内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠳᠡᠳ᠋ ᠲᠡᠷᠢᠭᠦᠯᠡᠭᠴᠢ  ᠯᠢ ᠪᠢᠩ ᠷᠦᠩ
        ᠨᠡᠶᠢᠲᠡᠯᠡᠭᠰᠡᠨ ᠴᠠᠭ᠄
        2021/1/10
                                    ᠳᠡᠳ᠋ ᠲᠡᠷᠢᠭᠦᠯᠡᠭᠴᠢ     ᠯᠢ ᠪᠢᠩ ᠷᠥᠩ      ᠲᠡᠷᠢᠭᠦᠯᠡᠭᠴᠢ ᠶᠢ ᠬᠠᠪᠰᠤᠷᠴᠤ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠂ ᠤᠢ ᠰᠢᠭᠤᠢ ᠪᠠ ᠨᠤᠲᠤᠭ ᠪᠡᠯᠴᠢᠭᠡᠷ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠤᠢ ᠰᠢᠭᠤᠶ ᠪᠠ ᠨᠤᠲᠤᠭ ᠪᠡᠯᠴᠢᠭᠡᠷ ᠤᠨ ᠲᠤᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶᠠᠨ ᠤ ᠬᠤᠯᠪᠤᠭᠠᠲᠤ ᠬᠤᠷᠰᠢᠶ᠎ᠠ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠭᠤᠣᠯᠳᠠᠯᠭ᠎ᠠ ᠲᠠᠢ ᠤᠯᠤᠰ ᠤᠨ ᠦᠮᠴᠢᠯᠡᠯᠲᠤ ᠤᠢ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠩ ᠢ ᠬᠤᠪᠢᠳᠠᠨ ᠬᠠᠮᠢᠶᠠᠷᠤᠨ᠎ᠠ᠃      ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠬᠤ ᠭᠠᠵᠠᠷ᠂ ᠳᠤᠮᠳᠠᠳᠤ ᠤᠯᠤᠰ ᠤᠨ ᠬᠥᠳᠡᠭᠡ ᠠᠵᠤ ᠠᠬᠤᠶ ᠶᠢᠨ ᠮᠧᠬᠠᠨᠢᠭ ᠤᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ ᠤᠨ ᠬᠥᠬᠡᠬᠤᠲᠠ ᠶᠢᠨ ᠬᠤᠪᠢᠶᠠᠷᠢ ᠬᠦᠷᠢᠶᠡᠯᠩ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠲᠠᠢ ᠬᠠᠷᠢᠯᠴᠠᠨ᠎ᠠ᠃      ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠲᠠᠨᠢᠯᠴᠠᠭᠤᠯᠭ᠎ᠠ᠄      ᠯᠢ ᠪᠢᠩ ᠷᠥᠩ᠂ ᠡᠷᠡᠭᠳᠡᠢ᠂ ᠬᠢᠳᠡᠳ ᠦᠨᠳᠣᠰᠣᠳᠡᠨ᠂ 1964 ᠣᠨ ᠤ 8 ᠰᠠᠷ᠎ᠠ ᠳᠤ ᠲᠦᠷᠣᠵᠠᠢ᠂ ᠱᠠᠨᠰᠢ ᠮᠣᠵᠢ ᠶᠢᠨ ᠱᠧᠨᠮᠦ ᠶᠢᠨ ᠭᠦᠮᠣᠨ᠂ 1988 ᠣᠨ ᠤ 12 ᠰᠠᠷ᠎ᠠ ᠳᠤ ᠠᠵᠢᠯ ᠳᠤ ᠣᠷᠣᠯᠴᠠᠪᠠ᠂ ᠨᠠᠮ ᠪᠦᠯᠦᠭ ᠤᠨ ᠪᠣᠰᠣ ᠬᠥᠮᠥᠨ᠂ ᠠᠰᠫᠢᠷᠠᠨᠲ ᠤᠨ ᠰᠣᠷᠣᠯᠭ᠎ᠠ ᠶᠢᠨ ᠨᠠᠮᠳᠠᠷ ᠲᠠᠢ᠂ ᠲᠠᠷᠢᠶᠠᠯᠠᠩ ᠤᠨ ᠣᠬᠠᠭᠠᠨ  ᠤ ᠳ᠋ᠣᠺᠲ᠋ᠣᠷ᠂ ᠲᠡᠭᠡᠳᠣ ᠵᠡᠷᠭᠡ ᠶᠢᠨ ᠢᠨᠵᠧᠨᠧᠷ᠃      ᠣᠳᠣ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠣᠷᠣᠨ ᠤ ᠰᠢᠨᠵᠢᠯᠡᠭᠦ ᠣᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠤᠨ ︵ᠲᠣᠪᠴᠢᠶ᠎ᠠ︶ ᠲᠠᠷᠤᠭ᠎ᠠ ᠶᠢᠨ ᠳᠤᠰᠢᠶᠠᠯ ᠳᠤ ᠪᠤᠢ᠃      1981.09 — 1985.07 ᠦᠪᠤᠷ ᠮᠣᠩᠭᠤᠯ ᠤᠨ ᠣᠢ ᠰᠢᠭᠤᠢ ᠶᠢᠨ ᠲᠡᠭᠡᠳᠣ ᠰᠣᠷᠭᠠᠭᠤᠯᠢ ᠶᠢᠨ ᠡᠯᠡᠰᠣ ᠵᠠᠰᠠᠬᠤ ᠰᠠᠯᠪᠤᠷᠢ ᠳᠤ ᠡᠯᠡᠰᠣ ᠶᠢ ᠵᠠᠰᠠᠬᠤ ᠲᠣᠰᠬᠠᠢ ᠮᠡᠷᠭᠡᠵᠢᠯ ᠢᠶᠠᠷ ᠰᠣᠷᠣᠯᠴᠠᠪᠠ      1985.07 — 1988.12 ᠦᠪᠤᠷ ᠮᠣᠩᠭᠤᠯ ᠤᠨ ᠣᠢ ᠰᠢᠭᠤᠢ ᠶᠢᠨ ᠲᠡᠭᠡᠳᠣ ᠰᠣᠷᠭᠠᠭᠤᠯᠢ ᠶᠢᠨ ᠡᠯᠡᠰᠣ ᠵᠠᠰᠠᠬᠤ ᠰᠠᠯᠪᠤᠷᠢ ᠳᠤ ᠭᠦᠷᠣᠰᠣ ᠰᠢᠷᠣᠢ  ᠶᠢ ᠬᠠᠮᠠᠭᠠᠯᠠᠬᠤ ᠲᠣᠰᠬᠠᠢ ᠮᠡᠷᠭᠡᠵᠢᠯ ᠤᠨ ᠠᠰᠫᠢᠷᠡᠨᠲ ᠢᠶᠠᠷ ᠰᠣᠷᠣᠯᠴᠠᠪᠠ      1988.12 — 1991.12 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠣᠷᠴᠢᠨ ᠲᠣᠭᠤᠷᠢᠨ ᠤ ᠬᠠᠮᠠᠭᠠᠯᠠᠯᠳᠡ  ᠶᠢᠨ ᠲᠣᠪᠴᠢᠶᠠᠨ ᠤ ᠣᠷᠴᠢᠨ ᠲᠣᠭᠤᠷᠢᠨ ᠤ ᠬᠠᠮᠠᠭᠠᠯᠠᠯᠳᠡ ᠶᠢᠨ ᠰᠣᠳᠣᠯᠬᠤ ᠭᠠᠵᠠᠷ ᠤᠨ ᠺᠠᠳ᠋ᠷ  ᠪᠠᠶᠢᠪᠠ      1991.12 — 1993.01 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠣᠷᠴᠢᠨ ᠲᠣᠭᠤᠷᠢᠨ ᠤ ᠬᠠᠮᠠᠭᠠᠯᠠᠯᠳᠡ  ᠶᠢᠨ ᠲᠣᠪᠴᠢᠶᠠᠨ ᠤ ᠣᠷᠴᠢᠨ ᠲᠣᠭᠤᠷᠢᠨ ᠤ ᠮᠡᠳᠡᠭᠡ ᠵᠠᠩᠬᠢ ᠶᠢᠨ ᠲᠦᠪ ᠤᠨ ᠬᠠᠷᠢᠭᠤᠴᠠᠯᠭᠠᠳᠡᠨ ᠪᠠᠶᠢᠪᠠ      1993.01 — 1996.10 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠣᠷᠴᠢᠨ ᠲᠣᠭᠤᠷᠢᠨ ᠤ ᠠᠮᠢᠳᠣ ᠪᠣᠳᠡᠰ  ᠤᠨ ᠬᠡᠷᠡᠭᠯᠡᠭᠡᠨ ᠤ ᠮᠡᠷᠭᠡᠵᠢᠯ ᠤᠨ ᠰᠣᠳᠣᠯᠬᠤ ᠭᠠᠵᠠᠷ ᠤᠨ ᠲᠠᠷᠤᠭ᠎ᠠ ᠪᠠᠶᠢᠪᠠ      1996.10 — 2000.01 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠲᠡᠭᠦᠷᠭᠡ ᠶᠢᠨ ᠲᠡᠳ᠋ ᠲᠠᠷᠤᠭ᠎ᠠ ᠪᠠᠶᠢᠪᠠ ︵ᠡᠨᠡ ᠬᠤᠭᠤᠴᠠᠭᠠᠨ ᠳᠤ᠄ 1997.09 — 1998.07 ᠦᠪᠤᠷ ᠮᠣᠩᠭᠤᠯ ᠤᠨ ᠨᠠᠮ ᠤᠨ ᠰᠣᠷᠭᠠᠭᠤᠯᠢ ᠶᠢᠨ ᠠᠶᠢᠮᠠᠭ ᠬᠤᠳᠡ ᠬᠤᠰᠢᠭᠤ ᠰᠢᠶᠠᠨ ᠤ ᠺᠠᠳ᠋ᠷᠴᠣᠳ ᠤᠨ ᠬᠤᠳᠡ ᠶᠢᠨ ᠬᠠᠮᠢᠶᠠᠷᠣᠯᠳᠡ ᠶᠢᠨ ᠠᠩᠬᠢ ᠳᠤ ᠰᠣᠷᠣᠯᠴᠠᠪᠠ︶      2000.01 — 2003.03 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠵᠢᠣᠶᠣᠸᠠᠨ ᠲᠣᠭᠤᠷᠢᠭ ᠤᠨ ᠲᠡᠳ᠋ ᠲᠠᠷᠤᠭ᠎ᠠ ᠪᠠᠶᠢᠪᠠ      2003.03 — 2005.03 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠣᠯᠣᠰ ᠲᠦᠷᠣ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ︵ᠬᠤᠷᠠᠯ ᠳᠤ ᠰᠠᠭᠤᠬᠤ ᠦᠭᠡᠢ︶᠂ ᠬᠤᠪᠣᠷ ᠰᠢᠷᠣᠢ ᠶᠢᠨ ᠲᠡᠭᠡᠳᠣ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠣᠯᠳᠡ ᠶᠢᠨ ᠵᠦᠪᠯᠠᠯ ᠤᠨ ᠲᠡᠳ᠋ ᠡᠷᠬᠢᠯᠡᠭᠴᠢ ᠶᠢᠨ ᠲᠣᠰᠢᠶᠠᠯ ᠢ ᠬᠠᠪᠰᠣᠷᠭᠠᠪᠠ      2005.03 — 2007.05 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠣᠯᠣᠰ ᠲᠦᠷᠣ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ︵ᠬᠤᠷᠠᠯ ᠳᠤ ᠰᠠᠭᠤᠬᠤ ᠦᠭᠡᠢ︶᠂ ᠬᠤᠪᠣᠷ ᠰᠢᠷᠣᠢ ᠶᠢᠨ ᠲᠡᠭᠡᠳᠣ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠣᠯᠳᠡ ᠶᠢᠨ ᠵᠦᠪᠯᠠᠯ ᠤᠨ ᠡᠷᠬᠢᠯᠡᠭᠴᠢ ᠶᠢᠨ ᠲᠣᠰᠢᠶᠠᠯ ᠢ ᠬᠠᠪᠰᠣᠷᠭᠠᠪᠠ ︵2000.09 — 2005. 07 ᠦᠪᠤᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ ᠠᠮᠢ ᠠᠬᠤᠢ ᠣᠷᠴᠢᠨ ᠲᠣᠭᠤᠷᠢᠨ ᠤ ᠲᠡᠭᠡᠳᠣ ᠰᠣᠷᠭᠠᠭᠤᠯᠢ ᠶᠢᠨ ᠡᠪᠡᠰᠣᠨ ᠤ ᠣᠶᠢᠯᠡᠰ ᠤᠨ ᠰᠢᠨᠵᠢᠯᠡᠭᠦ ᠣᠬᠠᠭᠠᠨ ᠤ ᠲᠣᠰᠬᠠᠢ ᠮᠡᠷᠭᠡᠵᠢᠯ ᠳᠤ ᠠᠵᠢᠯ ᠤᠨ ᠪᠠᠶᠢᠷᠢ ᠳᠡᠬᠡᠷ᠎ᠡ ᠰᠤᠷᠤᠯᠴᠠᠬᠤ ᠠᠰᠫᠢᠷᠡᠨᠲ ᠤᠨ ᠠᠩᠬᠢ ᠳᠤ ᠰᠤᠷᠤᠯᠴᠠᠵᠥ᠂ ᠲᠠᠷᠢᠶᠠᠯᠠᠩ ᠤᠨ ᠣᠬᠠᠭᠠᠨ ᠤ ᠳ᠋ᠣᠺᠲ᠋ᠣᠷ ᠴᠣᠯᠠ ᠬᠠᠮᠠᠭᠠᠯᠠᠪᠠ︶      2007.05 — 2007.12 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠣᠯᠣᠰ ᠲᠦᠷᠣ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠪᠠᠶᠢᠪᠠ ︵ᠬᠤᠷᠠᠯ ᠳᠤ ᠰᠠᠭᠤᠬᠤ ᠦᠭᠡᠢ︶ ︵2007.03 — 2007.09 ᠲᠣᠮᠳᠠᠳᠣ ᠣᠯᠣᠰ ᠤᠨ ᠪᠠᠩᠬᠢ ᠶᠢᠨ ᠺᠤᠮᠫᠠᠨᠢ ᠶᠢᠨ ᠲᠣᠬᠠᠶᠢᠯᠠᠭᠰᠠᠨ ᠠᠵᠢᠯ ᠤᠨ ᠬᠡᠯᠳᠡᠰ ᠤᠨ ᠲᠡᠳ᠋ ᠶᠡᠷᠣᠩᠬᠡᠢ ᠵᠠᠬᠢᠷᠦᠯ︶      2007.12 — 2012.12 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠭᠤᠳᠣ ᠬᠤᠳᠡ ᠶᠢᠨ ᠲᠡᠳ᠋ ᠲᠠᠷᠤᠭ᠎ᠠ ᠪᠠᠶᠢᠪᠠ      2012.12 — 2013.04 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠢᠨᠵᠢᠯᠡᠭᠦ ᠣᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠤᠨ ︵ᠲᠣᠪᠴᠢᠶ᠎ᠠ︶ ᠲᠡᠳ᠋ ᠲᠠᠷᠤᠭ᠎ᠠ ᠪᠠᠶᠢᠪᠠ      2013.04 — 2018.01 ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠢᠨᠵᠢᠯᠡᠭᠦ ᠣᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠤᠨ ︵ᠲᠣᠪᠴᠢᠶ᠎ᠠ︶ ᠲᠠᠷᠤᠭ᠎ᠠ ᠪᠠᠶᠢᠪᠠ ︵ᠡᠨᠡ ᠬᠤᠭᠤᠴᠠᠭᠠᠨ ᠳᠤ᠄ 2014.09 — 2015.01 ᠲᠦᠪ ᠤᠨ ᠨᠠᠮ  ᠤᠨ ᠰᠣᠷᠭᠠᠭᠤᠯᠢ ᠶᠢᠨ 37 ᠳ᠋ᠣᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠣᠳ ᠤᠨ ᠪᠣᠯᠪᠠᠰᠣᠷᠠᠯ ᠤᠨ ᠨᠢᠭᠡᠳᠣᠭᠡᠷ ᠠᠩᠬᠢ ᠳᠤ ᠰᠣᠷᠣᠯᠴᠠᠪᠠ︶      2018.01 — ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠣᠨ᠎ᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ