内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2019 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
        ᠨᠡᠶᠢᠲᠡᠯᠡᠭᠰᠡᠨ ᠴᠠᠭ᠄
        2019/2/2
        ᠲᠦᠯᠦᠭᠡᠯᠡᠭᠴᠢᠳ ᠡ᠄      ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2018 ᠣᠨ ᠤ ᠠᠵᠢᠯ ᠤᠨ ᠡᠷᠭᠢᠴᠡᠭᠦᠯᠦᠯ      2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠩᠬᠠᠨ ᠤ ᠣᠨ ᠪᠣᠯᠬᠤ ᠪᠦᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠪᠣᠯᠣᠨ᠎ᠠ᠂ ᠮᠦᠨ ᠴᠦ ᠮᠠᠨ ᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠲᠤᠩ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠲᠥᠪ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢᠳ ᠤᠨ ᠰᠤᠩᠭᠤᠭᠤᠯᠢ ᠶᠢᠨ ᠭᠠᠵᠠᠷ ᠣᠷᠣᠨ ᠢ ᠲᠣᠭᠲᠠᠭᠠᠬᠤ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠣᠩᠭᠤᠭᠰᠠᠨ ᠪᠦᠭᠡᠳ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠤ ᠬᠢᠨᠠᠨ ᠵᠥᠪᠯᠡᠬᠦ ᠳᠤ ︽ᠭᠤᠷᠪᠠ ᠶᠢ ᠯᠠᠪᠳᠠᠭᠤᠨ ᠪᠠᠳᠤᠲᠠᠢ ᠬᠢᠬᠦ︾ ᠴᠢᠬᠤᠯᠠ ᠱᠠᠭᠠᠷᠳᠠᠯᠭ᠎ᠠ ᠶᠢ ᠳᠤᠷᠠᠳᠤᠭᠰᠠᠨ ᠨᠢ ᠨᠠᠮ ᠤᠨ ᠲᠥᠪ ᠬᠤᠷᠢᠶᠠᠨ ᠠᠴᠠ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠤᠨ ᠭᠠᠵᠠᠷ ᠣᠷᠣᠨ ᠢ ᠴᠢᠬᠤᠯᠠᠴᠢᠯᠠᠨ ᠦᠵᠡᠵᠦ ᠪᠠᠶᠢᠭ᠎ᠠ ᠶᠢ ᠢᠯᠡᠷᠡᠭᠦᠯᠵᠦ᠂ ᠬᠦᠭᠵᠢᠯᠳᠡ ᠪᠠᠷ ᠠᠨᠠᠢ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠢᠭᠤᠷᠬᠠᠢ ᠬᠢᠬᠦ ᠬᠡᠰᠡᠨ ᠨᠠᠮ ᠤᠨ ᠲᠥᠪ ᠬᠤᠷᠢᠶᠠᠨ ᠤ ᠡᠷᠡᠰ ᠵᠣᠷᠢᠭ ᠢ ᠢᠯᠡᠷᠡᠭᠦᠯᠦᠭᠰᠡᠨ ᠪᠠᠶᠢᠨ᠎ᠠ᠃      ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠦᠵᠡᠯ ᠤᠬᠠᠮᠰᠠᠷ︾ ᠢ ᠪᠠᠳᠤ ᠪᠠᠬᠢ ᠪᠤᠢ ᠪᠤᠯᠭᠠᠵᠦ᠂ ︽ᠲᠦᠷᠪᠡᠨ ᠢᠳᠡᠬᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠬᠦᠴᠢᠷ ᠪᠣᠯᠣᠨ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠨ ᠰᠢᠢᠳᠪᠦᠷᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠳᠤᠲᠠᠢ ᠠᠵᠢᠯᠯᠠᠨ᠂ ᠪᠥᠬᠦ ᠣᠷᠣᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠠᠩᠬ᠎ᠠ ᠠᠯᠬᠤᠮ ᠲᠤᠭᠠᠴᠠᠭ᠎ᠠ ᠬᠢᠭᠰᠡᠨ ᠢᠶᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ 5.3% ᠪᠠᠶᠢᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ 9.1% ᠪᠠᠶᠢᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠲᠤᠰ ᠲᠤᠰ 7.4% ᠪᠠ 9.7% ᠨᠡᠮᠡᠭᠳᠡᠪᠡ᠃      ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠃      ︵ᠨᠢᠭᠡ︶ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠬᠤ᠂ ᠲᠦᠢᠯ ᠤᠨ ᠣᠨᠣᠪᠴᠢᠲᠠᠢ ᠪᠠᠷ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠳᠤᠷ ᠬᠢᠪᠡ᠃ ᠵᠠᠰᠠᠭ ᠤᠨ ᠣᠷᠳᠣᠨ ᠤ ᠬᠢᠨ ᠤ ᠥᠷᠢ ᠲᠠᠯᠪᠢᠬᠤ ᠠᠵᠢᠯᠯᠠᠭᠠᠨ ᠢ ᠴᠢᠩᠭ᠎ᠠ ᠵᠢᠷᠤᠮᠵᠢᠭᠤᠯᠤᠨ᠂ ᠵᠠᠰᠠᠭ ᠤᠨ ᠣᠷᠳᠣᠨ ᠤ ᠥᠷᠢ ᠥᠭᠴᠡᠭᠡ ᠪᠥᠬᠦᠨ ᠢ ᠲᠥᠰᠥᠪ ᠤᠨ ᠬᠠᠮᠢᠶᠠᠷᠤᠯᠲᠠ ᠳᠤ ᠣᠷᠣᠭᠤᠯᠵᠤ᠂ ᠵᠠᠰᠠᠭ ᠤᠨ ᠣᠷᠳᠣᠨ ᠤ ᠬᠢᠨ ᠤ ᠬᠡᠲᠦᠷᠬᠡᠢ ᠥᠷᠢ ᠥᠭᠴᠡᠭᠡ ᠲᠠᠢ ᠨᠢᠭᠡ ᠪᠥᠯᠥᠭ ᠲᠥᠷᠥᠯ ᠵᠦᠢᠯ ᠪᠠᠶᠢᠭᠤᠯᠬᠤ ᠶᠢ ᠵᠤᠨᠨᠰᠤᠭᠠᠵᠦ᠂ ᠬᠤᠶᠢᠰᠢᠯᠠᠭᠤᠯᠤᠭᠰᠠᠨ ᠪᠠ ᠪᠠᠭᠠᠰᠬᠠᠭᠰᠠᠨ ᠪᠠᠶᠢᠨ᠎ᠠ᠃ ᠵᠠᠰᠠᠭ ᠤᠨ ᠣᠷᠳᠣᠨ ᠤ ᠳᠠᠯᠳᠠ ᠪᠠᠶᠢᠭ᠎ᠠ ᠥᠷᠢ ᠥᠭᠴᠡᠭᠡ ᠶᠢ ᠢᠳᠡᠪᠬᠢᠲᠡᠢ ᠠᠷᠢᠯᠭᠠᠨ᠂ ᠲᠡᠭᠦᠯᠳᠡᠷᠵᠢᠭᠦᠯᠬᠦ ᠲᠥᠰᠥᠯ ᠲᠣᠭᠲᠠᠭᠠᠵᠤ᠂ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ 137.2% ᠢᠶᠠᠷ ᠪᠡᠶᠡᠯᠡᠭᠦᠯᠪᠡ᠃ ᠰᠦᠯᠵᠢᠶ᠎ᠡ ᠪᠠᠷ ᠵᠢᠭᠡᠯᠡᠯᠭᠡ ᠠᠪᠬᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢ ᠪᠠᠨ ᠳᠦᠷᠢᠮ ᠠᠴᠠ ᠵᠥᠷᠢᠴᠡᠨ ᠲᠠᠷᠬᠠᠭᠠᠬᠤ ᠲᠦᠭᠰᠢᠭᠦᠷᠢ ᠶᠢ ᠡᠮᠬᠢ ᠵᠢᠷᠤᠮ ᠲᠠᠢ ᠰᠢᠢᠳᠪᠦᠷᠢᠯᠡᠨ᠂ ᠬᠠᠤᠯᠢ ᠪᠤᠰᠤ ᠶᠢᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠴᠡᠭᠴᠡᠯᠡᠨ ᠵᠠᠰᠠᠪᠠ᠃ ᠮᠠᠯᠵᠢᠬᠤ ᠲᠠᠷᠢᠶᠠᠯᠠᠬᠤ ᠣᠷᠣᠨ ᠳᠠᠬᠢ ᠥᠨᠳᠥᠷ ᠬᠦᠦ ᠲᠠᠢ ᠵᠢᠭᠡᠯᠡᠯᠭᠡ ᠶᠢᠨ ᠦᠯᠡᠳᠡᠭᠳᠡᠵᠦ ᠪᠠᠶᠢᠭ᠎ᠠ ᠬᠡᠮᠵᠢᠶ᠎ᠡ ᠶᠡᠭᠡ ᠪᠠᠷ ᠪᠠᠭᠤᠷᠠᠪᠠ᠃      ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠵᠦ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠭᠦᠨᠵᠡᠭᠡᠶᠢᠷᠡᠭᠦᠯᠦᠨ ᠠᠬᠢᠭᠤᠯᠪᠠ ᠃ ᠲᠣᠪᠤᠶᠢᠮ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠶᠠᠳᠠᠭᠤ ᠶᠢ ᠲᠡᠳᠭᠦᠬᠦ ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠣᠨ ᠣᠨᠴᠠᠭᠠᠢ ᠲᠣᠭᠲᠠᠭᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ ᠡᠯ᠎ᠡ ᠱᠠᠲᠤᠨ ᠤ ᠡᠳ᠋ ᠤᠨ ᠵᠠᠰᠠᠭ ᠤᠨ ᠬᠢᠨ ᠤ ᠶᠠᠳᠠᠭᠤ ᠶᠢ ᠲᠡᠳᠬᠦᠬᠦ ᠳᠤ ᠣᠷᠣᠭᠤᠯᠤᠭᠰᠠᠨ ᠪᠡᠯᠡ ᠮᠥᠩᠭᠦ 147.9 ᠳ᠋ᠦᠩᠰᠢᠭᠤᠷ ᠲᠥᠭᠦᠷᠢᠭ ᠪᠠᠶᠢᠵᠤ᠂ 21.6% ᠨᠡᠮᠡᠭᠳᠡᠪᠡ᠃ ᠪᠡᠭᠡᠵᠢᠩ ᠥᠪᠥᠷ ᠮᠣᠩᠭᠤᠯ ᠤᠨ ᠬᠤᠭᠤᠷᠤᠨᠳᠤ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ ᠠᠵᠢᠯᠯᠠᠭᠠᠨ ᠢ ᠡᠬᠢᠯᠡᠭᠦᠯᠵᠦ᠂ ᠪᠡᠭᠡᠵᠢᠩ ᠬᠤᠲᠠ ᠪᠡᠯᠡ ᠮᠥᠩᠭᠦ᠂ ᠲᠥᠷᠥᠯ ᠵᠦᠢᠯ᠂ ᠴᠢᠳᠠᠪᠤᠷᠢᠲᠠᠨ ᠵᠡᠷᠭᠡ ᠲᠠᠯ᠎ᠠ ᠪᠠᠷ ᠬᠦᠴᠦᠲᠡᠢ ᠲᠡᠮᠵᠢᠯᠬᠡ ᠦᠵᠡᠬᠦᠯᠪᠡ᠃ ᠵᠢᠱᠢᠭᠰᠡᠨ ᠢᠶᠠᠷ ᠪᠥᠬᠦ ᠵᠢᠯ ᠳᠠᠬᠢ ᠶᠠᠳᠠᠭᠤ ᠠᠴᠠ ᠠᠩᠭᠢᠵᠢᠷᠠᠭᠤᠯᠤᠬᠰᠠᠨ ᠬᠥᠮᠥᠨ 23.5 ᠲᠦᠮᠡ ᠭᠠᠷᠤᠢ ᠪᠠᠶᠢᠵᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 10 ᠬᠤᠰᠢᠭᠤ ᠰᠢᠶᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ ᠢ ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠬᠠᠰᠤᠵᠤ ᠭᠠᠷᠭᠠᠪᠠ᠃      ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠪᠤᠴᠠᠵᠤ ᠪᠠᠶᠢᠴᠠᠭᠠᠨ ᠦᠵᠡᠬᠦ︾ ᠳᠤ ᠳᠤᠷᠠᠳᠤᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠦᠷᠭᠦᠯᠵᠢᠯᠡᠨ ᠠᠬᠢᠭᠤᠯᠵᠤ᠂ ᠬᠥᠬᠡ ᠣᠭᠲᠠᠷᠭᠤᠢ ᠬᠥᠬᠡᠮᠳᠦᠭ ᠤᠰᠤ ᠥᠩ ᠰᠢᠮᠡᠯᠢᠭ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠡᠷᠴᠢᠮᠲᠡᠢ ᠰᠠᠶᠢᠨ ᠬᠢᠪᠡ᠃ ᠠᠭᠠᠷ ᠮᠠᠨᠳᠠᠯ ᠤᠨ ᠪᠣᠭᠢᠷᠳᠤᠯ ᠢ ᠰᠡᠷᠭᠡᠶᠢᠯᠡᠨ ᠵᠠᠰᠠᠬᠤ ᠳᠦᠷᠢᠮ ᠢ ᠲᠣᠭᠲᠠᠭᠠᠪᠠ᠃ ᠪᠥᠬᠦ ᠣᠷᠣᠨ ᠤ ᠠᠭᠠᠷ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠬᠦᠷᠦᠭᠰᠡᠨ ᠳᠤᠮᠳᠠᠴᠢ ᠡᠳᠦᠷ ᠤᠨ ᠬᠠᠷᠢᠴᠠᠯ 83.6% ᠪᠠᠶᠢᠵᠤ᠂ ᠨᠠᠷᠢᠨ ᠮᠥᠬᠦᠯᠢᠭᠲᠦ ᠪᠤᠳᠠᠰ ︵PM 2.5︶ ᠤᠨ ᠥᠳᠬᠡᠴᠡ 3.1% ᠪᠠᠭᠤᠷᠠᠪᠠ᠃ ᠬᠥᠯᠥᠨ ᠨᠠᠭᠤᠷ᠂ ᠳᠠᠭ᠎ᠠ ᠶᠢᠨ ᠨᠠᠭᠤᠷ ᠪᠠ ᠤᠯᠠᠭᠠᠨᠰᠦᠬᠠᠢ ᠶᠢ ᠶᠡᠷᠦᠩᠬᠡᠶᠢᠯᠡᠨ ᠵᠠᠰᠠᠬᠤ ᠠᠵᠢᠯ ᠢ ᠦᠷᠬᠦᠯᠵᠢᠯᠡᠨ ᠠᠬᠢᠭᠤᠯᠵᠤ᠂ ᠬᠦᠯᠦᠨ ᠨᠠᠭᠤᠷ ᠤᠨ ᠤᠰᠤᠨ ᠤ ᠲᠠᠯᠠᠪᠠᠢ ᠥᠷᠭᠡᠵᠢᠨ᠂ ᠲᠠᠭ᠎ᠠ ᠶᠢᠨ ᠨᠠᠭᠤᠷ ᠤᠨ ᠤᠰᠤᠨ ᠲᠦᠪᠰᠢᠨ ᠲᠤᠷᠤᠬᠰᠢᠯᠠᠬᠤ ᠬᠠᠨᠳᠤᠰᠢ ᠨᠠᠮᠳᠠᠵᠦ᠂ ᠤᠯᠠᠭᠠᠨᠰᠤᠬᠠᠢ ᠶᠢᠨ ᠰᠠᠪᠠ ᠭᠠᠵᠠᠷ ᠢᠶᠠᠨ ᠦᠩᠵᠢᠭᠦᠯᠦᠨ ᠰᠡᠷᠭᠦᠭᠡᠬᠦ ᠢᠨᠵᠧᠨᠧᠷᠢᠩ ᠢ ᠤᠯᠤᠰ ᠤᠨ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠦᠩᠵᠢᠭᠦᠯᠦᠨ ᠰᠡᠷᠭᠦᠭᠡᠬᠦ ᠭᠤᠷᠪᠠᠳᠠᠬᠢ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠣᠷᠣᠭᠤᠯᠪᠠ᠃ ᠬᠦᠷᠦᠰᠦ ᠰᠢᠷᠣᠢ ᠶᠢᠨ ᠪᠣᠬᠢᠷᠲᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠠᠵᠢᠯ ᠢ ᠥᠷᠨᠢᠭᠦᠯᠦᠨ᠂ ᠬᠢᠮᠢ ᠶᠢᠨ ᠪᠣᠷᠳᠣᠭᠤᠷ᠂ ᠲᠠᠷᠢᠶᠠᠨ ᠤ ᠡᠮ ᠤᠨ ᠬᠡᠷᠡᠭᠯᠡᠬᠦ ᠬᠡᠮᠵᠢᠶ᠎ᠡ ᠶᠢ ᠰᠦᠭᠡᠷᠬᠦ ᠨᠡᠮᠡᠭᠳᠡᠯ ᠲᠠᠢ ᠪᠠᠶᠢᠬᠤ ᠶᠢ ᠠᠩᠬ᠎ᠠ ᠤᠳᠠᠭ᠎ᠠ ᠪᠡᠶᠡᠯᠡᠭᠦᠯᠵᠦ᠂ ᠲᠠᠷᠢᠶᠠᠯᠠᠩ ᠤᠨ ᠣᠯᠠᠨ ᠡᠬᠢᠲᠦ ᠪᠤᠬᠢᠷᠳᠤᠯ ᠢ ᠪᠦᠲᠦᠮᠵᠢᠲᠡᠢ ᠡᠷᠬᠡᠰᠢᠶᠡᠪᠡ᠃ ᠦᠬᠠᠢ ᠶᠢᠨ ᠯᠦᠡᠭᠴᠠᠩ ᠨᠡᠭᠦᠷᠡᠰᠦᠨ ᠠᠭᠤᠷᠬᠠᠢ ᠶᠢᠨ ᠲᠣᠭᠤᠷᠢᠭ ᠲᠠᠬᠢ ᠣᠷᠴᠢᠨ ᠲᠣᠭᠤᠷᠢᠨ ᠤ ᠪᠣᠬᠢᠷᠲᠣᠯ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢᠶᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠣᠭᠤᠷᠢᠨ ᠢ ᠵᠠᠰᠠᠬᠤ ᠪᠠ ᠦᠷᠬᠦᠯᠵᠢᠯᠡᠨ ᠬᠥᠭᠵᠢᠭᠦᠯᠬᠦ ᠲᠥᠷᠥᠯ ᠵᠦᠢᠯ ᠳᠤ ᠵᠢᠭᠰᠠᠭᠠᠨ ᠣᠷᠣᠭᠤᠯᠪᠠ᠃      ᠠᠮᠢ ᠠᠬᠤᠢ ᠶᠢᠨ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠤᠨ᠂ ᠣᠢ ᠰᠢᠭᠤᠢ ᠶᠢᠨ ᠪᠦᠷᠬᠦᠴᠡ 22.1% ᠳᠤ ᠬᠦᠷᠪᠡ᠃ ᠷᠠᠰᠢᠶᠠᠨ ᠬᠤᠲᠠ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠴᠣᠯᠠᠯᠠᠭᠳᠠᠵᠤ᠂ ᠬᠥᠪᠴᠢ ᠡᠯᠡᠰᠦᠨ ᠤ ᠢ ᠯᠢ ᠠᠮᠢ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠪᠥᠬᠦ ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠬᠡᠮᠡᠬᠦ ᠦᠢᠯᠡᠳᠦᠯᠭᠡ ᠪᠠᠷ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠯᠡᠭᠳᠡᠪᠡ᠃ ᠣᠢ ᠰᠢᠭᠤᠢ ᠪᠣᠯᠣᠨ ᠪᠡᠯᠴᠢᠭᠡᠷ ᠢ ᠰᠦᠢᠳᠬᠡᠵᠦ ᠠᠲᠠᠷ ᠬᠠᠭᠠᠯᠪᠤᠷᠢᠯᠠᠬᠰᠠᠨ᠂ ᠪᠠᠶᠢᠭᠠᠯᠢ ᠶᠢᠨ ᠳᠠᠷᠬᠠᠨ ᠣᠷᠣᠨ ᠳᠤ ᠬᠠᠤᠯᠢ ᠪᠣᠯᠣᠨ ᠲᠣᠭᠲᠠᠭᠠᠯ ᠢ ᠵᠥᠷᠢᠴᠡᠨ ᠨᠡᠭᠡᠭᠡᠯᠲᠡ ᠬᠢᠵᠦ ᠪᠦᠲᠦᠭᠡᠨ ᠪᠠᠶᠢᠭᠤᠯᠤᠭᠰᠠᠨ᠂ ᠲᠠᠯ᠎ᠠ ᠨᠤᠲᠤᠭ ᠤᠨ ᠵᠢᠭᠤᠯᠴᠢᠯᠠᠯ ᠤᠨ ᠨᠡᠭᠡᠭᠡᠯᠲᠡ ᠬᠢᠬᠦ ᠪᠠᠷ ᠬᠤᠪᠢ ᠪᠠᠷ ᠢᠶᠠᠨ ᠪᠠ ᠳᠤᠷ᠎ᠠ ᠪᠠᠷ ᠪᠠᠷᠢᠵᠤ ᠪᠠᠶᠢᠭᠤᠯᠤᠭᠰᠠᠨ ᠵᠡᠷᠭᠡ ᠠᠰᠠᠭᠤᠳᠠᠯ ᠢ ᠲᠥᠪᠯᠡᠷᠡᠭᠦᠯᠦᠨ ᠴᠡᠭᠴᠡᠯᠡᠵᠦ ᠵᠠᠰᠠᠪᠠ᠃ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ ᠠᠬᠤᠢ ᠶᠢᠨ ᠣᠷᠴᠢᠨ ᠲᠣᠭᠤᠷᠢᠨ ᠡᠪᠳᠡᠭᠳᠡᠭᠰᠡᠨ ᠬᠠᠷᠢᠭᠤᠴᠠᠯᠭ᠎ᠠ ᠨᠡᠬᠡᠮᠵᠢᠯᠡᠬᠦ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠠᠬᠢ ᠠᠵᠣ ᠦᠢᠯᠡᠰ ᠤᠨ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ ᠵᠡᠷᠭᠡ ᠳᠦᠷᠢᠮ ᠢ ᠲᠡᠭᠦᠯᠳᠡᠷᠵᠢᠭᠦᠯᠪᠡ᠃ ᠭᠤᠣᠯ ᠮᠦᠷᠡᠨ ᠨᠠᠭᠤᠷ ᠴᠦᠬᠦᠷᠦᠮ ᠤᠨ ᠠᠵᠢᠯ ᠳᠤ ᠬᠠᠷᠢᠭᠤᠴᠠᠬᠤ ᠠᠬᠠᠯᠠᠭᠴᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠪᠠ᠃ ᠲᠥᠯᠥᠪᠯᠡᠪᠡᠰᠦ ᠵᠣᠬᠢᠬᠤ ᠶᠢ ᠨᠢ ᠭᠦᠢᠴᠡᠳ ᠲᠥᠯᠥᠪᠯᠡᠬᠦ᠂ ᠪᠠᠲᠤᠯᠠᠬᠤ ᠶᠢ ᠨᠢ ᠭᠦᠢᠴᠡᠳ ᠪᠠᠲᠤᠯᠠᠬᠤ ᠶᠢ ᠪᠠᠷᠢᠮᠲᠠᠯᠠᠵᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ ᠲᠥᠰᠥᠯ ᠢᠶᠠᠨ ᠨᠠᠶᠢᠷᠠᠭᠤᠯᠤᠨ ᠵᠣᠬᠢᠶᠠᠵᠤ ᠳᠠᠭᠤᠰᠬᠠᠪᠠ᠃      ︵ᠬᠤᠶᠠᠷ︶ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠦᠷ ᠤᠨ ᠵᠠᠯᠭᠠᠯᠳᠤᠨ ᠰᠣᠯᠢᠭᠳᠠᠬᠤ ᠶᠢ ᠲᠦᠷᠭᠡᠳᠬᠡᠪᠡ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠦᠯᠡᠭᠦᠳᠡᠭᠰᠡᠨ ᠦᠢᠯᠡᠳᠪᠦᠷᠢᠯᠡᠬᠦ ᠴᠢᠳᠠᠮᠵᠢ ᠶᠢ ᠨᠠᠮᠳᠠᠭᠠᠨ ᠠᠷᠢᠯᠭᠠᠵᠤ᠂ ︽13 · 5︾ ᠶᠢᠨ ᠲᠥᠯᠥᠪᠵᠢᠭᠦᠯᠭᠡ ᠳᠠᠬᠢ ᠪᠣᠯᠣᠳ ᠲᠡᠮᠦᠷ᠂ ᠨᠡᠭᠦᠷᠡᠰᠦᠨ ᠤ ᠠᠵᠢᠯ ᠲᠥᠷᠥᠯ ᠤᠨ ᠬᠢᠨ ᠤ ᠦᠢᠯᠡᠳᠪᠦᠷᠢᠯᠡᠬᠦ ᠴᠢᠳᠠᠮᠵᠢ ᠶᠢ ᠨᠢ ᠦᠭᠡᠶᠢᠰᠬᠡᠬᠦ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ︽ᠦᠬᠦᠰᠢᠷᠡᠮᠡᠯ ᠠᠵᠤ ᠠᠬᠤᠶᠢᠯᠠᠯ︾ ᠢ ᠲᠦᠷᠭᠡᠳᠬᠡᠨ ᠴᠡᠪᠡᠷᠯᠡᠪᠡ᠃ ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠤᠭᠴᠠ ᠳᠤ ᠭᠠᠶᠢᠯᠢ ᠵᠠᠷᠤᠳᠠᠯ ᠤᠨ ᠳᠠᠷᠤᠭᠠᠰᠤ ᠶᠢ ᠨᠡᠶᠢᠲᠡ 1000 ᠳ᠋ᠦᠩᠰᠢᠭᠤᠷ ᠢᠯᠡᠭᠦᠦ ᠲᠥᠭᠦᠷᠢᠭ ᠬᠠᠰᠤᠵᠤ ᠬᠥᠩᠭᠡᠯᠡᠭᠰᠡᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠰᠢᠭ ᠣᠯᠵᠠᠪᠤᠷᠢ 7.1% ᠨᠡᠮᠡᠭᠳᠡᠵᠦ᠂ ᠡᠳ᠋ ᠬᠥᠷᠥᠩᠭᠡ ᠶᠢᠨ ᠥᠷᠢᠲᠦᠯ 0.7 ᠵᠠᠭᠤᠨ ᠤ ᠴᠡᠭ ᠪᠠᠭᠤᠷᠠᠪᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠨᠡᠭᠦᠷᠡᠰᠦ᠂ ᠬᠤᠪᠣᠷ ᠰᠢᠷᠣᠢ ᠶᠢ ᠤᠯᠠᠷᠢᠭᠤᠯᠤᠭᠰᠠᠨ ᠨᠣᠷᠮ᠎ᠠ ᠲᠤᠰ ᠲᠤᠰ 38.4% ᠪᠠ 80.6% ᠳᠤ ᠬᠦᠷᠪᠡ᠃ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠥᠪᠥᠷ ᠮᠣᠩᠭᠤᠯ ᠤᠨ ᠣᠯᠠᠨ ᠤᠯᠤᠰ ᠤᠨ ᠡᠨᠧᠷᠭᠢ ᠶᠢᠨ ᠶᠡᠭᠡ ᠬᠤᠷᠠᠯ ᠡᠷᠬᠢᠯᠡᠬᠦ ᠶᠢ ᠳᠡᠮᠵᠢᠪᠡ᠃ ᠮᠦᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡᠨ᠂ ᠮᠡᠳᠡᠭᠡ ᠵᠠᠩᠭᠢ ᠵᠡᠷᠭᠡ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠵᠢᠭᠤᠯᠴᠢᠯᠠᠭᠴᠢᠳ ᠤᠨ ᠲᠤᠭ᠎ᠠ ᠪᠣᠯᠣᠨ ᠵᠢᠭᠤᠯᠴᠢᠯᠠᠯ ᠤᠨ ᠦᠢᠯᠡᠰ ᠤᠨ ᠣᠷᠣᠯᠭ᠎ᠠ ᠠᠷᠪᠠᠨ ᠵᠢᠯ ᠳᠠᠷᠠᠭᠠᠯᠠᠨ ᠬᠤᠶᠠᠷ ᠣᠷᠣᠨᠲᠤ ᠪᠠᠷ ᠨᠡᠮᠡᠭᠳᠡᠪᠡ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠦᠢᠯᠡᠰ ᠤᠨ ᠠᠭᠤᠰᠤᠯᠴᠠᠯ ᠢ ᠠᠬᠢᠭᠤᠯᠪᠠ᠃ ᠣᠷᠣᠨ ᠪᠦᠰᠡ ᠶᠢᠨ ᠰᠲ᠋ᠣᠺ ᠤᠨ ᠡᠷᠬᠡ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠶᠢ ᠪᠠᠶᠢᠭᠤᠯᠪᠠ᠃ ᠲᠤᠰᠬᠠᠢ ᠠᠰᠢᠭ ᠭᠤᠶᠤᠴᠢᠯᠠᠬᠤ ᠪᠠ ᠡᠷᠬᠡ ᠣᠯᠭᠤᠭᠰᠠᠨ ᠬᠡᠮᠵᠢᠶ᠎ᠡ ᠲᠤᠰ ᠲᠤᠰ 40.4% ᠪᠠ 53.5% ᠨᠡᠮᠡᠭᠳᠡᠪᠡ᠃ ᠠᠵᠤ ᠠᠬᠤᠶᠢᠯᠠᠯ ᠤᠨ ᠮᠡᠷᠭᠡᠵᠢᠯ ᠢᠶᠠᠨ ᠥᠭᠡᠷᠡᠴᠢᠯᠠᠨ ᠰᠢᠨᠡᠳᠭᠡᠬᠦ᠂ ᠣᠶᠤᠨᠴᠢ ᠪᠠ ᠪᠣᠬᠢᠷᠳᠣᠯ ᠦᠭᠡᠢ ᠪᠠᠷ ᠦᠢᠯᠡᠳᠬᠦ ᠶᠢᠨ ᠵᠢᠱᠢᠶ᠎ᠡ ᠦᠵᠡᠭᠦᠯᠬᠦ 127 ᠲᠥᠷᠥᠯ ᠵᠦᠢᠯ ᠢ ᠳᠡᠮᠵᠢᠪᠡ᠃ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠤᠭᠤᠯᠤᠯᠲᠠ 20% ᠨᠡᠮᠡᠭᠳᠡᠪᠡ᠃      ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠲᠦᠩᠯᠢᠶᠣᠤ ᠠᠴᠠ ᠪᠡᠭᠡᠵᠢᠩ ᠪᠣᠯᠣᠨ ᠮᠥᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠬᠤᠯᠪᠣᠭᠠᠰᠤ ᠱᠤᠭᠤᠮ ᠢ ᠪᠠᠶᠢᠭᠤᠯᠵᠤ ᠳᠠᠭᠤᠰᠬᠠᠨ ᠭᠠᠯᠲᠤ ᠲᠡᠷᠭᠡ ᠨᠡᠪᠲᠡᠷᠡᠭᠦᠯᠵᠦ᠂ ᠤᠯᠠᠭᠠᠨᠬᠠᠳᠠ ᠠᠴᠠ ᠪᠡᠭᠡᠵᠢᠩ ᠪᠣᠯᠣᠨ ᠮᠥᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠬᠤᠯᠪᠣᠭᠠᠰᠤ ᠱᠤᠭᠤᠮ ᠤᠨ ᠵᠠᠮ ᠲᠠᠮᠦᠷ ᠳᠡᠪᠢᠰᠬᠦ ᠱᠠᠲᠤᠨ ᠳᠤ ᠣᠷᠣᠪᠠ᠃ 3200 ᠭᠠᠷᠤᠢ ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ᠪᠥᠬᠦ ᠭᠠᠵᠠᠷ ᠤᠨ ᠤᠷᠲᠤ 20 ᠲᠦᠮᠡᠨ ᠺᠢᠯᠤᠮᠧᠲᠷ ᠢ ᠳᠠᠪᠠᠵᠤ᠂ ᠪᠥᠬᠦ ᠣᠷᠣᠨ ᠳᠠᠬᠢ ᠨᠢᠭᠡᠳᠦᠭᠡᠷ ᠳᠡᠰ ᠤᠨ ᠪᠤᠶᠤ ᠳᠡᠭᠡᠳᠦ ᠬᠤᠷᠳᠤ ᠶᠢᠨ ᠵᠠᠰᠠᠮᠠᠯ ᠵᠠᠮ ᠨᠡᠪᠲᠡᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ 101 ᠪᠣᠯᠪᠠ᠃ ︽ᠳᠦᠷᠪᠡᠨ ᠰᠠᠶᠢᠲᠠᠢ ᠬᠦᠳᠡᠭᠡ ᠲᠣᠰᠬᠤᠨ ᠤ ᠵᠠᠮ︾ ᠢ 6800 ᠺᠢᠯᠤᠮᠧᠲᠷ ᠳᠡᠪᠢᠰᠴᠦ ᠳᠠᠭᠤᠰᠬᠠᠪᠠ᠃ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 2 ᠨᠡᠮᠡᠭᠳᠡᠪᠡ᠃ ᠲᠡᠭᠷᠢᠯᠢᠭ ᠬᠥᠪᠡᠭᠦᠨ ᠠᠭᠠᠷ ᠠᠶᠠᠯᠠᠯ ᠤᠨ ᠺᠣᠮᠫᠠᠨᠢ ᠶᠢ ᠪᠠᠶᠢᠭᠤᠯᠤᠨ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠪᠦᠯᠦᠭᠯᠡᠯ ᠲᠠᠢ ᠬᠠᠮᠲᠤᠷᠠᠨ ᠠᠵᠢᠯᠯᠠᠵᠤ᠂ ᠤᠯᠤᠰ ᠲᠤ ᠪᠠᠨ ᠦᠢᠯᠡᠳᠪᠦᠷᠢᠯᠡᠭᠰᠡᠨ ᠰᠠᠯᠪᠤᠷᠢ ᠱᠤᠭᠤᠮ ᠤᠨ ᠠᠶᠠᠨᠴᠢᠨ ᠤ ᠨᠢᠰᠬᠡᠯ ᠢ ᠬᠤᠳᠠᠯᠳᠤᠨ ᠠᠪᠴᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠵᠢᠩᠬᠢᠨᠢ ᠪᠠᠷ ᠲᠠᠭᠡᠭᠡᠪᠦᠷᠢᠯᠡᠨ ᠠᠵᠢᠯᠯᠠᠭᠤᠯᠤᠨ᠎ᠠ᠃ ᠵᠠᠯᠠᠨ ᠠᠶᠢᠯ ᠳᠤ ᠳᠤᠮᠳᠠᠳᠤ ᠤᠯᠤᠰ ᠤᠨ ᠠᠷᠠᠳ ᠤᠨ ᠠᠭᠠᠷ ᠠᠶᠠᠯᠠᠯ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠭᠡᠭᠴᠢ ᠶᠢᠨ ᠳᠡᠭᠡᠳᠦ ᠰᠤᠷᠭᠠᠭᠤᠯᠢ ᠶᠢ ᠪᠠᠶᠢᠭᠤᠯᠪᠠ᠃      ︵ᠭᠤᠷᠪᠠ︶ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠰᠠᠶᠢᠨ ᠡᠬᠢᠯᠡᠯᠲᠡ ᠲᠠᠢ ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠰᠠᠨᠠᠯ ᠪᠣᠯᠣᠨ ᠲᠥᠯᠥᠪᠵᠢᠭᠦᠯᠭᠡ ᠶᠢ ᠲᠣᠭᠲᠠᠭᠠᠨ ᠨᠡᠶᠢᠲᠡᠯᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 304 ᠲᠦᠮᠡᠨ ᠮᠦ ᠭᠠᠷᠭᠠᠵᠤ᠂ ᠥᠨᠳᠥᠷ ᠪᠦᠲᠦᠮᠵᠢᠲᠡᠢ ᠪᠠᠷ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 234 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠲᠠᠷᠢᠮᠠᠯ ᠤᠨ ᠵᠦᠢᠯ ᠤᠨ ᠶᠡᠷᠦᠩᠬᠡᠶᠢᠯᠡᠨ ᠮᠠᠰᠢᠨᠴᠢᠯᠠᠭᠰᠠᠨ ᠬᠢᠷᠢ ᠲᠦᠪᠰᠢᠨ 84% ᠪᠣᠯᠪᠠ᠃ ᠲᠠᠷᠢᠶᠠᠯᠠᠩ ᠮᠠᠯ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ 3553 ᠲᠦᠮᠡᠨ ᠲᠣᠨ ᠳᠤ ᠬᠦᠷᠪᠡ᠃ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠲᠤᠳᠤᠯᠠᠨ ᠲᠣᠭᠲᠠᠭᠠᠬᠤ ᠪᠠ ᠳᠠᠩᠰᠠᠯᠠᠨ ᠲᠡᠮᠲᠡᠭᠯᠡᠵᠦ ᠦᠨᠡᠮᠯᠡᠯ ᠣᠯᠭᠤᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠪᠡ᠃ ᠰᠢᠨ᠎ᠡ ᠬᠡᠯᠪᠡᠷᠢ ᠪᠦᠬᠦᠢ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠵᠤ᠂ ᠲᠠᠷᠢᠶᠠᠯᠠᠩ ᠮᠠᠯ ᠠᠵᠤ ᠠᠬᠤᠢ ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢ ᠪᠠᠨ ᠨᠢᠭᠲᠠ ᠬᠡᠯᠪᠡᠷᠢ ᠲᠠᠢ ᠪᠠᠷ ᠬᠤᠯᠪᠣᠭᠳᠠᠭᠤᠯᠤᠭᠰᠠᠨ ᠬᠠᠷᠢᠴᠠᠯ 50% ᠳᠤ ᠬᠦᠷᠪᠡ᠃ ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ ᠬᠦᠨᠳᠦ ᠬᠡᠴᠡᠭᠦᠦ ᠭᠡᠮ ᠬᠢᠵᠢᠭ ᠤᠨ ᠪᠠᠶᠢᠳᠠᠯ ᠢ ᠪᠦᠲᠦᠮᠵᠢᠲᠡᠢ ᠡᠷᠬᠡᠰᠢᠶᠡᠪᠡ᠃ ︽ᠬᠦᠯᠡᠮᠵᠢ ᠲᠠᠢ ᠲᠦᠬᠦᠷᠵᠢᠭᠦᠯᠦᠭᠰᠡᠨ ᠭᠡᠷ ᠪᠠᠶᠢᠰᠢᠩ︾ ᠢ ᠠᠷᠢᠯᠭᠠᠨ ᠴᠡᠭᠴᠡᠯᠡᠬᠦ ᠠᠵᠢᠯ ᠢ ᠦᠷᠨᠢᠭᠦᠯᠪᠡ᠃      ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠨ ᠠᠮᠢᠳᠤᠷᠠᠬᠤ ᠤᠷᠴᠢᠨ ᠨᠦᠭᠦᠴᠡᠯ ᠳᠤ ᠴᠡᠭᠴᠡᠯᠡᠨ ᠵᠠᠰᠠᠬᠤ ᠠᠵᠢᠯᠯᠠᠭ᠎ᠠ ᠶᠢ ᠬᠡᠷᠡᠭᠵᠢᠬᠦᠯᠵᠦ᠂ ᠠᠷᠢᠭᠤᠨ ᠴᠡᠪᠡᠷ ᠵᠤᠷᠯᠤᠩ᠂ ᠠᠮᠢᠳᠤᠷᠠᠯ ᠤᠨ ᠬᠤᠭ ᠨᠤᠪᠰᠢ᠂ ᠪᠤᠬᠢᠷ ᠤᠰᠤ ᠶᠢ ᠰᠶᠢᠳᠪᠦᠷᠢᠯᠡᠬᠦ ᠳᠤ ᠪᠦᠲᠦᠭᠡᠨ ᠪᠠᠶᠢᠭᠤᠯᠬᠤ ᠲᠤᠷᠰᠢᠯᠳᠠ ᠶᠢᠨ ᠴᠡᠭ ᠢ ᠦᠷᠨᠢᠬᠦᠯᠵᠦ᠂ ᠡᠯ᠎ᠡ ᠲᠦᠷᠦᠯ ᠤᠨ ᠠᠷᠢᠭᠤᠨ ᠴᠡᠪᠡᠷ ᠵᠤᠷᠯᠤᠩ ᠢ 4 ᠲᠦᠮᠡ ᠭᠠᠷᠤᠢ ᠪᠠᠶᠢᠭᠤᠯᠪᠠ᠃ ᠲᠤᠰᠬᠤᠨ ᠪᠦᠷᠢ ᠳᠤ ᠷᠠᠳᠢᠤ᠋ ᠲᠧᠯᠧᠢᠰ ᠨᠡᠪᠳᠡᠷᠡᠵᠦ ᠪᠠᠶᠢᠬᠰᠠᠨ ᠠᠴᠠ ᠡᠷᠦᠬᠡ ᠪᠤᠯᠭᠠᠨ ᠳᠤ ᠨᠡᠪᠳᠡᠷᠡᠬᠦ ᠲᠡᠶᠢᠰᠢ ᠲᠡᠰ ᠲᠡᠪᠰᠢᠬᠦ ᠶᠢ ᠪᠡᠶᠡᠯᠡᠬᠦᠯᠵᠦ᠂ 98% ᠠᠴᠠ ᠲᠡᠬᠡᠭᠰᠢᠬᠢ ᠵᠠᠰᠠᠭ ᠵᠠᠬᠢᠷᠭᠠᠨ ᠤ ᠲᠤᠰᠬᠤᠨ ᠳᠤ ᠬᠡᠷᠡᠯᠯᠢᠭ ᠰᠢᠷᠬᠡᠭ ᠤᠨ ᠦᠷᠬᠡᠨ ᠪᠦᠰᠡᠳᠦ ᠰᠦᠯᠵᠢᠶ᠎ᠡ ᠣᠷᠣᠭᠤᠯᠪᠠ᠃      ︵ᠲᠦᠷᠪᠡ︶ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ ᠨᠡᠬᠡᠬᠡᠯᠳᠡ ᠬᠢᠬᠦ ᠶᠢ ᠦᠷᠬᠡᠳᠬᠡᠬᠦ ᠶᠢ ᠪᠠᠷᠢᠮᠳᠠᠯᠠᠵᠦ᠂ ᠠᠵᠦ ᠠᠬᠤᠢ ᠪᠠ ᠨᠡᠶᠢᠬᠡᠮ ᠤᠨ ᠭᠦᠭᠵᠢᠯᠳᠡ ᠶᠢᠨ ᠠᠮᠢᠵᠢᠷᠠᠯ ᠤᠨ ᠭᠦᠴᠦᠨ ᠢ ᠭᠦᠭᠵᠢᠬᠡᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠢ ᠠᠬᠢᠭᠤᠯᠵᠦ᠂ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠ ᠠᠵᠦ ᠠᠬᠤᠶᠢᠯᠠᠯ ᠨᠡᠬᠡᠬᠡᠨ ᠡᠷᠬᠢᠯᠡᠬᠦ ᠴᠠᠭ ᠢ ᠲᠤᠰ ᠪᠦᠷᠢ 13 ᠠᠵᠢᠯᠯᠠᠬᠤ ᠡᠳᠦᠷ ᠪᠠ 5 ᠠᠵᠢᠯᠯᠠᠬᠤ ᠡᠳᠦᠷ ᠪᠤᠯᠭᠠᠨ ᠪᠤᠭᠤᠨᠢᠰᠬᠠᠪᠠ᠃ ᠤᠯᠠᠨ ᠦᠨᠡᠮᠯᠡᠯ ᠢ ᠨᠢᠬᠡᠳᠦᠬᠦᠯᠵᠦ ᠨᠢᠬᠡ ᠪᠤᠯᠭᠠᠬᠤ᠂ ︽ᠬᠡᠷᠡᠴᠢ ᠪᠠ ᠦᠨᠡᠮᠯᠡᠯ ᠢ ᠰᠠᠯᠭᠠᠬᠤ︾ ᠦᠬᠡᠷᠡᠴᠢᠯᠡᠯᠳᠡ ᠶᠢ ᠶᠠᠪᠤᠨᠨᠳᠠᠭᠤᠯᠵᠦ᠂ ︽ᠡᠵᠡᠩᠨᠡᠬᠦ ᠬᠡᠷᠡᠴᠢ ᠦᠨᠡᠮᠯᠡᠯ ᠢ ᠭᠠᠷᠳ᠋ᠬᠠᠰᠠᠨ ᠴᠤ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠤᠯᠬᠤ ᠳᠤ ᠪᠡᠷᠬᠡ︾ ᠠᠰᠠᠭᠤᠳᠠᠯ ᠢ ᠠᠯᠬᠤᠮ ᠠᠯᠬᠤᠮ ᠢᠶᠠᠷ ᠰᠶᠢᠳᠪᠦᠷᠢᠯᠡᠪᠡ᠃ ᠠᠶᠢᠮᠠᠭ ᠬᠤᠳᠠ ᠶᠢᠨ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠦᠨᠡᠯᠡᠬᠦ ᠠᠵᠢᠯ ᠢ ᠠᠩᠬ᠎ᠠ ᠤᠳᠠᠭ᠎ᠠ ᠦᠷᠨᠢᠬᠦᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠶᠠᠪᠤᠴᠠ ᠳᠤ ᠤᠷᠤᠰᠢᠵᠦ ᠪᠠᠶᠢᠭ᠎ᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠤᠳ ᠲᠤ ᠢᠯᠡ ᠪᠠᠷ ᠪᠠᠶᠢᠴᠠᠭᠠᠵᠤ ᠲᠠᠯᠳᠠᠭᠤᠷ ᠰᠣᠷᠪᠣᠯᠵᠢᠯᠠᠬᠤ ᠶᠢ ᠦᠷᠨᠢᠭᠦᠯᠵᠦ᠂ ᠤᠯᠠᠨ ᠲᠦᠮᠡᠨ ᠢ ᠵᠤᠪᠠᠭᠠᠵᠦ ᠪᠠᠶᠢᠨᠨᠰᠠᠨ ᠤᠴᠢᠷ ᠶᠠᠪᠤᠳᠠᠯ ᠢ ᠰᠢᠢᠳᠪᠦᠷᠢᠯᠡᠬᠦ ᠶᠢ ᠨᠢ ᠠᠬᠢᠭᠤᠯᠪᠠ᠃ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠲᠡᠯᠬᠡᠭᠦᠷᠴᠢᠯᠡᠵᠦ ᠬᠢᠮᠳᠠ ᠪᠠᠷ ᠬᠤᠳᠠᠯᠳᠤᠬᠤ ᠶᠢ ᠪᠦᠭᠦ ᠲᠠᠯ᠎ᠠ ᠪᠠᠷ ᠬᠡᠷᠡᠭᠵᠢᠬᠦᠯᠪᠡ᠃ ᠴᠠᠬᠢᠯᠭᠠᠨ ᠭᠦᠴᠦᠨ ᠤ ᠴᠠᠬᠢᠯᠭᠠᠨ ᠲᠠᠮᠵᠢᠭᠤᠯᠬᠤ ᠪᠠ ᠲᠥᠭᠡᠬᠡᠬᠦ᠂ ᠤᠯᠠᠨ ᠲᠠᠯᠠᠳᠤ ᠠᠷᠠᠯᠵᠢᠶ᠎ᠠ᠂ ᠦᠨ᠎ᠡ ᠬᠠᠶᠠᠯᠴᠠᠨ ᠦᠷᠢᠰᠦᠯᠳᠦᠵᠦ ᠲᠣᠣᠷ ᠲᠤ ᠣᠷᠣᠭᠤᠯᠬᠤ ᠵᠡᠷᠬᠡ ᠦᠬᠡᠷᠡᠴᠢᠯᠡᠯᠳᠡ ᠶᠢ ᠠᠬᠢᠭᠤᠯᠪᠠ᠃ ᠤᠯᠤᠰ ᠤᠨ ᠦᠮᠴᠢᠯᠡᠯᠳᠦ ᠡᠳ᠋ ᠭᠦᠷᠦᠩᠬᠡ ᠪᠠ ᠤᠯᠤᠰ ᠤᠨ ᠦᠮᠴᠢᠯᠠᠯᠳᠦ ᠠᠵᠦ ᠠᠬᠤᠶᠢᠯᠠᠯ᠂ ᠡᠳ᠋ ᠤᠨ ᠵᠠᠰᠠᠭ ᠭᠠᠶᠢᠯᠢ ᠮᠦᠩᠬᠦᠨ ᠭᠦᠢᠯᠬᠡᠬᠡ ᠵᠡᠷᠬᠡ ᠭᠦᠷᠢᠶ᠎ᠡ ᠴᠠᠷᠠᠭᠠᠨ ᠳᠠᠬᠢ ᠦᠬᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠳ ᠤᠨ ᠴᠢᠨᠠᠷ ᠰᠠᠶᠢᠳᠠᠢ ᠬᠥᠭᠵᠢᠬᠦ ᠶᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠳᠡᠯᠡᠵᠦ᠂ ᠠᠵᠦ ᠠᠬᠤᠶᠢᠯᠠᠯ ᠤᠨ ᠬᠦᠴᠢᠷᠳᠡᠯ ᠢ ᠲᠠᠶᠢᠯᠵᠤ ᠭᠦᠭᠵᠢᠬᠦᠯᠬᠦ ᠰᠠᠭᠤᠷᠢ ᠮᠦᠩᠭᠦ᠂ ᠭᠦᠢᠯᠭᠡᠭᠡᠨ ᠤ ᠴᠢᠨᠠᠷᠲᠠᠢ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠦᠩᠬᠦ ᠶᠢ ᠪᠠᠶᠢᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠢ ᠬᠠᠪᠰᠤᠷᠴᠤ ᠪᠠᠶᠢᠭᠠᠳ ᠭᠦᠭᠵᠢᠯᠳᠡ ᠶᠢᠨ ᠶᠠᠪᠤᠴᠠ ᠳᠤ ᠨᠢ ᠲᠤᠯᠭᠠᠷᠬᠠᠰᠠᠨ ᠭᠦᠴᠢᠷᠳᠡᠯ ᠪᠠ ᠠᠰᠠᠭᠤᠳᠠᠯ ᠤᠳ ᠢ ᠰᠶᠢᠳᠪᠦᠷᠢᠯᠡᠪᠡ᠃      ᠨᠡᠬᠡᠬᠡᠯᠳᠡ ᠬᠢᠬᠦ ᠶᠢ ᠪᠦᠭᠦ ᠲᠠᠯ᠎ᠠ ᠪᠠᠷ ᠦᠷᠬᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 1000 ᠳ᠋ᠦᠩᠰᠢᠭᠤᠷ ᠲᠦᠭᠦᠷᠢᠭ ᠢ ᠳᠠᠪᠠᠵᠤ᠂ 9.9% ᠨᠡᠮᠡᠭᠳᠡᠪᠡ᠃ ᠮᠠᠨ ᠤ ᠤᠷᠤᠨ ᠠᠴᠠ ᠠᠶᠠᠯᠠᠯ ᠢᠶᠠᠨ ᠡᠬᠢᠯᠡᠬᠦᠯᠵᠦ ᠪᠠᠶᠢᠭ᠎ᠠ ᠲᠤᠮᠳᠠᠳᠤ ᠡᠸᠦ᠋ᠷᠦᠫᠡ ᠶᠢᠨ ᠡᠬᠡᠯᠵᠢ ᠶᠢᠨ ᠭᠠᠯᠳᠤ ᠲᠡᠷᠭᠡᠨ ᠤ ᠲᠡᠭᠡᠭᠡᠪᠦᠷᠢ 1.4 ᠲᠠᠬᠢᠨ ᠨᠡᠮᠡᠭᠳᠡᠪᠡ᠃ ᠤᠷᠤᠰ ᠮᠤᠩᠭᠤᠯ ᠯᠤᠭ᠎ᠠ ᠬᠠᠮᠳᠤᠷᠠᠨ ᠠᠵᠢᠯᠯᠠᠬᠤ ᠲᠤᠨᠨᠳᠠᠴᠠ ᠳᠤ ᠰᠢᠨ᠎ᠠ ᠶᠢ ᠡᠭᠦᠳᠴᠤ᠂ ᠮᠤᠩᠭᠤᠯ ᠤᠯᠤᠰ ᠲᠠᠢ 5 ᠨᠦᠭᠦᠷᠰᠡᠭ ᠬᠤᠳᠠ ᠶᠢᠨ ᠬᠠᠷᠢᠴᠠᠭ᠎ᠠ ᠪᠠᠶᠢᠭᠤᠯᠪᠠ᠃ ᠶᠠᠫᠤᠨ᠂ ᠺᠤᠷᠢᠶᠠ ᠵᠢᠴᠢ ᠰᠢᠶᠠᠩᠭᠠᠩ ᠤᠤᠮᠧᠨ ᠤ ᠭᠠᠵᠠᠷ ᠤᠷᠤᠨ ᠲᠠᠢ ᠠᠵᠦ ᠠᠬᠤᠢ ᠠᠷᠠᠯᠵᠢᠶ᠎ᠠ ᠶᠢᠨ ᠲᠠᠯ᠎ᠠ ᠪᠠᠷ ᠬᠠᠮᠳᠤᠷᠠᠨ ᠠᠵᠢᠯᠯᠠᠬᠤ ᠪᠠᠨ ᠭᠦᠨᠵᠡᠭᠡᠶᠢᠷᠡᠭᠦᠯᠪᠡ᠃ 1700 ᠭᠠᠷᠤᠢ ᠠᠵᠦ ᠠᠬᠤᠶᠢᠯᠠᠯ ᠢ ᠵᠤᠬᠢᠶᠠᠨ ᠪᠠᠶᠢᠭᠤᠯᠵᠦ ᠪᠠᠶᠢᠭᠠᠳ ᠲᠤᠮᠳᠠᠳᠤ ᠤᠯᠤᠰ ᠤᠨ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠳᠤ ᠤᠷᠤᠯᠴᠠᠭᠤᠯᠪᠠ᠃ ᠠᠩᠬᠠᠳᠤᠭᠠᠷ ᠬᠤᠭᠤᠴᠠᠭᠠᠨ ᠤ ᠷᠠᠰᠢᠶᠠᠨ ᠤ ᠶᠠᠷᠢᠶᠠᠨ ᠤ ᠲᠡᠪᠴᠡᠩ ᠡᠷᠬᠢᠯᠡᠬᠦ ᠶᠢ ᠲᠡᠮᠵᠢᠪᠡ᠃      ᠤᠯᠤᠰ ᠤᠨ ᠶᠠᠮᠤᠨ ᠬᠡᠯᠳᠡᠰ᠂ ᠪᠤᠰᠤᠳ ᠮᠤᠵᠢ ᠤᠷᠤᠨ ᠬᠤᠳᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ᠂ ᠲᠡᠬᠡᠳᠦ ᠵᠡᠷᠬᠡ ᠶᠢᠨ ᠰᠤᠷᠭᠠᠭᠤᠯᠢ ᠪᠠ ᠲᠦᠪ ᠤᠨ ᠠᠵᠦ ᠠᠬᠤᠶᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠪᠠ᠃ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠬᠤᠷᠠᠯᠳᠤᠭᠤᠯᠵᠦ᠂ ᠦᠪᠦᠷ ᠮᠤᠩᠭᠤᠯ ᠤᠨ ᠬᠤᠳᠠᠯᠳᠤᠭᠠᠴᠢᠳ ᠤᠨ ᠨᠦᠯᠦᠬᠡᠯᠡᠬᠦ ᠭᠦᠴᠦᠨ ᠦᠷᠭᠦᠯᠵᠢᠯᠡᠨ ᠥᠷᠭᠡᠵᠢᠪᠡ᠃      ︵ᠲᠠᠪᠤ︶ ᠠᠷᠠᠳ ᠲᠦᠮᠡᠨ ᠢᠶᠠᠷ ᠭᠤᠤᠯ ᠪᠤᠯᠭᠠᠨᠨᠰᠠᠨ ᠭᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠳᠤᠯᠠᠨ ᠰᠠᠶᠢᠵᠢᠷᠠᠭᠤᠯᠪᠠ᠃ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠳᠤ ᠪᠦᠭᠦ ᠤᠷᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ 70.1% ᠶᠢ ᠡᠵᠡᠯᠡᠪᠡ᠃ ᠬᠤᠳᠠ ᠪᠠᠯᠭᠠᠰᠤᠨ ᠤ ᠠᠵᠢᠯ ᠤᠯᠤᠨᠨᠰᠠᠳ 25.9 ᠲᠦᠮᠡᠨ ᠭᠦᠮᠦᠨ ᠰᠢᠨ᠎ᠠ ᠪᠠᠷ ᠨᠡᠮᠡᠭᠳᠡᠵᠦ᠂ ᠬᠤᠳᠠ ᠪᠠᠯᠭᠠᠰᠤᠨ ᠳᠤ ᠲᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 3.58% ᠶᠢᠨ ᠨᠡᠯᠢᠶᠡᠳ ᠲᠤᠤᠷ᠎ᠠ ᠬᠢᠷᠢ ᠲᠦᠪᠰᠢᠨ ᠳᠤ ᠡᠵᠡᠮᠳᠡᠵᠦ᠂ ᠭᠤᠤᠯᠳᠠᠯᠭ᠎ᠠ ᠲᠠᠢ ᠭᠦᠮᠦᠰ ᠠᠵᠢᠯ ᠤᠯᠬᠤ ᠳᠤ ᠪᠠᠳᠤᠯᠠᠭ᠎ᠠ ᠲᠠᠢ ᠪᠤᠯᠪᠠ᠃ ᠨᠠᠰᠤᠵᠢᠯ ᠤᠨ ᠠᠰᠠᠷᠠᠮᠵᠢ᠂ ᠡᠮᠴᠢᠯᠡᠬᠡᠨ ᠤ ᠲᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠤᠨᠴᠠ ᠬᠦᠴᠢᠷᠳᠡᠯᠳᠡᠢ ᠬᠦᠮᠦᠨ᠂ ᠬᠦᠴᠢᠷᠳᠡᠯᠳᠡᠢ ᠵᠡᠮᠳᠡᠭᠴᠤᠳ ᠪᠤᠯᠤᠨ ᠬᠢᠯᠢ ᠶᠢᠨ ᠠᠷᠠᠳ ᠤᠨ ᠨᠦᠬᠦᠪᠦᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠪᠡ᠃ ᠬᠤᠳᠠ ᠪᠠᠯᠭᠠᠰᠤᠨ ᠤ ᠠᠵᠢᠯᠳᠠᠨ ᠠᠵᠢᠯᠴᠢᠨ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠳᠤ ᠰᠠᠭᠤᠵᠤ ᠡᠮᠨᠡᠭᠦᠯᠦᠭᠰᠡᠨ ᠰᠦᠢᠳᠬᠡᠯ ᠢ ᠲᠦᠷᠦ ᠶᠢᠨ ᠪᠤᠳᠤᠯᠭ᠎ᠠ ᠪᠠᠷ ᠲᠠᠩᠰᠠ ᠠᠴᠠ ᠲᠠᠶᠢᠯᠬᠤ ᠵᠠᠷᠤᠳᠠᠯ ᠤᠨ ᠲᠤᠮᠳᠠᠴᠢ ᠬᠠᠷᠢᠴᠠᠯ ᠢ ᠲᠤᠰ ᠪᠦᠷᠢ 85% ᠤᠷᠴᠢᠮ ᠪᠠ 75% ᠤᠷᠴᠢᠮ ᠪᠣᠯᠭᠠᠵᠤ᠂ ᠭᠦᠨᠳᠦ ᠡᠪᠡᠳᠴᠢᠨ ᠪᠤᠯᠭᠠᠨ ᠳᠤ ᠲᠠᠭᠠᠳᠬᠠᠯ ᠲᠠᠢ ᠪᠠᠶᠢᠯᠭᠠᠬᠤ ᠶᠢ ᠪᠡᠶᠡᠯᠡᠬᠦᠯᠪᠡ᠃ ︽ᠬᠠᠷᠠᠭ᠎ᠠ ᠤᠷᠤᠭᠤᠯᠬᠤ ᠠᠶᠠᠯᠠᠯ︾ ᠬᠡᠮᠡᠬᠦ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠠᠷᠪᠠᠳᠤᠭᠠᠷ ᠬᠤᠭᠤᠴᠠᠭᠠᠨ ᠤ ᠲᠤᠮᠳᠠᠳᠤ ᠶᠢᠨ ᠨᠢᠭᠦᠯᠡᠰᠦᠩᠬᠦᠢ ᠶᠢᠨ ᠱᠠᠩᠨᠠᠯ ᠢ ᠬᠦᠷᠲᠡᠵᠦ᠂ ᠶᠠᠳᠠᠭᠤ ᠬᠦᠴᠢᠷᠳᠡᠯᠲᠡᠢ ᠴᠠᠭᠠᠨ ᠬᠠᠷᠠᠩ ᠲᠠᠢ 2 ᠲᠦᠮᠡ ᠭᠠᠷᠤᠢ ᠡᠪᠡᠳᠴᠢᠲᠡᠨ ᠳᠤ ᠬᠠᠷᠠᠭ᠎ᠠ ᠤᠷᠤᠭᠤᠯᠪᠠ᠃ ᠲᠦᠭᠦᠮ ᠪᠦᠳᠦᠭᠦᠯᠢᠭ ᠤᠷᠤᠨ ᠰᠠᠭᠤᠴᠠᠳᠤ ᠲᠤᠭᠤᠷᠢᠭ ᠲᠤ 14.2 ᠲᠦᠮᠡᠨ ᠢᠵᠢ ᠭᠡᠷ ᠪᠠᠶᠢᠰᠢᠩ ᠪᠠ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠬᠡᠷ ᠪᠠᠶᠢᠰᠢᠩ ᠢ 6.02 ᠲᠦᠮᠡᠨ ᠡᠷᠦᠬᠡ ᠦᠬᠡᠷᠡᠴᠢᠯᠡᠨ ᠰᠢᠨᠡᠳᠭᠡᠵᠦ᠂ ᠠᠵᠢᠯ ᠡᠬᠢᠯᠡᠭᠦᠯᠦᠭᠰᠡᠨ ᠨᠤᠷᠮ᠎ᠠ 100% ᠳᠤ ᠭᠦᠷᠪᠡ᠃ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠤᠵᠢᠭᠤᠯᠤᠨ ᠲᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ 78 ᠲᠦᠮᠡᠨ ᠮᠠᠯᠴᠢᠨ ᠲᠠᠷᠢᠶᠠᠴᠢᠳ ᠠᠰᠢᠭ ᠭᠦᠷᠳᠡᠪᠡ᠃      ᠨᠡᠶᠢᠬᠡᠮ ᠤᠨ ᠠᠵᠢᠯ ᠦᠢᠯᠡᠰ ᠲᠦᠷᠬᠡᠨ ᠢᠶᠠᠷ ᠭᠦᠭᠵᠢᠵᠦ᠂ ᠰᠤᠷᠭᠠᠭᠤᠯᠢ ᠶᠢᠨ ᠰᠤᠷᠤᠨᠨᠴᠢ ᠪᠦᠷᠢ ᠶᠢᠨ ᠵᠠᠷᠤᠳᠠᠯ ᠤᠨ ᠪᠠᠷᠢᠮᠵᠢᠶ᠎ᠠ ᠶᠢ ᠲᠡᠬᠡᠭᠰᠢᠯᠡᠬᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠭᠦᠮᠦᠵᠢᠯ ᠤᠨ ᠴᠡᠴᠡᠷᠯᠢᠭ ᠲᠤ ᠤᠷᠤᠨᠨᠰᠠᠨ ᠪᠦᠭᠦ ᠨᠤᠷᠮ᠎ᠠ ᠨᠢ ᠪᠦᠭᠦ ᠤᠯᠤᠰ ᠤᠨ ᠲᠤᠮᠳᠠᠴᠢ ᠬᠢᠷᠢ ᠲᠦᠪᠰᠢᠨ ᠠᠴᠠ 14.5 ᠵᠠᠭᠤᠨ ᠤ ᠴᠡᠭ ᠦᠨᠳᠦᠷ ᠪᠠᠶᠢᠵᠦ᠂ 102 ᠬᠤᠰᠢᠭᠤ ᠰᠢᠶᠠᠨ ︵ᠬᠤᠳᠠ᠂ ᠲᠤᠭᠤᠷᠢᠭ︶ ᠨᠢ ᠤᠯᠤᠰ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠢ ᠲᠡᠩᠴᠡᠭᠦᠷᠢᠳᠡᠢ ᠭᠦᠭᠵᠢᠬᠦᠯᠬᠦ ᠪᠠᠨ ᠦᠨᠡᠯᠡᠨ ᠵᠢᠱᠢᠬᠦ ᠪᠠ ᠮᠠᠭᠠᠳᠯᠠᠨ ᠲᠤᠨᠨᠳᠠᠭᠠᠬᠤ ᠪᠠᠷ ᠪᠠᠲᠤᠯᠠᠭᠤᠯᠪᠠ᠃ 93% ᠠᠴᠠ ᠲᠡᠬᠡᠭᠰᠢᠬᠢ ᠲᠤᠮᠳᠠᠳᠤ ᠪᠠᠭ᠎ᠠ ᠰᠤᠷᠭᠠᠭᠤᠯᠢ ᠨᠢ ᠮᠡᠳᠡᠭᠡ ᠵᠠᠩᠬᠢᠴᠢᠯᠠᠬᠰᠠᠨ ᠵᠢᠭᠠᠨ ᠰᠤᠷᠭᠠᠯᠳᠠ ᠶᠢ ᠠᠰᠢᠬᠯᠠᠪᠠ᠃ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠳᠠᠬᠢ ᠰᠤᠷᠭᠠᠭᠤᠯᠢ ᠶᠢᠨ ︽ᠲᠤᠮᠤ ᠬᠠᠨᠵᠦ︾᠂ ᠭᠠᠳᠠᠨᠠᠬᠢ ᠵᠤᠷᠯᠤᠩ᠂ ᠰᠦᠷᠴᠢᠮᠡᠯ ᠤᠬᠢᠶᠠᠯ᠂ ᠳᠤᠯᠠᠭᠠᠯᠠᠭ᠎ᠠ ᠬᠠᠩᠭᠠᠬᠤ ᠵᠡᠷᠬᠡ ᠠᠰᠠᠭᠤᠳᠠᠯ ᠤᠳ ᠢ ᠦᠨᠳᠦᠰᠦᠨ ᠳᠤ ᠪᠠᠨ ᠰᠶᠢᠳᠪᠦᠷᠢᠯᠡᠪᠡ᠃ ᠳᠡᠭᠡᠳᠦ ᠵᠡᠷᠬᠡ ᠶᠢᠨ ᠰᠤᠷᠭᠠᠨ ᠭᠦᠮᠦᠵᠢᠯ ᠤᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠳᠠ ᠯᠠᠪᠳᠠᠭᠤᠨ ᠢᠶᠠᠷ ᠠᠬᠢᠪᠠ᠃ ᠬᠡᠷ ᠤᠨ ᠠᠮᠢᠳᠤᠷᠠᠯ ᠨᠢ ᠶᠠᠳᠠᠭᠤ ᠭᠦᠴᠢᠷᠳᠡᠯᠳᠡᠢ 1.9 ᠲᠦᠮᠡᠨ ᠰᠤᠷᠤᠨᠨᠴᠢᠳ ᠢ ᠵᠤᠭᠤᠰ ᠢᠶᠠᠷ ᠲᠤᠰᠠᠯᠠᠪᠠ᠃ ᠦᠨᠳᠦᠰᠦᠳᠡᠨ ᠤ ᠰᠤᠷᠭᠠᠨ ᠭᠦᠮᠦᠵᠢᠯ ᠤᠨ ᠬᠢᠷᠢ ᠲᠦᠪᠰᠢᠨ ᠤᠯᠠᠮ ᠨᠢᠬᠡ ᠠᠯᠬᠤᠮ ᠲᠡᠬᠡᠭᠰᠢᠯᠡᠪᠡ᠃ ᠱᠠᠳᠤ ᠬᠤᠪᠢᠶᠠᠵᠦ ᠤᠨᠤᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠵᠤ᠂ ᠭᠤᠷᠪᠠᠳᠤᠭᠠᠷ ᠲᠡᠰ ᠤᠨ ᠡᠮᠨᠡᠯᠬᠡ ᠶᠢᠨ ᠬᠤᠷᠢᠶ᠎ᠠ ᠪᠦᠭᠦᠨ ᠢ ᠡᠮᠨᠡᠯᠬᠡ ᠶᠢᠨ ᠬᠤᠯᠪᠤᠭᠠᠳᠤ ᠴᠤᠨᠨᠴᠠ ᠶᠢᠨ ᠪᠠᠶᠢᠭᠤᠯᠤᠯᠳᠠ ᠳᠤ ᠤᠷᠤᠯᠴᠠᠭᠤᠯᠪᠠ᠃ 97 ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠶᠢ ᠠᠯᠤᠰ ᠡᠮᠴᠢᠯᠡᠬᠡᠨ ᠤ ᠰᠦᠯᠵᠢᠶ᠎ᠠ ᠳᠤ ᠵᠠᠯᠭᠠᠨ ᠤᠷᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠠᠵᠢᠯᠲᠠᠳ ᠲᠤ ᠬᠠᠷᠢᠭᠤ ᠢᠯᠡᠭᠡᠭᠰᠡᠨ ᠵᠠᠬᠢᠳᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠤᠯᠠᠭᠠᠨᠮᠦ᠋ᠴᠢᠷ ᠤᠨ ᠠᠵᠢᠯ ᠤᠨ ᠲᠤᠬᠠᠢ ᠭᠡᠷᠡᠯ ᠵᠢᠷᠤᠭ ᠤᠨ ᠲᠤᠭᠤᠷᠢᠨ ᠦᠵᠡᠭᠦᠯᠭᠡ᠂ ᠰᠠᠭᠤᠳᠠᠯ ᠤᠨ ᠬᠤᠷᠠᠯ ᠵᠡᠷᠭᠡ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠪᠠ᠃ ᠪᠦᠬᠦ ᠤᠷᠤᠨ ᠤ ᠤᠳᠬ᠎ᠠ ᠤᠷᠠᠯᠢᠬ ᠤᠨ ᠬᠦᠷᠢᠶᠡᠯᠡᠩ ᠪᠦᠯᠬᠦᠮ ᠨᠢ ᠦᠨᠳᠦᠰᠦᠨ ᠱᠠᠳᠤᠨ ᠳᠤ ᠬᠠᠨᠳᠤᠵᠤ᠂ ᠤᠯᠠᠨ ᠲᠦᠮᠡᠨ ᠳᠤ ᠦᠢᠯᠡᠴᠢᠯᠡᠵᠦ᠂ ᠠᠷᠠᠳ ᠢ ᠬᠠᠯᠠᠮᠵᠢᠯᠠᠬᠤ ᠡᠯ᠎ᠠ ᠲᠦᠷᠦᠯ ᠤᠨ ᠲᠤᠬᠯᠠᠯᠳᠠ ᠶᠢ ᠲᠦᠮᠡ ᠭᠠᠷᠤᠢ ᠤᠳᠠᠭ᠎ᠠ ᠦᠷᠨᠢᠬᠦᠯᠪᠡ᠃ ᠨᠤᠮ ᠤᠨ ᠰᠠᠩ᠂ ᠰᠤᠶᠤᠯ ᠤᠨ ᠤᠷᠳᠤᠨ᠂ ᠮᠦᠽᠸᠢ᠂ ᠦᠨᠳᠦᠰᠦᠨ ᠱᠠᠳᠤᠨ ᠤ ᠰᠤᠶᠤᠯ ᠤᠨ ᠦᠷᠳᠡᠭᠡ ᠪᠦᠭᠦᠨ ᠢ ᠨᠡᠶᠢᠬᠡᠮ ᠨᠡᠶᠢᠳᠡ ᠳᠤ ᠰᠦᠢᠳᠬᠡᠯ ᠬᠤᠷᠢᠶᠠᠬᠤ ᠦᠬᠡᠢ ᠪᠠᠷ ᠨᠡᠬᠡᠬᠡᠪᠡ ᠃ ᠦᠪᠡᠷᠳᠡᠬᠡᠨ ᠵᠠᠰᠠᠬᠤ ᠤᠷᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠲᠠᠮᠢᠷ ᠤᠨ ᠴᠤᠨᠨᠯᠠᠭᠠᠨ ᠪᠠ ᠲᠠᠪᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠨᠨᠯᠠᠭᠠᠨ ᠢ ᠠᠮᠵᠢᠯᠳᠠ ᠲᠠᠢ ᠡᠷᠬᠢᠯᠡᠪᠡ᠃ ᠤᠯᠤᠰ ᠤᠨ ᠭᠦᠯ ᠪᠦᠮᠪᠦᠬᠡᠨ ᠤ ᠭᠦᠳᠡᠯᠬᠡᠬᠡᠨ ᠢ ᠦᠬᠡᠷᠡᠴᠢᠯᠡᠵᠦ ᠭᠦᠭᠵᠢᠬᠦᠯᠬᠦ ᠲᠣᠷᠰᠢᠯᠲᠠ ᠶᠢᠨ ᠠᠵᠢᠯ ᠢᠳᠡᠪᠬᠢᠳᠡᠢ ᠠᠬᠢᠴᠠ ᠲᠠᠢ ᠪᠣᠯᠪᠠ᠃ ᠡᠪᠤᠯ ᠤᠨ ᠤᠯᠢᠮᠫᠢᠺ ᠤᠨ ᠲᠠᠮᠢᠷ ᠤᠨ ᠴᠤᠨᠨᠯᠠᠭᠠᠨ ᠳᠤ ᠶᠠᠷᠤ ᠠᠴᠠ ᠱᠠᠩᠨᠠᠯ ᠭᠠᠷᠳᠠᠭᠰᠠᠨ ᠦᠬᠡᠢ ᠲᠡᠤᠬᠡ ᠶᠢ ᠡᠴᠦᠰᠯᠡᠭᠦᠯᠪᠡ᠃ ᠲᠤᠮᠳᠠᠳᠤ ᠤᠯᠤᠰ ᠤᠨ ᠰᠠᠨᠰᠠᠷ ᠤᠨ ᠠᠶᠠᠯᠠᠯ ᠳᠤ ᠦᠪᠦᠷ ᠮᠤᠩᠭᠤᠯ ᠤᠨ ᠠᠷᠠᠳ ᠲᠦᠮᠡᠨ ᠭᠦᠴᠦ ᠨᠡᠮᠡᠷᠢᠯᠡᠭᠰᠡᠨ 60 ᠵᠢᠯ ᠤᠨ ᠤᠢ ᠶᠢᠨ ᠬᠡᠷᠡᠯ ᠵᠢᠷᠤᠭ ᠤᠨ ᠲᠤᠭᠤᠷᠢᠨ ᠦᠵᠡᠬᠦᠯᠬᠡ ᠶᠢ ᠡᠷᠬᠢᠯᠡᠪᠡ᠃      ᠱᠠᠰᠢᠨ ᠰᠤᠷᠳᠠᠬᠤᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠪᠠ᠃ ᠲᠤᠭ᠎ᠠ ᠪᠦᠷᠢᠳᠬᠡᠯ ᠪᠠᠶᠢᠴᠠᠭᠠᠨ ᠰᠤᠳᠤᠯᠤᠯᠲᠠ᠂ ᠠᠷᠠᠳ ᠤᠨ ᠠᠭᠠᠷ ᠤᠨ ᠰᠡᠷᠬᠡᠶᠢᠯᠡᠯᠳᠡ᠂ ᠭᠠᠵᠠᠷ ᠭᠦᠳᠡᠯᠦᠯᠳᠡ ᠴᠠᠭ ᠠᠭᠤᠷ᠂ ᠨᠡᠶᠢᠬᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠤᠬᠡ ᠤᠶᠢᠯᠠᠯᠭ᠎ᠠ᠂ ᠵᠦᠪᠳᠡᠭᠴᠢ ᠪᠠ ᠲᠡᠤᠬᠡ ᠰᠤᠶᠤᠯ᠂ ᠭᠠᠳᠠᠭᠠᠳᠤ ᠶᠠᠪᠤᠳᠠᠯ ᠪᠠ ᠬᠠᠷᠢᠶᠠᠳᠤ ᠶᠢᠨ ᠶᠠᠪᠤᠳᠠᠯ ᠵᠡᠷᠬᠡ ᠠᠵᠢᠯ ᠤᠳ ᠢ ᠴᠢᠩᠭᠠᠳᠬᠠᠵᠦ᠂ ᠤᠯᠠᠭᠠᠨ ᠵᠠᠭᠠᠯᠮᠠᠶᠢᠳᠠᠨ ᠂ ᠡᠮᠡᠭᠳᠡᠶᠢᠴᠦᠳ ᠪᠠ ᠬᠡᠤᠬᠡᠳ᠂ ᠨᠠᠰᠤᠲᠠᠶᠢᠴᠤᠳ ᠪᠠ ᠵᠡᠮᠳᠡᠭᠴᠦᠳ ᠤᠨ ᠠᠵᠢᠯ ᠦᠢᠯᠡᠰ ᠴᠦᠮ ᠰᠢᠨ᠎ᠠ ᠠᠬᠢᠯᠳᠠ ᠲᠠᠢ ᠪᠤᠯᠪᠠ᠃ ᠨᠡᠶᠢᠭᠡᠮ ᠤᠨ ᠵᠠᠰᠠᠯᠲᠠ ᠶᠢ ᠴᠢᠩᠭᠠᠳᠬᠠᠪᠠ᠃ ᠵᠠᠬᠢᠳᠠᠯ ᠰᠤᠷᠪᠣᠯᠵᠢᠯᠠᠯ ᠤᠨ ᠠᠵᠢᠯ ᠳᠤ ᠰᠢᠨ᠎ᠡ ᠶᠢ ᠡᠭᠦᠳᠪᠡ᠃ ᠢᠳᠡᠬᠡᠨ ᠪᠠ ᠡᠮ ᠤᠨ ᠵᠦᠢᠯ ᠤᠨ ᠲᠦᠭᠰᠢᠭᠦᠷᠢ ᠶᠢ ᠪᠦᠭᠦ ᠶᠠᠪᠤᠴᠠ ᠳᠤ ᠨᠢ ᠬᠠᠮᠢᠶᠠᠷᠤᠨ ᠡᠵᠡᠮᠳᠡᠬᠦ ᠪᠠᠨ ᠴᠢᠩᠭᠠᠷᠠᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠪᠠᠶᠢᠳᠠᠯ ᠶᠠᠷᠤᠩᠬᠡᠢ ᠳᠤ ᠪᠠᠨ ᠲᠤᠨᠨᠳᠠᠪᠤᠷᠢᠵᠢᠪᠠ᠃      ᠨᠡᠶᠢᠬᠡᠮ ᠤᠨ ᠠᠮᠤᠷ ᠢ ᠬᠠᠮᠠᠭᠠᠯᠠᠬᠤ ᠠᠵᠢᠯ ᠳᠤ ᠰᠡᠷᠬᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠬᠦᠯᠵᠦ᠂ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠦᠨ᠂ ᠬᠠᠤᠯᠢ ᠠᠴᠠ ᠵᠦᠷᠢᠴᠡᠵᠦ ᠶᠠᠯ᠎ᠠ ᠬᠢᠭᠰᠡᠨ ᠡᠯ᠎ᠡ ᠲᠦᠷᠦᠯ ᠤᠨ ᠦᠢᠯᠡ ᠠᠵᠢᠯᠯᠠᠭ᠎ᠠ ᠳᠤ ᠴᠤᠬᠢᠯᠳᠠ ᠦᠭᠴᠤ᠂ ᠨᠡᠶᠢᠬᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠯ ᠲᠠᠢ ᠪᠦᠬᠡᠳ ᠲᠤᠨᠨᠳᠠᠭᠤᠨ ᠪᠠᠶᠢᠬᠤ ᠶᠢ ᠪᠠᠳᠤᠯᠠᠪᠠ᠃      ︵ᠵᠢᠷᠭᠤᠭ᠎ᠠ︶ ᠵᠠᠰᠠᠭ ᠤᠨ ᠤᠷᠳᠤᠨ ᠤ ᠡᠭᠦᠷᠬᠡ ᠴᠢᠳᠠᠪᠤᠷᠢ ᠶᠢ ᠬᠠᠤᠯᠢ ᠶᠤᠰᠤᠭᠠᠷ ᠪᠦᠭᠦ ᠲᠠᠯ᠎ᠠ ᠪᠠᠷ ᠭᠦᠢᠴᠡᠳᠬᠡᠬᠦ ᠶᠢ ᠪᠠᠷᠢᠮᠳᠠᠯᠠᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠦ ᠬᠢᠷᠢ ᠲᠦᠪᠰᠢᠨ ᠢ ᠴᠢᠷᠮᠠᠶᠢᠨ ᠲᠡᠬᠡᠭᠰᠢᠯᠡᠬᠦᠯᠪᠠ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠡᠪᠰᠢᠬᠦᠯᠦᠨ ᠬᠢᠨᠠᠭᠤᠯᠤᠨᠨᠰᠠᠨ ᠤᠷᠤᠨ ᠨᠤᠳᠤᠭ ᠤᠨ ᠴᠢᠨᠠᠷᠳᠠᠢ ᠬᠠᠤᠯᠢ ᠲᠤᠨᠨᠳᠠᠭᠠᠯ ᠪᠠ ᠵᠦᠪᠯᠡᠯᠬᠡ 27 ᠪᠠᠶᠢᠵᠦ᠂ ᠵᠠᠰᠠᠭ ᠤᠨ ᠤᠷᠳᠤᠨ ᠤ ᠲᠤᠨᠨᠳᠠᠭᠠᠯ ᠲᠦᠷᠢᠮ ᠢ 22 ᠲᠤᠨᠨᠳᠠᠭᠠᠵᠦ᠂ ᠵᠠᠰᠠᠪᠤᠷᠢ ᠤᠷᠤᠭᠤᠯᠤᠨᠨᠰᠠᠨ ᠪᠠ ᠭᠦᠴᠦᠨ ᠦᠬᠡᠢ ᠪᠣᠯᠭᠠᠪᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ ᠭᠦᠢᠴᠡᠳᠬᠡᠬᠡᠳ ᠬᠠᠷᠢᠭᠤ ᠦᠭᠭᠦᠭᠰᠡᠨ ᠨᠤᠷᠮ᠎ᠠ 100% ᠳᠤ ᠭᠦᠷᠪᠡ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠤᠨ ᠲᠦᠷᠢᠮ ᠳᠤ ᠵᠠᠰᠠᠪᠤᠷᠢ ᠤᠷᠤᠭᠤᠯᠤᠨ ᠲᠡᠭᠦᠯᠳᠡᠷᠵᠢᠬᠦᠯᠵᠦ᠂ ᠴᠢᠬᠤᠯᠠ ᠶᠡᠭᠡ ᠵᠦᠢᠯᠡᠰ ᠪᠣᠯᠣᠨ ᠴᠢᠬᠤᠯᠡ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ᠂ ︽ᠭᠤᠷᠪᠠᠨ ᠴᠢᠬᠤᠯᠠ ᠪᠠ ᠨᠢᠬᠡ ᠲᠤᠮᠤ︾ ᠶᠢᠨ ᠵᠦᠢᠯᠡᠰ ᠲᠤ ᠬᠠᠮᠳᠤ ᠪᠠᠷ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠪᠠ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠵᠡᠷᠬᠡ ᠲᠦᠷᠢᠮ ᠢ ᠴᠢᠩᠳᠠᠯᠠᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠪᠠᠷ ᠰᠢᠮᠳᠠᠭᠤᠯᠤᠨ ᠪᠠᠶᠢᠴᠠᠭᠠᠬᠤ ᠳᠤ ᠲᠤᠷᠠᠳᠤᠨᠨᠰᠠᠨ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠪᠠ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠭᠤᠯᠤᠮᠵᠢ ᠳᠤ ᠦᠬᠡᠷᠡᠴᠢᠯᠡᠯᠳᠡ ᠬᠢᠬᠦ ᠡᠭᠦᠷᠬᠡ ᠶᠢ ᠪᠡᠶᠡᠯᠡᠬᠦᠯᠪᠠ᠃      ᠤᠯᠤᠰ ᠲᠦᠷᠦ ᠶᠢᠨ ᠪᠠᠶᠢᠭᠤᠯᠤᠯᠳᠠ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠦ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠬᠡᠢ ᠠᠬᠢᠭᠤᠯᠪᠠ᠃ ᠲᠦᠪ ᠬᠤᠷᠢᠶᠠᠨ ᠤ ᠨᠠᠢᠮᠠᠨ ᠲᠤᠨᠨᠳᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠪᠣᠯᠣᠨ ᠦᠪᠡᠷᠲᠡᠭᠡᠨ ᠵᠠᠰᠠᠬᠤ ᠣᠷᠣᠨ ᠤ ᠳᠦᠬᠦᠷ ᠠᠷᠭ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ︽ᠲᠦᠷᠪᠡᠨ ᠰᠤᠷᠳᠠᠯ︾ ᠢ ᠴᠤᠴᠠᠯᠲᠠ ᠦᠬᠡᠢ ᠪᠠᠷ ᠴᠡᠭᠴᠡᠯᠡᠨ ᠵᠠᠰᠠᠬᠤ ᠶᠢ ᠪᠠᠷᠢᠮᠳᠠᠯᠠᠪᠠ᠃ ᠠᠵᠢᠯᠴᠢ ᠠᠷᠪᠢᠴᠢ ᠪᠦᠭᠡᠳ ᠠᠷᠪᠢᠯᠠᠨ ᠭᠠᠮᠨᠠᠬᠤ ᠶᠢ ᠭᠦᠴᠦᠳᠡᠢ ᠠᠬᠢᠭᠤᠯᠵᠤ᠂ ︽ᠠᠯᠪᠠᠨ ᠤ ᠭᠤᠷᠪᠠᠨ︾ ᠵᠠᠷᠤᠳᠠᠯ ᠤᠨ ᠵᠠᠷᠤᠯᠭ᠎ᠠ ᠶᠢ ᠴᠢᠩᠭ᠎ᠠ ᠡᠵᠡᠮᠳᠡᠨ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠳᠠᠬᠢ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢ 10.1% ᠪᠠᠭᠠᠰᠬᠠᠪᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢᠶᠠᠨ ᠴᠢᠩᠭᠠᠷᠠᠭᠤᠯᠵᠤ᠂ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠤᠢ᠂ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠵᠡᠷᠬᠡ ᠨᠡᠶᠢᠬᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠭᠤᠷᠢᠨ ᠳᠤ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠰᠤᠨᠢᠨ ᠮᠡᠳᠡᠭᠡ ᠨᠡᠶᠢᠳᠡᠯᠡᠬᠦ ᠬᠤᠷᠠᠯ ᠢ 110 ᠤᠳᠠᠭ᠎ᠠ ᠬᠤᠷᠠᠯᠳᠤᠭᠤᠯᠪᠠ᠃      ᠶᠡᠷᠦᠩᠬᠡᠢ ᠱᠦᠵᠢ ᠰᠢ ᠶᠢᠨ ᠫᠢᠩ ᠤᠨ ︽ᠦᠨᠳᠦᠰᠦᠳᠡᠨ ᠤ ᠪᠦᠯᠭᠦᠮᠳᠡᠯ ᠪᠠ ᠬᠢᠯᠢ ᠬᠢᠵᠠᠭᠠᠷ ᠤᠨ ᠲᠤᠨᠨᠳᠠᠭᠤᠨ ᠢ ᠪᠠᠳᠤᠳᠠᠢ ᠠᠬᠢᠭᠤᠯᠬᠤ︾ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠦ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠭᠦᠮᠦᠵᠢᠯ ᠤᠨ ᠠᠵᠢᠯᠯᠠᠭ᠎ᠠ ᠶᠢ ᠭᠦᠨᠵᠡᠬᠡᠢ ᠦᠷᠨᠢᠬᠦᠯᠦᠨ᠂ 9 ᠭᠠᠵᠠᠷ ᠤᠷᠤᠨ ᠪᠠ ᠨᠢᠬᠡᠴᠢ ᠨᠢ ᠪᠦᠭᠦ ᠤᠯᠤᠰ ᠤᠨ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢ ᠡᠭᠦᠳᠦᠨ ᠴᠤᠨᠨᠴᠠᠯᠠᠬᠤ ᠶᠢᠨ ᠵᠢᠱᠢᠶ᠎ᠡ ᠦᠵᠡᠬᠦᠯᠬᠦ ᠨᠢᠬᠡᠴᠢ ᠪᠠᠷ ᠦᠨᠡᠯᠡᠭᠳᠡᠪᠡ᠃ ᠡᠸᠡᠩᠬᠢ ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤ᠂ ᠮᠤᠷᠢᠨᠳᠠᠪᠠᠭ᠎ᠠ ᠲᠠᠭᠤᠷ ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤ ᠪᠠᠶᠢᠭᠤᠯᠤᠨᠨᠳ᠋ᠬᠠᠰᠠᠨ 60 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢ ᠡᠷᠬᠢᠯᠡᠪᠡ᠃ ᠣᠷᠴᠤᠨ ᠬᠡᠯᠡ᠂ ᠡᠸᠡᠩᠬᠢ ᠬᠡᠯᠡ ᠪᠣᠯᠣᠨ ᠳᠠᠭᠤᠷ ᠬᠡᠯᠡᠨ ᠤ ᠪᠠᠶᠢᠩᠭᠤ ᠬᠡᠷᠡᠭᠯᠡᠭᠳᠡᠬᠦ ᠦᠭᠡᠰ ᠤᠨ ᠲᠣᠯᠢ ᠶᠢ ᠨᠠᠶᠢᠷᠠᠭᠤᠯᠤᠨ ᠵᠣᠬᠢᠶᠠᠪᠡ᠃      ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠤᠯᠤᠨᠨᠰᠠᠨ ᠮᠠᠨ ᠤ ᠠᠮᠵᠢᠯᠳᠠ ᠪᠤᠯ ᠰᠢ ᠶᠢᠨ ᠫᠢᠩ ᠨᠦᠭᠦᠷ ᠢᠶᠠᠷ ᠭᠤᠤᠯ ᠪᠤᠯᠭᠠᠨᠨᠰᠠᠨ ᠨᠠᠮ ᠤᠨ ᠲᠦᠪ ᠬᠤᠷᠢᠶ᠎ᠠ ᠠᠴᠠ ᠪᠠᠳᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠭᠦᠴᠦᠯᠡᠨ ᠴᠢᠷᠮᠠᠶᠢᠨᠨᠰᠠᠨ ᠤ ᠦᠷ᠎ᠡ ᠳ᠋ᠦᠩ ᠪᠤᠯᠬᠤ ᠶᠤᠮ᠃ ᠡ᠊ᠨᠳᠡ᠂ ᠪᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠡᠮᠤᠨ᠎ᠠ ᠠᠴᠠ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ᠂ ᠦᠪᠡᠷᠳᠡᠬᠡᠨ ᠵᠠᠰᠠᠬᠤ ᠤᠷᠤᠨ ᠤ ᠭᠦᠭᠵᠢᠯᠳᠡ ᠶᠢ ᠬᠠᠯᠠᠮᠵᠢᠯᠠᠨ ᠲᠡᠮᠵᠢᠭᠰᠡᠨ ᠨᠥᠬᠦᠳ ᠪᠣᠯᠣᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠦᠶ᠎ᠠ︕      ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠬᠢᠴᠡᠭᠦᠯᠬᠦᠶ᠎ᠠ᠂ ᠪᠢᠳᠡ ᠨᠠᠮ ᠤᠨ ᠲᠥᠪ ᠬᠤᠷᠢᠶ᠎ᠠ ᠶᠢᠨ ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠪᠠᠷ ᠨᠠᠷᠢᠨ ᠬᠢᠨᠠᠮᠠᠭᠠᠢ ᠬᠢᠳᠡᠭ ᠯᠡ ᠶᠤᠮ ᠪᠣᠯ ᠮᠣᠷᠣᠢ ᠰᠠᠷᠤᠢ ᠵᠠᠮ ᠢᠶᠠᠷ ᠵᠠᠮᠨᠠᠬᠤ ᠦᠭᠡᠢ ᠶᠤᠮ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠯᠢᠪᠠ ᠨᠢ ᠪᠦᠷ ᠠᠷᠠᠳ ᠲᠦᠮᠡᠨ ᠤ ᠲᠦᠯᠦᠭᠡ᠂ ᠠᠷᠠᠳ ᠲᠦᠮᠡᠨ ᠳᠤ ᠲᠦᠰᠢᠭᠯᠡᠳᠡᠭ ᠯᠡ ᠶᠤᠮ ᠪᠣᠯ ᠪᠢᠳᠡᠨ ᠤ ᠠᠵᠢᠯ ᠠᠷᠠᠳ ᠣᠯᠠᠨ ᠳᠤ ᠮᠡᠳᠡᠷᠡᠭᠳᠡᠬᠦ ᠪᠥᠭᠡᠳ ᠲᠡᠳᠡᠨ ᠤ ᠳᠡᠮᠵᠢᠯᠭᠡ ᠶᠢ ᠣᠯᠵᠤ ᠴᠢᠳᠠᠬᠤ ᠪᠣᠯᠣᠨ᠎ᠠ︔ ᠪᠣᠲᠠᠲᠠᠢ ᠠᠴᠠ ᠡᠭᠦᠰᠬᠦ ᠶᠢ ᠢᠮᠠᠭᠲᠠ ᠪᠠᠷᠢᠮᠲᠠᠯᠠᠵᠤ᠂ ᠬᠡᠢ ᠬᠤᠭᠤᠰᠤᠨ ᠢ ᠰᠠᠨᠠᠵᠤ ᠬᠡᠶᠢᠰᠪᠦᠷᠢ ᠶᠠᠭᠤᠮ᠎ᠠ ᠶᠢ ᠬᠦᠭᠡᠭᠡᠴᠡᠯᠳᠦᠬᠦ ᠦᠭᠡᠢ ᠯᠡ ᠶᠤᠮ ᠪᠣᠯ ᠪᠢᠳᠡᠨ ᠤ ᠬᠥᠭᠵᠢᠯᠲᠡ ᠶᠢᠨ ᠰᠡᠳᠬᠢᠮᠵᠢ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠨᠡᠩ ᠣᠨᠣᠪᠴᠢᠲᠠᠢ ᠪᠦᠭᠡᠳ ᠦᠷ᠎ᠡ ᠪᠦᠲᠦᠮᠵᠢᠲᠡᠢ ᠪᠣᠯᠵᠤ ᠴᠢᠳᠠᠬᠤ ᠶᠢ ᠭᠦᠨᠵᠡᠭᠡᠢ ᠣᠶᠢᠯᠠᠭᠠᠪᠠ᠃      ᠮᠠᠨ ᠤ ᠤᠷᠤᠨ ᠤ ᠠᠵᠤ ᠠᠬᠤᠢ ᠨᠡᠶᠢᠭᠡᠮ ᠤᠨ ᠭᠦᠭᠵᠢᠯᠳᠡ ᠳᠤ ᠮᠦᠨ ᠭᠦ ᠴᠦᠬᠡᠨ ᠪᠤᠰᠤ ᠭᠦᠴᠢᠷᠳᠡᠯ ᠪᠠ ᠠᠰᠠᠭᠤᠳᠠᠯ ᠤᠷᠤᠰᠢᠵᠦ ᠪᠠᠶᠢᠭ᠎ᠠ ᠶᠢ ᠪᠢᠳᠡ ᠪᠠᠰᠠ ᠰᠡᠷᠬᠡᠭ ᠢᠶᠠᠷ ᠲᠠᠨᠢᠵᠦ ᠤᠯᠪᠠ᠂ ᠭᠤᠤᠯᠳᠠᠭᠤ᠄ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠡᠭᠦᠷᠬᠡ ᠬᠠᠳᠠᠭᠤ ᠪᠡᠷᠬᠡᠰᠢᠶᠡᠯᠳᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠴᠢᠳᠠᠪᠤᠷᠢ ᠰᠤᠯᠠᠪᠳᠤᠷ᠂ ᠰᠢᠨ᠎ᠠ ᠭᠦᠳᠡᠯᠬᠡᠭᠴᠢ ᠴᠢᠳᠠᠪᠤᠷᠢ ᠶᠢᠨ ᠲᠤᠯᠭᠠᠭᠤᠷᠢᠯᠠᠬᠤ ᠨᠢ ᠬᠦᠷᠦᠯᠴᠡᠬᠦ ᠦᠭᠡᠢ᠂ ᠡᠨᠧᠷᠬᠢ ᠠᠷᠪᠢᠯᠠᠵᠦ ᠪᠤᠬᠢᠷ ᠪᠤᠳᠠᠰ ᠭᠠᠳ᠋ᠬᠠᠰᠢᠯᠠᠭᠤᠯᠬᠤ ᠶᠢ ᠪᠠᠭᠠᠰᠬᠠᠬᠤ ᠡᠭᠦᠷᠭᠡ ᠨᠡᠯᠢᠶᠡᠳ ᠶᠡᠭᠡ ᠪᠠᠶᠢᠭᠰᠠᠭᠠᠷ︔ ᠠᠷᠠᠳ ᠤᠨ ᠠᠮᠢᠳᠤᠷᠠᠯ ᠤᠨ ᠲᠠᠯ᠎ᠠ ᠳᠤ ᠪᠠᠰᠠ ᠴᠦᠬᠡᠨ ᠪᠤᠰᠤ ᠲᠤᠳᠠᠭᠤᠳᠠᠯ ᠤᠷᠤᠰᠢᠵᠦ᠂ ᠠᠵᠢᠯ ᠤᠯᠭᠤᠯᠳᠠ᠂ ᠰᠤᠷᠭᠠᠨ ᠭᠦᠮᠦᠵᠢᠯ᠂ ᠡᠮᠴᠢᠯᠡᠭᠡ᠂ ᠨᠠᠰᠤᠲᠠᠶᠢᠴᠤᠳ ᠤᠨ ᠠᠰᠠᠷᠠᠮᠵᠢ᠂ ᠤᠷᠤᠨ ᠰᠠᠭᠤᠴᠠ ᠵᠡᠷᠬᠡ ᠲᠠᠯ᠎ᠠ ᠪᠠᠷ ᠬᠢ ᠤᠯᠠᠨ ᠲᠦᠮᠡᠨ ᠳᠤ ᠲᠠᠭᠠᠰᠢᠶᠠᠭᠳᠠᠬᠤ ᠦᠬᠡᠢ ᠵᠦᠢᠯ ᠮᠠᠰᠢ ᠣᠯᠠᠨ ᠪᠠᠶᠢᠭᠰᠠᠭᠠᠷ︔ ᠵᠠᠷᠢᠮ ᠭᠠᠵᠠᠷ ᠤᠷᠤᠨ ᠤ ᠡᠳ᠋ ᠤᠨ ᠵᠠᠰᠠᠭ ᠨᠢ ᠶᠡᠭᠡ ᠬᠦᠴᠢᠷ ᠲᠠᠢ ᠪᠠᠶᠢᠭᠰᠠᠭᠠᠷ︔ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠲᠦᠷᠬᠡᠨ ᠰᠠᠶᠢᠵᠢᠷᠠᠭᠤᠯᠬᠤ ᠠᠵᠢᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠂ ᠠᠵᠦ ᠠᠬᠤᠶᠢᠯᠠᠯ ᠤᠨ ᠪᠡᠯᠡ ᠲᠤᠬᠢᠷᠠᠭᠤᠯᠬᠤ ᠳᠤ ᠭᠦᠴᠢᠷ ᠪᠦᠬᠡᠳ ᠦᠨᠡᠳᠡᠢ ᠠᠰᠠᠭᠤᠳᠠᠯ ᠢ ᠮᠦᠨ ᠬᠦ ᠪᠦᠳᠦᠮᠵᠢᠳᠡᠢ ᠰᠢᠢᠳᠪᠦᠷᠢᠯᠡᠵᠦ ᠴᠢᠳᠠᠭᠠᠳᠤᠢ ᠪᠠᠶᠢᠭᠰᠠᠭᠠᠷ᠃ ᠵᠠᠰᠠᠭ ᠤᠨ ᠤᠷᠳᠤᠨ ᠤ ᠠᠵᠢᠯ ᠳᠤ ᠪᠠᠰᠠ ᠮᠠᠰᠢ ᠤᠯᠠᠨ ᠭᠦᠷᠦᠯᠴᠡᠬᠦ ᠦᠬᠡᠢ ᠲᠠᠯ᠎ᠠ ᠤᠷᠤᠰᠢᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠢᠭᠤᠴᠠᠯᠭ᠎ᠠ ᠪᠠᠨ ᠪᠦᠷᠢᠨ ᠭᠦᠢᠴᠡᠳᠭᠡᠭᠰᠡᠨ ᠦᠭᠡᠢ︔ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ︔ ᠵᠠᠷᠢᠮ ᠺᠠᠳ᠋ᠷᠴᠤᠳ ᠤᠨ ᠦᠢᠯᠡᠴᠢᠯᠡᠬᠦ ᠦᠵᠡᠯ ᠤᠬᠠᠮᠰᠠᠷ᠂ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠤᠷᠴᠢᠨ ᠲᠤᠭᠤᠷᠢᠨ ᠢ ᠬᠠᠮᠠᠭᠠᠯᠠᠬᠤ ᠦᠵᠡᠯ ᠤᠬᠠᠮᠰᠠᠷ ᠨᠢ ᠴᠢᠩᠭ᠎ᠠ ᠪᠤᠰᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢᠶᠠᠷ ᠲᠤᠳᠠᠮᠠᠭ᠂ ᠦᠵᠡᠯ ᠰᠠᠨᠠᠭ᠎ᠠ ᠦᠵᠡᠯᠳᠡ ᠶᠢᠨ ᠲᠠᠯ᠎ᠠ ᠳᠤ ᠨᠢ ᠪᠠᠰᠠ ᠴᠢᠨᠠᠷ ᠰᠠᠶᠢᠳᠠᠢ ᠭᠦᠭᠵᠢᠬᠦᠯᠬᠦ ᠱᠠᠭᠠᠷᠳᠠᠯᠭ᠎ᠠ ᠲᠠᠢ ᠪᠦᠷᠢᠮᠦᠰᠦᠨ ᠲᠣᠬᠢᠷᠠᠯᠴᠠᠬᠤ ᠦᠬᠡᠢ ᠪᠠᠶᠢᠬᠤ ᠵᠡᠷᠬᠡ ᠠᠰᠠᠭᠤᠳᠠᠯ ᠣᠷᠤᠰᠢᠭᠰᠠᠭᠠᠷ ᠪᠠᠶᠢᠨ᠎ᠠ᠃ ᠪᠢᠳᠠ ᠲᠦᠭᠰᠢᠭᠦᠷᠢ ᠳᠤ ᠰᠠᠨᠠᠭᠠᠰᠢᠷᠠᠬᠤ ᠤᠬᠠᠮᠰᠠᠷ ᠢᠶᠠᠨ ᠴᠢᠩᠭᠠᠷᠠᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠭᠦᠴᠦᠳᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠨᠳᠤᠯᠭ᠎ᠠ ᠲᠠᠢ ᠪᠠᠷ ᠰᠢᠢᠳᠪᠦᠷᠢᠯᠡᠪᠡᠯ ᠵᠣᠬᠢᠨ᠎ᠠ᠃      ᠲᠦᠯᠦᠭᠡᠯᠡᠭᠴᠢᠳ ᠡ᠂ ᠨᠠᠮ ᠤᠨ ᠤᠳᠤᠷᠢᠳᠤᠯᠭ᠎ᠠ ᠳᠣᠣᠷ᠎ᠠ᠂ ᠦᠭᠡᠷᠡᠴᠢᠯᠡᠯᠲᠡ ᠨᠡᠭᠡᠭᠡᠯᠲᠡ ᠬᠢᠵᠦ 40 ᠵᠢᠯ ᠢ ᠲᠤᠭᠤᠯᠤᠭᠠᠳ ᠦᠪᠦᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠴᠦᠮ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠪᠥᠭᠡᠳ ᠲᠡᠦᠬᠡᠲᠦ ᠴᠢᠨᠠᠷᠲᠠᠢ ᠬᠤᠪᠢᠷᠠᠯᠲᠠ ᠲᠠᠢ ᠪᠣᠯᠣᠭᠰᠠᠨ ᠪᠠᠶᠢᠨ᠎ᠠ᠃ 40 ᠵᠢᠯ ᠤᠨ ᠦᠢᠯᠡᠳᠦᠯᠭᠡ ᠠᠴᠠ ᠪᠢᠳᠡ ᠦᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠭᠰᠠᠨ ᠵᠠᠩᠬᠢᠯᠠᠭ᠎ᠠ ᠶᠢᠨ ᠠᠷᠭ᠎ᠠ ᠪᠦᠭᠡᠳ ︽ᠬᠤᠶᠠᠷ ᠵᠠᠭᠤᠨ ᠵᠢᠯ︾ ᠤᠨ ᠲᠡᠮᠡᠴᠡᠬᠦ ᠬᠠᠷᠠᠯᠲᠠ ᠪᠣᠯᠣᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠩᠬᠢᠯᠠᠭ᠎ᠠ ᠶᠢᠨ ᠠᠷᠭ᠎ᠠ ᠪᠣᠯᠬᠤ ᠶᠢ ᠰᠡᠷᠡᠵᠦ ᠮᠡᠳᠡᠪᠡ᠃ ᠠᠵᠢᠯ ᠦᠢᠯᠡᠰ ᠤᠨ ᠬᠥᠭᠵᠢᠯᠲᠡ ᠬᠢᠵᠠᠭᠠᠷ ᠦᠭᠡᠢ ᠪᠥᠭᠡᠳ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠬᠡᠵᠢᠶᠡᠳᠡ ᠳᠠᠭᠤᠰᠤᠰᠢ ᠦᠭᠡᠢ ᠶᠤᠮ᠃ ᠪᠢᠳᠡ ᠦᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠪᠠᠷ ᠡᠴᠦᠰ ᠲᠤ ᠨᠢ ᠲᠤᠯᠲᠠᠯ᠎ᠠ ᠬᠢᠵᠦ᠂ ᠬᠥᠭᠵᠢᠯᠲᠡ ᠶᠢᠨ ᠬᠦᠳᠡᠯᠭᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃      ᠬᠤᠶᠠᠷ᠂ 2019 ᠣᠨ ᠤ ᠭᠤᠣᠯ ᠪᠣᠯᠬᠤ ᠠᠵᠢᠯ      ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠪᠦᠭᠡᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠠᠩᠬᠢᠯᠠᠭ᠎ᠠ ᠶᠢᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠪᠦᠭᠡᠳ ᠣᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠷ ᠬᠢᠷᠢ ᠲᠦᠪᠰᠢᠨ ᠲᠠᠢ ᠨᠡᠭᠡᠭᠡᠯᠲᠡ ᠶᠢ ᠥᠷᠭᠡᠳᠬᠡᠨ ᠬᠢᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠢᠴᠢᠯ ᠭᠤᠣᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠳᠤ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠨ᠂ ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠵᠢᠱᠢᠯᠲᠡ ᠲᠥᠰᠥᠭᠡᠯᠡᠯ ᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠲᠦᠮᠡᠨ ᠤ ᠬᠦᠷᠲᠡᠭᠡᠮᠵᠢ ᠲᠠᠢ ᠪᠠᠶᠢᠬᠤ᠂ ᠵᠣᠯ ᠵᠢᠷᠭᠠᠯ ᠲᠠᠢ ᠪᠠᠶᠢᠬᠤ᠂ ᠠᠮᠦᠷ ᠲᠥᠪᠰᠢᠨ ᠪᠠᠶᠢᠬᠤ ᠰᠡᠳᠬᠢᠭᠳᠡᠯ ᠲᠦᠷᠦᠭᠳᠡᠯ ᠢ ᠨᠢ ᠨᠡᠮᠡᠭᠳᠡᠭᠦᠯᠦᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠪᠥᠬᠦ ᠲᠠᠯ᠎ᠠ ᠶᠢᠨ ᠠᠮᠦᠷ ᠲᠣᠭᠲᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠤ ᠲᠠᠭᠤᠰᠬᠠᠬᠤ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠶᠢ ᠪᠣᠢ ᠪᠣᠯᠭᠠᠨ ᠥᠭᠴᠦ᠂ ᠰᠢᠯᠢᠳᠡᠭ ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠶ᠎ᠡ᠃      ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠠ ᠶᠢ 3% ᠣᠷᠴᠢᠮ ᠪᠠᠶᠢᠯᠭᠠᠵᠤ︔ ᠬᠤᠲᠠ ᠬᠦᠳᠡᠭᠡ ᠶᠢᠨ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠤᠰ ᠲᠤᠰ 7% ᠪᠣᠯᠣᠨ 8% ᠣᠷᠴᠢᠮ ᠨᠡᠮᠡᠭᠳᠡᠭᠦᠯᠦᠨ᠎ᠠ︔ ᠬᠤᠲᠠ ᠪᠠᠯᠭᠠᠰᠤ ᠶᠢᠨ ᠠᠵᠢᠯ ᠣᠯᠤᠭᠰᠠᠳ ᠢ 22 ᠲᠦᠮᠡᠨ ᠬᠦᠮᠦᠨ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ᠂ ᠳᠠᠩᠰᠠᠯᠠᠨ ᠲᠡᠮᠲᠡᠭᠯᠡᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5.5% ᠤᠷᠴᠢᠮ ᠪᠠ 4.5% ᠶᠢᠨ ᠬᠡᠪᠴᠢᠶᠡᠨ ᠳᠤ ᠬᠢᠵᠠᠭᠠᠷᠯᠠᠨ᠎ᠠ︔ ᠤᠯᠤᠰ ᠠᠴᠠ ᠳᠠᠭᠠᠯᠭᠠᠭᠰᠠᠨ ᠣᠨ ᠤ ᠡᠨᠧᠷᠬᠢ ᠠᠷᠪᠢᠯᠠᠵᠤ ᠪᠤᠬᠢᠷ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠᠳᠤ ᠡᠭᠦᠷᠬᠡ ᠶᠢ ᠪᠡᠶᠡᠯᠡᠭᠦᠯᠦᠨ᠎ᠡ᠃      ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠳᠤ ᠳᠤᠷᠠᠳᠤᠭᠰᠠᠨ ︽ᠳᠥᠷᠪᠡᠨ ᠲᠠᠯ᠎ᠠ ᠪᠠᠷ ᠬᠦᠴᠦᠯᠡᠨ ᠬᠢᠬᠦ︾ ︽ᠭᠤᠷᠪᠠ ᠶᠢ ᠯᠠᠪᠳᠠᠭᠤᠨ ᠪᠠᠲᠤᠲᠠᠢ ᠬᠢᠬᠦ︾ ᠭᠡᠰᠡᠨ ᠴᠢᠬᠤᠯᠡ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠪᠦᠭᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠪᠠᠶᠢᠳᠠᠯ ᠬᠡᠳᠦᠢ ᠪᠤᠳᠤᠯᠢᠶᠠᠨᠲᠠᠢ ᠪᠣᠯᠬᠤ ᠲᠤᠰᠤᠮ ᠢᠶᠠᠨ ᠨᠠᠮ ᠤᠨ ᠲᠥᠪ ᠬᠤᠷᠢᠶᠠᠨ ᠤ ᠵᠠᠷᠯᠢᠭ ᠤᠷᠢᠶᠠᠯᠠᠭ᠎ᠠ ᠶᠢ ᠤᠯᠠᠮ ᠰᠠᠶᠢᠨ ᠰᠤᠨᠤᠰᠤᠨ ᠳᠠᠭᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠤᠯᠠᠮ ᠰᠠᠶᠢᠨ ᠪᠠᠷᠢᠮᠲᠠᠯᠠᠬᠤ ᠬᠡᠷᠡᠭᠲᠡᠢ᠃ ᠤᠷᠲᠤ ᠬᠤᠭᠤᠴᠠᠭᠠᠨ ᠤ ᠶᠡᠭᠡ ᠪᠠᠶᠢᠳᠠᠯ ᠠᠴᠠ ᠤᠳᠣ ᠶᠢᠨ ᠪᠠᠶᠢᠳᠠᠯ ᠢ ᠲᠠᠨᠢᠨ ᠣᠶᠢᠯᠠᠭᠠᠵᠤ᠂ ᠭᠤᠣᠯ ᠵᠦᠷᠢᠴᠡᠯ ᠢ ᠠᠳᠬᠤᠨ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠦᠪᠡᠷ ᠤᠨ ᠠᠵᠢᠯ ᠶᠠᠪᠤᠳᠠᠯ ᠢ ᠪᠠᠨ ᠠᠩᠬᠠᠷᠤᠯ ᠲᠦᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ ᠰᠠᠶᠢᠲᠤᠷ ᠬᠢᠨ᠎ᠡ᠃ ᠴᠢᠬᠤᠯᠡ ᠪᠠᠶᠢᠯᠳᠤᠬᠤ ᠪᠣᠳᠣᠯᠭ᠎ᠠ ᠶᠢᠨ ᠠᠵᠠ ᠳᠣᠬᠢᠶᠠᠯᠲᠣ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠤ ᠲᠣᠭᠤᠷᠢᠨ ᠳᠤ᠂ ︽ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠦᠭᠡᠢ ᠪᠣᠯᠭᠠᠬᠤ︾ ᠴᠢᠭᠯᠡᠯᠲᠡ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠤᠰ ᠤᠨ ᠶᠡᠭᠡ ᠬᠡᠪᠴᠢᠶ᠎ᠡ ᠪᠠᠷ ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠲᠡᠭᠲᠦ ᠶᠢ ᠨᠡᠮᠡᠭᠳᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢᠶᠠᠨ ᠲᠣᠬᠠᠢ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠵᠤ ᠪᠦᠲᠦᠭᠡᠯᠴᠢ ᠴᠢᠨᠠᠷᠲᠠᠢ ᠪᠠᠷ ᠦᠷᠨᠢᠭᠦᠯᠦᠨ᠎ᠡ᠃      ︵ᠨᠢᠬᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃     ᠨᠢᠭᠡᠨᠲᠡ ᠤᠯᠤᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠳᠤᠪᠤᠶᠢᠮ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠡᠴᠡᠭᠦᠦ ᠶᠡᠭᠡ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠲᠠᠯᠪᠢᠬᠤ ᠠᠵᠢᠯᠯᠠᠭ᠎ᠠ ᠶᠢ ᠵᠢᠷᠤᠮᠵᠢᠭᠤᠯᠵᠤ᠂ ᠰᠢᠨ᠎ᠡ ᠪᠠᠷ ᠡᠬᠢᠯᠡᠭᠦᠯᠦᠭᠰᠡᠨ ᠲᠦᠷᠦᠯ ᠵᠦᠢᠯ ᠳᠤ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠦᠨᠡᠯᠡᠨ ᠵᠢᠱᠢᠵᠦ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠳᠠᠯᠠᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠎ᠠ᠃ ᠲᠥᠪ ᠤᠨ ᠬᠢᠵᠠᠭᠠᠷᠯᠠᠬᠤ ᠲᠣᠭᠠᠨ ᠤ ᠲᠤᠳᠤᠷᠠᠬᠢ ᠥᠷᠢ ᠦᠭᠴᠡᠭᠡ ᠶᠢᠨ ᠬᠡᠪᠴᠢᠶᠡᠵᠢᠯ ᠢ ᠢᠳᠡᠪᠬᠢᠲᠡᠢ ᠣᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠪᠦᠲᠦᠭᠡᠨ ᠪᠠᠶᠢᠭᠤᠯᠬᠤ ᠳᠤ ᠪᠡᠯᠡ ᠮᠦᠩᠭᠦ ᠶᠢᠨ ᠪᠠᠲᠤᠯᠠᠭ᠎ᠠ ᠶᠢ ᠬᠠᠩᠭᠠᠵᠤ᠂ ᠮᠦᠨ ᠵᠠᠰᠠᠭ ᠤᠨ ᠣᠷᠳᠣᠨ ᠤ ᠳᠠᠯᠳᠠ ᠪᠠᠶᠢᠭ᠎ᠠ ᠥᠷᠢ ᠥᠭᠴᠡᠭᠡ ᠶᠢᠨ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠨᠡᠩ ᠰᠠᠶᠢᠨ ᠰᠠᠶᠢᠬᠠᠨ ᠨᠦᠬᠦᠴᠡᠯ ᠢ ᠡᠭᠦᠳᠴᠦ ᠥᠭᠭᠦᠨ᠎ᠡ᠃ ᠬᠢᠵᠠᠭᠠᠷᠯᠠᠭᠰᠠᠨ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠤᠰᠤᠭᠠᠷ ᠵᠠᠰᠠᠭ ᠤᠨ ᠣᠷᠳᠣᠨ ᠤ ᠥᠷᠢ ᠦᠭᠴᠡᠭᠡ ᠶᠢ ᠠᠷᠢᠯᠭᠠᠵᠤ᠂ ᠳᠠᠯᠳᠠ ᠪᠠᠶᠢᠭ᠎ᠠ ᠥᠷᠢ ᠦᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠨ᠎ᠠ᠃ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠰᠦᠯᠵᠢᠶ᠎ᠡ ᠪᠠᠷ ᠵᠢᠭᠡᠯᠡᠯᠭᠡ ᠠᠪᠬᠤ᠂ ᠠᠵᠤ ᠠᠬᠤᠶᠢᠯᠠᠯ ᠤᠨ ᠵᠢᠬᠡᠯᠡᠯᠬᠡ ᠶᠢᠨ ᠲᠡᠮᠳᠡᠭᠳᠤ ᠨᠢ ᠳᠦᠷᠢᠮ ᠠᠴᠠ ᠵᠦᠷᠢᠴᠡᠬᠦ ᠵᠡᠷᠭᠡ ᠲᠥᠭᠰᠢᠭᠦᠷᠢᠲᠦ ᠴᠡᠭ ᠢ ᠰᠠᠶᠢᠲᠤᠷ ᠴᠡᠭᠴᠡᠯᠡᠨ ᠵᠠᠰᠠᠵᠦ᠂ ᠪᠡᠯᠡ ᠮᠦᠩᠭᠦ ᠬᠠᠤᠯᠢ ᠪᠤᠰᠤ ᠪᠠᠷ ᠴᠤᠭᠯᠠᠭᠤᠯᠬᠤ᠂ ᠮᠠᠯᠵᠢᠬᠤ ᠲᠠᠷᠢᠶᠠᠯᠠᠬᠤ ᠣᠷᠣᠨ ᠳᠠᠬᠢ ᠦᠨᠳᠦᠷ ᠬᠦᠦ ᠲᠠᠢ ᠵᠢᠭᠡᠯᠡᠯᠭᠡ ᠪᠣᠯᠣᠨ ᠵᠣᠷᠢᠭᠤᠳᠠ ᠪᠠᠷ ᠥᠷᠢ ᠦᠭᠴᠡᠭᠡ ᠠᠴᠠ ᠵᠠᠶᠢᠯᠠᠬᠤ ᠪᠠ ᠥᠷᠢ ᠦᠭᠴᠡᠭᠡ ᠪᠠᠨ ᠦᠭᠡᠶᠢᠰᠬᠡᠬᠦ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ ᠰᠢᠰᠲ᠋ᠧᠮᠵᠢ ᠶᠢᠨ ᠴᠢᠨᠠᠷᠲᠠᠢ ᠲᠥᠭᠰᠢᠭᠦᠷᠢ ᠡᠭᠦᠰᠭᠡᠬᠦ ᠦᠭᠡᠢ ᠬᠢᠵᠠᠭᠠᠷ ᠱᠤᠭᠤᠮ ᠢ ᠪᠠᠲᠤ ᠰᠠᠬᠢᠨ᠎ᠠ᠃      ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠨᠡ ᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠵᠠᠩᠬᠢᠯᠠᠭ᠎ᠠ ᠶᠢᠨ ᠨᠢᠭᠡᠨ ᠵᠢᠯ ᠪᠣᠯᠣᠨ᠎ᠠ᠂ ᠪᠢᠳᠡ ᠡᠷᠬᠡᠪᠰᠢ ᠨᠢᠭᠡ ᠯᠡ ᠵᠣᠷᠢᠭ ᠢᠶᠠᠷ ᠤᠨᠤᠪᠴᠢᠳᠠᠢ ᠠᠬᠢᠭᠤᠯᠵᠤ᠂ 14 ᠲᠦᠮᠡ ᠭᠠᠷᠤᠢ ᠬᠦᠮᠦᠨ ᠢ ᠶᠠᠳᠠᠭᠤ ᠠᠴᠠ ᠠᠩᠬᠢᠵᠢᠷᠠᠭᠤᠯᠬᠤ᠂ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠪᠦᠬᠦᠨ ᠢ ᠶᠠᠳᠠᠭᠤ ᠠᠴᠠ ᠠᠩᠬᠢᠵᠢᠷᠠᠭᠤᠯᠬᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 20 ᠰᠢᠶᠠᠨ ᠢ ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠭᠠᠷᠭᠠᠬᠤ ᠶᠢ ᠦᠨᠡᠨ ᠬᠦ ᠪᠠᠲᠤᠯᠠᠨ᠎ᠠ ᠃ ᠲᠥᠪ ᠤᠨ ᠶᠠᠳᠠᠭᠤ ᠶᠢ ᠲᠡᠳᠭᠦᠬᠦ ᠲᠤᠰᠬᠠᠢ ᠲᠣᠭᠤᠷᠢᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠣᠨ ᠣᠨᠴᠠᠭᠠᠢ ᠶᠠᠳᠠᠭᠤ ᠬᠦᠴᠢᠷᠳᠡᠯᠲᠡᠢ ᠣᠯᠠᠨ ᠲᠦᠮᠡᠨ ᠢ ᠭᠤᠣᠯᠳᠠᠭᠤᠯᠤᠨ ᠠᠩᠬᠠᠷᠴᠤ᠂ ︽ᠢᠳᠡᠵᠦ ᠡᠮᠦᠰᠬᠦ ᠳᠤ ᠪᠠᠨ ᠵᠣᠪᠠᠭ᠋ᠤ ᠦᠭᠡᠢ᠂ ᠭᠤᠷᠪᠠᠨ ᠲᠠᠯ᠎ᠠ ᠪᠠᠷ ᠪᠠᠲᠤᠯᠠᠬᠤ︾ ᠳᠤ ᠲᠤᠯᠭᠠᠷᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠵᠤ ᠦᠢᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭᠠᠨ ᠬᠦᠮᠦᠵᠢᠯ᠂ ᠡᠷᠡᠭᠦᠯ ᠮᠡᠨᠳᠤ᠂ ᠨᠡᠶᠢᠭᠡᠮ ᠤᠨ ᠪᠠᠲᠤᠯᠠᠭ᠎ᠠ ᠵᠡᠷᠭᠡ ᠪᠠᠷ ᠶᠠᠳᠠᠭᠤ ᠶᠢ ᠲᠡᠳᠭᠦᠬᠦ ᠶᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠶᠢ ᠲᠡᠳᠭᠦᠬᠦ ᠪᠠᠷ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠭᠦᠵᠦ ᠲᠤᠰᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠭᠦᠬᠦ ᠠᠵᠤ ᠦᠢᠯᠡᠰ ᠤᠨ ᠰᠠᠭᠤᠷᠢ ᠮᠦᠩᠭᠦ ᠶᠢ ᠰᠠᠶᠢᠲᠤᠷ ᠬᠡᠷᠡᠭᠯᠡᠨ᠂ ᠶᠠᠳᠠᠭᠤ ᠬᠦᠴᠢᠷᠳᠡᠯᠲᠡᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠲᠤᠳᠤᠭᠠᠲᠤ ᠬᠦᠳᠡᠯᠭᠡᠬᠦ ᠬᠦᠴᠦᠨ ᠪᠠ ᠦᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠬᠢᠭᠡᠳ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠲᠦᠯᠲᠡᠢ ᠲᠦᠯᠦᠪᠯᠡᠨ ᠵᠤᠯᠭᠠᠭᠤᠯᠬᠤ ᠶᠢ ᠰᠠᠶᠢᠳᠤᠷ ᠬᠢᠵᠦ᠂ ᠶᠠᠳᠠᠭᠤ ᠠᠴᠠ ᠠᠩᠬᠢᠵᠢᠷᠠᠭᠰᠠᠨ ᠬᠦᠮᠦᠰ ᠤᠨ ᠪᠤᠴᠠᠭᠠᠳ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠶᠢ ᠰᠡᠷᠭᠡᠶᠢᠯᠡᠨ᠎ᠡ᠃ ᠪᠡᠭᠡᠵᠢᠩ ᠦᠪᠦᠷ ᠮᠣᠩᠭᠤᠯ ᠤᠨ ᠬᠤᠭᠤᠷᠤᠨᠳᠤ ᠶᠢᠨ ᠶᠠᠳᠠᠭᠤ ᠶᠢ ᠲᠡᠳᠭᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠭᠠᠷᠬᠤ ᠪᠠᠷᠢᠮᠵᠢᠶ᠎ᠠ ᠪᠣᠯᠣᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠲᠡᠦᠬᠡ ᠪᠣᠯᠣᠨ ᠦᠢᠯᠡᠳᠦᠯᠭᠡ ᠶᠢᠨ ᠰᠢᠯᠭᠠᠯᠲᠠ ᠪᠠᠷ ᠪᠠᠲᠤᠯᠠᠭᠤᠯᠤᠨ᠎ᠠ᠃      ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠪᠠᠬᠢᠯᠡᠯᠲᠡ ᠶᠢ ᠪᠠᠲᠤ ᠰᠠᠬᠢᠵᠤ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠲᠠᠢ ᠨᠡᠶᠢᠴᠡᠬᠦ ᠦᠭᠡᠢ ᠨᠡᠭᠦᠷᠡᠰᠦ ᠰᠢᠲᠠᠭᠠᠬᠤ ᠵᠤᠤᠬ᠎ᠠ ᠶᠢ ᠰᠢᠭᠰᠢᠭᠳᠡᠭᠦᠯᠵᠦ᠂ ︽ᠲᠠᠷᠠᠬᠠᠢ ᠪᠤᠳᠠᠷᠬᠠᠢ ᠵᠠᠮᠪᠠᠷᠠᠭ᠎ᠠ ᠦᠭᠡᠢ ᠪᠠ ᠪᠤᠬᠢᠷᠳᠤᠯ ᠶᠡᠬᠡᠳᠡᠢ︾ ᠠᠵᠤ ᠠᠬᠤᠶᠢᠯᠠᠯ ᠢ ᠵᠠᠰᠠᠵᠤ ᠴᠡᠭᠴᠡᠯᠡᠨ᠂ ᠠᠵᠤ ᠦᠢᠯᠡᠳᠪᠦᠷᠢ ᠶᠢᠨ ᠪᠣᠬᠢᠷᠳᠤᠯ ᠤᠨ ᠡᠬᠢ ᠢᠷᠡᠯᠲᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠨᠡᠶᠢᠴᠡᠭᠦᠯᠵᠦ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃ ᠬᠦᠬᠡᠬᠤᠲᠠ ᠪᠤᠭᠤᠳᠤ ᠣᠷᠳᠤᠰ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ᠂ ᠤᠯᠠᠭᠠᠨᠬᠠᠳᠠ ᠲᠦᠩᠯᠢᠶᠣᠣ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠶᠢ ᠠᠬᠢᠭᠤᠯᠵᠤ᠂ ᠣᠷᠣᠨ ᠪᠦᠰᠡ ᠶᠢᠨ ᠠᠭᠠᠷ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠭᠤᠣᠯ ᠮᠦᠷᠡᠨ ᠨᠠᠭᠤᠷ ᠴᠦᠬᠦᠷᠤᠮ ᠤᠨ ᠠᠵᠢᠯ ᠳᠤ ᠬᠠᠷᠢᠭᠤᠴᠠᠬᠤ ᠠᠬᠠᠯᠠᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠬᠤᠲᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠣᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠴᠢᠳᠠᠪᠤᠷᠢ ᠪᠣᠯᠣᠨ ᠴᠡᠪᠡᠷᠵᠢᠭᠦᠨ ᠤᠰᠤᠨ ᠤ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠤᠰᠤᠨ ᠰᠤᠷᠪᠣᠯᠵᠢ ᠶᠢᠨ ᠭᠠᠵᠠᠷ ᠢ ᠬᠠᠮᠠᠭᠠᠯᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠨ᠎ᠡ᠃ ᠬᠦᠷᠦᠰᠦ ᠰᠢᠷᠤᠢ ᠶᠢᠨ ᠪᠣᠬᠢᠷᠳᠤᠯ ᠢ ᠵᠠᠰᠠᠬᠤ ᠪᠠ ᠦᠩᠵᠢᠭᠦᠯᠦᠨ ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠵᠦ᠂ ᠬᠦᠨᠳᠦ ᠲᠡᠮᠦᠷᠯᠢᠭ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ ᠪᠤᠬᠢᠷᠳᠤᠯ ᠢ ᠰᠡᠷᠭᠡᠶᠢᠯᠡᠨ ᠵᠠᠰᠠᠨ᠎ᠠ᠃      ︵ᠬᠤᠶᠠᠷ︶ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠦᠢᠯᠡᠳᠬᠦ ᠦᠢᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠢ ᠡᠵᠡᠮᠰᠢᠵᠦ᠂ ᠲᠡᠷᠢᠭᠦᠨ ᠤ ᠦᠢᠯᠡᠳᠬᠦ ᠦᠢᠯᠡᠰ ᠬᠢᠭᠡᠳ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠦᠢᠯᠡᠳᠬᠦ ᠦᠢᠯᠡᠰ ᠤᠨ ᠮᠡᠷᠭᠡᠵᠢᠯ ᠳᠤ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠎ᠠ᠃ ᠪᠦᠬᠦ ᠨᠡᠶᠢᠭᠡᠮ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠶᠢ ᠨᠡᠮᠡᠭᠳᠡᠭᠦᠯᠵᠦ᠂ ᠦᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠭᠤᠯᠤᠨ ᠠᠩᠬᠠᠷᠴᠤ᠂ ᠨᠡᠭᠡᠭᠡᠯᠲᠡ ᠲᠠᠢ᠂ ᠵᠣᠬᠢᠴᠠᠩᠭᠤᠢ ᠪᠦᠭᠡᠳ ᠦᠨᠳᠦᠷ ᠪᠦᠲᠦᠮᠵᠢᠲᠡᠢ ᠨᠡᠶᠢᠲᠡᠯᠢᠭ ᠮᠡᠷᠭᠡᠵᠢᠯ ᠢ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠤᠨ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ ᠪᠠ ᠠᠵᠤ ᠠᠬᠤᠶᠢᠯᠠᠯ ᠢᠶᠠᠷ ᠭᠤᠣᠯ ᠴᠤᠭᠴᠠ ᠪᠣᠯᠭᠠᠭᠰᠠᠨ ᠦᠢᠯᠡᠳᠪᠦᠷᠢᠯᠡᠬᠦ ᠰᠤᠷᠭᠠᠬᠤ ᠰᠤᠳᠤᠯᠬᠤ ᠶᠢ ᠨᠢᠭᠡ ᠴᠤᠭᠴᠠᠵᠢᠭᠤᠯᠤᠭᠰᠠᠨ ᠰᠢᠨ᠎ᠡ ᠶᠢ ᠡᠭᠦᠳᠬᠦ ᠲᠣᠭᠲᠠᠴᠠ ᠶᠢ ᠪᠦᠷᠢᠨᠰᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ᠬᠦᠬᠡᠬᠤᠲᠠ ᠪᠤᠭᠤᠳᠤ ᠣᠷᠳᠤᠰ ᠲᠠᠬᠢ ᠤᠯᠤᠰ ᠤᠨ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠵᠤ᠂ ᠤᠯᠤᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠴᠢ ᠴᠢᠳᠠᠪᠤᠷᠢᠲᠠᠨ ᠢ ᠪᠤᠶᠢᠵᠢᠭᠤᠯᠬᠤ ᠪᠠ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠰᠤᠳᠤᠯᠤᠯ ᠤᠨ ᠠᠵᠢᠯᠲᠠᠳ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠷᠮᠠᠰᠢᠭᠤᠯᠤᠨ ᠬᠥᠭᠵᠢᠭᠡᠨ᠎ᠡ᠃      ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠠᠰᠢᠭᠯᠠᠨ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠳᠠᠪᠠᠭᠤᠯᠢᠭ ᠠᠵᠤ ᠦᠢᠯᠡᠰ ᠤᠨ ᠦᠭᠡᠷᠡᠴᠢᠯᠡᠵᠦ ᠰᠢᠨᠡᠳᠭᠡᠨ ᠳᠡᠰ ᠳᠡᠪᠰᠢᠬᠦ ᠶᠢ ᠲᠦᠷᠭᠡᠳᠭᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠪᠣᠯᠣᠨ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠳᠡᠯᠡᠬᠡᠢ ᠶᠢᠨ ᠡᠨᠧᠷᠬᠢ ᠶᠢᠨ ᠮᠡᠷᠭᠡᠵᠢᠯ ᠤᠨ ᠬᠤᠪᠢᠰᠬᠠᠯ ᠤᠨ ᠰᠢᠨ᠎ᠡ ᠬᠠᠨᠳᠤᠰᠢ ᠶᠢ ᠴᠢᠩᠭ᠎ᠠ ᠳᠠᠭᠠᠵᠤ᠂ ᠴᠢᠯᠠᠭᠤᠵᠢᠮᠠᠯ ᠤᠨ ᠡᠨᠧᠷᠬᠢ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠨ᠎ᠡ ᠡᠨᠧᠷᠬᠢ ᠶᠢ ᠡᠮᠬᠢ ᠵᠢᠷᠤᠮ ᠲᠠᠢ ᠬᠥᠭᠵᠢᠭᠦᠯᠵᠦ᠂ ᠣᠳᠣ ᠦᠶ᠎ᠡ ᠶᠢᠨ ᠡᠨᠧᠷᠬᠢ ᠶᠢᠨ ᠰᠢᠰᠲ᠋ᠧᠮᠵᠢ ᠶᠢ ᠪᠠᠶᠢᠭᠤᠯᠤᠨ᠂ ᠡᠨᠧᠷᠬᠢ ᠶᠢᠨ ᠲᠠᠯ᠎ᠠ ᠪᠠᠷ ᠬᠢ ᠣᠯᠠᠨ ᠤᠯᠤᠰ ᠤᠨ ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠵᠦ᠂ ︽ᠦᠪᠦᠷ ᠮᠣᠩᠭᠤᠯ ᠤᠨ ᠡᠨᠧᠷᠬᠢ︾ ᠬᠡᠮᠡᠬᠦ ᠨᠡᠷᠡᠲᠦ ᠲᠦᠷᠦᠯ ᠲᠡᠮᠲᠡᠭᠲᠦ ᠶᠢ ᠪᠣᠢ ᠪᠣᠯᠭᠠᠨ᠎ᠠ᠃ ᠤᠯᠤᠰ ᠤᠨ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠵᠤ᠂ ᠣᠷᠳᠣᠰ ᠤᠨ ᠤᠯᠤᠰ ᠤᠨ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃ ᠴᠠᠬᠢᠯᠭᠠᠨ ᠬᠦᠴᠦᠨ ᠳᠠᠮᠵᠢᠭᠤᠯᠬᠤ ᠳᠤ ᠢᠵᠢ ᠪᠦᠷᠢᠳᠦᠭᠦᠯᠦᠭᠰᠡᠨ ᠴᠠᠬᠢᠯᠭᠠᠨ ᠡᠭᠦᠰᠭᠡᠬᠦ ᠴᠡᠭ ᠤᠨ ᠪᠠᠶᠢᠭᠤᠯᠤᠯᠲᠠ ᠶᠢ ᠠᠬᠢᠭᠤᠯᠤᠨ᠎ᠠ᠃ ᠲᠡᠷᠢᠭᠦᠨ ᠤ ᠨᠦᠬᠡᠴᠡᠯᠡᠬᠦ ᠡᠨᠧᠷᠬᠢ᠂ ᠴᠠᠬᠢᠯᠭᠠᠨ ᠬᠦᠴᠦᠨ ᠤ ᠤᠶᠤᠨᠴᠢ ᠲᠣᠣᠷ᠂ ᠡᠨᠧᠷᠬᠢ ᠶᠢᠨ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠬᠦ ᠶᠢ ᠠᠬᠢᠭᠤᠯᠵᠤ᠂ ᠴᠠᠬᠢᠯᠭᠠᠨ ᠤ ᠬᠡᠷᠡᠭᠯᠡᠭᠡ ᠶᠢ ᠰᠠᠭᠠᠲᠠᠭᠠᠬᠤ᠂ ᠰᠠᠯᠬᠢ ᠪᠣᠯᠣᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ ᠲᠠᠶᠠᠭᠳᠠᠬᠤ ᠵᠡᠷᠭᠡ ᠠᠰᠠᠭᠤᠳᠠᠯ ᠢ ᠠᠩᠬᠠᠷᠴᠤ ᠰᠢᠢᠳᠪᠦᠷᠢᠯᠡᠨ᠎ᠡ᠃      ᠣᠳᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠣᠯᠣᠨ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠵᠤ᠂ ᠲᠤᠨᠤᠭ ᠲᠦᠭᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠦᠭᠡᠷᠡᠴᠢᠯᠡᠵᠦ ᠰᠢᠨᠡᠳᠭᠡᠨ ᠳᠡᠰ ᠳᠡᠪᠰᠢᠬᠦ ᠶᠢ ᠳᠡᠮᠵᠢᠵᠦ᠂ ᠰᠢᠨ᠎ᠡ ᠦᠢᠯᠡᠳᠭᠦᠨ ᠰᠤᠳᠤᠯᠤᠨ ᠨᠡᠭᠡᠭᠡᠬᠦ ᠵᠢᠴᠢ ᠰᠢᠨ᠎ᠡ ᠮᠡᠷᠭᠡᠵᠢᠯ ᠤᠨ ᠠᠵᠤ ᠦᠢᠯᠡᠰᠵᠢᠭᠦᠯᠦᠨ ᠬᠡᠷᠡᠭᠯᠡᠬᠦ ᠶᠢ ᠲᠦᠷᠭᠡᠳᠭᠡᠨ᠂ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠲᠥᠭᠦᠭᠡᠷᠦᠮᠵᠢ᠂ ᠪᠠᠷᠢᠯᠭ᠎ᠠ ᠶᠢᠨ ᠮᠠᠰᠢᠨ᠂ ᠰᠢᠨ᠎ᠡ ᠡᠨᠧᠷᠬᠢ ᠶᠢᠨ ᠮᠠᠰᠢᠨ ᠲᠡᠷᠭᠡ ᠵᠡᠷᠭᠡ ᠠᠵᠤ ᠦᠢᠯᠡᠰ ᠤᠨ ᠳᠡᠭᠡᠳᠦ ᠦᠵᠦᠭᠦᠷᠯᠡᠬᠦ ᠂ ᠤᠶᠤᠨᠴᠢᠯᠠᠬᠤ ᠶᠢ ᠠᠬᠢᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠵᠤ᠂ ᠪᠤᠭᠤᠳᠤ ᠶᠢᠨ ᠤᠯᠤᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠤᠨ᠎ᠠ᠃      ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠵᠤ᠂ ᠤᠯᠤᠰ ᠤᠨ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠵᠤ᠂ ᠦᠪᠡᠷᠲᠡᠭᠡᠨ ᠵᠠᠰᠠᠬᠤ ᠣᠷᠣᠨ ᠤ ᠮᠤᠩᠭᠤᠯ ᠬᠢᠲᠠᠳ ᠡᠮ᠂ ᠠᠮᠢᠳᠤ ᠪᠤᠳᠠᠰ ᠤᠨ ᠡᠮ ᠡᠮᠨᠡᠯᠭᠡ᠂ ᠪᠠᠯ ᠴᠢᠯᠠᠭᠤ ︵ᠠᠯᠺᠧᠨ︶ ᠶᠢᠨ ᠰᠢᠨ᠎ᠡ ᠮᠠᠲ᠋ᠧᠷᠢᠶᠠᠯ ᠦᠢᠯᠡᠳᠴᠦ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠤᠨ᠎ᠠ᠃ ᠲᠣᠭᠠᠵᠢᠭᠤᠯᠤᠭᠰᠠᠨ ᠠᠵᠤ ᠠᠬᠤᠢ ᠶᠢ ᠬᠥᠭᠵᠢᠭᠦᠯᠵᠦ ᠂ ᠢᠨᠲ᠋ᠧᠷ ᠰᠦᠯᠵᠢᠶ᠎ᠡ᠂ ᠲᠤᠮᠤ ᠳ᠋ᠡᠶᠢᠲ᠋ᠠ᠂ ᠬᠢᠮᠡᠯ ᠤᠶᠤᠨ ᠪᠣᠯᠣᠨ ᠪᠤᠳᠠᠳᠤ ᠴᠤᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃      ᠠᠵᠤ ᠦᠢᠯᠡᠰ ᠢ ᠬᠦᠷᠢᠶᠡᠯᠡᠩ ᠲᠣᠭᠤᠷᠢᠭ ᠲᠤ ᠲᠦᠪᠯᠡᠷᠡᠭᠦᠯᠬᠦ᠂ ᠬᠦᠴᠦᠨ ᠵᠦᠢᠯ ᠢ ᠬᠦᠷᠢᠶᠡᠯᠡᠩ ᠲᠣᠭᠤᠷᠢᠭ ᠲᠡᠶᠢᠰᠢ ᠲᠦᠪᠯᠡᠷᠡᠭᠦᠯᠦᠨ ᠪᠦᠭᠡᠮᠨᠡᠷᠡᠭᠦᠯᠬᠦ ᠶᠢ ᠠᠬᠢᠭᠤᠯᠤᠨ᠂ ᠰᠠᠭᠤᠷᠢ ᠪᠡᠯᠡᠳᠭᠡᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠪᠠᠶᠢᠷᠢᠰᠢᠭᠤᠯᠤᠯᠲᠠ ᠶᠢ ᠵᠣᠬᠢᠰᠲᠠᠢ ᠲᠦᠯᠦᠪᠵᠢᠭᠦᠯᠵᠦ᠂ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠨᠢ ᠳᠤᠪᠤᠶᠢᠮ᠎ᠠ ᠪᠤᠰᠤ᠂ ᠲᠦᠯᠦᠪᠵᠢᠭᠦᠯᠦᠭᠰᠡᠨ ᠲᠠᠯᠠᠪᠠᠢ ᠨᠢ ᠶᠡᠭᠡ᠂ ᠣᠷᠤᠵᠤ ᠰᠠᠭᠤᠭᠰᠠᠨ ᠠᠵᠤ ᠠᠬᠤᠶᠢᠯᠠᠯ ᠨᠢ ᠴᠥᠭᠡᠨ ᠵᠡᠷᠭᠡ ᠠᠰᠠᠭᠤᠳᠠᠯ ᠢ ᠰᠢᠢᠳᠪᠦᠷᠢᠯᠡᠨ᠂ ᠪᠡᠯᠡ ᠣᠷᠤᠭᠤᠯᠬᠤ ᠬᠦᠴᠦᠯᠡᠴᠡ ᠶᠢ ᠨᠡᠮᠡᠭᠳᠡᠬᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠢ ᠡᠷᠬᠢᠯᠳᠦᠭᠦᠯᠬᠦ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠳᠤ ᠡᠭᠡᠯᠢᠲᠡᠢ ᠂ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃      ︵ᠭᠤᠷᠪᠠ︶ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠵᠣ ᠬᠡᠷᠡᠭᠯᠡᠭᠡ ᠶᠢᠨ ᠬᠡᠷᠩᠴᠡᠭᠡ ᠱᠠᠭᠠᠷᠳᠠᠯᠭ᠎ᠠ ᠶᠢ ᠦᠷᠭᠡᠣᠡᠭᠡᠨ᠎ᠠ      ᠤᠯᠤᠰ ᠠᠴᠠ ᠣᠯᠣᠰ ᠤᠨ ᠲᠣᠳᠣᠭᠠᠳᠣᠬᠢ ᠭᠦᠴᠣᠷᠭᠡᠭ ᠶᠡᠭᠡ ᠵᠠᠬ᠎ᠠ ᠳᠡᠯᠭᠡᠭᠦᠷ ᠢ ᠪᠦᠳᠣᠭᠡᠨ ᠪᠠᠶᠢᠭᠤᠯᠬᠤ ᠠᠵᠨ ᠵᠠᠪᠰᠢᠶᠠᠨ ᠢ ᠠᠣᠡᠬᠤᠵᠣ᠂ ᠠᠵᠣ ᠠᠬᠤᠢ ᠶᠢᠨ ᠭᠦᠭᠵᠢᠯᠳᠠ ᠳᠠᠬᠢ ᠬᠡᠷᠡᠭᠯᠡᠭᠡ ᠶᠢᠨ ᠰᠠᠭᠤᠷᠢ ᠦᠢᠯᠡᠳᠣᠯ ᠢ ᠪᠠᠳᠠᠷᠠᠭᠤᠯᠣᠨ᠂ ᠡᠮᠴᠢᠯᠡᠭᠡ᠂ ᠨᠠᠰᠤᠳᠠᠶᠢᠴᠦᠳ ᠤᠨ ᠠᠰᠠᠷᠠᠮᠵᠢ᠂ ᠪᠠᠯᠴᠢᠷ ᠬᠡᠤᠬᠡᠳ ᠤᠨ ᠬᠦᠮᠦᠵᠢᠯ ᠪᠤᠶᠢᠵᠢᠯᠳᠠ᠂ ᠰᠤᠶᠤᠯ᠂ ᠵᠢᠭᠤᠯᠴᠢᠯᠠᠯ᠂ ᠦᠵᠡᠭᠦᠯᠭᠡ᠂ ᠪᠠᠷᠠᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠭᠡᠨ᠎ᠡ᠃ ᠡᠯᠧᠺᠲᠷᠣᠨ ᠬᠤᠳᠠᠯᠳᠣᠭᠠᠨ ᠤ ᠶᠠᠪᠣᠳᠠᠯ ᠢ ᠭᠦᠭᠵᠢᠭᠦᠯᠵᠣ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠨᠡᠭᠡᠭᠡᠵᠦ ᠥᠷᠭᠡᠳᠭᠡᠨ᠎ᠡ᠃ ᠦᠢᠯᠡᠳᠬᠦᠨ ᠤ ᠶᠠᠰᠣ ᠴᠢᠨᠠᠷ ᠪᠣᠯᠣᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠣ᠂ ︽ᠦᠪᠣᠷ ᠮᠣᠩᠭᠤᠯ ᠤᠨ ᠰᠦ ᠶᠢᠨ ᠦᠢᠯᠡᠰ︾ ︽ᠦᠪᠣᠷ ᠮᠣᠩᠭᠤᠯ ᠤᠨ ᠦᠨᠦᠷ ᠠᠮᠳᠠ︾ ︽ᠦᠪᠣᠷ ᠮᠣᠩᠭᠤᠯ ᠤᠨ ᠺᠢᠨᠣ᠋ ᠲᠧᠯᠸᠢᠰ︾ ︽ᠦᠪᠣᠷ ᠮᠣᠩᠭᠤᠯ ᠤᠨ ᠳᠠᠭᠤᠤ ᠭᠦᠭᠵᠢᠮ︾ ᠵᠡᠷᠭᠡ ᠨᠡᠷᠡᠲᠦ ᠲᠦᠷᠦᠯ ᠲᠡᠮᠲᠡᠭᠲᠦ ᠶᠢᠨ ᠨᠦᠯᠣᠭᠡᠯᠡᠭᠦ ᠭᠦᠴᠣᠨ ᠢ ᠦᠷᠭᠡᠣᠡᠭᠡᠨ᠂ ᠣᠯᠠᠨ ᠲᠦᠮᠡᠨ ᠤ ᠦᠪᠡᠷᠮᠢᠴᠡ᠂ ᠴᠢᠨᠠᠷᠵᠢᠭᠤᠨ᠂ ᠪᠣᠬᠢᠷᠳᠣᠯ ᠦᠭᠡᠢ ᠬᠡᠷᠡᠭᠯᠡᠭᠡ ᠶᠢᠨ ᠬᠡᠷᠩᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠣᠶᠦᠯ᠂ ᠪᠡᠶ᠎ᠡ ᠶᠢᠨ ᠳᠠᠮᠢᠷ ᠪᠤᠯᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠪᠡᠭᠡᠵᠢᠩ ᠤᠨ ᠡᠪᠣᠯ ᠤᠨ ᠣᠯᠢᠮᠫᠢᠺ ᠤᠨ ᠴᠣᠭᠯᠠᠭᠠᠨ ᠪᠠ ᠭᠦᠯᠣᠨ ᠪᠦᠢᠷ ᠲᠠᠬᠢ ᠪᠦᠭᠦ ᠣᠯᠣᠰ ᠤᠨ ᠡᠪᠣᠯ ᠤᠨ ᠲᠠᠮᠢᠷ ᠤᠨ ᠴᠤᠭᠯᠠᠭᠠᠨ ᠤ ᠠᠵᠨ ᠲᠣᠬᠢᠶᠠᠯ ᠢ ᠠᠣᠡᠬᠤᠵᠣ᠂ ᠪᠡᠶ᠎ᠡ ᠶᠢᠨ ᠲᠠᠮᠢᠷ ᠤᠨ ᠠᠵᠤ ᠦᠢᠯᠡᠰ ᠪᠣᠯᠣᠨ ᠮᠦᠰᠦ ᠴᠠᠰᠤᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠣᠯᠢᠮᠫᠢᠺ ᠤᠨ ᠠᠵᠣ ᠠᠬᠤᠢ ᠶᠢ ᠣᠯᠠᠨ ᠲᠦᠮᠡᠨ ᠳᠤ ᠬᠦᠷᠲᠡᠭᠡᠨ᠎ᠡ᠃ ᠭᠦᠯᠣᠨ ᠪᠦᠢᠷ ᠤᠨ ᠣᠢ ᠰᠢᠭᠤᠢ ᠲᠠᠯ᠎ᠠ ᠨᠣᠳᠤᠭ ᠢᠶᠠᠷ ᠵᠢᠭᠤᠯᠴᠢᠯᠠᠬᠤ ᠡᠭᠡᠯᠵᠢ ᠶᠢᠨ ᠭᠠᠯᠳᠣ ᠲᠡᠷᠭᠡ ᠶᠢᠨ ᠲᠦᠷᠦᠯ ᠵᠦᠢᠯ ᠪᠣᠯᠣᠨ ᠤᠯᠠᠭᠠᠨᠴᠠᠪ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠲᠦᠷᠭᠡᠳᠭᠡᠨ ᠪᠠᠶᠢᠭᠤᠯᠵᠤ᠂ ᠣᠯᠠᠭᠠᠨᠬᠤᠳᠠ — ᠷᠠᠰᠢᠶᠠᠨ — ᠬᠠᠶᠢᠯᠠᠷ — ᠮᠠᠨᠵᠣᠣᠷ ᠤᠨ ᠵᠢᠭᠤᠯᠴᠢᠯᠠᠯ ᠤᠨ ᠨᠢᠭᠡ ᠴᠣᠭᠴᠠᠵᠢᠯᠳᠠ ᠶᠢ ᠠᠬᠢᠭᠤᠯᠤᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠣᠨ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠣ᠂ ᠬᠡᠷᠡᠭᠯᠡᠭᠡ ᠶᠢᠨ ᠳᠠᠯᠳᠠ ᠭᠦᠴᠣᠨ ᠢ ᠴᠢᠯᠦᠭᠡᠯᠡᠨ᠎ᠡ᠃ ᠲᠦᠷᠪᠡᠳᠣᠭᠡᠷ ᠣᠳᠠᠭᠠᠨ ᠤ ᠪᠦᠭᠦ ᠣᠯᠣᠰ ᠤᠨ ᠠᠵᠣ ᠠᠬᠤᠢ ᠶᠢᠨ ᠨᠠᠶᠢᠳᠠᠮ ᠪᠠᠶᠢᠴᠠᠭᠠᠯᠳᠠ ᠶᠢ ᠯᠠᠪᠳᠠᠭᠤᠨ ᠪᠠᠲᠤᠲᠠᠢ ᠦᠷᠨᠢᠭᠦᠯᠣᠨ᠎ᠠ᠃      ᠪᠦᠲᠦᠮᠵᠢᠲᠡᠢ ᠪᠡᠯᠨ ᠣᠷᠣᠭᠤᠯᠣᠯᠳᠠ ᠶᠢ ᠴᠢᠷᠮᠠᠶᠢᠨ ᠦᠷᠭᠡᠣᠡᠭᠡᠨ᠎ᠠ᠃ ᠲᠣᠳᠠᠭᠤᠳᠠᠯ ᠢ ᠨᠦᠭᠦᠪᠣᠷᠢᠯᠡᠵᠣ ᠰᠡᠯᠭᠦᠭᠦ ᠭᠦᠴᠣᠨ ᠢ ᠨᠡᠮᠡᠭᠳᠡᠭᠦᠯᠭᠦ‍ ᠨᠢᠭᠡ ᠪᠦᠯᠦᠭ ᠭᠤᠣᠯᠳᠠᠯᠭ᠎ᠠ ᠲᠠᠢ ᠲᠦᠷᠣᠯ ᠵᠦᠢᠯ ᠢ ᠬᠡᠷᠩᠵᠢᠭᠦᠯᠵᠣ᠂ ᠵᠠᠮ ᠬᠠᠷᠢᠯᠴᠠᠭ᠎ᠠ᠂ ᠣᠰᠣᠨ ᠠᠰᠢᠭᠯᠠᠯᠳᠠ᠂ ᠡᠨᠧᠷᠬᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ᠂ ︽ᠮᠠᠯᠵᠢᠬᠤ ᠳᠠᠷᠢᠶᠠᠯᠠᠬᠤ ᠣᠷᠣᠨ᠂ ᠮᠠᠯ ᠳᠠᠷᠢᠶᠠᠯᠠᠩ᠂ ᠮᠠᠯᠴᠢᠨ ᠳᠠᠷᠢᠶᠠᠴᠢᠨ︾᠂ ᠬᠤᠳᠠ ᠶᠢᠨ ᠶᠠᠪᠣᠳᠠᠯ᠂ ᠭᠠᠮᠰᠢᠭ ᠢ ᠰᠡᠷᠭᠡᠶᠢᠯᠠᠨ ᠭᠠᠮᠰᠢᠭ ᠢ ᠪᠠᠭᠠᠰᠬᠠᠬᠤ ᠵᠡᠷᠭᠡ ᠭᠤᠣᠯᠳᠠᠯᠭ᠎ᠠ ᠲᠠᠢ ᠭᠦᠷᠢᠶ᠎ᠠ ᠴᠠᠷᠠᠭ᠎ᠠ ᠪᠠ ᠠᠨᠠᠢ ᠪᠠᠶᠢᠭ᠎ᠠ ᠳᠠᠯ᠎ᠠ ᠪᠠᠷ ᠬᠢ ᠪᠦᠳᠣᠭᠡᠨ ᠪᠠᠶᠢᠭᠤᠯᠣᠯᠳᠠ ᠶᠢ ᠴᠢᠩᠭᠠᠣᠡᠬᠠᠵᠣ᠂ ᠮᠡᠳᠡᠭᠡ ᠵᠠᠩᠬᠢ ᠶᠢᠨ ᠰᠦᠯᠵᠢᠶ᠎ᠠ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ ᠵᠡᠷᠭᠡ ᠰᠠᠭᠤᠷᠢ ᠪᠡᠯᠡᠣᠡᠭᠡᠮᠵᠢ ᠶᠢᠨ ᠲᠣᠯᠭᠠᠭᠤᠷᠢᠯᠡᠬᠤ ᠴᠢᠳᠠᠪᠣᠷᠢ ᠶᠢ ᠳᠡᠭᠡᠭᠰᠢᠯᠡᠭᠦᠯᠣᠨ᠎ᠠ᠃ ᠵᠢᠨᠢᠩ ᠠᠴᠠ ᠳ᠋ᠠᠲ᠋ᠦ᠋ᠩ ᠭᠦᠷᠭᠦ ᠳᠡᠭᠡᠳᠣ ᠬᠤᠷᠳᠣ ᠶᠢᠨ ᠳᠡᠮᠣᠷ ᠵᠠᠮ᠂ ᠪᠣᠭᠤᠳᠣ ᠠᠴᠠ ᠢᠷᠭᠠᠢ ᠭᠦᠷᠭᠦ ᠳᠡᠭᠡᠳᠣ ᠬᠤᠷᠳᠣ ᠶᠢᠨ ᠳᠡᠮᠣᠷ ᠵᠠᠮ᠂ ᠬᠦᠭᠡᠬᠤᠳᠠ ᠰᠢᠨ᠎ᠠ ᠨᠢᠰᠭᠡᠯ ᠤᠨ ᠪᠠᠭᠤᠳᠠᠯ ᠵᠡᠷᠬᠡ ᠲᠦᠷᠦᠯ ᠵᠦᠢᠯ ᠢ ᠲᠦᠷᠭᠡᠳᠭᠡᠨ ᠪᠦᠲᠦᠭᠡᠨ ᠪᠠᠶᠢᠭᠤᠯᠤᠨ᠎ᠠ᠃ ᠣᠷᠳᠣᠰ ᠤᠨ ᠠᠭᠠᠷ ᠠᠶᠠᠯᠠᠯ ᠤᠨ ᠳᠡᠭᠡᠳᠣ ᠰᠣᠷᠭᠠᠭᠤᠯᠢ᠂ ᠨᠢᠰᠬᠡᠯ ᠰᠡᠯᠪᠢᠨ ᠵᠠᠰᠠᠬᠤ ᠲᠥᠪ ᠵᠡᠷᠭᠡ ᠲᠦᠷᠣᠯ ᠵᠦᠢᠯ ᠤᠨ ᠠᠬᠢᠴᠠ ᠶᠢ ᠲᠥᠷᠭᠡᠳᠭᠡᠨ᠎ᠡ᠃      ᠲᠦᠷᠣᠯ ᠵᠦᠢᠯ ᠢ ᠠᠭᠢᠭᠤᠯᠬᠤ ᠲᠣᠭᠳᠠᠴᠨ ᠶᠢ ᠪᠦᠷᠢᠨᠰᠢᠭᠦᠯᠵᠣ᠂ ᠲᠦᠷᠣᠯ ᠵᠦᠢᠯ ᠳᠤ ᠭᠠᠵᠡᠷ ᠬᠡᠷᠩᠯᠡᠭᠦ᠂ ᠬᠤᠳᠠ ᠶᠢᠨ ᠶᠠᠪᠣᠳᠠᠯ ᠳᠤ ᠢᠵᠢ ᠪᠦᠷᠢᠳᠣᠭᠦᠯᠭᠦ᠂ ᠣᠷᠴᠢᠨ ᠠᠬᠤᠢ ᠶᠢᠨ ᠨᠥᠯᠥᠭᠡᠯᠡᠯ ᠳᠤ ᠦᠨᠡᠯᠡᠯᠲᠡ ᠬᠢᠬᠦ ᠶᠢ ᠬᠢᠨᠠᠨ ᠵᠦᠪᠰᠢᠶᠡᠷᠡᠭᠦ᠂ ᠪᠡᠯᠨ ᠮᠦᠩᠭᠦ ᠶᠢ ᠨᠠᠶᠢᠳᠠᠪᠣᠷᠢᠵᠢᠭᠤᠯᠬᠤ ᠵᠡᠷᠭᠡ ᠳᠠᠯ᠎ᠠ ᠪᠠᠷ ᠨᠢᠭᠡᠳᠣᠯᠳᠠᠢ ᠰᠠᠶᠢᠲᠤᠷ ᠲᠦᠯᠣᠪᠯᠡᠵᠦ᠂ ᠰᠢᠨ᠎ᠠ ᠪᠠᠷ ᠡᠬᠢᠯᠡᠭᠦᠯᠦᠭᠰᠡᠨ ᠴᠢᠬᠤᠯᠨ ᠶᠡᠭᠡ ᠲᠦᠷᠣᠯ ᠵᠦᠢᠯ ᠤᠨ ᠡᠨᠧᠷᠬᠢ ᠶᠢᠨ ᠬᠤᠷᠣᠭᠳᠠᠯ ᠤᠨ ᠭᠦᠢᠴᠡᠣᠡᠭᠡᠯ ᠲᠤᠭ᠎ᠠ ᠶᠢ ᠠᠰᠳᠠᠭᠠᠨ ᠵᠢᠭᠰᠠᠭᠠᠨ᠎ᠠ᠃ ᠵᠠᠰᠠᠭ ᠤᠨ ᠣᠷᠳᠣᠨ ᠪᠠᠩᠬᠢ ᠠᠵᠣ ᠠᠬᠤᠶᠢᠯᠡᠯ ᠢ ᠵᠣᠯᠭᠠᠯᠳᠣᠭᠤᠯᠬᠤ ᠶᠢ ᠴᠢᠩᠭᠠᠣᠡᠬᠠᠵᠣ᠂ ᠭᠤᠣᠯᠳᠠᠯᠭ᠎ᠠ ᠲᠠᠢ ᠲᠦᠷᠣᠯ ᠵᠦᠢᠯ ᠤᠨ ᠪᠡᠯᠨ ᠮᠦᠩᠭᠦᠨ ᠤ ᠬᠡᠷᠩᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠠᠷᠠᠣᠨ ᠤᠨ ᠳᠤᠮᠳᠠᠬᠢ ᠪᠡᠯᠨ ᠣᠷᠣᠭᠤᠯᠣᠯᠳᠠ ᠳᠤ ᠵᠥᠪᠰᠢᠶᠡᠷᠡᠨ ᠣᠷᠣᠭᠤᠯᠬᠤ ᠶᠢ ᠠᠭᠤᠵᠢᠭᠤ ᠪᠣᠯᠭᠠᠨ᠂ ᠠᠷᠠᠣᠨ ᠤᠨ ᠳᠤᠮᠳᠠᠬᠢ ᠭᠦᠷᠣᠩᠭᠡ ᠮᠦᠩᠭᠦ ᠶᠢ ᠪᠠᠨ ᠵᠠᠰᠠᠭ ᠤᠨ ᠣᠷᠳᠣᠨ ᠤ ᠪᠡᠯᠡ ᠣᠷᠤᠭᠤᠯᠤᠭᠰᠠᠨ ᠲᠦᠷᠣᠯ ᠵᠦᠢᠯ ᠳᠤ ᠣᠷᠣᠯᠴᠠᠭᠤᠯᠬᠤ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠤᠨ ᠰᠢᠨ᠎ᠠ ᠪᠠᠷ ᠡᠬᠢᠯᠡᠭᠦᠯᠣᠭ᠍ᠰᠡᠨ ᠲᠦᠷᠣᠯ ᠵᠦᠢᠯ ᠪᠣᠶᠣ ᠴᠢᠬᠤᠯᠨ ᠶᠡᠭᠡ ᠮᠡᠷᠭᠡᠵᠢᠯ ᠤᠨ ᠦᠭᠡᠷᠡᠴᠢᠯᠡᠨ ᠰᠢᠨᠡᠳᠭᠡᠭᠰᠡᠨ ᠲᠦᠷᠦᠯ ᠵᠦᠢᠯ ᠳᠤ ᠬᠤᠳᠠᠯᠳᠣᠭᠠᠴᠢᠨ ᠣᠷᠢᠵᠣ ᠪᠡᠯᠨ ᠣᠷᠣᠭᠤᠯᠬᠤ ᠲᠦᠷᠣ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠨ᠎ᠡ᠃      ᠰᠢᠨ᠎ᠠ ᠬᠡᠯᠪᠡᠷᠢ ᠶᠢᠨ ᠬᠤᠳᠠ ᠪᠠᠯᠭᠠᠰᠤᠴᠢᠯᠠᠯᠲᠠ ᠶᠢᠨ ᠶᠠᠰᠣ ᠴᠢᠨᠠᠷ ᠢ ᠳᠡᠭᠡᠭᠰᠢᠯᠡᠭᠦᠯᠵᠣ᠂ ᠬᠤᠳᠠ ᠪᠠᠯᠭᠠᠰᠣᠨ ᠤ ᠪᠠᠶᠢᠷᠢᠰᠢᠭᠤᠯᠣᠯᠳᠠ ᠶᠢ ᠰᠢᠯᠢᠳᠡᠭᠵᠢᠭᠦᠯᠣᠨ᠂ ᠣᠨᠴᠠᠯᠢᠭᠳᠣ ᠵᠢᠵᠢᠭ ᠪᠠᠯᠭᠠᠰᠣᠨ ᠤ ᠡᠮᠬᠢ ᠵᠢᠷᠣᠮ ᠲᠠᠢ ᠪᠠᠷ ᠭᠦᠭᠵᠢᠭᠦ ᠶᠢ ᠳᠡᠮᠵᠢᠵᠣ᠂ ᠤᠬᠠᠭᠠᠯᠢᠭ ᠬᠤᠳᠠ ᠶᠢ ᠢᠳᠡᠪᠬᠢᠳᠠᠢ ᠴᠤᠭᠴᠠᠯᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠬᠤᠷ᠎ᠠ ᠣᠰᠣ ᠶᠢ ᠪᠦᠳᠣᠮᠵᠢᠳᠠᠢ ᠠᠰᠢᠭᠯᠠᠬᠤ ᠬᠤᠳᠠ᠂ ᠭᠠᠵᠡᠷ ᠲᠣᠣᠷᠠᠬᠢ ᠶᠡᠷᠦᠩᠬᠡᠢ ᠬᠤᠭᠤᠯᠠᠢ ᠭᠤᠣᠷᠰᠣ ᠶᠢᠨ ᠬᠤᠩᠭᠢᠯ᠂ ᠣᠰᠣ ᠵᠠᠯᠠᠵᠣ ᠣᠰᠣᠳᠣᠯ ᠢ ᠰᠡᠷᠭᠡᠶᠢᠯᠡᠭᠦ᠂ ᠭᠠᠯ ᠤᠨᠳᠠᠷᠠᠭᠠᠵᠦ ᠠᠪᠤᠷᠠᠨ ᠲᠤᠰᠠᠯᠠᠬᠤ ᠪᠡᠯᠡᠳᠭᠡᠮᠵᠢ ᠶᠢᠨ ᠪᠦᠳᠣᠭᠡᠨ ᠪᠠᠶᠢᠭᠤᠯᠣᠯᠳᠠ ᠶᠢ ᠠᠬᠢᠭᠤᠯᠵᠤ᠂ ᠰᠠᠭᠤᠷᠢᠰᠢᠨ ᠠᠮᠢᠳᠤᠷᠠᠬᠤ ᠣᠷᠴᠢᠨ ᠨᠦᠬᠦᠴᠡᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠣᠨ᠎ᠠ᠃ ᠣᠷᠳᠣ ᠬᠤᠭᠤᠴᠠᠭᠠᠨ ᠤ ᠪᠦᠲᠦᠮᠵᠢᠲᠡᠢ ᠲᠣᠭᠳᠠᠴᠨ ᠶᠢ ᠪᠠᠶᠢᠭᠤᠯᠵᠤ᠂ ᠭᠡᠷ ᠪᠠᠶᠢᠰᠢᠩ ᠭᠠᠵᠡᠷ ᠭᠦᠷᠣᠩᠭᠡ ᠶᠢᠨ ᠵᠠᠬ᠎ᠠ ᠳᠡᠯᠭᠡᠭᠦᠷ ᠤᠨ ᠲᠤᠭᠳᠠᠭᠤᠨ ᠪᠦᠬᠡᠳ ᠡᠷᠡᠭᠦᠯ ᠢᠶᠠᠷ ᠭᠦᠭᠵᠢᠭᠦ ᠶᠢ ᠠᠬᠢᠭᠤᠯᠣᠨ᠎ᠠ᠃      ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠶᠢ ᠠᠬᠢᠭᠤᠯᠣᠨ᠎ᠠ᠃ ᠦᠪᠡᠷᠳᠡᠭᠡᠨ ᠵᠠᠰᠠᠬᠤ ᠣᠷᠣᠨ ᠤ ᠵᠡᠭᠦᠨ᠂ ᠲᠣᠮᠳᠠ᠂ ᠪᠠᠷᠠᠭᠤᠨ ᠬᠡᠰᠡᠭ ᠤᠨ ᠭᠦᠭᠵᠢᠯᠳᠠ ᠶᠢ ᠨᠢᠭᠡᠳᠣᠯᠳᠠᠢ ᠲᠦᠯᠣᠪᠯᠡᠨ᠂ ᠭᠦᠭᠡᠬᠤᠳᠠ ᠪᠣᠭᠤᠳᠣ ᠣᠷᠳᠣᠰ ᠵᠢᠴᠢ ᠣᠯᠠᠭᠠᠨᠴᠠᠪ ᠤᠨ ᠵᠣᠬᠢᠴᠠᠯᠳᠣᠨ ᠭᠦᠭᠵᠢᠭᠦ᠂ ᠵᠡᠭᠦᠨ ᠬᠡᠰᠡᠭ ᠤᠨ ᠠᠶᠢᠮᠠᠭ ᠬᠤᠳᠠ ᠶᠢᠨ ᠮᠠᠨᠳᠤᠭᠤᠯᠵᠤ ᠬᠥᠭᠵᠢᠭᠦᠯᠬᠦ᠂ ᠦᠬᠠᠢ ᠵᠢᠴᠢ ᠡᠷᠬᠢᠨ ᠲᠣᠭᠤᠷᠢᠨ ᠤ ᠭᠠᠵᠡᠷ ᠣᠷᠣᠨ ᠤ ᠬᠡᠯᠪᠡᠷᠢ ᠪᠠᠨ ᠬᠤᠪᠢᠷᠠᠭᠤᠯᠵᠣ ᠭᠦᠭᠵᠢᠭᠦ ᠶᠢ ᠠᠬᠢᠭᠤᠯᠣᠨ᠎ᠠ᠃ ᠬᠤᠷᠢᠠᠭᠡᠷ ᠰᠢᠨ᠎ᠠ ᠲᠣᠭᠤᠷᠢᠭ ᠢ ᠰᠢᠨᠵᠢᠯᠡᠭᠦ ᠣᠬᠠᠭᠠᠨᠴᠢ ᠪᠠᠷ ᠲᠦᠯᠦᠪᠵᠢᠭᠦᠯᠵᠦ᠂ ᠡᠮᠬᠢ ᠵᠢᠷᠣᠮ ᠲᠠᠢ ᠪᠦᠳᠣᠭᠡᠨ ᠪᠠᠶᠢᠭᠤᠯᠣᠨ᠎ᠠ᠃ ︽ᠮᠤᠬᠤᠷ ᠵᠠᠮ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠵᠠᠷ ᠤᠷᠤᠨ ᠤ ᠬᠤᠭᠤᠷᠤᠨᠳᠤ ᠶᠢᠨ ᠵᠠᠮ ᠬᠠᠷᠢᠯᠴᠠᠭ᠎ᠠ ᠨᠡᠪᠳᠡᠷᠡᠬᠦ ᠬᠢᠷᠢ ᠲᠦᠪᠰᠢᠨ ᠢ ᠲᠡᠬᠡᠭᠰᠢᠯᠡᠬᠦᠯᠦᠨ᠎ᠠ᠃      ︵ᠲᠦᠷᠪᠠ︶ ᠭᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃      ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠢ ᠲᠡᠷᠢᠭᠦᠨ ᠳᠤ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠤᠨ᠎ᠠ᠃ ᠳᠠᠷᠢᠶᠠᠯᠠᠩ ᠮᠠᠯ ᠠᠵᠣ ᠠᠬᠤᠢ ᠶᠢᠨ ᠬᠠᠩᠭᠠᠯᠭ᠎ᠠ ᠶᠢᠨ ᠳᠠᠯ᠎ᠠ ᠳᠠᠬᠢ ᠪᠦᠳᠣᠴᠨ ᠶᠢᠨ ᠴᠢᠨᠠᠷᠳᠠᠢ ᠦᠭᠡᠷᠡᠴᠢᠯᠡᠯᠳᠠ ᠶᠢ ᠭᠦᠨᠵᠡᠭᠡᠶᠢᠷᠡᠭᠦᠯᠣᠨ᠎ᠠ᠃ ᠠᠮᠣ ᠪᠣᠳᠠᠭ᠎ᠠ ᠦᠢᠯᠡᠣᠡᠪᠣᠷᠢᠯᠡᠭᠦ ᠴᠢᠳᠠᠮᠵᠢᠳᠣ ᠣᠷᠣᠨ ᠪᠣᠯᠣᠨ ᠴᠢᠬᠤᠯᠨ ᠪᠣᠯᠬᠤ ᠳᠠᠷᠢᠶᠠᠯᠠᠩ ᠤᠨ ᠪᠦᠳᠣᠭᠡᠭᠳᠡᠭᠦᠨ ᠦᠢᠯᠡᠳᠪᠦᠷᠢᠯᠡᠵᠦ ᠬᠠᠮᠠᠭᠠᠯᠠᠬᠤ ᠣᠷᠣᠨ ᠤ ᠬᠤᠪᠢᠶᠠᠷᠢᠯᠠᠨ ᠲᠣᠭᠳᠠᠭᠠᠬᠤ ᠠᠵᠢᠯ ᠢ ᠪᠦᠭᠦ ᠳᠠᠯ᠎ᠠ ᠪᠠᠷ ᠪᠡᠶᠡᠯᠡᠭᠦᠯᠣᠨ᠂ ᠣᠨᠴᠠᠯᠢᠭ ᠲᠠᠢ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠭᠦᠨ ᠤ ᠲᠠᠯ᠎ᠠ ᠪᠠᠷ ᠬᠢ ᠳᠠᠪᠠᠭᠤᠯᠢᠭ ᠣᠷᠣᠨ ᠢ ᠡᠭᠦᠳᠣᠨ ᠪᠠᠶᠢᠭᠤᠯᠣᠨ᠎ᠠ᠃ ᠡᠭᠦᠷᠢᠳᠠ ᠶᠢᠨ ᠦᠨᠳᠣᠰᠣᠨ ᠲᠠᠷᠢᠶᠠᠨ ᠭᠠᠵᠡᠷ ᠢ ᠴᠢᠩᠭ᠎ᠠ ᠬᠠᠮᠠᠭᠠᠯᠠᠵᠣ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠣ᠂ ᠦᠨᠳᠣᠷ ᠪᠦᠳᠣᠮᠵᠢᠳᠠᠢ ᠪᠠᠷ ᠣᠰᠣ ᠠᠷᠪᠢᠯᠠᠬᠤ ᠤᠰᠤᠯᠠᠯᠲᠠ ᠶᠢᠨ ᠳᠠᠯᠠᠪᠡᠢ ᠶᠢ ᠦᠷᠭᠡᠣᠡᠭᠡᠵᠣ᠂ ᠬᠤᠵᠢᠷᠯᠢᠬ ᠭᠠᠵᠠᠷ ᠢ ᠦᠬᠡᠷᠡᠴᠢᠯᠡᠨ᠂ ᠭᠠᠵᠠᠷ ᠰᠢᠷᠣᠢ ᠪᠠᠷ ᠠᠮᠤ ᠪᠤᠳᠠᠭᠠᠨ ᠤ ᠬᠤᠷᠢᠶᠠᠯᠲᠠ ᠶᠢ ᠪᠠᠲᠤᠯᠠᠨ ᠭᠠᠷᠮᠠᠭᠠᠢ ᠮᠡᠷᠭᠡᠵᠢᠯ ᠢᠶᠠᠷ ᠤᠨᠠᠯᠲᠠ ᠪᠠᠨ ᠳᠡᠭᠡᠭᠰᠢᠯᠡᠭᠦᠯᠬᠦ ᠶᠢ ᠬᠡᠷᠡᠭᠵᠢᠬᠦᠯᠦᠨ᠎ᠠ᠃ ︽ᠠᠮᠣ ᠪᠣᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠬᠤᠪᠢᠷᠠᠭᠤᠯᠬᠤ︾ ᠶᠢ ᠬᠡᠷᠩᠵᠢᠭᠦᠯᠵᠣ᠂ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶᠢᠳᠠᠢ ᠪᠣᠷᠴᠠᠭ ᠪᠣᠯᠣᠨ ᠦᠨᠳᠣᠷ ᠣᠨᠠᠯᠳᠠ ᠲᠠᠢ ᠴᠢᠨᠠᠷ ᠰᠠᠶᠢᠳᠠᠢ ᠴᠡᠷᠭᠠᠰᠣ ᠳᠠᠷᠢᠬᠤ ᠳᠠᠯᠠᠪᠡᠢ ᠶᠢ ᠥᠷᠭᠡᠳᠭᠡᠨ᠎ᠡ᠃ ᠣᠳᠣ ᠦᠶ᠎ᠡ ᠶᠢᠨ ᠮᠠᠯ ᠠᠵᠣ ᠠᠬᠤᠢ ᠶᠢ ᠬᠥᠭᠵᠢᠭᠦᠯᠵᠦ᠂ ᠰᠦ ᠴᠠᠭᠠᠨ ᠢᠳᠡᠬᠡᠨ ᠤ ᠦᠢᠯᠡᠰ ᠤᠨ ᠦᠷᠨᠢᠨ ᠬᠥᠭᠵᠢᠬᠦ ᠶᠢ ᠠᠬᠢᠭᠤᠯᠵᠤ᠂ ᠢᠳᠡᠰᠢᠨ ᠦᠭᠡᠷ ᠬᠤᠨᠢᠨ ᠤ ᠠᠵᠣ ᠦᠢᠯᠡᠰ ᠢ ᠪᠣᠵᠠᠭᠠᠶᠢᠷᠠᠭᠤᠯᠵᠤ᠂ ᠠᠳᠤᠭᠤᠨ ᠤ ᠠᠵᠦ ᠦᠢᠯᠡᠰ ᠤᠨ ᠬᠦᠭᠵᠢᠯᠳᠡ ᠶᠢ ᠲᠠᠮᠵᠢᠨ᠂ ᠠᠮᠢᠳᠠᠨ ᠤ ᠭᠡᠮ ᠬᠢᠵᠢᠭ ᠢ ᠰᠡᠷᠭᠡᠶᠢᠯᠠᠨ ᠵᠠᠰᠠᠬᠤ ᠴᠢᠳᠠᠪᠣᠷᠢ ᠶᠢ ᠳᠡᠭᠡᠭᠰᠢᠯᠡᠭᠦᠯᠣᠨ᠎ᠠ᠃ ᠶᠠᠰᠣ ᠴᠢᠨᠠᠷ ᠢᠶᠠᠷ ᠮᠠᠯ ᠳᠠᠷᠢᠶᠠᠯᠠᠩ ᠢ ᠭᠦᠭᠵᠢᠭᠦᠯᠭᠦ ᠶᠢ ᠪᠠᠷᠢᠮᠳᠠᠯᠠᠵᠣ᠂ ᠣᠳᠣ ᠦᠶ᠎ᠡ ᠶᠢᠨ ᠲᠠᠷᠢᠮᠠᠯ ᠤᠨ ᠦᠢᠯᠡᠰ ᠢ ᠬᠥᠭᠵᠢᠭᠦᠯᠦᠨ᠂ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠭᠦᠨ ᠤ ᠪᠠᠷᠢᠮᠵᠢᠶᠠᠳᠣ ᠰᠢᠰᠲ᠋ᠧᠮᠵᠢ ᠪᠠ ᠶᠠᠰᠣ ᠴᠢᠨᠠᠷ ᠤᠨ ᠠᠮᠣᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢ ᠳᠡᠭᠦᠯᠳᠡᠷᠵᠢᠭᠦᠯᠵᠣ᠂ ᠴᠢᠨᠠᠷ ᠰᠠᠶᠢᠳᠠᠢ ᠪᠥᠭᠡᠳ ᠪᠣᠬᠢᠷᠳᠣᠯ ᠦᠭᠡᠢ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠣᠨ᠎ᠠ᠃ ᠤᠯᠠᠭᠠᠨᠴᠠᠪ ᠤᠨ ᠲᠦᠮᠦᠰᠦ᠂ ᠰᠢᠯᠢ ᠶᠢᠨ ᠭᠤᠣᠯ ᠬᠤᠨᠢ᠂ ᠬᠤᠷᠴᠢᠨ ᠦᠬᠡᠷ᠂ ᠬᠢᠩᠭᠠᠨ ᠲᠤᠳᠤᠷᠭ᠎ᠠ᠂ ᠤᠯᠠᠭᠠᠨᠬᠠᠳᠠ ᠨᠠᠷᠢᠮᠤ᠂ ᠲᠡᠭᠷᠢ ᠶᠢᠨ ᠬᠡᠰᠢᠭᠲᠦ ᠪᠣᠷᠣᠲᠣᠬᠠᠢ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠦᠷᠦᠯ ᠲᠡᠮᠲᠡᠭᠲᠦ ᠶᠢᠨ ᠦᠨ᠎ᠡ ᠥᠷᠲᠡᠭ ᠪᠣᠯᠣᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠪᠠᠶᠠᠨᠨᠠᠭᠤᠷ ᠤᠨ ᠬᠢᠨ ᠤ ᠣᠯᠣᠰ ᠤᠨ ᠳᠠᠷᠢᠶᠠᠯᠠᠩ ᠤᠨ ᠳᠡᠭᠡᠳᠣ ᠰᠢᠨ᠎ᠠ ᠮᠡᠷᠭᠡᠵᠢᠯ ᠤᠨ ᠠᠵᠣ ᠦᠢᠯᠡᠰ ᠤᠨ ᠵᠢᠱᠢᠶ᠎ᠠ ᠦᠵᠡᠭᠦᠯᠭᠦ ᠲᠣᠭᠤᠷᠢᠭ ᠡᠭᠦᠳᠣᠨ ᠪᠠᠶᠢᠭᠤᠯᠬᠤ ᠶᠢ ᠳᠡᠮᠵᠢᠨ᠎ᠠ᠃      ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭᠠᠨ ᠤ ᠲᠦᠯᠣᠪᠯᠡᠭᠡ ᠶᠢ ᠨᠠᠶᠢᠳᠠᠪᠣᠷᠢᠵᠢᠭᠤᠯᠵᠣ᠂ ᠵᠣᠷᠯᠣᠩ᠂ ᠬᠤᠭ ᠨᠣᠪᠰᠢ᠂ ᠪᠣᠬᠢᠷ ᠣᠰᠣ ᠵᠡᠷᠭᠡ ᠠᠰᠠᠭᠤᠳᠠᠯ ᠢ ᠭᠦᠴᠣᠯᠡᠨ ᠰᠢᠢᠣᠡᠪᠣᠷᠢᠯᠡᠵᠣ᠂ ᠮᠠᠯ ᠵᠢᠭᠦᠷᠲᠡᠨ ᠤ ᠰᠢᠭᠢᠭ ᠰᠠᠩᠭᠠᠰᠤ ᠶᠢ ᠡᠬᠢ ᠪᠠᠶᠠᠯᠢᠬᠵᠢᠭᠤᠯᠤᠨ ᠠᠰᠢᠭᠯᠠᠬᠤ ᠶᠢ ᠰᠠᠶᠢᠲᠤᠷ ᠠᠳᠬᠤᠨ᠂ ᠠᠶᠢᠯ ᠲᠣᠰᠬᠤᠨ ᠤ ᠲᠦᠷᠰᠣ ᠪᠠᠶᠢᠳᠠᠯ ᠢ ᠳᠠᠰᠣᠷᠠᠯᠳᠠ ᠦᠭᠡᠢ ᠰᠠᠶᠢᠵᠢᠷᠠᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠪᠠ ᠣᠣᠭᠤᠬᠤ ᠣᠰᠣᠨ ᠤ ᠠᠮᠣᠷ ᠲᠦᠪᠰᠢᠨ ᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ︽ᠳᠥᠷᠪᠡᠨ ᠰᠠᠶᠢᠲᠠᠢ ᠭᠦᠳᠡᠭᠡ ᠲᠣᠰᠬᠤᠨ ᠤ ᠵᠠᠮ︾ ᠤᠨ ᠪᠦᠳᠣᠭᠡᠨ ᠪᠠᠶᠢᠭᠤᠯᠣᠯᠳᠠ ᠶᠢ ᠦᠷᠭᠦᠯᠵᠢᠯᠡᠨ ᠰᠠᠶᠢᠲᠤᠷ ᠬᠢᠨ᠎ᠡ᠃ ᠦᠷᠭᠡᠨ ᠪᠦᠰᠡᠲᠦ ᠰᠦᠯᠵᠢᠶ᠎ᠡ ᠶᠢ ᠭᠠᠴᠠᠭ᠎ᠠ ᠲᠣᠰᠠᠬᠤᠨ ᠳᠤ ᠬᠦᠷᠲᠡᠯ᠎ᠡ ᠣᠷᠲᠤᠳᠬᠠᠬᠤ ᠶᠢ ᠠᠬᠢᠭᠤᠯᠣᠨ᠎ᠠ᠃ ᠮᠠᠯᠵᠢᠬᠤ ᠳᠠᠷᠢᠶᠠᠯᠠᠬᠤ ᠣᠷᠣᠨ ᠤ ᠰᠠᠭᠤᠷᠢ ᠪᠡᠯᠡᠣᠡᠭᠡᠮᠵᠢ ᠪᠠ ᠣᠯᠠᠨ ᠨᠠᠶᠢᠳᠠ ᠶᠢᠨ ᠦᠢᠯᠡᠴᠢᠯᠡᠭᠡᠨ ᠤ ᠪᠡᠯᠡᠣᠡᠭᠡᠮᠵᠢ ᠶᠢ ᠬᠠᠮᠢᠶᠠᠷᠴᠣ ᠬᠠᠮᠠᠭᠠᠯᠠᠬᠤ ᠲᠣᠭᠳᠠᠴᠨ ᠶᠢ ᠳᠡᠭᠦᠯᠳᠡᠷᠵᠢᠭᠦᠯᠣᠨ᠎ᠠ᠃      ᠮᠠᠯᠵᠢᠬᠤ ᠲᠠᠷᠢᠶᠠᠯᠠᠬᠤ ᠤᠷᠤᠨ ᠤ ᠦᠨᠳᠣᠰᠣᠨ ᠡᠵᠡᠩᠨᠡᠯᠳᠠ ᠶᠢᠨ ᠲᠦᠷᠢᠮ ᠢ ᠪᠠᠲᠤᠳᠬᠠᠨ ᠳᠡᠭᠦᠯᠳᠡᠷᠵᠢᠭᠦᠯᠵᠣ᠂ ᠮᠠᠯᠵᠢᠬᠤ ᠲᠠᠷᠢᠶᠠᠯᠠᠬᠤ ᠤᠷᠤᠨ ᠤ ᠭᠠᠵᠡᠷ ᠰᠢᠷᠣᠢ ᠶᠢᠨ ᠲᠦᠷᠢᠮ᠂ ᠬᠠᠮᠲᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠣᠨ᠎ᠠ᠃ ︽ᠬᠦᠯᠡᠮᠵᠢ ᠲᠠᠢ ᠲᠦᠬᠦᠷᠵᠢᠭᠦᠯᠦᠭᠰᠡᠨ ᠭᠡᠷ ᠪᠠᠶᠢᠰᠢᠩ︾ ᠢ ᠠᠷᠢᠯᠭᠠᠨ ᠴᠡᠭᠴᠡᠯᠡᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠵᠦᠢᠯ ᠳᠤ ᠬᠡᠷᠡᠭᠯᠡᠬᠦ ᠶᠢ ᠡᠷᠡᠰ ᠬᠤᠷᠢᠭᠯᠠᠨ᠎ᠠ᠃ ᠬᠠᠮᠳᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠳᠡᠭᠦᠯᠳᠡᠷᠵᠢᠭᠦᠯᠣᠨ᠂ ᠭᠡᠷ ᠪᠦᠯᠢ ᠶᠢᠨ ᠮᠠᠯ ᠳᠠᠷᠢᠶᠠᠯᠠᠩ ᠤᠨ ᠲᠠᠯᠠᠪᠠᠢ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠵᠡᠷᠭᠡ ᠰᠢᠨ᠎ᠠ ᠬᠡᠯᠪᠡᠷᠢ ᠶᠢᠨ ᠡᠵᠡᠩᠨᠡᠯᠳᠠ ᠶᠢᠨ ᠭᠤᠣᠯ ᠴᠣᠭᠴᠨ ᠶᠢ ᠬᠥᠭᠵᠢᠭᠦᠯᠵᠦ᠂ ᠬᠦᠲᠦᠴᠢ ᠠᠵᠣ ᠠᠬᠤᠶᠢᠯᠡᠯ ᠢ ᠪᠤᠶᠢᠵᠢᠭᠤᠯᠣᠨ ᠪᠣᠵᠠᠭᠠᠶᠢᠷᠠᠭᠤᠯᠵᠣ ᠂ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ ᠡᠩᠨᠡᠭᠡ ᠶᠢ ᠪᠠᠶᠢᠭᠤᠯᠵᠤ᠂ ᠳᠠᠷᠢᠶᠠᠯᠠᠩ ᠮᠠᠯ ᠠᠵᠣ ᠠᠬᠤᠢ ᠶᠢᠨ ᠦᠢᠯᠡᠣᠡᠪᠣᠷᠢᠯᠡᠯ ᠤᠨ ᠵᠣᠬᠢᠶᠠᠨ ᠪᠠᠶᠢᠭᠤᠯᠭᠠᠨᠴᠢᠯᠠᠬᠤ ᠭᠡᠮᠵᠢᠶ᠎ᠠ ᠶᠢ ᠳᠡᠭᠡᠭᠰᠢᠯᠡᠭᠦᠯᠵᠦ᠂ ᠨᠢᠭᠡᠳᠣᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠠᠭᠤᠰᠣᠯᠴᠠᠨ ᠭᠦᠭᠵᠢᠭᠦ ᠶᠢ ᠠᠬᠢᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠪᠣᠯᠣᠨ ᠠᠵᠣ ᠠᠬᠤᠶᠢᠯᠠᠯ ᠤᠨ ᠠᠰᠢᠭ ᠲᠤᠰᠠ ᠶᠢ ᠪᠠᠨ ᠬᠤᠯᠪᠣᠬᠤ ᠲᠣᠭᠳᠠᠴᠨ ᠶᠢ ᠪᠦᠷᠢᠨᠰᠢᠭᠦᠯᠵᠦ᠂ ᠠᠵᠣ ᠦᠢᠯᠡᠰᠵᠢᠯᠲᠡ ᠪᠠᠷ ᠮᠠᠯᠴᠢᠨ ᠲᠠᠷᠢᠶᠠᠴᠢᠳ ᠲᠤ ᠨᠡᠩ ᠢᠯᠡᠭᠦᠦ ᠠᠰᠢᠭ ᠭᠦᠷᠳᠡᠭᠡᠨ᠎ᠠ᠃      ︽ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ︾᠂ ᠬᠠᠲᠤᠨ ᠭᠤᠣᠯ ᠤᠨ ᠦᠶᠡᠷ ᠢ ᠲᠣᠭᠲᠠᠭᠠᠬᠤ ᠣᠷᠣᠨ᠂ ᠵᠡᠭᠦᠨ ᠲᠠᠶᠢᠰᠠ ᠤᠰᠤᠨ ᠴᠦᠬᠦᠷᠦᠮ ᠵᠡᠷᠭᠡ ᠣᠰᠣᠨ ᠠᠰᠢᠭᠯᠠᠯᠳᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠎ᠠ᠃ ᠬᠠᠳᠤᠨ ᠭᠤᠤᠯ ᠤᠨ ᠬᠠᠯᠢᠶ᠎ᠠ ᠭᠠᠷᠬᠤ ᠬᠤᠭᠤᠴᠠᠭᠠᠨ ᠳᠤ ᠡᠯᠪᠡᠭ ᠪᠣᠯᠣᠭᠰᠠᠨ ᠣᠰᠣᠨ ᠤ ᠡᠬᠢ ᠰᠤᠷᠪᠣᠯᠵᠢ ᠶᠢ ᠭᠦᠢᠴᠡᠣᠨ ᠠᠰᠢᠭᠯᠠᠵᠣ᠂ ᠤᠰᠤᠨ ᠤ ᠠᠶᠤᠯ ᠢ ᠤᠰᠤᠨ ᠠᠰᠢᠭᠯᠠᠯᠳᠠ ᠪᠣᠯᠭᠠᠨ ᠬᠤᠪᠢᠷᠠᠭᠤᠯᠤᠨ᠎ᠠ᠃      ︵ᠲᠠᠪᠤ︶ ᠭᠤᠤᠯᠳᠠᠯᠭ᠎ᠠ ᠲᠠᠢ ᠬᠥᠷᠢᠶ᠎ᠡ ᠴᠠᠷᠠᠭᠠᠨ ᠳᠠᠬᠢ ᠥᠭᠡᠷᠡᠴᠢᠯᠡᠯᠲᠠ ᠶᠢ ᠭᠥᠨᠵᠡᠭᠡᠶᠢᠷᠡᠭᠦᠯᠤᠨ᠎ᠡ᠃      ︽ᠲᠠᠯᠪᠢᠬᠤ ᠬᠠᠮᠢᠶᠠᠷᠬᠤ ᠥᠢᠯᠡᠴᠢᠯᠡᠬᠦ︾ ᠥᠭᠡᠷᠡᠴᠢᠯᠡᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠵᠠᠷᠴᠢᠮ ᠠᠴᠠ ᠵᠥᠷᠢᠴᠡᠭᠰᠡᠨ᠂ ᠥᠢᠯᠡᠳᠪᠥᠷᠢᠯᠡᠯ ᠤᠨ ᠬᠥᠴᠥᠨ ᠵᠥᠢᠯ ᠤᠨ ᠭᠥᠢᠯᠭᠡᠭᠡᠨ ᠢ ᠬᠠᠷᠰᠢᠯᠠᠭᠰᠠᠨ ᠪᠠ ᠠᠵᠤ ᠠᠬᠤᠶᠢᠯᠠᠯ ᠤᠨ ᠠᠮᠢᠵᠢᠷᠠᠯ ᠤᠨ ᠬᠥᠴᠥᠨ ᠢ ᠨᠥᠯᠥᠭᠡᠯᠡᠭᠰᠡᠨ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠪᠥᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠥ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠢ ᠬᠢᠨᠠᠨ ᠵᠥᠪᠰᠢᠶᠡᠷᠡᠬᠦ᠂ ᠠᠵᠤ ᠠᠬᠤᠶᠢᠯᠠᠯ ᠨᠡᠭᠡᠭᠡᠨ ᠡᠷᠬᠢᠯᠡᠬᠦ᠂ ᠲᠠᠸᠠᠷ ᠤᠨ ᠲᠡᠮᠳᠡᠭ ᠳᠠᠩᠰᠠᠯᠠᠬᠤ ᠴᠠᠭ ᠢ ᠶᠡᠭᠡ ᠪᠠᠷ ᠪᠤᠭᠤᠨᠢᠰᠬᠠᠬᠨ᠎ᠠ᠃ ︽ᠬᠤᠶᠠᠷ ᠢ ᠰᠤᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠤ᠂ ᠬᠢᠨᠠᠨ ᠬᠠᠮᠢᠶᠠᠷᠬᠤ ᠬᠥᠴᠥᠨ ᠴᠢᠳᠠᠪᠤᠷᠢ ᠶᠢ ᠳᠡᠭᠡᠭᠰᠢᠯᠡᠭᠦᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠥᠷᠢᠶᠡᠨ ᠳᠠᠬᠢ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠠ ᠶᠢ ᠪᠥᠬᠦ ᠲᠠᠯ᠎ᠠ ᠪᠠᠷ ᠭᠥᠨᠵᠡᠭᠡᠶᠢᠷᠡᠭᠦᠯᠥᠨ᠂ ᠵᠠᠰᠠᠭ ᠵᠠᠬᠢᠷᠭᠠᠨ ᠤ ᠰᠢᠢᠳᠭᠡᠵᠦ ᠲᠤᠷᠭᠠᠬᠤ ᠵᠥᠢᠯᠡᠰ ᠢ ᠢᠯᠭᠠᠷᠠᠭᠤᠯᠤᠨ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ︽ᠨᠢᠭᠡ ᠰᠥᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠠ ᠪᠡ ᠤᠷᠤᠯᠠᠨ ᠭᠥᠢᠴᠡᠳᠬᠡᠬᠦ ᠳᠥᠷᠢᠮ ᠢ ᠥᠷᠭᠦᠯᠵᠢᠯᠡᠨ ᠠᠬᠢᠭᠤᠯᠤᠨ᠎ᠠ᠃ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠤᠷᠴᠢᠨ ᠨᠥᠬᠦᠴᠡᠯ ᠳᠤ ᠦᠨᠡᠯᠡᠯᠲᠡ ᠬᠢᠬᠦ ᠠᠵᠢᠯ ᠢ ᠦᠷᠭᠦᠯᠵᠢᠯᠡᠨ ᠦᠷᠨᠢᠭᠦᠯᠦᠨ᠎ᠡ᠃ ᠪᠥᠬᠦ ᠤᠷᠤᠨ ᠤ ᠮᠡᠳᠡᠭᠡ ᠵᠠᠩᠬᠢ ᠶᠢᠨ ᠲᠠᠪᠴᠠᠩ ᠢ ᠡᠮᠬᠢᠯᠡᠨ ᠨᠡᠶᠢᠯᠡᠭᠦᠯᠵᠥ᠂ ᠮᠡᠳᠡᠭᠡ ᠵᠠᠩᠬᠢ ᠶᠢᠨ ᠬᠤᠷᠢᠭ᠎ᠠ ᠴᠠᠷᠠᠭ᠎ᠠ ᠶᠢ ᠠᠷᠢᠯᠭᠠᠨ᠂ ᠰᠠᠯᠠᠭ᠎ᠠ ᠮᠥᠴᠢᠷ ᠤᠳ ᠤᠨ ᠬᠤᠭᠤᠷᠤᠨᠳᠥ ᠪᠠ ᠭᠠᠵᠠᠷ ᠤᠷᠤᠨ ᠤ ᠬᠤᠭᠤᠷᠤᠨᠳᠥ ᠶᠢᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠪᠣᠯᠭᠠᠨ᠎ᠠ᠃ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠠ ᠶᠢ ᠲᠦᠷᠬᠡᠳᠬᠡᠵᠦ᠂ ᠨᠡᠭᠦᠷᠡᠰᠥ ᠵᠡᠷᠭᠡ ᠠᠭᠤᠷᠬᠠᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷᠴᠢᠯᠡᠯᠲᠡ ᠳᠤ ᠢᠵᠢ ᠪᠦᠷᠢᠳᠦᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠴᠠᠬᠢᠯᠭᠠᠨ ᠬᠥᠴᠥᠨ ᠤ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠨ᠎ᠡ᠃ ᠠᠵᠢᠯ ᠦᠢᠯᠡᠰ ᠤᠨ ᠨᠢᠭᠡᠴᠢ ᠳᠤ ᠦᠭᠡᠷᠡᠴᠢᠯᠡᠯᠲᠡ ᠬᠢᠬᠦ ᠡᠭᠦᠷᠭᠡ ᠶᠢ ᠪᠡᠶᠡᠯᠡᠭᠦᠯᠦᠨ᠎ᠡ᠃      ᠤᠯᠤᠰ ᠤᠨ ᠥᠮᠴᠢᠯᠡᠯᠲᠥ ᠡᠳ᠋ ᠬᠥᠷᠥᠩᠬᠡ᠂ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠥᠭᠡᠷᠡᠴᠢᠯᠡᠯᠲᠠ ᠶᠢ ᠲᠦᠷᠭᠡᠳᠭᠡᠵᠦ᠂ ᠤᠯᠤᠰ ᠤᠨ ᠥᠮᠴᠢᠯᠡᠯᠲᠥ ᠬᠥᠷᠥᠩᠬᠡ ᠮᠥᠩᠬᠦ ᠶᠢ ᠬᠥᠴᠥᠷᠭᠡᠭᠵᠢᠭᠦᠯᠥᠨ ᠰᠢᠯᠢᠳᠡᠭᠵᠢᠭᠦᠯᠵᠤ ᠪᠣᠵᠠᠭᠠᠶᠢᠷᠠᠭᠤᠯᠤᠨ᠂ ᠠᠵᠤ ᠠᠬᠤᠶᠢᠯᠠᠯ ᠢ ᠬᠠᠮᠢᠶᠠᠷᠴᠥ ᠪᠠᠶᠢᠭᠰᠠᠨ ᠠᠴᠠ ᠡᠳ᠋ ᠬᠥᠷᠥᠩᠬᠡ ᠶᠢ ᠬᠠᠮᠢᠶᠠᠷᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ︽ᠦᠬᠦᠰᠢᠷᠡᠮᠡᠯ ᠠᠵᠤ ᠠᠬᠤᠶᠢᠯᠠᠯ︾ ᠢ ᠲᠦᠷᠭᠡᠳᠭᠡᠨ ᠴᠡᠪᠡᠷᠯᠡᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠡᠷᠬᠢᠯᠡᠬᠦ ᠵᠡᠷᠭᠡ ᠨᠡᠶᠢᠭᠡᠮ ᠤᠨ ᠡᠭᠦᠷᠭᠡ ᠴᠢᠳᠠᠪᠤᠷᠢ ᠶᠢ ᠨᠢ ᠰᠠᠯᠭᠠᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠡᠳ᠋ ᠤᠨ ᠵᠠᠰᠠᠭ ᠭᠠᠶᠢᠯᠢ᠂ ᠪᠡᠯᠡ ᠤᠷᠤᠭᠤᠯᠵᠤ ᠲᠤᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠠ ᠶᠢ ᠭᠥᠨᠵᠡᠭᠡᠶᠢᠷᠡᠬᠦᠯᠤᠨ᠎ᠡ᠃ ᠥᠪᠡᠷᠲᠡᠭᠡᠨ ᠵᠠᠰᠠᠬᠤ ᠤᠷᠤᠨ ᠠᠴᠠ ᠳᠤᠷᠤᠭᠰᠢᠬᠢ ᠬᠥᠷᠢᠶ᠎ᠡ ᠴᠠᠷᠠᠭ᠎ᠠ ᠬᠤᠪᠢᠶᠠᠷᠢᠯᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠠ ᠶᠢ ᠠᠬᠢᠭᠤᠯᠤᠨ᠎ᠡ᠃ ᠲᠥᠰᠥᠪ ᠤᠨ ᠠᠮᠵᠢᠯᠲᠠ ᠪᠥᠲᠥᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠥᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠲᠤᠯᠠᠬᠤ ᠪᠠ ᠬᠠᠰᠤᠵᠤ ᠪᠠᠭᠠᠰᠬᠠᠬᠤ ᠶᠢ ᠪᠠᠷᠢᠮᠲᠠᠯᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ᠂ ᠠᠮᠢ ᠠᠬᠤᠢ ᠶᠢᠨ ᠣᠷᠴᠢᠨ ᠨᠦᠬᠦᠴᠡᠯ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠬᠡ ᠬᠦᠷᠢᠶ᠎ᠡ ᠴᠠᠷᠠᠭᠠᠨ ᠳᠠᠬᠢ ᠣᠷᠤᠭᠤᠯᠤᠯᠲᠠ ᠶᠢ ᠨᠡᠮᠡᠭᠳᠡᠭᠦᠯᠦᠨ᠎ᠡ᠃ ᠦᠷ᠎ᠡ ᠪᠦᠲᠦᠮᠵᠢ ᠪᠠᠷ ᠪᠠᠭ᠎ᠠ ᠪᠥᠭᠡᠳ ᠬᠦᠴᠦᠨ ᠦᠭᠡᠢ ᠵᠠᠷᠤᠯᠭ᠎ᠠ ᠶᠢ ᠦᠭᠡᠶᠢᠰᠭᠡᠵᠦ᠂ ᠡᠳ᠋ ᠤᠨ ᠵᠠᠰᠠᠭ ᠤᠨ ᠥᠯᠡᠳᠡᠭᠡᠯ ᠪᠠᠯᠡ ᠮᠥᠩᠬᠦ ᠶᠢ ᠴᠢᠯᠥᠭᠡᠲᠡᠢ ᠭᠦᠢᠯᠭᠡᠭᠡᠨ᠎ᠡ᠃ ᠮᠥᠩᠭᠦᠨ ᠭᠥᠢᠯᠭᠡᠭᠡᠨ ᠤ ᠥᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠥᠨ᠂ ᠡᠯ᠎ᠡ ᠲᠥᠷᠥᠯ ᠤᠨ ᠮᠥᠩᠭᠦᠨ ᠭᠥᠢᠯᠭᠡᠭᠡᠨ ᠤ ᠪᠠᠶᠢᠭᠤᠯᠤᠮᠵᠢ ᠪᠠ ᠲᠤᠰᠬᠠᠢ ᠥᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠢᠲᠡᠭᠡᠮᠵᠢᠲᠥ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠥ᠂ ᠰᠲ᠋ᠤᠺ ᠤᠨ ᠡᠷᠬᠡ ᠵᠡᠷᠭᠡ ᠪᠡᠯᠡ ᠲᠤᠬᠢᠷᠠᠭᠤᠯᠬᠤ ᠪᠠᠭᠠᠵᠢ ᠶᠢ ᠰᠠᠶᠢᠳᠤᠷ ᠠᠰᠢᠭᠯᠠᠨ᠂ ᠪᠤᠳᠠᠳᠤ ᠴᠤᠭᠴᠠᠲᠤ ᠠᠵᠤ ᠠᠬᠤᠢ ᠳᠤ ᠦᠢᠯᠡᠴᠢᠯᠡᠬᠦ ᠮᠥᠩᠭᠦᠨ ᠭᠥᠢᠯᠭᠡᠭᠡᠨ ᠤ ᠬᠥᠴᠥᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠂ ᠰᠢᠭᠤᠳ ᠪᠠᠯᠡ ᠲᠤᠬᠢᠷᠠᠭᠤᠯᠬᠤ ᠶᠢ ᠥᠷᠭᠡᠳᠬᠡᠨ᠎ᠡ᠃ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠦᠪᠦᠷ ᠮᠣᠩᠭᠤᠯ ᠪᠠᠩᠬᠢ ᠶᠢᠨ ᠪᠡᠯᠡ ᠮᠦᠩᠭᠦ ᠪᠠᠨ ᠨᠡᠮᠡᠭᠳᠡᠭᠦᠯᠦᠨ ᠰᠲ᠋ᠣᠺ ᠢᠶᠠᠨ ᠦᠷᠭᠡᠳᠭᠡᠬᠦ ᠶᠢ ᠳᠡᠮᠵᠢᠨ᠎ᠡ᠃      ︵ᠵᠢᠷᠭᠤᠭ᠎ᠠ︶ ᠪᠥᠬᠦ ᠲᠠᠯ᠎ᠠ ᠪᠠᠷ ᠭᠠᠳᠠᠭᠠᠳᠤ ᠳᠤ ᠨᠡᠭᠡᠭᠡᠯᠲᠠ ᠬᠢᠬᠦ ᠶᠢ ᠠᠬᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠤ᠂ ︽ᠨᠢᠭᠡ ᠪᠥᠰᠡ ᠨᠢᠭᠡ ᠵᠠᠮ︾ ᠯᠤᠭ᠎ᠠ ᠭᠦᠨ ᠠᠭᠤᠰᠤᠯᠴᠠᠨ᠂ ᠥᠨᠳᠥᠷ ᠬᠢᠷᠢ ᠲᠥᠪᠰᠢᠨ ᠪᠥᠬᠦᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠲᠠᠢ ᠪᠣᠯᠬᠤ ᠶᠢ ᠠᠬᠢᠭᠤᠯᠤᠨ᠎ᠠ᠃      ᠥᠷᠭᠡᠨ ᠬᠡᠪᠴᠢᠶᠡᠨ ᠤ ᠬᠢᠯᠢ ᠶᠢᠨ ᠪᠤᠭᠤᠮᠲᠠ ᠶᠢᠨ ᠠᠵᠤ ᠠᠬᠤᠢ ᠶᠢ ᠬᠦᠭᠵᠢᠬᠦᠯᠦᠨ᠎ᠠ᠃ ᠬᠢᠯᠢ ᠶᠢᠨ ᠪᠤᠭᠤᠮᠲᠠ ᠪᠡ ᠤᠯᠠᠨ ᠤᠯᠤᠰ ᠯᠤᠭ᠎ᠠ ᠶᠢᠨ ᠨᠡᠪᠲᠡᠷᠡᠯ ᠵᠠᠮ ᠤᠨ ᠨᠥᠯᠥᠭᠡᠯᠡᠨ ᠳᠠᠶᠢᠴᠢᠯᠠᠬᠤ ᠥᠢᠯᠡᠳᠥᠯ ᠢ ᠪᠠᠳᠠᠷᠠᠭᠤᠯᠤᠨ᠂ ᠮᠠᠨᠵᠤᠤᠷ ᠢᠶᠠᠷ ᠬᠥᠢᠰᠥ ᠪᠤᠯᠭᠠᠨ᠂ ᠮᠠᠨᠵᠤᠤᠷ ᠲᠠᠬᠢ ᠤᠯᠤᠰ ᠤᠨ ᠨᠡᠭᠡᠭᠡᠨ ᠬᠥᠭᠵᠢᠭᠦᠯᠵᠥ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ ᠢ ᠲᠦᠷᠬᠡᠳᠬᠡᠨ ᠪᠠᠶᠢᠭᠤᠯᠵᠦ᠂ ᠥᠪᠡᠷᠲᠡᠭᠡᠨ ᠵᠠᠰᠠᠬᠤ ᠤᠷᠤᠨ ᠤ ᠵᠡᠭᠦᠨ ᠬᠡᠰᠡᠭ ᠤᠨ ᠭᠠᠵᠠᠷ ᠤᠷᠤᠨ ᠢ ᠰᠠᠴᠤᠷᠠᠭᠠᠨ ᠨᠥᠯᠥᠭᠡᠯᠡᠨ᠎ᠡ︔ ᠡᠷᠢᠶᠡᠨ ᠬᠤᠲᠠ᠂ ᠵᠢᠨᠢᠩ ᠢᠶᠠᠷ ᠬᠥᠢᠰᠥ ᠪᠤᠯᠭᠠᠨ᠂ ᠡᠷᠢᠶᠡᠨ ᠬᠤᠲᠠ ᠳᠠᠬᠢ ᠤᠯᠤᠰ ᠤᠨ ᠨᠡᠭᠡᠭᠡᠨ ᠬᠥᠭᠵᠢᠭᠦᠯᠵᠥ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠢ ᠲᠦᠷᠬᠡᠳᠬᠡᠨ ᠪᠠᠶᠢᠭᠤᠯᠵᠦ᠂ ᠵᠢᠨᠢᠩ ᠤᠨ ᠪᠠᠷᠠᠭᠠᠨ ᠤ ᠭᠥᠢᠯᠭᠡᠭᠡᠨ ᠤ ᠲᠥᠪ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠤᠷᠤᠨ ᠤ ᠳᠤᠮᠳᠠ ᠬᠡᠰᠡᠭ ᠤᠨ ᠭᠠᠵᠠᠷ ᠤᠷᠤᠨ ᠢ ᠰᠠᠴᠤᠷᠠᠭᠠᠨ ᠨᠥᠯᠥᠭᠡᠯᠡᠨ᠎ᠡ︔ ᠴᠡᠭᠡ ᠪᠠᠷ ᠬᠥᠢᠰᠥ ᠪᠤᠯᠭᠠᠨ᠂ ᠡᠵᠡᠨ᠎ᠡ ᠳᠠᠬᠢ ᠥᠪᠡᠷᠲᠡᠭᠡᠨ ᠵᠠᠰᠠᠬᠤ ᠤᠷᠤᠨ ᠤ ᠨᠡᠭᠡᠭᠡᠨ ᠬᠥᠭᠵᠢᠭᠦᠯᠵᠥ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠢ ᠲᠥᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠪᠠᠷᠠᠭᠤᠨ ᠬᠡᠰᠡᠭ ᠤᠨ ᠭᠠᠵᠠᠷ ᠤᠷᠤᠨ ᠢ ᠰᠠᠴᠤᠷᠠᠭᠠᠨ ᠨᠥᠯᠥᠭᠡᠯᠡᠵᠤ᠂ ᠵᠡᠭᠦᠨ ᠳᠤᠮᠳᠠ ᠪᠠᠷᠠᠭᠤᠨ ᠬᠡᠰᠡᠭ ᠤᠨ ᠦᠪᠡᠷ ᠥᠪᠡᠷ ᠤᠨ ᠥᠪᠡᠷᠮᠢᠴᠡ ᠤᠨᠴᠠᠯᠢᠭ ᠪᠥᠬᠦᠢ᠂ ᠥᠢᠯᠡᠳᠥᠯ ᠴᠢᠳᠠᠮᠵᠢ ᠨᠢ ᠪᠥᠷᠢᠨ ᠭᠥᠢᠴᠡᠳ᠂ ᠠᠵᠤ ᠥᠢᠯᠡᠰ ᠨᠢ ᠢᠵᠢ ᠪᠥᠷᠢᠨ᠂ ᠥᠢᠯᠡᠴᠢᠯᠡᠭᠡ ᠨᠢ ᠲᠡᠭᠦᠯᠳᠡᠷᠵᠢᠭᠰᠡᠨ ᠶᠡᠷᠥᠩᠬᠡᠶᠢᠯᠡᠭᠰᠡᠨ ᠴᠢᠨᠠᠷᠲᠠᠢ ᠠᠵᠤ ᠠᠬᠤᠢ ᠶᠢᠨ ᠤᠷᠤᠨ ᠪᠥᠰᠡ ᠶᠢ ᠪᠤᠢ ᠪᠤᠯᠭᠠᠨ᠎ᠠ᠃ ᠬᠥᠬᠡᠬᠤᠲᠠ ᠂ ᠪᠤᠭᠤᠲᠤ᠂ ᠤᠷᠳᠤᠰ᠂ ᠤᠯᠠᠭᠠᠨᠬᠠᠳᠠ ᠵᠡᠷᠭᠡ ᠶᠠᠷᠤᠩᠬᠡᠶᠢᠯᠡᠭᠰᠡᠨ ᠭᠠᠶᠢᠯᠢ ᠪᠠᠲᠤᠯᠠᠬᠤ ᠤᠷᠤᠨ᠂ ᠭᠠᠶᠢᠯᠢ ᠪᠠᠲᠤᠯᠠᠬᠤ ᠪᠠᠷᠠᠭᠠᠨ ᠤ ᠭᠥᠢᠯᠭᠡᠭᠡᠨ ᠤ ᠲᠥᠪ᠂ ᠲᠤᠳᠤᠭᠠᠳᠤ ᠬᠠᠭᠤᠷᠠᠢ ᠶᠢᠨ ᠭᠠᠷᠠᠮ ᠤᠨ ᠭᠠᠳᠠᠭᠠᠳᠤ ᠠᠷᠠᠯᠵᠢᠶᠠᠨ ᠤ ᠠᠴᠢᠶᠠᠯᠠᠪᠤᠷᠢ ᠶᠢᠨ ᠲᠠᠪᠴᠠᠩ ᠤᠨ ᠥᠢᠯᠡᠳᠥᠯ ᠢ ᠭᠥᠢᠴᠡᠳ ᠪᠠᠳᠠᠷᠠᠭᠤᠯᠤᠨ᠂ ᠭᠠᠳᠠᠭᠠᠳᠤ ᠳᠤ ᠨᠡᠭᠡᠭᠡᠯᠲᠡ ᠬᠢᠬᠦ ᠰᠢᠨ᠎ᠡ ᠤᠷᠤᠨ ᠵᠠᠢ ᠶᠢ ᠥᠷᠭᠡᠳᠬᠡᠨ᠎ᠠ᠃ ᠭᠠᠭᠴᠠᠮᠤᠳᠤ᠂ ᠮᠠᠨᠳᠤᠯ᠎ᠠ ᠵᠠᠷᠭᠡ ᠬᠢᠯᠢ ᠶᠢᠨ ᠪᠤᠭᠤᠮᠲᠠ ᠶᠢᠨ ᠨᠡᠭᠡᠭᠡᠯᠲᠡ ᠬᠢᠬᠦ ᠬᠢᠷᠢ ᠲᠥᠪᠰᠢᠨ ᠢ ᠳᠡᠭᠡᠭᠰᠢᠯᠡᠭᠦᠯᠥᠨ᠂ ᠥᠷᠭᠡᠨ ᠬᠡᠪᠴᠢᠶᠡᠨ ᠤ ᠬᠢᠯᠢ ᠶᠢᠨ ᠪᠤᠭᠤᠮᠲᠠ ᠶᠢᠨ ᠠᠵᠤ ᠠᠬᠤᠢ ᠶᠢᠨ ᠣᠷᠣᠨ ︵ᠪᠥᠰᠡ︶ ᠪᠠ ᠤᠯᠠᠨ ᠤᠯᠤᠰ ᠤᠨ ᠠᠵᠤ ᠥᠢᠯᠡᠰ ᠤᠨ ᠬᠠᠮᠲᠤᠷᠠᠨ ᠠᠵᠢᠯᠯᠠᠬᠤ ᠬᠥᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠂ ᠨᠠᠪᠲᠡᠷᠠᠯ ᠵᠠᠮ ᠤᠨ ᠠᠵᠤ ᠠᠬᠤᠢ ᠶᠢ ᠪᠤᠳᠠᠳᠠᠶᠢᠵᠢᠭᠰᠠᠨ ᠠᠵᠤ ᠠᠬᠤᠢ ᠪᠤᠯᠭᠠᠨ ᠬᠤᠪᠢᠷᠠᠭᠤᠯᠤᠨ᠎ᠠ᠃      ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠲᠤ ᠣᠷᠤᠭᠤᠯᠤᠯᠲᠠ ᠶᠢᠨ ᠦᠵᠡᠰᠭᠦᠯᠡᠩ ᠪᠣᠯᠣᠨ ᠪᠡᠭᠡᠵᠢᠩ ᠤᠨ ᠲᠡᠯᠡᠬᠡᠢ ᠶᠢᠨ ᠴᠡᠴᠡᠷᠯᠢᠭ ᠤᠨ ᠥᠵᠡᠰᠭᠦᠯᠡᠩ ᠳᠤ ᠤᠷᠤᠯᠴᠠᠬᠤ ᠶᠢ ᠵᠣᠬᠢᠶᠠᠨ ᠪᠠᠶᠢᠭᠤᠯᠤᠨ᠎ᠠ᠃ ᠳᠤᠮᠳᠠᠳᠤ ᠮᠣᠩᠭᠤᠯ ᠤᠨ ᠦᠵᠡᠰᠭᠦᠯᠡᠩ᠂ ᠷᠠᠰᠢᠶᠠᠨ ᠤ ᠶᠠᠷᠢᠶᠠᠨ ᠤ ᠲᠠᠪᠴᠠᠩ᠂ ᠦᠪᠦᠷ ᠮᠤᠩᠭᠤᠯ ᠤᠨ ᠣᠯᠠᠨ ᠤᠯᠤᠰ ᠤᠨ ᠡᠨᠧᠷᠬᠢ ᠶᠢᠨ ᠶᠡᠭᠡ ᠬᠤᠷᠠᠯ᠂ ᠲᠤᠮᠳᠠᠳᠤ ᠤᠯᠤᠰ · ᠪᠤᠭᠤᠳᠤ ᠶᠢᠨ ᠬᠤᠪᠤᠷ ᠰᠢᠷᠤᠢ ᠶᠢᠨ ᠶᠠᠷᠢᠶᠠᠨ ᠤ ᠲᠠᠪᠴᠠᠩ ᠢ ᠰᠠᠶᠢᠳᠤᠷ ᠡᠷᠬᠢᠯᠡᠵᠦ᠂ ᠮᠠᠨ ᠤ ᠤᠷᠤᠨ ᠤ ᠴᠤᠬᠯᠠᠭᠠᠨ ᠦᠵᠡᠰᠭᠦᠯᠡᠩ ᠤᠨ ᠨᠡᠷᠡᠲᠦ ᠲᠦᠷᠦᠯ ᠲᠡᠮᠲᠡᠭᠲᠦ ᠶᠢᠨ ᠨᠦᠯᠦᠬᠡᠯᠡᠬᠦ ᠬᠦᠴᠦᠨ ᠢ ᠲᠡᠬᠡᠭᠰᠢᠯᠡᠬᠦᠯᠦᠨ᠎ᠠ ᠃ ᠵᠡᠭᠦᠨ ᠬᠤᠶᠢᠲᠤ ᠠᠽᠢᠶ᠎ᠠ ᠶᠢᠨ ᠬᠡᠯᠡᠨ ᠤ ᠡᠬᠢ ᠪᠠᠶᠠᠯᠢᠭ ᠤᠨ ᠲᠣᠭᠠᠵᠢᠭᠤᠯᠬᠤ ᠲᠠᠪᠴᠠᠩ ᠢ ᠪᠠᠶᠢᠭᠤᠯᠤᠨ᠎ᠠ᠃      ᠪᠡᠭᠡᠵᠢᠩ ᠲᠢᠶᠠᠨᠵᠢᠨ ᠡᠾᠧᠪᠸᠢ ᠶᠢᠨ ᠵᠤᠬᠢᠴᠠᠯᠳᠤᠨ ᠬᠥᠭᠵᠢᠬᠦ᠂ ᠬᠥᠬᠡ ᠮᠥᠷᠡᠨ ᠤ ᠠᠵᠤ ᠠᠬᠤᠢ ᠶᠢᠨ ᠪᠥᠰᠡ᠂ ᠭᠤᠸᠠᠩᠵᠸᠤ ᠰᠢᠶᠠᠩᠭᠠᠩ ᠤᠤᠮᠧᠨ ᠤ ᠶᠡᠭᠡ ᠪᠤᠯᠤᠩ ᠤᠨ ᠤᠷᠤᠨ ᠵᠠᠷᠭᠡ ᠤᠯᠤᠰ ᠤᠨ ᠪᠠᠶᠢᠯᠳᠤᠬᠤ ᠪᠤᠳᠤᠯᠭ᠎ᠠ ᠯᠤᠭ᠎ᠠ ᠵᠠᠯᠭᠠᠯᠳᠤᠬᠤ ᠶᠢ ᠴᠢᠩᠭᠠᠳᠬᠠᠨ᠂ ᠪᠤᠰᠤᠳ ᠮᠤᠵᠢ ᠤᠷᠤᠨ ᠬᠤᠲᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠥᠷᠢᠶᠡᠯᠡᠩ ᠭᠠᠵᠠᠷ᠂ ᠳᠡᠭᠡᠳᠤ ᠰᠤᠷᠭᠠᠭᠤᠯᠢ᠂ ᠲᠥᠪ ᠤᠨ ᠠᠵᠤ ᠠᠬᠤᠶᠢᠯᠠᠯ ᠯᠤᠭ᠎ᠠ ᠬᠠᠮᠵᠢᠯᠴᠠᠬᠤ ᠶᠢ ᠭᠥᠨᠵᠡᠭᠡᠶᠢᠷᠡᠭᠦᠯᠤᠨ᠎ᠠ᠃      ︵ᠳᠣᠯᠤᠭ᠎ᠠ︶ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠦᠭᠵᠢᠭᠦᠯᠦᠨ ᠬᠦᠴᠦᠷᠬᠡᠭᠵᠢᠭᠦᠯᠦᠨ᠎ᠡ᠃ ︽ᠬᠤᠶᠠᠷ ᠢ ᠤᠬᠳᠤ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠭᠦᠭᠵᠢᠬᠡᠨ᠎ᠠ᠃      ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠵᠥᠪᠰᠢᠶᠡᠷᠡᠯ᠂ ᠡᠵᠡᠩᠨᠡᠯᠲᠡ ᠶᠢᠨ ᠠᠵᠢᠯᠯᠠᠭᠠᠨ᠂ ᠳᠠᠭᠠᠭᠠᠴᠢᠯᠠᠯᠲᠠ ᠵᠠᠷᠯᠠᠵᠦ ᠬᠦᠯᠢᠶᠡᠬᠦ ᠵᠡᠷᠭᠡ ᠲᠠᠯ᠎ᠠ ᠪᠠᠷ ᠬᠢ ᠭᠤᠣᠯᠴᠢ ᠪᠣᠰᠤ ᠬᠠᠷᠠᠭᠠᠯᠵᠠᠯ ᠢ ᠬᠦᠴᠦᠯᠡᠨ ᠠᠷᠢᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠨ ᠤ ᠡᠨᠧᠷᠭᠢ ᠬᠡᠷᠡᠭᠯᠡᠬᠦ᠂ ᠭᠠᠵᠠᠷ ᠬᠡᠷᠡᠭᠯᠡᠬᠦ᠂ ᠪᠠᠷᠠᠭᠠᠨ ᠤ ᠭᠦᠢᠯᠭᠡᠭᠡᠨ ᠵᠡᠷᠭᠡ ᠬᠦᠴᠦᠨ ᠵᠦᠢᠯ ᠤᠨ ᠥᠪᠡᠷ ᠤᠨ ᠥᠷᠲᠡᠭ ᠢ ᠨᠢ ᠦᠨᠡᠨ ᠬᠦ ᠪᠠᠭᠤᠷᠠᠭᠤᠯᠵᠤ᠂ ᠪᠡᠯᠡ ᠣᠷᠤᠭᠤᠯᠤᠯᠲᠠ ᠪᠠ ᠬᠦᠭᠵᠢᠯᠲᠡ ᠶᠢᠨ ᠢᠲᠡᠭᠡᠯ ᠵᠣᠷᠢᠭ ᠢ ᠨᠢ ᠭᠦᠭᠵᠢᠬᠡᠨ ᠡᠷᠴᠢᠯᠡᠨ᠎ᠡ᠃ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠦᠷᠳᠡᠬᠦ ᠮᠡᠳᠡᠭᠡ ᠵᠠᠩᠭᠢ ᠨᠢ ᠠᠳᠠᠯᠢ ᠪᠤᠰᠤ᠂ ᠢᠲᠡᠭᠡᠮᠵᠢ ᠪᠠᠷ ᠭᠦᠢᠴᠡᠳ ᠪᠣᠰᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠦᠴᠢᠷᠳᠡᠯ ᠢ ᠲᠠᠶᠢᠯᠵᠤ ᠭᠦᠭᠵᠢᠬᠦᠯᠬᠦ ᠰᠠᠭᠤᠷᠢ ᠮᠦᠩᠭᠦ᠂ ᠭᠦᠢᠯᠭᠡᠭᠡᠨ ᠤ ᠴᠢᠨᠠᠷ ᠪᠦᠬᠦᠢ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠦᠩᠭᠦ ᠶᠢᠨ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠭᠦᠴᠢᠷᠳᠡᠢ ᠪᠠ ᠦᠨᠡᠳᠡᠢ ᠠᠰᠠᠭᠤᠳᠠᠯ ᠢ ᠪᠦᠲᠦᠮᠵᠢᠲᠠᠢ ᠨᠠᠮᠳᠠᠭᠠᠨ᠎ᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠳ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠡᠯᠡ ᠮᠦᠩᠭᠦ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠶᠢᠯᠠᠨ ᠵᠠᠰᠠᠵᠤ ᠴᠡᠭᠴᠡᠯᠡᠨ᠎ᠡ᠃      ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠠᠵᠦ ᠠᠬᠤᠶᠢᠯᠠᠯᠲᠠᠳ ᠣᠷᠣᠯᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠲᠥᠷᠥ ᠶᠢᠨ ᠪᠣᠳᠣᠯᠭ᠎ᠠ ᠬᠡᠷᠡᠭᠵᠢᠭᠦᠯᠬᠦ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠰᠠᠶᠢᠲᠤᠷ ᠬᠢᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠦᠨᠡᠨ ᠬᠦ ᠬᠦᠷᠲᠡᠭᠡᠮᠵᠢ ᠲᠠᠢ ᠪᠠᠶᠢᠬᠤ ᠰᠡᠳᠬᠢᠭᠳᠡᠯ ᠲᠠᠢ ᠪᠣᠯᠭᠠᠨ᠎ᠠ᠃ ᠠᠷᠠᠳ ᠠᠴᠠ ᠡᠵᠡᠩᠨᠡᠭᠰᠡᠨ ᠬᠦᠷᠦᠩᠭᠡ ᠮᠥᠩᠭᠦ ᠶᠢ ᠵᠤᠷᠢᠨᠨᠵᠢᠭᠤᠯᠤᠨ ᠲᠡᠮᠵᠢᠵᠦ ᠪᠠᠶᠢᠭᠠᠳ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯᠲᠦ ᠳᠦᠷᠢᠮ ᠤᠨ ᠥᠭᠡᠷᠡᠴᠢᠯᠡᠯᠲᠡ ᠳᠤ ᠤᠷᠤᠯᠴᠠᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠳᠠᠳ ᠤᠨ ᠬᠤᠪᠢ ᠪᠡᠶ᠎ᠡ ᠶᠢᠨ ᠠᠮᠤᠷ ᠲᠦᠪᠰᠢᠨ ᠪᠣᠯᠣᠨ ᠡᠳ᠋ ᠬᠦᠷᠦᠩᠭᠡ ᠶᠢᠨ ᠠᠮᠤᠷ ᠲᠦᠪᠰᠢᠨ ᠢ ᠬᠠᠤᠯᠢ ᠶᠣᠰᠤᠭᠠᠷ ᠬᠠᠮᠠᠭᠠᠯᠠᠨ᠎ᠠ᠃      ︵ᠨᠠᠢᠮᠠ︶ ᠪᠣᠬᠢᠷᠳᠦᠯ ᠦᠭᠡᠢ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃      ᠨᠤᠳᠤᠭ ᠪᠡᠯᠴᠢᠬᠡᠷ ᠢ ᠬᠠᠮᠠᠭᠠᠯᠠᠬᠤ ᠬᠠᠮᠢᠶᠠᠷᠤᠯᠳᠠ ᠶᠢ ᠴᠢᠩᠭᠠᠳᠬᠠᠵᠦ᠂ ᠨᠤᠳᠤᠭ ᠪᠡᠯᠴᠢᠬᠡᠷ ᠤᠨ ᠬᠠᠮᠠᠭᠠᠯᠠᠯᠳᠠ ᠶᠢᠨ ᠦᠨᠳᠦᠰᠦᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠠᠭᠤᠳᠠᠬᠰᠠᠨ ᠨᠤᠳᠤᠭ ᠪᠡᠯᠴᠢᠬᠡᠷ ᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠨᠤᠳᠤᠭ ᠪᠡᠯᠴᠢᠬᠡᠷ ᠢ ᠲᠠᠯᠬᠢᠬᠳᠠᠬᠤ᠂ ᠤᠢ ᠰᠢᠭᠤᠢ ᠶᠢ ᠰᠦᠢᠳᠬᠡᠵᠦ ᠠᠳᠠᠷ ᠬᠠᠭᠠᠯᠪᠤᠷᠢᠯᠠᠬᠤ ᠵᠡᠷᠬᠡ ᠦᠢᠯᠡ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦᠨ᠎ᠠ᠃ ᠪᠠᠶᠢᠭᠠᠯᠢ ᠶᠢᠨ ᠣᠢ ᠶᠢ ᠬᠠᠮᠠᠭᠠᠯᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠣᠢ ᠶᠢ ᠬᠠᠮᠠᠭᠠᠯᠠᠵᠤ ᠦᠩᠵᠢᠭᠦᠯᠦᠨ ᠰᠡᠷᠭᠦᠭᠡᠬᠦ ᠲᠦᠷᠢᠮ ᠤᠨ ᠰᠢᠰᠲ᠋ᠧᠮᠵᠢ ᠶᠢ ᠪᠠᠶᠢᠭᠤᠯᠤᠨ᠂ ᠪᠠᠶᠢᠭᠠᠯᠢ ᠶᠢᠨ ᠣᠢ ᠶᠢᠨ ᠠᠮᠢ ᠠᠬᠤᠢ ᠶᠢᠨ ᠰᠢᠰᠲ᠋ᠧᠮ ᠤᠨ ᠪᠠᠯᠠᠷᠯᠢᠭ ᠴᠢᠨᠠᠷ᠂ ᠪᠦᠷᠢᠨ ᠪᠦᠲᠦᠨ ᠴᠢᠨᠠᠷ ᠢ ᠬᠠᠮᠠᠭᠠᠯᠠᠨ᠎ᠠ᠃ ᠶᠡᠭᠡ ᠬᠢᠩᠭᠠᠨ ᠳᠠᠪᠠᠭᠠᠨ ᠤ ᠤᠮᠠᠷᠠᠲᠤ ᠬᠡᠰᠡᠭ ᠤᠨ ᠪᠠᠯᠠᠷ ᠰᠢᠭᠤᠢ ᠶᠢᠨ ᠣᠷᠣᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠵᠦ᠂ ᠡᠯ᠎ᠠ ᠲᠦᠷᠦᠯ ᠤᠨ ᠨᠤᠭᠤ ᠭᠠᠵᠠᠷ ᠢ ᠪᠦᠳᠦᠮᠵᠢᠳᠡᠢ ᠬᠠᠮᠠᠭᠠᠯᠠᠬᠤ ᠪᠠ ᠰᠡᠷᠬᠦᠬᠡᠨ᠎ᠠ᠃      ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠦᠯᠦᠪᠯᠡᠵᠦ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠰᠤᠷᠪᠤᠯᠵᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠶᠢᠵᠢᠭᠤᠯᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠬᠡᠷ ᠢ ᠰᠡᠷᠭᠦᠬᠡᠬᠦ ᠵᠡᠷᠭᠡ ᠠᠮᠢ ᠠᠬᠤᠢ ᠶᠢ ᠦᠩᠵᠢᠬᠦᠯᠦᠨ ᠰᠡᠷᠭᠦᠬᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠠᠶᠢᠭᠤᠯᠤᠨ᠎ᠠ᠃ ᠬᠤᠯᠠᠨ ᠰᠢᠷᠭ᠎ᠠ ᠳᠠᠭ᠎ᠠ᠂ ᠦᠵᠦᠮᠦᠴᠢᠨ᠂ ᠬᠤᠷᠴᠢᠨ ᠵᠡᠷᠭᠡ ᠡᠯᠡᠰᠦ ᠶᠢ ᠵᠠᠰᠠᠵᠤ᠂ ᠡᠯᠡᠰᠦᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃      ᠪᠠᠶᠢᠭᠠᠯᠢ ᠶᠢᠨ ᠳᠠᠷᠬᠠᠨ ᠣᠷᠣᠨ ᠳᠠᠬᠢ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠤᠴᠠᠭᠠᠨ ᠭᠠᠷᠭᠠᠬᠤ᠂ ᠠᠭᠤᠷᠬᠠᠢ ᠶᠢᠨ ᠣᠷᠴᠢᠨ ᠨᠦᠬᠦᠴᠡᠯ ᠢ ᠵᠠᠰᠠᠬᠤ ᠠᠵᠢᠯ ᠢ ᠠᠬᠢᠭᠤᠯᠵᠤ᠂ ᠪᠣᠬᠢᠷᠳᠦᠯ ᠦᠭᠡᠢ ᠠᠭᠤᠷᠬᠠᠢ᠂ ᠪᠣᠬᠢᠷᠳᠦᠯ ᠦᠭᠡᠢ ᠦᠢᠯᠡᠳᠪᠦᠷᠢ᠂ ᠪᠣᠬᠢᠷᠳᠦᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠦᠭᠵᠢᠯᠲᠡ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠪᠣᠬᠢᠷᠳᠦᠯ ᠦᠭᠡᠢ ᠬᠦᠭᠵᠢᠬᠦ ᠭᠦᠢᠴᠡᠳᠭᠡᠯ ᠲᠣᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠣᠬᠢᠷᠳᠦᠯ ᠦᠭᠡᠢ ᠬᠦᠭᠵᠢᠯᠲᠡ ᠶᠢᠨ ᠵᠦᠷᠢᠶᠡᠵᠢᠭᠰᠡᠨ ᠰᠢᠯᠭᠠᠨ ᠬᠢᠨᠠᠬᠤ ᠬᠢᠭᠡᠳ ᠱᠠᠩᠨᠠᠨ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃      ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠬᠡ ᠯᠠ ᠤᠯᠠᠭᠠᠨ ᠱᠣᠭᠤᠮ ᠢᠶᠠᠷ ᠴᠢᠬᠤᠯᠠ ᠠᠮᠢ ᠠᠬᠤᠢ ᠶᠢᠨ ᠣᠷᠣᠨ ᠵᠠᠢ ᠶᠢ ᠬᠠᠮᠢᠶᠠᠷᠤᠨ ᠡᠵᠡᠮᠳᠡᠬᠦ ᠪᠤᠯᠭᠠᠨ᠎ᠠ᠃ ᠣᠷᠣᠨ ᠪᠦᠰᠡ ᠳᠠᠬᠢ ᠣᠷᠣᠨ ᠵᠠᠢ ᠶᠢᠨ ᠣᠷᠴᠢᠨ ᠲᠣᠭᠤᠷᠢᠨ ᠤ ᠠᠴᠢᠶᠠᠯᠠᠪᠤᠷᠢ ᠪᠠ ᠲᠣᠬᠢᠷᠠᠯᠴᠠᠬᠤ ᠴᠢᠨᠠᠷ ᠲᠤ ᠦᠨᠡᠯᠡᠯᠲᠡ ᠬᠢᠬᠦ ᠠᠵᠢᠯ ᠢ ᠦᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠳᠥᠷᠢᠮ᠂ ᠠᠭᠤᠷᠬᠠᠢ ᠶᠢᠨ ᠡᠬᠢ ᠪᠠᠶᠠᠯᠢᠭ ᠤᠨ ᠡᠷᠬᠡ ᠠᠰᠢᠭ ᠤᠨ ᠮᠥᠩᠭᠦᠨ ᠤ ᠳᠥᠷᠢᠮ ᠤᠨ ᠦᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠶᠢᠨ ᠣᠷᠴᠢᠨ ᠨᠦᠬᠦᠴᠡᠯ ᠢ ᠰᠦᠢᠳᠬᠡᠪᠡᠯ ᠲᠥᠯᠥᠪᠦᠷᠢ ᠠᠪᠬᠤ ᠳᠥᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ︵ᠶᠢᠰᠦ︶ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃      ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠨᠡᠶᠢᠭᠡᠮ ᠤᠨ ᠬᠦᠭᠵᠢᠯᠲᠡ ᠶᠢᠨ ᠡᠯ᠎ᠡ ᠲᠠᠯ᠎ᠠ ᠳᠤ ᠠᠭᠤᠰᠬᠠᠨ ᠣᠷᠤᠭᠤᠯᠬᠤ ᠶᠢ ᠪᠠᠷᠢᠮᠲᠠᠯᠠᠨ᠂ ᠲᠡᠭᠦᠨ ᠢ ᠬᠦᠮᠦᠰ ᠤᠨ ᠬᠠᠶᠢᠷ᠎ᠠ ᠰᠡᠳᠬᠢᠯᠭᠡ ᠶᠢᠨ ᠡᠨᠡᠭᠰᠢᠯ ᠪᠣᠯᠣᠨ ᠠᠵᠢᠯᠯᠠᠭᠠᠨ ᠤ ᠳᠠᠳᠬᠠᠯ ᠪᠣᠯᠭᠠᠨ ᠬᠤᠪᠢᠷᠠᠭᠤᠯᠤᠨ᠎ᠠ᠃ ᠡᠬᠡ ᠤᠷᠤᠨᠴᠢ ᠦᠵᠡᠯ ᠤᠨ ᠬᠦᠮᠦᠵᠢᠯ ᠢ ᠦᠷᠬᠡᠨ ᠲᠡᠯᠬᠡᠷ ᠢᠶᠠᠷ ᠦᠷᠨᠢᠬᠦᠯᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ᠂ ᠦᠷᠬᠡᠨ ᠤᠯᠠᠨ ᠵᠠᠯᠠᠭᠤᠴᠤᠳ ᠪᠠᠭᠠᠴᠤᠳ ᠢ ᠬᠦᠮᠦᠵᠢᠬᠦᠯᠦᠨ ᠵᠢᠯᠤᠭᠤᠳᠴᠤ ᠪᠠᠶᠢᠭᠠᠳ ᠵᠦᠪ ᠶᠢᠷᠳᠢᠨᠴᠤ ᠶᠢᠨ ᠦᠵᠡᠯᠳᠡ᠂ ᠠᠮᠢᠳᠤᠷᠠᠬᠤᠢ ᠶᠢᠨ ᠦᠵᠡᠯᠳᠡ᠂ ᠦᠷᠳᠡᠭ ᠤᠨ ᠦᠵᠡᠯᠳᠡ ᠶᠢ ᠪᠤᠢ ᠪᠤᠯᠭᠠᠨ᠎ᠠ᠃ ᠠᠷᠠᠳ ᠢᠷᠭᠡᠳ ᠤᠨ ᠶᠣᠰᠤ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠤᠯᠪᠠᠰᠤᠨ ᠬᠡᠷ ᠪᠦᠯᠢ ᠶᠢ ᠴᠤᠬᠴᠠᠯᠠᠵᠦ ᠂ ᠰᠢᠨ᠎ᠡ ᠲᠥᠪ ᠰᠤᠷᠲᠠᠯ ᠢ ᠪᠠᠳᠠᠷᠠᠭᠤᠯᠤᠨ᠂ ᠨᠡᠶᠢᠭᠡᠮ ᠤᠨ ᠪᠣᠯᠪᠠᠰᠤᠨ ᠤ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ᠂ ᠬᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠭᠠᠲᠤᠷᠴᠤᠳ ᠢ ᠬᠦᠨᠳᠦᠳᠭᠡᠬᠦ᠂ ᠪᠠᠭᠠᠲᠤᠷᠴᠤᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ ᠬᠠᠮᠠᠭᠠᠯᠠᠬᠤ ᠪᠠ ᠪᠠᠭᠠᠲᠤᠷᠴᠤᠳ ᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃      ᠰᠣᠶᠣᠯ ᠤᠨ ᠢᠲᠡᠭᠡᠯ ᠢ ᠪᠠᠲᠤᠳᠬᠠᠨ᠂ ᠳᠤᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠳᠠᠪᠰᠢᠩᠭᠤᠢ ᠰᠣᠶᠣᠯ ᠢ ᠬᠦᠭᠵᠢᠭᠦᠯᠦᠨ᠎ᠡ᠃ ᠲᠠᠯ᠎ᠠ ᠨᠤᠲᠤᠭ ᠤᠨ ᠰᠣᠶᠣᠯ ᠢ ᠬᠠᠮᠠᠭᠠᠯᠠᠨ ᠵᠠᠯᠭᠠᠮᠵᠢᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠩ ᠣᠯᠠᠨ ᠰᠤᠳᠤᠨ ᠪᠦᠲᠦᠭᠡᠯ ᠢ ᠵᠣᠬᠢᠶᠠᠨ ᠪᠦᠲᠦᠭᠡᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠡᠵᠦ᠂ ᠰᠢᠨ᠎ᠠ ᠴᠠᠭ ᠦᠶ᠎ᠠ ᠳᠤ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠤᠨ᠂ ᠤᠯᠠᠭᠠᠨᠮᠦ᠋ᠴᠢᠷ ᠤᠨ ᠠᠵᠢᠯ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ︽ᠤᠬᠠᠭᠠᠯᠢᠭ ᠷᠠᠳᠢᠣ᠋ ᠲᠧᠯᠸᠢᠰ︾ ᠤᠨ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠠᠬᠢ ᠷᠠᠳᠢᠣ᠋ ᠲᠧᠯᠸᠢᠰ ᠤᠨ ᠬᠠᠮᠤᠷᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠮᠦᠽᠧᠢ᠂ ᠬᠦᠯᠦᠨ ᠪᠤᠶᠢᠷ ᠤᠨ ᠲᠡᠦᠬᠡ ᠶᠢᠨ ᠮᠦᠽᠧᠢ ᠶᠢ ᠪᠠᠶᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯ ᠤᠳ ᠢ ᠬᠠᠮᠠᠭᠠᠯᠠᠵᠦ ᠠᠰᠢᠭᠯᠠᠬᠤ ᠪᠠᠨ ᠴᠢᠩᠭᠠᠳᠬᠠᠨ᠂ ᠯᠢᠶᠣᠤ ᠤᠯᠤᠰ ᠤᠨ ᠳᠡᠭᠡᠲᠥ ᠨᠡᠶᠢᠰᠯᠡᠯ ᠵᠡᠷᠭᠡ ᠶᠢ ᠰᠤᠶᠤᠯ ᠤᠨ ᠥᠪ ᠢᠶᠠᠷ ᠭᠤᠶᠤᠴᠢᠯᠠᠵᠤ ᠮᠡᠳᠡᠭᠦᠯᠬᠦ ᠠᠵᠢᠯ ᠢ ᠰᠠᠶᠢᠲᠤᠷ ᠬᠢᠵᠦ᠂ ᠶᠤᠸᠠᠨ ᠤ ᠳᠡᠭᠡᠲᠥ ᠨᠡᠶᠢᠰᠯᠡᠯ ᠤᠨ ᠪᠠᠭᠤᠷᠢ ᠶᠢ ᠬᠠᠮᠠᠭᠠᠯᠠᠵᠦ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠰᠣᠶᠣᠯ ᠤᠨ ᠠᠵᠤ ᠦᠢᠯᠡᠰ ᠤᠨ ᠴᠢᠨᠠᠷ ᠰᠠᠶᠢᠳᠠᠢ ᠬᠥᠭᠵᠢᠬᠦ ᠶᠢ ᠠᠬᠢᠭᠤᠯᠵᠤ᠂ ᠰᠣᠶᠣᠯ ᠤᠨ ᠰᠢᠨ᠎ᠡ ᠬᠡᠯᠪᠡᠷᠢ ᠪᠦᠬᠦᠢ ᠡᠵᠡᠩᠨᠡᠯᠲᠡ ᠶᠢᠨ ᠪᠠᠶᠢᠳᠠᠯ ᠪᠠ ᠰᠣᠶᠣᠯ ᠤᠨ ᠬᠡᠷᠡᠭᠯᠡᠭᠡ ᠶᠢᠨ ᠵᠠᠭᠪᠤᠷ ᠢ ᠪᠣᠢ ᠪᠣᠯᠭᠠᠨ᠂ ᠠᠷᠠᠳ ᠣᠯᠠᠨ ᠳᠤ ᠴᠢᠨᠠᠷᠵᠢᠭᠤᠨ ᠰᠣᠶᠣᠯ ᠤᠨ ᠠᠮᠢᠳᠤᠷᠠᠯ ᠡᠳ᠋ᠯᠡᠭᠦᠯᠬᠦ ᠪᠣᠯᠭᠠᠨ᠎ᠠ᠃      ︵ᠠᠷᠪᠠ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠨ ᠰᠠᠭᠤᠷᠢ ᠠᠴᠠ ᠨᠢ ᠪᠠᠲᠤᠯᠠᠬᠤ ᠶᠢ ᠴᠢᠬᠤᠯᠠᠴᠢᠯᠠᠨ᠂ ᠣᠯᠠᠨ ᠲᠦᠮᠡᠨ ᠤ ᠬᠠᠮᠤᠭ ᠠᠴᠠ ᠠᠩᠬᠠᠷᠤᠨ ᠬᠠᠯᠠᠮᠵᠢᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠠᠵᠢᠯ ᠣᠯᠭᠤᠬᠤ ᠶᠢ ᠡᠩ ᠲᠡᠷᠢᠭᠦᠨ ᠳᠤ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠦᠳᠡᠯᠮᠦᠷᠢ ᠬᠦᠴᠦᠨ᠂ ᠠᠵᠢᠯ ᠣᠯᠬᠤ ᠳᠤ ᠪᠡᠷᠬᠡ ᠲᠠᠢ ᠬᠦᠮᠦᠰ ᠵᠡᠷᠭᠡ ᠭᠤᠤᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠣᠯᠣᠨ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠬᠢᠨ ᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠶᠢ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠵᠦ ᠪᠠᠶᠢᠭᠠᠳ ᠠᠵᠢᠯ ᠣᠯᠭᠤᠬᠤ ᠭᠤᠣᠯ ᠠᠷᠭ᠎ᠠ ᠵᠠᠮ ᠤᠨ ᠦᠢᠯᠡᠳᠦᠯ ᠢ ᠨᠢ ᠨᠡᠩ ᠰᠠᠶᠢᠨ ᠪᠠᠳᠠᠷᠠᠭᠤᠯᠤᠨ᠎ᠠ᠃      ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠥᠵᠢᠯ ᠤᠨ ᠵᠣᠬᠢᠴᠠᠯᠳᠤᠨ ᠬᠥᠭᠵᠢᠬᠦ ᠶᠢ ᠠᠬᠢᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠴᠢᠨᠠᠷᠯᠢᠭ ᠪᠥᠭᠡᠳ ᠲᠡᠩᠴᠡᠭᠦᠷᠢ ᠲᠠᠢ ᠬᠥᠭᠵᠢᠬᠦ ᠶᠢ ᠠᠬᠢᠭᠤᠯᠵᠤ᠂ ᠬᠤᠲᠠ ᠪᠠᠯᠭᠠᠰᠤᠨ ᠤ ᠰᠤᠷᠭᠠᠭᠤᠯᠢ ᠶᠢᠨ ᠰᠤᠷᠤᠭᠴᠢᠳ ᠤᠨ ᠲᠤᠭ᠎ᠠ ᠬᠡᠲᠦᠷᠡᠭᠰᠡᠨ ᠠᠩᠭᠢ ᠲᠠᠢ ᠪᠣᠯᠬᠤ ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠎ᠡ᠃ ︽ᠢᠨᠲ᠋ᠧᠷ ᠰᠦᠯᠵᠢᠶ᠎ᠡ + ᠰᠤᠷᠭᠠᠨ ᠬᠦᠮᠦᠵᠢᠯ︾ ᠢ ᠬᠦᠭᠵᠢᠬᠦᠯᠵᠦ᠂ ᠪᠦᠬᠦ ᠤᠷᠤᠨ ᠤ ᠲᠤᠮᠳᠠᠳᠤ ᠪᠠᠭ᠎ᠠ ᠰᠤᠷᠭᠠᠭᠤᠯᠢ ᠪᠦᠬᠦᠨ ᠳᠤ ᠮᠡᠳᠡᠭᠡ ᠵᠠᠩᠬᠢᠴᠢᠯᠠᠬᠰᠠᠨ ᠵᠢᠭᠠᠨ ᠰᠤᠷᠭᠠᠯᠳᠠ ᠶᠢ ᠠᠰᠢᠬᠯᠠᠵᠦ ᠬᠡᠷᠡᠭᠯᠡᠬᠦ ᠪᠤᠯᠭᠠᠨ᠂ ᠬᠢᠯᠢ ᠬᠢᠵᠠᠭᠠᠷ ᠤᠨ ᠭᠠᠵᠠᠷ ᠣᠷᠣᠨ ᠳᠤ ᠴᠢᠨᠠᠷᠯᠢᠭ ᠰᠤᠷᠭᠠᠨ ᠬᠥᠮᠥᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ ᠡᠩ ᠤᠨ ᠦᠨᠳᠦᠷ ᠵᠠᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠣᠨᠴᠠᠯᠢᠭᠲᠤ ᠬᠥᠭᠵᠢᠯᠲᠡ ᠶᠢ ᠲᠦᠷᠭᠡᠳᠬᠡᠨ᠎ᠡ᠃ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠦᠨ᠎ᠡ᠃ ᠦᠢᠯᠡᠳᠪᠦᠷᠢᠯᠡᠯ ᠪᠠ ᠰᠤᠷᠭᠠᠨ ᠬᠥᠮᠥᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ᠂ ᠣᠨᠴᠠᠭᠠᠢ ᠰᠤᠷᠭᠠᠨ ᠬᠥᠮᠥᠵᠢᠯ᠂ ᠥᠷᠭᠦᠯᠵᠢᠯᠡᠭᠰᠡᠨ ᠰᠤᠷᠭᠠᠨ ᠬᠥᠮᠥᠵᠢᠯ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ ᠳᠡᠭᠡᠳᠦ ᠰᠤᠷᠭᠠᠭᠤᠯᠢ ᠶᠢᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠳᠦᠷ ᠬᠢᠷᠢ ᠲᠥᠪᠰᠢᠨᠲᠦ ᠵᠢᠩᠬᠢᠨᠢ ᠠᠩᠭᠢ ᠶᠢᠨ ᠰᠤᠷᠭᠠᠨ ᠬᠦᠮᠦᠵᠢᠯ ᠢ ᠲᠦᠷᠭᠡᠳᠭᠡᠨ ᠬᠥᠭᠵᠢᠭᠦᠯᠵᠦ᠂ ᠳᠠᠪᠠᠭᠤᠯᠢᠭ ᠬᠢᠴᠢᠶᠡᠯ ᠬᠥᠮᠥᠵᠢᠯ ᠪᠣᠯᠣᠨ ᠲᠤᠰᠬᠠᠢ ᠮᠡᠷᠭᠡᠵᠢᠯ ᠢ ᠪᠠᠶᠢᠭᠤᠯᠤᠨ᠎ᠠ᠃ ᠪᠠᠭᠰᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠮᠠᠯᠵᠢᠬᠤ ᠲᠠᠷᠢᠶᠠᠯᠠᠬᠤ ᠣᠷᠣᠨ ᠳᠠᠬᠢ ᠪᠠᠭᠰᠢ ᠶᠢᠨ ᠡᠩᠨᠡᠭᠡ ᠶᠢ ᠲᠣᠭᠲᠠᠭᠤᠨ ᠪᠠᠶᠢᠯᠭᠠᠨ᠎ᠠ᠃ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠪᠣᠯᠣᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠡᠷᠬᠢᠯᠡᠬᠦ ᠨᠦᠬᠦᠴᠡᠯ ᠢ ᠨᠢ ᠰᠠᠶᠢᠵᠢᠷᠠᠭᠤᠯᠤᠨ᠎ᠠ᠃ ᠤᠯᠤᠰ ᠤᠨ ᠲᠤᠳᠤᠭᠠᠲᠤ ᠭᠠᠳᠠᠭᠠᠳᠤ ᠶᠢᠨ ᠰᠤᠷᠭᠠᠨ ᠬᠦᠮᠦᠵᠢᠯ ᠤᠨ ᠪᠠᠶᠢᠭᠤᠯᠤᠮᠵᠢ ᠯᠤᠭ᠎ᠠ ᠬᠠᠮᠲᠤᠷᠠᠯᠴᠠᠵᠤ ᠰᠤᠷᠭᠠᠭᠤᠯᠢ ᠡᠷᠬᠢᠯᠡᠬᠦ ᠶᠢ ᠢᠳᠡᠪᠬᠢᠲᠡᠢ ᠠᠬᠢᠭᠤᠯᠤᠨ᠎ᠠ᠃      ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ᠂ ᠲᠡᠳᠭᠦᠵᠦ ᠬᠠᠷᠠᠭᠠᠯᠵᠠᠬᠤ ᠵᠡᠷᠭᠡ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠬᠦᠴᠢᠷᠳᠡᠯᠲᠡᠢ ᠪᠠᠶᠢᠭ᠎ᠠ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠮᠴᠢᠯᠡᠭᠡ ᠪᠣᠯᠣᠨ ᠨᠠᠰᠤᠵᠢᠯ ᠤᠨ ᠠᠰᠠᠷᠠᠮᠵᠢ ᠶᠢᠨ ᠤᠶᠠᠯᠳᠤᠯ ᠢ ᠠᠬᠢᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠣᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠡᠶᠢᠲᠡ ᠶᠢᠨ ᠠᠰᠠᠷᠠᠮᠵᠢ ᠪᠣᠯᠣᠨ ᠨᠢᠭᠦᠯᠡᠰᠦᠩᠭᠦᠢ ᠶᠢᠨ ᠠᠵᠢᠯ ᠦᠢᠯᠡᠰ ᠢ ᠬᠥᠭᠵᠢᠭᠦᠯᠦᠨ᠎ᠡ᠃      ᠡᠷᠡᠭᠦᠯ ᠡᠩᠬᠡ ᠦᠪᠦᠷ ᠮᠤᠩᠭᠤᠯ ᠢ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠤᠨᠤᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠮ ᠤᠨ ᠵᠦᠢᠯ ᠬᠠᠩᠭᠠᠬᠤ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠤᠭᠠᠯᠠᠨ ᠬᠦᠲᠦᠯᠦᠯᠴᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠵᠤ᠂ ᠬᠦᠨᠳᠦ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠡᠷᠡᠭᠦᠯ ᠮᠡᠨᠳᠦ ᠶᠢᠨ ᠬᠦᠮᠦᠵᠢᠯ ᠪᠣᠯᠣᠨ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠤᠨᠳᠤᠤ ᠭᠠᠵᠠᠷ ᠲᠤ ᠡᠮᠨᠡᠭᠦᠯᠪᠡᠯ ᠰᠢᠭᠤᠳ ᠲᠠᠰᠤᠯᠤᠨ ᠪᠣᠳᠣᠬᠤ ᠶᠢ ᠠᠬᠢᠭᠤᠯᠵᠤ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠦᠷᠭᠡᠳᠬᠡᠨ᠎ᠡ᠃ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ ᠬᠦᠭᠵᠢᠭᠦᠯᠵᠦ᠂ ᠠᠯᠤᠰ ᠡᠮᠴᠢᠯᠡᠬᠡᠨ ᠤ ᠰᠢᠰᠲ᠋ᠧᠮᠵᠢ ᠶᠢ ᠪᠠᠶᠢᠭᠤᠯᠤᠨ᠎ᠠ᠃ ᠶᠡᠷᠦᠩᠬᠡᠢ ᠰᠠᠯᠠᠭᠠᠨ ᠤ ᠡᠮᠴᠢ ᠶᠢᠨ ᠳᠦᠷᠢᠮ ᠢ ᠲᠡᠭᠦᠯᠳᠡᠷᠵᠢᠭᠦᠯᠦᠨ᠎ᠡ᠃ ︽ᠬᠠᠷᠠᠭ᠎ᠠ ᠣᠷᠤᠭᠤᠯᠬᠤ ᠠᠶᠠᠯᠠᠯ︾ ᠬᠡᠮᠡᠬᠦ ᠨᠡᠶᠢᠬᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠ ᠵᠠᠯᠠᠭᠤ ᠪᠠᠭᠠᠴᠤᠳ ᠤᠨ ᠨᠢᠳᠦᠨ ᠤ ᠡᠷᠡᠭᠦᠯ ᠮᠡᠨᠳᠦ ᠶᠢ ᠬᠠᠯᠠᠮᠵᠢᠯᠠᠬᠤ ᠪᠠ ᠨᠢᠲᠦ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ᠃ ᠤᠯᠠᠨ ᠲᠦᠮᠡᠨ ᠤ ᠪᠡᠶ᠎ᠡ ᠲᠠᠮᠢᠷ ᠪᠠ ᠣᠷᠤᠯᠳᠤᠭᠠᠨ ᠤ ᠪᠡᠶ᠎ᠡ ᠲᠠᠮᠢᠷ ᠢ ᠬᠦᠭᠵᠢᠭᠦᠯᠵᠦ᠂ ᠬᠦᠯ ᠪᠦᠮᠪᠦᠭᠡ ᠶᠢᠨ ᠬᠦᠳᠡᠯᠬᠡᠬᠡᠨ ᠢ ᠦᠭᠡᠷᠡᠴᠢᠯᠡᠵᠦ ᠬᠦᠭᠵᠢᠬᠦᠯᠬᠦ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠨ᠎ᠠ᠃ ᠠᠷᠪᠠᠨ ᠳᠦᠷᠪᠡᠳᠦᠭᠡᠷ ᠬᠤᠭᠤᠴᠭᠠᠠᠨ ᠤ ᠪᠦᠬᠦ ᠤᠯᠤᠰ ᠤᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠢ ᠬᠢᠨᠠᠮᠠᠭᠠᠢ ᠬᠢᠨ᠎ᠠ᠃      ᠠᠮᠤᠭᠤᠯᠠᠩ ᠲᠠᠶᠢᠪᠣᠩ ᠦᠪᠦᠷ ᠮᠤᠩᠭᠤᠯ ᠢ ᠪᠠᠶᠢᠭᠤᠯᠤᠨ᠎ᠠ᠃ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ ᠂ ᠨᠡᠶᠢᠭᠡᠮ ᠤᠨ ᠵᠦᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠨ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠤᠨᠴᠠ ᠬᠦᠨᠳᠤ ᠶᠡᠭᠡ ᠠᠳᠡᠯ ᠭᠠᠷᠬᠤ ᠶᠢ ᠡᠷᠡᠰ ᠰᠡᠷᠬᠡᠶᠢᠯᠡᠵᠦ ᠬᠤᠷᠢᠬᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠶᠢᠭᠤᠯᠤᠯ ᠲᠤᠭᠲᠠᠴᠠ ᠶᠢ ᠪᠦᠷᠢᠨᠰᠢᠭᠦᠯᠵᠦ᠂ ᠲᠦᠭᠰᠢᠬᠦᠷᠢ ᠶᠢ ᠬᠠᠮᠢᠶᠠᠷᠤᠨ ᠡᠵᠡᠮᠳᠡᠬᠦ᠂ ᠰᠡᠷᠠᠮᠵᠢᠯᠡᠬᠦᠯᠦᠨ ᠰᠡᠷᠬᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠷᠠᠭᠤᠯᠤᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠪᠦᠬᠦ ᠠᠷᠠᠳ ᠲᠤ ᠬᠠᠤᠯᠢ ᠲᠦᠭᠡᠮᠡᠯᠵᠢᠭᠦᠯᠬᠦ ᠬᠦᠮᠦᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠬᠠᠤᠯᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠨᠡᠶᠢᠭᠡᠮ ᠤᠨ ᠠᠵᠢᠯᠲᠠᠳ ᠪᠣᠯᠣᠨ ᠰᠠᠶᠢᠨ ᠳᠤᠷᠠᠴᠤᠳ ᠵᠡᠷᠭᠡ ᠨᠡᠶᠢᠭᠡᠮ ᠤᠨ ᠬᠦᠴᠦᠨ ᠤ ᠬᠢᠨ ᠤ ᠦᠢᠯᠡᠳᠦᠯ ᠢ ᠪᠠᠳᠠᠷᠠᠭᠤᠯᠤᠨ᠎ᠠ᠃ ᠡᠮᠡᠭᠲᠡᠶᠢᠴᠦᠳ᠂ ᠪᠠᠭᠠᠴᠤᠳ᠂ ᠦᠲᠡᠭᠦᠰ᠂ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃      ᠱᠠᠰᠢᠨ ᠰᠤᠷᠳᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠳᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠤᠭᠠᠷ ᠬᠠᠮᠢᠶᠠᠷᠴᠤ᠂ ᠱᠠᠰᠢᠨ ᠰᠤᠷᠲᠠᠬᠤᠨ ᠤ ᠬᠢᠨ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠯᠳᠤᠭᠤᠯᠤᠨ᠎ᠠ᠃ ᠴᠡᠷᠢᠭ ᠠᠩᠭᠢ ᠶᠢᠨ ᠦᠭᠡᠷᠡᠴᠢᠯᠡᠯᠲᠡ ᠬᠦᠭᠵᠢᠯᠲᠡ ᠪᠠ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠤᠯᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃     ᠭᠤᠷᠪᠠ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ      ᠪᠢᠳᠡ ᠢᠮᠠᠭᠲᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠭᠡᠳᠦᠯ ᠢ ᠲᠡᠮᠡᠴᠡᠯ ᠤᠨ ᠬᠠᠷᠠᠯᠲᠠ ᠪᠠᠨ ᠪᠤᠯᠭᠠᠵᠤ᠂ ᠠᠵᠢᠯ ᠲᠤᠰᠢᠶᠠᠯ ᠳᠤ ᠪᠠᠨ ᠦᠨᠡᠨᠴᠢ ᠰᠢᠳᠤᠷᠭᠤ ᠪᠠᠷ ᠬᠠᠨᠳᠤᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ︽ᠳᠦᠷᠪᠡᠨ ᠦᠵᠡᠯ ᠤᠬᠠᠮᠰᠠᠷ︾ ᠢ ᠪᠠᠲᠤ ᠪᠠᠬᠢ ᠪᠤᠢ ᠪᠤᠯᠭᠠᠵᠤ᠂ ︽ᠳᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠤᠨᠤᠯ ᠢ ᠪᠤᠲᠠᠲᠠᠢ ᠲᠠᠢ ᠤᠶᠠᠯᠳᠤᠭᠤᠯᠵᠤ᠂ ᠶᠠᠭᠤ ᠶᠢ ᠬᠢᠬᠦ᠂ ᠶᠠᠭᠤ ᠶᠢ ᠬᠢᠵᠦ ᠪᠣᠯᠬᠤ ᠦᠭᠡᠢ᠂ ᠶᠠᠭᠠᠬᠢᠵᠤ ᠬᠢᠬᠦ ᠭᠡᠰᠡᠨ ᠲᠦᠪ ᠤᠨ ᠱᠠᠭᠠᠷᠳᠠᠯᠭ᠎ᠠ ᠶᠢ ᠤᠨᠤᠪᠴᠢᠲᠠᠢ ᠡᠵᠡᠮᠰᠢᠨ᠎ᠡ ︔ ᠪᠢᠳᠡᠨ ᠤ ᠬᠢᠵᠦ ᠪᠠᠶᠢᠭ᠎ᠠ ᠠᠵᠢᠯ ᠢᠶᠠᠨ ᠲᠦᠪ ᠤᠨ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ ᠪᠠᠰᠠ ᠶᠠᠮᠠᠷ ᠵᠦᠷᠢᠶ᠎ᠡ ᠲᠠᠢ ᠪᠠ ᠬᠦᠷᠦᠯᠴᠡᠬᠦ ᠦᠭᠡᠢ ᠵᠦᠢᠯᠡᠰ ᠣᠷᠤᠰᠢᠵᠤ ᠪᠠᠶᠢᠬᠤ ᠶᠢ ᠦᠷᠭᠦᠯᠵᠢ ᠬᠢᠨᠠᠵᠤ ᠪᠠᠶᠢᠭᠠᠳ ᠠᠵᠢᠯ ᠳᠤ ᠪᠠᠨ ᠴᠢᠭᠯᠡᠯ ᠢᠶᠠᠨ ᠠᠯᠳᠠᠬᠤ ᠦᠭᠡᠢ ᠪᠠᠶᠢᠵᠤ᠂ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠪᠢᠳᠡ ᠢᠮᠠᠭᠲᠠ ᠪᠠᠶᠢᠴᠠᠭᠠᠨ ᠰᠤᠳᠤᠯᠤᠯᠲᠠ ᠪᠠᠷ ᠦᠨᠳᠦᠰᠦᠨ ᠠᠵᠢᠯᠯᠠᠬᠤ ᠠᠷᠭ᠎ᠠ ᠮᠠᠶ᠋ᠢᠭ ᠢᠶᠠᠨ ᠪᠣᠯᠭᠠᠨ᠂ ᠪᠠᠶᠢᠴᠠᠭᠠᠨ ᠰᠤᠳᠤᠯᠤᠭᠰᠠᠨ ᠤ ᠳᠠᠷᠠᠭ᠎ᠠ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠭᠰᠡᠨ ᠰᠠᠭᠤᠷᠢᠨ ᠳᠤ ᠳ᠋ᠦᠩᠨᠡᠯᠲᠡ ᠭᠠᠷᠭᠠᠬᠤ ᠶᠢ ᠪᠠᠷᠢᠮᠲᠠᠯᠠᠨ᠎ᠠ᠃ ᠦᠨᠳᠦᠰᠦᠨ ᠱᠠᠲᠤ᠂ ᠪᠣᠳᠠᠲᠤ ᠪᠠᠶᠢᠳᠠᠯ᠂ ᠣᠯᠠᠨ ᠲᠦᠮᠡᠨ ᠳᠤ ᠭᠦᠨᠵᠡᠭᠡᠶᠢᠷᠡᠵᠦ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠰᠣᠨᠣᠰᠴᠤ᠂ ᠣᠯᠠᠨ ᠲᠦᠮᠡᠨ ᠤ ᠪᠣᠳᠣᠵᠤ ᠰᠠᠨᠠᠭᠰᠠᠨ᠂ ᠬᠦᠰᠡᠨ ᠡᠷᠡᠮᠵᠢᠯᠡᠵᠦ ᠪᠠᠶᠢᠭ᠎ᠠ᠂ ᠪᠢᠳᠡᠨ ᠢᠶᠠᠷ ᠶᠠᠭᠤ ᠶᠢ ᠭᠦᠢᠴᠡᠳᠭᠡᠯᠭᠡᠬᠦ ᠪᠠᠷ ᠬᠠᠮᠤᠭ ᠠᠴᠠ ᠢᠯᠡᠬᠦᠦ ᠱᠠᠭᠠᠷᠳᠠᠵᠤ ᠪᠠᠶᠢᠭ᠎ᠠ ᠶᠢ ᠨᠢ ᠣᠶᠢᠯᠠᠭᠠᠨ᠎ᠠ᠃ ᠰᠤᠷᠤᠯᠴᠠᠭ᠎ᠠ ᠪᠠ ᠦᠢᠯᠡᠳᠦᠯᠭᠡ ᠶᠢᠨ ᠳᠤᠮᠳᠠ ᠰᠡᠳᠭᠢᠮᠵᠢ ᠲᠡᠯᠡᠵᠦ ᠠᠷᠭ᠎ᠠ ᠪᠣᠳᠣᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠤᠨᠨᠳᠠᠭᠠᠬᠤ ᠬᠢᠷᠢ ᠲᠥᠪᠰᠢᠨ ᠪᠣᠯᠣᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃      ᠪᠢᠳᠡ ᠢᠮᠠᠭᠲᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠲᠦᠭᠡᠨ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠪᠣᠯᠣᠨ ᠠᠵᠢᠯ ᠤᠨ ᠬᠢᠨᠠᠯᠲᠠ ᠲᠠᠯᠪᠢᠯᠲᠠ ᠶᠢ ᠬᠠᠤᠯᠢ ᠶᠣᠰᠤᠭᠠᠷ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠪᠣᠯᠣᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠵᠣ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠥᠷᠢᠮ ᠢ ᠨᠠᠶᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠴᠢ ᠪᠦᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠣᠨᠢᠨ ᠮᠡᠳᠡᠭᠡ ᠨᠡᠶᠢᠲᠡᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠭᠡᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠳᠦᠭᠦᠮ ᠳᠦᠳᠡ ᠪᠦᠭᠡᠳ ᠦᠨᠳᠦᠷ ᠪᠦᠲᠦᠮᠵᠢᠲᠡᠢ᠂ ᠡᠷᠬᠡ ᠲᠡᠭᠰᠢ ᠪᠠᠷ ᠦᠷᠢᠰᠦᠯᠳᠦᠬᠦ᠂ ᠲᠣᠭᠲᠠᠭᠤᠨ ᠪᠦᠭᠡᠳ ᠢᠯᠡ ᠲᠤᠳᠣ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠣᠢ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠬᠡᠯᠡᠪᠡᠰᠦ ᠢᠲᠡᠭᠡᠭᠦᠰᠢᠲᠡᠢ ᠬᠢᠪᠡᠰᠦ ᠪᠦᠲᠦᠮᠵᠢᠲᠡᠢ ᠪᠠᠶᠢᠵᠤ᠂ ᠨᠡᠶᠢᠲᠡ ᠳᠤ ᠢᠲᠡᠭᠡᠭᠦᠯᠬᠦ ᠬᠦᠴᠦᠨ ᠪᠣᠯᠣᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠦᠨᠡᠨᠴᠢ ᠢᠲᠡᠭᠡᠮᠵᠢ ᠲᠠᠢ ᠪᠠᠶᠢᠬᠤ ᠨᠡᠶᠢᠭᠡᠮ ᠤᠨ ᠪᠠᠶᠢᠭᠤᠯᠤᠯᠲᠠ ᠳᠤ ᠦᠯᠢᠭᠡᠷ ᠳᠠᠭᠤᠷᠢᠶᠠᠯ ᠦᠵᠡᠭᠦᠯᠦᠨ᠎ᠡ᠃      ᠪᠢᠳᠡ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠪᠤᠳᠤᠯᠢᠶᠠᠨᠲᠠᠢ ᠪᠠᠶᠢᠳᠠᠯ ᠪᠣᠯᠣᠨ ᠬᠤᠷᠴᠠ ᠰᠢᠷᠦᠭᠦᠨ ᠥᠷᠢᠰᠥᠯᠳᠥᠭᠡᠨ ᠤ ᠡᠮᠦᠨ᠎ᠡ᠂ ᠳᠣᠣᠷᠠᠲᠣ ᠬᠢᠵᠠᠭᠠᠷ ᠢ ᠵᠥᠷᠢᠬᠦ ᠦᠭᠡᠢ ᠪᠠᠶᠢᠬᠤ ᠰᠡᠳᠬᠢᠭᠦᠢ ᠶᠢ ᠪᠣᠢ ᠪᠣᠯᠭᠠᠵᠤ᠂ ᠲᠡᠮᠡᠴᠡᠬᠦ ᠰᠥᠰᠥ ᠵᠣᠷᠢᠭ ᠢᠶᠠᠨ ᠡᠷᠴᠢᠯᠡᠵᠦ᠂ ᠵᠦᠪ ᠢᠶᠠᠨ ᠵᠣᠷᠢᠭᠲᠠᠢ ᠪᠠᠷ ᠪᠠᠷᠢᠮᠲᠠᠯᠠᠨ᠂ ᠠᠯᠳᠠᠭ᠎ᠠ ᠲᠠᠢ ᠪᠣᠯ ᠵᠠᠯᠠᠷᠠᠭᠤᠯᠵᠤ᠂ ᠲᠥᠭᠰᠢᠭᠦᠷᠢ ᠶᠢ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠦᠴᠢᠷᠳᠡᠯ ᠪᠣᠯᠣᠨ ᠠᠰᠠᠭᠤᠳᠠᠯ ᠲᠤᠯᠭᠠᠷᠠᠪᠠᠯ ᠤᠬᠤᠷᠢᠬᠤ ᠦᠭᠡᠢ᠂ ᠴᠠᠯᠠᠭᠠᠶᠢᠷᠠᠬᠤ ᠦᠭᠡᠢ ᠪᠠᠷ ᠠᠵᠢᠯᠯᠠᠵᠤ᠂ ᠲᠦᠭᠰᠢᠬᠦᠷᠢ ᠬᠢᠮᠦᠷᠠᠯ ᠢ ᠲᠤᠬᠢᠶᠠᠯ ᠪᠤᠯᠭᠠᠬᠤ ᠳᠤ ᠪᠠᠨ ᠴᠢᠳᠠᠮᠠᠭᠠᠢ ᠪᠠᠶᠢᠵᠦ᠂ ᠲᠦᠭᠰᠢᠬᠦᠷᠢ ᠬᠢᠮᠤᠷᠠᠯ ᠢ ᠠᠷᠭᠠᠴᠠᠭᠠᠬᠤ ᠶᠠᠪᠤᠴᠠ ᠳᠤ ᠠᠵᠠ ᠲᠤᠬᠢᠶᠠᠯ ᠢ ᠡᠬᠦᠳᠴᠤ ᠪᠦᠷᠢᠯᠳᠦᠬᠦᠯᠦᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠠᠷᠢᠯᠭᠠᠵᠤ᠂ ᠡᠯ᠎ᠡ ᠵᠦᠢᠯ ᠤᠨ ᠪᠠᠶᠢᠴᠠᠭᠠᠯᠲᠠ ᠪᠣᠯᠣᠨ ᠦᠨᠡᠯᠡᠯᠲᠡ ᠶᠢ ᠴᠢᠩᠭ᠎ᠠ ᠵᠢᠷᠤᠮᠵᠢᠭᠤᠯᠤᠨ᠂ ᠠᠵᠢᠯ ᠶᠠᠪᠤᠳᠠᠯ ᠪᠦᠭᠦᠨ ᠳᠤ ᠴᠦᠮ ᠣᠷᠣᠮ ᠦᠯᠡᠳᠡᠭᠡᠬᠦ ᠠᠷᠭ᠎ᠠ ᠪᠠᠷᠢᠯ ᠢ ᠵᠠᠯᠠᠷᠠᠭᠤᠯᠵᠤ᠂ ᠡᠯ᠎ᠡ ᠱᠠᠲᠤᠨ ᠤ ᠺᠠᠳ᠋ᠷᠴᠤᠳ ᠢ ᠢᠯᠡᠭᠦᠬᠡᠨ ᠴᠠᠭ ᠭᠠᠷᠭᠠᠵᠤ ᠣᠶᠣᠨ ᠴᠢᠳᠠᠯ ᠢᠶᠠᠨ ᠲᠦᠪᠯᠡᠷᠡᠭᠦᠯᠵᠦ ᠠᠵᠢᠯ ᠢᠶᠠᠨ ᠰᠤᠳᠤᠯᠵᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠭᠠᠨ᠎ᠠ᠃      ᠪᠢᠳᠡ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ︽ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠬᠢᠨᠠᠮᠠᠭᠠᠶ ᠥᠷᠨᠢᠭᠦᠯᠦᠨ᠎ᠡ᠃ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠪᠣᠯᠣᠨ ᠦᠪᠡᠷᠲᠡᠭᠡᠨ ᠵᠠᠰᠠᠬᠤ ᠣᠷᠣᠨ ᠤ ᠳᠦᠬᠦᠷ ᠠᠷᠭ᠎ᠠ ᠶᠢ ᠴᠢᠩᠭ᠎ᠠ ᠬᠡᠷᠡᠭᠵᠢᠭᠦᠯᠦᠨ᠎ᠡ᠃ ᠭᠠᠮᠨᠠᠵᠤ ᠨᠠᠷᠢᠯᠠᠬᠤ ᠦᠵᠡᠯ ᠰᠠᠨᠠᠭ᠎ᠠ ᠶᠢ ᠪᠣᠢ ᠪᠣᠯᠭᠠᠨ᠂ ︽ᠠᠯᠪᠠᠨ ᠤ ᠭᠤᠷᠪᠠᠨ︾ ᠵᠠᠷᠤᠳᠠᠯ ᠤᠨ ᠲᠦᠰᠦᠪ ᠢ ᠴᠢᠩᠭ᠎ᠠ ᠡᠵᠡᠮᠳᠡᠵᠤ᠂ ᠭᠤᠣᠯᠳᠠᠯᠭ᠎ᠠ ᠲᠠᠢ ᠪᠣᠯᠣᠨ ᠵᠠᠶᠢᠯᠠᠰᠢ ᠦᠭᠡᠢ ᠴᠢᠨᠠᠷᠲᠠᠢ ᠵᠠᠷᠤᠯᠭ᠎ᠠ ᠠᠴᠠ ᠪᠤᠰᠤᠳ ᠡᠩ ᠤᠨ ᠴᠢᠨᠠᠷᠲᠠᠢ ᠵᠠᠷᠤᠯᠭ᠎ᠠ ᠶᠢ 10% ᠪᠠᠷ ᠪᠠᠭᠠᠰᠬᠠᠨ᠎ᠠ᠃ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠴᠠᠯᠢᠩ ᠢ ᠪᠠᠲᠤᠯᠠᠬᠤ᠂ ᠠᠵᠢᠯᠯᠠᠭᠤᠯᠬᠤ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠲᠦᠰᠦᠪ ᠲᠤ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠪᠠᠶᠢᠬᠤ ᠰᠤᠷᠲᠠᠯ ᠢ ᠪᠠᠷᠢᠮᠲᠠᠯᠠᠵᠤ᠂ ᠬᠠᠵᠠᠭᠤ ᠬᠠᠪᠢ ᠶᠢᠨ ᠬᠡᠰᠡᠭ ᠪᠤᠰᠠᠭ ᠬᠡᠷᠡᠭ ᠶᠠᠪᠤᠳᠠᠯ ᠢᠶᠠᠷ ᠠᠷᠪᠢᠲᠠᠢ ᠭᠠᠮᠲᠠᠢ ᠪᠥᠭᠡᠳ ᠲᠣᠬᠢᠲᠠᠢ ᠵᠣᠬᠢᠴᠠᠩᠭᠤᠢ᠂ ᠪᠣᠬᠢᠷᠲᠤᠯ ᠦᠭᠡᠢ ᠪᠥᠭᠡᠳ ᠳᠣᠣᠷ᠎ᠠ ᠨᠡᠭᠦᠷᠡᠰᠦᠳᠦ᠋ᠷᠦᠭᠴᠢ ᠲᠠᠢ ᠠᠮᠢᠳᠤᠷᠠᠯ ᠤᠨ ᠠᠷᠭ᠎ᠠ ᠮᠠᠶ᠋ᠢᠭ ᠢ ᠳᠠᠭᠠᠭᠤᠯᠤᠨ ᠰᠠᠨᠠᠭᠠᠴᠢᠯᠠᠨ᠎ᠠ᠃ ᠵᠠᠰᠠᠭ ᠤᠨ ᠣᠷᠳᠣᠨ ᠤ ᠠᠵᠢᠯᠲᠠᠳ ᠥᠪᠡᠷ ᠢ ᠪᠠᠨ ᠴᠢᠩᠭ᠎ᠠ ᠱᠠᠭᠠᠷᠳᠠᠵᠤ᠂ ᠠᠷᠠᠳ ᠲᠦᠮᠡᠨ ᠤ ᠲᠦᠯᠦᠭᠡ ᠠᠷᠢᠭᠤᠨ ᠴᠢᠬᠡᠴᠢ ᠪᠠᠷ ᠠᠵᠢᠯᠯᠠᠵᠤ᠂ ᠠᠷᠠᠳ ᠲᠦᠮᠡᠨ ᠤ ᠠᠯᠪᠠᠨ ᠵᠠᠷᠤᠴᠠ ᠬᠡᠮᠡᠬᠦ ᠨᠡᠷ᠎ᠡ ᠲᠥᠷᠥ ᠶᠢ ᠪᠠᠨ ᠭᠤᠲᠤᠭᠠᠬᠤ ᠦᠭᠡᠢ᠃      ᠲᠥᠯᠥᠭᠡᠯᠡᠭᠴᠢᠳ ᠡ︕      ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ︾ ᠨᠠᠨᠳᠢᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠨᠡᠩ ᠶᠡᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠨ᠂ ᠰᠢᠨ᠎ᠡ ᠴᠠᠭ ᠦᠶ᠎ᠡ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠰᠠᠶᠢᠲᠤᠷ ᠪᠦᠳᠦᠬᠡᠨ ᠪᠠᠶᠢᠭᠤᠯᠤᠨ᠎ᠠ᠃ ᠦᠨᠳᠦᠰᠦᠳᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠦᠨᠳᠦᠰᠦᠳᠡᠨ ᠤ ᠤᠷᠤᠨ ᠤ ᠦᠪᠡᠷᠳᠡᠬᠡᠨ ᠵᠠᠰᠬᠬᠤ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠦᠨ᠎ᠠ᠃ ᠬᠢᠯᠢ ᠬᠢᠵᠠᠭᠠᠷ ᠤᠷᠤᠨ ᠢ ᠬᠦᠭᠵᠢᠬᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠦᠨᠵᠡᠬᠡᠢ ᠠᠬᠢᠭᠤᠯᠵᠦ᠂ ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠳᠠ᠂ ︽ᠭᠤᠷᠪᠠᠨ ᠴᠦᠬᠡᠨ ᠲᠤᠭᠠᠳᠤ ᠦᠨᠳᠦᠰᠦᠳᠡᠨ︾ ᠤ ᠦᠪᠡᠷᠳᠡᠬᠡᠨ ᠵᠠᠰᠠᠬᠤ ᠬᠤᠰᠢᠭᠤ᠂ ᠦᠨᠳᠦᠰᠦᠳᠡᠨ ᠤ ᠰᠢᠶᠠᠩ ᠵᠡᠷᠬᠡ ᠴᠦᠬᠡᠨ ᠲᠤᠭᠠᠳᠤ ᠦᠨᠳᠦᠰᠦᠳᠡᠨ ᠤ ᠲᠦᠪᠯᠡᠷᠡᠨ ᠰᠠᠭᠤᠭ᠎ᠠ ᠭᠠᠵᠠᠷ ᠤᠷᠤᠨ ᠤ ᠬᠦᠭᠵᠢᠯᠳᠡ ᠶᠢ ᠲᠦᠷᠬᠡᠳᠬᠡᠨ᠎ᠠ᠃ ᠬᠤᠳᠠ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ ᠣᠨᠤᠯᠵᠢᠬᠤᠨ ᠢ ᠦᠢᠯᠡᠳᠦᠯᠭᠡᠵᠢᠭᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠬᠦᠳᠦᠨ ᠪᠠᠶᠢᠭᠤᠯᠬᠤ ᠠᠵᠢᠯ ᠢ ᠬᠦᠨᠵᠡᠬᠡᠢ ᠦᠷᠨᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠬᠠᠷᠢᠴᠠᠵᠤ ᠰᠤᠯᠢᠯᠴᠠᠵᠤ ᠠᠭᠤᠰᠤᠯᠴᠠᠬᠤ ᠶᠢ ᠴᠢᠩᠭᠠᠳᠬᠠᠨ᠂ ᠦᠨᠳᠦᠰᠦᠲᠡᠨ ᠨᠦᠭᠦᠳ ᠬᠤᠭᠤᠷᠤᠨᠳᠤ ᠪᠠᠨ ᠠᠨᠠᠷ ᠤᠨ ᠦᠷ᠎ᠡ ᠰᠢᠭ ᠪᠠᠷᠢᠯᠳᠤᠨ ᠨᠢᠭᠲᠠᠷᠠᠬᠤ ᠶᠢ ᠠᠬᠢᠭᠤᠯᠵᠤ᠂ ᠡᠬᠡ ᠤᠯᠤᠰ ᠤᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ᠎ᠠ᠃      ᠲᠥᠯᠥᠭᠡᠯᠡᠭᠴᠢᠳ ᠡ︕      ᠨᠠᠮ ᠤᠨ ᠲᠥᠪ ᠬᠤᠷᠢᠶ᠎ᠠ ᠠᠴᠠ ᠦᠪᠦᠷ ᠮᠣᠩᠭᠤᠯ ᠤᠨ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠭᠰᠠᠭᠠᠷ ᠢᠷᠡᠪᠡ᠃ ᠶᠡᠷᠦᠩᠬᠡᠢ ᠱᠦᠵᠢ ᠰᠢ ᠶᠢᠨ ᠫᠢᠩ ᠠᠴᠠ ᠦᠪᠦᠷ ᠮᠣᠩᠭᠤᠯ ᠪᠣᠯ ᠮᠠᠨ ᠤ ᠤᠯᠤᠰ ᠤᠨ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠢ ᠬᠠᠮᠤᠭ ᠤᠨ ᠡᠷᠲᠡ ᠪᠠᠶᠢᠭᠤᠯᠤᠭᠰᠠᠨ᠂ ᠨᠠᠮ ᠤᠨ ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠪᠠᠶᠢᠭᠤᠯᠤᠯ ᠢ ᠬᠠᠮᠤᠭ ᠤᠨ ᠡᠷᠲᠡ ᠬᠡᠷᠡᠭᠵᠢᠭᠦᠯᠦᠭᠰᠡᠨ ᠭᠠᠵᠠᠷ ᠣᠷᠣᠨ ᠪᠠᠶᠢᠵᠦ᠂ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠨ ᠪᠠᠶᠢᠯᠳᠤᠬᠤ ᠪᠣᠳᠣᠯᠭ᠎ᠠ ᠶᠢᠨ ᠤᠷᠤᠨ ᠪᠠᠶᠢᠷᠢ ᠪᠠᠷ ᠲᠦᠢᠯ ᠤᠨ ᠴᠢᠬᠤᠯᠠ ᠪᠤᠯᠬᠤ ᠶᠤᠮ᠃ ᠦᠪᠦᠷ ᠮᠣᠩᠭᠤᠯ ᠤᠨ ᠦᠭᠡᠷᠡᠴᠢᠯᠡᠯᠲᠡ ᠬᠦᠭᠵᠢᠯᠳᠡ ᠲᠣᠭᠲᠠᠭᠤᠨ ᠤ ᠠᠵᠢᠯ ᠢ ᠰᠠᠶᠢᠲᠤᠷ ᠬᠢᠬᠦ ᠨᠢ ᠪᠦᠬᠦ ᠤᠯᠤᠰ᠂ ᠳᠡᠯᠡᠬᠡᠢ ᠨᠡᠶᠢᠳᠡ ᠳᠤ ᠴᠤ ᠢᠳᠡᠪᠬᠢ ᠠᠴᠢ ᠬᠤᠯᠪᠣᠭᠳᠠᠯ ᠲᠠᠢ ᠶᠤᠮ ᠬᠡᠵᠦ ᠵᠢᠭᠠᠵᠦ ᠭᠠᠷᠭᠠᠪᠠ᠃      ᠡᠨᠡ ᠵᠢᠯ ᠪᠣᠯ ᠮᠠᠨ ᠤ ᠠᠭᠤᠤ ᠶᠡᠭᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠃ 70 ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠭᠠᠳ ᠳᠤᠮᠳᠠᠳᠤ ᠶᠢᠨ ᠦᠨᠳᠦᠰᠦᠲᠡᠨ ᠪᠤᠰᠴᠤ ᠵᠣᠭᠰᠤᠨ ᠪᠠᠶᠠᠵᠢᠵᠦ ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠭᠵᠢᠵᠦ ᠣᠷᠤᠭᠰᠢᠯᠠᠬᠤ ᠶᠢ ᠳᠠᠭᠠᠯᠳᠤᠨ᠂ ᠦᠪᠦᠷ ᠮᠣᠩᠭᠤᠯ ᠴᠦ ᠳᠡᠯᠡᠬᠡᠢ ᠶᠢᠨ ᠠᠩᠬᠠᠷᠤᠯ ᠢ ᠲᠠᠲᠠᠮ᠎ᠠ ᠠᠮᠵᠢᠯᠲᠠ ᠪᠦᠲᠦᠮᠵᠢ ᠣᠯᠪᠠ᠃ ᠳᠠᠷᠠᠭ᠎ᠠ ᠵᠢᠯ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠵᠠᠮ ᠢᠶᠠᠨ ᠡᠬᠢᠯᠡᠭᠦᠯᠬᠦ ᠪᠣᠯᠣᠨ᠎ᠠ᠃      ᠲᠦᠯᠦᠭᠡᠯᠡᠭᠴᠢᠳ ᠡ︕      ᠪᠣᠬᠢᠷᠳᠤᠯ ᠦᠭᠡᠢ ᠪᠠᠶᠢᠬᠤ ᠪᠣᠯ ᠮᠠᠨ ᠤ ᠬᠠᠮᠤᠭ ᠤᠨ ᠶᠡᠭᠡ ᠡᠳ᠋ ᠪᠠᠶᠠᠯᠢᠭ᠂ ᠬᠤᠪᠢᠰᠬᠠᠯᠲᠤ ᠴᠢᠨᠠᠷ ᠪᠣᠯ ᠮᠠᠨ ᠤ ᠭᠦᠨ ᠵᠤᠵᠠᠭᠠᠨ ᠦᠨᠳᠦᠰᠦ ᠰᠠᠭᠤᠷᠢ ᠪᠠᠶᠢᠵᠤ ᠂ ᠦᠵᠡᠰᠭᠦᠯᠡᠩᠲᠦ ᠦᠪᠦᠷ ᠮᠣᠩᠭᠤᠯ ᠪᠣᠯ ᠮᠠᠨ ᠤ ᠬᠠᠮᠲᠤ ᠶᠢᠨ ᠬᠦᠰᠡᠯ ᠵᠡᠭᠦᠳᠦ ᠪᠣᠯᠣᠨ᠎ᠠ᠃ ᠪᠢᠳᠡ ᠬᠠᠮᠲᠤ ᠪᠠᠷ ᠴᠥᠭᠦᠷᠡᠰᠢ ᠦᠭᠡᠢ ᠡᠷᠡᠯᠬᠡᠭᠯᠡᠨ ᠲᠡᠮᠡᠴᠡᠵᠦ ᠦᠪᠦᠷ ᠮᠣᠩᠭᠤᠯ ᠤᠨ ᠬᠥᠭᠵᠢᠯᠲᠡ ᠳᠤ ᠬᠦᠴᠦ ᠪᠠᠨ ᠨᠡᠮᠡᠷᠢᠯᠡᠪᠡᠯ᠂ ᠪᠢᠳᠡᠨ ᠤ ᠬᠦᠰᠡᠯ ᠵᠡᠭᠦᠳᠦ ᠯᠠᠪᠲᠠᠢ ᠪᠡᠶᠡᠯᠡᠭᠳᠡᠬᠦ ᠪᠣᠯᠣᠨ᠎ᠠ᠃ ᠦᠵᠡᠰᠭᠦᠯᠡᠩᠲᠦ ᠦᠪᠦᠷ ᠮᠣᠩᠭᠤᠯ ᠮᠠᠨᠢ ᠲᠡᠭᠷᠢ ᠨᠢ ᠴᠡᠯᠮᠡᠭ ᠤᠰᠤ ᠨᠢ ᠲᠤᠩᠭᠠᠯᠠᠭ ᠬᠦᠷᠥᠰᠦ ᠨᠢ ᠨᠤᠭᠤᠭᠠᠨ ᠪᠦᠭᠡᠳ ᠬᠦᠮᠦᠨ ᠪᠠ ᠪᠠᠶᠢᠭᠠᠯᠢ ᠨᠢ ᠡᠶ᠎ᠡ ᠵᠣᠬᠢᠴᠠᠯ ᠲᠠᠢ ᠪᠠᠷ ᠡᠨᠡᠭᠰᠢᠨ ᠣᠷᠤᠰᠢᠭᠰᠠᠨ ᠦᠪᠦᠷ ᠮᠣᠩᠭᠤᠯ ᠪᠠᠶᠢᠬᠤ ᠶᠣᠰᠣᠲᠠᠢ︔ ᠦᠨᠳᠦᠰᠦᠲᠡᠨ ᠨᠦᠭᠦᠳ ᠪᠦᠯᠬᠦᠮᠳᠡᠭᠰᠡᠨ ᠡᠪ ᠨᠠᠶᠢᠷᠠᠮᠳᠠᠭᠤ ᠪᠦᠭᠡᠳ ᠠᠮᠦᠷ ᠲᠣᠭᠲᠠᠭᠤᠨ ᠬᠢᠯᠢ ᠬᠢᠵᠠᠭᠠᠷ ᠲᠠᠢ ᠦᠪᠦᠷ ᠮᠣᠩᠭᠤᠯ ᠪᠠᠶᠢᠬᠤ ᠶᠣᠰᠣᠲᠠᠢ︔ ᠬᠦᠮᠦᠨ ᠪᠦᠬᠦᠨ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡ ᠪᠣᠯᠣᠨ ᠡᠷᠬᠡ ᠲᠡᠭᠰᠢ ᠬᠥᠭᠵᠢᠯᠲᠡ ᠶᠢᠨ ᠳᠣᠬᠢᠶᠠᠯ ᠢ ᠬᠦᠷᠲᠡᠭᠰᠡᠨ ᠦᠪᠦᠷ ᠮᠣᠩᠭᠤᠯ ᠪᠠᠶᠢᠬᠤ ᠶᠣᠰᠣᠲᠠᠢ᠃      ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠢᠷᠮᠡᠭᠦᠨ ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ