内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 27 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2020/11/9
             11 ᠰᠠᠷ᠎ᠡ ᠶᠢᠨ 6 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠳᠠᠰᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ︔ ᠦᠪᠡᠷᠳᠡᠭᠡᠨ ᠵᠠᠰᠬᠠᠤ ᠤᠷᠤᠨ ᠤ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠭᠤᠷᠪᠡᠨ ᠵᠢᠯ ᠤᠨ ᠠᠵᠢᠯᠯᠠᠭᠠᠨ ᠤ ᠲᠦᠰᠦᠯ᠂ ᠦᠪᠡᠷᠳᠡᠭᠡᠨ ᠵᠠᠰᠬᠠᠤ ᠤᠷᠤᠨ ᠤ ᠦᠷ᠎ᠡ ᠶᠢᠨ ᠦᠢᠯᠡᠰ ᠢ ᠬᠦᠭᠵᠢᠬᠦᠯᠬᠦ ᠭᠤᠷᠪᠡᠨ ᠵᠢᠯ ᠤᠨ ᠠᠵᠢᠯᠯᠠᠭᠠᠨ ᠤ ᠲᠦᠰᠦᠯ ᠵᠡᠷᠭᠡ ᠵᠦᠢᠯ ᠢ ᠰᠤᠳᠤᠯᠵᠠᠢ᠃      ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠡ ᠶᠢᠨ ᠦᠨᠳᠤᠷᠴᠠ ᠳᠤ ᠵᠤᠬᠰᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠨᠴᠠᠭᠠᠢ ᠴᠢᠬᠤᠯᠠ ᠴᠢᠨᠠᠷ ᠢ ᠬᠦᠢᠴᠡᠳ ᠲᠠᠨᠢᠨ᠂ ᠦᠷᠬᠦᠯᠵᠢᠯᠡᠨ ᠲᠡᠭᠡᠳᠤ ᠬᠡᠮᠵᠢᠶᠠᠨ ᠤ ᠰᠤᠨᠤᠷ ᠰᠡᠷᠡᠮᠵᠢ ᠲᠠᠢ ᠪᠠᠶᠢᠬᠤ ᠪᠠᠨ ᠪᠠᠳᠤᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ︽ᠲᠦᠷᠪᠡᠨ ᠲᠠᠯ᠎ᠡ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠂ ᠡᠨᠡ ᠡᠪᠤᠯ ᠢᠷᠡᠬᠦ ᠬᠠᠪᠤᠷ ᠤᠨ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠪᠠᠳᠤ ᠰᠠᠬᠢᠵᠤ᠂ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ᠃ ︽ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠬᠦ︾ ᠶᠢ ᠡᠷᠡᠰ ᠭᠤᠶᠢᠪᠢᠰᠢ ᠦᠭᠡᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠵᠤ᠂ ᠬᠢᠵᠢᠭ ᠤᠨ ᠬᠠᠯᠳᠠᠪᠤᠷᠢᠯᠡᠬᠤ ᠲᠦᠭᠰᠢᠬᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠭᠡᠷᠡᠭᠳᠠᠢ᠃ ᠭᠤᠤᠯᠳᠠᠯᠭ᠎ᠠ ᠲᠠᠢ ᠤᠷᠤᠨ ᠪᠦᠰᠡ᠂ ᠭᠤᠤᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠬᠦᠯᠵᠢᠯᠡᠨ ᠰᠠᠶᠢᠳᠤᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢ ᠨᠦᠭᠡᠴᠡᠯᠡᠬᠦ ᠪᠠ ᠪᠤᠯᠪᠠᠰᠤᠷᠠᠯ ᠰᠤᠷᠢᠯᠳᠠ ᠶᠢ ᠦᠨᠡᠨ ᠬᠦ ᠴᠢᠩᠭᠠᠳᠬᠠᠨ᠂ ᠵᠢᠩᠬᠢᠨᠢ ᠪᠠᠶᠢᠯᠳᠤᠭᠠᠨ ᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠡᠯ᠎ᠡ ᠱᠠᠳᠤᠨ ᠤ ᠵᠢᠯᠤᠭᠤᠳᠬᠤ ᠭᠠᠵᠠᠷ ᠠᠶᠤᠯ ᠲᠦᠭᠰᠢᠬᠦᠷᠢ ᠶᠢ ᠡᠷᠳᠡ ᠠᠴᠠ ᠰᠤᠳᠤᠯᠤᠨ ᠮᠠᠭᠠᠳᠯᠠᠵᠤ᠂ ᠠᠵᠢᠯ ᠢᠶᠠᠨ ᠤᠷᠢᠳᠴᠢᠯᠡᠨ ᠲᠦᠯᠦᠪᠵᠢᠬᠦᠯᠵᠤ᠂ ᠵᠢᠵᠢᠬᠦᠷᠯᠡᠨ ᠰᠠᠬᠢᠬᠤ ᠪᠠᠨ ᠴᠢᠩᠭᠠᠳᠬᠠᠨ᠂ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠵᠤ᠂ ᠲᠠᠶᠢᠨ ᠤ ᠦᠶ᠎ᠡ ᠶᠢᠨ ᠪᠠᠶᠢᠳᠠᠯ ᠢ ᠴᠠᠭ ᠢᠮᠠᠬᠳᠠ ᠪᠠᠳᠤᠯᠠᠨ᠂ ᠭᠤᠬᠴᠤᠭ᠎ᠠ ᠨᠢᠭᠡ ᠪᠦᠷᠢ ᠶᠢᠨ ᠬᠠᠷᠢᠭᠤᠴᠠᠯᠭ᠎ᠠ ᠶᠢ ᠴᠦᠮ ᠪᠤᠲᠠᠲᠠᠢ ᠬᠦᠮᠦᠨ ᠳᠤ ᠬᠦᠷᠳᠡᠯ᠎ᠡ ᠨᠠᠶᠢᠳᠠᠪᠤᠷᠢᠵᠢᠭᠤᠯᠤᠨ᠂ ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ᠂ ᠮᠠᠨ ᠤ ᠤᠷᠤᠨ ᠲᠡᠯᠡᠭᠡᠢ ᠶᠢᠨ ᠰᠢᠵᠢᠷ ᠠᠯᠳᠠᠨ ᠰᠦᠨ ᠤ ᠡᠬᠢ ᠰᠤᠷᠪᠤᠯᠵᠢ ᠶᠢᠨ ᠪᠦᠰᠡ ᠳᠤ ᠤᠷᠤᠰᠢᠵᠤ᠂ ᠮᠠᠨ ᠤ ᠤᠯᠤᠰ ᠤᠨ ᠬᠠᠮᠤᠭ ᠤᠨ ᠶᠡᠭᠡ ᠰᠦᠨ ᠤ ᠦᠢᠯᠡᠰ ᠤᠨ ᠦᠢᠯᠡᠳᠪᠤᠷᠢᠯᠡᠯ ᠤᠨ ᠤᠷᠤᠨ ᠪᠠᠶᠢᠵᠤ᠂ ᠤᠯᠤᠰ ᠤᠨ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠲᠤᠮᠳᠠᠬᠢ ᠪᠠᠶᠢᠷᠢ ᠰᠠᠭᠤᠷᠢ ᠴᠢᠬᠤᠯᠠ ᠪᠦᠭᠡᠳ ᠬᠠᠷᠢᠭᠤᠴᠠᠯᠭ᠎ᠠ ᠴᠢᠬᠤᠯᠠ ᠶᠡᠭᠡ ᠪᠠᠶᠢᠳᠠᠭ᠃ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠤᠯᠤᠰ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠬᠠᠤ ᠤᠷᠤᠨ ᠤ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠂ ᠪᠦᠬᠦ ᠤᠯᠤᠰ  ᠤᠨ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠳᠤ ᠦᠵᠡᠬᠦᠯᠪᠠᠰᠤ ᠵᠤᠬᠢᠬᠤ ᠬᠤᠪᠢ ᠨᠠᠮᠠᠷᠢ ᠪᠠᠨ ᠦᠵᠡᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠦᠷ᠎ᠡ ᠶᠢᠨ ᠦᠢᠯᠡᠰ ᠪᠤᠯ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠰᠠᠭᠤᠷᠢ ᠴᠢᠨᠠᠷᠳᠠᠢ ᠭᠤᠤᠯᠯᠠᠬᠤ ᠠᠵᠤ ᠦᠢᠯᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠢ ᠲᠡᠭᠡᠭᠰᠢᠯᠡᠬᠦᠯᠤᠨ ᠤᠷᠤᠯᠭ᠎ᠠ ᠶᠢ ᠨᠠᠮᠡᠭᠳᠡᠬᠦᠯᠬᠦ ᠦᠨᠳᠤᠰᠤᠨ ᠪᠠᠳᠤᠯᠠᠭ᠎ᠠ ᠪᠤᠯᠤᠨ᠎ᠡ᠃ ᠦᠷ᠎ᠡ ᠶᠢᠨ ᠦᠢᠯᠡᠰ  ᠤᠨ ᠬᠦᠭᠵᠢᠯᠳᠠ ᠶᠢ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠠᠬᠢᠭᠤᠯᠬᠤ ᠭᠤᠤᠯᠯᠠᠬᠤ ᠪᠠᠶᠢᠷᠢᠨ ᠳᠤ ᠲᠠᠯᠪᠢᠵᠤ᠂ ᠲᠦᠷᠤ ᠶᠢᠨ ᠪᠤᠳᠤᠯᠭ᠎ᠠ᠂ ᠪᠡᠯᠡ ᠮᠦᠡᠭᠭᠦ᠂ ᠰᠠᠭᠤᠷᠢᠨ ᠤ ᠪᠦᠳᠦᠭᠡᠨ ᠪᠠᠶᠢᠭᠤᠯᠤᠯᠳᠠ ᠵᠡᠷᠭᠡ ᠲᠠᠯ᠎ᠡ ᠪᠠᠷ ᠲᠠᠮᠵᠢᠬᠦ ᠡᠷᠴᠢᠮ ᠢᠶᠠᠨ ᠴᠢᠩᠭᠠᠷᠠᠭᠤᠯᠤᠨ᠂ ᠪᠡᠶ᠎ᠠ ᠪᠠᠨ ᠳᠠᠭᠠᠭᠠᠨ ᠰᠢᠨ᠎ᠡ ᠶᠢ ᠡᠬᠦᠳᠴᠤ᠂ ᠪᠡᠶ᠎ᠡ ᠪᠠᠨ ᠲᠠᠭᠠᠭᠠᠵᠤ ᠰᠢᠨ᠎ᠡ ᠶᠢ ᠡᠬᠦᠳᠬᠦ ᠶᠢ ᠵᠤᠷᠢᠬᠵᠢᠭᠤᠯᠤᠨ ᠪᠠᠷᠢᠮᠳᠠᠯᠠᠵᠤ᠂ ᠮᠠᠨ ᠤ ᠤᠷᠤᠨ ᠤ ᠤᠳᠤᠬᠢᠴᠢᠯᠠᠬᠰᠡᠨ ᠦᠷ᠎ᠡ ᠶᠢᠨ ᠦᠢᠯᠡᠰ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠦᠷ᠎ᠡ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ 2020 ᠣᠨ ᠤ ᠪᠡᠭᠡᠵᠢᠩ ᠦᠪᠤᠷ ᠮᠤᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠠᠵᠢᠯ ᠤᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠡ ᠪᠠᠨ ᠨᠠᠷᠢᠨ ᠬᠢᠨᠠᠮᠠᠭᠠᠢ ᠡᠮᠬᠢᠯᠡᠨ ᠰᠢᠢᠳᠪᠤᠷᠢᠯᠡᠵᠤ᠂ ᠠᠷᠭ᠎ᠠ ᠬᠡᠮᠵᠢᠶ᠎ᠡ ᠪᠠᠨ ᠤᠯᠠᠮ ᠴᠢᠨᠠᠬᠰᠢᠳᠠ ᠲᠡᠬᠦᠯᠳᠡᠷᠵᠢᠬᠦᠯᠤᠨ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ 2020 ᠣᠨ ᠤ ᠡᠯ᠎ᠡ ᠵᠦᠢᠯ  ᠤᠨ ᠬᠠᠷᠠᠯᠳᠠ ᠡᠬᠦᠷᠭᠡ ᠪᠠᠨ ᠴᠢᠨᠠᠷ ᠰᠠᠶᠢᠳᠠᠢ ᠪᠠᠶᠠᠯᠡᠬᠦᠯᠤᠨ᠂ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠭᠤᠷᠪᠡᠨ ᠵᠢᠯ ᠤᠨ ᠠᠵᠢᠯᠯᠠᠭᠠᠨ ᠤ ᠲᠡᠬᠦᠰ ᠠᠮᠵᠢᠯᠳᠠᠳᠠᠢ ᠰᠡᠬᠦᠯ ᠬᠤᠷᠢᠶᠠᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
        ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ