内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ᠶᠢᠨ ᠠᠷᠭ᠎ᠠ
        ᠨᠡᠶᠢᠲᠡᠯᠡᠭᠰᠡᠨ ᠴᠠᠭ᠄
        2020/4/8
             ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ                             244  ᠳ᠋ᠤᠬᠡᠷ ᠲᠣᠭᠠᠲᠤ      ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ᠶᠢᠨ ᠠᠷᠭ᠎ᠠ︾ ᠶᠢ 2020 ᠣᠨ ᠤ 1 ᠳ᠋ᠤᠬᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2020 ᠣᠨ ᠤ 4 ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                          ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ    ᠪᠦ᠋ ᠰᠢᠶᠤᠤ ᠯᠢᠨ                                 2020 ᠣᠨ ᠤ 2 ᠳ᠋ᠤᠭᠠᠷ ᠰᠠᠷ᠎ᠠ ᠶᠢᠨ 17 ᠤ ᠡᠳᠦᠷ                 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ                 ᠬᠠᠤᠯᠢ ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ ᠬᠠᠤᠯᠢ ᠬᠡᠷᠡᠭᠵᠢᠬᠦᠯᠬᠦ ᠪᠦᠭᠦ                 ᠶᠠᠪᠤᠴᠠ ᠶᠢ ᠰᠢᠩᠬᠡᠬᠡᠨ ᠲᠡᠮᠳᠡᠭᠯᠡᠬᠦ ᠬᠠᠤᠯᠢ ᠬᠡᠷᠡᠭᠵᠢᠬᠦᠯᠬᠦ ᠴᠢᠬᠤᠯᠠ ᠶᠡᠭᠡ                 ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ᠶᠢᠨ ᠠᠷᠭ᠎ᠠ                         ᠨᠢᠭᠡᠳᠦᠭᠡᠷ ᠪᠦᠯᠦᠭ   ᠶᠡᠷᠦᠩᠬᠡᠶ ᠲᠦᠷᠢᠮ      ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠡᠰ ᠳᠠᠷᠠᠭᠠᠯᠠᠯ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠡᠷᠬᠡᠳᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠤᠷᠭᠠᠭᠤᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤ ᠬᠢᠨᠠᠯᠲᠠ ᠲᠠᠯᠪᠢᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠭᠡᠵᠦ ᠨᠡᠷᠡᠶᠢᠳᠦᠨ᠎ᠠ︶ ᠨᠤᠭᠤᠳ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ᠂ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ ᠪᠠ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ︵ᠳᠣᠷᠣᠭᠰᠢ ᠭᠤᠷᠪᠠᠨ ᠵᠦᠢᠯ ᠤᠨ ᠳᠦᠷᠢᠮ ᠭᠡᠵᠦ ᠨᠡᠷᠡᠶᠢᠳᠦᠨ᠎ᠠ︶ ᠶᠢ ᠬᠡᠷᠡᠭᠵᠢᠭᠦᠯᠬᠦ ᠳᠤ ᠲᠣᠰ ᠠᠷᠭ᠎ᠠ ᠶᠢ ᠲᠤᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠷᠪᠠᠨ ᠵᠦᠢᠯ ᠤᠨ ᠳᠦᠷᠢᠮ ᠢ ᠪᠦᠬᠦ ᠲᠠᠯ᠎ᠠ ᠪᠠᠷ  ᠶᠠᠪᠤᠨᠨᠳᠠᠭᠤᠯᠵᠦ᠂ ᠭᠤᠷᠪᠠᠨ ᠵᠦᠢᠯ ᠤᠨ ᠳᠦᠷᠢᠮ ᠤᠨ ᠬᠡᠷᠡᠭᠵᠢᠭᠦᠯᠦᠭᠰᠡᠨ ᠪᠠᠶᠢᠳᠠᠯ ᠢ ᠬᠠᠤᠯᠢᠵᠢᠯ ᠤᠨ ᠵᠠᠰᠠᠭ ᠤᠨ ᠣᠷᠳᠣᠨ ᠤ  ᠪᠦᠳᠦᠬᠡᠨ ᠪᠠᠶᠢᠭᠤᠯᠤᠯᠲᠠ ᠶᠢᠨ ᠰᠢᠯᠭᠠᠨ ᠲᠤᠨᠨᠳᠠᠭᠠᠬᠤ ᠰᠢᠰᠲ᠋ᠧᠮᠵᠢ ᠳᠤ ᠤᠷᠤᠭᠤᠯᠬᠤ ᠬᠡᠷᠡᠭᠳᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ  ᠵᠠᠬᠢᠷᠭᠠᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠷᠪᠠᠨ ᠵᠦᠢᠯ ᠤᠨ ᠲᠦᠷᠢᠮ  ᠤᠨ ᠬᠡᠷᠡᠭᠵᠢᠬᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠬᠡᠷᠡᠭᠳᠡᠢ᠃      ᠲᠡᠬᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠣᠣᠷᠠᠳᠤ ᠱᠠᠲᠤᠨ ᠤ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠭᠤᠷᠪᠠᠨ ᠵᠦᠢᠯ ᠤᠨ ᠳᠦᠷᠢᠮ ᠢ ᠬᠡᠷᠡᠭᠵᠢᠬᠦᠯᠬᠦ ᠶᠢ ᠵᠢᠯᠤᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃      ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠠᠷᠢᠭᠤᠴᠠᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠨᠢ ᠵᠠᠯᠭᠠᠯᠳᠤᠭᠤᠯᠤᠨ ᠬᠡᠷᠡᠭᠯᠡᠵᠦ᠂ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ ᠪᠠᠷᠢᠮᠲᠠ ᠶᠢ ᠴᠤᠭᠯᠠᠭᠤᠯᠬᠤ ᠪᠠ ᠮᠡᠳᠡᠭᠡ ᠵᠠᠩᠭᠢ ᠶᠢ ᠬᠠᠮᠳᠤ ᠪᠠᠷ ᠬᠦᠷᠲᠡᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃     ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ  ᠬᠠᠷᠢᠭᠤᠴᠠᠯᠭ᠎ᠠ ᠪᠠᠷ ᠲᠣᠳᠣᠷᠬᠠᠶ ᠂ ᠬᠠᠮᠢᠶᠠᠷᠤᠯᠲᠠ  ᠪᠠᠷ ᠵᠢᠷᠤᠮᠵᠢᠭᠤᠨ ᠂ ᠣᠷᠣᠭᠤᠯᠤᠯᠲᠠ ᠪᠠᠷ ᠲᠤᠨᠨᠳᠠᠭᠤᠨ ᠪᠠᠶᠢᠬᠤ ᠬᠠᠤᠯᠢ ᠬᠡᠷᠡᠭᠵᠢᠬᠦᠯᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠴᠢᠬᠤᠯᠠ ᠬᠡᠷᠡᠭᠴᠡᠬᠡᠨ ᠤ ᠲᠣᠨᠤᠭ ᠲᠥᠬᠦᠭᠡᠷᠦᠮᠵᠢ ᠪᠠ ᠵᠠᠷᠤᠳᠠᠯ ᠢ ᠪᠠᠲᠤᠯᠠᠬᠤ ᠬᠡᠷᠡᠭᠲᠡᠶ᠃       ᠬᠤᠶᠠᠳᠤᠭᠠᠷ ᠪᠦᠯᠦᠭ   ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ  ᠵᠠᠷᠯᠠᠨ ᠨᠡᠶᠢᠳᠡᠯᠡᠬᠦ          ᠵᠢᠷᠭᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠨᠢ ᠬᠡᠨ ᠬᠠᠤᠯᠢ ᠬᠡᠷᠡᠭᠵᠢᠬᠦᠯᠪᠡᠯ ᠬᠡᠨ ᠵᠠᠷᠯᠠᠨ ᠨᠡᠶᠢᠳᠡᠯᠡᠬᠦ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠭᠰᠡᠨ ᠮᠡᠳᠡᠭᠡ ᠵᠠᠩᠭᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠨᠡᠶᠢᠲᠡᠯᠡᠬᠦ᠂ ᠬᠦᠴᠦᠨ ᠦᠭᠡᠶ ᠪᠣᠯᠭᠠᠬᠤ ᠪᠠ ᠰᠢᠨᠡᠳᠬᠡᠬᠦ ᠳᠦᠷᠢᠮ ᠢ ᠪᠠᠶᠢᠭᠤᠯᠬᠤ ᠬᠡᠷᠡᠭᠲᠡᠶ᠃      ᠳᠣᠯᠣᠳᠤᠭᠠᠷ ᠵᠦᠢᠯ   ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠬᠦ ᠰᠠᠯᠠᠭ᠎ᠠ ᠮᠥᠴᠢᠷ ᠨᠢ ᠫᠤᠷᠲ᠋ᠧᠯ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂  ᠠᠵᠢᠯ ᠶᠠᠪᠤᠳᠠᠯ ᠭᠦᠢᠴᠡᠳᠬᠡᠬᠦ ᠲᠢᠩᠬᠢᠮ ᠤᠨ ᠵᠠᠷᠯᠠᠨ ᠨᠡᠶᠢᠳᠡᠯᠡᠬᠦ ᠪᠤᠯᠤᠩ᠂ ᠦᠢᠯᠡᠴᠢᠯᠡᠬᠡᠨ ᠤ ᠴᠤᠩᠬᠤᠪᠴᠢ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠵᠠᠰᠠᠭ ᠵᠠᠬᠢᠷᠭᠠᠨ ᠤ ᠬᠠᠤᠯᠢ   ᠬᠡᠷᠡᠭᠵᠢᠬᠦᠯᠬᠦ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠲᠡᠶ᠃     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠠᠤᠯᠢ ᠴᠠᠭᠠᠵᠠ ᠶᠢᠨ  ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠰᠦᠯᠵᠢᠶᠡᠨ ᠳᠤ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠲᠡᠶ᠃      ᠨᠠᠢᠮᠠᠳᠤᠭᠠᠷ ᠵᠦᠢᠯ   ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠨᠢ ᠳᠣᠤᠷᠠᠬᠢ ᠮᠡᠲᠦ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠨᠳᠦᠰᠦᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠳᠡᠯᠡᠬᠦ ᠬᠡᠷᠡᠭᠲᠡᠶ᠄      ︵ᠨᠢᠭᠡ︶ ᠬᠠᠤᠯᠢ ᠬᠡᠷᠡᠭᠵᠢᠭᠦᠯᠬᠦ ᠭᠤᠤᠯ ᠴᠣᠭᠴᠠ᠂ ᠠᠯᠪᠠᠯᠠᠬᠤ ᠭᠠᠵᠠᠷ᠂  ᠴᠢᠮᠡᠭᠡ ᠬᠤᠯᠪᠤᠭᠠᠨ ᠤ ᠬᠠᠶ᠋ᠢᠭ᠂ ᠠᠰᠠᠭᠤᠨ ᠯᠠᠪᠯᠠᠬᠤ ᠤᠳᠠᠰᠤ᠂ ᠬᠢᠨᠠᠯᠲᠠ ᠲᠠᠯᠪᠢᠬᠤ ᠤᠳᠠᠰᠤ︔      ︵ᠬᠤᠶᠠᠷ︶ ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠲᠠᠰᠢᠷᠠᠮ ᠢᠶᠠᠷ ᠰᠤᠭᠤᠴᠢᠨ ᠪᠠᠶᠢᠴᠠᠭᠠᠨᠨᠰᠠᠨ ᠵᠦᠢᠯᠡᠰ ᠤᠨ ᠨᠠᠷᠢᠨ ᠬᠠᠭᠤᠳᠠᠰᠤ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠳ ᠤᠨ ᠣᠪᠣᠭ ᠨᠡᠷ᠎ᠡ᠂ ᠨᠢᠬᠡᠴᠢ᠂ ᠲᠤᠰᠢᠶᠠᠯ᠂ ᠬᠡᠷᠡᠯ ᠵᠢᠷᠤᠭ᠂ ᠬᠠᠤᠯᠢ ᠬᠡᠷᠡᠭᠵᠢᠭᠦᠯᠬᠦ ᠦᠨᠡᠮᠯᠡᠯ ᠤᠨ ᠨᠣᠮᠧᠷ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠣᠷᠣᠨ ᠪᠦᠰᠡ ᠵᠡᠷᠭᠡ ᠮᠡᠳᠡᠭᠡ ᠵᠠᠩᠭᠢ︔      ︵ᠲᠦᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠦᠢᠯᠡᠴᠢᠯᠡᠬᠦ ᠡᠳᠡᠬᠡᠳ᠂ ᠭᠦᠯᠢᠶᠡᠨ ᠠᠪᠴᠤ ᠰᠶᠢᠳᠪᠦᠷᠢᠯᠡᠬᠦ ᠨᠦᠭᠦᠴᠡᠯ᠂ ᠭᠦᠢᠴᠡᠳᠬᠡᠬᠦ ᠠᠷᠭ᠎ᠠ ᠮᠠᠶ᠋ᠢᠭ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ ᠵᠢᠴᠢ ᠭᠤᠶᠤᠴᠢᠯᠠᠬᠤ ᠮᠠᠲ᠋ᠧᠷᠢᠶᠠᠯ ᠤᠨ ᠭᠠᠷᠴᠠᠭ᠂  ᠭᠦᠰᠦᠨᠦᠭ ᠵᠡᠷᠬᠡ︔      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠤᠪᠤᠷᠠᠯ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠳᠤ ᠲᠤᠨᠨᠳᠠᠭᠠᠨᠨᠰᠠᠨ ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠳᠡᠯᠡᠬᠦ ᠴᠢᠬᠤᠯᠠᠳᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠤᠰᠤᠳ ᠦᠨᠳᠦᠰᠦᠨ  ᠮᠡᠳᠡᠭᠡ ᠵᠠᠩᠬᠢ᠃      ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠬᠠᠤᠯᠢ ᠬᠡᠷᠡᠭᠵᠢᠬᠦᠯᠬᠦ ᠶᠠᠪᠤᠴᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠦᠵᠡᠬᠦᠯᠬᠦ ᠬᠡᠷᠡᠭᠳᠡᠢ᠃      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠬᠢᠨᠠᠯᠳᠠ ᠲᠠᠯᠪᠢᠵᠦ ᠪᠠᠶᠢᠴᠠᠭᠠᠯᠳᠠ ᠬᠢᠬᠦ᠂ ᠪᠠᠶᠢᠴᠠᠭᠠᠵᠦ ᠬᠡᠷᠡᠴᠢ  ᠠᠪᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠ ᠠᠯᠪᠠᠳᠠᠨ ᠭᠦᠢᠴᠡᠳᠬᠡᠬᠦᠯᠬᠦ᠂ ᠪᠢᠴᠢᠭ ᠬᠠᠷ᠎ᠠ ᠶᠢ ᠭᠠᠷᠳᠠᠭᠤᠯᠤᠨ ᠭᠦᠷᠬᠡᠬᠦ ᠵᠡᠷᠬᠡ ᠬᠠᠤᠯᠢ ᠬᠡᠷᠡᠭᠵᠢᠬᠦᠯᠬᠦ ᠠᠵᠢᠯᠯᠠᠭ᠎ᠠ ᠶᠢ ᠦᠷᠨᠢᠬᠦᠯᠬᠦ ᠳᠤ᠂ ᠲᠤᠬᠠᠢ ᠶᠢᠨ ᠭᠦᠮᠦᠨ ᠳᠤ ᠨᠢ ᠬᠠᠤᠯᠢ  ᠬᠡᠷᠡᠭᠵᠢᠬᠦᠯᠬᠦ ᠶᠢᠨ ᠤᠴᠢᠷ ᠰᠢᠯᠳᠠᠭᠠᠨ᠂ ᠬᠠᠤᠯᠢ ᠬᠡᠷᠡᠭᠵᠢᠬᠦᠯᠬᠦ ᠦᠨᠳᠦᠰᠦᠯᠡᠯ᠂ ᠡᠷᠬᠡ ᠡᠭᠦᠷᠬᠡ᠂ ᠠᠪᠤᠷᠠᠨ ᠲᠤᠰᠠᠯᠠᠬᠤ ᠠᠷᠭ᠎ᠠ ᠮᠠᠶ᠋ᠢᠭ ᠵᠡᠷᠬᠡ ᠠᠭᠤᠯᠭ᠎ᠠ ᠶᠢ ᠮᠡᠳᠡᠭᠳᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠢᠴᠢᠭ ᠬᠠᠷ᠎ᠠ ᠶᠢ ᠬᠠᠤᠯᠢ ᠶᠤᠰᠤᠭᠠᠷ ᠭᠠᠷᠭᠠᠵᠦ ᠦᠭᠬᠦ ᠬᠡᠷᠡᠭᠳᠡᠢ᠃      ᠠᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢᠶᠠᠨ ᠨᠡᠶᠢᠭᠡᠮ ᠨᠡᠶᠢᠳᠡ ᠳᠤ ᠬᠠᠤᠯᠢ ᠶᠣᠰᠣᠭᠠᠷ ᠢᠯᠡ ᠪᠤᠯᠭᠠᠵᠦ᠂ ᠨᠡᠶᠢᠭᠡᠮ ᠤᠨ ᠬᠢᠨ ᠤ ᠬᠢᠨᠠᠯᠳᠠ ᠲᠠᠯᠪᠢᠯᠳᠠ ᠶᠢ ᠬᠦᠯᠢᠶᠡᠬᠦ ᠬᠡᠷᠡᠭᠲᠡᠶ᠃ ᠢᠯᠡ ᠪᠣᠯᠭᠠᠬᠤ ᠠᠭᠤᠯᠭ᠎ᠠ ᠳᠤ ᠬᠠᠤᠯᠢ ᠬᠡᠷᠡᠭᠵᠢᠭᠦᠯᠬᠦ ᠭᠤᠤᠯ ᠴᠣᠭᠴᠠ᠂ ᠬᠠᠤᠯᠢ ᠬᠡᠷᠡᠭᠵᠢᠭᠦᠯᠬᠦ ᠡᠲᠡᠭᠡᠳ᠂ ᠬᠡᠷᠡᠭ ᠤᠨ ᠪᠣᠳᠠᠲᠤ ᠪᠠᠶᠢᠳᠠᠯ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠳ᠋ᠦᠩᠨᠡᠯᠲᠡ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠪᠠᠭᠲᠠᠨ᠎ᠠ᠃      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠨᠨᠳᠠᠭᠠᠯ ᠢ ᠵᠠᠷᠯᠠᠨ ᠨᠡᠶᠢᠳᠡᠯᠡᠬᠦ ᠳᠤ ᠪᠠᠨ ᠪᠠᠩᠬᠢ ᠶᠢᠨ ᠬᠢᠨ ᠲᠠᠩᠰᠠᠨ ᠨᠤᠮᠧᠷ᠂ ᠭᠦᠳᠡᠯᠬᠦ ᠭᠦᠷᠦᠩᠬᠡ ᠪᠤᠶᠤ ᠦᠯᠦ ᠭᠦᠳᠡᠯᠬᠦ ᠭᠦᠷᠦᠩᠬᠡ ᠶᠢᠨ ᠡᠷᠬᠡ ᠬᠠᠷᠢᠶᠠᠯᠠᠯ ᠤᠨ ᠦᠨᠡᠮᠯᠡᠯ ᠤᠨ ᠨᠤᠮᠧᠷ᠂ ᠨᠢᠬᠡᠴᠢ ᠪᠤᠶᠤ ᠬᠤᠪᠢ ᠭᠦᠮᠦᠨ ᠤ ᠡᠳ᠋ ᠭᠦᠷᠦᠩᠬᠡ ᠶᠢᠨ ᠪᠠᠶᠢᠳᠠᠯ ᠵᠡᠷᠬᠡ ᠡᠳ᠋ ᠭᠦᠷᠦᠩᠬᠡ ᠳᠤ ᠬᠤᠯᠪᠤᠨᠨᠳᠠᠬᠤ ᠮᠡᠳᠡᠭᠡ ᠵᠠᠩᠬᠢ ᠵᠢᠴᠢ ᠲᠤᠬᠠᠢ ᠶᠢᠨ ᠭᠦᠮᠦᠨ ᠤ ᠬᠤᠪᠢ ᠶᠢᠨ ᠬᠢᠨ ᠤ ᠬᠡᠷ ᠪᠦᠯᠢ ᠶᠢᠨ ᠬᠠᠶ᠋ᠢᠭ᠂ ᠪᠡᠶ᠎ᠡ ᠶᠢᠨ ᠦᠨᠡᠮᠯᠡᠯ ᠤᠨ ᠨᠤᠮᠧᠷ᠂ ᠮᠡᠳᠡᠭᠡ ᠬᠤᠯᠪᠤᠭ᠎ᠠ ᠶᠢᠨ ᠠᠷᠭ᠎ᠠ ᠮᠠᠶ᠋ᠢᠭ ᠵᠡᠷᠬᠡ ᠮᠡᠳᠡᠭᠡ ᠵᠠᠩᠬᠢ ᠶᠢ ᠨᠢᠭᠤᠴᠠᠯᠠᠬᠤ ᠬᠡᠷᠡᠭᠳᠡᠢ᠃      ᠠᠷᠪᠠᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠢᠯᠡ ᠪᠤᠯᠭᠠᠵᠦ ᠪᠤᠯᠬᠤ ᠦᠭᠡᠢ᠄      ︵ᠨᠢᠬᠡ︶  ᠲᠤᠬᠠᠢ ᠶᠢᠨ ᠭᠦᠮᠦᠨ ᠨᠢ ᠨᠠᠰᠤᠨ ᠳᠤ ᠦᠯᠦ ᠭᠦᠷᠦᠭᠰᠡᠳ ᠪᠠᠶᠢᠬᠤ  ︔      ︵ᠬᠤᠶᠠᠷ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ  ︔      ︵ᠭᠤᠷᠪᠠ︶ ᠢᠯᠡ ᠪᠤᠯᠭᠠᠨᠨᠰᠠᠨ ᠤ ᠲᠠᠷᠠᠭ᠎ᠠ ᠤᠯᠤᠰ ᠤᠨ ᠠᠮᠤᠷ ᠲᠦᠪᠰᠢᠨ᠂ ᠤᠯᠠᠨ ᠨᠡᠶᠢᠳᠡ ᠶᠢᠨ ᠠᠮᠤᠷ ᠲᠦᠪᠰᠢᠨ᠂ ᠠᠵᠦ ᠠᠬᠤᠢ ᠶᠢᠨ ᠠᠮᠤᠷ ᠲᠦᠪᠰᠢᠨ ᠪᠤᠶᠤ ᠨᠡᠶᠢᠬᠡᠮ ᠤᠨ ᠠᠮᠤᠷ ᠲᠤᠨᠨᠳᠠᠭᠤᠨ ᠢ ᠨᠦᠯᠦᠬᠡᠯᠡᠵᠦ ᠮᠡᠳᠡᠬᠦ︔      ︵ᠲᠦᠷᠪᠡ︶ ᠢᠯᠡ ᠪᠤᠯᠭᠠᠨᠨᠰᠠᠨ ᠤ ᠲᠠᠷᠠᠭ᠎ᠠ ᠲᠤᠰ ᠬᠡᠷᠡᠭ ᠲᠤ ᠬᠠᠮᠢᠶᠠᠳᠠᠬᠤ ᠪᠤᠰᠤᠳ ᠬᠡᠷᠡᠭ ᠢ ᠪᠠᠶᠢᠴᠠᠭᠠᠨ  ᠰᠶᠢᠳᠪᠦᠷᠢᠯᠡᠬᠦ ᠶᠢ ᠨᠥᠯᠥᠭᠡᠯᠡᠵᠦ ᠮᠡᠳᠡᠬᠦ︔      ︵ᠲᠠᠪᠤ︶  ᠬᠡᠷᠡᠭ ᠨᠢ ᠶᠠᠯ᠎ᠠ ᠲᠠᠢ ᠪᠠᠷ ᠰᠡᠵᠢᠭᠯᠡᠭᠳᠡᠬᠡᠳ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠬᠦᠯᠦᠨ ᠭᠦᠷᠬᠡᠵᠦ ᠪᠠᠶᠢᠴᠠᠭᠠᠨ ᠰᠶᠢᠳᠪᠦᠷᠢᠯᠡᠬᠦ ᠴᠢᠬᠤᠯᠠᠳᠠᠢ ᠪᠤᠶᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠶᠢᠴᠠᠭᠠᠨ ᠰᠶᠢᠳᠪᠦᠷᠢᠯᠡᠵᠦ ᠪᠠᠶᠢᠭ᠎ᠠ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠲᠤ ᠲᠤᠨᠨᠳᠠᠭᠠᠨᠨᠰᠠᠨ  ᠢᠯᠡ ᠪᠤᠯᠭᠠᠵᠦ ᠪᠤᠯᠬᠤ ᠦᠬᠡᠢ ᠪᠤᠰᠤᠳ ᠪᠠᠶᠢᠳᠠᠯ᠃      ᠠᠷᠪᠠᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠶᠢᠳᠬᠡᠯ ᠲᠤᠷᠭᠠᠭᠤᠯᠢ ᠪᠠᠷ  ᠲᠤᠨᠨᠳ᠋ᠬᠠᠰᠠᠨ ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ  ᠢᠯᠡ ᠪᠤᠯᠭᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠪᠤᠰᠤᠳ ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠬᠤᠷᠢᠨ ᠠᠵᠢᠯᠯᠠᠬᠤ ᠡᠳᠦᠷ ᠤᠨ ᠳᠣᠲᠣᠷ᠎ᠠ ᠢᠯᠡ ᠪᠤᠯᠭᠠᠬᠤ ᠬᠡᠷᠡᠭᠲᠡᠶ᠃ ᠢᠯᠡ ᠪᠤᠯᠭᠠᠬᠤ ᠬᠤᠭᠤᠴᠠᠭ᠎ᠠ ᠬᠢᠵᠠᠭᠠᠷ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠬᠦᠯᠦᠨ᠎ᠠ᠃      ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠨ ᠮᠡᠳᠡᠭᠡ ᠵᠠᠩᠭᠢ ᠳᠤ  ᠬᠤᠪᠢᠷᠠᠯᠳᠠ ᠭᠠᠷᠤᠨᠨᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠠᠭ ᠲᠤᠬᠠᠶ  ᠳᠤ ᠨᠢ ᠰᠢᠨᠡᠳᠬᠡᠬᠦ ᠬᠡᠷᠡᠭᠲᠡᠶ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ ᠠᠯᠳᠠᠭ᠎ᠠ ᠵᠠᠯᠠᠷᠠᠭᠤᠯᠬᠤ ᠲᠣᠭᠲᠠᠴᠠ ᠪᠠᠶᠢᠭᠤᠯᠬᠤ ᠬᠡᠷᠡᠭᠲᠡᠶ᠃ ᠨᠢᠬᠡᠨᠳᠡ ᠢᠯᠡ ᠪᠤᠯᠭᠠᠨᠨᠰᠠᠨ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠬᠦ ᠲᠣᠭᠲᠠᠭᠠᠯ ᠨᠢ ᠬᠠᠤᠯᠢ ᠶᠣᠰᠣᠭᠠᠷ ᠭᠦᠴᠦᠨ ᠦᠭᠡᠢ ᠪᠣᠯᠭᠠᠭᠳᠠᠭᠰᠠᠨ᠂ ᠬᠠᠤᠯᠢ ᠠᠴᠠ ᠵᠥᠷᠢᠴᠡᠭᠰᠡᠨ ᠢᠶᠠᠷ ᠨᠤᠲᠠᠯᠠᠭᠳᠠᠭᠰᠠᠨ ᠪᠤᠶᠤ ᠰᠢᠨ᠎ᠠ ᠪᠠᠷ ᠲᠤᠨᠨᠳᠠᠭᠠᠯᠭᠠᠬᠤ ᠪᠠᠷ ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠤᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠣᠭᠲᠠᠭᠠᠯ ᠤᠨ ᠮᠡᠳᠡᠭᠡ ᠵᠠᠩᠭᠢ ᠪᠠᠨ ᠲᠠᠷᠤᠢ ᠲᠦᠷᠬᠡᠨ ᠭᠦᠴᠦᠨ ᠦᠬᠡᠢ ᠪᠤᠯᠭᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠦ᠂ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠭᠤᠴᠢᠨ ᠨᠢᠭᠡᠨ ᠤ ᠡᠳᠦᠷ ᠠᠴᠠ ᠡᠮᠦᠨ᠎ᠡ ᠠᠳᠠᠯᠢ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠭᠡᠷ᠎ᠡ ᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠵᠢᠴᠢ ᠬᠤᠯᠪᠣᠭᠳᠠᠯ ᠪᠦᠬᠦᠢ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠷᠢᠶᠠᠩᠭᠤᠶᠢᠯᠠᠨ ᠵᠠᠳᠠᠯᠤᠯᠳᠠ ᠬᠢᠭᠰᠡᠨ ᠤ ᠳᠠᠷᠠᠭ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃                       ᠭᠤᠷᠪᠠᠳᠤᠭᠠᠷ ᠪᠦᠯᠦᠭ  ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ      ᠠᠷᠪᠠᠨ ᠲᠠᠪᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠪᠠᠷ ᠲᠡᠮᠳᠡᠭᠯᠡᠬᠦ ᠠᠷᠭ᠎ᠠ ᠮᠠᠶ᠋ᠢᠭ ᠢ ᠲᠣᠭᠲᠠᠭᠠᠯ ᠶᠤᠰᠤᠭᠠᠷ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠡᠬᠢᠯᠡᠭᠦᠯᠬᠦ᠂ ᠪᠠᠶᠢᠴᠠᠭᠠᠯᠳᠠ ᠬᠢᠵᠦ ᠭᠡᠷᠡᠴᠢ ᠠᠪᠬᠤ᠂ ᠬᠢᠨᠠᠨ ᠬᠠᠷᠭᠤᠭᠤᠯᠵᠤ ᠲᠤᠨᠨᠳᠠᠭᠠᠬᠤ᠂ ᠬᠦᠷᠭᠡᠵᠦ ᠬᠡᠷᠡᠭᠵᠢᠭᠦᠯᠬᠦ ᠵᠡᠷᠭᠡ ᠪᠦᠬᠦ ᠶᠠᠪᠤᠴᠠ ᠶᠢ ᠰᠢᠩᠬᠡᠬᠡᠨ ᠲᠡᠮᠳᠡᠭᠯᠡᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠦᠰᠦᠭ ᠪᠢᠴᠢᠭ ᠢᠶᠠᠷ ᠲᠡᠮᠳᠡᠭᠯᠡᠬᠦ ᠪᠣᠯ ᠴᠠᠭᠠᠰᠤᠨ ᠪᠢᠴᠢᠭ ᠮᠠᠲ᠋ᠧᠷᠢᠶᠠᠯ ᠪᠤᠶᠤ ᠡᠯᠧᠺᠲᠷᠤᠨ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠪᠦᠭᠦ ᠶᠠᠪᠤᠴᠠ ᠶᠢᠨ ᠲᠡᠮᠳᠡᠭᠯᠡᠯ ᠬᠢᠬᠦ ᠠᠷᠭ᠎ᠠ ᠮᠠᠶ᠋ᠢᠭ ᠪᠣᠯᠤᠨ᠎ᠠ᠃ ᠦᠰᠦᠭ ᠪᠢᠴᠢᠭ ᠢᠶᠠᠷ ᠲᠡᠮᠳᠡᠭᠯᠡᠬᠦ ᠳᠤ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮᠳᠦ ᠪᠢᠴᠢᠭ ᠬᠠᠷ᠎ᠠ ᠶᠢᠨ ᠵᠣᠷᠪᠤᠰᠯᠢᠭ ᠢ ᠬᠡᠷᠡᠭᠯᠡᠬᠦ ᠬᠡᠷᠡᠭᠲᠡᠶ᠂ ᠲᠡᠮᠳᠡᠭᠯᠡᠬᠦ ᠬᠦᠴᠦᠨ ᠵᠦᠢᠯ ᠳᠤ ᠴᠠᠭ ᠬᠤᠭᠤᠴᠠᠭ᠎ᠠ᠂ ᠭᠠᠵᠠᠷ ᠣᠷᠣᠨ᠂ ᠬᠠᠤᠯᠢ ᠬᠡᠷᠡᠭᠵᠢᠭᠦᠯᠬᠦ ᠠᠵᠢᠯᠲᠠᠨ᠂ ᠬᠠᠤᠯᠢ ᠬᠡᠷᠡᠭᠵᠢᠭᠦᠯᠬᠦ ᠡᠲᠡᠭᠡᠳ᠂ ᠬᠠᠤᠯᠢ ᠬᠡᠷᠡᠭᠵᠢᠭᠦᠯᠬᠦ ᠠᠭᠤᠯᠭ᠎ᠠ᠂ ᠬᠠᠤᠯᠢ ᠬᠡᠷᠡᠭᠵᠢᠭᠦᠯᠬᠦ ᠶᠠᠪᠤᠴᠠ ᠵᠡᠷᠭᠡ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠳᠠᠭᠤ ᠳᠦᠷᠰᠦ ᠰᠢᠩᠭᠡᠭᠡᠯᠲᠡ ᠢᠶᠠᠷ ᠰᠢᠩᠬᠡᠬᠡᠨ ᠲᠡᠮᠳᠡᠭᠯᠡᠬᠦ ᠪᠣᠯ ᠭᠡᠷᠡᠯ ᠵᠢᠷᠤᠭ ᠤᠨ ᠮᠠᠰᠢᠨ᠂ ᠳᠠᠭᠤ ᠰᠢᠩᠭᠡᠭᠡᠬᠦ ᠮᠠᠰᠢᠨ᠂ ᠳᠦᠷᠰᠦ ᠰᠢᠩᠭᠡᠭᠡᠬᠦ ᠮᠠᠰᠢᠨ᠂ ᠬᠠᠤᠯᠢ ᠬᠡᠷᠡᠭᠵᠢᠭᠦᠯᠬᠦ ᠲᠡᠮᠳᠡᠭᠯᠡᠭᠦᠷ᠂ ᠬᠠᠤᠯᠢ ᠬᠡᠷᠡᠭᠵᠢᠭᠦᠯᠬᠦ ᠤᠶᠤᠨᠴᠢ ᠦᠵᠦᠭᠦᠷ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠰᠢᠬᠦ ᠵᠡᠷᠭᠡ ᠰᠢᠩᠬᠡᠬᠡᠨ ᠲᠡᠮᠳᠡᠭᠯᠡᠬᠦ ᠲᠦᠭᠦᠬᠡᠷᠦᠮᠵᠢ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠲᠤᠬᠠᠢ ᠶᠢᠨ ᠴᠠᠭ ᠲᠤ ᠨᠢ  ᠰᠢᠩᠬᠡᠬᠡᠨ ᠲᠡᠮᠳᠡᠭᠯᠡᠬᠦ ᠠᠷᠭ᠎ᠠ ᠮᠠᠶ᠋ᠢᠭ ᠪᠣᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠮᠠᠷᠭᠤᠯᠳᠤᠭᠠᠨ ᠡᠭᠦᠰᠬᠦ ᠪᠤᠯᠤᠮᠵᠢ ᠪᠦᠭᠦᠢ ᠠᠬᠤᠢ ᠲᠠᠯᠠᠪᠠᠢ  ᠳᠤ ᠬᠠᠤᠯᠢ ᠬᠡᠷᠡᠭᠵᠢᠭᠦᠯᠬᠦ᠂  ᠪᠠᠶᠢᠴᠠᠭᠠᠯᠳᠠ ᠬᠢᠵᠦ ᠭᠡᠷᠡᠴᠢ ᠠᠪᠬᠤ᠂ ᠭᠡᠷᠡᠴᠢᠯᠡᠭᠡ ᠰᠣᠨᠣᠰᠬᠤ᠂ ᠭᠦᠷᠬᠡᠯᠳᠡ ᠶᠢ ᠬᠤᠴᠤᠷᠭᠠᠨ ᠠᠪᠬᠤ ᠪᠠ ᠠᠯᠪᠠᠨ ᠵᠠᠷ ᠬᠦᠷᠭᠡᠬᠦ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠠᠪᠤᠴᠠ ᠶᠢ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠬᠡᠷᠡᠭᠲᠡᠶ᠃ ᠡᠳ᠋ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠬᠦ᠂ ᠦᠯᠡᠳᠡᠬᠡᠨ ᠠᠪᠬᠤ ᠪᠠ ᠠᠯᠪᠠᠲᠠᠨ ᠨᠤᠷᠠᠭᠠᠯᠭᠠᠬᠤ ᠵᠡᠷᠭᠡ ᠬᠥᠮᠦᠨ ᠤ ᠪᠡᠶ᠎ᠡ ᠶᠢᠨ ᠡᠷᠬᠡ ᠴᠢᠯᠥᠭᠡ᠂ ᠠᠮᠢ ᠨᠠᠰᠤᠨ ᠤ ᠡᠷᠡᠭᠦᠯ ᠮᠡᠨᠳᠦ᠂ ᠡᠳ᠋ ᠬᠥᠷᠥᠩᠭᠡ ᠶᠢᠨ ᠴᠢᠬᠤᠯᠠ ᠶᠡᠭᠡ ᠡᠷᠬᠡ ᠠᠰᠢᠭ ᠲᠤ ᠰᠢᠭᠤᠳ ᠬᠤᠯᠪᠣᠭᠳᠠᠭᠰᠠᠨ ᠠᠬᠤᠢ ᠲᠠᠯᠠᠪᠠᠢ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ ᠬᠡᠷᠡᠭᠵᠢᠬᠦᠯᠵᠦ ᠬᠡᠷᠡᠭ ᠰᠶᠢᠳᠪᠦᠷᠢᠯᠡᠬᠦ ᠲᠠᠯᠠᠪᠤᠷ ᠭᠠᠵᠠᠷ ᠤᠨ  ᠪᠥᠬᠦ ᠶᠠᠪᠤᠴᠠ ᠶᠢ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠠᠭᠤ ᠳᠦᠷᠰᠦ ᠰᠢᠩᠬᠡᠬᠡᠯᠳᠡ ᠪᠠᠷ ᠰᠢᠩᠬᠡᠬᠡᠨ ᠲᠡᠮᠳᠡᠭᠯᠡᠬᠦ ᠳᠤ  ᠪᠠᠨ ᠳᠣᠤᠷᠠᠬᠢ ᠠᠭᠤᠯᠭ᠎ᠠ ᠶᠢ ᠭᠤᠤᠯᠳᠠᠯᠭ᠎ᠠ ᠲᠠᠢ ᠰᠢᠩᠬᠡᠬᠡᠨ ᠲᠡᠮᠳᠡᠭᠯᠡᠬᠦ ᠬᠡᠷᠡᠭᠲᠡᠶ᠄      ︵ᠨᠢᠬᠡ︶ ᠠᠬᠤᠢ ᠲᠠᠯᠠᠪᠠᠢ ᠶᠢᠨ ᠬᠠᠤᠯᠢ ᠬᠡᠷᠡᠭᠵᠢᠬᠦᠯᠬᠦ ᠤᠷᠴᠢᠨ ᠨᠦᠭᠦᠴᠡᠯ ᠵᠢᠴᠢ ᠬᠠᠤᠯᠢ ᠬᠡᠷᠡᠭᠵᠢᠬᠦᠯᠬᠦ ᠠᠵᠢᠯᠳᠠᠨ ᠬᠡᠷᠡᠴᠢ ᠦᠨᠡᠮᠯᠡᠯ ᠢᠶᠠᠨ ᠦᠵᠡᠬᠦᠯᠦᠭᠰᠡᠨ᠂ ᠡᠷᠬᠡ ᠠᠰᠢᠭ ᠪᠠ ᠡᠭᠦᠷᠬᠡ ᠬᠠᠷᠢᠭᠤᠴᠠᠯᠭ᠎ᠠ ᠶᠢ ᠨᠢ ᠮᠡᠳᠡᠭᠳᠡᠭᠰᠡᠨ ᠪᠠᠶᠢᠳᠠᠯ︔      ︵ᠬᠤᠶᠠᠷ︶ ᠲᠤᠬᠠᠶ ᠶᠢᠨ ᠬᠥᠮᠦᠨ᠂ ᠭᠡᠷᠡᠴᠢᠯᠡᠭᠴᠢ ᠵᠡᠷᠭᠡ ᠠᠬᠤᠢ ᠲᠠᠯᠠᠪᠠᠢ ᠶᠢᠨ ᠬᠤᠯᠪᠣᠭᠳᠠᠯ ᠪᠦᠬᠦᠢ ᠭᠦᠮᠦᠰ ᠤᠨ  ᠳᠦᠷᠢ ᠲᠥᠷᠬᠦ ᠶᠢᠨ ᠣᠨᠴᠠᠯᠢᠭ ᠰᠢᠨᠵᠢ ᠪᠠ ᠦᠭᠡ ᠶᠠᠷᠢᠶ᠎ᠠ ᠬᠥᠳᠡᠯᠦᠯ ᠪᠠᠷᠢᠯ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠰᠤᠳᠤᠯᠤᠨ ᠪᠠᠶᠢᠴᠠᠭᠠᠯᠳᠠ ᠬᠢᠭᠰᠡᠨ᠂ ᠪᠠᠶᠢᠴᠠᠭᠠᠨᠨᠰᠠᠨ ᠪᠠ ᠬᠡᠷᠡᠴᠢ ᠠᠪᠤᠨᠨᠰᠠᠨ ᠪᠠᠶᠢᠳᠠᠯ︔      ︵ᠲᠦᠷᠪᠡ︶  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠠᠢ ᠬᠠᠮᠢᠶ᠎ᠠ ᠪᠦᠭᠦᠢ ᠴᠢᠬᠤᠯᠠ ᠡᠳ᠋ ᠪᠤᠳᠠᠰ ᠵᠢᠴᠢ ᠪᠤᠰᠤᠳ ᠬᠡᠷᠡᠴᠢ ᠪᠠᠷᠢᠮᠳᠠ︔      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠬᠤᠯᠪᠤᠨᠨᠳᠠᠬᠤ ᠭᠦᠮᠦᠨ ᠬᠠᠷ᠎ᠠ᠂ ᠡᠳ᠋ ᠬᠤᠨᠨᠰᠢᠯ ᠳᠤ ᠠᠷᠭ᠎ᠠ ᠬᠡᠮᠵᠢᠶ᠎ᠡ ᠠᠪᠤᠨᠨᠰᠠᠨ ᠪᠠᠶᠢᠳᠠᠯ      ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠠᠬᠤᠢ ᠲᠠᠯᠠᠪᠠᠢ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠢᠴᠢᠭ ᠬᠠᠷ᠎ᠠ ᠶᠢ ᠵᠤᠬᠢᠶᠠᠬᠤ ᠪᠠ ᠭᠦᠷᠬᠡᠵᠦ ᠭᠠᠷᠳᠠᠭᠤᠯᠤᠨᠨᠰᠠᠨ ᠪᠠᠶᠢᠳᠠᠯ︔      ︵ᠲᠤᠯᠤᠭ᠎ᠠ︶ ᠰᠢᠩᠬᠡᠬᠡᠨ ᠲᠡᠮᠳᠡᠭᠯᠡᠬᠦ ᠴᠢᠬᠤᠯᠠᠳᠠᠢ ᠪᠤᠰᠤᠳ ᠠᠭᠤᠯᠭ᠎ᠠ᠃      ᠲᠠᠭᠤ ᠲᠦᠷᠰᠦ ᠰᠢᠩᠬᠡᠬᠡᠯᠳᠡ ᠪᠠᠷ ᠰᠢᠩᠬᠡᠬᠡᠨ ᠲᠡᠮᠳᠡᠭᠯᠡᠬᠦ ᠳᠤ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠪᠤᠯᠤᠨ ᠲᠤᠬᠠᠢ ᠶᠢᠨ ᠭᠦᠮᠦᠨ ᠤ ᠬᠤᠶᠠᠷ ᠲᠠᠯ᠎ᠠ ᠶᠢᠨ ᠬᠢ ᠪᠠᠶᠢᠳᠠᠯ ᠢ ᠵᠡᠷᠬᠡ ᠳᠤ ᠨᠢ ᠰᠢᠩᠬᠡᠬᠡᠨ ᠲᠡᠮᠳᠡᠭᠯᠡᠭᠰᠡᠨ ᠪᠠᠶᠢᠬᠤ ᠬᠡᠷᠡᠭᠳᠡᠢ᠃        ᠠᠷᠪᠠ ᠶᠢᠰᠦᠳᠦᠭᠡᠷ ᠵᠦᠢᠯ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠠᠴᠠ ᠡᠮᠦᠨ᠎ᠡ᠂ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠳ ᠲᠥᠬᠦᠭᠡᠷᠦᠮᠵᠢ ᠪᠠᠨ ᠪᠠᠶᠢᠴᠠᠭᠠᠵᠤ᠂ ᠲᠤᠬᠠᠶ ᠶᠢᠨ ᠬᠥᠮᠦᠨ ᠳᠤ ᠮᠡᠳᠡᠭᠳᠡᠬᠦ ᠶᠢᠨ ᠬᠠᠮᠳᠤ ᠴᠠᠭ᠂ ᠭᠠᠵᠠᠷ᠂ ᠬᠠᠤᠯᠢ ᠬᠡᠷᠡᠭᠵᠢᠭᠦᠯᠬᠦ ᠤᠴᠢᠷ ᠰᠢᠯᠲᠠᠭᠠᠨ ᠢᠶᠠᠨ ᠲᠤᠳᠤᠷᠬᠠᠶᠢᠯᠠᠬᠤ ᠬᠡᠷᠡᠭᠲᠡᠶ᠃ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠳᠤ ᠠᠬᠤᠢ ᠲᠠᠯᠠᠪᠠᠢ ᠳᠤ ᠡᠬᠢᠯᠡᠵᠦ ᠬᠠᠤᠯᠢ ᠬᠡᠷᠡᠭᠵᠢᠬᠦᠯᠦᠭᠰᠡᠨ ᠠᠴᠠ ᠠᠬᠤᠢ ᠲᠠᠯᠠᠪᠠᠢ ᠳᠤ ᠬᠠᠤᠯᠢ ᠬᠡᠷᠡᠭᠵᠢᠬᠦᠯᠵᠦ ᠳᠠᠭᠤᠰᠲᠠᠯ᠎ᠠ ᠲᠠᠰᠤᠯᠳᠠᠯ ᠦᠬᠡᠢ ᠶᠠᠪᠤᠭᠳᠠᠬᠤ ᠬᠡᠷᠡᠭᠳᠡᠢ᠃      ᠲᠥᠬᠦᠭᠡᠷᠦᠮᠵᠢ ᠶᠢᠨ ᠰᠠᠭᠠᠳ ᠲᠤᠳᠬᠠᠷ᠂ ᠠᠭᠤᠷ ᠠᠮᠢᠰᠬᠤᠯ ᠤᠨ ᠤᠷᠰᠢᠭ᠂ ᠵᠣᠷᠢᠭᠤᠳᠠ ᠬᠠᠷᠰᠢᠯᠠᠭᠰᠠᠨ ᠵᠡᠷᠭᠡ ᠪᠤᠰᠤᠳᠴᠢ ᠰᠢᠯᠲᠠᠭᠠ ᠠᠴᠠ ᠪᠤᠯᠵᠤ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠶᠢ ᠲᠠᠰᠤᠯᠳᠠᠭᠤᠯᠤᠭᠰᠠᠨ ᠪᠠᠶᠢᠪᠠᠯ᠂ ᠲᠠᠬᠢᠵᠦ ᠰᠢᠩᠬᠡᠬᠡᠨ ᠲᠡᠮᠳᠡᠭᠯᠡᠬᠦ ᠳᠤ ᠪᠠᠨ ᠲᠠᠰᠤᠯᠳᠠᠭᠰᠠᠨ ᠰᠢᠯᠲᠠᠭᠠᠨ ᠤ ᠲᠤᠬᠠᠶ ᠠᠪᠢᠶ᠎ᠠ ᠪᠠᠷ ᠲᠤᠳᠤᠷᠬᠠᠶᠢᠯᠠᠬᠤ ᠬᠡᠷᠡᠭᠲᠡᠶ︔ ᠦᠨᠡᠬᠡᠷ ᠦᠷᠭᠦᠯᠵᠢᠯᠡᠨ ᠰᠢᠩᠬᠡᠬᠡᠨ ᠲᠡᠮᠳᠡᠭᠯᠡᠬᠦ ᠶᠢᠨ ᠠᠷᠭ᠎ᠠ ᠦᠭᠡᠢ ᠪᠤᠯᠤᠨᠨᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠮᠡᠳᠡᠭᠦᠯᠬᠦ ᠶᠢᠨ ᠬᠠᠮᠲᠤ᠂ ᠠᠬᠤᠢ ᠲᠠᠯᠠᠪᠠᠢ ᠳᠤ ᠬᠠᠤᠯᠢ ᠬᠡᠷᠡᠭᠵᠢᠬᠦᠯᠵᠦ ᠳᠠᠭᠤᠰᠤᠭᠰᠠᠨ ᠤ ᠳᠠᠷᠠᠭ᠎ᠠ ᠪᠠᠶᠢᠳᠠᠯ ᠢᠶᠠᠨ ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠶ᠃      ᠬᠤᠷᠢᠳᠤᠭᠠᠷ ᠵᠦᠢᠯ  ᠲᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠤ ᠳᠠᠷᠠᠭ᠎ᠠ᠂ ᠬᠠᠤᠯᠢ  ᠬᠡᠷᠡᠭᠵᠢᠬᠦᠯᠬᠦ ᠠᠵᠢᠯᠳᠠᠳ ᠲᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠮᠡᠳᠡᠭᠡ ᠵᠠᠩᠭᠢ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠵᠦ ᠬᠡᠷᠡᠭ ᠰᠶᠢᠳᠪᠦᠷᠢᠯᠡᠬᠦ ᠰᠢᠰᠲ᠋ᠧᠮ ᠳᠤ ᠬᠤᠷᠢᠨ ᠳᠥᠷᠪᠡᠨ ᠴᠠᠭ ᠤᠨ ᠳᠣᠲᠣᠷ᠎ᠠ ᠳᠠᠮᠵᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠵᠦ ᠬᠡᠷᠡᠭ ᠰᠶᠢᠳᠪᠦᠷᠢᠯᠡᠬᠦ ᠰᠢᠰᠲ᠋ᠧᠮ ᠨᠢ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠳᠡᠷᠡᠯᠴᠡᠬᠦ ᠬᠡᠷᠡᠭᠲᠡᠶ᠃      ᠦᠷᠭᠦᠯᠵᠢᠯᠡᠨ ᠬᠠᠤᠯᠢ ᠬᠡᠷᠡᠭᠵᠢᠭᠦᠯᠬᠦ᠂ ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ ᠪᠤᠶᠤ ᠠᠯᠤᠰ ᠬᠡᠳᠦ ᠶᠢᠨ ᠬᠢᠯᠢ ᠬᠢᠵᠠᠭᠠᠷ ᠤᠷᠤᠨ᠂ ᠤᠰᠤᠨ ᠳᠡᠭᠡᠷ᠎ᠡ᠂ ᠵᠠᠮ ᠬᠠᠷᠢᠯᠴᠠᠭ᠎ᠠ ᠳᠥᠭᠦᠮ ᠲᠦᠳᠡ ᠦᠭᠡᠢ ᠭᠠᠵᠠᠷ ᠣᠷᠣᠨ ᠳᠤ ᠬᠠᠤᠯᠢ ᠬᠡᠷᠡᠭᠵᠢᠭᠦᠯᠦᠭᠰᠡᠨ ᠠᠴᠠ ᠪᠣᠯᠵᠤ᠂ ᠲᠣᠭᠲᠠᠭᠰᠠᠨ ᠴᠠᠭ ᠬᠢᠵᠠᠭᠠᠷ ᠤᠨ ᠳᠣᠲᠣᠷ᠎ᠠ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠮᠡᠳᠡᠭᠡ ᠵᠠᠩᠭᠢ ᠪᠠᠨ ᠳᠠᠮᠵᠢᠭᠤᠯᠬᠤ ᠶᠢᠨ ᠠᠷᠭ᠎ᠠ ᠦᠭᠡᠢ ᠪᠤᠯᠤᠨᠨᠰᠠᠨ ᠪᠠᠶᠢᠪᠠᠯ᠂ ᠨᠥᠬᠦᠴᠡᠯ ᠪᠦᠷᠢᠳᠦᠭᠰᠡᠨ ᠤ ᠳᠠᠷᠠᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠳ ᠲᠠᠷᠤᠶᠢᠬᠠᠨ ᠲᠡᠮᠵᠢᠭᠤᠯᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠠᠵᠢᠯ ᠤᠨ  ᠬᠡᠷᠡᠭᠴᠡᠭᠡ ᠪᠠᠨ ᠦᠨᠳᠦᠰᠦᠯᠡᠨ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠥᠬᠦᠭᠡᠷᠦᠮᠵᠢ ᠲᠣᠬᠢᠷᠠᠭᠤᠯᠵᠤ᠂ ᠠᠰᠠᠭᠤᠨ ᠯᠠᠪᠯᠠᠬᠤ ᠭᠡᠷ ᠪᠠ ᠭᠡᠷᠡᠴᠢᠯᠡᠭᠡ ᠰᠣᠨᠣᠰᠬᠤ ᠭᠡᠷ ᠵᠡᠷᠭᠡ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠠᠯᠠᠪᠤᠷ ᠭᠠᠵᠠᠷ ᠢ ᠪᠠᠶᠢᠭᠤᠯᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ  ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠦᠭᠰᠡᠨ ᠪᠦᠬᠦ ᠶᠠᠪᠤᠴᠠ ᠶᠢᠨ ᠦᠰᠦᠭ ᠪᠢᠴᠢᠭ ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠮᠠᠲ᠋ᠧᠷᠢᠶᠠᠯ ᠢᠶᠠᠨ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠠᠵᠢᠯᠲᠠᠨ ᠨᠢ ᠬᠠᠤᠯᠢ ᠬᠡᠷᠡᠭᠵᠢᠬᠦᠯᠦᠭᠰᠡᠨ ᠶᠠᠪᠤᠴᠠ ᠶᠢᠨ ᠠᠩᠬᠠᠨ ᠤ ᠲᠡᠮᠳᠡᠭᠯᠡᠯ ᠢ ᠬᠠᠭᠤᠷᠮᠬᠠᠯᠠᠨ  ᠵᠤᠬᠢᠶᠠᠬᠤ᠂ ᠵᠠᠰᠠᠪᠤᠷᠢ ᠤᠷᠤᠭᠤᠯᠬᠤ᠂ ᠨᠠᠶᠢᠷᠠᠭᠤᠯᠬᠤ᠂ ᠡᠰᠬᠡᠬᠦ ᠪᠠ ᠬᠠᠰᠤᠵᠤ ᠬᠠᠶᠠᠵᠦ ᠪᠣᠯᠬᠤ ᠦᠭᠡᠶ᠂ ᠬᠠᠤᠯᠢ ᠪᠠᠷ ᠲᠣᠭᠲᠠᠭᠠᠭᠰᠠᠨ ᠬᠠᠳᠠᠭᠠᠯᠠᠬᠤ ᠬᠤᠭᠤᠴᠠᠭ᠎ᠠ ᠬᠢᠵᠠᠭᠠᠷ ᠤᠨ ᠳᠣᠲᠣᠷ᠎ᠠ ᠦᠰᠦᠭ ᠪᠢᠴᠢᠭ ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠤᠰᠠᠳᠬᠠᠵᠤ ᠪᠣᠯᠬᠤ ᠦᠭᠡᠶ᠃      ᠬᠤᠷᠢᠨ ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠰᠦᠭ ᠪᠢᠴᠢᠭ ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠤᠨᠨᠳ᠋ᠬᠠᠰᠠᠨ ᠪᠠᠶᠢᠪᠠᠯ᠂ ᠨᠢᠭᠤᠴᠠ ᠶᠢ ᠬᠠᠮᠠᠭᠠᠯᠠᠬᠤ ᠠᠵᠢᠯ ᠤᠨ ᠬᠤᠯᠪᠤᠨᠨᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃      ᠬᠢᠨᠠᠨ ᠪᠠᠶᠢᠴᠠᠭᠠᠬᠤ᠂ ᠰᠢᠭᠦᠨ ᠲᠠᠰᠤᠯᠬᠤ᠂ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠢᠨᠠᠨ ᠪᠤᠳᠤᠬᠤ ᠵᠡᠷᠬᠡ ᠲᠦᠷᠦ ᠶᠢᠨ ᠪᠠᠶᠢᠭᠤᠯᠭ᠎ᠠ ᠨᠢ ᠬᠡᠷᠡᠭ ᠰᠶᠢᠳᠪᠦᠷᠢᠯᠡᠬᠦ ᠬᠡᠷᠡᠭᠴᠡᠭᠡ ᠠᠴᠠ ᠪᠤᠯᠵᠤ᠂ ᠬᠠᠮᠢᠶ᠎ᠠ ᠪᠦᠬᠦᠢ ᠬᠡᠷᠡᠭ ᠤᠨ ᠬᠠᠤᠯᠢ ᠬᠡᠷᠡᠭᠵᠢᠭᠦᠯᠦᠭᠰᠡᠨ ᠶᠠᠪᠤᠴᠠ ᠶᠢᠨ ᠲᠡᠮᠳᠡᠭᠯᠡᠯ ᠢ ᠬᠠᠤᠯᠢ ᠶᠣᠰᠣᠭᠠᠷ ᠠᠪᠴᠤ ᠦᠵᠡᠬᠦ ᠪᠠ ᠬᠠᠭᠤᠯᠠᠪᠤᠷᠢᠯᠠᠬᠤ ᠳᠤ ᠭᠦᠷᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠪᠰᠤᠷᠤᠨ ᠬᠠᠩᠭᠠᠬᠤ ᠬᠡᠷᠡᠭᠲᠡᠶ᠃      ᠲᠤᠬᠠᠶ ᠶᠢᠨ ᠬᠥᠮᠦᠨ᠂ ᠠᠰᠢᠭ ᠬᠤᠤᠷ ᠤᠨ ᠬᠠᠷᠢᠴᠠᠭ᠎ᠠ ᠲᠠᠢ ᠭᠦᠮᠦᠰ ᠨᠢ ᠲᠡᠭᠦᠨ ᠯᠦᠭᠡ ᠬᠤᠯᠪᠣᠭᠳᠠᠬᠤ ᠬᠠᠤᠯᠢ   ᠬᠡᠷᠡᠭᠵᠢᠬᠦᠯᠦᠭᠰᠡᠨ ᠶᠠᠪᠤᠴᠠ ᠶᠢᠨ ᠲᠡᠮᠳᠡᠭᠯᠡᠯ ᠢ ᠪᠠᠶᠢᠴᠠᠭᠠᠨ ᠦᠵᠡᠬᠦ᠂ ᠬᠠᠭᠤᠯᠠᠪᠤᠷᠢᠯᠠᠬᠤ ᠪᠠᠷ ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠪᠰᠤᠷᠤᠨ ᠬᠠᠩᠭᠠᠬᠤ ᠬᠡᠷᠡᠭᠲᠡᠶ᠃      ᠲᠦᠷᠪᠡᠳᠦᠬᠡᠷ ᠪᠦᠯᠦᠭ  ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ                      ᠬᠤᠷᠢᠨ ᠲᠠᠪᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ  ᠴᠢᠬᠤᠯᠠ ᠶᠡᠭᠡ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠬᠠᠤᠯᠢ ᠳᠦᠷᠢᠮ ᠤᠨ ᠬᠢᠨᠠᠨ ᠬᠠᠷᠭᠤᠭᠤᠯᠤᠯᠳᠠ ᠬᠢᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠪᠠᠳᠤᠯᠬᠠᠳ᠋ᠬᠠᠰᠠᠨ ᠦᠭᠡᠢ ᠪᠠᠶᠢᠪᠠᠯ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠭᠠᠷᠭᠠᠵᠤ ᠪᠣᠯᠬᠤ ᠦᠭᠡᠢ᠃      ᠬᠤᠷᠢᠨ ᠵᠢᠷᠭᠤᠳᠤᠭᠠᠷ ᠵᠦᠢᠯ   ᠲᠤᠤᠷᠠᠬᠢ ᠪᠠᠶᠢᠳᠠᠯ ᠠᠴᠠ ᠨᠢᠬᠡ ᠨᠢ ᠪᠠᠶᠢᠬᠤ ᠬᠠᠤᠯᠢ ᠬᠡᠷᠡᠭᠵᠢᠬᠦᠯᠬᠦ ᠲᠤᠨᠨᠳᠠᠭᠠᠯ ᠢ ᠬᠠᠤᠯᠢ ᠲᠦᠷᠢᠮ ᠢᠶᠠᠷ ᠬᠢᠨᠠᠨ ᠬᠠᠷᠭᠤᠭᠤᠯᠤᠯᠳᠠ ᠬᠢᠬᠦ ᠬᠡᠷᠡᠭᠳᠡᠢ᠄      ︵ᠨᠢᠭᠡ︶ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠭᠰᠠᠨ︔      ︵ᠬᠤᠶᠠᠷ︶ ᠬᠦᠨᠳᠦ ᠶᠡᠭᠡ ᠨᠡᠶᠢᠭᠡᠮ ᠤᠨ ᠨᠥᠯᠥᠭᠡ ᠭᠠᠷᠭᠠᠵᠤ ᠮᠡᠳᠡᠬᠦ ᠪᠤᠶᠤ ᠨᠡᠶᠢᠭᠡᠮ ᠤᠨ ᠲᠦᠭᠰᠢᠭᠦᠷᠢ  ᠡᠭᠦᠰᠬᠡᠭᠰᠡᠨ︔      ︵ᠭᠤᠷᠪᠠ︶ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ ᠤ ᠴᠢᠬᠤᠯᠠ ᠶᠡᠭᠡ ᠡᠷᠬᠡ  ᠠᠰᠢᠭ ᠲᠤ ᠰᠢᠭᠤᠳ ᠬᠤᠯᠪᠣᠭᠳᠠᠭᠰᠠᠨ︔      ︵ᠲᠦᠷᠪᠡ︶ ᠭᠡᠷᠡᠴᠢᠯᠡᠭᠡ ᠰᠣᠨᠣᠰᠬᠤ ᠲᠡᠰ ᠲᠠᠷᠠᠭᠠᠯᠠᠯ ᠢᠶᠠᠷ ᠲᠠᠮᠵᠢᠭᠠᠳ ᠭᠠᠷᠭᠠᠭᠰᠠᠨ︔      ︵ᠲᠠᠪᠤ︶ ᠬᠡᠷᠡᠭ ᠤᠨ ᠪᠠᠶᠢᠳᠠᠯ ᠨᠢ ᠭᠦᠴᠢᠷ ᠲᠦᠪᠡᠭᠳᠡᠢ ᠪᠦᠬᠡᠳ ᠪᠤᠳᠤᠯᠢᠶᠠᠨᠲᠠᠶ ᠪᠠᠶᠢᠵᠤ᠂ ᠬᠠᠤᠯᠢ ᠴᠠᠭᠠᠵᠠ ᠶᠢᠨ ᠤᠯᠠᠨ ᠬᠠᠷᠢᠴᠠᠭ᠎ᠠ ᠳᠤ ᠬᠤᠯᠪᠣᠭᠳᠠᠭᠰᠠᠨ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠲᠤ ᠲᠣᠭᠲᠠᠭᠠᠭᠰᠠᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠳᠡᠢ ᠬᠠᠤᠯᠢ ᠬᠡᠷᠡᠭᠵᠢᠭᠦᠯᠬᠦ ᠪᠤᠰᠤᠳ ᠲᠣᠭᠲᠠᠭᠠᠯ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠱᠠᠲᠤ  ᠲᠡᠰ᠂   ᠬᠠᠷᠢᠶᠠᠯᠬᠠᠳᠠᠬᠤ ᠬᠦᠷᠢᠶ᠎ᠡ ᠴᠠᠷᠠᠭ᠎ᠠ᠂ ᠬᠡᠷᠡᠭ ᠲᠤ ᠬᠤᠯᠪᠤᠨᠨᠳ᠋ᠬᠠᠰᠠᠨ ᠵᠣᠭᠤᠰ ᠤᠨ ᠲᠤᠭ᠎ᠠ ᠵᠡᠷᠭᠡ ᠬᠦᠴᠦᠨ ᠵᠦᠢᠯ ᠢ  ᠦᠨᠳᠦᠰᠦᠯᠡᠵᠦ᠂ ᠲᠣᠰ ᠰᠢᠰᠲ᠋ᠧᠮ ᠤᠨ ᠢᠶᠠᠨ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠳᠠ ᠶᠢᠨ ᠵᠦᠢᠯᠡᠰ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ  ᠪᠦᠷᠢᠳᠬᠡᠨ ᠳᠠᠩᠰᠠᠯᠠᠭᠤᠯᠬᠤ ᠬᠡᠷᠡᠭᠲᠡᠶ᠃      ᠬᠤᠷᠢᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ  ᠬᠡᠷᠡᠭᠵᠢᠬᠦᠯᠬᠦ ᠬᠡᠷᠡᠭ ᠭᠦᠢᠴᠡᠳᠬᠡᠬᠦ ᠶᠢ ᠬᠠᠤᠯᠢ ᠳᠦᠷᠢᠮ ᠤᠨ ᠬᠢᠨᠠᠨ ᠬᠠᠷᠭᠤᠭᠤᠯᠤᠯᠳᠠ ᠯᠤᠭ᠎ᠠ ᠰᠠᠯᠭᠠᠬᠤ ᠵᠠᠷᠴᠢᠮ ᠶᠣᠰᠣᠭᠠᠷ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠳᠠ ᠶᠢᠨ ᠪᠠᠶᠢᠭᠤᠯᠤᠮᠵᠢ ᠪᠠᠨ ᠲᠣᠳᠣᠷᠬᠠᠶᠢᠯᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠤᠯᠤᠰ ᠤᠨ  ᠬᠤᠯᠪᠤᠨᠨᠳᠠᠯ ᠪᠦᠬᠦᠢ ᠲᠣᠭᠲᠠᠭᠠᠯ ᠢ ᠦᠨᠳᠦᠰᠦᠯᠡᠨ ᠠᠵᠢᠯ ᠤᠨ ᠬᠡᠷᠡᠭᠴᠡᠭᠡ ᠳᠤ ᠲᠣᠬᠢᠷᠠᠭᠰᠠᠨ ᠬᠠᠤᠯᠢ ᠳᠦᠷᠢᠮ ᠤᠨ ᠬᠢᠨᠠᠨ  ᠬᠠᠷᠭᠤᠭᠤᠯᠤᠨᠨᠴᠢ ᠶᠢ ᠲᠣᠬᠢᠷᠠᠭᠤᠯᠬᠤ ᠬᠡᠷᠡᠭᠲᠡᠶ᠃ ᠬᠠᠤᠯᠢ ᠲᠦᠷᠢᠮ ᠤᠨ ᠬᠢᠨᠠᠨ ᠬᠠᠷᠭᠤᠭᠤᠯᠬᠤ ᠠᠵᠢᠯ ᠢ ᠠᠩᠬ᠎ᠠ  ᠭᠠᠷᠳᠠᠵᠦ ᠬᠢᠬᠦ ᠠᠵᠢᠯᠳᠠᠳ ᠤᠯᠤᠰ ᠤᠨ ᠨᠢᠬᠡᠳᠦᠯᠳᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠢ ᠣᠯᠤᠭᠰᠠᠨ ᠪᠠᠶᠢᠬᠤ ᠬᠡᠷᠡᠭᠲᠡᠶ᠃      ᠬᠤᠷᠢ ᠶᠢᠰᠦᠳᠦᠭᠡᠷ ᠵᠦᠢᠯ  ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠨᠢ ᠬᠠᠤᠯᠢ ᠲᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠳᠤ ᠬᠢᠨᠠᠨ ᠬᠠᠷᠭᠤᠭᠤᠯᠬᠤ ᠪᠠᠨ ᠲᠤᠷᠠᠳᠤᠨ ᠲᠡᠪᠰᠢᠬᠦᠯᠬᠦ ᠳᠤ᠂ ᠳᠣᠤᠷᠠᠬᠢ ᠮᠠᠲ᠋ᠧᠷᠢᠶᠠᠯ ᠢ ᠲᠤᠰᠢᠶᠠᠨ ᠲᠡᠪᠰᠢᠬᠦᠯᠬᠦ ᠬᠡᠷᠡᠭᠲᠡᠶ᠄      ︵ᠨᠢᠭᠡ︶  ᠪᠠᠶᠢᠴᠠᠭᠠᠯᠳᠠ ᠳᠠᠭᠤᠰᠬᠠᠭᠰᠠᠨ ᠮᠡᠳᠡᠭᠦᠯᠦᠯᠲᠡ ᠪᠤᠶᠤ ᠬᠤᠯᠪᠣᠭᠳᠠᠯ ᠪᠦᠬᠦᠢ ᠬᠢᠨᠠᠨ ᠪᠠᠶᠢᠴᠠᠭᠠᠭᠰᠠᠨ  ᠪᠠᠶᠢᠳᠠᠯ ᠤᠨ ᠲᠤᠬᠠᠶ ᠮᠡᠳᠡᠭᠦᠯᠦᠯᠲᠡ︔      ︵ᠬᠤᠶᠠᠷ︶  ᠬᠠᠤᠯᠢ ᠬᠡᠷᠡᠭᠵᠢᠭᠦᠯᠬᠦ ᠲᠣᠭᠲᠠᠭᠠᠯ ᠤᠨ ᠣᠷᠣᠯᠠᠨ ᠲᠤᠭᠤᠷᠪᠢᠭᠰᠠᠨ ᠨᠤᠤᠷᠠᠭ︔      ︵ᠭᠤᠷᠪᠠ︶  ᠬᠠᠤᠯᠢ ᠬᠡᠷᠡᠭᠵᠢᠭᠦᠯᠬᠦ ᠲᠣᠭᠲᠠᠭᠠᠯ  ᠭᠠᠷᠭᠠᠨᠨᠰᠠᠨ ᠬᠠᠮᠢᠶ᠎ᠠ ᠪᠦᠬᠦᠢ ᠦᠨᠳᠦᠰᠦᠯᠡᠯ︔      ︵ᠲᠦᠷᠪᠡ︶  ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ︔      ︵ᠲᠠᠪᠤ︶  ᠭᠡᠷᠡᠴᠢᠯᠡᠭᠡ ᠰᠤᠨᠤᠰᠬᠤ᠂ ᠦᠨᠡᠯᠡᠨ ᠵᠢᠱᠢᠬᠦ ᠪᠠᠷ ᠲᠡᠮᠵᠢᠨᠨᠰᠠᠨ ᠪᠤᠯ᠂ ᠭᠡᠷᠡᠴᠢᠯᠡᠭᠡ ᠰᠣᠨᠣᠰᠤᠭᠰᠠᠨ ᠲᠡᠮᠳᠡᠭᠯᠡᠯ᠂ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠨ ᠲᠡᠪᠰᠢᠬᠦᠯᠦᠨ᠎ᠠ︔      ︵ᠵᠢᠷᠭᠤᠭ᠎ᠠ︶  ᠲᠤᠰᠢᠶᠠᠨ ᠲᠡᠪᠰᠢᠬᠦᠯᠬᠦ ᠬᠡᠷᠡᠭᠳᠡᠢ ᠪᠤᠰᠤᠳ ᠮᠠᠲ᠋ᠧᠷᠢᠶᠠᠯ᠃      ᠲᠤᠰᠢᠶᠠᠨ ᠲᠡᠪᠰᠢᠬᠦᠯᠦᠭᠰᠡᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠭᠡᠵᠦ ᠬᠠᠤᠯᠢ ᠲᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠦᠵᠡᠪᠡᠯ᠂ ᠬᠠᠤᠯᠢ ᠬᠡᠷᠡᠭᠵᠢᠬᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠶᠢ ᠵᠢᠭᠠᠨ ᠲᠤᠨᠨᠳᠠᠭᠠᠨᠨᠰᠠᠨ ᠴᠠᠭ ᠤᠨ ᠳᠣᠲᠣᠷ᠎ᠠ ᠮᠠᠲ᠋ᠧᠷᠢᠶᠠᠯ ᠢᠶᠠᠨ ᠨᠦᠭᠦᠪᠦᠷᠢᠯᠡᠬᠦᠯᠬᠦ ᠪᠠᠷ ᠱᠠᠭᠠᠷᠳᠠᠬᠤ ᠪᠤᠶᠤ ᠬᠠᠤᠯᠢ ᠬᠡᠷᠡᠭᠵᠢᠬᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠳᠤ ᠪᠤᠴᠠᠭᠠᠨ ᠶᠠᠪᠤᠭᠤᠯᠵᠦ ᠮᠠᠲ᠋ᠧᠷᠢᠶᠠᠯ ᠢᠶᠠᠨ ᠨᠥᠬᠦᠪᠥᠷᠢᠯᠡᠭᠰᠡᠨ ᠤ ᠳᠠᠷᠠᠭ᠎ᠠ ᠲᠠᠬᠢᠵᠦ ᠲᠤᠰᠢᠶᠠᠯᠭᠠᠬᠤ ᠪᠠᠷ ᠱᠠᠭᠠᠷᠳᠠᠵᠤ ᠪᠣᠯᠤᠨ᠎ᠠ᠃      ᠭᠤᠴᠢᠳᠤᠭᠠᠷ ᠵᠦᠢᠯ  ᠬᠠᠤᠯᠢ ᠲᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠳᠣᠤᠷᠠᠬᠢ ᠮᠡᠲᠦ ᠠᠭᠤᠯᠭ᠎ᠠ   ᠳᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ᠬᠢᠬᠦ ᠬᠡᠷᠡᠭᠲᠡᠶ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠨᠢ ᠬᠠᠤᠯᠢ ᠳᠤ ᠨᠡᠶᠢᠴᠡᠬᠦ ᠡᠰᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢ ᠬᠠᠤᠯᠢ ᠬᠡᠷᠡᠭᠵᠢᠭᠦᠯᠬᠦ ᠬᠢᠷᠢ ᠬᠡᠮ ᠢ  ᠪᠦᠷᠢᠳᠦᠭᠦᠯᠦᠭᠰᠡᠨ ᠡᠰᠡᠬᠦ︔      ︵ᠬᠤᠶᠠᠷ︶ ᠲᠣᠰ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠷᠬᠡ ᠬᠢᠵᠠᠭᠠᠷ ᠠᠴᠠ ᠪᠠᠨ ᠳᠠᠪᠠᠭᠰᠠᠨ ᠡᠰᠡᠬᠦ︔      ︵ᠭᠤᠷᠪᠠ︶ ᠬᠡᠷᠡᠭ ᠤᠨ ᠪᠣᠳᠠᠲᠤ ᠪᠠᠶᠢᠳᠠᠯ ᠨᠢ ᠲᠣᠳᠣᠷᠬᠠᠶ ᠡᠰᠡᠬᠦ᠂ ᠭᠡᠷᠡᠴᠢ ᠪᠠᠷᠢᠮᠲᠠ ᠨᠢ ᠬᠠᠤᠯᠢ ᠳᠤ ᠨᠡᠶᠢᠴᠡᠬᠦ ᠪᠠ ᠪᠦᠷᠢᠨ ᠭᠦᠢᠴᠡᠳ ᠡᠰᠡᠬᠦ︔      ︵ᠲᠦᠷᠪᠡ︶ ᠲᠤᠬᠢᠷᠠᠭᠤᠯᠤᠨ ᠬᠡᠷᠡᠭᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠨᠢ  ᠵᠦᠪ ᠣᠨᠣᠪᠴᠢᠲᠠᠶ ᠪᠠᠶᠢᠬᠤ ᠡᠰᠡᠬᠦ︔      ︵ᠲᠠᠪᠤ︶  ᠲᠤᠬᠢᠷᠠᠭᠤᠯᠤᠨ ᠬᠡᠷᠡᠭᠯᠡᠭᠰᠡᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠲᠣᠬᠢᠷᠠᠮᠵᠢᠲᠠᠶ ᠪᠠᠶᠢᠬᠤ ᠡᠰᠡᠬᠦ︔      ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠲᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔      ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠪᠦᠷᠢᠨ ᠭᠦᠢᠴᠡᠳ᠂ ᠵᠢᠷᠤᠮᠵᠢᠭᠤᠨ ᠡᠰᠡᠬᠦ︔      ︵ᠨᠠᠢᠮᠠ︶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠳᠤ ᠰᠡᠵᠢᠭᠯᠡᠭᠳᠡᠬᠡᠳ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠭᠦᠷᠬᠡᠬᠦ ᠬᠡᠷᠡᠭᠳᠡᠢ ᠪᠠᠶᠢᠬᠤ ᠡᠰᠡᠬᠦ︔      ︵ᠶᠢᠰᠦ︶ ᠬᠢᠨᠠᠨ ᠬᠠᠷᠭᠤᠭᠤᠯᠬᠤ ᠬᠡᠷᠡᠭᠳᠡᠢ ᠪᠤᠰᠤᠳ ᠠᠭᠤᠯᠭ᠎ᠠ᠃      ᠭᠤᠴᠢᠨ ᠨᠢᠭᠡᠳᠦᠭᠡᠷ ᠵᠦᠢᠯ  ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠠᠤᠯᠢ ᠬᠡᠷᠡᠭᠵᠢᠭᠦᠯᠬᠦ ᠶᠢ ᠲᠠᠭᠠᠭᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠭᠤᠯᠬᠤ ᠪᠠᠷ ᠭᠦᠷᠬᠡᠭᠰᠡᠨ ᠮᠠᠲ᠋ᠧᠷᠢᠶᠠᠯ ᠢ ᠭᠠᠷᠳᠠᠵᠦ ᠠᠪᠤᠨᠨᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠠᠤᠯᠢ ᠳᠦᠷᠢᠮ ᠤᠨ ᠬᠢᠨᠠᠨ ᠬᠠᠷᠭᠤᠭᠤᠯᠤᠯᠳᠠ ᠶᠢ ᠪᠡᠶᠡᠯᠡᠭᠦᠯᠬᠦ ᠬᠡᠷᠡᠭᠲᠡᠶ᠃ ᠪᠠᠶᠢᠳᠠᠯ ᠨᠢ ᠪᠤᠳᠤᠯᠢᠶᠠᠨᠲᠠᠶ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠲᠦᠷᠢᠮ ᠤᠨ ᠠᠵᠢᠯ ᠢ ᠭᠤᠤᠯᠴᠢᠯᠠᠨ ᠬᠠᠮᠢᠶᠠᠷᠬᠤ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠲᠠᠪᠤᠨ  ᠠᠵᠢᠯᠯᠠᠬᠤ ᠡᠳᠦᠷ ᠤᠷᠲᠤᠳᠬᠠᠵᠤ ᠪᠣᠯᠤᠨ᠎ᠠ᠃ ᠮᠠᠲ᠋ᠧᠷᠢᠶᠠᠯ ᠨᠦᠭᠦᠪᠦᠷᠢᠯᠡᠬᠦ ᠴᠠᠭ ᠢ ᠬᠢᠨᠠᠨ ᠬᠠᠷᠭᠤᠭᠤᠯᠬᠤ ᠴᠠᠭ ᠬᠤᠭᠤᠴᠠᠭᠠᠨ ᠳᠤ ᠪᠣᠳᠣᠵᠤ ᠤᠷᠤᠭᠤᠯᠬᠤ ᠦᠭᠡᠢ᠃      ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠲᠠᠭᠠᠭᠠᠨ ᠭᠦᠢᠴᠡᠳᠬᠡᠬᠦ ᠪᠠᠶᠢᠭᠤᠯᠤᠮᠵᠢ ᠨᠢ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠭᠠᠷᠭᠠᠭᠰᠠᠨ ᠬᠢᠨᠠᠨ ᠬᠠᠷᠭᠤᠭᠤᠯᠤᠨᠨᠰᠠᠨ ᠰᠠᠨᠠᠯ ᠢ ᠬᠦᠯᠢᠶᠡᠨ  ᠠᠪᠬᠤ ᠬᠡᠷᠡᠭᠳᠡᠢ᠂ ᠣᠨᠳᠣᠤ ᠰᠠᠨᠠᠯ ᠲᠠᠢ ᠪᠠᠶᠢᠪᠠᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠯᠤᠭ᠎ᠠ ᠵᠥᠪᠳᠡᠯᠴᠡᠨ ᠨᠡᠪᠲᠡᠷᠡᠯᠴᠡᠬᠦ ᠬᠡᠷᠡᠭᠲᠡᠶ᠂ ᠨᠡᠪᠲᠡᠷᠡᠯᠴᠡᠭᠰᠡᠨ ᠴᠤ ᠰᠠᠨᠠᠯ ᠨᠢᠭᠡᠳᠦᠭᠰᠡᠨ ᠦᠭᠡᠶ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠮᠡᠳᠡᠭᠦᠯᠦᠨ ᠲᠤᠨᠨᠳᠠᠭᠠᠯᠭᠠᠬᠤ ᠬᠡᠷᠡᠭᠲᠡᠶ᠃                 ᠲᠠᠪᠤᠳᠤᠭᠠᠷ ᠪᠦᠯᠦᠭ   ᠬᠢᠨᠠᠯᠲᠠ ᠲᠠᠯᠪᠢᠯᠳᠠ ᠬᠢᠬᠡᠳ ᠬᠠᠷᠢᠭᠤᠴᠠᠯᠭ᠎ᠠ      ᠭᠤᠴᠢᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠠᠤᠯᠢ  ᠬᠡᠷᠡᠭᠵᠢᠬᠦᠯᠬᠦ ᠠᠵᠢᠯᠲᠠᠨ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂  ᠲᠡᠭᠦᠨ ᠤ ᠲᠣᠰ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠬᠠᠤᠯᠢ ᠬᠡᠷᠡᠭᠵᠢᠭᠦᠯᠬᠦ ᠠᠵᠢᠯᠳᠠᠨ ᠤ ᠬᠠᠷᠢᠶ᠎ᠠ ᠪᠦᠭᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠤᠶᠤ ᠬᠦᠨᠳᠦ  ᠬᠡᠴᠡᠬᠦᠦ ᠦᠷ᠎ᠡ ᠳ᠋ᠦᠩ ᠲᠠᠢ ᠪᠤᠯᠤᠨᠨᠰᠠᠨ ᠪᠤᠯ᠂ ᠰᠢᠭᠤᠳ ᠬᠠᠷᠢᠭᠤᠴᠠᠵᠦ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠭᠦᠷᠦᠭᠰᠡᠨ ᠪᠤᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢ ᠵᠠᠷᠯᠠᠨ ᠨᠡᠶᠢᠳᠡᠯᠡᠬᠦ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ   ᠬᠠᠷᠭᠤᠭᠤᠯᠤᠯᠳᠠ ᠶᠢ ᠲᠣᠭᠲᠠᠭᠠᠯ ᠶᠣᠰᠣᠭᠠᠷ ᠬᠢᠭᠰᠡᠨ ᠥᠭᠡᠢ︔      ︵ᠬᠤᠶᠠᠷ︶  ᠨᠢᠬᠡᠨᠳᠡ ᠵᠠᠷᠯᠠᠨ ᠨᠡᠶᠢᠳᠡᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠨᠢ ᠣᠨᠣᠪᠴᠢ ᠥᠬᠡᠶ  ᠪᠠᠶᠢᠳᠠᠯ᠎ᠠ ᠴᠠᠭ ᠲᠤᠬᠠᠶ  ᠳᠤ ᠨᠢ ᠵᠠᠯᠠᠷᠠᠭᠤᠯᠤᠭᠰᠠᠨ ᠥᠬᠡᠶ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠭᠰᠡᠨ ᠮᠠᠲ᠋ᠧᠷᠢᠶᠠᠯ ᠢ ᠬᠠᠤᠯᠢ ᠶᠣᠰᠣᠭᠠᠷ ᠬᠠᠳᠠᠭᠠᠯᠠᠭᠰᠠᠨ ᠥᠬᠡᠶ︔      ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠶᠢᠨ ᠠᠩᠬᠠᠨ ᠤ ᠲᠡᠮᠳᠡᠭᠯᠡᠯ ᠢ ᠬᠠᠭᠤᠷᠮᠬᠠᠯᠠᠨ ᠵᠤᠬᠢᠶᠠᠬᠤ᠂ ᠵᠠᠰᠠᠪᠤᠷᠢ  ᠤᠷᠤᠭᠤᠯᠬᠤ᠂ ᠨᠠᠶᠢᠷᠠᠭᠤᠯᠬᠤ᠂ ᠡᠰᠬᠡᠬᠦ ᠂ ᠬᠠᠰᠤᠵᠦ ᠬᠠᠶ᠋ᠬᠠᠰᠠᠨ ᠪᠤᠶᠤ ᠬᠠᠤᠯᠢ ᠪᠠᠷ ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠲᠤᠳᠤᠷ᠎ᠠ ᠥᠰᠥᠭ ᠪᠢᠴᠢᠭ ᠤᠨ ᠲᠡᠮᠳᠡᠭᠯᠡᠯ ᠪᠠ ᠲᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠤᠰᠠᠳᠬᠠᠭᠰᠠᠨ︔      ︵ᠲᠠᠪᠤ︶ ᠬᠠᠤᠯᠢ ᠲᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠢᠨᠠᠨ ᠬᠠᠷᠭᠤᠭᠤᠯᠬᠤ ᠶᠠᠪᠤᠴᠠ ᠳᠤ ᠬᠤᠳᠠᠯ ᠬᠠᠭᠤᠷᠮᠠᠭ ᠢᠶᠠᠷ  ᠵᠤᠬᠢᠶ᠋ᠬᠠᠰᠠᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠠᠴᠠ ᠪᠣᠯᠵᠣ ᠰᠶᠢᠳᠪᠦᠷᠢ ᠶᠢᠨ ᠠᠯᠳᠠᠭ᠎ᠠ ᠭᠠᠷᠭᠠᠨᠨᠰᠠᠨ︔      ︵ᠵᠢᠷᠭᠤᠭ᠎ᠠ︶ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃                 ᠵᠢᠷᠭᠤᠳᠤᠭᠠᠷ ᠪᠦᠯᠦᠭ   ᠲᠠᠭᠠᠯᠳᠤᠭᠤᠯᠤᠯ ᠲᠦᠷᠢᠮ        ᠭᠤᠴᠢᠨ ᠳᠥᠷᠪᠡᠳᠦᠭᠡᠷ ᠵᠦᠢᠯ  ᠲᠤᠰ ᠠᠷᠭ᠎ᠠ ᠶᠢ 2020 ᠣᠨ ᠤ 4 ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ