内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2020 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
        ᠨᠡᠶᠢᠲᠡᠯᠡᠭᠰᠡᠨ ᠴᠠᠭ᠄
        2020/1/22
             — 2020 ᠣᠨ ᠤ 1 ᠳ᠋ᠤᠭᠡᠷ ᠰᠠᠷ᠎ᠠ ᠶᠢᠨ 12 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ                      ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠲᠥᠯᠥᠭᠡᠯᠡᠭᠴᠢᠳ ᠡ᠄      ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2019 ᠣᠨ ᠤ ᠠᠵᠢᠯ ᠤᠨ ᠡᠷᠬᠢᠴᠡᠬᠦᠯᠦᠯ      2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠂ ᠮᠥᠨ ᠴᠦ ᠮᠠᠨ ᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ 3 ᠳ᠋ᠤᠭᠠᠷ ᠰᠠᠷ᠎ᠠ ᠶᠢᠨ 5 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ 7 ᠳ᠋ᠤᠭᠠᠷ ᠰᠠᠷ᠎ᠠ ᠶᠢᠨ 15 ᠤ ᠡᠳᠦᠷ ᠠᠴᠠ 16 ᠤ ᠡᠳᠦᠷ ᠬᠦᠷᠲᠡᠯ᠎ᠡ ᠮᠠᠨ ᠤ ᠣᠷᠣᠨ ᠳᠤ ᠳᠠᠬᠢᠨᠲᠠ ᠰᠢᠨᠵᠢᠯᠡᠨ ᠪᠠᠶᠢᠴᠠᠭᠠᠯᠲᠠ ᠬᠢᠭᠰᠡᠨ ᠤ ᠬᠠᠮᠲᠤ ︽ᠤᠭ ᠰᠠᠨᠠᠭ᠎ᠠ ᠪᠠᠨ ᠥᠯᠥ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠵᠢᠭᠠᠨ ᠵᠢᠯᠣᠭᠤᠳᠪᠠ᠃ ᠥᠪᠥᠷ ᠮᠣᠩᠭᠤᠯ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠨᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠴᠢᠭᠯᠡᠯ ᠢ ᠵᠢᠭᠠᠨ ᠥᠭᠴᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠦᠢᠯ ᠤᠨ ᠶᠡᠭᠡ ᠪᠠᠷ ᠵᠣᠷᠢᠬᠵᠢᠭᠤᠯᠪᠠ᠃      ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠣᠭᠲᠠᠭᠤᠨ ᠪᠠᠶᠢᠯᠭᠠᠬᠤ ᠶᠢᠨ ᠲᠠᠭᠠᠤ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠣᠷᠣᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠠᠩᠬ᠎ᠠ ᠠᠯᠬᠤᠮ ᠤᠨ ᠬᠠᠷᠭᠤᠭᠤᠯᠤᠨ ᠪᠣᠳᠣᠭᠰᠠᠨ ᠢᠶᠠᠷ ᠪᠣᠯ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 5.2% ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 6.8% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 10.9% ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠨ ᠬᠡᠷᠡᠭᠯᠡᠵᠦ ᠪᠣᠯᠬᠤ ᠣᠷᠣᠯᠭ᠎ᠠ ᠲᠤᠰ ᠲᠤᠰ 6.5% ᠪᠠ 10.7% ᠨᠡᠮᠡᠭᠳᠡᠪᠡ᠃      ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠃      ︵ᠨᠢᠭᠡ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠤᠨᠨᠳᠠᠭᠤᠨ ᠢᠶᠠᠷ ᠳᠡᠭᠡᠭᠰᠢᠯᠡᠪᠡ᠃ ︽ᠭᠤᠷᠪᠠ ᠶᠢ ᠦᠭᠡᠶᠢᠰᠬᠡᠵᠦ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠦᠷ᠎ᠡ ᠪᠦᠲᠦᠭᠡᠯ ᠢ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠣᠯᠬᠤ ︽ᠦᠬᠦᠰᠢᠷᠡᠮᠡᠯ ᠠᠵᠤ ᠠᠬᠤᠶᠢᠯᠠᠯ︾ ᠢ ᠦᠨᠳᠦᠰᠦᠨ ᠳᠤ ᠪᠠᠨ ᠢᠯᠭᠠᠷᠠᠭᠤᠯᠤᠨ ᠴᠡᠪᠡᠷᠯᠡᠪᠡ᠃ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠳᠠᠷᠤᠭᠠᠰᠤ ᠶᠢ ᠨᠢ ᠳᠠᠬᠢᠵᠤ 410 ᠳ᠋ᠦᠩᠰᠢᠭᠤᠷ ᠲᠥᠭᠦᠷᠢᠭ ᠭᠦᠩᠬᠡᠯᠡᠪᠡ᠃ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠭᠴᠡᠭᠡ ᠶᠢᠨ ᠨᠣᠷᠮ᠎ᠠ ᠶᠢ ᠨᠢ 2.3 ᠵᠠᠭᠤᠨ ᠤ ᠴᠡᠭ ᠪᠠᠭᠤᠷᠠᠭᠤᠯᠵᠤ᠂ ᠠᠰᠢᠭ ᠣᠯᠵᠠᠪᠤᠷᠢ ᠶᠢ ᠨᠢ 3.2% ᠨᠡᠮᠡᠭᠳᠡᠭᠦᠯᠪᠠ᠃ ᠪᠡᠭᠡᠵᠢᠩ ᠠᠴᠠ ᠬᠥᠬᠡᠬᠤᠲᠠ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠦ ᠲᠠᠭᠤᠰᠬᠠᠭᠠᠳ ᠭᠠᠯᠲᠤ ᠲᠡᠷᠭᠡ ᠨᠡᠪᠲᠡᠷᠡᠭᠦᠯᠵᠦ᠂ ᠤᠯᠠᠭᠠᠨᠬᠠᠳᠠ ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠵᠠᠯᠭᠠᠬᠤ ᠱᠤᠭᠤᠮ ᠢ ᠪᠠᠶᠢᠭᠤᠯᠵᠤ ᠳᠠᠭᠤᠰᠬᠠᠬᠤ ᠪᠠᠷ ᠪᠠᠶᠢᠨ᠎ᠠ᠂ ᠵᠢᠨᠢᠩ ᠠᠴᠠ ᠳ᠋ᠠᠲ᠋ᠥ᠋ᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠠ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠤ ᠡᠬᠢᠯᠡᠭᠰᠡᠨ ᠪᠥᠭᠡᠳ ᠰᠢᠯᠢ ᠶᠢᠨ ᠬᠤᠲᠠ ᠠᠴᠠ ᠳ᠋ᠠᠨᠳᠦ᠋ᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠬᠦ ᠱᠤᠭᠤᠮ ᠨᠡᠪᠲᠡᠷᠡᠪᠡ᠃ ︽ᠴᠣᠣᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ︾ ᠪᠠ ᠵᠡᠭᠦᠨ ᠲᠠᠶᠢᠰᠠ ᠤᠰᠤᠨ ᠴᠥᠬᠦᠷᠥᠮ ᠵᠡᠷᠭᠡ ᠢᠨᠵᠧᠨᠧᠷᠢᠩ ᠤᠷᠤᠭᠰᠢᠲᠠᠢ ᠠᠬᠢᠪᠠ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠰᠢᠨ᠎ᠡ ᠪᠠᠷ 4 ᠪᠠᠶᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 33 ᠪᠣᠯᠪᠠ᠃ ᠲᠡᠭᠷᠢᠯᠢᠭ ᠠᠭᠠᠷ ᠠᠶᠠᠯᠠᠯ ᠢ ᠨᠡᠪᠲᠡᠷᠡᠭᠦᠯᠵᠦ ᠲᠡᠭᠡᠭᠡᠪᠦᠷᠢᠯᠡᠨ ᠡᠵᠡᠩᠨᠡᠵᠦ ᠡᠬᠢᠯᠡᠭᠰᠡᠨ ᠪᠦᠭᠡᠳ ᠲᠣᠮᠣ ᠨᠢᠰᠬᠡᠯ ᠤᠨ ᠳᠡᠭᠡᠳᠦ ᠰᠤᠷᠭᠠᠭᠤᠯᠢ ᠵᠢᠩᠬᠢᠨᠢ ᠪᠠᠷ ᠰᠤᠷᠤᠭᠴᠢ ᠡᠯᠰᠡᠵᠦ ᠡᠬᠢᠯᠡᠪᠡ᠃ 12 ᠠᠶᠢᠮᠠᠭ ᠬᠤᠲᠠ ᠳᠤ ᠴᠥᠮ 5G ᠲᠤᠷᠰᠢᠯᠲᠠ ᠶᠢᠨ ᠰᠠᠭᠤᠷᠢ ᠥᠷᠲᠡᠭᠡ ᠶᠢ ᠨᠡᠭᠡᠭᠡᠵᠦ ᠨᠡᠪᠲᠡᠷᠡᠭᠦᠯᠪᠡ᠃      ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠪᠡ᠃ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠡᠷᠬᠢᠯᠡᠬᠦ ᠶᠢ ᠳᠡᠮᠵᠢᠪᠡ᠃ ᠳᠠᠬᠢᠯᠲᠠ ᠡᠨᠧᠷᠬᠢ ᠶᠢᠨ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠨᠡᠮᠡᠭᠳᠡᠭᠡᠳ 4240 ᠲᠦᠮᠡᠨ ᠺᠢᠯᠤᠸᠠᠲ ᠪᠣᠯᠵᠤ᠂ ᠪᠥᠬᠦ ᠮᠠᠰᠢᠨ ᠴᠣᠭᠴᠠᠯᠠᠪᠤᠷᠢ ᠶᠢᠨ ᠭᠤᠷᠪᠠᠨ ᠤ ᠨᠢᠭᠡ ᠶᠢ ᠡᠵᠡᠯᠡᠪᠡ᠃ ᠰᠢᠯᠢ ᠶᠢᠨ ᠭᠤᠣᠯ ᠠᠴᠠ ᠱᠠᠨᠳᠦ᠋ᠩ ᠳᠤ ᠳᠠᠮᠵᠢᠭᠤᠯᠬᠤ ᠣᠨᠴᠠ ᠥᠨᠳᠥᠷ ᠬᠦᠴᠦᠳᠡᠯᠲᠦ ᠢᠵᠢ ᠪᠦᠷᠢᠨ ᠨᠡᠭᠦᠷᠡᠰᠦ ᠴᠠᠬᠢᠯᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠬᠤ ᠠᠵᠢᠯ ᠤᠷᠤᠭᠰᠢᠲᠠᠢ ᠠᠬᠢᠪᠠ︔ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠺᠣᠮᠫᠠᠨᠢ ᠶᠢᠨ ᠣᠷᠳᠣᠰ ᠤᠨ ᠨᠡᠭᠦᠷᠡᠰᠦ ᠪᠠᠷ ᠠᠯᠺᠧᠨ ᠦᠢᠯᠡᠳᠬᠦ ᠲᠥᠷᠥᠯ ᠵᠦᠢᠯ ᠨᠢ ᠪᠠᠷᠢᠯᠭ᠎ᠠ ᠪᠠᠨ ᠪᠠᠶᠢᠭᠤᠯᠵᠤ ᠡᠬᠢᠯᠡᠪᠡ︔ ᠵᠦᠩ ᠸᠧᠢ ᠺᠣᠮᠫᠠᠨᠢ ᠶᠢᠨ ᠣᠷᠳᠣᠰ ᠤᠨ ᠡᠨᠧᠷᠬᠢ ᠨᠡᠭᠦᠷᠡᠰᠦᠨ ᠤ ᠬᠦᠷᠦᠰᠦᠨ ᠳᠣᠣᠷᠠᠬᠢ ᠬᠡᠢ ᠬᠢᠮᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠠᠰᠢᠭᠯᠠᠯᠲᠠ ᠳᠤ ᠣᠷᠣᠪᠡ︔ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠤᠯᠠᠭᠠᠨᠴᠠᠪ ᠲᠠᠬᠢ ᠰᠠᠯᠬᠢᠨ ᠭᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ 600 ᠲᠦᠮᠡᠨ ᠺᠢᠯᠤᠸᠠᠲ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠠᠷᠢᠯᠭ᠎ᠠ ᠪᠠᠨ ᠪᠠᠶᠢᠭᠤᠯᠵᠤ ᠡᠬᠢᠯᠡᠭᠰᠡᠨ ᠮᠥᠷᠲᠡᠭᠡᠨ ᠲᠡᠷᠡ ᠨᠢ ᠪᠥᠬᠦ ᠪᠥᠮᠪᠥᠷᠴᠡᠭ ᠤᠨ ᠡᠬᠡ ᠬᠠᠭᠤᠷᠠᠢ ᠳᠠᠬᠢ ᠳᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠲᠣᠮᠣ ᠰᠠᠯᠬᠢᠨ ᠭᠦᠴᠦᠨ ᠤ ᠴᠠᠬᠢᠯᠭᠠᠨ ᠤ ᠲᠥᠷᠥᠯ ᠵᠦᠢᠯ ᠪᠣᠯᠪᠠ︔ ᠦᠬᠠᠢ ᠶᠢᠨ ᠰᠠᠢ ᠰᠧ ᠫᠦ᠋ ᠥᠨᠳᠥᠷ ᠵᠤᠤᠬ᠎ᠠ ᠶᠢᠨ ᠪᠤᠰᠤ ᠲᠡᠮᠦᠷᠯᠢᠭ ᠬᠠᠶᠢᠯᠤᠭᠤᠯᠬᠤ ᠲᠥᠷᠥᠯ ᠵᠦᠢᠯ ᠨᠢ ᠪᠠᠷᠢᠯᠭ᠎ᠠ ᠪᠠᠨ ᠪᠠᠶᠢᠭᠤᠯᠵᠤ ᠡᠬᠢᠯᠡᠭᠰᠡᠨ ᠪᠥᠭᠡᠳ ᠲᠡᠮᠦᠷᠯᠢᠭ ᠬᠠᠶᠢᠯᠤᠭᠤᠯᠬᠤ ᠤᠷ᠎ᠠ ᠮᠡᠷᠭᠡᠰᠢᠯ ᠢᠶᠠᠨ ︽ᠨᠡᠭᠦᠷᠡᠰᠦᠲᠥ᠋ᠷᠥᠭᠴᠢ ᠪᠠᠷ ᠲᠡᠮᠦᠷᠯᠢᠭ ᠬᠠᠶᠢᠯᠤᠭᠤᠯᠵᠤ︾ ᠪᠠᠶᠢᠭᠰᠠᠨ ᠠᠴᠠ ︽ᠤᠰᠤᠲᠦ᠋ᠷᠦᠭᠴᠢ ᠪᠠᠷ ᠲᠡᠮᠦᠷᠯᠢᠭ ᠬᠠᠶᠢᠯᠤᠭᠤᠯᠬᠤ︾ ᠪᠣᠯᠭᠠᠵᠤ ᠬᠤᠪᠢᠷᠠᠭᠤᠯᠪᠠ︔ ᠪᠥᠬᠦ ᠪᠥᠮᠪᠥᠷᠴᠡᠭ ᠤᠨ ᠠᠭᠤᠷᠬᠠᠢ ᠳᠤ ᠬᠡᠷᠡᠭᠯᠡᠬᠦ ᠠᠩᠬᠠᠨ ᠤ ᠵᠢᠯᠣᠭᠤᠴᠢ ᠦᠭᠡᠢ 5G ᠰᠦᠯᠵᠢᠶᠡᠨ ᠤ ᠤᠶᠤᠨᠴᠢ ᠮᠠᠰᠢᠨ ᠲᠡᠷᠭᠡ ᠶᠢ ᠪᠠᠶᠠᠠᠤ᠋ᠪᠤᠭ᠎ᠠ ᠳᠤ ᠠᠰᠢᠭᠯᠠᠯᠲᠠ ᠳᠤ ᠣᠷᠣᠭᠤᠯᠵᠤ ᠠᠵᠢᠯᠯᠠᠭᠤᠯᠪᠠ︔ ᠰᠢᠶᠠᠨ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠥᠪᠥᠷ ᠮᠣᠩᠭᠤᠯ ᠴᠢᠫ︾ ᠰᠠᠴᠤᠷᠠᠭᠤᠯᠬᠤ ᠳᠠᠪᠲᠠᠮᠵᠢ ᠶᠢᠨ ᠴᠢᠫ ᠢ ᠣᠷᠣᠨ ᠤ ᠳᠣᠲᠣᠷ᠎ᠠ ᠭᠠᠳᠠᠨᠠᠬᠢ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠤ ᠬᠡᠷᠡᠭᠯᠡᠭᠦᠯᠪᠡ᠃ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠤᠨ ᠲᠥᠬᠦᠭᠡᠷᠦᠮᠵᠢ ᠦᠢᠯᠡᠳᠬᠦ ᠦᠢᠯᠡᠰ 58.6% ᠨᠡᠮᠡᠭᠳᠡᠵᠦ᠂ ᠬᠤᠪᠣᠷ ᠰᠢᠷᠣᠢ ᠶᠢᠨ ᠨᠢᠭᠡᠳᠪᠦᠷᠢ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢᠳᠤ ᠦᠢᠯᠡᠳᠬᠦᠨ ᠦᠢᠯᠡᠳᠪᠦᠷᠢᠯᠡᠭᠰᠡᠨ ᠬᠡᠮᠵᠢᠶ᠎ᠡ ᠲᠤᠰ ᠲᠤᠰ 11.4% ᠪᠠ 9.6% ᠨᠡᠮᠡᠭᠳᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 12% ᠨᠡᠮᠡᠭᠳᠡᠪᠡ᠂ ᠬᠥᠯᠥᠨ ᠪᠤᠶᠢᠷ ᠤᠨ ᠣᠢ ᠰᠢᠭᠤᠢ ᠲᠠᠯ᠎ᠠ ᠨᠤᠲᠤᠭ ᠤᠨ ᠵᠢᠭᠤᠯᠴᠢᠯᠠᠯ ᠤᠨ ᠭᠠᠯᠲᠤ ᠲᠡᠷᠭᠡ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠵᠣᠭᠤᠰᠤᠨ ᠤ ᠦᠯᠡᠳᠡᠪᠦᠷᠢ ᠲᠣᠭᠠᠨ ᠤ ᠨᠡᠮᠡᠭᠳᠡᠯ ᠨᠢ ᠳᠡᠭᠡᠷ᠎ᠡ ᠵᠢᠯ ᠤᠨ ᠬᠢ ᠠᠴᠠ ᠬᠤᠷᠳᠤᠨ ᠪᠠᠶᠢᠪᠠ︔ 1857 ᠳ᠋ᠦᠩᠰᠢᠭᠤᠷ ᠲᠥᠭᠦᠷᠢᠭ ᠤᠨ ᠪᠡᠯᠡ ᠶᠢ ᠰᠢᠭᠤᠳ ᠲᠤᠬᠢᠷᠠᠭᠤᠯᠵᠦ᠂ ᠳᠡᠭᠡᠷ᠎ᠡ ᠵᠢᠯ ᠤᠨ ᠬᠢ ᠲᠠᠢ ᠬᠠᠷᠢᠴᠠᠭᠤᠯᠬᠤ ᠳᠤ ᠬᠤᠶᠠᠷ ᠳᠠᠬᠢᠨ ᠪᠣᠯᠪᠠ᠃ ᠳᠥᠷᠪᠡᠳᠡᠬᠢ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃      ︵ᠬᠤᠶᠠᠷ︶ ᠲᠣᠪᠤᠶᠢᠮ᠎ᠠ ᠠᠰᠠᠭᠤᠳᠠᠯ ᠢ ᠣᠨᠣᠪᠴᠢᠲᠠᠢ ᠰᠢᠢᠳᠪᠦᠷᠢᠯᠡᠬᠦ ᠳᠤ ᠬᠦᠴᠦ ᠲᠠᠯᠪᠢᠵᠤ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠳᠤ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠲᠦᠭᠰᠢᠭᠦᠷᠢ ᠶᠢᠨ ᠵᠡᠷᠭᠡ ᠳᠡᠰ ᠦᠨᠡᠯᠡᠨ ᠲᠣᠭᠲᠠᠭᠠᠬᠤ ᠶᠢ ᠬᠡᠷᠡᠭᠵᠢᠭᠦᠯᠦᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢᠨ 270.7% ᠶᠢ ᠪᠡᠶᠡᠯᠡᠭᠦᠯᠦᠨ᠂ ︽ᠠᠷᠪᠠ ᠶᠢ ᠨᠡᠶᠢᠳᠡᠮ ᠪᠦᠷᠬᠦᠭᠦᠯᠬᠦ︾ ᠳᠤ ᠥᠷᠢᠲᠦᠵᠦ ᠪᠠᠶᠢᠭᠰᠠᠨ ᠪᠠᠷᠢᠯᠭ᠎ᠠ ᠶᠢᠨ ᠵᠣᠭᠤᠰ ᠢ ᠴᠥᠮ ᠲᠥᠯᠥᠵᠦ ᠳᠠᠭᠤᠰᠬᠠᠪᠠ᠃ ᠬᠦᠴᠢᠷᠳᠡᠯ ᠢ ᠲᠠᠶᠢᠯᠬᠤ ᠰᠠᠭᠤᠷᠢ ᠮᠥᠩᠭᠦ ᠪᠠ ᠲᠦᠭᠰᠢᠭᠦᠷᠢ ᠶᠢ ᠰᠡᠷᠭᠡᠶᠢᠯᠡᠨ ᠡᠵᠡᠮᠰᠢᠬᠦ ᠰᠠᠭᠤᠷᠢ ᠮᠥᠩᠭᠦ ᠶᠢ ᠨᠡᠶᠢᠲᠡ 257.4 ᠳ᠋ᠦᠩᠰᠢᠭᠤᠷ ᠲᠥᠭᠦᠷᠢᠭ ᠲᠠᠯᠪᠢᠵᠤ ᠬᠡᠷᠡᠭᠯᠡᠭᠡᠳ 65 ᠠᠵᠤ ᠠᠬᠤᠶᠢᠯᠠᠯ ᠤᠨ ᠦᠷᠢ ᠥᠭᠴᠡᠭᠡ ᠶᠢᠨ ᠲᠦᠭᠰᠢᠭᠦᠷᠢ ᠪᠠᠨ ᠠᠷᠢᠯᠭᠠᠬᠤ ᠶᠢ ᠳᠡᠮᠵᠢᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ ᠳᠠᠩᠰᠠᠨ ᠳᠠᠬᠢ ᠵᠣᠭᠤᠰ ᠢ 672.9 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠲᠥᠪ ᠬᠤᠷᠢᠶᠠᠨ ᠤ ᠳᠡᠮᠵᠢᠯᠭᠡ ᠪᠠᠷ ᠪᠤᠭᠤᠲᠤ ᠶᠢᠨ ᠬᠤᠳᠠᠯᠳᠤᠭᠠᠨ ᠤ ᠪᠠᠩᠬᠢ ᠶᠢᠨ ᠲᠦᠭᠰᠢᠭᠦᠷᠢ ᠶᠢ ᠲᠣᠬᠢᠷᠠᠮᠵᠢᠲᠠᠢ ᠰᠢᠢᠳᠪᠦᠷᠢᠯᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠳᠡᠮᠵᠢᠯᠭᠡ ᠪᠠᠷ ᠵᠠᠰᠠᠮᠠᠯ ᠵᠠᠮ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠥᠷᠢ ᠥᠭᠴᠡᠭᠡ ᠪᠠᠨ ᠳᠠᠬᠢᠵᠤ ᠵᠣᠬᠢᠶᠠᠨ ᠪᠠᠶᠢᠭᠤᠯᠬᠤ ᠶᠢ ᠭᠦᠢᠴᠡᠳᠬᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ ᠪᠣᠯᠭᠠᠨ ᠬᠤᠪᠢᠷᠠᠭᠤᠯᠬᠤ 77.35 ᠳ᠋ᠦᠩᠰᠢᠭᠤᠷ ᠲᠥᠭᠦᠷᠢᠭ ᠢ ᠪᠣᠳᠠᠲᠠᠶᠢᠵᠢᠭᠤᠯᠪᠠ᠂ ᠪᠥᠬᠦ ᠣᠷᠣᠨ ᠳᠤ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ ᠪᠣᠯᠭᠠᠵᠤ ᠬᠤᠪᠢᠷᠠᠭᠤᠯᠤᠭᠰᠠᠨ ᠪᠥᠬᠦ ᠵᠣᠭᠤᠰᠤᠨ ᠤ ᠲᠤᠭ᠎ᠠ ᠨᠢ 234 ᠳ᠋ᠦᠩᠰᠢᠭᠤᠷ ᠲᠥᠭᠦᠷᠢᠭ ᠪᠠᠶᠢᠵᠤ᠂ ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠮᠡᠳᠡᠭᠳᠡᠮ᠎ᠡ ᠪᠠᠭᠤᠷᠠᠪᠠ᠃      ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠢ ᠠᠩᠬᠠᠷᠤᠨ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 20 ᠬᠤᠰᠢᠭᠤ ᠰᠢᠶᠠᠨ ᠢ ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠬᠠᠰᠤᠬᠤ᠂ ᠶᠠᠳᠠᠭᠤ ᠬᠦᠴᠢᠷᠳᠡᠯᠲᠡᠢ 676 ᠭᠠᠴᠠᠭ᠎ᠠ ᠲᠣᠰᠬᠤᠨ ᠢ ᠶᠠᠳᠠᠭᠤ ᠬᠦᠴᠢᠷᠳᠡᠯᠲᠡᠢ ᠶᠢᠨ ᠵᠢᠭᠰᠠᠭᠠᠯᠲᠠ ᠠᠴᠠ ᠭᠠᠷᠭᠠᠬᠤ᠂ ᠶᠠᠳᠠᠭᠤ ᠬᠦᠴᠢᠷᠳᠡᠯᠲᠡᠢ 14 ᠲᠦᠮᠡ ᠭᠠᠷᠤᠢ ᠬᠥᠮᠥᠰ ᠢ ᠶᠠᠳᠠᠭᠤ ᠠᠴᠠ ᠠᠩᠭᠢᠵᠢᠷᠠᠭᠤᠯᠬᠤ ᠪᠠᠷ ᠵᠢᠱᠢᠭᠰᠡᠨ ᠪᠠᠶᠢᠨ᠎ᠠ᠃ ᠪᠥᠬᠦ ᠵᠢᠯ ᠳᠤ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢ 99.23 ᠳ᠋ᠦᠩᠰᠢᠭᠤᠷ ᠲᠥᠭᠦᠷᠢᠭ ᠣᠷᠣᠭᠤᠯᠪᠠ᠂ ᠡᠭᠦᠨ ᠳᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠠᠬᠢ ᠣᠷᠣᠭᠤᠯᠤᠯᠲᠠ 23.4% ᠨᠡᠮᠡᠭᠳᠡᠪᠡ᠃ ᠪᠥᠬᠦ ᠤᠯᠤᠰ ᠤᠨ ᠬᠡᠪᠴᠢᠶᠠᠨ ᠳᠠᠬᠢ ᠶᠠᠳᠠᠭᠤ ᠶᠢ ᠲᠡᠳᠬᠦᠭᠰᠡᠨ ᠡᠳ᠋ ᠬᠥᠷᠥᠩᠭᠡ ᠳᠤ ᠢᠯᠭᠠᠷᠠᠭᠤᠯᠤᠨ ᠪᠠᠶᠢᠴᠠᠭᠠᠬᠤ ᠪᠠ ᠬᠠᠮᠢᠶᠠᠷᠬᠤ ᠲᠤᠷᠰᠢᠯᠲᠠ ᠶᠢᠨ ᠴᠡᠭ ᠭᠠᠷᠭᠠᠬᠤ ᠠᠵᠢᠯ ᠢ ᠤᠷᠢᠳ ᠢᠶᠠᠷ ᠥᠷᠨᠢᠭᠦᠯᠪᠡ᠃ ᠪᠡᠭᠡᠵᠢᠩ ᠬᠤᠲᠠ ᠵᠢᠴᠢ ᠲᠥᠪ ᠤᠨ ᠨᠢᠭᠡᠴᠢ ᠨᠦᠭᠦᠳ ᠪᠡᠯᠡ ᠮᠥᠩᠭᠦ᠂ ᠴᠢᠳᠠᠪᠤᠷᠢᠲᠠᠨ᠂ ᠮᠡᠷᠭᠡᠵᠢᠯ ᠪᠠ ᠠᠵᠤ ᠦᠢᠯᠡᠰ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠦᠭᠰᠡᠨ ᠠᠴᠠ ᠶᠠᠳᠠᠭᠤ ᠶᠢ ᠲᠡᠳᠭᠦᠬᠦ ᠲᠠᠯ᠎ᠠ ᠶᠢᠨ ᠬᠠᠮᠵᠢᠯᠴᠠᠨ ᠠᠵᠢᠯᠯᠠᠬᠤ ᠪᠠ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠤᠨ ᠦᠷ᠎ᠡ ᠠᠰᠢᠭ ᠮᠡᠳᠡᠭᠳᠡᠮ᠎ᠡ ᠳᠡᠭᠡᠭᠰᠢᠯᠡᠭᠰᠡᠨ ᠪᠠᠶᠢᠨ᠎ᠠ᠃      ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠪᠥᠬᠦ ᠣᠷᠣᠨ ᠤ ᠠᠭᠠᠷ ᠤᠨ ᠴᠡᠪᠡᠷᠴᠡ ᠶᠢᠨ ᠪᠠᠷᠢᠮᠵᠢᠶ᠎ᠠ ᠳᠤ ᠬᠦᠷᠦᠭᠰᠡᠨ ᠡᠳᠦᠷ ᠬᠤᠨᠤᠭ ᠤᠨ ᠲᠡᠭᠰᠢᠳᠬᠡᠭᠰᠡᠨ ᠲᠣᠭᠠᠨ ᠤ ᠬᠠᠷᠢᠴᠠᠯ 89.6% ᠳᠤ ᠬᠦᠷᠴᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠬᠦᠬᠦᠷ ᠤᠨ ᠳᠠᠪᠬᠤᠷ ᠢᠰᠦᠯ᠂ ᠰᠢᠪᠳᠤᠷᠲᠤ ᠠᠽᠤᠲ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ︽ᠭᠤᠷᠪᠠᠨ ᠨᠠᠭᠤᠷ︾ ᠢ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ᠂ ᠬᠥᠯᠥᠨ ᠨᠠᠭᠤᠷ ᠤᠨ ᠬᠤᠶᠠᠳᠠᠬᠢ ᠬᠤᠭᠤᠴᠠᠭᠠᠨ ᠤ ᠵᠠᠰᠠᠯᠲᠠ ᠶᠢᠨ ᠢᠨᠵᠧᠨᠧᠷᠢᠩ ᠳᠠᠬᠢ 13 ᠲᠥᠷᠥᠯ ᠵᠦᠢᠯ ᠢ ᠴᠥᠮ ᠪᠠᠶᠢᠭᠤᠯᠵᠤ ᠡᠬᠢᠯᠡᠭᠰᠡᠨ ᠪᠥᠭᠡᠳ ᠤᠰᠤᠨ ᠤ ᠴᠢᠨᠠᠷ ᠮᠠᠭᠤᠳᠠᠬᠤ ᠬᠠᠨᠳᠤᠰᠢ ᠶᠢ ᠠᠩᠬ᠎ᠠ ᠠᠯᠬᠤᠮ ᠡᠷᠬᠡᠰᠢᠶᠡᠪᠡ︔ ᠳᠠᠭ᠎ᠠ ᠶᠢᠨ ᠨᠠᠭᠤᠷ ᠤᠨ ᠤᠰᠤᠨ ᠤ ᠴᠢᠨᠠᠷ ᠤᠨ ᠭᠤᠣᠯ ᠪᠣᠯᠬᠤ ᠭᠦᠢᠴᠡᠳᠬᠡᠯ ᠲᠤᠭ᠎ᠠ ᠲᠣᠭᠲᠠᠪᠤᠷᠢᠵᠢᠵᠤ ᠰᠠᠶᠢᠵᠢᠷᠠᠪᠡ︔ ᠤᠯᠠᠭᠠᠨᠰᠤᠬᠠᠢ ᠶᠢᠨ ᠠᠮᠢ ᠠᠬᠤᠢ ᠳᠤ 6.15 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ ᠤᠰᠤᠨ ᠤ ᠴᠢᠨᠠᠷ ᠤᠨ ᠶᠡᠷᠦᠩᠬᠡᠢ ᠪᠠᠶᠢᠳᠠᠯ ᠨᠢ ᠮᠠᠭᠤ ᠲᠥᠷᠥᠯ ᠤᠨ ᠲᠠᠪᠤᠳᠤᠭᠠᠷ ᠲᠤ ᠵᠢᠭᠰᠠᠭᠠᠭᠳᠠᠵᠤ ᠪᠠᠶᠢᠭᠰᠠᠨ ᠠᠴᠠ ᠪᠠᠨ ᠲᠣᠭᠲᠠᠭᠤᠨ ᠢᠶᠠᠷ ᠳᠡᠭᠡᠭᠰᠢᠯᠡᠭᠡᠳ ᠲᠠᠪᠤᠳᠤᠭᠠᠷ ᠲᠥᠷᠥᠯ ᠳᠤ ᠣᠷᠣᠪᠠ᠃ ᠬᠤᠲᠠ ᠶᠢᠨ ᠪᠠᠶᠢᠭᠤᠯᠵᠤ ᠳᠠᠭᠤᠰᠬᠠᠭᠰᠠᠨ ᠲᠣᠭᠤᠷᠢᠭ ᠲᠠᠬᠢ ᠪᠣᠬᠢᠷ ᠦᠮᠡᠬᠡᠢ ᠤᠰᠤ ᠶᠢ ᠵᠠᠰᠠᠬᠤ ᠡᠭᠦᠷᠭᠡ ᠪᠠᠨ ᠪᠥᠬᠦᠨ ᠢ ᠪᠡᠶᠡᠯᠡᠭᠦᠯᠵᠦ ᠳᠠᠭᠤᠰᠬᠠᠪᠠ᠃ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠣᠬᠢᠷᠲᠤᠭᠰᠠᠨ ᠪᠠᠶᠢᠳᠠᠯ ᠤᠨ ᠨᠠᠷᠢᠨ ᠪᠠᠶᠢᠴᠠᠭᠠᠯᠲᠠ ᠪᠠᠨ ᠤᠯᠤᠰ ᠤᠨ ᠰᠢᠯᠭᠠᠨ ᠬᠤᠷᠢᠶᠠᠵᠤ ᠠᠪᠬᠤ ᠳᠤ ᠪᠠᠲᠤᠯᠠᠭᠤᠯᠵᠤ᠂ ᠪᠥᠬᠦ ᠣᠷᠣᠨ ᠤ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠤ ᠪᠠᠨ ᠮᠠᠰᠢ ᠰᠠᠶᠢᠨ ᠪᠠᠶᠢᠨ᠎ᠠ᠃      ᠠᠮᠢ ᠠᠬᠤᠢ ᠶᠢ ᠥᠩᠵᠢᠭᠦᠯᠦᠨ ᠰᠡᠷᠭᠦᠭᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 1363 ᠲᠦᠮᠡᠨ ᠮᠦ ᠣᠢ ᠰᠢᠭᠤᠢ ᠣᠶᠢᠵᠢᠭᠤᠯᠤᠭᠰᠠᠨ ᠪᠥᠭᠡᠳ 944 ᠲᠦᠮᠡᠨ ᠮᠦ ᠬᠥᠷᠥᠰᠥ ᠰᠢᠷᠣᠢ ᠶᠢᠨ ᠢᠳᠡᠭᠳᠡᠯ ᠲᠠᠢ ᠭᠠᠵᠠᠷ ᠢ ᠵᠠᠰᠠᠪᠠ᠃ ᠶᠡᠭᠡ ᠬᠢᠩᠭᠠᠨ ᠳᠠᠪᠠᠭᠠᠨ ᠤ ᠣᠢ ᠰᠢᠭᠤᠢ ᠶᠢ ᠰᠦᠢᠳᠬᠡᠨ ᠠᠲᠠᠷ ᠬᠠᠭᠠᠯᠪᠤᠷᠢᠯᠠᠭᠰᠠᠨ ᠣᠷᠣᠨ ᠳᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 96.7% ᠦᠢᠯᠡᠳᠪᠦᠷᠢ ᠠᠭᠤᠷᠬᠠᠢ ᠠᠵᠤ ᠠᠬᠤᠶᠢᠯᠠᠯ ᠢ ᠪᠤᠴᠠᠭᠠᠨ ᠭᠠᠷᠭᠠᠪᠠ᠃ ᠤᠯᠠᠭᠠᠨᠬᠤᠲᠠ᠂ ᠬᠢᠶ᠎ᠠ ᠪᠠᠭᠰᠢ᠂ ᠭᠡᠭᠡᠨ ᠭᠤᠣᠯ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠴᠣᠯᠠ ᠶᠢ ᠬᠦᠷᠲᠡᠵᠦ᠂ ᠷᠠᠰᠢᠶᠠᠨ ᠬᠤᠲᠠ ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠯᠡᠭᠳᠡᠪᠡ᠃ ᠬᠥᠯᠥᠨ ᠪᠤᠶᠢᠷ ᠤᠨ ᠣᠯᠠᠨ ᠤᠯᠤᠰ ᠤᠨ ᠪᠣᠬᠢᠷᠳᠣᠯ ᠦᠭᠡᠢ ᠬᠥᠭᠵᠢᠯᠲᠡ ᠶᠢᠨ ᠶᠡᠭᠡ ᠬᠤᠷᠠᠯ ᠡᠷᠬᠢᠯᠡᠬᠦ ᠶᠢ ᠲᠡᠮᠵᠢᠪᠡ᠃      ︵ᠭᠤᠷᠪᠠ︶ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢᠲᠦ ᠣᠷᠣᠨ ᠪᠠ ᠴᠢᠬᠤᠯᠠ ᠪᠣᠯᠬᠤ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠵᠦ ᠬᠠᠮᠠᠭᠠᠯᠠᠬᠤ ᠣᠷᠣᠨ ᠢ ᠬᠤᠪᠢᠶᠠᠷᠢᠯᠠᠨ ᠲᠣᠭᠲᠠᠭᠠᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 144 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠂ ᠮᠥᠬᠦᠯᠢᠭᠲᠦ ᠡᠷᠳᠡᠨᠢ ᠰᠢᠰᠢ ᠲᠠᠷᠢᠬᠤ ᠶᠢ ᠪᠠᠭᠠᠰᠬᠠᠵᠤ᠂ ᠰᠢᠷ᠎ᠠ ᠪᠤᠷᠴᠠᠭ ᠪᠠ ᠬᠥᠬᠡ ᠲᠠᠷᠤᠰᠢᠭᠤᠯᠤᠨᠨᠰᠠᠨ ᠡᠷᠳᠡᠨᠢ ᠰᠢᠰᠢ ᠲᠠᠷᠢᠬᠤ ᠶᠢ ᠨᠡᠮᠡᠭᠳᠡᠭᠦᠯᠪᠡ᠃ ᠲᠦᠮᠦᠰᠦ ᠶᠢ ᠭᠤᠣᠯᠯᠠᠬᠰᠠᠨ ᠠᠮᠤ ᠪᠤᠳᠠᠭ᠎ᠠ ᠪᠤᠯᠭᠠᠬᠤ ᠶᠢ ᠠᠬᠢᠭᠤᠯᠵᠤ᠂ ᠲᠦᠮᠦᠰᠦ ᠶᠢᠨ ᠭᠤᠣᠯ ᠭᠠᠷᠤᠯᠲᠠ ᠶᠢᠨ ᠤᠷᠤᠨ ᠳᠤ ᠨᠡᠮᠡᠭᠦᠷᠢ ᠦᠭᠭᠦᠨ᠎ᠡ᠃ ᠦᠶᠤᠸᠠᠨ ᠰᠢᠶᠠᠨ ᠵᠡᠷᠭᠡ ᠭᠠᠵᠠᠷ ᠤᠨ ᠬᠤᠵᠢᠷᠰᠢᠭᠰᠠᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠲᠤ ᠰᠢᠨᠡᠳᠬᠡᠨ ᠰᠠᠶᠢᠵᠢᠷᠠᠭᠤᠯᠬᠤ ᠲᠤᠷᠰᠢᠯᠳᠠ ᠶᠢᠨ ᠴᠡᠭ ᠢ ᠪᠠᠶᠢᠭᠤᠯᠵᠤ᠂ ᠳᠡᠯᠭᠡᠷᠡᠭᠦᠯᠵᠦ ᠪᠣᠯᠬᠤ ᠮᠡᠷᠭᠡᠵᠢᠯ ᠤᠨ ᠵᠠᠭᠪᠤᠷ ᠲᠠᠢ ᠪᠣᠯᠪᠠ᠃ ᠲᠠᠷᠢᠶᠠᠯᠠᠩ ᠮᠠᠯ ᠠᠵᠤ ᠠᠬᠤᠢ ᠳᠠᠬᠢᠨᠳᠠ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠤᠨᠠᠯᠲᠠ 730.5 ᠳ᠋ᠦᠩᠰᠢᠭᠤᠷ ᠵᠢᠩ ᠳᠤ ᠬᠦᠷᠴᠦ᠂ ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ 257 ᠲᠦᠮᠡᠨ ᠲᠤᠨ ᠪᠣᠯᠪᠠ᠃ ᠰᠦ᠋ ᠰᠠᠭᠠᠯᠢ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠳ᠋ᠧᠩᠺᠧᠥ᠂ ᠬᠤᠷᠢᠨᠭᠡᠷ ᠲᠤ ᠴᠢᠨᠠᠷ ᠰᠠᠶᠢᠲᠠᠢ ᠪᠡᠯᠴᠢᠭᠡᠷ ᠡᠪᠡᠰᠦ ᠲᠠᠷᠢᠬᠤ ᠲᠣᠷᠰᠢᠯᠲᠠ ᠶᠢᠨ ᠴᠡᠭ ᠪᠠᠶᠢᠭᠤᠯᠤᠨ᠂ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ ᠪᠠ ᠦᠨᠢᠶᠡᠨ ᠰᠦᠨ ᠤ ᠭᠠᠷᠤᠯᠲᠠ ᠳᠠᠬᠢᠨᠲᠠ ᠳᠡᠭᠡᠭᠰᠢᠯᠡᠨ ᠨᠡᠮᠡᠭᠳᠡᠬᠦ ᠪᠣᠯᠪᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ 11 ᠣᠷᠣᠨ ᠪᠦᠰᠡ ᠶᠢᠨ ᠤᠯᠠᠨ ᠨᠡᠶᠢᠲᠡ ᠶᠢᠨ ᠨᠡᠷᠡᠲᠦ ᠲᠡᠮᠳᠡᠭ ᠢᠶᠠᠷ 2019 ᠣᠨ ᠤ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠨᠡᠷᠡᠲᠦ ᠲᠡᠮᠳᠡᠭ ᠤᠨ ᠭᠠᠷᠴᠠᠭ ᠲᠤ ᠰᠤᠩᠭᠤᠭᠳᠠᠵᠤ᠂ ᠲᠡᠭᠷᠢ ᠶᠢᠨ ᠬᠡᠰᠢᠭᠳᠦ ᠪᠤᠷᠤᠳᠤᠬᠤᠢ ᠶᠢᠨ ᠣᠷᠣᠨ ᠪᠦᠰᠡ ᠶᠢᠨ ᠨᠡᠷᠡᠲᠦ ᠲᠡᠮᠳᠡᠭ ᠤᠨ ᠨᠦᠯᠦᠭᠡᠯᠡᠬᠦ ᠬᠦᠴᠦᠨ ᠨᠢ ᠪᠦᠬᠦ ᠤᠯᠤᠰ ᠤᠨ ᠬᠤᠶᠠᠳᠤᠭᠠᠷ ᠲᠤ ᠪᠠᠶᠢᠷᠢᠯᠠᠬᠤ ᠪᠣᠯᠵᠤ᠂ ᠪᠦᠲᠦᠭᠡᠭᠳᠡᠭᠦᠨ ᠤ ᠦᠨ᠎ᠡ ᠬᠠᠩᠰᠢ ᠶᠢᠨ ᠥᠭᠰᠥᠯᠲᠡ ᠨᠢ 20% ᠠᠴᠠ ᠳᠡᠭᠡᠭᠰᠢ ᠪᠣᠯᠪᠡ᠃      ᠮᠠᠯᠵᠢᠬᠤ ᠲᠠᠷᠢᠶᠠᠯᠠᠬᠤ ᠣᠷᠣᠨ ᠤ ᠤᠷᠤᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠵᠦ᠂ ᠮᠠᠯᠵᠢᠬᠤ ᠲᠠᠷᠢᠶᠠᠯᠠᠬᠤ ᠣᠷᠣᠨ ᠳᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠤᠷᠮ᠎ᠠ 22.4% ᠳᠤ ᠬᠦᠷᠴᠦ᠂ 6.3 ᠵᠠᠭᠤᠨ ᠤ ᠴᠡᠭ ᠳᠡᠭᠡᠭᠰᠢᠯᠡᠪᠡ᠃ ᠪᠠᠶᠢᠭᠤᠯᠤᠮᠵᠢᠲᠦ ᠭᠠᠴᠠᠭ᠎ᠠ ᠲᠤᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ ᠪᠠ ᠥᠷᠭᠡᠨ ᠪᠦᠰᠡᠲᠦ ᠰᠦᠯᠵᠢᠶ᠎ᠡ ᠶᠢ ᠦᠨᠳᠦᠰᠦᠨ ᠳᠤ ᠪᠠᠨ ᠪᠦᠷᠭᠦᠭᠦᠯᠵᠦ᠂ ᠠᠯᠤᠰ ᠬᠤᠯᠠ ᠪᠤᠶᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠢ ᠲᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠬᠦ ᠶᠢ ᠦᠨᠳᠦᠰᠦᠨ ᠳᠤ ᠪᠠᠨ ᠪᠡᠶᠡᠯᠡᠭᠦᠯᠵᠤ᠂ ︽ᠬᠦᠯᠡᠮᠵᠢ ᠲᠠᠢ ᠳᠦᠬᠦᠷᠵᠢᠭᠦᠯᠦᠭᠰᠡᠨ ᠭᠡᠷ ᠪᠠᠶᠢᠰᠢᠩ︾ ᠢ ᠲᠤᠰᠬᠠᠶᠢᠯᠠᠨ ᠴᠡᠭᠴᠡᠯᠡᠵᠦ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠪᠠᠷᠭᠤ ᠪᠠᠷᠠᠭᠤᠨ ᠬᠤᠰᠢᠭᠤ᠂ ᠠᠪᠠᠭ᠎ᠠ ᠬᠤᠰᠢᠭᠤᠨ ᠳᠤ ᠮᠠᠯᠵᠢᠬᠤ ᠣᠷᠣᠨ ᠤ ᠤᠳᠤᠬᠢᠴᠢᠯᠠᠬᠤ ᠲᠣᠷᠰᠢᠯᠲᠠ ᠶᠢᠨ ᠴᠡᠭ᠂ ᠲᠦᠴᠢᠦᠸᠠᠨ ᠰᠢᠶᠠᠨ ᠳᠤ ᠬᠤᠭ ᠨᠣᠪᠰᠢ ᠶᠢ ᠲᠦᠷᠦᠯ ᠠᠩᠬᠢᠯᠠᠨ ᠰᠢᠢᠳᠪᠦᠷᠢᠯᠡᠬᠦ ᠲᠣᠷᠰᠢᠯᠲᠠ ᠶᠢᠨ ᠴᠡᠭ ᠪᠠ ᠰᠢᠯᠤᠭᠤᠨ ᠬᠥᠬᠡ ᠬᠤᠰᠢᠭᠤᠨ ᠳᠤ ᠮᠠᠯᠵᠢᠬᠤ ᠣᠷᠣᠨ ᠤ ᠵᠣᠷᠯᠣᠩ ᠢ ᠦᠭᠡᠷᠡᠴᠢᠯᠡᠬᠦ ᠲᠣᠷᠰᠢᠯᠲᠠ ᠶᠢᠨ ᠴᠡᠭ ᠤᠨ ᠠᠵᠢᠯ ᠢ ᠦᠷᠨᠢᠭᠦᠯᠪᠡ᠃     ︵ᠳᠥᠷᠪᠡ︶ ᠦᠭᠡᠷᠡᠴᠢᠯᠡᠯᠲᠡ ᠨᠡᠭᠡᠭᠡᠯᠲᠡ ᠬᠢᠬᠦ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠬᠦᠳᠡᠯᠭᠡᠭᠴᠢ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠤᠭᠴᠠ 7.2% ᠨᠡᠮᠡᠭᠳᠡᠨ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ 6.9% ᠨᠡᠮᠡᠭᠳᠡᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠤᠭᠤᠨᠢᠰᠬᠠᠭᠠᠳ 100 ᠠᠵᠢᠯᠯᠠᠬᠤ ᠡᠳᠦᠷ ᠤᠨ ᠲᠤᠳᠤᠷ᠎ᠠ ᠳᠠᠭᠤᠰᠬᠠᠬᠤ ᠪᠣᠯᠭᠠᠵᠤ᠂ ᠠᠵᠤ ᠠᠬᠤᠶᠢᠯᠠᠯ ᠤᠨ ᠪᠡᠯᠡ ᠣᠷᠤᠭᠤᠯᠤᠭᠰᠠᠨ ᠲᠦᠷᠦᠯ ᠵᠦᠢᠯ ᠤᠨ ᠬᠠᠷᠭᠤᠭᠤᠯᠤᠨ ᠵᠥᠪᠰᠢᠶᠡᠷᠡᠬᠦ ᠴᠠᠭ ᠬᠤᠭᠤᠴᠠᠭ᠎ᠠ ᠶᠢ ᠭᠤᠷᠪᠠᠨ ᠤ ᠨᠢᠭᠡ ᠪᠠᠷ ᠪᠤᠭᠤᠨᠢᠰᠬᠠᠪᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠠᠯᠤᠰᠯᠠᠭᠰᠠᠨ ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠦᠭᠡᠢ ᠪᠣᠯᠭᠠᠪᠠ᠃ ᠲᠤᠰ ᠱᠠᠲᠤᠨ ᠤ 90% ᠠᠴᠠ ᠳᠡᠭᠡᠭᠰᠢᠬᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠨᠢᠭᠡᠲᠦᠯᠲᠡᠢ ᠬᠢᠨᠠᠨ ᠬᠠᠮᠢᠶᠠᠷᠬᠤ ᠬᠡᠪᠴᠢᠶᠡᠨ ᠳᠤ ᠣᠷᠤᠭᠤᠯᠪᠠ᠃ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠳᠤ ᠥᠭᠡᠷᠡᠴᠢᠯᠡᠯᠲᠡ ᠬᠢᠬᠦ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠵᠦ᠂ ᠶᠡᠭᠡ ᠬᠢᠩᠭᠠᠨ ᠳᠠᠪᠠᠭᠠᠨ ᠤ ᠣᠢ ᠰᠢᠭᠤᠢ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠪᠠ᠃ ᠭᠠᠳᠠᠭᠠᠲᠤ ᠨᠡᠭᠡᠭᠡᠯᠲᠡ ᠬᠢᠬᠦ ᠬᠢᠷᠢ ᠲᠥᠪᠰᠢᠨ ᠳᠡᠭᠡᠭᠰᠢᠯᠡᠵᠦ᠂ ᠪᠦᠬᠦ ᠣᠷᠣᠨ ᠤ ᠭᠠᠳᠠᠭᠠᠳᠤ ᠠᠴᠠ ᠣᠷᠤᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠢ ᠲᠤᠭ᠎ᠠ 5.9% ᠨᠡᠮᠡᠭᠳᠡᠨ ᠂ ᠮᠠᠨ ᠤ ᠣᠷᠣᠨ ᠠᠴᠠ ᠠᠶᠠᠯᠠᠯ ᠢᠶᠠᠨ ᠡᠬᠢᠯᠡᠬᠦᠯᠦᠭᠰᠡᠨ ᠳᠤᠮᠳᠠᠳᠤ ᠡᠸᠦ᠋ᠷᠦᠫᠡ ᠶᠢᠨ ᠵᠢᠱᠢᠶᠡᠨ ᠤ ᠭᠠᠯᠲᠤ ᠲᠡᠷᠭᠡᠨ ᠤ ᠡᠭᠡᠯᠵᠢ 20.4% ᠨᠡᠮᠡᠭᠳᠡᠪᠡ᠃ ︽ᠨᠢᠭᠡ ᠪᠦᠰᠡ ᠨᠢᠭᠡ ᠵᠠᠮ · ᠭᠡᠷᠡᠯ ᠭᠡᠭᠡ ᠶᠢᠨ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭᠠᠨ ᠢ ᠬᠡᠷᠡᠭᠵᠢᠭᠦᠯᠵᠦ᠂ ᠪᠡᠯᠡ ᠣᠷᠤᠭᠤᠯᠵᠦ ᠠᠷᠠᠯᠵᠢᠶᠠᠯᠠᠬᠤ ᠬᠠᠮᠲᠤᠷᠠᠯᠴᠠᠭ᠎ᠠ᠂ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠦᠵᠡᠰᠭᠦᠯᠡᠩ᠂ ᠡᠮᠴᠢᠯᠡᠭᠡᠨ ᠤ ᠦᠢᠯᠡᠴᠢᠯᠡᠭᠡ᠂ ᠰᠤᠷᠭᠠᠨ ᠬᠦᠮᠦᠵᠢᠯ ᠰᠤᠶᠤᠯ ᠤᠨ ᠰᠣᠯᠢᠯᠴᠠᠭ᠎ᠠ ᠵᠡᠷᠭᠡ ᠠᠵᠢᠯᠯᠠᠭ᠎ᠠ ᠶᠢ ᠦᠷᠨᠢᠭᠦᠯᠪᠡ᠃ ᠳᠤᠮᠳᠠᠳᠤ ᠮᠣᠩᠭᠤᠯ ᠬᠤᠶᠠᠷ ᠤᠯᠤᠰ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠬᠤ ᠵᠦᠪᠯᠡᠯᠴᠡᠭᠡᠷ ᠲᠤ ᠭᠠᠷ ᠤᠨ ᠦᠰᠦᠭ ᠵᠢᠷᠤᠵᠤ ᠲᠣᠬᠢᠷᠠᠯᠴᠠᠪᠠ᠃ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠢ ᠠᠮᠵᠢᠯᠲᠠ ᠲᠠᠢ ᠡᠷᠬᠢᠯᠡᠪᠡ᠃ ᠣᠷᠣᠰ ᠤᠨ ᠢᠷᠺᠦ᠋ᠼᠺ᠂ ᠺᠷᠠᠰᠨᠤᠲ᠋ᠦ᠋ᠷᠢᠨᠰᠺ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠵᠠᠰᠠᠭ ᠤᠨ ᠣᠷᠳᠣᠨ ᠤ ᠬᠤᠭᠤᠷᠤᠨᠳᠤᠬᠢ ᠲᠣᠭᠲᠠᠮᠠᠯ ᠬᠤᠭᠤᠴᠠᠭ᠎ᠠ ᠲᠠᠢ ᠠᠭᠤᠯᠵᠠᠯᠲᠠ ᠬᠢᠬᠦ ᠪᠠ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠣᠭᠲᠠᠴᠠ ᠶᠢ ᠪᠠᠶᠢᠭᠤᠯᠪᠠ᠃ ᠠᠷᠠᠪ ᠤᠨ ᠬᠤᠯᠪᠣᠭᠠᠲᠤ ᠠᠬᠠᠮᠠᠳᠲᠤ ᠤᠯᠤᠰ ᠪᠠ ᠤᠯᠠᠭᠠᠨᠬᠠᠳᠠ ᠶᠢᠨ ︽ᠨᠢᠭᠡ ᠪᠦᠰᠡ ᠨᠢᠭᠡ ᠵᠠᠮ︾ ᠤᠨ ᠮᠠᠯ ᠪᠡᠯᠴᠢᠭᠡᠷ ᠠᠷᠠᠴᠢᠯᠠᠬᠤ ᠠᠵᠢᠯ ᠢ ᠨᠢᠭᠡ ᠴᠤᠭᠴᠠᠵᠢᠭᠤᠯᠬᠤ ᠲᠦᠷᠦᠯ ᠵᠦᠢᠯ᠂ ᠢᠰᠷᠧᠯ ᠪᠠ ᠪᠠᠶᠠᠨᠨᠠᠭᠤᠷ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠠᠶᠢᠭᠤᠯᠬᠤ ᠶᠢ ᠬᠡᠷᠡᠭᠵᠢᠭᠦᠯᠵᠦ᠂ ᠶᠠᠫᠤᠨ᠂ ᠪᠧᠯᠦᠷᠦ᠋ᠰ ᠵᠡᠷᠭᠡ ᠤᠯᠤᠰ ᠯᠤᠭ᠎ᠠ ᠶᠢᠨ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠪᠠ᠃ ᠤᠯᠠᠭᠠᠨᠴᠠᠪ — ᠡᠷᠢᠶᠡᠨ ᠬᠤᠳᠠ ᠶᠢᠨ ᠬᠠᠭᠤᠷᠠᠢ ᠳᠠᠬᠢ ᠭᠠᠷᠠᠮ ᠢ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠤᠷᠤᠨ ᠤ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠵᠢᠭᠰᠠᠭᠠᠨ ᠣᠷᠤᠭᠤᠯᠵᠤ᠂ ᠤᠯᠠᠭᠠᠨᠴᠠᠪ ᠤᠨ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠥᠪ ᠪᠠᠶᠢᠭᠤᠯᠬᠤ ᠵᠥᠪᠰᠢᠶᠡᠷᠡᠯ ᠢ ᠣᠯᠵᠤ᠂ ᠣᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠣᠷᠣᠨ ᠪᠠ ᠪᠠᠶᠠᠨᠨᠠᠭᠤᠷ ᠤᠨ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠥᠪ ᠪᠤᠭᠤᠮᠲᠠ ᠬᠠᠭᠠᠵᠦ ᠠᠵᠢᠯᠯᠠᠬᠤ ᠪᠣᠯᠪᠠ᠃ ᠬᠤᠶᠠᠳᠤᠭᠠᠷ ᠬᠤᠭᠤᠴᠠᠭᠠᠨ ᠤ ᠷᠠᠰᠢᠶᠠᠨ ᠤ ᠶᠠᠷᠢᠶᠠᠨ ᠤ ᠲᠠᠪᠴᠠᠩ ᠡᠷᠬᠢᠯᠡᠬᠦ ᠶᠢ ᠳᠡᠮᠵᠢᠪᠡ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠦᠨ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠬᠤᠸᠠ ᠳ᠋ᠠ ᠭᠧᠨ ᠤ ᠺᠤᠮᠫᠠᠨᠢ᠂ ᠳᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ᠂ ᠫᠢᠩ ᠠᠨ ᠪᠦᠯᠦᠭᠯᠡᠯ᠂ ᠬᠤᠸᠠ ᠸᠧᠢ᠂ ᠲᠧᠩ ᠰᠢᠶᠦ᠋ᠨ᠂ ᠳᠣᠬᠢᠭᠤᠷ ᠳᠣᠯᠤᠭ᠎ᠠ ᠳᠠᠭᠠᠭᠤᠯᠢ ᠣᠳᠣᠨ ᠤ ᠠᠭᠠᠷ ᠰᠠᠨᠰᠠᠷ ᠤᠨ ᠪᠦᠯᠦᠭᠯᠡᠯ ᠵᠡᠷᠭᠡ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠢ ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠪᠡ᠃ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠥᠪᠥᠷ ᠮᠣᠩᠭᠤᠯ ᠤᠨ ᠬᠤᠳᠠᠯᠳᠤᠭᠠᠴᠢᠳ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠪᠡ᠃      ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠬᠢᠷᠢ ᠲᠥᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ ᠠᠬᠢᠭᠤᠯᠵᠤ᠂ ᠬᠤᠲᠠ ᠪᠠᠯᠭᠠᠰᠤᠨ ᠤ ᠠᠵᠢᠯ ᠤᠯᠤᠭᠰᠠᠳ 26.3 ᠲᠦᠮᠡᠨ ᠬᠦᠮᠦᠨ ᠰᠢᠨ᠎ᠡ ᠪᠠᠷ ᠨᠡᠮᠡᠭᠳᠡᠵᠦ᠂ ᠣᠨ ᠤ ᠲᠦᠯᠦᠪᠯᠡᠭᠡ ᠶᠢᠨ 119.6% ᠶᠢ ᠪᠡᠶᠡᠯᠡᠭᠦᠯᠪᠡ︔ ᠬᠤᠲᠠ ᠪᠠᠯᠭᠠᠰᠤᠨ ᠳᠤ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.7% ᠳᠤ ᠬᠦᠷᠴᠦ᠂ ᠡᠵᠡᠮᠰᠢᠬᠦ ᠬᠠᠷᠠᠯᠲᠠ ᠠᠴᠠ ᠳᠣᠣᠷ᠎ᠠ ᠪᠣᠯᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠥᠷᠢᠲᠦᠵᠦ ᠪᠠᠶᠢᠭ᠎ᠠ ᠴᠠᠯᠢᠩ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠳᠦᠭᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠴᠠᠪ ᠬᠤᠲᠠ ᠶᠢ ᠳᠦᠭᠦᠮ ᠪᠦᠲᠦᠴᠡᠲᠦ ᠣᠷᠣᠨ ᠰᠠᠭᠤᠴᠠ ᠶᠢᠨ ᠦᠭᠡᠷᠡᠴᠢᠯᠡᠨ ᠰᠠᠶᠢᠵᠢᠷᠠᠭᠤᠯᠬᠤ ᠠᠵᠢᠯ ᠤᠨ ᠤᠷᠮᠠᠰᠢᠭᠤᠯᠬᠤ ᠬᠤᠲᠠ ᠪᠠᠷ ᠲᠣᠭᠲᠠᠭᠠᠪᠠ᠃ 103 ᠬᠤᠰᠢᠭᠤ ᠰᠢᠶᠠᠨ ᠬᠤᠲᠠ ᠲᠤᠭᠤᠷᠢᠭ ᠲᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠵᠦ᠂ ᠦᠨᠳᠦᠷ ᠳᠤᠮᠳᠠᠳᠤ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠰᠤᠷᠤᠭᠴᠢᠳ ᠤᠨ ᠪᠦᠭᠦ ᠲᠤᠭ᠎ᠠ ᠨᠢ ᠪᠦᠬᠦ ᠤᠯᠤᠰ ᠤᠨ ᠲᠡᠭᠰᠢᠳᠭᠡᠭᠰᠡᠨ ᠬᠢᠷᠢ ᠲᠦᠪᠰᠢᠨ ᠠᠴᠠ 5.7 ᠵᠠᠭᠤᠨ ᠤ ᠴᠡᠭ ᠦᠨᠳᠦᠷ ᠪᠣᠯᠪᠠ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠦᠬᠡᠬᠤᠲᠠ ᠳᠠᠬᠢ ᠬᠤᠪᠢᠶᠠᠷᠢ ᠰᠤᠷᠭᠠᠭᠤᠯᠢ ᠡᠬᠢᠯᠡᠨ ᠰᠤᠷᠤᠭᠴᠢ ᠡᠯᠰᠡᠪᠡ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠨᠠᠰᠤᠵᠢᠯ ᠤᠨ ᠮᠦᠩᠭᠦ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠪᠡ᠃ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠦᠯᠦᠬᠦ ᠪᠠᠷᠢᠮᠵᠢᠶ᠎ᠠ ᠶᠢ ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠦᠨ᠂ ᠴᠢᠰᠤᠨ ᠳᠠᠷᠤᠯᠲᠠ ᠦᠨᠳᠦᠷ ᠂ ᠰᠢᠬᠢᠷ ᠰᠢᠵᠢᠩ ᠡᠪᠡᠳᠴᠢᠨ ᠵᠡᠷᠭᠡ ᠶᠢᠨ ᠡᠭᠦᠳᠡᠨ ᠡᠮᠨᠡᠯᠬᠡ ᠳᠤ ᠬᠡᠷᠡᠭᠯᠡᠬᠦ ᠡᠮ ᠢ ᠡᠮᠴᠢᠯᠡᠬᠡᠨ ᠤ ᠳᠠᠭᠠᠳᠬᠠᠯ ᠤᠨ ᠬᠡᠪᠴᠢᠶᠡᠨ ᠳᠤ ᠣᠷᠤᠭᠤᠯᠪᠠ᠃ ︽ᠭᠡᠷᠡᠯ ᠭᠡᠭᠡ ᠶᠢᠨ ᠠᠶᠠᠯᠠᠯ︾ ᠤᠨ ᠠᠵᠢᠯᠯᠠᠭ᠎ᠠ ᠪᠠᠷ ᠨᠡᠶᠢᠲᠡ 2.6 ᠲᠦᠮᠡᠨ ᠡᠪᠡᠳᠴᠢᠲᠡᠨ ᠳᠤ ᠬᠠᠷᠠᠭ᠎ᠠ ᠣᠷᠤᠭᠤᠯᠬᠤ ᠮᠡᠰᠡ ᠵᠠᠰᠠᠯ ᠬᠢᠵᠦ ᠥᠭᠪᠡ᠃ ᠰᠦᠨᠢᠳ ᠵᠡᠭᠦᠨ ᠬᠤᠰᠢᠭᠤ᠂ ᠳᠥᠷᠪᠡᠳ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠪᠦᠲᠦᠮᠵᠢᠲᠡᠢ ᠰᠡᠷᠭᠡᠶᠢᠯᠡᠨ ᠡᠵᠡᠮᠰᠢᠪᠡ᠃ ᠪᠤᠷᠤᠳᠤᠬᠤᠢ ᠶᠢᠨ ᠤᠰᠤᠯᠠᠯᠲᠠ ᠶᠢᠨ ᠣᠷᠣᠨ ᠨᠢ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠰᠤᠩᠭᠤᠨᠨᠳᠠᠪᠠ᠃ ᠤᠯᠠᠭᠠᠨᠮᠦ᠋ᠴᠢᠷ ᠤᠨ ᠬᠢᠨ ᠣᠨᠳᠣᠣ ᠭᠠᠵᠠᠷ ᠲᠤ ᠰᠤᠯᠢᠯᠴᠠᠬᠤ ᠲᠣᠭᠯᠠᠯᠲᠠ ᠭᠠᠷᠭᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠯᠠᠪᠤᠷ ᠣᠷᠳᠣᠨ ᠪᠦᠬᠦᠨ ᠢ ᠪᠠᠶᠢᠭᠤᠯᠵᠦ ᠲᠠᠭᠤᠰᠬᠠᠨᠨᠰᠠᠨ ᠪᠦᠭᠡᠳ ᠠᠰᠢᠭᠯᠠᠯᠲᠠ ᠳᠤ ᠣᠷᠤᠭᠤᠯᠪᠠ᠃ ᠨᠡᠶᠢᠬᠡᠮ ᠲᠡᠬᠡᠷᠡᠬᠢ ᠬᠥᠯ ᠪᠦᠮᠪᠦᠭᠡᠨ ᠤ ᠲᠠᠯᠠᠪᠤᠷ ᠢ ᠨᠡᠶᠢᠲᠡ 1271 ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠠᠬᠢ ᠪᠦᠲᠦᠭᠡᠨ ᠪᠠᠶᠢᠭᠤᠯᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ᠮᠠᠨ ᠤ ᠣᠷᠣᠨ ᠤ ᠲᠠᠮᠢᠷᠴᠢᠳ ᠤᠯᠤᠰ ᠤᠨ ᠳᠡᠰ ᠠᠴᠠ ᠳᠡᠭᠡᠭᠰᠢᠬᠢ ᠣᠷᠤᠯᠳᠤᠭᠠᠨ ᠳᠤ 116 ᠤᠳᠠᠭ᠎ᠠ ᠮᠠᠩᠯᠠᠶᠢᠯᠠᠪᠠ᠃      ᠠᠮᠤᠭᠤᠯᠠᠩ ᠲᠠᠶᠢᠪᠣᠩ ᠦᠪᠦᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠠᠭᠤᠷᠬᠠᠢ᠂ ᠠᠶᠤᠯᠲᠠᠢ ᠬᠢᠮᠢ ᠶᠢᠨ ᠪᠤᠳᠠᠰ ᠤᠨ ᠠᠮᠦᠷ ᠲᠥᠪᠰᠢᠨ ᠤ ᠲᠠᠯ᠎ᠠ ᠪᠠᠷ ᠬᠢ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠪᠠ ᠡᠮ ᠤᠨ ᠵᠦᠢᠯ᠂ ᠭᠠᠯ ᠰᠡᠷᠭᠡᠶᠢᠯᠡᠨ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭᠠᠨ ᠤ ᠠᠮᠦᠷ ᠲᠥᠪᠰᠢᠨ ᠤ ᠲᠠᠯ᠎ᠠ ᠪᠠᠷ ᠬᠢ ᠲᠥᠭᠰᠢᠭᠦᠷᠢ ᠶᠢ ᠰᠡᠷᠭᠡᠶᠢᠯᠡᠨ ᠡᠵᠡᠮᠰᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠪᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ ᠨᠢᠭᠡ ᠪᠦᠯᠦᠭ ᠬᠠᠷ᠎ᠠ ᠪᠦᠯᠦᠭᠲᠡᠨ ᠬᠠᠷᠬᠢᠰ ᠬᠦᠴᠦᠨ ᠵᠢᠴᠢ ᠲᠡᠭᠦᠨ ᠤ ᠬᠠᠮᠠᠭᠠᠯᠬᠠᠴᠢ ᠰᠢᠬᠦᠷ ᠢ ᠠᠷᠢᠯᠭᠠᠨ᠂ ᠠᠷᠠᠳ ᠲᠦᠮᠡᠨ ᠤ ᠠᠮᠦᠷ ᠲᠥᠪᠰᠢᠨ ᠤ ᠲᠠᠯ᠎ᠠ ᠪᠠᠷ ᠬᠢ ᠲᠦᠷᠦᠭᠳᠡᠯ ᠢ ᠨᠢ ᠴᠢᠩᠭᠠᠷᠠᠭᠤᠯᠪᠠ᠃      ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠵᠦ᠂ 27 ᠬᠠᠮᠲᠤ ᠪᠠ 33 ᠬᠤᠪᠢ ᠬᠦᠮᠦᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠦᠮᠦᠨ ᠢᠶᠠᠷ ᠦᠨᠡᠯᠡᠭᠳᠡᠪᠡ᠃ ᠳᠦᠬᠢᠮ᠎ᠠ ᠨᠦᠬᠦᠷ ︽ᠠᠷᠠᠳ ᠤᠨ ᠵᠢᠱᠢᠶᠡᠴᠢ︾ ᠬᠡᠮᠡᠬᠦ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠪᠡ᠃ ︽ᠬᠢᠲᠠᠳ ᠮᠣᠩᠭᠤᠯ ᠬᠠᠤᠯᠢ ᠴᠠᠭᠠᠵᠠ ᠶᠢᠨ ᠬᠡᠷᠡᠭᠯᠡᠭᠡᠨ ᠤ ᠪᠦᠷᠢᠨ ᠲᠣᠯᠢ︾ ᠶᠢ ᠨᠠᠶᠢᠷᠠᠭᠤᠯᠪᠠ᠃ ᠳᠠᠭᠤᠷ ᠬᠡᠯᠡ᠂ ᠣᠷᠴᠤᠨ ᠬᠡᠯᠡ᠂ ᠡᠸᠡᠩᠬᠢ ᠬᠡᠯᠡᠨ ᠤ ᠬᠡᠯᠡ ᠰᠤᠶᠤᠯ ᠤᠨ ᠲᠤᠮᠤ ᠳ᠋ᠠᠶᠢᠲ᠋ᠠ ᠶᠢ ᠴᠤᠭᠯᠠᠭᠤᠯᠬᠤ ᠪᠠ ᠲᠠᠪᠴᠠᠩ ᠢ ᠪᠦᠲᠦᠭᠡᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂ ᠣᠷᠴᠤᠨ ᠬᠡᠯᠡᠨ ᠤ ᠲᠣᠯᠢ ᠶᠢ ᠨᠠᠶᠢᠷᠠᠭᠤᠯᠵᠦ ᠳᠠᠭᠤᠰᠬᠠᠪᠠ᠃      ᠱᠠᠰᠢᠨ ᠰᠤᠷᠲᠠᠬᠤᠨ ᠤ ᠲᠣᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠲᠤᠭ᠎ᠠ ᠪᠦᠷᠢᠳᠭᠡᠯ ᠪᠠᠶᠢᠴᠠᠭᠠᠯᠲᠠ᠂ ᠭᠠᠵᠠᠷ ᠬᠦᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠦᠪᠳᠡᠭᠴᠢ ᠪᠠ ᠲᠡᠦᠬᠡ ᠰᠤᠶᠤᠯ ᠵᠡᠷᠭᠡ ᠠᠵᠢᠯ ᠤᠳ ᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠤᠨ ᠬᠥᠭᠵᠢᠯᠲᠡ ᠶᠢ ᠳᠡᠮᠵᠢᠪᠡ᠃      ᠪᠢᠳᠡ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠪᠡ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠦᠪᠯᠡᠯᠭᠡ 9 ᠪᠠᠶᠢᠵᠤ᠂ ᠵᠠᠰᠠᠭ ᠤᠨ ᠣᠷᠳᠣᠨ ᠤ 6 ᠲᠣᠭᠲᠠᠭᠠᠯ ᠳᠦᠷᠢᠮ ᠢ ᠲᠣᠭᠲᠠᠭᠠᠵᠤ᠂ ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 1346 ᠭᠦᠢᠴᠡᠳᠭᠡᠵᠦ᠂ ᠬᠠᠷᠢᠭᠤ ᠥᠭᠭᠦᠭᠰᠡᠨ ᠨᠤᠷᠮ᠎ᠠ 100% ᠳᠤ ᠬᠦᠷᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ ᠣᠷᠣᠨ ᠨᠤᠲᠤᠭ ᠤᠨ ᠲᠦᠰᠦᠪ ᠪᠠ ᠲᠦᠰᠦᠪ ᠤᠨ ᠭᠦᠢᠴᠡᠳᠭᠡᠯ ᠢᠶᠠᠨ ᠢᠯᠡ ᠪᠣᠯᠭᠠᠭᠰᠠᠨ ᠬᠡᠮᠵᠢᠶ᠎ᠡ ᠨᠢ ᠪᠦᠬᠦ ᠤᠯᠤᠰ ᠤᠨ ᠭᠤᠷᠪᠠᠳᠤᠭᠠᠷ ᠲᠤ ᠣᠷᠤᠵᠤ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ 137 ᠤᠳᠠᠭ᠎ᠠ ᠬᠤᠷᠠᠯᠳᠤᠭᠤᠯᠤᠨ᠂ ᠬᠤᠷᠠᠯ ᠬᠢᠬᠦ ᠶᠢ 32% ᠪᠠᠭᠠᠰᠬᠠᠵᠤ᠂ ᠵᠢᠷᠤᠮᠵᠢᠯ ᠤᠨ ᠴᠢᠨᠠᠷᠲᠠᠢ ᠵᠡᠷᠬᠡ ᠪᠢᠴᠢᠭ ᠮᠠᠲ᠋ᠧᠷᠢᠶᠠᠯ ᠢ 53% ᠪᠠᠭᠠᠰᠬᠠᠪᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠮᠨᠠᠨ ᠠᠷᠪᠢᠯᠠᠬᠤ ᠶᠢ ᠡᠷᠬᠢᠮᠯᠡᠬᠦ ᠪᠠ ᠱᠠᠯᠢᠨ ᠪᠦᠷᠢᠯᠭᠡᠬᠦ ᠶᠢ ᠡᠰᠡᠷᠭᠦᠴᠡᠬᠦ ᠳᠤ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠡᠩ ᠤᠨ ᠴᠢᠨᠠᠷᠲᠠᠢ ᠵᠠᠷᠤᠯᠭ᠎ᠠ ᠶᠢ 28.7 ᠳ᠋ᠦᠩᠰᠢᠭᠤᠷ ᠲᠦᠭᠦᠷᠢᠭ ᠪᠠᠭᠠᠰᠬᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ ᠤ ᠳᠦᠬᠦᠷ ᠠᠷᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ ︽ᠳᠥᠷᠪᠡᠨ ᠰᠤᠷᠲᠠᠯ︾ ᠢ ᠴᠦᠬᠦᠷᠡᠰᠢ ᠦᠭᠡᠢ ᠵᠠᠯᠠᠷᠠᠭᠤᠯᠤᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠪᠡ᠃      ︽ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠭᠦᠨᠵᠡᠭᠡᠢ ᠦᠷᠨᠢᠭᠦᠯᠵᠦ᠂ ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠶᠠᠪᠤᠴᠠ ᠳᠤ ᠲᠤᠭᠤᠰᠢᠯᠠᠭᠤᠯᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠠᠷᠠᠳ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠢᠳᠡᠪᠬᠢᠲᠡᠢ ᠪᠠᠷ ᠬᠠᠷᠢᠭᠤ ᠲᠤᠰᠬᠠᠨ᠂ ᠠᠵᠢᠯ ᠶᠠᠪᠤᠳᠠᠯ ᠭᠦᠢᠴᠡᠳᠭᠡᠬᠦ ᠳᠤ ᠭᠦᠴᠢᠷᠳᠡᠢ ᠪᠠᠶᠢᠬᠤ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠮᠡᠳᠡᠭᠡ ᠵᠠᠩᠭᠢ ᠶᠢᠨ ᠬᠤᠷᠢᠭ᠎ᠠ ᠴᠠᠷᠠᠭ᠎ᠠ ᠶᠢ ᠠᠷᠢᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠭᠤᠯᠤᠭᠰᠠᠨ ᠲᠠᠪᠴᠠᠩ ᠢ ᠦᠨᠳᠦᠰᠦᠨ ᠳᠤ ᠪᠠᠨ ᠪᠠᠶᠢᠭᠤᠯᠵᠦ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ 3278 ᠵᠦᠢᠯ ᠠᠴᠠ 947 ᠵᠦᠢᠯ ᠪᠣᠯᠭᠠᠭᠠᠳ 71% ᠪᠠᠭᠠᠰᠬᠠᠪᠠ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠵᠡᠷᠭᠡ 500 ᠭᠠᠷᠤᠢ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠨᠢᠭᠡ ᠦᠷᠲᠡᠭᠡᠴᠢᠯᠡᠭᠰᠡᠨ ᠮᠠᠶ᠋ᠢᠭ ᠢᠶᠠᠷ ᠭᠦᠢᠴᠡᠳᠭᠡᠬᠦ ᠶᠢ ᠪᠡᠶᠡᠯᠡᠭᠦᠯᠪᠡ︔ ᠭᠡᠷ ᠪᠠᠶᠢᠰᠢᠩ ᠭᠠᠵᠠᠷ ᠬᠦᠷᠦᠩᠭᠡ᠂ ᠠᠶᠤᠯ ᠦᠭᠡᠢ ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭᠠᠨ ᠳᠠᠬᠢ ᠳᠤᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠪᠡ᠃ ᠬᠠᠷᠢᠶᠠᠯᠠᠭᠳᠠᠬᠤ ᠣᠷᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 88 ᠲᠦᠮᠡᠨ ᠢᠵᠢ ᠭᠡᠷ ᠪᠠᠶᠢᠰᠢᠩ ᠤᠨ ᠦᠨᠡᠮᠯᠡᠯ ᠠᠪᠬᠤ ᠳᠤ ᠬᠦᠴᠢᠷ᠂ ᠣᠷᠤᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ ᠲᠠᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠰᠢᠯᠢ ᠶᠢᠨ ᠭᠤᠣᠯ ᠤᠨ ᠶᠢᠨ ᠮᠠᠨ ᠠᠭᠤᠷᠬᠠᠢ ᠶᠢᠨ ᠦᠢᠯᠡᠰ ᠤᠨ ᠪᠠ ᠤᠯᠠᠭᠠᠨᠴᠠᠪ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠠᠮᠦᠷ ᠲᠥᠪᠰᠢᠨ ᠤ ᠠᠳᠡᠯ ᠬᠡᠷᠡᠭ ᠠᠴᠠ ᠬᠠᠳᠠᠭᠤ ᠰᠤᠷᠭᠠᠮᠵᠢ ᠠᠪᠤᠨᠨᠰᠠᠨ ᠪᠣᠯᠬᠤᠷ ᠪᠢᠳᠡ ᠠᠵᠢᠯ ᠤᠨ ᠶᠠᠪᠤᠴᠠ ᠳᠠᠬᠢ ᠬᠦᠷᠦᠯᠴᠡᠬᠦ ᠦᠭᠡᠢ ᠲᠠᠯ᠎ᠠ ᠪᠠᠨ ᠬᠢᠨᠠᠮᠠᠭᠠᠢ ᠲᠤᠩᠭᠠᠵᠦ᠂ ᠠᠭᠤᠷᠬᠠᠢ ᠶᠢᠨ ᠠᠮᠦᠷ ᠲᠥᠪᠰᠢᠨ ᠤ ᠳᠤᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠢ ᠦᠷᠨᠢᠬᠦᠯᠦᠨ᠂ ᠲᠤᠰᠬᠠᠢ ᠠᠵᠢᠯᠲᠠᠨ ᠢ ᠵᠣᠬᠢᠶᠠᠨ ᠪᠠᠶᠢᠭᠤᠯᠵᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠮᠦᠷ ᠲᠥᠪᠰᠢᠨ ᠤ ᠲᠠᠯ᠎ᠠ ᠪᠠᠷ ᠦᠨᠡᠯᠡᠯᠲᠡ ᠵᠢᠱᠢᠯᠳᠠ ᠬᠢᠯᠭᠡᠪᠡ︔ ᠵᠠᠰᠠᠭ ᠤᠨ ᠣᠷᠳᠣᠨ ᠤ ᠥᠷᠢ ᠦᠭᠴᠡᠭᠡ ᠪᠠ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠪᠦᠬᠦ ᠣᠷᠣᠨ ᠤ ᠵᠠᠰᠠᠭ ᠤᠨ ᠣᠷᠳᠣᠨ ᠤ ᠦᠷᠢ ᠦᠭᠴᠡᠭᠡ ᠶᠢᠨ ᠨᠤᠷᠮ᠎ᠠ ᠶᠢ ᠦᠷᠭᠦᠯᠵᠢᠯᠡᠨ ᠪᠠᠭᠤᠷᠠᠭᠤᠯᠪᠠ︔ ᠳᠤᠲᠠᠭᠤᠳᠠᠯ ᠢᠶᠠᠨ ᠨᠦᠬᠦᠪᠦᠷᠢᠯᠡᠬᠦ ᠶᠢ ᠬᠦᠴᠦᠯᠡᠨ ᠠᠬᠢᠭᠤᠯᠵᠤ᠂ ᠳᠡᠭᠡᠳᠦ ᠬᠤᠷᠳᠤ ᠶᠢᠨ ᠲᠡᠮᠦᠷ ᠵᠠᠮ᠂ ᠠᠭᠠᠷ ᠠᠶᠠᠯᠠᠯ᠂ ᠡᠨᠧᠷᠬᠢ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠳᠤ ᠰᠢᠪᠲᠤᠯᠤᠯᠲᠠ ᠲᠠᠢ ᠪᠣᠯᠪᠠ᠃ ᠲᠤᠷᠰᠢᠯᠳᠠ ᠶᠢᠨ ᠴᠡᠭ ᠲᠤ ᠤᠷᠢᠳ ᠢᠶᠠᠷ ᠬᠡᠷᠡᠭᠵᠢᠬᠦᠯᠬᠦ ᠶᠢ ᠪᠠᠷᠢᠮᠳᠠᠯᠠᠵᠦ᠂ ᠮᠠᠯᠵᠢᠬᠤ ᠣᠷᠣᠨ ᠢ ᠤᠳᠤᠬᠢᠴᠢᠯᠠᠬᠤ᠂ ᠴᠢᠨᠠᠷ ᠰᠠᠶᠢᠲᠠᠢ ᠪᠡᠯᠴᠢᠭᠡᠷ ᠡᠪᠡᠰᠦ ᠲᠠᠷᠢᠬᠤ᠂ ᠬᠤᠵᠢᠷᠰᠢᠭᠰᠠᠨ ᠭᠠᠵᠠᠷ ᠢ ᠦᠭᠡᠷᠡᠴᠢᠯᠡᠨ ᠰᠠᠶᠢᠵᠢᠷᠠᠭᠤᠯᠬᠤ᠂ ᠵᠣᠷᠯᠤᠩ ᠤᠨ ᠬᠤᠪᠢᠰᠤᠯᠲᠠ᠂ ᠬᠤᠭ ᠨᠣᠪᠰᠢ ᠶᠢ ᠲᠦᠷᠦᠯ ᠠᠩᠬᠢᠯᠠᠨ ᠰᠢᠢᠳᠪᠦᠷᠢᠯᠡᠬᠦ ᠵᠡᠷᠭᠡ ᠲᠣᠷᠰᠢᠯᠲᠠ ᠶᠢᠨ ᠠᠵᠢᠯ ᠢ ᠦᠷᠨᠢᠭᠦᠯᠪᠡ᠃      ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ᠂ ᠪᠢᠳᠡ ᠲᠤᠯᠭᠠᠷᠠᠵᠤ ᠪᠠᠶᠢᠭᠰᠠᠨ ᠬᠦᠨᠳᠦ ᠬᠡᠴᠡᠭᠦᠦ ᠬᠦᠴᠢᠷ ᠪᠡᠷᠬᠡᠰᠢᠶᠡᠯ ᠪᠠ ᠴᠢᠩᠭ᠎ᠠ ᠰᠢᠷᠦᠭᠦᠨ ᠲᠦᠭᠰᠢᠭᠦᠷᠢ ᠦᠷᠢᠰᠦᠯᠳᠦᠭᠡᠨ ᠢ ᠲᠤᠭᠤᠯᠵᠤ ᠣᠯᠣᠭᠰᠠᠨ ᠠᠮᠵᠢᠯᠲᠠ ᠪᠦᠲᠦᠮᠵᠢ ᠬᠢᠯᠪᠠᠷ ᠪᠤᠰᠤ ᠶᠤᠮ᠃ ᠡᠨᠡ ᠪᠣᠯ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠦᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭᠰᠠᠨ ᠤ ᠦᠷ᠎ᠡ ᠳ᠋ᠦᠩ ᠪᠣᠯᠬᠤ ᠶᠤᠮ᠃ ᠠᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠣᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠦᠪᠦᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶᠢᠵᠠ ᠨᠦᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠳᠠᠭᠠᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠦᠬᠡᠨ ᠪᠤᠰᠤ ᠬᠦᠴᠢᠷᠳᠡᠯ ᠪᠠ ᠠᠰᠠᠭᠤᠳᠠᠯ ᠣᠷᠤᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠪᠠ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠰᠢᠨ᠎ᠡ ᠬᠦᠳᠡᠯᠭᠡᠭᠴᠢ ᠴᠢᠳᠠᠪᠤᠷᠢ ᠶᠢᠨ ᠬᠥᠭᠵᠢᠯᠲᠡ ᠭᠦᠢᠴᠡᠳ ᠦᠭᠡᠢ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠪᠠᠶᠢᠭᠤᠯᠤᠯᠲᠠ ᠪᠠ ᠪᠤᠬᠢᠷᠳᠤᠯ ᠢ ᠰᠡᠷᠭᠡᠶᠢᠯᠡᠨ ᠵᠠᠰᠠᠬᠤ ᠡᠭᠦᠷᠭᠡ ᠮᠠᠰᠢ ᠬᠦᠨᠳᠦ ᠪᠠᠶᠢᠨ᠎ᠠ᠃ ᠡᠳ᠋ ᠤᠨ ᠵᠠᠰᠠᠭ ᠮᠦᠩᠭᠦᠨ ᠭᠦᠢᠯᠭᠡᠭᠡᠨ ᠤ ᠭᠦᠷᠢᠶᠡᠨ ᠳᠠᠬᠢ ᠲᠥᠭᠰᠢᠭᠦᠷᠢ ᠮᠦᠨ ᠬᠦ ᠨᠡᠯᠢᠶᠡᠳ ᠶᠡᠭᠡ ᠪᠠᠶᠢᠵᠤ᠂ ᠵᠠᠷᠢᠮ ᠭᠠᠵᠠᠷ ᠣᠷᠣᠨ ᠤ ᠡᠳ᠋ ᠤᠨ ᠵᠠᠰᠠᠭ ᠤᠨ ᠠᠵᠢᠯᠯᠠᠭᠠᠨ ᠨᠢ ᠶᠠᠪᠤᠨᠨᠳᠠᠬᠤ ᠳᠤ ᠭᠦᠴᠢᠷ ᠪᠠᠶᠢᠨ᠎ᠠ᠃ ᠰᠤᠷᠭᠠᠨ ᠬᠦᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠲᠠᠯ᠎ᠠ ᠪᠠᠷ ᠣᠯᠠᠨ ᠲᠦᠮᠡᠨ ᠤ ᠰᠠᠨᠠᠭᠠᠨ ᠳᠤ ᠨᠡᠶᠢᠴᠡᠬᠦ ᠦᠭᠡᠢ ᠵᠦᠢᠯ ᠪᠠᠰᠠ ᠤᠷᠤᠰᠢᠵᠦ ᠪᠠᠶᠢᠨ᠎ᠠ᠃ ᠵᠠᠰᠠᠭ ᠤᠨ ᠣᠷᠳᠣᠨ ᠤ ᠵᠠᠷᠢᠮ ᠰᠠᠯᠠᠭ᠎ᠠ ᠮᠦᠴᠢᠷ ᠲᠤ ᠬᠡᠯᠪᠡᠷᠢᠴᠢ ᠦᠵᠡᠯ᠂ ᠨᠤᠶᠠᠨᠴᠢ ᠰᠤᠷᠲᠠᠯ ᠮᠦᠨ ᠬᠦ ᠣᠷᠤᠰᠢᠭᠰᠠᠭᠠᠷ ᠪᠠᠶᠢᠨ᠎ᠠ᠃ ᠪᠢᠳᠡ ᠡᠷᠬᠡᠪᠰᠢ ᠠᠰᠠᠭᠤᠳᠠᠯ ᠪᠣᠯᠣᠨ ᠦᠷᠢᠰᠦᠯᠳᠦᠭᠡᠨ ᠳᠤ ᠵᠥᠪ ᠬᠠᠨᠳᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠬᠡᠯᠡᠨ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠠᠷᠠᠳ ᠲᠦᠮᠡᠨ ᠤ ᠬᠦᠰᠡᠯ ᠪᠣᠳᠣᠯ ᠢ ᠶᠠᠭᠠᠬᠢᠭᠰᠠᠨ ᠴᠤ ᠬᠦᠰᠡᠷᠳᠡᠭᠦᠯᠵᠣ ᠪᠣᠯᠬᠤ ᠦᠭᠡᠢ᠃      ᠬᠤᠶᠠᠷ᠂ 2020 ᠤᠨ ᠤ ᠠᠵᠢᠯ ᠤᠨ ᠲᠤᠬᠢᠷᠠᠭᠤᠯᠤᠯᠳᠠ      ᠡᠨᠡ ᠵᠢᠯ ᠪᠤᠯ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠂ ᠪᠢᠳᠡ ᠨᠢᠬᠡᠳᠦᠬᠡᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠪᠡᠶᠡᠯᠡᠬᠦᠯᠵᠦ᠂ ︽ᠠᠷᠪᠠᠨ ᠲᠦᠷᠪᠡᠳᠦᠬᠡᠷ ᠲᠠᠪᠤᠨ ᠵᠢᠯ︾ ᠤᠨ ᠭᠦᠭᠵᠢᠯᠳᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠪᠡᠶᠡᠯᠡᠬᠦᠯᠬᠦ ᠳᠤ ᠰᠠᠶᠢᠳᠤᠷ ᠰᠠᠭᠤᠷᠢ ᠲᠠᠯᠪᠢᠬᠤ ᠬᠡᠷᠡᠭᠳᠡᠢ᠃ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠡᠷᠡᠰ ᠲᠤᠭᠤᠰᠢᠯᠠᠭᠤᠯᠤᠨ᠂ ︽ᠲᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠨ ᠢᠳᠡᠬᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠬᠠᠷᠠᠯᠳᠠᠳᠤ ᠡᠭᠦᠷᠬᠡ ᠲᠠᠢ ᠨᠢᠨᠨᠳᠠ ᠤᠶᠠᠯᠳᠤᠭᠤᠯᠤᠨ᠂ ᠲᠤᠨᠨᠳᠠᠭᠤᠨ ᠪᠠᠶᠢᠯᠭᠠᠬᠤ ᠶᠢᠨ ᠲᠠᠭᠠᠤ ᠳᠤ ᠤᠷᠤᠨᠨᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠳᠠᠯᠠᠵᠦ᠂ ᠰᠢᠨ᠎ᠠ ᠭᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠦ᠂ ᠦᠬᠡᠷᠡᠴᠢᠯᠡᠯᠳᠡ ᠨᠡᠭᠡᠭᠡᠯᠲᠡ ᠬᠢᠬᠦ ᠪᠠᠷ ᠬᠦᠳᠡᠯᠭᠡᠭᠴᠢ ᠭᠦᠴᠦᠨ ᠪᠤᠯᠭᠠᠬᠤ ᠶᠢ ᠪᠠᠷᠢᠮᠳᠠᠯᠠᠨ᠂ ᠴᠢᠨᠠᠷ ᠰᠠᠶᠢᠳᠠᠢ ᠭᠦᠭᠵᠢᠯᠳᠡ ᠶᠢ ᠠᠬᠢᠭᠤᠯᠵᠦ᠂ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠡᠯᠳᠡ ᠶᠢ ᠲᠡᠮᠡᠴᠡᠨ ᠤᠯᠵᠦ᠂ ︽ᠵᠢᠷᠭᠤᠭᠠᠨ ᠵᠦᠢᠯ ᠢ ᠲᠤᠨᠨᠳᠠᠭᠤᠨ ᠪᠠᠶᠢᠯᠭᠠᠬᠤ︾ ᠠᠵᠢᠯ ᠢ ᠪᠦᠭᠦ ᠲᠠᠯ᠎ᠠ ᠪᠠᠷ ᠰᠠᠶᠢᠳᠤᠷ ᠬᠢᠵᠦ᠂ ᠨᠡᠮᠡᠭᠳᠡᠯ ᠢ ᠲᠤᠨᠨᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠭᠦᠷᠳᠡᠬᠡᠬᠦ᠂ ᠲᠦᠭᠰᠢᠭᠦᠷᠢ ᠶᠢ ᠰᠡᠷᠬᠡᠶᠢᠯᠡᠬᠦ᠂ ᠲᠤᠨᠨᠳᠠᠭᠤᠨ ᠢ ᠪᠠᠳᠤᠯᠠᠬᠤ ᠶᠢ ᠨᠢᠬᠡᠳᠦᠯᠳᠡᠢ ᠲᠦᠯᠦᠪᠯᠡᠨ ᠠᠬᠢᠭᠤᠯᠵᠦ᠂ ᠠᠵᠦ ᠠᠬᠤᠢ ᠶᠢ ᠵᠦᠢ ᠵᠤᠬᠢᠰᠳᠠᠢ ᠬᠡᠪᠴᠢᠶᠡᠨ ᠳᠤ ᠠᠵᠢᠯᠯᠠᠭᠤᠯᠬᠤ ᠶᠢ ᠪᠠᠳᠤᠯᠠᠨ᠂ ᠪᠦᠭᠦ ᠲᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠬᠡ ᠶᠢᠨ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠪᠠᠳᠤᠯᠠᠵᠦ᠂ ᠠᠷᠠᠳ ᠣᠯᠠᠨ ᠳᠤ ᠮᠡᠳᠡᠷᠡᠭᠳᠡᠨ ᠲᠠᠭᠠᠰᠢᠶ᠋ᠬᠠᠳᠠᠵᠦ᠂ ᠲᠡᠤᠬᠡ ᠶᠢᠨ ᠰᠢᠯᠭᠠᠯᠳᠠ ᠶᠢ ᠲᠠᠭᠠᠭᠠᠵᠦ ᠴᠢᠳ᠋ᠬᠠᠰᠠᠨ ᠪᠠᠶᠢᠬᠤ ᠬᠡᠷᠡᠭᠳᠡᠢ᠃      ᠡᠨᠡ ᠵᠢᠯ ᠤᠨ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠤᠷᠴᠢᠮ ᠨᠡᠮᠡᠭᠳᠡᠬᠦᠯᠦᠨ᠎ᠠ︔ ᠬᠤᠳᠠ ᠪᠠᠯᠭᠠᠰᠤᠨ ᠤ ᠠᠵᠢᠯ ᠤᠯᠤᠨᠨᠰᠠᠳ ᠢ 22 ᠲᠦᠮᠡ ᠭᠠᠷᠤᠢ ᠰᠢᠨ᠎ᠠ ᠪᠠᠷ ᠨᠡᠮᠡᠭᠳᠡᠬᠦᠯᠦᠨ᠎ᠠ︔ ᠬᠤᠳᠠ ᠪᠠᠯᠭᠠᠰᠤᠨ ᠤ ᠪᠠᠶᠢᠴᠠᠭᠠᠯᠳᠠ ᠳᠠᠬᠢ ᠠᠵᠢᠯ ᠠᠯᠳ᠋ᠬᠠᠰᠠᠳ ᠤᠨ ᠨᠤᠷᠮ᠎ᠠ ᠶᠢ 5.5% ᠤᠷᠴᠢᠮ ᠳᠤ ᠪᠠᠶᠢᠯᠭᠠᠵᠦ᠂ ᠲᠠᠩᠰᠠᠯᠠᠨ ᠲᠡᠮᠳᠡᠭᠯᠡᠬᠦᠯᠦᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 4.5% ᠲᠤᠳᠤᠷ᠎ᠠ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠠ ᠬᠠᠩᠰᠢ ᠶᠢᠨ ᠦᠰᠦᠯᠳᠡ ᠶᠢᠨ ᠬᠡᠮᠵᠢᠶ᠎ᠡ ᠶᠢ 3.5% ᠤᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠵᠦ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠠᠯᠬᠤᠮ ᠳᠤ ᠪᠠᠶᠢᠯᠭᠠᠨ᠎ᠠ᠃      ᠡᠨᠡ ᠵᠢᠯ ᠤᠨ ᠠᠵᠢᠯ ᠢ ᠰᠠᠶᠢᠳᠤᠷ ᠬᠢᠬᠦ ᠳᠤ᠂ ᠪᠢᠳᠡ ᠰᠢᠨ᠎ᠠ ᠭᠦᠭᠵᠢᠯᠳᠡ ᠶᠢᠨ ᠤᠨᠤᠯᠵᠢᠬᠤᠨ ᠢ ᠡᠷᠡᠰ ᠭᠤᠶᠢᠪᠢᠰᠢ ᠦᠬᠡᠢ ᠲᠤᠭᠤᠰᠢᠯᠠᠭᠤᠯᠵᠦ᠂ ᠨᠠᠮ ᠤᠨ ᠲᠦᠪ ᠬᠤᠷᠢᠶ᠎ᠠ ᠠᠴᠠ ᠦᠪᠡᠷᠳᠡᠬᠡᠨ ᠵᠠᠰᠠᠬᠤ ᠤᠷᠤᠨ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠨᠨᠳᠠᠭᠠᠯᠳᠠ ᠶᠢ ᠤᠨᠤᠪᠴᠢᠳᠠᠢ ᠡᠵᠡᠮᠰᠢᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠬᠠᠰᠠᠨ᠂ ᠪᠤᠬᠢᠷᠳᠤᠯ ᠦᠬᠡᠢ ᠭᠦᠭᠵᠢᠯᠳᠡ ᠪᠠᠷ ᠤᠳᠤᠷᠢᠳᠤᠮᠵᠢ ᠪᠤᠯᠭᠠᠨᠨᠰᠠᠨ ᠴᠢᠨᠠᠷ ᠰᠠᠶᠢᠳᠠᠢ ᠭᠦᠭᠵᠢᠯᠳᠡ ᠶᠢᠨ ᠰᠢᠨ᠎ᠠ ᠵᠠᠮ ᠢᠶᠠᠷ ᠭᠤᠶᠢᠪᠢᠰᠢ ᠦᠬᠡᠢ ᠵᠠᠮᠨᠠᠬᠤ ᠬᠡᠷᠡᠭᠳᠡᠢ︔ ᠲᠤᠨᠨᠳᠠᠭᠤᠨ ᠪᠠᠶᠢᠯᠭᠠᠬᠤ ᠶᠢᠨ ᠲᠠᠭᠠᠤ ᠳᠤ ᠤᠷᠤᠨᠨᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠭᠦᠨᠵᠡᠬᠡᠶᠢᠷᠡᠬᠦᠯᠬᠦ ᠪᠠᠷ ᠲᠠᠰᠤᠷᠠᠯᠳᠠ ᠦᠬᠡᠢ ᠭᠦᠴᠦᠯᠡᠵᠦ᠂ ᠠᠵᠦ ᠠᠬᠤᠢ ᠶᠢᠨ ᠲᠠᠯ᠎ᠠ ᠪᠠᠷ ᠬᠢ ᠪᠡᠶᠡᠯᠡᠭᠦᠯᠬᠦ ᠬᠡᠮᠵᠢᠶᠡᠨ ᠤ ᠵᠤᠬᠢᠰᠳᠠᠢ ᠨᠡᠮᠡᠭᠳᠡᠯ ᠪᠠ ᠶᠠᠰᠤ ᠴᠢᠨᠠᠷ ᠤᠨ ᠯᠠᠪᠳᠠᠭᠤᠨ ᠲᠡᠬᠡᠭᠰᠢᠯᠡᠯᠳᠡ ᠶᠢ ᠪᠠᠳᠤᠯᠠᠬᠤ ᠬᠡᠷᠡᠭᠳᠡᠢ︔ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠬᠠᠷᠠᠯᠳᠠᠳᠤ ᠡᠭᠦᠷᠬᠡ ᠲᠠᠢ ᠨᠢᠨᠨᠳᠠ ᠤᠶᠠᠯᠳᠤᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠲᠤᠨᠨᠳᠠᠮᠠᠯ ᠴᠢᠨᠠᠷ ᠬᠡᠮᠵᠢᠶ᠎ᠡ ᠲᠠᠢ ᠬᠠᠮᠢᠶ᠎ᠠ ᠪᠦᠭᠦᠢ ᠭᠦᠢᠴᠡᠳᠬᠡᠯ ᠲᠤᠭ᠎ᠠ ᠲᠠᠢ ᠬᠠᠷᠭᠤᠭᠤᠯᠵᠦ᠂ ᠭᠤᠣᠯᠳᠠᠯᠭ᠎ᠠ ᠶᠢ ᠠᠳᠬᠤᠨ ᠲᠤᠳᠠᠭᠤᠳᠠᠯ ᠢᠶᠠᠨ ᠨᠦᠬᠦᠪᠦᠷᠢᠯᠡᠵᠦ ᠪᠠᠭᠤᠷᠠᠢ ᠵᠦᠢᠯ ᠢᠶᠠᠨ ᠴᠢᠩᠭᠠᠷᠠᠭᠤᠯᠤᠨ᠂ ᠪᠦᠬᠦ ᠤᠯᠤᠰ ᠯᠤᠭ᠎ᠠ ᠵᠡᠷᠭᠡ ᠪᠠᠷ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠶᠢ ᠪᠠᠳᠤᠯᠠᠬᠤ ᠬᠡᠷᠡᠭᠳᠡᠢ᠃ ᠪᠢᠳᠡ ᠲᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠳᠤᠷ ᠬᠢᠨ᠎ᠠ᠃      ︵ᠨᠢᠬᠡ︶ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠨ᠎ᠠ      ᠡᠨᠡ ᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠲᠠᠶᠢᠯᠠᠯᠳᠤᠭᠠᠨ ᠤ ᠰᠢᠢᠳᠪᠦᠷᠢᠲᠦ ᠢᠯᠠᠯᠳᠠ ᠶᠢ ᠣᠯᠬᠤ ᠵᠢᠯ ᠪᠣᠯᠬᠤᠷ᠂ ᠡᠯ᠎ᠡ ᠵᠦᠢᠯ ᠤᠨ ᠠᠵᠢᠯ ᠢᠶᠠᠨ ᠨᠡᠩ ᠨᠠᠷᠢᠯᠢᠬ ᠣᠨᠤᠪᠴᠢᠲᠠᠢ ᠬᠢᠬᠦ ᠬᠡᠷᠡᠭᠲᠡᠢ᠃ ᠶᠠᠳᠠᠭᠤ ᠭᠦᠴᠢᠷᠳᠡᠯᠳᠡᠢ ᠶᠢᠨ ᠲᠤᠭᠠᠨ ᠠᠴᠠ ᠭᠠᠷᠭᠠᠬᠤ ᠪᠠᠷᠢᠮᠵᠢᠶ᠎ᠠ ᠪᠠ ᠲᠡᠰ ᠲᠠᠷᠠᠭᠠᠯᠠᠯ ᠢ ᠴᠢᠩᠭ᠎ᠠ ᠬᠡᠷᠡᠭᠵᠢᠬᠦᠯᠵᠦ᠂ ᠣᠳᠣ ᠶᠢᠨ ᠪᠠᠶᠢᠭ᠎ᠠ ᠶᠠᠳᠠᠭᠤ ᠭᠦᠴᠢᠷᠳᠡᠯᠳᠡᠢ ᠭᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠭᠦᠷᠬᠡ ᠪᠠᠨ ᠪᠡᠶᠡᠯᠡᠬᠦᠯᠦᠨ ᠂ ᠦᠨᠡᠨ ᠬᠦ ᠶᠠᠳᠠᠭᠤ ᠠᠴᠠ ᠠᠩᠬᠢᠵᠢᠷᠬᠠᠰᠠᠨ ᠢ ᠪᠠᠲᠤᠯᠠᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠪᠠᠨ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠲᠠᠢ ᠪᠦᠳᠦᠮᠵᠢᠳᠡᠢ ᠪᠠᠷ ᠵᠤᠯᠭᠠᠭᠤᠯᠬᠤ ᠶᠢ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠡᠢ ᠪᠠᠶᠢᠯᠭᠠᠬᠤ ᠲᠤᠨᠨᠳᠠᠴᠠ ᠶᠢ ᠪᠠᠶᠢᠭᠤᠯᠤᠨ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠲᠤᠨᠨᠳᠠᠪᠤᠷᠢᠵᠢᠭᠤᠯᠣᠨ᠎ᠡ᠃ ᠲᠠᠬᠢᠨ ᠶᠠᠳᠠᠭᠤᠷᠬᠠᠰᠠᠨ ᠭᠦᠮᠦᠨ ᠠᠮᠠ ᠬᠢᠭᠡᠳ ᠶᠠᠳᠠᠭᠤᠷᠬᠠᠰᠠᠨ ᠭᠦᠮᠦᠨ ᠠᠮᠠ ᠶᠢ ᠬᠢᠨᠠᠨ ᠰᠢᠨᠵᠢᠬᠦ ᠪᠠ ᠬᠠᠪᠰᠤᠷᠤᠨ ᠳᠡᠳᠭᠦᠬᠦ ᠠᠵᠢᠯ ᠢ ᠰᠠᠶᠢᠳᠤᠷ ᠬᠢᠨ᠎ᠠ᠃ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠶᠢ ᠴᠢᠩᠭᠠᠷᠠᠭᠤᠯᠤᠨ᠂ ᠶᠠᠳᠠᠭᠤ ᠭᠦᠴᠢᠷᠳᠡᠯᠳᠡᠢ ᠡᠷᠦᠬᠡ ᠶᠢ ᠲᠠᠶᠢᠴᠢᠯᠠᠵᠦ ᠪᠠᠶᠢᠭᠠᠳ ᠤᠷᠤᠯᠭ᠎ᠠ ᠶᠢ ᠨᠢ ᠦᠷᠭᠦᠯᠵᠢᠯᠡᠨ ᠨᠡᠮᠡᠭᠳᠡᠬᠦᠯᠦᠨ᠎ᠠ᠃ ᠶᠠᠳᠠᠭᠤ ᠶᠢ ᠲᠡᠳᠬᠦᠬᠦ ᠡᠳ᠋ ᠭᠦᠷᠦᠩᠬᠡ ᠳᠠᠬᠢ ᠬᠠᠮᠢᠶᠠᠷᠤᠯᠳᠠ ᠪᠠᠨ ᠴᠢᠩᠭᠠᠳᠬᠠᠵᠦ᠂ ᠶᠠᠳᠠᠭᠤ ᠶᠢ ᠲᠡᠳᠬᠦᠬᠦ ᠡᠳ᠋ ᠭᠦᠷᠦᠩᠬᠡ ᠶᠢ ᠬᠡᠷᠡᠭᠯᠡᠬᠦ ᠦᠷ᠎ᠡ ᠠᠰᠢᠭ ᠢᠶᠠᠨ ᠲᠡᠬᠡᠭᠰᠢᠯᠡᠬᠦᠯᠦᠨ᠎ᠠ᠃ ᠶᠠᠳᠠᠭᠤ ᠶᠢ ᠲᠡᠳᠬᠦᠬᠦ ᠲᠠᠯ᠎ᠠ ᠳᠤ ᠪᠡᠬᠡᠵᠢᠩ ᠦᠪᠦᠷ ᠮᠤᠩᠭᠤᠯ ᠤᠨ ᠬᠢᠨ ᠤ ᠬᠠᠮᠵᠢᠯᠴᠠᠨ ᠠᠵᠢᠯᠯᠠᠬᠤ ᠪᠠ ᠲᠥᠪ ᠤᠨ ᠨᠢᠭᠡᠴᠢ ᠶᠢᠨ ᠬᠢᠨ ᠤ ᠲᠣᠭᠲᠠᠭᠠᠭᠰᠠᠨ ᠴᠡᠭ ᠲᠤ ᠶᠠᠳᠠᠭᠤ ᠶᠢ ᠲᠡᠳᠭᠦᠬᠦ ᠶᠢ ᠭᠦᠨᠵᠡᠬᠡᠶᠢᠷᠡᠬᠦᠯᠦᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠨᠡᠶᠢᠳᠡᠮ ᠪᠠᠶᠢᠴᠠᠭᠠᠯᠲᠠ ᠦᠷᠨᠢᠭᠦᠯᠦᠨ᠎ᠡ᠃      ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠳᠤ ᠡᠷᠬᠡᠪᠰᠢ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠡᠢ᠃ ᠲᠤᠪᠤᠶᠢᠮ᠎ᠠ ᠠᠰᠠᠭᠤᠳᠠᠯ ᠢ ᠠᠩᠬᠠᠷᠤᠨ ᠰᠶᠢᠳᠪᠦᠷᠢᠯᠡᠵᠦ᠂ ᠡᠯ᠎ᠡ ᠵᠦᠢᠯ ᠤᠨ ᠵᠠᠰᠠᠯᠳᠠ ᠶᠢᠨ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ ᠪᠤᠯᠤᠳ ᠲᠡᠮᠦᠷ ᠤᠨ ᠠᠵᠢᠯ ᠲᠦᠷᠦᠯ ᠤᠨ ᠬᠡᠳᠦ ᠲᠤᠤᠷ᠎ᠠ ᠭᠠᠳ᠋ᠬᠠᠰᠢᠯᠠᠭᠤᠯᠬᠤ ᠶᠢ ᠨᠢ ᠥᠭᠡᠷᠡᠴᠢᠯᠡᠨ ᠰᠢᠨᠡᠳᠬᠡᠬᠦ ᠪᠠ ᠠᠵᠦ ᠦᠢᠯᠡᠳᠪᠦᠷᠢ ᠶᠢᠨ ᠵᠤᠤᠬ᠎ᠠ ᠶᠢ ᠨᠢ ᠵᠠᠰᠠᠵᠦ ᠴᠡᠭᠴᠡᠯᠡᠬᠦ ᠶᠢ ᠠᠬᠢᠭᠤᠯᠵᠦ᠂ ︽ᠲᠠᠷᠠᠬᠠᠢ ᠪᠤᠳᠠᠷᠬᠠᠢ ᠵᠠᠮᠪᠠᠷᠠᠭ᠎ᠠ ᠦᠬᠡᠢ ᠪᠠ ᠪᠤᠬᠢᠷᠳᠤᠯ ᠶᠡᠭᠡ ᠲᠠᠢ︾ ᠠᠵᠦ ᠠᠬᠤᠶᠢᠯᠠᠯ᠂ ᠬᠡᠮᠬᠡᠳᠡᠭ ᠨᠡᠭᠦᠷᠡᠰᠦ ᠶᠢᠨ ᠰᠢᠳᠠᠭᠠᠯᠭ᠎ᠠ᠂ ᠲᠦᠯᠡᠰᠢᠨ ᠤ ᠲᠤᠰᠤ ᠰᠢᠳᠠᠭᠠᠬᠤ ᠪᠠᠷᠠᠭᠠᠨ ᠤ ᠲᠡᠷᠬᠡ ᠶᠢᠨ ᠪᠤᠬᠢᠷᠳᠤᠯ ᠵᠡᠷᠬᠡ ᠳᠤ ᠲᠤᠰᠬᠠᠶᠢᠯᠠᠨ ᠵᠠᠰᠠᠬᠤ ᠠᠵᠢᠯ ᠢ ᠰᠠᠶᠢᠳᠤᠷ ᠠᠳᠬᠤᠨ᠎ᠠ᠃ ᠭᠦᠬᠡᠬᠤᠳᠠ ᠪᠤᠭᠤᠳᠤ ᠤᠷᠳᠤᠰ᠂ ᠦᠬᠠᠢ ᠵᠢᠴᠢ ᠡᠷᠬᠢᠨ ᠲᠤᠭᠤᠷᠢᠨ ᠤ ᠤᠷᠤᠨ ᠪᠦᠰᠡ ᠶᠢᠨ ᠠᠭᠠᠷ ᠮᠠᠨᠳᠠᠯ ᠤᠨ ᠪᠤᠬᠢᠷᠳᠤᠯ ᠢ ᠬᠤᠯᠪᠤᠭᠠᠯᠠᠨ ᠰᠡᠷᠬᠡᠶᠢᠯᠡᠬᠦ ᠬᠤᠯᠪᠤᠭᠠᠯᠠᠨ ᠡᠵᠡᠮᠰᠢᠬᠦ ᠬᠤᠯᠪᠤᠭᠠᠯᠠᠨ ᠵᠠᠰᠠᠬᠤ ᠶᠢ ᠴᠢᠩᠭᠠᠳᠬᠠᠨ᠎ᠠ᠃ ᠭᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠲᠠᠯᠠᠶᠢᠨᠠᠭᠤᠷ᠂ ᠬᠠᠷ᠎ᠠ ᠤᠰᠤ᠂ ᠰᠤᠪᠨᠠᠭᠤᠷ ᠵᠡᠷᠬᠡ ᠨᠠᠭᠤᠷ ᠴᠦᠭᠦᠷᠦᠮ ᠤᠨ ᠵᠠᠰᠠᠯᠳᠠ ᠶᠢ ᠠᠬᠢᠭᠤᠯᠤᠨ᠎ᠠ᠃ ᠪᠤᠬᠢᠷ ᠤᠰᠤ ᠭᠠᠳ᠋ᠬᠠᠰᠢᠯᠠᠭᠤᠯᠬᠤ ᠦᠢᠯᠡᠳᠪᠦᠷᠢ ᠶᠢᠨ ᠭᠠᠳ᠋ᠬᠠᠰᠢᠯᠠᠭᠤᠯᠤᠯᠳᠠ ᠨᠢ ᠪᠠᠷᠢᠮᠵᠢᠶ᠎ᠠ ᠳᠤ ᠭᠦᠷᠬᠦ ᠦᠬᠡᠢ ᠠᠰᠠᠭᠤᠳᠠᠯ ᠢ ᠴᠡᠭᠴᠡᠯᠡᠨ ᠵᠠᠰᠠᠵᠦ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠨ᠎ᠠ᠃ ᠬᠡᠳᠦ ᠪᠤᠷᠳᠤᠭᠤᠷ ᠤᠷᠤᠭᠤᠯᠬᠤ ᠶᠢ ᠬᠢᠵᠠᠭᠠᠷᠯᠠᠵᠤ᠂ ᠲᠠᠪᠠ ᠪᠠᠷ ᠲᠠᠷᠢᠶᠡᠨ ᠡᠮ ᠵᠠᠷᠤᠬᠤ ᠶᠢ ᠬᠢᠵᠠᠭᠠᠷᠯᠠᠵᠤ᠂ ᠪᠦᠷᠢᠯᠬᠡᠨ ᠤᠰᠤᠯᠠᠬᠤ ᠶᠢ ᠬᠢᠵᠠᠭᠠᠷᠯᠠᠵᠤ᠂ ᠲᠤᠷ᠎ᠠ ᠪᠠᠷ ᠨᠢᠮᠭᠡᠨ ᠪᠦᠷᠭᠦᠪᠴᠢ ᠬᠡᠷᠡᠭᠯᠡᠬᠦ ᠶᠢ ᠬᠢᠵᠠᠭᠠᠷᠯᠠᠵᠤ᠂ ᠲᠠᠷᠢᠶᠠᠯᠠᠩ ᠤᠨ ᠤᠯᠠᠨ ᠡᠬᠢᠳᠦ ᠪᠤᠬᠢᠷᠳᠤᠯ ᠢ ᠵᠠᠰᠠᠵᠤ᠂ ᠭᠦᠨᠳᠦ ᠲᠡᠮᠦᠷᠯᠢᠭ ᠤᠨ ᠠᠵᠢᠯ ᠲᠦᠷᠦᠯ ᠤᠨ ᠪᠤᠬᠢᠷᠳᠤᠯ ᠢ ᠰᠡᠷᠬᠡᠶᠢᠯᠡᠨ ᠡᠵᠡᠮᠰᠢᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠨᠨᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ᠃      ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠰᠢᠯᠭᠠᠨ ᠦᠨᠡᠯᠡᠬᠦ ᠲᠤᠨᠨᠳᠠᠴᠠ ᠪᠠ ᠱᠠᠩᠨᠠᠵᠦ ᠨᠦᠭᠦᠪᠦᠷᠢᠯᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠨ ᠤ ᠥᠷᠢ ᠥᠭᠴᠡᠭᠡ ᠶᠢ ᠠᠷᠢᠯᠭᠠᠬᠤ ᠡᠭᠦᠷᠬᠡ ᠪᠠᠨ ᠪᠠᠳᠤᠯᠠᠨ ᠪᠡᠶᠡᠯᠡᠬᠦᠯᠦᠨ᠎ᠠ᠃ ᠤᠷᠤᠨ ᠨᠤᠳᠤᠭ ᠲᠠᠬᠢ ᠬᠠᠤᠯᠢ ᠶᠢᠨ ᠡᠷᠬᠡᠳᠡᠨ ᠲᠠᠢ ᠮᠦᠩᠬᠦᠨ ᠭᠦᠢᠯᠬᠡᠬᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠢᠶᠠᠷ ᠰᠶᠢᠳᠪᠦᠷᠢᠯᠡᠵᠦ᠂ ᠪᠤᠭᠤᠳᠤ ᠶᠢᠨ ᠬᠤᠳᠠᠯᠳᠤᠭᠠᠨ ᠤ ᠪᠠᠩᠬᠢ ᠶᠢᠨ ᠰᠲ᠋ᠤᠺ ᠤᠨ ᠡᠷᠬᠡ ᠪᠠᠨ ᠲᠠᠬᠢᠨ ᠵᠤᠬᠢᠶᠠᠨ ᠪᠠᠶᠢᠭᠤᠯᠬᠤ ᠶᠢ ᠪᠡᠶᠡᠯᠡᠬᠦᠯᠦᠨ᠎ᠠ᠃ ᠬᠠᠤᠯᠢ ᠪᠤᠰᠤ ᠮᠦᠩᠬᠦᠨ ᠭᠦᠢᠯᠬᠡᠬᠡᠨ ᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠰᠢᠰᠲ᠋ᠧᠮ ᠤᠨ ᠴᠢᠨᠠᠷᠳᠠᠢ ᠮᠦᠩᠬᠦᠨ ᠭᠦᠢᠯᠬᠡᠬᠡᠨ ᠤ ᠲᠦᠭᠰᠢᠬᠦᠷᠢ ᠦᠯᠦ ᠡᠬᠦᠰᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃      ︵ᠬᠤᠶᠠᠷ︶ ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠶᠡᠭᠡ ᠪᠠᠷ ᠰᠢᠯᠢᠳᠡᠭᠵᠢᠬᠦᠯᠦᠨ᠎ᠠ      ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠰᠢᠯᠢᠳᠡᠭᠵᠢᠬᠦᠯᠬᠦ ᠲᠦᠷᠢᠮ ᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠦᠢᠯᠡᠴᠢᠯᠡᠬᠡᠨ ᠤ ᠭᠦᠴᠦᠨ ᠴᠢᠳᠠᠪᠤᠷᠢ ᠪᠠᠨ ᠲᠡᠬᠡᠭᠰᠢᠯᠡᠬᠦᠯᠦᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠬᠡᠰᠡᠭ ᠭᠦᠷᠢᠶ᠎ᠡ ᠴᠠᠷᠠᠭᠠᠨ ᠳᠠᠬᠢ ᠬᠢᠨᠠᠨ ᠵᠦᠪᠰᠢᠶᠡᠷᠡᠬᠦ ᠭᠠᠷᠳᠠᠮ ᠨᠢ ᠶᠠᠷᠰᠢᠭ ᠲᠦᠪᠡᠭᠳᠡᠢ᠂ ᠭᠦᠢᠴᠡᠳᠬᠡᠬᠦ ᠴᠠᠭ ᠨᠢ ᠬᠡᠳᠦ ᠤᠷᠳᠤ᠂ ᠦᠷ᠎ᠡ ᠪᠦᠳᠦᠮᠵᠢ ᠨᠢ ᠨᠡᠯᠢᠶᠡᠳ ᠲᠤᠤᠷ᠎ᠠ ᠪᠠᠶᠢᠭ᠎ᠠ ᠵᠡᠷᠬᠡ ᠠᠰᠠᠭᠤᠳᠠᠯ ᠢ ᠭᠦᠴᠦᠯᠡᠨ ᠰᠶᠢᠳᠪᠦᠷᠢᠯᠡᠨ᠎ᠠ᠃ ᠠᠵᠦ ᠠᠬᠤᠶᠢᠯᠠᠯ ᠡᠷᠬᠢᠯᠡᠨ ᠨᠡᠬᠡᠬᠡᠬᠦ ᠴᠠᠭ ᠢ ᠪᠤᠭᠤᠨᠢᠰᠬᠠᠭᠠᠳ 3 ᠠᠵᠢᠯᠯᠠᠬᠤ ᠡᠳᠦᠷ ᠤᠨ ᠲᠤᠳᠤᠷ᠎ᠠ ᠲᠠᠭᠤᠰᠬᠠᠬᠤ ᠪᠤᠯᠭᠠᠵᠦ᠂ ᠦᠯᠦ ᠭᠦᠳᠡᠯᠬᠦ ᠭᠦᠷᠦᠩᠬᠡ ᠶᠢᠨ ᠲᠠᠩᠰᠠᠯᠠᠨ ᠲᠡᠮᠳᠡᠭᠯᠡᠬᠦ ᠴᠠᠭ ᠢ ᠪᠤᠭᠤᠨᠢᠰᠬᠠᠭᠠᠳ 5 ᠠᠵᠢᠯᠯᠠᠬᠤ ᠡᠳᠦᠷ ᠤᠨ ᠲᠤᠳᠤᠷ᠎ᠠ ᠲᠠᠭᠤᠰᠬᠠᠬᠤ ᠪᠤᠯᠭᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠳᠤ ᠪᠠᠨ ᠭᠦᠷᠳᠡᠬᠦ ᠶᠢ ᠠᠬᠢᠭᠤᠯᠵᠦ᠂ ᠨᠢᠬᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠤᠨᠳᠤᠤ ᠭᠠᠵᠠᠷ ᠲᠤ ᠭᠦᠢᠴᠡᠳᠬᠡᠵᠦ ᠪᠤᠯᠬᠤ ᠶᠢ ᠪᠡᠶᠡᠯᠡᠬᠦᠯᠦᠨ᠎ᠠ᠃ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠠᠮᠠᠯᠠᠬᠤ ᠲᠦᠷᠢᠮ ᠪᠠ ᠰᠠᠯᠠᠭ᠎ᠠ ᠮᠦᠴᠢᠷ ᠤᠨ ᠤᠷᠤᠯᠠᠨ ᠭᠦᠢᠴᠡᠳᠬᠡᠬᠦ ᠲᠦᠷᠢᠮ ᠢ ᠠᠬᠢᠭᠤᠯᠤᠨ᠎ᠠ᠃ ᠭᠠᠶᠢᠯᠢ ᠶᠢ ᠬᠠᠰᠤᠵᠦ ᠰᠦᠢᠳᠬᠡᠯ ᠢ ᠪᠠᠭᠤᠷᠠᠭᠤᠯᠬᠤ ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠵᠦ᠂ ᠠᠵᠦ ᠠᠬᠤᠶᠢᠯᠠᠯ ᠤᠨ ᠬᠡᠷᠡᠭᠯᠡᠬᠦ ᠴᠠᠬᠢᠯᠭᠠᠨ᠂ ᠪᠠᠷᠠᠭᠠᠨ ᠤ ᠭᠦᠢᠯᠬᠡᠬᠡ ᠵᠡᠷᠬᠡ ᠶᠢᠨ ᠦᠪᠡᠷ ᠤᠨ ᠦᠷᠳᠡᠭ ᠢ ᠨᠢ ᠪᠠᠭᠤᠷᠠᠭᠤᠯᠤᠨ᠎ᠠ᠃ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠤᠯᠠᠨ ᠲᠠᠯ᠎ᠠ ᠠᠴᠠ ᠪᠠᠶᠢᠴᠠᠭᠠᠬᠤ᠂ ᠲᠠᠪᠬᠤᠷᠳᠠᠭᠤᠯᠤᠨ ᠪᠠᠶᠢᠴᠠᠭᠠᠬᠤ ᠶᠢ ᠡᠷᠡᠰ ᠵᠠᠰᠠᠨ᠎ᠠ᠃      ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠦᠬᠡᠷᠡᠴᠢᠯᠡᠯᠳᠡ ᠬᠢᠵᠦ ᠰᠢᠨ᠎ᠠ ᠶᠢ ᠡᠭᠦᠳᠬᠦ ᠶᠢ ᠵᠤᠷᠢᠨᠨᠵᠢᠭᠤᠯᠬᠤ ᠶᠢᠨ ᠲᠠᠭᠠᠤ ᠭᠦᠳᠦᠯᠦᠨ ᠵᠢᠯᠤᠭᠤᠳᠴᠤ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠵᠢᠷᠤᠮᠵᠢᠭᠤᠨ ᠪᠦᠬᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠳ ᠡᠬᠢ ᠪᠠᠶᠠᠯᠢᠭ ᠤᠨ ᠭᠦᠴᠦᠨ ᠵᠦᠢᠯ ᠢ ᠬᠠᠤᠯᠢ ᠶᠤᠰᠤᠭᠠᠷ ᠡᠷᠬᠡ ᠲᠡᠭᠰᠢ ᠭᠦᠷᠳᠡᠬᠦ ᠪᠠ ᠬᠡᠷᠡᠭᠯᠡᠬᠦ ᠶᠢ ᠦᠨᠡᠨ ᠬᠦ ᠪᠠᠳᠤᠯᠠᠵᠦ᠂ ᠠᠵᠦ ᠠᠬᠤᠶᠢᠯᠠᠯ ᠤᠨ ᠰᠢᠨᠵᠢ ᠴᠢᠨᠠᠷ ᠯᠤᠭ᠎ᠠ ᠬᠤᠯᠪᠤᠨᠨᠳᠠᠭᠤᠯᠤᠨᠨᠰᠠᠨ ᠭᠠᠳᠠᠭᠤᠷᠴᠢᠯᠠᠬᠤ ᠴᠢᠨᠠᠷᠳᠠᠢ ᠲᠤᠨᠨᠳᠠᠭᠠᠯ ᠪᠠ ᠠᠷᠭ᠎ᠠ ᠬᠢᠳᠡᠯ ᠢ ᠠᠷᠢᠯᠭᠠᠨ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠲᠤᠮᠳᠠ ᠵᠢᠵᠢᠭ ᠠᠵᠦ ᠠᠬᠤᠶᠢᠯᠠᠯ ᠳᠤ ᠥᠷᠢᠲᠦᠵᠦ ᠪᠠᠶᠢᠭᠰᠠᠨ ᠳᠠᠩᠰᠠᠨ ᠳᠠᠬᠢ ᠵᠣᠭᠤᠰ ᠢ ᠨᠢ ᠢᠯᠭᠠᠷᠠᠭᠤᠯᠬᠤ ᠠᠵᠢᠯ ᠢ ᠪᠡᠶᠡᠯᠡᠬᠦᠯᠦᠨ᠎ᠠ᠃ ᠮᠦᠩᠬᠦᠨ ᠭᠦᠢᠯᠬᠡᠬᠡᠨ ᠤ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠲᠦᠷᠬᠡᠳᠬᠡᠵᠦ᠂ ᠮᠦᠩᠬᠦᠨ ᠭᠦᠢᠯᠬᠡᠬᠡᠨ ᠤ ᠦᠢᠯᠡᠰ ᠤᠨ ᠠᠮᠢ ᠠᠬᠤᠢ ᠶᠢᠨ ᠤᠷᠴᠢᠨ ᠨᠦᠭᠦᠴᠡᠯ ᠢ ᠰᠢᠯᠢᠳᠡᠭᠵᠢᠬᠦᠯᠦᠨ᠂ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠪᠠ ᠪᠠᠭᠤᠷᠠᠢ ᠲᠠᠯ᠎ᠠ ᠳᠤ ᠢᠳᠡᠬᠡᠮᠵᠢᠳᠦ ᠵᠢᠬᠡᠯᠡᠯᠬᠡ ᠲᠠᠯᠪᠢᠬᠤ ᠡᠷᠴᠢᠮ ᠢᠶᠠᠨ ᠴᠢᠩᠭᠠᠷᠠᠭᠤᠯᠵᠦ᠂ ᠨᠡᠩ ᠤᠯᠠᠨ ᠰᠢᠯᠢᠳᠡᠭ ᠠᠵᠦ ᠠᠬᠤᠶᠢᠯᠠᠯ ᠢ ᠲᠡᠮᠵᠢᠵᠦ ᠪᠠᠶᠢᠭᠠᠳ ᠭᠦᠷᠦᠩᠬᠡ ᠶᠢᠨ ᠵᠠᠬ᠎ᠠ ᠲᠡᠯᠬᠡᠭᠦᠷ ᠢᠶᠠᠷ ᠲᠠᠮᠵᠢᠨ ᠪᠡᠯᠡ ᠲᠤᠬᠢᠷᠠᠭᠤᠯᠭ᠎ᠠ ᠬᠢᠯᠬᠡᠵᠦ᠂ ᠪᠡᠯᠡ ᠲᠤᠬᠢᠷᠠᠭᠤᠯᠬᠤ ᠳᠤ ᠭᠦᠴᠢᠷ ᠪᠥᠭᠡᠳ ᠦᠨᠡᠳᠡᠢ ᠠᠰᠠᠭᠤᠳᠠᠯ ᠢ ᠨᠠᠮᠳᠠᠭᠠᠨ᠎ᠠ᠃ ᠦᠪᠡᠷᠳᠡᠬᠡᠨ ᠵᠠᠰᠠᠬᠤ ᠤᠷᠤᠨ ᠤ ᠮᠦᠩᠬᠦᠨ ᠭᠦᠢᠯᠬᠡᠬᠡᠨ ᠤ ᠲᠦᠷᠢᠶᠡᠰᠦᠯᠡᠭᠦᠯᠬᠦ ᠺᠤᠮᠫᠠᠨᠢ ᠶᠢ ᠪᠠᠶᠢᠭᠤᠯᠵᠦ᠂ ᠲᠠᠬᠢᠨ ᠲᠠᠭᠠᠭᠠᠯᠳᠠ ᠬᠢᠬᠦ ᠪᠦᠯᠦᠭᠯᠡᠯ ᠢ ᠵᠤᠬᠢᠶᠠᠨ ᠪᠠᠶᠢᠭᠤᠯᠤᠨ᠎ᠠ᠃     ︵ᠭᠤᠷᠪᠠ︶ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ     ᠦᠢᠯᠡᠳᠬᠦ ᠦᠢᠯᠡᠰ ᠢ ᠶᠡᠭᠡ ᠪᠠᠷ ᠬᠦᠭᠵᠢᠭᠦᠯᠵᠤ᠂ ᠡᠬᠢ ᠪᠠᠶᠠᠯᠢᠭ ᠢ ᠤᠯᠠᠷᠢᠭᠤᠯᠵᠦ ᠦᠷᠳᠡᠭ ᠢ ᠨᠢ ᠨᠡᠮᠡᠭᠳᠡᠬᠦᠯᠬᠦ ᠠᠵᠢᠯ ᠪᠠ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠲᠡᠮᠵᠢᠵᠦ ᠪᠠᠶᠢᠭᠠᠳ ᠳᠤᠤᠷᠠᠳᠤ ᠬᠡᠯᠬᠢᠶᠡᠨ ᠤ ᠠᠵᠤ ᠦᠢᠯᠡᠰ ᠢ ᠭᠦᠭᠵᠢᠬᠦᠯᠦᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠠ ᠨᠠᠷᠢᠯᠢᠬ ᠭᠦᠨ ᠪᠤᠯᠪᠠᠰᠤᠷᠠᠭᠤᠯᠬᠤ ᠬᠡᠮᠵᠢᠶ᠎ᠡ ᠶᠢ ᠲᠡᠬᠡᠭᠰᠢᠯᠡᠬᠦᠯᠦᠨ᠂ ᠠᠵᠤ ᠦᠢᠯᠡᠰ ᠤᠨ ᠬᠡᠯᠬᠢᠶᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠦᠢᠯᠡᠳᠬᠦ ᠦᠢᠯᠡᠰ ᠪᠠ ᠦᠢᠯᠡᠴᠢᠯᠡᠬᠦ ᠦᠢᠯᠡᠰ ᠤᠨ ᠭᠦᠨ ᠠᠭᠤᠰᠤᠯᠴᠠᠯ ᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠲᠤᠨᠤᠭ ᠲᠦᠬᠦᠭᠡᠷᠦᠮᠵᠢ ᠦᠢᠯᠡᠳᠬᠦ᠂ ᠪᠣᠯᠤᠳ ᠲᠡᠮᠦᠷ ᠪᠠ ᠦᠩᠬᠡᠳᠦ ᠲᠡᠮᠦᠷᠯᠢᠭ ᠪᠤᠯᠪᠠᠰᠤᠷᠠᠭᠤᠯᠬᠤ᠂ ᠰᠦ᠋ ᠴᠠᠭᠠᠨ ᠢᠳᠡᠬᠡᠨ ᠪᠤᠯᠪᠠᠰᠤᠷᠠᠭᠤᠯᠬᠤ ᠵᠡᠷᠬᠡ ᠲᠠᠪᠠᠭᠤᠯᠢᠭ ᠲᠠᠢ ᠣᠨᠴᠠᠯᠢᠭᠲᠤ ᠭᠦᠷᠢᠶ᠎ᠡ ᠴᠠᠷᠠᠭᠠᠨ ᠳᠤ᠂ ᠨᠢᠭᠡ ᠪᠦᠯᠦᠭ ᠠᠵᠤ ᠦᠢᠯᠡᠰ ᠤᠨ ᠪᠦᠯᠦᠭᠵᠢᠯ ᠢ ᠴᠤᠭᠴᠠᠯᠠᠨ᠎ᠠ᠃ ᠲᠡᠯᠡᠬᠡᠢ ᠶᠢᠨ ᠡᠨᠧᠷᠬᠢ ᠶᠢᠨ ᠮᠡᠷᠬᠡᠵᠢᠯ ᠤᠨ ᠬᠤᠪᠢᠰᠬᠠᠯ ᠤᠨ ᠰᠢᠨ᠎ᠠ ᠬᠠᠨᠳᠤᠰᠢ ᠶᠢ ᠴᠢᠩᠭ᠎ᠠ ᠲᠠᠭᠠᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠠᠵᠤ ᠦᠢᠯᠡᠰ ᠤᠨ ᠬᠡᠪᠴᠢᠶᠡᠵᠢᠬᠦ᠂ ᠰᠠᠭᠤᠷᠢᠨᠵᠢᠬᠤ ᠬᠦᠭᠵᠢᠯᠲᠡ ᠶᠢ ᠵᠣᠬᠢᠰᠲᠠᠢ ᠪᠠᠶᠢᠷᠢᠰᠢᠭᠤᠯᠬᠤ ᠪᠠ ᠡᠮᠬᠢ ᠵᠢᠷᠤᠮ ᠲᠠᠢ ᠠᠬᠢᠭᠤᠯᠵᠤ᠂ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠭᠡᠨ᠎ᠡ᠃ ᠤᠯᠤᠰ ᠤᠨ ᠣᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠤᠨ᠎ᠠ᠃            ᠲᠤᠭᠠᠵᠢᠯᠬᠠᠰᠠᠨ ᠠᠵᠤ ᠠᠬᠤᠢ ᠶᠢ ᠶᠡᠭᠡ ᠪᠠᠷ ᠬᠦᠭᠵᠢᠭᠦᠯᠵᠦ᠂ 5G ᠴᠢᠮᠡᠭᠡ ᠬᠤᠯᠪᠤᠭᠠᠨ ᠤ ᠬᠡᠷᠡᠭᠯᠡᠭᠡᠨ ᠪᠠ ᠲᠤᠮᠤ ᠳ᠋ᠠᠶᠢᠲ᠋ᠠ᠂ ᠬᠡᠰᠡᠭ ᠤᠳ ᠤᠨ ᠬᠡᠯᠬᠢᠶ᠎ᠡ᠂ ᠪᠤᠳᠠᠰᠯᠢᠭ ᠬᠤᠯᠪᠤᠭᠠᠲᠤ ᠰᠦᠯᠵᠢᠶ᠎ᠡ᠂ ᠵᠣᠬᠢᠶᠠᠮᠠᠯ ᠤᠶᠤᠨ ᠵᠡᠷᠭᠡ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠤᠨ᠎ᠠ᠃ ᠣᠶᠤᠨᠴᠢᠯᠠᠬᠤ ᠦᠭᠡᠷᠡᠴᠢᠯᠡᠯᠲᠡ ᠶᠢ ᠠᠬᠢᠭᠤᠯᠵᠤ᠂ ᠠᠶᠤᠯ ᠶᠡᠭᠡ ᠲᠠᠢ ᠠᠵᠢᠯ ᠲᠦᠷᠦᠯ᠂ ᠠᠵᠢᠯ ᠢᠶᠠᠷ ᠭᠦᠨᠳᠦ ᠦᠢᠯᠡᠳᠪᠦᠷᠢᠯᠡᠯ ᠤᠨ ᠭᠤᠭᠴᠤᠭᠠᠨ ᠳᠤ ᠮᠠᠰᠢᠨ ᠢᠶᠠᠷ ᠬᠦᠮᠦᠨ ᠢ ᠤᠷᠤᠯᠠᠭᠤᠯᠬᠤ ᠶᠢ ᠬᠡᠷᠡᠭᠵᠢᠭᠦᠯᠦᠨ᠎ᠡ᠃ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ᠂ ᠪᠠᠯ ᠴᠢᠯᠠᠭᠤᠨ ᠴᠠᠬᠢᠯᠭᠠᠨ ᠲᠦᠢᠯ ᠤᠨ ᠮᠠᠲ᠋ᠧᠷᠢᠶᠠᠯ᠂ ᠪᠠᠯ ᠴᠢᠯᠠᠭᠤᠨ ᠠᠯᠺᠧᠠ ᠵᠡᠷᠭᠡ ᠶᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠦᠬᠡᠬᠤᠲᠠ ᠳᠠᠬᠢ ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠭᠤᠤᠯᠯᠬᠠᠴᠢ ᠪᠤᠯᠬᠤ ᠰᠢᠭᠤᠳ ᠬᠤᠯᠪᠤᠭᠳᠠᠬᠤ ᠴᠡᠭ ᠢ ᠪᠦᠲᠦᠭᠡᠨ ᠪᠠᠶᠢᠭᠤᠯᠤᠨ᠎ᠠ᠃      ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠵᠦ᠂ ᠨᠡᠷ᠎ᠡ ᠶᠢᠨ ᠳᠡᠳᠦᠢ ᠤᠷᠤᠰᠢᠵᠤ ᠪᠠᠶᠢᠭ᠎ᠠ ᠪᠠ ᠠᠵᠤ ᠦᠢᠯᠡᠰ ᠨᠢ ᠢᠵᠢᠯᠢᠰᠢᠭᠰᠡᠨ ᠬᠦᠷᠢᠶᠡᠯᠡᠩ ᠲᠤᠭᠤᠷᠢᠭ ᠢ ᠢᠯᠭᠠᠷᠠᠭᠤᠯᠤᠨ ᠴᠡᠭᠴᠡᠯᠡᠬᠦ ᠪᠠ ᠡᠮᠬᠢᠯᠡᠨ ᠨᠡᠶᠢᠯᠡᠬᠦᠯᠵᠦ᠂ ᠡᠨᠧᠷᠬᠢ ᠶᠢᠨ ᠬᠤᠷᠤᠭᠳᠠᠯ ᠶᠡᠭᠡ ᠲᠠᠢ ᠪᠦᠬᠡᠳ ᠦᠷ᠎ᠡ ᠪᠦᠲᠦᠮᠵᠢ ᠪᠠᠷ ᠳᠤᠤᠷ᠎ᠠ ᠪᠠᠶᠢᠭ᠎ᠠ ᠬᠦᠷᠢᠶᠡᠯᠡᠩ ᠲᠤᠭᠤᠷᠢᠭ ᠬᠢᠭᠡᠳ ︽ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠪᠠ ᠪᠤᠬᠢᠷᠳᠤᠯ ᠶᠡᠭᠡ ᠲᠠᠢ︾ ᠠᠵᠤ ᠠᠬᠤᠶᠢᠯᠠᠯ ᠤᠳ ᠤᠨ ᠡᠭᠦᠳᠡ ᠶᠢ ᠨᠢ ᠬᠠᠭᠠᠵᠦ᠂ ᠦᠢᠯᠡᠳᠪᠦᠷᠢᠯᠡᠯ ᠢ ᠨᠢ ᠵᠤᠨᠨᠰᠤᠭᠠᠵᠦ᠂ ᠨᠢᠬᠡᠳᠬᠡᠨ ᠨᠡᠶᠢᠯᠡᠬᠦᠯᠬᠦ ᠪᠠ ᠦᠬᠡᠷ᠎ᠡ ᠦᠢᠯᠡᠳᠭᠦᠨ ᠦᠢᠯᠡᠳᠬᠦ ᠪᠤᠯᠭᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠷᠢ ᠲᠤᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠤᠳᠤᠷᠢᠳᠤᠮᠵᠢ ᠪᠤᠯᠬᠤ ᠠᠵᠤ ᠦᠢᠯᠡᠰ ᠤᠨ ᠲᠤᠭᠤᠷᠢᠨ ᠳᠤ ᠡᠷᠭᠢᠯᠲᠡᠲᠦ ᠠᠵᠤ ᠠᠬᠤᠢ ᠶᠢ ᠬᠦᠭᠵᠢᠭᠦᠯᠵᠦ᠂ ᠨᠢᠭᠡᠴᠢ ᠲᠠᠯᠠᠪᠠᠢ ᠶᠢᠨ ᠤᠷᠤᠭᠤᠯᠤᠯᠲᠠ ᠶᠢᠨ ᠬᠦᠴᠦᠯᠡᠴᠡ ᠪᠠ ᠭᠠᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠤᠩᠭᠤᠯ ᠢᠶᠠᠨ ᠭᠦᠭᠵᠢᠬᠦᠯᠦᠨ ᠮᠠᠨᠳᠤᠭᠤᠯᠬᠤ︾ ᠠᠵᠢᠯᠯᠠᠭᠠᠨ ᠢ ᠭᠦᠨᠵᠡᠭᠡᠶᠢᠷᠡᠨ ᠬᠡᠷᠡᠭᠵᠢᠭᠦᠯᠵᠦ᠂ ᠰᠠᠭᠤᠷᠢᠯᠠᠬᠤ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠭᠤᠣᠯᠳᠠᠭᠤ ᠡᠨᠧᠷᠬᠢ᠂ ᠮᠠᠲ᠋ᠧᠷᠢᠶᠠᠯ᠂ ᠲᠤᠨᠤᠭ ᠲᠦᠬᠦᠭᠡᠷᠦᠮᠵᠢ ᠦᠢᠯᠡᠳᠬᠦ᠂ ᠠᠮᠢ ᠠᠬᠤᠢ ᠤᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶ᠎ᠡ ᠴᠠᠷᠠᠭᠠᠨ ᠤ ᠵᠠᠩᠭᠢᠯᠠᠭ᠎ᠠ ᠶᠢᠨ ᠮᠡᠷᠭᠡᠵᠢᠯ ᠳᠤ ᠪᠤᠭᠤᠮᠲᠠ ᠰᠢᠪᠲᠤᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠭᠤᠯᠤᠯᠲᠠ ᠳᠠᠬᠢ ᠵᠠᠰᠠᠭ ᠤᠨ ᠤᠷᠳᠤᠨ ᠤ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠢᠳᠡᠪᠬᠢᠵᠢᠯ ᠢ ᠪᠠᠳᠠᠷᠠᠭᠠᠨ᠂ ᠰᠤᠳᠤᠯᠤᠨ ᠨᠡᠬᠡᠬᠡᠬᠦ ᠲᠠᠯ᠎ᠠ ᠪᠠᠷ ᠬᠢ ᠨᠡᠶᠢᠬᠡᠮ ᠲᠠᠶᠠᠭᠠᠷ ᠤᠨ ᠤᠷᠤᠭᠤᠯᠤᠯᠲᠠ ᠬᠢᠬᠦ ᠶᠢ ᠨᠡᠮᠡᠭᠳᠡᠭᠦᠯᠦᠨ᠎ᠡ᠃ ᠠᠵᠦ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠦᠡᠭᠭᠦᠨ ᠤ ᠬᠡᠯᠬᠢᠶᠡᠨ ᠤ ᠤᠷᠭᠠᠨᠢᠬ ᠠᠭᠤᠰᠤᠯᠴᠠᠯ ᠢ ᠠᠬᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠳᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠲᠤᠭᠲᠠᠴᠠ ᠶᠢ ᠪᠠᠶᠢᠭᠤᠯᠤᠨ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠰᠢᠯᠵᠢᠬᠦᠯᠦᠨ ᠤᠯᠠᠷᠢᠭᠤᠯᠬᠤ ᠪᠠᠨ ᠠᠬᠢᠭᠤᠯᠵᠤ᠂ ᠴᠡᠷᠢᠭ ᠠᠷᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠭ᠎ᠠ ᠪᠠ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃ ᠬᠦᠬᠡᠬᠤᠲᠠ ᠪᠤᠭᠤᠳᠤ ᠤᠷᠳᠤᠰ ᠲᠠᠬᠢ ᠤᠯᠤᠰ ᠤᠨ ᠪᠡᠶ᠎ᠡ ᠪᠠᠨ ᠲᠠᠭᠠᠭᠠᠨᠨᠰᠠᠨ ᠰᠢᠨ᠎ᠡ ᠡᠭᠦᠳᠦᠯᠳᠡ ᠲᠠᠢ ᠵᠢᠱᠢᠶ᠎ᠡ ᠦᠵᠡᠭᠦᠯᠬᠦ ᠤᠷᠤᠨ ᠢ ᠴᠣᠭᠴᠠᠯᠠᠨ ᠪᠠᠶᠢᠭᠤᠯᠵᠤ᠂ ᠤᠯᠤᠰ ᠤᠨ ᠪᠠ ᠥᠪᠡᠷᠲᠡᠭᠡᠨ ᠵᠠᠰᠠᠬᠤ ᠤᠷᠤᠨ ᠤ ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠥᠪ ᠢ ᠴᠣᠭᠴᠠᠯᠠᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠮᠠᠨ ᠤ ᠤᠷᠤᠨ ᠳᠤ ᠪᠠᠨ ᠪᠠᠶᠢᠷᠢᠰᠢᠭᠤᠯᠬᠤ ᠪᠠᠷ ᠴᠢᠷᠮᠠᠶᠢᠨ᠎ᠠ᠃ ᠴᠢᠳᠠᠪᠤᠷᠢᠲᠠᠨ ᠢ ᠭᠦᠮᠦᠵᠢᠬᠦᠯᠬᠦ᠂ ᠲᠠᠲᠠᠨ ᠤᠷᠤᠭᠤᠯᠬᠤ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ︵ᠳᠦᠷᠪᠡ︶ ᠪᠦᠲᠦᠮᠵᠢᠲᠡᠢ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠦᠷᠭᠡᠳᠭᠡᠨ᠎ᠡ      ᠬᠡᠷᠡᠭᠯᠡᠭᠡ ᠶᠢᠨ ᠲᠤᠭᠲᠠᠭᠤᠨ ᠨᠡᠮᠡᠭᠳᠡᠯ ᠢ ᠠᠬᠢᠭᠤᠯᠵᠦ᠂ ᠪᠤᠳᠠᠳᠤ ᠲᠠᠸᠠᠷ ᠤᠨ ᠬᠡᠷᠡᠭᠯᠡᠭᠡ ᠶᠢ ᠦᠷᠬᠡᠳᠬᠡᠨ᠂ ᠳᠦᠭᠦᠮ ᠳᠡᠯᠭᠡᠭᠦᠷ᠂ ᠨᠡᠶᠢᠭᠡᠮ ᠲᠤᠭᠤᠷᠢᠭ ᠤᠨ ᠢᠳᠡᠰᠢᠨ ᠨᠤᠭᠤᠭᠠᠨ ᠤ ᠵᠠᠬ᠎ᠠ ᠳᠡᠯᠭᠡᠭᠦᠷ ᠵᠡᠷᠭᠡ ᠠᠷᠠᠳ ᠲᠤ ᠲᠦᠭᠦᠮ ᠦᠵᠡᠭᠦᠯᠬᠦ ᠬᠡᠷᠡᠭᠯᠡᠭᠡ ᠶᠢᠨ ᠪᠡᠯᠡᠳᠭᠡᠮᠵᠢ ᠶᠢ ᠳᠡᠭᠦᠯᠳᠡᠷᠵᠢᠭᠦᠯᠦᠨ᠎ᠡ᠃ ᠣᠯᠠᠨ ᠶᠠᠩᠵᠦ ᠶᠢᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠤᠨ ᠰᠶᠢᠳᠪᠦᠷᠢᠯᠡᠵᠦ᠂ ᠬᠤᠳᠠᠯᠳᠤᠭᠠᠨ ᠤ ᠰᠢᠨ᠎ᠡ ᠵᠠᠭᠪᠤᠷ ᠢ ᠲᠠᠲᠠᠨ ᠤᠷᠤᠭᠤᠯᠵᠦ ᠬᠦᠭᠵᠢᠭᠦᠯᠣᠨ᠂ ᠬᠤᠳᠠᠯᠳᠤᠭᠠᠨ ᠤ ᠶᠠᠪᠠᠭᠠᠨ ᠵᠡᠭᠡᠯᠢ ᠶᠢ ᠦᠭᠡᠷᠡᠴᠢᠯᠡᠨ ᠰᠠᠶᠢᠵᠢᠷᠠᠭᠤᠯᠵᠤ᠂ ᠦᠵᠡᠰᠭᠦᠯᠡᠩ ᠴᠤᠬᠯᠠᠭᠠᠨ ᠤ ᠠᠵᠦ ᠠᠬᠤᠢ᠂ ᠦᠳᠡᠰᠢ ᠤᠷᠤᠢ ᠶᠢᠨ ᠬᠡᠷᠡᠭᠯᠡᠭᠡ ᠶᠢᠨ ᠠᠵᠤ ᠠᠬᠤᠢ᠂ ᠮᠡᠳᠡᠭᠡ ᠵᠠᠩᠭᠢ ᠶᠢᠨ ᠬᠡᠷᠡᠭᠯᠡᠭᠡ ᠶᠢ ᠬᠦᠭᠵᠢᠭᠦᠯᠤᠨ᠎ᠡ᠃ ᠡᠮᠴᠢᠯᠡᠬᠡᠨ ᠤ ᠰᠤᠪᠢᠯᠠᠯᠳᠠ ᠪᠠ ᠡᠷᠡᠭᠦᠯᠵᠢᠯ ᠤᠨ ᠰᠤᠪᠢᠯᠠᠯᠳᠠ ᠶᠢᠨ ᠤᠶᠠᠯᠳᠤᠯ ᠢ ᠠᠬᠢᠭᠤᠯᠵᠤ᠂ ᠨᠠᠰᠤᠲᠠᠳ ᠢ ᠠᠰᠠᠷᠠᠬᠤ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠤᠨ᠎ᠡ᠃ ᠰᠤᠶᠤᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠬᠡ ᠬᠡᠷᠡᠭᠯᠡᠭᠡ ᠶᠢ ᠦᠷᠭᠦᠯᠵᠢᠯᠡᠨ ᠦᠷᠬᠡᠳᠬᠡᠨ᠎ᠠ᠃ ᠦᠪᠦᠷ ᠮᠤᠩᠭᠤᠯ ᠤᠨ ᠢᠶᠠᠨ ᠨᠡᠷᠡᠳᠦ ᠲᠡᠮᠳᠡᠭᠳᠦ ᠡᠯᠧᠺᠲᠷᠤᠨ ᠬᠤᠳᠠᠯᠳᠤᠭ᠎ᠠ ᠶᠢ ᠡᠭᠦᠳᠴᠤ᠂ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ ᠭᠦᠭᠵᠢᠬᠦᠯᠦᠨ᠂ ᠪᠠᠷᠠᠭᠠᠨ ᠤ ᠭᠦᠢᠯᠭᠡᠭᠡᠨ ᠤ ᠲᠤᠤᠷ ᠴᠡᠭ ᠢ ᠨᠡᠮᠡᠭᠳᠡᠬᠦᠯᠵᠦ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠳᠡᠭᠡᠳᠦ ᠬᠤᠷᠳᠤ ᠶᠢᠨ ᠲᠡᠮᠦᠷ ᠵᠠᠮ ᠤᠨ ᠠᠵᠤ ᠠᠬᠤᠢ ᠶᠢ ᠶᠡᠭᠡ ᠪᠠᠷ ᠭᠦᠭᠵᠢᠬᠦᠯᠦᠨ᠂ ᠪᠡᠭᠡᠵᠢᠩ ᠲᠢᠶᠠᠨᠵᠢᠨ ᠾᠧᠪᠧᠢ ᠶᠢᠨ ᠲᠤᠮᠤ ᠵᠠᠬ᠎ᠠ ᠳᠡᠯᠭᠡᠭᠦᠷ ᠲᠤ ᠢᠳᠡᠪᠬᠢᠲᠡᠢ ᠪᠠᠷ ᠠᠭᠤᠰᠤᠯᠴᠠᠨ ᠤᠷᠤᠵᠤ᠂ ᠬᠡᠷᠡᠭᠯᠡᠭᠡ᠂ ᠠᠵᠤ ᠦᠢᠯᠡᠰ ᠪᠠ ᠬᠦᠴᠦᠨ ᠵᠦᠢᠯ ᠢ ᠲᠠᠲᠠᠵᠤ ᠪᠠᠶᠢᠭᠠᠳ ᠮᠠᠨ ᠤ ᠤᠷᠤᠨ ᠳᠤ ᠪᠠᠨ ᠲᠦᠪᠯᠡᠷᠡᠭᠦᠯᠦᠨ᠎ᠡ᠃      ︽ᠥᠪᠥᠷ ᠮᠤᠩᠭᠤᠯ ᠤᠨ ᠦᠨᠦᠷ ᠠᠮᠲᠠ︾ ︽ᠥᠪᠥᠷ ᠮᠤᠩᠭᠤᠯ ᠤᠨ ᠳᠠᠭᠤᠤ ᠬᠦᠭᠵᠢᠮ︾ ︽ᠥᠪᠥᠷ ᠮᠤᠩᠭᠤᠯ ᠤᠨ ᠺᠢᠨᠤ᠋ ᠲᠧᠯᠸᠢᠰ︾ ᠵᠡᠷᠭᠡ ᠨᠡᠷᠡᠲᠦ ᠲᠡᠮᠲᠡᠭ ᠢ ︽ᠥᠪᠥᠷ ᠮᠤᠩᠭᠤᠯ ᠤᠨ ᠵᠢᠭᠤᠯᠴᠢᠯᠠᠯ︾ ᠲᠠᠢ ᠠᠭᠤᠰᠤᠯᠴᠠᠭᠤᠯᠤᠨ ᠭᠦᠭᠵᠢᠬᠦᠯᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ᠂ ᠣᠢ ᠰᠢᠭᠤᠢ᠂ ᠡᠯᠡᠰᠦ ᠮᠠᠩᠬ᠎ᠠ ᠪᠠ ᠭᠠᠯᠲᠤ ᠠᠭᠤᠯᠠ᠂ ᠮᠦᠰᠦᠳᠦᠯᠬᠡ ᠶᠢᠨ ᠦᠯᠡᠳᠡᠭᠳᠡᠯ ᠵᠡᠷᠭᠡ ᠭᠠᠵᠠᠷ ᠲᠠᠬᠢ ᠵᠢᠭᠤᠯᠴᠢᠯᠠᠯ ᠢ ᠰᠠᠶᠢᠲᠤᠷ ᠬᠢᠬᠦ ᠶᠢᠨ ᠳᠠᠭᠠᠤ ᠳᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠪᠠ ᠡᠪᠦᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠤᠬᠢᠶᠠᠯᠳᠤᠭᠤᠯᠵᠦ᠂ ᠡᠯ᠎ᠡ ᠲᠦᠷᠦᠯ ᠤᠨ ᠲᠠᠯᠠᠪᠤᠷ ᠤᠷᠳᠤᠨ ᠤ ᠪᠡᠯᠡᠳᠭᠡᠮᠵᠢ ᠪᠠ ᠮᠦᠰᠦ ᠴᠠᠰᠤᠨ ᠤ ᠡᠬᠢ ᠪᠠᠶᠠᠯᠢᠭ ᠢ ᠠᠰᠢᠭᠯᠠᠨ᠂ ᠡᠪᠦᠯ ᠤᠨ ᠤᠯᠠᠷᠢᠯ ᠤᠨ ᠵᠢᠭᠤᠯᠴᠢᠯᠠᠯ ᠢ ᠶᠡᠭᠡ ᠪᠠᠷ ᠬᠦᠭᠵᠢᠭᠦᠯᠵᠦ᠂ ᠮᠦᠰᠦ ᠴᠠᠰᠤᠨ ᠤ ᠠᠵᠤ ᠠᠬᠤᠢ ᠶᠢ ᠰᠠᠶᠢᠳᠤᠷ ᠬᠢᠨ᠎ᠠ᠃ ᠬᠠᠲᠤᠨ ᠭᠤᠣᠯ ᠤᠨ ᠰᠤᠶᠤᠯ ᠢ ᠰᠢᠰᠲ᠋ᠧᠮ ᠲᠠᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠦᠨ᠂ ᠬᠠᠲᠤᠨ ᠭᠤᠣᠯ ᠤᠨ ᠨᠤᠭᠤ ᠭᠠᠵᠠᠷ᠂ ᠵᠡᠭᠦᠨᠭᠠᠷ ᠶᠡᠭᠡ ᠬᠠᠪᠴᠢᠯ᠂ ᠤᠷᠳᠤ ᠴᠠᠭᠠᠨ ᠬᠡᠷᠡᠮ ᠤᠨ ᠪᠠᠭᠤᠷᠢ ᠵᠢᠴᠢ ᠲᠡᠤᠬᠡ ᠰᠤᠶᠤᠯ᠂ ᠦᠨᠳᠦᠰᠦᠲᠡᠨ ᠤ ᠰᠤᠶᠤᠯ᠂ ᠬᠤᠪᠢᠰᠬᠠᠯᠳᠤ ᠰᠤᠶᠤᠯ ᠤᠨ ᠡᠬᠢ ᠪᠠᠶᠠᠯᠢᠭ ᠲᠤ ᠲᠦᠰᠢᠭᠯᠡᠵᠦ᠂ ᠬᠠᠲᠤᠨ ᠭᠤᠣᠯ ᠤᠨ ᠲᠤᠬᠤᠢ ᠳᠠᠬᠢ ᠵᠢᠭᠤᠯᠴᠢᠯᠠᠯ ᠤᠨ ᠵᠠᠮ ᠱᠤᠭᠤᠮ ᠢ ᠪᠦᠲᠦᠭᠡᠨ ᠪᠠᠶᠢᠭᠤᠯᠵᠤ᠂ ᠲᠡᠯᠡᠬᠡᠢ ᠨᠡᠶᠢᠳᠡ ᠳᠤ ᠨᠦᠯᠦᠭᠡᠯᠡᠬᠦ ᠬᠦᠴᠦᠨ ᠲᠠᠢ ᠬᠠᠲᠤᠨ ᠭᠤᠣᠯ ᠤᠨ ᠰᠤᠶᠤᠯ ᠵᠢᠭᠤᠯᠴᠢᠯᠠᠯ ᠤᠨ ᠪᠦᠰᠡ ᠶᠢ ᠴᠣᠭᠴᠠᠯᠠᠨ ᠪᠠᠶᠢᠭᠤᠯᠤᠨ᠎ᠠ᠃      ᠪᠦᠲᠦᠮᠵᠢᠲᠡᠢ ᠪᠡᠯᠡ ᠤᠷᠤᠭᠤᠯᠤᠯᠲᠠ ᠶᠢ ᠦᠨᠡᠨ ᠬᠦ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠬᠢ᠂ ᠲᠣᠣᠷ ᠰᠦᠯᠵᠢᠶ᠎ᠡ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠶᠠᠪᠤᠳᠠᠯ ᠤᠨ ᠬᠤᠭᠤᠯᠠᠢ ᠭᠤᠤᠷᠰᠤ ᠶᠢᠨ ᠲᠤᠤᠷ᠂ ᠲᠡᠷᠭᠡᠨ ᠵᠣᠭᠰᠤᠭᠠᠯ᠂ ᠬᠦᠢᠲᠡᠨ ᠬᠡᠯᠬᠢᠶᠡᠳᠦ ᠪᠠᠷᠠᠭᠠᠨ ᠤ ᠭᠦᠢᠯᠭᠡᠭᠡ᠂ ᠬᠤᠲᠠ ᠬᠥᠳᠡᠭᠡ ᠶᠢᠨ ᠪᠣᠬᠢᠷ ᠤᠰᠤ ᠬᠤᠭ ᠨᠤᠪᠰᠢ ᠶᠢ ᠰᠢᠢᠳᠪᠦᠷᠢᠯᠡᠬᠦ ᠵᠡᠷᠭᠡ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠬᠤᠶᠠᠳᠤᠭᠠᠷ ᠪᠦᠯᠦᠭ ᠪᠣᠯᠬᠤ ᠲᠤᠷᠰᠢᠯᠲᠠ ᠶᠢᠨ ᠲᠦᠷᠦᠯ ᠵᠦᠢᠯ ᠢ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠵᠤ ᠪᠠᠶᠢᠭ᠎ᠠ ᠳᠡᠭᠡᠳᠦ ᠬᠤᠷᠳᠦ ᠶᠢᠨ ᠲᠡᠮᠦᠷ ᠵᠠᠮ᠂ ᠵᠠᠰᠠᠮᠠᠯ ᠵᠠᠮ᠂ ᠨᠢᠰᠭᠡᠯ ᠤᠨ ᠪᠠᠭᠤᠳᠠᠯ ᠵᠡᠷᠭᠡ ᠲᠦᠷᠦᠯ ᠵᠦᠢᠯ ᠤᠨ ᠠᠵᠢᠯ ᠢ ᠠᠬᠢᠭᠤᠯᠤᠨ᠂ ᠣᠷᠳᠤᠰ ᠠᠴᠠ ᠲᠡᠮᠡᠬᠡᠳᠦ ᠬᠦᠷᠬᠦ ᠳᠡᠭᠡᠳᠦ ᠬᠤᠷᠲᠦ ᠶᠢᠨ ᠲᠡᠮᠦᠷ ᠵᠠᠮ᠂ ᠲᠦᠩᠯᠢᠶᠣᠣ ᠠᠴᠠ ᠴᠢᠴᠢᠬᠠᠷ ᠬᠦᠷᠬᠦ ᠳᠡᠭᠡᠳᠦ ᠬᠤᠷᠳᠦ ᠶᠢᠨ ᠲᠡᠮᠦᠷ ᠵᠠᠮ᠂ ᠴᠢᠴᠢᠬᠠᠷ ᠠᠴᠠ ᠬᠠᠶᠢᠯᠠᠷ ᠪᠠ ᠮᠠᠨᠵᠤᠤᠷ ᠬᠦᠷᠬᠦ ᠳᠡᠭᠡᠳᠦ ᠬᠤᠷᠳᠦ ᠶᠢᠨ ᠲᠡᠮᠦᠷ ᠵᠠᠮ᠂ ᠰᠢᠯᠢ ᠶᠢᠨ ᠬᠤᠲᠠ ᠠᠴᠠ ᠲᠠᠶᠢᠽᠢ ᠬᠤᠲᠠ ᠬᠦᠷᠬᠦ ᠲᠦᠷᠬᠡᠨ ᠬᠤᠷᠳᠤ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠵᠢᠴᠢ ᠡᠮᠦᠨᠡᠬᠢ ᠬᠤᠭᠤᠴᠠᠭᠠᠨ ᠤ ᠠᠵᠢᠯ ᠢ ᠰᠠᠶᠢᠳᠤᠷ ᠠᠳᠬᠤᠵᠦ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ ᠦᠭᠡᠷᠡᠴᠢᠯᠡᠯᠲᠡ᠂ ᠤᠯᠠᠭᠠᠨᠬᠤᠳᠠ ᠠᠴᠠ ᠷᠠᠰᠢᠶᠠᠨ ᠭᠦᠷᠬᠦ ᠲᠡᠮᠦᠷ ᠵᠠᠮ ᠤᠨ ᠦᠬᠡᠷᠡᠴᠢᠯᠡᠯᠳᠡ ᠶᠢ ᠠᠬᠢᠭᠤᠯᠤᠨ᠎ᠠ᠃ ᠨᠢᠭᠡ ᠪᠦᠯᠦᠭ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠢ ᠲᠦᠪᠯᠡᠷᠡᠭᠦᠯᠦᠨ ᠪᠦᠲᠦᠭᠡᠨ ᠪᠠᠶᠢᠭᠤᠯᠵᠤ᠂ ᠨᠡᠶᠢᠳᠡᠮ ᠬᠡᠷᠡᠭᠯᠡᠬᠦ ᠠᠭᠠᠷ ᠠᠶᠠᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠲᠠᠭ᠎ᠠ ᠶᠢᠨ ᠨᠠᠭᠤᠷ ᠤᠨ ᠠᠮᠢ ᠠᠬᠤᠢ ᠳᠤ ᠪᠠᠴᠢᠮ ᠪᠠᠶᠢᠳᠠᠯ ᠢ ᠠᠷᠭᠠᠴᠠᠭᠠᠵᠦ ᠤᠰᠤ ᠨᠦᠭᠦᠪᠦᠷᠢᠯᠡᠬᠦ ᠵᠡᠷᠬᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠬᠢᠭᠤᠯᠤᠨ᠎ᠠ᠃ ᠡᠨᠧᠷᠬᠢ ᠬᠠᠳᠠᠭᠠᠯᠠᠬᠤ ᠪᠡᠯᠡᠳᠬᠡᠮᠵᠢ᠂ ᠰᠢᠨ᠎ᠠ ᠡᠨᠧᠷᠬᠢ ᠶᠢᠨ ᠰᠠᠭᠤᠷᠢᠨ ᠭᠠᠵᠠᠷ ᠪᠠ ᠡᠨᠧᠷᠬᠢ ᠵᠦᠬᠡᠬᠡᠪᠦᠷᠢᠯᠡᠬᠦ ᠨᠡᠪᠳᠡᠷᠡᠯ ᠵᠠᠮ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠲᠦᠷᠦᠯ ᠵᠦᠢᠯ ᠢ ᠨᠦᠬᠡᠴᠡᠯᠡᠬᠦ ᠪᠠ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠵᠦ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠳᠦ ᠶᠢ ᠲᠤᠬᠢᠳᠠᠢ ᠬᠡᠷᠡᠭᠯᠡᠨ᠎ᠠ᠃     ︵ᠲᠠᠪᠤ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠨ ᠬᠡᠷᠡᠭᠵᠢᠭᠦᠯᠦᠨ᠎ᠡ      ᠮᠠᠨ ᠤ ᠤᠷᠤᠨ ᠭᠠᠵᠠᠷ ᠰᠢᠷᠤᠢ ᠶᠢᠨ ᠡᠬᠢ ᠪᠠᠶᠠᠯᠢᠭ ᠢᠶᠠᠷ ᠡᠯᠪᠡᠭ ᠲᠡᠯᠪᠡᠭ᠂ ᠭᠦᠬᠡᠮᠳᠦᠭ ᠤᠰᠤ ᠴᠡᠪᠡᠷ ᠬᠦᠷᠦᠰᠦ ᠲᠠᠢ ᠪᠠᠶᠢᠳᠠᠭ᠂ ᠡᠨᠡ ᠨᠢ ᠦᠢᠯᠡᠳᠪᠦᠷᠢᠯᠡᠯ ᠤᠨ ᠬᠦᠴᠦᠨ ᠪᠣᠯᠬᠤ ᠪᠦᠭᠡᠳ ᠮᠦᠨ ᠴᠦ ᠦᠷᠢᠰᠦᠯᠳᠦᠬᠦ ᠬᠦᠴᠦᠨ ᠪᠤᠯᠤᠨ᠎ᠠ᠃ ᠪᠢᠳᠡ ᠡᠨᠡ ᠬᠦ ᠳᠠᠪᠠᠭᠤᠯᠢᠭ ᠢᠶᠠᠨ ᠡᠷᠬᠡᠪᠰᠢ ᠰᠠᠶᠢᠲᠤᠷ ᠬᠠᠮᠠᠭᠠᠯᠠᠨ ᠠᠰᠢᠭᠯᠠᠵᠤ᠂ ᠮᠠᠯ ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ ᠬᠦᠭᠵᠢᠭᠦᠯᠬᠦ ᠶᠢ ᠪᠠᠷᠢᠮᠲᠠᠯᠠᠨ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠢᠳᠡᠪᠬᠢᠲᠡᠢ ᠬᠦᠭᠵᠢᠭᠦᠯᠵᠦ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰ ᠤᠨ ᠲᠠᠪᠠᠭᠤᠯᠢᠭ ᠭᠠᠵᠠᠷ ᠤᠷᠤᠨ ᠳᠡᠶᠢᠰᠢ ᠲᠦᠪᠯᠡᠷᠡᠬᠦ ᠶᠢ ᠠᠬᠢᠭᠤᠯᠤᠨ᠂ ᠡᠷᠳᠡᠨᠢ ᠰᠢᠰᠢ᠂ ᠲᠦᠮᠦᠰᠦ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠨᠣᠣᠰᠣ ᠨᠣᠣᠯᠤᠭᠤᠷ ᠵᠡᠷᠭᠡ ᠲᠠᠪᠠᠭᠤᠯᠢᠭ ᠪᠤᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠵᠦ᠂ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠡᠵᠡᠩᠨᠡᠯᠲᠡ ᠶᠢ ᠬᠡᠷᠡᠭᠵᠢᠬᠦᠯᠦᠨ᠎ᠠ᠃ ᠤᠷᠤᠨ ᠪᠦᠰᠡ ᠶᠢᠨ ᠤᠯᠠᠨ ᠨᠡᠶᠢᠳᠡ ᠶᠢᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠳᠠ ᠶᠢ ᠳᠡᠮᠵᠢᠵᠤ᠂ ᠨᠡᠩ ᠣᠯᠠᠨ ᠴᠢᠨᠠᠷ ᠰᠠᠶᠢᠲᠠᠢ ᠨᠡᠷᠡᠲᠦ ᠲᠡᠮᠳᠡᠭ ᠢ ᠪᠦᠬᠦ ᠤᠯᠤᠰ ᠲᠤ ᠲᠡᠷᠡᠴᠢᠯᠡᠨ ᠳᠡᠯᠡᠭᠡᠢ ᠳᠤ ᠠᠯᠳᠠᠷᠰᠢᠭᠤᠯᠤᠨ᠎ᠠ᠃ ᠲᠦᠩᠯᠢᠶᠤᠤ᠂ ᠤᠯᠠᠭᠠᠨᠬᠠᠳᠠ᠂ ᠪᠤᠷᠤᠳᠤᠬᠤᠢ ᠶᠢᠨ ᠤᠰᠤᠯᠠᠯᠳᠠ ᠶᠢᠨ ᠤᠷᠤᠨ ᠵᠡᠷᠬᠡ ᠭᠠᠵᠠᠷ ᠤᠷᠤᠨ ᠤ ᠦᠨᠳᠦᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢ ᠠᠬᠢᠭᠤᠯᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠲᠠᠯᠠᠪᠠᠢ ᠶᠢ ᠦᠷᠬᠡᠳᠬᠡᠨ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠬᠤ ᠪᠠ ᠤᠰᠤᠨ ᠤ ᠡᠬᠢ ᠰᠤᠷᠪᠤᠯᠵᠢ ᠶᠢ ᠪᠦᠷᠢᠯᠭᠡᠬᠦ ᠠᠰᠠᠭᠤᠳᠠᠯ ᠢ ᠰᠢᠢᠳᠪᠦᠷᠢᠯᠡᠨ᠎ᠡ᠃ ᠬᠠᠭᠠᠯᠪᠤᠷᠢᠯᠠᠵᠤ ᠲᠠᠷᠢᠶᠠᠯᠠᠬᠤ ᠭᠠᠵᠠᠷ ᠢ ᠰᠡᠯᠭᠦᠵᠦ ᠲᠠᠷᠢᠶᠠᠯᠠᠬᠤ ᠪᠠ ᠬᠤᠵᠢᠷᠰᠢᠨᠨᠰᠠᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠤᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠬᠠᠭᠠᠯᠪᠤᠷᠢᠯᠠᠵᠤ ᠲᠠᠷᠢᠶᠠᠯᠠᠬᠤ ᠭᠠᠵᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃      ᠡᠯ᠎ᠡ ᠲᠦᠷᠦᠯ ᠤᠨ ᠳᠡᠳᠭᠦᠭᠦ ᠲᠥᠷᠥ ᠶᠢᠨ ᠪᠣᠳᠤᠯᠭ᠎ᠠ ᠶᠢ ᠲᠡᠭᠦᠯᠳᠡᠷᠵᠢᠬᠦᠯᠦᠨ ᠨᠠᠶᠢᠳᠠᠪᠤᠷᠢᠵᠢᠭᠤᠯᠵᠤ᠂ ᠰᠦ᠋ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠳᠡ ᠶᠢ ᠲᠦᠷᠭᠡᠳᠭᠡᠨ᠂ ᠴᠢᠨᠠᠷ ᠰᠠᠶᠢᠲᠠᠢ ᠰᠦᠨ ᠤ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠥᠲᠦᠴᠢ ᠠᠵᠤ ᠠᠬᠤᠶᠢᠯᠠᠯ ᠤᠨ ᠬᠦᠲᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠣᠨ᠂ ᠰᠦ᠋ ᠴᠠᠭᠠᠨ ᠢᠳᠡᠭᠡᠨ ᠤ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠤᠨ᠎ᠡ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ᠂ ᠪᠠᠶᠢᠴᠠᠭᠠᠨ ᠰᠢᠨᠵᠢᠬᠦ ᠪᠠ ᠪᠠᠶᠢᠴᠠᠭᠠᠨ ᠰᠢᠯᠭᠠᠬᠤ᠂ ᠪᠠᠷᠢᠮᠵᠢᠶᠠᠵᠢᠭᠤᠯᠤᠨ ᠪᠠᠶᠢᠭᠤᠯᠬᠤ ᠵᠡᠷᠭᠡ ᠳᠡᠳᠬᠦᠬᠦ ᠲᠥᠷᠥ ᠶᠢᠨ ᠪᠣᠳᠤᠯᠭ᠎ᠠ ᠶᠢ ᠳᠡᠭᠦᠯᠳᠡᠷᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠡᠷᠡᠭᠦᠯ ᠢᠶᠠᠷ ᠭᠦᠭᠵᠢᠬᠦ ᠶᠢ ᠠᠬᠢᠭᠤᠯᠤᠨ᠎ᠠ᠃ ᠠᠮᠤ ᠪᠤᠳᠠᠭ᠎ᠠ ᠶᠢ ᠲᠡᠵᠢᠭᠡᠯ ᠪᠤᠷᠳᠤᠭ᠎ᠠ ᠪᠤᠯᠭᠠᠨ ᠬᠤᠪᠢᠷᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠴᠢᠨᠠᠷ ᠰᠠᠶᠢᠲᠠᠢ ᠪᠡᠯᠴᠢᠭᠡᠷ ᠡᠪᠡᠰᠦ ᠲᠠᠷᠢᠬᠤ ᠶᠢ ᠦᠷᠭᠡᠳᠭᠡᠨ᠂ ᠮᠠᠯ ᠪᠡᠯᠴᠢᠭᠡᠷ ᠠᠷᠠᠴᠢᠯᠠᠬᠤ ᠶᠢ ᠨᠢᠭᠡ ᠴᠤᠨᠨᠴᠠᠵᠢᠭᠤᠯᠤᠨ ᠭᠦᠭᠵᠢᠬᠦᠯᠬᠦ ᠶᠢ ᠲᠦᠷᠭᠡᠳᠭᠡᠨ᠎ᠡ᠃      ᠤᠳᠤ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠢᠨᠵᠧᠨᠧᠷᠢᠩ ᠢ ᠬᠡᠷᠡᠭᠵᠢᠭᠦᠯᠵᠦ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠬᠦ ᠦᠷᠡᠵᠢᠭᠦᠯᠬᠦ ᠳᠡᠯᠭᠡᠷᠡᠭᠦᠯᠬᠦ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠠᠬᠢᠭᠤᠯᠤᠨ᠂ ᠡᠷᠳᠡᠨᠢ ᠰᠢᠰᠢ᠂ ᠲᠦᠮᠦᠰᠦ ᠵᠡᠷᠭᠡ ᠲᠠᠪᠠᠭᠤᠯᠢᠭ ᠲᠠᠷᠢᠮᠠᠯ ᠤᠨ ᠵᠦᠢᠯ ᠤᠨ ᠰᠠᠶᠢᠨ ᠦᠷ᠎ᠡ ᠶᠢ ᠲᠠᠷᠢᠵᠦ ᠤᠷᠭᠤᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠴᠠᠭᠠᠨ ᠨᠤᠤᠯᠤᠭᠤᠷᠲᠦ ᠢᠮᠠᠭ᠎ᠠ᠂ ᠬᠤᠣᠰ ᠪᠥᠬᠦᠲᠦ ᠲᠡᠮᠡᠭᠡ ᠵᠡᠷᠭᠡ ᠳᠤ ᠤᠯᠤᠰ ᠠᠴᠠ ᠲᠠᠭᠠᠭᠠᠯᠭᠠᠨᠨᠰᠠᠨ ᠡᠭᠦᠯᠳᠡᠷ ᠤᠳᠤᠮ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠮᠣᠩᠭᠤᠯ ᠠᠳᠤᠭᠤ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠤᠳᠤ ᠦᠶ᠎ᠡ ᠶᠢᠨ ᠡᠪᠡᠰᠦᠨ ᠤ ᠦᠷ᠎ᠡ ᠶᠢᠨ ᠦᠢᠯᠡᠰ ᠢ ᠶᠡᠭᠡ ᠪᠠᠷ ᠬᠦᠭᠵᠢᠭᠦᠯᠵᠦ᠂ ᠥᠪᠥᠷ ᠮᠤᠩᠭᠤᠯ ᠢ ᠳᠤᠮᠳᠠᠳᠤ ᠤᠯᠤᠰ ᠤᠨ ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠬᠦᠮᠦᠷᠭᠡ ᠪᠣᠯᠭᠠᠨ ᠪᠦᠲᠦᠭᠡᠨ ᠪᠠᠶᠢᠭᠤᠯᠤᠨ᠎ᠠ᠃      ᠮᠠᠯᠵᠢᠬᠤ ᠲᠠᠷᠢᠶᠠᠯᠠᠬᠤ ᠤᠷᠤᠨ ᠤ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠪᠤᠲᠠᠲᠠᠢ ᠠᠴᠠ ᠡᠭᠦᠰᠬᠦ ᠶᠢ ᠪᠠᠷᠢᠮᠲᠠᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠭᠠᠵᠠᠷ ᠤᠷᠤᠨ ᠤ ᠪᠠᠶᠢᠳᠠᠯ ᠳᠤ ᠪᠠᠨ ᠲᠣᠬᠢᠷᠠᠭᠤᠯᠵᠤ ᠪᠠᠶᠢᠭᠠᠳ ︽ᠵᠣᠷᠯᠤᠩ ᠤᠨ ᠬᠤᠪᠢᠰᠤᠯᠲᠠ︾ ᠶᠢ ᠠᠬᠢᠭᠤᠯᠤᠨ᠎ᠠ᠃ ᠠᠶᠢᠯ ᠲᠤᠰᠬᠤᠨ ᠤ ᠲᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠪᠡᠶᠡᠯᠡᠭᠦᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠥᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠲᠤ ᠶᠢᠨ ᠠᠵᠤ ᠠᠬᠤᠢ ᠶᠢ ᠪᠣᠵᠠᠭᠠᠶᠢᠷᠠᠭᠤᠯᠤᠨ᠎ᠠ᠃ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠭᠦᠳᠦᠯᠦᠨ ᠵᠢᠯᠤᠭᠤᠳᠴᠤ ᠪᠠᠶᠢᠭᠠᠳ ᠡᠷᠡᠭᠦᠯ ᠢᠶᠠᠷ ᠭᠦᠭᠵᠢᠬᠦᠯᠵᠦ᠂ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠨᠨᠳᠠᠭᠤᠯᠬᠤ ᠲᠣᠭᠲᠠᠴᠠ ᠶᠢ ᠪᠠᠶᠢᠭᠤᠯᠤᠨ ᠨᠢᠨᠨᠳᠠᠷᠠᠭᠤᠯᠤᠨ᠎ᠠ᠃ ᠮᠠᠯᠵᠢᠬᠤ ᠤᠷᠤᠨ ᠤ ᠤᠳᠤᠬᠢᠴᠢᠯᠠᠬᠤ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠠᠳᠬᠤᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠲᠦᠷᠭᠡᠳᠭᠡᠨ᠎ᠠ᠃      ︵ᠵᠢᠷᠭᠤᠭ᠎ᠠ︶ ᠪᠣᠬᠢᠷᠲᠤᠯ ᠥᠬᠡᠶ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠶ ᠲᠥᠯᠥᠪᠯᠡᠵᠦ᠂ ᠨᠤᠲᠤᠭ ᠪᠡᠯᠴᠢᠭᠡᠷ᠂ ᠣᠢ ᠰᠢᠭᠤᠶ ᠶᠢᠨ ᠬᠠᠮᠠᠭᠠᠯᠠᠯᠲᠠ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠪᠠ ᠡᠪᠡᠰᠦ ᠪᠡᠯᠴᠢᠭᠡᠷ ᠨᠤᠭᠤ ᠭᠠᠵᠠᠷ ᠢ ᠰᠡᠷᠭᠦᠭᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠦᠩᠵᠢᠭᠦᠯᠦᠨ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ ᠳᠠᠯᠠᠨ ᠬᠠᠷ᠎ᠠ ᠶᠢᠨ ᠠᠮᠢ ᠠᠬᠤᠢ ᠶᠢᠨ ᠦᠡᠭᠵᠢᠭᠦᠯᠦᠨ ᠰᠡᠷᠭᠦᠭᠡᠬᠦ ᠠᠵᠢᠯ ᠢ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ᠂ ᠬᠥᠯᠥᠨ ᠪᠤᠶᠢᠷ ᠤᠨ ᠤᠯᠤᠰ ᠤᠨ ᠴᠡᠴᠡᠷᠯᠢᠭ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠪᠠᠷᠭᠤ ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠵᠡᠭᠡᠷ᠎ᠡ ᠵᠡᠷᠭᠡ ᠬᠡᠭᠡᠷ᠎ᠡ ᠶᠢᠨ ᠠᠮᠢᠳᠠᠳ ᠤᠨ ᠨᠡᠭᠦᠳᠡᠯ ᠤᠨ ᠴᠤᠪᠤᠭ᠎ᠠ ᠶᠢ ᠨᠢ ᠰᠠᠭᠠᠳ ᠦᠭᠡᠢ ᠪᠣᠯᠭᠠᠨ᠎ᠠ᠃ ᠲᠠᠯ᠎ᠠ ᠨᠤᠲᠤᠭ ᠤᠨ ᠭᠤᠣᠯᠯᠠᠬᠤ ᠣᠷᠣᠨ ᠳᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠪᠠ ᠠᠭᠤᠷᠬᠠᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠴᠦᠯᠯᠡᠷᠬᠡᠭ ᠭᠠᠵᠠᠷ ᠣᠷᠣᠨ᠂ ᠨᠡᠭᠦᠷᠡᠰᠦ ᠮᠠᠯᠲᠠᠭᠠᠳ ᠴᠥᠮᠥᠷᠡᠭᠰᠡᠨ ᠣᠷᠣᠨ᠂ ᠠᠭᠤᠷᠬᠠᠢ ᠶᠢᠨ ᠤᠷᠤᠨ ᠤ ᠢᠯᠭᠠᠳᠠᠰᠤ ᠶᠢᠨ ᠲᠠᠯᠠᠪᠠᠢ ᠨᠤᠭᠤᠳ ᠲᠤ ᠭᠡᠷᠡᠯ ᠴᠡᠨᠡᠭ ᠤᠨ ᠴᠠᠬᠢᠯᠭᠠᠨ ᠥᠷᠲᠡᠭᠡ ᠪᠠ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ ᠳᠠᠮᠵᠢᠨ᠎ᠠ᠃ ᠭᠠᠵᠠᠷ ᠰᠢᠷᠣᠶ ᠶᠢ ᠠᠷᠪᠢᠲᠠᠶ ᠪᠦᠬᠡᠳ ᠡᠷᠴᠢᠮᠯᠢᠭ ᠠᠰᠢᠭᠯᠠᠵᠤ᠂ ᠴᠦᠯᠯᠡᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠ ᠶᠢ ᠠᠬᠢᠭᠤᠯᠤᠨ᠎ᠠ᠃      ᠪᠣᠬᠢᠷᠲᠤᠯ ᠦᠭᠡᠢ ᠪᠠᠷ ᠬᠥᠭᠵᠢᠭᠦᠯᠬᠦ ᠠᠷᠭ᠎ᠠ ᠬᠡᠯᠪᠡᠷᠢ ᠶᠢ ᠲᠦᠷᠬᠡᠬᠡᠨ ᠪᠤᠢ ᠪᠣᠯᠭᠠᠨ᠎ᠠ᠃ ᠭᠤᠤᠯᠳᠠᠯᠭ᠎ᠠ ᠲᠠᠢ ᠬᠦᠷᠢᠶ᠎ᠡ ᠴᠡᠷᠠᠭᠠᠨ ᠳᠠᠬᠢ ᠡᠨᠧᠷᠬᠢ ᠠᠷᠪᠢᠯᠠᠵᠦ ᠪᠤᠬᠢᠷ ᠪᠤᠳᠠᠰ ᠭᠠᠳ᠋ᠬᠠᠰᠢᠯᠠᠭᠤᠯᠬᠤ ᠶᠢ ᠪᠠᠭᠠᠰᠬᠠᠬᠤ ᠪᠠ ᠡᠨᠧᠷᠬᠢ ᠶᠢᠨ ᠬᠤᠷᠣᠭᠳᠠᠯ ᠶᠡᠭᠡ ᠲᠠᠢ ᠲᠥᠷᠥᠯ ᠵᠦᠢᠯ ᠤᠨ ᠡᠨᠧᠷᠭᠢ ᠠᠷᠪᠢᠯᠠᠬᠤ ᠲᠠᠯ᠎ᠠ ᠳᠤ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠬᠤᠷᠤᠭᠳᠠᠵᠣ ᠪᠠᠶᠢᠭ᠎ᠠ ᠶᠡᠷᠦᠩᠬᠡᠶ ᠬᠡᠮᠵᠢᠶ᠎ᠡ ᠪᠠ ᠬᠤᠷᠤᠭᠳᠠᠵᠤ ᠪᠠᠶᠢᠭ᠎ᠠ ᠪᠠᠶᠢᠳᠠᠯ ᠢ ᠴᠢᠩᠭ᠎ᠠ ᠡᠵᠡᠮᠰᠢᠨ᠎ᠡ᠃ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠪᠦᠬᠦ ᠲᠠᠯ᠎ᠠ ᠪᠠᠷ ᠵᠤᠭᠰᠤᠭᠠᠨ᠎ᠠ᠃ ᠠᠭᠤᠷᠬᠠᠢ ᠶᠢᠨ ᠭᠠᠵᠠᠷ ᠬᠦᠷᠦᠰᠦᠨ ᠤ ᠤᠷᠴᠢᠨ ᠲᠤᠭᠤᠷᠢᠨ ᠤ ᠵᠠᠰᠠᠯᠳᠠ ᠶᠢ ᠦᠷᠭᠦᠯᠵᠢᠯᠡᠨ ᠠᠬᠢᠭᠤᠯᠤᠨ᠎ᠠ᠃ ᠠᠭᠤᠷᠬᠠᠢ ᠳᠤ ᠬᠡᠷᠡᠭᠯᠡᠬᠦ ᠲᠡᠷᠬᠡ ᠶᠢ ᠴᠠᠬᠢᠯᠭᠠᠨ ᠬᠦᠳᠡᠯᠭᠡᠭᠦᠷᠲᠦ ᠮᠠᠰᠢᠨ ᠪᠣᠯᠭᠠᠬᠤ ᠦᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠠᠭᠤᠷᠬᠠᠶ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ᠃ ᠪᠣᠬᠢᠷᠲᠤᠯ ᠦᠭᠡᠢ ᠪᠦᠬᠡᠳ ᠨᠡᠭᠦᠷᠡᠰᠦᠲᠥ᠋ᠷᠥᠭᠴᠢ ᠶᠢ ᠪᠠᠭ᠎ᠠ ᠭᠠᠳᠠᠬᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ ᠬᠤᠭ ᠨᠣᠪᠰᠢ ᠶᠢ ᠲᠥᠷᠥᠯ ᠠᠩᠬᠢᠯᠠᠬᠤ ᠪᠠ ᠡᠬᠢ ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠤᠨ᠎ᠠ᠃      ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠭᠤᠷᠪᠡᠨ ᠣᠷᠣᠨ ᠵᠠᠢ ᠭᠤᠷᠪᠠᠡ ᠱᠤᠭᠤᠮ︾ ᠢ ᠬᠤᠪᠢᠶᠠᠷᠢᠯᠠᠨ ᠲᠣᠭᠲᠠᠭᠠᠬᠤ ᠪᠠ ᠴᠢᠩᠭ᠎ᠠ ᠰᠠᠬᠢᠵᠣ᠂ ᠤᠯᠤᠰ ᠤᠨ ᠨᠤᠳᠤᠭ ᠲᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ ᠵᠦᠪᠰᠢᠶᠡᠷᠡᠨ ᠤᠷᠤᠭᠤᠯᠬᠤ ᠨᠠᠷᠢᠨ ᠳᠠᠩᠰᠠ ᠶᠢ ᠲᠤᠨᠨᠳᠠᠭᠠᠨ᠎ᠠ᠃ ᠠᠮᠢ ᠠᠬᠤᠢ ᠶᠢᠨ ᠨᠦᠭᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠪᠤᠬᠢᠷᠳᠤᠯᠳᠤ ᠪᠤᠳᠠᠰ ᠭᠠᠳᠠᠭᠰᠢᠯᠠᠭᠤᠯᠬᠤ ᠡᠷᠬᠡ᠂ ᠣᠢ ᠰᠢᠭᠤᠶ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠠᠮᠢ ᠠᠬᠤᠢ ᠶᠢᠨ ᠰᠢᠰᠲ᠋ᠧᠮ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠦᠨᠡᠯᠡᠨ ᠵᠢᠱᠢᠬᠦ ᠰᠢᠰᠲ᠋ᠧᠮᠵᠢ ᠪᠠ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠨᠦᠬᠡᠴᠡ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃      ︵ᠳᠣᠯᠤᠭ᠎ᠠ︶ ᠣᠷᠣᠨ ᠪᠦᠰᠡ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ      ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠤᠬᠢᠷᠳᠤᠯ ᠦᠬᠡᠢ ᠪᠠᠷ ᠭᠦᠭᠵᠢᠬᠦᠯᠬᠦ ᠶᠢ ᠪᠠᠷᠢᠮᠳᠠᠯᠠᠵᠦ᠂ ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠤᠨᠨᠳᠠᠭᠠᠨ᠂ ᠰᠢᠯᠭᠠᠨ ᠬᠢᠨᠠᠬᠤ᠂ ᠱᠠᠩᠨᠠᠨ ᠨᠥᠬᠦᠪᠥᠷᠢᠯᠡᠭᠦ᠂ ᠡᠳ᠋ ᠤᠨ ᠵᠠᠰᠠᠭ ᠤᠨ ᠰᠢᠯᠵᠢᠭᠦᠯᠦᠨ ᠣᠯᠭᠤᠬᠤ ᠳᠤ ᠵᠦᠷᠢᠶ᠎ᠡ ᠲᠠᠢ ᠲᠣᠭᠲᠠᠴᠠ ᠶᠢ ᠪᠠᠶᠢᠭᠤᠯᠵᠤ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠣᠨ᠂ ᠥᠪᠡᠷᠲᠡᠭᠡᠨ ᠵᠠᠰᠠᠬᠤ ᠣᠷᠣᠨ ᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ ᠵᠤᠬᠢᠴᠠᠯᠳᠤᠨ ᠭᠦᠭᠵᠢᠬᠦ ᠶᠢ ᠨᠢᠭᠡᠳᠦᠯᠲᠡᠶ ᠲᠥᠯᠥᠪᠯᠡᠨ᠎ᠡ᠃ ᠵᠡᠭᠦᠨ ᠬᠡᠰᠡᠭ ᠤᠨ ᠠᠶᠢᠮᠠᠭ ᠬᠤᠳᠠ ᠶᠢ ᠮᠠᠨᠳᠤᠭᠤᠯᠤᠨ ᠭᠦᠭᠵᠢᠬᠦᠯᠬᠦ ᠪᠠᠨ ᠲᠦᠷᠬᠡᠳᠬᠡᠵᠦ᠂ ᠠᠮᠢ ᠠᠬᠤᠢ ᠶᠢᠨ ᠴᠢᠳᠠᠮᠵᠢ ᠶᠢ ᠨᠢ ᠲᠤᠪᠤᠶᠢᠯᠭᠠᠨ᠂ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠵᠤ ᠠᠬᠤᠶ ᠶᠢ ᠬᠥᠭᠵᠢᠭᠦᠯᠵᠦ᠂ ᠠᠮᠢ ᠠᠬᠤᠢ ᠶᠢ ᠠᠵᠦ ᠦᠢᠯᠡᠰᠵᠢᠬᠦᠯᠬᠦ᠂ ᠠᠵᠤ ᠦᠢᠯᠡᠰ ᠢ ᠠᠮᠢ ᠠᠬᠤᠶᠢᠴᠢᠯᠠᠬᠤ ᠶᠢ ᠠᠬᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠵᠢᠴᠢ ᠤᠯᠠᠭᠠᠨᠴᠠᠪ ᠤᠨ ᠵᠣᠬᠢᠴᠠᠩᠭᠤᠢ ᠬᠥᠭᠵᠢᠬᠦ ᠶᠢ ᠴᠢᠩᠭᠠᠳᠬᠠᠵᠦ᠂ ᠠᠵᠤ ᠦᠢᠯᠡᠰ ᠢ ᠲᠦᠪᠯᠡᠷᠡᠭᠦᠯᠵᠦ ᠡᠷᠴᠢᠮᠵᠢᠭᠦᠯᠦᠨ ᠪᠦᠭᠡᠮᠨᠡᠷᠡᠭᠦᠯᠭᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠦᠷᠢᠯᠳᠦᠭᠦᠯᠦᠨ᠎ᠡ᠃ ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢ ᠲᠦᠷᠭᠡᠳᠬᠡᠵᠦ᠂ ᠠᠯᠠᠱᠠ ᠶᠢᠨ ᠬᠤᠶᠢᠲᠤ ᠬᠡᠰᠡᠭ ᠤᠨ ᠠᠭᠤᠯᠠᠷᠬᠠᠭ ᠣᠷᠤᠨ ᠤ ᠡᠷᠦᠳᠡᠰᠦ ᠶᠢᠨ ᠪᠦᠰᠡ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ      ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠪᠠᠷ ᠵᠠᠰᠠᠬᠤ ᠶᠢ ᠬᠠᠮᠵᠢᠯᠴᠠᠨ ᠠᠬᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠤᠰᠤᠨ ᠰᠤᠷᠪᠤᠯᠵᠢ ᠶᠢ ᠬᠠᠮᠠᠭᠠᠯᠠᠵᠦ ᠪᠠᠲᠤᠯᠠᠬᠤ ᠠᠷᠭ᠎ᠠ ᠠᠪᠴᠠᠯ ᠢ ᠳᠡᠭᠡᠭᠰᠢᠯᠡᠭᠦᠯᠬᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ᠂ ᠨᠣᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠵᠠᠰᠠᠨ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠤᠨ᠎ᠠ᠃ ᠣᠰᠣᠨ ᠤ ᠬᠡᠮᠵᠢᠶ᠎ᠡ ᠪᠠᠷ ᠨᠡᠬᠡᠬᠡᠨ ᠠᠰᠢᠭᠯᠠᠬᠤ ᠪᠠ ᠤᠰᠤ ᠠᠷᠪᠢᠯᠠᠬᠤ ᠪᠠᠷ ᠭᠤᠣᠯᠳᠠᠭᠤᠯᠬᠤ ᠶᠢ ᠪᠠᠷᠢᠮᠲᠠᠯᠠᠨ᠂ ᠪᠦᠳᠦᠭᠦᠯᠢᠭ ᠪᠦᠬᠡᠳ ᠲᠤᠤᠷ᠎ᠠ ᠠᠰᠢᠭᠯᠠᠮᠵᠢ ᠲᠠᠢ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠤᠭᠠᠳ ᠠᠷᠪᠢᠲᠠᠢ ᠡᠷᠴᠢᠮᠲᠡᠢ ᠪᠤᠯᠭᠠᠨ᠎ᠠ᠃ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠦ᠂ ᠬᠠᠳᠤᠨ ᠭᠤᠤᠯ ᠳᠠᠭᠠᠤ ᠶᠢᠨ ᠡᠬᠢ ᠪᠠᠶᠠᠯᠢᠭ ᠤᠨ ᠬᠦᠴᠦᠨ ᠵᠦᠢᠯ ᠢ ᠲᠥᠪᠯᠡᠷᠡᠭᠦᠯᠣᠨ ᠪᠦᠭᠡᠮᠨᠡᠷᠡᠭᠦᠯᠬᠦ ᠪᠠ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠨᠠᠷᠢᠯᠢᠨᠨᠵᠢᠭᠤᠯᠤᠨᠨᠰᠠᠨ ᠬᠠᠮᠢᠶᠠᠷᠤᠯᠳᠠ ᠶᠢ ᠠᠬᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠲᠦᠪᠰᠢᠨ ᠢ ᠲᠡᠬᠡᠭᠰᠢᠯᠡᠬᠦᠯᠦᠨ᠂ ᠣᠶᠤᠨᠲᠤ ᠬᠤᠲᠠ᠂ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ ᠬᠤᠳᠠ ᠶᠢ ᠪᠦᠳᠦᠬᠡᠨ ᠪᠠᠶᠢᠭᠤᠯᠤᠨ᠎ᠠ᠃ ᠤᠷᠤᠨ ᠪᠦᠰᠡ ᠶᠢᠨ ᠭᠤᠤᠯ ᠲᠦᠪ ᠪᠤᠯᠬᠤ ᠬᠤᠳᠠ ᠶᠢᠨ ᠨᠦᠯᠦᠭᠡᠯᠡᠨ ᠲᠠᠶᠢᠴᠢᠯᠠᠬᠤ ᠦᠢᠯᠡᠳᠦᠯ ᠢ ᠪᠠᠳᠠᠷᠠᠭᠤᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠪᠠᠶᠢᠭ᠎ᠠ ᠭᠠᠵᠠᠷ ᠤᠨ ᠪᠠ ᠲᠥᠪ ᠪᠠᠯᠭᠠᠰᠤᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠣᠨᠴᠠᠯᠢᠭᠲᠤ ᠵᠢᠵᠢᠭ ᠪᠠᠯᠭᠠᠰᠤᠨ ᠤ ᠬᠥᠭᠵᠢᠯᠲᠡ ᠶᠢ ᠳᠠᠮᠵᠢᠨ᠎ᠠ᠃      ︵ᠨᠠᠢᠮᠠ︶ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ      ᠤᠯᠤᠰ ᠤᠨ ᠥᠮᠴᠢᠯᠡᠯᠳᠣ ᠠᠵᠤ ᠠᠬᠤᠶᠢᠯᠠᠯ ᠳᠤ ᠥᠭᠡᠷᠡᠴᠢᠯᠡᠯᠲᠡ ᠬᠢᠬᠦ ᠭᠤᠷᠪᠠᠨ ᠵᠢᠯ ᠤᠨ ᠠᠵᠢᠯᠯᠠᠭᠠᠨ ᠤ ᠲᠦᠰᠦᠯ ᠢ ᠲᠣᠭᠲᠠᠭᠠᠵᠤ ᠬᠡᠷᠡᠭᠵᠢᠭᠦᠯᠦᠨ᠂ ᠤᠯᠤᠰ ᠤᠨ ᠥᠮᠴᠢᠯᠡᠯᠳᠣ ᠡᠳ᠋ ᠬᠥᠷᠥᠩᠭᠡ ᠪᠠᠷ ᠪᠡᠯᠡ ᠣᠷᠣᠭᠤᠯᠵᠤ ᠡᠵᠡᠩᠨᠡᠨ ᠠᠵᠢᠯᠯᠠᠬᠤ ᠺᠣᠮᠫᠠᠨᠢ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠠᠬᠢ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠳᠣ ᠡᠳ᠋ ᠬᠥᠷᠥᠩᠭᠡ ᠳᠤ ᠲᠥᠪᠯᠡᠷᠡᠭᠦᠯᠵᠦ ᠨᠢᠭᠡᠳᠦᠯᠲᠡᠶ ᠬᠢᠨᠠᠯᠲᠠ ᠲᠠᠯᠪᠢᠵᠤ ᠬᠠᠮᠢᠶᠠᠷᠬᠤ ᠶᠢ ᠪᠡᠶᠡᠯᠡᠭᠦᠯᠦᠨ᠎ᠡ᠃ ᠬᠤᠯᠢᠮᠠᠭ ᠥᠮᠴᠢᠯᠡᠯᠳᠣ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠤᠯᠤᠰ ᠤᠨ ᠥᠮᠴᠢᠯᠡᠯᠳᠣ ᠪᠡᠯᠡ ᠮᠦᠡᠭᠭᠦ ᠶᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠬᠡᠯᠬᠢᠶᠡᠨ ᠳᠠᠬᠢ ᠳᠤᠮᠳᠠ ᠳᠡᠭᠡᠳᠦ ᠦᠵᠦᠬᠦᠷ ᠪᠠ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠲᠡᠶᠢᠰᠢ ᠪᠠᠶᠢᠷᠢᠰᠢᠭᠤᠯᠤᠯᠲᠠ ᠬᠢᠯᠭᠡᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠪᠠ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠨᠨᠳᠠᠢ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠥᠮᠴᠢᠯᠡᠯᠳᠣ ᠮᠦᠩᠭᠦᠨ ᠭᠦᠢᠯᠭᠡᠭᠡᠨ ᠤ ᠪᠡᠯᠡ ᠮᠦᠡᠭᠭᠦ ᠳᠤ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠡᠭ ᠰᠠᠭᠤᠷᠢᠨ ᠲᠥᠰᠥᠪ ᠤᠨ ᠱᠠᠭᠠᠷᠳᠠᠯᠭ᠎ᠠ ᠶᠣᠰᠣᠭᠠᠷ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃      ᠨᠡᠭᠡᠭᠡᠯᠲᠡ ᠬᠢᠬᠦ ᠪᠠᠷ ᠥᠭᠡᠷᠡᠴᠢᠯᠡᠯᠲᠡ᠂ ᠬᠥᠭᠵᠢᠯᠲᠡ ᠪᠠ ᠰᠢᠨ᠎ᠡ ᠡᠭᠦᠳᠦᠯᠲᠡ ᠪᠠᠨ ᠠᠬᠢᠭᠤᠯᠬᠤ ᠶᠢ ᠪᠠᠷᠢᠮᠲᠠᠯᠠᠵᠤ᠂ ᠨᠠᠩ ᠥᠨᠳᠥᠷ ᠲᠥᠪᠰᠢᠨ ᠲᠠᠢ ᠭᠠᠳᠠᠭᠠᠳᠤ ᠨᠡᠭᠡᠭᠡᠯᠲᠡ ᠬᠢᠬᠦ ᠶᠢ ᠠᠬᠢᠭᠤᠯᠤᠨ᠎ᠠ᠃ ᠣᠯᠠᠨ ᠡᠰᠢᠵᠢᠭᠰᠡᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠣᠢ ᠪᠣᠯᠭᠠᠨ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠎ᠠ᠃      ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠶᠡᠭᠡ ᠪᠠᠷ ᠬᠦᠭᠵᠢᠭᠦᠯᠵᠦ᠂ ᠬᠢᠯᠢ ᠶᠢᠨ ᠪᠣᠭᠤᠮᠲᠠ ᠪᠠ ᠣᠯᠠᠨ ᠤᠯᠤᠰ ᠯᠤᠭ᠎ᠠ ᠶᠢᠨ ᠨᠡᠪᠲᠡᠷᠡᠬᠦ ᠵᠠᠮ ᠤᠨ ᠨᠦᠯᠦᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠢᠯᠢ ᠶᠢᠨ ᠪᠣᠭᠤᠮᠲᠠ ᠬᠢᠭᠡᠳ ᠳᠣᠲᠤᠷ᠎ᠠ ᠭᠠᠵᠠᠷ ᠤᠨ ᠬᠤᠭᠤᠷᠤᠨᠳᠤᠬᠢ᠂ ᠠᠭᠠᠷ ᠠᠶᠠᠯᠠᠯ ᠤᠨ ᠬᠢᠯᠢ ᠶᠢᠨ ᠪᠤᠭᠤᠮᠲᠠ ᠬᠢᠭᠡᠳ ᠬᠠᠭᠤᠷᠠᠶ ᠳᠠᠬᠢ ᠬᠢᠯᠢ ᠶᠢᠨ ᠪᠣᠭᠤᠮᠲᠠ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠦᠢᠯᠭᠡᠭᠡᠨ ᠶᠡᠬᠡᠲᠡᠢ ᠪᠦᠲᠦᠭᠡᠭᠳᠡᠭᠦᠨ ᠢ ᠪᠤᠲᠠᠲᠠᠢ ᠭᠠᠵᠠᠷ ᠲᠤ ᠰᠠᠭᠤᠷᠢᠰᠢᠭᠤᠯᠵᠤ ᠪᠣᠯᠪᠠᠰᠤᠷᠠᠭᠤᠯᠬᠤ ᠶᠢ ᠠᠬᠢᠭᠤᠯᠵᠤ᠂ ᠨᠡᠪᠲᠡᠷᠡᠯ ᠵᠠᠮ ᠤᠨ ᠠᠵᠤ ᠠᠬᠤᠢ ᠶᠢ ᠰᠠᠭᠤᠷᠢᠰᠢᠮᠠᠯ ᠠᠵᠤ ᠠᠬᠤᠢ ᠪᠣᠯᠭᠠᠨ ᠬᠤᠪᠢᠷᠠᠭᠤᠯᠤᠨ᠎ᠠ᠃ ᠳᠤᠮᠳᠠᠳᠦ ᠤᠯᠤᠰ ︵ᠦᠪᠦᠷ ᠮᠤᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠤᠷᠤᠨ ᠢ ᠪᠠᠶᠢᠭᠤᠯᠬᠤ ᠪᠠᠷ ᠭᠤᠶᠤᠴᠢᠯᠠᠨ ᠮᠡᠳᠡᠭᠦᠯᠦᠨ᠎ᠡ᠃      ᠰᠢᠶᠠᠩᠭᠠᠩ ᠣᠣᠮᠧᠨ ᠤ ᠭᠠᠵᠠᠷ ᠣᠷᠣᠨ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠤᠨ᠂ ᠤᠯᠤᠰ ᠤᠨ ᠶᠠᠮᠤᠨ ᠵᠥᠪᠯᠡᠯ᠂ ᠪᠤᠰᠤᠳ ᠮᠣᠵᠢ ᠥᠪᠡᠷᠲᠡᠭᠡᠨ ᠵᠠᠰᠠᠬᠤ ᠣᠷᠣᠨ ᠬᠤᠲᠠ ᠪᠠ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠢ ᠵᠥᠪᠯᠡᠯᠴᠡᠭᠡᠷ ᠢ ᠮᠥᠷᠳᠡᠨ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠳᠠᠬᠢ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠦᠷᠢᠵᠢᠭᠤᠯᠵᠦ᠂ ᠲᠥᠷᠦ ᠶᠢᠨ ᠪᠣᠳᠣᠯᠭ᠎ᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠣᠨ᠎ᠠ᠃      ︵ᠶᠢᠰᠦ︶ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠤᠨ᠎ᠠ      ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠬᠡᠵᠢᠬᠦᠯᠵᠦ᠂ ᠡᠷᠬᠡᠲᠦ ᠠᠷᠠᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠣᠯᠠᠨ ᠲᠥᠮᠡᠨᠴᠢ ᠴᠢᠨᠠᠷᠲᠠᠢ ᠤᠶᠤᠨ ᠤ ᠪᠣᠯᠪᠠᠰᠤᠨ ᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠦᠨ᠂ ᠪᠠᠭᠠᠲᠤᠷᠴᠤᠳ ᠪᠠ ᠵᠢᠱᠢᠶᠡᠴᠢ ᠠᠴᠠ ᠲᠠᠭᠠᠨ ᠰᠤᠷᠤᠯᠴᠠᠵᠤ᠂ ᠪᠦᠬᠦ ᠨᠡᠶᠢᠭᠡᠮ ᠤᠨ ᠶᠣᠰᠣ ᠰᠤᠷᠲᠠᠬᠤᠨ ᠤ ᠲᠦᠪᠰᠢᠨ ᠪᠠ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠦᠯᠢᠭᠡᠷ ᠢ ᠲᠣᠭᠠᠴᠢᠨ ᠬᠦᠦᠷᠨᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠦᠵᠡᠭᠦᠯᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠪᠠ ᠴᠥᠬᠦᠷᠡᠰᠢ ᠦᠭᠡᠢ ᠤᠷᠤᠭᠰᠢᠯᠠᠬᠤ ᠵᠣᠷᠢᠭ ᠰᠠᠨᠠᠭᠠᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠨ᠎ᠡ᠃      ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ᠂ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠳᠤᠮᠳᠠᠲᠤ ᠶᠢᠨ ᠤᠯᠠᠮᠵᠢᠯᠠᠯᠲᠤ ᠰᠢᠯᠢᠳᠡᠭ ᠰᠣᠶᠣᠯ ᠪᠠ ᠬᠤᠪᠢᠰᠬᠠᠯᠲᠤ ᠰᠣᠶᠣᠯ ᠢ ᠵᠠᠯᠭᠠᠮᠵᠢᠯᠠᠨ ᠰᠤᠷᠲᠠᠯᠴᠢᠯᠠᠵᠤ᠂ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠪᠠᠷ ᠤᠯᠠᠷᠢᠭᠤᠯᠬᠤ ᠪᠠ ᠰᠢᠨ᠎ᠡ ᠡᠭᠦᠳᠦᠯᠳᠡ ᠲᠠᠢ ᠪᠠᠷ ᠬᠥᠭᠵᠢᠭᠦᠯᠬᠦ ᠶᠢ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠣᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠠᠷᠤ ᠬᠤᠷᠴᠢᠨ ᠤ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠢᠰᠲ᠋ᠧᠮ ᠢ ᠪᠦᠭᠦ ᠪᠦᠮᠪᠦᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠪᠠ ᠪᠠᠲᠠᠢ ᠶᠢᠨ ᠵᠢᠷᠠᠨ ᠡᠯᠡᠰᠦᠨ ᠴᠥᠯ ᠢ ᠳᠡᠯᠡᠬᠡᠢ ᠶᠢᠨ ᠪᠠᠶᠢᠭᠠᠯᠢ ᠶᠢᠨ ᠥᠪ ᠢᠶᠠᠷ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠥᠪᠥᠷ ᠮᠣᠩᠭᠤᠯ ᠤᠨ ᠬᠤᠪᠢᠰᠬᠠᠯᠳᠤ ᠲᠡᠤᠬᠡ ᠶᠢᠨ ᠮᠦᠽᠧᠢ᠂ ᠬᠢᠳᠠᠨ ᠯᠢᠶᠣᠤ ᠤᠯᠤᠰ ᠤᠨ ᠦᠶ᠎ᠡ ᠶᠢᠨ ᠳᠤᠷᠠᠰᠬᠠᠯᠲᠤ ᠵᠦᠢᠯ ᠤᠨ ᠮᠦᠽᠧᠢ ᠶᠢ ᠪᠠᠶᠢᠭᠤᠯᠤᠨ᠎ᠠ᠃ ︽ᠣᠶᠤᠨᠲᠤ ᠷᠠᠳᠢᠣ᠋ ᠲᠧᠯᠸᠢᠰ︾ ᠤᠨ ᠢᠨᠵᠧᠨᠧᠷᠢᠩ ᠢ ᠬᠡᠷᠡᠭᠵᠢᠭᠦᠯᠦᠨ᠂ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠰᠣᠶᠣᠯ ᠤᠷᠠᠯᠢᠭ ᠤᠨ ᠲᠣᠭᠯᠠᠯᠲᠠ ᠵᠡᠷᠭᠡ ᠠᠵᠢᠯ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠰᠣᠶᠣᠯ ᠤᠨ ᠠᠵᠤ ᠦᠢᠯᠡᠰ ᠢ ᠬᠦᠭᠵᠢᠭᠦᠯᠦᠨ᠂ ᠰᠣᠶᠣᠯ ᠤᠨ ᠵᠦᠭᠡᠯᠡᠨ ᠪᠤᠳᠠᠳᠤ ᠬᠦᠴᠦᠨ ᠢ ᠰᠢᠨ᠎ᠡ ᠦᠷᠢᠰᠦᠯᠳᠦᠬᠦ ᠬᠦᠴᠦᠨ ᠪᠣᠯᠭᠠᠨ᠎ᠠ᠃      ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠳᠤᠯᠠᠨ ᠰᠠᠶᠢᠵᠢᠷᠠᠭᠤᠯᠤᠨ᠎ᠠ      ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠨ᠂ ᠶᠡᠭᠡ ᠳᠡᠭᠡᠲᠥ ᠰᠤᠷᠭᠠᠭᠤᠯᠢ ᠠᠴᠠ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠦ ᠠᠵᠢᠯ ᠠᠯᠳᠠᠭᠰᠠᠳ᠂ ᠴᠡᠷᠢᠭ ᠤᠨ ᠠᠯᠪᠠ ᠠᠴᠠ ᠬᠠᠯᠬᠠᠳ᠋ᠬᠠᠰᠠᠳ ᠵᠡᠷᠭᠡ ᠭᠤᠣᠯᠳᠠᠯᠭ᠎ᠠ ᠲᠠᠢ ᠭᠦᠮᠦᠰ ᠲᠤ ᠠᠵᠢᠯ ᠤᠯᠭᠤᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠨᠢᠬᠡ ᠴᠤ ᠠᠵᠢᠯ ᠤᠯᠤᠭᠠᠳᠤᠢ ᠭᠡᠷ ᠪᠦᠯᠢ ᠳᠤ ᠬᠦᠳᠡᠯᠦᠩᠭᠦᠢ ᠪᠠᠷ ᠠᠵᠢᠯ ᠤᠯᠭᠤᠬᠤ ᠶᠢ ᠦᠨᠡᠨ ᠬᠦ ᠪᠠᠲᠤᠯᠠᠨ᠎ᠠ᠃ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠠᠬᠢᠭᠤᠯᠤᠨ᠂ ᠣᠯᠠᠨ ᠢᠶᠠᠷ ᠢᠶᠠᠨ ᠦᠢᠯᠡᠰ ᠴᠣᠭᠴᠠᠯᠠᠵᠤ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠪᠦᠬᠦ ᠣᠷᠣᠨ ᠤ ᠤᠯᠠᠨ ᠨᠡᠶᠢᠳᠡ ᠶᠢᠨ ᠠᠵᠢᠯ ᠣᠯᠭᠤᠯᠲᠠ ᠳᠤ ᠦᠢᠯᠡᠴᠢᠯᠡᠬᠦ ᠮᠡᠳᠡᠭᠡ ᠵᠠᠩᠬᠢᠴᠢᠯᠬᠠᠰᠠᠨ ᠨᠢᠭᠡᠳᠦᠯᠲᠡᠢ ᠲᠠᠪᠴᠠᠩ ᠢ ᠪᠠᠶᠢᠭᠤᠯᠵᠤ᠂ ᠠᠵᠢᠯ ᠡᠷᠢᠬᠦ᠂ ᠠᠵᠢᠯᠴᠢᠨ ᠬᠡᠷᠡᠭᠯᠡᠬᠦ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠪᠤᠯᠪᠠᠰᠤᠷᠠᠭᠤᠯᠬᠤ ᠲᠠᠢ ᠨᠢ ᠤᠨᠤᠪᠴᠢᠳᠠᠢ ᠵᠠᠯᠭᠠᠯᠳᠤᠭᠤᠯᠬᠤ ᠶᠢ ᠠᠬᠢᠭᠤᠯᠤᠨ᠂ ᠪᠦᠲᠦᠴᠡ ᠶᠢᠨ ᠴᠢᠨᠠᠷᠲᠠᠢ ᠪᠠᠷ ᠠᠵᠢᠯ ᠣᠯᠭᠤᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠰᠤᠷᠭᠠᠨ ᠬᠦᠮᠦᠵᠢᠯ ᠤᠨ ᠠᠵᠢᠯ ᠦᠢᠯᠡᠰ ᠢ ᠡᠩ ᠲᠡᠷᠢᠭᠦᠨ ᠳᠤ ᠬᠦᠭᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠲᠦᠬᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠢ ᠨᠡᠮᠡᠭᠳᠡᠭᠦᠯᠵᠦ᠂ ᠰᠤᠮᠤ ᠰᠢᠶᠠᠩ ᠪᠠᠯᠭᠠᠰᠤᠨ ᠤ ᠪᠠᠶᠢᠷᠢ ᠳᠤ ᠰᠠᠭᠤᠯᠭᠠᠬᠤ ᠳᠥᠷᠢᠮᠲᠦ ᠰᠤᠷᠭᠠᠭᠤᠯᠢ ᠪᠠ ᠬᠦᠳᠡᠭᠡ ᠲᠤᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ ᠡᠩ ᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠣᠯᠠᠨ ᠶᠠᠩᠵᠦ ᠲᠠᠢ ᠪᠥᠭᠡᠳ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠣ᠂ ︽ᠬᠤᠣᠰ ᠲᠡᠷᠢᠭᠦᠨ ᠲᠡᠰ︾ ᠤᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠬᠦ ᠰᠤᠷᠤᠭᠴᠢ ᠪᠠᠨ ᠨᠡᠮᠡᠭᠳᠡᠬᠦᠯᠵᠦ ᠴᠢᠨᠠᠷ ᠴᠢᠨᠰᠠᠭ᠎ᠠ ᠪᠠᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭᠠᠨ ᠢ ᠥᠷᠨᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠦᠭᠵᠢᠭᠦᠯᠵᠦ᠂ ᠣᠨᠴᠠᠭᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠡᠮᠵᠢᠬᠦ ᠪᠠ ᠵᠢᠷᠤᠮᠵᠢᠭᠤᠯᠤᠨ᠎ᠠ᠃ ᠦᠷᠭᠦᠯᠵᠢᠯᠡᠭᠰᠡᠨ ᠰᠤᠷᠭᠠᠨ ᠬᠦᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠦᠮᠦᠵᠢᠯ᠂ ᠨᠠᠰᠤᠲᠠᠶᠢᠴᠤᠳ ᠤᠨ ᠰᠤᠷᠭᠠᠨ ᠬᠦᠮᠦᠵᠢᠯ ᠢ ᠬᠦᠭᠵᠢᠭᠦᠯᠦᠨ᠂ ᠨᠠᠰᠤᠨ ᠲᠤᠷᠰᠢᠳᠠ ᠰᠤᠷᠤᠯᠴᠠᠬᠤ ᠰᠤᠷᠭᠠᠨ ᠬᠦᠮᠦᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ ᠥᠪᠥᠷ ᠮᠣᠩᠭᠤᠯ ᠤᠨ ᠨᠡᠶᠢᠭᠡᠮ ᠵᠢᠷᠤᠮᠲᠦ ᠲᠡᠬᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ᠃      ᠡᠷᠡᠭᠦᠯ ᠡᠩᠬᠡ ᠥᠪᠥᠷ ᠮᠣᠩᠭᠤᠯ ᠢ ᠪᠠᠶᠢᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ ᠡᠮᠴᠢᠯᠡᠭᠡ᠂ ᠡᠮᠴᠢᠯᠡᠬᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠣᠭᠠᠯᠠᠨ ᠬᠦᠳᠡᠯᠥᠯᠴᠡᠬᠦ ᠶᠢ ᠭᠦᠨᠵᠡᠭᠡᠶᠢᠷᠡᠭᠦᠯᠵᠦ᠂ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠬᠠᠮᠲᠤ ᠴᠣᠭᠴᠠ ᠶᠢ ᠪᠠᠶᠢᠭᠤᠯᠤᠨ᠂ ᠱᠠᠲᠦ ᠬᠤᠪᠢᠶᠠᠨ ᠤᠨᠤᠰᠢᠯᠠᠨ ᠡᠮᠴᠢᠯᠡᠬᠦ ᠳᠦᠷᠢᠮ ᠢ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠲᠤᠭᠤᠷᠢᠭ ᠤᠨ ᠡᠮᠴᠢᠯᠡᠭᠡ ᠪᠠ ᠠᠯᠤᠰ ᠡᠮᠴᠢᠯᠡᠭᠡᠨ ᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠨᠳᠦ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠠᠵᠢᠯ ᠤᠨ ᠨᠦᠯᠦᠭᠡᠨ ᠤ ᠡᠪᠡᠳᠴᠢᠨ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠲᠠᠢ ᠪᠣᠯᠬᠤ ᠶᠢ ᠰᠡᠷᠭᠡᠶᠢᠯᠡᠨ ᠡᠵᠡᠮᠰᠢᠬᠦ ᠠᠵᠢᠯ ᠢ ᠰᠠᠶᠢᠲᠤᠷ ᠬᠢᠨ᠎ᠡ᠃ ᠬᠦᠨᠳᠦ ᠡᠪᠡᠳᠴᠢᠨ ᠳᠤ ᠬᠡᠷᠡᠭᠯᠡᠬᠦ ᠡᠮ ᠢ ᠡᠮᠴᠢᠯᠡᠬᠡᠨ ᠤ ᠳᠠᠭᠠᠳᠬᠠᠯ ᠳᠤ ᠣᠷᠤᠭᠤᠯᠤᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠰᠠᠭᠤᠷᠢ ᠪᠡᠯᠡᠳᠭᠡᠮᠵᠢ ᠪᠠ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠬᠠᠵᠢᠭᠤᠯᠬᠤ ᠪᠠ ᠪᠦᠬᠦ ᠠᠷᠠᠳ ᠢᠶᠠᠷ ᠢᠶᠠᠨ ᠡᠷᠡᠭᠦᠯ ᠴᠢᠬᠢᠷᠠᠭ ᠪᠠᠶᠢᠬᠤ ᠶᠢᠨ ᠠᠭᠤᠰᠤᠯᠴᠠᠨ ᠬᠦᠭᠵᠢᠬᠦ ᠶᠢ ᠠᠬᠢᠭᠤᠯᠤᠨ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠣᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃      ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠭᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦᠨ ᠤ ᠲᠠᠯ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ ᠪᠠ ᠠᠵᠢᠯ ᠠᠴᠠ ᠪᠣᠯᠣᠭᠰᠠᠨ ᠭᠡᠮᠳᠥᠯ ᠤᠨ ᠳᠠᠭᠠᠳᠬᠠᠯ ᠤᠨ ᠲᠠᠯ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠴᠠᠭ ᠲᠤᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠭᠤᠬᠤ ᠶᠢ ᠪᠠᠲᠤᠯᠠᠨ᠎ᠠ᠃ ᠬᠤᠲᠠ ᠭᠦᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠯ ᠲᠤᠰᠠᠯᠠᠮᠵᠢ᠂ ᠨᠡᠶᠢᠭᠡᠮ ᠤᠨ ᠠᠰᠠᠷᠠᠮᠵᠢ᠂ ᠠᠰᠠᠷᠠᠨ ᠬᠠᠷᠠᠭᠠᠯᠵᠠᠵᠤ ᠲᠦᠪᠬᠢᠨᠡᠭᠦᠯᠬᠦ ᠵᠡᠷᠭᠡ ᠳᠥᠷᠢᠮ ᠢ ᠲᠡᠭᠦᠯᠳᠡᠷᠵᠢᠭᠦᠯᠦᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢᠶᠠᠨ ᠴᠠᠭ ᠲᠤᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠬᠤ ᠶᠢ ᠪᠠᠲᠤᠯᠠᠨ᠎ᠠ ᠃ ᠴᠡᠷᠢᠭ ᠤᠨ ᠠᠯᠪᠠ ᠠᠴᠠ ᠬᠠᠯᠬᠠᠳ᠋ᠬᠠᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠳᠠ᠂ ᠬᠦᠮᠦᠯᠢᠭ ᠠᠪᠤᠷᠠᠯ ᠲᠤᠰᠠᠯᠠᠮᠵᠢ᠂ ᠰᠠᠶᠢᠨ ᠲᠤᠷ᠎ᠠ ᠶᠢᠨ ᠦᠢᠯᠡᠴᠢᠯᠡᠭᠡ ᠪᠠ ᠨᠢᠭᠦᠯᠡᠰᠦᠩᠭᠦᠢ ᠶᠢᠨ ᠠᠵᠢᠯ ᠦᠢᠯᠡᠰ ᠤᠨ ᠡᠷᠡᠭᠦᠯ ᠢᠶᠠᠷ ᠭᠦᠭᠵᠢᠬᠦ ᠶᠢ ᠳᠡᠮᠵᠢᠨ᠎ᠡ᠃ ᠡᠮᠡᠭᠲᠡᠶᠢᠴᠤᠳ ᠤᠨ ᠬᠠᠮᠢᠶ᠎ᠠ ᠪᠦᠬᠦᠢ ᠠᠵᠢᠯ ᠤᠨ ᠬᠦᠭᠵᠢᠯᠲᠡ ᠶᠢᠨ ᠬᠦᠲᠦᠯᠪᠦᠷᠢ ᠪᠠ ᠬᠡᠦᠬᠡᠳ ᠤᠨ ᠦᠰᠦᠯᠲᠡ ᠪᠤᠶᠢᠵᠢᠯᠲᠡ ᠶᠢᠨ ᠬᠦᠲᠦᠯᠪᠦᠷᠢ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠡᠮᠡᠭᠲᠡᠶᠢᠴᠦᠳ᠂ ᠬᠡᠦᠬᠡᠳ ᠪᠠᠭᠠᠴᠤᠳ᠂ ᠨᠠᠰᠤᠲᠠᠶᠢᠴᠤᠳ ᠪᠠ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃      ᠭᠡᠷ ᠪᠠᠶᠢᠰᠢᠩ ᠭᠠᠵᠠᠷ ᠬᠦᠷᠦᠩᠭᠡ ᠶᠢᠨ ᠥᠩᠭᠡᠷᠡᠭᠰᠡᠨ ᠤ ᠦᠯᠡᠳᠡᠭᠳᠡᠯ ᠠᠰᠠᠭᠤᠳᠠᠯ ᠤᠳ ᠢ ᠦᠷᠭᠦᠯᠵᠢᠯᠡᠨ ᠰᠢᠢᠳᠪᠦᠷᠢᠯᠡᠵᠤ᠂ ᠬᠤᠲᠠ ᠪᠠᠯᠭᠠᠰᠤᠨ ᠤ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠤᠳ ᠢ ᠦᠬᠡᠷᠡᠴᠢᠯᠡᠨ ᠰᠢᠨᠡᠳᠬᠡᠵᠦ᠂ ᠬᠤᠲᠠ ᠶᠢᠨ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠬᠤ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠬᠡᠳ ᠡᠷᠡᠭᠦᠯ ᠢᠶᠠᠷ ᠭᠦᠭᠵᠢᠬᠦ ᠶᠢ ᠠᠬᠢᠭᠤᠯᠤᠨ᠎ᠠ᠃      ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠤᠭᠠᠷ ᠬᠠᠮᠢᠶᠠᠷᠴᠤ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠵᠡᠬᠦᠯᠬᠦ ᠱᠠᠰᠢᠨ ᠤ ᠡᠲᠡᠭᠡᠳ ᠤᠨ ᠬᠢᠨ ᠪᠠ ᠱᠠᠰᠢᠨ ᠰᠢᠲᠦᠬᠦ ᠤᠯᠠᠨ ᠲᠦᠮᠡᠨ ᠤ ᠢᠳᠡᠪᠬᠢ ᠦᠢᠯᠡᠳᠦᠯ ᠢ ᠪᠠᠳᠠᠷᠠᠭᠤᠯᠤᠨ᠎ᠠ᠃      ᠤᠯᠤᠰ ᠤᠨ ᠪᠠᠲᠤᠯᠠᠨ ᠬᠠᠮᠠᠭᠠᠯᠠᠯᠳᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠨ᠎ᠠ᠃      ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠴᠦ᠂ ᠨᠡᠶᠢᠭᠡᠮ ᠤᠨ ᠠᠮᠤᠷ ᠢ ᠬᠠᠮᠠᠭᠠᠯᠠᠬᠤ ᠲᠠᠯ᠎ᠠ ᠳᠤ ᠪᠤᠰᠤᠭ᠎ᠠ ᠴᠤᠨᠨᠴᠠᠵᠢᠭᠤᠯᠤᠨᠨᠰᠠᠨ ᠮᠡᠳᠡᠭᠡ ᠵᠠᠩᠬᠢᠴᠢᠯᠬᠠᠰᠠᠨ ᠰᠡᠷᠭᠡᠶᠢᠯᠡᠨ ᠡᠵᠡᠮᠰᠢᠬᠦ ᠰᠢᠰᠲ᠋ᠧᠮᠵᠢ ᠶᠢ ᠪᠦᠷᠢᠨᠰᠢᠭᠦᠯᠵᠣ᠂ ᠵᠠᠬᠢᠳᠠᠯ ᠰᠤᠷᠪᠤᠯᠵᠢᠯᠠᠯ ᠤᠨ ᠠᠵᠢᠯ ᠢᠶᠠᠨ ᠬᠠᠤᠯᠢᠵᠢᠭᠤᠯᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠢ ᠭᠦᠨᠵᠡᠭᠡᠶᠢᠷᠡᠭᠦᠯᠦᠨ᠎ᠡ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠳᠠᠯᠠᠵᠤ᠂ ᠣᠨᠴᠠ ᠬᠦᠨᠳᠦ ᠶᠡᠭᠡ ᠠᠳᠡᠯ ᠭᠠᠷᠬᠤ ᠶᠢ ᠰᠡᠷᠬᠡᠶᠢᠯᠡᠨ ᠬᠤᠷᠢᠨᠨᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠠᠮᠰᠢᠭ ᠢ ᠰᠡᠷᠬᠡᠶᠢᠯᠡᠵᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃ ᠭᠠᠵᠠᠷ ᠰᠢᠨᠵᠢᠯᠡᠭᠡᠨ᠂ ᠴᠠᠭ ᠠᠭᠤᠷ᠂ ᠬᠡᠮᠵᠢᠨ ᠵᠢᠷᠤᠬᠤ ᠵᠡᠷᠭᠡ ᠠᠵᠢᠯ ᠢ ᠰᠠᠶᠢᠲᠤᠷ ᠬᠢᠨ᠎ᠡ᠃      ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭ᠎ᠠ ᠪᠣᠯ ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠦ᠂ ᠠᠵᠤ ᠠᠬᠤᠢ ᠶᠢᠨ ᠪᠦᠲᠦᠴᠡ ᠪᠠᠨ ᠰᠢᠯᠢᠳᠡᠭᠵᠢᠬᠦᠯᠦᠨ᠂ ᠨᠡᠮᠡᠭᠳᠡᠯ ᠤᠨ ᠭᠦᠳᠡᠯᠬᠡᠭᠴᠢ ᠬᠦᠴᠦᠨ ᠢᠶᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠪᠢᠳᠡ ᠭᠦᠢᠴᠡᠳ ᠰᠠᠨᠠᠯ ᠬᠤᠷᠢᠶᠠᠨ᠂ ᠭᠦᠨᠵᠡᠬᠡᠢ ᠰᠤᠳᠤᠯᠤᠨ ᠨᠤᠳᠠᠯᠠᠵᠦ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠦᠭᠵᠢᠯᠲᠡ ᠶᠢᠨ ᠲᠥᠯᠥᠪᠵᠢᠭᠦᠯᠭᠡ ᠶᠢ ᠴᠢᠨᠠᠷ ᠲᠠᠢ ᠰᠠᠶᠢᠲᠤᠷ ᠨᠠᠶᠢᠷᠠᠭᠤᠯᠤᠨ ᠵᠣᠬᠢᠶᠠᠨ᠎ᠠ᠃      ᠭᠤᠷᠪᠠ᠂ ᠵᠠᠰᠠᠭ ᠤᠨ ᠤᠷᠳᠤᠨ ᠤ ᠵᠠᠰᠠᠯᠳᠠ ᠶᠢᠨ ᠴᠢᠳᠠᠪᠤᠷᠢ ᠶᠢ ᠪᠥᠬᠦ ᠲᠠᠯ᠎ᠡ ᠪᠠᠷ ᠳᠡᠭᠡᠭᠰᠢᠯᠡᠭᠦᠯᠥᠨ᠎ᠡ      ᠪᠢᠳᠠᠨ ᠤ ᠵᠠᠰᠠᠭ ᠤᠨ ᠤᠷᠳᠤᠨ ᠪᠤᠯ ᠠᠷᠠᠳ ᠲᠥᠮᠡᠨ ᠤ ᠵᠠᠰᠠᠭ ᠤᠨ ᠤᠷᠳᠤᠨ ᠮᠥᠨ᠂ ᠡᠷᠬᠡᠪᠰᠢ ᠠᠷᠠᠳ ᠲᠥᠮᠡᠨ ᠳᠤ ᠥᠢᠯᠡᠴᠢᠯᠡᠬᠦ᠂ ᠠᠷᠠᠳ ᠲᠥᠮᠡᠨ ᠳᠤ ᠬᠠᠷᠢᠭᠤᠴᠠᠬᠤ᠂ ᠠᠷᠠᠳ ᠲᠥᠮᠡᠨ ᠤ ᠬᠢᠨᠠᠯᠲᠠ ᠶᠢ ᠬᠥᠯᠢᠶᠡᠬᠦ ᠶᠢ ᠢᠮᠠᠭᠲᠠ ᠪᠠᠷᠢᠮᠲᠠᠯᠠᠵᠣ᠂ ᠠᠷᠠᠳ ᠲᠥᠮᠡᠨ ᠳᠤ ᠲᠠᠭᠠᠰᠢᠶᠠᠭᠳᠠᠭᠰᠠᠨ ᠦᠢᠯᠡᠴᠢᠯᠡᠬᠦ ᠬᠡᠯᠪᠡᠷᠢ ᠪᠦᠬᠦᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠬᠤ ᠬᠡᠷᠡᠭᠲᠡᠢ᠃      ᠪᠢᠳᠠ ︽ᠳᠥᠷᠪᠡᠨ ᠥᠵᠡᠯ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠥᠷᠢᠲᠥ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠣ ᠪᠤᠲᠠᠲᠠᠶᠢᠵᠢᠭᠤᠯᠬᠤ ᠶᠢ ᠪᠠᠲᠤᠯᠠᠵᠤ᠂ ᠵᠠᠷᠯᠢᠭ ᠴᠠᠭᠠᠵᠠ ᠶᠢ ᠳᠠᠭᠠᠵᠤ᠂ ᠵᠠᠰᠠᠭ ᠤᠨ ᠵᠠᠷᠯᠢᠭ ᠤᠨ ᠰᠠᠭᠠᠳ ᠥᠭᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃      ᠪᠢᠳᠡ ᠡᠭᠦᠷᠭᠡ ᠲᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠶᠢ ᠪᠠᠷᠢᠮᠲᠠᠯᠠᠵᠣ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠤᠨ ᠢ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠯᠲᠠ ᠶᠢ ᠬᠠᠤᠯᠢ ᠶᠤᠰᠤᠭᠠᠷ ᠬᠥᠯᠢᠶᠡᠵᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ᠂ ᠬᠢᠨᠠᠨ ᠪᠣᠳᠤᠯᠲᠠ ᠪᠠᠷ ᠬᠢᠨᠡᠯᠲᠠ ᠲᠠᠯᠪᠢᠬᠤ ᠪᠠᠨ ᠴᠢᠩᠭᠠᠷᠠᠭᠤᠯᠵᠤ᠂ ᠨᠡᠶᠢᠭᠡᠮ ᠤᠨ ᠪᠠ ᠶᠠᠷᠢᠶ᠎ᠡ ᠬᠡᠯᠡᠯᠴᠡᠭᠡᠨ ᠤ ᠬᠢᠨᠡᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠥᠯᠢᠶᠡᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠂ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠲᠡᠯᠡᠬᠦ ᠳᠥᠷᠢᠮ ᠢ ᠲᠡᠭᠦᠯᠳᠡᠷᠵᠢᠭᠦᠯᠵᠣ ᠂ ᠬᠠᠤᠯᠢ ᠶᠤᠰᠤᠭᠠᠷ ᠠᠮᠠᠯᠠᠭᠰᠠᠨ ᠢᠶᠠᠨ ᠬᠢᠨᠠᠮᠠᠭᠠᠢ ᠭᠦᠢᠴᠡᠳᠭᠡᠵᠦ᠂ ᠦᠨᠡᠨᠴᠢ ᠢᠲᠡᠭᠡᠮᠵᠢᠲᠡᠢ ᠵᠠᠰᠠᠭ ᠤᠨ ᠤᠷᠳᠤᠨ ᠢ ᠪᠠᠶᠢᠭᠤᠯᠤᠨ᠎ᠠ᠃      ᠪᠢᠳᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠣ᠂ ᠠᠷᠢᠭᠤᠨ ᠴᠢᠭᠡᠴᠢ ᠵᠠᠰᠠᠭ ᠤᠨ ᠣᠷᠳᠤᠨ ᠢ ᠪᠠᠶᠢᠭᠤᠯᠤᠨ᠎ᠠ᠃ ᠬᠡᠯᠪᠡᠷᠢᠴᠢ ᠥᠵᠡᠯ᠂ ᠨᠤᠶᠠᠨᠴᠢ ᠰᠤᠷᠲᠠᠯ ᠢ ᠡᠷᠡᠰ ᠡᠰᠡᠷᠭᠦᠴᠡᠨ᠎ᠠ᠃ ᠠᠷᠪᠢᠲᠠᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ᠂ ᠠᠯᠢᠪᠠ ᠠᠵᠢᠯ ᠦᠢᠯᠡᠰ ᠢ ᠠᠷᠪᠢᠴᠢ ᠭᠠᠮᠲᠠᠢ ᠪᠠᠷ ᠭᠦᠢᠴᠡᠳᠭᠡᠵᠦ᠂ ᠥᠨᠥ ᠵᠢᠯ ᠳᠤ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠲᠤᠰᠬᠠᠢ ᠵᠥᠢᠯ ᠤᠨ ᠲᠤᠬᠠᠶᠢᠯᠠᠭᠰᠠᠨ ᠠᠵᠢᠯ ᠤᠨ ᠵᠠᠷᠤᠳᠠᠯ ᠢ 10% ᠪᠠᠭᠤᠷᠠᠭᠤᠯᠵᠤ᠂ ᠭᠤᠣᠯᠳᠠᠯᠭ᠎ᠠ ᠶᠢᠨ ᠪᠤᠰᠤ ᠲᠤᠰᠬᠠᠢ ᠵᠥᠢᠯ ᠤᠨ ᠪᠡᠯᠡ ᠮᠥᠩᠬᠦ ᠶᠢ 20% ᠪᠠᠭᠠᠰᠬᠠᠨ᠎ᠠ᠃      ᠪᠢᠳᠡ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠷᠠᠭᠤᠯᠤᠨ᠂ ᠥᠨᠡᠨ ᠢ ᠪᠠᠷᠢᠮᠲᠠᠯᠠᠨ ᠪᠤᠲᠠᠲᠠᠢ ᠶᠢ ᠡᠷᠬᠢᠮᠯᠡᠬᠦ ᠰᠤᠷᠲᠠᠯ ᠢᠶᠠᠷ ᠠᠰᠠᠭᠤᠳᠠᠯ ᠢ ᠨᠢᠭᠲᠠ ᠴᠢᠩᠭ᠎ᠠ ᠠᠩᠬᠠᠷᠤᠨ ᠮᠦᠷᠳᠡᠵᠦ᠂ ᠠᠵᠢᠯ ᠢᠶᠠᠨ ᠯᠠᠪᠳᠠᠭᠤᠨ ᠪᠠᠲᠤᠲᠠᠢ ᠪᠤᠲᠠᠲᠠᠶᠢᠵᠢᠭᠤᠯᠤᠨ ᠪᠡᠶᠡᠯᠡᠭᠦᠯᠵᠦ᠂ ︽ᠡᠴᠦᠰ ᠤᠨ ᠨᠢᠭᠡ ᠺᠢᠯᠥᠮᠧᠲᠷ︾ ᠤᠨ ᠠᠰᠠᠭᠤᠳᠠᠯ ᠢ ᠰᠠᠶᠢᠲᠤᠷ ᠰᠢᠢᠳᠪᠥᠷᠢᠯᠡᠨ᠎ᠡ᠃      ᠲᠦᠯᠦᠭᠡᠯᠡᠭᠴᠢᠳ ᠡ︕ ᠥᠪᠥᠷ ᠮᠤᠩᠭᠤᠯ ᠪᠤᠯ ᠮᠠᠨ ᠤ ᠤᠯᠤᠰ ᠤᠨ ᠥᠨᠳᠥᠰᠥᠲᠡᠨ ᠤ ᠤᠷᠤᠨ ᠤ ᠥᠪᠡᠷᠲᠡᠭᠡᠨ ᠵᠠᠰᠠᠬᠤ ᠳᠦᠷᠢᠮ ᠢ ᠡᠬᠢᠯᠡᠨ ᠬᠡᠷᠡᠭᠵᠢᠭᠦᠯᠦᠭᠰᠡᠨ ᠭᠠᠵᠠᠷ ᠪᠥᠭᠡᠳ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠤᠷᠤᠨ ᠪᠣᠯᠬᠤᠷ᠂ ᠥᠨᠳᠥᠰᠥᠳᠡᠨ ᠤ ᠪᠦᠯᠬᠦᠮᠳᠡᠯ ᠤᠨ ᠢᠷᠡᠭᠤ ᠠᠯᠲᠠᠷᠲᠤ ᠤᠳᠤᠮᠰᠢᠯ ᠲᠠᠢ ᠶᠤᠮ᠃ ᠰᠢᠨ᠎ᠡ ᠴᠠᠭ ᠥᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠤᠷᠤᠨ ᠤ ᠡᠷᠬᠢᠮ ᠳᠡᠭᠡᠳᠥ ᠢᠷᠠᠭᠤ ᠠᠯᠳᠠᠷ ᠢᠶᠠᠨ ᠪᠠᠲᠤᠯᠠᠬᠤ ᠪᠤᠯ᠂ ᠶᠡᠷᠥᠩᠬᠡᠢ ᠱᠥᠵᠢ ᠰᠢ ᠶᠢᠨ ᠫᠢᠩ ᠤᠨ ᠨᠠᠨᠳᠢᠨ ᠬᠦᠰᠡᠯ ᠨᠠᠶᠢᠳᠠᠯᠭ᠎ᠠ ᠮᠥᠨ᠂ ᠮᠥᠨ ᠴᠦ ᠪᠥᠬᠦ ᠤᠷᠤᠨ ᠤ ᠥᠨᠳᠥᠰᠥᠲᠡᠨ ᠨᠦᠭᠦᠳ ᠤᠨ ᠺᠠᠳ᠋ᠷ ᠤᠯᠠᠨ ᠲᠥᠮᠡᠨ ᠤ ᠬᠠᠮᠲᠥ ᠶᠢᠨ ᠲᠡᠤᠬᠡᠲᠦ ᠬᠠᠷᠢᠭᠤᠴᠠᠯᠭ᠎ᠠ ᠮᠥᠨ᠃ ᠪᠢᠳᠡ ᠡᠷᠬᠡᠪᠰᠢ ᠥᠨᠳᠥᠰᠥᠲᠡᠨ ᠤ ᠪᠦᠯᠬᠦᠮᠳᠡᠯ ᠢ ᠨᠢᠲᠥ ᠲᠠᠢ ᠪᠠᠨ ᠠᠳᠠᠯᠢ ᠬᠠᠶᠢᠷᠠᠯᠠᠨ ᠬᠠᠮᠠᠭᠠᠯᠠᠵᠦ᠂ ᠥᠨᠳᠥᠰᠥᠲᠡᠨ ᠤ ᠪᠥᠯᠬᠦᠮᠳᠡᠯ ᠢ ᠠᠮᠢ ᠨᠠᠰᠤ ᠲᠠᠢ ᠪᠠᠨ ᠠᠳᠠᠯᠢ ᠡᠷᠬᠢᠮᠯᠡᠨ ᠨᠠᠨᠳᠢᠩᠨᠠᠬᠤ ᠬᠡᠷᠡᠭᠲᠡᠢ᠃ ᠥᠨᠳᠥᠰᠥᠲᠡᠨ ᠤ ᠤᠷᠤᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠬᠤ ᠪᠡ ᠲᠡᠭᠦᠯᠳᠡᠷᠵᠢᠭᠦᠯᠵᠤ᠂ ᠥᠨᠳᠥᠰᠥᠳᠡᠨ ᠤ ᠲᠣᠬᠠᠢ ᠨᠠᠮ ᠤᠨ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠎ᠠ᠃ ᠬᠢᠯᠢ ᠬᠢᠵᠠᠭᠠᠷ ᠤᠷᠤᠨ ᠢᠶᠠᠨ ᠬᠥᠭᠵᠢᠭᠦᠯᠵᠥ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠵᠤ᠂ ᠬᠢᠯᠢ ᠠᠴᠠ ᠤᠶᠢᠷᠠᠯᠴᠠᠭ᠎ᠠ ᠪᠤᠰᠤ ᠰᠠᠭᠤᠭ᠎ᠠ ᠠᠷᠠᠳ ᠤᠨ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠣᠨ᠂ ᠴᠥᠭᠡᠨ ᠲᠤᠭᠠᠲᠤ ᠥᠨᠳᠥᠰᠥᠲᠡᠨ ᠤ ᠲᠥᠪᠯᠡᠷᠡᠨ ᠰᠠᠭᠤᠭ᠎ᠠ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠥᠷᠭᠡᠳᠬᠡᠨ᠎ᠡ᠃ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠨ ᠬᠡᠷᠡᠭᠯᠡᠬᠦ ᠪᠠ ᠬᠦᠭᠵᠢᠭᠦᠯᠵᠦ᠂ ᠴᠥᠬᠡᠨ ᠲᠣᠭᠠᠳᠤ ᠦᠨᠳᠦᠰᠦᠲᠡᠨ ᠤ ᠡᠷᠲᠡᠨ ᠤ ᠨᠤᠮ ᠰᠤᠳᠤᠷ ᠢ ᠬᠠᠮᠠᠭᠠᠯᠠᠵᠣ ᠡᠮᠬᠢᠯᠡᠨ ᠲᠢᠭᠯᠡᠬᠦ ᠪᠠ ᠰᠤᠳᠤᠯᠬᠤ ᠪᠠᠨ ᠴᠢᠩᠭᠠᠳᠬᠠᠨ᠂ ᠬᠤᠲᠠ ᠶᠢᠨ ᠥᠨᠳᠥᠰᠥᠲᠡᠨ ᠤ ᠲᠠᠯ᠎ᠠ ᠪᠠᠷ ᠬᠢ ᠠᠵᠢᠯ ᠢ ᠰᠠᠶᠢᠲᠤᠷ ᠬᠢᠨ᠎ᠡ᠃ ᠥᠨᠳᠥᠰᠥᠲᠡᠨ ᠤ ᠪᠥᠯᠭᠦᠮᠳᠡᠯ ᠲᠠᠪᠰᠢᠯᠲᠠ ᠶᠢᠨ ᠤᠬᠠᠭᠤᠯᠭ᠎ᠠ ᠬᠦᠮᠦᠵᠢᠯ ᠢ ᠭᠥᠨᠵᠡᠭᠡᠶᠢᠷᠡᠭᠦᠯᠥᠨ᠂ ᠥᠨᠳᠥᠰᠥᠲᠡᠨ ᠨᠦᠭᠦᠳ ᠤᠨ ᠬᠠᠷᠢᠯᠴᠠᠭ᠎ᠠ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠵᠣ᠂ ᠳᠤᠮᠳᠠᠳᠤ ᠶᠢᠨ ᠥᠨᠳᠥᠰᠥᠲᠡᠨ ᠤ ᠬᠠᠮᠲᠥ ᠶᠢᠨ ᠴᠤᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠥᠨᠳᠥᠰᠥᠲᠡᠨ ᠨᠦᠭᠦᠳ ᠤᠨ ᠬᠠᠮᠲᠤ ᠪᠠᠷ ᠪᠥᠯᠬᠦᠮᠳᠡᠨ ᠲᠡᠮᠡᠴᠡᠵᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃      ᠲᠥᠯᠥᠭᠡᠯᠡᠭᠴᠢᠳ ᠡ︕ 2019 ᠣᠨ ᠳᠤ ᠪᠢᠳᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠵᠣ᠂ ᠰᠢᠨ᠎ᠡ ᠳᠤᠮᠳᠠᠳᠤ ᠤᠯᠤᠰ ᠤᠨ ᠣᠯᠤᠭᠰᠠᠨ ᠠᠤᠭ᠎ᠠ ᠶᠡᠭᠡ ᠠᠮᠵᠢᠯᠲᠠ ᠪᠦᠲᠦᠮᠵᠢ ᠪᠠ 70 ᠵᠢᠯ ᠤᠨ ᠲᠤᠷᠰᠢᠬᠢ ᠥᠪᠥᠷ ᠮᠤᠩᠭᠤᠯ ᠤᠨ ᠠᠭᠤᠤ ᠶᠡᠭᠡ ᠬᠤᠪᠢᠷᠠᠯᠲᠠ ᠶᠢ ᠬᠠᠮᠲᠤ ᠪᠠᠷ ᠭᠡᠷᠡᠴᠢᠯᠡᠭᠰᠡᠨ ᠶᠤᠮ᠃ 2020 ᠣᠨ ᠳᠤ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠠᠶᠡᠯᠡᠭᠦᠯᠦᠨ᠂ ᠨᠡᠶᠢᠭᠡᠮ ᠵᠢᠷᠤᠮ ᠤᠨ ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠵᠠᠮ ᠢᠶᠠᠨ ᠡᠯᠬᠦᠬᠦ ᠪᠤᠯᠤᠨ᠎ᠠ᠃ ︽ᠴᠠᠭ ᠦᠶ᠎ᠡ ᠪᠣᠯ ᠰᠡᠳᠦᠪ ᠭᠠᠷᠭᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠡᠳᠦᠪ ᠬᠢᠨᠠᠭᠴᠢ ᠮᠥᠨ᠃︾ ᠪᠢᠳᠡ ᠭᠠᠭᠴᠠ ᠬᠦ ᠦᠷᠯᠦᠭᠡ ᠦᠳᠡᠰᠢ ᠶᠢ ᠲᠡᠮᠡᠴᠡᠵᠦ᠂ ᠵᠠᠯᠠᠭᠤ ᠽᠠᠨᠳᠠᠨ ᠨᠠᠰᠤ ᠪᠠᠨ ᠦᠯᠦ ᠬᠦᠰᠡᠷᠳᠡᠭᠦᠯᠣᠨ᠂ ᠡᠯ᠎ᠡ ᠵᠦᠢᠯ ᠤᠨ ᠲᠦᠭᠰᠢᠭᠦᠷᠢ ᠪᠠ ᠦᠷᠢᠰᠦᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠵᠤ᠂ ᠥᠵᠡᠰᠭᠦᠯᠡᠩᠲᠥ ᠰᠠᠶᠢᠬᠠᠨ ᠥᠪᠥᠷ ᠮᠤᠩᠭᠤᠯ ᠢᠶᠠᠨ ᠴᠢᠷᠮᠠᠶᠢᠨ ᠪᠥᠲᠥᠭᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠤᠨ︾ ᠤ ᠰᠢᠨ᠎ᠡ ᠬᠠᠭᠤᠳᠠᠰᠤ ᠪᠠᠨ ᠪᠢᠴᠢᠭᠯᠡᠶ᠎ᠡ︕
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ