内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠲᠥᠮᠥᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
        ᠨᠡᠶᠢᠲᠡᠯᠡᠭᠰᠡᠨ ᠴᠠᠭ᠄
        2020/12/1
                               ᠦᠪᠦᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ ᠂ ᠲᠢᠩᠬᠢᠮ᠂ ᠲᠣᠪᠴᠢᠶ᠎ᠠ ᠳᠤ᠄      ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠬᠦ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠮᠥᠰᠥ ᠶᠢᠨ ᠳᠠᠪᠠᠭᠤᠯᠢᠭ ᠪᠥᠭᠡᠳ ᠣᠨᠴᠠᠯᠢᠭᠲᠤ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠰᠬᠠᠶᠢᠵᠢᠭᠰᠠᠨ ᠪᠠ ᠬᠡᠪᠴᠢᠶᠡᠵᠢᠭᠰᠡᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠳᠠᠰ ᠤᠨ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠵᠤ᠂ ᠲᠥᠮᠥᠰᠥ ᠶᠢᠨ ᠠᠵᠤ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠮᠧᠬᠠᠨᠢᠭᠵᠢᠯᠲᠠ᠂  ᠨᠡᠷᠡᠳᠦ ᠲᠡᠮᠳᠡᠭᠵᠢᠯᠲᠡ᠂ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠲᠦᠰᠢᠭᠯᠡᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠨ ᠪᠠᠶᠠᠵᠢᠬᠤ ᠶᠢ ᠨᠢ ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠴᠢᠨᠠᠷᠯᠢᠭ ᠪᠥᠭᠡᠳ ᠬᠤᠤᠷ ᠦᠬᠡᠶᠢᠳᠡᠭᠦᠯᠦᠭᠰᠡᠨ ᠦᠷ᠎ᠡ ᠶᠢᠨ ᠲᠥᠮᠥᠰᠥ ᠦᠢᠯᠡᠳᠪᠦᠷᠢᠯᠡᠬᠦ᠂ ᠪᠣᠬᠢᠷᠲᠤᠯ ᠦᠭᠡᠢ ᠢᠳᠡᠭᠡᠨ ᠤ ᠰᠣᠷᠭᠤᠭ ᠲᠥᠮᠥᠰᠥ ᠦᠢᠯᠡᠳᠪᠦᠷᠢᠯᠡᠬᠦ᠂ ᠲᠥᠮᠥᠰᠥ ᠶᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠ ᠪᠦᠲᠦᠭᠡᠭᠳᠡᠬᠦᠨ ᠢ ᠭᠠᠳᠠᠭᠰᠢ ᠭᠠᠷᠭᠠᠬᠤ ᠵᠡᠷᠭᠡ ᠪᠦᠬᠦ ᠤᠯᠤᠰ ᠲᠤ ᠨᠡᠷ᠎ᠡ ᠠᠯᠳᠠᠷᠳᠠᠢ ᠰᠠᠭᠤᠷᠢᠨ ᠭᠠᠵᠠᠷ ᠤᠳ ᠢ ᠪᠠᠶᠢᠭᠤᠯᠵᠤ᠂ ᠮᠠᠨ ᠤ ᠣᠷᠣᠨ ᠤ ᠲᠥᠮᠥᠰᠥ ᠶᠢᠨ ᠳᠠᠪᠠᠭᠤᠯᠢᠭ ᠭᠠᠷᠤᠯᠲᠠ ᠶᠢᠨ ᠣᠷᠣᠨ ᠪᠣᠯᠬᠤ ᠭᠤᠣᠯᠯᠠᠭᠴᠢ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃      ᠬᠤᠶᠠᠷ᠂ ᠠᠵᠢᠯ ᠤᠨ ᠬᠠᠷᠠᠯᠲᠠ      2025 ᠣᠨ ᠪᠣᠯᠬᠤ ᠳᠤ᠂ ᠪᠦᠬᠦ ᠣᠷᠣᠨ ᠤ ᠲᠥᠮᠥᠰᠥ ᠲᠠᠷᠢᠬᠤ ᠲᠠᠯᠠᠪᠠᠶ ᠶᠢ 800 ᠭᠠᠷᠤᠢ ᠲᠦᠮᠡᠨ ᠮᠦ ᠪᠣᠯᠲᠠᠯ᠎ᠠ ᠰᠡᠷᠭᠦᠭᠡᠬᠦ ᠪᠠᠷ ᠴᠢᠷᠮᠠᠶᠢᠨ᠂ ᠲᠥᠮᠥᠰᠥ ᠶᠢ ᠠᠩᠬ᠎ᠠ ᠡᠳ᠋ᠰᠢᠭᠦᠯᠬᠦ ᠪᠠ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠶᠢ ᠨᠢ 60% ᠣᠷᠴᠢᠮ ᠳᠤ ᠬᠦᠷᠭᠡᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠭᠳᠡᠬᠦᠨ ᠤ ᠥᠷᠲᠡᠭ ᠢ 230 ᠭᠠᠷᠤᠢ ᠳ᠋ᠦᠩᠰᠢᠭᠤᠷ ᠲᠥᠭᠦᠷᠢᠭ ᠪᠣᠯᠭᠠᠨ᠎ᠠ᠃ ᠲᠥᠮᠥᠰᠥ ᠶᠢᠨ ᠬᠤᠤᠷ ᠦᠬᠡᠶᠢᠳᠡᠭᠦᠯᠦᠭᠰᠡᠨ ᠦᠷ᠎ᠡ ᠶᠢᠨ ᠲᠦᠮᠦᠰᠦᠨ ᠤ ᠴᠡᠪᠡᠷ ᠦᠷ᠎ᠡ ᠦᠷᠡᠵᠢᠭᠦᠯᠦᠨ ᠪᠤᠶᠢᠵᠢᠭᠤᠯᠬᠤ ᠲᠠᠯᠠᠪᠠᠢ ᠶᠢ 50 ᠭᠠᠷᠣᠢ ᠲᠦᠮᠡᠨ ᠮᠦ ᠳᠤ ᠲᠣᠭᠲᠠᠪᠤᠷᠢᠵᠢᠭᠤᠯᠵᠤ᠂ ᠪᠥᠬᠦ ᠣᠷᠣᠨ ᠤ ᠲᠥᠮᠥᠰᠥ ᠶᠢᠨ ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠲᠥᠭᠡᠮᠡᠯᠵᠢᠭᠦᠯᠬᠦ ᠨᠣᠷᠮ᠎ᠠ ᠶᠢ 92% ᠪᠣᠯᠲᠠᠯ᠎ᠠ ᠳᠡᠭᠡᠭᠰᠢᠯᠡᠭᠦᠯᠦᠨ᠎ᠡ᠃ ᠮᠠᠨ ᠤ ᠣᠷᠣᠨ ᠳᠤ ᠲᠠᠷᠢᠬᠤ ᠳᠤ ᠲᠣᠬᠢᠷᠠᠬᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠦᠬᠦᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠴᠢᠨᠠᠷ ᠰᠠᠶᠢᠲᠠᠶ ᠲᠦᠮᠦᠰᠤᠨ ᠤ ᠰᠢᠨ᠎ᠡ ᠦᠷ᠎ᠡ ᠡᠭᠦᠯᠳᠡᠷ ᠢ 3 — 5 ᠰᠣᠩᠭᠤᠨ ᠪᠤᠶᠢᠵᠢᠭᠤᠯᠤᠨ᠎ᠠ᠃  ᠲᠠᠸᠠᠷ ᠤᠨ ᠲᠥᠮᠥᠰᠥ ᠶᠢᠨ  ᠨᠡᠷᠡᠲᠦ ᠲᠡᠮᠳᠡᠭ ᠢ 5 ᠣᠷᠴᠢᠮ ᠪᠣᠢ ᠪᠣᠯᠭᠠᠨ᠎ᠠ᠃ ᠤᠯᠤᠰ ᠤᠨ ᠲᠠᠰ ᠤᠨ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ 1 ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ 1 — 2 ᠪᠦᠲᠦᠭᠡᠨ ᠪᠠᠶᠢᠭᠤᠯᠵᠤ᠂ ᠤᠯᠤᠰ ᠤᠨ ᠲᠠᠰ ᠤᠨ ᠲᠥᠮᠥᠰᠥ ᠶᠢᠨ ᠳᠠᠪᠠᠭᠤᠯᠢᠭ ᠪᠥᠭᠡᠳ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ 1 ᠪᠣᠢ ᠪᠣᠯᠭᠠᠨ᠂ ᠪᠦᠬᠦ ᠤᠯᠤᠰ ᠲᠤ  ᠨᠡᠷ᠎ᠡ ᠠᠯᠳᠠᠷᠳᠠᠢ ᠲᠥᠮᠥᠰᠥ ᠦᠢᠯᠡᠳᠪᠦᠷᠢᠯᠡᠬᠦ᠂ ᠰᠢᠨ᠎ᠡ ᠶᠢ ᠡᠭᠦᠳᠬᠦ᠂ ᠭᠦᠢᠯᠭᠡᠭᠡᠨ ᠤ ᠰᠠᠭᠤᠷᠢᠨ ᠭᠠᠵᠠᠷ ᠤᠳ ᠢ ᠪᠠᠶᠢᠭᠤᠯᠤᠨ᠎ᠠ᠃      ᠭᠤᠷᠪᠠ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ      ︵ᠨᠢᠭᠡ︶ ᠲᠥᠮᠥᠰᠥ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃      1. ᠳᠠᠪᠠᠭᠤᠯᠢᠭ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠰᠤᠨ ᠤ ᠬᠡᠮᠵᠢᠶ᠎ᠡ ᠪᠠᠷ ᠲᠠᠷᠢᠬᠤ ᠪᠠ ᠵᠣᠬᠢᠴᠠᠩᠭᠤᠶ ᠬᠥᠭᠵᠢᠭᠦᠯᠬᠦ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ ᠪᠠ ᠣᠷᠴᠢᠨ ᠲᠣᠭᠤᠷᠢᠨ ᠤ ᠳᠠᠭᠠᠭᠠᠴᠠ ᠪᠠᠷ ᠬᠠᠲᠠᠭᠤ ᠬᠢᠵᠠᠭᠠᠷᠯᠠᠯ ᠪᠣᠯᠭᠠᠨ᠂ ᠲᠥᠮᠥᠰᠥ ᠶᠢᠨ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠯ ᠢ ᠲᠤᠬᠢᠷᠠᠭᠤᠯᠤᠨ ᠰᠢᠯᠢᠳᠡᠭᠵᠢᠭᠦᠯᠵᠦ᠂ ᠪᠤᠭᠤᠲᠤ ᠬᠤᠲᠠ᠂ ᠬᠥᠬᠡᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠬᠠᠳᠠ ᠬᠤᠲᠠ ᠪᠠᠷ ᠭᠤᠣᠯᠳᠠᠯᠭ᠎ᠠ ᠪᠣᠯᠭᠠᠭᠰᠠᠨ ᠮᠤᠨᠢ ᠠᠭᠤᠯᠠ ᠶᠢᠨ ᠬᠤᠷᠮᠣᠶ ᠳᠠᠭᠠᠤ ᠪᠠ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠢᠶᠠᠷ ᠭᠤᠤᠯᠳᠠᠯᠭ᠎ᠠ ᠪᠣᠯᠭᠠᠭᠰᠠᠨ ᠶᠡᠭᠡ ᠬᠢᠩᠭᠠᠨ ᠳᠠᠪᠠᠭ᠎ᠠ ᠶᠢᠨ ᠬᠤᠷᠮᠣᠶ ᠳᠠᠭᠠᠤ ᠶᠢᠨ ᠲᠥᠮᠥᠰᠥ ᠶᠢᠨ ᠠᠵᠤ ᠦᠢᠯᠡᠰ ᠤᠨ ᠪᠦᠰᠡ ᠶᠢ ᠪᠠᠶᠢᠭᠤᠯᠤᠨ᠂ ᠳᠠᠪᠠᠭᠤᠯᠢᠭ ᠣᠷᠣᠨ ᠪᠦᠰᠡ ᠶᠢᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠷ᠎ᠠ ᠬᠥᠷᠥᠰᠥᠲᠦ ᠭᠠᠵᠠᠷ ᠰᠢᠷᠣᠶ ᠶᠢ ᠬᠠᠮᠠᠭᠠᠯᠠᠨ ᠠᠰᠢᠭᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠥᠮᠥᠰᠥ ᠶᠢᠨ ᠭᠤᠤᠯ ᠭᠠᠷᠤᠯᠲᠠ ᠶᠢᠨ ᠣᠷᠣᠨ ᠤ ᠦᠢᠯᠡᠳᠪᠦᠷᠢᠯᠡᠯ ᠤᠨ ᠰᠠᠭᠤᠷᠢ ᠨᠥᠬᠦᠴᠡᠯ ᠢ ᠰᠠᠶᠢᠵᠢᠷᠠᠭᠤᠯᠤᠨ᠎ᠠ᠃      2. ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠷ᠎ᠡ ᠶᠢᠨ ᠲᠥᠮᠥᠰᠥ ᠪᠣᠶᠢᠵᠢᠭᠤᠯᠬᠤ ᠶᠢ ᠴᠢᠩᠭᠠᠳᠬᠠᠨ᠂ ᠢᠳᠡᠭᠡᠨ ᠤ ᠰᠣᠷᠭᠤᠭ ᠲᠥᠮᠥᠰᠥ ᠶᠢ ᠰᠢᠯᠢᠳᠡᠭᠵᠢᠭᠦᠯᠦᠨ᠂ ᠲᠤᠰᠬᠠᠶ ᠬᠡᠷᠡᠭᠯᠡᠬᠦ ᠲᠥᠮᠥᠰᠥ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠤᠨ᠎ᠠ᠃ ᠦᠷ᠎ᠡ ᠶᠢᠨ ᠲᠥᠮᠥᠰᠥ ᠪᠣᠶᠢᠵᠢᠭᠤᠯᠬᠤ ᠶᠢ ᠬᠥᠯᠥᠨ ᠪᠤᠶᠢᠷ ᠬᠤᠲᠠ ᠶᠢᠨ ᠳᠠᠪᠠᠭᠠᠨ ᠤ ᠪᠠᠷᠠᠭᠤᠨ ᠳᠠᠬᠢ ᠭᠠᠵᠠᠷ ᠣᠷᠣᠨ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠪᠠ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ ᠵᠡᠷᠭᠡ ᠳᠤᠮᠳᠠ ᠪᠠᠷᠠᠭᠤᠨ ᠬᠡᠰᠡᠭ ᠤᠨ ᠭᠤᠤᠯ ᠭᠠᠷᠤᠯᠲᠠ ᠶᠢᠨ ᠣᠷᠣᠨ ᠤ ᠬᠤᠶᠢᠲᠤ ᠬᠡᠰᠡᠭ ᠢᠶᠠᠷ ᠭᠤᠤᠯᠳᠠᠯᠭ᠎ᠠ ᠪᠣᠯᠭᠠᠨ᠂ 200 ᠲᠦᠮᠡᠨ ᠮᠦ ᠥᠨᠳᠥᠷ ᠪᠠᠷᠢᠮᠵᠢᠶᠠᠲᠤ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠯ ᠪᠦᠷᠢ ᠶᠢᠨ ᠦᠢᠯᠡᠳᠪᠦᠷᠢᠯᠡᠬᠦ ᠲᠠᠯᠠᠪᠠᠢ ᠶᠢ 50 ᠭᠠᠷᠤᠢ ᠲᠦᠮᠡᠨ ᠮᠦ ᠪᠠᠶᠢᠯᠭᠠᠬᠤ ᠪᠠᠷ ᠪᠠᠲᠤᠯᠠᠨ᠎ᠠ᠃ ᠲᠠᠸᠠᠷ ᠤᠨ ᠲᠥᠮᠥᠰᠥ ᠲᠠᠷᠢᠬᠤ ᠶᠢ ᠬᠥᠯᠥᠨ ᠪᠤᠶᠢᠷ ᠬᠤᠲᠠ ᠶᠢᠨ ᠳᠠᠪᠠᠭᠠᠨ ᠤ ᠵᠡᠭᠦᠨ ᠡᠮᠦᠨᠡᠳᠡᠬᠢ ᠭᠠᠵᠠᠷ ᠣᠷᠣᠨ᠂ ᠬᠢᠩᠭᠠᠨ ᠠᠶᠢᠮᠠᠭ ᠤᠨ ᠵᠡᠭᠦᠨ ᠡᠮᠦᠨᠡᠲᠦ ᠬᠡᠰᠡᠭ ᠪᠠ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ ᠶᠢᠨ ᠭᠤᠤᠯ ᠭᠠᠷᠤᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠵᠤ᠂ ᠢᠳᠡᠭᠡᠨ ᠤ ᠴᠢᠨᠠᠷ ᠰᠠᠶᠢᠲᠠᠶ  ᠰᠤᠷᠭᠤᠭ ᠲᠥᠮᠥᠰᠥ ᠳᠠᠷᠢᠬᠤ ᠲᠠᠯᠠᠪᠠᠶ ᠶᠢ 500 ᠲᠦᠮᠡᠨ ᠮᠥ ᠪᠣᠯᠲᠠᠯ᠎ᠠ ᠬᠥᠭᠵᠢᠭᠦᠯᠦᠨ᠎ᠡ᠃ ᠲᠤᠰᠬᠠᠶ ᠬᠡᠷᠡᠭᠯᠡᠬᠦ ᠲᠥᠮᠥᠰᠥ ᠶᠢ ᠡᠳ᠋ᠰᠢᠭᠦᠯᠦᠨ ᠪᠣᠯᠪᠠᠰᠤᠷᠠᠭᠤᠯᠬᠤ ᠳᠤ ᠬᠥᠯᠥᠨ ᠪᠤᠶᠢᠷ ᠬᠤᠲᠠ ᠶᠢᠨ ᠳᠠᠪᠠᠭᠠᠨ ᠤ ᠵᠡᠭᠦᠨ ᠡᠮᠦᠨᠡᠳᠡᠬᠢ ᠭᠠᠵᠠᠷ ᠣᠷᠣᠨ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ ᠶᠢᠨ ᠡᠯᠡᠰᠦᠷᠬᠡᠭ ᠭᠠᠵᠠᠷ ᠤᠨ ᠭᠠᠷᠤᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠨ᠂ ᠲᠠᠷᠢᠬᠤ ᠲᠠᠯᠠᠪᠠᠢ ᠶᠢ 200 ᠲᠦᠮᠡᠨ ᠮᠦ ᠪᠣᠯᠲᠠᠯ᠎ᠠ  ᠦᠷᠬᠡᠳᠬᠡᠨ᠎ᠠ᠃      ︵ᠬᠤᠶᠠᠷ︶ ᠦᠷ᠎ᠡ ᠶᠢᠨ ᠲᠥᠮᠥᠰᠥ ᠶᠢᠨ ᠠᠵᠤ ᠦᠢᠯᠡᠰ ᠢ ᠦᠨᠡᠨ ᠬᠦ ᠰᠠᠶᠢᠲᠤᠷ ᠬᠦᠴᠦᠷᠬᠡᠭᠵᠢᠭᠦᠯᠦᠨ᠎ᠡ᠃      1. ᠲᠦᠮᠦᠰᠦᠨ ᠤ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠵᠤ ᠰᠢᠨ᠎ᠡ ᠡᠭᠦᠳᠦᠯᠲᠡ ᠭᠠᠷᠭᠠᠬᠤ ᠶᠢ ᠲᠦᠷᠭᠡᠳᠬᠡᠨ᠎ᠡ᠃ ᠥᠪᠥᠷ ᠮᠣᠩᠭᠤᠯ ᠤᠨ ᠲᠥᠮᠥᠰᠥ ᠶᠢᠨ ᠳᠡᠭᠡᠳᠦ ᠰᠢᠨ᠎ᠡ ᠮᠡᠷᠭᠡᠵᠢᠯ ᠤᠨ ᠬᠤᠷᠠᠭᠤᠯᠤᠨ ᠬᠡᠷᠡᠭᠯᠡᠬᠦ ᠬᠢᠭᠡᠳ ᠬᠠᠮᠵᠢᠯᠴᠠᠨ ᠰᠢᠨ᠎ᠡ ᠶᠢ ᠡᠭᠦᠳᠬᠦ ᠲᠥᠪ ᠢ ᠵᠣᠬᠢᠶᠠᠨ ᠪᠠᠶᠢᠭᠤᠯᠵᠤ᠂ ᠲᠠᠷᠢᠶᠠᠯᠠᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠡᠮᠬᠢᠯᠡᠨ ᠨᠡᠶᠢᠯᠡᠭᠦᠯᠵᠦ᠂ ᠤᠯᠤᠰ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠪᠦᠯᠬᠦᠮ ᠨᠡᠶᠢᠲᠡ᠂ ᠠᠵᠤ ᠦᠢᠯᠡᠰ ᠤᠨ ᠠᠬᠠᠯᠠᠬᠤ ᠲᠤᠰᠬᠠᠶ ᠮᠡᠷᠭᠡᠵᠢᠯᠲᠡᠨ ᠪᠠ ᠣᠯᠠᠨ ᠤᠯᠤᠰ ᠤᠨ ᠲᠥᠮᠥᠰᠥ ᠶᠢᠨ ᠲᠤᠰᠬᠠᠶ ᠮᠡᠷᠭᠡᠵᠢᠯᠲᠡᠨ ᠯᠦᠭᠡ ᠶᠢᠨ ᠬᠠᠮᠵᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠰᠢᠨ᠎ᠡ ᠦᠷ᠎ᠡ ᠡᠭᠦᠯᠳᠡᠷ ᠲᠤ ᠬᠤᠯᠪᠣᠭᠠᠯᠠᠨ ᠰᠢᠪᠲᠤᠯᠬᠤ ᠠᠵᠢᠯ ᠢ ᠵᠣᠬᠢᠶᠠᠨ ᠪᠠᠶᠢᠭᠤᠯᠵᠦ ᠥᠷᠨᠢᠭᠦᠯᠦᠨ᠂ ᠮᠠᠨ ᠤ ᠣᠷᠣᠨ ᠤ ᠦᠢᠯᠡᠳᠪᠦᠷᠢᠯᠡᠯ ᠤᠨ ᠨᠥᠬᠦᠴᠡᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠴᠢᠨᠠᠷ ᠰᠠᠶᠢᠲᠠᠶ ᠲᠦᠮᠦᠰᠦᠨ ᠤ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠲᠦᠷᠭᠡᠳᠬᠡᠵᠦ᠂ ᠰᠣᠩᠭᠤᠨ ᠪᠤᠶᠢᠵᠢᠭᠤᠯᠤᠭᠰᠠᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠴᠢᠨᠠᠷ ᠰᠠᠶᠢᠲᠠᠢ ᠲᠦᠮᠦᠰᠦᠨ ᠤ ᠰᠢᠨ᠎ᠡ  ᠦᠷ᠎ᠡ ᠡᠭᠦᠯᠳᠡᠷ ᠲᠤ ᠱᠠᠩᠨᠠᠯ ᠤᠨ ᠴᠢᠨᠠᠷᠲᠠᠶ ᠨᠡᠮᠡᠭᠦᠷᠢ ᠣᠯᠭᠤᠨ᠎ᠠ᠃      2. ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠶᠠᠭᠰᠢ ᠬᠤᠲᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤᠨ ᠤ ᠤᠯᠤᠰ ᠤᠨ ᠰᠠᠶᠢᠨ ᠦᠷ᠎ᠡ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠥᠷᠥᠯ ᠵᠦᠢᠯ ᠢ ᠢᠳᠡᠪᠬᠢᠲᠡᠢ ᠵᠣᠬᠢᠶᠠᠨ ᠪᠠᠶᠢᠭᠤᠯᠵᠤ ᠠᠬᠢᠭᠤᠯᠤᠨ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠰᠠᠶᠢᠨ ᠦᠷ᠎ᠡ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠠᠯᠢ ᠲᠦᠷᠭᠡᠨ ᠪᠥᠭᠡᠳ ᠵᠢᠩᠬᠢᠨᠢ ᠪᠠᠷ ᠲᠥᠷᠥᠯ ᠵᠦᠢᠯ ᠪᠣᠯᠭᠠᠨ ᠪᠡᠯᠡ ᠣᠷᠣᠭᠤᠯᠬᠤ ᠪᠠᠷ ᠴᠢᠷᠮᠠᠶᠢᠵᠤ᠂ ᠤᠯᠤᠰ ᠤᠨ ᠰᠠᠶᠢᠨ ᠦᠷ᠎ᠡ ᠶᠢᠨ ᠲᠦᠮᠦᠰᠦ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠨᠠᠩ ᠣᠯᠠᠨ ᠲᠥᠷᠥᠯ ᠵᠦᠢᠯ ᠡᠬᠢᠯᠡᠭᠦᠯᠬᠦ ᠪᠠᠷ ᠢᠳᠡᠪᠬᠢᠲᠡᠢ ᠭᠤᠶᠤᠴᠢᠯᠠᠨ᠂ ᠥᠨᠳᠥᠷ ᠪᠠᠷᠢᠮᠵᠢᠶᠠᠲᠤ ᠦᠷ᠎ᠡ ᠶᠢᠨ ᠲᠦᠮᠦᠰᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 200 ᠲᠦᠮᠡᠨ ᠮᠦ ᠪᠠᠶᠢᠭᠤᠯᠵᠤ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠂ ᠦᠷ᠎ᠡ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠶᠢᠨ ᠣᠷᠤᠬᠤ ᠶᠢ ᠵᠥᠪᠰᠢᠶᠡᠷᠡᠬᠦ ᠳᠦᠷᠢᠮ ᠢ ᠪᠠᠶᠢᠭᠤᠯᠵᠤ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠢ 4 ᠵᠢᠯ ᠭᠠᠷᠣᠢ ᠪᠣᠯᠪᠠᠯ ᠡᠭᠡᠯᠵᠢᠯᠡᠨ ᠲᠠᠷᠢᠭᠤᠯᠬᠤ ᠪᠠᠷ ᠠᠯᠪᠠᠳᠠᠵᠤ᠂ ᠡᠭᠡᠯᠵᠢᠯᠡᠨ ᠲᠠᠷᠢᠬᠤ ᠲᠠᠷᠢᠮᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠵᠤ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠤᠨ ᠬᠥᠷᠥᠰᠥᠨ ᠳᠠᠬᠢ ᠪᠠᠺᠲ᠋ᠧᠷᠢ ᠭᠡᠮ ᠤᠨ ᠬᠥᠨᠥᠭᠡᠯ ᠢ ᠴᠢᠩᠭ᠎ᠠ ᠬᠢᠵᠠᠭᠠᠷᠯᠠᠨ᠎ᠠ᠃      3. ᠦᠷ᠎ᠡ ᠶᠢᠨ ᠲᠥᠮᠥᠰᠥ ᠲᠠᠷᠢᠬᠤ ᠠᠵᠤ ᠠᠬᠤᠶᠢᠯᠠᠯ ᠢ ᠪᠣᠵᠠᠭᠠᠶᠢᠷᠠᠨ ᠬᠦᠴᠦᠷᠭᠡᠭᠵᠢᠭᠦᠯᠬᠦ ᠪᠠᠷ ᠲᠡᠳᠬᠦᠨ᠎ᠡ᠃ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠶᠢᠨ ᠲᠥᠮᠥᠰᠥ  ᠲᠠᠷᠢᠬᠤ 10 ᠰᠢᠬᠠᠮ ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠳᠬᠦᠨ᠂ ᠦᠷ᠎ᠡ ᠶᠢᠨ ᠲᠦᠮᠦᠰᠦ ᠲᠠᠷᠢᠬᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠨᠡᠶᠢᠯᠡᠭᠦᠯᠦᠨ ᠨᠢᠭᠡᠳᠬᠡᠵᠦ ᠳᠠᠬᠢᠨᠲᠠ ᠵᠣᠬᠢᠶᠠᠨ ᠪᠠᠶᠢᠭᠤᠯᠵᠤ᠂ ᠪᠦᠭᠡᠮ ᠢᠶᠠᠷ ᠦᠷᠡᠵᠢᠭᠦᠯᠦᠨ ᠪᠣᠶᠢᠵᠢᠭᠤᠯᠬᠤ ᠲᠠᠰᠤᠭ᠂ ᠲᠣᠣᠷᠯᠢᠭᠵᠢᠭᠤᠯᠬᠤ ᠲᠠᠰᠤᠭ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠦᠷ᠎ᠡ ᠶᠢᠨ ᠲᠦᠮᠦᠰᠦ ᠦᠷᠡᠵᠢᠭᠦᠯᠦᠨ ᠪᠤᠶᠢᠵᠢᠭᠤᠯᠬᠤ ᠮᠠᠲ᠋ᠧᠷᠢᠶᠠᠯ ᠵᠡᠷᠭᠡ ᠡᠬᠢ ᠪᠠᠶᠠᠯᠢᠭ ᠢ ᠰᠢᠯᠢᠳᠡᠭᠵᠢᠭᠦᠯᠵᠦ ᠡᠮᠬᠢᠯᠡᠨ ᠨᠡᠶᠢᠯᠡᠭᠦᠯᠵᠦ᠂ ᠦᠷ᠎ᠡ ᠶᠢᠨ ᠲᠥᠮᠥᠰᠥ ᠲᠠᠷᠢᠬᠤ ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ  ᠪᠦᠲᠦᠭᠡᠨ ᠪᠠᠶᠢᠭᠤᠯᠬᠤ ᠪᠠ ᠳᠡᠰ ᠳᠡᠪᠰᠢᠭᠦᠯᠦᠨ ᠥᠭᠡᠷᠡᠴᠢᠯᠡᠬᠦ ᠶᠢ ᠳᠠᠮᠵᠢᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠂  ᠦᠷ᠎ᠡ ᠶᠢᠨ ᠲᠥᠮᠥᠰᠥ ᠲᠠᠷᠢᠬᠤ ᠨᠡᠷ᠎ᠡ ᠠᠯᠳᠠᠷᠳᠠᠢ ᠠᠵᠤ ᠠᠬᠤᠶᠢᠯᠠᠯ ᠤᠨ ᠨᠡᠷᠡᠲᠦ ᠲᠡᠮᠳᠡᠭ ᠢ ᠪᠣᠢ ᠪᠣᠯᠭᠠᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠪᠦᠬᠦ ᠣᠷᠣᠨ ᠳᠠᠬᠢ ᠲᠥᠮᠥᠰᠥ ᠶᠢ ᠬᠡᠪᠴᠢᠶᠡᠵᠢᠯ ᠲᠠᠢ ᠲᠠᠷᠢᠬᠤ ᠠᠵᠤ ᠠᠬᠤᠶᠢᠯᠠᠯ ᠤᠨ ᠠᠩᠬᠠᠨ ᠤ ᠴᠡᠪᠡᠷ ᠦᠷ᠎ᠡ ᠶᠢᠨ ᠲᠦᠮᠦᠰᠦ ︵ᠪᠢᠴᠢᠯ ᠲᠥᠮᠥᠰᠥ︶ ᠦᠢᠯᠡᠳᠪᠦᠷᠢᠯᠡᠬᠦ ᠴᠢᠳᠠᠪᠤᠷᠢ ᠶᠢ 30 ᠳ᠋ᠦᠩᠰᠢᠭᠤᠷ ᠬᠦᠷᠭᠡᠬᠦ ᠪᠠᠷ ᠴᠢᠷᠮᠠᠶᠢᠨ᠂ 50 ᠭᠠᠷᠣᠢ ᠲᠦᠮᠡᠨ ᠮᠦ ᠲᠦᠮᠦᠰᠦᠨ ᠤ ᠴᠡᠪᠡᠷ ᠦᠷ᠎ᠡ ᠦᠷᠡᠵᠢᠭᠦᠯᠦᠨ ᠪᠣᠶᠢᠵᠢᠭᠤᠯᠬᠤ ᠶᠢ ᠥᠷᠭᠡᠳᠭᠡᠬᠦ ᠶᠢ ᠨᠢ ᠳᠡᠮᠵᠢᠵᠦ᠂ 500 ᠲᠦᠮᠡᠨ ᠮᠦ ᠶᠢᠨ ᠦᠢᠯᠡᠳᠪᠦᠷᠢᠯᠡᠯ ᠳᠤ ᠬᠡᠷᠡᠭᠯᠡᠬᠦ ᠦᠷ᠎ᠡ ᠶᠢᠨ ᠲᠦᠮᠦᠰᠦ ᠪᠠ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠶᠢ ᠥᠷᠭᠡᠳᠭᠡᠬᠦ ᠬᠡᠷᠡᠭᠴᠡᠭᠡ ᠶᠢ ᠨᠢ ᠬᠠᠩᠭᠠᠨ᠎ᠠ᠃      4. ᠦᠷ᠎ᠡ ᠶᠢᠨ ᠲᠥᠮᠥᠰᠥ ᠶᠢᠨ ᠴᠢᠨᠠᠷ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠬᠤᠤᠷ  ᠦᠭᠡᠶᠢᠲᠡᠭᠦᠯᠦᠭᠰᠡᠨ ᠴᠢᠬᠢ᠂ ᠠᠩᠬᠠᠨ ᠤ ᠴᠡᠪᠡᠷ ᠦᠷ᠎ᠡ ᠶᠢᠨ ᠲᠦᠮᠦᠰᠦ ︵ᠪᠢᠴᠢᠯ ᠲᠥᠮᠥᠰᠥ︶᠂ ᠴᠡᠪᠡᠷ ᠦᠷ᠎ᠡ᠂ ᠨᠢᠭᠡᠳᠦᠭᠡᠷ ᠲᠡᠰ ᠤᠨ ᠦᠷ᠎ᠡ ᠶᠢᠨ ᠲᠦᠮᠦᠰᠦᠨ ᠤ  ᠴᠢᠨᠠᠷ ᠢ ᠪᠥᠬᠦ ᠶᠠᠪᠤᠴᠠ ᠳᠤ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠣᠷ ᠦᠭᠡᠶᠢᠳᠡᠭᠦᠯᠦᠭᠰᠡᠨ ᠲᠦᠮᠦᠰᠦᠨ ᠤ ᠴᠢᠬᠢ ᠶᠢᠨ ᠦᠢᠯᠡᠳᠪᠦᠷᠢᠯᠡᠯ ᠳᠤ ᠡᠰᠢᠨ ᠤ ᠦᠵᠦᠭᠦᠷ ᠲᠠᠬᠢ ᠬᠤᠣᠷ ᠢ ᠨᠢ ᠦᠭᠡᠶᠢᠳᠡᠭᠦᠯᠵᠦ ᠴᠡᠪᠡᠷ ᠪᠠᠶᠢᠯᠭᠠᠬᠤ ᠶᠢ ᠦᠨᠡᠨ ᠬᠦ ᠪᠠᠲᠤᠯᠠᠨ᠂ ᠪᠢᠴᠢᠯ ᠲᠥᠮᠥᠰᠥ ᠶᠢᠨ ᠦᠢᠯᠡᠳᠪᠦᠷᠢᠯᠡᠯ ᠳᠤ ᠲᠣᠤᠷᠯᠢᠭ ᠬᠦᠯᠡᠮᠵᠢ ᠶᠢᠨ ᠰᠠᠭᠤᠷᠢ ᠪᠣᠳᠠᠰ ᠤᠨ ᠴᠡᠪᠡᠷ ᠪᠠᠶᠢᠬᠤ ᠶᠢ ᠦᠨᠡᠨ ᠬᠦ ᠪᠠᠲᠤᠯᠠᠵᠤ᠂ ᠴᠡᠪᠡᠷ ᠦᠷ᠎ᠡ ᠪᠠ ᠨᠢᠭᠡᠳᠦᠭᠡᠷ ᠲᠡᠰ ᠤᠨ ᠦᠷ᠎ᠡ ᠶᠢᠨ ᠲᠦᠮᠦᠰᠦ ᠶᠢᠨ ᠦᠢᠯᠡᠳᠪᠦᠷᠢᠯᠡᠯ ᠳᠤ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠬᠥᠷᠥᠰᠥ ᠰᠢᠷᠣᠶ ᠶᠢ ᠴᠡᠪᠡᠷ ᠪᠠᠶᠢᠯᠭᠠᠬᠤ ᠪᠠᠨ ᠦᠨᠡᠨ ᠬᠦ ᠪᠠᠲᠤᠯᠠᠨ᠎ᠠ᠃ ᠪᠠᠶᠢᠴᠠᠭᠠᠨ ᠰᠢᠯᠭᠠᠬᠤ ᠡᠷᠴᠢᠮ ᠢ ᠴᠢᠩᠭᠠᠷᠠᠭᠤᠯᠵᠤ᠂ ᠪᠠᠶᠢᠴᠠᠭᠠᠨ ᠰᠢᠯᠭᠠᠬᠤ ᠪᠦᠯᠦᠭ ᠤᠳᠠᠭ᠎ᠠ ᠶᠢ ᠨᠡᠮᠡᠭᠳᠡᠭᠦᠯᠦᠨ᠂ ᠦᠷ᠎ᠡ ᠶᠢᠨ ᠲᠥᠮᠥᠰᠥ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢᠨ ᠪᠠᠶᠢᠴᠠᠭᠠᠨ ᠰᠢᠯᠭᠠᠬᠤ ᠶᠢ 100% ᠪᠠᠷ ᠪᠡᠶᠡᠯᠡᠭᠦᠯᠵᠦ᠂ ᠦᠷ᠎ᠡ ᠶᠢᠨ ᠲᠥᠮᠥᠰᠥ ᠶᠢ ᠬᠥᠮᠥᠷᠭᠡ ᠳᠤ ᠣᠷᠣᠭᠤᠯᠬᠤ ᠳᠤ ᠪᠠᠨ 100% ᠪᠠᠷ ᠰᠤᠭᠤᠴᠢᠵᠤ ᠪᠠᠶᠢᠴᠠᠭᠠᠨ᠂ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠦᠢᠯᠡᠳᠪᠦᠷᠢᠯᠡᠬᠦ ᠶᠢ ᠲᠠᠷᠢᠶᠠᠨ ᠭᠠᠵᠠᠷ ᠲᠤ ᠨᠢ 100% ᠪᠠᠷ ᠪᠠᠶᠢᠴᠠᠭᠠᠨ ᠰᠢᠯᠭᠠᠵᠤ᠂ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠭᠡᠷᠡᠴᠢᠯᠡᠬᠦ ᠠᠵᠢᠯ ᠢ ᠢᠳᠡᠪᠬᠢᠲᠡᠢ ᠥᠷᠨᠢᠭᠦᠯᠦᠨ᠎ᠡ᠃ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠭᠦᠯᠦᠨ ᠣᠷᠣᠭᠤᠯᠵᠤ ᠪᠠᠶᠢᠭ᠎ᠠ ᠬᠤᠤᠷ ᠦᠭᠡᠶᠢᠲᠡᠭᠦᠯᠦᠭᠰᠡᠨ ᠦᠷ᠎ᠡ ᠶᠢᠨ ᠲᠥᠮᠥᠰᠥ ᠳᠤ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠬᠢᠷᠢ ᠲᠡᠩᠴᠡᠬᠦ ᠦᠭᠡᠢ ᠦᠷ᠎ᠡ ᠶᠢᠨ ᠲᠦᠮᠦᠰᠦᠨ ᠤ ᠳᠡᠰ ᠢ ᠪᠠᠭᠤᠷᠠᠭᠤᠯᠬᠤ ᠪᠤᠶᠤ ᠲᠠᠸᠠᠷ ᠪᠣᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠦᠷ᠎ᠡ ᠶᠢᠨ ᠲᠦᠮᠦᠰᠦᠨ ᠤ ᠶᠠᠰᠤ ᠴᠢᠨᠠᠷ ᠢ ᠨᠢ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ᠂ ᠦᠷ᠎ᠡ ᠶᠢᠨ ᠲᠥᠮᠥᠰᠥ ᠦᠢᠯᠡᠳᠪᠦᠷᠢᠯᠡᠵᠦ ᠡᠵᠡᠩᠨᠡᠬᠦ ᠳᠤ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ︵ᠭᠤᠷᠪᠠ︶ ᠲᠥᠮᠥᠰᠥ ᠶᠢᠨ ᠴᠢᠨᠠᠷ ᠰᠠᠶᠢᠲᠠᠶ ᠪᠥᠭᠡᠳ ᠪᠣᠬᠢᠷᠲᠤᠯ ᠥᠬᠡᠶ ᠦᠢᠯᠡᠳᠪᠦᠷᠢᠯᠡᠯ ᠢ ᠬᠦᠴᠦᠲᠡᠢ ᠠᠬᠢᠭᠤᠯᠤᠨ᠎ᠠ᠃      1. ᠪᠤᠷᠳᠤᠭᠤᠷ ᠤᠨ ᠬᠡᠮᠵᠢᠶ᠎ᠡ ᠶᠢ ᠬᠢᠵᠠᠭᠠᠷᠯᠠᠵᠤ ᠦᠷ᠎ᠡ ᠠᠰᠢᠭ ᠢ ᠨᠢ ᠨᠡᠮᠡᠭᠳᠡᠭᠦᠯᠦᠨ᠎ᠡ᠃ ᠣᠷᠭᠠᠨᠢᠭ ᠪᠣᠷᠳᠣᠭᠤᠷ ᠢᠶᠠᠷ ᠣᠷᠭᠠᠨᠢᠭ ᠪᠤᠰᠤ ᠪᠣᠷᠳᠣᠭᠤᠷ ᠢ ᠣᠷᠣᠯᠠᠭᠤᠯᠬᠤ᠂ ᠪᠣᠷᠳᠣᠭᠤᠷ ᠣᠷᠣᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠬᠤ᠂ ᠪᠣᠷᠳᠣᠭᠤᠷ ᠣᠷᠣᠭᠤᠯᠬᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠬᠡᠷᠡᠭᠯᠡᠵᠦ ᠪᠠᠶᠢᠭᠠᠳ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ᠎ᠠ᠃ ᠲᠠᠷᠢᠶᠠᠨ ᠭᠠᠵᠠᠷ ᠲᠠᠬᠢ ᠬᠦᠷᠦᠰᠦᠨ ᠤ ᠰᠢᠮ᠎ᠡ ᠶᠢ ᠬᠠᠮᠠᠭᠠᠯᠠᠬᠤ ᠨᠡᠮᠡᠭᠦᠷᠢ ᠶᠢᠨ ᠪᠡᠯᠡ ᠮᠥᠩᠭᠦ ᠬᠢᠭᠡᠳ ᠲᠠᠷᠢᠶᠠᠨ ᠭᠠᠵᠠᠷ ᠤᠨ ᠴᠢᠨᠠᠷᠯᠢᠭ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠬᠤ ᠶᠢ ᠨᠢ ᠵᠣᠷᠢᠭᠵᠢᠭᠤᠯᠵᠤ ᠬᠥᠲᠥᠯᠥᠨ ᠵᠢᠯᠣᠭᠤᠳᠴᠤ᠂ ᠣᠷᠭᠠᠨᠢᠭ ᠪᠣᠷᠳᠤᠭᠤᠷ ᠢ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠳᠤ ᠪᠤᠴᠠᠭᠠᠵᠤ ᠰᠢᠩᠭᠡᠭᠡᠨ ᠣᠷᠣᠭᠤᠯᠬᠤ᠂ ᠨᠣᠭᠤᠭᠠᠨ ᠪᠣᠷᠳᠤᠭᠤᠷ ᠲᠠᠷᠢᠵᠤ ᠲᠠᠷᠢᠶᠠᠨ ᠭᠠᠵᠠᠷ ᠲᠤ ᠣᠷᠣᠭᠤᠯᠬᠤ᠂ ᠭᠦᠨ ᠬᠠᠭᠠᠯᠪᠤᠷᠢᠯᠠᠵᠤ ᠭᠦᠢᠴᠡᠳ ᠰᠤᠯᠠᠷᠠᠭᠤᠯᠬᠤ ᠵᠡᠷᠭᠡ ᠳᠤ ᠪᠣᠳᠠᠰᠵᠢᠭᠤᠯᠤᠭᠰᠠᠨ ᠨᠡᠮᠡᠭᠦᠷᠢ ᠪᠠ ᠮᠡᠷᠭᠡᠵᠢᠯ ᠤᠨ ᠨᠡᠮᠡᠭᠦᠷᠢ ᠥᠭᠬᠦ ᠳᠤ ᠬᠡᠷᠡᠭᠯᠡᠨ᠂ ᠲᠠᠷᠢᠶᠠᠨ ᠭᠠᠵᠠᠷ ᠢ ᠰᠢᠮᠡᠵᠢᠭᠦᠯᠵᠦ᠂ ᠣᠷᠭᠠᠨᠢᠭ ᠪᠤᠷᠳᠤᠭᠤᠷ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠦᠨ᠂ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃      2. ᠡᠮ ᠰᠠᠴᠤᠬᠤ ᠶᠢ ᠬᠢᠵᠠᠭᠠᠷᠯᠠᠵᠤ ᠬᠤᠣᠷ ᠬᠥᠨᠥᠭᠡᠯ ᠢ ᠨᠢ ᠪᠠᠭᠠᠰᠬᠠᠨ᠎ᠠ᠃ ᠡᠮ ᠰᠠᠴᠤᠬᠤ ᠪᠠᠭᠠᠵᠢ ᠲᠥᠬᠦᠭᠡᠷᠦᠮᠵᠢ ᠶᠢ ᠰᠠᠶᠢᠵᠢᠷᠠᠭᠤᠯᠵᠤ᠂ ᠨᠢᠭᠡᠳᠦᠯᠲᠡᠶ ᠰᠡᠷᠭᠡᠶᠢᠯᠡᠵᠦ ᠵᠠᠰᠠᠬᠤ ᠪᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠳᠡᠯᠭᠡᠷᠡᠭᠦᠯᠦᠨ᠂ ᠮᠧᠬᠠᠨᠢᠭ ᠢᠶᠠᠷ ᠲᠠᠩᠨᠠᠵᠤ ᠠᠷᠴᠢᠨ ᠡᠪᠡᠰᠦ ᠠᠷᠢᠯᠭᠠᠬᠤ ᠡᠷᠴᠢᠮ ᠢ ᠴᠢᠩᠭᠠᠷᠠᠭᠤᠯᠵᠤ᠂ ᠥᠨᠳᠥᠷ ᠦᠷ᠎ᠡ ᠠᠰᠢᠭ ᠲᠠᠢ ᠠᠮᠢᠳᠤ ᠪᠣᠳᠠᠰ ᠤᠨ ᠲᠠᠷᠢᠶᠠᠯᠠᠩ ᠤᠨ ᠡᠮ ᠢ ᠢᠳᠡᠪᠬᠢᠲᠡᠢ ᠳᠡᠯᠭᠡᠷᠡᠭᠦᠯᠦᠨ᠂ ᠬᠢᠮᠢ ᠶᠢᠨ ᠲᠠᠷᠢᠶᠠᠯᠠᠩ ᠤᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠥᠪᠥᠷ ᠮᠣᠩᠭᠤᠯ ᠤᠨ ᠲᠥᠮᠥᠰᠥᠨ ᠤ ᠰᠡᠭᠦᠯᠳᠡᠵᠦ ᠬᠠᠯᠳᠠᠪᠤᠷᠢᠯᠠᠬᠤ ᠬᠠᠯᠠᠭᠤᠨ ᠭᠡᠮ ᠳᠤ ᠲᠣᠭᠠᠵᠢᠭᠤᠯᠤᠭᠰᠠᠨ ᠬᠢᠨᠠᠵᠤ ᠡᠵᠡᠮᠳᠡᠨ ᠰᠡᠷᠡᠮᠵᠢᠯᠡᠭᠦᠯᠬᠦ ᠰᠢᠰᠲ᠋ᠧᠮ ᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠪᠦᠬᠦ ᠣᠷᠣᠨ ᠤ ᠲᠥᠮᠥᠰᠥ ᠶᠢᠨ ᠭᠤᠤᠯ ᠭᠠᠷᠤᠯᠲᠠ ᠶᠢᠨ 41 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠠᠶᠢᠭᠤᠯᠤᠭᠰᠠᠨ 103 ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠠᠦ᠋ᠲ᠋ᠣ᠋ ᠬᠢᠨᠠᠨ ᠰᠢᠨᠵᠢᠬᠦ ᠥᠷᠲᠡᠭᠡ ᠴᠡᠭ ᠤᠨ ᠰᠠᠭᠤᠷᠢᠨ ᠳᠡᠭᠡᠷ᠎ᠡ᠂ ᠬᠢᠨᠠᠵᠤ ᠰᠢᠨᠵᠢᠬᠦ ᠴᠡᠭ ᠢ ᠴᠢᠨᠠᠭᠰᠢᠳᠠ ᠨᠡᠮᠡᠵᠦ ᠨᠢᠭᠲᠠ ᠪᠠᠶᠢᠷᠢᠯᠠᠭᠤᠯᠵᠤ᠂ ᠲᠦᠬᠦᠷᠵᠢᠭᠦᠯᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠰᠡᠷᠡᠮᠵᠢᠯᠡᠭᠦᠯᠬᠦ ᠯᠦᠭᠡ ᠭᠤᠣᠯᠳᠠᠯᠭ᠎ᠠ ᠲᠠᠢ ᠤᠶᠠᠯᠳᠤᠭᠤᠯᠤᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠳᠠᠷᠤᠬᠤ ᠶᠢ ᠳᠡᠯᠭᠡᠷᠡᠭᠦᠯᠵᠦ᠂ ᠲᠦᠮᠦᠰᠦᠨ ᠤ ᠰᠡᠭᠦᠯᠳᠡᠵᠦ ᠬᠠᠯᠳᠠᠪᠤᠷᠢᠯᠠᠬᠤ ᠬᠠᠯᠠᠭᠤᠨ ᠭᠡᠮ ᠤᠨ ᠰᠡᠷᠡᠮᠵᠢᠯᠡᠭᠦᠯᠬᠦ ᠶᠢ 14 — 20 ᠡᠳᠦᠷ ᠤᠷᠢᠳᠴᠢᠯᠠᠭᠤᠯᠵᠤ᠂ ᠲᠠᠷᠢᠶᠠᠯᠠᠩ ᠤᠨ ᠡᠮ ᠰᠠᠴᠤᠬᠤ ᠤᠳᠠᠭ᠎ᠠ ᠶᠢ 3 ᠣᠷᠴᠢᠮ ᠪᠠᠭᠠᠰᠬᠠᠨ᠂ ᠮᠦ ᠪᠦᠷᠢ ᠳᠤ ᠳᠤᠮᠳᠠᠴᠢ ᠪᠠᠷ 100 ᠭᠠᠷᠤᠢ ᠭᠷᠠᠮ ᠬᠠᠰᠤᠵᠤ᠂ 2025  ᠪᠣᠯᠬᠤ ᠳᠤ᠂ ᠵᠢᠯ ᠤᠨ ᠳᠡᠯᠭᠡᠷᠡᠭᠦᠯᠦᠭᠰᠡᠨ ᠲᠠᠯᠠᠪᠠᠢ ᠶᠢ 200 ᠭᠠᠷᠣᠢ ᠲᠦᠮᠡᠨ ᠮᠦ ᠳᠤ ᠬᠦᠷᠦᠭᠦᠯᠦᠨ᠎ᠡ᠃      3. ᠤᠰᠤ ᠬᠡᠷᠡᠭᠯᠡᠬᠦ ᠶᠢ ᠬᠢᠵᠠᠭᠠᠷᠯᠠᠵᠤ ᠬᠤᠷᠣᠭᠳᠠᠯ ᠰᠦᠢᠳᠦᠯ ᠢ ᠪᠠᠭᠠᠰᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠷᠢᠶᠠᠯᠠᠩ ᠤᠨ ᠭᠤᠣᠯᠳᠠᠯᠭ᠎ᠠ ᠲᠠᠢ ᠲᠥᠷᠥᠯ ᠵᠦᠢᠯ ᠢᠶᠠᠷ ᠳᠠᠮᠵᠢᠭᠤᠯᠤᠨ᠂ ᠰᠦᠷᠴᠢᠨ ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠬᠦ ᠶᠢ ᠠᠬᠢᠭᠤᠯᠵᠤ᠂ ᠥᠨᠳᠥᠷ ᠦᠷ᠎ᠡ ᠠᠰᠢᠭ ᠲᠠᠢ ᠪᠠᠷ ᠤᠰᠤ ᠪᠠ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠦᠨ᠂ ᠣᠳᠣ ᠪᠠᠶᠢᠭ᠎ᠠ ᠲᠤᠰᠤᠯᠭᠠᠨ ᠤᠰᠤᠯᠠᠬᠤ ᠪᠠᠷ ᠭᠤᠤᠯ ᠪᠣᠯᠭᠠᠭᠰᠠᠨ ᠲᠥᠮᠥᠰᠥ ᠲᠠᠷᠢᠬᠤ ᠥᠨᠳᠥᠷ ᠦᠷ᠎ᠡ ᠠᠰᠢᠭ ᠲᠠᠢ ᠪᠠᠷ ᠤᠰᠤ ᠪᠣᠷᠳᠣᠭᠤᠷ ᠢ ᠨᠢᠭᠡ  ᠴᠤᠨᠨᠴᠠᠵᠢᠭᠤᠯᠤᠨᠨᠰᠠᠨ ᠲᠠᠯᠠᠪᠠᠶ 140 ᠲᠦᠮᠡᠨ ᠮᠦ ᠶᠢᠨ ᠰᠠᠭᠤᠷᠢᠨ ᠳᠡᠭᠡᠷ᠎ᠡ᠂ 2025 ᠣᠨ ᠪᠣᠯᠬᠤ ᠳᠤ ᠲᠥᠮᠥᠰᠥ ᠲᠠᠷᠢᠬᠤ ᠥᠨᠳᠥᠷ ᠦᠷ᠎ᠡ ᠠᠰᠢᠭ ᠲᠠᠢ ᠪᠠᠷ ᠤᠰᠤ ᠪᠠ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠢ ᠶᠢ 100 ᠲᠦᠮᠡᠨ ᠮᠦ ᠰᠢᠨ᠎ᠡ ᠪᠠᠷ ᠥᠭᠡᠷᠡᠴᠢᠯᠡᠨ ᠨᠡᠮᠡᠵᠦ᠂ ᠪᠦᠬᠦ ᠣᠷᠣᠨ ᠤ 300 ᠲᠦᠮᠡᠨ ᠮᠦ ᠣᠷᠴᠢᠮ ᠤᠨ ᠤᠰᠤᠯᠠᠯᠲᠠ ᠶᠢᠨ ᠨᠥᠬᠦᠴᠡᠯ ᠲᠠᠢ ᠲᠥᠮᠥᠰᠥ ᠲᠠᠷᠢᠬᠤ ᠲᠠᠯᠠᠪᠠᠢ ᠶᠢᠨ 80% ᠠᠴᠠ ᠳᠡᠭᠡᠭᠰᠢᠬᠢ ᠶᠢ ᠨᠢ ᠥᠨᠳᠥᠷ ᠦᠷ᠎ᠡ ᠠᠰᠢᠭ ᠲᠠᠢ ᠪᠠᠷ ᠤᠰᠤ ᠪᠣᠷᠳᠣᠭᠤᠷ  ᠢ ᠨᠢᠭᠡ   ᠴᠤᠭᠴᠠᠵᠢᠭᠤᠯᠤᠨ᠎ᠠ᠃      4. ᠨᠢᠮᠭᠡᠨ ᠰᠦᠯᠢᠶᠦᠦ ᠪᠦᠷᠬᠦᠪᠴᠢ ᠶᠢ ᠬᠢᠵᠠᠭᠠᠷᠯᠠᠵᠤ ᠪᠣᠬᠢᠷᠲᠤᠯ ᠢ ᠪᠠᠭᠠᠰᠬᠠᠨ᠎ᠠ᠃ 1 -2 ᠵᠢᠯ ᠤᠨ ᠬᠢᠨᠠᠨ ᠬᠠᠮᠢᠶᠠᠷᠬᠤ ᠪᠠ ᠳᠡᠯᠭᠡᠷᠡᠭᠦᠯᠬᠦ ᠪᠠᠷ ᠳᠠᠮᠵᠢᠭᠤᠯᠤᠨ᠂ ᠪᠥᠬᠦ ᠣᠷᠣᠨ ᠤ ᠲᠥᠮᠥᠰᠥ ᠶᠢ ᠨᠢᠮᠭᠡᠨ ᠰᠦᠯᠢᠶᠦᠦ ᠪᠦᠷᠬᠦᠵᠦ ᠳᠠᠷᠢᠬᠤ ᠳᠤ ᠴᠥᠮ 0.01 ᠮᠢᠯᠢᠮᠧᠲᠷ ᠤᠨ ᠵᠤᠵᠠᠭᠠᠨ ᠤ ᠬᠡᠮᠵᠢᠶ᠎ᠡ ᠲᠠᠢ ᠪᠠᠶᠢᠳᠠᠭ ᠳᠡᠯᠡᠬᠡᠢ ᠶᠢᠨ ᠰᠢᠨ᠎ᠡ ᠪᠠᠷᠢᠮᠵᠢᠶᠠᠲᠤ ᠨᠢᠮᠭᠡᠨ ᠰᠦᠯᠢᠶᠦᠦ ᠪᠦᠷᠬᠦᠪᠴᠢ ᠶᠢ ᠬᠡᠷᠡᠭᠯᠡᠵᠦ᠂ ᠲᠠᠷᠢᠶᠠᠨ ᠭᠠᠵᠠᠷ ᠲᠤ ᠰᠦᠢᠲᠦᠭᠳᠡᠵᠦ ᠦᠯᠡᠳᠡᠭᠰᠡᠨ ᠨᠢᠮᠭᠡᠨ ᠰᠦᠯᠢᠶᠥᠦ ᠪᠦᠷᠬᠦᠪᠴᠢ ᠪᠠᠨ ᠲᠣᠰ ᠤᠯᠠᠷᠢᠯ ᠳᠤ ᠨᠢ ᠪᠤᠴᠠᠭᠠᠨ ᠬᠤᠷᠢᠶᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠂ ᠲᠥᠮᠥᠰᠥ ᠲᠠᠷᠢᠭᠴᠢᠳ ᠢ ᠵᠣᠷᠢᠭᠵᠢᠭᠤᠯᠵᠤ ᠬᠥᠲᠥᠯᠥᠨ ᠵᠢᠯᠣᠭᠤᠳᠴᠤ ᠪᠠᠶᠢᠭᠠᠳ ᠠᠮᠢᠳᠤ ᠪᠣᠳᠠᠰ ᠤᠨ ᠵᠠᠳᠠᠷᠠᠯᠲᠤ ᠨᠢᠮᠭᠡᠨ ᠰᠦᠯᠢᠶᠥᠦ ᠪᠦᠷᠬᠦᠪᠴᠢ ᠶᠢ ᠬᠡᠷᠡᠭᠯᠡᠭᠦᠯᠵᠦ᠂ ᠥᠨᠳᠥᠷ ᠳᠡᠯᠡᠩᠲᠦ ᠪᠦᠷᠬᠦᠭᠦᠯ ᠥᠬᠡᠶ ᠳᠤᠰᠤᠯᠭᠠᠨ ᠤᠰᠤᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠎ᠡ᠃      5. ᠡᠭᠡᠯᠵᠢᠯᠡᠨ ᠲᠠᠷᠢᠵᠤ ᠪᠠᠺᠲ᠋ᠧᠷᠢ ᠭᠡᠮ ᠢ ᠠᠷᠢᠯᠭᠠᠨ᠎ᠠ᠃ ᠡᠭᠡᠯᠵᠢᠯᠡᠨ ᠲᠠᠷᠢᠵᠤ ᠭᠤᠣᠷᠰᠣ ᠰᠣᠯᠢᠬᠤ ᠪᠠᠷ ᠳᠠᠮᠵᠢᠭᠤᠯᠤᠨ ᠲᠥᠮᠥᠰᠥ ᠶᠢᠨ ᠬᠦᠷᠦᠰᠦᠨ ᠳᠠᠬᠢ ᠪᠠᠺᠲ᠋ᠧᠷᠢ ᠭᠡᠮ ᠢ ᠳᠠᠷᠤᠵᠤ ᠠᠷᠢᠯᠭᠠᠨ᠂ ᠲᠥᠮᠥᠰᠥ ᠶᠢᠨ ᠭᠤᠤᠯ ᠭᠠᠷᠤᠯᠲᠠ ᠶᠢᠨ ᠣᠷᠣᠨ ᠳᠤ ᠤᠯᠤᠰ ᠤᠨ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠭᠤᠷᠪᠠᠨ ᠵᠢᠯ ᠡᠭᠡᠯᠵᠢᠯᠡᠨ ᠲᠠᠷᠢᠬᠤ ᠵᠠᠭᠪᠤᠷ ᠢ ᠬᠡᠷᠡᠭᠵᠢᠭᠦᠯᠦᠨ᠎ᠡ᠃ ᠦᠷ᠎ᠡ ᠶᠢᠨ ᠲᠥᠮᠥᠰᠥ ᠦᠢᠯᠡᠳᠪᠦᠷᠢᠯᠡᠬᠦ ᠰᠠᠭᠤᠷᠢᠨ ᠭᠠᠵᠠᠷ ᠲᠤ 4 ᠵᠢᠯ ᠠᠴᠠ ᠢᠯᠡᠭᠦᠦ ᠡᠭᠡᠯᠵᠢᠯᠡᠨ ᠲᠠᠷᠢᠬᠤ ᠶᠢ ᠠᠯᠪᠠᠳᠠᠯᠭ᠎ᠠ ᠪᠠᠷ ᠴᠢᠩᠭ᠎ᠠ ᠬᠡᠷᠡᠭᠵᠢᠭᠦᠯᠵᠦ᠂ ᠦᠷ᠎ᠡ ᠶᠢᠨ ᠲᠥᠮᠥᠰᠥ ᠶᠢᠨ ᠶᠠᠰᠤ  ᠴᠢᠨᠠᠷ ᠢ ᠳᠡᠭᠡᠭᠰᠢᠯᠡᠭᠦᠯᠦᠨ᠎ᠡ᠃ ᠲᠦᠮᠦᠰᠦ ᠦᠢᠯᠡᠳᠪᠦᠷᠢᠯᠡᠬᠦ ᠲᠣᠮᠣ ᠡᠷᠦᠬᠡ ᠪᠠ ᠰᠢᠨ᠎ᠡ ᠬᠡᠯᠪᠡᠷᠢ ᠶᠢᠨ ᠡᠵᠡᠩᠨᠡᠬᠦ ᠭᠤᠣᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠲᠠᠸᠠᠷ ᠤᠨ ᠲᠥᠮᠥᠰᠥ ᠶᠢ ᠭᠤᠷᠪᠠᠨ ᠵᠢᠯ ᠠᠴᠠ ᠢᠯᠡᠭᠦᠦ ᠡᠭᠡᠯᠵᠢᠯᠡᠨ ᠲᠠᠷᠢᠬᠤ ᠶᠢ ᠬᠡᠷᠡᠭᠵᠢᠭᠦᠯᠵᠦ᠂ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠳᠥᠷᠪᠡ︶ ᠲᠥᠮᠥᠰᠥ ᠪᠣᠯᠪᠠᠰᠤᠷᠠᠭᠤᠯᠵᠤ ᠤᠯᠠᠷᠢᠭᠤᠯᠬᠤ  ᠲᠦᠪᠰᠢᠨ ᠢ ᠳᠡᠭᠡᠭᠰᠢᠯᠡᠭᠦᠯᠦᠨ᠎ᠡ᠃      1. ᠭᠠᠷᠤᠯᠲᠠ ᠶᠢᠨ ᠣᠷᠣᠨ ᠳᠤ ᠪᠠᠨ ᠠᠩᠬ᠎ᠠ ᠡᠳ᠋ᠰᠢᠭᠦᠯᠦᠨ ᠪᠣᠯᠪᠠᠰᠤᠷᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠢ ᠢᠳᠡᠪᠬᠢᠲᠡᠢ ᠣᠷᠣᠭᠤᠯᠵᠤ ᠠᠪᠴᠢᠷᠠᠨ ᠲᠥᠮᠥᠰᠥ ᠶᠢ ᠨᠠᠷᠢᠯᠢᠭ ᠰᠣᠩᠭᠤᠬᠤ᠂ ᠴᠡᠪᠡᠷᠯᠡᠨ ᠤᠬᠢᠶᠠᠬᠤ᠂ ᠬᠡᠰᠡᠭᠯᠡᠵᠦ ᠭᠡᠷᠴᠢᠬᠦ᠂ ᠨᠢᠮᠭᠡᠨ ᠬᠡᠷᠴᠢᠬᠦ᠂ ᠲᠦᠷᠭᠡᠨ ᠬᠥᠯᠳᠡᠭᠡᠬᠦ ᠵᠡᠷᠭᠡ ᠠᠩᠬᠠᠨ ᠤ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠪᠠ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠲᠦᠮᠦᠰᠦ ᠬᠤᠷᠢᠶᠠᠭᠰᠠᠨ ᠤ ᠳᠠᠷᠠᠭᠠᠬᠢ ᠲᠠᠸᠠᠷᠴᠢᠯᠠᠨ ᠰᠢᠢᠳᠪᠦᠷᠢᠯᠡᠬᠦ ᠴᠢᠳᠠᠪᠤᠷᠢ ᠪᠠ  ᠲᠦᠪᠰᠢᠨ ᠢ ᠳᠡᠭᠡᠭᠰᠢᠯᠡᠭᠦᠯᠵᠦ᠂ ᠴᠡᠪᠡᠷ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠨ᠎ᠠ᠃      2. ᠨᠠᠷᠢᠯᠢᠭ ᠪᠥᠭᠡᠳ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠲᠡᠳᠬᠦᠨ᠎ᠡ᠃ ᠲᠡᠷᠢᠭᠦᠨ ᠤ ᠲᠣᠮᠣ ᠬᠡᠯᠪᠡᠷᠢ ᠶᠢᠨ ᠲᠥᠮᠥᠰᠥ  ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠵᠤ ᠠᠪᠴᠢᠷᠠᠨ᠂ ᠣᠷᠣᠨ ᠨᠤᠲᠤᠭ ᠤᠨ ᠳᠤᠮᠳᠠ ᠵᠢᠵᠢᠭ ᠬᠡᠯᠪᠡᠷᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠨᠡᠶᠢᠯᠡᠭᠦᠯᠵᠦ ᠳᠠᠬᠢᠨᠲᠠ ᠵᠣᠬᠢᠶᠠᠨ ᠪᠠᠶᠢᠭᠤᠯᠬᠤ᠂ ᠳᠡᠰ ᠳᠡᠪᠰᠢᠬᠦ ᠶᠢ ᠨᠢ ᠵᠣᠷᠢᠭᠵᠢᠭᠤᠯᠤᠨ᠂ ᠡᠳ᠋ᠰᠢᠭᠦᠯᠦᠨ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠨᠠᠷᠢᠯᠢᠭ ᠪᠥᠭᠡᠳ ᠭᠦᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠭᠤᠤᠯᠳᠠᠯᠭ᠎ᠠ ᠲᠠᠢ ᠳᠠᠮᠵᠢᠵᠤ᠂ ᠪᠦᠷᠢᠨ ᠴᠠᠷᠳᠠᠭᠤᠯ᠂   ᠬᠤᠪᠢᠷᠠᠮᠲᠠᠬᠠᠢ ᠴᠠᠷᠳᠠᠭᠤᠯ᠂ ᠤᠭᠤᠷᠠᠭ᠂ ᠰᠢᠷᠬᠡᠭ ᠵᠡᠷᠭᠡ ᠥᠨᠳᠥᠷ ᠨᠡᠮᠡᠯᠲᠡ ᠥᠷᠲᠡᠭ ᠲᠠᠢ ᠪᠦᠲᠦᠭᠡᠭᠳᠡᠬᠦᠨ ᠪᠣᠯᠭᠠᠵᠤ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠢ ᠥᠷᠨᠢᠭᠦᠯᠦᠨ᠎ᠡ᠃ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠪᠠᠭᠠᠰᠬᠠᠨ ᠂ ᠡᠳ᠋ᠰᠢᠭᠦᠯᠵᠦ ᠪᠣᠯᠪᠠᠰᠤᠷᠠᠭᠤᠯᠬᠤ ᠳᠤ ᠲᠤᠰᠬᠠᠢ ᠬᠡᠷᠡᠭᠯᠡᠬᠦ ᠲᠥᠮᠥᠰᠥ ᠶᠢᠨ ᠬᠥᠭᠵᠢᠯᠲᠡ ᠶᠢ ᠳᠠᠶᠢᠴᠢᠯᠠᠨ᠎ᠠ᠃      3. ᠭᠤᠤᠯ ᠢᠳᠡᠭᠡᠨ ᠤ ᠪᠦᠲᠦᠭᠡᠭᠳᠡᠬᠦᠨ ᠪᠣᠯᠭᠠᠬᠤ ᠪᠠᠷ ᠨᠡᠭᠡᠭᠡᠨ ᠬᠥᠭᠵᠢᠭᠦᠯᠬᠦ ᠶᠢ ᠲᠡᠳᠬᠦᠨ᠎ᠡ᠃ ᠲᠦᠮᠦᠰᠦ ᠪᠠᠷ ᠭᠤᠤᠯ ᠢᠳᠡᠭᠡᠨ ᠤ ᠪᠦᠲᠦᠭᠡᠭᠳᠡᠬᠦᠨ ᠪᠣᠯᠭᠠᠨ ᠦᠢᠯᠡᠳᠪᠦᠷᠢᠯᠡᠬᠦ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠲᠥᠮᠥᠰᠥ ᠪᠠᠷ ᠭᠤᠤᠯ ᠢᠳᠡᠭᠡᠨ ᠪᠣᠯᠭᠠᠬᠤ ᠪᠦᠲᠦᠭᠡᠭᠳᠡᠬᠦᠨ᠂ ᠵᠣᠷ ᠨᠠᠶᠢᠷᠠᠯᠭ᠎ᠠ ᠲᠠᠢ ᠪᠦᠲᠦᠭᠡᠭᠳᠡᠬᠦᠨ᠂ ᠰᠢᠮ᠎ᠡ ᠲᠡᠵᠢᠭᠡᠯ ᠤᠨ ᠨᠠᠶᠢᠷᠠᠯᠭᠠᠲᠤ ᠬᠤᠭᠤᠯᠠ ᠵᠡᠷᠭᠡ ᠶᠢ ᠨᠡᠭᠡᠭᠡᠨ ᠬᠥᠭᠵᠢᠭᠦᠯᠵᠤ᠂ ᠲᠦᠮᠦᠰᠦ ᠪᠠᠷ ᠭᠤᠤᠯ ᠢᠳᠡᠭᠡᠨ ᠪᠣᠯᠭᠠᠭᠰᠠᠨ ᠪᠦᠲᠦᠭᠡᠭᠳᠡᠬᠦᠨ ᠢ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠦᠵᠡᠮᠵᠢ ᠶᠢᠨ ᠣᠷᠣᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠦᠨ᠂ ᠭᠤᠤᠯ ᠢᠳᠡᠭᠡᠨ ᠪᠣᠯᠭᠠᠭᠰᠠᠨ ᠪᠦᠲᠦᠭᠡᠭᠳᠡᠬᠦᠨ ᠤ ᠮᠡᠳᠡᠷᠡᠮᠵᠢ ᠶᠢᠨ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠬᠡᠷᠡᠭᠯᠡᠭᠡ ᠶᠢᠨ ᠭᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠠᠶᠢᠴᠢᠯᠠᠨ᠎ᠠ᠃      ︵ᠲᠠᠪᠤ︶ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃      1. ᠪᠦᠯᠦᠭᠵᠢᠨ ᠬᠥᠭᠵᠢᠬᠦ ᠶᠢ ᠲᠦᠷᠭᠡᠳᠬᠡᠨ᠎ᠡ᠃ ᠭᠤᠤᠯ ᠭᠠᠷᠤᠯᠲᠠ ᠶᠢᠨ ᠣᠷᠣᠨ ᠳᠤ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ᠂ ᠬᠡᠪᠴᠢᠶᠡᠵᠢᠭᠦᠯᠦᠨ ᠲᠠᠷᠢᠬᠤ᠂ ᠡᠳ᠋ᠰᠢᠭᠦᠯᠵᠦ ᠪᠣᠯᠪᠠᠰᠤᠷᠠᠭᠤᠯᠬᠤ᠂ ᠬᠠᠳᠠᠭᠠᠯᠠᠵᠤ ᠲᠡᠭᠡᠭᠡᠪᠦᠷᠢᠯᠡᠬᠦ᠂ ᠡᠵᠡᠩᠨᠡᠨ ᠪᠣᠷᠣᠯᠠᠭᠤᠯᠬᠤ ᠶᠢ ᠲᠥᠪᠯᠡᠷᠡᠭᠦᠯᠵᠦ ᠨᠢᠭᠡ ᠴᠣᠭᠴᠠᠵᠢᠭᠤᠯᠤᠭᠰᠠᠨ ᠲᠦᠮᠦᠰᠦ ᠶᠢᠨ ᠠᠵᠤ ᠦᠢᠯᠡᠰ ᠤᠨ ᠪᠦᠯᠦᠭᠵᠢᠯ ᠪᠠᠶᠢᠭᠤᠯᠬᠤ ᠶᠢ ᠳᠠᠮᠵᠢᠵᠤ᠂ 2025 ᠣᠨ ᠪᠣᠯᠬᠤ ᠳᠤ᠂ ᠭᠤᠣᠯ ᠭᠠᠷᠤᠯᠲᠠ ᠶᠢᠨ ᠣᠷᠣᠨ ᠨᠢ ᠣᠷᠣᠨ ᠪᠦᠰᠡ ᠠᠯᠤᠰᠯᠠᠨ ᠤᠯᠤᠰ ᠤᠨ ᠲᠡᠰ ᠤᠨ ᠲᠥᠮᠥᠰᠥ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠤᠨ 1 ᠲᠥᠷᠥᠯ ᠵᠦᠢᠯ ᠭᠤᠶᠤᠴᠢᠯᠠᠬᠤ ᠶᠢ ᠢᠳᠡᠪᠬᠢᠲᠡᠢ ᠳᠠᠮᠵᠢᠵᠤ᠂ ᠪᠦᠬᠦ ᠠᠵᠤ ᠦᠢᠯᠡᠰ ᠤᠨ ᠬᠡᠯᠬᠢᠶᠡᠨ ᠤ ᠪᠦᠲᠦᠭᠡᠭᠳᠡᠬᠦᠨ ᠤ ᠥᠷᠲᠡᠭ ᠢ 230 ᠳ᠋ᠦᠩᠰᠢᠭᠤᠷ ᠲᠥᠭᠦᠷᠢᠭ ᠲᠤ   ᠬᠦᠷᠦᠭᠦᠯᠦᠨ᠎ᠡ᠃ ᠲᠦᠮᠦᠰᠦ ᠶᠢᠨ ᠳᠠᠪᠠᠭᠤᠯᠢᠭ ᠪᠣᠯᠬᠤ ᠭᠤᠣᠯ ᠭᠠᠷᠤᠯᠲᠠ ᠶᠢᠨ ᠣᠷᠣᠨ ᠳᠤ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ 1 — 2 ᠪᠠᠶᠢᠭᠤᠯᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠤᠯᠤᠰ ᠤᠨ ᠲᠡᠰ ᠤᠨ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠦᠨ᠎ᠡ᠃ ᠲᠦᠮᠦᠰᠦ ᠶᠢᠨ ᠭᠤᠣᠯ ᠭᠠᠷᠤᠯᠲᠠ ᠶᠢᠨ ᠣᠷᠣᠨ ᠳᠤ ᠵᠢᠭᠤᠯᠴᠢᠯᠠᠯ ᠤᠨ ᠠᠵᠤ ᠦᠢᠯᠡᠰ ᠢ ᠵᠡᠷᠭᠡ ᠳᠤ  ᠨᠢ ᠬᠥᠭᠵᠢᠭᠦᠯᠬᠦ ᠶᠢ ᠵᠣᠷᠢᠭᠵᠢᠭᠤᠯᠤᠨ᠂ ᠲᠥᠮᠥᠰᠥ ᠶᠢᠨ ᠮᠦᠽᠧᠶ᠂ ᠲᠥᠮᠥᠰᠥ ᠶᠢᠨ ᠵᠢᠵᠢᠭ ᠪᠠᠯᠭᠠᠰᠤ᠂ ᠲᠥᠮᠥᠰᠥ ᠶᠢᠨ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠶᠢ ᠪᠠᠶᠢᠭᠤᠯᠵᠤ᠂ ᠲᠥᠮᠥᠰᠥ ᠶᠢᠨ ᠲᠤᠬᠠᠢ ᠰᠠᠶᠢᠲᠤᠷ ᠦᠯᠢᠭᠡᠷᠯᠡᠨ ᠶᠡᠷᠢᠨ᠎ᠠ᠃      2. ᠮᠧᠬᠠᠨᠢᠭᠵᠢᠯᠠᠨ ᠠᠵᠢᠯᠯᠠᠬᠤ ᠶᠢ ᠠᠬᠢᠭᠤᠯᠤᠨ᠎ᠠ᠃ ᠲᠦᠮᠦᠰᠦ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠭᠵᠢᠭᠤᠯᠬᠤ ᠪᠠᠭᠤᠷᠠᠶ ᠲᠠᠯ᠎ᠠ ᠳᠤ ᠴᠢᠭᠯᠡᠭᠦᠯᠦᠨ ᠂ ᠲᠠᠷᠢᠶᠠᠯᠠᠩ ᠤᠨ ᠮᠠᠰᠢᠨ ᠳᠤ ᠨᠥᠬᠦᠪᠥᠷᠢ ᠥᠭᠬᠦ ᠪᠠᠷ ᠳᠠᠮᠵᠢᠭᠤᠯᠤᠨ ᠲᠥᠮᠥᠰᠥ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ  ᠬᠢᠨ ᠤ ᠲᠣᠮᠣ ᠬᠡᠯᠪᠡᠷᠢ ᠶᠢᠨ ᠲᠠᠷᠢᠬᠤ᠂ ᠲᠠᠩᠨᠠᠵᠤ ᠠᠷᠴᠢᠬᠤ᠂ ᠤᠷᠭᠤᠮᠠᠯ ᠬᠠᠮᠠᠭᠠᠯᠠᠬᠤ ᠮᠧᠬᠠᠨᠢᠭ ᠵᠢᠴᠢ ᠮᠠᠯᠲᠠᠵᠤ ᠬᠤᠷᠢᠶᠠᠬᠤ᠂ ᠳᠡᠰ ᠬᠤᠪᠢᠶᠠᠬᠤ᠂ ᠨᠠᠷᠢᠯᠢᠭ ᠰᠣᠩᠭᠤᠬᠤ᠂ ᠪᠣᠭᠤᠳᠠᠯᠯᠠᠬᠤ ᠶᠢ ᠨᠢᠭᠡ ᠴᠣᠭᠴᠠᠵᠢᠭᠤᠯᠤᠭᠰᠠᠨ ᠬᠤᠷᠢᠶᠠᠵᠤ ᠠᠪᠬᠤ ᠮᠧᠬᠠᠨᠢᠭ ᠬᠤᠳᠠᠯᠳᠤᠨ ᠠᠪᠬᠤ ᠶᠢ ᠨᠢ ᠭᠤᠤᠯᠳᠠᠯᠭ᠎ᠠ ᠲᠠᠢ ᠳᠡᠮᠵᠢᠵᠦ᠂ ᠠᠵᠢᠯᠴᠢᠨ ᠬᠡᠷᠡᠭᠯᠡᠬᠦ ᠲᠠᠯ᠎ᠠ ᠶᠢᠨ ᠣᠷᠣᠭᠤᠯᠤᠯᠲᠠ ᠶᠢ ᠪᠠᠭᠠᠰᠬᠠᠨ᠂ ᠲᠥᠮᠥᠰᠥ ᠦᠢᠯᠡᠳᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠲᠥᠮᠥᠰᠥ ᠶᠢᠨ ᠲᠤᠰᠬᠠᠶᠢᠵᠢᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ ᠳᠠᠮᠵᠢᠵᠤ᠂ ᠦᠢᠯᠡᠴᠢᠯᠡᠬᠦ ᠬᠡᠪᠴᠢᠶ᠎ᠡ ᠶᠢ ᠨᠢ ᠥᠷᠭᠡᠳᠬᠡᠨ᠎ᠡ᠃ 2025 ᠣᠨ ᠪᠣᠯᠬᠤ ᠳᠤ᠂ ᠪᠦᠬᠦ ᠣᠷᠣᠨ ᠤ ᠲᠥᠮᠥᠰᠥ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠭᠵᠢᠭᠤᠯᠬᠤ ᠨᠣᠷᠮ᠎ᠠ ᠶᠢ 90% ᠳᠤ ᠬᠦᠷᠦᠭᠦᠯᠬᠦ ᠪᠠᠷ ᠴᠢᠷᠮᠠᠶᠢᠨ᠎ᠠ᠃      3. ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠤᠨ ᠲᠥᠮᠥᠰᠥ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠣᠮᠣ ᠳ᠋ᠠᠶᠢᠲ᠋ᠠ ᠶᠢᠨ ᠲᠠᠪᠴᠠᠩ  ᠪᠠᠶᠢᠭᠤᠯᠵᠤ ᠲᠡᠭᠦᠯᠳᠡᠷᠵᠢᠭᠦᠯᠬᠦ ᠶᠢ ᠨᠢ ᠳᠠᠮᠵᠢᠵᠤ᠂ ᠲᠦᠮᠦᠰᠦ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢᠴᠢᠯᠠᠯᠲᠠ ᠶᠢᠨ ᠬᠡᠷᠡᠭᠯᠡᠭᠡᠨ ᠢ ᠠᠬᠢᠭᠤᠯᠤᠨ᠂ ᠲᠥᠮᠥᠰᠥ ᠦᠢᠯᠡᠳᠪᠦᠷᠢᠯᠡᠬᠦ᠂ ᠡᠵᠡᠩᠨᠡᠬᠦ ᠪᠠ ᠬᠠᠮᠢᠶᠠᠷᠬᠤ ᠭᠤᠤᠯ ᠴᠣᠭᠴᠠ ᠶᠢ ᠵᠣᠷᠢᠭᠵᠢᠭᠤᠯᠵᠤ ᠪᠠᠶᠢᠭᠠᠳ ᠮᠡᠳᠡᠭᠡ ᠵᠠᠩᠭᠢᠴᠢᠯᠠᠬᠤ ᠠᠷᠭ᠎ᠠ ᠪᠠᠷᠢᠯ ᠢ ᠢᠳᠡᠪᠬᠢᠲᠡᠢ  ᠬᠡᠷᠡᠭᠯᠡᠬᠦᠯᠦᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠂ ᠥᠪᠡᠷ ᠤᠨ ᠥᠷᠲᠡᠭ ᠢ ᠨᠢ ᠪᠠᠭᠤᠷᠠᠭᠤᠯᠵᠤ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ᠂ ᠵᠣᠷ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠲᠠᠷᠢᠶ᠎ᠠ ᠲᠠᠷᠢᠬᠤ᠂ ᠴᠠᠭ ᠠᠭᠤᠷ ᠤᠨ ᠦᠢᠯᠡᠴᠢᠯᠡᠭᠡ᠂ ᠬᠤᠷᠣᠬᠠᠶ ᠭᠡᠮ ᠤᠨ ᠬᠥᠨᠥᠭᠡᠯ ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠬᠥᠮᠥᠷᠭᠡᠯᠡᠨ ᠬᠠᠳᠠᠭᠠᠯᠠᠵᠤ ᠲᠡᠭᠡᠭᠡᠪᠦᠷᠢᠯᠡᠬᠦ᠂ ᠵᠠᠬ᠎ᠠ ᠳᠡᠯᠭᠡᠭᠦᠷ ᠲᠤ ᠪᠣᠷᠤᠯᠠᠭᠤᠯᠤᠨ ᠬᠤᠳᠠᠯᠳᠤᠬᠤ ᠵᠡᠷᠭᠡ ᠭᠤᠭᠴᠤᠭ᠎ᠠ ᠶᠢ ᠪᠠᠭᠲᠠᠭᠠᠭᠰᠠᠨ ᠪᠦᠬᠦ ᠶᠠᠪᠤᠴᠠ ᠶᠢᠨ ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ︽ᠢᠨᠲ᠋ᠧᠷ ᠰᠦᠯᠵᠢᠶ᠎ᠡ +︾ ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠰᠢᠨ᠎ᠡ ᠡᠵᠡᠩᠨᠡᠯᠲᠡ ᠶᠢᠨ  ᠪᠠᠶᠢᠳᠠᠯ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠬᠦ ᠴᠢᠳᠠᠮᠵᠢ ᠶᠢ ᠪᠣᠢ ᠪᠣᠯᠭᠠᠨ᠎ᠠ᠃      4. ᠨᠠᠷᠠᠲᠤ ᠲᠡᠮᠲᠡᠭ ᠢ ᠡᠭᠦᠳᠴᠦ ᠪᠦᠲᠦᠭᠡᠬᠦ ᠶᠢ ᠴᠢᠩᠭᠠᠳᠬᠠᠨ᠎ᠠ᠃ ᠲᠦᠮᠦᠰᠦ ᠶᠢᠨ ᠭᠤᠣᠯ ᠦᠢᠯᠡᠳᠪᠦᠷᠢᠯᠡᠯ ᠤᠨ ᠣᠷᠣᠨ ᠤ ᠭᠠᠵᠠᠷ ᠵᠦᠢ ᠶᠢᠨ ᠪᠡᠯᠭᠡ ᠲᠡᠮᠲᠡᠭ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠴᠠᠪ ᠤᠨ ᠲᠥᠮᠥᠰᠥ ᠶᠢᠨ ᠤᠯᠤᠰ ᠤᠨ ᠣᠨᠴᠠ ᠰᠢᠯᠢᠳᠡᠭ ᠣᠷᠣᠨ ᠳᠤ ᠵᠢᠷᠤᠮᠵᠢᠭᠤᠯᠤᠨ  ᠬᠠᠮᠢᠶᠠᠷᠤᠯᠳᠠ ᠬᠢᠬᠦ ᠶᠢ ᠴᠢᠩᠭᠠᠳᠬᠠᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ︽ᠮᠧᠩ ︵ᠬᠢᠲᠠᠳ ᠦᠰᠦᠭ︶ ᠦᠰᠦᠭᠲᠦ ᠲᠡᠮᠳᠡᠭ︾ ᠲᠠᠢ ᠪᠦᠲᠦᠭᠡᠭᠳᠡᠬᠦᠨ ᠤ ᠨᠠᠷᠠᠲᠤ ᠲᠡᠮᠳᠡᠭ ᠪᠠ ᠠᠵᠤ ᠠᠬᠤᠶᠢᠯᠠᠯ ᠤᠨ ᠨᠠᠷᠠᠲᠤ  ᠲᠡᠮᠲᠡᠭ ᠢ ᠢᠳᠡᠪᠬᠢᠲᠡᠢ ᠪᠠᠷ ᠨᠠᠩ ᠣᠯᠠᠨ ᠪᠣᠯᠭᠠᠨ᠎ᠠ᠃ ᠨᠡᠷᠡᠲᠦ ᠲᠡᠮᠲᠡᠭ ᠢᠶᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠨ᠂ ᠪᠦᠲᠦᠭᠡᠭᠳᠡᠬᠦᠨ ᠤ ᠶᠠᠰᠤ ᠴᠢᠨᠠᠷ ᠢ ᠴᠢᠩᠭ᠎ᠠ ᠠᠳᠬᠤᠵᠤ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︽ᠳᠤᠮᠳᠠᠳᠤ ᠤᠯᠤᠰ ᠤᠨ ᠨᠠᠷᠠᠲᠤ ᠲᠡᠮᠲᠡᠭ ᠤᠨ ᠡᠳᠦᠷ︾  ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠲᠦᠮᠡᠨ ᠭᠠᠵᠠᠷ ᠤᠨ ᠠᠶᠠᠯᠠᠯ︾ ᠵᠡᠷᠭᠡ ᠠᠵᠢᠯᠯᠠᠭ᠎ᠠ ᠥᠷᠨᠢᠭᠦᠯᠬᠦ ᠪᠠ ︽ᠥᠪᠥᠷ ᠮᠣᠩᠭᠤᠯ ᠳᠤ ᠬᠠᠶᠢᠷᠠᠳᠠᠢ ᠪᠣᠯᠣᠭᠰᠠᠨ︾ ︽ᠥᠪᠥᠷ ᠮᠣᠩᠭᠤᠯ ᠤᠨ ᠦᠨᠦᠷ ᠠᠮᠲᠠ︾ ᠵᠡᠷᠭᠡ ᠫᠷᠤᠭ᠍ᠷᠠᠮ ᠢ ᠨᠡᠪᠲᠡᠷᠡᠭᠦᠯᠬᠦ ᠪᠠᠷ ᠳᠠᠮᠵᠢᠭᠤᠯᠤᠨ᠂ ᠨᠠᠷᠠᠲᠤ ᠲᠡᠮᠲᠡᠭ ᠢ ᠤᠬᠠᠭᠤᠯᠬᠤ ᠪᠠ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠲᠥᠮᠥᠰᠥ ᠶᠢᠨ ᠵᠠᠬ᠎ᠠ ᠳᠡᠯᠭᠡᠭᠦᠷ ᠤᠨ ᠨᠡᠷ᠎ᠡ ᠴᠤᠤ ᠶᠢ ᠳᠡᠭᠡᠭᠰᠢᠯᠡᠭᠦᠯᠦᠨ᠎ᠡ᠃      5. ᠣᠯᠠᠨ ᠡᠰᠢᠵᠢᠭᠰᠡᠨ ᠡᠵᠡᠩᠨᠡᠵᠦ ᠪᠣᠷᠣᠯᠠᠭᠤᠯᠬᠤ ᠶᠢ ᠠᠬᠢᠭᠤᠯᠤᠨ᠎ᠠ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠡᠷᠡᠭᠯᠡᠭᠡ ᠶᠢᠨ ᠭᠤᠤᠯ ᠴᠣᠭᠴᠠ᠂ ᠠᠳᠠᠯᠢ ᠪᠤᠰᠤ ᠢᠳᠡᠭᠡᠨ ᠳᠤ ᠬᠡᠷᠡᠭᠯᠡᠬᠦ ᠠᠷᠭ᠎ᠠ ᠮᠠᠶ᠋ᠢᠭ ᠢ ᠦᠨᠳᠦᠰᠦᠯᠡᠨ ᠲᠤᠰᠬᠠᠶ ᠬᠡᠷᠡᠭᠯᠡᠭᠡᠨ ᠤ ᠲᠥᠷᠥᠯ ᠢᠶᠠᠷ ᠥᠪᠡᠷᠮᠢᠴᠡ ᠴᠢᠨᠠᠷ ᠲᠠᠢ ᠪᠣᠷᠤᠯᠠᠭᠤᠯᠤᠨ ᠬᠤᠳᠠᠯᠳᠤᠬᠤ ᠶᠢ ᠳᠡᠯᠭᠡᠷᠡᠭᠦᠯᠦᠨ᠎ᠡ᠃ ︽ᠢᠨᠲ᠋ᠧᠷ ᠰᠦᠯᠵᠢᠶ᠎ᠡ +︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠬᠦᠴᠦᠲᠡᠢ ᠠᠬᠢᠭᠤᠯᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠰᠦᠯᠵᠢᠶᠡᠨ ᠤ ᠴᠤᠤᠲᠠᠳ ᠪᠠᠷᠠᠭ᠎ᠠ ᠬᠤᠳᠠᠯᠳᠤᠬᠤ ᠵᠡᠷᠭᠡ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ᠂ ᠣᠯᠠᠨ ᠤᠯᠤᠰ ᠤᠨ ᠲᠥᠮᠥᠰᠥ ᠶᠢᠨ ᠦᠢᠯᠡᠰ ᠤᠨ ᠦᠵᠡᠰᠬᠦᠯᠡᠩ ᠵᠡᠷᠭᠡ ᠴᠤᠭᠯᠠᠭᠠᠨ ᠦᠵᠡᠰᠬᠦᠯᠡᠩ ᠤᠨ ᠲᠣᠬᠢᠶᠠᠯ ᠢ ᠭᠦᠢᠴᠡᠳ ᠠᠰᠢᠭᠯᠠᠨ᠂  ᠲᠦᠮᠦᠰᠦ ᠶᠢᠨ ᠣᠨᠴᠠ ᠭᠠᠷᠤᠯᠲᠠ ᠶᠢᠨ ᠳᠡᠯᠭᠡᠭᠦᠷ᠂  ᠭᠤᠤᠯ ᠢᠳᠡᠭᠡᠨ ᠤ ᠪᠦᠲᠦᠭᠡᠭᠳᠡᠬᠦᠨ ᠤ ᠰᠢᠭᠤᠳ ᠪᠣᠷᠣᠯᠠᠭᠤᠯᠬᠤ ᠴᠡᠭ᠂ ᠰᠢᠮ᠎ᠡ ᠲᠡᠵᠢᠭᠡᠯ ᠤᠨ ᠨᠠᠶᠢᠷᠠᠯᠭᠠᠲᠤ ᠬᠤᠭᠤᠯᠠᠨ ᠤ ᠪᠡᠶᠡᠴᠢᠯᠡᠨ ᠣᠶᠢᠯᠠᠭᠠᠬᠤ ᠳᠡᠯᠭᠡᠭᠦᠷ ᠵᠡᠷᠭᠡ ᠪᠣᠷᠤᠯᠠᠭᠤᠯᠤᠨ ᠬᠤᠳᠠᠯᠳᠤᠬᠤ ᠦᠵᠦᠭᠦᠷ ᠲᠠᠪᠴᠠᠩ ᠢ ᠭᠠᠷᠭᠠᠵᠤ᠂ ᠦᠵᠡᠰᠬᠦᠯᠡᠩ ᠦᠵᠡᠭᠦᠯᠭᠡ ᠬᠢᠭᠡᠳ ᠪᠡᠶᠡᠴᠢᠯᠡᠨ ᠠᠮᠰᠠᠵᠤ ᠣᠶᠢᠯᠠᠭᠠᠬᠤ ᠶᠢ ᠤᠶᠠᠯᠳᠤᠭᠤᠯᠬᠤ᠂ ᠰᠦᠯᠵᠢᠶ᠎ᠡ ᠪᠠᠷ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠪᠠᠷ ᠳᠠᠮᠵᠢᠭᠤᠯᠤᠨ᠂ ᠪᠣᠷᠤᠯᠠᠭᠤᠯᠤᠨ ᠬᠤᠳᠠᠯᠳᠤᠬᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠢᠯᠡᠳᠪᠦᠷᠢᠯᠡᠵᠦ ᠪᠣᠷᠣᠯᠠᠭᠤᠯᠬᠤ ᠶᠢ ᠵᠣᠯᠭᠠᠭᠤᠯᠬᠤ ᠪᠠᠨ ᠠᠬᠢᠭᠤᠯᠤᠨ᠎ᠠ᠃      ︵ᠵᠢᠷᠭᠤᠭ᠎ᠠ︶ ᠠᠵᠤ ᠦᠢᠯᠡᠰ ᠤᠨ ᠣᠷᠣᠯᠭ᠎ᠠ ᠪᠠᠨ ᠨᠡᠮᠡᠭᠳᠡᠭᠦᠯᠵᠦ ᠳᠠᠶᠢᠴᠢᠯᠠᠬᠤ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠦᠨ᠎ᠡ᠃      1. ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠬᠤᠣᠷ ᠦᠭᠡᠶᠢᠳᠡᠭᠦᠯᠦᠭᠰᠡᠨ ᠳᠡᠭᠡᠳᠦ ᠲᠡᠰ ᠤᠨ ᠦᠷ᠎ᠡ ᠶᠢᠨ ᠲᠥᠮᠥᠰᠥ ᠶᠢ ᠶᠡᠭᠡ ᠪᠠᠷ ᠳᠡᠯᠭᠡᠷᠡᠭᠦᠯᠵᠦ᠂ ᠦᠷ᠎ᠡ ᠶᠢᠨ ᠲᠥᠮᠥᠰᠥ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠰᠢᠨ᠎ᠡ ᠮᠡᠷᠭᠡᠵᠢᠯ ᠰᠢᠨ᠎ᠡ ᠪᠦᠲᠦᠭᠡᠭᠳᠡᠬᠦᠨ ᠢ ᠢᠳᠡᠪᠬᠢᠲᠡᠶ ᠬᠡᠷᠡᠭᠯᠡᠨ᠂ ᠲᠠᠯᠠᠪᠠᠢ ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠵᠦ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ 2025 ᠣᠨ ᠪᠣᠯᠬᠤ ᠳᠤ᠂ ᠪᠦᠬᠦ ᠣᠷᠣᠨ ᠤ ᠲᠥᠮᠥᠰᠥ ᠶᠢᠨ ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠲᠥᠭᠡᠮᠡᠯᠵᠢᠭᠦᠯᠬᠦ ᠨᠣᠷᠮ᠎ᠠ ᠶᠢ 92% ᠭᠠᠷᠤᠢ ᠪᠣᠯᠲᠠᠯ᠎ᠠ ᠳᠡᠭᠡᠭᠰᠢᠯᠡᠭᠦᠯᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠮᠡᠷᠭᠡᠵᠢᠯ ᠤᠨ ᠬᠠᠮᠤᠷᠬᠤ ᠨᠣᠷᠮ᠎ᠠ ᠶᠢ 80% ᠣᠷᠴᠢᠮ ᠪᠣᠯᠲᠠᠯ᠎ᠠ ᠳᠡᠭᠡᠭᠰᠢᠯᠡᠭᠦᠯᠦᠨ᠂ ᠲᠥᠮᠥᠰᠥ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ 30% ᠠᠴᠠ ᠢᠯᠡᠭᠦᠦ ᠳᠡᠭᠡᠭᠰᠢᠯᠡᠭᠦᠯᠦᠨ᠎ᠡ᠃      2. ᠲᠦᠮᠦᠰᠦ ᠶᠢᠨ ᠲᠥᠷᠥᠯ ᠢ ᠲᠣᠬᠢᠷᠠᠭᠤᠯᠤᠨ ᠰᠢᠯᠢᠳᠡᠭᠵᠢᠭᠦᠯᠵᠦ ᠣᠷᠣᠯᠭ᠎ᠠ  ᠶᠢᠨ ᠨᠡᠮᠡᠭᠳᠡᠯ ᠢ ᠠᠬᠢᠭᠤᠯᠤᠨ᠎ᠠ᠃ ᠵᠢᠶ ᠵᠠᠩ  12 ᠨᠣᠮᠧᠷᠲᠤ ᠲᠦᠮᠦᠰᠦ᠂ ᠰᠢ ᠰᠧᠨ 6 ᠨᠣᠮᠧᠷᠲᠤ ᠲᠦᠮᠦᠰᠦ᠂ ᠬᠤᠸᠠ ᠰᠦᠩ 7 ᠨᠣᠮᠧᠷᠲᠤ ᠲᠦᠮᠦᠰᠦ ᠵᠡᠷᠭᠡ ᠴᠢᠨᠠᠷ ᠰᠠᠶᠢᠲᠠᠢ ᠢᠳᠡᠭᠡᠨ ᠤ ᠰᠣᠷᠭᠤᠭ  ᠲᠥᠮᠥᠰᠥ ᠶᠢᠨ ᠦᠷ᠎ᠡ ᠡᠭᠦᠯᠳᠡᠷ ᠢ ᠭᠤᠤᠯᠳᠠᠯᠭ᠎ᠠ ᠲᠠᠢ ᠳᠡᠯᠭᠡᠷᠡᠭᠦᠯᠵᠦ᠂ ᠴᠢᠨᠠᠷ ᠰᠠᠶᠢᠲᠠᠶ ᠲᠦᠮᠦᠰᠦ ᠶᠢᠨ ᠰᠢᠨ᠎ᠡ ᠦᠷ᠎ᠡ ᠡᠭᠦᠯᠳᠡᠷ ᠤᠨ ᠰᠢᠨᠡᠳᠦᠨ ᠰᠣᠯᠢᠭᠳᠠᠬᠤ ᠶᠠᠪᠤᠴᠠ ᠶᠢ ᠲᠦᠷᠭᠡᠳᠬᠡᠨ᠎ᠡ᠃ ᠬᠤᠩ ᠮᠧᠶ ᠵᠡᠷᠭᠡ ᠳᠡᠭᠡᠳᠦ ᠲᠡᠰ ᠤᠨ ᠡᠷᠡᠭᠦᠯᠵᠢᠭᠦᠯᠬᠦ ᠢᠳᠡᠭᠡᠨ ᠳᠤ ᠲᠤᠰᠬᠠᠢ ᠬᠡᠷᠡᠭᠯᠡᠬᠦ ᠲᠥᠮᠥᠰᠥ ᠶᠢᠨ ᠦᠷ᠎ᠡ ᠡᠭᠦᠯᠳᠡᠷ ᠢ ᠵᠣᠬᠢᠰᠲᠠᠶ ᠳᠡᠯᠭᠡᠷᠡᠭᠦᠯᠦᠨ᠎ᠡ᠃ ᠺᠣᠩᠨᠢᠪᠧᠺ᠂ ᠠᠲᠯᠠᠨᠲ᠂ ᠰᠢᠶᠠᠪᠥᠸᠧᠳᠢ ᠵᠡᠷᠭᠡ ᠪᠣᠯᠪᠠᠰᠤᠷᠠᠭᠤᠯᠬᠤ ᠳᠤ ᠲᠤᠰᠬᠠᠢ ᠬᠡᠷᠡᠭᠯᠡᠬᠦ ᠴᠢᠨᠠᠷ ᠰᠠᠶᠢᠲᠠᠶ ᠲᠥᠮᠥᠰᠥ ᠶᠢᠨ ᠦᠷ᠎ᠡ ᠡᠭᠦᠯᠳᠡᠷ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠳᠡᠯᠭᠡᠷᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠲᠤᠰᠬᠠᠢ ᠬᠡᠷᠡᠭᠯᠡᠬᠦ ᠲᠦᠮᠦᠰᠦ ᠶᠢ ᠵᠠᠬᠢᠶᠠᠯᠠᠭ᠎ᠠ ᠲᠠᠢ ᠲᠠᠷᠢᠵᠤ ᠡᠳ᠋ᠰᠢᠭᠦᠯᠦᠨ ᠪᠣᠯᠪᠠᠰᠤᠷᠠᠭᠤᠯᠬᠤ ᠪᠠᠷ ᠳᠡᠮᠵᠢᠭᠤᠯᠤᠨ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠦᠨ᠎ᠡ᠃      3. ᠲᠦᠮᠦᠰᠦ ᠶᠢᠨ ᠰᠢᠮ᠎ᠡ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠣᠬᠢᠷᠲᠤᠯ ᠥᠬᠡᠶ ᠪᠥᠭᠡᠳ ᠣᠷᠭᠠᠨᠢᠭ᠂ ᠬᠠᠭᠤᠷᠠᠶ ᠭᠠᠵᠠᠷ ᠲᠤ ᠲᠠᠷᠢᠳᠠᠭ ᠢᠳᠡᠭᠡᠨ ᠳᠤ ᠬᠡᠷᠡᠭᠯᠡᠬᠦ ᠠᠮᠢ ᠠᠬᠤᠶ ᠶᠢᠨ ᠰᠣᠷᠭᠤᠭ ᠲᠥᠮᠥᠰᠥ ᠶᠢ ᠶᠡᠭᠡ ᠪᠠᠷ ᠬᠥᠭᠵᠢᠭᠦᠯᠦᠨ᠂ ᠴᠢᠨᠠᠷ ᠰᠠᠶᠢᠲᠠᠶ ᠪᠥᠭᠡᠳ ᠪᠣᠬᠢᠷᠲᠤᠯ ᠥᠬᠡᠶ ᠪᠠᠶᠢᠯᠭᠠᠬᠤ ᠪᠥᠬᠦ ᠶᠠᠪᠤᠴᠠ ᠳᠤ ᠶᠠᠰᠤ ᠴᠢᠨᠠᠷ ᠢ ᠨᠢ ᠡᠵᠡᠮᠳᠡᠬᠦ ᠮᠡᠷᠭᠡᠵᠢᠯ ᠢ ᠲᠦᠬᠦᠷᠵᠢᠭᠦᠯᠦᠨ ᠳᠡᠯᠭᠡᠷᠡᠭᠦᠯᠵᠦ᠂ ᠲᠥᠮᠥᠰᠥ ᠶᠢᠨ ᠰᠢᠮ᠎ᠡ ᠴᠢᠨᠠᠷ ᠢ ᠳᠡᠭᠡᠭᠰᠢᠯᠡᠭᠦᠯᠦᠨ᠎ᠡ᠃ ᠰᠢᠮ᠎ᠡ ᠲᠡᠵᠢᠭᠡᠯ ᠤᠨ ᠴᠢᠨᠠᠷ ᠢ ᠨᠢ ᠬᠢᠨᠠᠵᠤ ᠰᠢᠯᠭᠠᠷᠠᠭᠤᠯᠬᠤ ᠶᠢ ᠢᠳᠡᠪᠬᠢᠲᠡᠢ ᠥᠷᠨᠢᠭᠦᠯᠦᠨ᠂ 2025 ᠣᠨ ᠪᠣᠯᠬᠤ ᠳᠤ᠂  ᠲᠠᠸᠠᠷ ᠤᠨ ᠲᠥᠮᠥᠰᠥ ᠶᠢᠨ ᠨᠡᠷ᠎ᠡ ᠠᠯᠳᠠᠷᠳᠠᠢ ᠨᠡᠷᠡᠲᠦ ᠲᠡᠮᠲᠡᠭ ᠢ 5 ᠣᠷᠴᠢᠮ ᠪᠣᠯᠭᠠᠨ᠂ ᠴᠢᠨᠠᠷ ᠰᠠᠶᠢᠲᠠᠢ ᠪᠦᠭᠡᠳ ᠦᠨ᠎ᠡ ᠰᠠᠶᠢᠳᠠᠢ ᠪᠣᠯᠬᠤ ᠶᠢ ᠪᠡᠶᠡᠯᠡᠭᠦᠯᠦᠨ᠂ ᠲᠡᠷᠢᠮᠠᠯ ᠤᠨ ᠠᠰᠢᠭ ᠣᠷᠣᠯᠭ᠎ᠠ ᠪᠠᠨ ᠳᠡᠭᠡᠭᠰᠢᠯᠡᠭᠦᠯᠬᠦ ᠶᠢ ᠳᠠᠶᠢᠴᠢᠯᠠᠨ᠎ᠠ᠃      4. ᠬᠡᠪᠴᠢᠶᠡᠵᠢᠭᠦᠯᠦᠨ ᠲᠠᠷᠢᠬᠤ ᠪᠠᠷ ᠣᠷᠤᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠭᠤᠣᠯ ᠴᠣᠭᠴᠠ ᠨᠢ ᠣᠯᠠᠨ ᠡᠰᠢᠳᠤ᠂ ᠬᠡᠯᠪᠡᠷᠢ ᠨᠢ ᠣᠯᠠᠨ ᠶᠠᠩᠵᠤ ᠶᠢᠨ᠂ ᠦᠢᠯᠡᠴᠢᠯᠡᠭᠡ ᠨᠢ ᠲᠤᠰᠬᠠᠶ ᠮᠡᠷᠭᠡᠵᠢᠯ ᠲᠠᠢ᠂ ᠥᠷᠢᠰᠥᠯᠳᠦᠭᠡᠨ ᠨᠢ ᠭᠦᠢᠴᠡᠳ ᠪᠠᠶᠢᠬᠤ ᠵᠠᠷᠴᠢᠮ ᠶᠣᠰᠣᠭᠠᠷ᠂ ᠲᠥᠮᠥᠰᠥ ᠡᠵᠡᠩᠨᠡᠬᠦ ᠡᠯ᠎ᠡ ᠲᠥᠷᠥᠯ ᠤᠨ ᠭᠤᠤᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠦᠷᠭᠡᠳᠬᠡᠨ ᠪᠣᠢ ᠪᠣᠯᠭᠠᠵᠤ᠂ ᠭᠠᠵᠠᠷ ᠰᠢᠷᠣᠶ ᠶᠢ ᠡᠷᠭᠢᠯᠳᠦᠭᠦᠯᠬᠦ᠂ ᠵᠠᠬᠢᠶᠠᠯᠠᠭ᠎ᠠ ᠲᠠᠢ ᠲᠠᠷᠢᠬᠤ᠂ ᠣᠷᠣᠯᠠᠨ  ᠬᠠᠭᠠᠯᠪᠤᠷᠢᠯᠠᠵᠤ ᠲᠠᠷᠢᠬᠤ᠂ ᠨᠢᠭᠡᠳᠦᠯᠲᠡᠶ ᠰᠡᠷᠭᠡᠶᠢᠯᠡᠵᠦ ᠵᠠᠰᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠵᠣᠬᠢᠬᠤ ᠬᠡᠪᠴᠢᠶᠡᠵᠢᠯ ᠲᠠᠢ  ᠦᠢᠯᠡᠳᠪᠦᠷᠢᠯᠡᠯ ᠢ ᠬᠥᠭᠵᠢᠭᠦᠯᠦᠨ᠂ ᠵᠢᠵᠢᠭ ᠲᠠᠷᠢᠶᠠᠴᠢᠨ ᠡᠷᠦᠬᠡ ᠶᠢ ᠬᠠᠪᠰᠤᠷᠴᠤ ᠪᠠᠶᠢᠭᠠᠳ ᠲᠥᠮᠥᠰᠥ ᠶᠢᠨ ᠴᠢᠨᠠᠷ ᠰᠠᠶᠢᠲᠠᠶ ᠬᠥᠭᠵᠢᠯᠲᠡ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠳᠠᠶᠢᠴᠢᠯᠠᠨ᠎ᠠ᠃      5. ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠣᠷᠣᠯᠭ᠎ᠠ ᠶᠢ ᠨᠢ ᠨᠡᠮᠡᠭᠳᠡᠭᠦᠯᠬᠦ ᠪᠠᠷ ᠳᠠᠶᠢᠴᠢᠯᠠᠨ᠎ᠠ᠃ ︽2020 ᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠵᠡᠩᠨᠡᠬᠦ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠨ ᠨᠡᠶᠢᠲᠡᠯᠡᠵᠦ᠂ ᠲᠥᠮᠥᠰᠥᠨ ᠤ ᠭᠤᠤᠯ ᠭᠠᠷᠤᠯᠲᠠ ᠶᠢᠨ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠥᠬᠦᠴᠡᠯ ᠪᠦᠷᠢᠯᠳᠦᠭᠦᠯᠦᠭᠰᠡᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ ᠡᠵᠡᠩᠨᠡᠬᠦ ᠭᠤᠤᠯ ᠴᠣᠭᠴᠠ ᠶᠢᠨ ᠳᠠᠶᠢᠴᠢᠯᠠᠬᠤ ᠬᠡᠪᠴᠢᠶᠡᠨ ᠳᠤ ᠣᠷᠣᠭᠤᠯᠤᠨ᠂ ︽ᠬᠥᠲᠥᠴᠢ ᠠᠵᠤ ᠠᠬᠤᠶᠢᠯᠠᠯ + ᠬᠤᠷᠰᠢᠶ᠎ᠠ + ᠶᠠᠳᠠᠭᠤ ᠬᠦᠴᠢᠷᠳᠡᠯᠲᠡᠶ ᠮᠠᠯᠵᠢᠬᠤ ᠲᠠᠷᠢᠶᠠᠯᠠᠬᠤ ᠡᠷᠦᠬᠡ︾ ᠵᠡᠷᠭᠡ ᠠᠰᠢᠭ ᠲᠤᠰᠠ ᠶᠢ ᠨᠢ ᠬᠤᠯᠪᠣᠭᠳᠠᠭᠤᠯᠬᠤ ᠵᠠᠭᠪᠤᠷ ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠢᠯᠡᠭᠦᠤ ᠣᠷᠣᠯᠴᠠᠭᠤᠯᠤᠨ᠂ ᠠᠰᠢᠭ ᠲᠤᠰᠠ ᠶᠢ ᠨᠢ ᠬᠤᠯᠪᠣᠭᠳᠠᠭᠤᠯᠬᠤ ᠣᠯᠠᠨ ᠡᠰᠢᠲᠦ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃      ᠳᠥᠷᠪᠡ᠂ ᠳᠡᠮᠵᠢᠯᠭᠡ ᠶᠢᠨ ᠲᠥᠷᠥ ᠶᠢᠨ ᠪᠣᠳᠣᠯᠭ᠎ᠠ      ︵ᠨᠢᠭᠡ︶ ᠲᠥᠮᠥᠰᠥ ᠲᠠᠷᠢᠭᠴᠢᠳ ᠲᠤ ᠥᠭᠬᠦ ᠨᠡᠮᠡᠭᠦᠷᠢ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠪᠠᠭᠤᠯᠭᠠᠭᠰᠠᠨ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠥᠭᠬᠦ ᠨᠡᠮᠡᠭᠦᠷᠢ ᠳᠣᠲᠣᠷ᠎ᠠ ᠠᠴᠠ 5% ᠶᠢᠨ ᠪᠡᠯᠡ ᠮᠥᠩᠭᠦ ᠶᠢ ᠲᠣᠬᠢᠷᠠᠭᠤᠯᠵᠤ᠂ ᠤᠰᠤᠨ ᠤ ᠬᠡᠮᠵᠢᠶ᠎ᠡ ᠪᠠᠷ ᠲᠠᠷᠢᠭᠰᠠᠨ᠂ ᠣᠷᠣᠨ ᠪᠦᠰᠡ ᠶᠢᠨ ᠪᠠᠶᠢᠷᠢᠰᠢᠯ ᠤᠨ ᠱᠠᠭᠠᠷᠳᠠᠯᠭ᠎ᠠ᠂ ᠡᠭᠡᠯᠵᠢᠯᠡᠨ ᠲᠠᠷᠢᠬᠤ ᠱᠠᠭᠠᠷᠳᠠᠯᠭ᠎ᠠ ᠳᠤ ᠨᠡᠶᠢᠴᠡᠭᠦᠯᠦᠭᠰᠡᠨ ᠪᠠ ᠪᠠᠷᠢᠮᠵᠢᠶᠠᠵᠢᠭᠤᠯᠤᠨ ᠲᠠᠷᠢᠬᠤ ᠶᠢ ᠬᠡᠷᠡᠭᠵᠢᠭᠦᠯᠦᠭᠰᠡᠨ ᠲᠠᠷᠢᠶᠠᠴᠢᠨ ᠡᠷᠦᠬᠡ ᠪᠠ ᠰᠢᠨ᠎ᠡ ᠬᠡᠯᠪᠡᠷᠢ ᠶᠢᠨ ᠡᠵᠡᠩᠨᠡᠬᠦ ᠭᠤᠤᠯ ᠴᠣᠭᠴᠠ ᠳᠤ ᠲᠦᠮᠦᠰᠦ ᠲᠠᠷᠢᠭᠰᠠᠨ ᠨᠡᠮᠡᠭᠦᠷᠢ ᠣᠯᠭᠤᠨ᠎ᠠ᠃      ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠥᠭᠬᠦ ᠨᠡᠮᠡᠭᠦᠷᠢ᠃ ᠲᠥᠮᠥᠰᠥ ᠶᠢᠨ ᠦᠷ᠎ᠡ ᠪᠤᠶᠢᠵᠢᠭᠤᠯᠬᠤ᠂ ᠲᠠᠷᠢᠵᠤ ᠣᠷᠭᠤᠭᠤᠯᠬᠤ᠂ ᠤᠷᠭᠤᠮᠠᠯ ᠬᠠᠮᠠᠭᠠᠯᠠᠬᠤ᠂ ᠲᠣᠮᠣ ᠳ᠋ᠠᠶᠢᠲ᠋ᠠ ᠵᠡᠷᠭᠡ ᠬᠦᠷᠢᠶᠡᠨ ᠤ ᠰᠤᠳᠤᠯᠭᠠᠨ ᠢ ᠭᠤᠤᠯᠳᠠᠯᠭ᠎ᠠ ᠲᠠᠢ ᠳᠠᠮᠵᠢᠨ᠎ᠠ᠃ ᠮᠠᠨ ᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠰᠣᠩᠭᠤᠨ ᠪᠤᠶᠢᠵᠢᠭᠤᠯᠤᠭᠰᠠᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠴᠢᠨᠠᠷ ᠰᠠᠶᠢᠲᠠᠢ ᠰᠢᠨ᠎ᠡ ᠦᠷ᠎ᠡ ᠡᠭᠦᠯᠳᠡᠷ ᠲᠤ ᠨᠢᠭᠡ ᠯᠠ ᠤᠳᠠᠭ᠎ᠠ ᠶᠢᠨ ᠴᠢᠨᠠᠷᠲᠠᠶ ᠱᠠᠩᠨᠠᠯ ᠥᠭᠴᠦ᠂ ᠥᠪᠡᠷᠲᠡᠭᠡᠨ ᠵᠠᠰᠠᠬᠤ ᠣᠷᠣᠨ ᠳᠠᠬᠢ ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 10 ᠭᠠᠷᠤᠢ ᠲᠦᠮᠡᠨ ᠮᠥ ᠪᠣᠯᠬᠤ ᠦᠷ᠎ᠡ ᠡᠭᠦᠯᠳᠡᠷ ᠲᠤ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠱᠠᠩᠨᠠᠨ᠎ᠠ︔ ᠵᠢᠯ ᠤᠨ ᠳᠡᠯᠭᠡᠷᠡᠭᠦᠯᠦᠭᠰᠡᠨ ᠲᠠᠯᠠᠪᠠᠢ ᠨᠢ 30 ᠭᠠᠷᠤᠢ ᠲᠦᠮᠡᠨ ᠮᠦ ᠪᠣᠯᠣᠭᠰᠠᠨ ᠦᠷ᠎ᠡ ᠡᠭᠦᠯᠳᠡᠷ ᠲᠤ ᠨᠢᠭᠡ ᠯᠠ ᠤᠳᠠᠭ᠎ᠠ ᠳᠤ 1000 ᠲᠦᠮᠡᠨ ᠲᠥᠭᠦᠷᠢᠭ ᠱᠠᠩᠨᠠᠨ᠎ᠠ᠃      ︵ᠭᠤᠷᠪᠠ︶ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠳᠤ ᠥᠭᠬᠦ ᠨᠡᠮᠡᠭᠦᠷᠢ᠃ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠲᠦᠮᠦᠰᠦ ᠲᠠᠷᠢᠬᠤ ᠡᠷᠦᠬᠡ ᠲᠠᠢ ᠠᠰᠢᠭ ᠲᠤᠰᠠ ᠪᠠᠨ ᠬᠤᠯᠪᠣᠭᠳᠠᠭᠤᠯᠬᠤ ᠲᠣᠭᠲᠠᠭᠤᠨ ᠲᠣᠭᠲᠠᠴᠠ ᠶᠢ ᠪᠠᠶᠢᠭᠤᠯᠵᠤ᠂ ᠪᠠᠷᠢᠮᠵᠢᠶᠠᠵᠢᠭᠤᠯᠤᠨ ᠲᠠᠷᠢᠵᠤ ᠪᠠᠶᠢᠬᠤ ᠮᠥᠷᠲᠡᠭᠡᠨ ᠬᠦᠴᠦᠨ ᠲᠠᠢ ᠪᠠᠶᠢᠬᠤ ᠵᠠᠬᠢᠶᠠᠯᠠᠭ᠎ᠠ ᠪᠦᠷᠢᠯᠳᠦᠭᠦᠯᠦᠭᠰᠡᠨ ᠪᠠᠶᠢᠪᠠᠯ᠂ ᠬᠤᠳᠠᠯᠳᠤᠨ ᠠᠪᠬᠤ ᠭᠤᠤᠯ ᠴᠣᠭᠴᠠ ᠳᠤ 20 ᠲᠥᠭᠦᠷᠢᠭ \ ᠲᠣᠨ ᠪᠦᠷᠢ ᠪᠠᠷ ᠨᠥᠬᠦᠪᠥᠷᠢ ᠣᠯᠭᠤᠨ᠎ᠠ᠃       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ ᠤᠰᠤᠨ ᠠᠰᠢᠭᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠦᠨᠡᠨ ᠬᠦ ᠶᠠᠪᠤᠭᠳᠠᠭᠤᠰᠢᠲᠠᠶ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠦᠮᠦᠰᠦ ᠶᠢᠨ ᠭᠤᠤᠯ ᠭᠠᠷᠤᠯᠲᠠ ᠶᠢᠨ ᠣᠷᠣᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠲᠤᠷᠠᠨ ᠬᠠᠮᠵᠢᠯᠴᠠᠵᠤ ᠪᠠᠶᠢᠭᠠᠳ ᠲᠦᠬᠦᠷᠵᠢᠭᠦᠯᠦᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ ᠂ ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠤᠢ ᠪᠣᠯᠭᠠᠨ᠎ᠠ᠃      ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠲᠦᠮᠦᠰᠦ ᠶᠢᠨ ᠠᠵᠤ ᠦᠢᠯᠡᠰ ᠤᠨ ᠬᠥᠭᠵᠢᠯᠲᠡ ᠳᠤ ᠪᠡᠯᠡ ᠮᠥᠩᠭᠦ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠬᠠᠷ᠎ᠠ ᠬᠦᠷᠦᠰᠦᠲᠦ ᠭᠠᠵᠠᠷ ᠰᠢᠷᠤᠢ ᠶᠢ ᠬᠠᠮᠠᠭᠠᠯᠠᠨ ᠠᠰᠢᠭᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠥᠮᠥᠰᠥ ᠶᠢᠨ ᠭᠤᠤᠯ ᠭᠠᠷᠤᠯᠲᠠ ᠶᠢᠨ ᠣᠷᠣᠨ ᠤ ᠦᠢᠯᠡᠳᠪᠦᠷᠢᠯᠡᠯ ᠤᠨ ᠰᠠᠭᠤᠷᠢ ᠨᠥᠬᠦᠴᠡᠯ ᠢ ᠰᠠᠶᠢᠵᠢᠷᠠᠭᠤᠯᠤᠨ᠎ᠠ᠃ ᠲᠦᠮᠦᠰᠦ ᠶᠢᠨ ᠭᠤᠤᠯ ᠭᠠᠷᠤᠯᠲᠠ ᠶᠢᠨ ᠣᠷᠣᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠪᠡᠯᠡ ᠮᠥᠩᠭᠦ ᠪᠠ ᠲᠥᠷᠥᠯ ᠵᠦᠢᠯ ᠢ ᠨᠢᠭᠡᠳᠦᠯᠲᠡᠶ ᠲᠥᠯᠥᠪᠯᠡᠵᠦ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠡᠷᠴᠢᠮ ᠢᠶᠠᠨ  ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠤᠯ ᠰᠢᠪᠲᠤᠯᠤᠯᠲᠠ ᠶᠢᠨ ᠴᠢᠭᠯᠡᠯ ᠢᠶᠠᠨ ᠲᠣᠳᠣᠷᠬᠠᠢ ᠲᠣᠭᠲᠠᠭᠠᠵᠤ᠂ ᠭᠤᠤᠯᠳᠠᠯᠭ᠎ᠠ ᠲᠠᠢ ᠭᠠᠵᠠᠷ ᠣᠷᠣᠨ ᠪᠠ ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃      ︵ᠭᠤᠷᠪᠠ︶ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠦᠮᠦᠰᠦ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠳᠤ ᠲᠦᠰᠢᠭᠯᠡᠨ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠳᠠᠮᠵᠢᠨ᠎ᠠ᠃ ᠲᠦᠮᠦᠰᠦᠨ ᠤ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠵᠢᠭᠡᠯᠡᠯᠭᠡ ᠪᠤᠶᠤ ᠢᠲᠡᠭᠡᠮᠵᠢ ᠣᠯᠭᠤᠬᠤ ᠬᠡᠮᠵᠢᠶ᠎ᠡ ᠶᠢ ᠵᠣᠬᠢᠴᠠᠭᠤᠯᠤᠨ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠳᠤ ᠳᠠᠬᠢᠨᠲᠠ ᠵᠢᠭᠡᠯᠡᠯᠭᠡ ᠥᠭᠴᠦ ᠳᠡᠮᠵᠢᠬᠦ ᠶᠢ ᠰᠢᠨ᠎ᠡ ᠨᠡᠮᠡᠭᠳᠡᠭᠦᠯᠬᠦ ᠵᠡᠷᠭᠡ ᠪᠠᠷ ᠲᠦᠮᠦᠰᠦ ᠶᠢᠨ ᠵᠢᠵᠢᠭ ᠪᠢᠴᠢᠯ ᠠᠵᠤ ᠠᠬᠤᠶᠢᠯᠠᠯ ᠢ ᠤᠷᠢᠳ ᠢᠶᠠᠷ ᠳᠠᠮᠵᠢᠨ᠎ᠠ᠃ ᠪᠦᠬᠦ ᠣᠷᠣᠨ ᠤ ᠲᠦᠮᠦᠰᠦ ᠶᠢᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠥᠪᠡᠷ ᠤᠨ ᠥᠷᠲᠡᠭ ᠤᠨ ᠳᠠᠭᠠᠳᠬᠠᠯ ᠪᠠ ᠤᠯᠠᠭᠠᠨᠴᠠᠪ ᠬᠤᠲᠠ ᠶᠢᠨ ᠥᠷᠨᠢᠭᠦᠯᠵᠦ ᠪᠠᠶᠢᠭ᠎ᠠ ᠲᠥᠮᠥᠰᠥᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ᠂ ᠲᠥᠮᠥᠰᠥᠨ ᠤ ᠪᠦᠬᠦ ᠥᠪᠡᠷ ᠤᠨ ᠥᠷᠲᠡᠭ ᠤᠨ ᠳᠠᠭᠠᠳᠬᠠᠯ᠂ ᠣᠷᠣᠯᠭ᠎ᠠ ᠶᠢᠨ ᠳᠠᠭᠠᠳᠬᠠᠯ᠂ ᠶᠡᠭᠡ ᠭᠠᠮᠰᠢᠭ ᠤᠨ ᠳᠠᠭᠠᠳᠬᠠᠯ ᠵᠡᠷᠭᠡ ᠰᠢᠨ᠎ᠡ ᠨᠡᠷᠡᠳᠬᠦᠨ ᠢ ᠢᠳᠡᠪᠬᠢᠲᠡᠢ ᠰᠦᠪᠡᠭᠴᠢᠯᠡᠨ ᠥᠷᠨᠢᠭᠦᠯᠵᠦ᠂ ᠲᠠᠷᠢᠶᠠᠴᠢᠳ ᠤᠨ ᠠᠰᠢᠭ ᠣᠷᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠵᠧᠩᠵᠧᠤ ᠶᠢᠨ ᠲᠠᠸᠠᠷ ᠤᠨ ᠠᠷᠠᠯᠵᠢᠶᠠᠨ ᠤ ᠭᠠᠵᠠᠷ ᠯᠤᠭ᠎ᠠ ᠤᠯᠠᠮ ᠨᠢᠭᠡ ᠠᠯᠬᠤᠮ ᠵᠣᠬᠢᠴᠠᠯᠳᠤᠨ ᠨᠡᠪᠲᠡᠷᠡᠯᠴᠡᠵᠦ᠂ ᠲᠥᠮᠥᠰᠥ ᠶᠢᠨ ᠬᠤᠭᠤᠴᠠᠭᠠᠲᠤ ᠪᠠᠷᠠᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠲᠦᠷᠭᠡᠬᠡᠨ ᠠᠬᠢᠭᠤᠯᠵᠤ᠂ ᠲᠦᠮᠦᠰᠦ ᠲᠠᠷᠢᠬᠤ ᠲᠣᠮᠣ ᠡᠷᠦᠬᠡ ᠶᠢ ᠬᠠᠪᠰᠤᠷᠴᠤ ᠪᠠᠶᠢᠭᠠᠳ ᠬᠤᠭᠤᠴᠠᠭᠠᠲᠤ ᠪᠠᠷᠠᠭ᠎ᠠ ᠶᠢᠨ ᠪᠠᠭᠠᠵᠢ ᠶᠢ ᠠᠰᠢᠭᠯᠠᠨ ᠵᠠᠬ᠎ᠠ ᠳᠡᠯᠭᠡᠭᠦᠷ ᠤᠨ ᠬᠡᠯᠪᠡᠯᠵᠡᠬᠦ ᠲᠦᠭᠰᠢᠭᠦᠷᠢ ᠶᠢ ᠠᠷᠢᠯᠭᠠᠨ᠎ᠠ᠃ ᠡᠯ᠎ᠡ ᠭᠠᠵᠠᠷ ᠣᠷᠣᠨ ᠨᠢ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠬᠠᠷᠠᠭᠠᠯᠵᠠᠬᠤ ᠲᠥᠷᠥ ᠶᠢᠨ ᠪᠣᠳᠣᠯᠭ᠎ᠠ ᠲᠣᠭᠲᠠᠭᠠᠵᠤ᠂ ᠨᠡᠶᠢᠭᠡᠮ ᠤᠨ ᠬᠥᠷᠥᠩᠭᠡ ᠮᠦᠩᠭᠦ ᠶᠢ ᠲᠡᠳᠡᠨ ᠠᠪᠴᠢᠷᠠᠵᠤ ᠲᠥᠮᠥᠰᠥ ᠶᠢᠨ ᠠᠵᠤ ᠦᠢᠯᠡᠰ ᠲᠤ ᠪᠡᠯᠡ ᠣᠷᠣᠭᠤᠯᠤᠨ᠂ ᠲᠥᠮᠥᠰᠥ ᠶᠢᠨ ᠠᠵᠤ ᠦᠢᠯᠡᠰ ᠤᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃      ︵ᠳᠥᠷᠪᠡ︶ ᠮᠡᠷᠭᠡᠵᠢᠯ ᠤᠨ ᠦᠢᠯᠡᠴᠢᠯᠡᠭᠡᠨ ᠢ ᠴᠢᠩᠭᠠᠷᠠᠭᠤᠯᠬᠤ ᠬᠡᠷᠡᠭᠲᠡᠶ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠲᠥᠮᠥᠰᠥ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ ᠪᠠ ᠤᠯᠤᠰ ᠤᠨ ᠴᠢᠬᠤᠯᠠ ᠶᠡᠭᠡ ᠬᠠᠮᠵᠢᠯᠴᠠᠨ ᠳᠡᠯᠭᠡᠷᠡᠭᠦᠯᠬᠦ ᠲᠥᠷᠥᠯ ᠵᠦᠢᠯ ᠳᠤ ᠲᠦᠰᠢᠭᠯᠡᠨ᠂ ᠦᠢᠯᠡᠳᠪᠦᠷᠢᠯᠡᠬᠦ ᠵᠢᠭᠠᠬᠤ ᠰᠤᠳᠤᠯᠬᠤ ᠣᠯᠠᠨ ᠲᠠᠯ᠎ᠠ ᠶᠢᠨ ᠮᠡᠷᠭᠡᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠤᠷᠢᠳ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠡᠮᠦᠨ᠎ᠡ ᠹᠷᠣᠨᠲ ᠲᠠᠢ ᠬᠤᠯᠪᠣᠭᠠᠯᠠᠭᠰᠠᠨ ᠪᠠ ᠳᠠᠷᠠᠭ᠎ᠠ ᠪᠠᠷ ᠨᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠠᠢ ᠬᠤᠯᠪᠣᠭᠠᠯᠠᠭᠰᠠᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠢ ᠪᠠᠶᠢᠭᠤᠯᠤᠨ᠂ ᠰᠢᠨ᠎ᠡ ᠦᠷ᠎ᠡ ᠡᠭᠦᠯᠳᠡᠷ ᠰᠢᠨ᠎ᠡ ᠮᠡᠷᠭᠡᠵᠢᠯ ᠢ ᠣᠷᠤᠭᠤᠯᠤᠨ ᠠᠪᠴᠢᠷᠠᠵᠤ ᠨᠢᠭᠡᠳᠭᠡᠨ ᠲᠦᠪᠯᠡᠷᠡᠭᠦᠯᠬᠦ᠂ ᠬᠤᠷᠠᠮᠳᠤᠭᠤᠯᠤᠨ ᠲᠥᠬᠦᠷᠵᠢᠭᠦᠯᠬᠦ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠵᠤ᠂ ᠲᠦᠮᠦᠰᠦ ᠶᠢᠨ ᠠᠵᠤ ᠦᠢᠯᠡᠰ ᠤᠨ ᠬᠥᠭᠵᠢᠯᠲᠡ ᠳᠤ ᠮᠡᠷᠭᠡᠵᠢᠯ ᠢᠶᠠᠷ ᠬᠦᠴᠦᠲᠡᠶ ᠦᠢᠯᠡᠴᠢᠯᠡᠬᠦ ᠲᠤᠯᠭᠠᠭᠤᠷᠢᠯᠠᠯ ᠢ ᠬᠠᠩᠭᠠᠵᠤ ᠥᠭᠬᠦ ᠬᠡᠷᠡᠭᠲᠡᠢ᠃      ︵ᠲᠠᠪᠤ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠢ᠃ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠷᠠᠭᠤᠯᠤᠨ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ᠂ ᠨᠡᠮᠡᠭᠦᠷᠢ ᠬᠦᠷᠲᠡᠭᠰᠡᠳ ᠢ ᠴᠢᠩᠭ᠎ᠠ ᠬᠢᠨᠠᠨ ᠬᠠᠷᠭᠤᠭᠤᠯᠵᠤ᠂ ᠤᠰᠤᠨ ᠤ ᠬᠡᠮᠵᠢᠶ᠎ᠡ ᠪᠠᠷ ᠲᠠᠷᠢᠬᠤ᠂ ᠲᠡᠳᠭᠦᠬᠦ ᠲᠥᠷᠥ ᠶᠢᠨ ᠪᠣᠳᠣᠯᠭ᠎ᠠ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠡᠭᠡᠯᠵᠢᠯᠡᠨ ᠲᠠᠷᠢᠬᠤ ᠪᠠ ᠭᠤᠣᠷᠰᠣ ᠰᠣᠯᠢᠬᠤ᠂ ᠪᠣᠬᠢᠷᠲᠤᠯ ᠦᠭᠡᠢ ᠦᠢᠯᠡᠳᠪᠦᠷᠢᠯᠡᠬᠦ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃                                  2020 ᠣᠨ ᠤ 10 ᠳ᠋ᠤᠭᠠᠷ ᠰᠠᠷ᠎ᠠ ᠶᠢᠨ 23 ᠤ ᠡᠳᠦᠷ                                     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ