣᠯᠳᠠᠯᠭ᠎ᠠ ᠲᠠᠢ ᠨᠡᠭᠡᠭᠡᠨ ᠭᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠳᠡᠪᠡ᠂ ᠤᠯᠤᠰ ᠤᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢ ᠪᠦᠲᠦᠭᠡᠨ ᠪᠠᠶᠢᠭᠤᠯᠬᠤ ᠬᠦᠷᠢᠶ᠎ᠡ ᠬᠡᠪᠴᠢᠶᠡᠨ ᠳᠤ ᠮᠠᠨ ᠤ ᠣᠷᠣᠨ ᠪᠠᠭᠲᠠᠭᠳᠠᠨ ᠣᠷᠣᠵᠣ᠂ ᠤᠮᠠᠷᠠᠰᠢ ᠨᠡᠭᠡᠭᠡᠯᠲᠡ ᠬᠢᠬᠦ ᠬᠦᠬᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠴᠢᠬᠤᠯᠠ ᠠᠯᠬᠤᠮ ᠢ ᠠᠯᠬᠤᠪᠠ᠃ ᠪᠥᠬᠦ ᠵᠢᠯ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 145.5 ᠳ᠋ᠦᠩᠰᠢᠭᠤᠷ ᠳ᠋ᠣᠯᠯᠠᠷ ᠪᠠᠶᠢᠵᠤ᠂ 21.4% ᠪᠠᠷ ᠨᠡᠮᠡᠭᠳᠡᠪᠡ᠃ ᠣᠷᠣᠨ ᠪᠦᠰᠡ ᠶᠢᠨ ᠬᠤᠷᠰᠢᠯᠴᠠᠭ᠎ᠠ ᠪᠠᠨ ᠴᠢᠩᠭᠠᠳᠬᠠᠨ᠂ ᠪᠡᠭᠡᠵᠢᠩ ᠥᠪᠥᠷ ᠮᠣᠩᠭᠤᠯ ᠤᠨ ᠬᠤᠷᠰᠢᠯᠴᠠᠭᠠᠨ ᠤ ᠲᠣᠭᠲᠠᠴᠠ ᠪᠠᠨ ᠲᠡᠭᠦᠯᠳᠡᠷᠵᠢᠭᠦᠯᠵᠦ᠂ ᠥᠪᠥᠷ ᠮᠣᠩᠭᠤᠯ ᠱᠠᠨ ᠰᠢ ᠾᠧᠪᠸᠢ ᠶᠢᠨ ᠤᠷᠳᠤ ᠴᠠᠭᠠᠨ ᠬᠡᠷᠡᠮ ᠠᠯᠲᠠᠨ ᠬᠤᠰᠢᠭᠤᠯᠵᠢᠨ ᠣᠷᠣᠨ ᠤ ᠬᠠᠮᠵᠢᠯᠴᠠᠭ᠎ᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠥᠨ᠂ ᠦᠪᠦᠷ ᠮᠤᠩᠭᠤᠯ ︵ᠰᠢᠶᠠᠩᠭᠠᠡᠭ︶ ᠤᠨ ᠠᠵᠤ ᠠᠬᠤᠢ ᠶᠢᠨ ᠠᠷᠠᠯᠵᠢᠶ᠎ᠠ ᠰᠤᠶᠤᠯ ᠢ ᠳᠡᠯᠭᠡᠷᠡᠭᠦᠯᠬᠦ ᠭᠠᠷᠠᠬ᠂ ᠨᠠᠢᠮᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠦᠨᠳᠦᠰᠦᠲᠡᠨ ᠤ ᠲᠠᠸᠠᠷ ᠠᠷᠠᠯᠵᠢᠶᠠᠯᠠᠬᠤ ᠴᠤᠭᠯᠠᠭᠠᠨ ᠪᠤᠯᠣᠨ ︽ᠲᠠᠶᠢᠸᠠᠨ ᠤ ᠨᠡᠷᠡᠲᠦ ᠦᠢᠯᠡᠳᠭᠦᠨ ᠤ ᠥᠪᠥᠷ ᠮᠣᠩᠭᠤᠯ ᠳᠠᠬᠢ ᠦᠵᠡᠰᠭᠦᠯᠡᠩ︾ ᠤᠳ ᠢ ᠠᠮᠵᠢᠯᠲᠠ ᠲᠠᠢ ᠪᠠᠷ ᠡᠷᠬᠢᠯᠡᠵᠦ᠂ ᠤᠯᠤᠰ ᠤᠨ ᠲᠣᠳᠤᠭᠠᠳᠤ ︵ᠣᠷᠣᠨ ᠤ ᠭᠠᠳᠠᠨ᠎ᠠ︶ ᠠᠴᠠ ᠣᠷᠣᠭᠤᠯᠤᠨ ᠠᠪᠴᠢᠷᠠᠭᠰᠠᠨ ᠪᠣᠳᠠᠳᠠᠢ ᠪᠡᠯᠡ ᠮᠥᠩᠭᠦ 4625 ᠳ᠋ᠦᠩᠰᠢᠭᠤᠷ ᠲᠥᠭᠦᠷᠢᠭ ᠪᠠᠶᠢᠵᠤ᠂ 5.2% ᠢᠶᠠᠷ ᠨᠡᠮᠡᠭᠳᠡᠪᠡ᠃      ︵ᠳᠥᠷᠪᠡ︶ ᠰᠠᠭᠤᠷᠢ ᠪᠡᠯᠡᠳᠭᠡᠮᠵᠢ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠦᠷᠬᠦᠯᠵᠢᠯᠡᠨ ᠰᠠᠶᠢᠵᠢᠷᠠᠪᠠ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 661 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠳᠠᠬᠢᠨᠲᠠ ᠰᠢᠨ᠎ᠡ ᠲᠦᠪᠰᠢᠨ ᠢ ᠡᠭᠦᠳᠦᠭᠰᠡᠨ ᠪᠠᠶᠢᠨ᠎ᠠ᠂ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠤᠷᠲᠤ 3000 ᠺᠢᠯᠤᠮᠧᠲᠷ ᠪᠠᠶᠢᠵᠤ᠂ ᠡᠭᠦᠨ ᠳᠤ ᠳᠡᠭᠡᠳᠦ ᠳᠡᠰ ᠤᠨ ᠵᠠᠰᠠᠮᠠᠯ ᠵᠠᠮ 1000 ᠺᠢᠯᠤᠮᠧᠲᠷ ᠪᠠᠶᠢᠵᠤ᠂ ᠰᠢᠨ᠎ᠡ ᠪᠠᠷ ᠨᠡᠮᠡᠭᠳᠡᠵᠦ ᠨᠡᠪᠲᠡᠷᠡᠭᠰᠡᠨ ᠪᠠᠷᠤᠭᠰᠢᠨ ᠱᠦᠢᠨᠢ ᠵᠠᠮ ᠲᠠᠢ ᠭᠠᠴᠠᠭ᠎ᠠ ᠲᠤᠰᠬᠤᠨ 720 ᠪᠠᠶᠢᠵᠤ᠂ ᠭᠠᠴᠠᠭ᠎ᠠ ᠲᠤᠰᠬᠤᠨ ᠵᠡᠬᠡᠯᠢ ᠭᠤᠳᠤᠮᠵᠢ ᠶᠢ 9619 ᠺᠢᠯᠤᠮᠧᠲᠷ ᠬᠠᠲᠠᠷᠠᠭᠤᠯᠤᠨ ᠳᠡᠪᠢᠰᠪᠡ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠳᠤ 300 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠬᠦᠬᠡᠬᠤᠳᠠ ᠪᠤᠭᠤᠳᠤ ᠶᠢᠨ ᠳᠡᠭᠡᠳᠦ ᠬᠤᠷᠳᠤ ᠶᠢᠨ ᠳᠡᠮᠦᠷ ᠵᠠᠮ ᠤᠨ ᠬᠦᠳᠡᠯᠬᠡᠬᠦᠷᠳᠦ ᠳᠡᠷᠬᠡ ᠶᠢᠨ ᠴᠤᠪᠤᠭ᠎ᠠ ᠶᠢ ᠵᠢᠩᠬᠢᠨᠢ ᠪᠠᠷ ᠡᠬᠢᠯᠡᠨ ᠬᠦᠶᠦᠯᠭᠡᠵᠦ᠂ ᠮᠠᠨ ᠤ ᠣᠷᠣᠨ ᠳᠤ ᠲᠡᠬᠡᠳᠤ ᠬᠤᠷᠳᠤ ᠶᠢᠨ ᠲᠡᠮᠦᠷ ᠵᠠᠮ ᠪᠠᠶᠢᠬᠤ ᠦᠭᠡᠢ ᠪᠠᠶᠢᠬᠰᠠᠨ ᠲᠡᠦᠬᠡ ᠶᠢ ᠡᠴᠦᠰᠯᠡᠭᠦᠯᠪᠡ︔ ᠡᠵᠡᠨ᠎ᠡ ᠠᠴᠠ ᠬᠠᠮᠢ ᠳᠤ ᠬᠦᠷᠬᠦ᠂ ᠲᠦᠩᠯᠢᠶᠦᠦ ᠠᠴᠠ ᠬᠤᠣᠯᠢᠨ ᠭᠤᠣᠯ ᠳᠤ ᠬᠦᠷᠬᠦ ᠲᠡᠮᠦᠷ ᠵᠠᠮ ᠤᠨ ᠴᠠᠬᠢᠯᠭᠠᠨᠵᠢᠯ ᠪᠣᠯᠭᠠᠨ ᠥᠭᠡᠷᠡᠴᠢᠯᠡᠬᠦ ᠵᠡᠷᠭᠡ ᠴᠢᠬᠤᠯᠠ ᠶᠡᠭᠡ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠯᠢᠩᠬᠤᠲᠠ ᠠᠴᠠ ᠤᠯᠠᠭᠠᠠᠬᠤᠲᠠ ᠳᠤ ᠬᠥᠷᠬᠦ᠂ ᠮᠣᠨᠢ ᠠᠭᠤᠯᠠ ᠠᠴᠠ ᠰᠢᠨᠡᠪᠠᠯᠭᠠᠰᠤ ᠳᠤ ᠬᠥᠷᠬᠦ ᠵᠡᠷᠭᠡ 13 ᠲᠡᠮᠦᠷ ᠵᠠᠮ ᠤᠨ ᠵᠦᠢᠯᠡᠰ ᠢ ᠪᠠᠶᠢᠭᠤᠯᠤᠨ ᠲᠠᠭᠤᠰᠬᠠᠵᠤ᠂ ᠰᠢᠨ᠎ᠡ ᠪᠠᠷ ᠨᠡᠮᠡᠭᠳᠡᠭᠰᠡᠨ ᠵᠥᠭᠡᠭᠡᠪᠦᠷᠢ ᠡᠵᠡᠩᠨᠡᠯᠲᠡ ᠶᠢᠨ ᠵᠠᠮ ᠤᠨ ᠤᠷᠲᠤ ᠨᠢ 1187 ᠺᠢᠯᠤᠮᠧᠲᠷ ᠪᠣᠯᠵᠤ᠂ ᠲᠡᠮᠦᠷ ᠵᠠᠮ ᠤᠨ ᠵᠥᠭᠡᠭᠡᠪᠦᠷᠢ ᠡᠵᠡᠩᠨᠡᠯᠲᠡ ᠶᠢᠨ ᠶᠡᠷᠦᠩᠬᠡᠢ ᠤᠷᠲᠤ 1.2 ᠲᠦᠮᠡᠨ ᠺᠢᠯᠤᠮᠧᠲᠷ ᠲᠤ ᠬᠦᠷᠴᠦ᠂ ᠪᠥᠬᠦ ᠤᠯᠤᠰ ᠲᠠᠬᠢ ᠲᠦᠷᠦᠭᠦᠯᠡᠬᠦ ᠪᠠᠶᠢᠷᠢ ᠪᠠᠨ ᠦᠷᠬᠦᠯᠵᠢᠯᠡᠨ ᠪᠠᠲᠤᠯᠠᠪᠠ᠃ ᠪᠣᠭᠤᠲᠣ᠂ ᠤᠯᠠᠭᠠᠠᠬᠠᠳᠠ ᠪᠣᠯᠣᠨ ᠤᠯᠠᠭᠠᠠᠬᠤᠲᠠ ᠨᠢᠰᠭᠡᠯ ᠤᠨ ᠪᠠᠭᠤᠳᠠᠯ ᠢ ᠦᠭᠡᠷᠡᠴᠢᠯᠡᠨ ᠥᠷᠭᠡᠳᠭᠡᠵᠦ ᠪᠠᠶᠢᠭᠤᠯᠬᠤ ᠢᠨᠵᠧᠨᠧᠷᠢᠩ ᠢ ᠲᠠᠭᠤᠰᠬᠠᠵᠤ᠂ ᠡᠷᠢᠶᠡᠨ ᠬᠤᠳᠠ ᠶᠢᠨ ᠨᠢᠰᠭᠡᠯ ᠤᠨ ᠪᠠᠭᠤᠳᠠᠯ ᠢ ᠦᠭᠡᠷᠡᠴᠢᠯᠡᠨ ᠥᠷᠭᠡᠳᠭᠡᠵᠦ ᠪᠠᠶᠢᠭᠤᠯᠬᠤ ᠵᠡᠷᠭᠡ ᠲᠥᠷᠥᠯ ᠵᠦᠢᠯ ᠤᠳ ᠤᠯᠤᠰ ᠤᠨ ᠴᠣᠬᠤᠯᠠᠪᠤᠷᠢ ᠶᠢ ᠣᠯᠵᠣ᠂ ᠪᠥᠬᠦ ᠣᠷᠣᠨ ᠳᠠᠬᠢ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠶᠡᠷᠦᠩᠬᠡᠢ ᠲᠤᠭ᠎ᠠ 18 ᠪᠣᠯᠪᠠ᠃ ᠴᠠᠬᠢᠯᠭᠠᠨ ᠲᠤᠤᠷ ᠤᠨ ᠪᠦᠲᠦᠭᠡᠨ ᠪᠠᠶᠢᠭᠤᠯᠤᠯᠲᠠ ᠳᠤ 165 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ ᠲᠣᠣᠷ ᠲᠠᠬᠢ ᠴᠠᠬᠢᠯᠭᠠᠨ ᠬᠤᠪᠢᠰᠬᠠᠭᠤᠷ ᠤᠨ ᠪᠠᠭᠲᠠᠭᠠᠮᠵᠢ 1 ᠳ᠋ᠦᠩᠰᠢᠭᠤᠷ ᠺᠢᠯᠤᠸᠤᠯᠲ ᠠᠮᠫᠧᠷ ᠢ ᠳᠠᠪᠠᠵᠤ᠂ ᠴᠠᠬᠢᠯᠭᠠᠨ ᠲᠣᠣᠷ ᠤᠨ ᠬᠡᠪᠴᠢᠶᠠᠵᠢᠯ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠵᠦ᠂ ᠰᠢᠯᠢᠩᠬᠤᠲᠠ ᠠᠴᠠ ᠵᠢᠨᠠᠨ ᠳᠤ ᠬᠦᠷᠬᠦ ᠣᠨᠴᠠ ᠥᠨᠳᠥᠷ ᠬᠦᠴᠦᠳᠡᠯ ᠤᠨ ᠴᠠᠬᠢᠯᠭᠠᠨ ᠬᠦᠴᠦᠨ ᠢ ᠭᠠᠳᠠᠭᠰᠢ ᠰᠠᠭᠠᠳ ᠦᠭᠡᠢ ᠳᠠᠮᠵᠢᠭᠤᠯᠬᠤ ᠠᠵᠢᠯ ᠢᠶᠠᠨ ᠪᠥᠬᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠲᠣᠣᠷ ᠢ ᠦᠭᠡᠷᠡᠴᠢᠯᠡᠵᠦ ᠳᠡᠰ ᠲᠡᠪᠰᠢᠭᠦᠯᠬᠦ ᠲᠥᠷᠥᠯ ᠵᠦᠢᠯ ᠢᠶᠠᠨ ᠪᠦᠬᠦᠨ ᠢ ᠪᠡᠶᠡᠯᠡᠭᠦᠯᠪᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ 150 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠣᠶᠢᠷ᠎ᠠ ᠶᠢᠨ ᠬᠤᠭᠤᠴᠠᠭᠠᠨ ᠳᠠᠬᠢ ᠬᠠᠲᠤᠨ ᠭᠤᠣᠯ ᠤᠨ ᠦᠶᠡᠷ ᠠᠴᠠ ᠰᠡᠷᠭᠡᠶᠢᠯᠡᠬᠦ ᠢᠨᠵᠧᠨᠧᠷᠢᠩ ᠤᠨ ᠪᠠᠷᠢᠯᠭ᠎ᠠ ᠶᠢ ᠲᠠᠭᠤᠰᠬᠠᠵᠤ᠂ ᠬᠠᠶᠢᠷᠤᠪ ᠤᠨ ᠲᠣᠬᠤᠢ ᠤᠰᠤᠨ ᠠᠰᠢᠭᠯᠠᠯᠲᠠ ᠶᠢᠨ ᠬᠦᠢᠰᠦ ᠶᠢᠨ ᠭᠤᠣᠯ ᠴᠣᠭᠴᠠ ᠶᠢᠨ ᠢᠨᠵᠧᠨᠧᠷᠢᠩ᠂ ᠬᠦᠯᠦᠨ ᠨᠠᠭᠤᠷ ᠤᠨ ᠠᠮᠢ ᠠᠬᠤᠢ ᠶᠢ ᠵᠠᠰᠠᠬᠤ ᠢᠨᠵᠧᠨᠧᠷᠢᠩ ᠤᠨ ᠠᠵᠢᠯ ᠢᠶᠠᠨ ᠦᠨᠳᠦᠰᠦᠨ ᠳᠡᠭᠡᠨ ᠲᠠᠭᠤᠰᠬᠠᠵᠤ᠂ ᠵᠠᠳᠤᠨ ᠤᠰᠤᠨ ᠠᠰᠢᠭᠯᠠᠯᠲᠠ ᠶᠢᠨ ᠬᠦᠢᠰᠦ ᠵᠡᠷᠭᠡ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠬᠢᠴᠠ ᠤᠷᠤᠭᠰᠢᠲᠠᠢ ᠪᠠᠶᠢᠵᠤ᠂ ᠨᠢᠷᠵᠢ ᠤᠰᠤᠨ ᠠᠰᠢᠭᠯᠠᠯᠲᠠ ᠶᠢᠨ ᠬᠦᠢᠰᠦ ᠳᠠᠬᠢ ᠲᠣᠣᠷᠠᠲᠤ ᠤᠷᠤᠰᠬᠠᠯ ᠤᠨ ᠤᠰᠤᠯᠠᠯᠲᠠ ᠶᠢᠨ ᠣᠷᠣᠨ ᠢ ᠠᠵᠢᠯ ᠡᠬᠢᠯᠡᠭᠦᠯᠦᠨ ᠪᠠᠶᠢᠭᠤᠯᠪᠠ᠃      ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠠᠶᠢᠭᠤᠯᠤᠯᠲᠠ ᠶᠢ ᠴᠢᠩᠭᠠᠳᠬᠠᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ‌ᠥᠭᠴᠦ ᠱᠠᠩᠨᠠᠬᠤ ᠳᠦᠷᠦ ᠶᠢᠨ ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠲᠤ ᠦᠶᠡᠯᠡᠯ ᠤᠨ ᠴᠢᠨᠠᠷᠲᠠᠢ ᠮᠠᠯᠵᠢᠬᠤ ᠶᠢ ᠵᠣᠭᠰᠤᠭᠠᠬᠤ ᠪᠠ ᠪᠡᠯᠴᠢᠭᠡᠷ ᠮᠠᠯ ᠢ ᠲᠡᠩᠴᠡᠭᠦᠷᠢᠲᠡᠢ ᠪᠠᠶᠢᠯᠭᠠᠬᠤ ᠳᠥᠷᠢᠮ ᠢ ᠴᠢᠩᠭ᠎ᠠ ᠬᠡᠷᠡᠭᠵᠢᠭᠦᠯᠦᠨ᠂ 26 ᠬᠤᠰᠢᠭᠤ ᠰᠢᠶᠠᠨ ᠳᠤ ᠦᠨᠳᠦᠰᠦᠨ ᠨᠤᠲᠤᠭ ᠪᠡᠯᠴᠢᠭᠡᠷ ᠤᠨ ᠬᠤᠪᠢᠶᠠᠷᠢᠯᠠᠨ ᠲᠣᠭᠲᠠᠭᠠᠬᠤ ᠠᠵᠢᠯ ᠢ ᠥᠷᠨᠢᠭᠦᠯᠵᠦ᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠡᠪᠴᠢᠶᠡᠵᠢᠯ 5106 ᠲᠦᠮᠡᠨ ᠮᠦ ᠪᠣᠯᠪᠠ᠃ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠳᠤ 1008 ᠲᠦᠮᠡᠨ ᠮᠦ ᠶᠢ ᠪᠡᠶᠡᠯᠡᠭᠦᠯᠵᠦ᠂ ᠭᠤᠣᠯᠳᠠᠯᠭ᠎ᠠ ᠪᠣᠯᠬᠤ ᠣᠷᠣᠨ ᠪᠦᠰᠡ ᠶᠢᠨ 209 ᠲᠦᠮᠡᠨ ᠮᠦ ᠶᠢ ᠣᠶᠢᠵᠢᠭᠤᠯᠵᠦ᠂ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠢ ᠳᠤ 650 ᠲᠦᠮᠡᠨ ᠮᠦ ᠶᠢ ᠵᠠᠰᠠᠪᠠ᠃ ᠲᠡᠭᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠪᠣᠬᠢᠷᠳᠣᠯ ᠤᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠡᠭᠴᠡᠯᠡᠨ ᠵᠠᠰᠠᠬᠤ ︽ᠵᠠᠭᠤᠨ ᠬᠤᠨᠤᠭ ᠤᠨ ᠠᠵᠢᠯᠯᠠᠭ᠎ᠠ︾ ᠶᠢ ᠯᠠᠪᠳᠠᠭᠤᠨ ᠢᠶᠠᠷ ᠥᠷᠨᠢᠭᠦᠯᠦᠨ᠂ 184 ᠵᠦᠢᠯ ᠤᠨ ᠣᠷᠴᠢᠨ ᠲᠣᠭᠤᠷᠢᠨ ᠤ ᠳᠠᠯᠳᠠ ᠭᠡᠮ ᠪᠣᠯᠣᠨ ᠴᠢᠬᠤᠯᠠ ᠶᠡᠭᠡ ᠠᠰᠠᠭᠤᠳᠠᠯ ᠢ ᠬᠤᠭᠤᠴᠠᠭ᠎ᠠ ᠬᠢᠵᠠᠭᠠᠷᠯᠠᠵᠤ ᠪᠠᠶᠢᠭᠠᠳ ᠴᠡᠭᠴᠡᠯᠡᠨ ᠵᠠᠰᠠᠵᠤ᠂ 469 ᠠᠵᠤ ᠠᠬᠤᠶᠢᠯᠠᠯ ᠤᠨ ᠡᠭᠦᠳᠡ ᠶᠢ ᠨᠢ ᠬᠠᠭᠠᠯᠭᠠᠵᠤ ᠦᠢᠯᠡᠳᠪᠦᠷᠢᠯᠡᠯ ᠢ ᠨᠢ ᠵᠣᠭᠰᠤᠭᠠᠪᠠ᠃ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠠ APEC ᠬᠤᠷᠠᠯ ᠤᠨ ᠬᠤᠭᠤᠴᠠᠭᠠᠨ ᠳᠠᠬᠢ ᠠᠭᠠᠷ ᠠᠮᠢᠰᠬᠤᠯ ᠤᠨ ᠶᠠᠰᠤ ᠴᠢᠨᠠᠷ ᠢ ᠪᠠᠲᠤᠯᠠᠬᠤ ᠠᠵᠢᠯ ᠢᠶᠠᠨ ᠦᠨᠡᠨᠬᠦ ᠴᠢᠩᠭᠠᠳᠬᠠᠨ᠂ ᠭᠤᠣᠯᠳᠠᠯᠭ᠎ᠠ ᠲᠠᠢ ᠠᠵᠢᠯ ᠲᠦᠷᠥᠯ ᠤᠨ ᠬᠢᠨ ᠤ ᠬᠦᠬᠦᠷ ᠦᠭᠡᠶᠢᠳᠡᠭᠦᠯᠭᠦ ᠪᠠ ᠱᠠᠤ ᠦᠭᠡᠶᠢᠳᠡᠭᠦᠯᠬᠦ ᠵᠢᠴᠢ ᠲᠣᠭᠤᠰᠣ ᠠᠷᠢᠯᠭᠠᠬᠤ ᠶᠢ ᠦᠭᠡᠷᠡᠴᠢᠯᠡᠬᠦ ᠪᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠳᠣᠯ᠂ ᠬᠦᠨᠳᠦ ᠲᠡᠮᠦᠷᠯᠢᠭ ᠤᠨ ᠪᠣᠬᠢᠷᠳᠣᠯ ᠢ ᠰᠡᠷᠭᠡᠶᠢᠯᠡᠨ ᠵᠠᠰᠠᠬᠤ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠨ ᠠᠬᠢᠭᠤᠯᠤᠨ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠪᠣᠯᠣᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠪᠠᠨ ᠲᠤᠰ ᠲᠤᠰ 3.9% ᠪᠣᠯᠣᠨ 5% ᠪᠠᠷ ᠪᠠᠭᠤᠷᠠᠭᠤᠯᠵᠤ᠂ ︽12 · 5︾ ᠶᠢᠨ ᠲᠦᠯᠦᠪᠵᠢᠬᠦᠯᠬᠡ ᠳᠠᠬᠢ ᠡᠨᠧᠷᠭᠢ ᠠᠷᠪᠢᠯᠠᠬᠤ ᠪᠠ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠬᠠᠷᠠᠯᠳᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ᠃      ︵ᠲᠠᠪᠤ︶ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠠᠵᠢᠯ ᠰᠢᠨ᠎ᠡ ᠠᠬᠢᠴᠠ ᠲᠠᠢ ᠪᠣᠯᠪᠠ᠃ ᠠᠷᠠᠳ ᠢ ᠤᠷᠢᠳᠠᠪᠡᠷ ᠪᠠᠶᠠᠵᠢᠭᠤᠯᠬᠤ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠳᠠᠯᠠᠨ᠂ ︽ᠠᠯᠪᠠᠨ ᠤ ᠭᠤᠷᠪᠠᠨ ᠵᠠᠷᠤᠳᠠᠯ︾ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠤᠷᠢᠳᠠᠪᠡᠷ ᠪᠠᠳᠤᠯᠠᠨ᠂ ᠡᠯ᠎ᠡ ᠱᠠᠳᠤᠨ ᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ 2440 ᠳ᠋ᠦᠩᠰᠢᠭᠤᠷ ᠲᠦᠭᠦᠷᠢᠭ ᠪᠠᠶᠢᠵᠤ᠂ ᠡᠩ ᠤᠨ ᠣᠯᠠᠨ ᠨᠡᠶᠢᠳᠠ ᠶᠢᠨ ᠲᠦᠰᠦᠪ ᠤᠨ ᠵᠠᠷᠤᠯᠭ᠎ᠠ ᠶᠢᠨ 63% ᠶᠢ ᠡᠵᠡᠯᠡᠪᠡ᠃ ᠬᠤᠳᠡ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠣᠯᠬᠤ ᠲᠤᠮᠳᠠᠴᠢ ᠣᠷᠤᠯᠭ᠎ᠠ 28350 ᠲᠦᠭᠦᠷᠢᠭ ᠪᠠᠶᠢᠵᠤ᠂ 9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠣᠯᠬᠤ ᠲᠤᠮᠳᠠᠴᠢ ᠣᠷᠤᠯᠭ᠎ᠠ 9976 ᠲᠦᠭᠦᠷᠢᠭ ᠪᠠᠶᠢᠵᠤ᠂ 11% ᠪᠠᠷ ᠨᠡᠮᠡᠭᠳᠡᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠳᠦᠷᠭᠡᠳᠪᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠢᠨᠵᠧᠨᠧᠷᠢᠩ ᠢ ᠬᠦᠴᠦᠯᠡᠨ ᠠᠬᠢᠭᠤᠯᠵᠤ᠂ ᠬᠤᠳᠡ ᠪᠠᠯᠭᠠᠰᠤ ᠶᠢᠨ ᠠᠵᠢᠯ ᠣᠯᠭᠤᠯᠳᠠ ᠳᠤ ᠰᠢᠨ᠎ᠡ ᠪᠠᠷ 27.2 ᠲᠦᠮᠡᠨ ᠬᠦᠮᠦᠨ ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠳᠡᠯᠮᠦᠷᠢ ᠬᠦᠴᠦᠨ ᠢ 250 ᠲᠦᠮᠡᠨ ᠬᠦᠮᠦᠨ ᠢ ᠰᠢᠯᠵᠢᠭᠦᠯᠦᠨ ᠠᠵᠢᠯ ᠣᠯᠭᠤᠵᠤ᠂ 14.5 ᠲᠦᠮᠡᠨ ᠲᠤᠰ ᠵᠢᠯ ᠪᠠ ᠦᠡᠭᠭᠡᠷᠡᠭᠰᠡᠨ ᠵᠢᠯ ᠤᠳ ᠤᠨ ᠲᠡᠭᠡᠳᠤ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠨᠠᠶᠢᠳᠠᠪᠤᠷᠢᠵᠢᠭᠤᠯᠤᠨ᠂ ᠬᠤᠳᠡ ᠪᠠᠯᠭᠠᠰᠤ ᠶᠢᠨ ᠠᠵᠢᠯ ᠠᠯᠳᠠᠯᠳᠠ ᠶᠢᠨ ᠲᠠᠩᠰᠠᠯᠠᠭᠤᠯᠬᠤ ᠨᠣᠷᠮ᠎ᠠ ᠶᠢ 3.6% ᠶᠢᠨ ᠨᠡᠯᠢᠶᠡᠳ ᠲᠣᠣᠷ᠎ᠠ ᠬᠢᠷᠢ ᠬᠡᠮᠵᠢᠶᠡᠨ ᠳᠤ ᠬᠢᠵᠠᠭᠠᠷᠯᠠᠪᠠ᠃ ᠶᠠᠳᠠᠭᠤ ᠶᠢ ᠲᠡᠳᠭᠦᠨ ᠪᠣᠭᠤᠮᠳᠠ ᠰᠢᠪᠳᠤᠯᠠᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠶᠠᠳᠠᠭᠤ ᠶᠢ ᠲᠡᠳᠭᠦᠭᠦ ᠠᠵᠢᠯ ᠤᠨ ᠲᠣᠭᠳᠠᠴᠠ ᠶᠢ ᠰᠢᠨ᠎ᠡ ᠪᠠᠷ ᠡᠭᠦᠳᠴᠤ᠂ ᠣᠳᠣᠷᠢᠳᠬᠤ ᠺᠠᠳ᠋ᠷ ᠤᠨ ᠶᠠᠳᠠᠭᠤ ᠬᠦᠴᠢᠷᠳᠡᠯᠲᠡᠢ ᠭᠠᠵᠠᠷ ᠯᠤᠭ᠎ᠠ ᠬᠠᠷᠢᠯᠴᠠᠵᠤ ︽ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠦᠭᠦᠯᠭᠦ︾ ᠣᠨᠢᠨ ᠳᠡᠭᠡᠷ᠎ᠡ ᠨᠢ ᠶᠠᠳᠠᠭᠤ ᠶᠢ ᠲᠡᠳᠭᠦᠭᠦ ᠵᠡᠷᠭᠡ ᠠᠷᠭ᠎ᠠ ᠬᠡᠮᠵᠢᠶ᠎ᠠ ᠶᠢ ᠬᠡᠷᠡᠭᠵᠢᠭᠦᠯᠵᠦ᠂ ᠪᠡᠯᠡ ᠮᠦᠩᠭᠦ ᠶᠢᠨ ᠣᠷᠣᠭᠤᠯᠣᠯᠳᠠ 100 ᠭᠠᠷᠤᠢ ᠳ᠋ᠦᠩᠰᠢᠭᠤᠷ ᠲᠦᠭᠦᠷᠢᠭ ᠪᠠᠶᠢᠵᠦ᠂ 40 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠣᠭᠳᠠᠭᠤᠨ ᠢᠶᠠᠷ ᠶᠠᠳᠠᠭᠤ ᠠᠴᠠ ᠨᠢ ᠠᠩᠭᠢᠵᠢᠷᠠᠭᠤᠯᠪᠠ᠃ ᠠᠷᠠᠳ ᠣᠯᠠᠨ ᠤ ᠬᠢᠮᠳᠠ ᠤᠷᠤᠨ ᠰᠠᠭᠤᠴᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠡᠯ᠎ᠡ ᠲᠦᠷᠦᠯ ᠤᠨ ᠪᠠᠳᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 24 ᠲᠦᠮᠡᠨ ᠢᠵᠢ ᠪᠠᠷᠢᠯᠭ᠎ᠠ ᠡᠬᠢᠯᠡᠭᠦᠯᠦᠨ᠂ 22.9 ᠲᠦᠮᠡᠨ ᠢᠵᠢ ᠪᠠᠷᠢᠯᠭ᠎ᠠ ᠶᠢ ᠦᠨᠳᠦᠰᠦᠨ ᠳᠡᠭᠡᠨ ᠪᠦᠳᠦᠭᠡᠨ ᠪᠠᠶᠢᠭᠤᠯᠵᠤ᠂ ᠪᠦᠬᠦ ᠵᠢᠯ ᠤᠨ ᠬᠠᠷᠠᠯᠳᠠ ᠪᠠᠨ ᠲᠠᠪᠠᠭᠤᠯᠣᠨ ᠪᠡᠶᠡᠯᠡᠭᠦᠯᠪᠡ︔ 17 ᠲᠦᠮᠡᠨ ᠡᠷᠦᠬᠡ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠤᠯ ᠲᠠᠢ ᠭᠡᠷ ᠪᠠᠶᠢᠰᠢᠩ ᠢ ᠪᠠᠷᠢᠯᠭ᠎ᠠ ᠡᠬᠢᠯᠡᠭᠦᠯᠦᠨ ᠰᠢᠨᠡᠳᠭᠡᠨ ᠵᠠᠰᠠᠵᠤ᠂ ᠣᠯᠣᠰ ᠤᠨ ᠪᠠᠭᠤᠯᠭᠠᠭᠰᠠᠨ ᠡᠭᠦᠷᠭᠡ ᠶᠢᠨ ᠬᠡᠮᠵᠢᠶ᠎ᠠ ᠠᠴᠠ 1 ᠲᠠᠬᠢᠨ ᠲᠠᠪᠠᠪᠠ᠃ ᠪᠣᠭᠤᠳᠤ ᠶᠢᠨ ᠬᠦᠷᠡᠯ ᠰᠢᠯᠢ᠂ ᠤᠯᠠᠭᠠᠠᠬᠠᠳᠠ ᠶᠢᠨ ᠲᠡᠮᠣᠷ ᠵᠠᠮ ᠠᠴᠠ ᠡᠮᠦᠨᠡᠭᠦᠷ᠂ ᠬᠢᠩᠭᠠᠨ ᠠᠶᠢᠮᠠᠭ ᠤᠨ ᠷᠠᠰᠢᠶᠠᠨ ᠵᠡᠷᠭᠡ ᠭᠤᠣᠯᠳᠠᠯᠭ᠎ᠠ ᠲᠠᠢ ᠲᠦᠭᠦᠮ ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠵᠠᠰᠠᠬᠤ ᠠᠬᠢᠴᠠ ᠤᠷᠤᠭᠰᠢᠲᠠᠢ ᠶᠠᠪᠣᠭᠳᠠᠪᠠ᠃ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠬᠤ ᠠᠴᠠ ᠪᠣᠳᠣᠯᠬᠢᠯᠠᠵᠤ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠣᠷᠬᠤ︾ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠤ᠂ 216 ᠳ᠋ᠦᠩᠰᠢᠭᠤᠷ ᠲᠦᠭᠦᠷᠢᠭ ᠤᠨ ᠪᠠᠯᠡ ᠣᠷᠣᠭᠤᠯᠣᠯᠳᠠ ᠶᠢ ᠪᠡᠶᠡᠯᠡᠭᠦᠯᠵᠤ᠂ 3495 ᠭᠠᠴᠠᠭ᠎ᠠ ᠲᠣᠰᠬᠤᠨ ᠪᠦᠳᠦᠭᠡᠨ ᠪᠠᠶᠢᠭᠤᠯᠤᠯᠳᠠ ᠶᠢᠨ ᠡᠭᠦᠷᠭᠡ ᠪᠠᠨ ᠪᠡᠶᠡᠯᠡᠭᠦᠯᠪᠡ︔ ᠣᠷᠣᠯᠭ᠎ᠠ ᠪᠠᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠶᠢᠨ ᠡᠷᠦᠬᠡ ᠪᠦᠷᠢ ᠳᠤ 1 ᠲᠣᠨ ᠲᠤᠯᠠᠭᠠᠯᠠᠯᠭ᠎ᠠ ᠶᠢᠨ ᠨᠡᠭᠦᠷᠡᠰᠦ ᠣᠯᠭᠤᠵᠤ᠂ 336.7 ᠲᠦᠮᠡᠨ ᠮᠠᠯᠴᠢᠨ ᠲᠠᠷᠢᠶᠠᠴᠢᠨ ᠡᠷᠦᠬᠡ ᠶᠢ ᠬᠠᠷᠠᠭᠠᠯᠵᠠᠪᠠ︔ ᠠᠮᠢᠳᠣᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠬᠦᠷᠳᠡᠵᠦ ᠪᠠᠶᠢᠭ᠎ᠠ ᠭᠡᠷ ᠪᠦᠯᠢ ᠪᠦᠷᠢ ᠶᠢᠨ ᠣᠶᠣᠳᠡᠳ ᠲᠤ ᠵᠢᠯ ᠪᠦᠷᠢ 1 ᠲᠦᠮᠡᠨ ᠲᠦᠭᠦᠷᠢᠭ ᠤᠨ ᠰᠤᠷᠣᠯᠭ᠎ᠠ ᠶᠢᠨ ᠲᠡᠳᠭᠦᠮᠵᠢ ᠣᠯᠭᠤᠬᠤ ᠶᠢᠨ ᠬᠠᠮᠳᠤ ᠨᠢᠭᠡ ᠯᠡ ᠤᠳᠠᠭᠠᠨ ᠤ ᠴᠢᠨᠠᠷ ᠲᠠᠢ ᠪᠠᠷ ᠨᠦᠬᠦᠪᠦᠷᠢᠯᠡᠪᠡ᠃ 1.8 ᠲᠦᠮᠡᠨ ᠰᠢᠨ᠎ᠡ ᠣᠶᠣᠳᠡᠳ ᠤᠨ ᠬᠤᠶᠢᠰᠢᠳᠠ ᠶᠢᠨ ᠵᠤᠪᠠᠨᠢᠯ ᠢ ᠠᠷᠢᠯᠭᠠᠪᠠ︔ ᠨᠢᠭᠡ ᠴᠦ ᠠᠵᠢᠯ ᠣᠯᠣᠭᠠᠳᠤᠢ ᠭᠡᠷ ᠪᠦᠯᠢ ᠳᠤ ᠶᠠᠳᠠᠬᠤ ᠳᠤ 1 ᠬᠥᠮᠥᠨ ᠳᠤᠨᠢ ᠠᠵᠢᠯ ᠣᠯᠭᠤᠵᠤ᠂ ᠲᠡᠭ ᠪᠣᠯᠭᠠᠬᠤ ᠪᠠᠶᠢᠳᠠᠯ ᠢ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠬᠢᠷᠢ ᠳᠦᠪᠰᠢᠨ ᠯᠠᠪᠳᠠᠭᠤᠨ ᠢᠶᠠᠷ ᠳᠡᠭᠡᠭᠰᠢᠯᠡᠵᠦ᠂ ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠵᠣᠯᠭᠠᠭᠤᠯᠬᠤ ᠳᠤ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠠᠵᠢᠯ ᠠᠴᠠ ᠪᠣᠯᠣᠭᠰᠠᠨ ᠰᠢᠷᠬᠠᠳᠤᠯ ᠤᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠠᠷᠭ᠎ᠠ ᠨᠡᠶᠢᠲᠡᠯᠡᠭᠳᠡᠵᠦ᠂ ᠠᠵᠣ ᠠᠬᠤᠢᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠥᠩᠭᠦ ᠶᠢ ᠰᠠᠷ᠎ᠠ ᠳᠤ ᠬᠥᠮᠥᠨ ᠪᠦᠷᠢ ᠳᠤᠮᠳᠠᠴᠢ ᠪᠠᠷ 191 ᠲᠥᠭᠦᠷᠢᠭ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠰᠠᠷ᠎ᠠ ᠳᠤ ᠬᠥᠮᠥᠨ ᠪᠦᠷᠢ ᠳᠤᠮᠳᠠᠴᠢ ᠪᠠᠷ 28 ᠲᠥᠭᠦᠷᠢᠭ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ ᠬᠥᠮᠥᠨ ᠪᠦᠷᠢ ᠳᠤᠮᠳᠠᠴᠢ ᠪᠠᠷ ᠵᠢᠯ ᠪᠦᠷᠢ 267 ᠲᠥᠭᠦᠷᠢᠭ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠪᠣᠯᠣᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠵᠠᠰᠠᠭ ᠤᠨ ᠣᠷᠳᠣᠨ ᠠᠴᠠ ᠨᠥᠬᠦᠪᠦᠷᠢᠯᠡᠬᠦ ᠬᠥᠮᠥᠨ ᠪᠦᠷᠢ ᠶᠢᠨ ᠳᠤᠮᠳᠠᠴᠢ ᠪᠠᠷᠢᠮᠵᠢᠶ᠎ᠠ ᠶᠢ 280 ᠲᠥᠭᠦᠷᠢᠭ ᠠᠴᠠ 320 ᠲᠥᠭᠦᠷᠢᠭ ᠪᠣᠯᠭᠠᠨ ᠳᠡᠭᠡᠭᠰᠢᠯᠡᠭᠦᠯᠪᠡ᠃      ︵ᠵᠢᠷᠭᠤᠭ᠎ᠠ︶ ᠨᠡᠶᠢᠭᠡᠮ ᠤᠨ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠪᠤᠯᠤᠨ ᠰᠢᠨ᠎ᠡ ᠮᠠᠶ᠋ᠢᠭ ᠤᠨ ᠰᠤᠳᠤᠯᠤᠨ ᠨᠡᠭᠡᠭᠡᠨ ᠬᠥᠭᠵᠢᠭᠦᠯᠬᠦ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ ᠠᠬᠢᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠨ ᠳᠠᠭᠠᠭᠤᠯᠬᠤ ᠦᠢᠯᠡᠳᠦᠯ ᠤᠯᠠᠮ ᠨᠢᠭᠡ ᠠᠯᠬᠤᠮ ᠴᠢᠩᠭᠠᠳᠬᠠᠭᠳᠠᠪᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠰᠤᠷᠬᠤ ᠨᠠᠰᠣᠨ ᠠᠴᠠ ᠡᠮᠦᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠭ ᠤᠯᠠᠮ ᠨᠢᠭᠡ ᠠᠯᠬᠤᠮ ᠦᠷᠭᠡᠳᠭᠡᠭᠳᠡᠵᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠯᠲᠡ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠂ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠣᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠢᠰᠲ᠋ᠧᠮᠵᠢ ᠶᠢ ᠪᠠᠶᠢᠭᠤᠯᠬᠤ ᠪᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠡᠯᠪᠡᠷᠢ ᠶᠢ ᠬᠤᠪᠢᠷᠠᠭᠤᠯᠬᠤ ᠬᠥᠭᠵᠢᠯᠲᠡ ᠰᠢᠨ᠎ᠡ ᠠᠯᠬᠤᠴᠠ ᠳᠤ ᠣᠷᠣᠪᠠ᠃ ᠬᠤᠲᠠ ᠬᠥᠳᠡᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠬᠥᠮᠥᠨ ᠪᠦᠷᠢ ᠶᠢᠨ ᠳᠤᠮᠳᠠᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠨᠳᠦᠰᠦᠨ ᠵᠠᠷᠤᠳᠠᠯ ᠳᠡᠭᠡᠭᠰᠢᠯᠡᠭᠡᠳ 35 ᠲᠥᠭᠦᠷᠢᠭ ᠪᠣᠯᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠰᠠᠯᠠᠭ᠎ᠠ ᠶᠢᠨ ᠡᠮᠨᠡᠯᠭᠡ ᠶᠢᠨ ᠬᠤᠷᠢᠶ᠎ᠠ ᠵᠡᠷᠭᠡ 6 ᠲᠤᠰ ᠱᠠᠲᠤᠨ ᠤ ᠴᠢᠬᠤᠯᠠ ᠶᠡᠭᠡ ᠡᠷᠡᠭᠦᠯ ᠬᠠᠮᠠᠭᠠᠯᠠᠯ ᠤᠨ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠡᠷᠡᠭᠦᠯ ᠢᠶᠠᠷ ᠬᠥᠭᠵᠢᠪᠡ᠃ ︽ᠨᠢᠭᠡ ᠳᠠᠯ᠎ᠠ ᠨᠢ ᠦᠷ᠎ᠡ ᠶᠢᠨ ᠭᠠᠭᠴᠠ ᠪᠤᠯ ᠬᠤᠶᠠᠷ ᠬᠡᠣᠬᠡᠳ ᠠᠪᠴᠤ ᠪᠣᠯᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ᠬᠦᠮᠦᠨ ᠠᠮᠠ ᠶᠢᠨ ᠲᠦᠷᠦᠯᠲᠡ ᠶᠢᠨ ᠨᠣᠷᠮ᠎ᠠ ᠶᠢ 9.3‰ ᠳᠤ ᠬᠢᠵᠠᠭᠠᠷᠯᠠᠪᠠ᠃ ᠰᠤᠶᠤᠯ ᠤᠨ ᠴᠡᠴᠡᠭᠯᠡᠨ ᠬᠥᠭᠵᠢᠭᠦ ᠶᠢ ᠠᠬᠢᠭᠤᠯᠵᠤ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠶᠢᠨ ᠬᠦᠮᠦᠵᠢᠭᠦᠯᠦᠨ ᠪᠤᠶᠢᠵᠢᠭᠤᠯᠬᠤ ᠪᠠ ᠦᠢᠯᠡᠳᠦᠯᠭᠡᠵᠢᠭᠦᠯᠵᠦ᠂ ᠣᠯᠠᠨ ᠲᠦᠮᠡᠨᠴᠢ ᠴᠢᠨᠠᠷᠲᠠᠢ ᠣᠶᠣᠨ ᠤ ᠪᠣᠯᠪᠠᠰᠤᠨ ᠢ ᠡᠭᠦᠳᠬᠦ ᠠᠵᠢᠯᠯᠠᠭ᠎ᠠ ᠶᠢ ᠭᠦᠨᠵᠡᠭᠡᠶᠢᠷᠡᠭᠦᠯᠵᠤ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ︽ᠲᠠᠯ᠎ᠠ ᠨᠤᠲᠤᠭ ᠢᠶᠠᠨ ᠤᠶᠠᠩᠭᠠᠯᠠᠨ ᠳᠠᠭᠤᠯᠠᠵᠤ᠂ ᠠᠷᠠᠳ ᠲᠦᠮᠡᠨ ᠢᠶᠠᠨ ᠮᠠᠭᠲᠠᠨ ᠲᠡᠮᠳᠡᠭᠯᠡᠬᠦ︾ ᠭᠤᠣᠯ ᠰᠡᠳᠦᠪᠲᠦ ᠰᠣᠶᠣᠯ ᠤᠨ ᠦᠢᠯᠡᠳᠦᠯᠭᠡᠲᠦ ᠠᠵᠢᠯᠯᠠᠭ᠎ᠠ ᠶᠢ ᠦᠷᠨᠢᠭᠦᠯᠪᠡ᠃ ᠰᠣᠶᠣᠯ ᠤᠨ ᠠᠵᠤ ᠦᠢᠯᠡᠰ ᠤᠨ ᠤᠷᠳᠤᠪᠳᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠪᠠ ᠳᠤᠮᠳᠠ ᠵᠢᠵᠢᠭ ᠪᠢᠴᠢᠯ ᠰᠣᠶᠣᠯ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠳᠬᠦᠪᠡ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠭᠦᠨᠵᠡᠭᠡᠢ ᠠᠬᠢᠭᠤᠯᠵᠤ᠂ ᠡᠷᠬᠡ ᠳᠡᠭᠰᠢ ᠪᠦᠯᠬᠦᠮᠳᠡᠨ ᠬᠠᠪᠰᠤᠷᠤᠯᠴᠠᠬᠰᠠᠨ ᠡᠶ᠎ᠡ ᠵᠤᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠤᠯᠠᠮ ᠨᠢᠭᠡ ᠠᠯᠬᠤᠮ ᠪᠠᠬᠢᠵᠢᠪᠡ᠃ ᠬᠦᠯ ᠪᠥᠮᠪᠦᠭᠡ ᠶᠢᠨ ᠬᠦᠳᠡᠯᠬᠡᠬᠡᠨ ᠤ ᠥᠭᠡᠷᠡᠴᠢᠯᠡᠯᠲᠡ ᠬᠢᠭᠡᠳ ᠬᠥᠭᠵᠢᠭᠦᠯᠦᠯᠲᠡ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠣᠯᠠᠨ ᠲᠦᠮᠡᠨᠴᠢ ᠴᠢᠨᠠᠷ ᠲᠠᠢ ᠪᠡᠶ᠎ᠡ ᠶᠢᠨ ᠲᠠᠮᠢᠷ ᠪᠣᠯᠣᠨ ᠤᠷᠤᠯᠳᠤᠭᠠᠨ ᠤ ᠪᠡᠶ᠎ᠡ ᠶᠢᠨ ᠲᠠᠮᠢᠷ ᠢ ᠵᠤᠬᠢᠴᠠᠩᠭᠤᠢ ᠬᠦᠭᠵᠢᠭᠦᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠭᠵᠢᠯᠳᠡ ᠶᠢᠨ ᠠᠯᠬᠤᠴᠠ ᠳᠦᠷᠭᠡᠳᠪᠡ᠃ ᠰᠣᠨᠢᠨ ᠮᠡᠳᠡᠭᠡ ᠷᠠᠳᠢᠣ᠋ ᠺᠢᠨᠣ᠋ ᠲᠧᠯᠸᠢᠰ᠂ ᠭᠦᠨ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠡᠯ᠎ᠡ ᠵᠦᠢᠯ ᠤᠨ ᠠᠵᠢᠯ ᠦᠢᠯᠡᠰ ᠴᠡᠴᠡᠭᠯᠡᠨ ᠬᠥᠭᠵᠢᠵᠦ᠂ ᠴᠠᠬ ᠠᠭᠤᠷ᠂ ᠠᠷᠠᠳ ᠤᠨ ᠠᠭᠠᠷ ᠤᠨ ᠰᠡᠷᠬᠡᠶᠢᠯᠡᠯᠳᠡ᠂ ᠵᠦᠪᠳᠡᠭᠴᠢ ᠪᠤᠯᠤᠨ ᠡᠮᠡᠭᠲᠡᠶᠢᠴᠦᠳ ᠬᠡᠦᠬᠡᠳ᠂ ᠦᠳᠡᠭᠦᠰ᠂ ᠵᠡᠮᠳᠡᠭᠴᠦᠳ ᠤᠨ ᠦᠢᠯᠡᠰ ᠯᠠᠪᠳᠠᠭᠤᠨ ᠪᠠᠲᠤᠲᠠᠢ ᠠᠬᠢᠪᠠ᠃      ︵ᠲᠤᠯᠤᠭ᠎ᠠ︶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠳᠣᠯᠠᠪᠠ᠃ ︽ᠠᠮᠤᠭᠤᠯᠠᠩ ᠲᠠᠶᠢᠪᠤᠩ ᠥᠪᠥᠷ ᠮᠣᠩᠭᠤᠯ︾ ᠢ ᠪᠦᠲᠦᠭᠡᠨ ᠪᠠᠶᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠴᠢᠩᠭᠠᠳᠬᠠᠭᠳᠠᠵᠤ᠂ ᠪᠣᠰᠤᠭ᠎ᠠ ᠴᠤᠭᠴᠠᠵᠢᠭᠰᠠᠨ ᠨᠡᠶᠢᠭᠡᠮ ᠤᠨ ᠠᠮᠤᠷ ᠢ ᠬᠠᠮᠠᠭᠠᠯᠠᠵᠤ ᠰᠡᠷᠡᠮᠵᠢᠯᠡᠨ ᠡᠵᠡᠮᠳᠡᠬᠦ ᠰᠢᠰᠲ᠋ᠧᠮᠵᠢ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠠᠮᠤᠷ ᠢ ᠬᠠᠮᠠᠭᠠᠯᠠᠬᠤ ᠶᠢᠨ ᠬᠦᠯᠢᠶᠡᠨ ᠠᠪᠴᠤ ᠰᠢᠢᠳᠪᠦᠷᠢᠯᠡᠭᠰᠡᠨ ᠬᠡᠷᠡᠭ 28.2% ᠢᠶᠠᠷ ᠪᠠᠭᠤᠷᠠᠨ᠂ ᠡᠷᠡᠬᠦᠦ ᠶᠢᠨ ᠬᠡᠷᠡᠭ 29.2% ᠢᠶᠠᠷ ᠪᠠᠭᠤᠷᠠᠵᠤ᠂ ᠠᠷᠠᠳ ᠣᠯᠠᠨ ᠤ ᠠᠮᠤᠷ ᠲᠦᠪᠰᠢᠨ ᠤ ᠰᠡᠳᠬᠢᠯᠬᠡ ᠤᠯᠠᠮ ᠨᠢᠭᠡ ᠠᠯᠬᠤᠮ ᠳᠠᠶᠢᠪᠤᠰᠢᠷᠠᠪᠠ᠃ ︽ᠵᠠᠬᠢᠳᠠᠯ ᠰᠤᠷᠪᠤᠯᠵᠢᠯᠠᠯ ᠢ ᠶᠡᠬᠡᠪᠡᠷ ᠬᠦᠯᠢᠶᠡᠨ ᠠᠪᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠨᠡᠶᠢᠭᠡᠮ ᠤᠨ ᠵᠥᠷᠢᠴᠡᠯ ᠢ ᠪᠦᠬᠦ ᠲᠠᠯ᠎ᠠ ᠪᠠᠷ ᠪᠠᠶᠢᠴᠠᠭᠠᠨ ᠨᠠᠮᠳᠠᠭᠤᠯᠵᠤ᠂ ᠵᠠᠬᠢᠲᠠᠯ ᠰᠤᠷᠪᠤᠯᠵᠢᠯᠠᠯ ᠤᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠬᠢᠲᠠᠯ ᠰᠤᠷᠪᠤᠯᠵᠢᠯᠠᠯ ᠤᠨ ᠪᠠᠶᠢᠳᠠᠯ ᠯᠠᠪᠳᠠᠭᠤᠨ ᠰᠠᠶᠢᠵᠢᠷᠠᠯ ᠲᠠᠢ ᠪᠣᠯᠪᠠ᠃ ᠭᠠᠵᠠᠷ ᠰᠢᠷᠤᠢ ᠲᠠᠲᠠᠪᠤᠷᠢᠯᠠᠨ ᠭᠡᠷ ᠪᠠᠶᠢᠰᠢᠩ ᠨᠤᠷᠠᠭᠠᠵᠦ ᠨᠡᠭᠦᠯᠭᠡᠬᠦ ᠪᠠ ᠮᠠᠯ ᠲᠠᠷᠢᠶᠠᠯᠠᠩ ᠮᠠᠯᠴᠢᠨ ᠲᠠᠷᠢᠶᠠᠴᠢᠳ ᠲᠤ ᠬᠤᠯᠪᠤᠭᠳᠠᠬᠤ ᠵᠡᠷᠭᠡ 8 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠦᠪᠯᠡᠷᠡᠬᠦᠯᠦᠨ ᠲᠤᠰᠬᠠᠶᠢᠯᠠᠨ ᠴᠡᠭᠴᠡᠯᠡᠨ ᠵᠠᠰᠠᠵᠤ᠂ ᠣᠯᠠᠨ ᠲᠦᠮᠡᠨ ᠤ ᠠᠰᠢᠭ ᠲᠤᠰᠠ ᠳᠤ ᠬᠠᠯᠳᠠᠭᠰᠠᠨ ᠦᠢᠯᠡ ᠠᠵᠢᠯᠯᠠᠭ᠎ᠠ ᠶᠢ ᠲᠥᠪ ᠴᠢᠩᠭ᠎ᠠ ᠵᠠᠯᠬᠠᠭᠠᠨ ᠰᠢᠢᠳᠪᠦᠷᠢᠯᠡᠪᠡ᠃ ᠠᠶᠤᠯ ᠦᠭᠡᠢ ᠦᠢᠯᠡᠳᠪᠦᠷᠢᠯᠡᠯ ᠤᠨ ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠦᠭᠴᠦ ᠬᠠᠤᠯᠢ ᠠᠴᠠ ᠵᠥᠷᠢᠴᠡᠭᠰᠡᠨ ᠢ ᠵᠠᠰᠠᠬᠤ︾ ᠪᠠ ᠡᠯ᠎ᠡ ᠲᠦᠷᠦᠯ ᠤᠨ ᠳᠤᠰᠬᠠᠢᠢᠯᠠᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠦᠨ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠣᠨ ᠠᠶᠤᠯ ᠲᠦᠭᠰᠢᠭᠦᠷᠢ ᠶᠢ ᠰᠡᠷᠡᠮᠵᠢᠯᠡᠨ ᠡᠵᠡᠮᠳᠡᠬᠦ ᠶᠢ ᠴᠢᠩᠭᠠᠷᠠᠭᠤᠯᠵᠤ᠂ ᠠᠳᠡᠯ ᠭᠠᠷᠬᠤ ᠲᠤᠭ᠎ᠠ ᠪᠣᠯᠣᠨ ᠠᠳᠡᠭᠰᠡᠨ ᠬᠥᠮᠥᠨ ᠤ ᠲᠤᠭ᠎ᠠ ᠶᠢᠨ ︽ᠬᠤᠣᠰ ᠢᠶᠠᠷ ᠪᠠᠭᠤᠷᠠᠭᠤᠯᠬᠤ︾ ᠶᠢ ᠪᠡᠶᠡᠯᠡᠬᠦᠯᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠦᠨ᠂ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠢ ᠳᠤᠨᠢ ᠰᠡᠷᠡᠵᠦ ᠮᠡᠳᠡᠬᠦ ᠪᠠ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠮᠤᠷ ᠲᠦᠪᠰᠢᠨ ᠤ ᠠᠳᠡᠯ ᠭᠠᠷᠤᠬᠰᠠᠨ ᠦᠭᠡᠢ᠃ ᠡᠯ᠎ᠡ ᠲᠦᠷᠦᠯ ᠤᠨ ᠳᠠᠶᠢᠰᠤᠩᠨᠠᠭᠴᠢ ᠬᠦᠴᠦᠨ ᠤ ᠨᠠᠪᠴᠢᠨ ᠣᠷᠣᠵᠤ ᠡᠪᠳᠡᠯᠭᠡ ᠬᠢᠬᠦ ᠪᠠ ᠤᠷᠪᠠᠯᠭ᠎ᠠ ᠶᠢᠨ ᠠᠵᠢᠯᠯᠠᠭ᠎ᠠ ᠶᠢ ᠴᠢᠩᠭ᠎ᠠ ᠰᠡᠷᠡᠮᠵᠢᠯᠡᠨ ᠴᠢᠩᠭ᠎ᠠ ᠴᠣᠬᠢᠯᠲᠠ ᠦᠭᠴᠦ᠂ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠪᠠᠲᠤ ᠪᠠᠬᠢ ᠪᠣᠯᠭᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠪᠣᠯᠣᠨ ᠬᠤᠶᠠᠷ ᠢ ᠬᠦᠷᠢᠶᠡᠯᠡᠨ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠦᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯ ᠪᠣᠯᠣᠨ ᠪᠡᠯᠡᠳᠭᠡᠯ ᠬᠦᠴᠦᠨ ᠤ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃      ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠴᠢᠩᠭᠠᠳᠬᠠᠭᠳᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ ᠢᠶᠠᠷ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠤᠱᠯᠠᠭᠤᠯᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠤᠨ᠂ ᠠᠵᠢᠯ ᠢᠶᠠᠨ ᠠᠬᠢᠭᠤᠯᠵᠤ᠂ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠭᠤᠶᠢᠪᠠᠰᠢ ᠦᠭᠡᠢ ᠪᠠᠷᠢᠮᠲᠠᠯᠠᠵᠤ᠂ ᠲᠦᠪ ᠤᠨ ᠨᠠᠢᠮᠠᠨ ᠲᠤᠭᠳᠠᠭᠠᠯ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ ᠵᠦᠢᠯ ᠤᠨ ᠰᠠᠬᠢᠯᠭ᠎ᠠ︾ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ 28 ᠢᠵᠢ ᠪᠦᠷᠢᠳᠦᠭᠰᠡᠨ ᠲᠤᠭᠳᠠᠭᠠᠯ ᠢ ᠴᠢᠩᠭ᠎ᠠ ᠬᠡᠷᠡᠭᠵᠢᠬᠦᠯᠵᠦ᠂ ᠰᠤᠷᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠰᠠᠭᠤᠳᠠᠯ ᠢ ᠴᠡᠭᠴᠡᠯᠡᠨ ᠵᠠᠰᠠᠬᠤ ᠶᠢ ᠳᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠬᠤᠷᠠᠯ᠂ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠢᠩᠬᠢᠮ ᠪᠠᠭᠤᠳᠠᠯ ᠭᠠᠵᠠᠷ ᠰᠢᠨ᠎ᠡ ᠪᠠᠷ ᠪᠠᠶᠢᠭᠤᠯᠬᠤ ᠲᠦᠷᠦᠯ ᠵᠦᠢᠯ ᠵᠦᠪᠰᠢᠶᠡᠷᠡᠬᠦ ᠶᠢ ᠡᠷᠡᠰ ᠵᠣᠭᠰᠣᠭᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠪᠣᠯᠣᠨ ᠡᠳ᠋ ᠤᠨ ᠵᠠᠰᠠᠭ ᠠᠴᠠ ᠴᠠᠯᠢᠩ ᠬᠦᠯᠦᠰᠦ ᠦᠭᠴᠦ ᠪᠦᠬᠦᠢ ᠬᠦᠮᠦᠨ ᠤ ᠲᠤᠭ᠎ᠠ ᠬᠡᠮᠵᠢᠶ᠎ᠡ ᠶᠢᠨ ︽ᠬᠤᠣᠰ ᠢᠶᠠᠷ ᠪᠠᠭᠤᠷᠠᠭᠤᠯᠵᠤ︾᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ︽ᠠᠯᠪᠠᠨ ᠤ ᠭᠤᠷᠪᠠᠨ ᠵᠠᠷᠤᠳᠠᠯ︾ 22.8% ᠪᠠᠷ ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ᠢ ᠬᠢᠨᠠᠮᠠᠭᠠᠢ ᠬᠡᠷᠡᠭᠵᠢᠭᠦᠯᠦᠨ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠤᠰᠤ ᠬᠦᠮᠦᠰ ᠤᠨ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠥᠪᠯᠡᠯᠭᠡ᠂ ᠰᠠᠨᠠᠭᠤᠯᠭ᠎ᠠ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠠᠭ ᠲᠤᠬᠠᠢ ᠳᠤᠨᠢ ᠭᠦᠢᠴᠡᠳᠭᠡᠪᠡ᠃ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠢ ᠴᠢᠩᠭᠠᠳᠬᠠᠨ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ 8 ᠵᠦᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠲᠤᠯᠠᠭᠤᠯᠵᠤ᠂ ᠵᠠᠰᠠᠭ ᠵᠠᠬᠢᠷᠭᠠᠨ ᠤ 12 ᠵᠦᠢᠯ ᠤᠨ ᠳᠦᠷᠢᠮ ᠲᠣᠭᠲᠠᠭᠠᠯ ᠢ ᠲᠣᠭᠲᠠᠭᠠᠨ᠂ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠳᠤ ᠥᠭᠡᠷᠡᠴᠢᠯᠡᠯᠲᠡ ᠬᠢᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠣᠨ ᠠᠯᠳᠠᠭ᠎ᠠ ᠪᠤᠷᠤᠭᠤ ᠶᠢ ᠨᠢ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠬᠢᠨᠠᠨ ᠪᠣᠳᠣᠬᠤ᠂ ᠬᠢᠨᠠᠨ ᠪᠠᠶᠢᠴᠠᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠠᠯ ᠢ ᠡᠰᠡᠷᠬᠦᠴᠡᠬᠦ ᠠᠵᠢᠯ ᠤᠯᠠᠮ ᠨᠢᠭᠡ ᠠᠯᠬᠤᠮ ᠴᠢᠩᠭᠠᠳᠪᠠ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠶᠢ ᠣᠯᠣᠭᠰᠠᠨ ᠨᠢ ᠬᠢᠯᠪᠠᠷ ᠪᠤᠰᠤ ᠶᠤᠮ᠃ ᠡᠨᠡ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠦᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠷᠢᠯᠴᠠᠨ ᠬᠠᠪᠰᠤᠷᠤᠯᠴᠠᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠥᠭᠡᠳ ᠮᠦᠨᠴᠦ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠮᠵᠢᠯᠠᠨ᠂ ᠳᠡᠮᠵᠢᠵᠦ᠂ ᠬᠠᠪᠰᠤᠷᠤᠭᠰᠠᠨ ᠤ ᠦᠷ᠎ᠡ ᠳ᠋ᠦᠩ ᠪᠣᠯᠬᠤ ᠶᠤᠮ᠃ ᠠᠳᠡ᠂ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠰᠢᠷᠭᠠᠭᠤ ᠪᠠᠷ ᠠᠵᠢᠯᠯᠠᠵᠤ ᠪᠠᠶᠢᠭ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠠᠷᠠᠳ ᠤᠨ ᠪᠦᠯᠬᠦᠮ᠂ ᠥᠪᠥᠷ ᠮᠣᠩᠭᠤᠯ ᠤᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠦᠬᠦᠳ᠂ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠪᠢᠳᠠ ᠪᠠᠰᠠ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠡᠳᠦᠢ ᠳᠡᠳᠦᠢ ᠵᠦᠷᠢᠴᠡᠯ ᠪᠠ ᠠᠰᠠᠭᠤᠳᠠᠯ ᠣᠷᠣᠰᠢᠵᠤ᠂ ᠵᠠᠰᠠᠬ ᠤᠨ ᠤᠷᠳᠤᠨ ᠤ ᠠᠵᠢᠯ ᠳᠤ ᠪᠠᠰᠠ ᠬᠦᠷᠦᠯᠴᠡᠬᠦ ᠦᠭᠡᠢ ᠳᠠᠯ᠎ᠠ ᠪᠠ ᠵᠦᠷᠢᠶ᠎ᠡ ᠤᠷᠤᠰᠢᠵᠦ ᠪᠠᠶᠢᠨ᠎ᠠ ᠭᠡᠳᠡᠭ ᠢ ᠰᠡᠷᠭᠡᠭ ᠢᠶᠠᠷ ᠣᠯᠵᠤ ᠲᠠᠨᠢᠪᠠ᠃ ᠭᠤᠣᠯᠳᠠᠭᠤ᠄ ᠠᠵᠤ ᠠᠬᠤᠢ ᠶᠢᠨ ᠬᠤᠷᠸ᠎ᠠ ᠣᠷᠴᠢᠨ ᠲᠣᠭᠤᠷᠢᠨ ᠤ ᠬᠠᠨᠳᠤᠰᠢ ᠪᠠᠴᠢᠭᠤ᠂ ᠬᠡᠷᠡᠭᠴᠡᠭᠡ ᠱᠠᠭᠠᠷᠳᠠᠯᠭ᠎ᠠ ᠶᠢᠨ ᠬᠢᠵᠠᠭᠠᠷᠯᠠᠯ ᠴᠢᠩᠭᠠᠷᠠᠵᠤ᠂ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠦᠴᠢᠷᠳᠡᠯ ᠨᠡᠮᠡᠭᠳᠡᠵᠦ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠᠰᠠ ᠨᠡᠯᠢᠶᠡᠳ ᠬᠦᠴᠢᠷᠳᠡᠯ ᠲᠠᠢ ᠪᠠᠶᠢᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠮᠦᠨ ᠬᠦ ᠨᠡᠯᠢᠶᠡᠳ ᠶᠡᠭᠡ ᠪᠠᠶᠢᠭᠰᠠᠭᠠᠷ︔ ᠠᠵᠤ ᠦᠢᠯᠡᠰ ᠤᠨ ᠬᠥᠭᠵᠢᠯᠲᠡ ᠲᠡᠭᠦᠯᠳᠡᠷ ᠪᠤᠰᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠮᠦᠨ ᠬᠦ ᠪᠠᠭᠤᠷᠠᠢ ᠪᠠᠶᠢᠵᠤ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠨᠡᠯᠢᠶᠡᠳ ᠪᠦᠳᠦᠭᠦᠯᠢᠭ ᠪᠠᠶᠢᠵᠤ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠠᠷᠢᠴᠠᠩᠭᠤᠢ ᠬᠤᠵᠢᠭᠤᠳᠠᠭᠤ ᠪᠠᠶᠢᠨ᠎ᠠ︔ ᠰᠠᠭᠤᠷᠢ ᠪᠡᠯᠡᠳᠭᠡᠮᠵᠢ ᠪᠠᠷ ᠲᠤᠯᠭᠠᠭᠤᠷᠢᠯᠠᠬᠤ ᠴᠢᠳᠠᠪᠤᠷᠢ ᠬᠦᠷᠦᠯᠴᠡᠬᠦ ᠦᠭᠡᠢ᠂ ᠬᠤᠲᠠ ᠪᠠᠯᠭᠠᠰᠤᠴᠢᠯᠠᠬᠤ ᠬᠢᠷᠢ ᠲᠥᠪᠰᠢᠨ ᠪᠠᠰᠠ ᠳᠣᠣᠷ᠎ᠠ ᠪᠠᠶᠢᠵᠤ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠭᠰᠠᠭᠠᠷ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ   ᠨᠢ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠬᠰᠠᠭᠠᠷ᠂ ᠬᠡᠰᠡᠭ ᠣᠯᠠᠨ ᠲᠦᠮᠡᠨ ᠤ ᠠᠮᠢᠳᠤᠷᠠᠯ ᠮᠦᠨ ᠬᠦ ᠨᠡᠯᠢᠶᠡᠳ ᠬᠦᠴᠢᠷᠳᠡᠯᠲᠡᠢ ᠪᠠᠶᠢᠨ᠎ᠠ︔ ᠠᠶᠤᠯ ᠦᠭᠡᠢ ᠦᠢᠯᠡᠳᠪᠦᠷᠢᠯᠡᠯ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠲᠠᠯ᠎ᠠ ᠪᠠᠷ ᠪᠠᠰᠠ ᠡᠳᠦᠢ ᠲᠠᠳᠤᠢ ᠠᠰᠠᠭᠤᠳᠠᠯ ᠣᠷᠣᠰᠢᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠬᠢᠯᠪᠠᠷᠬᠠᠨ ᠮᠥᠷᠲᠡᠭᠡᠨ ᠣᠯᠠᠨ ᠭᠠᠷᠴᠤ᠂ ᠨᠡᠶᠢᠭᠡᠮ ᠤᠨ ᠠᠮᠤᠷ ᠲᠦᠪᠰᠢᠨ ᠤ ᠬᠠᠮᠠᠭᠠᠯᠠᠯᠲᠠ ᠳᠤ ᠮᠠᠰᠢ ᠠᠷᠪᠢᠨ ᠰᠢᠨ᠎ᠡ ᠪᠠᠶᠢᠳᠠᠯ ᠰᠢᠨ᠎ᠡ ᠠᠰᠠᠭᠤᠳᠠᠯ ᠲᠤᠯᠭᠠᠷᠠᠵᠦ ᠪᠠᠶᠢᠨ᠎ᠠ︔ ᠠᠮᠢ ᠠᠬᠤᠢ ᠶᠢᠨ ᠮᠠᠭᠤᠵᠢᠷᠠᠯ ᠤᠨ ᠬᠠᠨᠳᠤᠰᠢ ᠬᠡᠳᠦ᠋ᠢᠪᠡᠷ ᠤᠳᠠᠭᠠᠰᠢᠷᠠᠭᠰᠠᠨ ᠪᠣᠯᠪᠠᠴᠤ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ ᠲᠦᠢᠯ ᠤᠨ ᠬᠡᠪᠡᠷᠡᠭ ᠪᠠᠶᠢᠵᠤ᠂ ᠵᠠᠷᠢᠮ ᠭᠠᠵᠠᠷ ᠤᠷᠤᠨ ᠳᠤ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠪᠠᠶᠢᠨ ᠪᠠᠶᠢᠨ ᠭᠠᠷᠴᠤ᠂ ᠬᠡᠰᠡᠭ ᠠᠵᠤ ᠦᠢᠯᠡᠰ ᠤᠨ ᠡᠨᠧᠷᠭᠢ ᠶᠢᠨ ᠬᠤᠷᠣᠭᠳᠠᠯ᠂ ᠤᠰᠤᠨ ᠤ ᠬᠤᠷᠣᠭᠳᠠᠯ ᠪᠣᠯᠣᠨ ᠪᠣᠬᠢᠷᠲᠤᠯ ᠤᠨ ᠭᠠᠳᠠᠭᠰᠢᠯᠠᠭᠤᠯᠬᠤ ᠬᠡᠮᠵᠢᠶ᠎ᠡ ᠨᠡᠯᠢᠶᠡᠳ ᠬᠡᠴᠡᠭᠦᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠷᠤᠯᠲᠠ ᠮᠦᠨ ᠬᠦ ᠶᠡᠭᠡ ᠪᠠᠶᠢᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠤᠷᠳᠤ ᠪᠠᠶᠢᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠬᠤ ᠪᠣᠯᠣᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ ᠪᠠᠰᠠ ᠪᠣᠳᠠᠲᠠᠶᠢᠵᠢᠭᠠᠳᠤᠢ᠂ ︽ᠳᠥᠷᠪᠡᠨ ᠰᠤᠷᠲᠠᠯ︾ ᠤᠨ ᠠᠰᠠᠭᠤᠳᠠᠯ ᠮᠦᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠳᠦᠮᠵᠢ ᠶᠢ ᠤᠯᠠᠮ ᠨᠢᠭᠡ ᠠᠯᠬᠤᠮ ᠪᠠᠬᠢᠵᠢᠬᠦᠯᠬᠦ ᠴᠢᠬᠤᠯᠠ ᠲᠠᠢ ᠪᠠᠶᠢᠵᠤ᠂ ᠢᠯᠵᠢᠷᠠᠯ ᠢ ᠡᠰᠡᠷᠬᠦᠴᠡᠨ ᠠᠷᠢᠭᠤᠨ ᠴᠢᠬᠡᠴᠢ ᠶᠢ ᠡᠷᠬᠢᠮᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠ ᠲᠠᠢ ᠪᠠᠶᠢᠨ᠎ᠠ᠃ ᠡᠳᠡᠭᠡᠷ ᠠᠰᠠᠭᠤᠳᠠᠯ ᠤᠳ ᠲᠤ᠂ ᠪᠢᠳᠠ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃      ᠬᠤᠶᠠᠷ᠂ 2015 ᠣᠨ ᠤ ᠠᠵᠢᠯ ᠤᠨ ᠭᠤᠣᠯ ᠡᠭᠦᠷᠭᠡ      ᠡᠨᠡ ᠵᠢᠯ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠠᠭᠦᠯᠬᠦ ᠵᠠᠩᠭᠢᠯᠠᠭ᠎ᠠ ᠶᠢᠨ ᠵᠢᠯ᠂ ᠬᠠᠤᠯᠢ ᠶᠤᠰᠤᠭᠠᠷ ᠣᠷᠤᠨ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠡᠬᠢᠯᠡᠯᠲᠡ ᠶᠢᠨ ᠵᠢᠯ ᠪᠣᠯᠣᠨ᠎ᠠ᠂ ᠮᠦᠨᠴᠦ ︽12 · 5︾ ᠶᠢᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠵᠦ ᠳᠠᠭᠤᠰᠬᠠᠬᠤ ᠨᠢᠭᠡ ᠵᠢᠯ ᠪᠣᠯᠣᠨ᠎ᠠ᠃ ᠮᠠᠨ ᠤ ᠡᠮᠤᠨ᠎ᠠ ᠲᠤᠯᠭᠠᠷᠠᠵᠤ ᠪᠠᠶᠢᠭ᠎ᠠ ᠪᠠᠶᠢᠳᠠᠯ ᠮᠦᠨ ᠬᠦ ᠬᠠᠲᠠᠭᠤ ᠴᠢᠩᠭ᠎ᠠ ᠪᠦᠭᠡᠳ ᠪᠣᠳᠣᠯᠢᠶᠠᠨᠲᠠᠢ ᠪᠠᠶᠢᠵᠤ᠂ ᠮᠠᠰᠢ ᠠᠷᠪᠢᠨ ᠠᠵᠠ ᠲᠣᠬᠢᠶᠠᠯ ᠪᠠ ᠠᠰᠢᠭᠳᠠᠢ ᠨᠦᠬᠦᠴᠡᠯ ᠪᠠᠶᠢᠬᠤ ᠮᠦᠷᠲᠡᠭᠡᠨ ᠪᠠᠰᠠ ᠮᠠᠰᠢ ᠠᠷᠪᠢᠨ ᠠᠶᠤᠯ ᠲᠦᠭᠰᠢᠭᠦᠷᠢ ᠪᠠ ᠦᠷᠢᠰᠦᠯᠳᠦᠭᠡᠨ ᠲᠠᠢ ᠪᠠᠶᠢᠭ᠎ᠠ ᠪᠣᠯᠬᠤᠷ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠯᠠᠪᠳᠠᠭᠤᠨ ᠪᠠᠲᠤᠲᠠᠢ ᠠᠵᠢᠯᠯᠠᠵᠤ᠂ ᠰᠢᠨ᠎ᠡ ᠭᠠᠷᠤᠭ᠎ᠠ ᠲᠡᠬᠡᠷ᠎ᠠ ᠪᠠᠨ ᠮᠠᠨ ᠤ ᠣᠷᠣᠨ ᠤ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠤᠯᠠᠮ ᠨᠢᠭᠡ ᠠᠯᠬᠤᠮ ᠨᠡᠭᠡᠭᠡᠨ ᠡᠬᠦᠳᠬᠦ ᠬᠡᠷᠡᠭᠳᠡᠢ᠃ ᠡᠨᠡ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠳ᠋ᠧᠩ ᠰᠢᠶᠤᠣ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠦᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠠᠷᠢᠶ᠎ᠠ ᠪᠣᠯᠣᠨ ᠦᠪᠦᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠭᠤᠯᠵᠤ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ᠂ ᠠᠷᠪᠠᠨ ᠬᠤᠶᠠᠳᠤᠭᠠᠷ ᠤᠳᠠᠭᠠᠨ ᠤ ᠪᠦᠬᠦ ᠭᠡᠰᠢᠭᠦᠳ ︵ᠥᠷᠭᠡᠳᠭᠡᠭᠰᠡᠨ︶ ᠤᠨ ᠬᠤᠷᠠᠯ ᠪᠠ ᠶᠢᠰᠤᠳᠤᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠣᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ ᠤᠷᠤᠭᠰᠢᠯᠠᠨ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠤ ᠠᠬᠤᠢ ᠶᠢᠨ ᠵᠣᠬᠢᠰᠲᠠᠢ ᠣᠷᠣᠨ ᠵᠠᠢ ᠶᠢᠨ ᠠᠵᠢᠯᠯᠠᠭᠠᠨ ᠢ ᠪᠠᠳᠤᠯᠠᠵᠤ᠂ ᠦᠷᠭᠦᠯᠵᠢᠯᠡᠨ ᠬᠦᠭᠵᠢᠬᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ᠂ ᠵᠣᠬᠢᠴᠠᠩᠭᠤᠢ ᠬᠦᠭᠵᠢᠬᠦ ᠪᠠ ᠡᠶ᠎ᠡ ᠵᠣᠬᠢᠴᠠᠯ ᠲᠠᠢ ᠬᠦᠭᠵᠢᠬᠦ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠷᠭ᠎ᠠ ᠮᠠᠶ᠋ᠢᠭ ᠢᠶᠠᠨ ᠬᠤᠪᠢᠷᠠᠭᠤᠯᠵᠤ ᠪᠦᠲᠦᠴᠡ ᠪᠠᠨ ᠲᠣᠬᠢᠷᠠᠭᠤᠯᠬᠤ ᠶᠢ ᠨᠡᠩ ᠴᠢᠬᠤᠯᠠ ᠪᠠᠶᠢᠷᠢᠨ ᠳᠤ ᠲᠠᠯᠪᠢᠵᠦ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠬᠦᠴᠦᠲᠡᠢ ᠠᠳᠬᠤᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠳᠣᠪᠤᠶᠢᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠵᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠡ᠂ ᠬᠤᠲᠠ ᠪᠠᠯᠭᠠᠰᠤᠵᠢᠯᠲᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠵᠡᠷᠭᠡ  ᠳᠤᠨᠢ ᠠᠬᠢᠭᠤᠯᠵᠤ᠂ ︽ᠲᠠᠪᠤᠨ ᠲᠤᠮᠤ ᠰᠠᠭᠤᠷᠢᠨ ᠭᠠᠵᠠᠷ︾᠂ ︽ᠬᠤᠶᠠᠷ ᠬᠠᠯᠬᠠᠪᠴᠢ︾᠂ ︽ᠨᠢᠭᠡ ᠬᠦᠭᠦᠷᠭᠡᠨ ᠪᠠᠬᠢᠯᠡᠯᠲᠡ︾ ᠶᠢ ᠲᠦᠷᠭᠡᠳᠭᠡᠨ ᠪᠠᠶᠢᠭᠤᠯᠵᠤ᠂ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠭᠡᠵᠤ᠂ ᠠᠵᠤ ᠠᠬᠤᠢ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠪᠣᠯᠣᠨ᠎ᠠ᠃ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 8% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 10% ᠪᠠᠷ ᠨᠡᠮᠡᠭᠳᠡᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 13% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 11% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ ᠶᠢ 6% ᠪᠠᠷ ᠨᠡᠮᠡᠭᠳᠡᠭᠦᠯᠵᠦ᠂ ᠬᠤᠲᠠ ᠪᠠᠯᠭᠠᠰᠤ  ᠪᠣᠯᠣᠨ ᠲᠠᠷᠢᠶᠠᠯᠠᠬᠤ ᠮᠠᠯᠵᠢᠬᠤ ᠣᠷᠣᠨ ᠳᠠᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠤᠯᠭ᠎ᠠ ᠶᠢ ᠳᠤᠰ ᠪᠦᠷᠢ 9% ᠪᠠ 10% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠠᠵᠢᠯ ᠣᠯᠭᠤᠯᠲᠠ ᠶᠢ 25 ᠲᠦᠮᠡᠨ ᠬᠦᠮᠦᠨ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠦᠰᠥᠯᠲᠡ ᠶᠢᠨ ᠬᠡᠮᠵᠢᠶ᠎ᠡ ᠶᠢ 3% ᠣᠷᠴᠢᠮ ᠳᠤ ᠬᠢᠵᠠᠭᠠᠷᠯᠠᠵᠤ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠴᠦᠮ 2.2% ᠢᠶᠠᠷ ᠪᠠᠭᠤᠷᠭᠤᠯᠤᠨ᠎ᠠ᠃      ᠡᠳᠡᠭᠡᠷ ᠵᠢᠱᠢᠭᠰᠡᠨ ᠬᠠᠷᠠᠯᠲᠠ ᠶᠢ ᠲᠣᠭᠲᠠᠭᠠᠬᠤ ᠳᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠠᠬᠢ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠵᠢᠴᠢ ᠡᠯ᠎ᠡ ᠵᠦᠢᠯ ᠤᠨ ᠬᠦᠴᠦᠨ ᠵᠦᠢᠯ ᠢ ᠭᠦᠢᠴᠡᠳ ᠪᠣᠳᠣᠯᠬᠢᠯᠠᠬᠤ ᠶᠢᠨ ᠬᠠᠮᠲᠤ᠂ ︽13 · 5︾ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠤᠭ᠎ᠠ ᠵᠣᠯᠭᠠᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠵᠢᠮ᠎ᠡ ᠬᠠᠤᠯᠢ ᠳᠤ ᠨᠡᠶᠢᠴᠡᠭᠦᠯᠵᠦ᠂ ᠣᠳᠣᠬᠢ ᠱᠠᠲᠤ ᠦᠶ᠎ᠡ ᠶᠢᠨ ᠮᠠᠨ ᠤ ᠣᠷᠣᠨ ᠤ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠲᠤᠰᠬᠠᠵᠤ᠂ ᠬᠤᠷᠳᠤᠴᠠ ᠪᠠᠨ ᠨᠡᠮᠡᠭᠳᠡᠭᠦᠯᠬᠦ ᠪᠠ ᠠᠵᠤ ᠦᠢᠯᠡᠰ ᠤᠨ ᠳᠡᠰ ᠳᠡᠪᠰᠢᠬᠦ ᠬᠤᠣᠰ ᠱᠠᠭᠠᠷᠳᠠᠯᠭ᠎ᠠ ᠶᠢ ᠬᠠᠮᠳᠤ ᠳᠤᠨᠢ ᠬᠠᠷᠠᠭᠠᠯᠵᠠᠵᠤ᠂ ᠥᠨᠡᠨ ᠠᠴᠠ ᠵᠥᠪ ᠢ ᠡᠷᠢᠬᠦ᠂ ᠢᠳᠡᠪᠬᠢᠲᠡᠢ ᠲᠣᠭᠲᠠᠭᠤᠨ ᠢᠶᠠᠷ᠂ ᠮᠦᠨ ᠴᠦ ᠬᠠᠲᠠᠭᠤᠵᠢᠯᠲᠠᠢ ᠴᠢᠷᠮᠠᠶᠢᠯᠭ᠎ᠠ ᠪᠠᠷ ᠰᠠᠶ᠋ᠢ ᠪᠡᠶᠡᠯᠡᠭᠦᠯᠵᠦ ᠴᠢᠳᠠᠬᠤ ᠪᠤᠯᠤᠨ᠎ᠠ᠃ ᠶᠡᠷᠦᠩᠬᠡᠢ ᠱᠠᠭᠠᠷᠳᠠᠯᠭ᠎ᠠ ᠶᠢ ᠰᠠᠶᠢᠲᠤᠷ ᠡᠵᠡᠮᠳᠡᠨ᠂ ᠵᠢᠱᠢᠭᠰᠡᠨ ᠬᠠᠷᠠᠯᠳᠠ ᠶᠢ ᠪᠡᠶᠡᠯᠡᠬᠦᠯᠬᠦ ᠶᠢᠨ ᠵᠠᠩᠬᠢᠯᠠᠭ᠎ᠠ ᠨᠢ ᠪᠣᠯ ᠯᠠᠪᠳᠠᠭᠤᠨ ᠢᠶᠠᠷ ᠤᠷᠤᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ︽ᠯᠠᠪᠳᠠᠭᠤᠨ ᠪᠠᠶᠢᠯᠭᠠᠬᠤ︾ ᠶᠢᠨ ᠭᠤᠣᠯᠳᠠᠯᠭ᠎ᠠ ᠪᠠᠨ ᠠᠵᠤ ᠠᠬᠤᠢ ᠶᠢᠨ ᠠᠵᠢᠯᠯᠠᠭᠠᠨ ᠢ ᠲᠤᠭᠲᠠᠭᠤᠨ ᠪᠠᠶᠢᠯᠭᠠᠬᠤ ᠳᠤ ᠲᠠᠯᠪᠢᠵᠤ᠂ ᠨᠡᠮᠡᠭᠳᠡᠯ᠂ ᠠᠵᠢᠯ ᠣᠯᠭᠤᠯᠲᠠ᠂ ᠪᠠᠷᠠᠭᠠᠨ ᠤ ᠦᠨ᠎ᠡ ᠬᠠᠩᠰᠢ ᠳᠤ ᠶᠡᠭᠡ ᠬᠡᠯᠪᠡᠯᠵᠡᠯ ᠭᠠᠷᠬᠤ ᠦᠭᠡᠢ ᠶᠢ ᠪᠠᠲᠤᠯᠠᠵᠤ᠂ ᠮᠥᠩᠭᠦᠨ ᠭᠦᠢᠯᠭᠡᠭᠡᠨ᠂ ᠭᠡᠷ ᠪᠠᠶᠢᠰᠢᠩ ᠭᠠᠵᠠᠷ ᠤᠨ ᠬᠦᠷᠦᠩᠭᠡ᠂ ᠣᠷᠣᠨ ᠨᠣᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠵᠡᠷᠭᠡ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠰᠢᠵᠤ ᠲᠡᠶᠢᠯᠬᠦ ᠶᠢ ᠦᠨᠡᠨᠬᠦ ᠪᠠᠳᠤᠯᠠᠬᠤ ᠬᠡᠷᠡᠭᠲᠡᠢ︔ ︽ᠳᠠᠪᠰᠢᠬᠤ︾ ᠶᠢᠨ ᠭᠤᠣᠯᠳᠠᠯᠭ᠎ᠠ ᠪᠠᠨ ᠠᠵᠤ ᠠᠬᠤᠢ ᠶᠢᠨ ᠪᠦᠳᠦᠴᠡ ᠶᠢᠨ ᠲᠣᠬᠢᠷᠠᠭᠤᠯᠤᠯᠲᠠ ᠪᠠ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠲᠠᠯᠪᠢᠵᠤ᠂ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠳᠤ ᠰᠢᠨ᠎ᠡ ᠦᠷ᠎ᠡ ᠪᠥᠲᠦᠮᠵᠢ ᠣᠯᠬᠤ ᠶᠢ ᠦᠨᠡᠨᠬᠦ ᠪᠠᠳᠤᠯᠠᠬᠤ ᠶᠢ ᠭᠦᠢᠴᠡᠳ ᠪᠣᠳᠣᠯᠬᠢᠯᠠᠭᠰᠠᠨ ᠶᠤᠮ᠃      ᠣᠳᠣᠬᠠᠨ ᠳᠤ᠂ ᠮᠠᠨ ᠤ ᠣᠯᠣᠰ ᠤᠨ ᠠᠵᠤ ᠠᠬᠤᠢ ᠶᠢᠨ ᠬᠦᠭᠵᠢᠯᠲᠡ ᠰᠢᠨ᠎ᠡ ᠬᠡᠪ ᠪᠠᠶᠢᠳᠠᠯ ᠳᠤ ᠣᠷᠤᠭᠰᠠᠨ ᠪᠠᠶᠢᠨ᠎ᠠ᠃ ᠡᠨᠡ ᠪᠣᠯ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠬᠦᠭᠵᠢᠯᠳᠡ ᠶᠢᠨ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠᠶᠢᠳᠠᠯ ᠪᠠ ᠬᠤᠵᠢᠮ ᠤᠨ ᠬᠠᠨᠳᠤᠰᠢ ᠶᠢ ᠣᠨᠣᠪᠴᠢᠲᠠᠢ ᠰᠣᠳᠣᠯᠤᠨ ᠮᠠᠭᠠᠳᠯᠠᠵᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠮᠠᠭᠠᠳᠯᠠᠯ ᠪᠣᠯᠬᠤ ᠪᠦᠭᠡᠳ ᠮᠦᠨᠴᠦ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠮᠠᠨ ᠤ ᠣᠷᠤᠨ ᠤ ᠠᠵᠤ ᠠᠬᠤᠢ ᠶᠢᠨ ᠬᠦᠭᠵᠢᠯᠲᠡ ᠶᠢᠨ ᠲᠣᠮᠣ ᠵᠦᠢᠴᠢᠯᠡᠯ ᠪᠣᠯᠣᠨ᠎ᠠ᠃ ᠪᠢᠳᠡ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ ᠪᠣᠯᠣᠨ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨ᠎ᠡ ᠬᠡᠪ ᠪᠠᠶᠢᠳᠠᠯ ᠤᠨ ᠲᠤᠬᠠᠢ ᠵᠠᠳᠠᠯᠤᠨ ᠰᠣᠳᠣᠯᠵᠣ ᠮᠠᠭᠠᠳᠯᠠᠬᠤ ᠪᠠ ᠪᠠᠶᠢᠷᠢᠯᠠᠭᠤᠯᠬᠤ ᠱᠠᠭᠠᠷᠳᠠᠯᠭ᠎ᠠ ᠲᠠᠢ ᠨᠢᠭᠡᠳᠬᠡᠵᠦ᠂ ᠠᠵᠤ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠰᠠᠨᠠᠭᠠᠴᠢᠯᠠᠭᠠᠳᠤ ᠡᠷᠬᠡ ᠪᠠᠨ ᠪᠠᠲᠤ ᠴᠢᠩᠭ᠎ᠠ ᠬᠦᠳᠦᠯᠦᠨ ᠤᠳᠤᠷᠢᠳᠬᠤ ᠪᠠ ᠡᠵᠡᠮᠰᠢᠬᠦ ᠬᠡᠷᠡᠭᠳᠠᠢ᠃ ᠨᠢᠭᠡ ᠳᠤ ᠰᠢᠨ᠎ᠡ ᠬᠡᠪ ᠪᠠᠶᠢᠳᠠᠯ ᠢ ᠵᠥᠪ ᠣᠨᠣᠪᠴᠢᠳᠠᠢ ᠲᠠᠨᠢᠬᠤ ᠬᠡᠷᠡᠭᠲᠡᠢ᠃ ᠰᠢᠨ᠎ᠡ ᠬᠡᠪ ᠪᠠᠶᠢᠳᠠᠯ ᠤᠨ ᠦᠵᠡᠯ ᠰᠠᠨᠠᠭᠠᠨ ᠤ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ᠂ ᠭᠦᠨᠵᠡᠭᠡᠢ ᠣᠶᠢᠯᠠᠭᠠᠵᠤ᠂ ᠰᠢᠨ᠎ᠡ ᠬᠡᠪ ᠪᠠᠶᠢᠳᠠᠯ ᠳᠣᠣᠷᠠᠬᠢ ᠬᠤᠷᠳᠤᠴᠠ ᠶᠢᠨ ᠬᠤᠪᠢᠷᠠᠯᠲᠠ᠂ ᠪᠦᠳᠦᠴᠡ ᠶᠢᠨ ᠰᠢᠯᠢᠳᠡᠭᠵᠢᠯ ᠪᠠ ᠬᠦᠳᠡᠯᠭᠡᠬᠦ ᠬᠦᠴᠦᠨ ᠤ ᠬᠤᠪᠢᠷᠠᠯ ᠤᠨ ᠤᠨᠴᠠᠯᠢᠭ ᠢ ᠭᠦᠢᠴᠡᠳ ᠲᠠᠨᠢᠵᠦ᠂ ᠦᠵᠡᠯᠳᠡ ᠶᠢᠨ ᠲᠠᠯ᠎ᠠ ᠪᠠᠷ ᠲᠣᠬᠢᠷᠠᠯᠴᠠᠵᠤ᠂ ᠲᠠᠨᠢᠯᠲᠠ ᠶᠢᠨ ᠲᠠᠯ᠎ᠠ ᠪᠠᠷ ᠪᠤᠳᠠᠳᠠᠶᠢᠵᠢᠬᠤ ᠶᠢ ᠪᠡᠶᠡᠯᠡᠭᠦᠯᠦᠨ᠂ ᠠᠵᠤ ᠠᠬᠤᠢ ᠶᠢᠨ ᠬᠦᠭᠵᠢᠯᠲᠡ ᠶᠢᠨ ᠶᠠᠰᠦ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠵᠣᠬᠢᠰᠲᠠᠢ ᠣᠷᠣᠨ ᠵᠠᠢ ᠳᠤ ᠪᠠᠶᠢᠬᠤ ᠶᠢ ᠪᠠᠳᠤᠯᠠᠵᠤ᠂ ᠦᠷᠭᠦᠯᠵᠢᠯᠡᠨ ᠬᠥᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠵᠣᠬᠢᠴᠠᠩᠭᠤᠢ ᠬᠥᠭᠵᠢᠭᠦᠯᠬᠦ᠂ ᠡᠶ᠎ᠡ ᠵᠣᠬᠢᠴᠠᠯ ᠲᠠᠢ ᠬᠥᠭᠵᠢᠭᠦᠯᠬᠦ ᠤᠬᠠᠮᠰᠠᠷᠲᠤ ᠴᠢᠨᠠᠷ ᠪᠠ ᠲᠤᠯᠭᠠᠮ᠎ᠠ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠬᠤᠶᠠᠷ ᠲᠤ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠲᠠᠢ ᠪᠠᠷ ᠲᠣᠬᠢᠷᠠᠯᠴᠠᠬᠤ ᠬᠡᠷᠡᠭᠲᠡᠢ᠃ ᠲᠤᠯᠭᠠᠷᠠᠵᠤ ᠪᠠᠶᠢᠭ᠎ᠠ ︽ᠭᠤᠷᠪᠠᠨ ᠬᠤᠭᠤᠴᠠᠭ᠎ᠠ ᠶᠢᠨ ᠳᠠᠪᠬᠤᠷᠳᠠᠯ︾ ᠤᠨ ᠵᠦᠷᠢᠴᠡᠯ ᠳᠤ ᠴᠢᠭᠯᠡᠭᠦᠯᠦᠨ᠂ ᠰᠢᠨ᠎ᠡ ᠬᠡᠪ ᠪᠠᠶᠢᠳᠠᠯ ᠳᠣᠣᠷᠠᠬᠢ ᠠᠵᠤ ᠠᠬᠤᠢ ᠶᠢᠨ ᠬᠦᠭᠵᠢᠯᠲᠡ ᠶᠢᠨ ᠱᠠᠲᠤ ᠦᠶᠡᠯᠡᠯ ᠤᠨ ᠴᠢᠨᠠᠷᠲᠠᠢ ᠣᠨᠴᠠᠯᠢᠭ ᠪᠠ ᠬᠠᠨᠳᠤᠰᠢ ᠶᠢᠨ ᠴᠢᠨᠠᠷᠲᠠᠢ ᠬᠤᠪᠢᠷᠠᠯᠲᠠ ᠶᠢ ᠣᠨᠣᠪᠴᠢᠲᠠᠢ ᠡᠵᠡᠮᠳᠡᠨ᠂ ᠠᠷᠭ᠎ᠠ ᠶᠢᠨ ᠲᠠᠯ᠎ᠠ ᠪᠠᠷ ᠲᠣᠬᠢᠷᠠᠮᠵᠢᠲᠠᠢ᠂ ᠠᠷᠭ᠎ᠠ ᠬᠡᠮᠵᠢᠶ᠎ᠠ ᠶᠢᠨ ᠲᠠᠯ᠎ᠠ ᠪᠠᠷ ᠬᠦᠴᠦᠲᠡᠢ ᠪᠣᠯᠭᠠᠵᠤ᠂ ᠦᠭᠡᠷᠡᠴᠢᠯᠡᠯᠲᠡ ᠶᠢᠨ ᠰᠡᠳᠬᠢᠮᠵᠢ᠂ ᠰᠢᠨ᠎ᠡ ᠶᠢ ᠡᠭᠦᠳᠬᠦ ᠠᠷᠭ᠎ᠠ ᠪᠠᠷᠢᠯ ᠢᠶᠠᠷ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠭᠡᠵᠦ᠂ ᠠᠵᠤ ᠠᠬᠤᠢ ᠶᠢᠨ ᠪᠦᠲᠦᠴᠡ ᠶᠢ  ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠰᠡᠷᠡᠵᠦ ᠮᠡᠳᠡᠬᠦ ᠪᠠ ᠪᠤᠶᠢᠵᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠳᠡᠢ᠃ ᠭᠤᠷᠪᠠ ᠳᠤ ᠰᠢᠨ᠎ᠡ ᠬᠡᠪ ᠪᠠᠶᠢᠳᠠᠯ ᠢ ᠢᠳᠡᠪᠬᠢᠲᠡᠢ ᠬᠦᠳᠦᠯᠦᠨ ᠤᠳᠤᠷᠢᠳᠬᠤ ᠬᠡᠷᠡᠭᠲᠡᠢ᠃ ᠰᠢ ᠶᠢᠨ ᠫᠢᠩ ᠶᠡᠷᠥᠩᠬᠡᠢ ᠱᠥᠵᠢ ᠶᠢᠨ ︽ᠨᠠᠢᠮᠠᠨ ᠵᠦᠢᠯ ᠢ ᠨᠡᠩ ᠢᠯᠡᠭᠦᠦ ᠴᠢᠬᠤᠯᠠᠴᠢᠯᠠᠬᠤ︾ ᠱᠠᠭᠠᠷᠳᠠᠯᠭ᠎ᠠ ᠶᠣᠰᠤᠭᠠᠷ᠂ ᠬᠦᠭᠵᠢᠯᠲᠡ ᠶᠢᠨ ᠶᠡᠭᠡ ᠲᠠᠯ᠎ᠠ ᠶᠢ ᠣᠨᠣᠪᠴᠢᠲᠠᠢ ᠡᠵᠡᠮᠳᠡᠨ᠂ ᠬᠦᠭᠵᠢᠯᠲᠡ ᠶᠢᠨ ᠵᠢᠮ᠎ᠡ ᠬᠠᠤᠯᠢ ᠶᠢ ᠰᠠᠨᠠᠭᠠᠴᠢᠯᠠᠭ᠎ᠠ ᠠᠴᠠ ᠪᠠᠨ ᠲᠠᠭᠠᠵᠤ᠂ ᠠᠷᠭ᠎ᠠ ᠰᠦᠪᠡᠭᠴᠢᠯᠡᠬᠦ ᠲᠠᠯ᠎ᠠ ᠪᠠᠷ ᠤᠷᠢᠳᠴᠢᠯᠠᠭᠰᠠᠨ᠂ ᠠᠵᠢᠯᠯᠠᠭ᠎ᠠ ᠶᠢᠨ ᠲᠠᠯ᠎ᠠ ᠪᠠᠷ ᠠᠮᠵᠢᠯᠲᠠ ᠲᠠᠢ ᠪᠣᠯᠬᠤ ᠶᠢ ᠪᠡᠶᠡᠯᠡᠭᠦᠯᠵᠦ᠂ ᠱᠠᠯᠠᠮᠠᠭᠠᠶᠢᠯᠠᠨ ᠵᠢᠳᠭᠦᠬᠦ ᠵᠣᠷᠢᠭ ᠰᠠᠨᠠᠭ᠎ᠠ ᠪᠠᠷ ᠰᠢᠨ᠎ᠡ ᠬᠡᠪ ᠪᠠᠶᠢᠳᠠᠯ ᠳᠠᠬᠢ ᠰᠢᠨ᠎ᠡ ᠠᠵᠠ ᠲᠣᠬᠢᠶᠠᠯ ᠢ ᠵᠠᠪᠳᠤᠨ ᠠᠳᠬᠤᠵᠤ᠂ ᠰᠢᠨ᠎ᠡ ᠬᠡᠪ ᠪᠠᠶᠢᠳᠠᠯ ᠳᠠᠬᠢ ᠰᠢᠨ᠎ᠡ ᠦᠷᠢᠰᠦᠯᠳᠦᠭᠡᠨ ᠢ ᠠᠷᠭᠠᠴᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠨ ᠡᠭᠦᠳᠬᠦ ᠬᠡᠷᠡᠭᠲᠡᠢ᠃      ᠡᠨᠡ ᠵᠢᠯ ᠳᠤ ᠭᠤᠣᠯᠳᠠᠯᠭ᠎ᠠ ᠲᠠᠢ ᠠᠷᠪᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      ︵ᠨᠢᠭᠡ︶ ᠳᠣᠳᠤᠭᠠᠳᠤ ᠬᠡᠷᠡᠭᠴᠡᠭᠡ ᠪᠠᠨ ᠥᠷᠭᠡᠳᠭᠡᠬᠦ ᠡᠨᠡᠬᠦ ᠪᠠᠶᠢᠯᠳᠤᠬᠤ ᠪᠣᠳᠣᠯᠭ᠎ᠠ ᠶᠢᠨ ᠥᠨᠳᠥᠰᠥᠨ ᠴᠡᠭ ᠢ ᠪᠠᠲᠤ ᠡᠵᠡᠮᠳᠡᠵᠦ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠴᠢᠷᠮᠠᠶᠢᠨ ᠪᠠᠲᠤᠯᠠᠨ᠎ᠠ      ᠪᠡᠯᠡ ᠣᠷᠤᠭᠤᠯᠤᠯᠲᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠤᠯᠤᠰ ᠠᠴᠠ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠡᠨᠧᠷᠬᠢ ᠶᠢᠨ ᠡᠬᠢ ᠪᠠᠶᠠᠯᠢᠭ ᠤᠨ ᠳᠦᠷᠦᠯ ᠤᠨ ᠳᠦᠷᠦᠯ ᠵᠦᠢᠯ ᠢ ᠲᠠᠮᠵᠢᠬᠦ ᠪᠠᠨ ᠳᠤᠮᠳᠠ ᠪᠠᠷᠠᠭᠤᠨ ᠪᠡᠶ᠎ᠠ ᠶᠢᠨ ᠭᠠᠵᠠᠷ ᠣᠷᠣᠨ᠂ ᠥᠨᠳᠦᠰᠦᠲᠡᠨ ᠤ ᠭᠠᠵᠠᠷ ᠣᠷᠣᠨ ᠲᠡᠰᠢ ᠡᠩ ᠲᠡᠷᠢᠭᠦᠨ ᠳᠤ ᠪᠠᠶᠢᠷᠢᠯᠠᠭᠤᠯᠬᠤ ᠴᠢᠬᠤᠯᠠ ᠶᠡᠭᠡ ᠠᠵᠠ ᠲᠣᠬᠢᠶᠠᠯ ᠢ ᠠᠳᠬᠤᠨ᠂ ᠤᠯᠤᠰ ᠤᠨ ᠳᠡᠮᠵᠢᠯᠭᠡ ᠶᠢ ᠢᠳᠡᠪᠬᠢᠲᠡᠢ ᠴᠢᠷᠮᠠᠶᠢᠨ ᠣᠯᠣᠨ᠎ᠠ᠃  ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠥᠨᠵᠡᠭᠡᠶᠢᠷᠡᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠤᠭᠤᠯᠬᠤ᠂ ᠨᠡᠶᠢᠭᠡᠮ ᠠᠴᠠ ᠪᠡᠯᠡ ᠣᠷᠤᠭᠤᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠪᠦᠬᠡᠭᠡᠨᠡᠷᠡᠯ ᠤᠨ ᠥᠢᠯᠡᠳᠦᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠬᠦᠳᠦᠯᠦᠨ ᠵᠢᠯᠣᠭᠤᠳᠬᠤ ᠥᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠦᠭᠵᠢᠯᠲᠡ ᠶᠢᠨ ᠪᠡᠯᠡ ᠮᠦᠩᠭᠦ ᠪᠠᠶᠢᠭᠤᠯᠬᠤ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠥᠩᠭᠦ ᠵᠢᠴᠢ ᠣᠨᠴᠠ ᠵᠦᠪᠰᠢᠶᠡᠷᠡᠭᠰᠡᠨ ᠡᠵᠡᠩᠨᠡᠯᠲᠡ᠂ ᠪᠡᠯᠡ ᠣᠷᠤᠭᠤᠯᠤᠯᠲᠠ ᠶᠢᠨ ᠨᠥᠬᠦᠪᠥᠷᠢ᠂ ᠵᠠᠰᠠᠭ ᠤᠨ ᠣᠷᠳᠣᠨ ᠥᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠷᠦᠩᠭᠡ ᠶᠢᠨ ᠪᠡᠯᠡ ᠣᠷᠤᠭᠤᠯᠤᠯᠲᠠ ᠳᠤ ᠣᠷᠣᠯᠴᠠᠬᠤ ᠶᠢ ᠪᠦᠳᠦᠮᠵᠢᠲᠡᠢ ᠳᠠᠶᠢᠴᠢᠯᠠᠨ᠎ᠠ᠃ ᠣᠯᠠᠨ ᠳᠡᠰ ᠳᠠᠪᠬᠤᠷᠭ᠎ᠠ ᠶᠢᠨ ᠬᠦᠷᠦᠩᠭᠡ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠤᠶᠢᠵᠢᠭᠤᠯᠵᠤ᠂ ᠰᠢᠭᠤᠳ ᠪᠡᠯᠡ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠤᠮᠳᠠᠬᠢ ᠬᠦᠷᠦᠩᠭᠡ ᠮᠦᠡᠭᠬᠦ ᠨᠦᠭᠦᠳ ᠠᠵᠤ ᠦᠢᠯᠡᠰ ᠲᠤ ᠪᠡᠯᠡ ᠣᠷᠤᠭᠤᠯᠤᠯᠲᠠ ᠪᠠ ᠰᠲ᠋ᠣᠺ ᠤᠨ ᠡᠷᠬᠡ ᠳᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠡᠬᠦᠰᠬᠡᠨ ᠪᠠᠶᠢᠭᠤᠯᠬᠤ ᠶᠢ ᠵᠣᠷᠢᠬᠵᠢᠭᠤᠯᠵᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠵᠤ ᠪᠡᠯᠡ ᠮᠦᠩᠭᠦ ᠴᠤᠭᠯᠠᠭᠤᠯᠵᠤ᠂ ᠨᠥᠭᠦᠴᠡᠯ ᠲᠠᠢ ᠳᠤᠮᠳᠠ ᠵᠢᠵᠢᠭ ᠠᠵᠤ ᠠᠬᠤᠶᠢᠯᠠᠯ ᠤᠳ ᠤᠨ ᠰᠲ᠋ᠣᠺ ᠤᠨ ᠡᠷᠬᠡ ᠪᠠᠷ ᠢᠶᠠᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠨ᠎ᠠ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠬᠤᠷᠰᠢᠯᠴᠠᠬᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠦᠯᠡᠳᠡᠭᠡᠯ ᠡᠳ᠋ ᠬᠦᠷᠦᠩᠭᠡ ᠪᠠᠷ ᠰᠲ᠋ᠣᠺ ᠤᠨ ᠡᠷᠬᠡ ᠪᠣᠯᠭᠠᠵᠤ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠷ ᠪᠡᠯᠡ ᠮᠥᠩᠭᠦ ᠤᠷᠢᠵᠤ᠂ ᠲᠣᠮᠤ ᠠᠵᠤ ᠠᠬᠤᠶᠢᠯᠠᠯ ᠯᠤᠭ᠎ᠠ ᠭᠦᠨᠵᠡᠭᠡᠢ ᠬᠤᠷᠰᠢᠯᠴᠠᠬᠤ ᠶᠢ ᠴᠢᠩᠭᠠᠳᠬᠠᠨ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠭ᠎ᠠ ᠶᠢᠨ ᠵᠠᠭᠪᠣᠷ ᠢ ᠰᠢᠨ᠎ᠡ  ᠶᠢ ᠡᠭᠦᠳᠦᠨ᠎ᠡ᠃ ᠵᠠᠰᠠᠭ ᠤᠨ ᠣᠷᠳᠣᠨ ᠤ ᠴᠢᠨᠠᠷᠲᠠᠢ ᠳᠠᠭᠠᠭᠠᠯᠲᠠ ᠶᠢᠨ ᠪᠡᠯᠡ ᠮᠦᠩᠭᠦ ᠶᠢᠨ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠶᠢᠨ ᠳᠠᠭᠠᠭᠠᠯᠲᠠ ᠬᠢᠬᠦ᠂ ᠳᠠᠮ ᠬᠦᠦ ᠲᠠᠢ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠤᠨ ᠦᠢᠯᠡᠳᠦᠯ ᠢ ᠪᠠᠳᠠᠷᠠᠭᠤᠯᠤᠨ᠎ᠠ᠃ ᠪᠣᠬᠢᠷᠳᠤᠯ ᠭᠠᠳᠠᠭᠰᠢᠯᠠᠭᠤᠯᠬᠤ ᠡᠷᠬᠡ᠂ ᠰᠦᠢᠳᠭᠡᠯ ᠬᠤᠷᠢᠶᠠᠬᠤ ᠡᠷᠬᠡ᠂ ᠭᠠᠵᠠᠷ ᠰᠢᠷᠦᠢ ᠳᠠᠭᠠᠭᠠᠴᠢᠯᠠᠨ ᠡᠵᠡᠩᠨᠡᠬᠦ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢ ᠢᠳᠡᠪᠬᠢᠲᠡᠢ ᠦᠷᠨᠢᠭᠦᠯᠵᠦ᠂ ᠭᠠᠵᠠᠷ ᠰᠢᠷᠦᠢ᠂ ᠠᠭᠤᠷᠬᠠᠢ ᠶᠢᠨ ᠡᠷᠬᠡ ᠪᠠᠷ ᠪᠠᠷᠢᠴᠠᠭᠠᠯᠠᠵᠤ ᠪᠡᠯᠡ ᠲᠤᠬᠢᠷᠠᠭᠤᠯᠬᠤ ᠶᠢ ᠠᠬᠢᠭᠤᠯᠤᠨ᠎ᠠ᠃      ᠭᠤᠣᠯᠳᠠᠯᠭ᠎ᠠ ᠲᠠᠢ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠳᠦᠴᠡ ᠪᠠᠨ ᠲᠣᠬᠢᠷᠠᠭᠤᠯᠬᠤ᠂ ᠳᠤᠳᠠᠮᠠᠭ ᠵᠦᠢᠯ ᠢᠶᠠᠨ ᠨᠦᠬᠦᠪᠦᠷᠢᠯᠡᠬᠦ ᠶᠢᠨ ᠲᠣᠭᠤᠷᠢᠨ ᠳᠤ᠂ ᠨᠢᠭᠡᠨ ᠪᠦᠯᠦᠭ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠬᠤᠯᠠ ᠶᠡᠭᠡ ᠲᠦᠷᠦᠯ ᠵᠦᠢᠯ ᠤᠳ ᠢ ᠲᠦᠷᠭᠡᠳᠭᠡᠨ ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠤᠭᠤᠯᠤᠯᠲᠠ ᠶᠢ ᠴᠢᠷᠮᠠᠶᠢᠨ ᠨᠡᠮᠡᠭᠳᠡᠭᠦᠯᠵᠦ᠂ ᠪᠦᠬᠦ ᠵᠢᠯ ᠳᠤ 500 ᠲᠦᠮᠡᠨ ᠲᠦᠭᠦᠷᠢᠭ ᠠᠴᠠ ᠳᠡᠭᠡᠭᠰᠢᠬᠢ ᠳᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠭᠦᠯᠬᠦ ᠬᠡᠪᠴᠢᠶᠡᠵᠢᠯ ᠢ 1.5 ᠲᠦᠮᠡᠨ ᠳ᠋ᠦᠩᠰᠢᠭᠤᠷ ᠲᠦᠭᠦᠷᠢᠭ ᠲᠤ ᠬᠦᠷᠦᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 1.34 ᠲᠦᠮᠡᠨ ᠳ᠋ᠦᠩᠰᠢᠭᠤᠷ ᠲᠦᠭᠦᠷᠢᠭ ᠪᠡᠶᠡᠯᠡᠭᠦᠯᠦᠨ᠎ᠠ᠃ ᠪᠣᠭᠤᠳᠤ ᠶᠢᠨ ᠪᠣᠯᠣᠳ ᠲᠡᠮᠦᠷ ᠤᠨ ᠦᠢᠯᠡᠳᠪᠦᠷᠢ ᠶᠢᠨ 350 ᠲᠦᠮᠡᠨ ᠲᠤᠨ ᠬᠤᠪᠤᠷ ᠰᠢᠷᠤᠢ ᠶᠢᠨ ᠬᠦᠢᠲᠡᠨ ᠬᠡᠪᠰᠢᠭᠦᠯᠭᠡ᠂ ᠣᠷᠳᠣᠰ ᠤᠨ ᠨᠡᠭᠦᠷᠡᠰᠦ ᠶᠢ ᠴᠡᠪᠡᠷᠰᠢᠭᠦᠯᠦᠨ ᠳᠡᠭᠡᠳᠦ ᠪᠦᠲᠦᠮᠵᠢᠲᠡᠢ ᠪᠠᠷ ᠠᠰᠢᠭᠯᠠᠬᠤ ᠵᠡᠷᠭᠡ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ ᠦᠷᠭᠦᠯᠵᠢᠯᠡᠨ ᠪᠠᠶᠢᠭᠤᠯᠬᠤ 1000 ᠲᠦᠷᠦᠯ ᠵᠦᠢᠯ ᠤᠳ ᠢ ᠢᠳᠡᠪᠬᠢᠲᠡᠢ ᠪᠠᠷ ᠠᠬᠢᠭᠤᠯᠵᠤ᠂ 400 ᠶᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠴᠢᠷᠮᠠᠶᠢᠨ᠎ᠠ᠃ ᠰᠢᠯᠢ ᠶᠢᠨ ᠭᠤᠣᠯ ᠠᠴᠠ ᠵᠢᠨᠠᠨ ᠳᠤ ᠬᠦᠷᠬᠦ ᠤᠨᠴᠠ ᠦᠨᠳᠦᠷ ᠬᠦᠴᠦᠳᠡᠯᠳᠦ ᠴᠠᠬᠢᠯᠭᠠᠨ ᠢ ᠭᠠᠳᠠᠭᠰᠢ ᠲᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠤ ᠳᠤ ᠬᠦᠷᠬᠦ᠂ ᠦᠪᠦᠷ ᠮᠣᠩᠭᠤᠯ ᠤᠨ ᠪᠠᠷᠠᠭᠤᠨ ᠪᠡᠶ᠎ᠠ ᠠᠴᠠ ᠲᠢᠶᠠᠨᠵᠢᠨ ᠤ ᠡᠮᠤᠨ᠎ᠠ ᠳᠤ ᠬᠦᠷᠬᠦ᠂ ᠱᠠᠩᠬᠤ ᠰᠦᠮ᠎ᠠ ᠠᠴᠠ ᠱᠠᠨᠳᠦ᠋ᠩ ᠳᠤ ᠬᠦᠷᠬᠦ ᠵᠡᠷᠭᠡ ᠤᠨᠴᠠ ᠦᠨᠳᠦᠷ  ᠬᠦᠴᠦᠳᠡᠯᠳᠦ ᠴᠠᠬᠢᠯᠭᠠᠨ ᠢ ᠭᠠᠳᠠᠭᠰᠢ ᠲᠠᠮᠵᠢᠭᠤᠯᠬᠤ ᠶᠢᠨ ᠨᠡᠪᠲᠡᠷᠡᠬᠦ ᠵᠠᠮ ᠢ ᠡᠷᠲᠡᠬᠡᠨ ᠪᠠᠷᠢᠯᠭ᠎ᠠ ᠡᠬᠢᠯᠡᠭᠦᠯᠬᠦ ᠶᠢ ᠠᠬᠢᠭᠤᠯᠵᠤ᠂ ᠦᠪᠦᠷ ᠮᠣᠩᠭᠤᠯ ᠤᠨ ᠪᠠᠷᠠᠭᠤᠨ ᠪᠡᠶ᠎ᠡ ᠠᠴᠠ ᠬᠤᠪᠸᠢ ᠶᠢᠨ ᠦᠬᠠᠨ ᠳᠤ ᠬᠦᠷᠬᠦ᠂ ᠲᠦᠩᠯᠢᠶᠤᠣ ᠶᠢᠨ ᠬᠤᠶᠢᠳᠤ ᠪᠡᠶ᠎ᠡ ᠠᠴᠠ ᠾᠤᠨᠠᠨ ᠳᠤ ᠬᠦᠷᠬᠦ ᠣᠨᠴᠠ ᠦᠨᠳᠦᠷ ᠬᠦᠴᠦᠳᠡᠯ ᠤᠨ ᠴᠠᠬᠢᠯᠭᠠᠨ ᠢ ᠭᠠᠳᠠᠭᠰᠢ ᠲᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠵᠠᠮ ᠢ ᠤᠯᠤᠰ ᠤᠨ ︽13 · 5︾ ᠶᠢᠨ ᠲᠦᠯᠦᠪᠵᠢᠭᠦᠯᠭᠡ ᠳᠤ ᠵᠢᠭᠰᠠᠭᠠᠨ ᠣᠷᠤᠭᠤᠯᠬᠤ ᠪᠠᠷ ᠴᠢᠷᠮᠠᠶᠢᠨ᠎ᠠ᠃ ᠴᠠᠬᠢᠯᠭᠠᠨ ᠲᠣᠤᠷ ᠯᠤᠭ᠎ᠠ ᠲᠦᠬᠦᠷᠵᠢᠭᠰᠡᠨ ᠴᠠᠬᠢᠯᠭᠠᠨ ᠡᠭᠦᠰᠭᠡᠯ ᠤᠨ ᠭᠠᠵᠠᠷ ᠪᠤᠯᠤᠨ ᠨᠡᠭᠦᠷᠡᠰᠦᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠵᠡᠷᠭᠡᠪᠡᠷ ᠠᠵᠢᠯ ᠡᠬᠢᠯᠡᠭᠦᠯᠵᠦ᠂ ᠵᠡᠷᠭᠡᠪᠡᠷ ᠪᠦᠲᠦᠭᠡᠨ ᠪᠠᠶᠢᠭᠤᠯᠵᠤ᠂ ᠵᠡᠷᠭᠡᠪᠡᠷ ᠦᠷ᠎ᠡ ᠪᠦᠲᠦᠮᠵᠢ ᠣᠯᠬᠤ ᠶᠢ ᠴᠢᠷᠮᠠᠶᠢᠨ ᠪᠡᠶᠡᠯᠡᠭᠦᠯᠦᠨ᠎ᠡ᠃ ᠳᠡᠭᠡᠳᠦ ᠬᠤᠷᠳᠤ ᠶᠢᠨ ᠵᠠᠰᠠᠮᠠᠯ ᠵᠠᠮ᠂ ᠪᠣᠭᠤᠮᠲᠠ ᠶᠢᠨ ᠵᠠᠰᠠᠮᠠᠯ ᠵᠠᠮ᠂ ᠭᠤᠣᠯ ᠵᠠᠰᠠᠮᠠᠯ ᠵᠠᠮ ᠪᠣᠯᠣᠨ ᠮᠠᠯᠵᠢᠬᠤ ᠳᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ 700 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠳᠡᠭᠡᠲᠤ ᠬᠤᠷᠳᠤ ᠶᠢᠨ ᠵᠠᠰᠠᠮᠠᠯ ᠵᠠᠮ ᠤᠨ ᠲᠡᠷᠭᠡ ᠨᠡᠪᠲᠡᠷᠡᠭᠦᠯᠬᠦ ᠤᠷᠳᠤ ᠶᠢ 5000  ᠺᠢᠯᠣᠮᠧᠲᠷ ᠠᠴᠠ ᠳᠠᠪᠠᠭᠤᠯᠵᠤ᠂ ᠪᠠᠷᠤᠭᠰᠢᠨ ᠱᠦᠢᠨᠢ ᠵᠠᠮ ᠨᠡᠪᠳᠡᠷᠡᠬᠦ ᠭᠠᠴᠠᠭ᠎ᠠ ᠲᠤᠰᠬᠤᠨ ᠢ ᠰᠢᠨ᠎ᠡ ᠪᠠᠷ 1000 ᠨᠡᠮᠡᠭᠳᠡᠭᠦᠯᠵᠦ᠂ ᠭᠠᠴᠠᠭ᠎ᠠ ᠲᠤᠰᠬᠤᠨ ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠬᠤ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠦᠨ᠎ᠡ᠃ ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠳᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠣᠭᠤᠮ ᠤᠨ ᠲᠡᠮᠦᠷ ᠵᠠᠮ᠂ ᠬᠦᠬᠡᠬᠤᠲᠠ ᠠᠴᠠ ᠵᠡᠭᠦᠨᠭᠠᠷ ᠣᠷᠳᠣᠰ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠵᠡᠷᠭᠡ ᠪᠠᠶᠢᠭᠤᠯᠵᠤ ᠪᠠᠶᠢᠭ᠎ᠠ ᠲᠦᠷᠦᠯ ᠵᠦᠢᠯ ᠤᠳ ᠢ ᠲᠦᠷᠭᠡᠳᠭᠡᠨ ᠠᠬᠢᠭᠤᠯᠵᠤ᠂ ᠲᠦᠩᠯᠢᠶᠤᠣ᠂ ᠤᠯᠠᠭᠠᠠᠬᠠᠳᠠ ᠠᠴᠠ ᠪᠡᠭᠡᠵᠢᠩ ᠮᠦᠭᠳᠡᠨ ᠳᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠲᠡᠮᠦᠷ ᠵᠠᠮ ᠤᠨ ᠬᠤᠯᠪᠣᠬᠤ ᠱᠣᠭᠤᠮ ᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ 350 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠴᠢᠷᠮᠠᠶᠢᠨ ᠪᠡᠶᠡᠯᠡᠭᠦᠯᠵᠦ᠂ 1600ᠺᠢᠯᠣᠮᠧᠲᠷ ᠤᠷᠳᠤ ᠲᠡᠮᠦᠷ ᠵᠠᠮ ᠢ ᠰᠢᠨ᠎ᠡ ᠪᠠᠷ ᠪᠠᠷᠢᠯᠭ᠎ᠠ ᠡᠬᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠪᠡᠶ᠎ᠠ ᠶᠢᠨ ᠭᠠᠵᠠᠷ ᠣᠷᠣᠨ ᠢ ᠲᠤᠭᠤᠯᠤᠭᠰᠠᠨ ᠲᠡᠬᠡᠳᠤ ᠬᠤᠷᠳᠤ ᠶᠢᠨ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠮᠠᠨᠵᠤᠤᠷ ᠠᠴᠠ ᠬᠠᠶᠢᠯᠠᠷ᠂ ᠮᠠᠨᠵᠦᠤᠷ ᠠᠴᠠ ᠤᠯᠠᠭᠠᠨᠬᠤᠳᠠ᠂ ᠮᠠᠨᠵᠤᠤᠷ ᠠᠴᠠ ᠳᠦᠡᠭᠯᠢᠶᠤᠤ᠂ ᠰᠢᠯᠢᠩᠬᠤᠳᠠ ᠠᠴᠠ ᠴᠢᠭᠤᠯᠤᠯᠳᠤ ᠬᠠᠭᠠᠯᠭ᠎ᠠ᠂ ᠬᠦᠬᠡᠬᠤᠳᠠ ᠠᠴᠠ ᠢᠷᠭᠠᠢ ᠳᠤ ᠬᠦᠷᠬᠦ ᠵᠡᠷᠭᠡ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠦᠯ ᠵᠦᠢᠯ ᠤᠳ ᠢ ᠤᠯᠤᠰ ᠤᠨ ︽13 · 5︾ ᠶᠢᠨ ᠲᠡᠮᠦᠷ ᠵᠠᠮ ᠤᠨ ᠲᠣᠣᠷ ᠲᠦᠯᠦᠪᠵᠢᠭᠦᠯᠭᠡ ᠳᠤ ᠣᠷᠣᠭᠤᠯᠬᠤ ᠶᠢᠨ ᠬᠠᠮᠳᠤ᠂ ᠡᠮᠦᠨᠡᠬᠢ ᠬᠤᠭᠤᠴᠠᠭᠠᠨ ᠤ ᠠᠵᠢᠯ ᠢ ᠪᠦᠬᠦᠨ ᠢ ᠡᠬᠢᠯᠡᠭᠦᠯᠦᠨ᠎ᠡ᠃ ᠬᠦᠬᠡᠬᠤᠲᠠ ᠶᠢᠨ ᠨᠢᠰᠭᠡᠯ ᠤᠨ ᠪᠠᠭᠤᠳᠠᠯ ᠤᠨ ᠨᠡᠭᠦᠯᠭᠡᠵᠦ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ 3 ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠪᠣᠯᠣᠨ 8 ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠪᠦᠬᠦ ᠣᠷᠣᠨ ᠤ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠶᠡᠷᠦᠩᠬᠡᠢ ᠲᠤᠭ᠎ᠠ ᠶᠢ 29 ᠳᠤ ᠬᠦᠷᠦᠭᠦᠯᠦᠨ᠎ᠡ᠃ ᠲᠣᠮᠣ ᠬᠡᠯᠪᠡᠷᠢ ᠶᠢᠨ ᠤᠰᠤᠨ ᠠᠰᠢᠭᠯᠠᠯᠲᠠ ᠶᠢᠨ  ᠪᠠᠷᠢᠯᠭ᠎ᠠ ᠪᠠᠷ ᠭᠤᠣᠯᠯᠠᠵᠤ᠂ ︽ᠰᠠᠯᠪᠤᠷᠢ ᠵᠢᠵᠢᠭ︾ ᠢᠶᠠᠷ ᠨᠢ ᠬᠠᠷᠢᠯᠴᠠᠨ ᠲᠦᠬᠦᠷᠵᠢᠭᠦᠯᠦᠭᠰᠡᠨ ᠤᠰᠤᠨ ᠤ ᠲᠤᠯᠭᠠᠭᠤᠷᠢᠯᠠᠬᠤ  ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠤᠯᠤᠰ ᠤᠨ ᠲᠦᠯᠦᠪᠵᠢᠭᠦᠯᠭᠡ ᠳᠤ ᠣᠷᠤᠭᠤᠯᠤᠭᠰᠠᠨ 12 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢ ᠭᠤᠣᠯᠳᠠᠯᠭ᠎ᠠ ᠲᠠᠢ ᠠᠬᠢᠭᠤᠯᠤᠨ᠎ᠠ᠃ ᠬᠤᠲᠠ ᠪᠠᠯᠭᠠᠰᠤ ᠶᠢᠨ ᠭᠠᠵᠠᠷ ᠳᠣᠣᠷᠠᠬᠢ ᠬᠤᠭᠤᠯᠠᠢ ᠭᠤᠤᠷᠰᠦ ᠶᠢᠨ ᠲᠣᠣᠷ ᠢ ᠦᠭᠡᠷᠡᠴᠢᠯᠡᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠢᠭᠡ ᠪᠦᠯᠦᠭ ᠬᠤᠳᠠ ᠶᠢᠨ ᠰᠠᠭᠤᠷᠢ ᠪᠡᠯᠡᠳᠭᠡᠮᠵᠢ ᠶᠢᠨ ᠲᠦᠷᠦᠯ ᠵᠦᠢᠯ ᠤᠳ ᠢ ᠲᠦᠷᠭᠡᠳᠭᠡᠨ ᠪᠠᠶᠢᠭᠤᠯᠵᠤ᠂ 700 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠴᠢᠷᠮᠠᠶᠢᠨ ᠪᠡᠶᠠᠯᠡᠭᠦᠯᠦᠨ᠎ᠡ᠃      ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠪᠠᠨ ᠪᠦᠲᠦᠮᠵᠢᠲᠡᠢ ᠦᠷᠭᠡᠳᠭᠡᠨ᠎ᠡ᠃ ᠰᠠᠭᠤᠭᠠᠯᠢ ᠠᠷᠠᠳ ᠤᠨ ᠬᠡᠷᠡᠭᠯᠡᠭᠡ ᠶᠢ ᠵᠣᠷᠢᠬᠵᠢᠭᠤᠯᠬᠤ ᠡᠳ᠋ ᠤᠨ ᠵᠠᠰᠠᠭ ᠭᠠᠶᠢᠯᠢ᠂ ᠢᠲᠡᠭᠡᠮᠵᠢᠲᠦ ᠵᠢᠭᠡᠯᠡᠯᠭᠡ ᠪᠠ ᠢᠲᠡᠭᠡᠮᠵᠢᠲᠦ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡ ᠶᠢ ᠬᠦᠭᠵᠢᠭᠡᠨ᠂ ᠣᠷᠣᠨ ᠰᠠᠭᠤᠴᠠ ᠶᠢᠨ  ᠬᠡᠷᠡᠭᠯᠡᠭᠡ ᠶᠢ ᠨᠡᠮᠡᠭᠳᠡᠬᠦᠯᠵᠦ᠂ ᠰᠤᠷᠭᠠᠨ ᠬᠦᠮᠦᠵᠢᠯ ᠰᠣᠶᠣᠯ ᠪᠡᠶ᠎ᠡ ᠶᠢᠨ ᠲᠠᠮᠢᠷ ᠤᠨ ᠬᠡᠷᠡᠭᠯᠡᠭᠡᠨ ᠢ ᠳᠡᠭᠡᠭᠰᠢᠯᠡᠭᠦᠯᠦᠨ᠂ ᠵᠢᠭᠤᠯᠴᠢᠯᠠᠯ ᠵᠤᠭᠠᠴᠠᠯ ᠤᠨ ᠬᠡᠷᠡᠭᠯᠡᠭᠡ ᠶᠢ ᠳᠡᠰ ᠳᠡᠪᠰᠢᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡ ᠶᠢᠨ ᠬᠡᠷᠡᠭᠯᠡᠭᠡ ᠶᠢ ᠦᠷᠭᠡᠳᠭᠡᠨ᠂ ᠨᠠᠰᠤᠵᠢᠯ ᠡᠷᠡᠭᠦᠯᠵᠡᠯ ᠭᠡᠷ ᠤᠨ ᠠᠳᠠᠯ ᠠᠬᠤᠢ ᠶᠢᠨ ᠦᠢᠯᠡᠴᠢᠯᠡᠭᠡ ᠶᠢᠨ ᠬᠡᠷᠡᠭᠯᠡᠭᠡᠨ ᠳᠤ ᠰᠡᠲᠦᠯᠲᠡ ᠦᠭᠴᠦ᠂ ᠣᠯᠠᠨ ᠲᠠᠯ᠎ᠠ ᠪᠠᠷ ᠲᠤᠯᠭᠠᠭᠤᠷᠢᠯᠠᠭᠰᠠᠨ ᠬᠡᠷᠡᠭᠯᠡᠭᠡ ᠶᠢᠨ ᠨᠡᠮᠡᠭᠳᠡᠯ ᠤᠨ ᠲᠦᠯᠦᠪ ᠪᠠᠶᠢᠳᠠᠯ ᠢ ᠴᠤᠬᠴᠠᠯᠠᠨ ᠪᠠᠶᠢᠭᠤᠯᠤᠨ᠎ᠠ᠃ ᠦᠢᠯᠡᠳᠬᠦᠨ ᠤ ᠶᠠᠰᠦ ᠴᠢᠨᠠᠷ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠴᠡᠭᠴᠡᠯᠡᠨ ᠵᠢᠷᠤᠮᠵᠢᠭᠤᠯᠵᠤ᠂ ᠪᠠᠷᠠᠭᠠᠨ ᠤ ᠦᠨ᠎ᠡ ᠬᠠᠩᠰᠢ ᠶᠢᠨ ᠶᠡᠷᠦᠩᠬᠡᠢ ᠬᠢᠷᠢ ᠬᠡᠮᠵᠢᠶ᠎ᠡ ᠦᠨᠳᠦᠰᠦᠨ ᠳᠡᠭᠡᠨ ᠲᠤᠭᠲᠠᠭᠤᠨ ᠪᠠᠶᠢᠬᠤ ᠶᠢ ᠪᠠᠲᠤᠯᠠᠵᠤ᠂ ᠲᠦᠭᠦᠮ ᠠᠮᠤᠷ ᠲᠦᠪᠰᠢᠨ ᠢᠲᠡᠭᠡᠮᠵᠢᠲᠡᠢ ᠬᠡᠷᠡᠭᠯᠡᠭᠡ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠥᠢᠯᠭᠡᠭᠡᠨ ᠤ ᠠᠷᠭ᠎ᠠ ᠮᠠᠶ᠋ᠢᠭ ᠪᠠ ᠭᠥᠢᠯᠭᠡᠭᠡᠨ ᠤ ᠡᠵᠡᠩᠨᠡᠯᠲᠡ ᠶᠢᠨ ᠪᠠᠶᠢᠳᠠᠯ ᠢ ᠰᠢᠨ᠎ᠡ ᠪᠠᠷ ᠡᠭᠦᠳᠴᠦ᠂  ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠬᠤᠳᠠᠯᠳᠤᠭᠠᠨ ᠤ ᠵᠠᠭᠪᠤᠷ ᠢ ᠶᠡᠬᠡᠪᠡᠷ ᠬᠦᠭᠵᠢᠭᠦᠯᠵᠦ᠂ ᠦᠪᠡᠷᠮᠢᠴᠡ ᠮᠦᠷᠳᠡᠬᠡᠨ ᠣᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠯᠴᠠᠭᠤᠯᠤᠨ᠎ᠠ᠃ ᠵᠢᠭᠤᠯᠴᠢᠯᠠᠯ᠂ ᠰᠣᠶᠣᠯ ᠵᠡᠷᠭᠡ ᠲᠠᠢ ᠬᠤᠯᠪᠣᠭᠳᠠᠬᠤ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠶᠡᠬᠡᠪᠡᠷ ᠨᠡᠭᠡᠭᠡᠨ ᠡᠭᠦᠳᠴᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃      ᠠᠵᠤ ᠠᠬᠤᠢ ᠶᠢᠨ ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢ ᠲᠣᠭᠲᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠨ᠂ ᠠᠵᠤ ᠠᠬᠤᠶᠢᠯᠠᠯ ᠢ ᠬᠠᠪᠰᠤᠷᠴᠤ ᠳᠠᠷᠤᠭᠠᠰᠤ ᠶᠢ ᠨᠢ ᠬᠦᠩᠭᠡᠷᠡᠭᠦᠯᠦᠨ᠂ ᠦᠷ᠎ᠡ ᠠᠰᠢᠭ ᠢ ᠨᠢ ᠨᠡᠮᠡᠭᠳᠡᠭᠦᠯᠦᠨ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠶᠢ ᠲᠣᠭᠲᠠᠪᠤᠷᠢᠵᠢᠭᠤᠯᠤᠨ᠎ᠠ᠃ ᠨᠡᠭᠦᠷᠡᠰᠦᠨ ᠤ ᠭᠠᠷᠤᠯᠲᠠ ᠶᠢ ᠬᠢᠵᠠᠭᠠᠷᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠠᠬᠢᠯᠭᠠᠨ ᠭᠠᠷᠭᠠᠬᠤ ᠨᠡᠭᠦᠷᠡᠰᠦ ᠶᠢᠨ ᠤᠷᠳᠤ ᠬᠤᠭᠤᠴᠠᠭ᠎ᠠ ᠲᠠᠢ ᠲᠣᠭᠲᠠᠭᠤᠨ ᠢᠶᠠᠷ ᠬᠠᠩᠭᠠᠬᠤ ᠬᠤᠷᠰᠢᠯᠴᠠᠭᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠤᠨ᠂ ᠨᠡᠭᠦᠷᠡᠰᠦᠨ ᠤ ᠭᠠᠷᠤᠯᠲᠠ ᠪᠠ ᠪᠣᠷᠤᠯᠠᠭᠤᠯᠬᠤ ᠣᠷᠣᠨ ᠪᠦᠰᠡ ᠶᠢᠨ ᠬᠤᠯᠪᠤᠭᠠᠯᠠᠨ ᠬᠦᠳᠡᠯᠦᠯᠴᠡᠬᠦ ᠲᠤᠭᠲᠠᠴᠠ ᠶᠢ ᠰᠦᠪᠡᠭᠴᠢᠯᠡᠨ ᠪᠠᠶᠢᠭᠤᠯᠵᠤ ᠂ ᠨᠡᠭᠦᠷᠡᠰᠦᠨ ᠤ ᠠᠵᠢᠯ ᠲᠦᠷᠦᠯ ᠤᠨ ᠬᠢᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠴᠠᠬᠢᠯᠭᠠᠨ ᠬᠦᠴᠦᠨ ᠢ ᠶᠡᠷᠦᠩᠬᠡᠶᠢᠯᠡᠨ ᠲᠡᠳᠭᠦᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠦᠲᠥᠮᠵᠢᠲᠡᠢ ᠪᠠᠭᠤᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠨᠠᠷᠢᠨ ᠬᠠᠭᠤᠳᠠᠰᠤ ᠠᠴᠠ ᠭᠠᠳᠠᠭᠤᠷ ᠰᠦᠢᠳᠭᠡᠯ ᠬᠤᠷᠢᠶᠠᠬᠤ ᠵᠦᠢᠯ ᠦᠭᠡᠢ ᠪᠤᠯᠭᠠᠬᠤ ᠶᠢ ᠦᠨᠡᠨᠬᠦ ᠪᠡᠶᠡᠯᠡᠬᠦᠯᠦᠨ᠎ᠠ᠃      ︵ᠬᠤᠶᠠᠷ︶ ᠠᠵᠤ ᠠᠬᠤᠢ ᠶᠢᠨ ᠪᠥᠲᠥᠴᠡ ᠶᠢ ᠬᠦᠴᠦᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠠᠷᠭ᠎ᠠ ᠮᠠᠶ᠋ᠢᠭ ᠢ ᠲᠦᠷᠭᠡᠳᠭᠡᠨ ᠬᠤᠪᠢᠷᠠᠭᠤᠯᠤᠨ᠎ᠠ       ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠬᠡᠪᠡᠷ ᠠᠬᠢᠭᠤᠯᠤᠨ᠎ᠠ᠃ ︽ᠲᠠᠪᠤᠨ ᠲᠤᠮᠤ ᠰᠠᠭᠤᠷᠢᠨ ᠭᠠᠵᠠᠷ ︾ ᠤᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠤᠯᠭᠠᠨ᠂ ᠡᠬᠢ ᠪᠠᠶᠠᠯᠢᠭ ᠤᠨ  ᠶᠡᠷᠦᠩᠭᠡᠶᠢᠯᠡᠨ ᠠᠰᠢᠭᠯᠠᠬᠤ ᠨᠣᠷᠮ᠎ᠠ ᠪᠠ ᠠᠵᠤ ᠦᠢᠯᠡᠰ ᠤᠨ ᠨᠠᠷᠢᠯᠢᠬ ᠭᠦᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯ ᠰᠢᠪᠳᠤᠯᠤᠯᠲᠠ ᠶᠢᠨ ᠴᠢᠭᠯᠡᠯ ᠪᠣᠯᠭᠠᠵᠤ᠂ ᠤᠯᠠᠨ ᠡᠰᠢᠵᠢᠯ ᠲᠠᠢ ᠬᠦᠭᠵᠢᠬᠦ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠰᠢᠨ᠎ᠡ ᠬᠡᠯᠪᠡᠷᠢᠵᠢᠯ ᠢ ᠲᠦᠷᠭᠡᠳᠭᠡᠨ᠂ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠬᠢᠭᠡᠳ ᠲᠤᠤᠷ᠎ᠠ ᠬᠡᠯᠬᠢᠶᠡᠨ ᠤ ᠤᠨᠳᠤᠤᠰᠢᠭᠤᠯᠬᠤ ᠠᠵᠤ ᠠᠬᠤᠶᠢᠯᠠᠯ ᠲᠠᠢ ᠭᠦᠨᠵᠡᠭᠡᠢ ᠬᠠᠮᠵᠢᠯᠴᠠᠬᠤ᠂ ᠪᠠᠶᠢᠯᠳᠤᠬᠤ ᠪᠣᠳᠣᠯᠭ᠎ᠠ ᠪᠠᠷ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠂ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠤᠯᠪᠣᠭᠠᠯᠠᠨ ᠬᠦᠭᠵᠢᠬᠦ ᠶᠢ ᠬᠡᠷᠡᠭᠵᠢᠭᠦᠯᠦᠨ᠂ ᠨᠠᠭᠦᠷᠡᠰᠦ ᠶᠢ ᠲᠣᠬᠠᠢ ᠶᠢᠨ ᠭᠠᠵᠠᠷ ᠲᠤᠨᠢ ᠪᠣᠯᠪᠠᠰᠤᠷᠠᠭᠤᠯᠤᠨ ᠤᠨᠳᠤᠤᠰᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠨᠡᠭᠦᠷᠡᠰᠦ ᠴᠠᠬᠢᠯᠭᠠᠨ ᠲᠡᠮᠦᠷᠯᠢᠭ᠂ ᠨᠡᠭᠦᠷᠡᠰᠦ ᠴᠠᠬᠢᠯᠭᠠᠨ ᠬᠢᠮᠢ᠂ ᠨᠡᠭᠦᠷᠡᠰᠦ ᠴᠠᠬᠢᠯᠭᠠᠨ ᠴᠠᠬᠢᠭᠤᠷ ᠵᠡᠷᠭᠡ ᠣᠨᠴᠠᠯᠢᠭᠳᠤ ᠠᠵᠤ ᠦᠢᠯᠡᠰ ᠤᠨ ᠬᠡᠯᠬᠢᠶ᠎ᠡ ᠶᠢᠨ ᠬᠡᠪᠴᠢᠶ᠎ᠡ ᠶᠢ ᠦᠷᠭᠡᠳᠭᠡᠨ᠂ ᠥᠪᠡᠷ ᠤᠨ ᠥᠷᠲᠡᠭ ᠤᠨ ᠬᠢᠨᠢ ᠥᠷᠢᠰᠥᠯᠳᠥᠭᠡᠨ ᠤ ᠰᠢᠨ᠎ᠡ ᠳᠠᠪᠠᠭᠤᠯᠢᠭ ᠢ ᠪᠣᠢ ᠪᠣᠯᠭᠠᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠪᠠᠨ ᠤᠷᠳᠤᠳᠬᠠᠨ ᠳᠡᠰ ᠳᠡᠪᠰᠢᠬᠦ ᠶᠢ ᠠᠬᠢᠭᠤᠯᠵᠤ᠂ ᠬᠤᠪᠤᠷ ᠰᠢᠷᠦ᠋ᠢᠳᠤ ᠪᠣᠯᠣᠳ᠂ ᠬᠦᠩᠭᠡᠨ ᠴᠠᠭᠠᠨ ᠤ ᠰᠡᠭᠦᠯᠴᠢ ᠶᠢᠨ ᠡᠳ᠋ᠰᠢᠭᠦᠯᠦᠯ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠳᠦᠭᠡᠭᠳᠡᠬᠦᠨ ᠵᠡᠷᠭᠡ ᠳᠤᠮᠳᠠ ᠳᠡᠭᠡᠲᠤ ᠳᠡᠰ ᠤᠨ ᠦᠢᠯᠡᠳᠬᠦᠨ ᠢ ᠲᠦᠷᠭᠡᠳᠭᠡᠨ ᠬᠥᠭᠵᠢᠭᠦᠯᠦᠨ᠎ᠡ᠃ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠡᠪᠴᠢᠶᠡᠵᠢᠯ ᠢ ᠠᠬᠢᠭᠤᠯᠤᠨ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠪᠣᠵᠠᠭᠠᠶᠢᠷᠠᠭᠤᠯᠵᠤ᠂ ᠨᠡᠭᠦᠷᠡᠰᠦ ᠪᠠᠷ ᠠᠯᠺᠧᠨ ᠦᠢᠯᠡᠳᠪᠦᠷᠢᠯᠡᠬᠦ 220 ᠲᠦᠮᠡᠨ ᠲᠤᠨ᠂ ᠨᠡᠭᠦᠷᠡᠰᠦ ᠶᠢ ᠬᠡᠢ ᠪᠣᠯᠭᠠᠬᠤ 280 ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ᠂ ᠨᠡᠭᠦᠷᠡᠰᠦ ᠪᠠᠷ ᠲᠣᠰᠣ ᠦᠢᠯᠡᠳᠪᠦᠷᠢᠯᠡᠬᠦ 416 ᠲᠦᠮᠡᠨ ᠲᠤᠨ ᠤ ᠪᠠᠷᠢᠯᠭ᠎ᠠ ᠶᠢ ᠰᠢᠨ᠎ᠡ ᠪᠠᠷ ᠡᠬᠢᠯᠡᠭᠦᠯᠬᠦ ᠪᠠᠷ ᠴᠢᠷᠮᠠᠶᠢᠨ᠎ᠠ᠃ ᠡᠭᠦᠯᠡᠨ ᠪᠣᠳᠣᠯᠲᠠ ᠪᠠᠷ ᠭᠤᠣᠯᠳᠠᠯᠭ᠎ᠠ ᠪᠣᠯᠭᠠᠭᠰᠠᠨ ᠮᠡᠳᠡᠭᠡ ᠵᠠᠩᠭᠢᠵᠢᠭᠤᠯᠬᠤ ᠰᠠᠭᠤᠷᠢ ᠪᠡᠯᠡᠳᠬᠡᠮᠵᠢ ᠪᠤᠯᠤᠨ ᠥᠢᠯᠡᠴᠢᠯᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠬᠤᠶᠠᠷᠵᠢᠭᠤᠯᠬᠤ︾ ᠶᠢᠨ ᠠᠭᠤᠰᠤᠯᠴᠠᠬᠤ ᠰᠠᠭᠤᠷᠢ ᠶᠢ ᠪᠠᠳᠤᠳᠬᠠᠨ᠎ᠠ᠃ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ᠂ ᠬᠤᠪᠤᠷ ᠰᠢᠷᠤᠢ ᠶᠢᠨ ᠰᠢᠨ᠎ᠡ ᠮᠠᠲ᠋ᠤᠷᠢᠶᠠᠯ᠂ ᠴᠡᠪᠡᠷ ᠡᠨᠧᠷᠭᠢ ᠵᠡᠷᠭᠡ ᠠᠵᠤ ᠦᠢᠯᠡᠰ ᠢ ᠲᠦᠷᠭᠡᠳᠭᠡᠨ ᠬᠦᠭᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ ᠬᠦᠭᠵᠢᠭᠦᠯᠵᠦ᠂ ᠲᠦᠬᠦᠷᠵᠢᠭᠰᠡᠨ᠂ ᠤᠷᠳᠤᠳᠬᠠᠬᠵᠢᠭᠰᠠᠨ ᠪᠠ ᠬᠡᠷᠡᠭᠯᠡᠭᠡᠨ ᠤ ᠦᠢᠯᠡᠴᠢᠯᠡᠭᠡ ᠶᠢ ᠠᠬᠢᠭᠤᠯᠤᠨ᠂ ᠠᠵᠤ ᠦᠢᠯᠡᠰ ᠤᠨ ᠪᠦᠭᠡᠮᠨᠡᠷᠡᠨ ᠬᠥᠭᠵᠢᠬᠦ ᠰᠢᠨ᠎ᠡ ᠪᠠᠶᠢᠳᠠᠯ ᠢ ᠪᠣᠢ ᠪᠣᠯᠭᠠᠨ᠎ᠠ᠃ ᠲᠤᠯᠭᠠᠭᠤᠷᠢ ᠠᠵᠤ ᠦᠢᠯᠡᠰ ᠤᠨ ᠣᠯᠠᠨ ᠡᠰᠢᠵᠢᠯ ᠢ ᠠᠬᠢᠭᠤᠯᠵᠤ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠢ ᠶᠡᠬᠡᠪᠡᠷ ᠬᠦᠭᠵᠢᠬᠦᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠪᠣᠵᠠᠭᠠᠶᠢᠷᠠᠨ ᠬᠦᠴᠦᠷᠭᠡᠭᠵᠢᠭᠦ ᠶᠢ ᠢᠳᠡᠪᠬᠢᠳᠠᠢ ᠳᠡᠳᠬᠦᠨ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃      ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠢ ᠬᠦᠭᠵᠢᠭᠦᠯᠦᠨ ᠪᠣᠵᠠᠭᠠᠶᠢᠷᠠᠭᠤᠯᠤᠨ᠎ᠠ᠃ ᠶᠡᠷᠦᠩᠬᠡᠢ ᠬᠡᠯᠳᠡᠰ ᠤᠨ ᠰᠠᠭᠤᠷᠢᠨ ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠳᠠᠯ ᠦᠢᠯᠡᠰ ᠴᠤᠭᠴᠠᠯᠠᠬᠤ ᠬᠦᠷᠢᠶᠡᠯᠡᠩ ᠲᠣᠭᠤᠷᠢᠭ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠨᠢᠭᠡ ᠪᠦᠯᠦᠭ ᠬᠡᠪᠴᠢᠶ᠎ᠡ ᠪᠠᠷ ᠨᠡᠯᠢᠶᠡᠳ ᠶᠡᠭᠡ᠂ ᠨᠦᠯᠦᠭᠡᠯᠡᠨ ᠳᠠᠶᠢᠴᠢᠯᠠᠬᠤ ᠦᠢᠯᠡᠳᠦᠯ ᠢᠶᠠᠷ ᠨᠡᠯᠢᠶᠡᠳ ᠴᠢᠩᠭ᠎ᠠ ᠪᠣᠯᠬᠤ ᠦᠢᠯᠡᠴᠢᠯᠡᠭᠡ ᠶᠢᠨ ᠦᠢᠯᠡᠰ ᠴᠤᠭᠯᠠᠷᠠᠭᠰᠠᠨ ᠲᠤᠭᠤᠷᠢᠭ ᠢ ᠪᠣᠢ ᠪᠣᠯᠭᠠᠨ᠎ᠠ᠃ ᠦᠢᠯᠡᠴᠢᠯᠡᠭᠡ ᠶᠢᠨ ᠦᠢᠯᠡᠰ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠶᠢᠬᠡᠮ ᠤᠨ ᠬᠢᠨ ᠤ ᠬᠦᠷᠦᠩᠬᠡ ᠮᠦᠡᠭᠬᠦ ᠶᠢ ᠬᠦᠳᠦᠯᠦᠨ ᠵᠢᠯᠤᠭᠤᠳᠴᠤ ᠪᠠᠶᠢᠭᠠᠳ ᠭᠤᠤᠯᠳᠠᠯᠭ᠎ᠠ ᠲᠠᠢ ᠬᠦᠷᠢᠶᠡᠨ ᠳᠤ ᠤᠷᠤᠭᠤᠯᠵᠦ᠂ ᠵᠠᠰᠠᠭ ᠤᠨ ᠣᠷᠳᠣᠨ ᠤ ᠬᠢᠨ ᠨᠡᠶᠢᠭᠡᠮ ᠠᠴᠠ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠠ ᠬᠡᠪᠴᠢᠶ᠎ᠡ ᠪᠠᠨ ᠦᠷᠭᠡᠳᠭᠡᠨ᠎ᠠ᠂ ᠬᠦᠬᠡᠬᠤᠲᠠ ᠳᠠᠬᠢ ᠤᠯᠤᠰ ᠤᠨ ᠦᠢᠯᠡᠴᠢᠯᠡᠭᠡ ᠶᠢᠨ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠢ ᠦᠷᠭᠦᠯᠵᠢᠯᠡᠨ ᠰᠠᠶᠢᠳᠤᠷ ᠠᠳᠬᠤᠵᠤ᠂ ᠥᠪᠡᠷᠳᠡᠭᠡᠨ ᠵᠠᠰᠠᠬᠤ ᠣᠷᠣᠨ ᠤ ᠥᠢᠯᠡᠴᠢᠯᠡᠭᠡ ᠶᠢᠨ ᠦᠢᠯᠡᠰ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠴᠢᠬ ᠢ ᠡᠬᠢᠯᠡᠭᠦᠯᠦᠨ᠎ᠡ᠃ ᠷᠠᠰᠢᠶᠠᠨ ᠳᠠᠬᠢ ᠤᠯᠤᠰ ᠤᠨ ᠵᠢᠭᠤᠯᠴᠢᠯᠠᠯ ᠢᠶᠠᠷ ᠶᠠᠳᠠᠭᠤ ᠶᠢ ᠳᠡᠳᠬᠦᠬᠦ ᠲᠤᠷᠰᠢᠯᠲᠠ ᠶᠢᠨ ᠣᠷᠣᠨ ᠪᠠ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠥᠵᠡᠭᠦᠯᠬᠦ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠳᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠦᠢᠯᠡᠴᠢᠯᠡᠭᠡ ᠶᠢᠨ ᠦᠢᠯᠡᠰ ᠤᠨ ᠭᠠᠳᠠᠬᠰᠢ ᠪᠠᠨ ᠨᠡᠭᠡᠭᠡᠯᠳᠡ ᠲᠠᠢ ᠪᠠᠶᠢᠬᠤ ᠪᠠᠶᠢᠳᠠᠯ ᠢ ᠦᠷᠭᠡᠳᠭᠡᠨ᠂ ᠬᠦᠷᠰᠢ ᠵᠡᠷᠬᠡᠯᠡᠳᠡᠭᠡ ᠮᠣᠵᠢ ᠣᠷᠣᠨ ᠬᠤᠳᠠ ᠵᠢᠴᠢ ᠣᠷᠣᠰ ᠮᠣᠩᠭᠤᠯ ᠵᠡᠷᠭᠡ ᠤᠯᠤᠰ ᠲᠠᠢ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠨ᠎ᠠ᠃      ᠰᠢᠨ᠎ᠡ ᠶᠢ ᠡᠭᠦᠳᠬᠦ ᠴᠢᠳᠠᠪᠤᠷᠢ ᠶᠢᠨ ᠪᠦᠳᠦᠭᠡᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠎ᠠ᠃ ᠰᠢᠨ᠎ᠡ ᠶᠢ ᠡᠭᠦᠳᠬᠦ ᠮᠠᠶ᠋ᠢᠭ ᠤᠨ ᠥᠪᠦᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠳᠦᠷᠬᠡᠳᠬᠡᠨ᠂ ᠠᠵᠤ ᠠᠬᠤᠢ ᠶᠢᠨ ᠨᠡᠮᠡᠭᠳᠡᠯ ᠢ ᠪᠡᠯᠡ ᠣᠷᠤᠭᠤᠯᠤᠯᠲᠠ ᠪᠠ ᠬᠦᠴᠦᠨ ᠵᠦᠢᠯ ᠢᠶᠠᠷ ᠬᠦᠳᠡᠯᠭᠡᠭᠦᠷ ᠪᠣᠯᠭᠠᠵᠤ ᠪᠠᠶᠢᠭᠰᠠᠨ ᠠᠴᠠ ᠪᠠᠨ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠪᠠᠷ ᠲᠠᠮᠵᠢᠨ ᠲᠡᠳᠬᠦᠬᠦ ᠪᠠ ᠬᠦᠳᠦᠯᠦᠨ ᠵᠢᠯᠤᠭᠤᠳᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠳ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠶᠢᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠨᠢᠭᠡ ᠪᠦᠯᠦᠭ ᠭᠤᠣᠯᠯᠠᠬᠤ ᠮᠡᠷᠭᠡᠵᠢᠯ ᠢ ᠡᠵᠡᠮᠰᠢᠭᠰᠡᠨ᠂ ᠠᠵᠢᠯ ᠲᠦᠷᠦᠯ ᠤᠨ ᠬᠦᠭᠵᠢᠯᠲᠡ ᠶᠢ ᠬᠦᠲᠦᠯᠬᠦ ᠰᠢᠨ᠎ᠡ ᠶᠢ ᠡᠭᠦᠳᠬᠦ ᠮᠠᠶ᠋ᠢᠭ ᠤᠨ ᠲᠣᠮᠣ ᠠᠵᠤ ᠠᠬᠤᠶᠢᠯᠠᠯ ᠤᠳ ᠢ ᠪᠠᠶᠢᠭᠤᠯᠵᠤ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠬᠡ ᠲᠠᠢ ᠳᠤᠮᠳᠠ ᠵᠢᠵᠢᠭ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠮᠡᠷᠭᠡᠵᠢᠯ ᠤᠨ ᠰᠢᠨ᠎ᠡ ᠡᠭᠦᠳᠦᠯᠲᠡ ᠶᠢ ᠶᠡᠬᠡᠪᠡᠷ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠰᠬᠠᠢ ᠵᠦᠢᠯᠡᠰ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠪᠡᠷ ᠡᠨᠧᠷᠭᠢ᠂ ᠣᠳᠣ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂  ᠡᠨᠧᠷᠬᠢ ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ᠂ ᠠᠮᠢᠳᠤ ᠪᠣᠳᠤᠰ ᠤᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠠᠬᠢ ᠵᠠᠩᠬᠢᠯᠠᠭ᠎ᠠ ᠶᠢᠨ ᠨᠡᠶᠢᠳᠡᠮ ᠤᠨ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠠᠬᠢᠭᠤᠯᠵᠤ᠂ ᠭᠤᠣᠯ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠢ ᠴᠢᠬᠤᠯᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠭᠡᠮᠵᠢ᠂ ᠰᠢᠨ᠎ᠡ ᠶᠢ ᠡᠭᠦᠳᠬᠦ ᠲᠠᠪᠴᠠᠩ ᠪᠠ ᠠᠴᠢᠶᠠᠯᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠵᠣ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢᠶᠠᠨ ᠦᠭᠡᠷᠡᠴᠢᠯᠡᠵᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠢ ᠶᠢᠨ ᠤᠶᠠᠯᠳᠤᠯ ᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢᠶᠠᠨ ᠬᠤᠪᠢᠷᠠᠭᠤᠯᠬᠤ ᠶᠢ ᠠᠬᠢᠭᠤᠯᠤᠨ᠎ᠠ᠃ ᠮᠡᠳᠡᠯᠭᠡ ᠶᠢᠨ ᠦᠮᠴᠢᠯᠡᠬᠦ ᠡᠷᠬᠡ ᠶᠢᠨ ᠬᠠᠮᠠᠭᠠᠯᠠᠯᠲᠠ ᠪᠠᠨ ᠴᠢᠩᠭᠠᠳᠬᠠᠨ᠂ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠠᠵᠢᠯᠯᠠᠭ᠎ᠠ ᠳᠤ ᠡᠷᠡᠰ ᠴᠣᠬᠢᠯᠲᠠ ᠥᠭᠬᠦᠨ᠎ᠠ᠃ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠲᠠᠯ᠎ᠠ ᠨᠣᠳᠤᠭ ᠤᠨ ᠴᠢᠳᠠᠪᠤᠷᠢᠳᠠᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠰᠢᠨ᠎ᠡ ᠶᠢ ᠡᠭᠦᠳᠴᠦ ᠠᠳᠠᠯ ᠦᠢᠯᠡᠰ ᠴᠤᠬᠴᠠᠯᠠᠬᠤ ᠬᠡᠯᠪᠡᠷᠢ ᠪᠦᠬᠦᠢ ᠳᠡᠭᠡᠲᠤ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠬᠦᠮᠦᠵᠢᠭᠦᠯᠦᠨ ᠪᠤᠶᠢᠵᠢᠭᠤᠯᠬᠤ ᠪᠠ ᠣᠷᠢᠨ ᠣᠷᠤᠭᠤᠯᠤᠨ᠎ᠠ᠃      ︵ᠭᠤᠷᠪᠠ︶ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠦᠳᠦᠭᠡᠨ ᠪᠠᠶᠢᠭᠤᠯᠬᠤ ᠪᠠᠷ ᠭᠤᠤᠯᠳᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠦᠨᠡᠨᠬᠦ ᠬᠤᠪᠢᠷᠠᠭᠤᠯᠤᠨ᠎ᠠ      ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠭᠤᠨ ᠳ᠋ᠥᠩᠰᠢᠭᠤᠷ ᠵᠢᠩ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠲᠦᠯᠦᠪᠵᠢᠭᠦᠯᠭᠡ ᠶᠢ ᠦᠷᠭᠦᠯᠵᠢᠯᠡᠨ ᠬᠡᠷᠡᠭᠵᠢᠭᠦᠯᠵᠦ᠂ ᠪᠦᠬᠦ ᠵᠢᠯ ᠳᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 450 ᠲᠦᠮᠡᠨ ᠮᠦ᠂ ᠦᠨᠳᠦᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ 400 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭ᠎ᠠ ᠲᠠᠷᠢᠬᠤ ᠶᠡᠷᠦᠩᠬᠡᠢ ᠲᠠᠯᠠᠪᠠᠢ ᠶᠢ 8000 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠶᠢ ᠦᠨᠡᠨᠬᠦ ᠪᠠᠲᠤᠯᠠᠵᠤ᠂ ᠶᠡᠷᠦᠩᠬᠡᠢ ᠤᠨᠠᠯᠲᠠ ᠶᠢ 550 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠭᠤᠨ ᠪᠠᠶᠢᠯᠭᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶᠠᠨ ᠤ ᠤᠯᠠᠭᠠᠨ ᠱᠤᠭᠤᠮ ᠪᠠ ᠶᠠᠰᠤ ᠴᠢᠨᠠᠷ ᠤᠨ ᠤᠯᠠ ᠱᠤᠭᠤᠮ ᠢ ᠡᠷᠡᠰ ᠠᠳᠬᠤᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠶᠢ ᠲᠦᠷᠭᠡᠳᠭᠡᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠲᠤᠵᠢᠭᠤᠯᠤᠨ᠎ᠠ᠃ ᠲᠠᠷᠢᠮᠠᠯ ᠤᠨ ᠦᠢᠯᠡᠰ ᠤᠨ ᠪᠦᠲᠦᠴᠡ ᠶᠢ ︽ᠦᠢᠯᠡᠳᠪᠦᠷᠢᠯᠡᠯ ᠢᠶᠠᠷ ᠤᠳᠤᠷᠢᠳᠤᠮᠵᠢ ᠪᠣᠯᠭᠠᠬᠤ︾ ᠠᠴᠠ ︽ᠬᠡᠷᠡᠭᠯᠡᠭᠡ ᠪᠠᠷ ᠤᠳᠤᠷᠢᠳᠤᠮᠵᠢ ᠪᠣᠯᠭᠠᠬᠤ︾ ᠵᠥᠭ ᠬᠤᠪᠢᠷᠠᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠦᠷᠨᠢᠭᠦᠨ ᠪᠠᠶᠢᠭ᠎ᠠ ᠪᠣᠬᠢᠷᠳᠤᠯ ᠦᠭᠡᠢ ᠤᠷᠭᠠᠨᠢᠭ ᠪᠦᠳᠦᠬᠡᠭᠳᠡᠬᠦᠨ ᠢ ᠲᠦᠷᠭᠡᠳᠭᠡᠨ ᠬᠥᠭᠵᠢᠭᠦᠯᠵᠦ᠂ ᠴᠢᠨᠠᠷᠯᠢᠭ ᠦᠨᠳᠦᠷ ᠤᠨᠠᠯᠲᠠ ᠲᠠᠢ ᠦᠨᠳᠦᠷ ᠦᠷ᠎ᠡ ᠠᠰᠢᠭ ᠲᠠᠢ ᠲᠠᠷᠢᠮᠠᠯ ᠤᠨ ᠵᠦᠢᠯ ᠪᠣᠯᠣᠨ ᠲᠡᠵᠢᠭᠡᠯ ᠪᠤᠷᠳᠤᠭ᠎ᠠ ᠶᠢᠨ ᠲᠠᠷᠢᠮᠠᠯ ᠤᠨ ᠲᠠᠯᠠᠪᠠᠢ ᠶᠢ ᠥᠷᠭᠡᠳᠭᠡᠨ᠂ ᠪᠡᠯᠡᠳᠭᠡᠮᠵᠢᠲᠦ ᠲᠠᠷᠢᠶᠠᠯᠠᠩ ᠢᠯᠠᠩᠭᠤᠶ᠎ᠠ ᠲᠤᠮᠤ ᠳᠤᠮᠳᠠ ᠬᠤᠲᠠ ᠶᠢᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠤᠯᠤᠰ ᠤᠨ ᠴᠢᠨᠠᠷᠯᠢᠬ ᠳᠦᠮᠦᠰᠦ ᠶᠢᠨ ᠦᠷ᠎ᠡ ᠶᠢᠨ ᠴᠢᠳᠠᠮᠵᠢᠳᠦ ᠤᠷᠤᠨ ᠪᠤᠯᠤᠨ ᠳᠠᠷᠢᠮᠠᠯ ᠤᠨ ᠵᠦᠢᠯᠡᠰ ᠤᠨ ᠡᠳ᠋ᠰᠢᠬᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠢᠳᠡᠪᠬᠢᠯᠡᠨ ᠴᠢᠷᠮᠠᠶᠢᠨ᠎ᠠ᠃ ︽ᠠᠮᠤ ᠪᠤᠳᠠᠭᠠᠨ ᠤ ᠠᠮᠦᠷ ᠲᠥᠪᠰᠢᠨ ᠤ ᠢᠨᠵᠧᠨᠧᠷᠢᠩ︾ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠮᠤ ᠪᠤᠳᠠᠭ᠎ᠠ ᠶᠢᠨ ᠰᠠᠩ ᠬᠦᠮᠦᠷᠭᠡ ᠪᠣᠯᠣᠨ ᠭᠦᠢᠯᠭᠡᠭᠡᠨ ᠤ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠬᠤᠣᠰ ᠵᠠᠭᠤ ᠶᠢᠨ ᠮᠢᠩᠭᠠᠨ ᠲᠦᠮᠡ︾ ᠶᠢᠨ ᠦᠨᠳᠦᠷ ᠭᠠᠷᠤᠯᠲᠠ ᠡᠭᠦᠳᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠮᠠᠯ ᠤᠨ  ᠪᠤᠳᠠᠭᠠᠯᠢ ᠪᠡᠶ᠎ᠡ ᠶᠢᠨ ᠭᠠᠷᠤᠯᠳᠠ ᠶᠢ ᠳᠡᠭᠡᠭᠰᠢᠯᠡᠭᠦᠯᠵᠦ᠂ ᠦᠷ᠎ᠡ ᠠᠰᠢᠭ ᠢ ᠨᠢ ᠨᠡᠮᠡᠭᠳᠡᠭᠦᠯᠦᠨ᠎ᠡ᠃ ᠲᠠᠷᠢᠶᠠᠯᠠᠬᠤ ᠣᠷᠣᠨ ᠤ ᠮᠠᠯ ᠠᠵᠤ ᠠᠬᠤᠢ ᠶᠢ ᠲᠦᠷᠭᠡᠳᠭᠡᠨ ᠬᠥᠭᠵᠢᠭᠦᠯᠵᠦ᠂ ᠪᠠᠷᠢᠮᠵᠢᠶᠠᠵᠢᠭᠤᠯᠤᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠢᠳᠡᠪᠬᠢᠳᠠᠢ ᠳᠡᠯᠭᠡᠷᠡᠭᠦᠯᠦᠨ᠎ᠡ᠃ ᠪᠡᠯᠴᠢᠬᠡᠷ ᠤᠨ ᠮᠠᠯ ᠠᠵᠤ ᠠᠬᠤᠢ ᠶᠢ ᠲᠣᠭᠲᠠᠭᠤᠨ ᠢᠶᠠᠷ ᠬᠥᠭᠵᠢᠭᠦᠯᠵᠦ᠂ ᠠᠮᠢ ᠠᠬᠤᠢ ᠶᠢᠨ ᠡᠪᠡᠰᠤ ᠪᠡᠯᠴᠢᠭᠡᠷ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠭᠠᠮᠰᠢᠭ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃      ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠨ ᠡᠳ᠋ᠰᠢᠭᠦᠯᠵᠦ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠠᠪᠠᠭᠤᠯᠢᠭ ᠠᠵᠤ ᠦᠢᠯᠡᠰ ᠤᠨ ᠪᠦᠰᠡ ᠶᠢ ᠴᠤᠭᠴᠠᠯᠠᠵᠦ᠂ ᠠᠵᠤ ᠦᠢᠯᠡᠰ ᠤᠨ ᠲᠦᠪᠯᠡᠷᠡᠬᠦ ᠬᠡᠮᠵᠢᠶ᠎ᠠ ᠶᠢ ᠳᠡᠭᠡᠭᠰᠢᠯᠡᠭᠦᠯᠦᠨ᠎ᠡ᠃ ᠬᠦᠲᠦᠴᠢ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠤᠨ ᠪᠣᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠠ᠂ ᠥᠷᠳᠡᠭ ᠤᠨ ᠬᠡᠯᠬᠢᠶ᠎ᠡ ᠵᠡᠷᠭᠡ ᠣᠳᠣ ᠦᠶ᠎ᠡ ᠶᠢᠨ ᠠᠵᠤ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠦᠲᠦᠯᠦᠨ ᠣᠷᠤᠭᠤᠯᠵᠤ᠂ ᠠᠵᠤ ᠦᠢᠯᠡᠰ ᠤᠨ ᠪᠦᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠵᠠᠬ᠎ᠠ ᠳᠡᠯᠭᠡᠭᠦᠷ ᠢᠶᠠᠷ ᠭᠤᠣᠯᠯᠠᠭᠤᠯᠤᠨ ᠤᠳᠤᠷᠢᠳᠴᠤ᠂ ᠵᠠᠰᠠᠭ ᠤᠨ ᠣᠷᠳᠣᠨ ᠬᠦᠲᠦᠯᠦᠨ ᠵᠢᠯᠣᠭᠤᠳᠬᠤ ᠶᠢ ᠪᠠᠷᠢᠮᠲᠠᠯᠠᠵᠤ᠂ ᠬᠦᠲᠦᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠪᠦᠳᠦᠮᠵᠢᠳᠡᠢ ᠠᠰᠢᠭ ᠲᠤᠰᠠ ᠶᠢᠨ ᠬᠤᠯᠪᠤᠯᠳᠤᠭᠰᠠᠨ ᠵᠠᠭᠪᠣᠷ ᠢ ᠭᠠᠵᠠᠷ ᠣᠷᠣᠨ ᠳᠤᠨᠢ ᠲᠣᠬᠢᠷᠠᠭᠤᠯᠤᠨ ᠳᠡᠯᠭᠡᠷᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠣᠳᠣ ᠦᠶ᠎ᠡ ᠶᠢᠨ ᠡᠵᠡᠩᠨᠡᠵᠦ ᠪᠣᠷᠤᠯᠠᠭᠤᠯᠬᠤ ᠰᠢᠰᠲ᠋ᠧᠮᠵᠢ ᠶᠢ ᠪᠠᠶᠢᠭᠤᠯᠤᠨ᠂ ᠮᠠᠯᠴᠢᠨ ᠲᠠᠷᠢᠶᠠᠴᠢᠳ ᠢ ᠠᠵᠤ ᠦᠢᠯᠡᠰᠵᠢᠭᠰᠡᠨ ᠡᠵᠡᠩᠨᠡᠯᠲᠡ ᠠᠴᠠ ᠨᠡᠩ ᠶᠡᠭᠡ ᠠᠰᠢᠭ ᠲᠤᠰᠠ ᠶᠢ ᠬᠦᠷᠲᠡᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠲᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠭ ᠭᠠᠷᠤᠯᠲᠠ ᠶᠢᠨ ᠣᠷᠣᠨ ᠢ ᠬᠠᠮᠠᠭᠠᠯᠠᠬᠤ ᠪᠠ ᠪᠣᠬᠢᠷᠳᠤᠯ ᠦᠭᠡᠢ᠂ ᠣᠷᠭᠠᠨᠢᠭ᠂ ᠣᠯᠠᠨ ᠨᠡᠶᠢᠲᠡ ᠳᠤ ᠬᠤᠣᠷᠳᠠᠭᠳᠠᠯ ᠦᠭᠡᠢ ᠪᠦᠲᠦᠭᠡᠭᠳᠡᠭᠦᠨ ᠤ ᠭᠡᠷᠡᠴᠢᠯᠡᠨ ᠦᠨᠡᠮᠰᠢᠬᠦᠯᠬᠦ ᠠᠵᠢᠯ ᠢ ᠰᠠᠶᠢᠲᠤᠷ ᠬᠢᠵᠦ᠂ ᠨᠡᠩ ᠣᠯᠠᠨ ᠠᠯᠳᠠᠷᠰᠢᠬᠰᠠᠨ ᠨᠡᠷᠡᠲᠦ ᠲᠡᠮᠳᠡᠭᠳᠦ ᠪᠤᠯᠤᠨ ᠭᠠᠵᠠᠷ ᠵᠦᠢ ᠶᠢᠨ ᠲᠡᠮᠳᠡᠭ ᠲᠠᠢ ᠲᠠᠸᠠᠷ ᠤᠨ ᠲᠡᠮᠲᠡᠭ ᠢ ᠪᠤᠶᠢᠵᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠥᠷ ᠲᠥᠪᠰᠢᠨ ᠢ ᠪᠠᠷᠢᠮᠵᠢᠶᠠᠯᠠᠬᠤ ᠰᠢᠰᠲ᠋ᠧᠮᠵᠢ ᠪᠠ ᠮᠦᠷᠳᠡᠨ ᠨᠡᠭᠡᠮᠵᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠵᠦ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠡᠭᠡᠷ᠎ᠡ ᠬᠦᠷᠲᠡᠯᠡᠬᠢ ᠪᠦᠬᠦ ᠶᠠᠪᠤᠴᠠ ᠶᠢ ᠬᠠᠮᠤᠷᠠᠭᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠣᠢ ᠪᠣᠯᠭᠠᠨ᠎ᠠ᠃ ᠤᠯᠤᠰ ᠠᠴᠠ ᠨᠤᠤᠰᠤ ᠨᠤᠯᠤᠤᠷ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠯ ᠳᠤ ᠦᠬᠡᠷᠡᠴᠢᠯᠠᠯᠳᠠ ᠬᠢᠬᠦ ᠲᠤᠷᠰᠢᠯᠳᠠ ᠶᠢᠨ ᠴᠢᠬ ᠢ ᠰᠠᠶᠢᠳᠤᠷ ᠠᠳᠬᠤᠨ᠎ᠠ᠃ ᠮᠠᠯ ᠠᠷᠠᠯᠵᠢᠶᠠᠯᠠᠬᠤ ᠳᠤ ᠠᠯᠪᠠᠳᠠᠯᠭ᠎ᠠ ᠪᠠᠷ ᠬᠢᠵᠢᠭ ᠬᠡᠮ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠬᠦᠯᠵᠦ᠂ ᠠᠮᠢᠲᠠᠨ ᠤ ᠬᠦᠨᠳᠦ ᠬᠡᠴᠡᠭᠦᠦ ᠬᠢᠵᠢᠭ ᠭᠡᠮ ᠪᠣᠯᠣᠨ ᠪᠷᠦ᠋ᠼᠧᠯ ᠡᠪᠡᠳᠴᠢᠨ ᠵᠡᠷᠭᠡ ᠬᠦᠮᠦᠨ ᠮᠠᠯ ᠳᠤ ᠪᠦᠷ ᠬᠠᠯᠳᠠᠪᠤᠷᠢᠯᠠᠳᠠᠭ ᠡᠪᠡᠳᠴᠢᠨ ᠬᠡᠮ ᠤᠨ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃      ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠬ ᠲᠤ ᠰᠢᠨ᠎ᠡ ᠶᠢ ᠡᠭᠦᠳᠦᠨ᠎ᠡ᠃ ᠭᠡᠷ ᠪᠦᠯᠢ ᠶᠢᠨ ᠡᠵᠡᠩᠨᠡᠯᠲᠡ ᠶᠢ ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠣᠯᠠᠨ ᠵᠦᠢᠯ ᠤᠨ ᠬᠡᠯᠪᠡᠷᠢ ᠮᠠᠶ᠋ᠢᠭ ᠤᠨ ᠳᠤᠬᠢᠷᠠᠬᠤ ᠬᠡᠪᠴᠢᠶᠡᠵᠢᠯ ᠤᠨ ᠡᠵᠡᠩᠨᠡᠯᠲᠡ ᠶᠢ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠡᠵᠢᠭᠡᠨ ᠦᠷᠡᠵᠢᠭᠦᠯᠬᠦ ᠲᠤᠮᠤ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠤᠰᠬᠠᠢ ᠠᠵᠢᠯ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠶᠢ ᠶᠡᠬᠡᠪᠡᠷ ᠬᠥᠭᠵᠢᠭᠦᠯᠦᠨ᠂ ᠬᠠᠮᠲᠤ ᠪᠠᠷ ᠡᠵᠡᠩᠨᠡᠬᠦ᠂ ᠬᠤᠷᠰᠢᠵᠤ ᠡᠵᠡᠩᠨᠡᠬᠦ ᠪᠠ ᠠᠵᠤ ᠠᠬᠤᠶᠢᠯᠠᠯ ᠡᠵᠡᠩᠨᠡᠬᠦ ᠶᠢ ᠵᠣᠷᠢᠬᠵᠢᠭᠤᠯᠤᠨ ᠬᠥᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠩᠨᠡᠯᠲᠡ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ ᠭᠠᠵᠠᠷ ᠰᠢᠷᠤᠢ ᠶᠢᠨ ᠡᠷᠬᠡ ᠶᠢ ᠲᠣᠳᠤᠯᠠᠨ ᠳᠠᠩᠰᠠᠯᠠᠵᠤ ᠦᠨᠡᠮᠯᠡᠯ ᠣᠯᠭᠤᠬᠤ ᠳᠤᠷᠰᠢᠯᠳᠠ ᠶᠢᠨ ᠴᠢᠬ ᠪᠤᠯᠤᠨ ᠨᠤᠲᠤᠭ ᠪᠡᠯᠴᠢᠭᠡᠷ ᠤᠨ ᠡᠷᠬᠡ ᠶᠢ ᠲᠣᠳᠤᠯᠠᠨ ᠳᠠᠭᠠᠭᠠᠴᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠭᠠᠵᠠᠷ ᠰᠢᠷᠤᠢ ᠬᠠᠳᠤᠯᠠᠩ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠡᠷᠬᠢᠯᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠢᠯᠠ ᠪᠦᠭᠡᠳ ᠵᠢᠷᠤᠮᠵᠢᠯ ᠲᠠᠢ ᠡᠷᠭᠢᠯᠳᠦᠭᠦᠯᠬᠦ ᠵᠠᠬ᠎ᠠ ᠳᠡᠯᠭᠡᠭᠦᠷ ᠢ ᠪᠦᠷᠢᠨᠰᠢᠭᠦᠯᠦᠨ᠂ ᠡᠷᠬᠢᠯᠳᠦᠬᠦᠯᠬᠦ ᠶᠠᠪᠤᠴᠠ ᠳᠤ ᠭᠠᠷᠤᠬᠰᠠᠨ ᠠᠰᠠᠭᠤᠳᠠᠯ ᠢ ᠴᠢᠬᠤᠯᠠᠴᠢᠯᠠᠬᠤ ᠪᠠ ᠰᠠᠶᠢᠳᠤᠷ ᠰᠢᠢᠳᠪᠦᠷᠢᠯᠡᠵᠦ᠂ ᠥᠷᠭᠡᠨ ᠣᠯᠠᠨ ᠮᠠᠯᠴᠢᠨ ᠲᠠᠷᠢᠶᠠᠴᠢᠳ ᠪᠤᠯᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠪᠡᠯᠡ ᠣᠷᠣᠭᠤᠯᠬᠤ ᠢᠳᠡᠪᠬᠢᠵᠢᠯ ᠢ ᠳᠠᠶᠢᠴᠢᠯᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠡᠷ ᠪᠠᠷᠢᠬᠤ ᠭᠠᠵᠠᠷ ᠤᠨ ᠳᠦᠷᠢᠮ ᠤᠨ ᠦᠭᠡᠷᠡᠴᠢᠯᠡᠯᠲᠡ ᠶᠢᠨ ᠵᠢᠯᠤᠭᠤᠳᠬᠤ ᠰᠠᠨᠠᠯ ᠢ ᠲᠣᠭᠲᠠᠭᠠᠨ᠎ᠠ᠃      ᠤᠰᠤ ᠪᠠᠷ ᠭᠤᠣᠯ ᠪᠣᠯᠭᠠᠭᠰᠠᠨ ᠳᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ︾᠂ ᠪᠢᠯ ᠭᠤᠣᠯ ᠤᠨ ᠤᠰᠤᠨ ᠠᠰᠢᠭᠯᠠᠯᠲᠠ ᠶᠢᠨ ᠭᠦᠢᠰᠦ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠴᠤᠤᠯ ᠭᠤᠣᠯ ᠤᠨ ᠤᠰᠤᠨ ᠴᠦᠬᠦᠷᠦᠮ ᠤᠨ ᠳᠣᠣᠷᠠᠲᠣ ᠤᠷᠤᠰᠬᠠᠯ ᠤᠨ ᠤᠰᠤᠯᠠᠯᠲᠠ ᠶᠢᠨ ᠣᠷᠣᠨ᠂ ᠨᠤᠨ ᠮᠦᠷᠡᠨ ᠤ ᠭᠤᠣᠯ ᠪᠤᠯᠬᠤ ᠤᠷᠤᠰᠬᠠᠯ ᠤᠨ ᠦᠶᠡᠷ ᠰᠡᠷᠭᠡᠶᠢᠯᠡᠬᠦ ᠪᠠ ᠬᠠᠲᠤᠨ ᠭᠤᠣᠯ ᠤᠨ ᠬᠤᠶᠠᠳᠠᠬᠢ ᠬᠤᠭᠤᠴᠠᠭᠠᠨ ᠤ ᠦᠶᠡᠷ ᠰᠡᠷᠭᠡᠶᠢᠯᠡᠬᠦ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠤ᠂ ᠦᠷᠬᠡᠨ ᠶᠡᠭᠡ ᠭᠤᠣᠯ ᠮᠦᠷᠡᠨ ᠤ ᠭᠤᠣᠯ ᠪᠤᠯᠬᠤ ᠰᠠᠯᠪᠤᠷᠢ ᠤᠷᠤᠰᠬᠠᠯ᠂ ᠳᠤᠮᠳᠠ ᠨᠠᠷᠢᠨ ᠭᠤᠣᠯ ᠤᠨ ᠤᠷᠤᠰᠬᠠᠯ ᠢ ᠵᠠᠰᠠᠬᠤ ᠶᠢ ᠴᠢᠩᠭᠠᠳᠬᠠᠨ᠂ ᠠᠭᠤᠯᠠᠨ ᠦᠶᠡᠷ ᠤᠨ ᠭᠠᠮᠰᠢᠭ ᠬᠦᠨᠦᠭᠡᠯ ᠢ ᠰᠡᠷᠭᠡᠶᠢᠯᠡᠨ ᠵᠠᠰᠠᠬᠤ ᠪᠠ ᠭᠡᠮ ᠰᠤᠭᠤᠭ ᠲᠠᠢ ᠤᠰᠤᠨ ᠴᠦᠬᠦᠷᠦᠮ ᠤᠨ ᠲᠥᠭᠰᠢᠭᠦᠷᠢ ᠶᠢ ᠠᠷᠢᠯᠭᠠᠨ ᠪᠠᠬᠢᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠤᠰᠤᠯᠠᠯᠲᠠ ᠶᠢᠨ ᠣᠷᠣᠨ᠂ ᠮᠠᠯᠵᠢᠬᠤ ᠣᠷᠣᠨ ᠵᠢᠴᠢ ᠠᠮᠢ ᠠᠬᠤᠢ ᠶᠢᠨ ᠬᠡᠪᠡᠷᠡᠭ ᠣᠷᠣᠨ ᠤ ᠦᠨᠳᠦᠷ ᠥᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠭᠤᠤᠬᠤ ᠤᠰᠤᠨ ᠤ ᠠᠮᠤᠷ ᠲᠦᠪᠰᠢᠨ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠰᠤ ᠬᠡᠷᠡᠭᠯᠡᠬᠦ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠤᠰᠤᠨ ᠤ ᠬᠡᠷᠡᠭᠯᠡᠬᠦ ᠡᠷᠬᠡ ᠶᠢ ᠠᠶᠢᠮᠠᠭ ᠬᠤᠲᠠ ᠠᠯᠤᠰᠯᠠᠨ ᠰᠢᠯᠵᠢᠭᠦᠯᠦᠨ ᠥᠭᠬᠦ ᠶᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ᠂ ᠴᠠᠬᠢᠯᠭᠠᠨ ᠲᠣᠣᠷ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠦ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠡᠬᠡᠭᠰᠢᠯᠡᠬᠦᠯᠦᠨ᠎ᠠ᠃      ︵ᠳᠥᠷᠪᠠ︶ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠳᠡᠯᠭᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠢ ᠬᠥᠭᠵᠢᠭᠡᠨ᠎ᠡ      ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠳᠠᠬᠢ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠲᠥᠪ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠶᠢᠨ ᠲᠦᠰᠦᠯ ᠤᠨ ᠨᠠᠶᠢᠳᠠᠪᠤᠷᠢᠵᠢᠯ ᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠣᠷᠣᠨ ᠢ ᠤᠷᠢᠳᠠᠪᠠᠷ ᠶᠠᠪᠤᠭᠤᠯᠤᠨ ᠤᠷᠢᠳᠠᠪᠠᠷ ᠲᠣᠷᠰᠢᠬᠤ ᠪᠠᠷ ᠵᠤᠷᠢᠬᠵᠢᠭᠤᠯᠤᠭᠰᠠᠨ ᠭᠤᠷᠪᠠᠨ ᠵᠦᠢᠯ ᠤᠨ ᠭᠤᠣᠯᠳᠠᠯᠭ᠎ᠠ ᠲᠠᠢ ᠦᠭᠡᠷᠡᠴᠢᠯᠡᠯᠲᠡ ᠶᠢ ᠳᠤᠪᠤᠶᠢᠮ᠎ᠠ ᠰᠠᠶᠢᠲᠤᠷ ᠠᠳᠬᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠬᠤ ᠪᠠ ᠳᠣᠷᠤᠭᠰᠢ ᠪᠠᠭᠤᠯᠭᠠᠨ᠂ ᠤᠷᠢᠳᠤᠬᠢ ᠬᠢᠨᠠᠨ ᠵᠥᠪᠰᠢᠶᠡᠷᠡᠬᠦ ᠶᠢ ᠶᠡᠭᠡ ᠬᠡᠪᠴᠢᠶ᠎ᠠ ᠪᠠᠷ ᠪᠠᠭᠠᠰᠬᠠᠵᠤ᠂ ︽ᠭᠤᠷᠪᠠᠨ ᠦᠨᠡᠮᠯᠡᠯ ᠢ ᠨᠢᠭᠡᠳᠬᠡᠨ ᠨᠢᠭᠡ ᠪᠣᠯᠭᠠᠬᠤ︾᠂ ᠰᠦᠯᠵᠢᠶᠡᠨ ᠳᠡᠭᠡᠷ᠎ᠡ ᠬᠠᠮᠲᠤᠷᠠᠨ ᠬᠢᠨᠠᠨ ᠵᠥᠪᠰᠢᠶᠡᠷᠡᠬᠦ ᠵᠡᠷᠭᠡ ᠵᠠᠭᠪᠤᠷ ᠢ ᠳᠡᠯᠭᠡᠷᠡᠭᠦᠯᠦᠨ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ  ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠴᠢᠷ ᠶᠠᠪᠤᠳᠠᠯ ᠵᠦᠪᠳᠡᠯᠴᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠪᠡᠯᠡ ᠣᠷᠤᠭᠤᠯᠤᠭᠰᠠᠨ ᠲᠦᠷᠦᠯ ᠵᠦᠢᠯ ᠳᠠᠬᠢ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠪᠣᠯᠣᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠡᠷᠡᠭᠵᠢᠭᠦᠯᠦᠨ᠎ᠡ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠦᠪᠦᠷ ᠮᠣᠩᠭᠤᠯ ᠤᠨ ᠪᠠᠷᠠᠭᠤᠨ ᠪᠡᠶ᠎ᠠ ᠶᠢᠨ ᠴᠠᠬᠢᠯᠭᠠᠨ ᠲᠣᠣᠷ ᠤᠨ ᠣᠯᠠᠨ ᠲᠡᠰᠢ ᠠᠷᠠᠯᠵᠢᠶᠠᠯᠠᠬᠤ ᠪᠠ ᠦᠪᠦᠷ ᠮᠣᠩᠭᠤᠯ ᠤᠨ ᠵᠡᠭᠦᠨ ᠪᠡᠶ᠎ᠠ ᠶᠢᠨ ᠲᠣᠮᠣ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠩᠭᠠᠬᠤ ᠬᠡᠪᠴᠢᠶᠡᠵᠢᠯ ᠢ ᠥᠷᠭᠡᠳᠭᠡᠨ᠂ ᠦᠪᠦᠷ ᠮᠣᠩᠭᠤᠯ ᠤᠨ ᠪᠠᠷᠠᠭᠤᠨ ᠪᠡᠶ᠎ᠠ ᠶᠢᠨ ᠴᠠᠬᠢᠯᠭᠠᠨ ᠲᠣᠣᠷ ᠤᠨ ᠬᠥᠷᠭᠡᠵᠦ ᠲᠦᠬᠡᠬᠡᠬᠦ ᠴᠠᠬᠢᠯᠭᠠᠨ ᠤ ᠦᠨ᠎ᠡ ᠳᠤ ᠦᠭᠡᠷᠡᠴᠢᠯᠡᠯᠲᠡ ᠬᠢᠬᠦ ᠲᠣᠷᠰᠢᠯᠲᠠ ᠶᠢᠨ ᠴᠢᠬ ᠢ ᠰᠠᠶᠢᠲᠤᠷ ᠬᠢᠵᠤ᠂ ᠬᠤᠤᠯᠢᠨ ᠭᠤᠣᠯ᠂ ᠦᠵᠦᠭᠦᠷ ᠬᠤᠳᠳᠤᠭ ᠤᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠠ᠃ ᠦᠨ᠎ᠡ ᠬᠠᠩᠰᠢ ᠶᠢᠨ ᠪᠣᠢ ᠪᠣᠯᠬᠤ ᠲᠣᠭᠲᠠᠴᠠ ᠳᠤ ᠦᠭᠡᠷᠡᠴᠢᠯᠡᠯᠲᠡ ᠬᠢᠬᠦ ᠪᠠᠨ ᠳᠦᠷᠬᠡᠳᠬᠡᠵᠦ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠶᠢᠨ ᠭᠠᠷᠴᠠᠭ ᠲᠤ ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠲᠡᠮᠦᠷ ᠵᠠᠮ ᠤᠨ ᠪᠠᠷᠠᠭ᠎ᠠ ᠵᠦᠬᠡᠬᠡᠪᠦᠷᠢᠯᠡᠬᠦ ᠦᠨ᠎ᠡ ᠬᠠᠩᠰᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠦᠨ᠎ᠡ ᠬᠠᠩᠰᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠣᠷᠴᠠᠭ ᠤᠨ ᠬᠠᠷᠠᠯᠲᠠᠲᠤ ᠦᠨ᠎ᠡ ᠬᠠᠨᠭ᠍ᠰᠢ ᠳᠤ ᠦᠭᠡᠷᠡᠴᠢᠯᠡᠯᠲᠡ ᠬᠢᠬᠦ ᠲᠣᠷᠰᠢᠯᠲᠠ ᠶᠢᠨ ᠴᠢᠬ ᠤᠨ ᠠᠵᠢᠯ ᠢ ᠰᠠᠶᠢᠳᠤᠷ ᠬᠢᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠰᠠᠶᠢᠵᠢᠷᠠᠭᠤᠯᠵᠤ᠂ ᠤᠨ ᠠᠯᠤᠰᠯᠠᠭᠰᠠᠨ ᠲᠦᠰᠦᠪ ᠤᠨ ᠲᠡᠩᠴᠡᠭᠦᠷᠢᠲᠡᠢ ᠪᠠᠶᠢᠬᠤ ᠲᠣᠭᠲᠠᠴᠠ ᠶᠢ ᠪᠠᠶᠢᠭᠤᠯᠤᠨ᠂ ᠡᠳ᠋ ᠤᠨ ᠵᠠᠰᠠᠭ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠯᠭᠠᠷᠠᠭᠤᠯᠤᠨ ᠵᠢᠷᠤᠮᠵᠢᠭᠤᠯᠵᠤ᠂ ᠵᠠᠰᠠᠭ ᠤᠨ ᠣᠷᠳᠣᠨ ᠤ ᠵᠢᠭᠡᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠮᠦᠩᠭᠦᠨ ᠭᠦᠢᠯᠭᠡᠭᠡᠨ ᠤ ᠬᠦᠷᠢᠶᠡᠨ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠪᠤᠳᠠᠳᠦ ᠴᠤᠬᠴᠠ ᠶᠢᠨ ᠠᠵᠤ ᠠᠬᠤᠢ ᠶᠢᠨ ᠬᠦᠭᠵᠢᠯᠳᠡ ᠳᠤ ᠨᠡᠩ ᠰᠠᠶᠢᠨ ᠢᠶᠠᠷ ᠦᠢᠯᠡᠴᠢᠯᠡᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠠ ᠶᠢ ᠦᠷᠬᠦᠯᠵᠢᠯᠡᠨ ᠠᠬᠢᠭᠤᠯᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠤ᠂ ᠤᠯᠤᠰ ᠤᠨ ᠦᠮᠴᠢᠯᠡᠯᠳᠦ ᠠᠵᠤ ᠠᠬᠤᠢᠢᠯᠠᠯ ᠤᠨ ᠬᠠᠷᠢᠭᠤᠴᠠᠯᠭᠠᠳᠠᠳ ᠤᠨ ᠴᠡᠯᠢᠭ ᠬᠦᠯᠦᠰᠦ ᠶᠢᠨ ᠳᠦᠷᠢᠮ ᠳᠤ ᠦᠭᠡᠷᠡᠴᠢᠯᠡᠯᠳᠡ ᠬᠢᠬᠦ ᠳᠦᠰᠦᠯ ᠢ ᠨᠡᠶᠢᠳᠡᠯᠡᠨ᠎ᠡ᠃      ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠭᠡᠨ᠎ᠡ᠃ ᠤᠯᠤᠰ ᠠᠴᠠ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠧᠢ ᠶᠢ ᠵᠣᠬᠢᠴᠠᠭᠤᠯᠤᠨ ᠬᠥᠭᠵᠢᠭᠦᠯᠬᠦ᠂ ᠬᠥᠬᠡ ᠮᠦᠷᠡᠨ ᠤ ᠠᠵᠤ ᠠᠬᠤᠢ ᠶᠢᠨ ᠪᠦᠰᠡ ᠡᠨᠡ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠬᠡᠳ ᠪᠤᠢ ᠪᠤᠯᠤᠭᠰᠠᠨ ᠳᠣᠬᠢᠶᠠᠯ ᠢ ᠴᠢᠩᠭ᠎ᠠ ᠠᠳᠬᠤᠵᠤ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠲᠣᠭᠲᠠᠭᠠᠭᠳᠠᠭᠰᠠᠨ ᠮᠠᠨ ᠤ ᠣᠷᠣᠨ ᠤ ᠪᠠᠶᠢᠷᠢ ᠲᠤᠭᠲᠠᠭᠠᠯᠲᠠ ᠪᠠᠨ ᠣᠨᠣᠪᠴᠢᠲᠠᠢ ᠡᠷᠢᠵᠦ᠂ ᠤᠯᠤᠰ ᠤᠨ ᠲᠦᠯᠦᠪᠵᠢᠭᠦᠯᠭᠡ ᠯᠦᠭᠡ ᠵᠤᠯᠭᠠᠭᠤᠯᠤᠨ ᠳᠦᠬᠦᠷᠵᠢᠭᠦᠯᠬᠦ ᠶᠢ ᠰᠠᠶᠢᠲᠤᠷ ᠬᠢᠵᠦ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠠᠭᠤᠰᠤᠯᠴᠠᠬᠤ ᠪᠠ ᠦᠢᠯᠡᠴᠢᠯᠡᠬᠦ ᠳᠤᠮᠳᠠ ᠬᠥᠭᠵᠢᠯᠲᠡ ᠶᠢᠨ ᠣᠷᠣᠨ ᠵᠠᠢ ᠪᠠᠨ ᠦᠷᠭᠡᠳᠭᠡᠨ᠎ᠡ᠃ ᠣᠷᠣᠰ ᠮᠣᠩᠭᠤᠯ ᠯᠤᠭ᠎ᠠ ᠬᠠᠮᠲᠤᠷᠠᠨ ᠠᠵᠢᠯᠯᠠᠬᠤ ᠲᠣᠭᠲᠠᠴᠠ ᠳᠤ ᠰᠢᠨ᠎ᠡ ᠶᠢ ᠡᠭᠦᠳᠦᠨ᠎ᠡ᠃ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠬᠡᠷᠡᠭᠵᠢᠭᠦᠯᠬᠦ ᠲᠦᠰᠦᠯ ᠢ ᠨᠠᠶᠢᠷᠠᠭᠤᠯᠤᠨ ᠵᠤᠬᠢᠶᠠᠵᠦ᠂ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠵᠦᠢᠯᠡᠰ ᠪᠣᠯᠣᠨ ᠲᠦᠷᠦᠯ ᠵᠦᠢᠯ ᠢ ᠤᠯᠤᠰ ᠤᠨ ᠳᠡᠭᠡᠳᠦ ᠳᠠᠪᠬᠤᠷᠭ᠎ᠠ ᠶᠢᠨ ᠵᠢᠷᠤᠭᠯᠠᠨ ᠲᠦᠯᠦᠪᠯᠡᠬᠦ ᠳᠤ ᠣᠷᠤᠭᠤᠯᠬᠤ ᠪᠠᠷ ᠴᠢᠷᠮᠠᠶᠢᠨ᠎ᠠ᠃ ᠮᠠᠨᠵᠣᠣᠷ᠂ ᠡᠷᠢᠶᠡᠨ ᠬᠤᠲᠠ ᠳᠠᠬᠢ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠣᠷᠰᠢᠯᠲᠠ ᠶᠢᠨ ᠲᠤᠭᠤᠷᠢᠭ ᠪᠣᠯᠣᠨ ᠬᠦᠯᠦᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠤᠷᠰᠢᠯᠴᠠᠬᠤ ᠬᠤᠰᠢᠭᠤᠴᠢ ᠣᠷᠣᠨ ᠢ ᠳᠦᠷᠬᠡᠬᠡᠨ ᠪᠦᠲᠦᠭᠡᠨ ᠪᠠᠶᠢᠭᠤᠯᠵᠤ᠂ ᠳᠤᠮᠳᠠᠳᠤ ᠮᠣᠩᠭᠤᠯ ᠤᠨ ᠦᠵᠡᠰᠭᠦᠯᠡᠩ ᠢ ᠰᠠᠶᠢᠲᠤᠷ ᠡᠷᠬᠢᠯᠡᠨ᠎ᠡ᠃ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠷᠣᠰ ᠮᠣᠩᠭᠤᠯ ᠯᠤᠭ᠎ᠠ ᠶᠢᠨ ᠰᠠᠭᠤᠷᠢ ᠪᠡᠯᠡᠳᠭᠡᠮᠵᠢ ᠶᠢᠨ ᠬᠤᠯᠪᠣᠭᠠᠯᠠᠨ ᠨᠡᠪᠲᠡᠷᠡᠯᠴᠡᠬᠦ ᠶᠢ ᠢᠳᠡᠪᠬᠢᠳᠠᠢ ᠠᠬᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠶᠠᠪᠤᠯᠴᠠᠭ᠎ᠠ ᠪᠣᠯᠣᠨ ᠠᠵᠢᠯᠳᠠᠨ ᠤ ᠰᠤᠯᠢᠯᠴᠠᠭ᠎ᠠ ᠪᠠᠨ ᠦᠷᠭᠡᠳᠭᠡᠨ᠂ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠬᠠᠮᠵᠢᠯᠴᠠᠭ᠎ᠠ ᠶᠢ ᠳᠦᠷᠬᠡᠳᠬᠡᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠢᠶᠠᠨ ᠰᠢᠯᠵᠢᠭᠦᠯᠬᠦ ᠲᠣᠬᠢᠶᠠᠯ ᠢ ᠠᠳᠬᠤᠵᠤ᠂ ᠤᠯᠠᠭᠠᠨᠴᠠᠪ᠂ ᠤᠯᠠᠭᠠᠠᠬᠠᠳᠠ ᠵᠡᠷᠭᠡ ᠭᠠᠵᠠᠷ ᠰᠢᠯᠵᠢᠭᠦᠯᠦᠭᠰᠡᠨ ᠠᠵᠤ ᠦᠢᠯᠡᠰ ᠤᠨ ᠲᠠᠭᠠᠭᠠᠨ ᠵᠠᠯᠭᠠᠯᠳᠤᠭᠤᠯᠬᠤ ᠰᠠᠭᠤᠷᠢᠨ ᠭᠠᠵᠠᠷ ᠢ ᠲᠦᠷᠭᠡᠳᠭᠡᠨ ᠴᠤᠭᠴᠠᠯᠠᠬᠤ ᠪᠠ ︽ᠤᠭᠤᠷᠴᠠᠭ ᠬᠠᠷᠢᠶ᠎ᠠ ᠭᠠᠵᠠᠷ ᠤᠨ ᠠᠵᠤ ᠠᠬᠤᠢ︾ ᠶᠢ ᠬᠥᠭᠵᠢᠭᠦᠯᠦᠨ᠎ᠡ᠃ ᠪᠡᠭᠡᠵᠢᠩ ᠦᠪᠦᠷ ᠮᠣᠩᠭᠤᠯ ᠤᠨ ᠬᠠᠮᠲᠤᠷᠠᠨ ᠠᠵᠢᠯᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠪᠦᠷ ᠮᠣᠩᠭᠤᠯ ᠱᠠᠨ ᠰᠢ ᠾᠧᠪᠧᠢ ᠶᠢᠨ ᠤᠷᠲᠤ ᠴᠠᠭᠠᠨ ᠬᠡᠷᠡᠮ ᠠᠯᠲᠠᠨ ᠬᠤᠰᠢᠭᠤᠯᠵᠢᠨ ᠬᠤᠷᠰᠢᠯᠴᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠧᠵᠢᠶᠠᠩ ᠤᠨ ᠬᠤᠳᠠᠯᠳᠤᠭᠠᠴᠢᠳ ᠤᠨ ᠠᠵᠤ ᠦᠢᠯᠡᠰ ᠤᠨ ᠬᠦᠷᠢᠶᠡᠯᠡᠩ᠂ ᠤᠷᠳᠤᠰ ᠬᠤᠳᠠ ᠳᠠᠬᠢ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠠᠩ ᠵᠡᠷᠭᠡ ᠵᠠᠭᠪᠣᠷ ᠢ ᠢᠳᠡᠪᠬᠢᠲᠡᠢ ᠳᠡᠯᠭᠡᠷᠡᠭᠦᠯᠵᠦ᠂ ᠠᠵᠤ ᠦᠢᠯᠡᠰ ᠤᠨ ᠲᠠᠭᠠᠭᠠᠨ ᠵᠠᠯᠭᠠᠯᠳᠤᠭᠤᠯᠬᠤ ᠦᠨᠳᠦᠷ ᠲᠥᠪᠰᠢᠨ ᠤ ᠲᠡᠪᠴᠡᠩ ᠢ ᠴᠤᠬᠴᠠᠯᠠᠨ᠎ᠠ᠃ ᠮᠠᠨ ᠤ ᠣᠷᠣᠨ ᠬᠢᠭᠡᠳ ᠭᠠᠳᠠᠷ ᠮᠤᠵᠢ ᠣᠷᠣᠨ ᠬᠤᠲᠠ ᠯᠤᠭ᠎ᠠ ᠲᠣᠭᠲᠠᠭᠰᠠᠨ ᠬᠠᠮᠲᠤᠷᠠᠨ ᠠᠵᠢᠯᠯᠠᠬᠤ ᠬᠡᠯᠡᠯᠴᠡᠭᠡᠷ ᠢ ᠮᠦᠷᠲᠡᠨ ᠨᠠᠶᠢᠳᠠᠪᠤᠷᠢᠵᠢᠭᠤᠯᠵᠤ᠂ ᠬᠠᠮᠲᠤᠷᠠᠨ ᠠᠵᠢᠯᠯᠠᠬᠤ ᠲᠦᠷᠦᠯ ᠵᠦᠢᠯ ᠤᠨ ᠲᠦᠷᠭᠡᠬᠡᠨ ᠨᠠᠶᠢᠳᠠᠪᠤᠷᠢᠵᠢᠬᠤ ᠶᠢ ᠠᠬᠢᠭᠤᠯᠤᠨ᠎ᠠ᠃ ᠪᠦᠬᠦ ᠵᠢᠯ ᠳᠤ ᠤᠯᠤᠰ ᠤᠨ ᠳᠣᠲᠤᠭᠠᠲᠤ ︵ᠣᠷᠣᠨ ᠤ ᠭᠠᠳᠠᠨ᠎ᠠ︶ ᠶᠢᠨ 5000 ᠳ᠋ᠦᠩᠰᠢᠭᠤᠷ ᠲᠦᠭᠦᠷᠢᠭ ᠣᠷᠴᠢᠮ ᠤᠨ ᠪᠡᠯᠡ ᠮᠦᠩᠭᠦ ᠶᠢ ᠣᠷᠣᠭᠤᠯᠵᠤ ᠪᠣᠲᠠᠲᠠᠶᠢᠵᠢᠭᠤᠯᠬᠤ ᠪᠠᠷ ᠴᠢᠷᠮᠠᠶᠢᠨ᠎ᠠ᠃      ︵ᠲᠠᠪᠤ︶ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠣᠷᠣᠨ ᠪᠦᠰᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ      ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢᠨ ᠠᠯᠬᠤᠴᠠ ᠶᠢ ᠳᠦᠷᠬᠡᠳᠬᠡᠨ᠎ᠡ᠃ ᠬᠦᠮᠦᠰ ᠤᠨ ᠬᠤᠲᠠ ᠪᠠᠯᠭᠠᠰᠤᠴᠢᠯᠠᠯᠲᠠ ᠪᠠᠷ ᠭᠤᠣᠯ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ 400 ᠲᠦᠮᠡᠨ ᠬᠦᠮᠦᠨ ᠠᠮᠠ ᠶᠢ ᠬᠤᠲᠠ ᠶᠢᠨ ᠠᠷᠠᠳ ᠪᠣᠯᠭᠠᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠬᠤᠳᠠ ᠳᠤ ᠤᠷᠤᠬᠰᠠᠨ ᠮᠠᠯᠴᠢᠨ ᠳᠠᠷᠢᠶᠠᠴᠢᠨ ᠬᠦᠴᠦ ᠶᠠᠪᠤᠬᠰᠠᠳ ᠵᠢᠴᠢ ᠳᠡᠳᠡᠨᠦᠰ ᠢ ᠳᠠᠭᠠᠯᠳᠤᠨ ᠨᠡᠬᠦᠬᠦᠭᠰᠡᠨ ᠭᠡᠷ ᠪᠦᠯᠢ ᠶᠢᠨ ᠬᠢᠨᠢ ᠬᠤᠳᠠ ᠪᠠᠯᠭᠠᠰᠤ ᠶᠢᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠠᠳᠠᠯᠢ ᠳᠡᠭᠰᠢ ᠪᠠᠷ ᠬᠦᠷᠳᠡᠬᠦ ᠶᠢ ᠪᠠᠳᠤᠯᠠᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ ᠢ ᠬᠠᠮᠤᠷᠬᠤ ᠬᠤᠳᠠ ᠪᠠᠯᠭᠠᠰᠤᠨ ᠤ ᠨᠡᠶᠢᠭᠡᠮ ᠤᠨ ᠪᠠᠳᠤᠯᠠᠭ᠎ᠠ ᠶᠢᠨ ᠬᠡᠮᠵᠢᠶ᠎ᠡ ᠪᠠᠨ ᠦᠷᠭᠡᠳᠭᠡᠵᠦ᠂ ᠳᠠᠭᠠᠯᠳᠤᠨ ᠨᠡᠬᠦᠭᠰᠡᠨ ᠦᠷ᠎ᠡ ᠬᠡᠦᠬᠡᠳ ᠨᠢ ᠳᠤᠬᠠᠢ ᠶᠢᠨ ᠭᠠᠵᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠦᠷᠳᠡᠬᠦ ᠪᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠳᠠ ᠳᠤ ᠤᠷᠤᠯᠴᠠᠬᠤ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠳᠡᠭᠦᠯᠳᠡᠷᠵᠢᠬᠦᠯᠦᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ ᠲᠤ ᠬᠤᠳᠠ ᠪᠠᠯᠭᠠᠰᠤ ᠶᠢᠨ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠬᠦᠷᠳᠡᠭᠡᠬᠦ ᠪᠤᠳᠠᠳᠠᠢ ᠠᠷᠭ᠎ᠠ ᠶᠢ ᠰᠦᠪᠡᠭᠴᠢᠯᠡᠨ᠎ᠡ᠃ ᠡᠷᠦᠬᠡ ᠠᠮᠠ ᠶᠢᠨ ᠳᠦᠷᠢᠮ ᠤᠨ ᠦᠭᠡᠷᠡᠴᠢᠯᠡᠯᠳᠡ ᠶᠢ ᠳᠦᠷᠬᠡᠳᠭᠡᠨ᠂ ᠰᠠᠭᠤᠭᠠᠯᠢ ᠠᠷᠠᠳ ᠤᠨ ᠰᠠᠭᠤᠷᠢᠰᠢᠬᠤ ᠦᠨᠡᠮᠯᠡᠯ ᠤᠨ ᠳᠦᠷᠢᠮ ᠢ ᠪᠠᠶᠢᠭᠤᠯᠵᠤ᠂ ᠳᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠦᠮᠦᠨ ᠠᠮᠠ ᠨᠢ ᠬᠤᠳᠠ ᠪᠠᠯᠭᠠᠰᠤᠨ ᠳᠤ ᠡᠷᠦᠬᠡ ᠠᠮᠠ ᠤᠷᠤᠭᠤᠯᠬᠤ ᠶᠢ ᠳᠦᠷᠦᠯ ᠬᠤᠪᠢᠶᠠᠨ ᠠᠬᠢᠭᠤᠯᠤᠨ᠎ᠠ᠃ ᠤᠷᠢᠳᠠᠪᠠᠷ ᠲᠦᠯᠦᠪᠵᠢᠭᠦᠯᠭᠡ ᠲᠣᠭᠲᠠᠭᠠᠬᠤ ᠶᠢ ᠪᠠᠷᠢᠮᠲᠠᠯᠠᠵᠤ᠂ ᠦᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠤᠷᠰᠢᠯᠲᠠ ᠶᠢᠨ ᠴᠢᠬ ᠤᠨ ᠠᠵᠢᠯ ᠢ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ ᠪᠠᠶᠢᠷᠢᠰᠢᠭᠤᠯᠤᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠤᠮᠤ ᠳᠤᠮᠳᠠ ᠪᠠᠭ᠎ᠠ ᠬᠤᠲᠠ ᠬᠢᠬᠡᠳ ᠪᠠᠭ᠎ᠠ ᠬᠤᠲᠠ ᠪᠠᠯᠭᠠᠰᠤ᠂ ᠠᠵᠤ ᠦᠢᠯᠡᠰ ᠬᠢᠬᠡᠳ ᠬᠤᠲᠠ ᠪᠠᠯᠭᠠᠰᠤ᠂ ᠬᠤᠲᠠ ᠪᠠᠯᠭᠠᠰᠤᠴᠢᠯᠠᠯᠲᠠ ᠬᠢᠬᠡᠳ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠢ ᠬᠥᠭᠵᠢᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠬᠤᠲᠠ ᠶᠢᠨ ᠰᠠᠭᠤᠷᠢ ᠪᠡᠯᠡᠳᠭᠡᠮᠵᠢ ᠶᠢᠨ ᠨᠦᠬᠦᠴᠡᠯ ᠢ ᠬᠦᠴᠦᠯᠡᠨ ᠬᠠᠯᠠᠨ ᠰᠠᠶᠢᠵᠢᠷᠠᠭᠤᠯᠵᠤ᠂ ᠬᠤᠲᠠ ᠶᠢᠨ ᠭᠠᠵᠠᠷ ᠳᠣᠣᠷᠠᠬᠢ ᠬᠤᠭᠤᠯᠠᠢ ᠭᠤᠤᠷᠰᠤ ᠶᠢᠨ ᠲᠣᠣᠷ ᠤᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠬᠤᠭᠤᠯᠠᠢ ᠭᠤᠤᠷᠰᠤ ᠶᠢᠨ ᠲᠤᠤᠷ ᠤᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠳᠤ ᠢᠳᠡᠪᠬᠢᠲᠡᠢ ᠪᠠᠷ ᠰᠢᠨ᠎ᠡ ᠶᠢ ᠡᠭᠦᠳᠴᠦ᠂ ᠣᠨᠴᠠ ᠵᠥᠪᠰᠢᠶᠡᠷᠡᠯ ᠲᠠᠢ ᠡᠵᠡᠩᠨᠡᠯᠲᠡ᠂ ᠪᠡᠯᠡ ᠣᠷᠣᠭᠤᠯᠤᠯᠲᠠ ᠶᠢᠨ ᠨᠦᠬᠦᠪᠦᠷᠢ᠂ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠵᠠᠮ ᠮᠥᠷ ᠢᠶᠠᠷ ᠳᠠᠮᠵᠢᠵᠦ᠂ ᠨᠡᠶᠢᠭᠡᠮ ᠤᠨ ᠬᠦᠷᠦᠩᠭᠡ ᠮᠦᠡᠭᠬᠦ ᠶᠢ ᠬᠤᠲᠠ ᠶᠢᠨ ᠰᠠᠭᠤᠷᠢ ᠪᠡᠯᠡᠳᠭᠡᠮᠵᠢ ᠶᠢᠨ ᠲᠦᠷᠦᠯ ᠵᠦᠢᠯ ᠳᠤ ᠪᠡᠯᠡ ᠣᠷᠤᠭᠤᠯᠬᠤ ᠪᠠᠷ ᠬᠦᠲᠦᠯᠦᠨ ᠵᠢᠯᠤᠭᠤᠳᠴᠤ᠂ ᠬᠤᠲᠠ ᠪᠠᠯᠭᠠᠰᠤ ᠨᠤᠭᠤᠳ ᠤᠨ ᠠᠵᠤ ᠦᠢᠯᠡᠰ ᠪᠣᠯᠣᠨ ᠬᠦᠮᠦᠨ ᠠᠮᠠ ᠶᠢᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠢ ᠬᠦᠳᠦᠯᠦᠨ ᠳᠠᠭᠠᠭᠤᠯᠬᠤ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠰᠠᠭᠤᠷᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠤᠲᠠ ᠶᠢᠨ ᠲᠤᠭ᠎ᠠ ᠪᠠᠷᠢᠮᠲᠠ ᠶᠢᠨ ᠲᠥᠪ ᠢ ᠪᠠᠶᠢᠭᠤᠯᠵᠤ᠂ ᠤᠶᠤᠨᠳᠤ ᠬᠤᠲᠠ᠂ ᠤᠶᠤᠨᠳᠤ ᠨᠡᠶᠢᠭᠡᠮ ᠲᠣᠭᠤᠷᠢᠭ᠂ ᠤᠶᠤᠨᠳᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      ᠰᠢᠶᠠᠨ ᠤ ᠬᠡᠪᠴᠢᠶᠡᠨ ᠤ ᠠᠵᠤ ᠠᠬᠤᠢ ᠪᠤᠯᠤᠨ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ︽ᠠᠵᠦ ᠦᠢᠯᠡᠰ ᠪᠤᠯᠤᠨ ᠬᠤᠲᠠ ᠶᠢ ᠠᠭᠤᠰᠤᠯᠴᠠᠭᠤᠯᠬᠤ︾ ᠢᠶᠠᠷ ᠭᠤᠤᠯᠳᠠᠭᠤᠯᠵᠦ ᠬᠤᠰᠢᠭᠤ ᠰᠢᠶᠠᠨ ᠤ ᠬᠤᠲᠠ ᠪᠣᠯᠣᠨ ᠲᠥᠪ ᠪᠠᠯᠭᠠᠰᠤ ᠶᠢᠨ ᠪᠠᠭᠲᠠᠭᠠᠮᠵᠢ ᠶᠢ ᠥᠷᠭᠡᠵᠢᠭᠦᠯᠵᠦ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠬᠤᠲᠠ ᠬᠦᠳᠡᠭᠡ ᠶᠢ ᠬᠤᠯᠪᠤᠵᠤ᠂ ᠬᠠᠮᠲᠤᠪᠡᠷ ᠪᠠᠶᠢᠭᠤᠯᠵᠤ ᠬᠠᠮᠲᠣᠪᠠᠷ ᠡᠳ᠋ᠯᠡᠬᠦ ᠶᠢ ᠲᠦᠷᠭᠡᠳᠭᠡᠨ᠎ᠠ᠃  ᠰᠢᠶᠠᠨ ᠤ ᠬᠡᠪᠴᠢᠶᠡᠨ ᠤ ᠠᠵᠤ ᠠᠬᠤᠢ ᠶᠢ ᠣᠨᠴᠠᠯᠢᠬᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠬᠡᠪᠴᠢᠶ᠎ᠡ ᠶᠢ ᠦᠷᠭᠡᠳᠭᠡᠬᠦ᠂ ᠨᠡᠷᠡᠲᠦ ᠲᠡᠮᠲᠡᠭᠲᠦ ᠶᠢ ᠠᠯᠳᠠᠷᠰᠢᠭᠤᠯᠬᠤ ᠪᠠ ᠪᠠᠶᠢᠷᠢ ᠰᠤᠯᠪᠢᠴᠠᠨ ᠬᠥᠭᠵᠢᠭᠦᠯᠬᠦ ᠶᠢ ᠨᠢᠭᠡᠲᠦᠯᠲᠡᠢ ᠲᠦᠯᠦᠪᠯᠡᠨ᠂ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠢ ᠲᠦᠷᠭᠡᠳᠭᠡᠨ ᠬᠥᠭᠵᠢᠭᠦᠯᠤᠨ᠎ᠠ᠃ ︽ᠡᠷᠬᠡ ᠶᠢ ᠥᠷᠭᠡᠳᠭᠡᠨ ᠰᠢᠶᠠᠨ ᠢ ᠬᠦᠴᠦᠷᠭᠡᠭᠵᠢᠭᠦᠯᠬᠦ︾ ᠲᠣᠷᠰᠢᠯᠲᠠ ᠶᠢᠨ ᠴᠢᠬ ᠤᠨ ᠠᠵᠢᠯ ᠢ ᠦᠷᠬᠦᠯᠵᠢᠯᠡᠨ ᠰᠠᠶᠢᠳᠤᠷ ᠠᠳᠬᠤᠵᠤ᠂ ᠳᠤᠷᠰᠢᠯᠳᠠ ᠶᠢᠨ ᠴᠢᠬ ᠤᠨ ᠳᠤᠷᠰᠢᠯᠭ᠎ᠠ ᠪᠠᠨ ᠳ᠋ᠦᠡᠭᠨᠡᠵᠤ᠂ ᠳᠣᠷᠤᠭᠰᠢ ᠪᠠᠭᠤᠯᠭᠠᠭᠰᠠᠨ ᠠᠵᠤ ᠠᠬᠤᠢ ᠨᠡᠶᠢᠭᠡᠮ ᠤᠨ ᠬᠠᠮᠢᠶᠠᠷᠤᠯᠲᠠ ᠶᠢᠨ ᠡᠷᠬᠡ ᠮᠡᠳᠡᠯ ᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠨ᠂ ᠰᠢᠶᠠᠨ ᠤ ᠬᠡᠪᠴᠢᠶᠡᠨ ᠤ ᠵᠠᠰᠠᠬᠤ ᠪᠠ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠢ ᠶᠢ ᠲᠡᠳᠬᠦᠬᠦ ᠡᠷᠴᠢᠮ ᠢ ᠴᠢᠩᠭᠠᠷᠠᠭᠤᠯᠤᠨ᠂ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠶᠢᠯᠠᠯ ᠤᠨ ᠣᠨᠴᠤᠭᠤᠢ ᠵᠦᠪᠰᠢᠶᠡᠷᠡᠯ ᠢᠶᠠᠷ ᠡᠵᠡᠩᠨᠡᠬᠦ ᠬᠦᠷᠢᠶᠡᠨ ᠳᠤ ᠣᠷᠣᠬᠤ ᠪᠤᠳᠠᠳᠠᠢ ᠠᠷᠭ᠎ᠠ ᠶᠢ ᠲᠣᠭᠲᠠᠭᠠᠨ᠂ ᠨᠡᠶᠢᠲᠡ ᠶᠢᠨ ᠪᠤᠰᠤ ᠦᠮᠴᠢᠯᠡᠯᠳᠦ ᠡᠳ᠋ ᠬᠦᠷᠦᠩᠭᠡ ᠶᠢᠨ ᠬᠤᠪᠢᠴᠠᠭ᠎ᠠ ᠡᠵᠡᠮᠰᠢᠭᠰᠡᠨ ᠬᠤᠯᠢᠮᠠᠭ ᠦᠮᠴᠢᠯᠡᠯᠲᠦ ᠠᠵᠤ ᠠᠬᠤᠶᠢᠯᠠᠯ ᠢ ᠵᠣᠷᠢᠬᠵᠢᠭᠤᠯᠤᠨ ᠬᠥᠭᠵᠢᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠡᠪᠴᠡᠩ ᠢ ᠲᠡᠭᠦᠯᠳᠡᠷᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠨᠡᠶᠢᠳᠡᠮ ᠬᠠᠷᠠᠭᠠᠯᠵᠠᠬᠤ ᠳᠦᠷᠢᠮ ᠤᠨ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠨ᠂ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠢ ᠶᠢᠨ ᠬᠥᠭᠵᠢᠯᠲᠡ ᠳᠤ ᠰᠢᠨ᠎ᠡ ᠰᠢᠪᠲᠤᠯᠠᠯᠲᠠ ᠲᠠᠢ ᠪᠣᠯᠬᠤ ᠶᠢ ᠠᠬᠢᠭᠤᠯᠤᠨ᠎ᠠ᠃      ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ᠃ ᠭᠤᠣᠯ ᠴᠣᠭᠴᠠᠳᠤ ᠴᠢᠳᠠᠪᠬᠢ ᠣᠷᠣᠨ ᠤ ᠲᠦᠯᠦᠪᠵᠢᠭᠦᠯᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠬᠦ᠂ ᠴᠢᠳᠠᠪᠬᠢ ᠶᠢᠨ ᠪᠠᠶᠢᠷᠢ ᠲᠤᠭᠲᠠᠭᠠᠯᠲᠠ ᠨᠢ ᠲᠤᠳᠤᠷᠬᠠᠢ᠂ ᠡᠬᠢ ᠪᠠᠶᠠᠯᠢᠭ ᠢ ᠦᠨᠳᠦᠷ ᠪᠦᠲᠦᠮᠵᠢᠲᠡᠢ ᠠᠰᠢᠭᠯᠠᠬᠤ᠂ ᠬᠦᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠤᠷᠤᠰᠢᠭᠰᠠᠨ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠢ ᠪᠣᠯᠭᠠᠨ᠎ᠠ᠃ ᠬᠦᠬᠡᠬᠤᠲᠠ ᠪᠣᠭᠤᠳᠤ ᠣᠷᠳᠤᠰ ᠤᠨ ᠨᠢᠭᠡ ᠴᠣᠭᠴᠠᠵᠢᠬᠤ ᠶᠢ ᠬᠦᠴᠦᠳᠠᠢ ᠠᠬᠢᠭᠤᠯᠵᠤ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠤᠷᠢᠳᠴᠢᠯᠠᠨ ᠬᠤᠲᠠᠴᠢᠯᠠᠬᠤ ᠶᠢ ᠪᠡᠶᠡᠯᠡᠭᠦᠯᠦᠨ᠎ᠠ᠃ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠢᠳᠡᠪᠬᠢᠳᠠᠢ ᠠᠬᠢᠭᠤᠯᠵᠤ᠂ ᠣᠷᠣᠨ ᠪᠦᠰᠡ ᠶᠢᠨ ᠳᠣᠲᠤᠷᠠᠬᠢ ᠡᠬᠢ ᠪᠠᠶᠠᠯᠢᠭ ᠤᠨ ᠬᠦᠴᠦᠨ ᠵᠦᠢᠯ ᠢ ᠡᠮᠬᠢᠯᠡᠨ ᠨᠡᠶᠢᠯᠡᠭᠦᠯᠬᠦ ᠪᠠ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠠᠲᠤᠨ ᠭᠤᠣᠯ ᠳᠠᠭᠠᠤ᠂ ᠵᠠᠮ ᠬᠠᠷᠢᠯᠴᠠᠭᠠᠨ ᠤ ᠭᠤᠣᠯ ᠱᠤᠭᠤᠮ ᠳᠠᠭᠠᠤ ᠶᠢᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠰᠠᠴᠤᠷᠠᠭᠠᠨ ᠨᠦᠯᠦᠭᠡᠯᠡᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠡᠭᠦᠨ ᠬᠤᠶᠢᠲᠤ ᠣᠷᠣᠨ ᠤ ᠬᠦᠭᠵᠢᠯᠲᠡ ᠶᠢ ᠳᠡᠮᠵᠢᠬᠦ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠡᠭᠦᠨ ᠪᠡᠶ᠎ᠠ ᠶᠢᠨ ᠠᠶᠢᠮᠠᠭ ᠬᠤᠲᠠ ᠶᠢᠨ ᠳᠦᠷᠬᠡᠨ ᠬᠦᠭᠵᠢᠬᠦ ᠶᠢ ᠠᠬᠢᠭᠤᠯᠤᠨ᠎ᠠ᠃ ᠡᠬᠢ ᠪᠠᠶᠠᠯᠢᠭ ᠤᠨ ᠬᠡᠯᠪᠡᠷᠢ ᠲᠠᠢ ᠭᠠᠵᠠᠷ ᠣᠷᠤᠨ ᠪᠣᠯᠣᠨ ᠰᠢᠭᠤᠢᠢᠳᠤ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠮᠠᠯᠵᠢᠬᠤ ᠬᠤᠰᠢᠭᠤ ᠰᠢᠶᠠᠨ᠂ ᠬᠢᠯᠢ ᠬᠢᠵᠠᠭᠠᠷ ᠢᠶᠠᠷ ᠪᠠᠶᠢᠬᠤ ᠬᠤᠰᠢᠭᠤ ᠬᠤᠲᠠ᠂ ᠭᠤᠷᠪᠠᠨ ᠴᠦᠬᠡᠨ ᠲᠣᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ ᠤ ᠰᠢᠶᠠᠩ ᠪᠣᠯᠣᠨ ᠴᠦᠬᠡᠨ ᠲᠣᠭᠠᠲᠤ ᠦᠨᠳᠦᠰᠦᠲᠡᠨ ᠤ ᠬᠦᠮᠦᠨ ᠠᠮᠠ ᠬᠠᠷᠢᠴᠠᠩᠭᠤᠢ ᠲᠦᠪᠯᠡᠷᠡᠭᠰᠡᠨ ᠭᠠᠵᠠᠷ ᠣᠷᠣᠨ ᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠬᠢᠷᠢ ᠲᠥᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ      ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠳᠦᠷᠢᠮ ᠢ ᠲᠡᠭᠦᠯᠳᠡᠷᠵᠢᠭᠦᠯᠦᠨ᠂ ᠦᠨᠳᠦᠰᠦᠨ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠵᠤ᠂ ᠬᠤᠰᠢᠭᠤ ᠰᠢᠶᠠᠨ ᠤ ᠱᠠᠲᠤᠨ ᠠᠴᠠ ᠳᠣᠷᠤᠭᠰᠢᠬᠢ ᠪᠠᠶᠢᠭᠤᠯᠭ᠎ᠠ ᠶᠢᠨ ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡ ᠪᠠᠷ ᠶᠠᠪᠤᠭᠤᠯᠬᠤ ᠳᠦᠷᠢᠮ ᠢ ᠬᠡᠷᠡᠭᠵᠢᠭᠦᠯᠵᠦ᠂ ᠠᠵᠢᠯᠲᠠᠨ ᠠᠵᠢᠯᠴᠢᠳ ᠤᠨ ᠴᠠᠯᠢᠩ ᠠᠪᠴᠤ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠴᠠᠯᠢᠩ ᠢᠶᠠᠨ ᠬᠠᠮᠲᠤ ᠪᠠᠷ ᠵᠦᠪᠳᠡᠯᠴᠡᠬᠦ ᠶᠢ ᠠᠬᠢᠭᠤᠯᠵᠤ᠂ ᠴᠠᠯᠢᠩ ᠤᠨ ᠬᠠᠮᠤᠭ ᠳᠣᠣᠷ᠎ᠠ ᠪᠠᠷᠢᠮᠵᠢᠶ᠎ᠠ ᠶᠢᠨ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠤᠯᠭᠤᠬᠤ ᠶᠢ ᠬᠦᠲᠦᠯᠦᠨ ᠵᠢᠯᠤᠭᠤᠳᠴᠤ᠂ ᠮᠠᠯᠴᠢᠨ ᠲᠠᠷᠢᠶᠠᠴᠢᠳ ᠲᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠨ᠎ᠠ᠃ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠭᠠᠵᠠᠷ ᠰᠢᠷᠤᠢ ᠲᠠᠲᠠᠪᠤᠷᠢᠯᠠᠵᠦ ᠬᠡᠷ ᠪᠠᠶᠢᠰᠢᠩ ᠢ ᠨᠤᠷᠠᠭᠠᠵᠤ ᠨᠡᠭᠦᠯᠭᠡᠬᠦ ᠳᠤ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠤᠢ᠂ ᠭᠡᠷ ᠪᠠᠷᠢᠬᠤ ᠭᠠᠵᠠᠷ ᠪᠣᠯᠣᠨ ᠬᠠᠮᠲᠤ ᠶᠢᠨ ᠡᠳ᠋ ᠬᠦᠷᠦᠩᠭᠡ ᠶᠢᠨ ᠳᠠᠯ᠎ᠠ ᠪᠠᠷ ᠬᠢ ᠮᠠᠯᠴᠢᠨ ᠲᠠᠷᠢᠶᠠᠴᠢᠳ ᠤᠨ ᠡᠷᠬᠡ ᠠᠰᠢᠭ ᠢ ᠬᠠᠤᠯᠢ ᠶᠤᠰᠤᠭᠠᠷ ᠪᠠᠲᠤᠯᠠᠨ᠎ᠠ      ᠨᠡᠶᠢᠭᠡᠮ ᠤᠨ ᠪᠠᠲᠤᠯᠠᠭ᠎ᠠ ᠶᠢᠨ ᠠᠮᠦᠷ ᠲᠥᠪᠰᠢᠨ ᠤ ᠲᠣᠣᠷ ᠢ ᠨᠢᠭᠲᠠ ᠪᠦᠬᠡᠳ ᠪᠠᠬᠢ ᠪᠠᠶᠢᠭᠤᠯᠤᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠬᠰᠠᠨ ᠠᠵᠢᠯᠲᠠᠨ ᠠᠵᠢᠯᠴᠢᠳ ᠤᠨ ᠦᠨᠳᠦᠰᠦᠨ ᠨᠠᠰᠤᠵᠢᠯ ᠤᠨ ᠮᠦᠡᠭᠬᠦ ᠪᠤᠯᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠦᠩᠭᠦ᠂ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠪᠣᠯᠣᠨ ᠠᠮᠢᠳᠤᠷᠠᠯ ᠤᠨ ᠨᠦᠬᠦᠪᠦᠷᠢ᠂ ᠬᠤᠲᠠ ᠬᠦᠳᠡᠭᠡ ᠳᠠᠬᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠤᠨ ᠨᠦᠬᠦᠪᠦᠷᠢ ᠶᠢᠨ ᠬᠢᠷᠢ ᠬᠡᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠨᠢᠭᠡᠲᠦᠯᠲᠡᠢ ᠲᠦᠯᠦᠪᠯᠡᠬᠦ ᠳᠡᠰ ᠳᠠᠪᠬᠤᠷᠭ᠎ᠠ ᠪᠣᠯᠣᠨ ᠪᠠᠲᠤᠯᠠᠭ᠎ᠠ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠲᠣᠬᠠᠢ ᠦᠪᠡᠷᠲᠡᠭᠡᠨ ᠵᠠᠰᠬᠠᠤ ᠣᠷᠣᠨ ᠤ ᠨᠢᠭᠡᠲᠦᠯᠲᠡᠢ ᠲᠦᠯᠦᠪᠯᠡᠬᠦ ᠬᠠᠮᠢᠶᠠᠷᠤᠯᠲᠠ ᠶᠢᠨ ᠠᠷᠭ᠎ᠠ ᠶᠢ ᠳᠡᠭᠦᠯᠳᠡᠷᠵᠢᠭᠦᠯᠵᠦ᠂ ᠡᠮᠴᠢᠯᠡᠭᠡ᠂ ᠲᠦᠷᠦᠵᠦ ᠪᠤᠶᠢᠵᠢᠭᠤᠯᠬᠤ ᠵᠡᠷᠭᠡ ᠳᠠᠭᠠᠳᠬᠠᠯ ᠢ ᠠᠶᠢᠮᠠᠭ ᠬᠤᠲᠠ ᠶᠢᠨ ᠱᠠᠲᠤᠨ ᠤ ᠬᠢᠨ ᠨᠢᠭᠡᠲᠦᠯᠲᠡᠢ ᠲᠦᠯᠦᠪᠯᠡᠬᠦ ᠶᠢ ᠵᠢᠷᠤᠮᠵᠢᠭᠤᠯᠤᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠲᠤᠬᠠᠢ ᠤᠯᠤᠰ ᠤᠨ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠢᠷᠤᠢ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠳ ᠲᠤ ᠵᠤᠷᠢᠭᠤᠯᠤᠭᠰᠠᠨ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠦᠮᠦᠨ ᠠᠮᠠ ᠶᠢ ᠬᠤᠲᠠ ᠪᠠᠯᠭᠠᠰᠤ ᠶᠢᠨ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠳᠠᠬᠢ ᠬᠦᠨᠳᠤ ᠡᠪᠡᠳᠴᠢᠨ ᠢ ᠡᠮᠴᠢᠯᠡᠬᠦ ᠪᠠᠲᠤᠯᠠᠭ᠎ᠠ ᠶᠢᠨ ᠬᠡᠪᠴᠢᠶ᠎ᠡ ᠶᠢ ᠦᠷᠭᠡᠳᠭᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠤ ᠡᠪᠡᠳᠴᠢᠨ ᠤ ᠡᠮᠴᠢᠯᠡᠬᠦ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠢ ᠵᠤᠯᠭᠠᠯᠲᠤᠭᠤᠯᠬᠤ ᠶᠢ ᠲᠦᠯᠬᠢᠨ ᠠᠬᠢᠭᠤᠯᠵᠤ᠂ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠲᠠᠯ᠎ᠠ ᠪᠠᠷ ᠬᠢ ᠵᠠᠰᠠᠭ ᠤᠨ ᠣᠷᠳᠤᠨ ᠤ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠮᠦᠨ ᠪᠦᠷᠢ ᠵᠢᠯ ᠳᠤ 320 ᠲᠦᠭᠦᠷᠢᠭ ᠪᠠᠶᠢᠭᠰᠠᠨ ᠠᠴᠠ 380 ᠲᠦᠭᠦᠷᠢᠭ ᠪᠣᠯᠭᠠᠨ ᠲᠡᠬᠡᠭᠰᠢᠯᠡᠬᠦᠯᠦᠨ᠎ᠠ᠃ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠢᠶᠠᠷ ᠣᠷᠣᠨ ᠤ ᠬᠢᠵᠠᠭᠠᠷ ᠲᠤᠳᠤᠷᠠᠬᠢ ᠪᠤᠰᠤᠳ ᠭᠠᠵᠠᠷ ᠢᠶᠠᠷ ᠡᠮᠨᠡᠭᠦᠯᠬᠦ ᠳᠤ ᠰᠢᠭᠤᠳ ᠳ᠋ᠦᠩᠨᠡᠨ ᠪᠣᠳᠣᠬᠤ ᠶᠢ ᠪᠡᠶᠡᠯᠡᠭᠦᠯᠦᠨ᠎ᠡ᠃ ᠲᠦᠷ ᠴᠠᠭ ᠤᠨ ᠠᠪᠤᠷᠠᠨ ᠲᠤᠰᠠᠯᠠᠬᠤ ᠪᠠ ᠣᠨᠴᠤᠭᠤᠢ ᠬᠦᠨᠳᠦ ᠡᠪᠡᠳᠴᠢᠨ ᠢ ᠡᠮᠴᠢᠯᠡᠵᠦ ᠠᠪᠤᠷᠠᠨ ᠲᠤᠰᠠᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠬᠦᠴᠢᠷᠳᠡᠯᠲᠡᠢ ᠣᠯᠠᠨ ᠲᠦᠮᠡᠨ ᠢ ᠨᠡᠶᠢᠭᠡᠮ ᠤᠨ ᠬᠢᠨ ᠠᠴᠠ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃      ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠤᠯᠲᠠ ᠶᠢ ᠬᠦᠴᠦᠳᠠᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠠᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠦᠯᠦᠪᠵᠢᠭᠦᠯᠭᠡ ᠶᠢᠨ ᠲᠦᠰᠦᠯ ᠢ ᠬᠢᠨᠠᠮᠠᠭᠠᠢ ᠨᠠᠶᠢᠳᠠᠪᠤᠷᠢᠵᠢᠭᠤᠯᠤᠨ ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠦᠷᠦᠯ ᠵᠦᠢᠯ ᠢ ᠵᠣᠬᠢᠰᠲᠠᠢ ᠪᠠᠶᠢᠷᠢᠯᠠᠭᠤᠯᠤᠨ᠂ ᠪᠠᠷᠢᠯᠭ᠎ᠠ ᠶᠢᠨ ᠠᠵᠢᠯ ᠢ ᠨᠢᠮᠪᠠᠢ ᠵᠣᠬᠢᠶᠠᠨ ᠪᠠᠶᠢᠭᠤᠯᠵᠤ᠂ ᠬᠤᠶᠢᠨᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠦᠪᠡᠷᠲᠡᠭᠡᠨ ᠵᠠᠰᠠᠬᠤ ᠣᠷᠣᠨ ᠤ ᠬᠠᠮᠤᠭ ᠶᠡᠭᠡ ᠶᠡᠷᠦᠩᠬᠡᠶᠢᠯᠡᠭᠰᠡᠨ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨᠬᠦ ᠪᠤᠳᠠᠳᠠᠢ ᠪᠠᠷ ᠴᠢᠩᠭ᠎ᠠ ᠠᠳᠬᠤᠵᠤ᠂ ᠥᠷᠭᠡᠨ ᠣᠯᠠᠨ ᠮᠠᠯᠴᠢᠨ ᠲᠡᠷᠢᠶᠠᠴᠢᠳ ᠲᠤ ᠤᠷᠲᠤ ᠬᠤᠭᠤᠴᠠᠭ᠎ᠠ ᠪᠠᠷ ᠠᠰᠢᠭ ᠲᠤᠰᠠ ᠬᠦᠷᠲᠡᠭᠡᠨ᠎ᠡ᠃ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠠᠷ ᠭᠤᠣᠯᠳᠠᠯᠭ᠎ᠠ ᠪᠣᠯᠭᠠᠨ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ᠂ ᠨᠤᠲᠤᠭ ᠲᠠᠭᠠᠨ ᠪᠣᠴᠠᠵᠤ ᠠᠳᠠᠯ ᠦᠢᠯᠡᠰ ᠴᠣᠭᠴᠠᠯᠠᠬᠤ ᠪᠠ ᠬᠤᠲᠠ ᠪᠠᠯᠭᠠᠰᠤ ᠶᠢᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠦᠮᠦᠰ ᠲᠤ ᠠᠵᠢᠯ ᠣᠯᠭᠤᠬᠤ ᠠᠵᠢᠯ ᠢ ᠨᠢᠭᠡᠲᠦᠯᠲᠡᠢ ᠲᠦᠯᠦᠪᠯᠡᠵᠦ ᠰᠠᠶᠢᠲᠤᠷ ᠬᠢᠨ᠎ᠡ᠃ ᠠᠳᠠᠯ ᠦᠢᠯᠡᠰ ᠴᠣᠭᠴᠠᠯᠠᠬᠤ ᠣᠷᠴᠢᠨ ᠠᠬᠤᠢ ᠶᠢ ᠰᠢᠯᠢᠳᠡᠭᠵᠢᠭᠦᠯᠵᠦ᠂ ᠦᠷᠬᠡᠨ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠬᠤᠲᠠᠯᠠ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠶᠢ ᠳᠠᠶᠢᠴᠢᠯᠠᠨ᠎ᠠ᠃ ᠬᠦᠳᠡᠯᠮᠦᠷᠢ ᠨᠢᠭᠲᠠᠷᠠᠭᠰᠠᠨ ᠬᠡᠯᠪᠡᠷᠢ ᠪᠦᠬᠦᠢ ᠠᠵᠤ ᠦᠢᠯᠡᠰ᠂ ᠦᠢᠯᠡᠴᠢᠯᠡᠭᠡ ᠶᠢᠨ ᠦᠢᠯᠡᠰ ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠬᠦᠴᠦᠳᠠᠢ ᠲᠡᠳᠭᠦᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ︽ᠨᠢᠭᠡ ᠨᠢ ᠴᠦ ᠠᠵᠢᠯ ᠣᠯᠣᠭᠰᠠᠨ ᠦᠭᠡᠢ︾ ᠭᠡᠷ ᠪᠦᠯᠢ ᠶᠢᠨ ᠬᠢᠨ ᠤ ᠬᠦᠳᠡᠯᠦᠩᠭᠦᠢ ᠪᠠᠶᠢᠳᠠᠯ ᠢ ᠦᠬᠡᠶᠢᠰᠬᠡᠬᠦ ᠪᠠᠨ ᠪᠠᠳᠤᠯᠠᠬᠤ᠂ ᠬᠤᠲᠠ ᠪᠠᠯᠭᠠᠰᠤ ᠶᠢᠨ 25 ᠲᠦᠮᠡᠡ ᠬᠦᠮᠦᠨ ᠳᠤ ᠰᠢᠨ᠎ᠡ ᠪᠠᠷ ᠠᠵᠢᠯ ᠣᠯᠭᠤᠬᠤ ᠶᠢ ᠨᠡᠮᠡᠭᠳᠡᠭᠦᠯᠬᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠬᠰᠠᠨ ᠨᠣᠷᠮ᠎ᠡ ᠶᠢ 4% ᠶᠢᠨ ᠲᠣᠳᠤᠷ᠎ᠠ ᠬᠢᠵᠠᠭᠠᠷᠯᠠᠬᠤ ᠬᠠᠷᠠᠯᠲᠠ ᠪᠠᠨ ᠦᠨᠡᠨᠬᠦ ᠪᠠᠳᠤᠯᠠᠨ ᠪᠡᠶᠡᠯᠡᠬᠦᠯᠦᠨ᠎ᠠ᠃ ᠶᠠᠳᠠᠭᠤ ᠶᠢ ᠲᠡᠳᠭᠦᠨ ᠪᠤᠭᠤᠮᠲᠠ ᠰᠢᠪᠲᠤᠯᠠᠬᠤ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠤ᠂ ᠤᠳᠤᠷᠢᠳᠬᠤ ᠺᠠᠳ᠋ᠷᠴᠤᠳ ᠶᠠᠳᠠᠭᠤ ᠬᠦᠴᠢᠷᠳᠡᠯᠲᠡᠢ ᠴᠢᠬ ᠯᠤᠭ᠎ᠠ ᠬᠠᠷᠢᠯᠴᠠᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ ︽ᠭᠤᠷᠪᠠ ᠶᠢ ᠲᠤᠰᠬᠤᠨ ᠬᠢᠭᠡᠳ ᠡᠷᠦᠬᠡ ᠳᠤ ᠬᠦᠷᠭᠡᠬᠦ︾ ᠬᠠᠪᠰᠤᠷᠤᠨ ᠲᠡᠳᠭᠦᠬᠦ ᠠᠵᠢᠯ ᠢ ᠯᠠᠪᠳᠠᠭᠤᠨ ᠪᠠᠲᠤᠲᠠᠢ ᠰᠠᠶᠢᠳᠤᠷ ᠠᠳᠬᠤᠵᠤ᠂ ᠮᠦᠩᠭᠦᠨ ᠭᠦᠢᠯᠭᠡᠭᠡ ᠰᠤᠷᠭᠠᠨ ᠬᠦᠮᠦᠵᠢᠯ ᠪᠠ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠢᠶᠠᠨ ᠦᠨᠡᠨᠬᠦ ᠰᠠᠶᠢᠲᠤᠷ ᠠᠳᠬᠤᠵᠤ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ ᠬᠡᠰᠡᠭᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠣᠷᠣᠨ ᠪᠠ ᠶᠠᠨ ᠱᠠᠨ ᠠᠭᠤᠯᠠ — ᠲᠠᠢ ᠬᠠᠩ ᠱᠠᠨ ᠠᠭᠤᠯᠠ ᠬᠦᠷᠲᠡᠯᠡᠬᠢ ᠬᠡᠰᠡᠭ ᠣᠷᠣᠨ ᠤ ᠶᠠᠳᠠᠭᠤ ᠶᠢ ᠲᠡᠳᠭᠦᠨ ᠪᠣᠭᠤᠮᠲᠠ ᠰᠢᠪᠲᠤᠯᠬᠤ ᠲᠦᠯᠦᠪᠵᠢᠭᠦᠯᠭᠡ ᠶᠢ ᠲᠦᠷᠭᠡᠳᠭᠡᠨ ᠬᠡᠷᠡᠭᠵᠢᠭᠦᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ 40 ᠲᠦᠮᠡ ᠪᠠᠭᠠᠰᠬᠠᠬᠤ ᠪᠠᠨ ᠦᠨᠡᠨᠬᠦ ᠪᠠᠲᠤᠯᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ ᠶᠢᠨ ᠤᠶᠤᠳᠠᠨ ᠤ ᠰᠤᠷᠭᠠᠭᠤᠯᠢ ᠳᠤ ᠣᠷᠣᠬᠤ ᠶᠢ ᠲᠤᠰᠠᠯᠠᠬᠤ ᠪᠠ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭ᠎ᠠ ᠲᠠᠢ ᠭᠡᠷ ᠪᠦᠯᠢ ᠳᠤ ᠳᠤᠯᠠᠭᠠᠯᠠᠯᠭ᠎ᠠ ᠶᠢᠨ ᠨᠡᠭᠦᠷᠡᠰᠦ ᠶᠢ ᠲᠦᠯᠦᠪᠦᠷᠢ ᠦᠭᠡᠢ ᠬᠦᠷᠬᠡᠨ ᠦᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠢᠮᠳᠠ ᠤᠷᠤᠨ ᠰᠠᠭᠤᠴᠠ ᠶᠢᠨ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ ᠬᠢᠮᠳᠠ ᠤᠷᠤᠨ ᠰᠠᠭᠤᠴᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠪᠣᠯᠣᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠠᠯᠬᠤᠴᠠ ᠶᠢ ᠲᠦᠷᠭᠡᠳᠭᠡᠨ᠂ ᠪᠤᠭᠤᠳᠤ ᠶᠢᠨ ᠬᠦᠷᠡᠯ ᠰᠢᠯᠢ᠂ ᠤᠯᠠᠭᠠᠠᠬᠠᠳᠠ ᠶᠢᠨ ᠲᠡᠮᠦᠷ ᠵᠠᠮ ᠤᠨ ᠡᠮᠦᠨ᠎ᠡ᠂ ᠬᠢᠩᠭᠠᠨ ᠠᠶᠢᠮᠠᠭ ᠤᠨ ᠷᠠᠰᠢᠶᠠᠨ ᠵᠡᠷᠭᠡ ᠭᠤᠣᠯᠳᠠᠯᠭ᠎ᠠ ᠲᠠᠢ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠭᠡᠨ ᠵᠠᠰᠠᠬᠤ ᠪᠠᠷᠢᠯᠭ᠎ᠠ ᠶᠢ ᠬᠦᠴᠦ ᠵᠠᠷᠤᠴᠠᠭᠤᠯᠤᠨ ᠰᠠᠶᠢᠲᠤᠷ ᠬᠢᠵᠦ᠂ ᠪᠠᠲᠤᠯᠠᠭ᠎ᠠ ᠶᠢᠨ ᠭᠡᠷ ᠪᠠᠶᠢᠰᠢᠩ ᠤᠨ ᠬᠤᠪᠢᠶᠠᠷᠢᠯᠠᠯᠲᠠ ᠬᠠᠮᠢᠶᠠᠷᠤᠯᠲᠠ ᠶᠢ ᠴᠢᠩᠭᠠᠳᠬᠠᠵᠦ᠂ ᠳᠦᠭᠦᠮ ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠵᠠᠰᠠᠬᠤ ᠪᠠᠨ ᠵᠣᠭᠤᠰᠵᠢᠭᠤᠯᠤᠨ ᠲᠦᠪᠬᠢᠨᠡᠬᠦᠯᠬᠦ ᠶᠢ ᠲᠦᠯᠬᠢᠨ ᠠᠬᠢᠭᠤᠯᠵᠤ᠂ 24.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠬᠢᠮᠳᠠ ᠤᠷᠤᠨ ᠰᠠᠭᠤᠴᠠ ᠶᠢ ᠰᠢᠨ᠎ᠡ ᠪᠠᠷ ᠪᠠᠷᠢᠯᠭ᠎ᠠ ᠡᠬᠢᠯᠡᠭᠦᠯᠬᠦ ᠶᠢ ᠦᠨᠡᠨᠬᠦ ᠪᠠᠲᠤᠯᠠᠵᠤ᠂ 16 ᠲᠦᠮᠡᠨ ᠢᠵᠢ ᠭᠡᠷ ᠪᠠᠶᠢᠰᠢᠩ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠮᠠᠯᠵᠢᠬᠤ ᠲᠠᠷᠢᠶᠠᠯᠠᠬᠤ ᠣᠷᠣᠨ ᠳᠠᠬᠢ 17 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠤᠨ ᠰᠢᠨᠡᠳᠭᠡᠨ ᠵᠠᠰᠠᠬᠤ ᠠᠵᠢᠯ ᠢ ᠪᠡᠶᠡᠯᠡᠭᠦᠯᠦᠨ᠎ᠡ᠃      ︵ᠳᠤᠯᠤᠭ᠎ᠠ︶ ᠰᠤᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠲᠦᠮᠡᠨ ᠤ ᠣᠶᠣᠨ ᠰᠠᠨᠠᠭᠠᠨ ᠤ ᠰᠤᠶᠤᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ      ᠬᠠᠮᠲᠤ ᠶᠢᠨ ᠣᠶᠣᠨ ᠰᠠᠨᠠᠭᠠᠨ ᠤ ᠬᠦᠰᠡᠯᠡᠩ ᠤᠨ ᠣᠷᠣᠨ ᠢ ᠬᠦᠴᠦᠯᠡᠨ ᠪᠦᠲᠦᠭᠡᠨ ᠪᠠᠶᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠪᠣᠯᠣᠨ ᠳᠤᠮᠳᠠᠳᠤ ᠶᠢᠨ ᠵᠡᠭᠦᠳᠦ ᠪᠠᠷ ᠨᠡᠶᠢᠳᠡ ᠤᠯᠠᠨ ᠤ ᠲᠠᠨᠢᠯᠲᠠ ᠶᠢ ᠨᠢᠭᠲᠠᠷᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠬᠦ ᠳᠤ ᠬᠡᠷᠡᠭᠵᠢᠭᠦᠯᠬᠦ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠤᠮᠳᠠᠳᠤ ᠶᠢᠨ ᠵᠡᠭᠦᠳᠦ · ᠬᠠᠷᠢᠭᠤᠴᠠᠯᠭ᠎ᠠ ᠪᠠᠨ ᠭᠦᠢᠴᠡᠳᠭᠡᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠦᠷᠨᠢᠬᠦᠯᠵᠦ᠂ ᠬᠠᠮᠲᠤᠪᠠᠷ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠦᠢᠯᠡᠳᠦᠯᠭᠡ ᠶᠢᠨ ᠱᠠᠭᠠᠷᠳᠠᠯᠭ᠎ᠠ ᠶᠢ ᠳᠣᠪᠤᠶᠢᠯᠭᠠᠵᠤ᠂ ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠬᠵᠢᠭᠤᠯᠤᠨ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠶᠢ ᠪᠤᠢ ᠪᠤᠯᠭᠠᠬᠤ ᠪᠠ ᠦᠢᠯᠡᠳᠦᠯᠭᠡᠵᠢᠬᠦᠯᠬᠦ ᠪᠠᠨ ᠤᠶᠤᠨ ᠤ ᠪᠣᠯᠪᠠᠰᠤᠨ ᠢ ᠴᠤᠭᠴᠠᠯᠠᠬᠤ᠂ ᠤᠯᠠᠨ ᠲᠦᠮᠡᠨ ᠤ ᠰᠤᠶᠤᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠭᠤᠣᠯ ᠬᠥᠭ ᠠᠶᠠᠰ ᠢ ᠴᠤᠤᠷᠢᠶᠠᠳᠠᠭᠤᠯᠤᠨ᠂ ᠢᠳᠡᠪᠬᠢ ᠬᠦᠴᠦᠨ ᠢ ᠨᠢᠭᠲᠠᠷᠠᠭᠤᠯᠵᠤ᠂ ᠠᠷᠠᠳ ᠢᠷᠭᠡᠳ ᠤᠨ ᠶᠤᠰᠤ ᠮᠤᠷᠠᠯ ᠤᠨ ᠬᠡᠪ ᠪᠤᠯᠪᠠᠰᠤᠷᠠᠯ ᠪᠣᠯᠣᠨ ᠨᠡᠶᠢᠭᠡᠮ ᠤᠨ ᠪᠣᠯᠪᠠᠰᠤᠨ ᠤ ᠬᠡᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠤᠶᠤᠨ ᠰᠠᠨᠠᠭᠠᠨ ᠤ ᠬᠦᠳᠡᠯᠭᠡᠬᠦ ᠬᠦᠴᠦᠨ ᠢ ᠬᠥᠭᠵᠢᠭᠡᠨ᠎ᠡ᠃      ᠰᠤᠶᠤᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠣᠯᠠᠨ ᠨᠡᠶᠢᠲᠡ ᠶᠢᠨ ᠰᠤᠶᠣᠯ ᠤᠨ ᠦᠢᠯᠡᠴᠢᠯᠡᠭᠡ ᠶᠢᠨ ᠰᠢᠰᠲ᠋ᠧᠮᠵᠢ ᠶᠢ ᠪᠠᠷᠢᠮᠵᠢᠶᠠᠵᠢᠭᠤᠯᠬᠤ᠂ ᠲᠡᠩᠴᠡᠭᠦᠷᠢᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠂ ᠣᠳᠣ ᠦᠶ᠎ᠡ ᠶᠢᠨ ᠰᠣᠶᠣᠯ ᠤᠨ ᠦᠢᠯᠡᠴᠢᠯᠡᠭᠡ ᠶᠢᠨ ᠰᠢᠰᠲ᠋ᠧᠮᠵᠢ ᠶᠢ ᠴᠤᠬᠴᠠᠯᠠᠬᠤ ᠶᠢᠨ ᠬᠡᠷᠡᠭᠵᠢᠭᠦᠯᠬᠦ ᠰᠠᠨᠠᠯ ᠪᠣᠯᠣᠨ ᠣᠯᠠᠨ ᠨᠡᠶᠢᠲᠡ ᠶᠢᠨ ᠰᠤᠶᠤᠯ ᠤᠨ ᠦᠨᠳᠦᠰᠦᠨ ᠦᠢᠯᠡᠴᠢᠯᠡᠭᠡ ᠶᠢ ᠵᠢᠯᠤᠭᠤᠳᠬᠤ ᠪᠠᠷᠢᠮᠵᠢᠶ᠎ᠠ ᠶᠢ ᠨᠡᠶᠢᠳᠡᠯᠡᠨ᠎ᠡ᠃ ᠰᠤᠶᠤᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠣᠭᠠᠴᠢᠯᠠᠭᠰᠠᠨ ᠨᠣᠮ ᠤᠨ ᠰᠠᠩ ᠵᠡᠷᠭᠡ ᠰᠤᠶᠤᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠲᠤᠭᠠᠴᠢᠯᠠᠭᠰᠠᠨ ᠰᠤᠶᠤᠯ ᠢ ᠮᠤᠩᠭᠤᠯ ᠭᠡᠷ ᠲᠤ ᠣᠷᠤᠭᠤᠯᠬᠤ︾ ᠢᠨᠵᠧᠨᠧᠷᠢᠩ ᠤᠨ ᠬᠠᠮᠤᠷᠬᠤ ᠬᠡᠪᠴᠢᠶ᠎ᠡ ᠶᠢ ᠦᠷᠭᠡᠳᠭᠡᠵᠦ᠂ ᠬᠢᠯᠢ ᠬᠢᠵᠠᠭᠠᠷ ᠤᠨ ᠬᠤᠰᠢᠭᠤ ᠰᠢᠶᠠᠨ ᠨᠤᠭᠤᠳ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠯᠢ ᠬᠢᠵᠠᠭᠠᠷ ᠢᠶᠠᠨ ᠪᠠᠬᠢᠵᠢᠬᠦᠯᠬᠦ ᠢᠨᠵᠧᠨᠧᠷᠢᠩ ᠢ ᠬᠡᠷᠡᠭᠵᠢᠭᠦᠯᠦᠨ᠂ ᠦᠪᠡᠷᠲᠡᠭᠡᠨ ᠵᠠᠰᠠᠬᠤ ᠣᠷᠣᠨ ᠤ  ᠲᠦᠷᠦᠭᠦᠦ ᠪᠦᠯᠦᠭ ᠣᠯᠠᠨ ᠨᠡᠶᠢᠲᠡ ᠶᠢᠨ ᠰᠤᠶᠤᠯ ᠤᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠲᠦᠷᠦᠯ ᠵᠦᠢᠯ ᠤᠳ ᠤᠨ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠰᠣᠳᠣᠨ ᠪᠦᠲᠦᠭᠡᠯ ᠵᠤᠬᠢᠶᠠᠨ ᠪᠦᠲᠦᠭᠡᠵᠤ ᠲᠣᠭᠯᠠᠬᠤ ᠶᠢ ᠲᠡᠳᠭᠦᠵᠦ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ ︽ᠳᠤᠮᠳᠠᠳᠤ ᠶᠢᠨ ᠵᠡᠭᠦᠳᠦ︾ ᠶᠢᠨ ᠭᠤᠣᠯ ᠰᠡᠳᠦᠪᠲᠦ ᠤᠳᠬ᠎ᠠ ᠤᠷᠠᠯᠢᠭ ᠤᠨ ᠵᠤᠬᠢᠶᠠᠨ ᠪᠦᠲᠦᠭᠡᠬᠦ ᠠᠵᠢᠯᠯᠠᠭ᠎ᠠ ᠪᠠᠷ ᠠᠳᠬᠤᠴᠠ ᠪᠣᠯᠭᠠᠨ᠂ ᠦᠪᠦᠷ ᠮᠤᠩᠭᠤᠯ ᠤᠨ ᠰᠤᠶᠤᠯ ᠤᠷᠠᠯᠢᠭ ᠤᠨ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠲᠠᠶᠢᠰᠠᠨ ᠤ ᠵᠦᠴᠦᠭᠡ ᠶᠢᠨ ᠰᠤᠳᠤᠨ ᠪᠦᠳᠦᠭᠡᠯ ᠢ ᠵᠤᠬᠢᠶᠠᠵᠤ ᠪᠦᠲᠦᠭᠡᠬᠦ᠂ ᠲᠠᠯ᠎ᠠ ᠨᠤᠲᠤᠭ ᠤᠨ ᠤᠷᠠᠨ ᠵᠣᠬᠢᠶᠠᠯ ᠤᠨ ᠰᠣᠳᠤᠨ ᠪᠦᠲᠦᠭᠡᠯ ᠵᠤᠬᠢᠶᠠᠬᠤ ᠪᠠ ᠮᠤᠩᠭᠤᠯ ᠬᠡᠯᠡᠨ ᠤ ᠰᠢᠯᠢᠳᠡᠭ ᠵᠣᠬᠢᠶᠠᠯ ᠪᠦᠲᠦᠭᠡᠯ ᠤᠨ ᠣᠷᠴᠢᠭᠤᠯᠬᠤ ᠢᠨᠵᠧᠨᠧᠷᠢᠩ ᠢ ᠦᠷᠭᠦᠯᠵᠢᠯᠡᠨ ᠰᠠᠶᠢᠳᠤᠷ ᠠᠳᠬᠤᠨ᠎ᠠ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠪᠣᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠰᠢᠯᠢᠳᠡᠭ ᠰᠤᠶᠤᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠡᠬᠦᠳᠦᠯᠳᠡ ᠲᠠᠢ ᠪᠠᠷ ᠬᠦᠭᠵᠢᠬᠦ ᠶᠢ ᠠᠬᠢᠭᠤᠯᠤᠨ᠎ᠠ᠃ ᠨᠡᠶᠢᠭᠡᠮ ᠤᠨ ᠰᠢᠨᠵᠢᠯᠡᠬᠦ ᠤᠬᠠᠭᠠᠨ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠠᠵᠤ ᠦᠢᠯᠡᠰ ᠢ ᠴᠡᠴᠡᠭᠯᠡᠨ ᠬᠥᠭᠵᠢᠭᠦᠯᠵᠦ᠂ ᠰᠢᠨ᠎ᠡ ᠮᠠᠶ᠋ᠢᠭ ᠤᠨ ᠵᠠᠭᠤᠴᠢᠯᠠᠭᠤᠷ ᠬᠢᠭᠡᠳ ᠤᠯᠠᠮᠵᠢᠯᠠᠯᠲᠤ ᠵᠠᠭᠤᠴᠢᠯᠠᠭᠤᠷ ᠢ ᠬᠠᠮᠲᠤᠷᠠᠯᠴᠠᠨ ᠬᠦᠳᠦᠯᠦᠯᠴᠡᠵᠦ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃      ᠣᠨᠴᠠᠯᠢᠭ ᠪᠦᠬᠦᠢ ᠰᠤᠶᠤᠯ ᠤᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠪᠠᠷ ᠠᠬᠢᠭᠤᠯᠤᠨ᠎ᠠ᠃ ᠰᠤᠶᠤᠯ ᠤᠨ ᠠᠵᠤ ᠦᠢᠯᠡᠰ ᠤᠨ ᠤᠷᠳᠤᠪᠳᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠦᠯᠦᠪᠵᠢᠭᠦᠯᠭᠡ ᠶᠢ ᠬᠡᠷᠡᠭᠵᠢᠭᠦᠯᠵᠦ᠂ ᠣᠨᠴᠠᠯᠢᠬᠵᠢᠭᠰᠠᠨ᠂ ᠵᠦᠷᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠭᠤᠣᠯᠳᠠᠯᠭ᠎ᠠ ᠲᠠᠢ ᠰᠤᠶᠤᠯ ᠤᠨ ᠠᠵᠤ ᠦᠢᠯᠡᠰ ᠤᠨ ᠲᠦᠷᠦᠯ ᠵᠦᠢᠯ ᠤᠨ ᠬᠦᠮᠦᠷᠭᠡ ᠶᠢ ᠪᠦᠷᠢᠨᠰᠢᠭᠦᠯᠵᠦ᠂ ᠰᠤᠶᠤᠯ ᠤᠨ ᠠᠵᠤ ᠦᠢᠯᠡᠰ ᠤᠨ ᠭᠤᠣᠯ ᠴᠤᠭᠴᠠ ᠶᠢ ᠪᠤᠶᠢᠵᠢᠭᠤᠯᠵᠤ᠂ ᠲᠤᠮᠤ ᠠᠵᠤ ᠠᠬᠤᠶᠢᠯᠠᠯ ᠶᠡᠭᠡ ᠲᠦᠷᠦᠯ ᠵᠦᠢᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠨᠴᠠᠯᠢᠭ ᠪᠦᠬᠦᠢ ᠳᠤᠮᠳᠠ ᠵᠢᠵᠢᠭ ᠪᠢᠴᠢᠯ ᠰᠤᠶᠤᠯ ᠤᠨ ᠠᠵᠤ ᠠᠬᠤᠶᠢᠯᠠᠯ ᠢ ᠲᠡᠳᠭᠦᠨ ᠬᠥᠭᠵᠢᠭᠦᠯᠵᠦ᠂ ᠭᠤᠣᠯᠯᠠᠬᠤ ᠦᠷᠢᠰᠦᠯᠳᠦᠬᠦ ᠬᠦᠴᠦᠨ ᠲᠠᠢ ᠨᠢᠭᠡ ᠪᠦᠯᠦᠭ ᠣᠨᠴᠠᠯᠢᠭ ᠪᠦᠬᠦᠢ ᠰᠤᠶᠤᠯ ᠤᠨ ᠠᠵᠤ ᠠᠬᠤᠶᠢᠯᠠᠯ ᠪᠤᠯᠤᠨ ᠨᠡᠷᠡᠲᠦ ᠲᠡᠮᠲᠡᠭᠲᠦ ᠶᠢ ᠪᠣᠢ ᠪᠣᠯᠭᠠᠨ ᠣᠨᠴᠠᠯᠢᠭ ᠪᠦᠬᠦᠢ ᠨᠢᠭᠡ ᠪᠦᠯᠦᠭ ᠰᠤᠶᠤᠯ ᠤᠨ ᠵᠢᠭᠤᠯᠴᠢᠯᠠᠯ ᠤᠨ ᠲᠦᠷᠦᠯ ᠵᠦᠢᠯ ᠢ ᠬᠦᠲᠦᠯᠦᠨ ᠵᠢᠯᠤᠭᠤᠳᠴᠤ ᠨᠡᠭᠡᠭᠡᠨ ᠬᠥᠭᠵᠢᠭᠦᠯᠦᠨ᠎ᠠ᠃ ᠦᠪᠡᠷᠲᠡᠭᠡᠨ ᠵᠠᠰᠠᠬᠤ ᠣᠷᠣᠨ ᠤ ᠰᠤᠶᠤᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠲᠡᠪᠴᠡᠩ ᠢ ᠪᠠᠶᠢᠭᠤᠯᠵᠤ᠂ ᠰᠤᠶᠤᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠲᠦᠷᠦᠯ ᠤᠨ ᠪᠡᠯᠡ ᠮᠦᠩᠭᠦ ᠶᠢᠨ ᠬᠡᠪᠴᠢᠶ᠎ᠡ ᠶᠢ ᠦᠷᠭᠡᠳᠬᠡᠨ᠎ᠡ᠃      ᠭᠠᠳᠠᠭᠠᠲᠤ ᠯᠤᠭ᠎ᠠ ᠶᠢᠨ ᠰᠤᠶᠤᠯ ᠤᠨ ᠰᠤᠯᠢᠯᠴᠠᠭ᠎ᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠤᠯᠤᠰ ᠠᠴᠠ ᠡᠷᠬᠢᠯᠡᠭᠰᠡᠨ ᠭᠠᠳᠠᠭᠠᠲᠤ ᠯᠤᠭ᠎ᠠ ᠶᠢᠨ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠮᠠᠨ ᠤ ᠣᠷᠣᠨ ᠤ ᠦᠨᠳᠦᠰᠦᠲᠡᠨ ᠤ ᠰᠢᠯᠢᠳᠡᠭ ᠰᠤᠶᠤᠯ ᠤᠨ ᠨᠡᠩ ᠰᠠᠶᠢᠨ ᠢᠶᠠᠷ ᠭᠠᠷᠴᠤ ᠶᠠᠪᠤᠬᠤ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠭᠠᠳᠠᠭᠠᠲᠤ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠲᠣᠬᠠᠢ ᠰᠠᠨᠠᠯ ᠤᠨ ᠱᠠᠭᠠᠷᠳᠠᠯᠭ᠎ᠠ ᠶᠤᠰᠤᠭᠠᠷ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠰᠣᠯᠢᠯᠴᠠᠨ ᠬᠠᠮᠲᠤᠷᠠᠯᠴᠠᠬᠤ ᠬᠦᠷᠢᠶ᠎ᠡ ᠴᠠᠷᠠᠭ᠎ᠠ ᠶᠢ ᠦᠷᠭᠡᠳᠭᠡᠨ᠂ ᠦᠭᠡ ᠬᠡᠯᠡᠨ ᠤ ᠰᠢᠰᠲ᠋ᠧᠮᠵᠢ ᠪᠣᠯᠣᠨ ᠢᠯᠡᠳᠭᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠳᠤᠮᠳᠠᠳᠤ ᠶᠢᠨ ᠪᠣᠯᠣᠨ ᠦᠪᠦᠷ ᠮᠣᠩᠭᠤᠯ ᠤᠨ ᠦᠯᠢᠭᠡᠷ ᠲᠡᠤᠬᠡ ᠶᠢ ᠰᠠᠶᠢᠲᠤᠷ ᠲᠤᠭᠠᠴᠢᠨ ᠤᠬᠠᠭᠤᠯᠤᠨ᠎ᠠ᠃ ᠰᠤᠶᠤᠯ ᠤᠨ ᠦᠢᠯᠡᠳᠭᠦᠨ ᠪᠣᠯᠣᠨ ᠦᠢᠯᠡᠴᠢᠯᠡᠭᠡᠨ ᠤ ᠭᠠᠳᠠᠭᠠᠲᠤ ᠭᠠᠷᠭᠠᠯᠲᠠ ᠶᠢ ᠦᠷᠭᠡᠳᠭᠡᠨ᠂ ᠲᠠᠯ᠎ᠠ ᠨᠤᠲᠤᠭ ᠤᠨ ᠰᠤᠶᠤᠯ ᠤᠨ ᠭᠠᠳᠠᠭᠠᠲᠤ ᠳᠠᠬᠢ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃      ︵ᠨᠠᠢᠮᠠ︶ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠦᠨ᠎ᠡ      ᠨᠡᠶᠢᠭᠡᠮ ᠤᠨ ᠡᠯ᠎ᠡ ᠵᠦᠢᠯ ᠤᠨ ᠦᠢᠯᠡᠰ ᠢ ᠳᠦᠷᠬᠡᠳᠬᠡᠨ ᠬᠦᠭᠵᠢᠬᠦᠯᠦᠨ᠎ᠡ᠃ ᠰᠤᠷᠭᠠᠨ ᠬᠦᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠡᠢ ᠬᠥᠭᠵᠢᠭᠦᠯᠬᠦ ᠲᠣᠬᠠᠢ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ᠢ ᠨᠠᠶᠢᠳᠠᠪᠤᠷᠢᠵᠢᠭᠤᠯᠤᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠭᠦᠯᠬᠦ ᠬᠤᠰᠢᠭᠤ ᠰᠢᠶᠠᠨ ᠳᠠᠬᠢ ᠬᠠᠮᠤᠷᠬᠤ ᠬᠡᠪᠴᠢᠶ᠎ᠠ ᠶᠢ ᠥᠷᠭᠡᠳᠭᠡᠨ᠎ᠡ ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠦᠨᠳᠦᠰᠦᠲᠡᠨ ᠤ ᠰᠤᠷᠭᠠᠨ ᠬᠦᠮᠦᠵᠢᠯ᠂ ᠣᠨᠴᠤᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠪᠣᠯᠣᠨ ᠥᠷᠭᠦᠯᠵᠢᠯᠡᠭᠰᠡᠨ ᠰᠤᠷᠭᠠᠨ ᠬᠦᠮᠦᠵᠢᠯ ᠤᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠬᠤ᠂ ᠣᠨᠴᠠᠯᠢᠬᠵᠢᠭᠤᠯᠬᠤ ᠪᠠ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠠᠭᠤᠯᠣᠭᠳᠠᠬᠤᠨᠲᠤ ᠮᠠᠶ᠋ᠢᠭ ᠤᠨ ᠬᠦᠭᠵᠢᠯᠳᠡ ᠶᠢ ᠠᠬᠢᠭᠤᠯᠵᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠢᠳᠡᠪᠬᠢᠲᠡᠢ ᠪᠠᠷ ᠴᠤᠬᠴᠠᠯᠠᠬᠤ᠂ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢᠨ ᠲᠣᠬᠠᠢ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠨᠡᠶᠢᠲᠡᠯᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠬᠥᠭᠵᠢᠯᠲᠡ ᠶᠢ ᠶᠡᠬᠡᠪᠡᠷ ᠬᠦᠭᠵᠢᠬᠦᠯᠵᠦ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠪᠣᠯᠣᠨ ᠠᠶᠢᠮᠠᠭ ᠬᠤᠲᠠ᠂ ᠬᠤᠰᠢᠭᠤ ᠰᠢᠶᠠᠨ ᠵᠢᠴᠢ ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢᠨ ᠬᠦᠮᠦᠨ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠶᠢ 40 ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠡᠮ ᠤᠨ ᠵᠦᠢᠯ ᠤᠨ ᠦᠨᠳᠦᠰᠦᠨ ᠳᠦᠷᠢᠮ ᠪᠣᠯᠣᠨ ᠦᠨᠳᠦᠰᠦᠨ ᠱᠠᠲᠤᠨ ᠤ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠪᠠᠬᠢᠵᠢᠭᠦᠯᠵᠦ᠂ ᠡᠮ ᠤᠨ ᠵᠦᠢᠯ ᠤᠨ ᠦᠨᠳᠦᠰᠦᠨ ᠳᠦᠷᠢᠮ ᠤᠨ ᠬᠡᠷᠡᠭᠵᠢᠭᠦᠯᠬᠦ ᠬᠡᠪᠴᠢᠶ᠎ᠡ ᠶᠢ ᠦᠷᠭᠡᠳᠭᠡᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠬᠦᠨᠳᠦ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠦᠨᠳᠦᠰᠦᠨ ᠱᠠᠳᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠳᠠᠨ ᠢ ᠬᠦᠮᠦᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠳᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠪᠠᠶᠢᠭᠤᠯᠤᠮᠵᠢ ᠶᠢᠨ ᠳᠡᠩᠴᠡᠭᠦᠷᠢᠵᠢᠯ ᠢ ᠳᠦᠯᠬᠢᠨ ᠠᠬᠢᠭᠤᠯᠬᠤ ᠳᠤ ᠴᠢᠳᠠᠪᠤᠷᠢᠳᠠᠨ ᠤ ᠪᠠᠳᠤᠯᠠᠭ᠎ᠠ ᠬᠠᠨᠭ᠍ᠭᠠᠨ ᠦᠭᠬᠦᠨ᠎ᠡ᠃ ᠣᠷᠣᠯᠳᠤᠭᠠᠨ ᠤ ᠪᠡᠶ᠎ᠡ ᠶᠢᠨ ᠲᠠᠮᠢᠷ ᠬᠢᠭᠡᠳ ᠣᠯᠠᠨ ᠲᠦᠮᠡᠨ ᠤ ᠪᠡᠶ᠎ᠡ ᠶᠢᠨ ᠲᠠᠮᠢᠷ ᠤᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠵᠤ᠂ ᠪᠡᠶ᠎ᠡ ᠶᠢᠨ ᠲᠡᠮᠢᠷ ᠤᠨ ᠠᠵᠤ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠳᠡᠭᠡᠭᠰᠢᠯᠡᠬᠦᠯᠵᠦ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ ᠬᠥᠯ ᠪᠦᠮᠪᠦᠭᠡ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠭᠦᠢᠴᠡᠳᠬᠡᠵᠦ᠂ ᠤᠯᠤᠰ ᠤᠨ ︵ᠤᠮᠠᠷᠠᠲᠤ ᠣᠷᠣᠨ︶ ᠬᠥᠯ ᠪᠦᠮᠪᠦᠭᠡ ᠶᠢᠨ ᠰᠤᠷᠢᠯᠳᠠ ᠶᠢᠨ ᠰᠠᠭᠤᠷᠢᠨ ᠭᠠᠵᠠᠷ ᠪᠣᠯᠣᠨ ᠤᠯᠤᠰ ᠤᠨ ︵ᠤᠮᠠᠷᠠᠲᠤ ᠣᠷᠣᠨ︶ ᠵᠠᠯᠠᠭᠤᠴᠤᠳ ᠪᠠᠭᠠᠴᠤᠳ ᠤᠨ ᠬᠥᠯ ᠪᠦᠮᠪᠦᠭᠡ ᠶᠢᠨ ᠵᠤᠰᠠᠯᠠᠩ ᠤᠨ ᠠᠵᠢᠯᠯᠠᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠦᠯᠦᠪᠯᠡᠭᠡᠲᠦ ᠦᠷᠡᠵᠢᠯ ᠤᠨ ᠲᠠᠯ᠎ᠠ ᠪᠠᠷ ᠬᠢ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠳᠦᠷᠦᠭᠰᠡᠨ ᠬᠦᠮᠦᠨ ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠦᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠡᠮᠡᠭᠲᠡᠶᠢᠴᠦᠳ ᠬᠡᠦᠬᠡᠳ᠂ ᠦᠳᠡᠬᠦᠰ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃      ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠦᠨᠡᠨᠬᠦ ᠰᠠᠶᠢᠲᠤᠷ ᠠᠳᠬᠤᠨ᠎ᠠ᠃ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠤᠨᠴᠠᠯᠢᠬ ᠪᠦᠬᠦᠢ ᠵᠦᠪ ᠤᠨᠤᠪᠴᠢᠳᠠᠢ ᠵᠠᠮ ᠢᠶᠠᠷ ᠡᠷᠡᠰ ᠰᠢᠭᠤᠷᠬᠠᠢ ᠵᠠᠮᠨᠠᠵᠤ᠂ ᠦᠨᠳᠦᠰᠦᠲᠡᠨ ᠤ ᠠᠵᠢᠯ ᠤᠨ ᠲᠤᠬᠠᠢ ᠨᠠᠮ ᠤᠨ ᠳᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠳᠡᠨ ᠨᠦᠭᠦᠳ ᠤᠨ ᠬᠤᠭᠤᠷᠤᠨᠳᠤ ᠬᠢ ᠶᠠᠪᠤᠯᠴᠠᠭ᠎ᠠ ᠰᠤᠯᠢᠯᠴᠠᠭ᠎ᠠ ᠤᠶᠠᠯᠳᠤᠯ ᠢ ᠪᠠᠷᠢᠮᠳᠠᠯᠠᠨ᠂ ᠪᠠᠷᠭᠠᠯᠠᠨ ᠰᠠᠬᠢᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ ᠪᠠᠶᠢᠭᠠᠳ ︽ᠳᠥᠷᠪᠠᠨ ᠬᠠᠮᠲᠤ ᠶᠢᠨ ᠲᠠᠨᠢᠯᠲᠠ︾ ᠪᠠ ︽ᠭᠤᠷᠪᠠᠨ ᠰᠠᠯᠵᠤ ᠪᠣᠯᠣᠰᠢ ᠦᠭᠡᠢ︾ ᠦᠵᠡᠯ ᠰᠠᠨᠠᠭ᠎ᠠ ᠶᠢ ᠬᠦᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ ᠬᠦᠭᠵᠢᠯᠳᠡ ᠪᠠᠷ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠠᠷᠭ᠎ᠠ ᠵᠠᠮ ᠪᠤᠯᠭᠠᠵᠤ᠂ ᠴᠦᠭᠡᠨ ᠳᠤᠭᠠᠳᠤ ᠦᠨᠳᠦᠰᠦᠳᠡᠨ ᠪᠤᠯᠤᠨ ᠦᠨᠳᠦᠰᠦᠲᠡᠨ ᠨᠦᠭᠦᠳ ᠤᠨ ᠳᠦᠪᠯᠡᠷᠡᠨ ᠰᠠᠭᠤᠷᠢᠰᠢᠵᠦ ᠪᠠᠶᠢᠭ᠎ᠠ ᠭᠠᠵᠠᠷ ᠤᠷᠤᠨ ᠤ ᠬᠦᠭᠵᠢᠯᠳᠡ ᠶᠢ ᠬᠦᠴᠦᠳᠠᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠴᠤᠬᠴᠠᠯᠠᠬᠤ ᠠᠯᠬᠤᠴᠠ ᠶᠢ ᠳᠦᠷᠬᠡᠳᠬᠡᠨ᠎ᠡ᠃ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠠᠬᠢᠭᠤᠯᠵᠤ᠂ ᠬᠦᠮᠦᠨ ᠠᠮᠠ ᠪᠠᠷ ᠨᠡᠯᠢᠶᠡᠳ ᠴᠦᠬᠡᠨ ᠪᠠᠶᠢᠭ᠎ᠠ ᠦᠨᠳᠦᠰᠦᠲᠡᠨ ᠤ ᠬᠥᠭᠵᠢᠯᠲᠡ ᠶᠢ ᠲᠡᠳᠬᠦᠨ᠎ᠡ᠃ ᠬᠤᠳᠠ ᠶᠢᠨ ᠦᠨᠳᠦᠰᠦᠳᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠮᠤᠩᠭᠤᠯ ᠬᠡᠯᠡ ᠦᠰᠦᠭ ᠪᠢᠴᠢᠭ ᠢ ᠳᠦᠷᠢᠮᠵᠢᠬᠦᠯᠦᠨ ᠬᠡᠷᠡᠭᠯᠡᠬᠦ ᠳᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠭᠤᠯᠵᠤ᠂ ᠮᠣᠩᠭᠤᠯ ᠬᠡᠯᠡ ᠪᠢᠴᠢᠭ ᠤᠨ ᠬᠠᠤᠯᠢᠵᠢᠬᠤ᠂ ᠵᠢᠷᠤᠮᠵᠢᠬᠤ᠂ ᠪᠠᠷᠢᠮᠵᠢᠶᠠᠵᠢᠬᠤ ᠪᠠ ᠮᠡᠳᠡᠭᠡ ᠵᠠᠩᠭᠢᠵᠢᠭᠤᠯᠬᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠱᠠᠰᠢᠨ ᠰᠤᠷᠲᠠᠬᠤᠨ ᠤ ᠡᠲᠡᠭᠡᠳ ᠤᠨ ᠬᠢᠨ ᠪᠣᠯᠣᠨ ᠱᠠᠰᠢᠨ ᠰᠢᠳᠦᠭᠴᠢ ᠣᠯᠠᠨ ᠲᠦᠮᠡᠨ ᠤ ᠢᠳᠡᠪᠬᠢ ᠦᠢᠯᠡᠳᠦᠯ ᠢ ᠪᠠᠳᠠᠷᠠᠭᠤᠯᠤᠨ᠎ᠠ᠃      ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠲᠠᠢ ᠬᠤᠯᠪᠣᠭᠳᠠᠬᠤ ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠵᠦ ᠨᠡᠶᠢᠭᠡᠮ ᠤᠨ ᠲᠣᠭᠲᠠᠭᠤᠨ ᠤ ᠲᠠᠯ᠎ᠠ ᠪᠠᠷ ᠬᠢ ᠠᠶᠤᠯ ᠲᠥᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠶᠢ ᠴᠢᠩᠭ᠎ᠠ ᠬᠡᠷᠡᠭᠵᠢᠭᠦᠯᠦᠨ᠎ᠡ᠃ ᠬᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠪᠠᠨ ᠪᠦᠷᠢᠨᠰᠢᠬᠦᠯᠵᠦ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠡᠮᠬᠢ ᠵᠢᠷᠤᠮ ᠢ ᠵᠢᠷᠤᠮᠵᠢᠭᠤᠯᠤᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ ᠲᠤ ᠴᠠᠯᠢᠩ ᠢ ᠨᠢ ᠦᠷᠢᠳᠦᠵᠦ ᠪᠠᠶᠢᠭ᠎ᠠ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠵᠦ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠬᠠᠤᠯᠢ ᠶᠤᠰᠤᠭᠠᠷ ᠰᠠᠶᠢᠳᠤᠷ ᠬᠢᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠦᠷᠬᠡᠳᠬᠡᠨ᠂ ᠪᠦᠬᠦ ᠨᠡᠶᠢᠭᠡᠮ ᠢ ᠬᠠᠮᠤᠷᠠᠭᠰᠠᠨ ᠢᠲᠡᠭᠡᠮᠵᠢ ᠣᠯᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠬᠢᠳᠠᠯ ᠰᠤᠷᠪᠤᠯᠵᠢᠯᠠᠯ ᠢ ᠬᠠᠤᠯᠢ ᠪᠠᠷ ᠵᠠᠰᠠᠬᠤ ᠵᠠᠮ ᠳᠤ ᠣᠷᠤᠭᠤᠯᠵᠤ᠂ ᠡᠷᠬᠡ ᠪᠠᠨ ᠬᠠᠤᠯᠢ ᠶᠤᠰᠤᠭᠠᠷ ᠬᠠᠮᠠᠭᠠᠯᠠᠬᠤ ᠪᠠ ᠵᠢᠭᠤᠷᠠᠭᠠᠨ ᠢ ᠠᠷᠢᠯᠭᠠᠬᠤ ᠲᠣᠭᠲᠠᠴᠠ ᠶᠢ ᠪᠦᠷᠢᠨᠰᠢᠭᠦᠯᠦᠨ᠂ ᠭᠠᠵᠠᠷ ᠰᠢᠷᠤᠢ ᠲᠠᠲᠠᠪᠤᠷᠢᠯᠠᠨ ᠭᠡᠷ ᠪᠠᠶᠢᠰᠢᠩ ᠨᠤᠷᠠᠭᠠᠵᠤ ᠨᠡᠭᠦᠯᠭᠡᠬᠦ᠂ ᠬᠦᠳᠡᠯᠮᠦᠷᠢ ᠨᠡᠶᠢᠭᠡᠮ ᠤᠨ ᠪᠠᠲᠤᠯᠠᠭ᠎ᠠ᠂ ᠡᠬᠢ ᠪᠠᠶᠠᠯᠢᠭ ᠤᠨ ᠨᠡᠭᠡᠭᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠳᠠᠬᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ︽ᠠᠮᠤᠭᠤᠯᠠᠩ ᠲᠠᠶᠢᠪᠣᠩ ᠦᠪᠦᠷ ᠮᠣᠩᠭᠤᠯ︾  ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠦᠷ ᠲᠥᠪᠰᠢᠨ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠨ᠂ ᠪᠣᠰᠤᠭ᠎ᠠ ᠴᠣᠭᠴᠠᠵᠠᠲᠤ ᠨᠡᠶᠢᠭᠡᠮ ᠤᠨ ᠠᠮᠥᠷ ᠲᠥᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠦᠷᠭᠡᠳᠭᠡᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠣᠬᠢᠯᠲᠠ ᠥᠭᠴᠦ᠂ ᠨᠢᠭᠤᠴᠠ ᠹᠷᠣᠨᠲ ᠤᠨ ᠠᠵᠢᠯ ᠪᠠ ᠳᠠᠶᠢᠰᠤᠩᠨᠠᠭᠴᠢ ᠡᠲᠡᠭᠡᠳ ᠯᠦᠭᠡ ᠲᠡᠮᠡᠴᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠪᠦᠬᠦ ᠲᠠᠯ᠎ᠠ ᠶᠢᠨ ᠲᠣᠭᠲᠠᠭᠤᠨ ᠢ ᠬᠠᠮᠠᠭᠠᠯᠠᠨ᠎ᠠ᠃ ᠰᠦᠯᠵᠢᠶ᠎ᠡ ᠶᠢᠨ ᠬᠢᠨᠠᠯᠳᠠ ᠬᠠᠮᠢᠶᠠᠷᠤᠯᠳᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ ᠢᠨᠲ᠋ᠧᠷᠨᠧᠲ ᠰᠦᠯᠵᠢᠶ᠎ᠠ ᠶᠢᠨ ᠠᠵᠢᠯᠯᠠᠭᠠᠨ ᠤ ᠠᠮᠦᠷ ᠲᠥᠪᠰᠢᠨ ᠢ ᠪᠠᠲᠤᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠵᠦ᠂ ᠠᠭᠤᠷᠬᠠᠢ ᠶᠢᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯᠲᠠᠢ ᠬᠢᠮᠢ ᠶᠢᠨ ᠵᠦᠢᠯ ᠵᠡᠷᠭᠡ ᠬᠦᠷᠢᠶ᠎ᠡ ᠴᠠᠷᠠᠭ᠎ᠠ ᠶᠢᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠲᠣᠮᠣ ᠬᠡᠪᠴᠢᠶᠡᠨ ᠤ ᠠᠵᠢᠯᠯᠠᠭ᠎ᠠ ᠶᠢᠨ ᠠᠮᠦᠷ ᠢ ᠬᠠᠮᠠᠭᠠᠯᠠᠬᠤ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠠᠮᠥᠷ ᠲᠥᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠳᠠᠯᠳᠠ ᠠᠶᠤᠯ ᠢ ᠵᠢᠭᠰᠠᠭᠠᠨ ᠪᠠᠶᠢᠴᠠᠭᠠᠬᠤ ᠪᠠ ᠲᠤᠰᠬᠠᠶᠢᠯᠠᠨ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠦᠷᠦᠯ ᠤᠨ ᠣᠨᠴᠤᠭᠤᠢ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠬᠦᠨᠳᠦ ᠮᠦᠷᠳᠡᠭᠡᠨ ᠳᠦᠷᠭᠡᠨ ᠴᠤᠬᠢᠯᠳᠠ ᠦᠭᠬᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢ ᠴᠢᠩᠭᠠᠳᠬᠠᠵᠤ᠂ ᠭᠠᠮᠰᠢᠬ ᠢ ᠰᠡᠷᠬᠡᠶᠢᠯᠡᠬᠦ ᠪᠠ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠭᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠪᠠ ᠴᠡᠷᠢᠭ ᠠᠷᠠᠳ ᠤᠨ ᠤᠶᠠᠯᠳᠤᠨ ᠬᠥᠭᠵᠢᠬᠦ ᠶᠢ ᠳᠦᠯᠬᠢᠨ ᠠᠬᠢᠭᠤᠯᠤᠨ᠎ᠠ᠃      ︵ᠶᠢᠰᠦ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠳᠡᠪᠬᠢᠳᠠᠢ ᠠᠬᠢᠭᠤᠯᠵᠤ᠂ ᠠᠮᠢ ᠠᠬᠤᠢ ᠶᠢᠨ ᠠᠮᠦᠷ ᠲᠥᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ      ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠬᠦᠯᠵᠦ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠱᠠᠲᠤ ᠦᠶᠡᠯᠡᠯ ᠤᠨ ᠴᠢᠨᠠᠷᠲᠠᠢ ᠪᠠᠷ ᠮᠠᠯᠵᠢᠬᠤ ᠶᠢ ᠵᠣᠭᠰᠣᠭᠠᠵᠤ᠂ ᠪᠡᠯᠴᠢᠭᠡᠷ ᠦᠨᠵᠢᠬᠦᠯᠬᠦ᠂ ᠪᠡᠯᠴᠢᠭᠡᠷ ᠡᠭᠡᠯᠵᠢᠯᠡᠬᠦ ᠠᠷᠭ᠎ᠠ ᠬᠡᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠥᠭᠴᠦ ᠱᠠᠩᠨᠠᠬᠤ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ 4000 ᠲᠦᠮᠡᠨ ᠮᠦ ᠠᠴᠠ ᠳᠡᠭᠡᠭᠰᠢᠬᠢ ᠳᠠᠯᠠᠪᠠᠢ ᠶᠢᠨ ᠨᠤᠲᠤᠭ ᠪᠡᠯᠴᠢᠭᠡᠷ ᠤᠨ ᠪᠠᠶᠢᠭᠤᠯᠤᠯᠲᠠ ᠶᠢ ᠪᠡᠶᠡᠯᠡᠭᠦᠯᠬᠦ ᠪᠠᠨ ᠦᠨᠡᠨᠬᠦ ᠪᠠᠲᠤᠯᠠᠨ᠎ᠠ᠃ ᠪᠠᠶᠢᠭᠠᠯᠢ ᠶᠢᠨ ᠣᠢ ᠰᠢᠭᠤᠢ ᠶᠢᠨ ᠬᠠᠮᠠᠭᠠᠯᠠᠯᠲᠠ ᠪᠡᠭᠡᠵᠢᠩ ᠳᠢᠶᠠᠨᠵᠢᠨ ᠤ ᠡᠷᠬᠢᠨ ᠳᠤᠭᠤᠷᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 1000 ᠲᠦᠮᠡᠨ ᠮᠦ ᠳᠠᠯᠠᠪᠠᠢ ᠶᠢᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ᠂ 200 ᠲᠦᠮᠡᠨ ᠮᠦ ᠭᠤᠣᠯᠳᠠᠯᠭ᠎ᠠ ᠲᠠᠢ ᠣᠷᠣᠨ ᠤ ᠨᠣᠭᠤᠭᠠᠷᠠᠭᠤᠯᠤᠯᠲᠠ ᠶᠢ ᠪᠡᠶᠡᠯᠡᠭᠦᠯᠦᠨ᠎ᠡ᠃ ᠤᠰᠤ ᠰᠢᠷᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ 650 ᠲᠦᠮᠡᠨ ᠮᠦ ᠳᠠᠯᠠᠪᠠᠢ ᠶᠢᠨ ᠬᠦᠷᠦᠰᠦ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠᠨ ᠪᠡᠶᠡᠯᠡᠬᠦᠯᠦᠨ᠎ᠠ᠃ ᠬᠦᠯᠦᠨ ᠨᠠᠭᠤᠷ ᠪᠣᠯᠣᠨ ᠤᠯᠠᠭᠠᠨᠰᠤᠬᠠᠢ ᠨᠠᠭᠤᠷ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠴᠢᠳᠠᠪᠬᠢ ᠣᠷᠣᠨ ᠪᠠ ᠤᠰᠤᠯᠢᠬ ᠨᠤᠭᠤ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠨ᠂ ᠣᠢ ᠰᠢᠭᠤᠢ᠂ ᠡᠯᠡᠰᠦ᠂ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃      ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠨᠵᠡᠭᠡᠢ ᠦᠷᠨᠢᠭᠦᠯᠦᠨ᠎ᠡ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠪᠣᠯᠣᠨ ᠬᠦᠨᠳᠦ ᠲᠡᠮᠦᠷᠯᠢᠭ ᠤᠨ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠷᠠᠭᠤᠯᠵᠦ᠂ ᠪᠤᠬᠢᠷᠳᠣᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠵᠤ ᠪᠣᠬᠢᠷᠳᠤᠯ ᠢ ᠵᠠᠰᠠᠬᠤ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠪᠤᠳᠠᠰ ᠭᠠᠳᠠᠭᠰᠢᠯᠠᠭᠤᠯᠬᠤ ᠡᠷᠬᠡ ᠶᠢ ᠲᠦᠯᠦᠪᠦᠷᠢ ᠲᠠᠢ ᠬᠡᠷᠡᠭᠯᠡᠬᠦ ᠪᠠ ᠰᠤᠯᠢᠯᠴᠠᠬᠤ ᠲᠣᠷᠰᠢᠯᠲᠠ ᠶᠢᠨ ᠴᠢᠬ ᠢ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠪᠣᠬᠢᠷᠳᠤᠯ ᠤᠨ ᠭᠤᠷᠪᠠᠳᠠᠬᠢ ᠡᠲᠡᠭᠡᠳ ᠠᠴᠠ ᠵᠠᠰᠠᠬᠤ ᠵᠠᠭᠪᠣᠷ ᠢ ᠰᠦᠪᠡᠭᠴᠢᠯᠡᠨ ᠶᠠᠪᠤᠭᠳᠠᠭᠤᠯᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠦᠩᠭᠦ ᠶᠢ ᠪᠠᠶᠢᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠳᠤ ᠬᠤᠣᠷ ᠲᠠᠢ ᠣᠷᠴᠢᠨ ᠲᠣᠭᠤᠷᠢᠨ ᠤ ᠪᠤᠬᠢᠷᠳᠤᠯ ᠤᠨ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ︽ᠦᠴᠦᠬᠡᠨ ᠴᠤ ᠠᠭᠤᠴᠢᠯᠠᠬᠤ ᠦᠭᠡᠢ︾ ᠪᠤᠯᠭᠠᠨ᠎ᠠ᠃ ᠡᠨᠧᠷᠬᠢ ᠶᠢ ᠠᠷᠪᠢᠯᠠᠵᠤ ᠪᠤᠬᠢᠷᠳᠣᠯ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠲᠡᠬᠦᠯᠳᠡᠷᠵᠢᠬᠦᠯᠵᠦ᠂ ᠠᠷᠪᠠᠨ ᠲᠣᠮᠣ ᠭᠤᠣᠯᠳᠠᠯᠭ᠎ᠠ ᠲᠠᠢ ᠡᠨᠧᠷᠬᠢ ᠠᠷᠪᠢᠯᠠᠬᠤ ᠢᠨᠵᠧᠨᠧᠷᠢᠩ ᠤᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠠᠵᠢᠯ ᠲᠦᠷᠦᠯ ᠤᠨ ᠬᠢᠨ ᠪᠤᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ ᠮᠡᠷᠭᠡᠵᠢᠯ ᠤᠨ ᠦᠭᠡᠷᠡᠴᠢᠯᠡᠯᠲᠡ ᠶᠢ ᠲᠦᠷᠬᠡᠳᠬᠡᠵᠦ᠂ ᠨᠡᠭᠦᠷᠡᠰᠦᠳᠦ᠋ᠷᠦᠭᠴᠢ ᠶᠢ ᠭᠠᠳᠠᠭᠰᠢᠯᠠᠭᠤᠯᠬᠤ᠂ ᠨᠡᠭᠦᠷᠡᠰᠦᠳᠦ᠋ᠷᠦᠭᠴᠢ ᠶᠢ ᠰᠣᠯᠢᠯᠴᠠᠬᠤ ᠳᠦᠷᠢᠮ ᠤᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠳᠣᠣᠷ᠎ᠠ ᠨᠡᠭᠦᠷᠡᠰᠦᠳᠦ᠋ᠷᠦᠭᠴᠢᠲᠦ ᠲᠣᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠦᠷᠬᠦᠯᠵᠢᠯᠡᠨ ᠰᠢᠯᠢᠭᠳᠡᠬᠦᠯᠦᠨ᠎ᠠ᠃ ᠲᠡᠷᠢᠶᠠᠯᠠᠩ ᠮᠠᠯ ᠠᠵᠤ ᠠᠬᠤᠢ ᠶᠢᠨ ᠴᠡᠪᠡᠷ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠡᠷᠬᠢᠯᠳᠡᠳᠤ ᠠᠰᠢᠭᠯᠠᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ᠂ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠬᠦᠷᠦᠰᠤᠨ ᠲᠣᠣᠷᠠᠬᠢ ᠤᠰᠤ ᠶᠢ ᠠᠷᠪᠢᠯᠠᠵᠤ ᠬᠠᠮᠠᠭᠠᠯᠠᠬᠤ ᠪᠠᠨ ᠴᠢᠩᠭᠠᠳᠬᠠᠨ᠎ᠠ᠃ ᠠᠭᠤᠷᠬᠠᠢ ᠶᠢᠨ ᠭᠠᠵᠠᠷ ᠤᠨ ᠣᠷᠴᠢᠨ ᠲᠤᠭᠤᠷᠢᠨ᠂ ᠭᠠᠵᠠᠷ ᠬᠦᠷᠦᠰᠤ ᠶᠢᠨ ᠭᠠᠢ ᠭᠠᠮᠰᠢᠭ ᠵᠢᠴᠢ ᠨᠡᠭᠦᠷᠡᠰᠦᠨ ᠤ ᠠᠢ ᠰᠠᠪᠠ ᠶᠢᠨ ᠭᠠᠯ ᠨᠣᠴᠤᠭᠰᠠᠨ ᠣᠷᠣᠨ᠂ ᠴᠦᠮᠦᠷᠡᠭᠰᠡᠨ ᠣᠷᠣᠨ ᠤ ᠣᠷᠴᠢᠨ ᠲᠣᠭᠤᠷᠢᠨ ᠢ ᠵᠠᠰᠠᠬᠤ ᠪᠠᠨ ᠴᠢᠩᠭᠠᠳᠬᠠᠨ᠎ᠠ᠃      ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠵᠦ᠂ ᠶᠠᠪᠤᠴᠠ ᠶᠢ ᠨᠢ ᠴᠢᠩᠭ᠎ᠠ ᠬᠠᠮᠢᠶᠠᠷᠤᠨ᠂ ᠦᠷ᠎ᠡ ᠳ᠋ᠦᠩ ᠢᠶᠠᠷ ᠨᠢ ᠴᠢᠩᠭ᠎ᠠ ᠰᠢᠳᠭᠡᠵᠦ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠤᠯᠠᠨ ᠲᠠᠯ᠎ᠠ ᠪᠠᠷ ᠵᠡᠷᠭᠡ ᠳᠤᠨᠢ ᠪᠡᠶᠡᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠦᠷᠭᠡᠳᠭᠡᠨ᠂ ᠠᠮᠢ ᠠᠬᠤᠶᠢᠲᠤ ᠡᠳ᠋ ᠬᠦᠷᠦᠩᠭᠡ ᠶᠢ ᠬᠠᠮᠤᠭ ᠤᠨ ᠶᠡᠭᠡ ᠬᠡᠮᠵᠢᠶ᠎ᠠ ᠪᠠᠷ ᠨᠡᠮᠡᠭᠳᠡᠭᠦᠯᠵᠦ᠂ ᠣᠷᠴᠢᠨ ᠲᠣᠭᠤᠷᠢᠨ ᠤ ᠥᠷᠢ ᠥᠭᠴᠡᠭᠡ ᠶᠢ ᠪᠠᠭᠠᠰᠬᠠᠨ᠎ᠠ᠃ ᠭᠤᠣᠯ ᠴᠣᠭᠴᠠ ᠶᠢᠨ ᠴᠢᠳᠠᠪᠬᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠢᠬ ᠤᠨ ᠵᠢᠱᠢᠶ᠎ᠠ ᠦᠵᠡᠭᠦᠯᠬᠦ ᠶᠢ ᠦᠷᠭᠦᠯᠵᠢᠯᠡᠨ ᠦᠷᠨᠢᠭᠦᠯᠵᠦ᠂ ᠠᠮᠢ ᠠᠬᠤᠢ ᠶᠢᠨ ᠤᠯᠠᠭᠠᠨ ᠱᠤᠭᠤᠮ ᠪᠠ ᠦᠨᠳᠦᠰᠦᠨ ᠨᠤᠲᠤᠭ ᠪᠡᠯᠴᠢᠭᠡᠷ ᠤᠨ ᠤᠯᠠᠭᠠᠨ ᠱᠤᠭᠤᠮ ᠢ ᠢᠯᠭᠠᠨ ᠲᠣᠭᠲᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠰᠦᠢᠳᠤᠯ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠳᠤ ᠤᠳᠤᠷᠢᠳᠬᠤ ᠺᠠᠳ᠋ᠷᠴᠤᠳ ᠲᠤᠰᠢᠶᠠᠯ ᠠᠴᠠ ᠪᠠᠨ ᠰᠠᠯᠤᠭᠰᠠᠨ ᠴᠦ ᠬᠢᠨᠠᠨ ᠪᠤᠳᠤᠯᠳᠠ ᠬᠢᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠣᠷᠰᠢ ᠨᠡᠭᠡᠮᠵᠢᠯᠡᠬᠦ ᠳᠦᠷᠢᠮ ᠤᠨ ᠭᠤᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠢ ᠲᠦᠯᠦᠪᠦᠷᠢ ᠲᠠᠢ ᠬᠡᠷᠡᠭᠯᠡᠭᠦᠯᠬᠦ ᠳᠦᠷᠢᠮ ᠪᠠ ᠠᠮᠢ ᠠᠬᠤᠢ ᠶᠢᠨ ᠨᠦᠬᠦᠪᠦᠷᠢ ᠥᠭᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠪᠣᠯᠪᠠᠰᠤᠨ ᠤ ᠱᠠᠭᠠᠷᠳᠠᠯᠭ᠎ᠠ ᠶᠢ ᠢᠯᠡᠷᠡᠭᠦᠯᠵᠦ ᠦᠨᠡᠯᠡᠨ ᠵᠢᠱᠢᠬᠦ᠂ ᠬᠠᠷᠠᠯᠲᠠ ᠪᠤᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃      ︵ᠠᠷᠪᠠ︶ ᠵᠠᠰᠠᠭ ᠤᠨ ᠣᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠵᠠᠰᠠᠭ ᠤᠨ ᠣᠷᠳᠤᠨ ᠤ ᠬᠡᠷᠡᠭᠵᠢᠭᠦᠯᠬᠦ ᠬᠦᠴᠦᠨ ᠪᠠ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠡᠷᠡᠭᠵᠢᠭᠦᠯᠵᠦ᠂ ᠤᠯᠤᠰ ᠢ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠲᠦᠯᠬᠢᠨ ᠠᠬᠢᠭᠤᠯᠬᠤ ᠱᠠᠭᠠᠷᠳᠠᠯᠭ᠎ᠠ ᠶᠤᠰᠤᠭᠠᠷ᠂ ᠬᠠᠤᠯᠢ ᠪᠠᠷ ᠵᠠᠰᠠᠬᠤ᠂ ᠰᠢᠨ᠎ᠡ ᠶᠢ ᠡᠭᠦᠳᠬᠦ᠂ ᠠᠷᠢᠭᠤᠨ ᠴᠢᠭᠡᠴᠢ ᠪᠤᠯᠤᠨ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠤᠨ ᠢ ᠲᠦᠷᠭᠡᠳᠭᠡᠨ ᠪᠠᠶᠢᠭᠤᠯᠤᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠤᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠦᠨᠡᠨᠬᠦ ᠣᠷᠤᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠤᠯᠤᠨ ᠠᠷᠭ᠎ᠠ ᠮᠠᠶ᠋ᠢᠭ ᠢ ᠬᠡᠷᠡᠭᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ᠂ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠬᠠᠤᠯᠢ ᠶᠤᠰᠤᠭᠠᠷ ᠠᠵᠢᠯ ᠢᠶᠠᠨ ᠮᠡᠳᠡᠭᠦᠯᠦᠨ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠡᠭᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ ᠳᠠᠯᠪᠢᠬᠤ᠂ ᠠᠵᠢᠯ ᠤᠨ ᠬᠢᠨᠠᠯᠳᠠ ᠳᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠬᠢᠨᠠᠮᠠᠭᠠᠢ ᠭᠦᠢᠴᠡᠳᠭᠡᠵᠦ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠪᠠ ᠤᠯᠤᠰ ᠲᠥᠷᠥ ᠶᠢᠨ ᠵᠦᠪᠯᠡᠯᠭᠡᠨ ᠤ ᠣᠨ ᠤ ᠵᠦᠪᠳᠡᠯᠴᠡᠬᠦ ᠲᠦᠯᠦᠪᠯᠡᠭᠡ ᠶᠢ ᠢᠳᠡᠪᠬᠢᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ᠂ ᠨᠠᠮ ᠪᠦᠯᠦᠭ ᠤᠨ ᠪᠣᠰᠤ ᠠᠷᠠᠳᠴᠢᠯᠠᠭᠰᠠᠨ ᠬᠦᠮᠦᠰ ᠪᠤᠯᠤᠨ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠤᠨ᠎ᠠ᠃ ᠵᠠᠰᠠᠭ ᠤᠨ ᠣᠷᠳᠤᠨ ᠤ ᠬᠠᠤᠯᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠣᠯᠭ᠎ᠠ ᠳᠤ ᠬᠠᠤᠯᠢ ᠪᠠᠷ ᠲᠣᠭᠲᠠᠭᠠᠭᠰᠠᠨ ᠵᠢᠷᠤᠮᠵᠢᠯ ᠢ ᠴᠢᠩᠭ᠎ᠠ ᠵᠢᠷᠤᠮᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠠ ᠪᠣᠯᠭᠠᠬᠤ ᠶᠢ ᠶᠡᠬᠡᠪᠡᠷ ᠬᠡᠷᠡᠭᠵᠢᠭᠦᠯᠵᠦ᠂ ᠠᠷᠠᠳ ᠲᠦᠮᠡᠨ ᠤ ᠪᠠᠶᠢᠳᠠᠯ ᠣᠶᠢᠯᠠᠭᠠᠬᠤ ᠡᠷᠬᠡ᠂ ᠣᠷᠣᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ᠬᠠᠮᠢᠶᠠᠷᠤᠯᠲᠠ ᠪᠣᠯᠣᠨ ᠦᠢᠯᠡᠴᠢᠯᠡᠭᠡ ᠳᠤ ᠰᠢᠨ᠎ᠡ ᠶᠢ ᠡᠭᠦᠳᠦᠨ᠎ᠡ᠃ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠠᠭᠪᠤᠷ ᠢ ᠲᠡᠭᠦᠯᠳᠡᠷᠵᠢᠭᠦᠯᠵᠦ᠂ ᠵᠠᠰᠠᠭ ᠤᠨ ᠣᠷᠳᠤᠨ ᠤ ᠬᠢᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠬᠡᠪᠴᠢᠶ᠎ᠠ ᠶᠢ ᠦᠷᠭᠡᠳᠭᠡᠨ᠎ᠡ᠃ ᠨᠠᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠨᠡᠩ ᠣᠯᠠᠨ ᠠᠵᠢᠯ ᠶᠠᠪᠤᠳᠠᠯ ᠢ ᠡᠭᠦᠷᠭᠡᠯᠡᠭᠦᠯᠦᠨ᠎ᠡ᠃ ᠨᠢᠭᠡᠳᠦᠯᠲᠡᠢ ᠵᠢᠷᠤᠮᠵᠢᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠡᠪᠴᠡᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠶᠡᠭᠡ ᠲᠠᠩᠬᠢᠮ ᠪᠠ ᠡᠯᠧᠺᠲᠷᠣᠨ ᠵᠠᠰᠠᠭ ᠤᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠶᠡᠷᠦᠩᠬᠡᠶᠢᠯᠡᠭᠰᠡᠨ ᠦᠨᠳᠦᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠴᠢᠩᠭ᠎ᠠ ᠪᠠᠷ ᠵᠠᠰᠠᠬᠤ ᠨᠠᠢᠮᠠᠨ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠨᠠᠮ ᠤᠨ ᠤᠯᠤᠰ ᠲᠦᠷᠥ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠬᠦᠯᠵᠦ᠂ ᠡᠷᠡᠰ ᠰᠢᠭᠤᠷᠬᠠᠢ ᠪᠦᠬᠡᠳ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶᠠᠨ ᠤ ᠨᠢᠭᠡᠲᠦᠯᠲᠡᠢ ᠪᠠᠶᠢᠬᠤ ᠶᠢ ᠪᠠᠳᠤᠯᠠᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ᠎ᠠ᠃ ᠵᠣᠷᠢᠯᠲᠠ ᠶᠢᠨ ᠦᠵᠡᠯ ᠤᠬᠠᠮᠰᠠᠷ ᠢᠶᠠᠨ ᠲᠠᠰᠤᠷᠠᠯᠳᠠ ᠦᠬᠡᠢ ᠴᠢᠩᠭᠠᠷᠠᠭᠤᠯᠵᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ ᠬᠦᠴᠢᠷᠲᠠᠢ᠂ ᠬᠠᠯᠠᠮᠰᠢᠯ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠰᠤᠷᠲᠠᠯ ᠤᠨ ᠪᠦᠲᠦᠭᠡᠨ ᠪᠠᠶᠢᠭᠤᠯᠤᠯᠲᠠ ᠶᠢᠨ ᠪᠤᠳᠠᠳᠤ ᠦᠷ᠎ᠠ ᠪᠦᠳᠦᠮᠵᠢ ᠪᠠᠷ ᠠᠷᠠᠳ ᠢᠷᠭᠡᠳ ᠤᠨ ᠢᠲᠡᠭᠡᠯ ᠢ ᠣᠯᠣᠨ᠎ᠠ᠃ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠳᠦᠬᠡᠯ ᠢ ᠪᠠᠬᠢᠵᠢᠭᠦᠯᠦᠨ ᠦᠷᠭᠡᠳᠭᠡᠵᠦ᠂ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠭᠡᠪ ᠪᠠᠶᠢᠳᠠᠯᠵᠢᠬᠤ ᠶᠢ ᠲᠦᠯᠬᠢᠨ ᠠᠬᠢᠭᠤᠯᠤᠨ᠎ᠠ᠃ ᠡᠷᠬᠡ ᠶᠢ ᠬᠠᠤᠯᠢ ᠶᠤᠰᠤᠭᠠᠷ ᠵᠠᠰᠠᠬᠤ ᠶᠢ ᠪᠠᠷᠢᠮᠲᠠᠯᠠᠨ᠎ᠠ᠃ ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠢ ᠬᠡᠷᠡᠭᠵᠢᠭᠦᠯᠵᠦ᠂ ᠡᠷᠬᠡ ᠶᠢᠨ ᠠᠵᠢᠯᠯᠠᠭᠠᠨ ᠤ ᠶᠠᠪᠤᠴᠠ ᠶᠢ ᠬᠠᠤᠯᠢ ᠶᠤᠰᠤᠭᠠᠷ ᠢᠯᠡ ᠪᠣᠯᠭᠠᠨ᠂ ᠡᠭᠦᠷᠭᠡ ᠴᠢᠳᠠᠪᠤᠷᠢᠳᠤ ᠰᠠᠯᠠᠭ᠎ᠠ ᠮᠦᠴᠢᠷ ᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠥᠯᠥ ᠬᠢᠬᠦ᠂ ᠳᠤᠷ᠎ᠠ ᠪᠠᠷ ᠦᠢᠯᠡᠳᠬᠦ ᠶᠢ ᠡᠷᠡᠰ ᠴᠡᠭᠴᠡᠯᠡᠨ ᠵᠠᠰᠠᠨ᠎ᠠ᠃ ᠴᠢᠬᠤᠯᠠ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠦ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠲᠤᠯᠭᠠᠬᠤ ᠡᠷᠴᠢᠮ ᠢ ᠴᠢᠩᠭᠠᠷᠠᠭᠤᠯᠤᠨ᠎ᠠ᠃ ᠨᠠᠮ ᠤᠨ ᠰᠤᠷᠲᠠᠯ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠯᠵᠠᠷᠠᠯ ᠢ ᠡᠰᠡᠷᠬᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠦ᠂ ᠵᠠᠰᠠᠭ ᠤᠨ ᠣᠷᠳᠤᠨ ᠤ ᠰᠢᠰᠲ᠋ᠧᠮ ᠤᠨ ᠠᠷᠢᠭᠤᠨ ᠴᠢᠭᠡᠴᠢ ᠵᠠᠰᠠᠭ ᠪᠠᠷᠢᠬᠤ ᠶᠢᠨ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠦᠨ᠂ ᠡᠷᠬᠡ ᠶᠢᠨ ᠠᠵᠢᠯᠯᠠᠭᠠᠨ ᠢ ᠬᠢᠨᠠᠬᠤ ᠪᠠ ᠬᠦᠯᠢᠶᠡᠰᠤᠯᠡᠬᠦ ᠶᠢ ᠴᠢᠩᠭᠠᠳᠬᠠᠨ᠎ᠠ᠃      ᠲᠦᠯᠦᠭᠡᠯᠡᠭᠴᠢᠳ ᠡ᠂ ᠡᠨᠡ ᠵᠢᠯ ᠪᠣᠯ ︽12 · 5︾ ᠶᠢᠨ ᠲᠦᠯᠦᠪᠵᠢᠭᠦᠯᠭᠡ ᠶᠢᠨ ᠠᠵᠢᠯ ᠲᠠᠭᠤᠰᠬᠤ ᠨᠢᠭᠡ ᠵᠢᠯ ᠪᠣᠯᠣᠨ᠎ᠠ᠂ ᠪᠢᠳᠡ ᠠᠵᠢᠯ ᠢᠶᠠᠨ ᠪᠦᠬᠦ ᠲᠠᠯ᠎ᠠ ᠪᠠᠷ ᠳ᠋ᠦᠩᠨᠡᠬᠦ ᠶᠢᠨ ᠬᠠᠮᠲᠤ᠂ ︽13 · 5︾ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠭᠡᠨ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠳᠠᠶᠢᠴᠢᠯᠠᠨ᠂ ᠬᠦᠨᠵᠡᠭᠡᠢ ᠪᠠᠶᠢᠴᠠᠭᠠᠨ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠨ᠂ ᠦᠪᠡᠷᠳᠡᠬᠡᠨ ᠵᠠᠰᠠᠬᠤ ᠤᠷᠤᠨ ᠤ ᠪᠦᠬᠦ ᠲᠠᠯ᠎ᠠ ᠪᠠ ᠠᠯᠤᠰ ᠬᠡᠳᠤ ᠶᠢᠨ ᠬᠥᠭᠵᠢᠯᠲᠡ ᠲᠠᠢ ᠬᠤᠯᠪᠤᠭᠳᠠᠭᠰᠠᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠠ ᠪᠠ ᠲᠦᠷᠦᠯ ᠵᠦᠢᠯ ᠢ ᠰᠠᠶᠢᠲᠤᠷ ᠰᠤᠳᠤᠯᠤᠨ ᠲᠦᠰᠦᠪᠯᠡᠵᠦ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠠᠷᠠᠳ ᠢᠶᠠᠨ ᠪᠠᠶᠠᠵᠢᠭᠤᠯᠵᠤ ᠣᠷᠣᠨ ᠢᠶᠠᠨ ᠬᠦᠴᠦᠷᠭᠡᠭᠵᠢᠭᠦᠯᠬᠦ ᠶᠢ ᠪᠡᠶᠡᠯᠡᠭᠦᠯᠬᠦ ᠳᠤ ᠬᠦᠴᠦᠳᠡᠢ ᠲᠦᠰᠢᠭ ᠲᠤᠯᠭᠠᠭᠤᠷᠢ ᠬᠠᠩᠭᠠᠬᠤ ᠶᠢᠨ ᠬᠠᠮᠲᠤ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ ᠡᠯ᠎ᠡ ᠵᠦᠢᠯ ᠤᠨ ᠪᠡᠯᠡᠳᠭᠡᠯ ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠵᠦ᠂ ᠴᠢᠬᠤᠯᠠ ᠶᠡᠭᠡ ᠤᠭᠲᠣᠵᠦ ᠪᠡᠯᠭᠡᠯᠡᠬᠦ ᠲᠦᠷᠦᠯ ᠵᠦᠢᠯ ᠢᠶᠠᠷ ᠭᠤᠤᠯᠳᠠᠭᠤᠯᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠲᠦᠯᠦᠭᠡᠯᠡᠭᠴᠢᠳ ᠡ᠂ ᠰᠢᠨ᠎ᠡ ᠨᠢᠭᠡ ᠵᠢᠯ ᠢ ᠪᠠᠷᠠᠯᠠᠬᠤᠶ᠎ᠠ᠂ ᠮᠠᠨ ᠤ ᠡᠮᠦᠨ᠎ᠡ ᠲᠤᠯᠭᠠᠷᠠᠵᠤ ᠪᠠᠶᠢᠭ᠎ᠠ ᠡᠭᠦᠷᠭᠡ ᠬᠠᠲᠠᠭᠤ ᠪᠡᠷᠬᠡᠰᠢᠶᠡᠯᠲᠡᠢ ᠨᠦᠰᠡᠷ ᠬᠦᠨᠳᠦ ᠪᠠᠶᠢᠵᠤ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ ᠪᠦᠭᠡᠳ ᠦᠩᠭᠡ ᠭᠡᠷᠡᠯᠲᠡᠢ ᠪᠠᠶᠢᠨ᠎ᠠ᠃ ᠪᠢᠳᠡ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠤᠯᠤᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠡᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠵᠣᠷᠢᠭ ᠲᠡᠭᠦᠯᠳᠡᠷ ᠢᠶᠠᠷ ᠮᠡᠷᠡᠶᠢᠨ ᠴᠢᠷᠮᠠᠶᠢᠵᠤ᠂  ᠦᠨᠡᠨ ᠠᠳᠬᠤᠵᠤ ᠪᠣᠲᠠᠲᠠᠢ ᠪᠠᠷ ᠠᠵᠢᠯᠯᠠᠵᠤ᠂ ᠦᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠤᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩ ᠰᠠᠶᠢᠬᠠᠨ ᠲᠠᠢ ᠪᠣᠯᠭᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ᠃
        ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ