内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2020/12/21
             12 ᠰᠠᠷ᠎ᠠ ᠶᠢᠨ 10 ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ  ᠤ ᠲᠡᠷᠢᠬᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠬᠡᠷᠡᠭᠵᠢᠭᠦᠯᠬᠦ ᠰᠠᠨᠠᠯ ᠵᠡᠷᠭᠡ ᠵᠦᠢᠯ ᠢ ᠰᠤᠳᠤᠯᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠠᠵᠢᠯ ᠤᠨ ᠰᠠᠯᠠᠭ᠎ᠠ ᠮᠥᠴᠢᠷ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠲᠠᠢ ᠨᠠᠷᠢᠨ ᠬᠢᠨᠠᠮᠠᠭᠠᠶ ᠬᠠᠷᠭᠤᠭᠤᠯᠵᠦ᠂ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠵᠦᠢᠯ ᠵᠤᠷᠪᠤᠰ ᠳᠠᠷᠠᠭᠠᠯᠠᠨ ᠨᠢᠭᠡᠳ ᠨᠢᠭᠡ ᠪᠠᠷ ᠡᠮᠬᠢᠯᠡᠨ ᠲᠢᠭᠯᠡᠵᠦ ᠪᠠᠶᠢᠴᠠᠭᠠᠨ ᠦᠵᠡᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠨᠢ ᠵᠥᠷᠢᠶ᠎ᠡ ᠲᠠᠢ᠂ ᠠᠵᠢᠯ ᠢᠶᠠᠨ ᠪᠣᠳᠠᠲᠠᠶ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ ᠰᠢᠯᠲᠠᠭᠠᠨ ᠢ ᠨᠢ ᠪᠠᠶᠢᠴᠠᠭᠠᠨ ᠲᠣᠳᠣᠯᠠᠵᠤ᠂ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠨᠢ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠡᠯ᠎ᠡ ᠵᠦᠢᠯ ᠶᠢᠨ ᠬᠠᠷᠠᠯᠲᠠ ᠡᠭᠦᠷᠭᠡ ᠶᠢ ᠡᠷᠡᠰ ᠲᠦᠷᠭᠡᠨ᠂ ᠲᠡᠷᠡ ᠶᠣᠰᠣᠭᠠᠷ ᠨᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ ᠪᠤᠯ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠤᠶᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠭᠡᠷᠡᠭᠲᠡᠢ᠃ ᠣᠳᠣᠬᠠᠨ ᠤ ᠠᠵᠢᠯ  ᠤᠨ ᠰᠠᠭᠤᠷᠢᠨ ᠳᠡᠭᠡᠷ᠎ᠡ᠂ ᠮᠠᠨ ᠤ ᠣᠷᠣᠨ ᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠴᠢᠭᠯᠡᠬᠦᠯᠦᠯᠳᠦ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠵᠤ᠂ ᠴᠢᠨᠠᠷ ᠰᠠᠶᠢᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠲᠣᠭᠲᠠᠭᠠᠬᠤ ᠶᠢ ᠦᠨᠡᠨ ᠬᠦ ᠪᠠᠲᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ ᠪᠠᠰᠠ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠬᠦ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠵᠦᠢᠯ ᠢ ᠰᠤᠳᠤᠯᠵᠠᠶ᠃
        ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ