内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠬᠡᠨ ᠤ ᠲᠦᠷᠦᠯ ᠵᠦᠢᠯ ᠤᠨ ᠬᠠᠮᠢᠶᠠᠷᠤᠯᠳᠠ ᠶᠢᠨ ᠠᠷᠭ᠎ᠠ︾ ᠶᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠮᠡᠳᠡᠭᠳᠡᠯ
        ᠨᠡᠶᠢᠲᠡᠯᠡᠭᠰᠡᠨ ᠴᠠᠭ᠄
        2020/6/17
                 ᠦᠪᠦᠷ ᠦᠨᠳᠦᠰᠦᠳᠡᠨ ᠤ ᠵᠦᠪᠯᠡᠯ ᠲᠠᠷᠬᠠᠭᠠᠨᠨᠰᠠᠨ ﹇2020﹈ 9 ᠳ᠋ᠤᠬᠡᠷ ᠲᠤᠭᠠᠳᠤᠡᠯ᠎ᠡ ᠠᠶᠢᠮᠠᠭ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠡᠯ᠎ᠡ ᠬᠤᠯᠪᠤᠨᠨᠳᠠᠯ ᠪᠦᠭᠦᠢ ᠶᠡᠭᠡ ᠲᠡᠬᠡᠳᠦ ᠰᠤᠷᠭᠠᠭᠤᠯᠢ᠂ ᠡᠷᠳᠡᠮ ᠰᠢᠨᠵᠢᠯᠡᠬᠡᠨ ᠤ ᠭᠦᠷᠢᠶᠡᠯᠡᠩ ᠭᠠᠵᠠᠷ ᠲᠤ᠄      ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠬᠡᠨ ᠤ ᠲᠦᠷᠦᠯ ᠵᠦᠢᠯ ᠤᠨ ᠬᠠᠮᠢᠶᠠᠷᠤᠯᠳᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠬᠦᠯᠵᠦ᠂ ᠡᠷᠳᠡᠮ ᠰᠢᠨᠵᠢᠯᠡᠬᠡᠨ ᠤ ᠵᠤᠭᠤᠰ ᠢᠶᠠᠷ ᠲᠤᠰᠠᠯᠠᠬᠤ ᠵᠠᠷᠤᠳᠠᠯ ᠬᠡᠷᠡᠭᠯᠡᠬᠦ ᠦᠷ᠎ᠡ ᠠᠰᠢᠭ ᠢ ᠲᠡᠬᠡᠭᠰᠢᠯᠡᠬᠦᠯᠬᠦ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ︽ ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠬᠡᠨ ᠤ ᠲᠦᠷᠦᠯ ᠵᠦᠢᠯ ᠤᠨ ᠬᠠᠮᠢᠶᠠᠷᠤᠯᠳᠠ ᠶᠢᠨ ᠠᠷᠭ᠎ᠠ︾  ︵ᠦᠪᠦᠷ ᠦᠨᠳᠦᠰᠦᠳᠡᠨ ᠤ ᠵᠦᠪᠯᠡᠯ ᠲᠠᠷᠬᠠᠭᠠᠨᠨᠰᠠᠨ   ﹇2015﹈ 215 ᠳ᠋ᠤᠭᠠᠷ ᠲᠤᠭᠠᠳᠤ ᠳᠤ ᠵᠠᠰᠠᠪᠤᠷᠢ ᠤᠷᠤᠭᠤᠯᠤᠨᠨᠰᠠᠨ ᠤ ᠬᠠᠮᠳᠤ᠂ 2020 ᠤᠨ ᠤ 3 ᠳ᠋ᠤᠭᠠᠷ ᠰᠠᠷ᠎ᠠ ᠶᠢᠨ 26 ᠤ ᠡᠳᠦᠷ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠶᠢᠨ ᠠᠯᠪᠠᠨ ᠭᠡᠷ ᠤᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠪᠠ᠃ ᠡᠳᠦᠬᠡ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠬᠦᠯᠳᠦᠬᠡᠢ᠃          ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ                 ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ                                      ︵2020 ᠤᠨ ᠳᠤ ᠵᠠᠰᠠᠪᠤᠷᠢ ᠤᠷᠤᠭᠤᠯᠪᠠ︶            ᠨᠢᠭᠡᠳᠦᠭᠡᠷ ᠪᠦᠯᠦᠭ     ᠶᠡᠷᠦᠩᠬᠡᠢ ᠳᠦᠷᠢᠮ      ᠨᠢᠭᠡᠳᠦᠭᠡᠷ ᠵᠦᠢᠯ   ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ︾ ᠢ ᠭᠦᠨᠵᠡᠭᠡᠢ ᠲᠣᠭᠤᠰᠢᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠲᠤᠷᠤᠬᠰᠢ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠭᠡᠵᠦ ᠲᠤᠪᠴᠢᠯᠠᠨ᠎ᠠ︶ ᠤᠨ ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ︵ᠲᠤᠷᠤᠬᠰᠢ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠭᠡᠵᠦ ᠲᠤᠪᠴᠢᠯᠠᠨ᠎ᠠ︶ ᠤᠨ ᠬᠠᠮᠢᠶᠠᠷᠤᠯᠳᠠ ᠶᠢ ᠴᠢᠩᠭᠠᠳᠬᠠᠬᠤ ᠶᠢᠨ ᠲᠤᠰᠠᠳᠠ ᠲᠤᠰ ᠠᠷᠭ᠎ᠠ ᠶᠢ ᠲᠤᠬᠳᠠᠭᠠᠪᠠ᠃      ᠬᠤᠶᠠᠳᠤᠭᠠᠷ ᠵᠦᠢᠯ   ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠤᠯ ᠵᠦᠢᠯ ᠳᠤ ᠰᠢᠨᠵᠢᠯᠡᠬᠦ ᠤᠬᠠᠭᠠᠨᠴᠢ᠂ ᠢᠯᠡ ᠲᠣᠳᠣᠷᠬᠠᠢ᠂ ᠡᠷᠬᠡ ᠲᠡᠭᠰᠢ᠂ ᠲᠦᠪ ᠭᠤᠤᠯᠴᠢ ᠵᠠᠷᠴᠢᠮ ᠢ ᠪᠠᠷᠢᠮᠲᠠᠯᠠᠵᠦ᠂ ᠪᠦᠬᠦ ᠤᠷᠤᠨ ᠳᠤ ᠬᠠᠨᠳᠤᠭᠤᠯᠤᠨ ᠰᠢᠯᠢᠳᠡᠭ ᠲᠦᠷᠦᠯ ᠵᠦᠢᠯ ᠢ  ᠰᠤᠩᠭᠤᠨ ᠪᠠᠳᠤᠯᠠᠨ᠎ᠠ᠃      ᠭᠤᠷᠪᠠᠳᠤᠭᠠᠷ ᠵᠦᠢᠯ   ᠦᠪᠡᠷᠳᠡᠭᠡᠠ ᠵᠠᠰᠠᠬᠤ ᠣᠷᠤᠠ ᠤ ᠦᠠᠳᠤᠰᠤᠳᠠᠠ ᠤ ᠵᠦᠪᠯᠡᠯ ᠨᠢ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠨᠢᠭᠡᠳᠦᠯᠲᠡᠢ ᠲᠦᠯᠦᠪᠵᠢᠬᠦᠯᠬᠡ᠂ ᠪᠡᠯᠡ ᠮᠦᠩᠭᠦᠨ ᠤ ᠲᠦᠰᠦᠪ᠂  ᠰᠠᠯᠭᠠᠨ ᠦᠭᠬᠦ᠂  ᠶᠡᠷᠦᠩᠬᠡᠶᠢᠯᠡᠨ ᠵᠣᠬᠢᠴᠠᠭᠤᠯᠬᠤ᠂ ᠬᠢᠨᠡᠨ ᠬᠠᠮᠢᠶᠠᠷᠠᠬᠤ ᠵᠡᠷᠭᠡ ᠠᠵᠢᠯ ᠢ ᠬᠠᠷᠢᠭᠤᠴᠠᠨ᠎ᠠ᠃     ᠲᠦᠷᠪᠡᠳᠦᠭᠡᠷ ᠵᠦᠢᠯ   ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠴᠢᠬᠤᠯᠠ ᠶᠡᠭᠡ ᠲᠦᠷᠦᠯ ᠵᠦᠢᠯ᠂ ᠭᠤᠤᠯᠳᠠᠯᠭ᠎ᠠ ᠲᠠᠢ ᠲᠦᠷᠦᠯ ᠵᠦᠢᠯ  ᠂ ᠡᠩ ᠤᠨ ᠲᠦᠷᠦᠯ ᠵᠦᠢᠯ᠂ ᠨᠠᠶᠢᠳᠠᠯᠭ᠎ᠠ ᠶᠢᠨ ᠲᠦᠷᠦᠯ ᠵᠦᠢᠯ ᠪᠠ ᠰᠡᠭᠦᠯᠴᠢ ᠶᠢᠨ ᠬᠤᠭᠤᠴᠠᠭᠠᠨ ᠤ  ᠵᠤᠭᠤᠰ ᠢᠶᠠᠷ ᠲᠤᠰᠠᠯᠠᠬᠤ  ᠲᠦᠷᠦᠯ ᠵᠦᠢᠯ ᠭᠡᠵᠦ ᠬᠤᠪᠢᠶᠠᠨ᠎ᠠ᠃      ᠲᠠᠪᠤᠳᠤᠭᠠᠷ ᠵᠦᠢᠯ  ᠲᠤᠰ ᠬᠠᠮᠢᠶᠠᠷᠣᠯᠳᠠ ᠶᠢᠨ ᠠᠷᠭ᠎ᠠ ᠳᠤ ᠵᠢᠭᠠᠭᠰᠠᠠ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠬᠡᠪᠴᠢᠶᠠᠠ ᠳᠤ ᠲᠣᠣᠷᠠᠬᠢ ᠵᠦᠢᠯᠡᠰ ᠪᠠᠭᠳᠠᠨ᠎ᠠ᠄      ︵ᠨᠢᠭᠡ︶ ᠰᠠᠭᠤᠷᠢ ᠰᠤᠲᠤᠯᠭᠠᠨ᠄ ᠤᠷᠴᠢᠨ ᠴᠠᠭ ᠤᠨ ᠮᠤᠩᠭᠤᠯ ᠬᠡᠯᠡᠨ ᠤ ᠰᠤᠳᠤᠯᠭᠠᠠ ︵ᠭᠤᠤᠯᠳᠠᠭᠤ ᠠᠪᠢᠶ᠎ᠠ᠂ ᠦᠭᠡ ᠵᠦᠢ᠂ ᠦᠭᠦᠯᠡᠪᠦᠷᠢ ᠵᠦᠢ᠂  ᠦᠬᠡᠰ ᠤᠨ ᠰᠠᠩ᠂ ᠨᠠᠶᠢᠷᠠᠭᠤᠯᠭ᠎ᠠ᠂ ᠵᠦᠪ ᠪᠢᠴᠢᠯᠭᠡ᠂  ᠬᠡᠯᠡᠨ ᠤ ᠤᠳᠬ᠎ᠠ ᠶᠢᠨ ᠰᠤᠳᠤᠯᠭᠠᠨ ᠵᠡᠷᠭᠡ ᠶᠢ ᠪᠠᠭᠲᠠᠭᠠᠨ᠎ᠠ︶︔ ᠳᠣᠮᠳᠠᠲᠦ ᠡᠷᠲᠡᠨ ᠤ ᠮᠤᠩᠭᠤᠯ ᠬᠡᠯᠡᠨ ᠤ ᠰᠤᠲᠤᠯᠭᠠᠨ︔ ᠨᠤᠲᠤᠭ ᠤᠨ ᠠᠶᠠᠯᠭᠤᠨ ᠤ ᠰᠤᠲᠤᠯᠭᠠᠨ︔ ᠠᠯᠲᠠᠢ ᠢᠵᠠᠭᠤᠷ ᠬᠡᠯᠡᠨ ᠤ ᠰᠤᠲᠤᠯᠭᠠᠨ᠂ ᠮᠣᠩᠭᠤᠯ ᠲᠦᠷᠦᠯ ᠬᠡᠯᠡᠨ ᠤ ᠰᠤᠲᠤᠯᠭᠠᠨ︔ ᠮᠣᠩᠭᠤᠯ ᠰᠤᠷᠪᠤᠯᠵᠢ ᠪᠢᠴᠢᠭ ᠤᠨ ᠰᠤᠲᠤᠯᠭᠠᠨ︔ ᠡᠷᠲᠡᠨ ᠤ ᠦᠰᠦᠭ ᠪᠢᠴᠢᠭ ᠤᠨ ᠰᠤᠲᠤᠯᠭᠠᠨ︔ ᠬᠡᠯᠡ ᠪᠢᠴᠢᠭ ᠤᠨ ᠤᠬᠠᠭᠠᠠ ᠤ ᠲᠡᠣᠬᠡ ᠶᠢᠨ ᠰᠤᠲᠤᠯᠭᠠᠨ︔ ᠲᠣᠯᠢ ᠵᠦᠢ ᠶᠢᠨ ᠰᠤᠳᠤᠯᠭᠠᠠ︔ ᠰᠤᠶᠤᠯ ᠬᠡᠯᠡ ᠰᠢᠠᠵᠢᠯᠡᠯ ᠤᠨ ᠰᠤᠲᠤᠯᠭᠠᠨ ᠵᠡᠷᠭᠡ᠃      ︵ᠬᠤᠶᠠᠷ︶ ᠬᠡᠷᠡᠭᠯᠡᠭᠡᠨ ᠤ ᠰᠤᠲᠤᠯᠭᠠᠨ᠄ ᠲᠦᠷᠢᠮᠵᠢᠯ᠂ ᠪᠠᠷᠢᠮᠵᠢᠶᠠᠵᠢᠯ ᠤᠨ ᠰᠤᠲᠤᠯᠭᠠᠨ︔ ᠬᠡᠯᠡᠨ ᠤ ᠵᠢᠭᠠᠠ ᠰᠤᠷᠭᠠᠯᠳᠡ ᠶᠢᠨ ᠰᠤᠲᠤᠯᠭᠠᠨ︔  ᠭᠡᠯᠡᠨ ᠤ ᠬᠡᠷᠡᠭᠯᠡᠭᠡᠨ ᠤ ᠰᠤᠲᠤᠯᠭᠠᠨ︔ ᠤᠷᠴᠢᠭᠤᠯᠭ᠎ᠠ ᠶᠢᠨ ᠰᠤᠲᠤᠯᠭᠠᠨ︔ ᠦᠭᠡ ᠬᠡᠯᠡᠨ ᠤ ᠲᠦᠷᠦ ᠶᠢᠨ ᠪᠤᠲᠤᠯᠭ᠎ᠠ᠂ ᠲᠦᠯᠦᠪᠵᠢᠭᠦᠯᠭᠡ ᠶᠢᠨ ᠰᠤᠲᠤᠯᠭᠠᠨ︔ ᠮᠤᠩᠭᠤᠯ ᠬᠡᠯᠡ ᠪᠢᠴᠢᠭ ᠤᠨ ᠠᠵᠢᠯ ᠤᠨ ᠰᠢᠢᠳᠪᠦᠷᠢᠲᠦ ᠪᠣᠳᠤᠯᠭ᠎ᠠ ᠲᠣᠭᠲᠠᠭᠠᠬᠤ ᠳᠤ ᠯᠠᠪᠯᠠᠬᠤ ᠦᠷᠳᠡᠭ ᠲᠠᠢ ᠪᠤᠰᠤᠳ ᠪᠤᠳᠠᠳᠦ ᠠᠰᠠᠭᠤᠳᠠᠯ ᠤᠨ ᠰᠤᠲᠤᠯᠭᠠᠨ ᠵᠡᠷᠭᠡ᠃      ᠬᠤᠶᠠᠳᠤᠭᠠᠷ ᠪᠦᠯᠦᠭ   ᠭᠤᠶᠤᠴᠢᠯᠠᠬᠤ ᠪᠠ ᠲᠦᠷᠦᠯ ᠵᠦᠢᠯ ᠪᠠᠳᠤᠯᠠᠬᠤ      ᠵᠢᠷᠭᠤᠳᠤᠭᠠᠷ ᠵᠦᠢᠯ   ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠳᠤ ᠳᠠᠭᠠᠭᠠᠴᠢᠯᠠᠯᠳᠠ ᠵᠠᠷᠯᠠᠬᠤ ᠪᠠ ᠨᠠᠶᠢᠳᠠᠯᠭ᠎ᠠ ᠬᠢᠬᠦ ᠬᠡᠯᠪᠡᠷᠢ ᠶᠢ ᠣᠶᠠᠯᠳᠣᠭᠤᠯᠵᠦ᠂ ᠲᠦᠷᠦᠯ ᠵᠦᠢᠯ ᠬᠠᠷᠢᠭᠤᠴᠠᠭᠴᠢ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃      ᠳᠤᠯᠤᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ  ᠵᠢᠯ ᠪᠦᠷᠢ ᠶᠢᠨ ᠨᠢᠭᠡᠳᠣᠭᠡᠷ ᠤᠯᠠᠷᠢᠯ ᠳᠤ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠰᠦᠯᠵᠢᠶᠡᠨ ᠳᠤ ᠲᠤᠰ ᠵᠢᠯ ᠤᠨ ᠲᠦᠷᠦᠯ ᠵᠦᠢᠯ   ᠭᠤᠶᠤᠴᠢᠯᠠᠨ ᠮᠡᠳᠡᠬᠦᠯᠬᠦ ᠮᠡᠳᠡᠭᠳᠡᠯ ᠪᠠ ︽ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠭᠤᠶᠤᠴᠢᠯᠠᠨ ᠮᠡᠳᠡᠬᠦᠯᠬᠦ ᠵᠦᠪᠯᠡᠭᠦᠷ︾ ᠢ ᠨᠡᠶᠢᠲᠡᠯᠡᠵᠦ᠂ ᠲᠤᠬᠲᠠᠬᠰᠠᠨ ᠬᠤᠭᠤᠴᠠᠭᠠᠨ ᠳᠤ ᠲᠦᠷᠦᠯ ᠵᠦᠢᠯ  ᠭᠤᠶᠤᠴᠢᠯᠠᠨ ᠮᠡᠳᠡᠭᠦᠯᠦᠭᠰᠡᠨ ᠢ ᠬᠦᠯᠢᠶᠡᠠ ᠠᠪᠴᠤ ᠰᠢᠢᠳᠪᠦᠷᠢᠯᠡᠨ᠎ᠡ᠃      ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠠᠵᠢᠯ ᠤᠨ ᠬᠡᠷᠡᠭᠴᠡᠭᠡ ᠪᠠᠨ ᠦᠠᠳᠤᠰᠤᠯᠠᠠ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠵᠦᠢᠯ ᠢ ᠴᠠᠭ ᠲᠤ ᠨᠢ ᠲᠤᠬᠢᠷᠠᠭᠤᠯᠤᠨ ᠲᠣᠭᠲᠠᠭᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠵᠦᠢᠯ ᠢ ᠨᠠᠶᠢᠳᠠᠯᠭ᠎ᠠ ᠶᠢᠨ ᠬᠡᠯᠪᠡᠷᠢ ᠪᠠᠷ  ᠪᠠᠳᠤᠯᠠᠨ᠎ᠠ᠃      ᠨᠠᠢᠮᠠᠳᠤᠭᠠᠷ ᠵᠦᠢᠯ   ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ  ᠭᠤᠶᠤᠴᠢᠯᠠᠨ ᠮᠡᠳᠡᠭᠦᠯᠦᠭᠰᠡᠨ ᠬᠠᠷᠢᠭᠤᠴᠠᠭᠴᠢ ᠲᠤᠤᠷᠠᠬᠢ ᠨᠦᠬᠦᠴᠡᠯ ᠤᠳ ᠲᠤ ᠨᠡᠶᠢᠴᠡᠭᠰᠡᠨ ᠪᠠᠶᠢᠬᠤ ᠬᠡᠷᠩᠲᠡᠢ᠄      ︵ᠨᠢᠭᠡ︶ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠭᠡᠲᠦ ᠠᠷᠠᠳ᠂ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ  ᠬᠤᠯᠪᠤᠭᠳᠠᠯ ᠪᠦᠬᠦᠢ ᠬᠠᠤᠯᠢ ᠲᠤᠬᠳᠠᠭᠠᠯ ᠢ ᠵᠢᠷᠤᠮᠯᠠᠭᠰᠠᠨ ᠪᠠᠶᠢᠬᠤ︔      ︵ᠬᠤᠶᠠᠷ︶ ᠡᠩ ᠤᠨ ᠪᠠᠶᠢᠳᠠᠯ ᠳᠤ ᠶᠡᠭᠡ ᠳᠡᠭᠡᠲᠦ ᠰᠤᠷᠭᠠᠭᠤᠯᠢ᠂ ᠡᠷᠳᠡᠮ ᠰᠢᠨᠵᠢᠯᠡᠭᠡᠨ ᠤ ᠭᠦᠷᠢᠶᠡᠯᠡᠩ ᠭᠠᠵᠠᠷ᠂ ᠦᠨᠳᠦᠰᠦᠲᠡᠨ ᠤ ᠵᠦᠪᠯᠡᠯ ᠵᠡᠷᠭᠡ ᠬᠤᠯᠪᠤᠭᠳᠠᠯ ᠪᠦᠬᠦᠢ ᠨᠢᠭᠡᠴᠢ ᠶᠢᠨ ᠵᠢᠩᠬᠢᠨᠢ ᠠᠵᠢᠯ ᠤᠨ ᠪᠠᠶᠢᠷᠢ ᠲᠠᠢ ᠠᠵᠢᠯᠲᠠᠨ ᠠᠵᠢᠯᠴᠢᠨ ᠪᠠᠶᠢᠬᠤ ᠬᠡᠷᠩᠲᠡᠢ᠂ ᠤᠷᠢᠭᠳᠠᠠ ᠠᠵᠢᠯᠯᠠᠵᠤ ᠪᠠᠶᠢᠭ᠎ᠠ ᠠᠵᠢᠯᠳᠠᠠ ᠠᠵᠢᠯᠴᠢᠨ ᠡᠷᠬᠡᠪᠰᠢ ᠨᠢᠭᠡᠴᠢ ᠲᠠᠢ ᠪᠠᠨ ᠵᠢᠩᠬᠢᠨᠢ ᠪᠠᠷ ᠭᠡᠷ᠎ᠡ ᠲᠤᠬᠲᠠᠬᠰᠠᠨ  ᠪᠦᠭᠡᠳ ᠤᠷᠢᠭᠳᠠᠠ ᠠᠵᠢᠯᠯᠠᠬᠰᠠᠨ ᠬᠤᠭᠤᠴᠠᠭ᠎ᠠ ᠨᠢ ᠨᠠᠭᠠᠳᠤ ᠵᠠᠬ᠎ᠠ ᠳᠤ ᠪᠠᠨ 2 ᠵᠢᠯ  ᠪᠠᠶᠢᠬᠤ ᠬᠡᠷᠡᠭᠳᠡᠢ︔      ︵ᠭᠤᠷᠪᠠ︶ ᠳᠡᠳ᠋ ᠳᠡᠭᠡᠳᠦ ᠵᠡᠷᠭᠡ ︵ᠳᠡᠭᠡᠳᠦ ᠵᠡᠷᠭᠡ ᠶᠢ ᠪᠠᠭᠲᠠᠭᠠᠨ᠎ᠠ︶ ᠠᠴᠠ ᠳᠡᠭᠡᠭᠰᠢ ᠲᠤᠰᠬᠠᠢ ᠮᠡᠷᠭᠡᠵᠢᠯ ᠤᠨ ᠴᠤᠯᠠ ᠪᠤᠶᠤ ᠳ᠋ᠤᠺᠲ᠋ᠤᠷ ᠡᠷᠳᠡᠮ ᠤᠨ ᠴᠤᠯᠠ ᠲᠠᠢ ᠪᠠᠶᠢᠬᠤ︔      ︵ᠲᠦᠷᠪᠡ︶ ᠮᠠᠭᠢᠰᠲ᠋ᠧᠷ ᠡᠷᠳᠡᠮ ᠤᠨ ᠴᠤᠯᠠ ᠲᠠᠢ ᠪᠦᠭᠡᠳ ᠲᠠᠪᠤᠨ ᠵᠢᠯ ᠠᠴᠠ ᠳᠡᠭᠡᠭᠰᠢᠬᠢ ᠠᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠢ᠃      ᠶᠢᠰᠦᠲᠦᠭᠡᠷ ᠵᠦᠢᠯ  ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠭᠤᠶᠤᠴᠢᠯᠠᠬᠤ ᠳᠤ ︽ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠭᠤᠶᠤᠴᠢᠯᠠᠬᠤ ᠬᠦᠰᠦᠨᠦᠭᠲᠦ︾ ᠶᠢ ᠲᠠᠭᠯᠠᠬᠤ ᠶᠢᠨ ᠬᠠᠮᠳᠤ  ᠬᠠᠮᠢᠶ᠎ᠠ ᠪᠦᠬᠦᠢ ᠮᠠᠲ᠋ᠧᠷᠢᠶᠠᠯ ᠤᠳ ᠢᠶᠠᠨ ᠬᠠᠩᠭᠠᠵᠦ᠂ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠡᠷᠳᠡᠮ ᠰᠢᠠᠵᠢᠯᠡᠭᠡᠠ ᠤ ᠬᠠᠮᠢᠶᠠᠷᠤᠯᠳᠡ ᠶᠢᠨ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠦ ᠰᠠᠨᠠᠯ ᠪᠢᠴᠢᠭᠦᠯᠦᠭᠰᠡᠨ ᠤ ᠳᠠᠷᠠᠭ᠎ᠠ᠂  ᠦᠪᠡᠷᠳᠡᠬᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠳᠤ ᠮᠡᠳᠡᠭᠦᠯᠦᠠ ᠬᠦᠷᠭᠡᠨ᠎ᠡ᠃      ᠠᠷᠪᠠᠳᠤᠭᠠᠷ ᠵᠦᠢᠯ  ᠳᠣᠣᠷᠠᠬᠢ ᠪᠠᠶᠢᠲᠠᠯ ᠤᠳ ᠤᠨ ᠨᠢᠭᠡ ᠨᠢ ᠪᠠᠶᠢᠪᠠᠯ᠂ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠬᠦᠴᠤᠠ ᠦᠭᠡᠢ ᠪᠣᠯᠭᠠᠨ᠎ᠠ᠄      ︵ᠨᠢᠭᠡ︶ ᠭᠤᠶᠤᠴᠢᠯᠠᠬᠤ ᠮᠠᠲ᠋ᠧᠷᠢᠶᠠᠯ ᠳᠤ ᠨᠢ ᠬᠤᠳᠠᠯ ᠬᠠᠭᠤᠷᠮᠠᠭ ᠠᠭᠤᠯᠭ᠎ᠠ ᠲᠠᠢ ᠪᠠᠶᠢᠬᠤ︔      ︵ᠬᠤᠶᠠᠷ︶ ᠲᠦᠷᠦᠯ ᠵᠦᠢᠯ ᠭᠤᠶᠤᠴᠢᠯᠬᠠᠴᠢ ᠨᠢ ᠡᠷᠳᠡᠮ ᠰᠢᠨᠵᠢᠯᠡᠭᠡᠨ ᠤ ᠶᠤᠰᠤ ᠰᠣᠷᠲᠠᠬᠤᠨ ᠢ ᠬᠦᠨᠳᠦ ᠨᠣᠴᠢᠳᠠᠢ ᠵᠦᠷᠢᠴᠡᠭᠰᠡᠨ︔      ︵ᠭᠤᠷᠪᠠ︶ ᠲᠦᠷᠦᠯ ᠵᠦᠢᠯ ᠬᠠᠷᠢᠭᠤᠴᠠᠭᠴᠢ ᠨᠢ ᠦᠨᠳᠦᠰᠦᠲᠡᠨ ᠤ ᠵᠦᠪᠯᠡᠯ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠳᠠᠭᠠᠭᠠᠴᠢᠯᠠᠭᠰᠠᠨ ᠮᠦᠷᠲᠡᠭᠡᠨ ᠬᠠᠷᠠᠬᠠᠨ ᠳᠠᠭᠤᠰᠬᠠᠭᠠᠳᠤᠢ ᠪᠠᠶᠢᠬᠤ︔      ︵ᠲᠦᠷᠪᠡ︶  ᠰᠡᠳᠦᠪ ᠤᠨ ᠰᠤᠳᠤᠯᠭᠠᠨ ᠤ ᠲᠤᠭᠤᠶᠢᠯᠠᠩ ᠤᠨ ᠭᠡᠰᠢᠭᠦᠨ ᠠᠳᠠᠯᠢ ᠰᠡᠳᠤᠪ ᠪᠤᠶᠤ ᠠᠭᠤᠯᠭ᠎ᠠ ᠪᠠᠷ ᠨᠢᠭᠡᠨᠳᠡ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠰᠠᠭᠤᠷᠢ ᠮᠦᠩᠬᠦᠨ ᠤ ᠲᠦᠷᠦᠯ ᠵᠦᠢᠯ ᠪᠠᠲᠣᠯᠠᠭᠤᠯᠣᠭᠰᠠᠨ︔      ︵ᠲᠠᠪᠦ︶  ᠬᠠᠤᠯᠢ ᠴᠠᠭᠠᠵᠠ ᠬᠠᠤᠯᠢ ᠲᠤᠨᠨᠳᠠᠭᠠᠯ ᠠᠴᠠ ᠵᠦᠷᠢᠴᠡᠭᠰᠡᠨ ᠪᠤᠰᠤᠳ ᠦᠢᠯᠡ ᠠᠵᠢᠯᠯᠠᠭ᠎ᠠ  ᠲᠠᠢ᠃      ᠠᠷᠪᠠᠨ ᠨᠢᠭᠡᠳᠦᠭᠡᠷ ᠵᠦᠢᠯ   ᠦᠪᠡᠷᠳᠡᠭᠡᠠ ᠵᠠᠰᠠᠬᠤ ᠣᠷᠤᠠ ᠤ ᠦᠠᠳᠤᠰᠤᠳᠠᠠ ᠤ ᠵᠦᠪᠯᠡᠯ ᠨᠢ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠪᠠᠲᠣᠯᠠᠵᠦ ᠬᠢᠨᠠᠠ ᠰᠢᠯᠭᠠᠷᠠᠭᠤᠯᠬᠤ ᠠᠵᠢᠯ ᠢ ᠬᠠᠷᠢᠭᠤᠴᠠᠵᠤ ᠵᠣᠬᠢᠶᠠᠠ ᠪᠠᠶᠢᠭᠤᠯᠤᠨ᠎ᠠ᠃      ︵ᠨᠢᠭᠡ︶ ᠲᠤᠰ ᠠᠷᠭ᠎ᠠ ᠶᠢᠨ ᠨᠠᠢᠮᠠ ᠠᠴᠠ ᠠᠷᠪᠠᠳᠤᠭᠠᠷ ᠵᠦᠢᠯ ᠤᠨ ᠱᠠᠭᠠᠷᠳᠠᠯᠭ᠎ᠠ ᠶᠤᠰᠤᠭᠠᠷ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠬᠡᠨ ᠤ ᠲᠦᠷᠦᠯ ᠵᠦᠢᠯ  ᠭᠤᠶᠤᠴᠢᠯᠠᠬᠤ ᠮᠠᠲ᠋ᠧᠷᠢᠶᠠᠯ ᠤᠨ ᠦᠨᠡᠨ ᠪᠤᠳᠠᠲᠦ ᠴᠢᠨᠠᠷ᠂ ᠵᠦᠢᠲᠡᠢ ᠴᠢᠨᠠᠷ᠂ ᠪᠣᠯᠤᠮᠵᠢᠳᠤ ᠴᠢᠨᠠᠷ ᠢ ᠠᠩᠬ᠎ᠠ ᠠᠯᠬᠤᠮ ᠬᠢᠨᠠᠨ᠎ᠠ︔      ︵ᠬᠤᠶᠠᠷ︶ ᠬᠢᠨᠠᠠ ᠰᠢᠯᠭᠠᠷᠠᠭᠤᠯᠬᠤ ᠲᠤᠰᠬᠠᠢ ᠮᠡᠷᠭᠡᠵᠢᠯᠳᠡᠳ ᠤᠨ ᠬᠦᠮᠦᠷᠭᠡ ᠶᠢ ᠵᠤᠬᠢᠶᠠᠨ ᠪᠠᠶᠢᠭᠤᠯᠤᠨ᠎ᠠ᠂ ᠬᠢᠨᠠᠠ ᠰᠢᠯᠭᠠᠷᠠᠭᠤᠯᠬᠤ ᠲᠤᠰᠬᠠᠢ ᠮᠡᠷᠭᠡᠵᠢᠯᠳᠡᠨ ᠡᠷᠬᠡᠪᠰᠢ ᠲᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠲᠤᠰᠢᠶᠠᠯ ᠲᠠᠢ ᠪᠠᠶᠢᠵᠦ᠂ ᠬᠢᠨᠠᠨ ᠰᠢᠯᠭᠠᠭᠳᠠᠬᠤ ᠲᠦᠷᠦᠯ ᠵᠦᠢᠯ ᠤᠨ ᠬᠠᠷᠢᠶ᠎ᠠ ᠰᠢᠨᠵᠢᠯᠡᠭᠡᠨ ᠤ ᠲᠤᠰᠬᠠᠢ ᠮᠡᠷᠭᠡᠵᠢᠯ ᠤᠨ ᠬᠦᠷᠢᠶ᠎ᠡ ᠬᠡᠪᠴᠢᠶ᠎ᠡ ᠶᠢ ᠲᠣᠳᠣᠷᠬᠠᠢ ᠣᠶᠢᠯᠠᠭᠠᠭᠰᠠᠠ ᠪᠠᠶᠢᠬᠤ ᠬᠡᠷᠡᠭᠳᠡᠢ᠃ ᠤᠳᠠᠭ᠎ᠠ ᠪᠦᠷᠢ ᠶᠢᠨ ᠬᠢᠨᠠᠨ ᠰᠢᠯᠭᠠᠷᠠᠭᠤᠯᠤᠯᠲᠠ ᠳᠤ ᠲᠤᠰᠬᠠᠢ ᠮᠡᠷᠭᠡᠵᠢᠯᠳᠡᠳ ᠤᠨ ᠬᠦᠮᠦᠷᠭᠡ ᠠᠴᠠ 5 — 7 ᠮᠡᠷᠭᠡᠵᠢᠯᠳᠡᠨ ᠢ ᠲᠠᠰᠢᠷᠠᠮ ᠢᠶᠠᠷ ᠰᠤᠩᠭᠤᠠ᠂ ᠬᠢᠨᠠᠠ ᠰᠢᠯᠭᠠᠷᠠᠭᠤᠯᠬᠤ ᠲᠤᠰᠬᠠᠢ ᠮᠡᠷᠭᠡᠵᠢᠯᠳᠡᠠ ᠤ ᠳᠤᠭᠤᠶᠢᠯᠠᠩ ᠪᠠᠶᠢᠭᠤᠯᠬᠤ ᠶᠢᠨ ᠳᠠᠭᠠᠤ ᠳᠤᠭᠤᠶᠢᠯᠠᠩ ᠤᠨ ᠳᠠᠷᠤᠭ᠎ᠠ ᠶᠢ ᠰᠤᠩᠭᠤᠨ ᠭᠠᠷᠭᠠᠨ᠎ᠠ᠃ ᠬᠢᠨᠠᠨ ᠰᠢᠯᠭᠠᠷᠠᠭᠤᠯᠬᠤ ᠬᠤᠷᠠᠯ ᠢ ᠲᠤᠭᠤᠶᠢᠯᠠᠩ ᠤᠨ ᠳᠠᠷᠤᠭ᠎ᠠ ᠡᠷᠬᠢᠯᠡᠵᠦ᠂ ᠵᠠᠳᠠᠭᠠᠢ ᠬᠠᠭᠤᠳᠠᠰᠤᠨ ᠳᠤ ᠨᠡᠷ᠎ᠡ ᠪᠤᠷᠤᠭᠤᠯᠠᠨ ᠬᠢᠨᠠᠨ ᠰᠢᠯᠭᠠᠷᠠᠭᠤᠯᠬᠤ ᠳᠦᠷᠢᠮ ᠢ ᠬᠡᠷᠩᠵᠢᠭᠦᠯᠵᠤ᠂ ᠬᠢᠨᠠᠨ ᠰᠢᠯᠭᠠᠷᠠᠭᠤᠯᠬᠤ ᠳᠤᠭᠤᠶᠢᠯᠠᠩ ᠤᠨ ᠭᠤᠷᠪᠠᠨ ᠤ ᠬᠤᠶᠠᠷ ᠠᠴᠠ ᠳᠡᠭᠡᠭᠰᠢᠬᠢ ᠬᠡᠰᠢᠭᠦᠨ ᠲᠦᠷᠦᠯ ᠵᠦᠢᠯ ᠪᠠᠲᠤᠯᠠᠭᠳᠠᠬᠤ ᠶᠢ ᠨᠢ ᠵᠦᠪᠰᠢᠶᠡᠷᠡᠪᠡᠯ ᠰᠠᠶ᠋ᠢ ᠬᠦᠴᠦᠨ ᠲᠠᠢ ᠪᠤᠯᠵᠤ᠂ ᠲᠤᠰᠬᠠᠢ ᠮᠡᠷᠭᠡᠵᠢᠯᠳᠡᠨ ᠤ ᠳᠤᠭᠤᠶᠢᠯᠠᠩ ᠤᠨ ᠲᠠᠷᠤᠭ᠎ᠠ ᠠᠴᠠ ᠲᠦᠷᠦᠯ ᠵᠦᠢᠯ ᠪᠠᠲᠣᠯᠠᠭᠳᠠᠬᠤ ᠡᠰᠡᠬᠦ ᠰᠠᠨᠠᠯ ᠭᠠᠷᠭᠠᠵᠤ ᠭᠠᠷ ᠤᠨ ᠦᠰᠦᠭ ᠵᠢᠷᠤᠨ᠎ᠠ︔      ︵ᠭᠤᠷᠪᠠ︶ ᠲᠤᠰᠬᠠᠢ ᠮᠡᠷᠭᠡᠵᠢᠯᠳᠡᠨ ᠤ ᠳᠤᠭᠤᠶᠢᠯᠠᠩ ᠤᠨ ᠬᠢᠨᠠᠨ ᠰᠢᠯᠭᠠᠷᠠᠭᠤᠯᠤᠭᠰᠠᠨ ᠰᠠᠨᠠᠯ ᠢ ᠦᠠᠳᠤᠰᠤᠯᠠᠠ᠂ ᠪᠠᠲᠣᠯᠠᠭᠳᠠᠬᠤ ᠲᠥᠯᠥᠪᠯᠡᠭᠡᠨ ᠳᠤ ᠣᠷᠣᠭᠰᠠᠨ ᠲᠦᠷᠦᠯ ᠵᠦᠢᠯ ᠤᠨ ᠨᠡᠷᠡᠰ ᠢ ᠭᠠᠷᠭᠠᠵᠤ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠰᠦᠯᠵᠢᠶᠡᠨ ᠳᠤ 5  ᠠᠵᠢᠯᠯᠠᠬᠤ ᠡᠳᠣᠷ ᠠᠴᠠ  ᠲᠡᠬᠡᠭᠰᠢ ᠬᠤᠭᠤᠴᠠᠭ᠎ᠠ ᠲᠠᠢ ᠢᠯᠡ ᠪᠠᠷ ᠨᠡᠶᠢᠲᠡᠯᠡᠨ᠎ᠡ︔      ︵ᠲᠦᠷᠪᠡ︶ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠢᠯᠡ ᠪᠠᠷ ᠨᠡᠶᠢᠲᠡᠯᠡᠭᠳᠡᠭᠰᠡᠨ  ᠪᠠᠳᠤᠯᠬᠠᠳᠠᠬᠤ ᠲᠦᠯᠦᠪᠯᠡᠭᠡᠨ ᠳᠤ ᠣᠷᠣᠭᠰᠠᠨ ᠲᠦᠷᠦᠯ ᠵᠦᠢᠯ ᠵᠢᠴᠢ ᠵᠤᠭᠤᠰ ᠢᠶᠠᠷ ᠲᠤᠰᠠᠯᠠᠬᠤ ᠵᠠᠷᠤᠳᠠᠯ ᠤᠨ ᠲᠠᠯ᠎ᠠ ᠪᠠᠷ ᠬᠠᠮᠤᠭ ᠤᠨ ᠡᠴᠤᠰ ᠤᠨ ᠬᠢᠨᠡᠨ ᠵᠥᠪᠰᠢᠶᠡᠷᠡᠬᠦ ᠡᠷᠬᠡ ᠲᠠᠢ᠂ ᠬᠢᠨᠠᠨ ᠵᠥᠪᠰᠢᠶᠡᠷᠡᠭᠳᠡᠭᠰᠡᠨ ᠤ ᠲᠠᠷᠠᠭ᠎ᠠ᠂ ᠲᠦᠷᠦᠯ ᠵᠦᠢᠯ ᠪᠠᠲᠣᠯᠠᠭᠳᠠᠭᠰᠠᠨ ᠢ ᠴᠠᠭ ᠲᠤᠬᠠᠢ ᠳᠤ ᠨᠢ ᠠᠯᠪᠠᠨ ᠵᠠᠷ ᠢᠶᠠᠷ ᠨᠡᠶᠢᠳᠡᠯᠡᠬᠦ ᠬᠡᠷᠡᠭᠳᠡᠢ᠃      ᠠᠷᠪᠠᠨ ᠬᠤᠶᠠᠳᠤᠭᠠᠷ ᠵᠦᠢᠯ   ᠲᠦᠷᠦᠯ ᠵᠦᠢᠯ ᠪᠠᠲᠣᠯᠠᠬᠤ ᠶᠢ ᠬᠢᠨᠠᠨ ᠰᠢᠯᠭᠠᠷᠠᠭᠤᠯᠬᠤ ᠳᠤ ᠭᠤᠣᠯᠳᠠᠭᠤ ᠲᠤᠤᠷᠠᠬᠢ ᠬᠡᠳᠦᠨ ᠲᠠᠯ᠎ᠠ ᠪᠠᠷ ᠦᠨᠡᠯᠡᠯᠳᠡ ᠬᠢᠵᠤ ᠮᠠᠭᠠᠳᠯᠠᠬᠤ ᠬᠡᠷᠩᠲᠡᠢ᠄      ︵ᠨᠢᠭᠡ︶ ᠲᠦᠷᠦᠯ ᠵᠦᠢᠯ ᠤᠨ ᠲᠦᠰᠦᠪᠯᠡᠯᠳᠡ ᠶᠢᠨ ᠰᠢᠨᠵᠢᠯᠡᠬᠦ ᠤᠬᠠᠭᠠᠨᠴᠢ ᠴᠢᠨᠠᠷ ᠪᠠ ᠵᠦᠢᠲᠡᠢ ᠴᠢᠨᠠᠷ︔      ︵ᠬᠤᠶᠠᠷ︶ ᠰᠣᠳᠣᠯᠭᠠᠨ ᠤ ᠠᠭᠤᠯᠭ᠎ᠠ ᠶᠢᠨ ᠡᠭᠦᠳᠣᠯᠲᠡ ᠴᠢᠨᠠᠷ ᠪᠠ ᠮᠡᠷᠭᠡᠵᠢᠯ ᠤᠨ ᠠᠷᠭ᠎ᠠ ᠵᠠᠮ ᠤᠨ ᠪᠣᠯᠣᠮᠵᠢᠲᠤ ᠴᠢᠨᠠᠷ︔      ︵ᠭᠤᠷᠪᠠ︶ ᠲᠦᠷᠦᠯ ᠵᠦᠢᠯ ᠬᠠᠷᠢᠭᠤᠴᠠᠭᠴᠢ ᠶᠢᠨ ᠡᠷᠳᠡᠮ ᠰᠢᠨᠵᠢᠯᠡᠭᠡᠨ ᠤ ᠴᠢᠳᠠᠪᠤᠷᠢ ᠪᠠ ᠲᠦᠷᠦᠯ ᠵᠦᠢᠯ ᠤᠨ ᠲᠣᠭᠤᠶᠢᠯᠠᠩ ᠤᠨ ᠬᠡᠰᠢᠭᠦᠳ ᠤᠨ ᠪᠦᠲᠦᠴᠠ ᠶᠢᠨ ᠲᠣᠬᠢᠷᠠᠮᠵᠢᠲᠦ ᠴᠢᠨᠠᠷ︔      ︵ᠲᠦᠷᠪᠡ︶  ᠬᠠᠮᠢᠶ᠎ᠠ ᠪᠦᠬᠦᠢ ᠡᠷᠳᠡᠮ ᠰᠢᠠᠵᠢᠯᠡᠭᠡᠠ ᠤ ᠨᠦᠬᠦᠴᠡᠯ ᠪᠠ ᠰᠤᠳᠤᠯᠭᠠᠨ ᠤ ᠰᠠᠭᠤᠷᠢ ᠶᠢ ᠪᠦᠷᠢᠯᠳᠦᠭᠦᠯᠦᠭᠰᠡᠨ ᠪᠠᠶᠢᠬᠤ︔      ︵ᠲᠠᠪᠤ︶ ᠲᠦᠷᠦᠯ ᠵᠦᠢᠯ ᠤᠨ ᠰᠤᠳᠤᠯᠭᠠᠠ ᠤ ᠵᠠᠷᠤᠳᠠᠯ ᠤᠨ ᠲᠦᠰᠦᠪ ᠤᠨ ᠵᠦᠢᠲᠡᠢ ᠴᠢᠨᠠᠷ᠃      ᠠᠷᠪᠠᠨ ᠭᠤᠷᠪᠠᠳᠤᠭᠠᠷ ᠵᠦᠢᠯ   ᠬᠢᠨᠠᠨ ᠰᠢᠯᠭᠠᠷᠠᠭᠤᠯᠤᠯᠲᠠ ᠳᠤ ᠣᠷᠣᠯᠴᠠᠬᠤ ᠬᠠᠮᠢᠶ᠎ᠠ ᠪᠦᠬᠦᠢ ᠬᠦᠮᠦᠰ ᠬᠢᠨᠠᠨ ᠰᠢᠯᠭᠠᠷᠠᠭᠤᠯᠣᠯᠳᠠ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠩᠲᠡᠢ᠂ ᠵᠦᠢ ᠪᠤᠰᠤ ᠠᠵᠢᠯᠯᠠᠭ᠎ᠠ ᠲᠠᠢ ᠪᠠᠶᠢᠪᠠᠯ᠂ ᠬᠤᠯᠪᠤᠭᠳᠠᠯ ᠪᠦᠬᠦᠢ ᠲᠤᠬᠲᠠᠭᠠᠯ ᠶᠤᠰᠤᠭᠠᠷ ᠴᠢᠩᠭ᠎ᠠ ᠰᠢᠢᠳᠪᠤᠷᠢᠯᠡᠨ᠎ᠡ᠃      ᠠᠷᠪᠠᠨ ᠲᠦᠷᠪᠡᠳᠦᠭᠡᠷ ᠵᠦᠢᠯ   ᠵᠥᠪᠰᠢᠶᠡᠷᠡᠭᠳᠡᠨ ᠪᠠᠲᠣᠯᠠᠭᠳᠠᠭᠰᠠᠨ ᠲᠦᠷᠦᠯ ᠵᠦᠢᠯ ᠳᠤ᠂ ᠦᠪᠡᠷᠳᠡᠭᠡᠠ ᠵᠠᠰᠠᠬᠤ ᠣᠷᠤᠠ ᠤ ᠦᠠᠳᠤᠰᠤᠳᠠᠠ ᠤ ᠵᠦᠪᠯᠡᠯ ᠨᠢ ᠲᠦᠷᠦᠯ ᠵᠦᠢᠯ ᠬᠠᠷᠢᠭᠤᠴᠠᠭᠴᠢ ᠳᠤ ︽ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠪᠠᠲᠣᠯᠠᠭᠳᠠᠭᠰᠠᠨ ᠮᠡᠳᠡᠭᠳᠡᠯ ᠤᠨ ᠪᠢᠴᠢᠭ︾ ᠭᠠᠷᠳᠠᠭᠤᠯᠤᠨ᠎ᠠ᠃ ᠲᠦᠷᠦᠯ ᠵᠦᠢᠯ ᠪᠠᠲᠣᠯᠠᠭᠤᠯᠣᠭᠰᠠᠨ ᠴᠠᠭ ᠢ ᠲᠦᠷᠦᠯ ᠵᠦᠢᠯ ᠪᠠᠲᠣᠯᠠᠭᠳᠠᠭᠰᠠᠨ ᠮᠡᠳᠡᠭᠳᠡᠯ ᠤᠨ ᠪᠢᠴᠢᠭ ᠪᠠᠭᠤᠯᠭᠠᠭᠰᠠᠨ ᠡᠳᠦᠷ ᠢᠶᠠᠷ ᠪᠠᠷᠢᠮᠵᠢᠶᠠᠯᠠᠨ᠎ᠠ      ᠠᠷᠪᠠᠨ ᠲᠠᠪᠤᠳᠤᠭᠠᠷ ᠵᠦᠢᠯ   ᠲᠦᠷᠦᠯ ᠵᠦᠢᠯ ᠬᠠᠷᠢᠭᠤᠴᠠᠭᠴᠢ ᠲᠦᠷᠦᠯ ᠵᠦᠢᠯ ᠪᠠᠲᠣᠯᠠᠭᠳᠠᠭᠰᠠᠨ ᠮᠡᠳᠡᠭᠳᠡᠯ ᠤᠨ ᠪᠢᠴᠢᠭ ᠢ  ᠭᠠᠷᠳ᠋ᠬᠠᠰᠠᠨ ᠤ ᠳᠠᠷᠠᠭ᠎ᠠ ᠲᠣᠭᠲᠠᠭᠠᠭᠰᠠᠨ ᠬᠤᠭᠤᠴᠠᠭᠠᠨ ᠳᠤ ︽ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠵᠦᠪᠯᠡᠯᠴᠡᠬᠡᠷ ᠤᠨ ᠪᠢᠴᠢᠭ︾  ︵ᠲᠤᠷᠤᠬᠰᠢ ᠵᠦᠪᠯᠡᠯᠴᠡᠬᠡᠷ ᠤᠨ ᠪᠢᠴᠢᠭ ᠭᠡᠵᠦ ᠲᠤᠪᠴᠢᠯᠠᠨ᠎ᠠ︶ ᠢ ᠲᠬᠠᠯᠠᠵᠦ᠂ ᠭᠠᠷ ᠤᠨ ᠦᠰᠦᠭ ᠢᠶᠠᠨ ᠵᠢᠷᠤᠭᠰᠠᠠ ᠤ ᠳᠠᠷᠠᠭ᠎ᠠ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠠ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠳᠤ ᠮᠡᠳᠡᠭᠦᠯᠦᠠ᠂ ᠬᠢᠨᠠᠠ ᠬᠠᠷᠭᠤᠭᠤᠯᠵᠦ ᠲᠠᠮᠠᠭ᠎ᠠ ᠳᠠᠷᠤᠭᠤᠯᠬᠤ ᠬᠡᠷᠩᠲᠡᠢ᠂ ᠬᠤᠭᠤᠴᠠᠭ᠎ᠠ ᠦᠩᠭᠡᠷᠡᠭᠡᠵᠦ ᠦᠯᠤ ᠮᠡᠳᠡᠭᠦᠯᠦᠭᠰᠡᠳ ᠢ ᠦᠪᠡᠷ ᠢᠶᠠᠨ ᠡᠷᠬᠡ ᠪᠠᠨ ᠲᠠᠶᠠᠭᠳᠠᠭᠰᠠᠨ ᠢᠶᠠᠷ ᠦᠵᠡᠨ᠎ᠡ᠃ ︽ᠵᠦᠪᠯᠡᠯᠴᠡᠬᠡᠷ ᠤᠨ ᠪᠢᠴᠢᠭ︾ ᠪᠤᠯ ᠲᠦᠷᠦᠯ ᠵᠦᠢᠯ ᠢ ᠬᠠᠮᠢᠶᠠᠷᠬᠤ ᠴᠢᠬᠤᠯᠠ ᠦᠠᠳᠤᠰᠤᠯᠠᠯ ᠪᠤᠯᠬᠤ ᠲᠤᠯᠠ  ᠬᠤᠯᠪᠤᠨᠨᠳᠠᠯ ᠪᠦᠬᠦᠢ ᠲᠠᠯ᠎ᠠ ᠶᠢᠨ ᠬᠢᠨ ᠭᠡᠷ᠎ᠡ ᠶᠢᠨ ᠲᠤᠭᠳᠠᠭᠠᠯ ᠤᠳ ᠢ ᠴᠢᠩᠭ᠎ᠠ ᠭᠦᠢᠴᠡᠳᠬᠡᠬᠦ ᠬᠡᠷᠩᠲᠡᠢ᠃      ᠭᠤᠷᠪᠠᠳᠤᠭᠠᠷ ᠪᠦᠯᠦᠭ      ᠶᠠᠪᠤᠴᠠ ᠶᠢᠨ ᠬᠠᠮᠢᠶᠠᠷᠤᠯᠲᠠ ᠪᠠ ᠲᠦᠷᠦᠯ ᠵᠦᠢᠯ ᠤᠨ ᠳᠠᠭᠤᠰᠬᠠᠯᠳᠠ      ᠠᠷᠪᠠᠨ ᠵᠢᠷᠭᠤᠳᠤᠭᠠᠷ ᠵᠦᠢᠯ  ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠰᠤᠳᠤᠯᠭᠠᠨ ᠤ ᠬᠤᠭᠤᠴᠠᠭ᠎ᠠ ᠶᠢ ᠡᠩ ᠤᠨ ᠪᠠᠶᠢᠳᠠᠯ ᠳᠤ 1 ᠵᠢᠯ ᠤᠨ ᠬᠤᠭᠤᠴᠠᠭ᠎ᠠ ᠪᠠᠷ ᠬᠢᠵᠠᠭᠠᠷᠯᠠᠵᠤ᠂ ᠬᠠᠮᠤᠭ ᠤᠨ ᠤᠷᠳᠦ  ᠳᠤ ᠪᠠᠨ 1 ᠵᠢᠯ ᠬᠠᠭᠠᠰ ᠠᠴᠠ ᠬᠡᠲᠦᠷᠡᠭᠦᠯᠵᠦ ᠪᠤᠯᠬᠤ ᠦᠭᠡᠢ᠃      ᠠᠷᠪᠠᠨ ᠲᠤᠯᠤᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠰᠡᠳᠤᠪ ᠤᠨ ᠠᠬᠢᠴᠠ ᠶᠢᠨ ᠪᠠᠶᠢᠳᠠᠯ ᠢ ᠰᠤᠭᠤᠴᠢᠨ ᠪᠠᠶᠢᠴᠠᠭᠠᠨ᠎ᠠ᠃ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠨᠢ ᠲᠦᠷᠦᠯ ᠵᠦᠢᠯ ᠤᠨ  ᠬᠡᠷᠡᠭᠵᠢᠬᠦᠯᠬᠦ ᠶᠠᠪᠤᠴᠠ ᠶᠢ ᠬᠠᠮᠢᠶᠠᠷᠬᠤ ᠬᠡᠷᠩᠲᠡᠢ᠃      ᠠᠷᠪᠠᠨ ᠨᠠᠢᠮᠠᠳᠤᠭᠠᠷ ᠵᠦᠢᠯ  ᠲᠤᠤᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠲᠦᠷᠦᠯ ᠵᠦᠢᠯ ᠬᠠᠷᠢᠭᠤᠴᠠᠭᠴᠢ ᠠᠴᠠ ᠪᠢᠴᠢᠭ ᠢᠶᠠᠷ ᠭᠤᠶᠤᠴᠢᠯᠠᠯ ᠳᠡᠪᠰᠢᠭᠦᠯᠬᠦ ᠶᠢᠨ ᠬᠠᠮᠳᠤ᠂ ᠪᠠᠶᠢᠭ᠎ᠠ ᠨᠢᠭᠡᠴᠢ ᠢᠶᠠᠷ ᠵᠦᠪᠰᠢᠶᠡᠷᠠᠭᠦᠯᠵᠤ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠳᠤ ᠮᠡᠳᠡᠭᠦᠯᠦᠠ ᠬᠢᠨᠠᠨ ᠵᠥᠪᠰᠢᠶᠡᠷᠡᠭᠦᠯᠬᠦ ᠬᠡᠷᠩᠲᠡᠢ᠄      ︵ᠨᠢᠭᠡ︶ ᠲᠦᠷᠦᠯ ᠵᠦᠢᠯ ᠬᠠᠷᠢᠭᠤᠴᠠᠭᠴᠢ ᠶᠢ ᠰᠤᠯᠢᠬᠤ︔      ︵ᠬᠤᠶᠠᠷ︶ ᠲᠦᠷᠦᠯ ᠵᠦᠢᠯ ᠤᠨ ᠨᠡᠷᠡᠶᠢᠳᠦᠯ ᠢ ᠬᠠᠯᠠᠬᠤ︔      ︵ᠭᠤᠷᠪᠠ︶ ᠲᠦᠷᠦᠯ ᠵᠦᠢᠯ ᠤᠨ ᠡᠴᠦᠰ ᠤᠨ ᠦᠷ᠎ᠡ ᠪᠦᠳᠦᠭᠡᠯ ᠤᠨ ᠬᠡᠯᠪᠡᠷᠢ ᠶᠢ ᠬᠤᠪᠢᠷᠠᠭᠤᠯᠬᠤ︔      ︵ᠲᠦᠷᠪᠡ︶ ᠲᠦᠷᠦᠯ ᠵᠦᠢᠯ ᠤᠨ ᠰᠤᠳᠤᠯᠭᠠᠠ ᠤ ᠠᠭᠤᠯᠭ᠎ᠠ ᠶᠢ ᠬᠤᠪᠢᠷᠠᠭᠤᠯᠬᠤ︔      ︵ᠲᠠᠪᠤ︶ ᠲᠦᠷᠦᠯ ᠵᠦᠢᠯ ᠤᠨ ᠬᠠᠮᠢᠶᠠᠷᠤᠯᠳᠠ ᠶᠢᠨ ᠨᠢᠭᠡᠴᠢ ᠶᠢ ᠰᠣᠯᠢᠬᠤ︔      ︵ᠵᠢᠷᠭᠤᠭ᠎ᠠ︶ ᠲᠦᠷᠦᠯ ᠵᠦᠢᠯ ᠤᠨ ᠬᠤᠭᠤᠴᠠᠭ᠎ᠠ ᠶᠢ ᠤᠷᠳᠤᠳᠬᠠᠬᠤ ᠪᠠᠷ ᠭᠤᠶᠤᠴᠢᠯᠠᠬᠤ︔      ︵ᠲᠤᠯᠤᠭ᠎ᠠ︶ ᠲᠦᠷᠦᠯ ᠵᠦᠢᠯ ᠢ ᠬᠦᠴᠦᠨ ᠦᠭᠡᠢ ᠪᠤᠯᠭᠠᠬᠤ ᠪᠠᠷ ᠭᠤᠶᠤᠴᠢᠯᠠᠬᠤ᠃      ᠠᠷᠪᠠ ᠶᠢᠰᠦᠳᠦᠭᠡᠷ ᠵᠦᠢᠯ   ᠲᠦᠷᠦᠯ ᠵᠦᠢᠯ ᠢ ᠬᠡᠷᠩᠵᠢᠭᠦᠯᠬᠦ ᠶᠠᠪᠤᠴᠠ ᠳᠤ ᠲᠤᠤᠷᠠᠬᠢ ᠪᠠᠶᠢᠳᠠᠯ ᠭᠠᠷᠪᠡᠯ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠲᠦᠷᠦᠯ ᠵᠦᠢᠯ ᠢ ᠬᠦᠴᠤᠠ ᠦᠭᠡᠢ ᠪᠤᠯᠭᠠᠵᠤ᠂  ᠵᠠᠷᠤᠳᠠᠯ  ᠰᠠᠯᠭᠠᠵᠦ ᠥᠭᠬᠦ ᠶᠢ ᠵᠣᠭᠰᠣᠭᠠᠵᠤ ᠪᠣᠯᠤᠨ᠎ᠠ᠃      ︵ᠨᠢᠭᠡ︶ ᠲᠦᠷᠦᠯ ᠵᠦᠢᠯ ᠬᠠᠷᠢᠭᠤᠴᠠᠭᠴᠢ ᠨᠢ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠲᠦᠷᠦᠯ ᠵᠦᠢᠯ ᠤᠨ ᠰᠤᠳᠤᠯᠭᠠᠠ ᠢ ᠦᠷᠭᠦᠯᠵᠢᠯᠡᠨ ᠬᠢᠵᠤ ᠲᠡᠶᠢᠯᠬᠦ ᠦᠭᠡᠢ ᠪᠣᠯᠤᠭᠰᠠᠠ︔      ︵ᠬᠤᠶᠠᠷ︶ ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠭᠰᠡᠨ ᠦᠭᠡᠢ ᠮᠦᠷᠲᠡᠭᠡᠨ ᠤᠷᠲᠤᠳᠬᠠᠭᠰᠠᠨ ᠬᠤᠭᠤᠴᠠᠭ᠎ᠠ ︵ᠬᠠᠮᠤᠭ ᠤᠨ ᠤᠷᠳᠤ ᠳᠤ ᠪᠠᠨ 6 ᠰᠠᠷ᠎ᠠ ᠠᠴᠠ ᠬᠡᠳᠦᠷᠡᠵᠦ ᠪᠤᠯᠬᠤ ᠦᠭᠡᠢ︶ ᠳᠠᠭᠤᠰᠤᠭᠰᠠᠠ ᠤ ᠳᠠᠷᠠᠭ᠎ᠠ ᠰᠢᠯᠭᠠᠨ ᠬᠤᠷᠢᠶᠠᠵᠦ ᠠᠪᠬᠤ ᠳᠤ ᠮᠦᠠ ᠯᠡ ᠬᠢᠷᠢ ᠲᠡᠩᠴᠡᠭᠰᠡᠨ ᠦᠭᠡᠢ ᠪᠠᠶᠢᠬᠤ︔      ︵ᠭᠤᠷᠪᠠ︶  ᠲᠤᠰ ᠠᠷᠭ᠎ᠠ ᠶᠢᠨ ᠠᠷᠪᠠᠳᠤᠭᠠᠷ ᠵᠦᠢᠯ ᠳᠤ ᠲᠤᠨᠨᠳᠠᠭᠠᠨᠨᠰᠠᠨ ᠪᠠᠶᠢᠳᠠᠯ ᠤᠨ ᠨᠢᠭᠡ ᠨᠢ ᠪᠠᠶᠢᠬᠤ᠃      ᠬᠤᠷᠢᠳᠤᠭᠠᠷ ᠵᠦᠢᠯ  ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠳᠡᠨ ᠤ ᠬᠦᠮᠦᠷᠭᠡ ᠠᠴᠠ ᠬᠠᠮᠢᠶ᠎ᠠ ᠪᠦᠬᠦᠢ ᠲᠤᠰᠬᠠᠢ ᠮᠡᠷᠭᠡᠵᠢᠯᠳᠡᠨ ᠢ ᠲᠠᠰᠢᠷᠠᠮ ᠢᠶᠠᠷ ᠰᠤᠩᠭᠤᠨ᠂ ᠲᠦᠷᠦᠯ ᠵᠦᠢᠯ ᠤᠨ ᠰᠤᠳᠤᠯᠭᠠᠨ ᠤ ᠡᠴᠦᠰ ᠤᠨ ᠦᠷ᠎ᠡ ᠪᠦᠳᠦᠭᠡᠯ ᠳᠤ ᠬᠢᠨᠠᠨ ᠲᠤᠬᠲᠠᠭᠠᠯᠳᠠ ᠬᠢᠯᠭᠡᠨ᠎ᠡ᠃      ︵ᠨᠢᠭᠡ︶ ᠲᠦᠷᠦᠯ ᠵᠦᠢᠯ ᠤᠨ ᠰᠤᠳᠤᠯᠭᠠᠨ ᠤ ᠠᠵᠢᠯ ᠲᠠᠭᠤᠰᠤᠬᠰᠠᠨ ᠤ ᠳᠠᠷᠠᠭ᠎ᠠ᠂ ᠲᠦᠷᠦᠯ ᠵᠦᠢᠯ ᠬᠠᠷᠢᠭᠤᠴᠠᠭᠴᠢ ᠠᠴᠠ ︽ᠲᠦᠷᠦᠯ ᠵᠦᠢᠯ ᠤᠨ ᠬᠢᠨᠠᠨ ᠲᠤᠬᠲᠠᠭᠠᠯᠳᠠ ᠶᠢᠨ ᠭᠤᠶᠤᠴᠢᠯᠠᠯ ᠤᠨ ᠬᠦᠰᠦᠨᠦᠭᠳᠦ︾ ᠶᠢ ᠲᠠᠭᠯᠠᠬᠤ ᠶᠢᠨ ᠬᠠᠮᠲᠤ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠵᠤ᠂ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠪᠠ ᠡᠳ᠋ ᠤᠨ ᠵᠠᠰᠠᠭ ᠤᠨ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠳᠤ ᠮᠡᠳᠡᠭᠦᠯᠦᠨ ᠬᠦᠷᠭᠡᠨ᠎ᠡ︔      ︵ᠬᠤᠶᠠᠷ︶ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠡᠭᠦᠷᠬᠡ ᠴᠢᠳᠠᠪᠤᠷᠢᠳᠤ ᠭᠠᠵᠠᠷ ᠲᠠᠰᠤᠭ ᠢ ᠱᠠᠭᠠᠷᠳᠠᠵᠦ ︽ᠲᠦᠷᠦᠯ ᠵᠦᠢᠯ ᠤᠨ ᠬᠢᠨᠠᠨ ᠲᠤᠬᠲᠠᠭᠠᠯᠳᠠ ᠶᠢᠨ ᠭᠤᠶᠤᠴᠢᠯᠠᠯ ᠤᠨ ᠬᠦᠰᠦᠨᠦᠭᠳᠦ︾ ᠪᠠ  ᠬᠠᠮᠢᠶ᠎ᠠ ᠪᠦᠬᠦᠢ ᠮᠠᠲ᠋ᠧᠷᠢᠶᠠᠯ ᠳᠤ ᠬᠢᠨᠠᠨ ᠪᠠᠶᠢᠴᠠᠭᠠᠯᠳᠠ ᠬᠢᠯᠭᠡᠵᠦ᠂ ᠬᠢᠨᠠᠠ ᠪᠠᠶᠢᠴᠠᠭᠠᠳ ᠬᠢᠷᠢ ᠲᠡᠩᠴᠡᠭᠰᠡᠨ ᠢ ᠲᠤᠰᠬᠠᠢ ᠮᠡᠷᠭᠡᠵᠢᠯᠳᠡᠠ ᠤ ᠲᠤᠭᠤᠶᠢᠯᠠᠩ ᠳᠤ ᠬᠦᠷᠭᠡᠵᠦ ᠬᠢᠨᠠᠨ ᠲᠤᠬᠲᠠᠭᠠᠯᠳᠠ ᠬᠢᠯᠭᠡᠨ᠎ᠡ︔      ︵ᠭᠤᠷᠪᠠ︶ ᠲᠤᠰᠬᠠᠢ ᠮᠡᠷᠭᠡᠵᠢᠯᠳᠡᠨ ᠤ ᠲᠤᠭᠤᠶᠢᠯᠠᠩ ᠨᠢ ᠲᠦᠷᠦᠯ ᠵᠦᠢᠯ ᠤᠨ ᠦᠷ᠎ᠡ ᠪᠦᠳᠦᠭᠡᠯ ᠤᠨ ᠲᠤᠬᠠᠢ ᠪᠠᠳᠤᠯᠠᠬᠤ ᠡᠰᠡᠬᠦ ᠪᠠ ᠲᠣᠬᠢᠷᠠᠮᠵᠢᠳᠠᠢ ᠳᠡᠰ ᠦᠨᠡᠯᠡᠬᠦ ᠬᠢᠨᠠᠨ ᠲᠤᠬᠲᠠᠭᠠᠯᠲᠠ ᠶᠢᠨ ᠰᠠᠨᠠᠯ ᠢᠶᠠᠨ ᠳᠤᠷᠠᠳᠤᠠ ᠭᠠᠷᠭᠠᠬᠤ ᠬᠡᠷᠩᠲᠡᠢ᠃ ᠬᠢᠨᠠᠨ ᠲᠤᠬᠲᠠᠭᠠᠬᠤ ᠲᠠᠰ ᠢ ᠶᠡᠷᠦ ᠳᠤ ᠪᠠᠨ ᠰᠢᠯᠢᠳᠡᠭ᠂ ᠰᠠᠶᠢᠨ᠂ ᠬᠢᠷᠢ ᠲᠡᠩᠴᠡᠭᠰᠡᠨ ᠭᠡᠵᠤ ᠬᠤᠪᠢᠶᠠᠨ᠎ᠠ︔      ︵ᠲᠦᠷᠪᠡ︶ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠲᠤᠰᠬᠠᠢ ᠮᠡᠷᠭᠡᠵᠢᠯᠳᠡᠨ ᠤ ᠬᠢᠨᠠᠨ ᠲᠤᠭᠳᠠᠭᠠᠯᠳᠠ ᠶᠢᠨ ᠰᠠᠨᠠᠯ ᠢ ᠬᠤᠷᠢᠶᠠᠩᠭᠤᠶᠢᠯᠠᠨ᠂ ᠲᠦᠷᠦᠯ ᠵᠦᠢᠯ ᠢ ᠳᠠᠭᠤᠰᠬᠠᠵᠤ ᠪᠣᠯᠬᠤ ᠡᠰᠡᠭᠦ ᠪᠠ ᠲᠣᠬᠢᠷᠠᠮᠵᠢᠳᠠᠢ ᠵᠡᠷᠭᠡ ᠳᠡᠰ ᠦᠨᠡᠯᠡᠬᠦ ᠬᠢᠨᠠᠨ ᠲᠤᠬᠲᠠᠭᠠᠯᠲᠠ ᠶᠢᠨ ᠰᠢᠢᠳᠪᠦᠷᠢ ᠶᠢ ᠳᠤᠷᠠᠳᠤᠠ ᠭᠠᠷᠭᠠᠬᠤ ᠶᠢᠨ ᠬᠠᠮᠳᠤ᠂ ᠨᠡᠶᠢᠳᠡ ᠳᠤ ᠵᠠᠷᠯᠬᠠᠰᠠᠨ ᠤ ᠲᠠᠷᠠᠭ᠎ᠠ ᠤᠨᠳᠤᠤ ᠰᠠᠨᠠᠯ ᠦᠬᠡᠢ ᠪᠤᠯ ᠲᠦᠷᠦᠯ ᠵᠦᠢᠯ ᠤᠨ ᠬᠠᠷᠢᠭᠤᠴᠠᠭᠴᠢ ᠪᠠ ᠲᠡᠭᠦᠠ ᠤ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠳᠡᠨ᠎ᠡ᠃ ᠬᠢᠨᠠᠨ ᠲᠤᠬᠲᠠᠭᠠᠯᠳᠠ ᠳᠤ ᠰᠢᠯᠢᠳᠡᠭ ᠢᠶᠠᠷ ᠦᠨᠡᠯᠡᠭᠳᠡᠭᠰᠡᠨ ᠲᠦᠷᠦᠯ ᠵᠦᠢᠯ ᠬᠠᠷᠢᠭᠤᠴᠠᠭᠴᠢ ᠳᠠᠬᠢᠨᠳᠠ ᠰᠢᠨ᠎ᠡ ᠰᠡᠳᠤᠪ  ᠭᠤᠶᠤᠴᠢᠯᠠᠬᠤ ᠦᠶ᠎ᠡ ᠳᠤ ᠨᠢ ᠤᠷᠢᠳ ᠢᠶᠠᠷ ᠪᠤᠳᠤᠯᠬᠢᠯᠠᠨ᠎ᠠ᠃      ᠬᠤᠷᠢᠨ ᠨᠢᠭᠡᠳᠦᠭᠡᠷ ᠵᠦᠢᠯ  ᠦᠷ᠎ᠠ ᠪᠦᠳᠦᠭᠡᠯ ᠨᠢ ᠬᠢᠨᠡᠨ ᠲᠤᠭᠳᠠᠭᠠᠯᠳᠠ ᠳᠤ ᠪᠠᠲᠤᠯᠠᠭᠳᠠᠭᠰᠠᠨ ᠦᠭᠡᠢ ᠪᠤᠯ᠂ 6 ᠰᠠᠷ᠎ᠠ ᠶᠢᠨ ᠬᠤᠭᠤᠴᠠᠭᠠᠠ ᠳᠤ ᠲᠦᠷᠦᠯ ᠵᠦᠢᠯ ᠤᠨ ᠲᠤᠭᠤᠶᠢᠯᠠᠩ ᠦᠷ᠎ᠠ ᠪᠦᠳᠦᠭᠡᠯ ᠳᠤ ᠪᠠᠨ ᠵᠠᠰᠠᠪᠦᠷᠢ ᠣᠷᠣᠭᠤᠯᠤᠭᠰᠠᠨ ᠤ ᠳᠠᠷᠠᠭ᠎ᠠ ᠲᠠᠬᠢᠨ ᠬᠢᠨᠠᠨ ᠲᠤᠬᠲᠠᠭᠠᠯᠳᠠ ᠬᠢᠯᠭᠡᠬᠦ  ᠭᠤᠶᠤᠴᠢᠯᠠᠯ ᠭᠠᠷᠭᠠᠬᠤ ᠶᠢ ᠵᠦᠪᠰᠢᠶᠡᠷᠡᠨ᠎ᠡ᠃ ᠲᠠᠬᠢᠨ ᠬᠢᠨᠠᠨ ᠲᠤᠬᠲᠠᠭᠠᠯᠳᠠ ᠬᠢᠯᠭᠡᠭᠡᠳ ᠮᠦᠠ ᠯᠠ ᠪᠠᠲᠤᠯᠠᠭᠳᠠᠭᠰᠠᠨ ᠦᠭᠡᠢ ᠪᠠᠶᠢᠪᠠᠯ᠂ ᠲᠦᠷᠦᠯ ᠵᠦᠢᠯ ᠢ ᠬᠦᠴᠤᠠ ᠦᠭᠡᠢ ᠪᠣᠯᠭᠠᠬᠤ ᠪᠠᠷ ᠰᠢᠢᠳᠪᠦᠷᠢᠯᠡᠵᠦ᠂ ᠰᠦᠯᠵᠢᠶᠡᠨ ᠳᠤ ᠨᠡᠶᠢᠳᠡᠯᠡᠨ᠎ᠠ᠃ ᠲᠤᠰ ᠲᠦᠷᠦᠯ ᠵᠦᠢᠯ ᠤᠨ ᠬᠠᠷᠢᠭᠤᠴᠬᠠᠴᠢ ᠵᠢᠴᠢ  ᠲᠤᠭᠤᠶᠢᠯᠠᠩ ᠤᠨ ᠬᠡᠰᠢᠭᠦᠳ ᠨᠢ 3 ᠵᠢᠯ ᠤᠨ ᠳᠤᠲᠤᠷ᠎ᠠ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ  ᠭᠤᠶᠤᠴᠢᠯᠠᠵᠦ  ᠪᠤᠯᠬᠤ ᠦᠭᠡᠢ᠃      ᠬᠤᠷᠢᠨ ᠬᠤᠶᠠᠳᠤᠭᠠᠷ ᠵᠦᠢᠯ  ᠡᠴᠦᠰ ᠤᠨ ᠦᠷ᠎ᠡ ᠪᠦᠲᠦᠭᠡᠯ ᠬᠢᠨᠠᠨ ᠲᠤᠬᠲᠠᠭᠠᠯᠳᠠ ᠳᠤ ᠪᠠᠲᠣᠯᠠᠭᠳᠠᠭᠰᠠᠨ ᠤ ᠳᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠡᠭᠦᠷᠬᠡ ᠴᠢᠳᠠᠪᠤᠷᠢᠳᠤ ᠭᠠᠵᠠᠷ ᠲᠠᠰᠤᠭ ᠨᠢ ᠲᠦᠷᠦᠯ ᠵᠦᠢᠯ ᠢ ᠰᠢᠯᠭᠠᠨ ᠬᠤᠷᠢᠶᠠᠵᠤ ᠳᠠᠭᠤᠰᠬᠠᠬᠤ ᠵᠦᠢᠯᠡᠰ ᠭᠦᠢᠴᠡᠳᠬᠡᠬᠦ ᠶᠢ ᠬᠠᠷᠢᠭᠤᠴᠠᠬᠤ ᠶᠢᠨ ᠬᠠᠮᠳᠤ᠂ ᠲᠦᠷᠦᠯ ᠵᠦᠢᠯ ᠳᠠᠭᠤᠰᠬᠠᠭᠰᠠᠨ ᠦᠨᠡᠮᠯᠡᠯ ᠣᠯᠭᠤᠵᠤ᠂ ᠲᠦᠷᠦᠯ ᠵᠦᠢᠯ ᠤᠨ ᠦᠯᠡᠳᠡᠭᠰᠡᠨ ᠵᠠᠷᠤᠳᠠᠯ ᠢ ᠰᠠᠯᠭᠠᠨ ᠦᠭᠴᠦ᠂  ᠰᠢᠯᠭᠠᠨ ᠬᠤᠷᠢᠶᠠᠵᠦ ᠠᠪᠤᠨᠨᠰᠠᠨ ᠲᠦᠷᠦᠯ ᠵᠦᠢᠯ ᠢ ᠳᠠᠭᠤᠰᠬᠠᠭᠰᠠᠨ ᠪᠠᠶᠢᠳᠠᠯ ᠢ ᠨᠡᠶᠢᠲᠡᠯᠡᠨ᠎ᠡ᠃ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠲᠦᠷᠦᠯ ᠵᠦᠢᠯ ᠢ ᠳᠠᠭᠤᠰᠬᠠᠬᠤ ᠦᠭᠡᠢ᠄      ︵ᠨᠢᠭᠡ︶ ᠦᠷ᠎ᠡ ᠪᠦᠳᠦᠭᠡᠯ ᠨᠢ ᠲᠤᠰᠬᠠᠢ ᠮᠡᠷᠭᠡᠵᠢᠯᠲᠡᠨ ᠤ ᠬᠢᠨᠡᠨ ᠲᠤᠬᠲᠠᠭᠠᠯᠳᠠ ᠳᠤ ᠪᠠᠲᠣᠯᠠᠭᠳᠠᠭᠰᠠᠨ ᠦᠭᠡᠢ ᠪᠠᠶᠢᠬᠤ︔      ︵ᠬᠤᠶᠠᠷ︶ ᠪᠤᠰᠤᠳ ᠤᠨ ᠦᠷ᠎ᠠ ᠪᠦᠲᠦᠭᠡᠯ ᠢ ᠬᠤᠯᠠᠭᠠᠶᠢᠯᠠᠭᠰᠠᠨ ᠪᠠᠶᠢᠬᠤ︔      ︵ᠭᠤᠷᠪᠠ︶ ︽ᠵᠦᠪᠯᠡᠯᠴᠡᠬᠡᠷ ᠤᠨ ᠪᠢᠴᠢᠭ︾ ᠲᠠᠬᠢ ᠲᠦᠷᠦᠯ ᠵᠦᠢᠯ ᠤᠨ ᠰᠤᠳᠤᠯᠭᠠᠨ ᠤ ᠲᠦᠯᠦᠪᠯᠡᠭᠡᠨ ᠤ ᠡᠭᠦᠷᠭᠡ ᠲᠠᠢ ᠪᠠᠨ ᠦᠯᠦ ᠨᠡᠶᠢᠴᠡᠬᠦ︔      ︵ᠲᠦᠷᠪᠡ︶ ᠬᠤᠭᠤᠴᠠᠭ᠎ᠠ ᠬᠡᠲᠦᠷᠡᠭᠰᠡᠨ ᠪᠠᠶᠢᠳᠠᠯ᠎ᠠ ᠤᠷᠳᠤᠳᠬᠠᠬᠤ ᠭᠤᠶᠤᠴᠢᠯᠠᠯ ᠲᠤᠰᠢᠶᠠᠬᠰᠠᠨ ᠦᠭᠡᠢ ᠪᠤᠶᠤ ᠤᠷᠳᠤᠳᠬᠠᠬᠰᠠᠨ ᠬᠤᠭᠤᠴᠠᠭᠠᠨ ᠳᠤ ᠪᠠᠨ ᠮᠦᠠ ᠯᠠ ᠡᠰᠡ ᠪᠡᠶᠡᠯᠡᠭᠦᠯᠵᠦ ᠲᠡᠶᠢᠯᠦᠭᠰᠡᠨ︔      ︵ᠲᠠᠪᠤ︶ ᠡᠳ᠋ ᠤᠨ ᠵᠠᠰᠠᠭ ᠠᠵᠦ ᠠᠬᠤᠢ ᠶᠢᠨ ᠰᠠᠬᠢᠯᠭ᠎ᠠ ᠪᠠᠲᠤ ᠶᠢ ᠵᠦᠷᠢᠴᠡᠭᠰᠡᠨ ᠪᠠᠶᠢᠬᠤ︔      ︵ᠵᠢᠷᠭᠤᠭ᠎ᠠ︶ ᠲᠤᠰ ᠠᠷᠭ᠎ᠠ ᠶᠢᠨ ᠪᠤᠰᠤᠳ ᠲᠤᠬᠲᠠᠭᠠᠯ ᠢ ᠵᠦᠷᠢᠴᠡᠭᠰᠡᠨ ᠪᠠᠶᠢᠳᠠᠯ ᠲᠠᠢ᠃      ᠬᠤᠷᠢᠨ ᠭᠤᠷᠪᠠᠳᠤᠭᠠᠷ ᠵᠦᠢᠯ   ᠡᠴᠦᠰ ᠤᠨ ᠦᠷ᠎ᠡ ᠪᠦᠳᠦᠭᠡᠯ ᠤᠨ ᠬᠡᠯᠪᠡᠷᠢ ᠨᠢ ᠦᠭᠦᠯᠡᠯ᠂ ᠪᠠᠶᠢᠴᠠᠭᠠᠨ ᠰᠤᠲᠤᠯᠤᠭᠰᠠᠨ ᠮᠡᠳᠡᠭᠦᠯᠦᠯᠳᠡ᠂ ᠳ᠋ᠠᠶᠢᠲ᠋ᠠ ᠬᠦᠮᠦᠷᠭᠡ᠂ ᠲᠤᠰᠬᠠᠢ ᠵᠤᠬᠢᠶᠠᠯ ᠵᠡᠷᠭᠡ ᠪᠠᠶᠢᠵᠤ ᠪᠤᠯᠤᠨ᠎ᠠ᠃      ᠡᠴᠦᠰ ᠤᠨ ᠦᠷ᠎ᠡ ᠪᠦᠳᠦᠭᠡᠯ ᠤᠨ ᠢᠯᠡᠳᠲᠡ ᠪᠠᠶᠢᠷᠢᠰᠢᠯ ᠳᠤ ︽ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ︾ ᠭᠡᠬᠦ ᠦᠰᠦᠭ ᠢ ᠲᠣᠳᠣᠷᠬᠠᠶᠢᠯᠠᠨ ᠪᠢᠴᠢᠬᠦ ᠬᠡᠷᠡᠭᠳᠡᠢ᠂ ᠡᠰᠡ ᠲᠡᠭᠡᠪᠡᠯ ᠰᠢᠯᠭᠠᠨ ᠬᠤᠷᠢᠶᠠᠵᠦ ᠠᠪᠬᠤ ᠳᠤ ᠮᠡᠳᠡᠷᠡᠬᠦ ᠦᠭᠡᠢ᠃                                ᠲᠦᠷᠪᠡᠳᠦᠭᠡᠷ ᠪᠦᠯᠦᠭ   ᠵᠠᠷᠤᠳᠠᠯ ᠤᠨ ᠬᠠᠮᠢᠶᠠᠷᠤᠯᠲᠠ      ᠬᠤᠷᠢᠨ ᠲᠦᠷᠪᠡᠳᠦᠭᠡᠷ ᠵᠦᠢᠯ   ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠲᠤᠰᠬᠠᠢ  ᠵᠠᠷᠤᠳᠠᠯ  ᠢ ᠲᠤᠬᠢᠷᠠᠭᠤᠯᠵᠤ᠂ ᠪᠤᠳᠠᠲᠠᠢ ᠪᠠᠶᠢᠳᠠᠯ ᠢᠶᠠᠨ ᠦᠨᠳᠦᠰᠦᠯᠡᠨ ᠬᠡᠷᠡᠭᠯᠡᠬᠦ ᠬᠡᠮᠵᠢᠶ᠎ᠡ ᠶᠢ ᠳᠤᠭᠲᠠᠭᠠᠵᠦ᠂ ᠲᠤᠰ ᠵᠢᠯ ᠤᠨ  ᠵᠠᠷᠤᠳᠠᠯ ᠤᠨ ᠲᠦᠰᠦᠪ ᠲᠤ ᠤᠷᠤᠭᠤᠯᠤᠨ᠎ᠠ᠃      ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠨᠢ ᠡᠳ᠋ ᠤᠨ ᠶᠠᠪᠤᠳᠠᠯ ᠤᠨ ᠳᠦᠷᠢᠮ ᠤᠨ ᠱᠠᠭᠠᠷᠳᠠᠯᠭ᠎ᠠ ᠶᠤᠰᠤᠭᠠᠷ ᠲᠦᠷᠦᠯ ᠵᠦᠢᠯ ᠢ ᠳᠡᠮᠵᠢᠬᠦ ᠵᠠᠷᠤᠳᠠᠯ ᠢ ᠪᠤᠲᠠᠲᠠᠢ ᠬᠠᠮᠢᠶᠠᠷᠤᠨ᠎ᠠ᠃      ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠰᠠᠯᠠᠭ᠎ᠠ ᠮᠦᠴᠢᠷ ᠤᠳ ᠲᠦᠷᠦᠯ ᠵᠦᠢᠯ ᠤᠨ ᠵᠤᠭᠤᠰ ᠢᠶᠠᠷ ᠲᠤᠰᠠᠯᠠᠬᠤ ᠵᠠᠷᠤᠳᠠᠯ ᠤᠨ ᠲᠠᠩᠰᠠ ᠶᠢ ᠰᠠᠶᠢᠲᠣᠷ ᠬᠠᠳᠠᠭᠠᠯᠠᠬᠤ ᠬᠡᠷᠩᠲᠡᠢ ᠪᠥᠭᠡᠳ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠲᠠ ᠪᠠ ᠬᠢᠨᠠᠨ ᠪᠤᠲᠤᠯᠲᠠ ᠬᠢᠬᠦ ᠶᠢ ᠬᠦᠯᠢᠶᠡᠨ ᠠᠪᠬᠤ ᠡᠭᠦᠷᠭᠡ ᠲᠠᠢ᠃      ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠨᠢ ᠲᠦᠷᠦᠯ ᠵᠦᠢᠯ ᠤᠨ ᠵᠠᠷᠤᠳᠠᠯ ᠤᠨ ᠬᠡᠷᠡᠭᠯᠡᠯᠳᠡ ᠶᠢᠨ ᠪᠠᠶᠢᠳᠠᠯ ᠳᠤ ᠬᠢᠨᠠᠯᠳᠠ ᠪᠠᠶᠢᠴᠠᠭᠠᠯᠳᠠ ᠬᠢᠬᠦ ᠡᠷᠬᠡ ᠲᠠᠢ᠃      ᠬᠤᠷᠢᠨ ᠲᠠᠪᠤᠳᠤᠭᠠᠷ ᠵᠦᠢᠯ  ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠲᠦᠷᠦᠯ ᠵᠦᠢᠯ ᠵᠢᠴᠢ ᠵᠤᠭᠤᠰ ᠢᠶᠠᠷ ᠲᠤᠰᠠᠯᠠᠬᠤ ᠵᠠᠷᠤᠳᠠᠯ ᠤᠨ ᠲᠤᠭ᠎ᠠ ᠬᠡᠮᠵᠢᠶ᠎ᠡ ᠶᠢ ᠬᠢᠨᠠᠨ ᠵᠥᠪᠰᠢᠶᠡᠷᠡᠬᠦ ᠶᠢᠨ ᠬᠠᠮᠳᠤ᠂ ᠪᠢᠯᠧᠲ ᠪᠠᠷᠢᠮᠳᠠ ᠶᠢ ᠬᠢᠨᠠᠨ ᠬᠠᠷᠭᠤᠭᠤᠯᠵᠦ ᠪᠠᠳᠤᠯᠬᠠᠰᠠᠨ ᠤ ᠲᠠᠷᠠᠭ᠎ᠠ᠂ ᠲᠣᠭᠲᠠᠭᠠᠯ ᠶᠤᠰᠤᠭᠠᠷ ᠲᠦᠷᠦᠯ ᠵᠦᠢᠯ ᠤᠨ ᠵᠠᠷᠤᠳᠠᠯ ᠢ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠪᠠᠩᠭᠢ ᠶᠢᠨ ᠳᠠᠩᠰᠠᠨ ᠡᠷᠣᠭᠡ ᠳᠤ ᠨᠢ ᠰᠢᠯᠵᠢᠭᠦᠯᠵᠦ᠂ ᠪᠠᠶᠢᠭ᠎ᠠ ᠨᠢᠭᠡᠴᠢ ᠠᠴᠠ ᠨᠢᠭᠡᠳᠦᠯᠲᠡᠢ ᠬᠠᠮᠢᠶᠠᠷᠤᠨ᠎ᠠ᠃      ᠲᠦᠷᠦᠯ ᠵᠦᠢᠯ ᠤᠨ ᠵᠤᠭᠤᠰ ᠢᠶᠠᠷ ᠲᠤᠰᠠᠯᠠᠬᠤ ᠵᠠᠷᠤᠳᠠᠯ ᠢ ᠨᠢᠭᠡ ᠣᠳᠠᠭ᠎ᠠ ᠳᠤ ᠬᠠᠷᠭᠤᠭᠤᠯᠤᠨ ᠲᠤᠬᠳᠠᠭᠠᠵᠤ᠂ ᠶᠡᠷᠦᠩᠬᠡᠢ ᠳᠤ ᠪᠠᠨ ᠬᠤᠶᠠᠷ ᠬᠤᠭᠤᠴᠠᠭ᠎ᠠ ᠬᠤᠪᠢᠶᠠᠨ ᠥᠭᠴᠦ᠂ ᠭᠡᠷ᠎ᠡ ᠶᠤᠰᠤᠭᠠᠷ ᠲᠠᠭᠠᠭᠠᠴᠢᠯᠠᠨ ᠬᠡᠷᠩᠯᠡᠭᠦᠯᠦᠨ᠎ᠠ᠂ ᠵᠠᠷᠣᠳᠠᠯ ᠨᠢ ᠬᠡᠳᠦᠷᠡᠪᠡᠯ ᠨᠦᠬᠦᠪᠦᠷᠢᠯᠡᠬᠦ ᠦᠭᠡᠢ᠃ ᠡᠩ ᠤᠨ ᠪᠠᠶᠢᠳᠠᠯ ᠳᠤ᠂ ᠡᠬᠢᠨ ᠤ ᠬᠤᠭᠤᠴᠠᠭᠠᠨ ᠳᠤ ᠵᠤᠭᠤᠰ ᠢᠶᠠᠷ ᠲᠤᠰᠠᠯᠠᠬᠤ ᠲᠦᠷᠦᠯ ᠵᠦᠢᠯ ᠤᠨ ᠵᠠᠷᠤᠳᠠᠯ ᠤᠨ ᠲᠤᠭ᠎ᠠ ᠬᠡᠮᠵᠢᠶᠡᠨ ᠤ 50% ᠶᠢ ᠰᠠᠯᠭᠠᠨ ᠦᠭᠴᠤ᠂ ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠳᠠᠬᠢᠭᠠᠳ 50% ᠶᠢ ᠨᠢ  ᠰᠠᠯᠭᠠᠨ ᠦᠭᠬᠦᠨ᠎ᠠ᠂ ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠭᠰᠡᠨ ᠦᠭᠡᠢ ᠪᠤᠯ ᠦᠯᠡᠳᠡᠭᠰᠡᠨ ᠵᠠᠷᠤᠳᠠᠯ ᠢ ᠰᠠᠯᠭᠠᠵᠤ ᠦᠭᠬᠦ ᠦᠭᠡᠢ ᠪᠦᠬᠡᠳ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠡᠬᠢᠨ ᠤ ᠬᠤᠭᠤᠴᠠᠭᠠᠨ ᠳᠤ ᠰᠠᠯᠭᠠᠵᠦ ᠦᠭᠭᠦᠭᠰᠡᠨ ᠵᠠᠷᠤᠳᠠᠯ ᠢ ᠪᠠᠨ ᠨᠡᠬᠡᠮᠵᠢᠯᠡᠨ ᠬᠤᠷᠢᠶᠠᠨ᠎ᠠ᠃      ᠲᠦᠷᠦᠯ ᠵᠦᠢᠯ ᠤᠨ ᠵᠤᠭᠤᠰ ᠢᠶᠠᠷ ᠲᠤᠰᠠᠯᠠᠬᠤ ᠵᠠᠷᠤᠳᠠᠯ ᠤᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ ᠲᠤᠨᠨᠳᠠᠭᠠᠯ ᠶᠤᠰᠤᠭᠠᠷ ᠵᠠᠰᠠᠭ ᠤᠨ ᠤᠷᠳᠤᠨ ᠬᠤᠳᠠᠯᠳᠤᠨ ᠠᠪᠬᠤ ᠶᠢ ᠬᠡᠷᠡᠭᠵᠢᠬᠦᠯᠦᠨ᠎ᠠ᠃      ᠬᠤᠷᠢᠨ ᠵᠢᠷᠭᠤᠳᠤᠭᠠᠷ ᠵᠦᠢᠯ ᠲᠦᠷᠦᠯ ᠵᠦᠢᠯ ᠤᠨ ᠵᠠᠷᠤᠳᠠᠯ ᠢ ᠵᠦᠪᠬᠡᠨ ᠲᠤᠤᠷᠠᠬᠢ ᠵᠠᠷᠤᠯᠭ᠎ᠠ ᠳᠤ ᠬᠡᠷᠩᠯᠡᠬᠦ ᠪᠠᠷ ᠬᠢᠵᠠᠭᠠᠷᠯᠠᠨ᠎ᠠ᠄      ︵ᠨᠢᠭᠡ︶ ᠮᠠᠲ᠋ᠧᠷᠢᠶᠠᠯ ᠤᠨ ᠵᠠᠷᠣᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠮᠠᠲ᠋ᠧᠷᠢᠶᠠᠯ ᠴᠤᠬᠯᠠᠭᠤᠯᠬᠤ᠂ ᠺᠣᠮᠫᠢᠦ᠋ᠲ᠋ᠧᠷ ᠲᠤ ᠦᠰᠦᠭ ᠰᠢᠪᠡᠬᠦ᠂ ᠳᠠᠷᠣᠮᠠᠯᠯᠠᠬᠤ᠂ ᠬᠠᠭᠤᠯᠪᠤᠷᠢᠯᠠᠬᠤ᠂ ᠳᠠᠬᠢᠨ ᠰᠡᠭᠦᠳᠡᠷᠯᠡᠬᠦ᠂ ᠤᠷᠴᠢᠭᠤᠯᠬᠤ ᠵᠡᠷᠭᠡ ᠵᠠᠷᠤᠳᠠᠯ᠂ ᠵᠢᠴᠢ ᠬᠡᠷᠡᠭᠴᠡᠭᠡ ᠪᠦᠬᠦᠢ ᠨᠤᠮ ᠪᠢᠴᠢᠭ ᠪᠠ ᠲᠤᠰᠬᠠᠢ ᠬᠡᠷᠡᠭᠯᠡᠭᠡᠨ ᠤ ᠰᠣᠹᠲᠸᠡᠶᠢᠷ ᠬᠤᠳᠠᠯᠳᠤᠨ ᠠᠪᠬᠤ ᠵᠠᠷᠤᠳᠠᠯ ᠤᠳ ᠢ ᠵᠢᠭᠠᠵᠤ ᠪᠠᠶᠢᠨ᠎ᠠ︔      ︵ᠬᠤᠶᠠᠷ︶ ᠲᠤᠭ᠎ᠠ ᠪᠠᠷᠢᠮᠳᠠ ᠴᠤᠬᠯᠠᠭᠤᠯᠬᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠠᠰᠠᠭᠤᠯᠳᠠ ᠶᠢᠨ ᠬᠠᠭᠤᠳᠠᠰᠤ ᠪᠠᠷ ᠪᠠᠶᠢᠴᠠᠭᠠᠯᠳᠠ ᠬᠢᠬᠦ᠂ ᠲᠤᠭ᠎ᠠ ᠪᠠᠷᠢᠮᠳᠡ ᠶᠢ ᠮᠦᠷᠳᠡᠨ ᠴᠤᠭᠯᠠᠭᠤᠯᠬᠤ᠂ ᠪᠤᠳᠠᠳᠤ ᠵᠢᠱᠢᠶ᠎ᠡ ᠳᠤ ᠵᠠᠳᠠᠯᠤᠯᠲᠠ ᠬᠢᠬᠦ ᠵᠡᠷᠭᠡ ᠵᠠᠷᠤᠳᠠᠯ ᠢ ᠵᠢᠭᠠᠵᠤ ᠪᠠᠶᠢᠨ᠎ᠠ︔      ︵ᠭᠤᠷᠪᠠ︶ ᠵᠠᠮ ᠤᠨ ᠵᠠᠷᠤᠳᠠᠯ᠄ ᠡᠨᠠ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠤᠯᠤᠰ ᠤᠨ ᠳᠤᠲᠤᠭᠠᠳᠤ ᠳᠤ ᠪᠠᠶᠢᠴᠠᠭᠠᠠ ᠰᠤᠳᠤᠯᠬᠤ ᠠᠵᠢᠯᠯᠠᠭ᠎ᠠ ᠦᠷᠨᠢᠭᠦᠯᠬᠦ ᠳᠤ ᠬᠡᠷᠩᠯᠡᠬᠦ ᠵᠠᠮ ᠤᠨ ᠵᠠᠷᠤᠳᠠᠯ᠂ ᠬᠤᠨᠤᠭ ᠪᠠᠭᠤᠳᠠᠯ ᠤᠨ ᠵᠠᠷᠤᠳᠠᠯ ᠵᠢᠴᠢ ᠪᠤᠰᠤᠳ ᠵᠠᠷᠤᠳᠠᠯ ᠤᠳ ᠢ ᠵᠢᠭᠠᠵᠤ ᠪᠠᠶᠢᠨ᠎ᠠ᠃ ᠵᠠᠮ ᠤᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ ᠲᠤᠭᠲᠠᠭᠠᠯ ᠶᠤᠰᠤᠭᠠᠷ ᠬᠡᠷᠩᠵᠢᠭᠦᠯᠬᠦ ᠬᠡᠷᠩᠲᠡᠢ︔      ︵ᠲᠦᠷᠪᠡ︶ ᠬᠤᠷᠠᠯ ᠤᠨ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠡᠷᠳᠡᠮ ᠰᠢᠨᠵᠢᠯᠡᠭᠡᠨ ᠤ ᠰᠤᠳᠤᠯᠤᠠ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠬᠤ᠂ ᠲᠦᠷᠦᠯ ᠵᠦᠢᠯ ᠪᠤᠶᠤ ᠰᠤᠳᠤᠯᠭᠠᠠ ᠤ ᠰᠡᠳᠤᠪ ᠢ ᠠᠰᠠᠭᠤᠵᠤ ᠯᠠᠪᠯᠠᠬᠤ ᠪᠠ ᠵᠣᠬᠢᠴᠠᠭᠤᠯᠬᠤ ᠵᠡᠷᠭᠡ ᠠᠵᠢᠯᠯᠠᠭ᠎ᠠ ᠦᠷᠨᠢᠭᠦᠯᠬᠦ ᠶᠢᠨ ᠲᠤᠰᠠᠳᠠ ᠪᠠᠭ᠎ᠠ ᠬᠡᠪᠴᠢᠶᠡᠨ ᠤ ᠬᠤᠷᠠᠯ ᠢ ᠬᠤᠷᠠᠯᠳᠤᠭᠤᠯᠬᠤ ᠵᠠᠷᠤᠳᠠᠯ ᠢ ᠵᠢᠭᠠᠵᠤ ᠪᠠᠶᠢᠨ᠎ᠠ᠃ ᠬᠤᠷᠠᠯ ᠤᠨ ᠵᠠᠷᠤᠳᠠᠯ ᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠵᠠᠷᠣᠴᠠᠭᠤᠯᠵᠦ᠂ ᠬᠤᠷᠠᠯ ᠤᠨ ᠬᠦᠷᠢᠶ᠎ᠡ ᠬᠡᠪᠴᠢᠶ᠎ᠡ᠂ ᠬᠤᠷᠠᠯ ᠤᠨ ᠲᠤᠭ᠎ᠠ᠂ ᠬᠤᠷᠠᠯ ᠤᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠪᠠ ᠬᠤᠷᠠᠯ ᠤᠨ ᠬᠤᠭᠤᠴᠠᠭ᠎ᠠ ᠶᠢ ᠴᠢᠩᠭ᠎ᠠ ᠬᠢᠵᠠᠭᠠᠷᠯᠠᠬᠤ ᠬᠡᠷᠩᠲᠡᠢ︔      ︵ᠲᠠᠪᠤ︶ ᠲᠤᠰᠬᠠᠢ ᠮᠡᠷᠭᠡᠵᠢᠯᠲᠡᠨ ᠠᠴᠠ ᠠᠰᠠᠭᠤᠠ ᠯᠠᠪᠯᠠᠬᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠲᠦᠷ ᠴᠠᠭ ᠤᠷᠢᠠ ᠵᠠᠯᠠᠬᠰᠠᠨ ᠲᠤᠰᠬᠠᠢ ᠮᠡᠷᠭᠡᠵᠢᠯᠲᠡᠨ ᠳᠤ ᠥᠭᠬᠦ ᠠᠰᠠᠭᠤᠠ ᠯᠠᠪᠯᠠᠬᠤ ᠬᠠᠷᠠᠮᠵᠢ ᠮᠦᠩᠭᠦ ᠶᠢ ᠵᠢᠭᠠᠵᠤ ᠪᠠᠶᠢᠨ᠎ᠠ᠃ ᠠᠰᠠᠭᠤᠠ ᠯᠠᠪᠯᠠᠬᠤ ᠬᠠᠷᠠᠮᠵᠢ ᠮᠦᠩᠭᠦ ᠶᠢ  ᠰᠡᠳᠦᠪ ᠤᠨ ᠰᠤᠳᠤᠯᠭᠠᠨ ᠤ ᠲᠤᠭᠤᠶᠢᠯᠠᠩ ᠤᠨ ᠬᠡᠰᠢᠭᠦᠨ  ᠵᠢᠴᠢ ᠲᠦᠷᠦᠯ ᠵᠦᠢᠯ ᠢ ᠬᠠᠮᠢᠶᠠᠷᠬᠤ ᠬᠠᠮᠢᠶ᠎ᠠ ᠪᠦᠬᠦᠢ ᠬᠦᠮᠦᠰ ᠲᠤ ᠰᠠᠯᠭᠠᠨ ᠦᠭᠴᠤ ᠪᠤᠯᠬᠤ ᠦᠭᠡᠢ᠃ ᠠᠰᠠᠭᠤᠠ ᠯᠠᠪᠯᠠᠬᠤ ᠵᠠᠷᠣᠳᠠᠯ ᠤᠨ ᠨᠡᠶᠢᠳᠡ ᠵᠠᠷᠤᠯᠭ᠎ᠠ ᠶᠢ ᠶᠡᠷᠦᠩᠬᠡᠢ ᠳᠤ ᠪᠠᠨ ᠲᠦᠷᠦᠯ ᠵᠦᠢᠯ ᠢ  ᠵᠤᠭᠤᠰ ᠢᠶᠠᠷ ᠲᠤᠰᠠᠯᠠᠬᠤ  ᠲᠤᠭᠠᠨ ᠤ 5% ᠠᠴᠠ ᠬᠡᠲᠦᠷᠡᠭᠦᠯᠵᠦ ᠪᠤᠯᠬᠤ ᠦᠭᠡᠢ︔      ︵ᠵᠢᠷᠭᠤᠭ᠎ᠠ︶  ᠭᠦᠳᠡᠯᠮᠦᠷᠢ ᠦᠢᠯᠡᠴᠢᠯᠡᠬᠡᠨ ᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠲᠦᠷᠦᠯ ᠵᠦᠢᠯ ᠤᠨ ᠰᠤᠳᠤᠯᠭᠠᠠ ᠳᠤ ᠪᠡᠶᠡᠴᠢᠯᠡᠨ ᠤᠷᠤᠯᠴᠠᠬᠰᠠᠨ ᠰᠤᠷᠭᠠᠭᠤᠯᠢ ᠳᠤ ᠪᠠᠶᠢᠭ᠎ᠠ ᠰᠤᠲᠤᠯᠬᠤ ᠰᠤᠷᠤᠬᠴᠢ ᠪᠠ ᠪᠤᠰᠤᠳ  ᠰᠡᠳᠦᠪ ᠤᠨ ᠰᠤᠳᠤᠯᠭᠠᠨ ᠤ ᠳᠤᠭᠤᠶᠢᠯᠠᠩ ᠤᠨ ᠲᠦᠷ ᠴᠠᠭ ᠤᠷᠢᠠ ᠬᠡᠷᠩᠯᠡᠭᠰᠡᠠ ᠬᠦᠮᠤᠰ ᠲᠤ ᠥᠭᠬᠦ ᠭᠦᠳᠡᠯᠮᠦᠷᠢ ᠦᠢᠯᠡᠴᠢᠯᠡᠬᠡᠨ ᠤ ᠴᠢᠨᠠᠷᠲᠠᠢ ᠵᠠᠷᠤᠳᠠᠯ ᠢ ᠵᠢᠭᠠᠵᠤ ᠪᠠᠶᠢᠨ᠎ᠠ᠃  ᠭᠦᠳᠡᠯᠮᠦᠷᠢ ᠦᠢᠯᠡᠴᠢᠯᠡᠬᠡᠨ ᠤ ᠵᠠᠷᠤᠳᠠᠯ ᠤᠨ ᠨᠡᠶᠢᠳᠡ ᠵᠠᠷᠤᠯᠭ᠎ᠠ ᠶᠢ ᠶᠡᠷᠦᠩᠬᠡᠢ ᠳᠤ ᠪᠠᠨ ᠲᠦᠷᠦᠯ ᠵᠦᠢᠯ ᠢ  ᠵᠤᠭᠤᠰ ᠢᠶᠠᠷ ᠲᠤᠰᠠᠯᠠᠬᠤ ᠲᠤᠭᠠᠨ ᠤ 10 % ᠠᠴᠠ ᠬᠡᠲᠦᠷᠡᠭᠦᠯᠵᠦ ᠪᠤᠯᠬᠤ ᠦᠭᠡᠢ︔      ︵ᠳᠤᠯᠤᠭ᠎ᠠ︶ ᠬᠡᠪᠯᠡᠯ ᠤᠨ ᠵᠠᠷᠤᠳᠠᠯ ᠪᠤᠶᠤ ᠬᠡᠪᠯᠡᠯ ᠤᠨ ᠨᠢᠭᠤᠷ ᠤᠨ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠲᠦᠷᠦᠯ ᠵᠦᠢᠯ ᠤᠨ ᠰᠤᠳᠤᠯᠭᠠᠨ ᠤ ᠦᠷ᠎ᠡ ᠪᠦᠳᠦᠭᠡᠯ ᠢ ᠬᠡᠪᠯᠡᠭᠦᠯᠬᠦ ᠪᠤᠶᠤ ᠬᠡᠪᠯᠡᠯ ᠤᠨ ᠨᠢᠭᠤᠷ ᠤᠨ ᠵᠠᠷᠤᠳᠠᠯ ᠵᠡᠷᠭᠡ ᠶᠢ ᠵᠢᠭᠠᠵᠤ ᠪᠠᠶᠢᠨ᠎ᠠ᠃      ᠬᠤᠷᠢᠨ ᠲᠤᠯᠤᠳᠤᠭᠠᠷ ᠵᠦᠢᠯ   ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠳᠡᠭᠡᠷ᠎ᠠ ᠳᠤᠷᠠᠳᠤᠭᠰᠠᠠ ᠵᠠᠷᠤᠳᠠᠯ  ᠠᠴᠠ ᠭᠠᠳᠠᠨᠠᠬᠢ ᠵᠠᠷᠤᠯᠭ᠎ᠠ ᠶᠢ ᠲᠦᠷᠦᠯ ᠵᠦᠢᠯ ᠤᠨ ᠲᠦᠰᠦᠪ ᠲᠤ ᠲᠤᠰᠠᠭᠠᠷ ᠨᠢ ᠵᠢᠬᠰᠠᠭᠠᠵᠦ᠂ ᠲᠤᠰᠠᠭᠠᠷ ᠬᠠᠷᠭᠤᠭᠤᠯᠤᠨ ᠲᠣᠭᠲᠠᠭᠠᠬᠤ ᠬᠡᠷᠡᠭᠲᠡᠢ᠃      ᠬᠤᠷᠢᠨ ᠨᠠᠢᠮᠠᠳᠤᠭᠠᠷ ᠵᠦᠢᠯ   ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠤᠯᠤᠰ ᠤᠨ ᠬᠤᠯᠪᠤᠭᠳᠠᠯ ᠪᠦᠬᠦᠢ ᠲᠤᠬᠲᠠᠭᠠᠯ ᠶᠤᠰᠤᠭᠠᠷ ᠬᠠᠮᠢᠶᠠᠷᠤᠯᠳᠠ ᠶᠢᠨ ᠵᠠᠷᠤᠳᠠᠯ ᠲᠠᠳᠠᠠ ᠠᠪᠴᠤ᠂ ᠲᠦᠷᠦᠯ ᠵᠦᠢᠯ ᠤᠨ ᠡᠳᠦᠷ ᠲᠤᠲᠤᠮ ᠤᠨ ᠬᠠᠮᠢᠶᠠᠷᠤᠯᠲᠠ ᠪᠠ ᠪᠠᠶᠢᠴᠠᠭᠠᠯᠳᠠ ᠬᠢᠬᠦ ᠵᠡᠷᠭᠡ ᠲᠤᠰᠬᠠᠢ ᠵᠠᠷᠤᠯᠭ᠎ᠠ ᠳᠤ ᠬᠡᠷᠡᠭᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠵᠦᠢᠯ ᠪᠠ ᠡᠩ ᠤᠨ ᠲᠦᠷᠦᠯ ᠵᠦᠢᠯ ᠠᠴᠠ ᠲᠠᠳᠠᠠ ᠠᠪᠬᠤ ᠬᠠᠮᠢᠶᠠᠷᠤᠯᠲᠠ ᠶᠢᠨ ᠵᠠᠷᠤᠳᠠᠯ ᠢ 2000 ᠲᠦᠭᠦᠷᠢᠭ ᠠᠴᠠ ᠬᠡᠲᠦᠷᠡᠭᠦᠯᠵᠦ ᠪᠤᠯᠬᠤ ᠦᠭᠡᠢ᠂ ᠴᠢᠬᠤᠯᠠ ᠶᠡᠭᠡ ᠲᠦᠷᠦᠯ ᠵᠦᠢᠯ ᠪᠠ ᠭᠤᠤᠯᠳᠠᠯᠭ᠎ᠠ ᠲᠠᠢ ᠲᠦᠷᠦᠯ ᠵᠦᠢᠯ ᠠᠴᠠ ᠲᠠᠲᠠᠠ ᠠᠪᠬᠤ ᠵᠠᠷᠤᠳᠠᠯ ᠢ 3000 ᠲᠦᠭᠦᠷᠢᠭ ᠠᠴᠠ ᠬᠡᠲᠦᠷᠡᠭᠦᠯᠵᠦ ᠪᠤᠯᠬᠤ ᠦᠭᠡᠢ᠃      ᠬᠤᠷᠢ ᠶᠢᠰᠦᠳᠦᠭᠡᠷ ᠵᠦᠢᠯ   ᠲᠦᠷᠦᠯ ᠵᠦᠢᠯ ᠬᠠᠷᠢᠭᠤᠴᠠᠭᠴᠢ ᠠᠴᠠ ᠪᠠᠶᠢᠭ᠎ᠠ ᠨᠢᠭᠡᠴᠢ ᠶᠢᠨ ᠢᠶᠠᠨ ᠡᠷᠳᠡᠮ ᠰᠢᠨᠵᠢᠯᠡᠭᠡᠨ ᠪᠠ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠢᠯᠤᠭᠤᠳᠤᠯᠭ᠎ᠠ ᠳᠤᠤᠷ᠎ᠠ᠂ ᠲᠦᠯᠦᠪᠯᠡᠭᠡ ᠶᠤᠰᠤᠭᠠᠷ ᠲᠦᠷᠦᠯ ᠵᠦᠢᠯ ᠤᠨ  ᠵᠠᠷᠤᠳᠠᠯ  ᠢ ᠡᠵᠡᠨ ᠮᠡᠳᠡᠵᠦ ᠲᠣᠬᠢᠷᠠᠭᠤᠯᠤᠨ᠎ᠠ᠂ ᠪᠤᠰᠤᠳ ᠵᠦᠢᠯ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃                      ᠲᠠᠪᠤᠳᠤᠭᠠᠷ ᠪᠦᠯᠦᠭ   ᠦᠷ᠎ᠡ ᠪᠦᠳᠦᠭᠡᠯ ᠤᠨ ᠬᠡᠷᠩᠯᠡᠯᠳᠡ      ᠭᠤᠴᠢᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠱᠠᠭᠠᠷᠳᠠᠯᠭ᠎ᠠ ᠳᠤ ᠨᠡᠶᠢᠴᠡᠭᠰᠡᠨ ᠲᠦᠷᠦᠯ ᠵᠦᠢᠯ ᠤᠨ ᠦᠷ᠎ᠡ ᠪᠦᠳᠦᠭᠡᠯ ᠢ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠰᠢᠯᠢᠳᠡᠭ ᠦᠷ᠎ᠠ ᠪᠦᠲᠣᠭᠡᠯ ᠤᠨ ᠱᠠᠩᠨᠠᠯ ᠲᠣᠭᠲᠠᠭᠠᠨ ᠰᠢᠯᠭᠠᠷᠠᠭᠤᠯᠬᠤ ᠳᠡᠰ ᠳᠠᠷᠠᠭᠠᠯᠠᠯ ᠳᠤ ᠰᠢᠭᠤᠳ ᠣᠷᠤᠭᠤᠯᠬᠤ ᠪᠠᠷ ᠲᠠᠨᠢᠯᠴᠠᠭᠤᠯᠵᠤ ᠪᠣᠯᠣᠨ᠎ᠠ᠃ ᠲᠦᠷᠦᠯ ᠵᠦᠢᠯ ᠤᠨ ᠬᠠᠷᠢᠭᠤᠴᠠᠭᠴᠢ ᠭᠤᠶᠤᠴᠢᠯᠠᠯ ᠭᠠᠷᠭᠠᠭᠰᠠᠠ ᠪᠠᠶᠢᠪᠠᠯ᠂ ᠤᠯᠤᠰ ᠤᠨ ᠳᠤᠲᠤᠭᠠᠳᠤ ᠭᠠᠳᠠᠭᠠᠳᠤ ᠶᠢᠨ ᠡᠯ᠎ᠡ ᠲᠦᠷᠤᠯ ᠤᠨ ᠱᠠᠩᠨᠠᠯ ᠲᠣᠭᠲᠠᠭᠠᠬᠤ ᠠᠵᠢᠯᠯᠠᠭ᠎ᠠ ᠳᠤ ᠤᠷᠤᠯᠴᠠᠭᠤᠯᠬᠤ ᠪᠠᠷ ᠲᠠᠨᠢᠯᠴᠠᠭᠤᠯᠵᠤ ᠪᠤᠯᠤᠨ᠎ᠠ᠃      ᠭᠤᠴᠢᠨ ᠨᠢᠭᠡᠳᠦᠭᠡᠷ ᠵᠦᠢᠯ    ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠠᠵᠢᠯ ᠤᠨ ᠮᠡᠳᠡᠭᠡ ᠵᠠᠩᠭᠢ ᠵᠢᠴᠢ ᠬᠠᠷᠢᠭᠤ ᠮᠡᠳᠡᠭᠦᠯᠦᠯᠳᠡ ᠶᠢᠨ ᠬᠤᠷᠠᠯ᠂ ᠲᠠᠨᠢᠯᠴᠠᠭᠤᠯᠬᠤ ᠬᠤᠷᠠᠯ ᠡᠷᠭᠢᠯᠡᠬᠦ ᠵᠡᠷᠭᠡ ᠠᠷᠭ᠎ᠠ ᠪᠠᠷᠢᠯ ᠢᠶᠠᠷ ᠰᠢᠯᠢᠳᠡᠭ ᠦᠷ᠎ᠡ ᠪᠦᠳᠦᠭᠡᠯ ᠢ ᠤᠬᠠᠭᠤᠯᠬᠤ᠂ ᠳᠡᠯᠭᠡᠷᠠᠭᠦᠯᠬᠦ ᠪᠠ ᠬᠡᠷᠡᠭᠯᠡᠭᠡᠨ ᠳᠤ ᠣᠷᠣᠭᠤᠯᠬᠤ ᠶᠢ ᠴᠢᠩᠭᠠᠳᠬᠠᠵᠤ ᠪᠣᠯᠣᠨ᠎ᠠ᠃      ᠵᠢᠷᠭᠤᠳᠤᠭᠠᠷ ᠪᠦᠯᠦᠭ   ᠦᠮᠴᠢᠯᠡᠯ ᠤᠨ ᠡᠷᠬᠡ ᠶᠢᠨ ᠬᠠᠷᠢᠶᠠᠯᠠᠯ ᠪᠠ ᠨᠢᠭᠤᠴᠠ ᠶᠢ ᠬᠠᠮᠠᠭᠠᠯᠠᠬᠤ     ᠭᠤᠴᠢᠨ ᠬᠤᠶᠠᠳᠤᠭᠠᠷ ᠵᠦᠢᠯ   ᠤᠨᠴᠠᠭᠠᠢ ᠪᠣᠯᠵᠤᠯ ᠪᠠᠶᠢᠬᠤ ᠦᠭᠡᠢ ᠪᠤᠯ᠂ ᠲᠦᠷᠦᠯ ᠵᠦᠢᠯ ᠤᠨ ᠦᠷ᠎ᠡ ᠪᠦᠳᠦᠭᠡᠯ ᠤᠨ ᠵᠣᠬᠢᠶᠠᠠ ᠪᠦᠳᠦᠭᠡᠬᠦ ᠡᠷᠬᠡ ᠨᠢ ᠵᠤᠬᠢᠶᠠᠬᠴᠢ ᠳᠤ ᠥᠮᠴᠢᠯᠡᠭᠳᠡᠨ᠎ᠡ᠂ ᠦᠷ᠎ᠡ ᠪᠦᠳᠦᠭᠡᠯ ᠭᠠᠷᠤᠭᠰᠡᠨ ᠤ ᠳᠠᠷᠠᠭ᠎ᠠ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠷᠢᠳ ᠢᠶᠠᠷ ᠬᠡᠷᠡᠭᠯᠡᠬᠦ ᠡᠷᠬᠡ ᠲᠠᠢ᠃      ᠭᠤᠴᠢᠨ ᠭᠤᠷᠪᠠᠳᠤᠭᠠᠷ ᠵᠦᠢᠯ  ᠡᠷᠳᠡᠮ ᠰᠢᠨᠵᠢᠯᠡᠭᠡᠨ ᠤ ᠲᠦᠷᠦᠯ ᠵᠦᠢᠯ ᠳᠤ ᠤᠯᠤᠰ ᠤᠨ ᠨᠢᠭᠤᠴᠠ ᠬᠤᠯᠪᠤᠬᠳᠠᠬᠰᠠᠨ ᠪᠠᠶᠢᠪᠠᠯ᠂  ᠬᠤᠯᠪᠤᠨᠨᠳᠠᠯ ᠪᠦᠬᠦᠢ ᠨᠢᠭᠡᠴᠢ ᠪᠠ ᠬᠤᠪᠢ ᠬᠦᠮᠤᠠ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠬᠤᠯᠪᠤᠭᠳᠠᠯ ᠪᠦᠬᠦᠢ ᠲᠤᠬᠳᠠᠭᠠᠯ ᠢ ᠦᠨᠳᠦᠰᠦᠯᠡᠨ ᠨᠢᠭᠤᠴᠠ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠳᠤᠷ ᠬᠢᠬᠦ ᠬᠡᠷᠡᠭᠳᠡᠢ᠃      ᠲᠤᠯᠤᠳᠤᠭᠠᠷ ᠪᠦᠯᠦᠭ    ᠲᠠᠭᠠᠯᠳᠤᠭᠤᠯᠤᠯ ᠲᠦᠷᠢᠮ      ᠭᠤᠴᠢᠨ ᠲᠦᠷᠪᠡᠳᠦᠭᠡᠷ ᠵᠦᠢᠯ   ᠲᠤᠰ ᠠᠷᠭ᠎ᠠ ᠶᠢ ᠨᠡᠶᠢᠳᠡᠯᠡᠭᠰᠡᠠ ᠡᠳᠤᠷ ᠠᠴᠠ ᠡᠬᠢᠯᠠᠠ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ