内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
        ᠨᠡᠶᠢᠲᠡᠯᠡᠭᠰᠡᠨ ᠴᠠᠭ᠄
        2018/2/5
             — 2018 ᠤᠨ ᠤ 1 ᠳ᠋ᠤᠭᠡᠷ ᠰᠠᠷ᠎ᠠ ᠶᠢᠨ 24 ᠤ ᠡᠳᠥᠷ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ  ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠦᠬᠡᠷ ᠬᠤᠷᠠᠯᠳᠤᠭᠠᠨ ᠲᠡᠭᠡᠷ᠎ᠡ                             ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ    ᠪᠦ᠋ ᠰᠢᠶᠤᠤ ᠯᠢᠨᠲᠦᠯᠦᠭᠡᠯᠡᠭᠴᠢᠳ ᠡ᠄      ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠣ᠃      ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ      ᠥᠩᠭᠡᠷᠡᠭᠰᠡᠨ ᠲᠠᠪᠤᠨ ᠵᠢᠯ ᠪᠣᠯ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠲᠠᠪᠤᠨ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠲᠣᠭᠲᠠᠭᠤᠨ ᠢᠶᠠᠷ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠲᠤ ᠡᠵᠡᠮᠰᠢᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠳᠤᠷ ᠬᠢᠵᠦ᠂ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ᠰᠢᠨ᠎ᠡ ᠠᠮᠵᠢᠯᠲᠠ ᠪᠦᠲᠦᠭᠡᠯ ᠣᠯᠪᠠ᠃      ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ ᠠᠵᠤ ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠳᠠᠭᠠᠤ ᠳᠤ ᠰᠢᠯᠢᠳᠡᠭᠵᠢᠬᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠨᠡᠯᠢᠶᠡᠳ ᠲᠦᠷᠭᠡᠨ ᠨᠡᠮᠡᠭᠳᠡᠵᠦ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠳᠡᠭᠡᠭᠰᠢᠯᠡᠪᠡ᠃ ᠬᠥᠭᠵᠢᠯᠲᠡ ᠶᠢᠨ ᠠᠮᠢᠵᠢᠷᠠᠯ ᠤᠨ ᠬᠦᠴᠦᠨ ᠥᠷᠬᠦᠯᠵᠢᠯᠡᠨ ᠴᠢᠩᠭᠠᠷᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠶᠡᠭᠡ ᠬᠡᠪᠴᠢᠶ᠎ᠡ ᠪᠠᠷ ᠬᠠᠰᠤᠭᠳᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 68.9 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠳᠤ ᠰᠢᠨᠵᠢᠯᠡᠬᠦ ᠤᠬᠠᠭᠠᠨ ᠮᠡᠷᠭᠡᠵᠢᠯ ᠳᠠᠪᠰᠢᠯᠲᠠ ᠶᠢᠨ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠢᠯᠡᠷᠬᠡᠢ ᠳᠡᠭᠡᠭᠰᠢᠯᠡᠪᠡ᠃ ᠬᠤᠲᠠ ᠬᠦᠳᠡᠭᠡ ᠶᠢᠨ ᠬᠥᠭᠵᠢᠯᠲᠡ ᠳᠤ ᠴᠣ᠋ ᠰᠢᠨ᠎ᠡ ᠳᠦᠷᠰᠦ ᠪᠠᠶᠢᠳᠠᠯ ᠢᠯᠡᠷᠡᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠴᠢᠯᠠᠬᠤ ᠨᠣᠷᠮ᠎ᠠ 62% ᠳᠤ ᠬᠦᠷᠪᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠬᠦ ᠬᠢᠷᠢ ᠲᠦᠪᠰᠢᠨ ᠢᠯᠡᠷᠬᠡᠢ ᠳᠡᠭᠡᠭᠰᠢᠯᠡᠨ᠂ ᠰᠠᠭᠤᠷᠢ ᠪᠡᠯᠡᠳᠬᠡᠮᠵᠢ ᠢᠯᠡᠳᠳᠡ ᠰᠠᠶᠢᠵᠢᠷᠠᠵᠤ᠂ ᠰᠢᠨ᠎ᠡ ᠪᠠᠷ ᠨᠡᠮᠡᠭᠳᠡᠭᠰᠡᠨ ᠲᠡᠮᠦᠷ ᠵᠠᠮ 3400 ᠺᠢᠯᠤᠮᠧᠲᠷ᠂ ᠳᠡᠭᠡᠳᠦ ᠬᠤᠷᠳᠤ ᠶᠢᠨ ᠪᠠ ᠨᠢᠭᠡᠳᠦᠭᠡᠷ ᠳᠡᠰ ᠤᠨ ᠵᠠᠰᠠᠮᠠᠯ ᠵᠠᠮ 5600 ᠺᠢᠯᠤᠮᠧᠲᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 12᠂ ᠴᠠᠬᠢᠯᠭᠠᠨ ᠬᠦᠴᠦᠨ ᠤ ᠭᠠᠳᠠᠭᠰᠢ ᠳᠠᠮᠵᠢᠭᠤᠯᠬᠤ ᠴᠢᠳᠠᠪᠤᠷᠢ 4400 ᠲᠦᠮᠡᠨ ᠺᠢᠯᠤᠸᠠᠲ ᠪᠣᠯᠪᠠ᠃ ᠠᠮᠢ ᠠᠬᠤᠢ ᠶᠢᠨ ᠣᠷᠴᠢᠨ ᠲᠣᠭᠤᠷᠢᠨ ᠦᠷᠬᠦᠯᠵᠢᠯᠡᠨ ᠰᠠᠶᠢᠵᠢᠷᠠᠵᠤ᠂ ᠣᠢ ᠰᠢᠭᠤᠢ ᠶᠢᠨ ᠬᠤᠴᠢᠯᠭ᠎ᠠ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ︽ᠬᠤᠣᠰ ᠢᠶᠠᠷ ᠳᠡᠭᠡᠭᠰᠢᠯᠡᠵᠦ︾᠂ ᠴᠦᠯᠯᠡᠷᠬᠡᠭᠵᠢᠬᠦ ᠪᠠ ᠡᠯᠡᠰᠦᠷᠭᠡᠭᠵᠢᠬᠦ ᠭᠠᠵᠠᠷ ᠨᠤᠲᠤᠭ ︽ᠬᠤᠣᠰ ᠢᠶᠠᠷ ᠪᠠᠭᠠᠰᠴᠤ︾᠂ ᠭᠤᠣᠯ ᠪᠣᠯᠬᠤ ᠪᠣᠬᠢᠷ ᠪᠤᠳᠠᠰ ᠢ ᠭᠠᠳᠠᠭᠰᠢᠯᠠᠭᠤᠯᠬᠤ ᠬᠡᠮᠵᠢᠶ᠎ᠡ ᠶᠡᠭᠡ ᠪᠠᠷ ᠪᠠᠭᠤᠷᠠᠪᠠ᠃ ᠠᠷᠠᠳ ᠤᠨ ᠠᠮᠢᠳᠤᠷᠠᠯ ᠤᠨ ᠬᠢᠷᠢ ᠲᠥᠪᠰᠢᠨ ᠲᠠᠰᠤᠷᠠᠯᠲᠠ ᠦᠭᠡᠢ ᠳᠡᠭᠡᠭᠰᠢᠯᠡᠨ᠂ ᠶᠠᠳᠠᠭᠤᠷᠠᠯ ᠤᠨ ᠨᠣᠷᠮ᠎ᠠ ᠢᠯᠡᠳᠲᠡ ᠪᠠᠭᠤᠷᠠᠵᠤ᠂ ᠬᠤᠲᠠ ᠪᠠᠯᠭᠠᠰᠤ ᠶᠢᠨ ᠠᠵᠢᠯ ᠣᠯᠣᠭᠰᠠᠳ 133.5 ᠲᠦᠮᠡᠨ ᠬᠥᠮᠥᠨ ᠰᠢᠨ᠎ᠡ ᠪᠠᠷ ᠨᠡᠮᠡᠭᠳᠡᠨ᠂ ᠬᠤᠲᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠲᠤᠯᠠᠬᠤ ᠬᠢᠷᠢ ᠲᠥᠪᠰᠢᠨ ᠵᠢᠯ ᠢᠷᠡᠬᠦᠶ᠎ᠡ ᠳᠡᠭᠡᠭᠰᠢᠯᠡᠨ᠂ ᠬᠤᠲᠠ ᠬᠥᠳᠡᠭᠡ ᠶᠢᠨ 217.6 ᠲᠦᠮᠡᠨ ᠡᠷᠦᠬᠡ ᠭᠡᠷ ᠪᠦᠯᠢ ᠶᠢᠨ ᠬᠢᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ ᠤᠨ ᠠᠵᠢᠯ ᠦᠢᠯᠡᠰ ᠲᠠᠰᠤᠷᠠᠯᠲᠠ ᠦᠭᠡᠢ ᠳᠠᠪᠰᠢᠯᠲᠠ ᠲᠠᠢ ᠪᠣᠯᠪᠠ᠃ ᠬᠤᠶᠠᠷ ᠢ ᠬᠦᠷᠢᠶᠡᠯᠡᠬᠦ ᠪᠠ ᠬᠠᠯᠠᠮᠵᠢᠯᠠᠨ ᠲᠣᠬᠢᠷᠠᠭᠤᠯᠵᠤ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠬᠦᠴᠦᠲᠡᠢ ᠳᠡᠮᠵᠢᠪᠡ᠃ ᠦᠨᠳᠦᠰᠦᠲᠡᠨ ᠨᠦᠭᠦᠳ ᠤᠨ ᠶᠡᠭᠡ ᠪᠥᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ ᠱᠠᠰᠢᠨ ᠰᠤᠷᠲᠠᠬᠤᠨ ᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠴᠠᠭ ᠠᠭᠤᠷ ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠥᠪᠳᠡᠭᠴᠢ ᠪᠠ ᠰᠣᠶᠣᠯ ᠲᠡᠦᠬᠡ᠂ ᠭᠠᠳᠠᠭᠠᠳᠤ ᠶᠠᠪᠤᠳᠠᠯ ᠪᠠ ᠬᠠᠷᠢᠶᠠᠲᠤ ᠶᠢᠨ ᠶᠠᠪᠤᠳᠠᠯ ᠵᠡᠷᠭᠡ ᠠᠵᠢᠯ ᠤᠳ ᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ᠂ ᠡᠮᠡᠭᠲᠡᠶᠢᠴᠦᠳ ᠪᠠ ᠬᠡᠦᠬᠡᠳ᠂ ᠦᠲᠡᠭᠦᠰ ᠪᠠ ᠵᠡᠮᠳᠡᠭᠴᠦᠳ ᠤᠨ ᠠᠵᠢᠯ ᠦᠢᠯᠡᠰ ᠴᠥᠮ ᠰᠢᠨ᠎ᠡ ᠠᠬᠢᠯᠲᠠ ᠲᠠᠢ ᠪᠣᠯᠪᠠ᠃      ᠲᠥᠯᠥᠭᠡᠯᠡᠭᠴᠢᠳ ᠡ᠂ 2017 ᠣᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠬᠦ ᠶᠠᠪᠤᠳᠠᠯ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠦᠪᠡᠳᠡᠭᠰᠢ ᠪᠠᠶᠠᠷ ᠪᠣᠯᠪᠠ᠃ ᠪᠢᠳᠡ ᠨᠢᠵᠢᠭᠡᠷ ᠶᠡᠭᠡ ᠪᠡᠯᠭᠡᠯᠡᠬᠦ ᠴᠤᠭᠯᠠᠭᠠᠨ ᠢ ᠡᠷᠬᠢᠯᠡᠨ᠂ ᠶᠢᠰᠦᠳᠦᠭᠡᠷ ᠤᠳᠠᠭ᠎ᠠ ᠶᠢᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠪᠥᠬᠦ ᠣᠷᠣᠨ ᠳᠠᠶᠠᠭᠠᠷ ᠲᠤ ᠣᠯᠠᠨ ᠲᠦᠮᠡᠨᠴᠢ ᠴᠢᠨᠠᠷᠲᠠᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠦᠨ᠂ ᠲᠤᠮᠤ ᠬᠡᠪᠴᠢᠶᠡᠨ ᠤ ᠦᠷ᠎ᠡ ᠪᠦᠲᠦᠭᠡᠯ ᠤᠨ ᠥᠵᠡᠰᠭᠦᠯᠡᠩ ᠢ ᠡᠷᠬᠢᠯᠡᠵᠦ ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠤᠷᠤ ᠰᠠᠶᠢᠨ ᠴᠤᠭ ᠰᠦᠯᠳᠡ ᠶᠢ ᠭᠦᠢᠴᠡᠳ ᠦᠵᠡᠭᠦᠯᠦᠨ᠂ ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠯᠤᠳᠤ ᠶᠡᠭᠡ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠪᠡ᠃ ᠲᠥᠪ ᠬᠤᠷᠢᠶ᠎ᠠ ᠶᠢᠨ ᠪᠠᠶᠠᠷ ᠤᠨ ᠴᠠᠬᠢᠯᠭᠠᠨ ᠳᠤ ᠥᠪᠡᠷᠲᠡᠭᠡᠨ ᠵᠠᠰᠠᠬᠤ ᠣᠷᠣᠨ ᠤ 70 ᠵᠢᠯ ᠤᠨ ᠲᠤᠷᠰᠢᠬᠢ ᠣᠯᠣᠭᠰᠠᠨ ᠲᠡᠦᠬᠡᠲᠦ ᠴᠢᠨᠠᠷᠲᠠᠢ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠬᠡᠮᠡᠬᠦ ᠡᠷᠬᠢᠮ ᠳᠡᠭᠡᠳᠦ ᠢᠷᠠᠭᠤ ᠠᠯᠳᠠᠷ ᠢ ᠬᠦᠷᠲᠡᠭᠰᠡᠨ ᠤ ᠬᠠᠮᠲᠤ ᠢᠮᠠᠭᠲᠠ ᠬᠠᠮᠠᠭᠠᠯᠠᠭᠰᠠᠭᠠᠷ ᠢᠷᠡᠭᠰᠡᠨ ᠢ ᠥᠨᠳᠥᠷ ᠦᠨᠡᠯᠡᠪᠡ᠃ ᠲᠥᠪ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠨᠠᠮ ᠤᠨ ᠲᠥᠪ ᠬᠤᠷᠢᠶ᠎ᠠ ᠶᠢᠨ ᠳᠣᠲᠣᠨᠣ ᠬᠠᠯᠠᠮᠵᠢᠯᠠᠯ ᠪᠠ ᠪᠥᠬᠦ ᠤᠯᠤᠰ ᠤᠨ ᠠᠷᠠᠳ ᠲᠦᠮᠡᠨ ᠤ ᠢᠷᠦᠭᠡᠯ ᠵᠥᠩᠨᠡᠯ ᠢ ᠬᠦᠷᠭᠡᠨ ᠢᠷᠡᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤᠪᠠᠷ ᠪᠠᠶᠠᠷ ᠤᠨ ᠡᠳᠦᠷ ᠢ ᠪᠠᠶᠠᠷᠯᠠᠨ ᠪᠡᠯᠭᠡᠯᠡᠵᠦ᠂ 12 ᠠᠶᠢᠮᠠᠭ ᠬᠤᠲᠠ ᠪᠠᠷ ᠭᠦᠨᠵᠡᠭᠡᠶᠢᠷᠡᠨ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠬᠡᠮᠡᠬᠦ ᠪᠢᠴᠢᠭᠡᠰᠦ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠦᠢᠯ ᠤᠨ ᠶᠡᠭᠡ ᠪᠠᠷ ᠵᠣᠷᠢᠬᠵᠢᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠳᠦᠷᠪᠡᠨ ᠢᠲᠡᠭᠡᠯ︾ ᠢ ᠪᠠᠲᠤᠳᠬᠠᠵᠤ᠂ ᠪᠢᠳᠡᠨ ᠤ ᠤᠭ ᠰᠠᠨᠠᠭ᠎ᠠ ᠪᠠᠨ ᠦᠯᠦ ᠮᠠᠷᠲᠠᠨ᠂ ᠥᠷᠬᠦᠯᠵᠢᠯᠡᠨ ᠤᠷᠤᠭᠰᠢᠯᠠᠬᠤ ᠶᠢᠨ ᠣᠮᠤᠭ ᠪᠠᠭ᠋ᠠᠲᠤᠯᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠴᠢᠩᠭᠠᠷᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠢ ᠮᠠᠨ ᠤ ᠣᠷᠣᠨ ᠳᠤ ᠬᠤᠷᠠᠯᠳᠤᠭᠤᠯᠪᠠ᠃ ᠪᠢᠳᠡ ᠶᠠᠨ ᠠᠨ ᠤ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠪᠣᠷᠣᠪᠠᠯᠭᠠᠰᠤ ᠳᠠᠬᠢ ᠬᠠᠭᠤᠴᠢᠨ ᠪᠠᠭᠤᠷᠢ ᠳᠤ᠂ ᠪᠣᠷᠣᠪᠠᠯᠭᠠᠰᠤ ᠶᠢᠨ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠶᠢ ᠪᠠᠶᠢᠭᠤᠯᠪᠠ᠃ ᠪᠣᠷᠣᠪᠠᠯᠭᠠᠰᠤ ᠶᠢᠨ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠶᠢ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠣᠯᠭᠠᠵᠤ᠂ ᠤᠯᠤᠰ ᠤᠨ ᠦᠨᠳᠦᠰᠦᠲᠡᠨ ᠤ ᠵᠥᠪᠯᠡᠯ ᠠᠴᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠲᠣᠭᠲᠠᠭᠠᠪᠠ᠃      2017 ᠣᠨ ᠪᠣᠯ ᠪᠠᠰᠠᠴᠣ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠣᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠬᠠᠷᠢᠭᠤ ᠵᠠᠬᠢᠳᠠᠯ ᠳᠠᠭᠠᠨ ᠤᠯᠠᠭᠠᠨᠮᠥ᠋ᠴᠢᠷ ᠢ ᠪᠥᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ ᠮᠥᠨ ᠭᠡᠵᠦ ᠮᠠᠭᠲᠠᠨ ᠰᠠᠶᠢᠰᠢᠶᠠᠵᠤ᠂ ᠤᠯᠠᠭᠠᠨᠮᠦ᠋ᠴᠢᠷ ᠤᠨ ᠬᠡᠰᠢᠭᠦᠳ ᠢ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠲᠤᠭᠠᠢ ᠬᠡᠮᠡᠨ ᠵᠣᠷᠢᠬᠵᠢᠭᠤᠯᠪᠠ᠃ ᠡᠨᠡ ᠨᠢ ᠤᠯᠠᠭᠠᠨᠮᠥ᠋ᠴᠢᠷ ᠲᠤ ᠥᠭᠭᠦᠭᠰᠡᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠬᠤ ᠪᠥᠭᠡᠳ ᠨᠡᠩ ᠴᠦ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠥᠭᠭᠦᠭᠰᠡᠨ ᠳᠣᠲᠣᠨᠣ ᠬᠠᠯᠠᠮᠵᠢᠯᠠᠯ ᠪᠣᠯᠣᠨ᠎ᠠ᠂ ᠮᠥᠨᠴᠦ ᠪᠥᠬᠦ ᠣᠷᠣᠨ ᠤ ᠤᠳᠬ᠎ᠠ ᠤᠷᠠᠯᠢᠭ ᠤᠨ ᠬᠥᠭᠵᠢᠯᠲᠡ ᠪᠠ ᠰᠣᠶᠣᠯ ᠤᠨ ᠪᠠᠶᠢᠭᠤᠯᠤᠯᠲᠠ ᠶᠢᠨ ᠶᠠᠪᠤᠴᠠ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡᠨ ᠲᠣᠮᠣ ᠤᠴᠢᠷ ᠶᠠᠪᠤᠳᠠᠯ ᠪᠠᠶᠢᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠷᠮᠠᠰᠢᠭᠤᠯᠤᠨ ᠵᠣᠷᠢᠬᠵᠢᠭᠤᠯᠪᠠ᠃      2017 ᠣᠨ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠳᠦᠷᠪᠡᠨ ᠦᠵᠡᠯ ᠤᠬᠠᠮᠰᠠᠷ︾ ᠢ ᠲᠠᠰᠤᠷᠠᠯᠲᠠ ᠦᠭᠡᠢ ᠴᠢᠩᠭᠠᠷᠠᠭᠤᠯᠤᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠯᠠᠪᠳᠠᠭᠤᠨ ᠪᠠᠳᠤᠲᠠᠢ ᠪᠠᠷ ᠠᠵᠢᠯᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠢ ᠦᠷᠬᠦᠯᠵᠢᠯᠡᠨ ᠡᠷᠡᠭᠦᠯ ᠢᠶᠠᠷ ᠬᠥᠭᠵᠢᠭᠦᠯᠪᠡ᠃ ᠠᠩᠬ᠎ᠠ ᠠᠯᠬᠤᠮ ᠤᠨ ᠬᠠᠷᠭᠤᠭᠤᠯᠤᠨ ᠪᠣᠳᠣᠭᠰᠠᠨ ᠢᠶᠠᠷ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 4% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠳᠠᠬᠢ ᠬᠡᠢ ᠬᠤᠭᠤᠰᠤᠨ ᠢᠶᠠᠷ ᠨᠡᠮᠡᠭᠳᠡᠭᠦᠯᠦᠨ ᠡᠷᠭᠢᠯᠳᠦᠭᠦᠯᠬᠦ ᠬᠦᠴᠦᠨ ᠵᠦᠢᠯ ᠢ ᠭᠠᠷᠭᠠᠭᠰᠠᠨ ᠤ ᠳᠠᠷᠠᠭ᠎ᠠ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠣᠯ 14.6% ᠨᠡᠮᠡᠭᠳᠡᠨ᠂ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠨᠢ ᠳᠡᠭᠡᠷ᠎ᠡ ᠵᠢᠯ ᠤᠨ 33.8% ᠪᠠᠶᠢᠭᠰᠠᠨ ᠠᠴᠠ ᠪᠠᠨ 24.4% ᠪᠣᠯᠲᠠᠯ᠎ᠠ ᠪᠠᠭᠤᠷᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠴᠢᠨᠠᠷ ᠴᠢᠨᠰᠠᠭ᠎ᠠ ᠢᠯᠡᠷᠬᠡᠢ ᠳᠡᠭᠡᠭᠰᠢᠯᠡᠪᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠪᠠᠷ ᠡᠵᠡᠮᠳᠡᠵᠦ ᠪᠣᠯᠬᠤ ᠣᠷᠣᠯᠭ᠎ᠠ ᠲᠤᠰ ᠲᠤᠰ 8.2% ᠪᠠ 8.4% ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠪᠠ᠃      ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠄      ︵ᠨᠢᠭᠡ︶ ︽ᠭᠤᠷᠪᠠ ᠶᠢ ᠦᠭᠡᠶᠢᠰᠭᠡᠵᠦ ᠨᠢᠭᠡ ᠶᠢ ᠪᠠᠭᠤᠷᠠᠭᠤᠯᠬᠤ ᠪᠠ ᠨᠢᠭᠡ ᠶᠢ ᠨᠦᠬᠦᠪᠦᠷᠢᠯᠡᠬᠦ︾ ᠶᠢ ᠠᠬᠢᠭᠤᠯᠪᠠ᠃ ᠪᠢᠳᠡ ᠥᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠮᠵᠢ ᠶᠢ ᠦᠷᠬᠦᠯᠵᠢᠯᠡᠨ ᠠᠷᠢᠯᠭᠠᠵᠤ᠂ ᠳᠣᠣᠷᠠᠳᠤ ᠦᠵᠦᠭᠦᠷ ᠤᠨ ᠪᠠ ᠪᠦᠲᠦᠮᠵᠢ ᠦᠭᠡᠢ ᠬᠠᠩᠭᠠᠯᠭ᠎ᠠ ᠶᠢ ᠪᠠᠭᠠᠰᠬᠠᠨ᠂ 810 ᠲᠦᠮᠡᠨ ᠲᠣᠨ ᠨᠡᠭᠦᠷᠡᠰᠦ ᠪᠠ 55 ᠲᠦᠮᠡᠨ ᠲᠣᠨ ᠪᠣᠯᠤᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠪᠤᠴᠠᠭᠠᠨ ᠭᠠᠷᠭᠠᠵᠤ᠂ 243 ᠲᠦᠮᠡᠨ ᠲᠣᠨ ︽ᠳᠠᠬᠢᠵᠤ ᠦᠢᠯᠡᠳᠪᠦᠷᠢᠯᠡᠭᠰᠡᠨ ᠪᠣᠯᠣᠳ ᠲᠡᠮᠦᠷ︾ ᠢ ᠬᠦᠴᠦᠨ ᠦᠭᠡᠢ ᠪᠣᠯᠭᠠᠪᠠ᠃ ᠠᠩᠭᠢᠯᠠᠨ ᠵᠢᠯᠤᠭᠤᠳᠬᠤ ᠪᠠ ᠬᠤᠲᠠ ᠶᠢᠨ ᠪᠠᠶᠢᠳᠠᠯ ᠳᠤᠨᠢ ᠵᠣᠬᠢᠴᠠᠭᠤᠯᠵᠤ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠲᠠᠸᠠᠷ ᠤᠨ ᠭᠡᠷ ᠪᠠᠶᠢᠰᠢᠩ ᠤᠨ ᠬᠤᠳᠠᠯᠳᠤᠬᠤ ᠪᠠᠷ ᠪᠠᠶᠢᠭ᠎ᠠ ᠲᠠᠯᠠᠪᠠᠢ ᠶᠢ 8.6% ᠪᠠᠭᠤᠷᠠᠭᠤᠯᠪᠠ᠃ ᠬᠦᠰᠢᠭᠦᠷᠭᠡ ᠶᠢ ᠦᠭᠡᠶᠢᠰᠭᠡᠬᠦ ᠠᠵᠢᠯ ᠢ ᠯᠠᠪᠳᠠᠭᠤᠨ ᠪᠠᠳᠤᠲᠠᠢ ᠰᠠᠶᠢᠳᠤᠷ ᠬᠢᠵᠦ᠂ ᠠᠵᠤ ᠦᠢᠯᠡᠳᠪᠦᠷᠢ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠬᠦ ᠨᠣᠷᠮ᠎ᠠ ᠦᠷᠬᠦᠯᠵᠢᠯᠡᠨ ᠪᠠᠭᠤᠷᠠᠪᠠ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠮᠥᠩᠭᠦᠨ ᠭᠦᠢᠯᠭᠡᠭᠡᠨ ᠢ ᠳᠤᠷ᠎ᠠ ᠪᠠᠷ ᠡᠷᠬᠢᠯᠡᠬᠦ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠳᠠᠬᠢ ᠦᠨᠳᠦᠷ ᠬᠦᠦ ᠲᠠᠢ ᠵᠢᠭᠡᠯᠡᠯᠭᠡ ᠳᠤ ᠶᠡᠷᠦᠩᠬᠡᠶᠢᠯᠡᠨ ᠵᠠᠰᠠᠬᠤ ᠶᠢ ᠥᠷᠨᠢᠭᠦᠯᠪᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠂ ᠭᠠᠶᠢᠯᠢ ᠶᠢ ᠬᠠᠰᠤᠵᠤ ᠵᠠᠷᠤᠳᠠᠯ ᠢ ᠪᠠᠭᠤᠷᠠᠭᠤᠯᠬᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠤᠨ᠂ ᠪᠤᠲᠠᠲᠤ ᠴᠣᠭᠴᠠᠲᠤ ᠠᠵᠤ ᠠᠬᠤᠢ ᠶᠢᠨ ᠥᠪᠡᠷ ᠤᠨ ᠥᠷᠲᠡᠭ ᠢ ᠪᠠᠭᠤᠷᠠᠭᠤᠯᠪᠠ᠃ ᠭᠤᠣᠯᠳᠠᠯᠭ᠎ᠠ ᠶᠢ ᠳᠣᠪᠤᠶᠢᠯᠭᠠᠵᠤ ᠳᠤᠲᠠᠭᠤᠳᠠᠯ ᠢ ᠨᠥᠬᠦᠪᠦᠷᠢᠯᠡᠨ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ᠂ ᠠᠮᠢ ᠠᠬᠤᠢ ᠶᠢᠨ ᠣᠷᠴᠢᠨ ᠲᠣᠭᠤᠷᠢᠨ᠂ ᠰᠠᠭᠤᠷᠢ ᠪᠡᠯᠡᠳᠬᠡᠮᠵᠢ᠂ ︽ᠮᠠᠯᠵᠢᠬᠤ ᠲᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ ᠲᠠᠷᠢᠶᠠᠴᠢᠨ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠭᠤᠷᠠᠢ ᠲᠠᠯ᠎ᠠ ᠶᠢᠨ ᠠᠵᠢᠯ ᠤᠳ ᠢ ᠴᠢᠩᠭᠠᠳᠬᠠᠪᠠ᠃ ᠤᠯᠠᠭᠠᠨᠬᠤᠲᠠ ᠠᠴᠠ ᠪᠠᠶᠢᠴᠧᠩ ᠬᠦᠷᠬᠦ ᠲᠦᠷᠭᠡᠨ ᠬᠤᠷᠳᠤ ᠶᠢᠨ ᠲᠡᠮᠦᠷ ᠵᠠᠮ᠂ ᠬᠥᠬᠡᠬᠤᠲᠠ ᠠᠴᠠ ᠵᠢᠨᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠤ ᠭᠠᠯᠲᠤ ᠲᠡᠷᠭᠡ ᠨᠡᠪᠲᠡᠷᠡᠭᠦᠯᠦᠭᠰᠡᠨ ᠪᠦᠭᠡᠳ ᠤᠯᠠᠭᠠᠨᠬᠠᠳᠠ᠂ ᠲᠦᠩᠯᠢᠶᠣᠣ ᠪᠡᠭᠡᠵᠢᠩ ᠮᠥᠭᠳᠡᠨ ᠤ ᠳᠡᠭᠡᠳᠦ ᠬᠤᠷᠳᠤ ᠶᠢᠨ ᠲᠡᠮᠦᠷ ᠵᠠᠮ ᠤᠨ ᠠᠭᠤᠯᠵᠠᠭᠤᠷ ᠱᠤᠭᠤᠮ ᠢ ᠪᠦᠲᠦᠭᠡᠨ ᠪᠠᠶᠢᠭᠤᠯᠬᠤ ᠠᠬᠢᠴᠠ ᠤᠷᠤᠭᠰᠢᠲᠠᠢ ᠪᠠᠶᠢᠵᠤ᠂ ᠪᠠᠶᠢᠭᠤᠯᠣᠮᠵᠢᠲᠤ ᠭᠠᠴᠠᠭ᠎ᠠ ᠲᠣᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ ᠲᠠᠢ ᠪᠣᠯᠭᠠᠬᠤ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃      ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠭᠡᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠡᠬᠢ ᠪᠠᠶᠠᠯᠢᠭ ᠢ ᠤᠯᠠᠷᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠠᠬᠢᠭᠤᠯᠪᠠ᠃ ᠤᠯᠠᠮᠵᠢᠯᠠᠯᠲᠤ ᠠᠵᠤ ᠦᠢᠯᠡᠰ ᠢ ᠰᠢᠨᠡᠳᠬᠡᠨ ᠥᠭᠡᠷᠡᠴᠢᠯᠡᠵᠦ ᠳᠡᠰ ᠳᠡᠪᠰᠢᠭᠦᠯᠬᠦ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶᠡᠰᠦ ᠶᠢ ᠤᠯᠠᠮ ᠨᠢᠭᠡ ᠠᠯᠬᠤᠮ ᠤᠷᠲᠤᠳᠬᠠᠵᠤ᠂ ᠨᠡᠭᠦᠷᠡᠰᠦ ᠪᠠᠷ ᠴᠠᠬᠢᠯᠭᠠᠨ ᠭᠠᠷᠭᠠᠬᠤ᠂ ᠨᠡᠭᠦᠷᠡᠰᠦ ᠬᠢᠮᠢ ᠶᠢᠨ ᠨᠢᠭᠡ ᠴᠣᠭᠴᠠᠵᠢᠭᠤᠯᠬᠤ ᠬᠤᠪᠢ ᠶᠢᠨ ᠵᠢᠩ 90% ᠠᠴᠠ ᠳᠡᠭᠡᠭᠰᠢ ᠳᠤ ᠬᠦᠷᠦᠭᠰᠡᠨ ᠪᠦᠭᠡᠳ ᠠᠵᠤ ᠦᠢᠯᠡᠳᠪᠦᠷᠢ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠨᠣᠷᠮ᠎ᠠ ᠢᠯᠡᠷᠬᠡᠢ ᠳᠡᠭᠡᠭᠰᠢᠯᠡᠪᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠯᠧᠺᠲᠷᠤᠨ ᠮᠡᠳᠡᠭᠡ ᠬᠤᠯᠪᠣᠭ᠎ᠠ ᠵᠡᠷᠭᠡ ᠠᠵᠤ ᠦᠢᠯᠡᠰ ᠤᠳ ᠨᠡᠯᠢᠶᠡᠳ ᠲᠦᠷᠭᠡᠨ ᠢᠶᠠᠷ ᠨᠡᠮᠡᠭᠳᠡᠵᠦ᠂ ᠬᠤᠪᠣᠷ ᠰᠢᠷᠣᠢ ᠶᠢᠨ ᠨᠢᠭᠡᠳᠪᠦᠷᠢ ᠦᠢᠯᠡᠳᠪᠦᠷᠢᠯᠡᠬᠦ ᠴᠢᠳᠠᠮᠵᠢ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ ᠪᠦᠬᠦ ᠤᠯᠤᠰ ᠤᠨ ᠲᠡᠷᠢᠭᠦᠨ ᠳᠤ ᠣᠷᠣᠪᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠠᠮᠤ ᠪᠤᠳᠠᠭ᠎ᠠ ᠶᠢᠨ ᠤᠨᠠᠯᠲᠠ 5 ᠵᠢᠯ ᠳᠠᠷᠠᠭᠠᠯᠠᠨ 550 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠵᠤ᠂ ᠮᠠᠯᠵᠢᠯ ᠤᠨ ᠣᠨ ᠤ ᠵᠤᠬᠰᠤᠭ᠎ᠠ ᠮᠠᠯ ᠤᠨ ᠲᠤᠭ᠎ᠠ 13 ᠵᠢᠯ ᠳᠠᠷᠠᠭᠠᠯᠠᠨ 1 ᠳ᠋ᠦᠩᠰᠢᠭᠤᠷ ᠭᠠᠷᠤᠢ ᠲᠤᠭ᠎ᠠ ᠲᠣᠯᠣᠭᠠᠢ ᠳᠤ ᠲᠣᠭᠲᠠᠪᠤᠷᠢᠵᠢᠪᠠ᠃ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠡᠩᠬᠡ᠂ ᠨᠠᠰᠤᠵᠢᠯ ᠤᠨ ᠠᠰᠠᠷᠠᠮᠵᠢ᠂ ᠴᠣᠭᠯᠠᠭᠠᠨ ᠦᠵᠡᠬᠦᠯᠦᠯᠬᠡ ᠵᠡᠷᠭᠡ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠵᠢᠭᠤᠯᠴᠢᠯᠠᠭᠴᠢᠳ ᠤᠨ ᠶᠡᠷᠦᠩᠬᠡᠢ ᠲᠤᠭ᠎ᠠ 1 ᠳ᠋ᠦᠩᠰᠢᠭᠤᠷ ᠬᠥᠮᠥᠨ ᠤᠳᠠᠭ᠎ᠠ ᠶᠢ ᠬᠡᠲᠦᠷᠡᠭᠰᠡᠨ ᠪᠦᠭᠡᠳ ᠵᠢᠭᠤᠯᠴᠢᠯᠠᠯ ᠤᠨ ᠶᠡᠷᠦᠩᠬᠡᠢ ᠣᠷᠣᠯᠭ᠎ᠠ 7 ᠵᠢᠯ ᠳᠠᠷᠠᠭᠠᠯᠠᠨ 20% ᠠᠴᠠ ᠳᠡᠭᠡᠭᠰᠢ ᠨᠡᠮᠡᠭᠳᠡᠪᠡ᠃ ᠠᠵᠤ ᠦᠢᠯᠡᠰ ᠤᠨ ᠳᠡᠰ ᠳᠡᠪᠰᠢᠭᠦᠯᠬᠦ ᠲᠠᠯ᠎ᠠ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠬᠠᠮᠵᠢᠯᠴᠠᠵᠤ ᠰᠢᠨ᠎ᠡ ᠶᠢ ᠡᠭᠦᠳᠦᠨ ᠰᠲ᠋ᠣᠺ ᠤᠨ ᠡᠷᠬᠡ ᠪᠠᠷ ᠪᠡᠯᠡ ᠣᠷᠤᠭᠤᠯᠬᠤ ᠰᠠᠭᠤᠷᠢ ᠮᠥᠩᠭᠦ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ 93 ᠶᠢ ᠰᠢᠨ᠎ᠡ ᠪᠠᠷ ᠪᠤᠶᠢᠵᠢᠭᠤᠯᠤᠨ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 1 ᠶᠢ ᠰᠢᠨ᠎ᠡ ᠪᠠᠷ ᠨᠡᠮᠡᠭᠳᠡᠭᠦᠯᠪᠡ᠃ ᠮᠤᠩᠭᠤᠯ ᠡᠮᠨᠡᠯᠬᠡ ᠶᠢᠨ ᠤᠬᠠᠭᠠᠨ ᠵᠡᠷᠬᠡ ᠰᠢᠨ᠎ᠠ ᠪᠠᠷ ᠨᠡᠮᠡᠭᠳᠡᠭᠰᠡᠨ ᠳ᠋ᠤᠺᠲ᠋ᠤᠷ ᠴᠤᠯᠠ ᠤᠯᠭᠤᠬᠤ 13 ᠴᠢᠬ ᠨᠢ ᠬᠢᠨᠠᠨ ᠲᠤᠭᠳᠠᠭᠠᠯᠳᠠ ᠪᠠᠷ ᠪᠠᠳᠤᠯᠠᠬᠳᠠᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠰᠤᠷᠭᠠᠨ ᠬᠥᠮᠥᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠬᠠᠮᠲᠤᠷᠠᠨ ᠴᠣᠭᠴᠠᠯᠠᠬᠤ ᠳᠡᠭᠡᠳᠦ ᠰᠤᠷᠭᠠᠭᠤᠯᠢ ᠪᠣᠯᠵᠤ᠂ ᠠᠮᠢᠳᠤ ᠪᠤᠳᠠᠰ ᠤᠨ ᠰᠤᠳᠤᠯᠤᠯ ᠨᠢ ᠤᠯᠤᠰ ᠤᠨ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠶᠢᠨ ᠲᠥᠷᠥᠯ ᠵᠦᠢᠯ ᠳᠤ ᠰᠣᠩᠭᠤᠭᠳᠠᠨ ᠣᠷᠣᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠠᠴᠠ ᠬᠠᠮᠲᠤᠷᠠᠨ ᠪᠠᠶᠢᠭᠤᠯᠬᠤ ᠲᠠᠯ᠎ᠠ ᠨᠤᠲᠤᠭ ᠤᠨ ᠮᠠᠯ ᠲᠡᠵᠢᠭᠡᠪᠦᠷᠢ ᠶᠢᠨ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠥᠪᠰᠢᠶᠡᠷᠡᠭᠳᠡᠵᠦ᠂ ᠮᠤᠵᠢ ᠶᠠᠮᠤᠨ ᠬᠠᠮᠲᠤᠷᠠᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠠᠵᠢᠯ ᠳᠤ ᠠᠩᠬᠠᠨ ᠤ ᠠᠮᠵᠢᠯᠲᠠ ᠣᠯᠪᠠ᠃      ︵ᠭᠤᠷᠪᠠ︶ ᠥᠭᠡᠷᠡᠴᠢᠯᠡᠯᠲᠡ ᠨᠡᠭᠡᠭᠡᠯᠲᠡ ᠬᠢᠬᠦ ᠠᠯᠬᠤᠮ ᠢᠶᠠᠨ ᠲᠦᠷᠭᠡᠳᠬᠡᠪᠡ᠃ ᠪᠢᠳᠡ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠪᠠ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠡᠶᠢᠭᠡᠮ ᠨᠡᠶᠢᠲᠡ ᠳᠤ ᠵᠠᠰᠠᠭ ᠵᠠᠬᠢᠷᠭᠠᠨ ᠤ ᠵᠥᠪᠰᠢᠶᠡᠷᠡᠵᠦ ᠭᠡᠷᠡᠴᠢᠯᠡᠬᠦ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦᠨ ᠡᠮ ᠤᠨ ᠵᠦᠢᠯᠡᠰ ᠲᠤ ᠦᠨ᠎ᠡ ᠨᠡᠮᠡᠬᠦ ᠶᠢ ᠬᠦᠴᠦᠨ ᠦᠭᠡᠢ ᠪᠣᠯᠭᠠᠵᠤ᠂ ᠱᠠᠲᠤ ᠬᠤᠪᠢᠶᠠᠨ ᠣᠨᠣᠰᠢᠯᠡᠨ ᠡᠮᠴᠢᠯᠡᠬᠦ ᠲᠤᠷᠰᠢᠯᠲᠠ ᠶᠢ ᠠᠶᠢᠮᠠᠭ ᠬᠤᠲᠠ ᠳᠤ ᠨᠡᠶᠢᠳᠡᠮ ᠬᠠᠮᠤᠷᠬᠤ ᠶᠢ ᠪᠡᠶᠡᠯᠡᠭᠦᠯᠦᠨ᠂ ᠴᠢᠬ ᠲᠣᠭᠲᠠᠭᠠᠭᠰᠠᠨ 154 ᠡᠮᠴᠢᠯᠡᠭᠡᠨ ᠤ ᠪᠠᠶᠢᠭᠤᠯᠤᠮᠵᠢ ᠶᠢ ᠤᠯᠤᠰ ᠤᠨ ᠮᠤᠵᠢ ᠠᠯᠤᠰᠯᠠᠨ ᠣᠨᠳᠣᠣ ᠭᠠᠵᠠᠷ ᠢᠶᠠᠷ ᠡᠮᠨᠡᠭᠦᠯᠵᠦ ᠪᠣᠯᠬᠤ ᠰᠢᠰᠲ᠋ᠧᠮ ᠳᠤ ᠣᠷᠤᠭᠤᠯᠪᠠ᠃ ᠭᠠᠵᠠᠷ ᠰᠢᠷᠣᠢ ᠶᠢᠨ ᠡᠷᠬᠡ ᠶᠢ ᠲᠣᠳᠣᠯᠠᠨ ᠲᠣᠭᠲᠠᠭᠠᠬᠤ ᠪᠤᠳᠠᠲᠠᠢ ᠲᠠᠯᠠᠪᠠᠢ ᠶᠢᠨ 81% ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠭᠠᠭᠠᠴᠢᠯᠠᠭᠤᠯᠬᠤ ᠠᠵᠢᠯ ᠤᠨ 90% ᠠᠴᠠ ᠳᠡᠭᠡᠭᠰᠢᠬᠢ ᠶᠢ ᠪᠡᠶᠡᠯᠡᠭᠦᠯᠦᠨ᠂ ᠬᠥᠲᠦᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠡᠯ᠎ᠡ ᠬᠦᠷᠢᠶᠡᠨ ᠳᠠᠬᠢ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶᠢᠷᠡᠪᠡ᠃ ᠭᠠᠳᠠᠭᠠᠳᠤ ᠳᠤ ᠨᠡᠭᠡᠭᠡᠯᠲᠡ ᠬᠢᠬᠦ ᠶᠢ ᠪᠥᠬᠦ ᠲᠠᠯ᠎ᠠ ᠪᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠪᠠᠶᠢᠩᠭᠤᠵᠢᠭᠤᠯᠬᠤ ᠠᠵᠢᠯᠯᠠᠭᠠᠨ ᠢ ᠪᠡᠶᠡᠯᠡᠬᠦᠯᠵᠦ᠂ ᠭᠠᠳᠠᠭᠠᠳᠤ ᠠᠷᠠᠯᠵᠢᠶ᠎ᠠ ᠶᠢᠨ ᠲᠦᠷᠭᠡᠨ ᠨᠡᠮᠡᠭᠳᠡᠯ ᠢ ᠪᠠᠲᠤᠯᠠᠨ᠂ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 900 ᠳ᠋ᠦᠩᠰᠢᠭᠤᠷ ᠲᠥᠭᠦᠷᠢᠭ ᠢ ᠳᠠᠪᠠᠵᠤ᠂ 22.8% ᠨᠡᠮᠡᠭᠳᠡᠨ᠂ ᠬᠢᠯᠢ ᠪᠣᠭᠤᠮᠲᠠ ᠪᠠᠷ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠲᠣᠭᠲᠠᠭᠤᠨ ᠪᠦᠭᠡᠳ ᠨᠡᠮᠡᠭᠳᠡᠯ ᠲᠠᠢ ᠪᠣᠯᠪᠠ᠃ ᠭᠠᠳᠠᠭᠠᠳᠤ ᠶᠠᠪᠤᠳᠠᠯ ᠤᠨ ᠶᠠᠮᠤᠨ ᠠᠴᠠ ᠳᠡᠯᠡᠬᠡᠢ ᠳ᠋ᠠᠬᠢᠨ ᠳᠤ ᠥᠪᠥᠷ ᠮᠣᠩᠭᠤᠯ ᠢ ᠲᠠᠨᠢᠯᠴᠠᠭᠤᠯᠬᠤ ᠠᠵᠢᠯᠯᠠᠭ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠠᠰᠲ᠋ᠠᠨᠠ ᠶᠢᠨ ᠳᠡᠯᠡᠬᠡᠢ ᠶᠢᠨ ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠤᠨ ᠭᠠᠷᠠᠭ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠡᠳ ᠤᠯᠤᠰ ᠤᠨ ᠳᠣᠲᠤᠭᠠᠳᠤ ᠭᠠᠳᠠᠭᠠᠳᠤ ᠳᠤ ᠥᠪᠥᠷ ᠮᠣᠩᠭᠤᠯ ᠤᠨ ᠴᠡᠴᠡᠭᠯᠡᠯ ᠬᠥᠭᠵᠢᠯ ᠲᠠᠢ᠂ ᠳᠠᠪᠰᠢᠯᠲᠠ ᠲᠠᠢ᠂ ᠨᠡᠭᠡᠭᠡᠯᠲᠡ ᠲᠠᠢ᠂ ᠡᠶ᠎ᠡ ᠵᠣᠬᠢᠴᠠᠯ ᠲᠠᠢ ᠪᠠᠶᠢᠭ᠎ᠠ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠦᠨ ᠭᠠᠶᠢᠬᠠᠭᠤᠯᠪᠠ᠃      ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠪᠠ᠃ ᠪᠢᠳᠡ ᠪᠤᠬᠢᠷᠳᠤᠯ ᠦᠭᠡᠢ ᠦᠪᠦᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠪᠠᠶᠢᠭᠠᠯᠢᠯᠢᠬ ᠣᠢ ᠶᠢᠨ ᠬᠠᠮᠠᠭᠠᠯᠠᠯᠲᠠ᠂ ᠪᠡᠭᠡᠵᠢᠩ ᠲᠢᠶᠠᠨᠵᠢᠨ ᠤ ᠡᠯᠡᠰᠦ ᠰᠢᠭᠤᠷᠭ᠎ᠠ ᠶᠢᠨ ᠡᠬᠢ ᠢᠷᠡᠯᠲᠡ ᠶᠢ ᠵᠠᠰᠠᠬᠤ᠂ ᠲᠠᠷᠢᠶᠠᠯᠠᠬᠤ ᠶᠢ ᠵᠤᠭᠰᠤᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠢ ᠶᠢ ᠦᠩᠭᠡᠵᠢᠭᠦᠯᠦᠨ ᠰᠡᠷᠭᠦᠭᠡᠬᠦ ᠴᠢᠬᠤᠯᠡ ᠶᠡᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢ ᠦᠷᠨᠢᠭᠦᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠣᠬᠢᠷᠳᠤᠯ ᠢ ᠴᠡᠭᠴᠡᠯᠡᠨ ᠵᠠᠰᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠠᠵᠤ ᠠᠬᠤᠶᠢᠯᠠᠯ ᠪᠦᠬᠦᠨ ᠤ ᠨᠡᠭᠡᠭᠡᠨ ᠮᠠᠯᠲᠠᠵᠤ ᠬᠠᠶᠢᠨ ᠪᠠᠶᠢᠴᠠᠭᠠᠬᠤ ᠠᠵᠢᠯᠯᠠᠭ᠎ᠠ ᠶᠢ ᠵᠤᠭᠰᠤᠭᠠᠵᠤ᠂ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠠᠬᠢᠭᠤᠯᠪᠠ᠃ ᠠᠮᠢ ᠠᠬᠤᠢ ᠶᠢᠨ ᠪᠣᠯᠪᠠᠰᠤᠨ ᠤ ᠰᠢᠯᠭᠠᠨ ᠬᠢᠨᠠᠬᠤ ᠠᠷᠭ᠎ᠠ᠂ ᠪᠤᠬᠢᠷᠳᠤᠯ ᠦᠭᠡᠢ ᠬᠥᠭᠵᠢᠭᠦᠯᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠳᠥᠷᠪᠡᠨ ᠱᠠᠲᠤᠨ ᠤ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠲᠠᠢ ᠪᠠᠶᠢᠬᠤ︾ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ︽ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠥᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷ᠎ᠡ ᠪᠠᠶᠢᠭᠤᠯᠤᠭᠴᠢᠳ ᠤᠨ ᠬᠤᠷᠠᠯ ᠪᠠ ᠵᠢᠷᠭᠤᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠬᠦ ᠶᠠᠷᠢᠶᠠᠨ ᠤ ᠲᠡᠪᠴᠡᠩ ᠢ ᠮᠠᠨ ᠤ ᠣᠷᠣᠨ ᠳᠤ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠴᠠ ᠲᠤᠰ ᠲᠤᠰ ᠵᠠᠬᠢᠳᠠᠯ ᠢᠷᠡᠭᠦᠯᠵᠦ ᠪᠠᠶᠠᠷ ᠬᠦᠷᠭᠡᠪᠡ᠃      ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠭᠰᠠᠨ ᠪᠠ ᠰᠠᠶᠢᠵᠢᠷᠠᠭᠤᠯᠪᠠ᠃ ᠪᠢᠳᠡ ᠠᠷᠠᠳ ᠤᠨ ᠠᠮᠢᠳᠤᠷᠠᠯ ᠳᠤ ᠣᠷᠤᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 69.8% ᠶᠢ ᠡᠵᠡᠯᠡᠵᠦ᠂ ᠳᠡᠭᠡᠷ᠎ᠡ ᠵᠢᠯ ᠤᠨ ᠬᠢ ᠠᠴᠠ 4 ᠵᠠᠭᠤᠨ ᠤ ᠴᠡᠭ ᠢᠶᠠᠷ ᠳᠡᠭᠡᠭᠰᠢᠯᠡᠨ᠂ ᠣᠯᠠᠨ ᠲᠦᠮᠡᠨ ᠤ ᠠᠩᠬᠠᠷᠤᠨ ᠬᠠᠯᠠᠮᠵᠢᠯᠠᠳᠠᠭ ᠨᠢᠭᠡ ᠪᠦᠯᠦᠭ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠰᠢᠢᠳᠪᠦᠷᠢᠯᠡᠭᠳᠡᠪᠡ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠷᠴᠢᠮ ᠢ ᠴᠢᠩᠭᠠᠷᠠᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠪᠡᠯᠡ ᠮᠦᠩᠭᠦ ᠶᠢᠨ ᠵᠠᠷᠤᠯᠭ᠎ᠠ 121 ᠳ᠋ᠦᠩᠰᠢᠭᠤᠷ ᠲᠦᠭᠦᠷᠢᠭ ᠪᠠᠶᠢᠵᠤ᠂ ᠨᠡᠮᠡᠭᠳᠡᠯ ᠤᠨ ᠬᠡᠮᠵᠢᠶ᠎ᠡ ᠨᠢ 112.9% ᠳᠤ ᠬᠦᠷᠪᠡ᠃ ᠤᠨᠳᠤᠤ ᠭᠠᠵᠠᠷ ᠨᠡᠭᠦᠯᠭᠡᠨ ᠰᠢᠯᠵᠢᠭᠦᠯᠦᠭᠰᠡᠨ ᠶᠠᠳᠠᠭᠤ ᠬᠦᠴᠢᠷᠳᠡᠯᠲᠡᠢ ᠬᠦᠮᠦᠨ ᠠᠮᠠ 5 ᠲᠦᠮᠡ ᠪᠠᠶᠢᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ ᠰᠦᠢᠳᠬᠡᠯ ᠬᠤᠷᠢᠶᠠᠬᠤ ᠦᠬᠡᠢ ᠪᠠᠷ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠪᠠᠶᠢᠴᠠᠭᠠᠨ ᠥᠭᠴᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠠᠬᠢ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠨᠢ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠢ ᠬᠠᠮᠤᠷᠴᠤ᠂ ᠶᠡᠭᠡ ᠰᠤᠷᠭᠠᠭᠤᠯᠢ ᠶᠢᠨ ᠰᠢᠨ᠎ᠡ ᠤᠶᠤᠲᠠᠳ ᠢ ᠵᠤᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠠᠴᠠ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠭᠡᠷ ᠪᠦᠯᠢ ᠪᠦᠬᠦᠨ ᠳᠤ ᠬᠦᠷᠲᠡᠯ᠎ᠡ ᠥᠷᠭᠡᠳᠭᠡᠪᠡ᠃ ᠪᠦᠬᠦ ᠵᠢᠯ ᠳᠤ 20 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠪᠠ᠃ ᠠᠳᠠᠯ ᠦᠢᠯᠡᠰ ᠴᠤᠭᠴᠠᠯᠠᠨ ᠠᠵᠢᠯ ᠣᠯᠭᠤᠬᠤ ᠶᠢ ᠲᠣᠭᠲᠠᠭᠤᠨ ᠢᠶᠠᠷ ᠠᠬᠢᠭᠤᠯᠵᠤ᠂ ᠬᠤᠲᠠ ᠪᠠᠯᠭᠠᠰᠤ ᠶᠢᠨ ᠠᠵᠢᠯ ᠣᠯᠣᠭᠰᠠᠳ 26.1 ᠲᠦᠮᠡᠨ ᠬᠦᠮᠦᠨ ᠰᠢᠨ᠎ᠡ ᠪᠠᠷ ᠨᠡᠮᠡᠭᠳᠡᠨ᠂ ᠬᠤᠲᠠ ᠪᠠᠯᠭᠠᠰᠤ ᠶᠢᠨ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.6% ᠪᠣᠯᠪᠠ᠃ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠨᠠᠰᠤᠵᠢᠯ᠂ ᠡᠮᠴᠢᠯᠡᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ᠂ ᠵᠡᠮᠳᠡᠭᠴᠦᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠢᠯᠢ ᠶᠢᠨ ᠠᠷᠠᠳ ᠤᠨ ᠨᠦᠬᠦᠪᠦᠷᠢ ᠪᠠ ᠦᠲᠡᠭᠦᠰ ᠤᠨ ᠨᠡᠮᠡᠯᠭᠡ ᠶᠢ ᠨᠡᠮᠡᠭᠳᠡᠭᠦᠯᠪᠡ᠃ ᠳᠦᠭᠦᠮ ᠪᠦᠳᠦᠭᠦᠯᠢᠭ ᠣᠷᠣᠨ ᠰᠠᠭᠤᠴᠠᠲᠣ ᠲᠣᠭᠤᠷᠢᠭ ᠲᠤ 22.1 ᠲᠦᠮᠡᠨ ᠢᠵᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠵᠦ᠂ ᠬᠤᠲᠠ ᠪᠠᠯᠭᠠᠰᠤ ᠶᠢᠨ 2300 ᠲᠦᠮᠡᠨ ᠲᠡᠭᠰᠢ ᠳᠦᠷᠪᠡᠯᠵᠢᠨ ᠮᠧᠲᠷ ᠤᠨ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠭᠡᠪᠡ᠃ ᠦᠪᠦᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠳᠤ ᠬᠤᠲᠠ ᠬᠦᠳᠡᠭᠡ ᠶᠢᠨ ᠬᠡᠷᠡᠭᠯᠡᠬᠦ ᠴᠠᠬᠢᠯᠭᠠᠨ ᠤ ᠠᠳᠠᠯᠢ ᠲᠣᠣᠷ ᠲᠠᠬᠢ ᠠᠳᠠᠯᠢ ᠦᠨ᠎ᠡ ᠶᠢ ᠪᠡᠶᠡᠯᠡᠭᠦᠯᠵᠦ᠂ ᠤᠤᠭᠤᠬᠤ ᠤᠰᠤᠨ ᠤ ᠠᠮᠦᠷ ᠲᠥᠪᠰᠢᠨ ᠪᠠ ᠪᠤᠶᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠤ ᠳᠡᠰ ᠳᠡᠪᠰᠢᠭᠦᠯᠬᠦ ᠢᠨᠵᠧᠨᠧᠷᠢᠩ ᠢ ᠤᠷᠤᠭᠰᠢᠲᠠᠢ ᠠᠬᠢᠭᠤᠯᠪᠠ᠃      ᠰᠤᠷᠭᠠᠨ ᠬᠦᠮᠦᠵᠢᠯ ᠢ ᠡᠷᠬᠡ ᠲᠡᠭᠰᠢ ᠪᠠᠷ ᠬᠥᠭᠵᠢᠭᠦᠯᠬᠦ ᠪᠠ ᠴᠢᠨᠠᠷ ᠢ ᠨᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠡᠦᠬᠡᠳ ᠤᠨ ᠴᠡᠴᠡᠷᠯᠢᠭ ᠲᠤ ᠣᠷᠤᠬᠤ ᠨᠣᠷᠮ᠎ᠠ 90% ᠠᠴᠠ ᠳᠡᠭᠡᠭᠰᠢ ᠳᠤ ᠬᠦᠷᠴᠦ᠂ ᠨᠡᠶᠢᠲᠡ 93 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠭᠦᠯᠬᠦ ᠶᠢ ᠦᠨᠡᠯᠡᠨ ᠵᠢᠱᠢᠬᠦ ᠪᠠ ᠮᠠᠭᠠᠳᠯᠠᠨ ᠲᠣᠭᠲᠠᠭᠠᠬᠤ ᠳᠤ ᠪᠠᠲᠤᠯᠠᠭᠳᠠᠪᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠪᠦᠬᠦ᠋ᠢᠯᠡ ᠬᠥᠭᠵᠢᠯᠲᠡ ᠶᠢᠨ ᠬᠢᠷᠢ ᠲᠥᠪᠰᠢᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠤᠪᠠ᠃ ᠠᠯᠤᠰ ᠵᠠᠢ ᠶᠢᠨ ᠡᠮᠴᠢᠯᠡᠭᠡ ᠪᠠ ᠠᠯᠤᠰ ᠵᠠᠢ ᠶᠢᠨ ᠰᠤᠷᠭᠠᠨ ᠬᠦᠮᠦᠵᠢᠯ ᠢ ᠬᠡᠷᠡᠭᠵᠢᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠬᠠᠮᠲᠤᠪᠡᠷ ᠬᠦᠷᠲᠡᠬᠦ ᠶᠢ ᠠᠬᠢᠭᠤᠯᠪᠠ᠃ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠰᠢᠨ᠎ᠠ ᠠᠬᠢᠯᠳᠠ ᠲᠠᠢ ᠪᠤᠯᠪᠠ᠃ ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ᠴᠦᠬᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠮᠠᠨ ᠤ ᠣᠷᠣᠨ ᠤ ᠲᠠᠮᠢᠷᠴᠢᠳ 13 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ ᠨᠡᠯᠢᠶᠡᠳ ᠰᠠᠶᠢᠨ ᠬᠢᠷᠢ ᠪᠦᠲᠦᠮᠵᠢ ᠣᠯᠪᠠ᠃ ᠬᠥᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠲᠡ ᠶᠢᠨ ᠲᠣᠷᠰᠢᠯᠲᠠ ᠢᠯᠡᠷᠬᠡᠢ ᠦᠷ᠎ᠡ ᠪᠦᠲᠦᠮᠵᠢ ᠲᠠᠢ ᠪᠣᠯᠵᠤ᠂ ᠤᠯᠤᠰ ᠠᠴᠠ ᠵᠥᠪᠰᠢᠶᠡᠷᠡᠭᠰᠡᠨ ᠤ ᠳᠠᠷᠠᠭ᠎ᠠ᠂ ︽ᠦᠪᠦᠷ ᠮᠣᠩᠭᠤᠯ ᠤᠨ ᠬᠥᠯ ᠪᠦᠮᠪᠦᠭᠡ ᠶᠢᠨ ᠰᠤᠪᠠᠭ︾ ᠪᠠᠶᠢᠭᠰᠠᠨ ᠢ ︽ᠬᠥᠯ ᠪᠦᠮᠪᠦᠭᠡ ᠶᠢᠨ ᠰᠤᠪᠠᠭ︾ ᠬᠡᠮᠡᠨ ᠬᠠᠯᠠᠵᠤ᠂ ᠪᠦᠬᠦ ᠤᠯᠤᠰ ᠤᠨ ᠬᠥᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠲᠡ ᠬᠥᠭᠵᠢᠯᠲᠡ ᠶᠢ ᠤᠬᠠᠭᠤᠯᠬᠤ ᠪᠠ ᠵᠠᠯᠠᠭᠠᠴᠤᠳ ᠪᠠᠭᠠᠴᠤᠳ ᠤᠨ ᠬᠥᠯ ᠪᠦᠮᠪᠦᠭᠡ ᠶᠢᠨ ᠬᠦᠳᠡᠯᠭᠡᠭᠡᠨ ᠳᠤ ᠠᠩᠬᠠᠷᠤᠯ ᠲᠠᠯᠪᠢᠬᠤ ᠲᠧᠯᠸᠢᠰ ᠤᠨ ᠰᠤᠪᠠᠭ ᠪᠣᠯᠪᠠ᠃ ᠲᠦᠩᠯᠢᠶᠣᠣ ᠬᠤᠲᠠ᠂ ᠣᠲᠤᠭ ᠤᠨ ᠡᠮᠦᠨᠡᠲᠦ ᠬᠤᠰᠢᠭᠤ᠂ ᠵᠡᠭᠦᠨᠭᠠᠷ ᠬᠤᠰᠢᠭᠤ ᠪᠦᠬᠦ ᠤᠯᠤᠰ ᠤᠨ ᠪᠣᠯᠪᠠᠰᠤᠨ ᠬᠤᠲᠠ ᠶᠢᠨ ᠡᠩᠨᠡᠭᠡᠨ ᠳᠤ ᠣᠷᠤᠪᠠ᠃ ᠠᠮᠤᠭᠤᠯᠠᠩ ᠲᠠᠶᠢᠪᠣᠩ ᠦᠪᠦᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠠᠮᠦᠷ ᠢ ᠬᠠᠮᠠᠭᠠᠯᠠᠬᠤ ᠬᠡᠷᠡᠭ᠂ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠭᠠᠷᠬᠤ ᠲᠤᠭ᠎ᠠ ᠶᠡᠷᠦᠩᠬᠡᠢ ᠳᠡᠭᠡᠨ ᠪᠠᠭᠠᠰᠴᠤ᠂ ᠠᠷᠠᠳ ᠣᠯᠠᠨ ᠤ ᠢᠳᠡᠭᠡᠨ ᠤᠮᠳᠠᠭᠠᠨ ᠪᠠ ᠤᠤᠭᠤᠵᠤ ᠬᠡᠷᠡᠭᠯᠡᠬᠦ ᠡᠮ ᠤᠨ ᠠᠮᠦᠷ ᠲᠥᠪᠰᠢᠨ ᠪᠠᠲᠤᠯᠠᠭ᠎ᠠ ᠲᠠᠢ ᠪᠣᠯᠪᠠ᠃      2017 ᠣᠨ ᠳᠤ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠲᠠᠢ ᠬᠤᠯᠪᠣᠭᠳᠠᠭᠤᠯᠤᠨ ᠲᠤᠤᠱᠯᠠᠭᠤᠯᠵᠤ᠂ ︽ᠳᠥᠷᠪᠡᠨ ᠦᠵᠡᠯ ᠤᠬᠠᠮᠰᠠᠷ︾ ᠢ ᠪᠠᠲᠤ ᠪᠣᠢ ᠪᠣᠯᠭᠠᠨ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠵᠢᠭᠠᠪᠤᠷᠢ ᠪᠠ ᠴᠤᠬᠤᠯᠠᠪᠤᠷᠢ ᠶᠢᠨ ᠵᠣᠷᠢᠭ ᠰᠠᠨᠠᠭ᠎ᠠ᠂ ᠵᠢᠴᠢ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠪᠠ᠃ ᠪᠢᠳᠡ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠥᠷᠢ ᠥᠭᠴᠡᠭᠡ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠷᠢᠯᠭᠠᠨ᠂ ᠵᠠᠰᠠᠭ ᠤᠨ ᠣᠷᠳᠣᠨ ᠤ ᠪᠡᠯᠡ ᠣᠷᠤᠭᠤᠯᠤᠬᠰᠠᠨ ᠨᠢᠭᠡ ᠪᠦᠯᠦᠭ ᠲᠦᠷᠦᠯ ᠵᠦᠢᠯ ᠢ ᠪᠠᠶᠢᠭᠤᠯᠬᠤ ᠪᠠᠨ ᠵᠣᠭᠰᠤᠭᠠᠬᠤ᠂ ᠬᠤᠶᠢᠰᠢᠯᠠᠭᠤᠯᠤᠨ ᠪᠠᠶᠢᠭᠤᠯᠬᠤ ᠪᠠ ᠬᠠᠰᠤᠨ ᠴᠤᠮᠬᠠᠳᠬᠠᠵᠤ᠂ ᠦᠷᠢᠲᠦᠵᠦ ᠪᠠᠶᠢᠭᠰᠠᠨ ᠪᠠᠷᠢᠯᠭ᠎ᠠ ᠶᠢᠨ ᠮᠦᠩᠭᠦ ᠪᠠ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠢᠯᠭᠠᠷᠠᠭᠤᠯᠪᠠ᠃ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠲᠤᠭ᠎ᠠ ᠪᠠᠷᠢᠮᠲᠠ ᠨᠢ ᠦᠨᠡᠨ ᠪᠣᠲᠠᠲᠠᠢ ᠪᠢᠰᠢ ᠪᠠ ᠡᠳ᠋ ᠤᠨ ᠵᠠᠰᠠᠭ ᠤᠨ ᠣᠷᠣᠯᠭ᠎ᠠ ᠶᠢ ᠬᠡᠢ ᠬᠤᠭᠤᠰᠤᠨ ᠢᠶᠠᠷ ᠨᠡᠮᠡᠭᠳᠡᠭᠦᠯᠦᠨ ᠡᠷᠭᠢᠯᠳᠦᠭᠦᠯᠬᠦ ᠵᠡᠷᠭᠡ ᠪᠢᠳᠡᠨ ᠢ ᠣᠯᠠᠨ ᠵᠢᠯ ᠭᠠᠴᠢᠭᠳᠠᠭᠤᠯᠤᠨ ᠮᠤᠬᠤᠭᠤᠵᠦ ᠪᠠᠶᠢᠬᠰᠠᠨ ᠪᠡᠷᠬᠡ ᠲᠦᠪᠡᠭᠲᠡᠢ ᠠᠰᠠᠭᠤᠳᠠᠯ ᠤᠳ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠦᠨᠳᠦᠰᠦᠯᠡᠯ ᠢ ᠬᠠᠩᠭᠠᠨ᠂ ᠢᠷᠡᠭᠡᠳᠦᠢ ᠶᠢᠨ ᠬᠥᠭᠵᠢᠯᠲᠡ ᠳᠤ ᠰᠠᠭᠤᠷᠢ ᠶᠢ ᠨᠢ ᠪᠠᠲᠤᠳᠬᠠᠪᠠ᠃ ᠪᠢᠳᠠ ᠠᠵᠢᠯ ᠤᠨ ᠳᠤᠮᠳᠠᠬᠢ ᠴᠢᠩᠭ᠎ᠠ ᠪᠤᠰᠤ ᠪᠠ ᠪᠣᠲᠠᠲᠠᠢ ᠪᠤᠰᠤ ᠠᠴᠠ ᠪᠤᠯᠤᠭᠰᠠᠨ ᠬᠤᠬᠢᠷᠠᠯ ᠬᠦᠨᠦᠭᠡᠯ ᠢ ᠭᠦᠨᠵᠡᠭᠡᠢ ᠲᠠᠨᠢᠵᠤ ᠮᠡᠳᠡᠭᠰᠡᠨ ᠪᠦᠭᠡᠳ ᠨᠡᠮᠡᠭᠳᠡᠭᠦᠯᠬᠦ ᠶᠢᠨ ᠲᠦᠯᠦᠭᠡ ᠯᠡ ᠨᠡᠮᠡᠭᠳᠡᠭᠦᠯᠵᠦ᠂ ᠪᠡᠯᠡ ᠣᠷᠤᠭᠤᠯᠬᠤ ᠶᠢᠨ ᠲᠦᠯᠦᠭᠡ ᠯᠡ ᠪᠡᠯᠡ ᠣᠷᠤᠭᠤᠯᠵᠤ ᠪᠣᠯᠬᠤ ᠦᠭᠡᠢ᠂ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠨᠡᠮᠡᠭᠳᠡᠯ ᠤᠨ ᠨᠤᠷᠮ᠎ᠠ ᠪᠠᠷ ᠠᠵᠢᠯ ᠤᠨ ᠪᠦᠲᠦᠮᠵᠢ ᠶᠢ ᠳᠦᠭᠦᠮ ᠢᠶᠠᠷ ᠦᠨᠡᠯᠡᠨ ᠲᠣᠭᠲᠠᠭᠠᠬᠤ ᠬᠥᠭᠵᠢᠯᠲᠡ ᠶᠢᠨ ᠦᠵᠡᠯᠲᠡ ᠪᠠ ᠠᠵᠢᠯ ᠤᠨ ᠪᠦᠲᠦᠮᠵᠢ ᠶᠢᠨ ᠦᠵᠡᠯᠲᠡ ᠶᠢ ᠡᠷᠡᠰ ᠰᠢᠭᠤᠷᠬᠠᠢ ᠪᠠᠷ ᠲᠡᠪᠴᠢᠬᠦ ᠬᠡᠷᠡᠭᠲᠡᠢ᠃      ᠪᠢᠳᠡ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠶᠤᠰᠤᠴᠢ ᠴᠢᠨᠠᠷ ᠢ ᠨᠢ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠲᠡᠭᠦᠯᠳᠡᠷᠵᠢᠭᠦᠯᠦᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ 8 ᠪᠠᠶᠢᠵᠤ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ 35 ᠲᠣᠭᠲᠠᠭᠠᠵᠤ᠂ ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭᠠᠭᠰᠠᠨ ᠪᠠᠶᠢᠨ᠎ᠠ᠃ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢ 1069 ᠬᠤᠪᠢ ᠭᠦᠢᠴᠡᠳᠭᠡᠨ᠂ ᠭᠦᠢᠴᠡᠳᠭᠡᠭᠡᠳ ᠬᠠᠷᠢᠭᠤ ᠥᠭᠭᠦᠭᠰᠡᠨ ᠨᠤᠷᠮ᠎ᠠ 100% ᠳᠤ ᠬᠦᠷᠪᠡ᠃ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠂ ᠪᠦᠬᠦ ᠵᠢᠯ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠢ 70 ᠤᠳᠠᠭ᠎ᠠ ᠬᠤᠷᠠᠯᠳᠤᠭᠤᠯᠪᠠ᠃ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠠᠬᠢ 10 ᠳ᠋ᠦᠩᠰᠢᠭᠤᠷ ᠲᠦᠭᠦᠷᠢᠭ ᠤᠨ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠪᠡ᠃ ᠴᠢᠬᠤᠯᠡ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠬᠦ ᠪᠡᠯᠡ ᠮᠦᠩᠭᠦ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠲᠠᠯ᠎ᠠ ᠪᠠᠷ ᠲᠤᠰᠢᠶᠠᠯ ᠠᠴᠠ ᠰᠠᠯᠬᠤ ᠳᠤ ᠬᠢᠨᠠᠨ ᠪᠤᠳᠤᠬᠤ ᠠᠵᠢᠯ ᠢ ᠦᠷᠨᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠬᠢᠬᠦ ᠪᠠ ᠰᠢᠮᠳᠠᠭᠤᠯᠤᠨ ᠪᠠᠶᠢᠴᠠᠭᠠᠬᠤ ᠪᠠᠷ ᠦᠷ᠎ᠡ ᠪᠦᠲᠦᠮᠵᠢ ᠶᠢ ᠨᠢ ᠣᠶᠢᠯᠠᠭᠠᠬᠤ ᠶᠢ ᠴᠢᠩᠭᠠᠷᠠᠭᠤᠯᠤᠨ᠂ ᠠᠷᠢᠭᠤᠨ ᠴᠢᠭᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃      ᠲᠦᠯᠦᠭᠡᠯᠡᠭᠴᠢᠳ ᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠭᠰᠠᠨ ᠲᠠᠪᠤᠨ ᠵᠢᠯ ᠪᠣᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠮᠠᠨ ᠤ ᠤᠯᠤᠰ ᠤᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠪᠠ ᠲᠡᠦᠬᠡᠲᠦ ᠴᠢᠨᠠᠷᠲᠠᠢ ᠬᠤᠪᠢᠷᠠᠯᠲᠠ ᠭᠠᠷᠤᠭᠰᠠᠨ ᠲᠠᠪᠤᠨ ᠵᠢᠯ ᠪᠣᠯᠣᠨ᠎ᠠ᠂ ᠮᠦᠨ ᠴᠦ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠡ ᠶᠡᠭᠡ ᠠᠮᠵᠢᠯᠲᠠ ᠣᠯᠣᠭᠰᠠᠨ ᠲᠠᠪᠤᠨ ᠵᠢᠯ ᠶᠤᠮ᠃ ᠲᠠᠪᠤᠨ ᠵᠢᠯ ᠤᠨ ᠲᠤᠷᠰᠢ᠂ ᠪᠢᠳᠡᠨ ᠤ ᠠᠮᠵᠢᠯᠲᠠ ᠪᠦᠲᠦᠮᠵᠢ ᠪᠦᠬᠦᠨ ᠪᠠ ᠳᠠᠪᠰᠢᠯᠲᠠ ᠪᠣᠯᠭᠠᠨ ᠴᠦᠮ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ ᠳᠤᠲᠤᠨᠤ ᠬᠠᠯᠠᠮᠵᠢᠯᠠᠯ ᠢᠶᠠᠷ ᠤᠯᠤᠬᠰᠠᠨ ᠶᠤᠮ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠠᠮᠢᠳᠤᠯᠢᠭ ᠦᠢᠯᠡᠳᠦᠯᠭᠡ ᠠᠴᠠ ᠤᠯᠤᠭᠰᠠᠨ ᠶᠤᠮ᠃ ᠡ᠊ᠨᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠦᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠭᠰᠡᠨ ᠨᠦᠬᠦᠳ᠂ ᠦᠪᠦᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠲᠦᠯᠦᠭᠡᠯᠡᠭᠴᠢᠳ ᠡ᠂ ᠮᠠᠨ ᠤ ᠠᠵᠢᠯ ᠳᠤ ᠠᠮᠵᠢᠯᠲᠠ ᠪᠦᠲᠦᠮᠵᠢ ᠲᠠᠢ ᠪᠣᠯᠪᠠᠴᠤ ᠪᠠᠰᠠ ᠬᠦᠷᠦᠯᠴᠡᠬᠦ ᠦᠭᠡᠢ ᠲᠠᠯ᠎ᠠ ᠮᠠᠰᠢ ᠣᠯᠠᠨ ᠣᠷᠤᠰᠢᠵᠤ ᠪᠣᠢ᠂ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ᠂ ᠠᠷᠠᠳ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠭᠰᠠᠭᠠᠷ ᠪᠠᠶᠢᠨ᠎ᠠ᠃ ᠬᠥᠭᠵᠢᠯᠲᠡ ᠶᠢᠨ ᠲᠡᠩᠴᠡᠭᠦᠷᠢ ᠦᠭᠡᠢ ᠪᠠ ᠭᠦᠢᠴᠡᠳ ᠪᠤᠰᠤ ᠠᠰᠠᠭᠤᠳᠠᠯ ᠤᠳ ᠳᠤᠪᠤᠶᠢᠮ᠎ᠠ ᠪᠠᠶᠢᠵᠤ᠂ ᠪᠤᠳᠠᠳᠤ ᠴᠤᠬᠴᠠᠳᠤ ᠠᠵᠤ ᠠᠬᠤᠢ ᠳᠤ ᠴᠦᠬᠡᠨ ᠪᠤᠰᠤ ᠬᠦᠴᠢᠷᠳᠡᠯ ᠲᠤᠯᠭᠠᠷᠠᠵᠤ ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠦᠨᠳᠦᠷ ᠪᠣᠰᠤ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠪᠠᠰᠠ ᠴᠦᠬᠡᠨ ᠪᠤᠰᠤ ᠳᠤᠲᠠᠭᠤᠳᠠᠯ ᠲᠠᠢ ᠪᠠᠶᠢᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠬᠠᠲᠠᠭᠤ ᠪᠡᠷᠬᠡᠰᠢᠶᠡᠯᠲᠡᠢ ᠪᠠᠶᠢᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠮᠦᠨ ᠬᠦ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ ᠳᠣᠣᠷ᠎ᠠ ᠪᠠᠶᠢᠵᠤ᠂ ᠬᠤᠲᠠ ᠬᠦᠳᠡᠭᠡ ᠶᠢᠨ ᠬᠤᠭᠤᠷᠤᠨᠳᠤᠬᠢ ᠪᠠ ᠣᠷᠣᠨ ᠪᠦᠰᠡ ᠶᠢᠨ ᠬᠤᠭᠤᠷᠤᠨᠳᠤᠬᠢ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠵᠢᠴᠢ ᠰᠠᠭᠤᠭᠠᠯᠢ ᠠᠷᠠᠳ ᠤᠨ ᠣᠷᠣᠯᠭ᠎ᠠ ᠶᠢᠨ ᠵᠦᠷᠢᠶ᠎ᠡ ᠨᠡᠯᠢᠶᠡᠳ ᠶᠡᠭᠡ ᠪᠠᠶᠢᠭᠰᠠᠭᠠᠷ︔ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ ᠪᠠᠭᠤᠷᠠᠢ ᠬᠡᠪᠡᠷᠡᠭ ᠪᠠᠶᠢᠵᠤ᠂ ᠬᠠᠮᠠᠭᠠᠯᠠᠨ ᠵᠠᠰᠠᠬᠤ ᠡᠭᠦᠷᠭᠡ ᠮᠠᠰᠢ ᠨᠦᠰᠡᠷ ᠬᠦᠨᠳᠦ ᠪᠠᠶᠢᠭᠰᠠᠭᠠᠷ︔ ᠪᠢᠳᠠ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠤ ᠪᠠᠰᠠ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠵᠠᠰᠠᠭ ᠤᠨ ᠣᠷᠳᠣᠨ ᠤ ᠠᠵᠢᠯ ᠳᠤ ᠦᠷ᠎ᠡ ᠪᠦᠲᠦᠮᠵᠢ ᠪᠠᠷ ᠦᠨᠳᠦᠷ ᠪᠤᠰᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠷ ᠴᠢᠩᠭ᠎ᠠ ᠪᠤᠰᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠪᠠᠷ ᠭᠦᠢᠴᠡᠳ ᠪᠤᠰᠤ ᠪᠠᠶᠢᠬᠤ ᠵᠡᠷᠭᠡ ᠠᠰᠠᠭᠤᠳᠠᠯ ᠤᠳ ᠣᠷᠤᠰᠢᠭᠰᠠᠭᠠᠷ ᠪᠠᠶᠢᠨ᠎ᠠ᠃      ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠦᠨᠡᠨ ᠶᠤᠰᠤ ᠶᠢ ᠪᠠᠷᠢᠮᠲᠠᠯᠠᠬᠤ ᠪᠠ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠵᠣᠷᠢᠭᠲᠠᠢ ᠪᠠᠷ ᠦᠪᠡᠷ ᠢ ᠪᠠᠨ ᠬᠤᠪᠢᠰᠬᠠᠨ᠂ ᠵᠦᠷᠢᠴᠡᠯ ᠳᠤ ᠰᠢᠭᠤᠳ ᠬᠠᠨᠳᠤᠵᠦ᠂ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃      ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠭᠡᠢ ᠰᠡᠳᠭᠢᠮᠵᠢ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ ᠴᠢᠬᠤᠯᠠ ᠶᠡᠭᠡ ᠤᠯᠤᠰ ᠲᠥᠷᠥ ᠶᠢᠨ ᠮᠠᠭᠠᠳᠯᠠᠯᠲᠠ ᠶᠢ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠣᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠠᠶᠢᠭᠤᠯᠬᠤ ᠭᠤᠶᠢᠲᠠ ᠰᠠᠶᠢᠬᠠᠨ ᠵᠢᠷᠤᠭ ᠲᠥᠯᠦᠪᠯᠡᠭᠡ ᠶᠢ ᠵᠢᠷᠤᠭᠯᠠᠭᠰᠠᠨ ᠪᠠᠶᠢᠨ᠎ᠠ᠃ ᠬᠤᠶᠢᠰᠢᠳᠠ ᠶᠢᠨ ᠳᠠᠪᠤᠨ ᠵᠢᠯ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠳᠦ ᠠᠭᠤᠯᠵᠠᠷ ᠤᠨ ᠦᠶ᠎ᠡ ᠪᠣᠯᠣᠨ᠎ᠠ᠃ ᠪᠢᠳᠡ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠤᠭᠲᠤᠬᠤ ᠪᠣᠯᠣᠨ᠎ᠠ᠃ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠷᠢᠭᠤᠴᠠᠯᠭ᠎ᠠ ᠬᠦᠨᠳᠦ ᠮᠦᠷᠲᠡᠭᠡᠨ ᠠᠯᠤᠰ ᠬᠡᠳᠦ ᠶᠢᠨ ᠠᠴᠢ ᠬᠤᠯᠪᠣᠭᠳᠠᠯ ᠲᠠᠢ ᠪᠠᠶᠢᠨ᠎ᠠ᠃      ᠣᠳᠣ ᠠᠴᠠ 2020 ᠣᠨ ᠪᠣᠯᠲᠠᠯᠠᠬᠢ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠰᠢᠢᠳᠪᠦᠷᠢᠲᠦ ᠢᠯᠠᠯᠲᠠ ᠶᠢ ᠣᠯᠬᠤ ᠴᠠᠭ ᠬᠤᠭᠤᠴᠠᠭ᠎ᠠ ᠪᠣᠯᠣᠨ᠎ᠠ᠂ ᠵᠥᠪᠬᠡᠨ ᠥᠷᠯᠥᠭᠡ ᠦᠳᠡᠰᠢ ᠦᠭᠡᠢ ᠴᠢᠷᠮᠠᠶᠢᠨ ᠲᠡᠮᠡᠴᠡᠪᠡᠰᠦ ᠮᠠᠨ ᠤ ᠬᠠᠷᠠᠯᠲᠠ ᠪᠠᠨ ᠪᠡᠶᠡᠯᠡᠭᠦᠯᠵᠦ ᠴᠢᠳᠠᠨ᠎ᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠦᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠭᠡᠭᠵᠢᠭᠦᠯᠬᠦ ᠶᠢ ᠲᠣᠪᠤᠶᠢᠯᠭᠠᠵᠤ᠂ ᠢᠯᠠᠩᠭᠤᠶ᠎ᠠ ᠬᠦᠨᠳᠦ ᠬᠡᠴᠡᠭᠦᠦ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠳᠦᠯ ᠢ ᠰᠡᠷᠭᠡᠶᠢᠯᠡᠨ ᠵᠠᠰᠠᠬᠤ ᠰᠢᠪᠲᠦᠯᠦᠯᠲᠠ ᠶᠢᠨ ᠳᠠᠶᠢᠯᠠᠯᠳᠤᠭᠠᠨ ᠨᠤᠭᠤᠳ ᠢ ᠰᠢᠭᠤᠷᠬᠠᠢ ᠰᠠᠶᠢᠨ ᠬᠢᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠶᠢ ᠵᠣᠬᠢᠰᠲᠠᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠵᠤ᠂ ᠰᠢᠰᠲ᠋ᠧᠮ ᠤᠨ ᠴᠢᠨᠠᠷᠲᠠᠢ ᠲᠥᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ︔ ᠤᠯᠤᠰ ᠤᠨ ᠣᠳᠣ ᠶᠢᠨ ᠬᠡᠷᠡᠭᠵᠢᠬᠦᠯᠵᠦ ᠪᠠᠶᠢᠭ᠎ᠠ ᠪᠠᠷᠢᠮᠵᠢᠶ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ ᠪᠦᠭᠦᠳᠡ ᠶᠢ ᠠᠩᠭᠢᠵᠢᠷᠠᠭᠤᠯᠵᠦ᠂ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠢ ᠶᠠᠳᠠᠭᠤ ᠶᠢᠨ ᠨᠡᠷ᠎ᠠ ᠠᠴᠠ ᠨᠢ ᠬᠠᠰᠤᠵᠦ ᠭᠠᠷᠭᠠᠨ᠎ᠠ︔ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠬᠡᠪᠡᠷ ᠪᠠᠭᠠᠰᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠥᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠠᠭᠤᠷᠢᠨ ᠳᠡᠭᠡᠷ᠎ᠡ᠂ ᠠᠰᠢᠭᠲᠠᠢ ᠪᠠᠶᠢᠳᠠᠯ ᠢ ᠠᠰᠢᠭᠯᠠᠨ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠵᠦ᠂ ᠠᠵᠤ ᠠᠬᠤᠢ ᠨᠡᠶᠢᠭᠡᠮ ᠤᠨ ᠨᠡᠩ ᠦᠨᠳᠦᠷ ᠬᠢᠷᠢ ᠲᠦᠪᠰᠢᠨ ᠲᠠᠢ᠂ ᠴᠢᠨᠠᠷᠵᠢᠭᠤᠨ ᠬᠥᠭᠵᠢᠯᠲᠡ ᠲᠠᠢ ᠪᠠᠶᠢᠬᠤ ᠶᠢ ᠠᠬᠢᠭᠤᠯᠤᠨ᠎ᠠ᠃      ᠬᠤᠶᠢᠰᠢᠲᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ︽ᠳᠦᠷᠪᠡᠨ ᠦᠵᠡᠯ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠥᠷᠪᠡᠨ ᠢᠲᠡᠭᠡᠯ︾ ᠢᠶᠠᠨ ᠪᠠᠲᠤᠳᠬᠠᠨ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠦᠪᠯᠡᠷᠠᠩᠬᠦᠢ ᠨᠢᠭᠡᠳᠦᠯᠲᠡᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠲᠥ ᠬᠡᠮᠵᠢᠶᠡᠨ ᠤ ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃      ᠪᠢᠳᠡ ᠲᠣᠭᠲᠠᠭᠤᠨ ᠢᠶᠠᠷ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠᠬᠢ ᠲᠣᠭᠲᠠᠭᠤᠨ ᠪᠠ ᠳᠠᠪᠰᠢᠯᠲᠠ ᠶᠢᠨ ᠬᠠᠷᠢᠴᠠᠭ᠎ᠠ ᠶᠢ ᠵᠥᠪ ᠣᠨᠣᠪᠴᠢᠲᠠᠢ ᠰᠢᠢᠳᠪᠦᠷᠢᠯᠡᠵᠦ᠂ ᠴᠠᠭ ᠢ ᠠᠵᠢᠵᠦ ᠪᠠᠶᠢᠳᠠᠯ ᠢ ᠰᠢᠨᠵᠢᠵᠦ᠂ ᠭᠦᠨ ᠪᠣᠳᠣᠯᠬᠢᠯᠠᠵᠤ ᠭᠦᠢᠴᠡᠳ ᠰᠡᠳᠭᠢᠨ᠂ ᠵᠢᠮ᠎ᠠ ᠬᠠᠤᠯᠢ ᠶᠢ ᠴᠢᠬᠤᠯᠠᠴᠢᠯᠠᠵᠤ᠂ ᠠᠵᠢᠯ ᠤᠨ ᠠᠶᠢᠵᠠᠮ ᠪᠠ ᠡᠷᠴᠢᠮ ᠢᠶᠠᠨ ᠰᠠᠶᠢᠲᠤᠷ ᠡᠵᠡᠮᠰᠢᠵᠦ᠂ ᠨᠠᠵᠠᠭᠠᠢ ᠪᠠᠷ ᠠᠷᠭᠠᠴᠠᠬᠤ ᠪᠠ ᠳᠠᠪᠰᠢᠨ ᠴᠢᠷᠮᠠᠶᠢᠬᠤ ᠦᠭᠡᠢ ᠪᠠᠶᠢᠬᠤ ᠶᠢ ᠡᠰᠡᠷᠭᠦᠴᠡᠬᠦ ᠮᠦᠷᠲᠡᠭᠡᠨ ᠪᠠᠰᠠ ᠬᠡᠶᠢᠷᠬᠡᠨ ᠮᠣᠨᠣᠭᠯᠠᠬᠤ ᠪᠠ ᠲᠦᠷᠭᠡᠨ ᠪᠦᠲᠦᠭᠡᠬᠦ ᠪᠠᠷ ᠬᠥᠭᠡᠭᠡᠴᠡᠯᠳᠦᠬᠦ ᠶᠢ ᠡᠰᠡᠷᠭᠦᠴᠡᠨ᠎ᠡ᠂ ᠲᠣᠭᠲᠠᠭᠤᠨ ᠢᠶᠠᠷ ᠤᠷᠤᠭᠰᠢᠯᠠᠨ ᠳᠠᠪᠰᠢᠵᠤ᠂ ᠠᠯᠤᠰ ᠤᠨ ᠠᠶᠠᠨ ᠢᠶᠠᠨ ᠯᠠᠪᠳᠠᠭᠤᠨ ᠢᠶᠠᠷ ᠵᠣᠷᠢᠬᠤ ᠶᠢ ᠪᠡᠶᠡᠯᠡᠭᠦᠯᠦᠨ᠎ᠡ᠃      ᠪᠢᠳᠡ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷᠵᠢᠭᠤᠨ ᠬᠥᠭᠵᠢᠭᠦᠯᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠤᠨ᠂ ᠶᠠᠰᠦ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠪᠦᠲᠦᠮᠵᠢ ᠶᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ᠂ ᠮᠠᠨ ᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ᠃      ᠪᠢᠳᠠ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠦᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠯᠤᠰ ᠢᠶᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠴᠢᠳᠠᠪᠤᠷᠢᠲᠡᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠯᠳᠤᠨ ᠬᠥᠭᠵᠢᠬᠦ ᠪᠠᠶᠢᠯᠳᠤᠬᠤ ᠪᠣᠳᠣᠯᠭ᠎ᠠ᠂ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠨᠤᠭᠤᠳ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ᠪᠢᠳᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠳᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠨᠡᠬᠡᠭᠡᠯᠲᠡ ᠶᠢ ᠬᠦᠨᠵᠡᠭᠡᠶᠢᠷᠡᠭᠦᠯᠦᠨ᠂ ᠶᠠᠰᠦ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠦᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠤᠨ᠎ᠠ᠃ ᠪᠣᠳᠠᠲᠤ ᠴᠣᠭᠴᠠᠳᠤ ᠠᠵᠤ ᠠᠬᠤᠢ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠡᠬᠦᠳᠦᠯᠳᠡ᠂ ᠣᠳᠣ ᠦᠶ᠎ᠡ ᠶᠢᠨ ᠮᠥᠩᠭᠦᠨ ᠭᠦᠢᠯᠭᠡᠭᠡᠨ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠤᠬᠢᠴᠠᠯᠳᠤᠨ ᠬᠦᠭᠵᠢᠭᠰᠡᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠳᠥᠷᠢᠮ ᠤᠨ ᠪᠠᠲᠤᠯᠠᠭ᠎ᠠ ᠪᠠᠨ ᠴᠢᠩᠭᠠᠳᠬᠠᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠦᠲᠦᠭᠡᠨ ᠪᠠᠶᠢᠭᠤᠯᠤᠨ᠎ᠠ᠃      ᠪᠢᠳᠠ ᠠᠯᠢᠪᠠ ᠠᠵᠢᠯ ᠳᠠᠭᠠᠨ ᠴᠦᠮ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠬᠡᠳᠦᠯ ᠢᠶᠠᠷ ᠮᠠᠨ ᠤ ᠲᠠᠮᠠᠴᠡᠯ ᠤᠨ ᠬᠠᠷᠠᠯᠲᠠ ᠪᠠᠨ ᠪᠣᠯᠭᠠᠨ᠎ᠠ᠃ ᠠᠷᠠᠳ ᠣᠯᠠᠨ ᠤ ᠬᠠᠮᠤᠭ ᠠᠴᠠ ᠰᠡᠳᠭᠢᠯᠭᠡ ᠲᠠᠯᠪᠢᠵᠤ ᠪᠠᠶᠢᠭ᠎ᠠ ᠰᠤᠷᠭᠠᠨ ᠬᠦᠮᠦᠵᠢᠯ᠂ ᠠᠵᠢᠯ ᠣᠯᠭᠤᠯᠲᠠ᠂ ᠣᠷᠣᠯᠭ᠎ᠠ᠂ ᠣᠷᠣᠨ ᠰᠠᠭᠤᠴᠠ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠵᠦ᠂ ᠨᠢᠭᠡ ᠨᠢᠭᠡ ᠠᠵᠢᠯ ᠶᠠᠪᠤᠳᠠᠯ ᠢᠶᠠᠷ ᠵᠠᠯᠭᠠᠭᠤᠯᠤᠨ ᠭᠦᠢᠴᠡᠳᠭᠡᠵᠦ᠂ ᠨᠢᠭᠡ ᠨᠢᠭᠡ ᠣᠨ ᠵᠢᠯ ᠢᠶᠠᠷ ᠳᠠᠷᠠᠭᠠᠯᠠᠨ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠦᠷᠲᠡᠭᠡᠮᠵᠢᠲᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠪᠠ ᠠᠮᠤᠷ ᠲᠦᠪᠰᠢᠨ ᠰᠡᠳᠭᠢᠯᠭᠡ ᠶᠢ ᠨᠡᠩ ᠢᠯᠡᠬᠦᠤ ᠲᠦᠷᠦᠭᠳᠡᠬᠦᠯᠦᠨ᠎ᠠ᠃     ᠭᠤᠷᠪᠠ᠂ 2018 ᠣᠨ ᠤ ᠭᠤᠣᠯ ᠪᠣᠯᠬᠤ ᠠᠵᠢᠯ      ᠡᠨᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠬᠤ ᠡᠬᠢᠯᠡᠯᠲᠡ ᠶᠢᠨ ᠣᠨ᠂ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ᠂ ︽13 · 5︾ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠡᠮᠦᠨ᠎ᠡ ᠬᠤᠶᠢᠨᠠᠬᠢ ᠶᠢ ᠵᠠᠯᠭᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠢᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠦᠪ ᠤᠨ ᠠᠵᠦ ᠠᠬᠤᠢ ᠶᠢᠨ ᠠᠵᠢᠯ ᠤᠨ ᠬᠤᠷᠠᠯ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠦᠪᠯᠡᠨ ᠨᠡᠶᠢᠲᠡ ᠳᠤᠨᠢ ᠬᠠᠷᠠᠭᠠᠯᠵᠠᠵᠤ᠂ ᠭᠤᠣᠯᠳᠠᠯᠭ᠎ᠠ ᠪᠠᠨ ᠳᠣᠪᠤᠶᠢᠯᠭᠠᠨ᠂ ᠡᠯ᠎ᠡ ᠵᠦᠢᠯ ᠤᠨ ᠠᠵᠢᠯ ᠢᠶᠠᠨ ᠡᠷᠴᠢᠮ ᠲᠠᠢ ᠪᠦᠭᠡᠳ ᠵᠢᠷᠤᠮ ᠲᠠᠢ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠭᠦ ᠶᠢ ᠠᠬᠢᠭᠤᠯᠤᠨ᠎ᠠ᠃      ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠪᠠᠷ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7.5% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ ᠣᠯᠣᠭᠰᠠᠳ ᠢ 25 ᠲᠦᠮᠡ ᠣᠷᠴᠢᠮ ᠬᠦᠮᠦᠨ ᠢ ᠰᠢᠨ᠎ᠡ ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠪᠠᠶᠢᠴᠠᠭᠠᠨ ᠰᠣᠳᠣᠯᠣᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠪᠠ ᠬᠤᠲᠠ ᠪᠠᠯᠭᠠᠰᠤ ᠶᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5% ᠣᠷᠴᠢᠮ ᠪᠠ 4% ᠶᠢᠨ ᠳᠣᠲᠣᠷ᠎ᠠ ᠡᠵᠡᠮᠳᠡᠨ᠎ᠡ᠃ ᠡᠨᠧᠷᠭᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠦᠬᠦ ᠲᠠᠯ᠎ᠠ ᠪᠠᠷ ᠪᠠᠶᠡᠯᠡᠭᠦᠯᠦᠨ᠎ᠡ︔ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠣᠳᠠᠲᠤ ᠴᠢᠨᠠᠷ ᠤᠨ ᠠᠬᠢᠯᠲᠠ ᠲᠠᠢ ᠪᠤᠯᠭᠠᠨ᠎ᠠ︔ ᠮᠦᠩᠭᠦᠨ ᠭᠥᠢᠯᠭᠡᠭᠡ ᠡᠳ᠋ ᠤᠨ ᠵᠠᠰᠠᠭ ᠤᠨ ᠲᠥᠭᠰᠢᠭᠦᠷᠢ ᠶᠢ ᠵᠢᠷᠤᠮᠲᠠᠢ ᠪᠦᠭᠡᠳ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠪᠡᠶᠡᠯᠡᠭᠦᠯᠦᠨ᠎ᠡ᠃ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄      ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠨᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠡᠷᠬᠡᠪᠰᠢ ᠳᠠᠪᠠᠭ᠋ᠤ ᠴᠢᠬᠤᠯᠠ ᠪᠤᠭᠤᠮᠲᠠ ᠪᠣᠯᠣᠨ᠎ᠠ᠂ ᠮᠠᠨ ᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠪᠠ ᠠᠵᠢᠯ ᠤᠨ ᠭᠤᠤᠯᠳᠠᠯᠭ᠎ᠠ ᠪᠠᠨ ᠴᠦᠮ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠳᠤ ᠲᠦᠪᠯᠡᠷᠡᠭᠦᠯᠦᠨ ᠴᠢᠭᠯᠡᠭᠦᠯᠵᠦ ᠬᠦᠴᠦ ᠣᠷᠤᠭᠤᠯᠤᠨ ᠴᠢᠷᠮᠠᠶᠢᠬᠤ ᠬᠡᠷᠡᠭᠲᠡᠢ᠃      ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠷᠴᠢᠮᠲᠠᠢ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠨᠡᠶᠢᠳᠡᠮ ᠦᠨᠳᠦᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠥᠷᠢ ᠥᠭᠴᠡᠭᠡ ᠶᠢᠨ ᠥᠯᠡᠳᠡᠭᠡᠯ ᠢ ᠡᠮᠬᠢ ᠵᠢᠷᠤᠮ ᠲᠠᠢ ᠪᠠᠷ ᠠᠷᠢᠯᠭᠠᠨ᠎ᠠ᠃ ᠵᠢᠭᠡᠯᠡᠯᠭᠡ ᠠᠪᠬᠤ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠦᠷᠢ ᠥᠭᠴᠡᠭᠡᠨ ᠳᠤ ᠴᠦᠮ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠲᠤ ᠲᠠᠷᠬᠠᠭᠠᠬᠤ ᠠᠷᠭ᠎ᠠ ᠬᠡᠯᠪᠡᠷᠢ ᠶᠢ ᠬᠡᠷᠡᠭᠯᠡᠨ᠎ᠡ᠂ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠪᠡᠯᠡ ᠤᠷᠤᠭᠤᠯᠤᠯᠲᠠ ᠶᠢᠨ ᠲᠦᠷᠦᠯ ᠵᠦᠢᠯ ᠳᠤ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠴᠢᠩᠭ᠎ᠠ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠬᠢᠬᠡᠳ ᠨᠡᠶᠢᠭᠡᠮ ᠤᠨ ᠬᠦᠷᠦᠩᠭᠡ ᠯᠦᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠦᠩᠭᠦ᠂ ᠵᠠᠰᠠᠭ ᠤᠨ ᠣᠷᠳᠣᠨ ᠤᠯᠠᠨ ᠨᠡᠶᠢᠳᠡ ᠶᠢᠨ ᠦᠢᠯᠡᠴᠢᠯᠡᠭᠡ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠬᠠᠤᠯᠢ ᠶᠣᠰᠤᠭᠠᠷ ᠵᠢᠷᠤᠮᠵᠢᠭᠤᠯᠵᠤ᠂ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠺᠤᠮᠫᠠᠨᠢ ᠶᠢᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠠᠤᠯᠢ ᠲᠣᠭᠲᠠᠭᠠᠯ ᠠᠴᠠ ᠵᠦᠷᠢᠴᠡᠵᠦ ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠣᠨ ᠤ ᠥᠷᠢ ᠥᠭᠴᠡᠭᠡ ᠶᠢ ᠠᠷᠢᠯᠭᠠᠬᠤ ᠲᠥᠰᠥᠯ ᠢᠶᠠᠨ ᠲᠡᠭᠦᠯᠳᠡᠷᠵᠢᠭᠦᠯᠵᠦ᠂ ᠲᠥᠰᠦᠪ ᠤᠨ ᠲᠣᠬᠢᠷᠠᠭᠤᠯᠤᠯᠲᠠ ᠬᠢᠬᠦ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠬᠤ᠂ ᠥᠯᠡᠳᠡᠭᠡᠯ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠦ᠂ ᠲᠦᠯᠦᠪᠯᠡᠭᠡ ᠲᠠᠢ ᠪᠦᠭᠡᠳ ᠠᠯᠬᠤᠮ ᠳᠠᠷᠠᠭ᠎ᠠ ᠲᠠᠢ ᠪᠠᠷ ᠥᠷᠢ ᠥᠭᠴᠡᠭᠡ ᠶᠢ ᠲᠥᠯᠥᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠭᠰᠠᠨ ᠳᠤ ᠠᠮᠵᠢᠯᠲᠠ ᠪᠦᠲᠦᠮᠵᠢ ᠶᠢ ᠨᠢ ᠰᠢᠯᠭᠠᠨ ᠬᠢᠨᠠᠬᠤ ᠶᠢ ᠬᠡᠷᠡᠭᠵᠢᠭᠦᠯᠦᠨ᠂ ᠥᠷᠢ ᠥᠭᠴᠡᠭᠡ ᠶᠢ ᠲᠥᠯᠥᠬᠦ ᠪᠠ ᠡᠳ᠋ ᠤᠨ ᠵᠠᠰᠠᠭ ᠤᠨ ᠰᠢᠯᠵᠢᠭᠦᠯᠦᠨ ᠥᠭᠬᠦ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠂ ᠥᠷᠢ ᠰᠢᠷᠢ ᠠᠷᠢᠯᠭᠠᠭᠰᠠᠨ ᠦᠷ᠎ᠡ ᠪᠦᠲᠦᠮᠵᠢ ᠪᠠᠷ ᠳᠣᠪᠤᠶᠢᠭᠰᠠᠨ ᠪᠠᠶᠢᠪᠠᠯ ᠰᠢᠯᠵᠢᠭᠦᠯᠦᠨ ᠥᠭᠬᠦ ᠶᠢ ᠨᠢ ᠨᠡᠮᠡᠭᠳᠡᠭᠦᠯᠬᠦ ᠪᠠᠷ ᠤᠷᠮᠠᠰᠢᠭᠤᠯᠤᠨ᠎ᠠ︔ ᠬᠠᠤᠯᠢ ᠲᠣᠭᠲᠠᠭᠠᠯ ᠠᠴᠠ ᠵᠦᠷᠢᠴᠡᠵᠦ ᠵᠢᠭᠡᠯᠡᠯᠭᠡ ᠠᠪᠬᠤ᠂ ᠥᠷᠢ ᠥᠭᠴᠡᠭᠡ ᠶᠢ ᠠᠷᠢᠯᠭᠠᠬᠤ ᠳᠤ ᠬᠦᠴᠦᠯᠡᠭᠰᠡᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠨ᠎ᠡ᠃ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠠᠤᠯᠢ ᠲᠣᠭᠲᠠᠭᠠᠯ ᠠᠴᠠ ᠵᠦᠷᠢᠴᠡᠭᠰᠡᠨ ᠮᠦᠩᠭᠦᠨ ᠭᠦᠢᠯᠭᠡᠭᠡᠨ ᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠢᠲᠡᠭᠡᠮᠵᠢ ᠶᠢᠨ ᠲᠥᠭᠰᠢᠭᠦᠷᠢ ᠶᠢ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠨ᠎ᠠ᠃ ᠭᠡᠷ ᠪᠠᠶᠢᠰᠢᠩ ᠭᠠᠵᠠᠷ ᠬᠦᠷᠦᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠵᠡᠷᠭᠡ ᠲᠠᠯ᠎ᠠ ᠶᠢᠨ ᠲᠥᠭᠰᠢᠭᠦᠷᠢ ᠶᠢ ᠢᠮᠠᠭᠲᠠ ᠠᠩᠬᠠᠷᠤᠨ᠎ᠠ᠃      ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠡᠩ ᠲᠥᠪᠯᠡᠷᠡᠭᠦᠯᠦᠨ ᠳᠡᠮᠵᠢᠬᠦ᠂ ᠨᠡᠩ ᠬᠦᠴᠦᠲᠡᠢ ᠠᠷᠭ᠎ᠠ ᠪᠠᠷᠢᠯ ᠢ ᠬᠡᠷᠡᠭᠯᠡᠨ᠂ ᠨᠡᠩ ᠨᠠᠷᠢᠨ ᠨᠢᠮᠪᠠᠢ ᠠᠵᠢᠯᠯᠠᠵᠤ ᠪᠠᠶᠢᠭᠠᠳ ᠪᠦᠬᠦ ᠵᠢᠯ ᠳᠤ 20 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠨ᠎ᠠ᠃ ᠣᠨᠴᠠ ᠲᠣᠭᠲᠠᠭᠠᠭᠰᠠᠨ ᠶᠠᠳᠠᠭᠤ ᠬᠦᠴᠢᠷᠳᠡᠯᠲᠠᠢ ᠣᠯᠠᠨ ᠲᠦᠮᠡᠨ ᠢ ᠲᠤᠶᠢᠯ ᠤᠨ ᠣᠨᠣᠪᠴᠢᠲᠠᠢ ᠬᠠᠪᠰᠤᠷᠤᠨ ᠲᠡᠳᠭᠦᠬᠦ ᠪᠠᠷ ᠬᠠᠷᠠᠯᠲᠠ ᠪᠣᠯᠭᠠᠵᠤ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠶᠢ ᠠᠵᠤ ᠦᠢᠯᠡᠰ ᠢᠶᠠᠷ ᠶᠠᠳᠠᠭᠤ ᠶᠢ ᠲᠡᠳᠭᠦᠬᠦ᠂ ᠰᠢᠯᠵᠢᠭᠦᠯᠦᠨ ᠠᠵᠢᠯ ᠣᠯᠭᠤᠬᠤ ᠵᠡᠷᠭᠡ ᠠᠷᠭ᠎ᠠ ᠶᠢ ᠬᠡᠷᠡᠭᠯᠡᠵᠦ ᠪᠠᠶᠢᠭᠠᠳ ᠶᠠᠳᠠᠭᠤ ᠠᠴᠠ ᠨᠢ ᠠᠩᠭᠢᠵᠢᠷᠠᠭᠤᠯᠤᠨ᠎ᠠ︔ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠠᠶᠢᠪᠠᠯ᠂ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠪᠠᠷ ᠳᠠᠮᠵᠢᠵᠤ᠂ ᠲᠡᠲᠡᠨ ᠤ ᠦᠨᠳᠦᠰᠦᠨ ᠠᠮᠢᠳᠤᠷᠠᠯ ᠨᠢ ᠪᠠᠲᠤᠯᠠᠭ᠎ᠠ ᠲᠠᠢ᠂ ᠡᠪᠡᠳᠴᠢᠨ ᠢᠶᠠᠨ ᠦᠵᠡᠭᠦᠯᠬᠦ ᠳᠤ ᠡᠮᠨᠡᠯᠭᠡ ᠲᠠᠢ᠂ ᠵᠡᠮᠳᠡᠭ ᠪᠠᠶᠢᠭᠰᠠᠨ ᠴᠦ ᠲᠤᠰᠠᠯᠠᠮᠵᠢ ᠲᠠᠢ ᠪᠠᠶᠢᠬᠤ ᠪᠣᠯᠭᠠᠨ᠎ᠠ᠃ ᠬᠦᠨᠳᠦ ᠡᠪᠡᠳᠴᠢᠲᠡᠨ ᠢ ᠳᠠᠭᠠᠭᠠᠨ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠡᠷᠡᠭᠦᠯ ᠡᠩᠬᠡ ᠶᠢᠨ ᠺᠠᠷᠲ ᠵᠣᠬᠢᠶᠠᠵᠤ ᠥᠭᠭᠦᠨ᠎ᠡ᠃ ᠰᠤᠷᠭᠠᠨ ᠬᠦᠮᠦᠵᠢᠯ ᠤᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠤᠨ ᠰᠤᠷᠭᠠᠭᠤᠯᠢ ᠳᠤ ᠰᠠᠭᠤᠬᠤ ᠵᠠᠪᠰᠢᠶᠠᠨ ᠢ ᠨᠢ ᠠᠯᠳᠠᠭᠤᠯᠵᠤ ᠪᠣᠯᠬᠤ ᠦᠭᠡᠢ᠃ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠴᠢᠭᠯᠡᠭᠦᠯᠵᠦ ᠬᠦᠴᠦ ᠪᠠᠨ ᠲᠥᠪᠯᠡᠷᠡᠭᠦᠯᠦᠨ᠂ ᠰᠢᠨ᠎ᠡ ᠪᠠᠷ ᠨᠡᠮᠡᠭᠳᠡᠭᠰᠡᠨ ᠶᠠᠳᠠᠭᠤ ᠶᠢ ᠲᠡᠳᠭᠦᠬᠦ ᠪᠡᠯᠡ ᠮᠦᠩᠭᠦ ᠶᠢ ᠭᠤᠣᠯᠳᠠᠭᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠪᠠ ᠲᠥᠰᠥᠪ ᠤᠨ ᠳᠣᠲᠣᠷᠠᠬᠢ ᠪᠡᠯᠡ ᠣᠷᠤᠭᠤᠯᠤᠯᠲᠠ ᠶᠢ ᠴᠦ ᠬᠡᠯᠪᠠᠶᠢᠯᠭᠡᠨ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ᠂ ᠰᠠᠭᠤᠷᠢ ᠪᠡᠯᠡᠳᠭᠡᠮᠵᠢ᠂ ᠦᠨᠳᠦᠰᠦᠨ ᠡᠮᠴᠢᠯᠡᠭᠡ ᠶᠢᠨ ᠪᠠᠲᠤᠯᠠᠭ᠎ᠠ ᠪᠠ ᠠᠵᠤ ᠦᠢᠯᠡᠰ ᠢ ᠬᠥᠭᠵᠢᠭᠦᠯᠬᠦ ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠣᠭᠰᠠᠨ ᠶᠠᠳᠠᠭᠤ ᠬᠦᠴᠢᠷᠳᠡᠯᠲᠠᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠭᠦᠬᠦ ᠶᠢ ᠨᠢ ᠢᠲᠡᠭᠡᠯ ᠵᠣᠷᠢᠭ ᠪᠠ ᠤᠶᠣᠨ ᠤᠬᠠᠭᠠᠨ ᠢ ᠨᠢ ᠲᠡᠳᠭᠦᠬᠦ ᠯᠦᠭᠡ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠢᠶᠠᠨ ᠬᠥᠭᠵᠢᠭᠦᠯᠬᠦ ᠬᠢᠭᠡᠳ ᠠᠵᠢᠯ ᠬᠦᠳᠡᠯᠮᠦᠷᠢ ᠬᠢᠵᠦ ᠬᠤᠳᠠᠯᠳᠤᠭ᠎ᠠ ᠡᠷᠬᠢᠯᠡᠬᠦ ᠦᠨᠳᠦᠰᠦᠨ ᠤᠷ᠎ᠠ ᠴᠢᠳᠠᠪᠤᠷᠢ ᠶᠢ ᠨᠢ ᠠᠩᠬᠠᠷᠤᠨ ᠬᠦᠮᠦᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠪᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠳᠣᠲᠣᠭᠠᠳᠤ ᠬᠦᠳᠡᠯᠭᠡᠬᠦ ᠬᠦᠴᠦᠨ ᠪᠠ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠠᠩᠬᠠᠷᠤᠨ ᠤᠷᠮᠠᠰᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠣᠷᠣᠰᠢᠵᠤ ᠪᠠᠶᠢᠭ᠎ᠠ ᠲᠤᠭ᠎ᠠ ᠬᠡᠮᠵᠢᠶ᠎ᠡ ᠶᠢ ᠳᠠᠬᠢᠨ ᠳᠠᠪᠲᠠᠨ ᠨᠡᠮᠡᠭᠳᠡᠭᠦᠯᠬᠦ᠂ ᠬᠡᠯᠪᠡᠷᠢ ᠶᠢᠨ ᠦᠵᠡᠯ᠂ ᠬᠤᠳᠠᠯ ᠬᠠᠭᠤᠷᠮᠠᠭ ᠢᠶᠠᠷ ᠵᠣᠬᠢᠶᠠᠬᠤ᠂ ᠳᠠᠪᠲᠠᠨ ᠨᠣᠷᠰᠢᠬᠤ ᠵᠡᠷᠭᠡ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠵᠢᠩᠬᠢᠨᠢ ᠶᠠᠳᠠᠭᠤ ᠶᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤ ᠠᠴᠠ ᠦᠨᠡᠨ ᠠᠩᠬᠢᠵᠢᠷᠠᠭᠤᠯᠬᠤ ᠬᠡᠷᠡᠭᠳᠡᠢ᠃      ᠪᠣᠬᠢᠷᠳᠣᠯ ᠢ ᠰᠡᠷᠭᠡᠶᠢᠯᠠᠨ ᠵᠠᠰᠠᠬᠤ ᠰᠢᠪᠳᠣᠯᠣᠯᠳᠠ ᠶᠢᠨ ᠳᠠᠶᠢᠯᠠᠯᠳᠣᠭᠠᠨ ᠢ ᠰᠠᠶᠢᠳᠣᠷ ᠬᠢᠨ᠎ᠠ᠃ ᠠᠭᠠᠷ ᠮᠠᠨᠳᠠᠯ ᠤᠨ ᠪᠣᠬᠢᠷᠳᠣᠯ ᠢ ᠵᠠᠰᠠᠬᠤ ᠪᠠᠨ ᠴᠢᠩᠭᠠᠣᠡᠬᠠᠵᠣ᠂ ᠡᠪᠤᠯ ᠤᠨ ᠣᠯᠠᠷᠢᠯ ᠳᠠᠬᠢ ᠴᠡᠪᠠᠷ ᠲᠣᠯᠠᠭᠠᠯᠠᠭ᠎ᠠ ᠶᠢᠨ ᠲᠦᠯᠣᠪᠯᠡᠭᠡ ᠶᠢ ᠬᠡᠷᠩᠵᠢᠭᠦᠯᠣᠨ᠂ ᠰᠣᠯᠨ ᠨᠡᠭᠦᠷᠡᠰᠣ ᠪᠠ ᠠᠵᠣ ᠦᠢᠯᠡᠣᠡᠪᠣᠷᠢ ᠶᠢᠨ ᠬᠠᠶᠠᠭᠳᠠᠮᠠᠯ ᠬᠡᠢ ᠶᠢ ᠵᠠᠰᠠᠬᠤ᠂ ᠡᠰᠢ ᠰᠦᠷᠡᠯ ᠢ ᠠᠰᠢᠭᠯᠠᠬᠤ᠂ ᠨᠡᠭᠦᠷᠡᠰᠣ ᠬᠡᠷᠩᠯᠡᠭᠦ ᠠᠴᠠ ᠬᠡᠢ ᠬᠡᠷᠩᠯᠡᠭᠦ ᠪᠣᠯᠭᠠᠨ ᠦᠭᠡᠷᠡᠴᠢᠯᠡᠭᠦ᠂ ᠨᠡᠭᠦᠷᠡᠰᠣ ᠬᠡᠷᠩᠯᠡᠭᠦ ᠠᠴᠠ ᠴᠠᠬᠢᠯᠭᠠᠨ ᠬᠡᠷᠩᠯᠡᠭᠦ ᠪᠣᠯᠭᠠᠨ ᠦᠭᠡᠷᠡᠴᠢᠯᠡᠭᠦ ᠵᠡᠷᠭᠡ ᠠᠵᠢᠯ ᠢ ᠰᠠᠶᠢᠳᠣᠷ ᠠᠣᠡᠬᠤᠨ᠎ᠠ᠃ ᠪᠣᠢ ᠪᠦᠭᠦᠢ ᠭᠠᠯ ᠴᠠᠬᠢᠯᠭᠠᠨ ᠤ ᠮᠠᠰᠢᠨ ᠪᠦᠯᠦᠭ ᠪᠦᠭᠦᠨ ᠳᠤ ᠬᠡᠳᠣ ᠪᠠᠭ᠎ᠠ ᠪᠠᠷ ᠭᠠᠳᠠᠭᠰᠢᠯᠠᠭᠤᠯᠬᠤ ᠶᠢ ᠪᠡᠶᠡᠯᠡᠭᠦᠯᠣᠨ᠎ᠠ᠃ ᠦᠬᠠᠢ ᠵᠢᠴᠢ ᠡᠷᠬᠢᠨ ᠲᠣᠭᠤᠷᠢᠨ ᠳᠠᠬᠢ ᠭᠠᠵᠡᠷ ᠣᠷᠣᠨ ᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠠᠨ ᠵᠠᠰᠠᠨ᠎ᠠ᠃ ᠰᠠᠯᠬᠢ ᠪᠠ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ ᠲᠠᠶᠠᠬᠳᠠᠵᠦ ᠪᠠᠶᠢᠭ᠎ᠠ ᠠᠰᠠᠭᠤᠳᠠᠯ ᠢ ᠵᠠᠬ᠎ᠠ ᠳᠡᠯᠭᠡᠭᠦᠷᠴᠢᠯᠡᠭᠦ ᠠᠷᠭ᠎ᠠ ᠪᠠᠷ ᠰᠢᠢᠣᠡᠪᠣᠷᠢᠯᠡᠨ᠂ ᠴᠡᠪᠠᠷ ᠴᠠᠬᠢᠯᠭᠠᠨ ᠭᠦᠴᠣᠨ ᠤ ᠬᠠᠩᠭᠠᠯᠭ᠎ᠠ ᠶᠢ ᠨᠡᠮᠡᠭᠳᠡᠭᠦᠯᠣᠨ᠎ᠠ᠃ ᠣᠰᠣᠨ ᠤ ᠪᠣᠬᠢᠷᠳᠣᠯ ᠢ ᠰᠡᠷᠭᠡᠶᠢᠯᠠᠵᠣ ᠵᠠᠰᠠᠬᠤ ᠲᠦᠯᠣᠪᠯᠡᠭᠡ ᠶᠢ ᠪᠦᠭᠦ ᠳᠠᠯ᠎ᠠ ᠪᠠᠷ ᠨᠠᠶᠢᠳᠠᠪᠣᠷᠢᠵᠢᠭᠤᠯᠵᠣ᠂ ᠭᠦᠯᠣᠨ ᠨᠠᠭᠤᠷ᠂ ᠣᠯᠠᠭᠠᠨᠰᠣᠬᠠᠢ᠂ ᠳᠠᠭ᠎ᠠ ᠶᠢᠨ ᠨᠠᠭᠤᠷ ᠵᠡᠷᠭᠡ ᠨᠠᠭᠤᠷ ᠴᠦᠭᠦᠷᠣᠮ ᠤᠨ ᠶᠠᠷᠣᠩᠬᠡᠶᠢᠯᠠᠨ ᠵᠠᠰᠠᠬᠤ ᠢᠨᠵᠧᠨᠧᠷᠢᠩ ᠢ ᠭᠦᠨᠵᠡᠭᠡᠢ ᠬᠡᠷᠩᠵᠢᠭᠦᠯᠣᠨ᠂ ᠭᠦᠨᠳᠣ ᠪᠣᠬᠢᠷᠳᠣᠬᠰᠠᠨ ᠣᠰᠣᠨ ᠤ ᠲᠣᠭᠤᠷᠢᠨ ᠪᠠ ᠪᠣᠬᠢᠷᠳᠣᠯ ᠨᠢ ᠳᠠᠪᠣᠨ ᠲᠦᠷᠣᠯ ᠠᠴᠠ ᠬᠡᠳᠣᠷᠡᠭᠰᠠᠨ ᠣᠭᠳᠣᠯᠣᠭᠠᠰᠣ ᠬᠡᠰᠡᠭ ᠲᠠᠬᠢ ᠪᠣᠬᠢᠷᠳᠣᠯ ᠢ ᠭᠦᠴᠣᠯᠡᠨ ᠠᠷᠢᠯᠭᠠᠵᠣ᠂ ᠣᠰᠣᠨ ᠰᠣᠷᠪᠣᠯᠵᠢ ᠶᠢᠨ ᠬᠠᠮᠠᠭᠠᠯᠠᠯᠳᠠ ᠶᠢᠨ ᠣᠷᠣᠨ ᠲᠣᠳᠣᠷᠠᠬᠢ ᠬᠠᠣᠯᠢ ᠠᠴᠠ ᠵᠦᠷᠢᠴᠠᠵᠣ ᠪᠠᠶᠢᠭᠤᠯᠣᠭᠰᠠᠨ ᠪᠠᠷᠢᠯᠭ᠎ᠠ ᠪᠠ ᠪᠣᠬᠢᠷᠳᠣᠯ ᠭᠠᠳᠠᠭᠰᠢᠯᠠᠭᠤᠯᠬᠤ ᠠᠮᠠᠰᠠᠷ ᠢ ᠬᠠᠣᠯᠢ ᠶᠣᠰᠣᠭᠠᠷ ᠠᠷᠢᠯᠭᠠᠨ᠎ᠠ᠃ ᠭᠦᠷᠣᠰᠣ ᠰᠢᠷᠣᠢ ᠶᠢᠨ ᠪᠣᠬᠢᠷᠳᠣᠯ ᠢ ᠰᠡᠷᠭᠡᠶᠢᠯᠠᠨ ᠵᠠᠰᠠᠬᠤ ᠪᠠ ᠭᠦᠨᠳᠣ ᠳᠡᠮᠦᠷᠯᠢᠭ ᠤᠨ ᠭᠠᠳᠠᠭᠰᠢᠯᠠᠯᠳᠠ ᠶᠢ ᠪᠠᠭᠠᠰᠬᠠᠬᠤ ᠡᠷᠴᠢᠮ ᠢᠶᠠᠨ ᠴᠢᠩᠭᠠᠷᠠᠭᠤᠯᠵᠣ᠂ ᠳᠠᠷᠢᠶᠠᠯᠠᠩ ᠳᠤ ᠬᠡᠷᠩᠯᠡᠭᠦ ᠭᠠᠵᠡᠷ ᠤᠨ ᠭᠦᠷᠣᠰᠣ ᠰᠢᠷᠣᠢ ᠶᠢᠨ ᠪᠣᠬᠢᠷᠳᠣᠯ ᠤᠨ ᠪᠠᠶᠢᠳᠠᠯ ᠢ ᠪᠠᠶᠢᠴᠠᠭᠠᠵᠣ᠂ ᠪᠣᠷᠳᠣᠭᠤᠷ᠂ ᠡᠮ᠂ ᠵᠣᠯᠣᠮ᠎ᠠ ᠶᠢ ᠣᠯᠠᠮ ᠨᠢᠭᠡ ᠠᠯᠬᠤᠮ ᠡᠵᠡᠮᠳᠠᠵᠣ᠂ ᠳᠠᠷᠢᠶᠠᠯᠠᠩ ᠤᠨ ᠣᠯᠠᠨ ᠡᠬᠢᠳᠣ ᠰᠣᠷᠪᠣᠯᠵᠢ ᠶᠢᠨ ᠪᠣᠬᠢᠷᠳᠣᠯ ᠢ ᠡᠬᠢ ᠢᠷᠡᠯᠳᠠ ᠠᠴᠠ ᠨᠢ ᠵᠠᠰᠠᠨ᠎ᠠ᠃ ᠠᠭᠤᠷᠬᠠᠢ ᠶᠢᠨ ᠤᠷᠤᠨ ᠪᠠ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠤᠷᠴᠢᠨ ᠲᠤᠭᠤᠷᠢᠨ ᠢ ᠴᠡᠭᠴᠡᠯᠡᠨ ᠵᠠᠰᠠᠵᠦ᠂ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠦᠢᠯᠡᠣᠡᠪᠣᠷᠢ ᠠᠭᠤᠷᠬᠠᠢ ᠶᠢᠨ ᠠᠵᠣ ᠠᠬᠤᠶᠢᠯᠡᠯ ᠢ ᠬᠠᠣᠯᠢ ᠶᠣᠰᠣᠭᠠᠷ ᠡᠮᠬᠢ ᠵᠢᠷᠣᠮ ᠲᠠᠢ ᠪᠠᠷ ᠪᠣᠴᠠᠭᠠᠨ ᠭᠠᠷᠭᠠᠨ᠎ᠠ᠃      ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠢᠬ ᠢ ᠪᠣᠳᠠᠲᠤ ᠴᠣᠭᠴᠠᠳᠣ ᠠᠵᠤ ᠠᠬᠤᠶ ᠶᠢᠨ ᠳᠠᠯ᠎ᠠ ᠳᠤ ᠳᠠᠯᠪᠢᠨ᠂ ᠭᠦᠴᠣᠨ ᠵᠦᠢᠯ ᠤᠨ ᠳᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠣᠨ᠎ᠠ᠃      ᠬᠦᠴᠦᠨ ᠦᠭᠡᠢ ᠬᠠᠩᠭᠠᠯᠭ᠎ᠠ ᠶᠢ ᠭᠦᠴᠣᠳᠠᠢ ᠠᠷᠢᠯᠭᠠᠨ᠎ᠠ᠃ ᠵᠠᠬ᠎ᠠ ᠳᠡᠯᠭᠡᠭᠦᠷᠴᠢᠯᠡᠭᠦ᠂ ᠬᠠᠣᠯᠢ ᠪᠠᠷ ᠵᠠᠰᠠᠬᠤ ᠠᠷᠭ᠎ᠠ ᠪᠠᠷᠢᠯ ᠢ ᠬᠡᠷᠩᠯᠡᠨ ᠦᠯᠡᠭᠦᠳᠠᠵᠣ ᠪᠠᠶᠢᠭ᠎ᠠ ᠦᠢᠯᠡᠣᠡᠪᠣᠷᠢᠯᠡᠭᠦ ᠴᠢᠳᠠᠮᠵᠢ ᠶᠢ ᠠᠷᠢᠯᠭᠠᠬᠤ ᠶᠢ ᠪᠠᠷᠢᠮᠳᠠᠯᠠᠨ᠂ ᠶᠠᠰᠤ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠳᠠ᠂ ᠡᠨᠧᠷᠭᠢ ᠶᠢᠨ ᠬᠤᠷᠣᠭᠳᠠᠯ᠂ ᠠᠮᠤᠷ ᠲᠦᠪᠰᠢᠨ ᠵᠡᠷᠭᠡ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠦᠯᠡᠭᠦᠳᠠᠵᠣ ᠪᠠᠶᠢᠭ᠎ᠠ ᠦᠢᠯᠡᠣᠡᠪᠣᠷᠢᠯᠡᠭᠦ ᠴᠢᠳᠠᠮᠵᠢ ᠶᠢ ᠵᠠᠬ᠎ᠠ ᠳᠡᠯᠭᠡᠭᠦᠷ ᠠᠴᠠ ᠠᠷᠢᠯᠭᠠᠨ ᠭᠠᠷᠭᠠᠬᠤ ᠶᠢ ᠲᠦᠷᠭᠡᠣᠡᠭᠡᠨ᠎ᠠ᠃ ᠡᠨᠠ ᠵᠢᠯ ᠳᠤ 405 ᠲᠦᠮᠡᠨ ᠲᠣᠨ ᠨᠡᠭᠦᠷᠡᠰᠣᠨ ᠤ ᠦᠢᠯᠡᠳᠪᠦᠷᠢᠯᠡᠬᠦ ᠴᠢᠳᠠᠮᠵᠢ ᠶᠢ ᠪᠤᠴᠠᠭᠠᠨ ᠭᠠᠷᠭᠠᠵᠣ᠂ ᠨᠡᠭᠦᠷᠡᠰᠣ ᠪᠠᠷ ᠭᠠᠷᠭᠠᠬᠤ ᠴᠠᠬᠢᠯᠭᠠᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠣᠯ ᠤᠨ ᠦᠢᠯᠡᠣᠡᠪᠣᠷᠢᠯᠡᠭᠦ ᠴᠢᠳᠠᠮᠵᠢ ᠶᠢ ᠪᠠᠭᠤᠷᠠᠭᠤᠯᠬᠤ ᠠᠵᠢᠯ ᠢ ᠨᠢᠭᠡᠳᠣᠯᠳᠠᠢ ᠲᠦᠯᠣᠪᠯᠡᠨ ᠰᠠᠶᠢᠳᠣᠷ ᠬᠢᠨ᠎ᠠ᠃ ︽ᠦᠬᠦᠰᠢᠷᠡᠮᠡᠯ ᠠᠵᠤ ᠠᠬᠤᠶᠢᠯᠠᠯ︾ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠣᠴᠠᠭᠠᠵᠣ ᠭᠠᠷᠭᠠᠬᠤ ᠨᠠᠷᠢᠨ ᠳᠠᠩᠰᠨ ᠶᠢ ᠲᠣᠭᠳᠠᠭᠠᠨ ᠂ ᠳᠠᠮᠫᠤᠷᠠᠬᠤ ᠪᠠ ᠲᠠᠬᠢᠨ ᠵᠣᠬᠢᠶᠠᠨ ᠪᠠᠶᠢᠭᠤᠯᠬᠤ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠣ᠂ ᠠᠵᠣ ᠠᠬᠤᠶᠢᠯᠠᠯ ᠤᠨ ᠦᠷᠢ ᠦᠭᠴᠡᠭᠡ ᠶᠢ ᠠᠷᠭᠠᠴᠠᠭᠠᠨ ᠰᠢᠢᠣᠡᠪᠣᠷᠢᠯᠡᠭᠦ ᠪᠠ ᠠᠵᠢᠯᠳᠠᠨ ᠠᠵᠢᠯᠴᠢᠣᠨ ᠤᠨ ᠲᠦᠪᠬᠢᠨᠠᠭᠦᠯᠭᠦ ᠠᠵᠢᠯ ᠢ ᠰᠠᠶᠢᠳᠣᠷ ᠬᠢᠨ᠎ᠠ᠃      ᠰᠢᠨ᠎ᠡ ᠬᠦᠳᠡᠯᠬᠡᠬᠦ ᠴᠢᠳᠠᠪᠤᠷᠢ ᠶᠢ ᠶᠡᠭᠡ ᠪᠠᠷ ᠪᠤᠶᠢᠵᠢᠭᠤᠯᠣᠨ᠎ᠠ᠃ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠠᠰᠢᠭᠯᠠᠵᠣ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠨ᠂ ᠡᠨᠧᠷᠬᠢ᠂ ᠬᠢᠮᠢ ᠶᠢᠨ ᠠᠵᠣ ᠦᠢᠯᠡᠣᠡᠪᠣᠷᠢ᠂ ᠪᠣᠯᠣᠣᠨ ᠳᠡᠮᠣᠷ᠂ ᠲᠣᠨᠤᠭ ᠲᠦᠭᠦᠭᠡᠷᠣᠮᠵᠢ ᠦᠢᠯᠡᠣᠡᠪᠣᠷᠢᠯᠡᠭᠦ ᠵᠡᠷᠭᠡ ᠠᠵᠣ ᠦᠢᠯᠡᠰ ᠤᠨ ᠳᠡᠭᠡᠳᠣ ᠦᠵᠣᠭᠦᠷ ᠳᠡᠰᠢ ᠭᠦᠭᠵᠢᠭᠦ ᠶᠢ ᠲᠦᠯᠬᠢᠨ ᠠᠬᠢᠭᠤᠯᠣᠨ᠎ᠠ᠃ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠠᠵᠢᠭᠤᠯᠣᠭᠰᠠᠨ ᠠᠵᠣ ᠠᠬᠤᠢ ᠶᠢ ᠭᠦᠭᠵᠢᠭᠦᠯᠣᠨ᠂ ᠢᠨᠲ᠋ᠧᠷ ᠰᠦᠯᠵᠢᠶ᠎ᠠ᠂ ᠲᠤᠮᠤ ᠳ᠋ᠠᠶᠢᠲ᠋ᠠ᠂ ᠬᠢᠮᠡᠯ ᠤᠶᠦᠠ ᠬᠢᠬᠡᠳ ᠪᠣᠳᠠᠲᠤ ᠴᠣᠭᠴᠠᠳᠣ ᠠᠵᠤ ᠠᠬᠤᠶ ᠶᠢᠨ ᠬᠦᠨ ᠠᠭᠤᠰᠣᠯᠴᠠᠬᠤ ᠶᠢ ᠠᠬᠢᠭᠤᠯᠣᠨ᠎ᠠ᠃ ᠳᠡᠭᠡᠳᠣ ᠦᠵᠣᠭᠦᠷ ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠴᠡᠪᠡᠷ ᠡᠨᠧᠷᠭᠢ᠂ ᠠᠮᠢᠳᠣ ᠪᠣᠳᠠᠰ ᠤᠨ ᠡᠮ᠂ ᠮᠣᠩᠭᠤᠯ ᠬᠢᠲᠠᠳ ᠡᠮ ᠡᠮᠨᠡᠯᠭᠡ ᠵᠡᠷᠭᠡ ᠠᠵᠤ ᠦᠢᠯᠡᠰ ᠢ ᠪᠤᠶᠢᠵᠢᠭᠤᠯᠣᠨ᠎ᠠ᠃ ᠪᠠᠷᠠᠭᠠᠨ ᠤ ᠭᠦᠢᠯᠭᠡᠭᠡ ᠶᠢᠨ ᠲᠦᠪᠯᠡᠷᠠᠭᠦᠯᠵᠣ ᠬᠤᠪᠢᠶᠠᠷᠢᠯᠠᠬᠤ᠂ ᠡᠳ᠋ᠰᠢᠭᠦᠯᠣᠨ ᠦᠢᠯᠡᠣᠡᠪᠣᠷᠢᠯᠡᠵᠣ ᠪᠣᠭᠤᠳᠠᠯᠯᠠᠬᠤ᠂ ᠭᠦᠢᠳᠠᠨ ᠬᠡᠯᠬᠢᠶᠡᠳᠣ ᠲᠣᠬᠢᠷᠠᠭᠤᠯᠣᠨ ᠭᠦᠷᠭᠡᠭᠦ ᠵᠡᠷᠭᠡ ᠳᠠᠪᠴᠠᠩ ᠢ ᠪᠠᠶᠢᠭᠤᠯᠵᠣ᠂ ᠣᠳᠣ ᠦᠶ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠭᠦᠭᠵᠢᠯᠳᠠ ᠶᠢ ᠳᠡᠮᠵᠢᠨ᠎ᠠ᠃ ᠪᠣᠬᠢᠷᠳᠣᠯ ᠦᠭᠡᠢ ᠭᠦᠭᠵᠢᠯᠳᠠ ᠶᠢᠨ ᠣᠨᠣᠯᠵᠢᠬᠤᠨ ᠢ ᠵᠢᠭᠤᠯᠴᠢᠯᠠᠯ ᠤᠨ ᠭᠦᠭᠵᠢᠯᠳᠠ ᠶᠢᠨ ᠪᠦᠭᠦ ᠶᠠᠪᠣᠴᠨ ᠳᠤ ᠠᠭᠤᠰᠣᠯᠴᠠᠭᠤᠯᠵᠣ᠂ ᠵᠢᠭᠤᠯᠴᠢᠯᠠᠯ ᠤᠨ ᠦᠢᠯᠡᠰ ᠲᠠᠬᠢ ᠰᠣᠶᠣᠯ ᠤᠨ ᠠᠭᠤᠯᠣᠭᠳᠠᠬᠤᠨ ᠢ ᠳᠡᠭᠡᠭᠰᠢᠯᠡᠭᠦᠯᠣᠨ᠂ ᠴᠢᠨᠠᠷ ᠰᠠᠶᠢᠳᠠᠢ ᠪᠠᠷ᠂ ᠦᠨᠳᠣᠷ ᠲᠦᠪᠰᠢᠨ ᠲᠠᠢ ᠪᠠᠷ ᠵᠢᠭᠤᠯᠴᠢᠯᠠᠯ ᠤᠨ ᠦᠢᠯᠡᠰ ᠢ ᠭᠦᠭᠵᠢᠭᠦᠯᠣᠨ᠎ᠠ᠃ ᠰᠤᠶᠤᠯ᠂ ᠪᠡᠶ᠎ᠠ ᠶᠢᠨ ᠲᠠᠮᠢᠷ ᠤᠨ ᠠᠵᠦ ᠦᠢᠯᠡᠰ ᠪᠠ ᠡᠯᠧᠺᠲᠷᠣᠨ ᠬᠤᠳᠠᠯᠳᠣᠭᠠᠨ ᠤ ᠶᠠᠪᠣᠳᠠᠯ᠂ ᠪᠦᠳᠣᠭᠡᠯᠴᠢ ᠲᠦᠰᠣᠪᠯᠡᠯᠳᠣ ᠵᠢᠷᠤᠭ ᠲᠦᠯᠣᠪᠯᠡᠭᠡ᠂ ᠮᠡᠳᠡᠭᠡ ᠵᠠᠩᠬᠢ ᠶᠢᠨ ᠯᠠᠪᠯᠠᠯᠭ᠎ᠠ᠂ ᠡᠷᠡᠭᠦᠯ ᠮᠠᠨᠳᠣ ᠨᠠᠰᠣᠵᠢᠯ ᠤᠨ ᠠᠰᠠᠷᠠᠮᠵᠢ᠂ ᠠᠷᠠᠯᠵᠢᠶ᠎ᠠ ᠬᠤᠳᠠᠯᠳᠣᠭᠠᠨ ᠤ ᠴᠣᠭᠯᠠᠭᠠᠨ ᠦᠵᠡᠭᠦᠯᠣᠯᠭᠡ ᠵᠡᠷᠭᠡ ᠦᠢᠯᠡᠴᠢᠯᠡᠭᠡᠨ ᠤ ᠦᠢᠯᠡᠰ ᠢ ᠭᠦᠭᠵᠢᠭᠦᠯᠣᠨ᠎ᠠ᠃ ᠨᠡᠷᠡᠳᠣ ᠲᠦᠷᠣᠯ ᠳᠡᠮᠳᠡᠭᠳᠣ ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠩᠵᠢᠭᠦᠯᠵᠣ᠂ ᠶᠠᠰᠣ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠦᠷᠨᠢᠭᠦᠯᠣᠨ᠂ ᠦᠨᠳᠣᠷ ᠪᠠᠷᠢᠮᠵᠢᠶ᠎ᠠ ᠪᠠᠷ ᠴᠢᠨᠠᠷ ᠰᠠᠶᠢᠳᠠᠢ ᠪᠠᠶᠢᠯᠭᠠᠬᠤ ᠶᠢ ᠳᠠᠶᠢᠴᠢᠯᠠᠨ᠎ᠠ᠃      ᠪᠣᠳᠠᠲᠤ ᠴᠣᠭᠴᠠᠳᠣ ᠠᠵᠤ ᠠᠬᠤᠶ ᠶᠢᠨ ᠥᠪᠡᠷ ᠤᠨ ᠦᠷᠲᠡᠭ ᠢ ᠶᠡᠬᠡᠪᠡᠷ ᠪᠠᠭᠤᠷᠠᠭᠤᠯᠣᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ ᠰᠦᠢᠳᠬᠡᠯ ᠢ ᠦᠷᠭᠦᠯᠵᠢᠯᠡᠨ ᠴᠡᠪᠡᠷᠯᠡᠵᠦ ᠵᠢᠷᠤᠮᠵᠢᠭᠤᠯᠤᠨ᠂ ᠦᠢᠯᠡᠳᠬᠦ ᠦᠢᠯᠡᠰ ᠤᠨ ᠦᠷᠳᠡᠭ ᠨᠡᠮᠡᠭᠳᠡᠯ ᠤᠨ ᠭᠠᠶᠢᠯᠢ ᠪᠠ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠯᠵᠠᠪᠣᠷᠢ ᠶᠢᠨ ᠭᠠᠶᠢᠯᠢ ᠶᠢ ᠪᠠᠭᠤᠷᠠᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠣᠨ᠂ ᠵᠠᠮ ᠬᠠᠷᠢᠯᠴᠠᠭ᠎ᠠ᠂ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠣ᠂ ᠠᠵᠤ ᠠᠬᠤᠶᠢᠯᠠᠯ ᠤᠨ ᠲᠦᠷᠢᠮ ᠤᠨ ᠴᠢᠨᠠᠷᠲᠠᠶ ᠠᠷᠠᠯᠵᠢᠶᠠᠯᠠᠬᠤ ᠥᠪᠡᠷ ᠤᠨ ᠦᠷᠳᠡᠭ ᠪᠠ ᠡᠨᠧᠷᠭᠢ ᠶᠢᠨ ᠬᠡᠷᠡᠭᠯᠡᠯᠳᠠ᠂ ᠪᠠᠷᠠᠭᠠᠨ ᠤ ᠭᠦᠢᠯᠭᠡᠭᠡ᠂ ᠪᠡᠯᠡ ᠲᠣᠬᠢᠷᠠᠭᠤᠯᠭ᠎ᠠ ᠵᠡᠷᠭᠡ ᠭᠦᠴᠣᠨ ᠵᠦᠢᠯ ᠤᠨ ᠥᠪᠡᠷ ᠤᠨ ᠦᠷᠳᠡᠭ ᠢ ᠪᠠᠭᠤᠷᠠᠭᠤᠯᠣᠨ᠎ᠠ᠃ ᠪᠡᠯᠨ ᠲᠣᠬᠢᠷᠠᠭᠤᠯᠭ᠎ᠠ ᠶᠢᠨ ᠪᠦᠳᠣᠴᠨ ᠶᠢ ᠰᠢᠯᠢᠳᠡᠭᠵᠢᠭᠦᠯᠵᠣ᠂ ᠠᠵᠣ ᠠᠬᠤᠶᠢᠯᠡᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠣᠨ᠂ ᠰᠢᠭᠤᠣᠨ ᠪᠡᠯᠨ ᠲᠣᠬᠢᠷᠠᠭᠤᠯᠬᠤ ᠢᠯᠡᠩᠭᠤᠶ᠎ᠠ ᠰᠲ᠋ᠣᠺ ᠤᠨ ᠡᠷᠭᠡ ᠪᠠᠷ ᠪᠡᠯᠨ ᠲᠣᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠣᠨ᠎ᠠ᠃      ᠪᠦᠲᠦᠮᠵᠢᠳᠠᠢ ᠪᠡᠯᠡ ᠣᠷᠣᠭᠤᠯᠤᠯᠲᠠ ᠶᠢ ᠢᠳᠡᠪᠬᠢᠲᠡᠶ ᠠᠬᠢᠭᠤᠯᠣᠨ᠎ᠠ᠃ ᠳᠤᠲᠠᠭᠤᠳᠠᠯ ᠢ ᠨᠥᠬᠦᠪᠥᠷᠢᠯᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢ ᠰᠢᠯᠢᠳᠡᠭᠵᠢᠭᠦᠯᠭᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠣᠨ᠂ ᠠᠷᠠᠳ ᠤᠨ ᠲᠣᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠠ᠃ ᠠᠷᠠᠳ ᠤᠨ ᠠᠮᠢᠳᠤᠷᠠᠯ ᠤᠨ ᠭᠦᠷᠢᠶ᠎ᠡ ᠴᠠᠷᠠᠭ᠎ᠠ᠂ ︽ᠮᠠᠯᠵᠢᠬᠤ ᠳᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠳᠠᠯ᠎ᠠ ᠶᠢᠨ ᠪᠡᠯᠨ ᠣᠷᠣᠭᠤᠯᠣᠯᠳᠠ ᠶᠢᠨ ᠡᠷᠴᠢᠮ ᠢ ᠴᠢᠩᠭᠠᠷᠠᠭᠤᠯᠣᠨ᠎ᠠ᠃ ᠵᠠᠰᠠᠮᠠᠯ ᠵᠠᠮ᠂ ᠳᠡᠮᠣᠷ ᠵᠠᠮ ᠵᠡᠷᠭᠡ ᠰᠠᠭᠤᠷᠢ ᠪᠡᠯᠡᠣᠡᠭᠡᠮᠵᠢ ᠶᠢᠨ ᠪᠦᠳᠣᠭᠡᠨ ᠪᠠᠶᠢᠭᠤᠯᠣᠯᠳᠠ ᠶᠢ ᠰᠢᠨᠵᠢᠯᠡᠭᠦ ᠣᠬᠠᠭᠠᠨᠴᠢ ᠪᠠᠷ ᠲᠦᠯᠣᠪᠵᠢᠭᠦᠯᠣᠨ᠂ ᠵᠦᠢ ᠵᠣᠬᠢᠰᠳᠠᠢ ᠪᠠᠶᠢᠷᠢᠯᠠᠭᠤᠯᠵᠣ᠂ ᠲᠣᠳᠣᠷ ᠭᠠᠵᠡᠷ ᠪᠠ ᠳᠠᠯᠠᠢ ᠳᠠᠭᠠᠣ ᠭᠠᠵᠡᠷ ᠣᠷᠣᠨ ᠲᠠᠢ ᠬᠤᠯᠪᠣᠭᠰᠠᠨ ᠣᠯᠣᠰ ᠤᠨ ᠵᠠᠮ ᠬᠠᠷᠢᠯᠴᠠᠭᠠᠨ ᠤ ᠭᠤᠣᠯ ᠵᠠᠮ ᠱᠣᠭᠤᠮ ᠤᠨ ᠲᠦᠷᠣᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠣ᠂ ᠪᠡᠯᠨ ᠣᠷᠣᠭᠤᠯᠣᠯᠳᠠ ᠶᠢᠨ ᠣᠨᠣᠪᠴᠢᠳᠣ ᠴᠢᠨᠠᠷ᠂ ᠲᠦᠭᠡᠮᠡᠯ ᠬᠠᠷᠠᠭᠠᠯᠵᠠᠬᠤ ᠴᠢᠨᠠᠷ᠂ ᠪᠦᠳᠣᠮᠵᠢᠳᠣ ᠴᠢᠨᠠᠷ ᠢ ᠳᠡᠭᠡᠭᠰᠢᠯᠡᠭᠦᠯᠣᠨ᠎ᠠ᠃      ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠶᠢ ᠠᠬᠢᠭᠤᠯᠣᠨ᠎ᠠ᠃ ᠭᠦᠭᠡᠬᠤᠳᠠ ᠪᠣᠭᠤᠳᠣ ᠣᠷᠳᠣᠰ ᠤᠨ ᠵᠣᠬᠢᠴᠠᠯᠳᠣᠨ ᠭᠦᠭᠵᠢᠭᠦ᠂ ᠵᠠᠭᠦᠨ ᠬᠡᠰᠡᠭ ᠠᠶᠢᠮᠠᠭ ᠬᠤᠳᠠ ᠶᠢᠨ ᠭᠦᠭᠵᠢᠯᠳᠠ ᠶᠢ ᠲᠦᠷᠭᠡᠤᠡᠭᠡᠭᠦ᠂ ᠦᠬᠠᠢ ᠵᠢᠴᠢ ᠡᠷᠬᠢᠨ ᠲᠣᠭᠤᠷᠢᠨ ᠳᠠᠬᠢ ᠭᠠᠵᠡᠷ ᠣᠷᠣᠨ ᠤ ᠬᠡᠯᠪᠡᠷᠢ ᠪᠠᠨ ᠬᠤᠪᠢᠷᠠᠭᠤᠯᠣᠨ ᠭᠦᠭᠵᠢᠭᠦ ᠶᠢ ᠠᠬᠢᠭᠤᠯᠣᠨ᠂ ᠠᠵᠣ ᠦᠢᠯᠡᠣᠡᠪᠣᠷᠢ ᠶᠢᠨ ᠭᠦᠷᠢᠶᠡᠯᠡᠩ ᠲᠣᠭᠤᠷᠢᠭ ᠢ ᠦᠭᠡᠷᠡᠴᠢᠯᠡᠨ ᠳᠡᠰ ᠳᠠᠪᠰᠢᠭᠦᠯᠵᠣ᠂ ᠬᠤᠷᠢᠡᠭᠡᠷ ᠰᠢᠨ᠎ᠠ ᠲᠣᠭᠤᠷᠢᠭ ᠢ ᠰᠢᠨᠵᠢᠯᠡᠭᠦ ᠣᠬᠠᠭᠠᠨᠴᠢ ᠪᠠᠷ ᠲᠦᠯᠣᠪᠵᠢᠭᠦᠯᠣᠨ᠂ ᠡᠮᠬᠢ ᠵᠢᠷᠣᠮ ᠲᠠᠢ ᠪᠦᠳᠣᠭᠡᠨ ᠪᠠᠶᠢᠭᠤᠯᠣᠨ᠎ᠠ᠃      ︵ᠭᠤᠷᠪᠠ︶ ᠰᠢᠨ᠎ᠠ ᠶᠢ ᠡᠭᠦᠳᠬᠦ ᠬᠡᠯᠪᠡᠷᠢ ᠪᠦᠭᠦᠢ ᠦᠪᠦᠷ ᠮᠤᠩᠭᠤᠯ ᠢ ᠲᠦᠷᠬᠡᠳᠬᠡᠨ ᠪᠠᠶᠢᠭᠤᠯᠤᠨ᠎ᠠ᠃ ᠰᠢᠨ᠎ᠠ ᠶᠢ ᠡᠭᠦᠳᠬᠦ ᠪᠠᠷ ᠭᠦᠭᠵᠢᠯᠳᠡ ᠶᠢ ᠭᠦᠳᠦᠯᠦᠨ ᠲᠠᠭᠠᠭᠤᠯᠬᠤ ᠨᠢᠬᠡᠳᠦᠬᠡᠷ ᠭᠦᠳᠡᠯᠬᠡᠬᠦ ᠭᠦᠴᠦᠨ ᠪᠤᠯᠭᠠᠬᠤ ᠶᠢ ᠪᠠᠷᠢᠮᠳᠠᠯᠠᠵᠦ᠂ ᠰᠢᠨ᠎ᠠ ᠶᠢ ᠡᠭᠦᠳᠬᠦ ᠪᠠᠷ ᠭᠦᠳᠡᠯᠬᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠬᠡᠢ ᠬᠡᠷᠡᠭᠵᠢᠬᠦᠯᠦᠨ᠎ᠠ᠃      ᠰᠢᠨᠵᠢᠯᠡᠬᠦ ᠤᠬᠠᠭᠠᠨ ᠮᠡᠷᠬᠡᠵᠢᠯ ᠳᠠᠬᠢ ᠤᠷᠤᠭᠤᠯᠤᠯᠳᠠ ᠪᠠᠨ ᠨᠡᠮᠡᠭᠳᠡᠭᠦᠯᠦᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠭᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠵᠦ᠂ ᠶᠡᠭᠡ ᠲᠡᠬᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠦ ᠠᠬᠤᠶᠢᠯᠠᠯ ᠢ ᠲᠠᠮᠵᠢᠵᠦ ᠪᠠᠶᠢᠭᠠᠳ ᠰᠢᠨᠵᠢᠯᠡᠬᠦ ᠤᠬᠠᠭᠠᠨ ᠮᠡᠷᠬᠡᠵᠢᠯ ᠤᠨ ᠲᠦᠷᠦᠯ ᠵᠦᠢᠯ ᠢ ᠲᠠᠭᠠᠭᠠᠨ ᠡᠭᠦᠷᠬᠡᠯᠡᠬᠦᠯᠵᠦ᠂ ᠤᠯᠠᠨ ᠡᠰᠢᠳᠦ ᠤᠷᠤᠭᠤᠯᠤᠯᠳᠠ ᠶᠢᠨ ᠲᠤᠨᠨᠳᠠᠴᠠ ᠶᠢ ᠪᠦᠷᠢᠯᠳᠦᠬᠦᠯᠦᠨ᠎ᠠ᠃ ᠪᠠᠶᠢᠯᠳᠤᠬᠤ ᠪᠤᠳᠤᠯᠭ᠎ᠠ ᠪᠠ ᠬᠤᠰᠢᠭᠤᠷᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠬᠡᠷᠡᠭᠯᠡᠬᠡᠨ ᠤ ᠰᠠᠭᠤᠷᠢ ᠴᠢᠨᠠᠷᠳᠠᠢ ᠰᠤᠳᠤᠯᠭᠠᠨ ᠢ ᠴᠢᠩᠭᠠᠳᠬᠠᠨ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠪᠤᠢ ᠪᠤᠯᠤᠨᠨᠰᠠᠨ ᠠᠵᠦ ᠦᠢᠯᠡᠰ᠂ ᠴᠦᠯᠯᠡᠷᠬᠡᠭᠵᠢᠬᠦ ᠶᠢ ᠵᠠᠰᠠᠬᠤ ᠵᠡᠷᠬᠡ ᠭᠦᠷᠢᠶ᠎ᠡ ᠴᠠᠷᠠᠭ᠎ᠠ ᠳᠠᠬᠢ ᠴᠢᠬᠤᠯᠡ ᠶᠡᠭᠡ ᠰᠢᠨᠵᠢᠯᠡᠬᠦ ᠤᠬᠠᠭᠠᠨ ᠮᠡᠷᠬᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠨᠢᠬᠡ ᠪᠦᠯᠦᠭ ᠰᠢᠨᠵᠢᠯᠡᠬᠦ ᠤᠬᠠᠭᠠᠨ ᠮᠡᠷᠬᠡᠵᠢᠯ ᠤᠨ ᠴᠢᠬᠤᠯᠠ ᠶᠡᠭᠡ ᠲᠤᠰᠬᠠᠢ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠢᠬᠡ ᠪᠦᠯᠦᠭ ᠵᠠᠩᠬᠢᠯᠠᠭ᠎ᠠ ᠶᠢᠨ ᠨᠡᠶᠢᠳᠡᠯᠢᠭ ᠴᠢᠨᠠᠷᠳᠠᠢ ᠮᠡᠷᠬᠡᠵᠢᠯ ᠳᠤ ᠰᠢᠪᠳᠦᠯᠦᠯᠳᠡ ᠲᠠᠢ ᠪᠤᠯᠭᠠᠨ᠎ᠠ᠃ ᠰᠢᠨᠵᠢᠯᠡᠬᠦ ᠤᠠᠬᠠᠭᠠᠨ ᠮᠡᠷᠬᠡᠵᠢᠯ ᠤᠨ ᠦᠷ᠎ᠡ ᠪᠦᠳᠦᠬᠡᠯ ᠢ ᠤᠯᠠᠷᠢᠭᠤᠯᠬᠤ ᠦᠢᠯᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠬᠦᠯᠵᠦ᠂ ᠲᠤᠰᠬᠠᠶᠢᠵᠢᠨᠨᠰᠠᠨ ᠦᠢᠯᠡᠴᠢᠯᠡᠬᠡᠨ ᠤ ᠪᠠᠶᠢᠭᠤᠯᠤᠮᠵᠢ ᠶᠢ ᠪᠤᠶᠢᠵᠢᠭᠤᠯᠤᠨ᠎ᠠ᠃ ᠰᠢᠨᠵᠢᠯᠡᠬᠦ ᠤᠠᠬᠠᠭᠠᠨ ᠮᠡᠷᠬᠡᠵᠢᠯ ᠤᠨ ᠦᠷ᠎ᠡ ᠪᠦᠳᠦᠬᠡᠯ ᠤᠨ ᠠᠷᠠᠯᠵᠢᠶᠠᠯᠠᠬᠤ ᠲᠡᠪᠴᠡᠩ᠂ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠦᠪ᠂ ᠠᠵᠦ ᠠᠬᠤᠶᠢᠯᠠᠯ ᠤᠨ ᠮᠡᠷᠬᠡᠵᠢᠯ ᠤᠨ ᠲᠦᠪ ᠤᠨ ᠦᠢᠯᠡᠳᠦᠯ ᠢ ᠰᠠᠶᠢᠳᠤᠷ ᠪᠠᠳᠠᠷᠠᠭᠤᠯᠵᠦ᠂ ᠰᠢᠨ᠎ᠠ ᠡᠬᠦᠳᠦᠯᠳᠡ ᠲᠠᠢ ᠦᠷ᠎ᠡ ᠪᠦᠳᠦᠬᠡᠯ ᠢ ᠠᠬᠤᠶᠢᠴᠢ ᠦᠢᠯᠡᠳᠪᠦᠷᠢᠯᠡᠯ ᠤᠨ ᠭᠦᠴᠦᠨ ᠲᠡᠰᠢ ᠤᠯᠠᠷᠢᠭᠤᠯᠬᠤ ᠶᠢ ᠲᠦᠷᠬᠡᠳᠬᠡᠨ᠎ᠠ᠃ ᠤᠯᠤᠰ ᠤᠨ ᠲᠡᠰ ᠤᠨ ᠰᠢᠨ᠎ᠠ ᠡᠬᠦᠳᠦᠯᠳᠡ ᠶᠢᠨ ᠲᠡᠪᠴᠡᠩ ᠢ ᠪᠤᠶᠢᠵᠢᠭᠤᠯᠤᠨ᠂ ᠭᠦᠬᠡᠬᠤᠳᠠ ᠪᠤᠭᠤᠳᠤ ᠤᠷᠳᠤᠰ ᠲᠠᠬᠢ ᠤᠯᠤᠰ ᠤᠨ ᠪᠡᠶ᠎ᠡ ᠪᠠᠨ ᠲᠠᠭᠠᠭᠠᠨᠨᠰᠠᠨ ᠰᠢᠨ᠎ᠠ ᠡᠭᠦᠳᠦᠯᠳᠡ ᠶᠢᠨ ᠵᠢᠱᠢᠶ᠎ᠡ ᠦᠵᠡᠬᠦᠯᠬᠦ ᠲᠤᠭᠤᠷᠢᠭ᠂ ᠪᠤᠭᠤᠳᠤ ᠳᠠᠬᠢ ᠤᠯᠤᠰ ᠤᠨ ᠲᠡᠰ ᠤᠨ ᠴᠡᠷᠢᠭ ᠠᠷᠠᠳ ᠤᠨ ᠠᠭᠤᠰᠤᠯᠴᠬᠠᠰᠠᠨ ᠰᠢᠨ᠎ᠠ ᠡᠭᠦᠳᠦᠯᠳᠡ ᠶᠢᠨ ᠵᠢᠱᠢᠶ᠎ᠡ ᠦᠵᠡᠬᠦᠯᠬᠦ ᠲᠤᠭᠤᠷᠢᠭ ᠢ ᠡᠭᠦᠳᠦᠨ ᠪᠠᠶᠢᠭᠤᠯᠤᠨ᠎ᠠ᠃ ᠨᠢᠬᠡ ᠪᠦᠯᠦᠭ ︽ᠠᠳᠠᠯ ᠦᠢᠯᠡᠰ ᠴᠤᠨᠨᠴᠠᠯᠠᠵᠦ ᠰᠢᠨ᠎ᠠ ᠶᠢ ᠡᠭᠦᠳᠬᠦ︾ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠ ᠲᠦᠮᠡᠨ ᠤᠯᠠᠨ ᠢᠶᠠᠷ ᠢᠶᠠᠨ ᠠᠳᠠᠯ ᠦᠢᠯᠡᠰ ᠴᠤᠨᠨᠴᠠᠯᠠᠬᠤ ᠤᠷᠤᠨ ᠵᠠᠢ ᠶᠢ ᠴᠢᠨᠠᠷ ᠰᠠᠶᠢᠳᠠᠢ ᠪᠠᠶᠢᠭᠤᠯᠤᠨ᠂ ᠰᠢᠨ᠎ᠠ ᠶᠢ ᠡᠭᠦᠳᠬᠦ ᠬᠡᠯᠪᠡᠷᠢ ᠪᠦᠭᠦᠢ ᠵᠢᠵᠢᠭ ᠪᠢᠴᠢᠯ ᠠᠵᠦ ᠠᠬᠤᠶᠢᠯᠠᠯ ᠢ ᠨᠡᠪᠴᠢᠭᠦᠯᠦᠨ ᠪᠤᠶᠢᠵᠢᠭᠤᠯᠤᠨ᠎ᠠ᠃ ᠴᠢᠳᠠᠪᠤᠷᠢᠳᠠᠨ ᠤ ᠲᠤᠬᠠᠢ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠳᠠᠪᠤᠷᠢᠳᠠᠨ ᠢ ᠦᠨᠡᠯᠡᠵᠦ ᠤᠷᠮᠠᠰᠢᠭᠤᠯᠬᠤ ᠲᠤᠨᠨᠳᠠᠴᠠ ᠶᠢ ᠲᠡᠭᠦᠯᠳᠡᠷᠵᠢᠬᠦᠯᠵᠦ᠂ ᠡᠯ᠎ᠡ ᠲᠦᠷᠦᠯ ᠤᠨ ᠴᠢᠳᠠᠪᠤᠷᠢᠳᠠᠨ ᠢ ᠭᠦᠮᠦᠵᠢᠬᠦᠯᠬᠦ᠂ ᠤᠷᠤᠭᠤᠯᠤᠨ ᠠᠪᠴᠢᠷᠠᠬᠤ ᠪᠠ ᠬᠡᠷᠡᠭᠯᠡᠬᠦ ᠠᠵᠢᠯ ᠢ ᠰᠠᠶᠢᠳᠤᠷ ᠬᠢᠨ᠎ᠠ᠃      ︵ᠲᠦᠷᠪᠡ︶ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠠ᠃ ᠲᠠᠷᠢᠶᠠᠯᠠᠩ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ ᠢ ᠤᠷᠢᠳᠠᠪᠡᠷ ᠭᠦᠭᠵᠢᠬᠦᠯᠬᠦ ᠶᠢ ᠪᠠᠷᠢᠮᠳᠠᠯᠠᠵᠦ᠂ ᠠᠵᠦ ᠦᠢᠯᠡᠰ ᠨᠢ ᠭᠦᠭᠵᠢᠩᠬᠦᠢ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠨᠤᠳᠤᠭ ᠤᠨ ᠵᠠᠩ ᠲᠠᠳᠬᠠᠯ ᠨᠢ ᠪᠤᠯᠪᠠᠰᠤᠨ᠂ ᠵᠠᠰᠠᠯᠳᠠ ᠨᠢ ᠪᠦᠳᠦᠮᠵᠢᠳᠡᠢ᠂ ᠠᠮᠢᠳᠤᠷᠠᠯ ᠨᠢ ᠪᠠᠶᠠᠨ ᠴᠢᠨᠡᠬᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠲᠠᠷᠢᠶᠠᠯᠠᠩ ᠮᠠᠯ ᠠᠵᠦ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠠᠬᠢᠭᠤᠯᠤᠨ᠎ᠠ᠃      ᠶᠠᠰᠤ ᠴᠢᠨᠠᠷ ᠢᠶᠠᠷ ᠲᠠᠷᠢᠶᠠᠯᠠᠩ ᠢ ᠭᠦᠭᠵᠢᠬᠦᠯᠬᠦ ᠪᠠ ᠪᠤᠬᠢᠷᠳᠤᠯ ᠦᠬᠡᠢ ᠪᠠᠷ ᠲᠠᠷᠢᠶᠠᠯᠠᠩ ᠢ ᠭᠦᠭᠵᠢᠬᠦᠯᠬᠦ ᠶᠢ ᠪᠠᠷᠢᠮᠳᠠᠯᠠᠨ᠂ ᠤᠳᠤ ᠦᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠳᠡ ᠶᠢᠨ ᠰᠢᠰᠲ᠋ᠧᠮᠵᠢ ᠶᠢ ᠲᠦᠷᠬᠡᠳᠬᠡᠨ ᠪᠠᠶᠢᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠠᠰᠢᠬ ᠰᠢᠮ᠎ᠠ ᠶᠢᠨ ᠪᠦᠳᠦᠬᠡᠭᠳᠡᠬᠦᠨ ᠤ ᠪᠦᠳᠦᠴᠡ᠂ ᠠᠵᠦ ᠦᠢᠯᠡᠰ ᠤᠨ ᠪᠦᠳᠦᠴᠡ ᠪᠠ ᠪᠠᠶᠢᠷᠢᠰᠢᠭᠤᠯᠤᠯᠳᠠ ᠶᠢᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠲᠠᠪᠠᠭᠤᠯᠢᠭ ᠤᠨᠴᠠᠯᠢᠨᠨᠳᠤ ᠲᠠᠷᠢᠶᠠᠯᠠᠩ ᠮᠠᠯ ᠠᠵᠦ ᠠᠬᠤᠢ ᠶᠢ ᠭᠦᠭᠵᠢᠬᠦᠯᠦᠨ ᠪᠤᠵᠠᠭᠠᠶᠢᠷᠠᠭᠤᠯᠤᠨ᠎ᠠ᠃ ᠠᠮᠤ ᠪᠤᠳᠠᠭᠠᠨ ᠤ ᠤᠨᠠᠯᠳᠠ ᠶᠢᠨ ᠴᠢᠳᠠᠮᠵᠢᠳᠤ ᠤᠷᠤᠨ᠂ ᠴᠢᠬᠤᠯᠠ ᠪᠤᠯᠬᠤ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠬᠠᠮᠠᠭᠠᠯᠠᠯᠳᠠ ᠶᠢᠨ ᠤᠷᠤᠨ ᠂ ᠤᠨᠴᠠᠯᠢᠨᠨᠳᠤ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠭᠦᠨ ᠤ ᠬᠠᠮᠠᠭᠠᠯᠠᠯᠳᠠ ᠶᠢᠨ ᠤᠷᠤᠨ ᠢ ᠪᠦᠳᠦᠬᠡᠨ ᠪᠠᠶᠢᠭᠤᠯᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠭᠦᠷᠢᠶᠡᠯᠡᠩ᠂ ᠰᠢᠨᠵᠢᠯᠡᠬᠦ ᠤᠬᠠᠭᠠᠨ ᠮᠡᠷᠬᠡᠵᠢᠯ ᠤᠨ ᠭᠦᠷᠢᠶᠡᠯᠡᠩ᠂ ᠠᠳᠠᠯ ᠦᠢᠯᠡᠰ ᠴᠤᠨᠨᠴᠠᠯᠠᠬᠤ ᠭᠦᠷᠢᠶᠡᠯᠡᠩ ᠢ ᠪᠦᠳᠦᠬᠡᠨ ᠪᠠᠶᠢᠭᠤᠯᠦᠨ᠎ᠠ᠃ ᠤᠰᠤ ᠠᠷᠪᠢᠯᠠᠬᠤ ᠤᠰᠤᠯᠠᠯᠳᠠ ᠶᠢ ᠭᠦᠭᠵᠢᠬᠦᠯᠵᠦ᠂ ᠦᠨᠳᠦᠷ ᠪᠠᠷᠢᠮᠵᠢᠶ᠎ᠠ ᠲᠠᠢ ᠲᠠᠷᠢᠶᠠᠨ ᠭᠠᠵᠠᠷ ᠢ ᠪᠦᠳᠦᠬᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠶᠢᠨ ᠪᠠᠷᠢᠮᠵᠢᠶᠠᠵᠢᠨᠨᠰᠠᠨ ᠦᠢᠯᠡᠳᠪᠦᠷᠢᠯᠡᠯ ᠢ ᠠᠬᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠳᠤ ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠭᠠᠵᠠᠷ ᠵᠦᠢ ᠶᠢᠨ ᠲᠡᠮᠳᠡᠭ ᠪᠠ ᠠᠮᠢ ᠠᠬᠤᠢ ᠶᠢᠨ ᠤᠭ ᠭᠠᠷᠤᠯᠳᠠ ᠶᠢᠨ ᠤᠷᠤᠨ ᠤ ᠪᠦᠳᠦᠬᠡᠭᠳᠡᠬᠦᠨ ᠢ ᠬᠠᠮᠠᠭᠠᠯᠠᠬᠤ ᠪᠠ ᠲᠠᠩᠰᠠᠯᠠᠬᠤ ᠶᠢ ᠴᠢᠩᠭᠠᠷᠠᠭᠤᠯᠵᠦ᠂ ᠭᠦᠳᠦᠴᠢ ᠠᠵᠦ ᠠᠬᠤᠶᠢᠯᠠᠯ ᠪᠠ ᠨᠡᠷᠡᠳᠦ ᠲᠦᠷᠦᠯ ᠲᠡᠮᠳᠡᠭᠳᠦ ᠶᠢ ᠨᠡᠩ ᠤᠯᠠᠨ ᠪᠤᠶᠢᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠪᠦᠭᠦ ᠲᠠᠯ᠎ᠠ ᠪᠠᠷ ᠲᠡᠬᠡᠭᠰᠢᠯᠡᠬᠦᠯᠦᠨ᠎ᠠ᠃ ︽ᠢᠨᠲ᠋ᠧᠷ ᠰᠦᠯᠵᠢᠶ᠎ᠡ + ᠤᠳᠤ ᠦᠶ᠎ᠠ ᠶᠢᠨ ᠲᠠᠷᠢᠶᠠᠯᠠᠩ︾᠂ ︽ᠢᠨᠲ᠋ᠧᠷ ᠰᠦᠯᠵᠢᠶ᠎ᠡ + ᠤᠳᠤ ᠦᠶ᠎ᠠ ᠶᠢᠨ ᠮᠠᠯ ᠠᠵᠦ ᠠᠬᠤᠢ︾ ᠶᠢ ᠲᠦᠷᠬᠡᠳᠬᠡᠨ ᠠᠬᠢᠭᠤᠯᠵᠦ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠭᠦᠢᠯᠬᠡᠬᠡᠨ ᠤ ᠤᠳᠤᠬᠢᠴᠢᠯᠠᠯᠳᠠ ᠶᠢ ᠠᠬᠢᠭᠤᠯᠤᠨ᠎ᠠ᠃ ᠰᠢᠨ᠎ᠠ ᠬᠡᠯᠪᠡᠷᠢ ᠶᠢᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠤᠨᠨᠴᠠ ᠶᠢ ᠪᠤᠶᠢᠵᠢᠭᠤᠯᠤᠨ᠂ ᠠᠵᠢᠯ ᠮᠡᠷᠬᠡᠵᠢᠯ ᠤᠨ ᠮᠠᠯᠴᠢᠨ ᠲᠠᠷᠢᠶᠠᠴᠢᠨ ᠢ ᠭᠦᠮᠦᠵᠢᠬᠦᠯᠵᠦ᠂ ᠲᠠᠷᠢᠶᠠᠴᠢᠨ ᠪᠠ ᠠᠵᠦ ᠠᠬᠤᠶᠢᠯᠠᠯ ᠤᠨ ᠠᠰᠢᠭ ᠲᠤᠰᠠ ᠶᠢ ᠬᠤᠯᠪᠤᠨᠨᠳᠠᠭᠤᠯᠬᠤ ᠲᠤᠨᠨᠳᠠᠴᠠ ᠶᠢ ᠲᠡᠭᠦᠯᠳᠡᠷᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃      ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠤᠤᠭᠤᠬᠤ ᠤᠰᠤᠨ ᠤ ᠠᠮᠤᠷ ᠲᠦᠪᠰᠢᠨ ᠢ ᠪᠠᠳᠤᠳᠬᠠᠨ ᠲᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠠ᠃ ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠤᠷᠤᠨ ᠳᠤ ᠬᠡᠷᠡᠭᠯᠡᠬᠦ ᠴᠠᠬᠢᠯᠭᠠᠨ ᠤ ᠲᠡᠰ ᠲᠡᠪᠰᠢᠬᠦᠯᠵᠦ ᠦᠬᠡᠷᠡᠴᠢᠯᠡᠨ ᠵᠠᠰᠠᠬᠤ ᠶᠢ ᠪᠡᠶᠡᠯᠡᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠬᠠᠤ ᠭᠤᠷᠪᠠᠨ ᠵᠢᠯ ᠤᠨ ᠠᠵᠢᠯᠯᠠᠭᠠᠨ ᠢ ᠦᠷᠨᠢᠭᠦᠯᠦᠨ᠎ᠠ᠃ ᠲᠤᠭᠠᠵᠢᠭᠤᠯᠤᠨᠨᠰᠠᠨ ᠭᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠢ ᠦᠷᠬᠡᠨ ᠪᠦᠰᠡᠳᠦ ᠰᠦᠯᠵᠢᠶ᠎ᠡ ᠪᠠ 4G ᠰᠦᠯᠵᠢᠶ᠎ᠡ ᠪᠠᠷ ᠬᠠᠮᠤᠷᠬᠤ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠡᠮᠴᠢᠯᠡᠭᠡ︾ ᠪᠠᠷ ᠦᠨᠳᠦᠰᠦᠨ ᠱᠠᠳᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢᠨ ᠲᠡᠬᠡᠭᠰᠢᠯᠡᠯᠳᠡ ᠶᠢ ᠲᠠᠶᠢᠴᠢᠯᠠᠵᠦ᠂ ︽ᠢᠨᠲ᠋ᠧᠷ ᠰᠦᠯᠵᠢᠶ᠎ᠡ + ᠰᠤᠷᠭᠠᠨ ᠭᠦᠮᠦᠵᠢᠯ︾ ᠢᠶᠠᠷ ᠴᠢᠨᠠᠷᠵᠢᠭᠤᠨ ᠰᠤᠷᠭᠠᠨ ᠭᠦᠮᠦᠵᠢᠯ ᠤᠨ ᠡᠬᠢ ᠪᠠᠶᠠᠯᠢᠭ ᠢ ᠬᠠᠮᠳᠤᠪᠡᠷ ᠭᠦᠷᠳᠡᠬᠦ ᠶᠢ ᠠᠬᠢᠭᠤᠯᠤᠨ᠎ᠠ᠃      ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠦᠷᠢᠮ ᠪᠠ ᠬᠠᠮᠳᠤ ᠶᠢᠨ ᠦᠮᠴᠢᠯᠡᠬᠦ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠦᠮᠴᠢᠯᠡᠯ ᠤᠨ ᠡᠷᠬᠡ᠂ ᠲᠠᠭᠠᠭᠠᠴᠢᠯᠠᠯᠳᠠ ᠶᠢᠨ ᠡᠷᠬᠡ᠂ ᠡᠵᠡᠩᠨᠡᠯᠳᠡ ᠶᠢᠨ ᠡᠷᠬᠡ ᠵᠡᠷᠬᠡ ︽ᠭᠤᠷᠪᠠᠨ ᠡᠷᠬᠡ︾ ᠶᠢ ᠰᠠᠯᠭᠠᠨ ᠲᠤᠬᠢᠷᠠᠭᠤᠯᠬᠤ ᠲᠦᠷᠢᠮ ᠢ ᠲᠡᠭᠦᠯᠳᠡᠷᠵᠢᠬᠦᠯᠦᠨ᠂ ᠭᠠᠵᠠᠷ ᠰᠢᠷᠤᠢ ᠶᠢᠨ ᠡᠷᠬᠡ ᠶᠢ ᠲᠤᠳᠤᠯᠠᠨ ᠲᠤᠨᠨᠳᠠᠭᠠᠵᠦ ᠲᠠᠩᠰᠠᠯᠠᠨ ᠲᠡᠮᠳᠡᠭᠯᠡᠬᠡᠳ ᠦᠨᠡᠮᠯᠡᠯ ᠤᠯᠭᠤᠨ᠎ᠠ᠃ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠤᠨᠨᠳᠠᠪᠤᠷᠢᠳᠠᠢ ᠪᠠᠶᠢᠯᠭᠠᠬᠤ ᠶᠢᠨ ᠬᠠᠮᠳᠤ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠬᠡᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠤᠶᠠᠳᠤᠭᠠᠷ ᠡᠬᠡᠯᠵᠢ ᠶᠢᠨ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠲᠤᠯᠤᠨᠨᠰᠠᠨ ᠤ ᠲᠠᠷᠠᠭ᠎ᠠ ᠲᠠᠬᠢᠭᠠᠳ 30 ᠵᠢᠯ ᠤᠷᠳᠤᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠬᠡᠬᠡ ᠶᠢᠨ ᠦᠢᠯᠡᠴᠢᠯᠡᠬᠡᠨ ᠤ ᠨᠡᠷᠡᠳᠬᠦᠨ ᠳᠤ ᠰᠢᠨ᠎ᠠ ᠶᠢ ᠡᠭᠦᠳᠦᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ ᠭᠦᠦ ᠲᠠᠢ ᠵᠢᠬᠡᠯᠡᠯᠬᠡ ᠲᠠᠯᠪᠢᠵᠤ ᠪᠠᠶᠢᠭ᠎ᠠ ᠠᠰᠠᠭᠤᠳᠠᠯ ᠢ ᠦᠷᠭᠦᠯᠵᠢᠯᠡᠨ ᠵᠠᠰᠠᠵᠦ᠂ ᠮᠠᠯᠴᠢᠨ ᠲᠠᠷᠢᠶᠠᠴᠢᠳ ᠤᠨ ᠮᠦᠩᠭᠦᠨ ᠭᠦᠢᠯᠬᠡᠬᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠳᠤᠷ ᠬᠠᠩᠭᠠᠨ᠎ᠠ᠃      ᠲᠠᠷᠢᠶᠠᠯᠠᠬᠤ ᠤᠷᠤᠨ᠂ ᠮᠠᠯᠵᠢᠬᠤ ᠤᠷᠤᠨ᠂ ᠰᠢᠭᠤᠶᠢᠳᠤ ᠤᠷᠤᠨ᠂ ᠠᠳᠠᠷ ᠬᠠᠭᠠᠯᠪᠤᠷᠢᠯᠠᠬᠤ ᠤᠷᠤᠨ ᠤ ᠵᠦᠷᠢᠶ᠎ᠡ ᠨᠡᠯᠢᠶᠡᠳ ᠶᠡᠭᠡ ᠪᠠᠶᠢᠭ᠎ᠠ ᠪᠤᠳᠠᠳᠤ ᠪᠠᠶᠢᠳᠠᠯ ᠢ ᠨᠢᠬᠡᠳᠦᠯᠳᠡᠢ ᠲᠦᠯᠦᠪᠯᠡᠨ ᠪᠤᠳᠤᠯᠬᠢᠯᠠᠵᠦ᠂ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠨᠨᠳᠠᠭᠠᠨ᠎ᠠ᠃ ᠠᠵᠦ ᠦᠢᠯᠡᠳᠪᠦᠷᠢ ᠪᠠᠷ ᠲᠠᠷᠢᠶᠠᠯᠠᠩ ᠢ ᠠᠬᠢᠭᠤᠯᠬᠤ᠂ ᠬᠤᠳᠠ ᠪᠠᠷ ᠭᠦᠳᠡᠭᠡ ᠶᠢ ᠲᠠᠭᠠᠭᠤᠯᠬᠤ ᠶᠢ ᠪᠠᠷᠢᠮᠳᠠᠯᠠᠨ᠂ ᠬᠤᠳᠠ ᠭᠦᠳᠡᠭᠡ ᠶᠢ ᠠᠭᠤᠰᠤᠯᠴᠠᠭᠤᠯᠤᠨ ᠭᠦᠭᠵᠢᠬᠦᠯᠬᠦ ᠪᠠᠶᠢᠭᠤᠯᠤᠯ ᠲᠤᠨᠨᠳᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠬᠦ᠂ ᠠᠵᠦ ᠦᠢᠯᠡᠰ ᠢ ᠵᠦᠢ ᠵᠤᠬᠢᠰᠳᠠᠢ ᠪᠠᠶᠢᠷᠢᠰᠢᠭᠤᠯᠬᠤ ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠂ ᠭᠦᠷᠦᠩᠬᠡ᠂ ᠮᠡᠷᠬᠡᠵᠢᠯ᠂ ᠴᠢᠳᠠᠪᠤᠷᠢᠳᠠᠨ ᠵᠡᠷᠬᠡ ᠭᠦᠴᠦᠨ ᠵᠦᠢᠯ ᠢ ᠲᠠᠳᠠᠵᠦ ᠪᠠᠶᠢᠭᠠᠳ ᠮᠠᠯᠵᠢᠬᠤ ᠲᠠᠷᠢᠶᠠᠯᠠᠬᠤ ᠤᠷᠤᠨ ᠲᠡᠰᠢ ᠨᠡᠩ ᠶᠡᠭᠡ ᠪᠠᠷ ᠰᠢᠯᠵᠢᠭᠦᠯᠦᠨ᠎ᠠ᠃ ᠤᠨᠴᠠᠯᠢᠨᠨᠳᠤ ᠵᠢᠵᠢᠭ ᠪᠠᠯᠭᠠᠰᠤ ᠳᠤ ᠤᠨᠤᠪᠴᠢᠳᠠᠢ ᠪᠠᠷ ᠪᠠᠶᠢᠷᠢ ᠲᠤᠨᠨᠳᠠᠭᠠᠯᠳᠠ ᠬᠢᠵᠦ᠂ ᠡᠮᠬᠢ ᠵᠢᠷᠤᠮ ᠲᠠᠢ ᠪᠠᠷ ᠪᠦᠳᠦᠬᠡᠨ ᠪᠠᠶᠢᠭᠤᠯᠤᠨ᠎ᠠ᠃      ︵ᠲᠠᠪᠤ︶ ᠦᠬᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠬᠡᠶᠢᠷᠡᠬᠦᠯᠦᠨ᠂ ᠨᠡᠬᠡᠬᠡᠯᠳᠡ ᠶᠢ ᠦᠷᠬᠡᠳᠬᠡᠨ᠎ᠠ᠃ ᠵᠠᠰᠠᠭ ᠢ ᠴᠤᠮᠬᠠᠳᠬᠠᠵᠦ ᠡᠷᠬᠡ ᠶᠢ ᠲᠤᠷᠤᠨᠨᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠬᠡᠨ ᠤ ᠦᠬᠡᠷᠡᠴᠢᠯᠡᠯᠳᠡ ᠶᠢ ᠰᠢᠯᠢᠳᠡᠭᠵᠢᠬᠦᠯᠬᠦ ᠶᠢ ᠦᠷᠬᠦᠯᠵᠢᠯᠡᠨ ᠭᠦᠨᠵᠡᠬᠡᠶᠢᠷᠡᠬᠦᠯᠵᠦ᠂ ︽ᠲᠠᠷᠦ᠋ᠢᠬᠠᠨ ᠭᠦᠢᠴᠡᠳᠬᠡᠬᠦ︾ ︽ᠬᠠᠮᠤᠭ ᠤᠨ ᠤᠯᠠᠨ ᠳᠠᠭᠠᠨ ᠨᠢᠬᠡ ᠤᠳᠠᠭ᠎ᠠ ᠤᠴᠢᠬᠤ︾᠂ ᠬᠡᠷᠡᠴᠢ ᠪᠠ ᠦᠨᠡᠮᠯᠡᠯ ᠢ ᠰᠠᠯᠭᠠᠬᠤ ᠬᠢᠬᠡᠳ ᠰᠦᠯᠵᠢᠶ᠎ᠡ ᠪᠠᠷ ᠬᠢᠨᠠᠨ ᠵᠦᠪᠰᠢᠶᠡᠷᠡᠬᠦ ᠵᠡᠷᠬᠡ ᠠᠷᠭ᠎ᠠ ᠬᠢᠳᠡᠯ ᠢ ᠲᠦᠬᠡᠮᠡᠯᠵᠢᠬᠦᠯᠦᠨ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠰᠢᠰᠲ᠋ᠧᠮ ᠢ ᠡᠮᠬᠢᠯᠡᠨ ᠨᠡᠶᠢᠯᠡᠬᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠡᠷᠡᠭᠵᠢᠬᠦᠯᠦᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠠᠬᠢᠭᠤᠯᠤᠨ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ︽ᠬᠤᠶᠠᠷ ᠢ ᠰᠤᠭᠤᠴᠢᠵᠦ᠂ ᠨᠢᠬᠡ ᠶᠢ ᠢᠯᠡ ᠪᠤᠯᠭᠠᠬᠤ︾ ᠬᠢᠨᠠᠯᠳᠠ ᠬᠠᠮᠢᠶᠠᠷᠤᠯᠳᠠ ᠶᠢ ᠲᠡᠭᠦᠯᠳᠡᠷᠵᠢᠬᠦᠯᠦᠨ᠂ ᠵᠠᠭᠤᠴᠢ ᠦᠢᠯᠡᠴᠢᠯᠡᠭᠡ ᠶᠢᠨ ᠵᠦᠢᠯᠡᠰ ᠪᠠ ᠬᠤᠷᠢᠶᠠᠬᠤ ᠰᠦᠢᠳᠬᠡᠯ ᠢ ᠢᠯᠭᠠᠷᠠᠭᠤᠯᠤᠨ᠎ᠠ᠃ ᠶᠤᠰᠤ ᠲᠦᠷᠢᠮ ᠨᠢ ᠨᠢᠬᠡᠳᠦᠯᠳᠡᠢ᠂ ᠵᠢᠷᠤᠮᠵᠢᠯ ᠲᠠᠢ ᠪᠦᠬᠡᠳ ᠢᠯᠡ ᠲᠤᠳᠤ ᠪᠠᠶᠢᠬᠤ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠲᠡᠪᠴᠡᠩ ᠢ ᠪᠠᠶᠢᠭᠤᠯᠤᠨ᠎ᠠ᠃ ᠴᠢᠬᠤᠯᠠ ᠶᠡᠭᠡ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠡᠷᠡᠬᠦ ᠪᠠ ᠬᠡᠷᠡᠭᠵᠢᠬᠦᠯᠬᠦ ᠬᠦᠷᠢᠶ᠎ᠠ ᠴᠠᠷᠠᠭᠠᠨ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠳᠦ ᠠᠵᠦ ᠠᠬᠤᠶᠢᠯᠠᠯ ᠳᠠᠬᠢ ᠤᠯᠤᠰ ᠤᠨ ᠦᠮᠴᠢᠯᠡᠯ ᠤᠨ ᠡᠳ᠋ ᠭᠦᠷᠦᠩᠬᠡ ᠶᠢᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠤᠯᠤᠰ ᠤᠨ ᠦᠮᠴᠢᠯᠡᠯᠳᠦ ᠠᠵᠦ ᠠᠬᠤᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠠᠷ ᠲᠠᠬᠢᠨ ᠵᠤᠬᠢᠶᠠᠨ ᠪᠠᠶᠢᠭᠤᠯᠬᠤ ᠶᠢ ᠲᠦᠷᠬᠡᠳᠬᠡᠨ᠎ᠠ᠃ ᠤᠷᠤᠨ ᠨᠤᠳᠤᠭ ᠤᠨ ᠮᠦᠩᠭᠦᠨ ᠭᠦᠢᠯᠬᠡᠬᠡᠨ ᠤ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠯ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠦᠪᠡᠷᠳᠡᠬᠡᠨ ᠵᠠᠰᠠᠬᠤ ᠤᠷᠤᠨ ᠬᠢᠬᠡᠳ ᠠᠶᠢᠮᠠᠭ ᠬᠤᠳᠠ ᠶᠢᠨ ᠡᠳ᠋ ᠤᠨ ᠵᠠᠰᠠᠭ ᠤᠨ ᠠᠵᠢᠯ ᠬᠡᠷᠡᠭ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠤᠬᠢᠰᠳᠠᠢ ᠪᠠᠷ ᠰᠠᠯᠭᠠᠨ ᠬᠤᠪᠢᠶᠠᠷᠢᠯᠠᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠤᠯᠠᠨ ᠨᠡᠶᠢᠳᠡᠴᠢ ᠴᠢᠨᠠᠷ ᠪᠠ ᠲᠦᠬᠡᠮᠡᠯ ᠬᠠᠷᠠᠭᠠᠯᠵᠠᠬᠤ ᠴᠢᠨᠠᠷ ᠢ ᠲᠡᠬᠡᠭᠰᠢᠯᠡᠬᠦᠯᠦᠨ᠎ᠠ᠃ ᠵᠠᠬ᠎ᠠ ᠲᠡᠯᠬᠡᠭᠦᠷ ᠲᠤ ᠵᠦᠪᠰᠢᠶᠡᠷᠡᠨ ᠤᠷᠤᠭᠤᠯᠬᠤ ᠶᠢᠨ ᠠᠯᠳ᠋ᠬᠠᠳᠠᠯᠳᠠᠢ ᠵᠦᠢᠯᠡᠰ ᠤᠨ ᠨᠠᠷᠢᠨ ᠲᠠᠩᠰᠠ ᠶᠢ ᠪᠦᠭᠦ ᠲᠠᠯ᠎ᠠ ᠪᠠᠷ ᠬᠡᠷᠡᠭᠵᠢᠬᠦᠯᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠭᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠮᠴᠢᠯᠡᠬᠦ ᠡᠷᠬᠡ ᠶᠢᠨ ᠬᠠᠮᠠᠭᠠᠯᠠᠯᠳᠠ ᠶᠢ ᠴᠢᠩᠭᠠᠷᠠᠭᠤᠯᠵᠦ᠂ ᠠᠵᠦ ᠠᠬᠤᠶᠢᠯᠠᠯ ᠤᠨ ᠪᠡᠶ᠎ᠡ ᠪᠠᠨ ᠲᠠᠭᠠᠭᠠᠵᠦ ᠡᠵᠡᠩᠨᠡᠬᠦ ᠡᠷᠬᠡ᠂ ᠬᠠᠤᠯᠢ ᠶᠤᠰᠤᠨ ᠤ ᠡᠳ᠋ ᠭᠦᠷᠦᠩᠬᠡ ᠶᠢᠨ ᠦᠮᠴᠢᠯᠡᠬᠦ ᠡᠷᠬᠡ ᠳᠤ ᠬᠠᠯᠳ᠋ᠬᠠᠰᠠᠨ ᠦᠢᠯᠡ ᠠᠵᠢᠯᠯᠠᠭ᠎ᠠ ᠶᠢ ᠡᠷᠡᠰ ᠬᠤᠷᠢᠨᠨᠯᠠᠨ᠂ ᠠᠵᠦ ᠠᠬᠤᠶᠢᠯᠠᠯᠳᠠᠳ ᠤᠨ ᠵᠤᠷᠢᠭ ᠰᠠᠨᠠᠭ᠎ᠠ ᠶᠢ ᠭᠦᠭᠵᠢᠬᠡᠨ ᠪᠠᠳᠠᠷᠠᠭᠠᠬᠤ ᠪᠠ ᠬᠠᠮᠠᠭᠠᠯᠠᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠶᠢᠯᠠᠯ ᠤᠨ ᠡᠷᠡᠭᠦᠯ ᠭᠦᠭᠵᠢᠯᠳᠡ ᠶᠢ ᠠᠬᠢᠭᠤᠯᠤᠨ᠎ᠠ᠃      ᠪᠦᠭᠦ ᠲᠠᠯ᠎ᠠ ᠪᠠᠷ ᠨᠡᠬᠡᠬᠡᠯᠳᠡ ᠬᠢᠬᠦ ᠰᠢᠨ᠎ᠠ ᠪᠠᠶᠢᠷᠢᠰᠢᠯ ᠲᠠᠢ ᠪᠤᠯᠭᠠᠬᠤ ᠶᠢ ᠠᠬᠢᠭᠤᠯᠤᠨ᠎ᠠ᠃ ᠨᠡᠬᠡᠬᠡᠯᠳᠡ ᠬᠢᠬᠦ ᠭᠦᠷᠢᠶ᠎ᠡ ᠴᠠᠷᠠᠭ᠎ᠠ ᠶᠢ ᠤᠯᠠᠮ ᠨᠢᠬᠡ ᠠᠯᠬᠤᠮ ᠦᠷᠬᠡᠳᠬᠡᠵᠦ᠂ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ᠂ ᠪᠠᠶᠢᠭᠤᠯᠤᠯ ᠳᠤ ᠰᠢᠨ᠎ᠠ ᠶᠢ ᠡᠭᠦᠳᠴᠤ᠂ ᠨᠡᠬᠡᠬᠡᠯᠳᠡ ᠪᠠᠷ ᠦᠬᠡᠷᠡᠴᠢᠯᠡᠯᠳᠡ ᠶᠢ ᠠᠬᠢᠭᠤᠯᠤᠨ᠂ ᠨᠡᠬᠡᠬᠡᠯᠳᠡ ᠪᠠᠷ ᠭᠦᠭᠵᠢᠯᠳᠡ ᠶᠢ ᠠᠬᠢᠭᠤᠯᠤᠨ᠎ᠠ᠃ ᠤᠷᠤᠰ ᠮᠤᠩᠭᠤᠯ ᠲᠠᠢ ᠬᠠᠮᠳᠤᠷᠠᠨ ᠠᠵᠢᠯᠯᠠᠬᠤ ᠲᠤᠨᠨᠳᠠᠴᠠ ᠶᠢ ᠲᠡᠭᠦᠯᠳᠡᠷᠵᠢᠬᠦᠯᠵᠦ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ︽ᠨᠢᠬᠡ ᠪᠦᠰᠡ ᠨᠢᠬᠡ ᠵᠠᠮ︾ ᠤᠨ ᠱᠤᠭᠤᠮ ᠲᠠᠭᠠᠤ ᠤᠯᠤᠰ ᠲᠠᠢ ᠬᠠᠮᠳᠤᠷᠠᠨ ᠠᠵᠢᠯᠯᠠᠬᠤ ᠪᠠᠨ ᠭᠦᠨᠵᠡᠬᠡᠶᠢᠷᠡᠬᠦᠯᠦᠨ᠂ ᠮᠠᠨᠵᠤᠤᠷ ᠪᠠ ᠡᠷᠢᠶᠡᠨ ᠬᠤᠳᠠ ᠶᠢ ᠭᠤᠤᠯᠳᠠᠯᠭ᠎ᠠ ᠲᠠᠢ ᠨᠡᠬᠡᠬᠡᠨ ᠭᠦᠭᠵᠢᠬᠦᠯᠵᠦ ᠨᠡᠬᠡᠬᠡᠯᠳᠡ ᠬᠢᠬᠦ ᠲᠤᠷᠰᠢᠯᠳᠠ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠦᠷᠭᠦᠯᠵᠢᠯᠡᠨ ᠰᠠᠶᠢᠳᠤᠷ ᠠᠳᠬᠤᠨ᠎ᠠ᠃ ᠭᠠᠳᠠᠭᠠᠳᠤ ᠶᠢᠨ ᠭᠦᠷᠦᠩᠬᠡ ᠶᠢ ᠠᠰᠢᠨᠨᠯᠠᠬᠤ ᠪᠠ ᠭᠠᠳᠠᠭᠠᠳᠤ ᠳᠤ ᠪᠡᠯᠡ ᠤᠷᠤᠭᠤᠯᠬᠤ ᠠᠷᠭ᠎ᠠ ᠮᠠᠶ᠋ᠢᠭ ᠲᠤ ᠰᠢᠨ᠎ᠠ ᠶᠢ ᠡᠭᠦᠳᠴᠤ᠂ ᠭᠠᠳᠠᠭᠠᠳᠤ ᠠᠷᠠᠯᠵᠢᠶᠠᠨ ᠤ ᠭᠦᠳᠦᠴᠢ ᠠᠵᠦ ᠠᠬᠤᠶᠢᠯᠠᠯ ᠢ ᠪᠤᠶᠢᠵᠢᠭᠤᠯᠤᠨ᠂ ᠦᠷᠬᠡᠨ ᠬᠡᠪᠴᠢᠶᠡᠨ ᠤ ᠬᠢᠯᠢ ᠪᠤᠭᠤᠮᠳᠠ ᠶᠢᠨ ᠠᠵᠦ ᠠᠬᠤᠢ ᠶᠢ ᠭᠦᠭᠵᠢᠬᠦᠯᠦᠨ᠎ᠠ᠃ ᠲᠤᠮᠳᠠᠳᠤ ᠡᠸᠦ᠋ᠷᠦᠫᠡ ᠶᠢᠨ ᠡᠬᠡᠯᠵᠢ ᠶᠢᠨ ᠭᠠᠯᠳᠤ ᠲᠡᠷᠬᠡ ᠶᠢᠨ ᠪᠠᠶᠢᠩᠭᠤᠵᠢᠭᠤᠯᠬᠤ ᠠᠵᠢᠯᠯᠠᠭᠠᠨ ᠢ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠪᠡᠬᠡᠵᠢᠩ ᠲᠢᠶᠠᠨᠵᠢᠨ ᠡᠾᠧᠪᠸᠢ᠂ ᠭᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠪᠠ ᠰᠢᠶᠠᠩᠭᠠᠩ ᠤᠤᠮᠧᠨ ᠵᠡᠷᠬᠡ ᠭᠠᠵᠠᠷ ᠤᠷᠤᠨ ᠯᠤᠭ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠰᠠᠶᠢᠳᠤᠷ ᠡᠷᠬᠢᠯᠡᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠨᠡᠶᠢᠳᠡᠮ ᠬᠠᠯᠠᠮᠵᠢᠯᠠᠵᠤ ᠪᠠᠶᠢᠭ᠎ᠠ ᠠᠰᠠᠭᠤᠳᠠᠯ ᠢ ᠰᠶᠢᠳᠪᠦᠷᠢᠯᠡᠬᠦ ᠪᠠᠷ ᠭᠠᠷᠳᠠᠴᠠ ᠪᠤᠯᠭᠠᠵᠤ᠂ ᠴᠢᠳᠠᠯ ᠢᠶᠠᠷ ᠢᠶᠠᠨ ᠴᠢᠷᠮᠠᠶᠢᠨ᠂ ᠴᠢᠳᠠᠯ ᠤᠨ ᠢᠶᠠᠨ ᠬᠢᠷᠢ ᠪᠠᠷ ᠬᠢᠵᠤ᠂ ᠲᠦᠷᠦ ᠶᠢᠨ ᠪᠤᠳᠤᠯᠭ᠎ᠠ ᠶᠢᠨ ᠲᠦᠢᠯ ᠤᠨ ᠤᠨᠤᠪᠴᠢᠲᠤ ᠴᠢᠨᠠᠷ ᠪᠤᠯᠤᠨ ᠴᠢᠭᠯᠡᠯᠲᠦ ᠴᠢᠨᠠᠷ ᠢ ᠳᠤᠪᠤᠶᠢᠯᠭᠠᠨ᠂ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠪᠦᠭᠡᠳ ᠨᠡᠩ ᠲᠦᠪ ᠭᠤᠤᠯᠴᠢ ᠪᠠᠷ ᠪᠦᠬᠦ ᠠᠷᠠᠳ ᠲᠤ ᠬᠦᠷᠲᠡᠭᠡᠨ᠎ᠡ᠃      ᠲᠦᠪ ᠭᠤᠤᠯᠴᠢ ᠮᠦᠷᠲᠡᠭᠡᠨ ᠴᠢᠨᠠᠷᠯᠢᠭ ᠪᠦᠬᠦᠢ ᠰᠤᠷᠭᠠᠨ ᠬᠦᠮᠦᠵᠢᠯ ᠢ ᠬᠦᠭᠵᠢᠬᠦᠯᠤᠨ᠎ᠠ᠃ ᠰᠤᠷᠭᠠᠨ ᠬᠦᠮᠦᠵᠢᠯ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠲᠦᠷᠬᠡᠳᠬᠡᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠵᠤ᠂ ᠨᠢᠭᠡ ᠪᠦᠯᠦᠭ ᠠᠯᠪᠠᠨ ᠠᠴᠠ ᠪᠠᠶᠢᠭᠤᠯᠤᠭᠰᠠᠨ ᠬᠡᠤᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠵᠤ᠂ ᠨᠠᠶᠢᠳᠡᠮ ᠬᠠᠷᠠᠭᠠᠯᠵᠠᠬᠤ ᠴᠢᠨᠠᠷᠲᠠᠢ ᠠᠷᠠᠳ ᠠᠴᠠ ᠡᠷᠬᠢᠯᠡᠭᠰᠡᠨ ᠬᠡᠤᠭᠡᠳ ᠤᠨ ᠴᠡᠴᠡᠷᠯᠢᠭ ᠢ ᠲᠡᠳᠬᠦᠨ ᠵᠢᠷᠤᠮᠵᠢᠭᠤᠯᠤᠨ᠎ᠠ᠃ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠲᠠᠢ ᠬᠦᠭᠵᠢᠬᠦᠯᠬᠦ ᠡᠬᠦᠷᠭᠡ ᠶᠢ ᠪᠡᠶᠡᠯᠡᠬᠦᠯᠵᠤ᠂ ᠰᠤᠷᠭᠠᠭᠤᠯᠢ ᠰᠤᠩᠭᠤᠬᠤ ᠬᠠᠯᠠᠮᠰᠢᠯ᠂ ᠰᠤᠷᠤᠭᠴᠢ ᠶᠢᠨ ᠲᠤᠭ᠎ᠠ ᠬᠡᠲᠦᠷᠡᠭᠰᠡᠨ ᠠᠩᠬᠢ ᠲᠠᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠯ᠎ᠠ ᠪᠠᠷ ᠰᠤᠷᠭᠠᠭᠤᠯᠢ ᠡᠷᠬᠢᠯᠡᠬᠦ ᠬᠦᠴᠦᠨ ᠪᠠᠭᠤᠷᠠᠢ ᠪᠠᠶᠢᠬᠤ ᠨᠦᠬᠦᠴᠡᠯ ᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠷᠢ ᠳᠤ ᠰᠠᠭᠤᠯᠭᠠᠬᠤ ᠳᠦᠷᠢᠮᠲᠦ ᠰᠤᠷᠭᠠᠭᠤᠯᠢ ᠶᠢᠨ ᠬᠤᠭᠤᠯᠨ ᠢᠳᠡᠬᠦ᠂ ᠪᠡᠶ᠎ᠡ ᠤᠬᠢᠶᠠᠬᠤ᠂ ᠲᠤᠯᠠᠭᠠᠯᠠᠬᠤ ᠨᠦᠬᠦᠴᠡᠯ ᠢ ᠰᠠᠶᠢᠵᠢᠷᠠᠭᠤᠯᠤᠨ᠎ᠠ᠃ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠬᠦ ᠰᠢᠪᠲᠤᠯᠤᠯᠲᠠ ᠶᠢᠨ ᠲᠦᠯᠦᠪᠯᠡᠭᠡ ᠶᠢ ᠬᠡᠷᠡᠭᠵᠢᠬᠦᠯᠦᠨ᠎ᠡ᠃ ᠳᠡᠭᠡᠲᠦ ᠵᠡᠷᠭᠡ ᠶᠢᠨ ᠰᠤᠷᠭᠠᠨ ᠬᠦᠮᠦᠵᠢᠯ ᠤᠨ ︽ᠬᠤᠤᠰ ᠲᠡᠷᠢᠬᠦᠨ ᠳᠡᠰ︾ ᠤᠨ ᠪᠠᠶᠢᠭᠤᠯᠤᠯᠲᠠ ᠪᠤᠯᠤᠨ ᠠᠭᠤᠯᠤᠭᠳᠠᠬᠤᠨ ᠬᠡᠯᠪᠡᠷᠢ ᠪᠦᠬᠦᠢ ᠪᠠᠷ ᠬᠦᠭᠵᠢᠬᠦᠯᠬᠦ ᠶᠢ ᠳᠡᠮᠵᠢᠵᠤ᠂ ᠳᠡᠭᠡᠲᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠷᠭᠠᠭᠤᠯᠢ ᠡᠷᠬᠢᠯᠡᠬᠦ ᠡᠷᠬᠡ ᠶᠢ ᠦᠷᠭᠡᠳᠭᠡᠨ᠎ᠡ᠃ ᠦᠢᠯᠡᠳᠪᠦᠷᠢᠯᠡᠬᠦ ᠪᠠ ᠵᠢᠭᠠᠨ ᠰᠤᠷᠭᠠᠬᠤ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠦᠨᠵᠡᠭᠡᠶᠢᠷᠡᠬᠦᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠬᠦᠨ ᠳᠤ ᠭᠤᠤᠯᠳᠠᠯᠭ᠎ᠠ ᠲᠠᠢ ᠬᠦᠭᠵᠢᠭᠦᠯᠵᠤ᠂ ᠤᠨᠴᠤᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠪᠠ ᠦᠷᠬᠦᠯᠵᠢᠯᠡᠭᠰᠡᠨ ᠰᠤᠷᠭᠠᠨ ᠬᠦᠮᠦᠵᠢᠯ ᠢ ᠨᠢᠭᠡᠳᠦᠯᠲᠠᠢ ᠲᠦᠯᠦᠪᠯᠡᠨ ᠬᠦᠭᠵᠢᠬᠦᠯᠦᠨ᠎ᠡ᠃ ᠳᠡᠭᠡᠲᠦ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠦᠮᠦᠵᠢᠬᠦᠯᠦᠨ᠎ᠡ᠃      ᠠᠵᠢᠯ ᠤᠯᠵᠤ ᠠᠲᠠᠯ ᠦᠢᠯᠡᠰ ᠴᠤᠭᠴᠠᠯᠠᠬᠤ ᠶᠢ ᠴᠢᠷᠮᠠᠶᠢᠨ ᠠᠬᠢᠭᠤᠯᠤᠨ᠎ᠠ᠃ ᠠᠵᠢᠯ ᠤᠯᠭᠤᠬᠤ ᠶᠢ ᠲᠡᠷᠢᠬᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠲᠠᠢ ᠪᠠᠷ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠨ᠂ ᠶᠡᠭᠡ ᠳᠡᠭᠡᠲᠦ ᠰᠤᠷᠭᠠᠭᠤᠯᠢ ᠠᠴᠠ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠳᠡᠵᠤ ᠪᠠᠶᠢᠭ᠎ᠠ ᠵᠡᠷᠭᠡ ᠬᠦᠮᠦᠰ ᠲᠤ ᠠᠵᠢᠯ ᠤᠯᠭᠤᠬᠤ ᠪᠠ ᠴᠡᠷᠢᠭ ᠤᠨ ᠠᠯᠪᠠ ᠠᠴᠠ ᠪᠠᠭᠤᠭᠰᠠᠳ ᠤᠨ ᠲᠦᠪᠬᠢᠨᠡᠬᠦᠯᠬᠦ ᠠᠵᠢᠯ ᠢ ᠰᠠᠶᠢᠲᠤᠷ ᠬᠢᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ ᠶᠡᠭᠡ ᠬᠡᠪᠴᠢᠶ᠎ᠡ ᠲᠠᠢ ᠪᠠᠷ ᠦᠷᠨᠢᠬᠦᠯᠵᠤ᠂ ᠬᠦᠳᠡᠯᠮᠦᠷᠢᠯᠡᠭᠴᠢᠳ ᠤᠨ ᠠᠵᠢᠯ ᠤᠯᠵᠤ ᠠᠲᠠᠯ ᠦᠢᠯᠡᠰ ᠴᠤᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠤᠯᠭᠤᠬᠤ ᠶᠢᠨ ᠪᠦᠲᠦᠴᠡ ᠶᠢᠨ ᠴᠢᠨᠠᠷᠲᠠᠢ ᠵᠦᠷᠢᠴᠡᠯ ᠮᠦᠷᠭᠦᠯᠳᠦᠬᠡᠨ ᠢ ᠰᠢᠢᠳᠪᠦᠷᠢᠯᠡᠨ᠎ᠡ᠃ ᠡᠯ᠎ᠡ ᠲᠦᠷᠦᠯ ᠤᠨ ᠬᠦᠮᠦᠰ ᠤᠨ ᠨᠤᠲᠤᠭ ᠲᠠᠭᠠᠨ ᠪᠤᠴᠠᠬᠤ ᠪᠠ ᠬᠦᠳᠡᠭᠡ ᠪᠠᠭᠤᠵᠤ ᠠᠲᠠᠯ ᠦᠢᠯᠡᠰ ᠴᠤᠭᠴᠠᠯᠠᠬᠤ ᠶᠢ ᠳᠡᠮᠵᠢᠨ᠎ᠡ᠃      ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠨᠠᠰᠤᠵᠢᠯ᠂ ᠡᠮᠴᠢᠯᠡᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠬᠠᠯᠠᠮᠵᠢᠯᠠᠨ ᠲᠤᠬᠢᠷᠠᠭᠤᠯᠵᠤ ᠲᠦᠪᠬᠢᠨᠡᠬᠦᠯᠬᠦ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠢᠯᠢ ᠶᠢᠨ ᠠᠷᠠᠳ ᠲᠤ ᠨᠦᠬᠦᠪᠦᠷᠢ ᠦᠭᠭᠦ ᠪᠠᠷᠢᠮᠵᠢᠶ᠎ᠠ ᠶᠢ ᠳᠡᠭᠡᠭᠰᠢᠯᠡᠭᠦᠯᠵᠤ᠂ ᠨᠦᠬᠦᠪᠦᠷᠢ ᠦᠭᠭᠦ ᠬᠦᠷᠢᠶ᠎ᠡ ᠬᠡᠪᠴᠢᠶ᠎ᠡ ᠶᠢ ᠨᠢ ᠦᠷᠭᠡᠳᠭᠡᠨ᠎ᠡ᠃ ᠡᠮᠡᠭᠲᠠᠶᠢᠴᠤᠳ ᠬᠡᠤᠭᠡᠳ᠂ ᠦᠳᠡᠭᠦᠰ ᠪᠤᠯᠤᠨ ᠵᠡᠮᠳᠡᠭᠴᠦᠳ ᠢ ᠬᠠᠯᠠᠮᠵᠢᠯᠠᠨ᠂ ᠤᠳᠤ ᠶᠢᠨ ᠪᠠᠶᠢᠭ᠎ᠠ ᠪᠡᠯᠡᠳᠭᠡᠮᠵᠢ ᠶᠢ ᠠᠰᠢᠭᠯᠠᠨ ᠨᠡᠶᠢᠭᠡᠮ ᠲᠤᠭᠤᠷᠢᠭ ᠲᠤ ︽ᠬᠡᠤᠭᠡᠳ ᠤᠨ ᠬᠡᠷ ᠦᠯᠦᠭᠡᠢ︾ ᠶᠢ ᠪᠠᠶᠢᠭᠤᠯᠵᠤ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠮᠡᠭᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠵᠡᠮᠳᠡᠭᠴᠤᠳ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ ᠃ ᠤᠯᠠᠭᠠᠨ ᠵᠠᠭᠠᠯᠮᠠᠶᠢᠲᠠᠨ ᠵᠡᠷᠭᠡ ᠨᠡᠶᠢᠲᠡ ᠶᠢᠨ ᠠᠰᠠᠷᠠᠮᠵᠢ ᠶᠢᠨ ᠨᠢᠬᠦᠯᠡᠰᠦᠩᠭᠦᠢ ᠶᠢᠨ ᠦᠢᠯᠡᠰ ᠢ ᠶᠡᠬᠡᠪᠡᠷ ᠬᠦᠭᠵᠢᠬᠦᠯᠵᠤ᠂ ︽ᠬᠠᠷᠠᠭ᠎ᠠ ᠤᠷᠤᠭᠤᠯᠬᠤ ᠠᠶᠠᠯᠠᠯ︾ ᠤᠨ ᠠᠵᠢᠯᠯᠠᠭ᠎ᠠ ᠶᠢ ᠪᠠᠶᠢᠩᠭᠤᠵᠢᠭᠤᠯᠬᠤ ᠶᠢ ᠪᠡᠶᠡᠯᠡᠬᠦᠯᠦᠨ᠎ᠠ᠃      ᠤᠯᠠᠨ ᠭᠤᠤᠯ ᠴᠤᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠳᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠬᠦᠯᠦᠭᠰᠡᠨ ᠤᠷᠤᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ᠎ᠠ᠃ ᠬᠤᠳᠠ ᠶᠢᠨ ᠳᠦᠭᠦᠮ ᠪᠦᠳᠦᠬᠦᠯᠢᠭ ᠤᠷᠤᠨ ᠰᠠᠭᠤᠴᠠᠲᠤ ᠲᠤᠭᠤᠷᠢᠭ᠂ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠤᠭᠤᠷᠢᠭ᠂ ᠬᠤᠲᠠ ᠶᠢᠨ ᠳᠤᠮᠳᠠᠬᠢ ᠲᠤᠰᠬᠤᠨ ᠢ ᠦᠷᠬᠦᠯᠵᠢᠯᠡᠨ ᠦᠬᠡᠷᠡᠴᠢᠯᠡᠵᠦ ᠰᠢᠨᠡᠳᠬᠡᠨ᠂ ᠠᠮᠢᠳᠤᠷᠠᠯ ᠤᠨ ᠬᠤᠭ ᠨᠤᠪᠰᠢ ᠶᠢ ᠠᠩᠬᠢᠯᠠᠬᠤ ᠲᠤᠷᠰᠢᠯᠲᠠ ᠶᠢ ᠦᠷᠨᠢᠬᠦᠯᠵᠤ᠂ ︽ᠵᠤᠷᠯᠤᠩ ᠤᠨ ᠬᠤᠪᠢᠰᠤᠯᠳᠠ︾ ᠶᠢ ᠠᠬᠢᠭᠤᠯᠤᠨ᠎ᠠ᠃ ᠨᠡᠶᠢᠲᠡ ᠶᠢᠨ ᠳᠦᠷᠢᠶᠡᠰᠦᠨ ᠤ ᠬᠡᠷ ᠪᠠᠶᠢᠰᠢᠩ ᠤᠨ ᠪᠠᠲᠤᠯᠠᠬᠤ ᠠᠵᠢᠯ ᠢ ᠰᠠᠶᠢᠲᠤᠷ ᠬᠢᠵᠤ᠂ ᠤᠷᠴᠢᠨ ᠲᠤᠭᠤᠷᠢᠨ ᠤ ᠠᠷᠢᠭᠤᠨ ᠴᠡᠪᠡᠷ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠤᠨ ᠬᠦᠴᠢᠷᠳᠡᠯᠲᠠᠢ ᠬᠦᠮᠦᠰ ᠢ ᠤᠷᠢᠳᠠᠪᠡᠷ ᠪᠠᠲᠤᠯᠠᠨ᠂ ᠨᠦᠬᠦᠴᠡᠯ ᠳᠤ ᠨᠡᠶᠢᠴᠡᠵᠦ ᠪᠠᠶᠢᠭ᠎ᠠ ᠰᠢᠨ᠎ᠡ ᠪᠠᠷ ᠠᠵᠢᠯ ᠤᠯᠤᠭᠰᠠᠨ ᠬᠡᠷ ᠪᠠᠶᠢᠰᠢᠩ ᠦᠭᠡᠢ ᠠᠵᠢᠯᠲᠠᠨ ᠠᠵᠢᠯᠴᠢᠨ᠂ ᠭᠠᠳᠠᠨ᠎ᠠ ᠠᠴᠠ ᠢᠷᠡᠭᠰᠡᠨ ᠬᠦᠴᠦ ᠶᠠᠪᠤᠭᠰᠠᠳ ᠪᠠ ᠵᠠᠯᠠᠭᠤ ᠡᠮᠴᠢ᠂ ᠵᠠᠯᠠᠭᠤ ᠪᠠᠭᠰᠢ ᠨᠠᠷ ᠢ ᠪᠠᠲᠤᠯᠠᠬᠤ ᠬᠡᠪᠴᠢᠶᠡᠨ ᠳᠤ ᠠᠯᠬᠤᠮ ᠠᠯᠬᠤᠮ ᠢᠶᠠᠷ ᠤᠷᠤᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠤ ᠪᠠᠶᠢᠭ᠎ᠠ᠂ ᠤᠷᠤᠯᠭ᠎ᠠ ᠪᠠᠭᠠᠲᠠᠢ ᠪᠦᠭᠡᠳ ᠤᠷᠤᠨ ᠰᠠᠭᠤᠴᠠ ᠶᠢᠨ ᠲᠠᠯ᠎ᠠ ᠪᠠᠷ ᠬᠦᠴᠢᠷᠳᠡᠯᠲᠠᠢ ᠪᠠᠶᠢᠭ᠎ᠠ ᠬᠡᠷ ᠪᠦᠯᠢ ᠶᠢ ᠪᠤᠯ ᠪᠠᠲᠤᠯᠠᠬᠤ ᠴᠢᠬᠤᠯᠠᠲᠠᠢ ᠶᠢ ᠨᠢ ᠴᠢᠷᠮᠠᠶᠢᠨ ᠪᠠᠳᠤᠯᠠᠨ᠎ᠠ᠃ ᠲᠠᠷᠤᠨᠨᠳᠠᠨ ᠬᠠᠳᠠᠭᠠᠯᠬᠠᠳᠠᠵᠦ ᠪᠠᠶᠢᠭ᠎ᠠ ᠬᠡᠷ ᠪᠠᠶᠢᠰᠢᠩ ᠢ ᠴᠢᠯᠦᠭᠡᠲᠠᠢ ᠪᠤᠯᠭᠠᠵᠤ᠂ ᠤᠷᠤᠨ ᠰᠠᠭᠤᠴᠠ ᠶᠢᠨ ᠳᠦᠷᠢᠶᠡᠰᠦᠯᠡᠬᠦ ᠵᠠᠬ᠎ᠠ ᠳᠡᠯᠭᠡᠭᠦᠷ ᠢ ᠬᠦᠭᠵᠢᠬᠦᠯᠦᠨ᠎ᠡ᠃      ᠡᠷᠡᠬᠦᠯ ᠡᠩᠬᠡ ᠦᠪᠦᠷ ᠮᠤᠩᠭᠤᠯ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠲᠤᠳᠬᠠᠨ ᠦᠷᠭᠡᠳᠭᠡᠵᠤ᠂ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠡᠪᠡᠳᠴᠢᠨ ᠤ ᠲᠦᠷᠦᠯ ᠢᠶᠠᠷ ᠰᠦᠢᠳᠭᠡᠯ ᠲᠤᠰᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠡᠮᠴᠢᠯᠡᠭᠡᠨ ᠤ ᠰᠦᠢᠳᠭᠡᠯ ᠤᠨ ᠵᠦᠢ ᠵᠤᠬᠢᠰ ᠦᠭᠡᠢ ᠪᠠᠷ ᠦᠰᠬᠦ ᠶᠢ ᠬᠢᠵᠠᠭᠠᠷᠯᠠᠨ᠎ᠠ᠃ ᠤᠨᠳᠤᠤ ᠭᠠᠵᠠᠷ ᠲᠤ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠭᠠᠳᠠᠨ᠎ᠠ ᠠᠴᠠ ᠢᠷᠡᠭᠰᠡᠨ ᠠᠵᠢᠯ ᠤᠯᠵᠤ ᠠᠲᠠᠯ ᠦᠢᠯᠡᠰ ᠴᠤᠭᠴᠠᠯᠠᠭᠴᠢᠳ ᠢ ᠪᠦᠷᠢᠨ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠱᠠᠲᠤ ᠬᠤᠪᠢᠶᠠᠨ ᠤᠨᠤᠰᠢᠯᠠᠨ ᠡᠮᠴᠢᠯᠡᠬᠦ ᠪᠠ ᠡᠮᠨᠡᠯᠭᠡ ᠶᠢᠨ ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ ᠲᠦᠷᠭᠡᠳᠭᠡᠵᠤ᠂ ᠬᠡᠷ ᠪᠦᠯᠢ ᠶᠢᠨ ᠡᠮᠴᠢ ᠶᠢᠨ ᠬᠡᠷ᠎ᠡ ᠪᠠᠷ ᠪᠤᠯᠵᠤᠵᠤ ᠦᠢᠯᠡᠴᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠷᠡᠬᠦᠯ ᠡᠩᠬᠡ ᠶᠢᠨ ᠬᠦᠮᠦᠵᠢᠯ ᠪᠠ ᠬᠠᠭᠤᠴᠢᠨ ᠠᠷᠬᠠᠭ ᠢ ᠰᠡᠷᠬᠡᠶᠢᠯᠡᠨ ᠡᠮᠨᠡᠬᠦ ᠠᠵᠢᠯ ᠢ ᠴᠢᠩᠭᠠᠳᠬᠠᠨ᠎ᠠ᠃ ᠢᠨᠲ᠋ᠧᠷ ᠰᠦᠯᠵᠢᠶ᠎ᠡ᠂ ᠳᠤᠮᠤ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠡᠮᠴᠢᠯᠡᠭᠦ ᠦᠢᠯᠡᠴᠢᠯᠡᠭᠡ ᠳᠤ ᠰᠢᠨ᠎ᠡ ᠶᠢ ᠡᠭᠦᠳᠴᠦ᠂ ᠨᠡᠶᠢᠭᠡᠮ ᠠᠴᠠ ᠡᠮᠨᠡᠯᠭᠡ ᠡᠷᠬᠢᠯᠡᠬᠦ ᠶᠢ ᠳᠡᠮᠵᠢᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠦᠷᠭᠡᠳᠭᠡᠨ᠎ᠡ᠃ ᠮᠤᠩᠭᠤᠯ ᠡᠮ ᠡᠮᠨᠡᠯᠭᠡ ᠶᠢ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠬᠦᠯᠦᠨ᠎ᠡ᠃ ᠦᠷᠡᠵᠢᠯ ᠤᠨ ᠲᠦᠷᠦ ᠶᠢᠨ ᠪᠤᠳᠤᠯᠭ᠎ᠠ ᠪᠠ ᠠᠵᠤ ᠠᠬᠤᠢ ᠨᠡᠶᠢᠭᠡᠮ ᠤᠨ ᠲᠦᠷᠦ ᠶᠢᠨ ᠪᠤᠳᠤᠯᠭ᠎ᠠ ᠶᠢ ᠵᠤᠯᠭᠠᠭᠤᠯᠬᠤ ᠠᠵᠢᠯ ᠢ ᠰᠠᠶᠢᠲᠤᠷ ᠬᠢᠨ᠎ᠡ᠃      ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠲᠠ ᠶᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠠᠶᠢᠴᠤᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠬᠦᠮ ᠨᠡᠶᠢᠲᠡ ᠶᠢᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠤᠨ᠎ᠠ᠃ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠴᠤ᠂ ᠱᠠᠰᠢᠨ ᠰᠤᠷᠲᠠᠬᠤᠨ ᠬᠢᠭᠡᠳ ᠨᠡᠶᠢᠭᠡᠮ ᠵᠢᠷᠤᠮᠳᠤ ᠨᠡᠶᠢᠬᠡᠮ ᠤᠨ ᠬᠠᠷᠢᠯᠴᠠᠨ ᠵᠤᠬᠢᠴᠠᠬᠤ ᠶᠢ ᠢᠳᠡᠪᠬᠢᠲᠠᠢ ᠪᠠᠷ ᠬᠦᠲᠦᠯᠦᠨ ᠵᠢᠯᠤᠭᠤᠳᠤᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ ᠪᠤᠰᠤᠭ᠎ᠠ ᠴᠤᠭᠴᠠᠵᠢᠭᠰᠠᠨ ᠰᠢᠰᠲ᠋ᠧᠮᠵᠢ ᠶᠢ ᠲᠡᠭᠦᠯᠳᠡᠷᠵᠢᠬᠦᠯᠵᠤ᠂ ᠵᠠᠬᠢᠲᠠᠯ ᠰᠤᠷᠪᠤᠯᠵᠢᠯᠠᠯ ᠤᠨ ᠬᠠᠤᠯᠢᠵᠢᠬᠰᠠᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠵᠦᠷᠢᠴᠡᠯ ᠢ ᠵᠢᠭᠰᠠᠭᠠᠨ ᠪᠠᠶᠢᠴᠠᠭᠠᠬᠤ ᠪᠠ ᠦᠬᠡᠶᠢᠰᠬᠡᠬᠦ ᠠᠵᠢᠯ ᠢ ᠰᠠᠶᠢᠲᠤᠷ ᠬᠢᠨ᠎ᠡ᠃ ᠠᠮᠤᠷ ᠲᠦᠪᠰᠢᠨ ᠬᠦᠭᠵᠢᠯᠲᠡ ᠶᠢᠨ ᠤᠨᠤᠯᠵᠢᠬᠤᠨ ᠢ ᠪᠠᠲᠤ ᠪᠠᠬᠢ ᠪᠤᠢ ᠪᠤᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠪᠠ ᠲᠤᠰᠬᠠᠶᠢᠯᠠᠨ ᠴᠡᠭᠴᠡᠯᠡᠵᠦ ᠵᠠᠰᠠᠬᠤ ᠶᠢ ᠴᠢᠩᠭᠠᠳᠬᠠᠨ᠂ ᠤᠨᠴᠠ ᠬᠦᠨᠳᠤ ᠶᠡᠭᠡ ᠡ᠊ᠨᠳᠡᠯ ᠭᠠᠷᠬᠤ ᠶᠢ ᠡᠷᠡᠰ ᠰᠡᠷᠬᠡᠶᠢᠯᠡᠨ ᠬᠤᠷᠢᠭᠯᠠᠨ᠎ᠠ᠃ ᠬᠠᠮᠤᠭ ᠤᠨ ᠨᠢᠭᠲᠠ ᠴᠢᠩᠭ᠎ᠠ ᠪᠠᠷᠢᠮᠵᠢᠶ᠎ᠠ᠂ ᠬᠠᠮᠤᠭ ᠤᠨ ᠲᠦᠪ ᠴᠢᠩᠳᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠦᠷᠡᠭᠡᠢ ᠰᠢᠳᠭᠡᠯ ᠲᠤᠷᠭᠠᠭᠤᠯᠢ᠂ ᠬᠠᠮᠤᠭ ᠤᠨ ᠲᠦᠪ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠪᠠᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠤᠷ ᠬᠢᠵᠤ᠂ ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠵᠤ᠂ ᠴᠡᠷᠢᠭ ᠵᠠᠰᠠᠭ ᠠᠷᠠᠳ ᠤᠨ ᠪᠦᠯᠬᠦᠮᠳᠡᠯ ᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠪᠦᠭᠡᠳ ᠲᠤᠭᠲᠠᠭᠤᠨ ᠪᠠᠶᠢᠬᠤ ᠬᠠᠯᠬᠠᠪᠴᠢ ᠶᠢ ᠪᠠᠬᠢᠵᠢᠬᠦᠯᠦᠨ᠎ᠡ᠃      ︵ᠳᠣᠯᠤᠭ᠎ᠠ︶ ᠪᠣᠯᠪᠠᠰᠤᠨ ᠦᠪᠦᠷ ᠮᠣᠩᠭᠤᠯ ᠢ ᠪᠠᠶᠢᠭᠤᠯᠤᠨ᠎ᠠ᠃ ᠠᠷᠠᠳ ᠲᠦᠮᠡᠨ ᠤ ᠦᠵᠡᠯ ᠰᠠᠨᠠᠭᠠᠨ ᠤ ᠤᠬᠠᠮᠰᠠᠷ᠂ ᠶᠣᠰᠣ ᠮᠤᠷᠠᠯ ᠤᠨ ᠬᠢᠷᠢ ᠲᠥᠪᠰᠢᠨ᠂ ᠪᠣᠯᠪᠠᠰᠤᠨ ᠤ ᠬᠡᠪ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠬᠦᠮᠦᠨ ᠤ ᠪᠦᠬᠦ ᠲᠠᠯ᠎ᠠ ᠶᠢᠨ ᠬᠥᠭᠵᠢᠯᠲᠡ᠂ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠤᠨ᠎ᠠ᠃      ᠰᠣᠶᠣᠯ ᠤᠨ ᠢᠲᠡᠭᠡᠯ ᠢ ᠪᠠᠲᠤᠳᠬᠠᠵᠤ᠂ ᠰᠣᠶᠣᠯ ᠢᠶᠠᠷ ᠬᠡᠪ ᠰᠤᠷᠲᠠᠯ ᠢ ᠬᠦᠲᠦᠯᠦᠨ ᠳᠠᠭᠠᠭᠤᠯᠬᠤ᠂ ᠠᠷᠠᠳ ᠲᠦᠮᠡᠨ ᠢ ᠰᠤᠷᠭᠠᠨ ᠬᠦᠮᠦᠵᠢᠭᠦᠯᠬᠦ᠂ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ᠲᠠᠯ᠎ᠠ ᠨᠤᠲᠤᠭ ᠤᠨ ᠰᠣᠶᠣᠯ ᠢ ᠬᠠᠮᠠᠭᠠᠯᠠᠬᠤ ᠪᠠ ᠪᠠᠳᠠᠷᠠᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠦ᠂ ᠴᠠᠭ ᠦᠶ᠎ᠡ ᠶᠢᠨ ᠣᠨᠴᠠᠯᠢᠭ ᠰᠢᠨᠵᠢ ᠶᠢ ᠡᠵᠡᠮᠳᠡᠨ᠂ ᠳᠣᠷᠪᠢᠯᠢᠬ ᠪᠣᠷᠣᠭᠵᠢᠭᠤᠨ᠂ ᠳᠠᠭᠤᠷᠢᠰᠬᠠᠯ ᠲᠠᠢ᠂ ᠥᠪᠯᠡᠨ ᠤᠯᠠᠮᠵᠢᠯᠠᠵᠤ ᠪᠣᠯᠬᠤ ᠨᠡᠩ ᠣᠯᠠᠨ ᠰᠢᠯᠢᠳᠡᠭ ᠵᠣᠬᠢᠶᠠᠯ ᠪᠦᠲᠦᠭᠡᠯ ᠢ ᠵᠣᠬᠢᠶᠠᠵᠤ᠂ ᠦᠪᠦᠷ ᠮᠣᠩᠭᠤᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠶᠢ ︽ᠥᠨᠳᠥᠷ ᠲᠥᠪᠰᠢᠨ︾ ᠠᠴᠠ ︽ᠣᠷᠭᠢᠯ︾ ᠳᠤ ᠬᠦᠷᠭᠦ ᠳᠠᠪᠠᠯᠲᠠ ᠲᠠᠢ ᠪᠤᠯᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠨ᠂ ᠤᠯᠠᠭᠠᠨᠮᠥ᠋ᠴᠢᠷ ᠤᠨ ᠠᠵᠢᠯ ᠦᠢᠯᠡᠰ ᠤᠨ ᠦᠷᠨᠢᠨ ᠬᠥᠭᠵᠢᠬᠦ ᠶᠢ ᠳᠡᠮᠵᠢᠨ᠎ᠠ᠃ ᠤᠯᠠᠭᠠᠨᠮᠥ᠋ᠴᠢᠷ ᠤᠨ ᠬᠤᠪᠢᠰᠬᠠᠯᠲᠤ ᠤᠳᠤᠮᠰᠢᠯ ᠢᠶᠠᠨ ᠬᠤᠪᠢᠷᠠᠭᠤᠯᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠨ᠂ ᠲᠠᠯ᠎ᠠ ᠨᠤᠲᠤᠭ ᠲᠤ ᠨᠤᠲᠤᠭᠰᠢᠵᠤ᠂ ᠠᠷᠠᠳ ᠲᠦᠮᠡᠨ ᠳᠤ ᠦᠢᠯᠡᠴᠢᠯᠡᠨ᠂ ᠦᠷᠭᠡᠨ ᠣᠯᠠᠨ ᠮᠠᠯᠴᠢᠨ ᠲᠠᠷᠢᠶᠠᠴᠢᠳ ᠲᠤ ᠪᠠᠶᠠᠷ ᠪᠠᠶᠠᠰᠤᠯ ᠪᠣᠯᠣᠨ ᠪᠣᠯᠪᠠᠰᠤᠨ ᠢ ᠬᠦᠷᠭᠡᠵᠦ᠂ ᠨᠠᠮ ᠤᠨ ᠳᠠᠭᠤᠨ ᠬᠤᠭᠤᠯᠠᠢ ᠪᠣᠯᠣᠨ ᠬᠠᠶᠢᠷ᠎ᠠ ᠬᠠᠯᠠᠮᠵᠢ ᠶᠢ ᠳᠠᠮᠵᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠣ ᠣᠯᠠᠮᠵᠢᠯᠠᠬᠤ ᠶᠢ ᠴᠢᠩᠭᠠᠳᠬᠠᠨ᠂ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠨ ᠬᠡᠷᠩᠯᠡᠭᠦ ᠪᠠ ᠰᠤᠩᠭᠤᠳᠠᠭ ᠰᠣᠷᠪᠣᠯᠵᠢ ᠪᠢᠴᠢᠭ ᠢ ᠤᠯᠠᠮᠵᠢᠯᠠᠬᠤ ᠠᠵᠢᠯ ᠢ ᠰᠠᠶᠢᠳᠣᠷ ᠬᠢᠨ᠎ᠠ᠃ ᠡᠯ᠎ᠡ ᠲᠥᠷᠥᠯ ᠤᠨ ᠮᠥᠽᠸᠢ᠂ ᠤᠷᠠᠯᠢᠭ ᠤᠨ ᠣᠷᠳᠣᠨ᠂ ᠨᠣᠮ ᠤᠨ ᠰᠠᠩ ᠵᠡᠷᠭᠡ ᠰᠣᠶᠣᠯ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠬᠤᠯᠠᠴᠢᠯᠠᠨ᠎ᠠ᠃ ᠪᠦᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠬᠵᠢᠭᠤᠯᠬᠤ ᠶᠢ ᠬᠦᠨᠵᠡᠬᠡᠢ ᠠᠬᠢᠭᠤᠯᠵᠦ᠂ ᠤᠯᠠᠨ ᠲᠦᠮᠡᠨᠴᠢ ᠪᠡᠶ᠎ᠠ ᠶᠢᠨ ᠲᠠᠮᠢᠷ ᠢ ᠲᠦᠷᠬᠡᠳᠬᠡᠨ ᠬᠦᠭᠵᠢᠬᠦᠯᠵᠦ᠂ ︽ᠬᠦᠯ ᠪᠦᠮᠪᠦᠭᠡ ᠶᠢᠨ ᠰᠤᠪᠠᠭ︾ ᠢ ᠰᠠᠶᠢᠳᠤᠷ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠲᠠᠮᠢᠷ ᠤᠨ ᠴᠤᠬᠯᠠᠭᠠᠨ ᠢ ᠰᠠᠶᠢᠳᠤᠷ ᠡᠷᠬᠢᠯᠡᠨ᠎ᠠ᠃      ᠤᠯᠤᠰ ᠠᠷᠠᠳ ᠤᠨ ᠰᠤᠷᠭᠠᠨ ᠬᠦᠮᠦᠵᠢᠯ᠂ ᠤᠶᠤᠨ ᠤ ᠪᠣᠯᠪᠠᠰᠤᠨ ᠤ ᠴᠣᠭᠴᠠᠵᠢᠯᠲᠠ᠂ ᠣᠶᠣᠨ ᠤ ᠰᠣᠶᠣᠯ ᠤᠨ ᠪᠦᠲᠦᠬᠡᠭᠳᠡᠬᠦᠨ ᠢ ᠵᠣᠬᠢᠶᠠᠨ ᠪᠦᠲᠦᠭᠡᠵᠦ ᠦᠢᠯᠡᠣᠡᠴᠤ ᠤᠯᠠᠮᠵᠢᠯᠠᠬᠤ ᠲᠠᠯ᠎ᠠ ᠪᠠᠷ ᠬᠢ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠠᠭᠤᠰᠤᠭᠤᠯᠵᠤ᠂ ᠬᠦᠮᠦᠰ ᠤᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠣᠯᠣᠨ ᠦᠢᠯᠡ ᠠᠵᠢᠯᠯᠠᠭ᠎ᠠ ᠶᠢᠨ ᠳᠠᠳᠬᠠᠯ ᠪᠣᠯᠭᠠᠨ ᠬᠤᠪᠢᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠠᠭᠤᠯᠤᠭᠳᠠᠵᠤ ᠪᠠᠶᠢᠭ᠎ᠠ ᠦᠵᠡᠯ ᠰᠠᠨᠠᠭᠠᠨ ᠤ ᠠᠭᠤᠯᠤᠭᠳᠠᠬᠤᠨ᠂ ᠬᠦᠮᠦᠨ ᠰᠣᠶᠣᠯ ᠤᠨ ᠵᠣᠷᠢᠭ ᠰᠠᠨᠠᠭ᠎ᠠ᠂ ᠶᠣᠰᠣ ᠮᠤᠷᠠᠯ ᠤᠨ ᠵᠢᠷᠤᠮᠵᠢᠯ ᠵᠢᠴᠢ ᠲᠠᠯ᠎ᠠ ᠨᠤᠲᠤᠭ ᠤᠨ ᠰᠣᠶᠣᠯ ᠳᠤ ᠠᠭᠤᠯᠤᠬᠳᠠᠵᠤ ᠪᠠᠶᠢᠭ᠎ᠠ ᠪᠠᠶᠢᠭᠠᠯᠢ ᠶᠢ ᠳᠡᠭᠡᠳᠦᠯᠡᠬᠦ᠂ ᠢᠲᠡᠭᠡᠯ ᠵᠢᠷᠤᠮ ᠢ ᠪᠠᠳᠤ ᠰᠠᠬᠢᠬᠤ᠂ ᠴᠢᠯᠦᠬᠡᠳᠡᠢ ᠪᠦᠭᠡᠳ ᠠᠭᠤᠳᠠᠮ ᠪᠠᠭᠲᠠᠭᠠᠮᠵᠢᠲᠠᠢ᠂ ᠪᠠᠭᠠᠲᠤᠷ ᠢᠳᠡᠲᠡᠨ ᠢ ᠰᠢᠲᠤᠨ ᠪᠢᠰᠢᠷᠡᠬᠦ ᠤᠨᠤᠯᠵᠢᠬᠤᠨ ᠢ ᠬᠦᠮᠦᠰ ᠤᠨ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤ ᠠᠭᠤᠰᠤᠭᠤᠯᠬᠤ ᠶᠢᠨ ᠬᠠᠮᠲᠤ᠂ ᠴᠠᠭ ᠦᠶ᠎ᠡ ᠶᠢᠨ ᠱᠠᠭᠠᠷᠳᠠᠯᠭ᠎ᠠ ᠲᠠᠢ ᠤᠶᠠᠯᠳᠤᠭᠤᠯᠵᠦ ᠰᠢᠨ᠎ᠠ ᠶᠢ ᠡᠬᠦᠳᠦᠨ ᠬᠥᠭᠵᠢᠭᠦᠯᠦᠨ᠎ᠡ᠃      ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠰᠠᠨᠠᠭᠠᠴᠢᠯᠠᠬᠤ ᠪᠠ ᠬᠦᠮᠦᠵᠢᠭᠦᠯᠵᠤ᠂ ᠨᠡᠶᠢᠭᠡᠮ ᠨᠡᠶᠢᠲᠡ ᠶᠢᠨ ᠮᠤᠷᠠᠯ᠂ ᠠᠵᠢᠯ ᠮᠡᠷᠭᠡᠵᠢᠯ ᠤᠨ ᠶᠣᠰᠤ ᠮᠤᠷᠠᠯ᠂ ᠭᠡᠷ ᠪᠦᠯᠢ ᠶᠢᠨ ᠨᠠᠨᠳᠢᠨ ᠰᠤᠷᠲᠠᠯ᠂ ᠬᠤᠪᠢ ᠬᠦᠮᠦᠨ ᠤ ᠰᠤᠷᠲᠠᠯ ᠮᠤᠷᠠᠯ ᠤᠨ ᠪᠠᠶᠢᠭᠤᠯᠤᠯᠲᠠ ᠶᠢ ᠠᠬᠢᠭᠤᠯᠵᠤ᠂ ᠬᠦᠮᠦᠰ ᠤᠨ ᠦᠭᠡᠳᠡᠷᠬᠡᠭ ᠡᠶ᠎ᠡ ᠨᠠᠶᠢᠷᠰᠠᠭ ᠴᠠᠶᠢᠯᠭᠠᠨ ᠪᠠᠶᠢᠬᠤ᠂ ᠠᠬᠠᠮᠠᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠬᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠶᠢ ᠤᠷᠮᠠᠰᠢᠭᠤᠯᠤᠨ ᠬᠥᠭᠵᠢᠭᠡᠨ᠎ᠡ᠃ ᠰᠢᠨᠵᠢᠯᠡᠭᠦ ᠣᠬᠠᠭᠠᠨ ᠤ ᠵᠣᠷᠢᠭ ᠰᠠᠨᠠᠭ᠎ᠠ᠂ ᠬᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠤᠷᠠᠯ ᠢ ᠡᠷᠬᠢᠮᠯᠡᠨ ᠨᠠᠶᠢᠷᠰᠠᠭ ᠪᠠᠶᠢᠬᠤ᠂ ᠲᠡᠷᠢᠭᠦᠨ ᠤ ᠬᠢ ᠠᠴᠠ ᠰᠤᠷᠤᠯᠴᠠᠬᠤ ᠬᠡᠪ ᠰᠤᠷᠲᠠᠯ ᠲᠠᠢ ᠪᠣᠯᠭᠠᠨ᠎ᠠ᠃ ᠪᠦᠬᠦ ᠠᠷᠠᠳ ᠢᠶᠠᠷ ᠢᠶᠠᠨ ᠨᠣᠮ ᠪᠢᠴᠢᠭ ᠣᠩᠰᠢᠬᠤ ᠶᠢ ᠤᠷᠢᠶᠠᠯᠠᠨ᠂ ᠰᠤᠷᠤᠯᠴᠠᠬᠤ ᠮᠠᠶ᠋ᠢᠭ ᠤᠨ ᠨᠡᠶᠢᠭᠡᠮ ᠢ ᠪᠦᠲᠦᠭᠡᠨ ᠪᠠᠶᠢᠭᠤᠯᠵᠤ᠂ ᠨᠣᠮ ᠪᠢᠴᠢᠭ ᠣᠩᠰᠢᠬᠤ ᠶᠢ ᠣᠶᠣᠨ ᠰᠠᠨᠠᠭᠠᠨ ᠤ ᠨᠢᠭᠡ ᠵᠦᠢᠯ ᠤᠨ ᠬᠦᠭᠡᠭᠡᠴᠡᠯᠳᠦᠯ ᠪᠣᠯᠭᠠᠨ᠂ ᠨᠠᠰᠤᠨ ᠲᠤᠷᠰᠢ ᠰᠤᠷᠤᠯᠴᠠᠬᠤ ᠶᠢ ᠠᠮᠢᠳᠤᠷᠠᠯ ᠤᠨ ᠠᠷᠭ᠎ᠠ ᠮᠠᠶ᠋ᠢᠭ ᠪᠣᠯᠭᠠᠨ᠎ᠠ᠃ ᠬᠦᠮᠦᠨ ᠰᠣᠶᠣᠯ ᠤᠨ ᠵᠣᠷᠢᠭ ᠰᠠᠨᠠᠭᠠᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠶᠣᠰᠣᠯᠠᠯ ᠤᠨ ᠪᠣᠯᠪᠠᠰᠤᠨ᠂ ᠦᠭᠡ ᠬᠡᠯᠡᠨ ᠤ ᠪᠣᠯᠪᠠᠰᠤᠨ᠂ ᠵᠠᠮ ᠬᠠᠷᠢᠯᠴᠠᠭᠠᠨ ᠤ ᠪᠣᠯᠪᠠᠰᠣᠨ᠂ ᠬᠤᠭᠤᠯᠠᠨ ᠰᠢᠷᠡᠭᠡᠨ ᠤ ᠪᠣᠯᠪᠠᠰᠣᠨ᠂ ᠰᠦᠯᠵᠢᠶ᠎ᠡ ᠶᠢᠨ ᠪᠣᠯᠪᠠᠰᠤᠨ ᠢ ᠬᠦᠮᠦᠵᠢᠭᠦᠯᠵᠤ᠂ ᠠᠷᠠᠳ ᠢᠷᠭᠡᠳ ᠤᠨ ᠪᠣᠯᠪᠠᠰᠤᠨ ᠤ ᠬᠡᠪ ᠴᠢᠨᠠᠷ ᠪᠣᠯᠣᠨ ᠨᠡᠶᠢᠭᠡᠮ ᠤᠨ ᠪᠣᠯᠪᠠᠰᠣᠨ ᠤ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠷᠬᠢᠮ ᠳᠡᠭᠡᠳᠦ ᠰᠣᠶᠣᠯ ᠤᠨ ᠬᠡᠷᠡᠭᠯᠡᠭᠡ ᠶᠢ ᠬᠦᠲᠦᠯᠦᠨ ᠳᠠᠭᠠᠭᠤᠯᠵᠤ᠂ ᠴᠦᠭᠡᠨ ᠲᠣᠭᠠᠳᠣ ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯᠣᠨ ᠰᠢ ᠵᠦᠴᠦᠭᠡ᠂ ᠤᠷᠠᠨ ᠪᠢᠴᠢᠯᠭᠡ᠂ ᠡᠷᠬᠢᠮᠰᠦᠭ ᠰᠣᠶᠣᠯ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ᠂ ᠨᠡᠶᠢᠭᠡᠮ ᠲᠣᠭᠤᠷᠢᠭ ᠲᠤ ᠣᠷᠤᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ᠂ ᠡᠷᠡᠭᠦᠯ ᠡᠩᠬᠡ ᠰᠣᠶᠣᠯ ᠤᠨ ᠠᠭᠤᠯᠤᠬᠳᠠᠬᠤᠨ ᠢ ᠪᠣᠳᠠᠰ ᠤᠨ ᠪᠣᠯᠪᠠᠰᠣᠨ᠂ ᠤᠶᠤᠨ ᠤ ᠪᠣᠯᠪᠠᠰᠣᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠳᠤ ᠨᠡᠪᠴᠢᠭᠦᠯᠦᠨ ᠰᠢᠩᠭᠡᠭᠡᠵᠦ᠂ ᠬᠥᠭᠵᠢᠯᠲᠡ ᠶᠢ ᠨᠡᠩ ᠡᠶᠡᠪᠡᠷᠬᠦᠤ᠂ ᠵᠣᠯ ᠵᠢᠷᠭᠠᠯ ᠢ ᠨᠡᠩ ᠡᠭᠡᠯᠢᠲᠡᠢ ᠰᠠᠨᠠᠭᠳᠠᠭᠤᠯᠵᠤ᠂ ᠪᠣᠯᠪᠠᠰᠣᠨ ᠪᠠᠶᠢᠬᠤ ᠶᠢ ᠦᠪᠦᠷ ᠮᠣᠩᠭᠤᠯ ᠤᠨ ᠴᠤᠭ ᠵᠢᠪᠬᠤᠭ᠎ᠠ ᠪᠠ ᠳᠦᠷᠢ ᠳᠦᠷᠬᠦ ᠪᠣᠯᠭᠠᠨ᠎ᠠ᠃      ᠬᠤᠲᠠ ᠶᠢᠨ ᠰᠣᠶᠣᠯ ᠤᠨ ᠠᠭᠤᠯᠤᠬᠳᠠᠬᠤᠨ ᠢ ᠳᠡᠭᠡᠭᠰᠢᠯᠡᠭᠦᠯᠵᠦ᠂ ᠲᠡᠤᠬᠡ ᠰᠣᠶᠣᠯ᠂ ᠬᠤᠪᠢᠰᠬᠠᠯᠲᠤ ᠰᠣᠶᠣᠯ᠂ ᠦᠨᠳᠦᠰᠦᠲᠡᠨ ᠤ ᠵᠠᠩ ᠦᠢᠯᠡ ᠶᠢᠨ ᠰᠣᠶᠣᠯ ᠂ ᠪᠠᠶᠢᠭᠠᠯᠢ ᠠᠮᠢ ᠠᠬᠤᠢ ᠶᠢᠨ ᠰᠣᠶᠣᠯ ᠢ ᠬᠤᠲᠠ ᠶᠢᠨ ᠲᠥᠯᠥᠪᠵᠢᠭᠦᠯᠭᠡ᠂ ᠪᠠᠷᠢᠯᠭ᠎ᠠ᠂ ᠵᠡᠭᠡᠯᠢ ᠭᠤᠳᠤᠮᠵᠢ ᠳᠤ ᠠᠭᠤᠰᠤᠭᠤᠯᠤᠨ᠎ᠠ᠃ ᠲᠡᠤᠬᠡ ᠶᠢᠨ ᠳᠤᠷᠠᠰᠬᠠᠯᠲᠤ ᠪᠠᠷᠢᠯᠭ᠎ᠠ ᠪᠠ ᠲᠡᠤᠬᠡ ᠰᠣᠶᠣᠯ ᠤᠨ ᠵᠡᠭᠡᠯᠢ ᠭᠤᠳᠤᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠶᠢᠨ ᠳᠤᠷᠠᠳᠬᠠᠯ ᠢ ᠨᠢ ᠬᠠᠳᠠᠭᠠᠯᠠᠨ ᠦᠯᠡᠳᠡᠭᠡᠨ᠎ᠠ᠃ ᠤᠬᠠᠭᠠᠯᠢᠭ ᠬᠤᠲᠠ᠂ ᠪᠣᠬᠢᠷᠲᠤᠯ ᠦᠭᠡᠢ ᠬᠤᠲᠠ᠂ ᠬᠦᠮᠦᠨ ᠰᠣᠶᠣᠯ ᠤᠨ ᠬᠤᠲᠠ ᠶᠢ ᠪᠦᠲᠦᠭᠡᠨ ᠪᠠᠶᠢᠭᠤᠯᠵᠤ᠂ ︽ᠬᠤᠲᠠ ᠪᠠᠷ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ︾ ᠶᠢ ᠥᠨᠡᠨᠬᠦ ᠪᠡᠶᠡᠯᠡᠭᠦᠯᠦᠨ᠎ᠡ᠃ ᠦᠪᠡᠷ ᠢᠶᠠᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠤᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠲᠠ ᠶᠢ ᠠᠬᠢᠭᠤᠯᠣᠨ᠂ ᠬᠡᠪ ᠵᠠᠩᠰᠢᠯ ᠢ ᠦᠭᠡᠷᠡᠴᠢᠯᠡᠬᠦ ᠶᠢ ᠦᠷᠨᠢᠭᠦᠯᠵᠣ᠂ ᠬᠦᠳᠡᠭᠡ ᠲᠣᠰᠬᠤᠨ ᠤ ᠰᠣᠶᠣᠯ ᠢ ᠮᠠᠨᠳᠤᠭᠤᠯᠤᠨ ᠬᠥᠭᠵᠢᠭᠦᠯᠵᠦ᠂ ᠬᠦᠳᠡᠭᠡ ᠨᠤᠲᠤᠭ ᠤᠨ ᠪᠣᠯᠪᠠᠰᠤᠨ ᠵᠠᠩᠰᠢᠯ ᠢ ᠬᠦᠮᠦᠵᠢᠭᠦᠯᠦᠨ᠂ ᠪᠠᠶᠢᠭᠠᠯᠢ ᠶᠢᠨ ᠠᠮᠢ ᠠᠬᠤᠢ ᠶᠢᠨ ᠦᠩᠭᠡ ᠳᠥᠷᠰᠦ ᠶᠢ ᠨᠢ ᠬᠠᠮᠠᠭᠠᠯᠠᠨ᠂ ᠬᠦᠳᠡᠭᠡ ᠲᠣᠰᠬᠤᠨ ᠢ ᠨᠡᠩ ᠦᠵᠡᠰᠭᠦᠯᠡᠩ ᠰᠠᠶᠢᠬᠠᠨ ᠪᠣᠯᠭᠠᠵᠤ᠂ ᠬᠠᠷᠠᠬᠤ ᠠᠴᠠ ᠬᠦᠬᠡᠮᠳᠦᠭ ᠠᠭᠤᠯᠠ ᠲᠠᠢ᠂ ᠦᠵᠡᠬᠦ ᠠᠴᠠ ᠴᠡᠩᠬᠡᠭ ᠤᠰᠤ ᠲᠠᠢ᠂ ᠨᠤᠳᠤᠭ ᠤᠰᠤ ᠶᠢ ᠨᠢ ᠰᠡᠳᠬᠢᠯ ᠵᠢᠷᠦᠬᠡᠨ ᠳᠤᠨᠢ ᠬᠤᠨᠤᠬᠰᠢᠭᠤᠯᠤᠨ᠎ᠠ᠃      ︵ᠨᠠᠢᠮᠠ︶ ᠪᠣᠬᠢᠷᠲᠤᠯ ᠦᠭᠡᠢ ᠦᠪᠦᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ︽ᠴᠡᠩᠬᠡᠭ ᠣᠰᠣ ᠭᠦᠭᠡᠮᠳᠦᠭ ᠠᠭᠤᠯᠨ ᠪᠣᠯ ᠠᠯᠳᠠ ᠮᠦᠩᠭᠦᠨ ᠠᠭᠤᠯᠨ︾ ᠭᠡᠮᠡᠭᠦ ᠣᠨᠣᠯᠵᠢᠬᠤᠨ ᠢ ᠪᠠᠳᠣ ᠪᠠᠬᠢ ᠪᠣᠢ ᠪᠣᠯᠭᠠᠵᠣ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠣᠳᠣ ᠶᠢᠨ ᠪᠠᠶᠢᠭ᠎ᠠ ᠴᠡᠩᠬᠡᠭ ᠣᠰᠣ ᠭᠦᠭᠡᠮᠳᠦᠭ ᠠᠭᠤᠯᠨ ᠪᠠᠨ ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ᠂ ᠪᠠᠰᠠ ᠠᠮᠢ ᠠᠬᠤᠢ ᠶᠢ ᠴᠢᠷᠮᠠᠶᠢᠨ ᠦᠡᠭᠬᠡᠵᠢᠬᠦᠯᠦᠨ ᠰᠡᠷᠬᠦᠬᠡᠵᠦ᠂ ᠤᠤᠯ ᠤᠨ ᠦᠩᠭᠡ ᠦᠵᠡᠮᠵᠢ ᠶᠢ ᠨᠢ ᠰᠡᠷᠭᠦᠭᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃      ᠠᠭᠤᠯᠠ ᠤᠰᠤ ᠤᠢ ᠮᠣᠳᠣ ᠡᠪᠡᠰᠦ ᠲᠠᠷᠢᠶ᠎ᠠ ᠨᠠᠭᠤᠷ ᠴᠦᠬᠦᠷᠦᠮ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠯᠡᠨ᠂ ᠪᠠᠶᠢᠭᠠᠯᠢᠯᠢᠬ ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠤᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠭᠦᠯᠵᠢᠯᠡᠨ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦ ᠪᠠ ᠬᠤᠷᠴᠢᠨ ᠤ ᠡᠯᠡᠰᠦ ᠮᠠᠩᠬ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠤᠰᠬᠠᠢ ᠵᠠᠰᠠᠯᠲᠠ ᠶᠢ ᠬᠡᠷᠡᠭᠵᠢᠭᠦᠯᠦᠨ᠎ᠡ᠃ ᠣᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠬᠠᠭᠠᠯᠪᠤᠷᠢᠯᠠᠬᠤ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠦᠯᠦᠨ ᠪᠤᠶᠢᠷ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠭᠠᠵᠠᠷ ᠣᠷᠣᠨ ᠳᠠᠬᠢ ᠲᠠᠷᠢᠶᠠᠯᠠᠬᠤ ᠶᠢ ᠵᠣᠭᠰᠤᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃ ᠤᠰᠤᠨ ᠰᠣᠷᠪᠣᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠬᠡᠢ ᠲᠠᠲᠠᠭᠰᠠᠨ ᠣᠷᠣᠨ ᠳᠤ ᠶᠡᠷᠦᠩᠬᠡᠶᠢᠯᠡᠨ ᠵᠠᠰᠠᠬᠤ ᠶᠢ ᠦᠷᠨᠢᠭᠦᠯᠣᠨ᠎ᠠ᠃ ᠪᠣᠬᠢᠷ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠮᠢ ᠠᠬᠤᠢ ᠶᠢ ᠡᠪᠳᠡᠨ ᠰᠦᠢᠳᠬᠡᠭᠰᠡᠨ ᠪᠠ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠦᠢᠯᠡ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃      ᠪᠣᠬᠢᠷᠳᠦᠯ ᠦᠭᠡᠢ ᠬᠥᠭᠵᠢᠯᠲᠡ ᠶᠢ ᠪᠠᠷᠢᠮᠲᠠᠯᠠᠵᠤ᠂ ᠪᠣᠬᠢᠷᠳᠣᠯ ᠦᠭᠡᠢ ᠦᠢᠯᠡᠳᠪᠦᠷᠢᠯᠡᠵᠦ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠤᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠦᠢᠯᠡᠳᠪᠦᠷᠢᠯᠡᠯ᠂ ᠴᠡᠪᠡᠷ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠨᠢᠭᠡ ᠪᠦᠯᠦᠭ ᠪᠣᠬᠢᠷᠳᠣᠯ ᠦᠭᠡᠢ ᠠᠵᠤ ᠠᠬᠤᠶᠢᠯᠠᠯ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ ᠪᠣᠬᠢᠷᠳᠣᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠠᠷᠪᠢᠯᠠᠨ ᠭᠠᠮᠨᠠᠬᠤ ᠬᠡᠯᠪᠡᠷᠢ ᠪᠦᠬᠦᠢ ᠨᠡᠶᠢᠭᠡᠮ ᠢ ᠪᠠᠶᠢᠭᠤᠯᠤᠨ᠎ᠠ᠃      ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ ᠪᠠ ᠲᠦᠬᠦᠷ ᠳᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠳᠦᠷᠢᠮ ᠢ ᠪᠦᠷᠢᠨᠰᠢᠭᠦᠯᠵᠦ᠂ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠢᠵᠦ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ ᠶᠢᠨ ᠲᠥᠯᠥᠪᠦᠷᠢᠯᠡᠬᠦ ᠲᠣᠭᠲᠠᠴᠠ ᠶᠢ ᠰᠤᠳᠤᠯᠤᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠢᠵᠠᠭᠠᠷ ᠱᠤᠭᠤᠮ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ ᠨᠠᠭᠤᠷ ᠭᠤᠣᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠂ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠪᠠ ᠨᠠᠭᠤᠷ ᠴᠥᠬᠦᠷᠦᠮ ᠤᠨ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃      ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶᠢᠬᠤ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠤᠨ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠤᠨ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠦᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠤᠨ᠂ ᠠᠵᠢᠯ ᠢᠶᠠᠨ ᠠᠬᠢᠭᠤᠯᠤᠨ᠎ᠠ᠃ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠥᠷᠦᠭᠡᠳᠦᠯ ᠢᠶᠠᠷ ᠪᠢᠳᠠᠨ ᠤ ᠲᠡᠮᠡᠴᠡᠬᠦ ᠬᠠᠷᠠᠯᠲᠠ ᠪᠠᠨ ᠪᠣᠯᠭᠠᠬᠤ︾ ᠶᠢ ᠢᠮᠠᠭᠲᠠ ᠪᠠᠲᠤ ᠴᠡᠭᠡᠵᠢᠯᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠪᠠ ᠨᠠᠮ ᠤᠨ ᠣᠯᠠᠨ ᠲᠥᠮᠡᠨᠴᠢ ᠱᠤᠭᠤᠮ ᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠠᠭᠤᠰᠤᠯᠴᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠪᠦᠬᠦᠢ ᠵᠠᠰᠠᠭ ᠤᠨ ᠣᠷᠳᠣᠨ ᠢ ᠪᠠᠶᠢᠭᠤᠯᠤᠨ᠎ᠠ᠃      ᠰᠢᠨ᠎ᠡ ᠴᠠᠭ ᠦᠶ᠎ᠡ ᠠᠴᠠ ᠠᠷᠠᠳ ᠤᠨ ᠵᠠᠰᠠᠭ ᠤᠨ ᠣᠷᠳᠣᠨ ᠢ ᠡᠷᠬᠡᠪᠰᠢ ᠰᠢᠨ᠎ᠡ ᠳᠥᠷᠰᠦ ᠪᠠᠶᠢᠳᠠᠯ ᠲᠠᠢ ᠪᠠᠶᠢᠬᠤ ᠶᠢ ᠱᠠᠭᠠᠷᠳᠠᠵᠤ ᠪᠠᠶᠢᠨ᠎ᠠ᠂ ᠪᠢᠳᠠ ᠢᠮᠠᠭᠲᠠ ᠴᠠᠭ ᠦᠶ᠎ᠡ ᠶᠢᠨ ᠡᠮᠦᠨᠡᠭᠦᠷ ᠬᠤᠰᠢᠭᠤᠷᠠᠵᠦ᠂ ᠴᠠᠭ ᠦᠶ᠎ᠡ ᠪᠠ ᠠᠷᠠᠳ ᠲᠦᠮᠡᠨ ᠤ ᠳᠠᠭᠤᠨ ᠢ ᠰᠤᠨᠤᠰᠤᠨ᠂ ᠵᠣᠷᠢᠭᠲᠠᠢ ᠪᠠᠷ ᠤᠷᠤᠭᠰᠢᠯᠠᠬᠤ ᠴᠤᠭ ᠵᠢᠪᠬᠤᠭ᠎ᠠ ᠶᠢ ᠪᠠᠲᠤᠳᠬᠠᠵᠤ᠂ ᠰᠤᠷᠤᠯᠴᠠᠬᠤ ᠡᠷᠳᠡᠮ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠳᠡᠮ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠡᠷᠳᠡᠮ ᠴᠢᠳᠠᠪᠤᠷᠢ᠂ ᠲᠥᠭᠰᠢᠬᠦᠷᠢ ᠶᠢ ᠡᠵᠡᠮᠳᠡᠬᠦ ᠡᠷᠳᠡᠮ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠠᠮᠢᠵᠢᠷᠠᠯ ᠤᠨ ᠬᠦᠴᠦᠨ ᠪᠢᠯᠬᠠᠭᠰᠠᠨ ᠰᠤᠷᠤᠯᠴᠠᠬᠤ ᠬᠡᠯᠪᠡᠷᠢ ᠪᠦᠬᠦᠢ᠂ ᠰᠢᠨ᠎ᠡ ᠶᠢ ᠡᠭᠦᠳᠬᠦ ᠬᠡᠯᠪᠡᠷᠢ ᠪᠦᠬᠦᠢ ᠵᠠᠰᠠᠭ ᠤᠨ ᠣᠷᠳᠣᠨ ᠢ ᠪᠠᠶᠢᠭᠤᠯᠤᠨ᠎ᠠ᠃      ᠬᠠᠣᠯᠢ ᠪᠠᠷ ᠵᠠᠰᠠᠬᠤ ᠢᠲᠡᠭᠡᠯ ᠪᠢᠰᠢᠷᠡᠯ᠂ ᠬᠠᠣᠯᠢ ᠪᠠᠷ ᠵᠠᠰᠠᠬᠤ ᠰᠡᠳᠬᠢᠬᠦᠢ ᠶᠢ ᠵᠠᠰᠠᠭ ᠤᠨ ᠣᠷᠳᠣᠨ ᠤ ᠠᠵᠢᠯᠲᠠᠳ ᠤᠨ ᠤᠭᠤᠷᠠᠭ ᠲᠠᠷᠢᠬᠢᠨ ᠳᠤ ᠰᠠᠭᠤᠬᠳᠠᠭᠤᠯᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠣᠯᠢ ᠪᠠᠷ ᠲᠣᠭᠲᠠᠭᠠᠬᠤ ᠶᠢ ᠠᠬᠢᠭᠤᠯᠤᠨ᠂ ᠵᠠᠰᠠᠭ ᠤᠨ ᠣᠷᠳᠣᠨ ᠤ ᠠᠵᠢᠯ ᠤᠨ ᠡᠷᠬᠡ ᠶᠢᠨ ᠵᠢᠷᠤᠮᠵᠢᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠶᠢᠨ ᠪᠠᠶᠢᠩᠭᠤᠵᠢᠭᠤᠯᠬᠤ ᠶᠢ ᠬᠡᠷᠡᠭᠵᠢᠭᠦᠯᠵᠦ᠂ ᠴᠢᠩᠭ᠎ᠠ ᠪᠦᠭᠡᠳ ᠵᠢᠷᠤᠮᠵᠢᠭᠤᠨ᠂ ᠲᠥᠪ ᠭᠤᠣᠯᠴᠢ ᠪᠦᠭᠡᠳ ᠪᠣᠯᠪᠠᠰᠤᠨ ᠢᠶᠠᠷ ᠬᠠᠣᠯᠢ ᠶᠢ ᠬᠡᠷᠡᠭᠵᠢᠭᠦᠯᠵᠦ᠂ ᠢᠯᠡ ᠲᠣᠳᠣ᠂ ᠲᠥᠪ ᠭᠤᠣᠯᠴᠢ᠂ ᠦᠨᠳᠦᠷ ᠪᠦᠲᠦᠮᠵᠢᠲᠡᠢ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃      ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠬᠤ ᠶᠢ ᠴᠢᠬᠤᠯᠠ ᠵᠢᠷᠤᠮᠯᠠᠯ ᠪᠣᠯᠭᠠᠵᠤ᠂ ᠶᠠᠷᠢᠪᠠᠰᠤ ᠬᠢᠵᠦ᠂ ᠬᠢᠪᠡᠰᠦ ᠪᠦᠲᠦᠭᠡᠵᠦ᠂ ᠰᠢᠨ᠎ᠡ ᠳᠠᠷᠤᠭ᠎ᠠ ᠨᠠᠷ ᠡᠷᠬᠡᠪᠰᠢ ᠥᠩᠭᠡᠷᠡᠭᠰᠡᠨ ᠤ ᠳᠠᠩᠰᠠ ᠶᠢ ᠰᠢᠢᠳᠪᠦᠷᠢᠯᠡᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠦᠷᠨᠢᠭᠦᠯᠦᠨ᠂ ᠲᠠᠰᠤᠷᠠᠯᠲᠠ ᠦᠭᠡᠢ ᠬᠤᠪᠢᠷᠠᠵᠤ ᠪᠠᠶᠢᠭ᠎ᠠ ᠪᠠᠶᠢᠳᠠᠯ ᠢ ᠡᠵᠡᠮᠳᠡᠵᠦ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠢ ᠴᠢᠩᠭᠠᠳᠬᠠᠨ᠎ᠠ᠃ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠬᠦᠴᠦᠲᠡᠢ ᠠᠳᠬᠤᠬᠤ ᠡᠷᠳᠡᠮ ᠴᠢᠳᠠᠪᠤᠷᠢ ᠶᠢ ᠨᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠬᠠᠣᠯᠢ ᠶᠣᠰᠣᠭᠠᠷ ᠬᠦᠯᠢᠶᠡᠨ ᠠᠪᠴᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠡᠷᠬᠡ ᠪᠠ ᠬᠠᠷᠢᠭᠤᠴᠠᠯᠭ᠎ᠠ ᠨᠢ ᠨᠢᠭᠡᠳᠦᠯᠲᠡᠢ ᠬᠠᠷᠢᠭᠤᠴᠠᠯᠭᠠᠲᠤ ᠵᠠᠰᠠᠭ ᠤᠨ ᠣᠷᠳᠣᠨ ᠢ ᠪᠠᠶᠢᠭᠤᠯᠤᠨ᠎ᠠ᠃      ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠳᠦᠬᠦᠷᠵᠢᠭᠦᠯᠦᠭᠰᠡᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠶᠢ ᠡᠭᠦᠷᠢᠳᠡ ᠪᠠᠷᠢᠮᠲᠠᠯᠠᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ᠰᠤᠷᠲᠠᠯ ᠴᠢᠭᠡᠴᠢ ᠣᠪᠣᠷ ᠲᠥᠪ ᠪᠠᠶᠢᠬᠤ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃      ᠲᠥᠯᠥᠭᠡᠯᠡᠭᠴᠢᠳ ᠡ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢᠭᠡᠨᠲᠡ 70 ᠵᠢᠯ ᠤᠨ ᠬᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠡᠪᠡ᠃ ᠰᠢᠨ᠎ᠡ ᠴᠠᠭ ᠦᠶ᠎ᠡ ᠳᠤ ᠤᠷᠤᠬᠰᠠᠨ ᠠᠴᠠ᠂ ᠪᠢᠳ᠋ᠨ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠳᠦᠰᠦᠲᠡᠨ ᠤ ᠠᠰᠠᠭᠤᠳᠠᠯ ᠢ ᠳᠤᠮᠳᠠᠳᠤ ᠤᠯᠤᠰ ᠤᠨ ᠣᠨᠴᠠᠯᠢᠭ ᠲᠠᠢ ᠪᠠᠷ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ ᠵᠠᠮᠨᠠᠨ᠂ ᠦᠨᠳᠦᠰᠦᠲᠡᠨ ᠤ ᠲᠣᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠥᠵᠢᠯ᠂ ᠦᠨᠳᠦᠰᠦᠲᠡᠨ ᠤ ᠡᠮ ᠡᠮᠨᠡᠯᠭᠡ᠂ ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯ ᠦᠢᠯᠡᠰ ᠢ ᠢᠳᠡᠪᠬᠢᠲᠡᠢ ᠬᠥᠭᠵᠢᠭᠦᠯᠦᠨ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠬᠤᠳᠠ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠨ᠎ᠠ᠃ ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠲᠠ᠂ ︽ᠭᠤᠷᠪᠠᠨ ᠴᠦᠬᠡᠨ ᠲᠤᠭᠠᠳᠤ ᠦᠨᠳᠦᠰᠦᠲᠡᠨ︾ ᠤ ᠥᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ ᠤ ᠰᠢᠶᠠᠩ ᠵᠡᠷᠭᠡ ᠴᠦᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠥᠭᠵᠢᠯᠲᠡ ᠶᠢ ᠳᠡᠮᠵᠢᠵᠦ᠂ ᠪᠦᠬᠦ ᠣᠷᠣᠨ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠨ᠂ ᠥᠨᠳᠦᠰᠦᠲᠡᠨ ᠨᠦᠭᠦᠳ ᠤᠨ ᠰᠣᠯᠢᠯᠴᠠᠵᠤ ᠬᠠᠷᠢᠯᠴᠠᠵᠤ ᠠᠭᠤᠰᠤᠯᠴᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠬᠤᠭᠤᠷᠤᠨᠳᠤ ᠪᠠᠨ ᠠᠨᠠᠷ ᠤᠨ ᠦᠷ᠎ᠡ ᠰᠢᠭ ᠪᠠᠷᠢᠯᠳᠤᠨ ᠨᠢᠭᠲᠠᠷᠠᠵᠤ᠂ ᠬᠠᠮᠲᠤᠪᠡᠷ ᠪᠦᠯᠬᠦᠮᠳᠡᠨ ᠲᠡᠮᠡᠴᠡᠵᠦ᠂ ᠬᠠᠮᠲᠤᠪᠡᠷ ᠴᠡᠴᠡᠭᠯᠡᠨ ᠬᠥᠭᠵᠢᠨ᠎ᠡ᠃      ᠲᠥᠯᠥᠭᠡᠯᠡᠭᠴᠢᠳ ᠡ︕ ᠥᠪᠥᠷ ᠮᠣᠩᠭᠤᠯ ᠥᠩᠭᠡ ᠭᠡᠷᠡᠯᠲᠦ ᠲᠡᠦᠬᠡ ᠲᠠᠢ ᠪᠠᠶᠢᠵᠤ᠂ ᠥᠪᠥᠷ ᠮᠣᠩᠭᠤᠯ ᠤᠨ ᠠᠷᠠᠳ ᠲᠦᠮᠡᠨ ᠴᠠᠭ ᠦᠶ᠎ᠡ ᠳᠡᠭᠡᠨ ᠣᠰᠣᠯᠳᠠᠭ᠎ᠠ ᠦᠭᠡᠢ ᠶᠤᠮ᠃ ᠨᠠᠮ ᠤᠨ ᠤᠳᠤᠷᠢᠳᠤᠯᠭ᠎ᠠ ᠳᠣᠣᠷ᠎ᠠ᠂ ᠪᠢᠳᠠ ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠪᠣᠰᠴᠤ ᠵᠣᠭᠰᠣᠭᠰᠠᠨ ᠪᠠ ᠪᠠᠶᠠᠵᠢᠨ ᠴᠢᠨᠡᠭᠡᠯᠢᠭᠵᠢᠭᠰᠡᠨ ᠠᠭᠤᠤ ᠶᠡᠭᠡ ᠲᠡᠦᠬᠡᠨ ᠶᠠᠪᠤᠴᠠ ᠶᠢ ᠥᠩᠭᠡᠷᠡᠭᠡᠪᠡ᠃ ᠰᠢᠨ᠎ᠡ ᠴᠠᠭ ᠦᠶ᠎ᠡ ᠳᠤ ᠰᠢᠨ᠎ᠡ ᠠᠶᠠᠨ ᠢ ᠡᠬᠢᠯᠡᠭᠦᠯᠦᠨ᠂ ᠪᠠᠶᠠᠵᠢᠵᠦ ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠬᠦ ᠠᠭᠤᠤ ᠶᠡᠭᠡ ᠲᠡᠦᠬᠡᠨ ᠶᠠᠪᠤᠴᠠ ᠳᠤ᠂ ᠪᠢᠳᠠ ᠲᠡᠷᠢᠭᠦᠯᠡᠨ ᠲᠠᠪᠰᠢᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠠᠶᠢᠭᠤᠯᠤᠨ᠎ᠠ᠃      ᠲᠥᠯᠥᠭᠡᠯᠡᠭᠴᠢᠳ ᠡ︕ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠡᠷᠡᠰ ᠵᠣᠷᠢᠭᠲᠠᠢ ᠪᠠᠷ ᠴᠢᠷᠮᠠᠶᠢᠨ ᠣᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠬᠦ︾ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕  
        ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ