内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ  ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
        ᠨᠡᠶᠢᠲᠡᠯᠡᠭᠰᠡᠨ ᠴᠠᠭ᠄
        2020/6/23
                                          ᠦᠪᠦᠷ ᠵᠠᠰᠠᠭ ᠦᠰᠦᠭ ﹇2020﹈ 29 ᠳ᠋ᠦ᠋ᠭᠡᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠵᠥᠪᠯᠡᠯ᠂ ᠠᠯᠪᠠᠨ ᠬᠡᠷ ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                                 2020 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ                                             ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶              ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ             ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ             ᠬᠡᠷᠡᠭᠵᠢᠭᠦᠯᠬᠦ ᠲᠥᠰᠦᠯ        ︽ᠱᠢ ᠵᠢᠶᠠ ᠵᠤᠸᠠᠩ ᠵᠡᠷᠭᠡ 24 ᠬᠤᠲᠠ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠪᠠᠶᠢᠭᠤᠯᠬᠤ ᠶᠢ ᠵᠥᠪᠰᠢᠶᠡᠷᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ︵ᠲᠥᠷᠥ ᠵᠠᠬᠢᠳᠠᠯ ︹ 2019 ︺ 137 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ︵ᠳᠣᠷᠣᠭᠰᠢ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠭᠡᠵᠦ ᠲᠣᠪᠴᠢᠯᠠᠨ᠎ᠠ︶ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠪᠤᠰᠤᠳ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠲᠡᠷᠢᠭᠦᠨ ᠤ ᠪᠣᠯᠪᠠᠰᠤᠷᠠᠩᠭᠤᠶ ᠲᠤᠷᠰᠢᠯᠭ᠎ᠠ ᠶᠢ ᠪᠥᠬᠦ ᠲᠠᠯ᠎ᠠ ᠪᠠᠷ ᠵᠢᠷᠤᠮᠯᠠᠨ ᠳᠠᠭᠤᠷᠢᠶᠠᠵᠤ ᠳᠡᠯᠭᠡᠷᠡᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠠᠴᠠ ᠠᠵᠤ ᠠᠬᠤᠶᠢᠯᠠᠯ ︵B2B︶ ᠵᠡᠷᠭᠡ ᠲᠠᠯ᠎ᠠ ᠶᠢᠨ ᠠᠵᠢᠯ ᠳᠤ ᠴᠢᠷᠮᠠᠶᠢᠨ ᠰᠦᠪᠡᠭᠴᠢᠯᠡᠯᠲᠡ ᠬᠢᠵᠦ᠂ ᠰᠢᠨ᠎ᠡ ᠶᠢ ᠡᠭᠦᠳᠦᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠭᠠᠳᠠᠭᠠᠳᠤ ᠠᠷᠠᠯᠵᠢᠶᠠᠨ ᠤ ᠰᠢᠨ᠎ᠡ ᠳᠠᠪᠠᠭᠤᠯᠢᠭ ᠢ ᠲᠦᠷᠭᠡᠭᠡᠨ ᠪᠣᠢ ᠪᠣᠯᠭᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠷᠡᠭᠦᠯ ᠢᠶᠠᠷ ᠴᠢᠨᠠᠷ ᠰᠠᠶᠢᠲᠠᠶ ᠬᠥᠭᠵᠢᠬᠦ ᠰᠢᠨ᠎ᠡ ᠠᠷᠭ᠎ᠠ ᠵᠠᠮ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃      ︵ᠬᠤᠶᠠᠷ︶ ᠦᠨᠳᠦᠰᠦᠨ ᠵᠠᠷᠴᠢᠮ᠃      — ᠪᠣᠳᠠᠲᠠᠶ ᠳᠤ ᠰᠠᠭᠤᠷᠢᠯᠠᠬᠤ ᠶᠢ ᠨᠢ ᠲᠤᠬᠠᠶ ᠶᠢᠨ ᠭᠠᠵᠠᠷ ᠤᠨ ᠪᠠᠶᠢᠳᠠᠯ ᠲᠠᠢ ᠲᠣᠬᠢᠷᠠᠭᠤᠯᠬᠤ ᠯᠤᠭ᠎ᠠ ᠤᠶᠠᠯᠳᠤᠭᠤᠯᠬᠤ ᠶᠢ ᠪᠠᠷᠢᠮᠲᠠᠯᠠᠨ᠂ ᠦᠨᠡᠨ ᠬᠦ ᠶᠠᠪᠤᠭᠳᠠᠭᠤᠰᠢᠲᠠᠶ ᠨᠢᠭᠡ ᠥᠷᠲᠡᠭᠡᠴᠢᠯᠡᠭᠰᠡᠨ ᠪᠦᠭᠡᠳ ᠤᠶᠤᠨᠴᠢᠯᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠵᠠᠭᠪᠤᠷ ᠢ ᠪᠣᠶ ᠪᠣᠯᠭᠠᠵᠤ᠂ ᠤᠯᠠᠭᠠᠨᠬᠠᠳᠠ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠪᠠ ᠪᠦᠷᠢᠨ ᠪᠦᠲᠦᠨ ᠠᠮᠢ ᠠᠬᠤᠶ ᠶᠢᠨ ᠬᠡᠯᠬᠢᠶ᠎ᠡ ᠶᠢ ᠪᠠᠶᠢᠭᠤᠯᠤᠨ᠎ᠠ᠃      — ᠠᠯᠬᠤᠮ ᠬᠤᠪᠢᠶᠠᠨ ᠬᠡᠷᠡᠭᠵᠢᠭᠦᠯᠬᠦ ᠶᠢ ᠨᠢ ᠯᠠᠪᠳᠠᠭᠤᠨ ᠢᠶᠠᠷ ᠠᠬᠢᠭᠤᠯᠬᠤ ᠯᠤᠭ᠎ᠠ ᠤᠶᠠᠯᠳᠤᠭᠤᠯᠬᠤ ᠶᠢ ᠪᠠᠷᠢᠮᠲᠠᠯᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠮᠡᠷᠭᠡᠵᠢᠯ ᠤᠨ ᠪᠠᠷᠢᠮᠵᠢᠶ᠎ᠠ᠂ ᠲᠤᠬᠠᠶᠢᠯᠠᠭᠰᠠᠨ ᠠᠵᠢᠯ ᠤᠨ ᠴᠤᠪᠤᠷᠠᠯ᠂ ᠬᠢᠨᠠᠯᠲᠠ ᠬᠠᠮᠢᠶᠠᠷᠤᠯᠲᠠ ᠶᠢᠨ ᠵᠠᠭᠪᠤᠷ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠳᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠠᠵᠢᠯ ᠢ ᠱᠠᠲᠤ ᠦᠶ᠎ᠡ᠂ ᠠᠯᠬᠤᠮ ᠳᠠᠷᠠᠭ᠎ᠠ ᠬᠤᠪᠢᠶᠠᠨ ᠥᠷᠨᠢᠭᠦᠯᠵᠦ᠂ ᠰᠢᠤᠳᠠᠨ ᠤ ᠲᠦᠷᠭᠡᠨ ᠢᠯᠡᠭᠡᠯᠲᠡ᠂ ᠪᠠᠷᠠᠭᠠᠨ ᠤ ᠭᠦᠢᠯᠭᠡᠭᠡ᠂ ᠪᠣᠭᠤᠮᠲᠠ ᠪᠠᠷ ᠥᠩᠭᠡᠷᠡᠭᠡᠬᠦ᠂ ᠮᠥᠩᠭᠦᠨ ᠭᠦᠢᠯᠭᠡᠭᠡ᠂ ᠭᠠᠶᠢᠯᠢ ᠪᠤᠴᠠᠭᠠᠬᠤ ᠵᠡᠷᠭᠡ ᠭᠤᠭᠴᠠᠭᠠᠨ ᠳᠠᠬᠢ ᠠᠵᠢᠯ ᠢ ᠲᠠᠰᠤᠷᠠᠯᠲᠠ ᠥᠬᠡᠶ ᠳ᠋ᠦᠩᠨᠡᠨ ᠲᠡᠭᠦᠯᠳᠡᠷᠵᠢᠭᠦᠯᠵᠦ᠂ ᠭᠠᠳᠠᠭᠰᠢ ᠨᠡᠭᠡᠭᠡᠯᠲᠡᠲᠦ ᠠᠵᠤ ᠠᠬᠤᠶ ᠳᠤ ᠰᠢᠨ᠎ᠠ ᠶᠢ ᠡᠭᠦᠣᠡᠭᠦ ᠪᠠᠷ ᠬᠠᠶᠢᠨ ᠰᠦᠪᠡᠭᠴᠢᠯᠡᠵᠦ  ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃      — ᠬᠥᠳᠡᠯᠦᠩᠭᠦᠢ ᠬᠢᠨᠠᠨ ᠡᠵᠡᠮᠳᠡᠬᠦ ᠶᠢ ᠨᠢ ᠲᠣᠭᠲᠠᠮᠠᠯ ᠬᠤᠭᠤᠴᠠᠭ᠎ᠠ ᠲᠠᠢ ᠦᠨᠡᠯᠡᠬᠦ ᠯᠦᠭᠡ ᠤᠶᠠᠯᠳᠤᠭᠤᠯᠬᠤ ᠶᠢ ᠪᠠᠷᠢᠮᠲᠠᠯᠠᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠠᠵᠢᠯᠯᠠᠭᠠᠨ ᠤ ᠪᠠᠶᠢᠳᠠᠯ ᠢ  ᠲᠤᠬᠠᠢ ᠶᠢᠨ ᠴᠠᠭ ᠲᠤ ᠨᠢ ᠪᠦᠲᠦᠮᠵᠢᠲᠡᠢ ᠬᠢᠨᠠᠨ ᠡᠵᠡᠮᠳᠡᠵᠦ᠂ ᠣᠷᠣᠨ ᠪᠦᠰᠡ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠪᠠ ᠦᠷᠭᠦᠯᠵᠢᠯᠡᠨ ᠬᠥᠭᠵᠢᠬᠦ ᠦᠷ᠎ᠡ ᠪᠦᠲᠦᠮᠵᠢ ᠶᠢ ᠨᠢ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      — ᠵᠠᠰᠠᠭ ᠪᠠ ᠠᠵᠤ ᠠᠬᠤᠶᠢᠯᠠᠯ ᠤᠨ ᠬᠠᠷᠢᠯᠴᠠᠨ ᠦᠢᠯᠡᠳᠦᠯᠴᠡᠬᠦ ᠶᠢ ᠨᠢ ᠬᠠᠮᠵᠢᠯᠴᠠᠨ ᠬᠥᠭᠵᠢᠬᠦ ᠯᠦᠭᠡ ᠤᠶᠠᠯᠳᠤᠭᠤᠯᠬᠤ ᠶᠢ ᠪᠠᠷᠢᠮᠲᠠᠯᠠᠨ᠂ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠨᠢ ᠴᠢᠩᠭᠠᠷᠠᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠨᠢ ᠪᠦᠲᠦᠮᠵᠢᠲᠡᠶ ᠠᠬᠢᠭᠤᠯᠤᠨ᠎ᠠ᠃      — ᠰᠢᠨ᠎ᠡ ᠡᠭᠦᠳᠦᠯᠲᠡ ᠲᠠᠢ ᠬᠥᠭᠵᠢᠬᠦ ᠶᠢ ᠨᠢ ᠡᠮᠬᠢ ᠲᠢᠭᠯᠢᠮ ᠲᠠᠢ ᠪᠥᠭᠡᠳ ᠵᠢᠷᠤᠮᠵᠢᠯ ᠲᠠᠢ ᠪᠠᠶᠢᠬᠤ ᠯᠤᠭ᠎ᠠ ᠤᠶᠠᠯᠳᠤᠭᠤᠯᠬᠤ ᠶᠢ ᠪᠠᠷᠢᠮᠲᠠᠯᠠᠨ᠂ ᠲᠦᠷᠢᠮ ᠳᠤ ᠰᠢᠨ᠎ᠡ ᠶᠢ ᠡᠭᠦᠳᠬᠦ᠂ ᠬᠠᠮᠢᠶᠠᠷᠤᠯᠲᠠ ᠳᠤ ᠰᠢᠨ᠎ᠡ ᠶᠢ ᠡᠭᠦᠳᠬᠦ᠂ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠨᠢ ᠬᠦᠴᠦᠲᠡᠢ ᠠᠬᠢᠭᠤᠯᠬᠤ ᠶᠢᠨ ᠬᠠᠮᠲᠤ᠂ ᠲᠤᠷᠰᠢᠯᠲᠠ ᠶᠢᠨ ᠴᠡᠭ ᠤᠨ ᠲᠤᠷᠰᠢᠬᠤ ᠲᠦᠭᠰᠢᠭᠦᠷᠢ ᠶᠢ ᠰᠠᠶᠢᠲᠤᠷ ᠡᠵᠡᠮᠳᠡᠵᠦ᠂ ᠤᠯᠤᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠠᠷᠠᠯᠵᠢᠶᠠᠨ ᠤ ᠠᠮᠤᠷ ᠲᠦᠪᠰᠢᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠬᠥᠭᠵᠢᠭᠦᠯᠬᠦ ᠶᠢᠨ ᠳᠠᠭᠠᠤ ᠵᠢᠷᠤᠮᠵᠢᠭᠤᠯᠵᠤ ᠵᠢᠷᠤᠮᠵᠢᠭᠤᠯᠬᠤ ᠶᠢᠨ ᠳᠠᠭᠠᠤ ᠬᠥᠭᠵᠢᠭᠦᠯᠬᠦ ᠶᠢ ᠦᠨᠡᠨ ᠬᠦ ᠪᠡᠶᠡᠯᠡᠭᠦᠯᠦᠨ᠎ᠡ᠃      ︵ᠭᠤᠷᠪᠠ︶ ᠬᠥᠭᠵᠢᠭᠦᠯᠬᠦ ᠬᠡᠪᠴᠢᠶ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ︽ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠵᠤ᠂ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠪᠠᠶᠢᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠨᠢᠭᠡᠳᠦᠭᠡᠷ ᠱᠠᠲᠤᠨ ᠳᠤ ᠤᠯᠠᠭᠠᠨᠬᠠᠳᠠ ᠬᠤᠲᠠ ᠶᠢᠨ ᠪᠥᠬᠦ ᠨᠤᠲᠤᠭ ᠢᠶᠠᠷ ᠬᠥᠭᠵᠢᠭᠦᠯᠵᠦ᠂ ᠬᠤᠶᠠᠳᠤᠭᠠᠷ ᠱᠠᠲᠤᠨ ᠳᠤ ᠪᠥᠬᠦ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠬᠥᠭᠵᠢᠭᠦᠯᠬᠦ ᠨᠥᠬᠦᠴᠡᠯ ᠲᠠᠢ ᠠᠶᠢᠮᠠᠭ ᠬᠤᠲᠠ ᠳᠤ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠵᠠᠭᠪᠤᠷ ᠢ ᠵᠢᠷᠤᠮᠯᠠᠨ ᠳᠠᠭᠤᠷᠢᠶᠠᠵᠤ ᠳᠡᠯᠭᠡᠷᠡᠭᠦᠯᠦᠨ᠂ ᠪᠥᠬᠦ ᠣᠷᠣᠨ ᠤ ᠣᠷᠣᠨ ᠪᠦᠰᠡ ᠶᠢᠨ ᠴᠢᠨᠠᠷᠲᠠᠶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠨᠥᠯᠥᠭᠡᠯᠡᠨ ᠳᠠᠶᠢᠴᠢᠯᠠᠨ᠎ᠠ᠃      ︵ᠳᠥᠷᠪᠡ︶ ᠬᠥᠭᠵᠢᠭᠦᠯᠬᠦ ᠬᠠᠷᠠᠯᠲᠠ᠃ ᠮᠡᠳᠡᠭᠡ ᠵᠠᠩᠭᠢ ᠪᠠᠷ ᠲᠤᠯᠭᠠᠭᠤᠷᠢᠯᠠᠭᠤᠯᠤᠭᠰᠠᠨ᠂ ᠪᠠᠷᠠᠭᠠᠨ ᠤ ᠭᠦᠢᠯᠭᠡᠭᠡ ᠪᠠᠷ ᠳᠠᠶᠢᠴᠢᠯᠠᠭᠰᠠᠨ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ ᠶᠢ ᠠᠭᠤᠰᠤᠯᠴᠠᠭᠤᠯᠤᠭᠰᠠᠨ᠂ ᠣᠯᠠᠨ ᠰᠠᠯᠠᠭ᠎ᠠ ᠮᠥᠴᠢᠷ ᠵᠣᠬᠢᠴᠠᠯᠳᠤᠨ ᠬᠤᠯᠪᠤᠭᠠᠯᠠᠭᠰᠠᠨ᠂ ᠪᠣᠭᠤᠮᠲᠠ ᠪᠠᠷ ᠥᠩᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠬᠡᠯᠪᠡᠷᠢ ᠶᠢᠨ ᠬᠢᠨᠠᠨ ᠬᠠᠮᠢᠶᠠᠷᠴᠤ ᠦᠢᠯᠡᠴᠢᠯᠡᠬᠦ ᠵᠠᠭᠪᠤᠷ ᠢ ᠲᠦᠷᠭᠡᠳᠬᠡᠨ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠤᠯᠠᠭᠠᠨᠬᠠᠳᠠ ᠬᠤᠲᠠ  ᠲᠡᠶᠢᠰᠢ ᠲᠥᠪᠯᠡᠷᠡᠭᠦᠯᠬᠦ ᠶᠢ ᠬᠥᠲᠥᠯᠥᠨ ᠵᠢᠯᠣᠭᠤᠳᠴᠤ᠂ B2B᠂ B2C᠂ F2B᠂ C2B᠂ O2O ᠵᠡᠷᠭᠡ ᠬᠢᠯᠢ ᠠᠯᠤᠰᠯᠠᠭᠰᠠᠨ ᠠᠷᠠᠯᠵᠢᠶᠠᠨ ᠤ ᠲᠠᠯ᠎ᠠ ᠳᠠᠬᠢ ᠪᠣᠭᠤᠮᠲᠠ ᠪᠠᠷ ᠥᠩᠭᠡᠷᠡᠭᠦᠯᠬᠦ ᠠᠵᠢᠯ ᠢ ᠳᠦᠬᠦᠮ ᠠᠪᠰᠠᠷᠬᠠᠨ ᠪᠣᠯᠭᠠᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ︵ERP︶᠂ ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ︵ᠳ᠋ᠠᠶᠢᠲ᠋ᠠ ᠳᠠᠮᠵᠢᠭᠤᠯᠬᠤ︶᠂ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ︵WMS︶᠂ ᠲᠣᠭᠠᠴᠠᠭ᠎ᠠ ᠬᠢᠬᠦ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠪᠠᠶᠢᠭᠤᠯᠤᠮᠵᠢ︶᠂ ᠰᠢᠤᠳᠠᠨ ᠤ ᠲᠦᠷᠭᠡᠨ ᠢᠯᠡᠭᠡᠯᠲᠡ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠵᠢᠴᠢ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠭᠴᠠ ᠶᠢᠨ ᠮᠡᠳᠡᠭᠡ ᠵᠠᠩᠭᠢ ᠶᠢᠨ ᠰᠢᠰᠲ᠋ᠧᠮ ᠬᠢᠭᠡᠳ ᠪᠣᠭᠤᠮᠲᠠ᠂ ᠬᠤᠳᠠᠯᠳᠤᠭᠠᠨ ᠤ ᠶᠠᠪᠤᠳᠠᠯ᠂ ᠭᠠᠶᠢᠯᠢ ᠶᠢᠨ ᠶᠠᠪᠤᠳᠠᠯ᠂ ᠭᠠᠳᠠᠭᠠᠳᠤ ᠭᠤᠪᠢᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠢᠰᠲ᠋ᠧᠮ ᠤᠨ ᠬᠤᠭᠤᠷᠣᠨᠳᠣ  ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂  ᠳ᠋ᠠᠶᠢᠲ᠋ᠠ ᠰᠣᠯᠢᠯᠴᠠᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢᠶᠠᠷ ᠵᠠᠰᠠᠭ ᠤᠨ ᠣᠷᠳᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠵᠣᠯᠭᠠᠯᠳᠤᠭᠤᠯᠤᠨ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠤᠷ ᠲᠠᠬᠢ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠬᠤᠷᠢᠶᠠᠩᠭᠤᠶᠢᠯᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠲᠤᠭ᠎ᠠ ᠬᠡᠮᠵᠢᠶ᠎ᠡ ᠶᠢ ᠪᠦᠷᠢᠳᠬᠡᠨ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠵᠣᠯᠭᠠᠭᠤᠯᠬᠤ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠣᠨ ᠂ ︽ᠪᠣᠭᠤᠮᠲᠠ︾ ︽ᠭᠠᠶᠢᠯᠢ ᠶᠢᠨ ᠶᠠᠪᠤᠳᠠᠯ︾ ︽ᠭᠠᠳᠠᠭᠠᠳᠤ ᠭᠤᠪᠢᠭᠤᠯᠭ᠎ᠠ︾ ︽ᠬᠤᠳᠠᠯᠳᠤᠭᠠᠨ ᠤ ᠶᠠᠪᠤᠳᠠᠯ︾ ︽ᠪᠠᠷᠠᠭᠠᠨ ᠤ ᠭᠦᠢᠯᠭᠡᠭᠡ︾ ︽ᠮᠥᠩᠭᠦᠨ ᠭᠦᠢᠯᠭᠡᠭᠡ︾ ᠶᠢᠨ ᠨᠢᠭᠡ ᠴᠣᠭᠴᠠᠵᠢᠨ ᠬᠥᠭᠵᠢᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠯᠦᠭᠡ ᠲᠣᠬᠢᠷᠠᠯᠴᠠᠭᠰᠠᠨ ᠬᠢᠨᠠᠨ ᠬᠠᠮᠢᠶᠠᠷᠴᠤ ᠦᠢᠯᠡᠴᠢᠯᠡᠬᠦ ᠵᠠᠭᠪᠤᠷ ᠪᠠ ᠲᠦᠷᠢᠮ ᠤᠨ ᠰᠢᠰᠲ᠋ᠧᠮᠵᠢ ᠶᠢ ᠪᠦᠷᠢᠯᠳᠦᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠪᠠ ᠠᠮᠢ ᠠᠬᠤᠶ ᠶᠢᠨ ᠴᠠᠷᠠᠭ᠎ᠠ ᠶᠢ ᠪᠣᠶ ᠪᠣᠯᠭᠠᠨ᠎ᠠ᠃ 2022 ᠣᠨ ᠪᠣᠯᠬᠤ ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠢ 500 ᠭᠠᠷᠤᠢ ᠪᠣᠯᠭᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ 5 ᠪᠠᠶᠢᠭᠤᠯᠵᠤ᠂ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ ᠵᠦᠢᠯ ᠤᠨ ᠬᠥᠮᠥᠷᠭᠡᠯᠡᠵᠦ ᠲᠤᠬᠢᠷᠠᠭᠤᠯᠤᠨ ᠬᠦᠷᠭᠡᠬᠦ ᠲᠥᠪ ᠢ 1 ᠪᠠᠶᠢᠭᠤᠯᠤᠨ᠂ ᠭᠠᠳᠠᠭᠠᠳᠤ ᠳᠠᠬᠢ ᠬᠥᠮᠥᠷᠭᠡ ᠶᠢ 10 ᠪᠣᠢ ᠪᠣᠯᠭᠠᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠯ ᠤᠨ ᠠᠷᠠᠯᠵᠢᠶᠠᠯᠠᠭᠰᠠᠨ ᠬᠡᠮᠵᠢᠶ᠎ᠡ ᠶᠢ ᠨᠢ ᠪᠥᠬᠦ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 10% ᠠᠴᠠ ᠳᠡᠭᠡᠭᠰᠢᠬᠢ ᠶᠢ ᠡᠵᠡᠯᠡᠭᠦᠯᠦᠨ᠂ ᠤᠯᠠᠭᠠᠨᠬᠠᠳᠠ ᠬᠤᠲᠠ ᠶᠢᠨ ᠠᠵᠤ ᠠᠬᠤᠶ ᠳᠤ ᠦᠵᠡᠭᠦᠯᠬᠦ ᠭᠠᠳᠠᠭᠠᠳᠤ ᠠᠷᠠᠯᠵᠢᠶᠠᠨ ᠤ ᠬᠤᠪᠢ ᠨᠡᠮᠡᠷᠢ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠭᠠᠨ ᠵᠢᠷᠤᠮᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠰᠦᠪᠡᠭᠴᠢᠯᠡᠨ ᠪᠦᠷᠢᠯᠳᠦᠭᠦᠯᠵᠦ ᠪᠠᠶᠢᠭᠠᠳ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃      ᠬᠤᠶᠠᠷ᠂ ᠭᠤᠣᠯ ᠡᠭᠦᠷᠭᠡ      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠣᠨᠣᠯᠵᠢᠬᠤᠨ ᠢᠶᠠᠷ ᠵᠢᠯᠣᠭᠤᠳᠣᠯᠭ᠎ᠠ ᠪᠣᠯᠭᠠᠨ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷ ᠰᠠᠭᠤᠷᠢ ᠪᠣᠯᠭᠠᠵᠤ᠂ ︽ᠵᠢᠷᠭᠤᠭᠠ ᠰᠢᠰᠲ᠋ᠧᠮᠵᠢ ᠬᠤᠶᠠᠷ ᠲᠠᠪᠴᠠᠩ︾ ᠢᠶᠠᠷ ᠭᠤᠤᠯ ᠪᠣᠯᠭᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠨᠢᠭᠡ ᠴᠣᠭᠴᠠᠵᠢᠭᠰᠠᠨ ᠬᠢᠨᠠᠨ ᠬᠠᠮᠢᠶᠠᠷᠬᠤ ᠰᠢᠰᠲ᠋ᠧᠮᠵᠢ ᠪᠠ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠦᠢᠯᠡᠴᠢᠯᠡᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠂ ᠬᠤᠳᠠᠯᠳᠤᠭᠠᠨ ᠤ ᠵᠠᠭᠪᠤᠷ ᠲᠤ ᠰᠢᠨ᠎ᠡ ᠶᠢ ᠡᠭᠦᠳᠴᠦ᠂ ᠥᠨᠳᠥᠷ ᠪᠦᠲᠦᠮᠵᠢᠲᠡᠶ ᠬᠢᠨᠠᠨ ᠬᠠᠮᠢᠶᠠᠷᠬᠤ ᠪᠠ ᠦᠢᠯᠡᠴᠢᠯᠡᠭᠡᠨ ᠢᠶᠠᠨ ᠰᠢᠯᠢᠳᠡᠭᠵᠢᠭᠦᠯᠬᠦ ᠶᠢᠨ ᠣᠷᠭᠠᠨᠢᠭ ᠨᠢᠭᠡᠳᠦᠯ ᠢ ᠠᠬᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠪᠣᠳᠠᠲᠤ ᠴᠣᠭᠴᠠ ᠶᠢᠨ ᠠᠵᠤ ᠠᠬᠤᠶ ᠶᠢ ᠬᠠᠮᠲᠤ ᠳᠤ ᠨᠢ ᠬᠥᠭᠵᠢᠭᠦᠯᠦᠨ᠎ᠡ᠃      ︵ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠨᠡᠮᠡᠭᠳᠡᠯ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ᠂ ᠭᠠᠳᠠᠭᠠᠳᠤ ᠠᠷᠠᠯᠵᠢᠶᠠᠨ ᠤ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠠᠶᠠᠯᠢᠭᠵᠢᠭᠤᠯᠬᠤ ᠵᠡᠷᠭᠡ ᠲᠠᠯ᠎ᠠ ᠳᠠᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨ ᠬᠦ ᠠᠷᠭ᠎ᠠ ᠬᠡᠮᠵᠢᠶ᠎ᠡ ᠠᠪᠴᠤ ᠪᠠᠶᠢᠭᠠᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠯᠵᠢᠶᠠᠯᠠᠬᠤ ᠬᠡᠪᠴᠢᠶ᠎ᠡ ᠶᠢ ᠥᠷᠭᠡᠳᠬᠡᠨ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ ᠭᠠᠷᠭᠠᠬᠤ ᠶᠢ ᠠᠬᠢᠭᠤᠯᠤᠨ᠂ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ︔ ᠠᠵᠤ ᠠᠬᠤᠶᠢᠯᠠᠯ ᠢ ᠳᠡᠮᠵᠢᠵᠦ ᠪᠠᠶᠢᠭᠠᠳ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭᠳᠠᠬᠤ ᠡᠳᠦᠷ ᠲᠤᠲᠤᠮ ᠤᠨ ᠬᠡᠷᠡᠭᠯᠡᠭᠡ ᠶᠢᠨ ᠵᠦᠢᠯ ᠢ ᠭᠠᠳᠠᠭᠠᠳᠤ ᠠᠴᠠ ᠣᠷᠣᠭᠤᠯᠵᠤ᠂ ᠰᠠᠭᠤᠭᠠᠯᠢ ᠠᠷᠠᠳ ᠤᠨ  ᠴᠢᠨᠠᠷᠵᠢᠭᠤᠨ ᠪᠠ ᠣᠯᠠᠨ ᠡᠰᠢᠵᠢᠭᠰᠡᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︵ᠬᠤᠶᠠᠷ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠤᠤᠯ ᠴᠣᠭᠴᠠ ᠶᠢ ᠪᠣᠵᠠᠭᠠᠶᠢᠷᠠᠭᠤᠯᠤᠨ ᠬᠦᠴᠦᠷᠭᠡᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠳᠬᠦᠨ ᠤ ᠶᠠᠰᠤ ᠴᠢᠨᠠᠷ ᠲᠤ ᠡᠬᠢ ᠢᠷᠡᠯᠲᠡ ᠠᠴᠠ ᠨᠢ ᠬᠠᠶᠢᠬᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠨᠠᠷᠠᠲᠤ ᠲᠡᠮᠳᠡᠭ ᠪᠦᠲᠦᠭᠡᠬᠦ ᠪᠠᠶᠢᠭᠤᠯᠤᠯᠲᠠ ᠳᠤ ᠣᠷᠣᠭᠤᠯᠤᠯᠲᠠ ᠬᠢᠬᠦ ᠪᠠᠨ ᠨᠡᠮᠡᠭᠳᠡᠭᠦᠯᠬᠦ ᠶᠢ ᠨᠢ ᠳᠡᠮᠵᠢᠵᠦ᠂ ᠤᠯᠠᠮᠵᠢᠯᠠᠯᠲᠤ ᠨᠠᠷᠠᠲᠤ ᠲᠡᠮᠳᠡᠭ ᠤᠨ ᠣᠯᠠᠨ ᠤᠯᠤᠰ ᠤᠨ ᠬᠡᠪᠴᠢᠶᠡᠨ ᠳᠠᠬᠢ ᠦᠨ᠎ᠡ ᠥᠷᠲᠡᠭ ᠢ ᠨᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠭᠤᠤᠯ ᠴᠣᠭᠴᠠ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠨᠢ ᠳᠡᠮᠵᠢᠵᠦ᠂ ᠬᠥᠲᠦᠴᠢ ᠠᠵᠤ ᠠᠬᠤᠶᠢᠯᠠᠯ ᠤᠨ ︽ᠭᠠᠳᠠᠭᠰᠢ ᠭᠠᠷᠬᠤ︾ ᠶᠢ  ᠵᠣᠷᠢᠭᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠲᠤᠰᠬᠠᠶ ᠨᠠᠷᠢᠯᠢᠭ ᠣᠨᠴᠠᠭᠠᠶ ᠰᠢᠨ᠎ᠡ︾ ᠰᠢᠨᠵᠢ ᠪᠦᠬᠦᠢ ᠣᠯᠠᠨ ᠤᠯᠤᠰᠴᠢᠯᠠᠬᠤ ᠵᠠᠮ ᠢᠶᠠᠷ ᠵᠠᠮᠨᠠᠬᠤ ᠶᠢ ᠳᠡᠮᠵᠢᠵᠦ᠂ ᠤᠯᠠᠮᠵᠢᠯᠠᠯᠲᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠵᠠᠬᠢᠶᠠᠯᠠᠭ᠎ᠠ ᠤᠯᠬᠤ ᠠᠷᠭ᠎ᠠ ᠵᠠᠮ ᠢᠶᠠᠨ ᠥᠷᠭᠡᠳᠭᠡᠬᠦ ᠶᠢ ᠨᠢ ᠠᠬᠢᠭᠤᠯᠵᠤ᠂ ᠬᠡᠰᠡᠭ ᠪᠤᠰᠠᠭ ᠵᠠᠬᠢᠶᠠᠯᠠᠭ᠎ᠠ ᠶᠢ ᠨᠢ ᠡᠮᠬᠢᠯᠡᠨ ᠨᠡᠶᠢᠯᠡᠭᠦᠯᠵᠦ᠂ ᠣᠶᠣᠨᠴᠢ᠂ ᠥᠪᠡᠷᠮᠢᠴᠡ᠂ ᠬᠡᠷᠡᠭᠴᠡᠭᠡ ᠪᠠᠷ ᠦᠢᠯᠡᠳᠬᠦ ᠦᠢᠯᠡᠳᠪᠦᠷᠢᠯᠡᠯ ᠢ ᠥᠷᠨᠢᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ᠎ᠡ᠃      ︵ᠭᠤᠷᠪᠠ︶ ᠣᠷᠣᠨ ᠪᠦᠰᠡ ᠶᠢᠨ ᠴᠢᠨᠠᠷᠲᠠᠶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠢᠯᠭᠠᠨ ᠰᠠᠯᠭᠠᠵᠤ ᠲᠥᠪᠯᠡᠷᠡᠭᠦᠯᠦᠨ ᠬᠤᠪᠢᠶᠠᠷᠢᠯᠠᠬᠤ ᠲᠥᠪ ᠢ ᠪᠠᠶᠢᠭᠤᠯᠤᠨ᠎ᠠ᠃ ᠨᠢᠭᠡ ᠪᠦᠯᠦᠭ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠲᠥᠴᠢ ᠠᠵᠤ ᠠᠬᠤᠶᠢᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠪᠣᠯᠤᠨ ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠨᠢᠷᠤᠭᠤᠪᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠤᠷᠢᠵᠤ ᠠᠪᠴᠢᠷᠠᠨ᠂ ᠤᠯᠠᠭᠠᠨᠬᠠᠳᠠ ᠭᠠᠵᠠᠷ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠵᠢᠯᠯᠠᠭᠠᠨ ᠪᠠ ᠣᠯᠠᠨ ᠤᠯᠤᠰ ᠤᠨ ᠪᠠᠷᠠᠠᠭᠠᠨ ᠤ ᠭᠦᠢᠯᠭᠡᠭᠡ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠪᠦᠯᠬᠦᠮ ᠨᠡᠶᠢᠲᠡ᠂ ᠡᠬᠢ ᠪᠠᠶᠠᠯᠢᠭ ᠪᠠ ᠠᠷᠭ᠎ᠠ ᠵᠠᠮ  ᠤᠨ ᠲᠠᠯ᠎ᠠ ᠳᠤ ᠲᠣᠮᠣ ᠠᠵᠤ ᠠᠬᠤᠶᠢᠯᠠᠯ ᠤᠨ ᠦᠵᠡᠭᠦᠯᠬᠦ ᠳᠠᠪᠠᠭᠤᠯᠢᠭ ᠢ ᠭᠦᠢᠴᠡᠳ  ᠠᠰᠢᠨᠨᠯᠠᠨ᠂ ᠢᠳᠡᠭᠡᠨ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠲᠠᠸᠠᠷ ᠤᠨ ᠭᠠᠳᠠᠭᠠᠳᠤ ᠠᠴᠠ ᠣᠷᠣᠭᠤᠯᠵᠤ ᠰᠦᠯᠵᠢᠶ᠎ᠡ ᠪᠠᠷ ᠬᠤᠳᠠᠯᠳᠤᠨ ᠠᠪᠬᠤ ᠪᠠ  ᠲᠤᠰ ᠨᠤᠲᠤᠭ ᠤᠨ  ᠨᠣᠣᠯᠣᠭᠤᠷ᠂ ᠡᠮ ᠡᠮᠨᠡᠯᠭᠡ᠂ ᠡᠯᠧᠺᠲᠷᠤᠨ ᠵᠡᠷᠭᠡ ᠦᠢᠯᠡᠳᠬᠦᠨ ᠢᠶᠠᠨ ᠭᠠᠳᠠᠭᠠᠳᠤ ᠳᠤ ᠭᠠᠷᠭᠠᠬᠤ ᠳᠤ  ᠨᠢ ᠳᠦᠬᠦᠮ ᠦᠵᠡᠭᠦᠯᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ  ᠠᠰᠢᠨᠨᠯᠠᠨ᠂ ᠤᠯᠠᠭᠠᠨᠬᠠᠳᠠ ᠵᠢᠴᠢ ᠡᠷᠭᠢᠨ ᠲᠣᠭᠤᠷᠢᠨ  ᠭᠠᠵᠠᠷ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠢ ᠭᠦᠢᠯᠭᠡᠭᠡᠨ ᠲᠠᠢ ᠪᠣᠯᠭᠠᠵᠤ᠂ ᠣᠷᠣᠰ ᠮᠣᠩᠭᠤᠯ᠂ ᠵᠡᠭᠦᠨ ᠬᠤᠶᠢᠲᠤ ᠠᠽᠢᠶ᠎ᠠ ᠳᠤ ᠬᠠᠨᠳᠤᠭᠤᠯᠤᠭᠰᠠᠨ ᠪᠦᠭᠦᠶᠢᠯᠨ ᠵᠡᠭᠦᠨ ᠬᠤᠶᠢᠲᠤ ᠣᠷᠣᠨ  ᠢ ᠬᠠᠮᠤᠷᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠢᠯᠭᠠᠨ ᠰᠠᠯᠭᠠᠵᠤ ᠲᠥᠪᠯᠡᠷᠡᠭᠦᠯᠦᠨ ᠬᠤᠪᠢᠶᠠᠷᠢᠯᠠᠬᠤ ᠲᠥᠪ ᠢ ᠪᠠᠶᠢᠭᠤᠯᠤᠨ᠎ᠠ᠃      ︵ᠳᠥᠷᠪᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶᠂ ᠤᠯᠠᠭᠠᠨᠬᠠᠳᠠ ᠶᠢᠨ ᠣᠯᠠᠨ ᠤᠯᠤᠰ ᠤᠨ ᠬᠠᠭᠤᠷᠠᠶ ᠶᠢᠨ ᠭᠠᠷᠠᠮ᠂ ᠥᠪᠥᠷ ᠮᠣᠩᠭᠤᠯ ᠤᠨ ᠵᠡᠭᠦᠨ ᠬᠡᠰᠡᠭ ᠤᠨ ᠡᠭᠦᠯᠡᠨ ᠪᠣᠳᠣᠯᠲᠠ ᠶᠢᠨ ᠲᠥᠪ ᠵᠢᠴᠢ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠪᠠᠲᠤᠯᠠᠬᠤ ᠲᠠᠸᠠᠷ ᠤᠨ ᠦᠵᠡᠭᠦᠯᠭᠡ ᠠᠷᠠᠯᠵᠢᠶᠠᠨ ᠤ ᠲᠥᠪ ᠵᠡᠷᠭᠡ ᠪᠠᠶᠢᠭ᠎ᠠ ᠰᠠᠭᠤᠷᠢ ᠨᠥᠬᠦᠴᠡᠯ ᠳᠤ ᠲᠦᠰᠢᠭᠯᠡᠨ᠂ ︽ᠤᠯᠠᠭᠠᠨᠬᠠᠳᠠ ᠳᠠᠬᠢ ᠪᠥᠬᠦ ᠳᠡᠯᠡᠬᠡᠢ ᠶᠢᠨ ᠬᠤᠳᠠᠯᠳᠤᠨ ᠠᠪᠬᠤ︾ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠠᠪᠴᠠᠩ ᠤᠨ ᠰᠢᠰᠲ᠋ᠧᠮ ᠪᠠ 2᠂ 3 ᠳ᠋ᠤᠭᠠᠷ ᠲᠡᠰ ᠤᠨ ᠳ᠋ᠠᠶᠢᠲ᠋ᠠ ᠶᠢᠨ ᠵᠠᠩᠭᠢᠶᠠᠰᠤ ᠪᠠᠷ ᠰᠠᠭᠤᠷᠢ ᠪᠣᠯᠭᠠᠵᠤ᠂ ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢ ᠪᠠᠶᠢᠭᠤᠯᠤᠨ᠎ᠠ᠃ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠣᠶᠤᠨᠴᠢ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠦᠨᠡᠨᠴᠢ ᠢᠲᠡᠭᠡᠮᠵᠢ᠂ ᠪᠦᠷᠢᠳᠬᠡᠨ ᠬᠢᠨᠠᠨ ᠰᠢᠨᠵᠢᠬᠦ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠷᠭᠤᠭᠠᠨ ᠶᠡᠭᠡ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠰᠦᠯᠵᠢᠶᠡᠨ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠ ᠰᠦᠯᠵᠢᠶᠡᠨ  ᠭᠠᠳᠠᠭᠤᠷᠬᠢ ᠠᠵᠤ ᠦᠢᠯᠡᠰ ᠤᠨ ᠬᠦᠷᠢᠶᠡᠯᠡᠩ ᠲᠣᠭᠤᠷᠢᠭ   ᠤᠨ ᠬᠤᠶᠠᠷ ᠶᠡᠭᠡ ᠲᠠᠪᠴᠠᠩ ᠤᠨ ᠴᠢᠳᠠᠮᠵᠢ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ ᠶᠢ ᠪᠦᠲᠦᠮᠵᠢᠲᠡᠶ ᠤᠶᠠᠯᠳᠤᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠪᠦᠷᠢᠳᠬᠡᠯ ᠢ ᠲᠡᠭᠦᠯᠳᠡᠷᠵᠢᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠤᠨ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠬᠠᠶᠢᠨ ᠰᠦᠪᠡᠭᠴᠢᠯᠡᠵᠦ᠂ ᠪᠦᠷᠢᠳᠬᠡᠬᠦ ᠠᠷᠭ᠎ᠠ ᠶᠢ ᠰᠤᠳᠤᠯᠤᠨ᠂ ᠲᠤᠭ᠎ᠠ ᠪᠦᠷᠢᠳᠬᠡᠯ ᠤᠨ ᠲᠦᠷᠢᠮ ᠢ ᠲᠡᠭᠦᠯᠳᠡᠷᠵᠢᠭᠦᠯᠦᠨ᠎ᠡ᠃      ︵ᠲᠠᠪᠤ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠬᠢᠭᠡᠳ ᠨᠢᠭᠡ ᠯᠠ ᠴᠣᠩᠬᠤᠪᠴᠢ ᠪᠠᠷ ᠪᠡᠶ᠎ᠡ ᠶᠢᠨ ᠭᠠᠷᠤᠯ ᠢ ᠨᠢᠭᠡᠳᠦᠯᠲᠡᠶ ᠰᠢᠯᠭᠠᠠᠬᠤ᠂ ᠡᠮᠦᠨ᠎ᠡ ᠬᠤᠶᠢᠨᠠᠬᠢ ᠲᠠᠪᠴᠠᠩ ᠤᠨ ᠴᠢᠳᠠᠮᠵᠢ ᠶᠢ ᠨᠢ ᠰᠠᠯᠭᠠᠬᠤ ᠶᠢ ᠪᠡᠶᠡᠯᠡᠭᠦᠯᠬᠦ  ᠶᠢ ᠠᠬᠢᠭᠤᠯᠵᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠬᠡᠷᠡᠭᠴᠡᠭᠡ ᠪᠠ ᠰᠢᠰᠲ᠋ᠧᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠬᠠᠲᠠᠭᠤ ᠬᠡᠷᠡᠭᠰᠡᠯ ᠤᠨ ᠣᠷᠴᠢᠨ ᠤ ᠳᠡᠰ ᠳᠡᠪᠰᠢᠬᠦ ᠶᠢ ᠠᠬᠢᠭᠤᠯᠤᠨ᠂ ᠲᠠᠪᠴᠠᠩ ᠤᠨ ᠬᠠᠲᠠᠭᠤ ᠬᠡᠷᠡᠭᠰᠡᠯ ᠤᠨ ᠣᠷᠴᠢᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠪᠴᠠᠩ ᠤᠨ ᠪᠥᠬᠦ ᠴᠢᠳᠠᠮᠵᠢ ᠶᠢ ᠦᠨᠡᠯᠡᠨ ᠵᠢᠱᠢᠵᠦ ᠲᠤᠷᠰᠢᠬᠤ ᠪᠠ ᠰᠢᠰᠲ᠋ᠧᠮ ᠢ ᠨᠢ ᠨᠡᠭᠦᠯᠭᠡᠬᠦ ᠶᠢ ᠪᠡᠶᠡᠯᠡᠭᠦᠯᠦᠨ᠂ ᠲᠠᠪᠴᠠᠩ ᠳᠤ ᠠᠮᠤᠷ ᠲᠦᠪᠰᠢᠨ ᠪᠥᠭᠡᠳ ᠲᠣᠭᠲᠠᠭᠤᠨ ᠠᠵᠢᠯᠯᠠᠬᠤ ᠣᠷᠴᠢᠨ ᠢ ᠬᠠᠩᠭᠠᠨ᠎ᠠ᠃ ︽ᠤᠯᠠᠭᠠᠨᠬᠠᠳᠠ ᠳᠠᠬᠢ ᠣᠯᠠᠨ ᠤᠯᠤᠰ ᠤᠨ ᠲᠦᠷᠭᠡᠨ ᠢᠯᠡᠭᠡᠯᠲᠡ ᠶᠢᠨ ᠵᠦᠢᠯ ᠢ ᠬᠢᠨᠠᠨ ᠬᠠᠮᠢᠶᠠᠷᠬᠤ ᠲᠥᠪ︾ ᠤᠨ ᠲᠠᠯᠠᠪᠤᠷ ᠭᠠᠵᠠᠷ ᠲᠣᠬᠢᠷᠠᠭᠤᠯᠬᠤ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠬᠤ ᠮᠡᠷᠭᠡᠵᠢᠯ ᠳᠤ ᠬᠡᠷᠡᠭᠯᠡᠬᠦ ᠭᠡᠷ ᠪᠠᠶᠢᠰᠢᠩ ᠢ ᠲᠣᠬᠢᠷᠠᠭᠤᠯᠤᠨ᠂  ᠸᠢᠳᠢᠤ᠋ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ CT ᠮᠠᠰᠢᠨ ᠢᠶᠠᠷ ᠪᠠᠶᠢᠴᠠᠭᠠᠨ ᠰᠢᠯᠭᠠᠵᠤ ᠢᠯᠭᠠᠬᠤ ᠲᠣᠨᠣᠭᠯᠠᠯ ᠪᠠ ᠣᠶᠣᠨᠴᠢ ᠪᠠᠷ ᠵᠢᠷᠤᠭ ᠬᠢᠨᠠᠬᠤ ᠰᠢᠰᠲ᠋ᠧᠮ ᠢ ᠤᠭᠰᠠᠷᠠᠨ᠎ᠠ᠃ ᠲᠦᠷᠭᠡᠨ ᠢᠯᠡᠭᠡᠯᠲᠡ ᠶᠢᠨ ᠵᠦᠢᠯ ᠤᠨ ᠡᠵᠡᠩᠨᠡᠨ ᠠᠵᠢᠯᠯᠠᠭᠴᠢ ᠪᠠᠷ ᠳᠠᠩᠰᠠᠯᠠᠭᠤᠯᠬᠤ ᠶᠢ ᠳᠡᠰ ᠳᠠᠷᠠᠭᠠᠯᠠᠯ ᠶᠣᠰᠣᠭᠠᠷ ᠭᠤᠶᠤᠴᠢᠯᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ︽9610︾ ᠰᠢᠭᠤᠳ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠥᠷᠨᠢᠭᠦᠯᠦᠨ᠂ ᠬᠢᠨᠠᠯᠲᠠ ᠬᠠᠮᠢᠶᠠᠷᠤᠯᠲᠠ ᠶᠢᠨ ᠴᠤᠪᠤᠷᠠᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ ᠪᠡᠭᠡᠵᠢᠩ ᠤᠨ ᠡᠯ᠎ᠡ ᠨᠢᠰᠬᠡᠯ ᠤᠨ ᠪᠠᠭᠤᠳᠠᠯ ᠤᠨ ᠲᠦᠷᠭᠡᠨ ᠢᠯᠡᠭᠡᠯᠲᠡ ᠶᠢᠨ ᠵᠦᠢᠯ ᠤᠨ ᠨᠢᠭᠡᠳᠦᠭᠡᠷ ᠳᠡᠰ ᠤᠨ ᠬᠥᠮᠥᠷᠭᠡ ᠬᠢᠭᠡᠳ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠬᠤᠭᠤᠷᠣᠨᠳᠣᠬᠢ ᠣᠯᠠᠨ ᠤᠯᠤᠰ ᠤᠨ ᠲᠦᠷᠭᠡᠨ ᠢᠯᠡᠭᠡᠯᠲᠡ ᠶᠢᠨ ᠵᠦᠢᠯ ᠤᠨ ᠪᠠᠷᠠᠭᠠᠨ ᠤ ᠭᠦᠢᠯᠭᠡᠭᠡᠨ ᠨᠡᠪᠲᠡᠷᠡᠭᠦᠯᠬᠦ ᠶᠢ ᠠᠬᠢᠭᠤᠯᠵᠤ᠂ ᠪᠡᠭᠡᠵᠢᠩ ᠤᠨ ᠡᠯ᠎ᠡ ᠨᠢᠰᠬᠡᠯ ᠤᠨ ᠪᠠᠭᠤᠳᠠᠯ ᠳᠤ ᠬᠠᠨᠳᠤᠭᠤᠯᠤᠭᠰᠠᠨ ᠲᠦᠷᠭᠡᠨ ᠢᠯᠡᠭᠡᠯᠲᠡ ᠶᠢᠨ ᠵᠦᠢᠯ ᠤᠨ ᠬᠤᠶᠠᠳᠤᠭᠠᠷ ᠳᠡᠰ ᠤᠨ ᠬᠥᠮᠥᠷᠭᠡ ᠶᠢ ᠪᠠᠶᠢᠭᠤᠯᠤᠨ᠎ᠠ᠃ ᠪᠣᠭᠤᠮᠲᠠ ᠪᠠᠷ ᠥᠩᠭᠡᠷᠡᠭᠦᠯᠵᠦ ᠲᠣᠬᠢᠷᠠᠭᠤᠯᠤᠨ ᠬᠦᠷᠭᠡᠬᠦ ᠳᠤ ᠨᠠᠩ ᠳᠥᠭᠦᠮ ᠪᠥᠭᠡᠳ ᠲᠦᠷᠭᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ︽9610︾ ᠰᠢᠭᠤᠳ ᠬᠤᠳᠠᠯᠳᠤᠵᠣ ᠠᠪᠬᠤ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠡᠷᠬᠢᠯᠡᠵᠦ᠂  ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠪᠠ ᠲᠠᠸᠠᠷ ᠤᠨ ᠡᠬᠢ ᠪᠠᠶᠠᠯᠢᠭ ᠯᠤᠭ᠎ᠠ ᠬᠡᠷᠡᠭᠯᠡᠭᠴᠢᠳ ᠪᠠ ᠠᠵᠤ ᠠᠬᠤᠶᠢᠯᠠᠯ ᠢ ᠵᠣᠯᠭᠠᠭᠤᠯᠬᠤ ᠳᠤ ᠦᠢᠯᠡᠴᠢᠯᠡᠨ᠎ᠡ᠃      ︵ᠵᠢᠷᠭᠤᠭ᠎ᠠ︶ ᠦᠢᠯᠡᠴᠢᠯᠡᠵᠦ ᠭᠤᠪᠢᠭᠤᠯᠤᠨ ᠢᠯᠡᠬᠡᠬᠦ ᠲᠣᠤᠷ ᠰᠦᠯᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠰᠢᠤᠳᠠᠨ ᠤ ᠲᠦᠷᠭᠡᠨ ᠢᠯᠡᠭᠡᠯᠲᠡ ᠶᠢᠨ ᠦᠢᠯᠡᠰ ᠤᠨ ᠠᠭᠤᠰᠤᠯᠴᠠᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠵᠤ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠬᠢᠭᠡᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠳᠡᠮᠵᠢᠵᠦ ᠪᠠᠶᠢᠭᠠᠳ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶᠡᠨ ᠤ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠶᠢ ᠥᠷᠨᠢᠭᠦᠯᠦᠨ᠂ ᠤᠯᠠᠭᠠᠨᠬᠠᠳᠠ ᠶᠢᠨ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ ᠵᠦᠢᠯ ᠢ ᠬᠥᠮᠥᠷᠭᠡᠯᠡᠨ ᠬᠠᠳᠠᠭᠠᠯᠠᠬᠤ ᠪᠠ ᠲᠤᠬᠢᠷᠠᠭᠤᠯᠤᠨ ᠬᠦᠷᠭᠡᠬᠦ ᠲᠥᠪ ᠵᠡᠷᠭᠡ ᠬᠢᠯᠢ ᠠᠯᠤᠰᠯᠠᠭᠰᠠᠨ ᠭᠤᠪᠢᠭᠤᠯᠵᠤ ᠢᠯᠡᠭᠡᠬᠦ ᠴᠢᠳᠠᠮᠵᠢᠲᠤ ᠣᠷᠣᠨ ᠤ ᠰᠠᠭᠤᠷᠢ ᠪᠡᠯᠡᠳᠬᠡᠮᠵᠢ ᠶᠢᠨ ᠲᠦᠬᠦᠷᠵᠢᠭᠦᠯᠦᠨ ᠪᠠᠶᠢᠭᠤᠯᠬᠤ ᠶᠢ ᠠᠬᠢᠭᠤᠯᠵᠤ᠂ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ ᠵᠦᠢᠯ ᠢ ᠬᠥᠮᠥᠷᠭᠡᠯᠡᠬᠦ᠂ ᠢᠯᠭᠠᠨ ᠰᠠᠯᠭᠠᠬᠤ᠂ ᠲᠡᠭᠡᠭᠡᠪᠦᠷᠢᠯᠡᠬᠦ᠂ ᠲᠤᠬᠢᠷᠠᠭᠤᠯᠤᠨ ᠬᠦᠷᠭᠡᠬᠦ ᠦᠷ᠎ᠡ ᠪᠦᠲᠦᠮᠵᠢ ᠪᠠ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠣᠯᠠᠨ ᠤᠯᠤᠰ ᠤᠨ ᠰᠢᠤᠳᠠᠨ ᠤ ᠵᠦᠢᠯ ᠬᠢᠭᠡᠳ ᠲᠦᠷᠭᠡᠨ ᠢᠯᠡᠭᠡᠯᠲᠡ ᠶᠢᠨ ᠵᠦᠢᠯ ᠤᠨ ᠨᠡᠪᠲᠡᠷᠡᠯ ᠵᠢᠴᠢ ᠪᠣᠭᠤᠮᠲᠠ ᠪᠠᠷ ᠥᠩᠭᠡᠷᠡᠭᠦᠯᠬᠦ ᠴᠢᠳᠠᠮᠵᠢ ᠶᠢ ᠠᠰᠢᠭᠯᠠᠵᠤ᠂ ᠣᠯᠠᠨ ᠤᠯᠤᠰ ᠤᠨ ᠰᠢᠤᠳᠠᠨ ᠤ ᠵᠦᠢᠯ  ᠪᠠ ᠲᠦᠷᠭᠡᠨ ᠢᠯᠡᠭᠡᠯᠲᠡ ᠶᠢᠨ ᠵᠦᠢᠯ ᠢ ᠪᠣᠭᠤᠮᠲᠠ ᠪᠠᠷ ᠥᠩᠭᠡᠷᠡᠭᠦᠯᠬᠦ ᠶᠢ ᠨᠢ ᠳᠥᠭᠦᠮ ᠠᠪᠰᠠᠷᠬᠠᠨ ᠪᠣᠯᠭᠠᠨ᠎ᠡ᠃ ᠰᠢᠤᠳᠠᠨ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠰᠦᠯᠵᠢᠶᠡᠨ ᠤ ᠳᠠᠪᠠᠭᠤᠯᠢᠭ ᠲᠤ ᠲᠦᠰᠢᠭᠯᠡᠨ᠂ ᠬᠤᠲᠠ ᠶᠢᠨ ᠣᠯᠠᠨ ᠨᠡᠶᠢᠲᠡ ᠶᠢᠨ ᠬᠥᠮᠥᠷᠭᠡᠯᠡᠨ ᠬᠠᠳᠠᠭᠠᠯᠠᠬᠤ ᠂ ᠣᠷᠣᠨ ᠪᠦᠰᠡ ᠶᠢᠨ ᠲᠥᠪᠯᠡᠷᠡᠭᠦᠯᠦᠨ ᠬᠤᠪᠢᠶᠠᠷᠢᠯᠠᠬᠤ ᠲᠥᠪ᠂ ᠬᠤᠲᠠ ᠶᠢᠨ ᠬᠤᠭᠤᠷᠣᠨᠳᠣᠬᠢ ᠪᠠᠷᠠᠭᠠᠨ ᠤ ᠭᠦᠢᠯᠭᠡᠭᠡᠨ᠂ ᠬᠠᠮᠲᠤ ᠳᠤ ᠪᠠᠨ ᠲᠤᠬᠢᠷᠠᠭᠤᠯᠤᠨ ᠬᠦᠷᠭᠡᠬᠦ ᠵᠡᠷᠭᠡ ᠭᠦᠢᠯᠭᠡᠭᠡᠨ ᠤ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠣᠯᠠᠨ ᠤᠯᠤᠰ ᠤᠨ ᠪᠣᠭᠤᠳᠠᠯ ᠪᠠᠭᠯᠠᠭ᠎ᠠ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠳᠠᠭᠠᠭᠠᠨ ᠠᠪᠴᠤ  ᠲᠡᠬᠡᠬᠡᠪᠦᠷᠢᠯᠡᠭᠴᠢᠳ ᠤᠨ ᠬᠤᠷᠰᠢᠨ ᠣᠷᠣᠯᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠰᠢᠤᠳᠠᠨ ᠤ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠭᠠᠶᠢᠯᠢ ᠪᠠᠲᠤᠯᠠᠬᠤ ᠲᠣᠭᠤᠷᠢᠭ ᠤᠨ ᠭᠠᠶᠢᠯᠢ ᠬᠡᠯᠲᠦᠷᠢᠭᠦᠯᠬᠦ ᠳᠡᠯᠭᠡᠭᠦᠷ ᠲᠤ ᠣᠷᠣᠵᠤ ᠰᠠᠭᠤᠬᠤ ᠶᠢ ᠠᠬᠢᠭᠤᠯᠵᠤ᠂ ᠭᠠᠶᠢᠯᠢ ᠬᠡᠯᠲᠦᠷᠢᠭᠦᠯᠬᠦ ᠲᠠᠸᠠᠷ ᠤᠨ ᠰᠦᠯᠵᠢᠶ᠎ᠡ ᠪᠠᠷ ᠪᠣᠷᠣᠯᠠᠭᠤᠯᠬᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠬᠡᠷᠡᠭᠯᠡᠭᠴᠢᠳ ᠲᠤ ᠭᠠᠶᠢᠯᠢ ᠬᠡᠯᠲᠦᠷᠢᠭᠦᠯᠦᠭᠰᠡᠨ ᠵᠦᠢᠯ ᠢᠶᠠᠨ ᠭᠤᠪᠢᠭᠤᠯᠵᠤ ᠢᠯᠡᠭᠡᠬᠦ ᠳᠤ ᠨᠢ ᠳᠥᠭᠦᠮ ᠲᠦᠳᠡ  ᠦᠢᠯᠡᠴᠢᠯᠡᠭᠡ ᠬᠠᠩᠭᠠᠨ᠎ᠠ᠃      ︵ᠳᠣᠯᠤᠭ᠎ᠠ︶ ︽ᠤᠯᠤᠰ ᠠᠯᠤᠰᠯᠠᠭᠰᠠᠨ ᠡᠭᠡᠯᠵᠢ ᠶᠢᠨ ᠭᠠᠯᠲᠤ ᠲᠡᠷᠭᠡ + ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ︾ ᠶᠢᠨ ᠵᠠᠭᠪᠤᠷ ᠢ ᠪᠣᠶ ᠪᠣᠯᠭᠠᠨ᠎ᠠ᠃ ︽ᠤᠮᠠᠷᠠᠰᠢ ᠪᠠᠨ ᠣᠷᠣᠰ ᠮᠣᠩᠭᠤᠯ ᠲᠠᠢ ᠠᠵᠢᠯ ᠢᠶᠠᠨ ᠵᠠᠯᠭᠠᠭᠤᠯᠵᠤ᠂ ᠡᠮᠦᠨᠡᠰᠢ ᠪᠠᠨ ᠲᠡᠯᠡᠶ ᠪᠠᠷ ᠳᠠᠮᠵᠢᠨ ᠭᠠᠷᠭᠠᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠣᠰᠣᠭᠠᠷ᠂ ᠳᠤᠮᠳᠠᠳᠤ ᠧᠦ᠋ᠷᠣᠫᠠ ︵ᠤᠯᠠᠭᠠᠨᠬᠠᠳᠠ ᠮᠠᠨᠵᠤᠤᠷ ᠧᠦ᠋ᠷᠣᠫᠠ︶ ᠶᠢᠨ ᠣᠯᠠᠨ ᠤᠯᠤᠰ ᠤᠨ ᠴᠢᠩᠭᠢᠭᠯᠢᠭᠲᠦ ᠡᠭᠡᠯᠵᠢ ᠶᠢᠨ ᠭᠠᠯᠲᠤ ᠲᠡᠷᠭᠡ ᠶᠢ ᠬᠤᠤᠰ ᠴᠢᠭᠯᠡᠯ ᠢᠶᠠᠷ ᠪᠠᠶᠢᠩᠭᠤᠵᠢᠭᠤᠯᠤᠨ ᠲᠡᠭᠡᠭᠡᠪᠦᠷᠢᠯᠡᠵᠦ ᠠᠶᠠᠯᠠᠬᠤ ᠶᠢ ᠦᠷᠭᠦᠯᠵᠢᠯᠡᠨ ᠠᠬᠢᠭᠤᠯᠵᠤ᠂ ᠤᠯᠠᠭᠠᠨᠬᠠᠳᠠ ᠠᠴᠠ ᠲᠢᠶᠠᠨᠵᠢᠨ᠂ ᠵᠢᠨᠵᠧᠦ ᠬᠦᠷᠬᠦ ᠵᠡᠷᠭᠡ ᠪᠣᠭᠤᠮᠲᠠ ᠪᠠᠷ ᠭᠠᠳᠠᠭᠠᠳᠤ ᠳᠤ ᠭᠠᠷᠭᠠᠬᠤ ᠡᠭᠡᠯᠵᠢ ᠶᠢᠨ ᠭᠠᠯᠲᠤ ᠲᠡᠷᠭᠡ ᠨᠡᠪᠲᠡᠷᠡᠭᠦᠯᠬᠦ ᠶᠢ ᠢᠳᠡᠪᠬᠢᠲᠡᠶ ᠠᠬᠢᠭᠤᠯᠤᠨ᠂ ︽ᠤᠯᠤᠰ ᠠᠯᠤᠰᠯᠠᠭᠰᠠᠨ ᠡᠭᠡᠯᠵᠢ ᠶᠢᠨ ᠭᠠᠯᠲᠤ ᠲᠡᠷᠭᠡ + ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ︾ ᠶᠢᠨ ᠵᠠᠭᠪᠤᠷ ᠢ ᠰᠦᠪᠡᠭᠴᠢᠯᠡᠵᠦ᠂ ᠣᠷᠣᠰ ᠮᠣᠩᠭᠤᠯ᠂ ᠧᠦ᠋ᠷᠣᠫᠠ᠂ ᠵᠡᠭᠦᠨ ᠬᠤᠶᠢᠲᠤ ᠠᠽᠢᠶ᠎ᠠ᠂ ᠵᠡᠭᠦᠨ ᠡᠮᠦᠨᠡᠲᠦ ᠠᠽᠢᠶ᠎ᠠ ᠯᠤᠭ᠎ᠠ ᠶᠢᠨ ᠠᠷᠠᠯᠵᠢᠶᠠᠨ ᠤ ᠰᠢᠨ᠎ᠡ ᠵᠠᠮ ᠢ ᠨᠡᠪᠲᠡᠷᠡᠭᠦᠯᠦᠨ᠎ᠡ᠃      ︵ᠨᠠᠢᠮᠠ︶ ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠭᠠᠳᠠᠭᠠᠳᠤ ᠳᠠᠬᠢ ᠰᠠᠩ ᠬᠥᠮᠥᠷᠭᠡ ᠶᠢᠨ ᠪᠠᠶᠢᠷᠢᠰᠢᠯ ᠢ ᠵᠣᠬᠢᠰᠲᠠᠶ ᠲᠥᠯᠥᠪᠵᠢᠭᠦᠯᠦᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠲᠤ ᠭᠠᠳᠠᠭᠠᠳᠤ ᠳᠠᠬᠢ ᠰᠠᠩ ᠬᠥᠮᠥᠷᠭᠡ ᠪᠠᠶᠢᠭᠤᠯᠬᠤ ᠶᠢ ᠡᠩ ᠲᠡᠷᠢᠭᠦᠨ ᠳᠤ ᠳᠡᠮᠵᠢᠵᠦ᠂ ᠭᠠᠳᠠᠭᠠᠳᠤ ᠳᠠᠬᠢ ᠰᠠᠩ ᠬᠥᠮᠥᠷᠭᠡ ᠶᠢᠨ ᠴᠢᠳᠠᠮᠵᠢ ᠶᠢ ᠪᠠᠶᠠᠯᠢᠭᠵᠢᠭᠤᠯᠤᠨ᠂ ᠦᠢᠯᠡᠴᠢᠯᠡᠬᠦ ᠬᠡᠪᠴᠢᠶ᠎ᠡ ᠶᠢ ᠥᠷᠭᠡᠳᠬᠡᠨ᠎ᠡ᠃ ᠠᠵᠤ ᠠᠬᠤᠶᠢᠯᠠᠯ ᠢ ᠬᠠᠪᠰᠤᠷᠤᠨ ᠬᠤᠯᠪᠣᠭᠳᠠᠯ ᠪᠦᠬᠦᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠭᠤᠯᠤᠨ᠂ ᠠᠵᠤ ᠠᠬᠤᠶᠢᠯᠠᠯ ᠤᠨ ᠬᠠᠤᠯᠢ ᠶᠣᠰᠣ ᠪᠠᠷ ᠡᠵᠡᠩᠨᠡᠬᠦ ᠶᠢ ᠵᠢᠭᠠᠨ ᠵᠢᠯᠣᠭᠤᠳᠴᠤ᠂ ᠭᠠᠳᠠᠭᠠᠳᠤ ᠳᠠᠬᠢ ᠰᠠᠩ ᠬᠦᠮᠦᠷᠭᠡ ᠶᠢᠨ ᠤᠶᠤᠨᠴᠢᠯᠠᠬᠤ᠂ ᠮᠡᠳᠡᠭᠡ ᠵᠠᠩᠭᠢᠴᠢᠯᠠᠬᠤ᠂ ᠲᠤᠰ ᠨᠤᠲᠤᠭ ᠤᠨ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠳᠡᠯᠡᠬᠡᠶ ᠳᠡᠭᠡᠷᠡᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃      ︵ᠶᠢᠰᠦ︶ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠪᠠᠨ ᠴᠢᠩᠭᠠᠳᠬᠠᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠬᠤ ᠵᠠᠭᠪᠤᠷ ᠢ ᠰᠦᠪᠡᠭᠴᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠬᠢᠭᠡᠳ ᠬᠠᠮᠢᠶᠠᠷᠤᠯᠲᠠ᠂ ᠣᠯᠠᠨ ᠤᠯᠤᠰ ᠤᠨ ᠲᠡᠭᠡᠭᠡᠪᠦᠷᠢ ᠬᠢᠭᠡᠳ ᠳᠠᠭᠠᠳᠬᠠᠯ᠂ ᠣᠯᠠᠨ ᠤᠯᠤᠰ ᠤᠨ ᠳ᠋ᠦᠩᠨᠡᠨ ᠪᠤᠳᠤᠬᠤ᠂ ᠬᠠᠤᠯᠢ ᠴᠠᠭᠠᠵᠠ ᠶᠢᠨ ᠦᠢᠯᠡᠴᠢᠯᠡᠭᠡ᠂ ᠲᠠᠪᠴᠠᠩ ᠤᠨ ᠠᠵᠢᠯᠯᠠᠭᠠᠨ ᠬᠢᠭᠡᠳ ᠰᠦᠯᠵᠢᠶᠡᠨ ᠳᠠᠬᠢ ᠡᠵᠡᠩᠨᠡᠨ ᠪᠤᠷᠤᠯᠠᠭᠤᠯᠬᠤ ᠵᠡᠷᠭᠡ ᠬᠠᠮ ᠬᠡᠯᠪᠡᠷᠢ ᠶᠢᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠣᠯᠠᠨ ᠤᠯᠤᠰ ᠤᠨ ᠠᠷᠠᠯᠵᠢᠶᠠᠨ ᠤ ᠲᠤᠰᠬᠠᠶ ᠮᠡᠷᠭᠡᠵᠢᠯᠲᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠨᠡᠷ᠎ᠡ ᠲᠦᠷᠦ ᠲᠠᠢ ᠳᠡᠭᠡᠳᠦ ᠲᠠᠰ ᠤᠨ ᠲᠤᠰᠢᠶᠠᠯᠲᠠᠨ ᠢ ᠤᠷᠢᠵᠤ᠂ ᠤᠯᠠᠭᠠᠨᠬᠠᠳᠠ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠠ ᠠᠵᠤ ᠦᠢᠯᠡᠳᠪᠦᠷᠢ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠵᠢᠯᠲᠠᠨ ᠳᠤ ᠴᠢᠭᠯᠡᠭᠦᠯᠦᠨ᠂ ᠣᠳᠣᠬᠠᠨ ᠤ ᠣᠯᠠᠨ ᠤᠯᠤᠰ ᠤᠨ ᠠᠷᠠᠯᠵᠢᠶᠠᠨ ᠤ ᠰᠢᠨ᠎ᠡ ᠪᠠᠶᠢᠳᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠠᠮᠢᠶ᠎ᠠ ᠪᠥᠬᠦᠶ ᠮᠡᠳᠡᠯᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠲᠠᠯ᠎ᠠ ᠪᠠᠷ ᠪᠦᠯᠦᠭ ᠤᠳᠠᠭ᠎ᠠ ᠬᠤᠪᠢᠶᠠᠨ ᠲᠤᠰᠬᠠᠶ ᠪᠣᠯᠪᠠᠰᠤᠷᠠᠭᠤᠯᠤᠯ ᠬᠢᠵᠦ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠠᠵᠢᠯᠲᠠᠨ ᠤ ᠲᠤᠰᠬᠠᠶᠢᠵᠢᠭᠰᠠᠨ ᠬᠢᠷᠢ ᠬᠡᠮᠵᠢᠶ᠎ᠡ ᠪᠠ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ᠎ᠡ᠃      ︵ᠠᠷᠪᠠ︶ ᠡᠷᠬᠡ ᠲᠡᠭᠰᠢ ᠥᠷᠢᠰᠥᠯᠳᠦᠭᠡᠨ ᠲᠠᠢ ᠬᠥᠭᠵᠢᠯᠲᠡ ᠶᠢᠨ ᠡᠮᠬᠢ ᠳᠢᠭᠯᠢᠮ ᠢ ᠬᠠᠮᠠᠭᠠᠯᠠᠨ᠎ᠠ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠮᠠᠨ ᠤ ᠤᠯᠤᠰ  ᠣᠷᠣᠯᠴᠠᠭᠰᠠᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠣᠯᠠᠨ ᠲᠠᠯ᠎ᠠ ᠶᠢᠨ ᠣᠷᠣᠯᠴᠠᠭ᠎ᠠ ᠲᠠᠢ ᠵᠣᠬᠢᠶᠠᠨ ᠪᠠᠶᠢᠭᠤᠯᠤᠯᠲᠠ ᠪᠣᠯᠤᠨ ᠵᠥᠪᠯᠡᠯᠴᠡᠭᠡᠷ ᠬᠡᠯᠡᠯᠴᠡᠭᠡᠷ ᠶᠣᠰᠣ ᠲᠦᠷᠢᠮ ᠢ ᠴᠢᠩᠭ᠎ᠠ ᠵᠢᠷᠤᠮᠯᠠᠭᠰᠠᠨ ᠤᠷᠢᠲᠠᠯ ᠳᠣᠤᠷ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠳᠡᠮᠵᠢᠵᠦ᠂ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠦᠯᠦᠨ ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠡᠷᠬᠡ ᠲᠡᠭᠰᠢ ᠲᠥᠪ ᠭᠤᠤᠯᠴᠢ ᠪᠠ ᠢᠯᠡ ᠲᠣᠳᠣ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠨ᠎ᠠ᠃ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ᠨᠥᠬᠦᠴᠡᠯ ᠳᠤ ᠨᠡᠶᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠪᠠ ᠬᠢᠯᠢ ᠪᠠᠷ ᠣᠷᠣᠭᠤᠯᠵᠤ ᠭᠠᠷᠭᠠᠬᠤ ᠲᠦᠷᠭᠡᠨ ᠢᠯᠡᠭᠡᠯᠲᠡ ᠶᠢᠨ ᠵᠦᠢᠯ ᠤᠨ ᠡᠵᠡᠩᠨᠡᠨ ᠠᠵᠢᠯᠯᠠᠭᠴᠢ ᠨᠢ ᠪᠣᠭᠤᠮᠲᠠ ᠶᠢᠨ AEO ᠠᠵᠤ ᠠᠬᠤᠶᠢᠯᠠᠯ ᠪᠣᠯᠬᠤ ᠶᠢ ᠳᠡᠮᠵᠢᠨ᠎ᠡ᠃      ᠭᠤᠷᠪᠠ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      1. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠠᠵᠤ ᠦᠢᠯᠡᠳᠪᠦᠷᠢ ᠶᠢᠨ ᠠᠵᠤ ᠠᠬᠤᠶᠢᠯᠠᠯ︾ ᠤᠨ ᠰᠢᠨ᠎ᠡ ᠠᠷᠭ᠎ᠠ ᠵᠠᠮ ᠢ ᠪᠣᠶ ᠪᠣᠯᠭᠠᠨ᠎ᠠ᠃ ᠭᠠᠳᠠᠭᠠᠳᠤ ᠠᠷᠠᠯᠵᠢᠶᠠᠨ ᠤ ᠬᠡᠯᠪᠡᠷᠢ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠠᠮᠵᠢᠵᠤ᠂ ᠠᠮᠢᠳᠤ ᠪᠣᠳᠠᠰ ᠬᠢᠮᠢ ᠶᠢᠨ ᠠᠵᠤ ᠦᠢᠯᠡᠳᠪᠦᠷᠢ᠂  ᠨᠣᠣᠯᠣᠭᠤᠷ᠂ ᠲᠠᠷᠢᠶᠠᠯᠠᠩ ᠤᠨ ᠪᠦᠲᠦᠭᠡᠭᠳᠡᠬᠦᠨ᠂ ᠡᠮ ᠡᠮᠨᠡᠯᠭᠡ ᠵᠡᠷᠭᠡ ᠣᠨᠴᠠᠯᠢᠭᠲᠤ ᠠᠵᠤ ᠦᠢᠯᠡᠰ ᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠠᠬᠢᠭᠤᠯᠤᠨ᠂ ᠭᠠᠳᠠᠭᠠᠳᠤ ᠠᠷᠠᠯᠵᠢᠶᠠᠨ ᠤ ᠬᠡᠯᠪᠡᠷᠢ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠬᠢᠭᠡᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ᠂ ᠬᠢᠯᠢ ᠶᠢᠨ ᠭᠠᠳᠠᠨᠠᠬᠢ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠶᠢ ᠵᠣᠷᠢᠭᠵᠢᠭᠤᠯᠵᠤ  ᠂ ᠦᠢᠯᠡᠳᠬᠦᠨ ᠢᠶᠠᠨ ᠬᠢᠯᠢ ᠶᠢᠨ ᠭᠠᠳᠠᠨ᠎ᠠ ᠡᠵᠡᠩᠨᠡᠨ ᠪᠣᠷᠣᠯᠠᠭᠤᠯᠬᠤ ᠠᠷᠭ᠎ᠠ ᠵᠠᠮ ᠢ  ᠨᠢ ᠲᠠᠰᠤᠷᠠᠯᠲᠠ ᠦᠭᠡᠢ ᠥᠷᠭᠡᠳᠬᠡᠨ᠎ᠡ᠃ 2020 ᠣᠨ ᠳᠤ ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶᠠᠨ ᠤ ᠬᠡᠯᠪᠡᠷᠢ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠡᠬᠢᠯᠡᠭᠦᠯᠦᠨ᠎ᠡ᠃      2. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠰᠢᠨ᠎ᠡ ᠶᠢ ᠡᠭᠦᠳᠦᠨ ᠦᠢᠯᠡᠰ ᠴᠣᠭᠴᠠᠯᠠᠬᠤ︾ ᠰᠢᠨ᠎ᠡ ᠲᠠᠪᠴᠠᠩ ᠢ ᠡᠭᠦᠳᠦᠨ ᠪᠠᠶᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠦᠷᠢᠶᠡᠨ ᠳᠤ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠦᠢᠯᠡᠰ ᠴᠣᠭᠴᠠᠯᠠᠭᠴᠢᠳ ᠲᠤ ᠲᠠᠯᠠᠪᠤᠷ ᠭᠠᠵᠠᠷ᠂ ᠴᠢᠳᠠᠪᠤᠷᠢᠲᠠᠨ᠂ ᠮᠡᠷᠭᠡᠵᠢᠯ᠂ ᠪᠠᠯᠠ ᠮᠥᠩᠭᠦᠨ ᠤ ᠳᠡᠮᠵᠢᠯᠭᠡ ᠪᠠ ᠦᠢᠯᠡᠰ ᠴᠣᠭᠴᠠᠯᠠᠬᠤ ᠲᠠᠪᠴᠠᠩ ᠤᠨ ᠨᠡᠪᠴᠢᠭᠦᠯᠬᠦ ᠦᠢᠯᠡᠴᠢᠯᠡᠭᠡ ᠬᠠᠩᠭᠠᠨ᠎ᠠ᠃ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠣᠷᠣᠨ ᠪᠦᠰᠡ ᠶᠢᠨ ᠲᠠᠪᠴᠠᠩ ᠢ ᠳᠡᠮᠵᠢᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠢᠶᠠᠷ ᠢᠶᠠᠨ ᠴᠣᠭᠴᠠᠯᠠᠬᠤ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠲᠡᠳᠬᠦᠬᠦ᠂ ᠣᠯᠠᠨ ᠢᠶᠠᠷ ᠢᠶᠠᠨ ᠴᠤᠭᠯᠠᠭᠤᠯᠬᠤ ᠵᠡᠷᠭᠡ ᠰᠢᠨ᠎ᠡ ᠵᠠᠭᠪᠤᠷ ᠪᠦᠬᠦᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ‌‍ᠶᠢᠨ ᠰᠦᠯᠵᠢᠶᠡᠨ ᠳᠠᠬᠢ ᠵᠢᠱᠢᠮᠡᠭ ᠣᠷᠣᠨ ᠵᠠᠶ ᠶᠢᠨ ᠬᠥᠭᠵᠢᠯᠲᠡ ᠶᠢ ᠵᠣᠷᠢᠭᠵᠢᠭᠤᠯᠤᠨ᠎ᠠ᠃      3. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠲᠣᠮᠣ ᠳ᠋ᠠᠶᠢᠲ᠋ᠠ︾ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ︽ᠥᠪᠥᠷ ᠮᠣᠩᠭᠤᠯ ᠤᠨ ᠵᠡᠭᠦᠨ ᠬᠡᠰᠡᠭ ᠤᠨ ᠡᠭᠦᠯᠡᠨ ᠪᠤᠳᠤᠯᠲᠠ ᠶᠢᠨ ᠲᠥᠪ︾ ᠢᠶᠠᠷ ᠲᠦᠰᠢᠭ ᠪᠣᠯᠭᠠᠵᠤ᠂ ᠬᠡᠷᠡᠭᠴᠡᠭᠡ ᠶᠢᠨ ᠱᠠᠭᠠᠷᠳᠠᠯᠭ᠎ᠠ ᠪᠠᠷ ᠬᠠᠩᠭᠠᠬᠤ ᠦᠢᠯᠡᠴᠢᠯᠡᠭᠡ ᠥᠷᠨᠢᠭᠦᠯᠦᠨ᠂ ︽ᠣᠨᠴᠠᠯᠢᠭᠲᠤ ᠳᠠᠪᠠᠭᠤᠯᠢᠭ ᠠᠵᠤ ᠦᠢᠯᠡᠰ︾ ︽ᠭᠠᠳᠠᠭᠠᠳᠤ ᠠᠷᠠᠯᠵᠢᠶᠠᠨ ᠤ ᠭᠤᠤᠯᠯᠠᠭᠴᠢ ᠠᠵᠤ ᠠᠬᠤᠶᠢᠯᠠᠯ︾ ᠢ ᠬᠠᠪᠰᠤᠷᠤᠨ ᠪᠥᠬᠦ ᠳᠡᠯᠡᠬᠡᠶ ᠶᠢᠨ ᠵᠠᠬ᠎ᠠ ᠳᠡᠯᠭᠡᠭᠦᠷ ᠲᠤ ᠣᠨᠣᠴᠠᠲᠠᠶ ᠪᠠᠷ ᠡᠵᠡᠩᠨᠡᠨ ᠪᠣᠷᠣᠯᠠᠭᠤᠯᠵᠤ᠂ ᠬᠠᠮᠤᠭ ᠲᠦᠷᠭᠡᠨ ᠪᠥᠭᠡᠳ ᠬᠠᠮᠤᠭ ᠳᠣᠤᠷ᠎ᠠ ᠥᠪᠡᠷ ᠤᠨ ᠥᠷᠲᠡᠭ ᠢᠶᠠᠷ ᠭᠠᠳᠠᠭᠠᠳᠤ ᠶᠢᠨ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ ᠶᠢ ᠳᠡᠭᠡᠭᠰᠢᠯᠡᠭᠦᠯᠦᠨ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠲᠣᠮᠣ ᠳ᠋ᠠᠶᠢᠲ᠋ᠠ ᠶᠢᠨ ᠲᠥᠪ ᠢ ᠠᠯᠬᠤᠮ ᠠᠯᠬᠤᠮ ᠢᠶᠠᠷ ᠪᠠᠶᠢᠭᠤᠯᠵᠤ ᠳᠠᠭᠤᠰᠬᠠᠬᠤ ᠶᠢᠨ ᠬᠠᠮᠲᠤ᠂ ᠲᠣᠮᠣ ᠳ᠋ᠠᠶᠢᠲ᠋ᠠ ᠶᠢᠨ ᠦᠢᠯᠡᠴᠢᠯᠡᠭᠡ ᠶᠢ ᠠᠰᠢᠭᠯᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠨᠡᠶᠢᠳᠡᠮ ᠬᠠᠮᠤᠷᠬᠤ ᠶᠢ ᠪᠡᠶᠡᠯᠡᠭᠦᠯᠦᠨ᠎ᠡ᠃      4. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ︾ ᠰᠢᠨ᠎ᠡ ᠣᠷᠣᠨ ᠵᠠᠶ ᠶᠢ ᠥᠷᠭᠡᠳᠬᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠠᠬᠢ ᠠᠷᠠᠯᠵᠢᠶᠠᠨ ᠤ ᠲᠠᠪᠴᠠᠩ ᠪᠠ ᠰᠦᠯᠵᠢᠶᠡᠨ ᠠᠴᠠ ᠭᠠᠳᠠᠭᠤᠷ ᠲᠥᠪᠯᠡᠷᠡᠭᠦᠯᠦᠨ ᠲᠣᠬᠢᠷᠠᠭᠤᠯᠬᠤ ᠲᠥᠪ ᠢ ᠪᠠᠶᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠭ᠎ᠠ ᠮᠠᠶ᠋ᠢᠭ ᠢ ᠠᠰᠢᠭᠯᠠᠨ ᠨᠤᠲᠤᠭ ᠪᠦᠰᠡ ᠠᠯᠤᠰᠯᠠᠭᠰᠠᠨ᠂ ᠴᠡᠭ ᠲᠤ ᠬᠠᠨᠳᠤᠭᠤᠯᠤᠭᠰᠠᠨ᠂ ᠬᠠᠪᠰᠤᠷᠤᠯᠴᠠᠭ᠎ᠠ ᠪᠠᠶᠢᠭᠤᠯᠤᠭᠰᠠᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠨ᠎ᠡ᠃      5. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠦᠵᠡᠰᠬᠦᠯᠡᠩ ᠴᠣᠭᠯᠠᠭᠠᠨ︾ ᠤ ᠰᠢᠨ᠎ᠡ ᠨᠠᠷᠠᠲᠤ ᠲᠡᠮᠳᠡᠭ ᠢ ᠨᠡᠭᠡᠭᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠦᠵᠡᠰᠬᠦᠯᠡᠩ ᠴᠤᠭᠯᠠᠭᠠᠨ ᠳᠤ ᠢᠳᠡᠪᠬᠢᠲᠡᠢ ᠣᠷᠣᠯᠴᠠᠭᠤᠯᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠳᠠᠪᠠᠭᠤᠯᠢᠭ ᠢ ᠶᠡᠭᠡ ᠪᠠᠷ ᠤᠬᠠᠭᠤᠯᠤᠨ᠎ᠠ᠃ ᠳᠤᠮᠳᠠᠳᠤ ᠤᠯᠤᠰ ᠤᠨ ᠭᠠᠳᠠᠭᠠᠲᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠴᠤᠭᠯᠠᠭᠠᠨ᠂ ᠭᠠᠳᠠᠭᠠᠳᠤ ᠠᠴᠠ ᠣᠷᠣᠭᠤᠯᠬᠤ ᠲᠠᠸᠠᠷ ᠤᠨ ᠦᠵᠡᠰᠬᠦᠯᠡᠩ ᠤᠨ ᠴᠤᠭᠯᠠᠭᠠᠨ᠂ ᠡᠳ᠋ᠰᠢᠭᠦᠯᠵᠦ ᠠᠷᠠᠯᠵᠢᠶᠠᠯᠠᠬᠤ ᠦᠢᠯᠡᠳᠬᠦᠨ ᠤ ᠦᠵᠡᠰᠬᠦᠯᠡᠩ ᠤᠨ ᠴᠤᠭᠯᠠᠭᠠᠨ ᠵᠡᠷᠭᠡ ᠰᠦᠯᠵᠢᠶᠡᠨ ᠠᠴᠠ ᠭᠠᠳᠠᠭᠤᠷᠬᠢ ᠲᠣᠮᠣ ᠬᠡᠪᠴᠢᠶᠡᠨ ᠤ ᠦᠵᠡᠰᠭᠦᠯᠡᠩ ᠴᠤᠭᠯᠠᠭᠠᠨ ᠤ ᠡᠬᠢ ᠪᠠᠶᠠᠯᠢᠭ ᠲᠤ ᠲᠦᠰᠢᠭᠯᠡᠨ᠂ ᠰᠦᠯᠵᠢᠶ᠎ᠡ ᠪᠠᠷ ᠦᠵᠡᠰᠬᠦᠯᠡᠩ ᠴᠤᠭᠯᠠᠭᠠᠨ ᠡᠷᠬᠢᠯᠡᠬᠦ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠰᠦᠯᠵᠢᠶᠡᠨ ᠤ ᠪᠠ ᠰᠦᠯᠵᠢᠶᠡᠨ ᠤ ᠭᠠᠳᠠᠭᠤᠷᠬᠢ ᠶᠢ ᠠᠭᠤᠰᠤᠯᠴᠠᠭᠤᠯᠤᠭᠰᠠᠨ ᠦᠵᠡᠰᠬᠦᠯᠡᠩ ᠴᠤᠭᠯᠠᠭᠠᠨ ᠤ ᠰᠢᠨ᠎ᠡ ᠨᠡᠷᠡᠲᠦ ᠲᠡᠮᠳᠡᠭ ᠢ ᠪᠣᠢ ᠪᠣᠯᠭᠠᠨ᠂ ᠡᠯ᠎ᠡ ᠲᠥᠷᠥᠯ ᠤᠨ ᠦᠵᠡᠰᠬᠦᠯᠡᠩ ᠴᠤᠭᠯᠠᠭᠠᠨ ᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠠᠴᠠ ᠭᠠᠳᠠᠭᠤᠷ ᠦᠵᠡᠭᠦᠯᠵᠦ ᠪᠠᠶᠢᠭᠰᠠᠨ ᠢ ᠰᠦᠯᠵᠢᠶ᠎ᠡ ᠪᠠᠷ ᠳᠡᠯᠭᠡᠨ ᠦᠵᠡᠭᠦᠯᠬᠦ ᠲᠡᠶᠢᠰᠢ ᠬᠥᠭᠵᠢᠭᠦᠯᠵᠦ᠂ ᠦᠵᠡᠰᠬᠦᠯᠡᠩ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ ᠤᠨ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠦᠵᠡᠰᠭᠦᠯᠡᠩ ᠴᠤᠭᠯᠠᠭᠠᠨ︾ ᠤ ᠲᠠᠪᠴᠠᠩ ᠢᠶᠠᠷ ᠨᠡᠶᠢᠯᠡᠨ  ᠴᠤᠭᠯᠠᠷᠠᠵᠤ ᠠᠷᠠᠯᠵᠢᠶᠠᠯᠠᠨ ᠰᠣᠯᠢᠯᠴᠠᠬᠤ ᠶᠢ ᠨᠢ ᠠᠬᠢᠭᠤᠯᠤᠨ᠎ᠠ᠃      6. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠭᠠᠳᠠᠭᠠᠳᠤ ᠳᠠᠬᠢ ᠰᠠᠩ ᠬᠥᠮᠥᠷᠭᠡ︾ ᠶᠢᠨ ᠰᠢᠨ᠎ᠡ ᠵᠠᠭᠪᠤᠷ ᠲᠤ ᠰᠢᠨ᠎ᠡ ᠶᠢ ᠡᠭᠦᠳᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠭᠠᠳᠠᠭᠠᠳᠤ ᠳᠠᠬᠢ ᠰᠠᠩ‌‍ᠬᠥ᠋ᠮᠥᠷᠭᠡ ᠶᠢᠨ ᠲᠤᠬᠠᠶᠢᠯᠠᠭᠰᠠᠨ ᠠᠵᠢᠯ ᠢ ᠳᠡᠯᠭᠡᠷᠡᠭᠦᠯᠬᠦ ᠪᠠ ᠵᠣᠯᠭᠠᠭᠤᠯᠬᠤ ᠠᠵᠢᠯᠯᠠᠭ᠎ᠠ ᠶᠢ ᠡᠷᠬᠢᠯᠡᠨ᠂ ᠠᠵᠤ ᠠᠬᠤᠶᠢᠯᠠᠯ ᠤᠨ ︽ᠣᠩᠭᠤᠴᠠ ᠵᠢᠭᠡᠯᠡᠵᠦ ᠳᠠᠯᠠᠢ ᠪᠠᠷ ᠭᠠᠳᠠᠭᠰᠢ ᠭᠠᠷᠬᠤ︾ ᠶᠢ ᠵᠣᠷᠢᠭᠵᠢᠭᠤᠯᠵᠤ᠂ ᠤᠯᠠᠭᠠᠨᠬᠠᠳᠠ ᠬᠤᠲᠠ ᠪᠠ ᠪᠦᠬᠦ ᠣᠷᠣᠨ ᠤ ᠦᠢᠯᠡᠳᠬᠦᠨ ᠢ ︽ᠭᠠᠳᠠᠭᠰᠢ ᠪᠤᠷᠤᠯᠠᠭᠤᠯᠬᠤ︾ ᠶᠢ ᠨᠢ ᠳᠠᠶᠢᠴᠢᠯᠠᠨ᠎ᠠ᠃      ︵ᠬᠤᠶᠠᠷ︶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃      1. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ  ᠰᠦᠪᠡᠭᠴᠢᠯᠡᠨ ᠪᠠᠶᠢᠭᠤᠯᠤᠨ᠎ᠠ᠃ 2020 ᠣᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠳᠠᠭᠤᠰᠬᠠᠵᠤ᠂ ᠪᠦᠷᠢᠳᠬᠡᠨ ᠳᠠᠩᠰᠠᠯᠠᠭᠤᠯᠬᠤ ᠪᠠ ᠪᠣᠭᠤᠮᠲᠠ ᠪᠠᠷ ᠥᠩᠭᠡᠷᠡᠭᠡᠬᠦ ᠵᠡᠷᠭᠡ ᠦᠨᠳᠦᠰᠦᠨ ᠴᠢᠳᠠᠮᠵᠢ ᠲᠠᠢ ᠪᠣᠯᠭᠠᠨ᠎ᠠ︔ 2021 ᠣᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ  ᠪᠦᠬᠦᠨ ᠢ ᠪᠠᠶᠢᠭᠤᠯᠬᠤ ᠠᠵᠢᠯ ᠢᠶᠠᠨ ᠳᠠᠭᠤᠰᠬᠠᠵᠤ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠣ ᠬᠠᠷᠢᠯᠴᠠᠨ ᠰᠣᠯᠢᠯᠴᠠᠬᠤ ᠪᠠ ᠬᠠᠮᠵᠢᠯᠴᠠᠨ ᠠᠵᠢᠯᠯᠠᠬᠤ ᠪᠣᠯᠭᠠᠨ᠎ᠠ︔ 2022 ᠣᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢᠶᠠᠷ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠪᠦᠬᠦᠨ ᠢ ᠬᠠᠮᠤᠷᠴᠤ᠂ ᠪᠦᠷᠢᠳᠬᠡᠨ ᠳᠠᠩᠰᠠᠯᠠᠬᠤ᠂ ᠪᠣᠭᠤᠮᠲᠠ ᠥᠩᠭᠡᠷᠡᠬᠦ ᠶᠢ ᠨᠢ ᠨᠡᠶᠢᠳᠡᠮ ᠪᠠᠶᠢᠴᠠᠭᠠᠬᠤ᠂ ᠪᠠᠶᠢᠴᠠᠭᠠᠨ ᠰᠢᠯᠭᠠᠵᠤ ᠥᠩᠭᠡᠷᠡᠭᠦᠯᠬᠦ᠂ ᠪᠦᠷᠢᠳᠬᠡᠵᠦ ᠬᠢᠨᠠᠨ ᠰᠢᠨᠵᠢᠬᠦ᠂ ᠶᠠᠰᠤ ᠴᠢᠨᠠᠷ ᠢ ᠨᠢ ᠮᠥᠷᠳᠡᠨ ᠤᠬᠤᠴᠢᠯᠠᠬᠤ᠂ ᠢᠲᠡᠭᠡᠮᠵᠢ ᠶᠢ ᠨᠢ ᠬᠠᠮᠢᠶᠠᠷᠤᠨ ᠡᠵᠡᠮᠳᠡᠬᠦ᠂ ᠭᠠᠷᠤᠯ ᠢ ᠨᠢ ᠭᠡᠷᠡᠴᠢᠯᠡᠬᠦ ᠵᠡᠷᠭᠡ ᠦᠢᠯᠡᠴᠢᠯᠡᠭᠡ ᠶᠢ ᠪᠦᠷᠢᠨ ᠭᠦᠢᠴᠡᠳ ᠪᠣᠯᠭᠠᠨ᠂ ᠪᠥᠬᠦ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠪᠣᠯᠭᠠᠨ᠎ᠠ᠃      2. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠭᠤᠤᠯ ᠴᠣᠭᠴᠠ ᠳᠤ ᠪᠦᠷᠢᠳᠬᠡᠨ ᠳᠠᠩᠰᠠᠯᠠᠵᠤ ᠲᠡᠮᠳᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠨᠢ ᠲᠤᠬᠠᠶᠢᠯᠠᠭᠰᠠᠨ ᠠᠵᠢᠯ ᠤᠨ ᠵᠠᠭᠪᠤᠷ ᠢ ᠦᠨᠳᠦᠰᠦᠯᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠠᠵᠤ ᠠᠬᠤᠶᠢᠯᠠᠯ ᠤᠨ  ᠬᠤᠯᠪᠣᠭᠳᠠᠯ ᠪᠦᠬᠦᠢ ᠮᠡᠳᠡᠭᠡ ᠵᠠᠩᠭᠢ ᠪᠠ ᠲᠠᠸᠠᠷ ᠤᠨ ᠮᠡᠳᠡᠭᠡ ᠵᠠᠩᠭᠢ ᠶᠢ ᠲᠡᠮᠳᠡᠭᠯᠡᠵᠦ ᠪᠦᠷᠢᠳᠬᠡᠨ ᠳᠠᠩᠰᠠᠯᠠᠨ᠎ᠡ᠃ ᠡᠯ᠎ᠡ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠠᠰᠢᠭᠯᠠᠵᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠠᠯ ᠪᠠ  ᠪᠦᠷᠢᠳᠬᠡᠨ ᠳᠠᠩᠰᠠᠯᠠᠭᠤᠯᠤᠭᠰᠠᠨ ᠲᠠᠸᠠᠷ ᠲᠤ ᠬᠢᠨᠠᠨ ᠬᠠᠷᠭᠤᠭᠤᠯᠵᠤ ᠬᠠᠮᠢᠶᠠᠷᠬᠤ ᠠᠵᠢᠯ ᠢ ᠬᠢᠵᠦ᠂ ᠪᠥᠬᠦ ᠶᠠᠪᠤᠴᠠ ᠳᠤ ᠨᠢ ᠴᠠᠭᠠᠰᠤᠨ ᠬᠠᠭᠤᠳᠠᠰᠤ ᠬᠡᠷᠡᠭᠯᠡᠬᠦ ᠦᠭᠡᠢ ᠪᠠᠷ ᠪᠣᠭᠤᠮᠲᠠ ᠥᠩᠭᠡᠷᠡᠭᠦᠯᠬᠦ ᠦᠢᠯᠡᠴᠢᠯᠡᠭᠡᠨ ᠢ ᠠᠬᠢᠭᠤᠯᠣᠨ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠦᠷᠢᠳᠬᠡᠨ ᠳᠠᠩᠰᠠᠯᠠᠬᠤ᠂ ᠪᠡᠶ᠎ᠡ ᠪᠠᠨ ᠳᠠᠭᠠᠭᠠᠵᠤ ᠭᠠᠶᠢᠯᠢ ᠮᠡᠳᠡᠭᠦᠯᠬᠦ᠂ ᠥᠪᠡᠰᠦᠪᠡᠨ ᠪᠣᠭᠤᠮᠲᠠ ᠥᠩᠭᠡᠷᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 2020 ᠣᠨ ᠤ ᠳᠡᠭᠡᠷ᠎ᠡ ᠬᠠᠭᠠᠰ ᠵᠢᠯ ᠳᠤ ᠪᠦᠷᠢᠳᠬᠡᠨ ᠳᠠᠩᠰᠠᠯᠠᠬᠤ ᠰᠢᠰᠲ᠋ᠧᠮ ᠢ ᠪᠠᠶᠢᠭᠤᠯᠤᠨ ᠳᠠᠭᠤᠰᠬᠠᠵᠤ᠂ 2020 ᠣᠨ ᠤ  ᠰᠡᠭᠦᠯᠴᠢ ᠳᠤ ᠨᠢᠭᠡ ᠯᠠ ᠤᠳᠠᠭ᠎ᠠ ᠪᠦᠷᠢᠳᠬᠡᠨ ᠳᠠᠩᠰᠠᠯᠠᠭᠤᠯᠵᠤ᠂ ᠣᠯᠠᠨ ᠭᠤᠤᠯ ᠴᠣᠭᠴᠠ ᠪᠠᠷ ᠢᠶᠠᠨ ᠬᠠᠮᠲᠤ ᠳᠤ ᠪᠠᠨ ᠠᠰᠢᠭᠯᠠᠨ᠂ ᠪᠥᠬᠦ ᠴᠤᠪᠤᠷᠠᠯ ᠳᠤ ᠬᠡᠷᠡᠭᠯᠡᠬᠦ ᠪᠣᠯᠭᠠᠨ᠎ᠠ᠃      3. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠴᠤᠪᠤᠷᠠᠯ᠂ ᠬᠢᠨᠠᠨ ᠬᠠᠮᠢᠶᠠᠷᠬᠤ ᠪᠠᠷᠢᠮᠵᠢᠶ᠎ᠠ ᠪᠠ ᠳᠥᠭᠦᠮᠴᠢᠯᠡᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠲᠣᠭᠲᠠᠭᠠᠨ᠎ᠠ᠃ ᠪᠣᠭᠤᠮᠲᠠ ᠶᠢᠨ ᠶᠡᠷᠦᠩᠬᠡᠶ ᠵᠠᠬᠢᠷᠭ᠎ᠠ  ᠶᠢᠨ ᠰᠢᠨ᠎ᠡ ᠪᠠᠷ ᠭᠠᠷᠭᠠᠭᠰᠠᠨ B2B ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠣᠷᠣᠯᠠᠬᠤ ᠨᠣᠮᠧᠷ ᠢ ᠰᠠᠶᠢᠲᠤᠷ  ᠬᠡᠷᠡᠭᠯᠡᠭᠰᠡᠨ ᠰᠠᠭᠤᠷᠢᠨ ᠳᠡᠭᠡᠷ᠎ᠡ᠂ ᠮᠠᠨᠵᠤᠤᠷ ᠪᠣᠭᠤᠮᠲᠠ ᠯᠤᠭ᠎ᠠ ᠢᠳᠡᠪᠬᠢᠲᠡᠢ ᠵᠣᠯᠭᠠᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠭᠠᠳᠠᠭᠠᠳᠤ ᠳᠤ ᠭᠠᠷᠭᠠᠬᠤ ᠮᠣᠳᠦ᠋ᠯ ᠢ ᠬᠠᠮᠲᠤ ᠪᠠᠷ ᠰᠦᠪᠡᠭᠴᠢᠯᠡᠨ ᠨᠡᠮᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠭᠠᠳᠠᠭᠠᠳᠤ ᠳᠤ ᠭᠠᠷᠭᠠᠬᠤ ᠯᠤᠭ᠎ᠠ ᠵᠣᠬᠢᠴᠠᠭᠰᠠᠨ ᠪᠣᠭᠤᠮᠲᠠ ᠶᠢᠨ ᠪᠦᠷᠢᠳᠬᠡᠬᠦ ᠠᠷᠭ᠎ᠠ ᠶᠢ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠭᠠᠳᠠᠭᠠᠳᠤ ᠳᠤ ᠭᠠᠷᠭᠠᠬᠤ ᠵᠦᠢᠯ ᠤᠨ ᠪᠣᠭᠤᠮᠲᠠ ᠥᠩᠭᠡᠷᠡᠭᠦᠯᠬᠦ ᠠᠵᠢᠯ ᠳᠤ ᠴᠠᠭᠠᠰᠤᠨ ᠬᠠᠭᠤᠳᠠᠰᠤ ᠬᠡᠷᠡᠭᠯᠡᠬᠦ ᠥᠬᠡᠶ ᠪᠣᠯᠬᠤ ᠶᠢ ᠪᠡᠶᠡᠯᠡᠭᠦᠯᠦᠨ᠎ᠡ᠃ ᠨᠥᠬᠦᠴᠡᠯ ᠳᠤ ᠨᠡᠶᠢᠴᠡᠭᠰᠡᠨ B2B ᠭᠠᠳᠠᠭᠠᠳᠤ ᠳᠤ ᠭᠠᠷᠭᠠᠬᠤ ᠲᠠᠸᠠᠷ ᠤᠨ ᠭᠠᠶᠢᠯᠢ ᠥᠯᠥ ᠲᠠᠲᠠᠪᠤᠷᠢᠯᠠᠨ ᠳᠠᠬᠢᠨᠲᠠ ᠲᠡᠭᠡᠭᠡᠪᠦᠷᠢᠯᠡᠵᠦ ᠬᠢᠯᠢ ᠪᠠᠷ ᠣᠷᠣᠭᠤᠯᠬᠤ ᠠᠵᠢᠯᠯᠠᠭᠠᠨ ᠤ ᠴᠤᠪᠤᠷᠠᠯ ᠢ ᠪᠠᠶᠢᠭᠤᠯᠵᠤ᠂ ᠪᠣᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠲᠣᠭᠤᠷᠢᠭ ᠤᠨ B2B ᠭᠠᠳᠠᠭᠠᠳᠤ ᠳᠤ ᠭᠠᠷᠭᠠᠬᠤ ᠵᠦᠢᠯ ᠢᠶᠠᠨ ︽ᠤᠷᠢᠳ ᠢᠶᠠᠷ ᠲᠣᠭᠤᠷᠢᠭ ᠠᠴᠠ ᠭᠠᠷᠭᠠᠵᠤ ᠳᠠᠷᠠᠭ᠎ᠠ ᠨᠢ ᠪᠣᠭᠤᠮᠲᠠ ᠳᠤ ᠮᠡᠳᠡᠭᠦᠯᠬᠦ︾ ᠵᠠᠭᠪᠤᠷ ᠢ ᠲᠤᠷᠰᠢᠨ ᠬᠡᠷᠡᠭᠵᠢᠭᠦᠯᠦᠨ᠎ᠡ᠃ 2020 ᠣᠨ ᠤ  ᠰᠡᠭᠦᠯᠴᠢ ᠠᠴᠠ ᠡᠮᠦᠨ᠎ᠡ ᠨᠥᠬᠦᠴᠡᠯ ᠳᠤ ᠨᠡᠶᠢᠴᠡᠭᠰᠡᠨ B2B ᠭᠠᠳᠠᠭᠠᠳᠤ ᠳᠤ ᠭᠠᠷᠭᠠᠬᠤ ᠲᠠᠸᠠᠷ ᠤᠨ ᠭᠠᠶᠢᠯᠢ ᠥᠯᠥ ᠲᠠᠲᠠᠪᠤᠷᠢᠯᠠᠨ ᠳᠠᠬᠢᠨᠲᠠ ᠲᠡᠭᠡᠭᠡᠪᠦᠷᠢᠯᠡᠵᠦ ᠬᠢᠯᠢ ᠪᠠᠷ ᠣᠷᠣᠭᠤᠯᠬᠤ ᠠᠵᠢᠯᠯᠠᠭᠠᠨ ᠤ  ᠴᠤᠪᠤᠷᠠᠯ ᠢ ᠲᠣᠭᠲᠠᠭᠠᠨ᠎ᠠ᠃      4. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2C ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠴᠤᠪᠤᠷᠠᠯ ᠢ ᠬᠠᠭᠤᠯᠪᠤᠷᠢᠯᠠᠨ ᠲᠣᠭᠲᠠᠭᠠᠨ᠎ᠠ᠃ ᠪᠣᠭᠤᠮᠲᠠ ᠶᠢᠨ ᠳᠡᠭᠡᠳᠦ ᠳᠣᠤᠷᠠᠳᠤ ᠱᠠᠲᠤ ᠶᠢ ᠵᠣᠯᠭᠠᠭᠤᠯᠤᠨ᠂ ᠬᠢᠯᠢ ᠠᠯᠤᠰᠯᠠᠨ ᠰᠢᠭᠤᠳ ᠬᠤᠳᠠᠯᠳᠤᠨ ᠠᠪᠬᠤ ᠪᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ︽9610︾ ᠵᠠᠭᠪᠤᠷ ᠤᠨ ᠬᠢᠨᠠᠯᠲᠠ ᠬᠠᠮᠢᠶᠠᠷᠤᠯᠲᠠ ᠶᠢᠨ ᠲᠥᠰᠦᠯ ᠢ ᠬᠠᠮᠲᠤ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠰᠦᠯᠵᠢᠶ᠎ᠡ ᠪᠠᠷ ᠬᠤᠳᠠᠯᠳᠤᠨ ᠠᠪᠬᠤ ᠳᠤ ᠭᠠᠶᠢᠯᠢ ᠶᠢ ᠪᠠᠲᠤᠯᠠᠬᠤ ︽1210︾ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠠᠶᠢᠭᠤᠯᠤᠨ ᠵᠢᠷᠤᠮᠵᠢᠭᠤᠯᠤᠨ᠎ᠠ᠃ ᠵᠢᠵᠢᠭᠯᠡᠨ ᠬᠤᠳᠠᠯᠳᠤᠨ ᠠᠪᠬᠤ ᠶᠢᠨ ᠭᠠᠳᠠᠭᠠᠳᠤ ᠠᠴᠠ ᠣᠷᠣᠭᠤᠯᠬᠤ ᠵᠠᠭᠪᠤᠷ ᠲᠤ  ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠪᠤᠶᠤ ᠲᠡᠭᠦᠨ ᠤ ᠣᠷᠣᠯᠠᠭᠴᠢ   ᠨᠢ ᠨᠠᠷᠢᠨ ᠬᠠᠭᠤᠳᠠᠰᠤ ᠪᠠᠷ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ᠭᠤᠶᠤᠴᠢᠯᠠᠨ ᠮᠡᠳᠡᠭᠦᠯᠬᠦ᠂ ᠭᠠᠶᠢᠯᠢ ᠲᠤᠰᠢᠶᠠᠬᠤ ᠵᠡᠷᠭᠡ ᠪᠣᠭᠤᠮᠲᠠ ᠶᠢᠨ ᠭᠠᠷᠳᠠᠮ ᠢ ᠣᠷᠣᠯᠠᠨ ᠭᠦᠢᠴᠡᠳᠬᠡᠬᠦ ᠶᠢᠨ ᠬᠠᠮᠲᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ᠂ ᠲᠦᠭᠰᠢᠭᠦᠷᠢ ᠶᠢ ᠦᠨᠡᠯᠡᠨ ᠵᠢᠱᠢᠬᠦ ᠰᠢᠰᠲ᠋ᠧᠮᠵᠢ᠂ ᠦᠢᠯᠡᠳᠬᠦᠨ ᠤ ᠢᠷᠡᠯᠲᠡ ᠶᠢ ᠮᠥᠷᠳᠡᠬᠦ ᠰᠢᠰᠲ᠋ᠧᠮᠵᠢ᠂ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠭᠰᠡᠨ ᠰᠠᠭᠤᠷᠢᠨ ᠳᠡᠭᠡᠷ᠎ᠡ᠂ ︽ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ︾ ᠪᠠᠷ ᠬᠢᠨᠠᠨ ᠬᠠᠮᠢᠶᠠᠷᠬᠤ ᠵᠠᠭᠪᠤᠷ ᠢ ᠲᠣᠭᠲᠠᠭᠠᠨ᠎ᠠ᠃ 2020 ᠣᠨ ᠤ ᠰᠡᠭᠦᠯᠴᠢ ᠳᠤ᠂ ᠬᠢᠯᠢ ᠠᠯᠤᠰᠯᠠᠨ ᠰᠢᠭᠤᠳ ᠬᠤᠳᠠᠯᠳᠤᠨ ᠠᠪᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ︽9610︾ ᠵᠠᠭᠪᠤᠷ ᠤᠨ ᠬᠢᠨᠠᠯᠲᠠ ᠬᠠᠮᠢᠶᠠᠷᠤᠯᠲᠠ ᠳᠤ ᠰᠢᠨ᠎ᠡ ᠡᠭᠦᠳᠦᠯᠲᠡ ᠬᠢᠬᠦ ᠶᠢ ᠠᠬᠢᠭᠤᠯᠵᠤ᠂ ᠬᠤᠪᠢ ᠬᠥᠮᠦᠨ ᠤ ᠭᠠᠳᠠᠭᠠᠳᠤ ᠠᠴᠠ ᠬᠤᠳᠠᠯᠳᠤᠵᠤ ᠠᠪᠤᠭᠰᠠᠨ ᠪᠠᠷᠠᠭ᠎ᠠ ᠶᠢᠨ ᠰᠦᠯᠵᠢᠶ᠎ᠡ ᠪᠠᠷ ᠪᠣᠭᠤᠮᠲᠠ ᠥᠩᠭᠡᠷᠡᠭᠦᠯᠬᠦ ᠳᠤ ᠬᠢᠨᠠᠯᠲᠠ ᠬᠠᠮᠢᠶᠠᠷᠤᠯᠲᠠ ᠬᠢᠬᠦ ᠠᠷᠭ᠎ᠠ ᠶᠢ ᠰᠦᠪᠡᠭᠴᠢᠯᠡᠨ᠎ᠡ᠃      5. ᠣᠯᠠᠨ ᠤᠯᠤᠰ ᠤᠨ ᠰᠢᠤᠳᠠᠨ ᠤ ᠵᠦᠢᠯ᠂ ᠲᠦᠷᠭᠡᠨ ᠢᠯᠡᠭᠡᠬᠦ ᠪᠣᠭᠤᠳᠠᠯ ᠪᠠᠭᠯᠠᠭ᠎ᠠ ᠶᠢᠨ ᠭᠦᠢᠯᠭᠡᠭᠡᠨ ᠳᠤ ᠬᠢᠨᠠᠯᠲᠠ ᠬᠠᠮᠢᠶᠠᠷᠤᠯᠲᠠ ᠬᠢᠬᠦ ᠠᠷᠭ᠎ᠠ ᠮᠠᠶ᠋ᠢᠭ ᠢ ᠰᠦᠪᠡᠭᠴᠢᠯᠡᠨ᠎ᠡ᠃ ᠤᠯᠠᠭᠠᠨᠬᠠᠳᠠ ᠬᠤᠲᠠ ᠶᠢᠨ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠪᠠᠶᠢᠭᠤᠯᠬᠤ ᠶᠢ ᠳᠠᠮᠵᠢᠵᠤ᠂ ᠣᠯᠠᠨ ᠤᠯᠤᠰ ᠤᠨ ᠰᠢᠤᠳᠠᠨ ᠤ ᠵᠦᠢᠯ᠂ ᠲᠦᠷᠭᠡᠨ ᠢᠯᠡᠭᠡᠯᠲᠡ᠂ ᠲᠦᠷᠭᠡᠨ   ᠢᠯᠡᠬᠡᠬᠦ ᠪᠣᠭᠤᠳᠠᠯ ᠪᠠᠭᠯᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠦᠪᠡᠭᠴᠢᠯᠡᠨ᠎ᠡ᠃ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ᠂ ᠪᠣᠭᠤᠮᠲᠠ᠂ ᠰᠢᠤᠳᠠᠨ ᠪᠠ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ ᠢ ᠢᠳᠡᠪᠬᠢᠲᠡᠶ  ᠵᠠᠯᠭᠠᠯᠳᠤᠭᠤᠯᠵᠤ᠂ ᠨᠢᠭᠤᠷᠳᠠᠨ ᠵᠢᠷᠤᠭᠤᠯᠬᠤ ᠮᠡᠳᠡᠭᠡ ᠵᠠᠩᠭᠢ᠂ ᠭᠥᠯᠢᠶᠡᠨ ᠠᠪᠤᠭᠰᠠᠨ ᠮᠡᠳᠡᠭᠡ ᠵᠠᠩᠭᠢ᠂ ᠪᠣᠭᠤᠳᠠᠯ ᠪᠠᠭᠯᠠᠭ᠎ᠠ  ᠶᠢ ᠪᠠᠶᠢᠴᠠᠭᠠᠨ ᠰᠢᠯᠭᠠᠭᠰᠠᠨ ᠮᠡᠳᠡᠭᠡ ᠵᠠᠩᠭᠢ᠂ ᠬᠤᠷᠢᠶᠠᠨ ᠠᠪᠴᠤ ᠶᠠᠪᠤᠭᠤᠯᠤᠭᠰᠠᠨ ᠵᠢᠩᠬᠢᠨᠢ ᠨᠡᠷ᠎ᠡ ᠶᠢᠨ ᠮᠡᠳᠡᠭᠡ ᠵᠠᠩᠭᠢ ᠪᠠᠷ ᠦᠨᠳᠦᠰᠦᠯᠡᠯ ᠪᠣᠯᠭᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡ ᠦᠢᠯᠡᠴᠢᠯᠡᠭᠡᠨ ᠤ ᠲᠠᠪᠴᠠᠩ ᠤᠨ ᠬᠤᠷᠢᠶᠠᠩᠭᠤᠶᠢᠯᠠᠨ ᠬᠤᠯᠪᠣᠭᠠᠯᠠᠵᠤ ᠨᠡᠪᠲᠡᠷᠡᠭᠦᠯᠬᠦ ᠪᠠᠷ ᠳᠠᠮᠵᠢᠭᠤᠯᠵᠤ᠂ ᠢᠨᠲ᠋ᠧᠷ ᠤᠨ ᠬᠠᠤᠯᠢ ᠬᠡᠷᠡᠭᠵᠢᠭᠦᠯᠭᠦ ᠲᠠᠢ ᠬᠠᠷᠭᠤᠭᠤᠯᠣᠨ ᠰᠢᠤᠳᠠᠨ ᠤ ᠲᠦᠷᠭᠡᠨ ᠢᠯᠡᠭᠡᠯᠲᠡ ᠳᠤ ᠬᠢᠨᠠᠯᠲᠠ ᠬᠠᠮᠢᠶᠠᠷᠤᠯᠲᠠ ᠬᠢᠬᠦ ᠠᠷᠭ᠎ᠠ ᠮᠠᠶ᠋ᠢᠭ ᠢ ᠰᠦᠪᠡᠭᠴᠢᠯᠡᠨ ᠪᠦᠷᠢᠯᠳᠦᠭᠦᠯᠦᠨ᠎ᠡ᠃ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠰᠢᠰᠲ᠋ᠧᠮᠵᠢ᠂ ᠳ᠋ᠠᠶᠢᠲ᠋ᠠ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠪᠠ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠭᠰᠢᠭᠦᠷᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠦᠨᠡᠯᠡᠨ ᠵᠢᠱᠢᠵᠦ ᠵᠠᠳᠠᠯᠬᠤ᠂ ᠰᠡᠷᠡᠮᠵᠢᠯᠡᠭᠦᠯᠦᠨ ᠰᠢᠢᠳᠪᠦᠷᠢᠯᠡᠬᠦ᠂ ᠳᠠᠬᠢᠨᠲᠠ ᠪᠠᠶᠢᠴᠠᠭᠠᠵᠤ ᠲᠡᠭᠦᠯᠳᠡᠷᠵᠢᠭᠦᠯᠬᠦ ᠵᠡᠷᠭᠡ ᠲᠣᠭᠲᠠᠴᠠ ᠶᠢ ᠪᠠᠶᠢᠭᠤᠯᠵᠦ ᠪᠦᠷᠢᠨᠰᠢᠭᠦᠯᠤᠨ᠂ ᠠᠷᠠᠯᠵᠢᠶᠠᠨ ᠤ ᠲᠠᠯ᠎ᠠ ᠪᠠᠷ ᠬᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠴᠤᠪᠤᠷᠠᠯ ᠤᠨ ᠵᠠᠩᠭᠢᠶᠠᠰᠤᠨ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠭᠤᠤᠯᠳᠠᠯᠭ᠎ᠠ ᠪᠣᠯᠭᠠᠨ᠂ ᠲᠦᠷᠭᠡᠨ ᠢᠯᠡᠭᠡᠯᠲᠡ ᠶᠢᠨ ᠪᠥᠬᠦ ᠴᠤᠪᠤᠷᠠᠯ ᠳᠤ ᠲᠤᠰᠬᠠᠶ ᠮᠡᠷᠭᠡᠵᠢᠯ ᠤᠨ ᠲᠦᠭᠰᠢᠭᠦᠷᠢ ᠶᠢᠨ ᠵᠠᠳᠠᠯᠤᠯᠲᠠ ᠬᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠤᠪᠢᠭᠤᠯᠵᠤ ᠢᠯᠡᠭᠡᠬᠦ ᠬᠦᠷᠢᠶᠡᠨ ᠳᠠᠬᠢ ᠬᠠᠤᠯᠢ ᠠᠴᠠ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠠᠳᠠᠯᠤᠯᠲᠠ ᠬᠢᠵᠦ᠂ ᠡᠯ᠎ᠡ ᠲᠥᠷᠥᠯ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ 2020 ᠣᠨ ᠤ ᠰᠡᠭᠦᠯᠴᠢ ᠪᠣᠯᠬᠤ ᠳᠤ᠂ ᠣᠯᠠᠨ ᠤᠯᠤᠰ ᠤᠨ ᠰᠢᠤᠳᠠᠨ ᠤ ᠵᠦᠢᠯ᠂ ᠲᠦᠷᠭᠡᠨ  ᠢᠯᠡᠬᠡᠬᠦ ᠪᠣᠭᠤᠳᠠᠯ ᠪᠠᠭᠯᠠᠭ᠎ᠠ ᠳᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠬᠢᠵᠦ᠂ ᠪᠣᠭᠤᠮᠲᠠ ᠪᠠᠷ ᠰᠠᠭᠠᠳ ᠦᠭᠡᠢ ᠥᠩᠭᠡᠷᠡᠭᠦᠯᠬᠦ ᠪᠣᠯᠭᠠᠨ᠎ᠠ᠃      ︵ᠭᠤᠷᠪᠠ︶ ᠶᠡᠷᠦᠩᠬᠡᠶᠢᠯᠡᠭᠰᠡᠨ ᠦᠢᠯᠡᠴᠢᠯᠡᠬᠦ ᠴᠢᠳᠠᠮᠵᠢ ᠶᠢ ᠲᠡᠭᠦᠯᠳᠡᠷᠵᠢᠭᠦᠯᠦᠨ᠎ᠡ᠃      1. ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠭᠠᠳᠠᠭᠠᠳᠤ ᠭᠤᠪᠢᠭᠤᠯᠭ᠎ᠠ ᠶᠢᠨ ᠪᠡᠯᠡ ᠮᠥᠩᠭᠦ ᠪᠠᠷ ᠳ᠋ᠦᠩᠨᠡᠨ ᠪᠣᠳᠣᠵᠤ ᠠᠷᠠᠯᠵᠢᠶᠠᠯᠠᠬᠤ ᠶᠢ ᠳᠦᠬᠦᠮ ᠠᠪᠰᠠᠷᠬᠠᠨ ᠪᠣᠯᠭᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠭᠴᠢ ᠨᠢ ᠲᠣᠭᠠᠴᠠᠭ᠎ᠠ ᠬᠢᠬᠦ ᠪᠠᠶᠢᠭᠤᠯᠤᠮᠵᠢ ᠪᠠᠷ ᠳᠠᠮᠵᠢᠭᠤᠯᠵᠤ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠳᠠᠩᠰᠠᠯᠠᠨ ᠲᠡᠮᠳᠡᠭᠯᠡᠭᠦᠯᠵᠦ ᠪᠣᠯᠤᠨ᠎ᠠ᠂  ᠳᠠᠩᠰᠠᠯᠠᠨ ᠲᠡᠮᠳᠡᠭᠯᠡᠭᠦᠯᠵᠦ ᠳᠠᠭᠤᠰᠤᠭᠰᠠᠨ ᠤ ᠳᠠᠷᠠᠭ᠎ᠠ ᠳᠠᠷᠤᠢ ᠳᠤ ᠨᠢ ᠭᠠᠳᠠᠭᠠᠳᠤ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠤᠨ᠎ᠠ᠂ ᠣᠨ ᠤ ᠡᠳ᠋ ᠪᠠᠷᠠᠭᠠᠨ ᠤ ᠠᠷᠠᠯᠵᠢᠶ᠎ᠠ ᠶᠢᠨ ᠭᠤᠪᠢᠭᠤᠯᠭ᠎ᠠ ᠬᠤᠷᠢᠶᠠᠮᠵᠢᠯᠠᠭᠰᠠᠨ ᠪᠤᠶᠤ ᠭᠤᠪᠢᠭᠤᠯᠣᠨ ᠶᠠᠪᠤᠭᠤᠯᠤᠭᠰᠠᠨ ᠵᠣᠭᠤᠰᠤᠨ ᠤ ᠨᠡᠶᠢᠲᠡ ᠲᠤᠭ᠎ᠠ ᠨᠢ 20 ᠲᠦᠮᠡᠨ ᠳ᠋ᠣᠯᠯᠠᠷ ︵ᠪᠠᠭᠲᠠᠬᠤ ᠦᠭᠡᠢ︶ ᠠᠴᠠ ᠪᠠᠭ᠎ᠠ ᠪᠠᠶᠢᠬᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭ ᠪᠢᠴᠢᠯ ᠠᠵᠤ ᠠᠬᠤᠶᠢᠯᠠᠯ ᠪᠣᠯ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠳᠠᠩᠰᠠᠯᠠᠨ ᠲᠡᠮᠳᠡᠭᠯᠡᠭᠦᠯᠬᠦ ᠦᠭᠡᠢ ᠪᠠᠶᠢᠵᠤ ᠪᠣᠯᠤᠨ᠎ᠠ᠃ ᠠᠷᠠᠯᠵᠢᠶᠠᠨ ᠤ ᠦᠨᠡᠨ ᠪᠣᠳᠠᠲᠠᠢ  ᠴᠢᠨᠠᠷ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠬᠤᠪᠢ ᠬᠥᠮᠦᠨ ᠪᠣᠯᠬᠤ ᠭᠤᠤᠯ ᠴᠣᠭᠴᠠ ᠨᠢ ᠪᠠᠩᠬᠢ ᠳᠤ ᠨᠡᠭᠡᠭᠡᠭᠰᠡᠨ ᠭᠠᠳᠠᠭᠠᠳᠤ ᠭᠤᠪᠢᠭᠤᠯᠭ᠎ᠠ ᠶᠢᠨ ᠬᠠᠳᠠᠭᠠᠯᠠᠮᠵᠢ ᠶᠢᠨ ᠲᠠᠩᠰᠠᠨ ᠡᠷᠦᠬᠡ ᠪᠠᠷ ᠢᠶᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠡᠳ᠋ ᠪᠠᠷᠠᠭᠠᠨ ᠤ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠳ᠋ᠦᠩᠨᠡᠨ ᠪᠣᠳᠣᠬᠤ ᠶᠢ ᠭᠦᠢᠴᠡᠳᠬᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠩᠭᠤ ᠶᠢᠨ ᠲᠦᠷᠦᠯ ᠵᠦᠢᠯᠡᠰ ᠤᠨ ᠲᠠᠯ᠎ᠠ ᠪᠠᠷ ᠬᠢ ᠪᠠᠭ᠎ᠠ ᠲᠣᠭᠠᠨ ᠤ ᠪᠠ ᠵᠢᠵᠢᠭ ᠰᠠᠵᠢᠭ ᠠᠷᠠᠯᠵᠢᠶᠠᠨ ᠤ ᠭᠤᠪᠢᠭᠤᠯᠭ᠎ᠠ ᠶᠢ ᠳ᠋ᠦᠩᠨᠡᠵᠦ ᠪᠤᠳᠤᠬᠤ ᠪᠠ ᠪᠣᠷᠣᠯᠠᠭᠤᠯᠵᠤ ᠬᠤᠳᠠᠯᠳᠤᠬᠤ ᠵᠦᠶ ᠵᠣᠬᠢᠰᠲᠠᠶ ᠬᠡᠷᠡᠭᠴᠡᠭᠡ ᠶᠢ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠢᠯᠯᠠᠭ᠎ᠠ ᠳᠤ ᠪᠠᠨ ᠠᠷᠠᠳ ᠤᠨ ᠵᠣᠭᠤᠰ ᠢᠶᠠᠷ ᠬᠠᠩᠰᠢᠯᠠᠵᠤ ᠳ᠋ᠦᠩᠨᠡᠨ ᠪᠤᠳᠤᠬᠤ ᠶᠢ ᠵᠣᠷᠢᠭᠵᠢᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠲᠣᠭᠠᠴᠠᠭ᠎ᠠ ᠬᠢᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠳᠤᠷᠠᠯᠴᠠᠭ᠎ᠠ ᠦᠷᠨᠢᠭᠦᠯᠬᠦ ᠶᠢ ᠳᠡᠮᠵᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠯᠢ ᠠᠯᠤᠰᠯᠠᠭᠰᠠᠨ ᠠᠷᠠᠳ ᠤᠨ ᠵᠣᠭᠤᠰᠤᠨ ᠤ ᠲᠤᠬᠠᠶᠢᠯᠠᠭᠰᠠᠨ ᠠᠵᠢᠯ ᠤᠨ ᠨᠡᠷᠡᠳᠬᠦᠨ ᠢ ᠪᠠᠶᠠᠯᠢᠭᠵᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠳᠤ ᠬᠢᠯᠢ ᠠᠯᠤᠰᠯᠠᠭᠰᠠᠨ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠰᠢᠯᠢᠳᠡᠭ ᠦᠢᠯᠡᠴᠢᠯᠡᠭᠡ ᠶᠢ ᠬᠠᠩᠭᠠᠨ᠎ᠠ᠃      2. ᠮᠥᠩᠭᠦᠨ ᠭᠦᠢᠯᠭᠡᠭᠡᠨ ᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠦᠯᠵᠢᠶ᠎ᠡ ᠪᠠᠷ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠠᠷᠭ᠎ᠠ ᠮᠠᠶ᠋ᠢᠭ ᠢ ᠰᠦᠪᠡᠭᠴᠢᠯᠡᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠣᠷᠣᠯᠴᠠᠬᠤ ᠡᠷᠴᠢᠮ ᠢ ᠴᠢᠩᠭᠠᠷᠠᠭᠤᠯᠤᠨ ᠂ ᠪᠠᠩᠬᠢ ᠪᠠ ᠳᠤᠮᠳᠠᠳᠤ ᠤᠯᠤᠰ ᠤᠨ ᠢᠲᠡᠬᠡᠮᠵᠢ ᠶᠢᠨ ᠳᠠᠭᠠᠳᠬᠠᠯ ᠢ ᠵᠣᠷᠢᠭᠵᠢᠭᠤᠯᠵᠤ ᠪᠠᠶᠢᠭᠠᠳ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠳᠤ ᠪᠠᠨ ᠢᠳᠡᠪᠬᠢᠲᠡᠶ ᠪᠠᠷ ᠰᠢᠨ᠎ᠡ ᠶᠢ ᠡᠭᠦᠳᠴᠦ᠂ ᠪᠠᠯᠠ ᠮᠥᠩᠭᠦᠨ ᠤ ᠨᠠᠷᠢᠨ ᠲᠣᠭᠠᠴᠠᠭ᠎ᠠ᠂ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ᠂ ᠬᠠᠩᠭᠠᠯᠭ᠎ᠠ ᠶᠢᠨ ᠬᠡᠯᠬᠢᠶᠡᠨ ᠤ ᠮᠥᠩᠭᠦᠨ ᠭᠦᠢᠯᠭᠡᠭᠡ ᠵᠡᠷᠭᠡ ᠮᠥᠩᠭᠦᠨ ᠭᠦᠢᠯᠭᠡᠭᠡᠨ ᠤ ᠨᠡᠩ ᠲᠦᠷᠭᠡᠨ ᠪᠥᠭᠡᠳ ᠨᠡᠩ ᠣᠨᠣᠪᠴᠢᠲᠠᠢ ᠦᠢᠯᠡᠴᠢᠯᠡᠭᠡ ᠶᠢ ᠬᠠᠩᠭᠠᠨ᠎ᠠ᠃ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠳᠤ ᠵᠣᠬᠢᠴᠠᠭᠰᠠᠨ ᠰᠢᠨ᠎ᠡ ᠮᠠᠶ᠋ᠢᠭ ᠤᠨ ᠳᠠᠭᠠᠳᠬᠠᠯ ᠤᠨ ᠵᠦᠢᠯ ᠢ ᠰᠢᠨ᠎ᠡ ᠪᠠᠷ ᠡᠭᠦᠳᠣᠨ  ᠰᠤᠳᠤᠯᠤᠨ ᠨᠡᠭᠡᠭᠡᠵᠦ᠂ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ ᠪᠠᠷ ᠪᠠᠯᠠ ᠲᠣᠬᠢᠷᠠᠭᠤᠯᠭ᠎ᠠ ᠬᠢᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠭᠰᠡᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠳ ᠭᠠᠳᠠᠭᠠᠳᠤ ᠳᠠᠬᠢ ᠠᠵᠤ ᠠᠬᠤᠶᠢᠯᠠᠯ ᠳᠤ ᠪᠠᠨ ᠵᠢᠭᠡᠯᠡᠯᠭᠡ ᠲᠠᠯᠪᠢᠬᠤ ᠳᠤ ᠳᠣᠲᠣᠭᠠᠳᠤ ᠶᠢᠨ ᠳᠠᠭᠠᠭᠠᠯᠲᠠ ᠪᠠᠷ ᠪᠠᠲᠤᠯᠠᠬᠤ ᠲᠥᠷᠥ ᠶᠢᠨ ᠪᠣᠳᠣᠯᠭ᠎ᠠ ᠶᠢ ᠬᠡᠷᠡᠭᠯᠡᠨ᠂ ᠭᠠᠳᠠᠭᠠᠳᠤ ᠶᠢᠨ ᠪᠠᠯᠠ ᠮᠥᠩᠭᠦ ᠶᠢ ᠠᠵᠤ ᠠᠬᠤᠶᠢᠯᠠᠯ ᠤᠨ ᠲᠣᠰ ᠪᠡᠶ᠎ᠡ ᠶᠢᠨ ᠬᠢᠯᠢ ᠶᠢᠨ ᠭᠠᠳᠠᠨᠠᠬᠢ ᠲᠥᠷᠥᠯ ᠵᠦᠢᠯ ᠵᠢᠴᠢ ᠬᠠᠷᠢᠶ᠎ᠠ ᠺᠣᠮᠫᠠᠨᠢ ᠶᠢᠨ ᠬᠥᠭᠵᠢᠯᠲᠡ ᠳᠤ ᠬᠡᠷᠡᠭᠯᠡᠬᠦ ᠶᠢ ᠨᠢ ᠵᠣᠷᠢᠭᠵᠢᠭᠤᠯᠤᠨ᠎ᠠ᠃ ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠪᠣᠴᠨ ᠳᠠᠬᠢ ᠪᠡᠯᠡ ᠲᠣᠬᠢᠷᠠᠭᠤᠯᠭ᠎ᠠ᠂ ᠲᠦᠭᠰᠢᠭᠦᠷᠢ ᠶᠢᠨ ᠪᠠᠲᠤᠯᠠᠭ᠎ᠠ ᠶᠢᠨ ᠲᠣᠭᠲᠠᠴᠠ ᠶᠢ ᠢᠳᠡᠪᠬᠢᠲᠡᠶ ᠰᠦᠪᠡᠭᠴᠢᠯᠡᠨ᠎ᠡ᠃ 2020 ᠣᠨ ᠤ  ᠰᠡᠭᠦᠯᠴᠢ ᠠᠴᠠ ᠡᠮᠦᠨ᠎ᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠢ ᠪᠡᠶᠡᠯᠡᠭᠦᠯᠵᠦ᠂ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠬᠦ ᠴᠢᠳᠠᠮᠵᠢ ᠶᠢ ᠰᠦᠯᠵᠢᠶ᠎ᠡ ᠪᠠᠷ ᠭᠦᠢᠴᠡᠳᠭᠡᠬᠦ ᠪᠣᠯᠭᠠᠨ᠎ᠠ᠃      3. ᠪᠠᠷᠠᠭᠠᠨ ᠤ ᠭᠦᠢᠯᠭᠡᠭᠡᠨ ᠤ ᠲᠦᠬᠦᠷᠵᠢᠭᠰᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠦᠢᠯᠡᠴᠢᠯᠡᠬᠦ ᠴᠢᠳᠠᠮᠵᠢ ᠶᠢ ᠳᠡᠭᠡᠭᠰᠢᠯᠡᠭᠦᠯᠦᠨ᠎ᠡ᠃ ᠵᠡᠭᠦᠨ ᠬᠤᠶᠢᠲᠤ ᠣᠷᠣᠨ  ᠤ ᠣᠷᠣᠨ ᠪᠦᠰᠡ ᠶᠢᠨ ᠪᠠᠶᠢᠷᠢᠰᠢᠯ ᠢ ᠲᠦᠷᠭᠡᠳᠬᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠠᠴᠤᠷᠠᠭᠠᠯᠠᠨ ᠨᠥᠯᠥᠭᠡᠯᠡᠬᠦ ᠬᠡᠪᠴᠢᠶ᠎ᠡ ᠶᠢ ᠥᠷᠭᠡᠳᠬᠡᠨ᠎ᠡ᠃ ᠳᠤᠮᠳᠠᠳᠤ ᠧᠦ᠋ᠷᠣᠫᠠ ︵ᠤᠯᠠᠭᠠᠨᠬᠠᠳᠠ ᠮᠠᠨᠵᠤᠤᠷ ᠧᠦ᠋ᠷᠣᠫᠠ︶ ᠶᠢᠨ ᠴᠢᠩᠭᠢᠭᠯᠢᠭᠲᠦ ᠡᠭᠡᠯᠵᠢ ᠶᠢᠨ ᠭᠠᠯᠲᠤ ᠲᠡᠷᠭᠡ ᠶᠢ ᠬᠤᠤᠰ ᠴᠢᠭᠯᠡᠯ ᠢᠶᠠᠷ ᠪᠠᠶᠢᠩᠭᠤᠵᠢᠭᠤᠯᠤᠨ ᠲᠡᠭᠡᠭᠡᠪᠦᠷᠢᠯᠡᠵᠦ ᠠᠶᠠᠯᠠᠬᠤ ᠶᠢ ᠠᠬᠢᠭᠤᠯᠵᠤ᠂ ᠭᠠᠳᠠᠭᠠᠳᠤ ᠳᠠᠬᠢ ᠰᠠᠩ ᠬᠥᠮᠥᠷᠭᠡ ᠶᠢ ᠤᠬᠠᠭᠠᠯᠠᠨ ᠲᠥᠰᠥᠪᠯᠡᠵᠦ ᠪᠦᠲᠦᠭᠡᠨ ᠪᠠᠶᠢᠭᠤᠯᠤᠨ᠎ᠠ᠃ ᠲᠢᠶᠠᠨᠵᠢᠨ᠂ ᠳ᠋ᠠᠯᠢᠶᠠᠨ᠂ ᠵᠢᠨᠵᠧᠦ ᠵᠡᠷᠭᠡ ᠭᠠᠷᠠᠮ ᠯᠤᠭ᠎ᠠ ᠶᠢᠨ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠠᠶᠠᠯᠠᠯ ᠱᠤᠭᠤᠮ ᠪᠠ ᠮᠡᠳᠡᠭᠡ ᠵᠠᠩᠭᠢ ᠶᠢᠨ ᠲᠠᠯ᠎ᠠ ᠪᠠᠷ ᠬᠤᠯᠪᠣᠭᠠᠯᠠᠨ ᠨᠡᠪᠲᠡᠷᠡᠯᠴᠡᠬᠦ᠂ ᠬᠠᠷᠢᠯᠴᠠᠨ ᠠᠰᠢᠭ ᠬᠦᠷᠲᠡᠭᠡᠵᠦ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠮᠢᠬᠠᠨ ᠤ ᠵᠦᠢᠯ᠂ ᠠᠭᠤᠷᠬᠠᠶ ᠶᠢᠨ ᠦᠢᠯᠡᠳᠬᠦᠨ ᠵᠡᠷᠭᠡ ᠶᠢᠨ ᠲᠣᠭᠲᠠᠭᠠᠭᠰᠠᠨ ᠲᠠᠯᠠᠪᠤᠷ ᠭᠠᠵᠠᠷ ᠤᠨ ᠬᠢᠷᠢ ᠬᠡᠮ ᠤᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠠᠷᠠᠭᠠᠨ ᠤ ᠲᠡᠭᠡᠭᠡᠪᠦᠷᠢ ᠶᠢᠨ ᠰᠢᠭᠤᠳ ᠵᠥᠭᠡᠭᠡᠪᠦᠷᠢᠯᠡᠨ ᠠᠶᠠᠯᠠᠬᠤ ᠴᠢᠳᠠᠪᠤᠷᠢ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠣᠯᠠᠨ ᠤᠯᠤᠰ ᠤᠨ ᠰᠢᠤᠳᠠᠨ ᠤ ᠵᠦᠢᠯ ᠤᠨ ᠰᠣᠯᠢᠯᠴᠠᠭᠠᠨ ᠤ ᠲᠣᠪᠴᠢᠶ᠎ᠠ ᠪᠠᠶᠢᠭᠤᠯᠬᠤ ᠶᠢ ᠳᠠᠮᠵᠢᠵᠤ᠂ ᠣᠯᠠᠨ ᠤᠯᠤᠰ ᠤᠨ ᠰᠢᠤᠳᠠᠨ ᠤ ᠵᠦᠢᠯ ᠤᠨ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ‌ᠵᠠᠮ ᠱᠣᠭᠤᠮ ᠢ ᠨᠡᠪᠲᠡᠷᠡᠭᠦᠯᠦᠨ᠂ ᠣᠯᠠᠨ ᠤᠯᠤᠰ ᠤᠨ ᠰᠢᠤᠳᠠᠨ ᠤ ᠵᠦᠢᠯ ᠤᠨ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠨ᠎ᠡ᠃ ᠤᠯᠠᠭᠠᠨᠬᠠᠳᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠲᠥᠷᠥᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠪᠦᠲᠦᠭᠡᠨ  ᠪᠠᠶᠢᠭᠤᠯᠤᠯᠳᠠ ᠶᠢ ᠳᠠᠮᠵᠢᠨ᠎ᠠ᠃      ᠳᠥᠷᠪᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ      ︵ᠨᠢᠭᠡ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠮᠠᠨᠵᠤᠤᠷ ᠤᠨ ᠳᠤᠮᠳᠠᠳᠤ ᠣᠷᠣᠰ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ᠂ ᠡᠷᠢᠶᠡᠨ ᠬᠤᠲᠠ ᠶᠢᠨ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠬᠦ ᠶᠢ ᠰᠦᠪᠡᠭᠴᠢᠯᠡᠨ ᠳᠠᠮᠵᠢᠨ᠎ᠠ᠃ ᠬᠠᠩᠵᠧᠦ᠂ ᠨᠢᠩᠪᠦ᠋ᠸᠧ᠂ ᠢ ᠦ᠋᠂ ᠵᠧᠩᠵᠧᠤ ᠵᠡᠷᠭᠡ ᠨᠡᠯᠢᠶᠡᠳ ᠪᠣᠯᠪᠠᠰᠤᠷᠠᠩᠭᠤᠶ ᠠᠵᠢᠯᠯᠠᠭᠠᠨ ᠲᠠᠢ ᠬᠢᠯᠢ ᠠᠯᠤᠰᠯᠠᠭᠰᠠ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠭᠠᠶᠢᠯᠢ ᠪᠠᠲᠤᠯᠠᠬᠤ ᠰᠠᠩ ᠬᠥᠮᠥᠷᠭᠡ᠂ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ ᠵᠦᠢᠯ ᠤᠨ ᠬᠥᠮᠥᠷᠭᠡᠯᠡᠨ ᠬᠠᠳᠠᠭᠠᠯᠠᠬᠤ ᠲᠥᠪ ᠤᠨ ᠪᠥᠲᠥᠭᠡᠨ ᠪᠠᠶᠢᠭᠤᠯᠤᠯᠲᠠ᠂ ᠣᠶᠢᠷ᠎ᠠ ᠵᠠᠮ ᠤᠨ ᠲᠡᠭᠡᠭᠡᠪᠦᠷᠢ᠂ ᠣᠯᠠᠨ ᠤᠯᠤᠰ ᠤᠨ ᠴᠢᠩᠭᠢᠭᠯᠢᠭ ᠢᠶᠠᠷ ᠳᠠᠮᠵᠢᠭᠤᠯᠤᠨ ᠲᠡᠭᠡᠭᠡᠪᠦᠷᠢᠯᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠲᠦᠬᠦᠷᠵᠢᠭᠦᠯᠦᠭᠰᠡᠨ ᠲᠥᠬᠦᠭᠡᠷᠦᠮᠵᠢ ᠪᠡᠯᠡᠳᠬᠡᠮᠵᠢ ᠵᠡᠷᠭᠡ ᠲᠠᠯ᠎ᠠ ᠶᠢᠨ ᠲᠣᠭᠤᠷᠢᠨ ᠳᠤ ᠤᠯᠠᠭᠠᠨᠬᠠᠳᠠ ᠭᠠᠵᠠᠷ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠯᠦᠭᠡ ᠨᠡᠶᠢᠴᠡᠭᠰᠡᠨ ᠬᠠᠷᠠᠭᠠᠯᠵᠠᠵᠤ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ ᠬᠠᠨᠳᠤᠯᠭᠠᠲᠤ ᠴᠢᠨᠠᠷ ᠢᠶᠠᠷ ᠴᠢᠩᠭ᠎ᠠ ᠪᠥᠭᠡᠳ ᠦᠨ᠎ᠡ ᠴᠠᠨ᠎ᠠ ᠲᠠᠢ ᠲᠡᠳᠬᠦᠨ ᠳᠡᠮᠵᠢᠬᠦ ᠪᠤᠰᠤᠳ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠵᠤ᠂ ᠬᠠᠨᠳᠤᠰᠢ ᠨᠢ ᠲᠣᠳᠣᠷᠬᠠᠶ᠂ ᠳᠡᠮᠵᠢᠯᠭᠡ ᠨᠢ ᠡᠷᠴᠢᠮᠲᠡᠢ᠂ ᠭᠦᠢᠴᠡᠳᠭᠡᠬᠦ ᠳᠤ ᠳᠥᠭᠦᠮ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠯᠳᠦᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠬᠤᠶᠠᠷ︶ ᠪᠠᠯᠠ ᠮᠥᠩᠭᠦ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠳᠣ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠨᠥᠬᠦᠴᠡᠯ ᠳᠤ ᠨᠡᠶᠢᠴᠡᠭᠰᠡᠨ ᠵᠥᠭᠡᠯᠡᠨ ᠬᠠᠲᠠᠭᠤ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠳᠤ ᠬᠠᠮᠢᠶ᠎ᠠ ᠪᠦᠬᠦᠢ ᠱᠠᠭᠠᠷᠳᠠᠯᠭ᠎ᠠ ᠪᠠ ᠳᠡᠰ ᠳᠠᠷᠠᠭᠠᠯᠠᠯ ᠶᠣᠰᠣᠭᠠᠷ ᠬᠠᠷᠠᠭᠠᠯᠵᠠᠯ ᠦᠵᠡᠭᠦᠯᠵᠦ ᠳᠡᠮᠵᠢᠯᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠪᠣᠭᠤᠮᠲᠠ᠂ ᠭᠠᠶᠢᠯᠢ᠂ ᠭᠤᠪᠢᠭᠤᠯᠭ᠎ᠠ᠂ ᠮᠥᠩᠭᠦᠨ ᠭᠦᠢᠯᠭᠡᠭᠡ ᠵᠡᠷᠭᠡ ᠶᠢᠨ ᠴᠢᠳᠠᠮᠵᠢ ᠯᠤᠭ᠎ᠠ ᠵᠠᠯᠭᠠᠯᠳᠤᠭᠤᠯᠵᠤ᠂ ᠲᠣᠭᠠᠴᠠᠭ᠎ᠠ ᠬᠢᠬᠦ᠂ ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠶᠢᠨ ᠴᠢᠳᠠᠮᠵᠢ ᠶᠢ ᠥᠷᠭᠡᠳᠬᠡᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠵᠢᠴᠢ ᠲᠤᠰ ᠭᠠᠵᠠᠷ ᠤᠨ ᠦᠢᠯᠡᠴᠢᠯᠡᠬᠦ ᠴᠢᠳᠠᠮᠵᠢ ᠪᠠᠨ ᠥᠷᠭᠡᠳᠬᠡᠬᠦ ᠳᠤ ᠭᠤᠤᠯᠳᠠᠯᠭ᠎ᠠ ᠲᠠᠢ ᠦᠢᠯᠡᠴᠢᠯᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠱᠢᠮᠡᠭ ᠴᠢᠨᠠᠷ᠂ ᠣᠷᠣᠨ ᠪᠦᠰᠡ ᠠᠯᠤᠰᠯᠠᠭᠰᠠᠨ ᠴᠢᠨᠠᠷ ᠂ ᠨᠡᠭᠡᠭᠡᠯᠲᠡ ᠲᠠᠢ ᠪᠠᠶᠢᠯᠭᠠᠬᠤ ᠴᠢᠨᠠᠷ ᠤᠨ ᠣᠨᠴᠠᠯᠢᠭ ᠲᠠᠢ ᠤᠶᠠᠯᠳᠤᠭᠤᠯᠤᠨ᠂ ᠢᠨᠲ᠋ᠧᠷ ᠰᠦᠯᠵᠢᠶᠡᠨ ᠤ ᠰᠡᠳᠬᠢᠬᠦᠶ ᠶᠢ ᠭᠦᠢᠴᠡᠳ ᠬᠡᠷᠡᠭᠯᠡᠵᠦ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠬᠠᠤᠯᠢ ᠶᠣᠰᠣᠭᠠᠷ ᠳᠠᠩᠰᠠᠯᠠᠭᠤᠯᠤᠨ ᠲᠡᠮᠳᠡᠭᠯᠡᠭᠦᠯᠪᠡᠰᠦ ᠵᠣᠬᠢᠬᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠭᠴᠢᠳ ᠤᠨ ᠭᠤᠤᠯ ᠴᠣᠭᠴᠠ ᠪᠠᠷ ᠳᠠᠩᠰᠠᠯᠠᠨ ᠲᠡᠮᠳᠡᠭᠯᠡᠭᠦᠯᠬᠦ ᠳᠤ ᠳᠥᠭᠦᠮ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶      ︵ᠳᠥᠷᠪᠡ︶ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠬᠤ ᠶᠢ ᠵᠣᠷᠢᠭᠵᠢᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠢ ᠵᠣᠷᠢᠭᠵᠢᠭᠤᠯᠤᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠠᠶᠢᠭᠤᠯᠵᠤ ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠲᠠᠪᠴᠠᠩ ᠤᠨ ᠰᠢᠰᠲ᠋ᠧᠮ ᠢ ᠰᠤᠳᠤᠯᠤᠨ ᠨᠡᠭᠡᠭᠡᠵᠦ ᠳᠡᠰ ᠳᠡᠪᠰᠢᠭᠦᠯᠬᠦ᠂ ᠲᠦᠬᠦᠷᠵᠢᠭᠰᠡᠨ ᠪᠡᠯᠡᠳᠬᠡᠮᠵᠢ ᠶᠢ ᠪᠦᠲᠦᠭᠡᠨ ᠪᠠᠶᠢᠭᠤᠯᠬᠤ᠂ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠬᠤ᠂ ᠣᠯᠠᠨ ᠤᠯᠤᠰ ᠤᠨ ᠡᠵᠡᠩᠨᠡᠨ ᠪᠣᠷᠣᠯᠠᠭᠤᠯᠬᠤ ᠰᠢᠰᠲ᠋ᠧᠮᠵᠢ ᠶᠢ ᠪᠠᠶᠢᠭᠤᠯᠬᠤ᠂ ᠦᠢᠯᠡᠴᠢᠯᠡᠬᠦ ᠴᠢᠳᠠᠮᠵᠢ ᠶᠢ ᠥᠷᠭᠡᠳᠬᠡᠬᠦ ᠳᠤ ᠲᠥᠷᠥᠯ ᠵᠦᠢᠯ ᠢᠶᠠᠷ ᠳᠡᠮᠵᠢᠯᠭᠡ ᠦᠵᠡᠭᠦᠯᠦᠨ᠂ ᠭᠠᠳᠠᠭᠠᠳᠤ ᠠᠷᠠᠯᠵᠢᠶᠠᠨ ᠤ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠭᠰᠡᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠵᠠᠷᠤᠳᠠᠯ ᠢ 50% ᠪᠠᠷ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠲᠠᠪᠤ︶ ᠰᠦᠯᠵᠢᠶᠡᠨ ᠠᠴᠠ ᠭᠠᠳᠠᠭᠤᠷᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠠᠬᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢᠶᠠᠷ ᠮᠠᠭᠠᠳᠯᠠᠨ ᠲᠣᠭᠲᠠᠭᠠᠯᠭᠠᠭᠰᠠᠨ ᠮᠥᠷᠲᠡᠭᠡᠨ ᠡᠵᠡᠩᠨᠡᠭᠡᠳ ᠪᠦᠬᠦᠯᠢ ᠨᠢᠭᠡ ᠵᠢᠯ ᠪᠣᠯᠵᠤ᠂ ᠪᠣᠳᠠᠲᠠᠶ ᠬᠡᠷᠡᠭᠯᠡᠭᠰᠡᠨ ᠲᠠᠯᠠᠪᠠᠢ ᠨᠢ 3000 ᠲᠡᠭᠰᠢ ᠳᠥᠷᠪᠡᠯᠵᠢᠨ ᠮᠧᠲᠷ ᠢ ᠳᠠᠪᠠᠭᠰᠠᠨ ᠮᠥᠷᠲᠡᠭᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 20 ᠠᠴᠠ ᠳᠡᠭᠡᠭᠰᠢ ᠣᠷᠤᠵᠤ ᠡᠵᠡᠩᠨᠡᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠲᠤ ᠵᠣᠬᠢᠬᠤ ᠬᠡᠮᠵᠢᠶ᠎ᠡ ᠪᠠᠷ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶      ︵ᠵᠢᠷᠭᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠵᠣᠷᠢᠭᠵᠢᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠵᠤ ᠠᠬᠤᠶᠢᠯᠠᠯ ᠢ  ᠳᠡᠮᠵᠢᠵᠦ ᠪᠠᠶᠢᠭᠠᠳ ᠪᠣᠭᠤᠮᠲᠠ ᠶᠢᠨ ᠬᠢᠨᠠᠨ ᠬᠠᠮᠢᠶᠠᠷᠤᠯᠲᠠ ᠲᠠᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠣᠷᠣᠭᠰᠠᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠵᠤ ᠠᠬᠤᠶᠢᠯᠠᠯ ᠨᠢ B2B ᠭᠠᠳᠠᠭᠠᠳᠤ ᠳᠤ ᠭᠠᠷᠭᠠᠬᠤ ᠪᠠᠨ ᠪᠡᠶᠡᠯᠡᠭᠦᠯᠦᠭᠰᠡᠨ ᠪᠣᠯ ᠬᠠᠮᠢᠶ᠎ᠠ ᠪᠥᠬᠦᠶ ᠵᠠᠷᠤᠳᠠᠯ ᠢ ᠨᠢ 70%  ᠪᠠᠷ ᠳᠡᠮᠵᠢᠵᠦ᠂ ᠵᠢᠯ ᠪᠦᠷᠢ ᠬᠠᠮᠤᠭ ᠤᠨ ᠥᠨᠳᠥᠷ ᠲᠤ ᠪᠠᠨ 5 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ ᠦᠢᠯᠡᠴᠢᠯᠡᠭᠡ ᠬᠠᠩᠭᠠᠵᠤ ᠪᠠᠶᠢᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠨᠢ 20 ᠠᠴᠠ ᠳᠡᠭᠡᠭᠰᠢ ᠪᠠᠶᠢᠵᠤ᠂ ᠵᠢᠯ ᠤᠨ ᠰᠦᠯᠵᠢᠶ᠎ᠡ ᠪᠠᠷ ᠠᠷᠠᠯᠵᠢᠶᠠᠯᠠᠭᠰᠠᠨ ᠲᠤᠭ᠎ᠠ ᠨᠢ 1000 ᠲᠦᠮᠡᠨ ᠳ᠋ᠣᠯᠯᠠᠷ ᠲᠤ ᠬᠦᠷᠦᠭᠰᠡᠨ ᠭᠤᠷᠪᠠᠳᠠᠬᠢ ᠡᠲᠡᠭᠡᠳ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠵᠤ ᠠᠬᠤᠶᠢᠯᠠᠯ ᠳᠤ ᠵᠣᠬᠢᠬᠤ ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ︔ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ‌ᠠᠷᠠᠯᠵᠢᠶᠠᠯᠠᠭᠰᠠᠨ ᠲᠤᠭ᠎ᠠ ᠨᠢ 10 ᠲᠦᠮᠡᠨ ᠳ᠋ᠣᠯᠯᠠᠷ ᠲᠤ ᠬᠦᠷᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠵᠣᠬᠢᠬᠤ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠳᠣᠯᠤᠭ᠎ᠠ︶ ᠲᠠᠸᠠᠷ ᠤᠨ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠵᠠᠷᠤᠳᠠᠯ ᠳᠤ ᠨᠢ ᠪᠦᠬᠦ ᠲᠤᠭ᠎ᠠ ᠪᠠᠷ ᠳᠡᠮᠵᠢᠯᠭᠡ ᠦᠵᠡᠭᠦᠯᠦᠨ᠎ᠡ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢᠶᠠᠨ ᠬᠦᠷᠭᠡᠵᠦ ᠰᠢᠯᠭᠠᠨ ᠪᠠᠶᠢᠴᠠᠭᠠᠯᠭᠠᠭᠰᠠᠨ ᠠᠴᠠ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠵᠠᠷᠤᠳᠠᠯ ᠲᠠᠢ ᠪᠣᠯᠣᠭᠰᠠᠨ ᠪᠣᠯ᠂ ᠠᠵᠤ ᠠᠬᠤᠶᠢᠯᠠᠯ ᠤᠨ ᠰᠦᠢᠳᠬᠡᠯ ᠲᠤᠰᠢᠶᠠᠬᠤ ᠶᠢ ᠨᠢ ᠬᠡᠯᠲᠦᠷᠢᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠨᠠᠢᠮᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O ᠰᠦᠯᠵᠢᠶᠡᠨ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠢ ᠳᠠᠮᠵᠢᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠡᠵᠡᠩᠨᠡᠯᠲᠡ ᠶᠢᠨ ᠲᠠᠯᠠᠪᠠᠶ ᠨᠢ ᠨᠡᠶᠢᠲᠡ 500 ᠲᠡᠭᠰᠢ ᠳᠥᠷᠪᠡᠯᠵᠢᠨ ᠮᠧᠲᠷ ᠢ ᠳᠠᠪᠠᠭᠰᠠᠨ ᠮᠥᠷᠲᠡᠭᠡᠨ ᠪᠦᠬᠦᠯᠢ ᠨᠢᠭᠡ ᠵᠢᠯ ᠡᠵᠡᠩᠨᠡᠵᠦ᠂ ᠵᠢᠯ ᠤᠨ ᠠᠷᠠᠯᠵᠢᠶᠠᠯᠠᠭᠰᠠᠨ ᠲᠤᠭ᠎ᠠ ᠨᠢ 100 ᠲᠦᠮᠡᠨ ᠳ᠋ᠣᠯᠯᠠᠷ ᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O ᠰᠦᠯᠵᠢᠶᠡᠨ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠵᠣᠬᠢᠬᠤ ᠬᠡᠮᠵᠢᠶ᠎ᠡ ᠪᠠᠷ ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠶᠢᠰᠦ︶ ᠲᠦᠷᠢᠶᠡᠰᠦᠯᠡᠬᠦ ᠵᠠᠷᠤᠳᠠᠯ ᠢ ᠬᠠᠰᠤᠵᠤ ᠬᠡᠯᠲᠦᠷᠢᠭᠦᠯᠦᠨ᠎ᠡ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠦᠷᠢᠶᠡᠯᠡᠩ ᠲᠣᠭᠤᠷᠢᠭ ᠲᠤ ᠠᠵᠢᠯᠯᠠᠬᠤ ᠭᠠᠵᠠᠷ ᠢ ᠲᠦᠷᠢᠶᠡᠰᠦᠯᠡᠨ ᠬᠡᠷᠡᠭᠯᠡᠭᠰᠡᠨ ᠪᠥᠭᠡᠳ ᠭᠡᠷ᠎ᠡ ᠪᠠᠷ ᠪᠣᠯᠵᠣᠨ ᠲᠣᠭᠲᠠᠭᠰᠠᠨ ᠦᠢᠯᠡᠳᠪᠦᠷᠢᠯᠡᠬᠦ ᠴᠢᠳᠠᠪᠤᠷᠢ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠪᠠᠨ ᠪᠡᠶᠡᠯᠡᠭᠦᠯᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠭᠤᠷᠪᠠᠨ ᠵᠢᠯ ᠤᠨ ᠲᠦᠷᠢᠶᠡᠰᠦᠨ ᠮᠥᠩᠭᠦ ᠳᠤ ᠨᠢ ᠪᠥᠬᠦ ᠲᠤᠭ᠎ᠠ ᠪᠠᠷ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ︔ ᠭᠠᠶᠢᠯᠢ ᠪᠠᠲᠤᠯᠠᠬᠤ ᠰᠠᠩ ᠬᠥᠮᠥᠷᠭᠡ ᠶᠢ ᠲᠦᠷᠢᠶᠡᠰᠦᠯᠡᠨ ᠬᠡᠷᠡᠭᠯᠡᠭᠰᠡᠨ ᠪᠥᠭᠡᠳ ᠭᠡᠷ᠎ᠡ ᠪᠠᠷ ᠪᠣᠯᠵᠣᠨ ᠲᠣᠭᠲᠠᠭᠰᠠᠨ ᠦᠢᠯᠡᠳᠪᠦᠷᠢᠯᠡᠬᠦ ᠴᠢᠳᠠᠪᠤᠷᠢ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠪᠠᠨ ᠪᠡᠶᠡᠯᠡᠭᠦᠯᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠰᠠᠩ ᠬᠥᠮᠥᠷᠭᠡ ᠲᠦᠷᠢᠶᠡᠰᠦᠯᠡᠭᠰᠡᠨ ᠵᠠᠷᠤᠳᠠᠯ ᠳᠤ ᠨᠢ ᠪᠥᠬᠦ ᠲᠤᠭ᠎ᠠ ᠪᠠᠷ ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠠᠷᠪᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠣᠯᠠᠨ ᠤᠯᠤᠰ ᠤᠨ ᠰᠢᠦᠳᠠᠨ ᠤ ᠵᠦᠢᠯ ᠤᠨ ᠲᠥᠪᠯᠡᠷᠡᠭᠦᠯᠦᠨ ᠬᠤᠪᠢᠶᠠᠷᠢᠯᠠᠵᠤ ᠢᠯᠭᠠᠨ ᠰᠠᠯᠭᠠᠬᠤ ᠲᠥᠪ᠂ ᠤᠯᠠᠭᠠᠨᠬᠠᠳᠠ ᠶᠢᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠭᠠᠷᠠᠮ ᠪᠠ ᠤᠯᠠᠭᠠᠨᠬᠠᠳᠠ ᠶᠢᠨ ᠭᠠᠳᠠᠭᠠᠳᠤ ᠳᠠᠬᠢ ᠶᠡᠷᠦᠩᠬᠡᠶᠢᠯᠡᠭᠰᠡᠨ ᠬᠥᠮᠥᠷᠭᠡ ᠶᠢᠨ ᠪᠦᠲᠦᠭᠡᠨ  ᠪᠠᠶᠢᠭᠤᠯᠤᠯᠳᠠ ᠶᠢ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠳ ᠤᠨ ᠬᠢᠯᠢ ᠶᠢᠨ ᠪᠣᠭᠤᠮᠲᠠ ᠠᠴᠠ ᠤᠯᠠᠭᠠᠨᠬᠠᠳᠠ ᠬᠤᠲᠠ ᠬᠦᠷᠲᠡᠯᠡᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠪᠠ ᠤᠯᠠᠭᠠᠨᠬᠠᠳᠠ ᠬᠤᠲᠠ ᠠᠴᠠ ᠪᠣᠭᠤᠮᠲᠠ ᠬᠦᠷᠲᠡᠯᠡᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ ᠭᠠᠷᠭᠠᠭᠰᠠᠨ ᠪᠠᠷᠠᠭ᠎ᠠ ᠠᠴᠠ ᠪᠤᠢ ᠪᠣᠯᠤᠭᠰᠠᠨ ᠳᠣᠲᠣᠭᠠᠳᠤ ᠬᠠᠭᠤᠷᠠᠶ ᠶᠢᠨ ᠪᠠᠷᠠᠭᠠᠨ ᠤ ᠭᠦᠢᠯᠭᠡᠭᠡᠨ ᠤ ᠵᠠᠷᠤᠳᠠᠯ ᠳᠤ᠂ ᠪᠠᠷᠠᠭᠠᠨ ᠤ ᠵᠦᠢᠯ ᠢᠶᠠᠷ ᠨᠢ ᠵᠣᠬᠢᠬᠤ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠠᠷᠪᠠᠨ ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠦᠷᠢᠶᠡᠨ ᠳᠠᠬᠢ ᠦᠢᠯᠡᠰ ᠴᠣᠭᠴᠠᠯᠠᠵᠤ ᠨᠡᠪᠴᠢᠭᠦᠯᠬᠦ ᠪᠠ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠲᠠᠯᠪᠢᠬᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠦᠢᠯᠡᠰ ᠴᠣᠭᠴᠠᠯᠠᠬᠤ ᠶᠢ ᠪᠣᠯᠪᠠᠰᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠰ ᠴᠣᠭᠴᠠᠯᠠᠵᠤ ᠨᠡᠪᠴᠢᠭᠦᠯᠬᠦ ᠲᠠᠯ᠎ᠠ ᠪᠠᠷ ᠬᠢ ᠦᠢᠯᠡᠴᠢᠯᠡᠭᠡ ᠶᠢ ᠨᠠᠶᠢᠳᠠᠪᠤᠷᠢᠵᠢᠭᠤᠯᠤᠨ᠎ᠠ᠃ ᠦᠢᠯᠡᠰ ᠴᠣᠭᠴᠠᠯᠠᠬᠤ ᠶᠢ ᠪᠣᠯᠪᠠᠰᠤᠷᠠᠭᠤᠯᠬᠤ ᠵᠠᠭᠪᠤᠷ ᠲᠤ ᠰᠢᠨ᠎ᠡ ᠶᠢ ᠡᠭᠦᠳᠴᠦ᠂ ᠦᠢᠯᠡᠰ ᠴᠣᠭᠴᠠᠯᠠᠬᠤ ᠶᠢ ᠰᠦᠯᠵᠢᠶ᠎ᠡ ᠪᠠᠷ ᠪᠣᠯᠪᠠᠰᠤᠷᠠᠭᠤᠯᠬᠤ ᠶᠢ ᠬᠦᠴᠦᠲᠡᠢ ᠠᠬᠢᠭᠤᠯᠤᠨ᠂ ᠦᠢᠯᠡᠰ ᠴᠣᠭᠴᠠᠯᠠᠬᠤ ᠪᠠ ᠪᠣᠯᠪᠠᠰᠤᠷᠠᠭᠤᠯᠤᠯ ᠬᠦᠷᠲᠡᠬᠦ ᠬᠦᠰᠡᠯ ᠪᠣᠳᠣᠯ ᠲᠠᠢ ᠦᠢᠯᠡᠰ ᠴᠣᠭᠴᠠᠯᠠᠭᠴᠢ ᠳᠤ ᠦᠢᠯᠡᠰ ᠴᠣᠭᠴᠠᠯᠠᠬᠤ ᠶᠢ ᠨᠢ ᠰᠦᠯᠵᠢᠶ᠎ᠡ ᠪᠠᠷ  ᠪᠣᠯᠪᠠᠰᠤᠷᠠᠭᠤᠯᠬᠤ ᠶᠢ ᠥᠷᠨᠢᠭᠦᠯᠵᠦ᠂ ᠨᠥᠬᠦᠴᠡᠯ ᠳᠤ ᠨᠡᠶᠢᠴᠡᠭᠰᠡᠳ ᠲᠤ ᠦᠢᠯᠡᠰ ᠴᠣᠭᠴᠠᠯᠠᠬᠤ ᠶᠢ ᠪᠣᠯᠪᠠᠰᠤᠷᠠᠭᠤᠯᠬᠤ ᠨᠡᠮᠡᠭᠦᠷᠢ ᠣᠯᠭᠤᠨ᠎ᠠ︔ ᠴᠢᠳᠠᠪᠤᠷᠢᠲᠠᠨ ᠢ ᠲᠠᠲᠠᠬᠤ᠂ ᠬᠥᠮᠦᠵᠢᠭᠦᠯᠬᠦ᠂ ᠬᠡᠷᠡᠭᠯᠡᠬᠦ᠂ ᠰᠢᠯᠵᠢᠭᠦᠯᠬᠦ ᠪᠠ ᠤᠷᠮᠠᠰᠢᠭᠤᠯᠬᠤ ᠲᠣᠭᠲᠠᠴᠠ ᠶᠢ  ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠠᠵᠢᠯ ᠤᠨ ᠲᠠᠯ᠎ᠠ ᠪᠠᠷ ᠬᠢ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠷᠠᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠬᠠᠮᠲᠤᠷᠠᠨ ᠠᠵᠢᠯᠯᠠᠬᠤ ᠶᠢ ᠠᠬᠢᠭᠤᠯᠤᠨ᠂ ᠴᠢᠳᠠᠪᠤᠷᠢᠲᠠᠨ ᠢ ᠬᠠᠮᠲᠤᠷᠠᠨ ᠬᠥᠮᠦᠵᠢᠭᠦᠯᠬᠦ ᠶᠢ ᠥᠷᠨᠢᠭᠦᠯᠵᠦ᠂ ᠨᠢᠭᠡ ᠪᠦᠯᠦᠭ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠳᠠᠲᠠᠢ ᠬᠡᠷᠡᠭᠯᠡᠭᠡᠨ ᠤ ᠬᠡᠯᠪᠡᠷᠢ ᠪᠦᠬᠦᠢ ᠪᠠ ᠮᠡᠷᠭᠡᠵᠢᠯ ᠤᠨ ᠤᠷ᠎ᠠ ᠴᠢᠳᠠᠪᠤᠷᠢ ᠶᠢᠨ ᠬᠡᠯᠪᠡᠷᠢ ᠪᠦᠬᠦᠢ ᠴᠢᠳᠠᠪᠤᠷᠢᠲᠠᠨ ᠢ ᠬᠥᠮᠥᠵᠢᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠪᠣᠯᠪᠠᠰᠤᠷᠠᠭᠤᠯᠵᠤ ᠪᠠᠶᠢᠭ᠎ᠠ ᠨᠡᠶᠢᠭᠡᠮ ᠤᠨ ᠪᠣᠯᠪᠠᠰᠤᠷᠠᠭᠤᠯᠬᠤ ᠪᠠᠶᠢᠭᠤᠯᠤᠮᠵᠢ ᠵᠢᠴᠢ ᠶᠡᠭᠡ ᠳᠡᠭᠡᠳᠦ ᠰᠤᠷᠭᠠᠭᠤᠯᠢ ᠨᠤᠭᠤᠳ ᠲᠤ ᠪᠣᠯᠪᠠᠰᠤᠷᠠᠭᠤᠯᠤᠭᠰᠠᠨ ᠨᠡᠮᠡᠭᠦᠷᠢ ᠶᠢ ᠲᠣᠭᠲᠠᠭᠠᠯ ᠶᠣᠰᠣᠭᠠᠷ ᠣᠯᠭᠤᠨ᠎ᠠ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶      ︵ᠠᠷᠪᠠᠨ ᠬᠤᠶᠠᠷ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠤᠪᠢᠭᠤᠯᠭ᠎ᠠ ᠬᠤᠷᠢᠶᠠᠮᠵᠢᠯᠠᠬᠤ ᠪᠠ ᠭᠤᠪᠢᠭᠤᠯᠣᠨ ᠶᠠᠪᠤᠭᠤᠯᠬᠤ ᠳᠤ ᠳᠦᠬᠦᠮ ᠦᠵᠡᠭᠦᠯᠦᠨ᠎ᠡ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠡᠷᠬᠢᠯᠡᠵᠦ ᠪᠠᠶᠢᠭ᠎ᠠ ᠬᠤᠪᠢ ᠬᠥᠮᠦᠨ ᠤ ᠭᠠᠳᠠᠭᠠᠳᠤ ᠠᠷᠠᠯᠵᠢᠶᠠᠨ ᠤ ᠡᠵᠡᠩᠨᠡᠭᠴᠢ ᠨᠢ ᠰᠦᠯᠵᠢᠶᠡᠨ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠪᠦᠷᠢᠳᠬᠡᠨ ᠳᠠᠩᠰᠠᠯᠠᠭᠤᠯᠤᠭᠰᠠᠨ ᠤ ᠳᠠᠷᠠᠭ᠎ᠠ ᠭᠠᠳᠠᠭᠠᠳᠤ ᠭᠤᠪᠢᠭᠤᠯᠭ᠎ᠠ ᠪᠠᠨ ᠳ᠋ᠦᠩᠨᠡᠨ ᠪᠣᠳᠣᠬᠤ  ᠲᠠᠩᠰᠠᠨ ᠡᠷᠦᠬᠡ ᠪᠠᠶᠢᠭᠤᠯᠬᠤ ᠶᠢ ᠳᠠᠮᠵᠢᠵᠤ᠂ ᠠᠷᠠᠯᠵᠢᠶ᠎ᠠ ᠶᠢᠨ ᠦᠨᠡᠨ ᠪᠣᠳᠠᠲᠠᠶ ᠪᠥᠭᠡᠳ ᠬᠠᠤᠯᠢ ᠶᠣᠰᠣᠨ ᠳᠤ ᠨᠡᠶᠢᠴᠡᠭᠦ ᠵᠢᠴᠢ ᠲᠦᠭᠰᠢᠭᠦᠷᠢ ᠶᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠰᠦᠯᠵᠢᠶ᠎ᠡ ᠪᠠᠷ ︽ᠭᠤᠷᠪᠠᠨ ᠬᠠᠭᠤᠳᠠᠰᠤ ᠶᠢ ᠨᠡᠶᠢᠯᠡᠭᠦᠯᠵᠦ ᠨᠢᠭᠡ ᠪᠣᠯᠭᠠᠭᠰᠠᠨ︾ ᠦᠨᠡᠨ ᠪᠣᠳᠠᠲᠠᠶ ᠠᠷᠠᠯᠵᠢᠶᠠᠨ ᠤ ᠭᠤᠪᠢᠭᠤᠯᠭ᠎ᠠ ᠶᠢ ᠥᠪᠡᠰᠦᠪᠡᠨ ᠬᠤᠷᠢᠶᠠᠮᠵᠢᠯᠠᠵᠤ ᠳ᠋ᠦᠩᠨᠡᠨ ᠪᠣᠳᠣᠬᠤ ᠶᠢ ᠨᠢ ᠵᠥᠪᠰᠢᠶᠡᠷᠡᠨ᠎ᠡ᠃ ︵ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠠᠷᠪᠠᠨ ᠭᠤᠷᠪᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠶᠢ ᠳᠡᠮᠵᠢᠬᠦ ᠪᠥᠭᠡᠳ ᠵᠣᠷᠢᠭᠵᠢᠭᠤᠯᠤᠨ᠎ᠠ᠃ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠣᠨ ᠬᠤᠳᠠᠯᠳᠤᠭ᠎ᠠ ᠪᠠᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠠᠷᠠᠳ ᠤᠨ ᠵᠣᠭᠤᠰᠤᠨ ᠤ ᠡᠩ ᠤᠨ ᠬᠠᠳᠠᠭᠠᠯᠠᠮᠵᠢ ᠶᠢᠨ ᠳᠠᠩᠰᠠᠨ ᠡᠷᠦᠬᠡ ᠪᠠᠶᠢᠭᠤᠯᠵᠤ ᠬᠢᠯᠢ ᠠᠯᠤᠰᠯᠠᠨ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠶᠢ ᠳᠡᠮᠵᠢᠨ᠎ᠡ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ︽ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠵᠢᠷᠤᠮᠯᠠᠬᠤ ᠭᠤᠷᠪᠠᠨ ᠵᠠᠷᠴᠢᠮ︾ ᠢ ᠬᠢᠨᠠᠮᠠᠭᠠᠶ ᠭᠦᠢᠴᠡᠳᠭᠡᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠣᠨ ᠬᠤᠳᠠᠯᠳᠤᠭ᠎ᠠ ᠳᠤ ᠬᠢᠯᠢ ᠠᠯᠤᠰᠯᠠᠨ ᠠᠷᠠᠳ ᠤᠨ ᠵᠣᠭᠤᠰᠤᠨ ᠤ ᠭᠠᠷᠳᠠᠵᠤ ᠠᠪᠬᠤ ᠪᠠ ᠲᠣᠭᠠᠴᠠᠯᠠᠵᠤ ᠥᠭᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠭᠦᠨ᠎ᠡ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠲᠣᠭᠠᠴᠠᠭ᠎ᠠ ᠬᠢᠬᠦ ᠪᠠᠶᠢᠭᠤᠯᠤᠮᠵᠢ ᠨᠤᠭᠤᠳ ᠬᠢᠯᠢ ᠠᠯᠤᠰᠯᠠᠨ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠬᠠᠮᠲᠤᠷᠠᠨ ᠥᠷᠨᠢᠭᠦᠯᠬᠦ ᠶᠢ ᠳᠡᠮᠵᠢᠵᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠲᠤᠬᠠᠶᠢᠯᠠᠭᠰᠠᠨ ᠠᠵᠢᠯ ᠤᠨ ᠨᠡᠷᠡᠳᠬᠦᠨ ᠳᠤ ᠰᠢᠨ᠎ᠡ ᠶᠢ ᠡᠭᠦᠳᠬᠦ ᠪᠠ ᠪᠠᠶᠠᠯᠢᠭᠵᠢᠭᠤᠯᠬᠤ ᠶᠢ ᠳᠡᠮᠵᠢᠨ᠎ᠠ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠠᠷᠪᠠᠨ ᠳᠥᠷᠪᠡ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠲᠠᠸᠠᠷ ᠤᠨ ᠲᠡᠮᠳᠡᠭ᠂ ᠲᠤᠰᠬᠠᠶ ᠠᠰᠢᠭ ᠵᠡᠷᠭᠡ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠠᠯ᠎ᠠ ᠪᠠᠷ ᠬᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠂ ᠰᠦᠯᠵᠢᠶ᠎ᠡ ᠪᠠᠷ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ᠂ ᠬᠤᠳᠠᠯᠳᠤᠭᠠᠨ ᠤ ᠨᠢᠭᠤᠴᠠ ᠳᠤ ᠬᠠᠯᠳᠠᠬᠤ ᠵᠡᠷᠭᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠮᠡᠳᠡᠯᠭᠡ ᠶᠢᠨ ᠥᠮᠴᠢᠯᠡᠯ ᠤᠨ ᠡᠷᠬᠡ ᠳᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠸᠠᠷ ᠤᠨ ᠲᠡᠮᠳᠡᠭ᠂ ᠲᠤᠰᠬᠠᠶ ᠠᠰᠢᠭ ᠤᠨ ᠡᠷᠬᠡ ᠳᠤ ᠬᠠᠯᠳᠠᠵᠤ ᠬᠤᠳᠠᠯ ᠬᠠᠭᠤᠷᠮᠠᠭ ᠢᠶᠠᠷ ᠦᠢᠯᠡᠳᠴᠦ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠡᠷᠭᠡ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠳᠤ ᠣᠷᠣᠭᠤᠯᠵᠤ᠂ ᠵᠠᠰᠠᠭ ᠵᠠᠬᠢᠷᠭᠠᠨ ᠢᠶᠠᠷ ᠰᠢᠢᠳᠬᠡᠨ ᠲᠣᠷᠭᠠᠭᠰᠠᠨ ᠬᠡᠷᠡᠭ ᠢ ᠢᠯᠡ ᠨᠡᠶᠢᠲᠡᠯᠡᠬᠦ ᠪᠠ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠵᠢᠯ ᠢ ᠴᠢᠩᠭᠠᠷᠠᠭᠤᠯᠤᠨ᠂ ᠡᠷᠬᠡ ᠳᠤ ᠠᠴᠠ ᠬᠠᠯᠳᠠᠵᠤ ᠬᠠᠤᠯᠢ ᠵᠥᠷᠢᠴᠡᠭᠰᠡᠨ ᠲᠠᠯ᠎ᠠ ᠪᠠᠷ ᠬᠢ ᠥᠪᠡᠰᠦᠪᠡᠨ ᠡᠭᠦᠷᠭᠡᠯᠡᠬᠦ ᠦᠨ᠎ᠡ ᠥᠷᠲᠡᠭ ᠢ ᠨᠢ ᠳᠡᠭᠡᠭᠰᠢᠯᠡᠭᠦᠯᠵᠦ᠂ ︽ᠨᠢᠭᠡ ᠭᠠᠵᠠᠷ ᠲᠤ ᠬᠠᠤᠯᠢ ᠠᠴᠠ ᠵᠦᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠶᠢ ᠦᠨᠡᠨ ᠬᠦ ᠪᠡᠶᠡᠯᠡᠭᠦᠯᠦᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠠᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠵᠢᠷᠤᠮᠵᠢᠯ ᠲᠠᠢ ᠡᠵᠡᠩᠨᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠠᠷᠪᠠᠨ ᠲᠠᠪᠤ︶ ᠤᠷᠢᠳ ᠢᠶᠠᠷ ᠲᠦᠯᠦᠪᠦᠷᠢᠯᠡᠬᠦ ᠳᠦᠷᠢᠮ ᠢ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠯᠵᠢᠶᠠᠯᠠᠭᠰᠠᠨ ᠨᠢ ᠦᠨᠡᠨ ᠪᠣᠳᠠᠲᠠᠶ ᠪᠥᠭᠡᠳ ᠪᠦᠲᠦᠮᠵᠢᠲᠡᠶ᠂ ᠠᠪᠴᠠᠭ᠎ᠠ ᠥᠭᠴᠡᠭᠡ ᠶᠢᠨ ᠬᠠᠷᠢᠴᠠᠭ᠎ᠠ ᠨᠢ ᠲᠣᠳᠣᠷᠬᠠᠶ ᠪᠣᠯᠤᠭᠰᠠᠨ ᠰᠠᠭᠤᠷᠢᠨ ᠳᠡᠭᠡᠷ᠎ᠡ᠂ ︽ᠳᠥᠯᠥᠬᠦ ᠶᠣᠰᠣᠲᠠᠶ ᠪᠣᠯ ᠪᠦᠬᠦᠨ ᠢ ᠳᠥᠯᠥᠬᠦ︾᠂ ︽ᠳᠥᠯᠥᠵᠦ ᠴᠢᠳᠠᠬᠤ ᠶᠢ ᠨᠢ ᠲᠦᠷᠭᠡᠨ ᠳᠥᠯᠥᠬᠦ︾ ᠶᠢ ᠳᠡᠮᠵᠢᠬᠦ ᠪᠠ ᠵᠣᠷᠢᠭᠵᠢᠭᠤᠯᠵᠤ᠂ ᠬᠢᠯᠢ ᠠᠯᠤᠰᠯᠠᠭᠰᠠᠨ ᠬᠡᠷᠡᠭᠯᠡᠭᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ︵ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠺᠣᠮᠫᠠᠨᠢ ᠶᠢᠨ ᠥᠪᠥᠷ ᠮᠣᠩᠭᠤᠯ ᠤᠨ ᠲᠤᠰᠬᠠᠶ ᠠᠵᠢᠯ ᠤᠨ ᠠᠯᠪᠠᠨ ᠬᠡᠷ ᠬᠠᠷᠢᠭᠤᠴᠠᠨ᠎ᠠ︶      ︵ᠠᠷᠪᠠᠨ ᠵᠢᠷᠭᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠯᠠ ᠲᠣᠬᠢᠷᠠᠭᠤᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠡᠵᠡᠮᠳᠡᠵᠦ ᠪᠣᠯᠬᠤ ᠤᠷᠢᠲᠠᠯ ᠳᠣᠤᠷ᠎ᠠ᠂ ᠠᠵᠤ ᠠᠬᠤᠶᠢᠯᠠᠯ ᠤᠨ ᠢᠲᠡᠭᠡᠮᠵᠢ᠂ ᠪᠠᠷᠠᠭᠠᠨ ᠤ ᠡᠷᠭᠢᠯᠲᠡ᠂ ᠪᠠᠯᠠ ᠮᠥᠩᠭᠦ ᠬᠤᠷᠢᠶᠠᠨ ᠠᠪᠬᠤ ᠪᠠ ᠲᠣᠭᠠᠴᠠᠯᠠᠨ ᠥᠭᠬᠦ ᠵᠡᠷᠭᠡ ᠡᠯᠧᠺᠲᠷᠦᠨᠴᠢᠯᠡᠭᠰᠡᠨ ᠮᠠᠲ᠋ᠧᠷᠢᠶᠠᠯ ᠳᠤ ᠰᠠᠭᠤᠷᠢᠯᠠᠨ᠂ ᠬᠤᠷᠢᠶᠠᠨ ᠠᠪᠤᠪᠠᠰᠤ ᠵᠣᠬᠢᠬᠤ ᠲᠠᠩᠰᠠᠨ ᠤ ᠵᠣᠭᠤᠰ ᠢᠶᠠᠨ ᠳᠠᠨᠵᠢᠯᠠᠬᠤ᠂ ᠬᠥᠮᠥᠷᠭᠡ ᠶᠢᠨ ᠬᠠᠭᠤᠳᠠᠰᠤ ᠪᠠᠨ ᠳᠠᠨᠵᠢᠯᠠᠬᠤ᠂ ᠬᠠᠳᠠᠭᠠᠯᠠᠭᠰᠠ ᠪᠠᠷᠠᠭ᠎ᠠ ᠪᠠᠨ ᠳᠠᠨᠵᠢᠯᠠᠬᠤ ᠵᠡᠷᠭᠡ ᠪᠠᠯᠠ ᠳᠣᠭᠢᠷᠠᠭᠤᠯᠬᠤ ᠠᠷᠭ᠎ᠠ ᠮᠠᠶ᠋ᠢᠭ ᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂  ᠦᠪᠡᠷᠮᠢᠴᠡᠭᠰᠡᠨ᠂ ᠵᠦᠷᠢᠶᠡᠴᠢᠯᠡᠭᠰᠡᠨ᠂ ᠲᠣᠭᠲᠠᠮᠠᠯ ᠪᠠᠷᠢᠮᠵᠢᠶᠠᠲᠤ ᠪᠠᠯᠠ ᠲᠣᠬᠢᠷᠠᠭᠤᠯᠭ᠎ᠠ ᠶᠢᠨ ᠨᠡᠷᠡᠳᠬᠦᠨ ᠳᠤ ᠪᠠᠨ ᠰᠢᠨ᠎ᠡ ᠶᠢ ᠡᠭᠦᠳᠦᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠬᠤ ᠬᠦᠴᠢᠷᠳᠡᠯ ᠢ ᠨᠢ ᠨᠠᠮᠳᠠᠭᠤᠯᠤᠨ᠎ᠠ᠃ ᠬᠢᠯᠢ ᠠᠯᠤᠰᠯᠠᠭᠰᠠᠨ ᠪᠠᠯᠠ ᠲᠣᠬᠢᠷᠠᠭᠤᠯᠭ᠎ᠠ ᠶᠢᠨ ᠴᠢᠯᠦᠭᠡᠲᠡᠢ ᠪᠠᠶᠢᠯᠭᠠᠬᠤ ᠪᠠ ᠳᠦᠬᠦᠮ ᠠᠪᠰᠠᠷᠬᠠᠨ ᠪᠠᠶᠢᠬᠤ ᠶᠢ ᠠᠬᠢᠭᠤᠯᠤᠨ᠂ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠭᠠᠳᠠᠨᠠᠬᠢ ᠬᠤᠶᠠᠷ ᠵᠦᠢᠯ ᠤᠨ ᠡᠬᠢ ᠪᠠᠶᠠᠯᠢᠭ ᠪᠠ ᠬᠤᠶᠠᠷ ᠲᠥᠷᠥᠯ ᠤᠨ ᠵᠠᠬ᠎ᠠ ᠳᠡᠯᠭᠡᠭᠦᠷ ᠢ ᠭᠦᠢᠴᠡᠳ ᠠᠰᠢᠭᠯᠠᠬᠤ ᠶᠢ ᠨᠢ ᠳᠡᠮᠵᠢᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠵᠠᠯᠭᠠᠯᠳᠤᠭᠤᠯᠬᠤ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠣᠨᠣᠪᠴᠢᠲᠠᠶ ᠵᠠᠯᠭᠠᠯᠳᠤᠭᠤᠯᠬᠤ ᠶᠢ ᠠᠬᠢᠭᠤᠯᠤᠨ᠂ ᠰᠦᠯᠵᠢᠶᠡᠨ ᠤ ᠪᠠ ᠰᠦᠯᠵᠢᠶᠡᠨ ᠠᠴᠠ ᠭᠠᠳᠠᠭᠤᠷᠬᠢ ᠪᠠᠯᠠ ᠲᠣᠬᠢᠷᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠪᠠᠯᠠ ᠲᠣᠬᠢᠷᠠᠭᠤᠯᠵᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠭᠦᠯᠬᠦ ᠪᠠᠷ ᠳᠠᠭᠠᠭᠠᠯᠲᠠ ᠬᠢᠬᠦ ᠶᠢ ᠠᠬᠢᠭᠤᠯᠵᠤ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳ᠋ᠤ᠋‌‍ᠲ᠋ᠠᠭᠠᠭᠠᠯᠲᠠ ᠬᠢᠬᠦ ᠡᠷᠴᠢᠮ ᠢ ᠴᠢᠩᠭᠠᠷᠠᠭᠤᠯᠤᠨ᠂ ᠭᠠᠳᠠᠭᠠᠳᠤ ᠠᠷᠠᠯᠵᠢᠶᠠᠨ ᠤ ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠠᠰᠢᠭᠯᠠᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠪᠠᠯᠠ ᠲᠣᠬᠢᠷᠠᠭᠤᠯᠬᠤ ᠥᠪᠡᠷ ᠤᠨ ᠥᠷᠲᠡᠭ ᠳᠣᠤᠷ᠎ᠠ᠂ ᠵᠢᠭᠡᠯᠡᠯᠭᠡ ᠲᠠᠯᠪᠢᠬᠤ ᠨᠢ ᠲᠦᠷᠭᠡᠨ ᠪᠠᠯᠠ ᠲᠣᠬᠢᠷᠠᠭᠤᠯᠬᠤ ᠬᠠᠷᠠᠭᠠᠯᠵᠠᠬᠤ ᠦᠢᠯᠡᠴᠢᠯᠡᠭᠡ ᠬᠠᠩᠭᠠᠨ᠎ᠠ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠺᠣᠮᠫᠠᠨᠢ ᠶᠢᠨ ᠥᠪᠥᠷ ᠮᠣᠩᠭᠤᠯ ᠤᠨ ᠲᠤᠰᠬᠠᠶ ᠠᠵᠢᠯ ᠤᠨ ᠠᠯᠪᠠᠨ ᠭᠡᠷ ᠬᠠᠷᠢᠭᠤᠴᠠᠨ᠎ᠠ︶      ︵ᠠᠷᠪᠠᠨ ᠳᠣᠯᠤᠭ᠎ᠠ︶ ᠲᠣᠮᠣ ᠳ᠋ᠠᠶᠢᠲ᠋ᠠ ᠶᠢᠨ ᠦᠢᠯᠡᠴᠢᠯᠡᠭᠡ᠂ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠳ᠋ᠠᠶᠢᠲ᠋ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠠᠵᠤ ᠠᠬᠤᠶᠢᠯᠠᠯ ᠤᠳ ᠣᠯᠠᠨ ᠢᠷᠡᠯᠲᠡ ᠪᠦᠬᠦᠢ ᠣᠨᠳᠣᠣᠰᠢᠯ ᠪᠦᠲᠦᠴᠡᠲᠦ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠳ᠋ᠠᠶᠢᠲ᠋ᠠ ᠪᠠᠷ ᠵᠠᠰᠠᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠳ᠋ᠠᠶᠢᠲ᠋ᠠ ᠶᠢ ᠬᠠᠮᠲᠤ ᠳᠤ ᠪᠠᠨ ᠭᠥᠷᠳᠡᠵᠦ ᠰᠣᠯᠢᠯᠴᠠᠬᠤ ᠪᠠ ᠬᠠᠮᠵᠢᠯᠴᠠᠵᠦ ᠠᠵᠢᠯᠯᠠᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠳᠤ ᠳ᠋ᠠᠶᠢᠲ᠋ᠠ ᠶᠢᠨ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠨ᠎ᠠ᠃ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠠᠮᠤᠷ ᠲᠦᠪᠰᠢᠨ ᠤ ᠪᠠᠶᠢᠴᠠᠭᠠᠯᠲᠠ ᠪᠠ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠤᠨ ᠮᠡᠳᠡᠷᠡᠮᠵᠢ ᠶᠢᠨ ᠲᠠᠪᠴᠠᠩ ᠳᠤ ᠲᠦᠰᠢᠭᠯᠡᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠠᠵᠢᠯ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠳ᠋ᠠᠶᠢᠲ᠋ᠠ ᠶᠢᠨ ᠠᠮᠤᠷ ᠲᠦᠪᠰᠢᠨ ᠤ ᠬᠢᠨᠠᠨ ᠰᠢᠨᠵᠢᠯᠲᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠬᠠᠷᠢᠭᠤᠴᠠᠨ᠎ᠠ︶      ︵ᠠᠷᠪᠠᠨ ᠨᠠᠢᠮᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠦᠷᠢᠳᠭᠡᠵᠦ ᠬᠢᠨᠠᠨ ᠰᠢᠨᠵᠢᠬᠦ ᠰᠢᠰᠲ᠋ᠧᠮᠵᠢ ᠪᠠ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠭᠤᠮᠲᠠ ᠵᠢᠨ‌‍ᠪᠦ᠋ᠷᠢᠳᠭᠡᠬᠦ ᠠᠵᠢᠯ ᠢ ᠥᠷᠨᠢᠭᠦᠯᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠦᠷᠢᠳᠭᠡᠬᠦ ᠠᠵᠢᠯ ᠢ ᠥᠷᠨᠢᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠤᠨ ᠪᠦᠷᠢᠳᠭᠡᠬᠦ ᠰᠢᠰᠲ᠋ᠧᠮᠵᠢ ᠶᠢ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠦᠷᠢᠳᠬᠡᠭᠰᠡᠨ ᠳ᠋ᠠᠶᠢᠲ᠋ᠠ᠂ ᠲᠠᠸᠠᠷ ᠤᠨ ᠠᠷᠠᠯᠵᠢᠶ᠎ᠠ᠂ ᠪᠠᠷᠠᠭᠠᠨ ᠤ ᠭᠦᠢᠯᠭᠡᠭᠡᠨ ᠤ ᠪᠣᠭᠤᠮᠲᠠ ᠥᠩᠭᠡᠷᠡᠬᠦ᠂ ᠮᠥᠩᠭᠦᠨ ᠭᠦᠢᠯᠭᠡᠭᠡᠨ ᠤ ᠲᠣᠭᠠᠴᠠᠭ᠎ᠠ ᠬᠢᠬᠦ ᠵᠡᠷᠭᠡ ᠬᠠᠮᠢᠶ᠎ᠠ ᠪᠦᠬᠦᠢ ᠳ᠋ᠠᠶᠢᠲ᠋ᠠ ᠳᠤ ᠰᠠᠯᠠᠭ᠎ᠠ ᠮᠥᠴᠢᠷ ᠤᠨ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠤᠨ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠯ ᠲᠠᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠤᠨ ᠪᠦᠷᠢᠳᠭᠡᠬᠦ ᠳᠦᠷᠢᠮ ᠢ ᠪᠦᠷᠢᠯᠳᠦᠭᠦᠯᠵᠦ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠤᠨ ᠡᠵᠡᠩᠨᠡᠯᠲᠡ ᠳᠤ ᠦᠢᠯᠡᠴᠢᠯᠡᠨ᠎ᠡ᠃ ︵ᠮᠠᠨᠵᠤᠤᠷ ᠪᠣᠭᠤᠮᠲᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠢᠯᠢ ᠶᠢᠨ ᠪᠣᠭᠤᠮᠲᠠ ᠶᠢᠨ ᠠᠯᠪᠠᠨ ᠬᠡᠷ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ︵ᠠᠷᠪᠠ ᠶᠢᠰᠦ︶ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠪᠠ ᠬᠠᠷᠢᠯᠴᠠᠬᠤ ᠬᠥᠮᠦᠨ ᠢ ᠲᠣᠳᠤᠷᠬᠠᠢ ᠲᠣᠭᠲᠠᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠤᠯᠪᠣᠭᠳᠠᠯ ᠪᠦᠬᠦᠢ ᠠᠵᠢᠯ ᠢ ᠪᠣᠳᠠᠲᠠᠶ ᠬᠠᠷᠢᠭᠤᠴᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠢᠯ ᠳᠤ ᠢᠯᠡᠷᠡᠭᠰᠡᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ ᠲᠠᠯ᠎ᠠ ᠶᠢᠨ ᠦᠵᠡᠯᠲᠡ ᠪᠠᠨ ᠴᠢᠩᠭᠠᠷᠠᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠪᠠᠯᠠ ᠮᠥᠩᠭᠦ᠂ ᠲᠥᠷᠥ ᠶᠢᠨ ᠪᠣᠳᠣᠯᠭ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠠᠮᠵᠢᠯᠴᠠᠬᠤ ᠪᠠᠨ ᠴᠢᠩᠭᠠᠳᠬᠠᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ︽ᠰᠠᠭᠠᠳ ᠥᠬᠡᠶ ᠨᠡᠪᠲᠡᠷᠡᠯᠴᠡᠬᠦ︾ ᠲᠦᠷᠢᠮ ᠢ ᠪᠠᠶᠢᠭᠤᠯᠵᠤ᠂ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠳᠤ ᠲᠥᠬᠦᠮ ᠠᠪᠰᠠᠷᠬᠠᠨ ᠨᠥᠬᠦᠴᠡᠯ ᠪᠠ ᠬᠠᠷᠠᠭᠠᠯᠵᠠᠯ ᠤᠨ ᠴᠢᠨᠠᠷᠲᠠᠶ ᠳᠡᠮᠵᠢᠯᠭᠡ ᠬᠠᠩᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ‌‍ᠲ᠋ᠤᠷᠰᠢᠯᠲᠠ ᠶᠢᠨ ᠲᠣᠭᠤᠷᠢᠭ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠬᠠᠷᠢᠭᠤᠴᠠᠨ᠎ᠠ︶      ︵ᠬᠤᠷᠢ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠲᠤᠯᠠᠨ᠎ᠠ᠃ ᠳᠡᠭᠡᠷᠡᠬᠢ ᠲᠥᠷᠥ ᠶᠢᠨ ᠪᠣᠳᠣᠯᠭ᠎ᠠ ᠠᠴᠠ ᠭᠠᠳᠠᠨ᠎ᠠ᠂ ᠲᠣᠰ ᠲᠥᠰᠦᠯ ᠢ ᠬᠡᠷᠡᠭᠵᠢᠭᠦᠯᠬᠦ ᠶᠠᠪᠤᠴᠠ ᠳᠤ ᠳᠡᠮᠵᠢᠬᠦ ᠴᠢᠬᠤᠯᠠᠲᠠᠢ ᠪᠤᠰᠤᠳ ᠵᠦᠢᠯᠡᠰ ᠲᠣᠬᠢᠶᠠᠯᠳᠤᠪᠠᠯ᠂ ︽ᠨᠢᠭᠡ ᠨᠢᠭᠡ ᠤᠴᠢᠷ ᠢᠶᠠᠷ ᠵᠥᠪᠯᠡᠬᠦ︾ ᠠᠷᠭ᠎ᠠ ᠮᠠᠶ᠋ᠢᠭ ᠢᠶᠠᠷ ᠰᠤᠳᠤᠯᠤᠨ ᠰᠢᠢᠳᠪᠦᠷᠢᠯᠡᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ︽ᠥᠪᠡᠷᠲᠡᠭᠡᠨ ᠵᠠᠰᠠᠬᠤ ᠣᠷᠣᠨ ᠪᠠ ᠬᠤᠲᠠ ᠬᠠᠮᠲᠤ ᠳᠤ ᠪᠠᠨ ᠪᠠᠶᠢᠭᠤᠯᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠤᠤᠯ ᠤᠨ ᠪᠦᠷᠢᠯᠳᠦᠬᠦᠨ ᠨᠢᠭᠡᠴᠢ ᠨᠦᠭᠦᠳ ᠤᠨ ᠰᠠᠭᠤᠷᠢᠨ ᠳᠡᠭᠡᠷ᠎ᠡ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠨᠡᠮᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ  ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ᠂ ᠬᠢᠯᠢ ᠶᠢᠨ ᠪᠣᠭᠤᠮᠲᠠ ᠶᠢᠨ ᠠᠯᠪᠠᠨ ᠭᠡᠷ ᠪᠠ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠪᠣᠭᠤᠮᠲᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ︵ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ︶᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠪᠣᠰᠢᠭᠤ ᠢᠯᠡᠭᠡᠬᠦ ᠪᠠᠷᠠᠭᠠᠨ ᠤ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠵᠡᠷᠭᠡ ᠨᠢ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠡᠯ᠎ᠡ ᠵᠦᠢᠯ ᠤᠨ ᠠᠵᠢᠯ ᠢ ᠬᠠᠷᠢᠭᠤᠴᠠᠨ ᠪᠠᠶᠢᠷᠢᠯᠠᠭᠤᠯᠬᠤ ᠪᠠ ᠵᠣᠬᠢᠴᠠᠭᠤᠯᠤᠨ ᠠᠬᠢᠭᠤᠯᠵᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠪᠠᠶᠢᠭᠤᠯᠤᠨ᠎ᠠ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠭᠠᠯᠵᠠᠭᠰᠠᠨ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠪᠠᠶᠢᠭᠤᠯᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠵᠦᠢᠯᠡᠰ ᠢ ᠬᠠᠷᠢᠭᠤᠴᠠᠨ ᠰᠤᠳᠤᠯᠬᠤ ᠬᠡᠷᠡᠭᠲᠡᠶ᠃      ︵ᠬᠤᠶᠠᠷ︶ ᠬᠠᠷᠢᠭᠤᠴᠠᠯᠭ᠎ᠠ ᠶᠢ ᠱᠠᠲᠤ ᠬᠤᠪᠢᠶᠠᠨ ᠨᠠᠶᠢᠳᠠᠪᠤᠷᠢᠵᠢᠭᠤᠯᠤᠨ᠎ᠠ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠨᠢ ᠲᠣᠰ ᠲᠥᠰᠦᠯ ᠢ ᠦᠨᠳᠦᠰᠦᠯᠡᠨ ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠠᠵᠢᠯ ᠤᠨ ᠲᠥᠯᠥᠪᠯᠡᠭᠡ ᠲᠣᠭᠲᠠᠭᠠᠵᠤ᠂ ᠬᠠᠷᠠᠯᠲᠠ  ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠰᠢᠯᠭᠠᠨ ᠬᠢᠨᠠᠬᠤ ᠶᠢ ᠴᠢᠩᠭᠠᠷᠠᠭᠤᠯᠵᠤ᠂ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ  ᠵᠣᠷᠢᠭᠲᠠᠶ ᠪᠠᠷ ᠰᠢᠨ᠎ᠡ ᠶᠢ ᠡᠭᠦᠳᠦᠨ᠂ ᠰᠢᠨ᠎ᠡ ᠡᠭᠦᠳᠦᠯᠲᠡ ᠲᠠᠢ ᠠᠷᠭ᠎ᠠ ᠬᠡᠮᠵᠢᠶ᠎ᠡ ᠶᠢ ᠲᠦᠷᠭᠡᠳᠬᠡᠨ ᠲᠣᠭᠲᠠᠭᠠᠬᠤ ᠶᠢᠨ ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠨᠢ ᠳᠦᠷᠢᠮ ᠳᠤ ᠰᠢᠨ᠎ᠡ ᠶᠢ ᠡᠭᠦᠳᠬᠦ᠂ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠠ ᠦᠢᠯᠡᠴᠢᠯᠡᠭᠡᠨ ᠳᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠦᠬᠦ ᠤᠯᠤᠰ ᠲᠤ ᠵᠢᠷᠤᠮᠯᠠᠨ ᠳᠠᠭᠤᠷᠢᠶᠠᠵᠤ ᠪᠣᠯᠬᠤ ᠪᠠ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠶ᠃      ︵ᠭᠤᠷᠪᠠ︶ ᠪᠥᠬᠦ ᠲᠠᠯ᠎ᠠ ᠪᠠᠷ ᠬᠠᠮᠵᠢᠯᠴᠠᠨ ᠠᠬᠢᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠨᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠭᠤᠤᠯ ᠴᠣᠭᠴᠠ ᠪᠣᠯᠭᠠᠨ᠎ᠠ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠤᠣᠯᠯᠠᠬᠤ ᠦᠢᠯᠡᠳᠦᠯ ᠪᠠᠳᠠᠷᠠᠭᠤᠯᠤᠨ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ ᠬᠦᠴᠦᠲᠡᠢ ᠳᠡᠮᠵᠢᠯᠭᠡ ᠪᠠ ᠲᠥᠷᠦ ᠶᠢᠨ ᠪᠣᠳᠣᠯᠭ᠎ᠠ‌‍ᠲ᠋ᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠤᠯᠭ᠎ᠠ ᠶᠢ ᠣᠯᠵᠣ ᠭᠦᠷᠳᠡᠭᠦ ᠪᠠᠷ ᠢᠳᠡᠪᠬᠢᠲᠡᠢ ᠴᠢᠷᠮᠠᠶᠢᠵᠣ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠯᠦᠭᠡ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠡᠯ᠎ᠡ ᠵᠦᠢᠯ ᠤᠨ ᠰᠢᠨ᠎ᠡ ᠡᠭᠦᠳᠦᠯᠲᠡ ᠲᠠᠢ ᠠᠷᠭ᠎ᠠ ᠬᠡᠮᠵᠢᠶ᠎ᠡ ᠪᠠ ᠠᠵᠢᠯ ᠤᠨ ᠡᠭᠦᠷᠭᠡ ᠶᠢᠨ ᠪᠣᠳᠠᠲᠠᠶᠢᠵᠢᠭᠤᠯᠤᠨ  ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠨᠢ  ᠡᠷᠳᠡ ᠦᠷ᠎ᠡ ᠪᠦᠲᠦᠮᠵᠢ ᠣᠯᠵᠣ ᠣᠯᠠᠨ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠢ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ