内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠠᠢ ᠯᠢ ᠬᠤᠸᠠ
        ᠨᠡᠶᠢᠲᠡᠯᠡᠭᠰᠡᠨ ᠴᠠᠭ᠄
        2021/1/12
                                        ᠳᠡᠳ᠋ ᠲᠡᠷᠢᠭᠦᠯᠡᠭᠴᠢ   ᠠᠢ ᠯᠢ ᠬᠤᠸᠠ      ᠲᠡᠷᠢᠭᠦᠯᠡᠭᠴᠢ ᠶᠢ ᠬᠠᠪᠰᠤᠷᠴᠤ ᠰᠤᠷᠭᠠᠨ ᠬᠦᠮᠦᠵᠢᠯ᠂ ᠵᠠᠮ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠪᠡᠶ᠎ᠡ ᠶᠢᠨ ᠲᠠᠮᠢᠷ᠂ ᠦᠢᠯᠡᠴᠢᠯᠡᠭᠡᠨ ᠤ ᠦᠢᠯᠡᠰ᠂ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠢ ᠪᠠ ᠭᠠᠳᠠᠭᠠᠳᠤ ᠨᠡᠬᠡᠬᠡᠯᠲᠡ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ︵ᠪᠣᠭᠤᠮᠲᠠ ᠶᠢᠨ ᠠᠵᠢᠯ ᠤᠨ ᠠᠯᠪᠠᠨ ᠭᠡᠷ︶᠂ ᠰᠣᠶᠣᠯ ᠪᠠ ᠵᠢᠭᠤᠯᠴᠢᠯᠠᠯ ᠤᠨ ᠲᠢᠩᠬᠢᠮ ︵ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶᠂ ᠷᠠᠳᠢᠣ᠋ ᠲᠧᠯᠸᠢᠰ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠶᠢ ᠬᠤᠪᠢᠳᠠᠨ ᠬᠠᠮᠢᠶᠠᠷᠤᠨ᠎ᠠ᠃      ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠥᠪᠥᠷ ᠮᠣᠩᠭᠤᠯ ᠤᠨ ᠬᠤᠪᠢᠶᠠᠷᠢ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠰᠢᠨᠬᠤᠸᠠ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ᠂ ᠲᠥᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ︵ᠳᠤᠮᠳᠠᠳᠤ ᠤᠯᠤᠰ ᠤᠨ ᠣᠯᠠᠨ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ︶ ᠶᠢᠨ ᠥᠪᠥᠷ ᠮᠣᠩᠭᠤᠯ ᠳᠤ ᠰᠠᠭᠤᠭ᠎ᠠ ᠰᠤᠷᠪᠤᠯᠵᠢᠯᠠᠭᠴᠢ ᠶᠢᠨ ᠦᠷᠳᠡᠭᠡ ᠵᠡᠷᠭᠡ ᠰᠣᠨᠢᠨ ᠮᠡᠳᠡᠭᠡᠨ ᠤ ᠨᠢᠭᠡᠴᠡ᠂ ᠥᠪᠥᠷ ᠮᠣᠩᠭᠤᠯ ᠤᠨ ᠠᠷᠠᠳ ᠤᠨ ᠠᠭᠠᠷ ᠤᠨ ᠵᠥᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠦ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃      ᠲᠡᠷᠢᠭᠦᠯᠡᠭᠴᠢ ᠶᠢᠨ ᠲᠤᠰᠢᠶᠠᠭᠰᠠᠨ ᠪᠣᠰᠣᠳ ᠠᠵᠢᠯ ᠢ ᠪᠡᠶᠡᠯᠡᠭᠦᠯᠦᠨ᠎ᠡ᠃ᠲᠣᠪᠴᠢ ᠲᠠᠨᠢᠯᠴᠠᠭᠤᠯᠭ᠎ᠠ᠄      ᠠᠢ ᠯᠢ ᠬᠤᠸᠠ᠂ ᠡᠮᠡᠭᠳᠡᠢ᠂ ᠮᠤᠩᠭᠤᠯ ᠦᠨᠳᠦᠰᠦᠳᠡᠨ᠂ 1964 ᠣᠨ ᠤ 9 ᠳ᠋ᠦ᠋ᠭᠡᠷ ᠰᠠᠷ᠎ᠠ ᠳᠤ ᠲᠦᠷᠦᠵᠠᠢ᠂ ᠯᠢᠶᠤᠤᠨᠢᠩ ᠮᠤᠵᠢ ᠶᠢᠨ ᠯᠢᠶᠣᠤ ᠶᠠᠩ ᠤᠨ ᠬᠦᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠤᠯᠠᠨ ᠨᠡᠶᠢᠳᠡ ᠶᠢᠨ ᠬᠠᠮᠢᠶᠠᠷᠤᠯᠳᠠ ᠶᠢᠨ ᠮᠠᠰᠲ᠋ᠧᠷ᠂ 1986 ᠣᠨ ᠤ 6 ᠳ᠋ᠤᠭᠠᠷ ᠰᠠᠷ᠎ᠠ ᠳᠤ ᠳᠣᠮᠳᠠᠳᠣ ᠣᠯᠣᠰ ᠤᠨ ᠡᠪ ᠬᠠᠮᠳᠣ ᠨᠠᠮ ᠳᠤ ᠡᠯᠰᠡᠭᠳᠡᠵᠦ᠂ 1987 ᠣᠨ ᠤ 7 ᠳ᠋ᠤᠭᠠᠷ ᠰᠠᠷ᠎ᠠ ᠳᠤ ᠠᠵᠢᠯ ᠳᠤ ᠣᠷᠤᠯᠴᠠᠪᠠ᠃      ᠤᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠢ ᠡᠭᠦᠷᠭᠡᠯᠡᠵᠦ ᠪᠣᠢ᠃      1983.09 — 1987.07 ᠦᠪᠤᠷ ᠮᠤᠩᠭᠤᠯ ᠤᠨ ᠦᠨᠳᠦᠰᠦᠳᠡᠨ ᠤ ᠪᠠᠭᠰᠢ ᠶᠢᠨ ᠲᠡᠭᠡᠳᠤ ᠰᠤᠷᠭᠠᠭᠤᠯᠢ ᠶᠢᠨ ᠤᠯᠤᠰ ᠲᠦᠷᠦ ᠲᠡᠤᠭᠡ ᠶᠢᠨ ᠰᠠᠯᠪᠤᠷᠢ ᠶᠢᠨ ᠤᠯᠤᠰ ᠲᠦᠷᠦ ᠲᠡᠤᠭᠡ ᠶᠢᠨ ᠲᠤᠰᠬᠠᠢ ᠮᠡᠷᠬᠡᠵᠢᠯ ᠳᠤ ᠰᠤᠷᠤᠯᠴᠠᠪᠠ      1987.07 — 1991.07 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠬᠠᠳᠠ ᠬᠤᠳᠠ ᠶᠢᠨ ᠪᠤᠷᠤᠬᠤᠳᠠ ᠪᠠᠭᠰᠢ ᠶᠢᠨ ᠰᠤᠷᠭᠠᠭᠤᠯᠢ ᠶᠢᠨ ᠪᠠᠭᠰᠢ᠂ ᠡᠪᠯᠡᠯ ᠤᠨ ᠬᠤᠷᠢᠶ᠎ᠠ ᠶᠢᠨ ᠱᠦᠵᠢ ᠪᠠᠶᠢᠪᠠ      1991.07 — 1996.07 ᠦᠪᠤᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠤᠡᠭᠨᠢᠭᠤᠳ ᠬᠤᠰᠢᠭᠤ ᠶᠢᠨ ᠡᠪᠯᠡᠯ ᠤᠨ ᠬᠤᠷᠢᠶ᠎ᠠ ᠶᠢᠨ ᠲᠡᠳ᠋ ᠱᠦᠵᠢ᠂ ᠱᠦᠵᠢ ᠪᠠᠶᠢᠪᠠ      1996.07 — 1997.08 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠡᠭᠨᠢᠭᠤᠳ ᠬᠤᠰᠢᠭᠤ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠲᠠᠷᠤᠭ᠎ᠠ ᠪᠠᠶᠢᠪᠠ      1997.08 — 2000.10 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠡᠭᠨᠢᠭᠤᠳ ᠬᠤᠰᠢᠭᠤ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ︵1997 .07 — 1999.09 ᠪᠡᠭᠡᠵᠢᠩ ᠶᠡᠭᠡ ᠰᠤᠷᠭᠠᠭᠤᠯᠢ ᠶᠢᠨ ᠬᠤᠳᠠ ᠶᠢᠨ ᠤᠷᠴᠢᠨ ᠲᠤᠭᠤᠷᠢᠨ ᠤ ᠰᠠᠯᠪᠤᠷᠢ ᠶᠢᠨ ᠤᠷᠤᠨ ᠪᠦᠰᠡ ᠶᠢᠨ ᠠᠵᠦ ᠠᠬᠤᠢ ᠶᠢᠨ ᠬᠠᠮᠢᠶᠠᠷᠤᠯᠳᠠ ᠶᠢᠨ ᠲᠤᠰᠬᠠᠢ ᠮᠡᠷᠭᠡᠵᠢᠯ ᠤᠨ ᠠᠰᠫᠢᠷᠠᠨᠲ ᠤᠨ ᠬᠢᠴᠢᠶᠡᠯ ᠤᠨ ᠠᠩᠭᠢ ᠳᠤ ᠰᠤᠷᠤᠯᠴᠠᠵᠠᠢ︶ ᠪᠠᠶᠢᠪᠠ      2000.10 — 2002.01 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠡᠭᠨᠢᠭᠤᠳ ᠬᠤᠰᠢᠭᠤ ᠶᠢᠨ ᠲᠡᠳ᠋ ᠲᠠᠷᠤᠭ᠎ᠠ ︵2000.05 — 2000.11 ᠬᠤᠪᠸᠢ ᠮᠤᠵᠢ ᠶᠢᠨ ᠦᠬᠠᠨ ᠬᠤᠳᠠ ᠶᠢᠨ ᠵᠢᠶᠠᠩ ᠠᠨ ᠲᠤᠭᠤᠷᠢᠭ ᠤᠨ ᠲᠦᠯᠦᠪᠯᠡᠭᠡ ᠶᠢᠨ ᠵᠦᠪᠯᠡᠯ ᠤᠨ ᠲᠡᠳ᠋ ᠡᠷᠬᠢᠯᠡᠭᠴᠢ ᠪᠠᠷ ᠲᠤᠰᠢᠶᠠᠯ ᠡᠭᠦᠷᠭᠡᠯᠠᠪᠠ︶ ᠪᠠᠶᠢᠪᠠ      2002.01 — 2002.09 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠬᠠᠳᠠ ᠬᠤᠳᠠ ᠶᠢᠨ ᠡᠮᠡᠭᠳᠡᠶᠢᠴᠤᠳ ᠤᠨ ᠬᠤᠯᠪᠤᠭ᠎ᠠ ᠶᠢᠨ ᠲᠡᠳ᠋ ᠲᠡᠷᠢᠭᠦᠯᠡᠭᠴᠢ ᠪᠠᠶᠢᠪᠠ      2002.09 — 2003.11 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠠᠶᠢᠮᠠᠬ ᠤᠨ ᠲᠡᠳ᠋ ᠲᠠᠷᠤᠭ᠎ᠠ ᠪᠠᠶᠢᠪᠠ      2003.11 — 2004.04 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠠᠶᠢᠮᠠᠬ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ︵2003.07 — 2003.12 ᠰᠤᠶᠤᠯ ᠤᠨ ᠶᠠᠮᠤᠨ ᠤ ᠲᠦᠷᠦ ᠶᠢᠨ ᠪᠤᠳᠤᠯᠭ᠎ᠠ ᠬᠠᠤᠯᠢ ᠳᠣᠭᠳᠠᠭᠠᠯ ᠤᠨ ᠵᠤᠷᠭᠠᠨ ᠤ ᠲᠡᠳ᠋ ᠲᠠᠷᠤᠭ᠎ᠠ ᠪᠠᠷ ᠲᠤᠰᠢᠶᠠᠯ ᠡᠭᠦᠷᠭᠡᠯᠡᠪᠡ︶ ᠪᠠᠶᠢᠪᠠ      2004.04 — 2006.10 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠶᠢᠪᠠ      2006.10 — 2010.12 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠪᠠᠶᠢᠪᠠ      2010.12 — 2012.02 ᠥᠪᠥᠷ ᠮᠤᠩᠭᠤᠯ ᠤᠨ ᠥᠪᠡᠷᠲᠡᠬᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠥᠵᠢ᠂ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠪᠠᠶᠢᠪᠠ      2012.02 — 2014.01 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠷᠠᠳᠢᠣ᠋ ᠺᠢᠨᠣ᠋ ᠲᠧᠯᠸᠢᠰ ᠤᠨ ᠲᠤᠪᠴᠢᠶ᠎ᠠ ᠶᠢᠨ ᠲᠠᠷᠤᠭ᠎ᠠ᠂ ᠨᠠᠮ  ᠤᠨ ᠤᠳᠤᠷᠢᠳᠬᠤ ᠲᠤᠭᠤᠶᠢᠯᠠᠩ ᠤᠨ ᠱᠦᠵᠢ ︵2011.04 — 2014.01 ᠪᠡᠭᠡᠵᠢᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠤᠳᠬ᠎ᠠ ᠵᠤᠬᠢᠶᠠᠯ ᠬᠠᠤᠯᠢ ᠴᠠᠭᠠᠵᠠ ᠶᠢᠨ ᠲᠡᠭᠡᠳᠤ ᠰᠤᠷᠭᠠᠭᠤᠯᠢ ᠶᠢᠨ ᠤᠯᠠᠨ ᠨᠡᠶᠢᠳᠡ ᠶᠢᠨ ᠬᠠᠮᠢᠶᠠᠷᠤᠯᠳᠠ ᠶᠢᠨ ᠲᠤᠰᠬᠠᠢ ᠮᠡᠷᠭᠡᠵᠢᠯ ᠤᠨ ᠠᠰᠫᠢᠷᠠᠨᠲ ᠢᠶᠠᠷ ᠰᠤᠷᠤᠯᠴᠠᠵᠦ᠂ ᠤᠯᠠᠨ ᠨᠡᠶᠢᠳᠡ ᠶᠢᠨ ᠬᠠᠮᠢᠶᠠᠷᠤᠯᠳᠠ ᠶᠢᠨ ᠮᠠᠰᠲ᠋ᠧᠷ ᠴᠤᠯᠠ ᠬᠠᠮᠠᠭᠠᠯᠠᠪᠠ︶ ᠪᠠᠶᠢᠪᠠ      2014.01 — 2015.01 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠤᠪᠴᠢᠶ᠎ᠠ ᠶᠢᠨ ᠲᠠᠷᠤᠭ᠎ᠠ᠂ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠪᠠᠶᠢᠪᠠ      2015 .01 — 2016.04 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠪᠠᠶᠢᠪᠠ      2016.04 — 2016.10 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠪᠠᠶᠢᠪᠠ      2016.10 —2017.03 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ      2017.03— 2017.05 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ      2017.05 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠲᠤᠰᠢᠶᠠᠯ ᠳᠤ ᠪᠣᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ ᠪᠣᠯᠣᠨ᠎ᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ