内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 ᠣᠨ — 2022 ᠣᠨ︶︾ ᠢ ᠲᠠᠷᠣᠮᠠᠯᠯᠠᠨ ᠶᠠᠪᠣᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2021/1/19
                                                                   ᠦᠪᠣᠷ ᠵᠠᠰᠠᠭ ᠠᠯᠪᠡᠨ ᠳᠠᠷᠬᠠᠭᠠᠭᠰᠠᠨ ﹇2020﹈ 37 ᠳ᠋ᠣᠭᠠᠷ ᠲᠣᠭᠠᠳᠣᠡᠯ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠳᠤ᠄      ᠡᠳᠦᠭᠡ ︽ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 ᠣᠨ — 2022 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠳᠣᠭᠠᠢ᠃                                                             2020 ᠣᠨ ᠤ 10 ᠳ᠋ᠤᠭᠠᠷ ᠰᠠᠷ᠎ᠠ ᠶᠢᠨ 30 ᠤ ᠡᠳᠦᠷ                                                                  ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 ᠣᠨ — 2022 ᠣᠨ︶      ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ﹇2020﹈ 9 ᠳ᠋ᠣᠭᠡᠷ ᠲᠣᠭᠠᠲᠤ︶ ᠤᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠭᠤᠰᠢᠯᠠᠭᠤᠯᠣᠨ ᠨᠠᠶᠢᠳᠠᠪᠤᠷᠢᠵᠢᠭᠤᠯᠵᠣ᠂ ᠮᠠᠨ ᠤ ᠣᠷᠣᠨ ᠤ ᠲᠠᠷᠢᠶᠠᠯᠠᠩ ᠤᠨ ᠬᠥᠭᠵᠢᠯᠲᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠳᠠᠯ᠎ᠠ ᠪᠠᠷ ᠲᠤᠭᠤᠰᠢᠯᠠᠭᠤᠯᠤᠨ᠂ ᠥᠪᠥᠷ ᠮᠣᠩᠭᠤᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠵᠣ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ 8 ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ︵ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ ᠪᠤᠭᠤᠳᠠᠶ᠂ ᠤᠰᠤᠨ ᠲᠤᠲᠤᠷᠭ᠎ᠠ᠂ ᠨᠡᠷᠡᠨ ᠬᠤᠸᠠᠷ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ︶ ᠪᠠ 6 ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ︵ᠡᠷᠳᠡᠨᠢ ᠰᠢᠰᠢ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ᠂ ᠨᠡᠷᠡᠨ ᠬᠤᠸᠠᠷ᠂ ᠪᠤᠭᠤᠳᠠᠶ᠂ ᠲᠥᠮᠥᠰᠥ︶ ᠢ ᠪᠦᠲᠦᠭᠡᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠮᠠᠨ ᠤ ᠣᠷᠣᠨ ᠤ ᠲᠠᠷᠢᠶᠠᠯᠠᠩ ᠢ ᠤᠨᠠᠯᠳᠠ ᠶᠢ ᠨᠢ ᠨᠡᠮᠡᠭᠳᠡᠬᠦᠯᠵᠦ ᠪᠠᠶᠢᠨᠨᠰᠠᠨ ᠠᠴᠠ ᠶᠠᠰᠤ ᠴᠢᠨᠠᠷ ᠢ ᠨᠢ ᠳᠡᠭᠡᠭᠰᠢᠯᠡᠭᠦᠯᠬᠦ ᠤᠳᠤᠷᠢᠳᠤᠮᠵᠢ ᠲᠠᠶᠢᠰᠢ ᠬᠤᠪᠢᠷᠠᠭᠤᠯᠬᠤ ᠶᠢ ᠠᠬᠢᠭᠤᠯᠣᠨ᠂ ᠮᠠᠨ ᠤ ᠣᠷᠣᠨ ᠢᠶᠠᠨ ᠲᠠᠷᠢᠶᠠᠯᠠᠩ ᠤᠨ ᠲᠣᠮᠣ ᠣᠷᠣᠨ ᠠᠴᠠ ᠲᠠᠷᠢᠶᠠᠯᠠᠩ ᠤᠨ ᠬᠦᠴᠦᠷᠬᠡᠭ ᠣᠷᠣᠨ ᠲᠡᠶᠢᠰᠢ ᠰᠢᠯᠵᠢᠬᠦ ᠶᠢ ᠠᠬᠢᠭᠤᠯᠤᠨ᠎ᠠ᠃      2022 ᠣᠨ ᠪᠣᠯᠬᠤ ᠳᠤ᠂ ᠪᠦᠬᠦ ᠣᠷᠣᠨ ᠤ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠤᠨᠤᠯᠵᠢᠬᠤᠨ ᠢ ᠪᠦᠬᠦ ᠲᠠᠯ᠎ᠠ ᠪᠠᠷ ᠪᠤᠢ ᠪᠣᠯᠭᠠᠨ᠂ ᠬᠦᠴᠦᠨ ᠵᠦᠢᠯ ᠤᠨ ᠲᠣᠬᠢᠷᠠᠭᠤᠯᠤᠯᠲᠠ᠂ ᠠᠵᠤ ᠦᠢᠯᠡᠰ ᠤᠨ ᠪᠦᠲᠦᠴᠡ᠂ ᠣᠷᠣᠨ ᠵᠠᠶ ᠶᠢᠨ ᠪᠠᠶᠢᠷᠢᠰᠢᠯᠠᠭᠤᠯᠤᠯᠲᠠ᠂ ᠬᠠᠮᠢᠶᠠᠷᠣᠯᠳᠠ ᠶᠢᠨ ᠠᠷᠭ᠎ᠠ ᠮᠠᠶ᠋ᠢᠭ ᠢ ᠢᠯᠡᠳᠲᠡ ᠰᠢᠯᠢᠳᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ 1 ᠳ᠋ᠦᠩᠰᠢᠭᠤᠷ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠣᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 700 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠭᠤᠤᠯ ᠪᠣᠯᠬᠤ ᠲᠠᠷᠢᠮᠠᠯ ᠤᠨ ᠰᠢᠯᠢᠳᠡᠭ ᠰᠠᠶᠢᠨ ᠦᠷ᠎ᠡ ᠡᠭᠦᠯᠳᠡᠷ ᠪᠤᠯᠭᠠᠨᠨᠰᠠᠨ ᠨᠣᠷᠮ᠎ᠠ ᠶᠢ 98% ᠠᠴᠠ ᠳᠡᠭᠡᠭᠰᠢ ᠳᠤ ᠲᠤᠨᠨᠳᠠᠪᠤᠷᠢᠵᠢᠭᠤᠯᠤᠨ᠂ ᠲᠠᠷᠢᠮᠠᠯ ᠢ ᠬᠠᠭᠠᠯᠪᠤᠷᠢᠯᠠᠬᠤ ᠲᠠᠷᠢᠬᠤ ᠬᠤᠷᠢᠶᠠᠬᠤ ᠶᠡᠷᠦᠩᠬᠡᠶ ᠮᠠᠰᠢᠨᠴᠢᠯᠠᠯᠲᠠ ᠶᠢᠨ ᠨᠣᠷᠮ᠎ᠠ ᠶᠢ 87% ᠳᠤ ᠬᠦᠷᠭᠡᠵᠣ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ ᠶᠢ 59% ᠳᠤ ᠬᠦᠷᠦᠭᠦᠯᠦᠨ᠎ᠡ᠃ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠤᠷᠰᠢᠯᠳᠤ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠤᠷᠮ᠎ᠠ ᠶᠢ 97% ᠠᠴᠠ ᠳᠡᠭᠡᠭᠰᠢ ᠳᠤ ᠲᠤᠨᠨᠳᠠᠪᠤᠷᠢᠵᠢᠭᠤᠯᠤᠨ᠂ ᠮᠦ ᠪᠦᠷᠢ ᠳᠤ ᠬᠡᠷᠡᠭᠯᠡᠬᠦ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠳᠤᠮᠳᠠᠴᠢ ᠬᠡᠮᠵᠢᠶ᠎ᠡ ᠶᠢ ᠲᠤᠰ ᠲᠤᠰ 13.8 ᠺᠢᠯᠣᠭ᠍ᠷᠠᠮ᠂ 132 ᠭᠷᠠᠮ ᠪᠣᠯᠲᠠᠯ᠎ᠠ ᠪᠠᠭᠠᠰᠬᠠᠨ᠎ᠠ᠃ ᠠᠵᠤ ᠦᠢᠯᠡᠰ ᠤᠨ ᠦᠷ᠎ᠡ ᠠᠰᠢᠭ ᠢ ᠢᠯᠡᠳᠲᠡ ᠲᠡᠬᠡᠭᠰᠢᠯᠡᠬᠦᠯᠵᠦ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠢᠯᠡᠳᠲᠡ ᠦᠷ᠎ᠡ ᠪᠦᠲᠦᠮᠵᠢ ᠲᠠᠢ ᠪᠣᠯᠭᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠤᠯᠠᠷᠢᠭᠤᠯᠬᠤ ᠨᠣᠷᠮ᠎ᠠ ᠪᠠᠨ 67% ᠳᠤ ᠭᠦᠷᠬᠡᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠦ ᠲᠡᠮᠳᠡᠭ᠂ ᠠᠵᠤ ᠠᠬᠤᠶᠢᠯᠠᠯ ᠤᠨ ᠨᠡᠷᠡᠳᠣ ᠲᠡᠮᠳᠡᠭ᠂ ᠣᠨᠴᠠᠯᠢᠭ ᠲᠠᠢ ᠨᠡᠷᠡᠲᠦ ᠲᠡᠮᠳᠡᠭ ᠢᠶᠠᠷ ᠭᠤᠤᠯ ᠪᠣᠯᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠨᠠᠷᠡᠲᠦ ᠲᠡᠮᠳᠡᠭ ᠤᠨ ᠪᠠᠶᠢᠷᠢᠰᠢᠯ ᠢ ᠲᠦᠷᠭᠡᠳᠬᠡᠨ ᠪᠣᠶ ᠪᠣᠯᠭᠠᠵᠣ᠂ ᠡᠷᠳᠡᠨᠢ ᠰᠢᠰᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠳᠦᠬᠡᠭᠳᠡᠬᠦᠨ ᠤ ᠥᠷᠲᠡᠭ ᠢ 1000 ᠳ᠋ᠦᠩᠰᠢᠭᠤᠷ ᠲᠦᠭᠦᠷᠢᠭ ᠲᠤ ᠲᠣᠭᠲᠠᠪᠤᠷᠢᠵᠢᠭᠤᠯᠵᠤ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ᠂ ᠨᠡᠷᠡᠨ ᠬᠤᠸᠠᠷ᠂ ᠪᠤᠭᠤᠳᠠᠢ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠳᠦᠬᠡᠭᠳᠡᠬᠦᠨ ᠤ ᠥᠷᠲᠡᠭ ᠢ ᠲᠣᠰ ᠲᠣᠰ 400 ᠳ᠋ᠦᠩᠰᠢᠭᠤᠷ ᠲᠦᠭᠦᠷᠢᠭ᠂ 240 ᠳ᠋ᠦᠩᠰᠢᠭᠤᠷ ᠲᠥᠭᠦᠷᠢᠭ᠂ 180 ᠳ᠋ᠦᠩᠰᠢᠭᠤᠷ ᠲᠥᠭᠦᠷᠢᠭ᠂ 150 ᠳ᠋ᠦᠩᠰᠢᠭᠤᠷ ᠲᠥᠭᠦᠷᠢᠭ᠂ 130 ᠳ᠋ᠦᠩᠰᠢᠭᠤᠷ ᠲᠥᠭᠦᠷᠢᠭ ᠲᠤ ᠭᠦᠷᠣᠭᠦᠯᠣᠨ᠎ᠠ᠃      ᠬᠤᠶᠠᠷ᠂ ᠭᠤᠣᠯᠳᠠᠯᠭ᠎ᠠ ᠲᠠᠢ ᠠᠵᠢᠯ      ︵ᠨᠢᠭᠡ︶ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠦᠨ᠎ᠡ᠃      1. ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠴᠢᠩᠳᠠᠯᠠᠨ᠎ᠠ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠬᠡᠷᠡᠭᠴᠡᠭᠡ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢᠨ ᠳᠦᠷᠢᠮ ᠢ ᠡᠷᠡᠰ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠲᠠᠷᠢᠶᠠᠯᠠᠩ ᠤᠨ ᠴᠢᠬᠤᠯᠠ ᠪᠦᠲᠦᠭᠡᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠲᠠᠷᠢᠶᠠᠯᠠᠬᠤ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ᠂ ᠠᠮᠤ ᠪᠤᠳᠠᠭᠠᠨ ᠤ ᠪᠤᠰᠤ ᠪᠣᠯᠭᠠᠬᠤ ᠦᠵᠡᠭᠳᠡᠯ ᠢ ᠡᠷᠡᠰ ᠬᠤᠷᠢᠭᠯᠠᠨ ᠵᠣᠭᠰᠣᠭᠠᠬᠤ ᠪᠠ ᠵᠠᠯᠠᠷᠠᠭᠤᠯᠤᠨ᠎ᠠ᠃ 2022 ᠣᠨ ᠪᠣᠯᠬᠤ ᠳᠤ᠂ ᠪᠦᠬᠦ ᠣᠷᠣᠨ ᠤ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠬᠤ ᠲᠠᠯᠠᠪᠠᠢ ᠶᠢ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠪᠠᠳᠤᠯᠠᠬᠤ ᠬᠡᠮᠵᠢᠶᠡᠨ ᠤ ᠡᠭᠦᠷᠭᠡ ᠠᠴᠠ ᠪᠠᠭ᠎ᠠ ᠪᠠᠶᠢᠯᠭᠠᠵᠣ ᠪᠣᠯᠬᠤ ᠦᠬᠡᠢ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ᠂ ᠡᠷᠳᠡᠨᠢ ᠰᠢᠰᠢ ᠶᠢᠨ ᠲᠠᠯᠠᠪᠠᠢ ᠶᠢ 3910 ᠲᠦᠮᠡᠨ ᠮᠦ ᠠᠴᠠ ᠪᠠᠭ᠎ᠠ ᠪᠠᠶᠢᠯᠭᠠᠵᠤ ᠪᠣᠯᠬᠤ ᠦᠭᠡᠢ᠂ ᠪᠣᠭᠤᠳᠠᠶ ᠶᠢᠨ ᠲᠠᠯᠠᠪᠠᠢ ᠶᠢ 1220 ᠲᠦᠮᠡᠨ ᠮᠦ ᠠᠴᠠ ᠪᠠᠭ᠎ᠠ ᠪᠠᠶᠢᠯᠭᠠᠵᠦ ᠪᠣᠯᠬᠤ ᠦᠬᠡᠢ᠂ ᠣᠰᠣᠨ ᠲᠤᠲᠤᠷᠭ᠎ᠠ ᠶᠢᠨ ᠲᠠᠯᠠᠪᠠᠢ ᠶᠢ 200 ᠲᠦᠮᠡᠨ ᠮᠦ ᠠᠴᠠ ᠪᠠᠭ᠎ᠠ ᠪᠠᠶᠢᠯᠭᠠᠵᠦ ᠪᠣᠯᠬᠤ ᠦᠬᠡᠢ᠂ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠳᠠᠬᠢ ᠰᠢᠷ᠎ᠠ ᠪᠤᠷᠴᠠᠭ ᠤᠨ ᠲᠠᠯᠠᠪᠠᠶ ᠶᠢ 1250 ᠲᠦᠮᠡᠨ ᠮᠥ ᠠᠴᠠ ᠪᠠᠭ᠎ᠠ ᠪᠠᠶᠢᠯᠭᠠᠵᠦ ᠪᠣᠯᠬᠤ ᠦᠬᠡᠢ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠡᠯ᠎ᠡ ᠵᠦᠢᠯ ᠤᠨ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠳᠠᠢ ᠪᠤᠯᠬᠤᠷ ᠲᠤᠷᠤᠨᠨᠰᠢ ᠳᠠᠭᠢᠵᠤ ᠵᠢᠨᠨᠰᠠᠭᠠᠵᠦ ᠲᠤᠳᠤᠷᠬᠠᠢᠯᠠᠬᠤ ᠥᠬᠡᠶ︶      2. ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠶ ᠰᠠᠶᠢᠲᠤᠷ ᠠᠳᠬᠤᠵᠤ᠂ ᠠᠮᠤ ᠪᠤᠳᠠᠭᠠᠨ ᠤ ᠠᠮᠤᠷ ᠲᠦᠪᠰᠢᠨ ᠢ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠰᠢᠯᠭᠠᠨ ᠬᠢᠨᠠᠬᠤ ᠶᠢ ᠴᠢᠩᠭᠠᠷᠠᠭᠤᠯᠤᠨ᠂ ᠣᠷᠣᠨ ᠨᠤᠲᠤᠭ ᠤᠨ ᠤᠨᠠᠯᠲᠠ ᠪᠠᠨ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ ᠡᠩ ᠲᠡᠷᠢᠭᠦᠨ ᠳᠤ ᠪᠠᠲᠤᠯᠠᠬᠤ ᠪᠠ ᠲᠠᠷᠢᠶᠠᠯᠠᠩ ᠲᠤᠰᠠᠯᠠᠬᠤ ᠠᠵᠤ ᠠᠬᠤᠢ ᠶᠢᠨ ᠴᠢᠬᠤᠯᠠ ᠪᠦᠲᠦᠭᠡᠭᠳᠡᠬᠦᠨ ᠤ ᠬᠠᠩᠭᠠᠯᠭ᠎ᠠ ᠶᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠲᠡᠰ ᠲᠠᠷᠠᠭᠠᠯᠠᠯ ᠲᠠᠢ ᠠᠬᠢᠭᠤᠯᠤᠨ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠭᠤᠷᠪᠠᠨ ᠶᠡᠭᠡ ᠭᠤᠣᠯ ᠪᠣᠯᠬᠤ ᠠᠮᠤ ᠪᠤᠳᠠᠭ᠎ᠠ ᠶᠢ ᠤᠷᠢᠳ ᠢᠶᠠᠷ ᠲᠠᠷᠢᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ᠂ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠤ ᠦᠢᠯᠡᠣᠡᠪᠣᠷᠢᠯᠡᠯ ᠤᠨ ᠬᠠᠮᠠᠭᠠᠯᠠᠯᠲᠠ ᠶᠢᠨ ᠣᠷᠣᠨ ᠳᠤ ᠲᠣᠭᠲᠠᠭᠠᠭᠰᠠᠨ ᠳᠠᠷᠢᠮᠠᠯ ᠲᠠᠷᠢᠬᠤ ᠪᠠᠷ ᠭᠤᠤᠯ ᠪᠣᠯᠭᠠᠨ᠂ ᠪᠣᠰᠣᠣᠨ ᠲᠠᠷᠢᠶᠠᠯᠠᠬᠤ ᠭᠠᠵᠠᠷ ᠢ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠪᠠ ᠲᠡᠵᠢᠭᠡᠯ ᠪᠣᠷᠳᠣᠭᠠᠨ ᠤ ᠲᠠᠷᠢᠮᠠᠯ ᠢ ᠦᠢᠯᠡᠳᠪᠦᠷᠢᠯᠡᠬᠦ ᠳᠤ ᠤᠷᠢᠳ ᠢᠶᠠᠷ ᠬᠡᠷᠡᠭᠯᠡᠨ᠎ᠡ᠃ ᠠᠮᠤ ᠪᠤᠳᠠᠭ᠎ᠠ ᠲᠠᠷᠢᠬᠤ ᠲᠠᠯᠠᠪᠠᠢ ᠶᠢ 1 ᠳ᠋ᠦᠩᠰᠢᠭᠤᠷ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠣᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ 700 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠳᠠᠪᠣᠷᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      3. ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠭᠠᠵᠠᠷ ᠰᠢᠷᠣᠶ ᠪᠠᠷ ᠠᠮᠤ ᠪᠤᠳᠠᠭ᠎ᠠ ᠶᠢ ᠪᠠᠳᠤᠯᠠᠵᠦ᠂ ᠤᠷ᠎ᠠ ᠮᠡᠷᠭᠡᠵᠢᠯ ᠢᠶᠠᠷ ᠪᠤᠳᠠᠭᠠᠨ ᠤ ᠤᠨᠠᠯᠳᠠ ᠶᠢ ᠲᠡᠬᠡᠭᠰᠢᠯᠡᠬᠦᠯᠬᠦ︾ ᠪᠠᠶᠢᠯᠳᠣᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠲᠦᠯᠦᠪᠵᠢᠬᠦᠯᠬᠡ ᠶᠢ ᠨᠠᠶᠢᠷᠠᠭᠤᠯᠤᠨ ᠵᠣᠬᠢᠶᠠᠵᠤ᠂ ᠪᠦᠲᠦᠭᠡᠨ ᠪᠠᠶᠢᠭᠤᠯᠬᠤ ᠡᠭᠦᠷᠭᠡ ᠶᠢ ᠣᠨ ᠵᠢᠯ᠂ ᠭᠠᠵᠠᠷ ᠨᠣᠳᠤᠭ ᠢᠶᠠᠷ ᠨᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠶᠢᠷᠢᠰᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠪᠠ ᠠᠮᠤ ᠪᠤᠳᠠᠭᠠᠨ ᠤ ᠭᠠᠷᠤᠯᠲᠠ ᠶᠡᠭᠡ ᠪᠠᠶᠢᠭ᠎ᠠ ᠰᠢᠶᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠳᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠵᠣᠬᠢᠶᠠᠨ ᠪᠠᠶᠢᠭᠤᠯᠵᠦ ᠬᠡᠷᠡᠭᠵᠢᠭᠦᠯᠬᠦ᠂ ᠰᠢᠯᠭᠠᠨ ᠬᠤᠷᠢᠶᠠᠵᠦ ᠠᠪᠬᠤ ᠬᠢᠨᠠᠨ ᠰᠢᠯᠭᠠᠬᠤ ᠪᠠ ᠵᠬᠠᠪᠣᠷ ᠤᠨ ᠵᠢᠷᠤᠭ ᠢ ᠬᠥᠮᠥᠷᠭᠡ ᠳᠤ ᠣᠷᠣᠭᠤᠯᠬᠤ ︽ᠲᠠᠪᠤ ᠶᠢ ᠨᠢᠭᠡᠳᠬᠡᠬᠦ︾ ᠪᠠᠷᠢᠮᠵᠢᠶ᠎ᠠ ᠶᠣᠰᠣᠭᠠᠷ᠂ ᠲᠥᠪᠯᠡᠷᠡᠨ ᠵᠠᠯᠭᠠᠯᠳᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1000 ᠲᠦᠮᠡᠨ ᠮᠦ ᠰᠢᠨ᠎ᠡ ᠪᠠᠷ ᠪᠠᠶᠢᠭᠤᠯᠵᠦ᠂ 475 ᠲᠦᠮᠡᠨ ᠮᠦ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠭᠦᠷᠵᠢᠬᠦᠯᠦᠨ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠱᠠᠩᠨᠠᠯ ᠤᠨ ᠨᠡᠮᠡᠭᠦᠷᠢ ᠪᠠ ᠠᠬᠢᠭᠤᠯᠤᠨ ᠪᠤᠳᠤᠵᠤ ᠦᠨ᠎ᠡ ᠨᠡᠮᠡᠬᠦ ᠲᠤᠨᠨᠳᠠᠴᠠ ᠶᠢ ᠲᠡᠭᠦᠯᠳᠡᠷᠵᠢᠭᠦᠯᠦᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠵᠦ ᠬᠠᠮᠢᠶᠠᠷᠬᠤ᠂ ᠰᠢᠯᠭᠠᠨ ᠬᠤᠷᠢᠶᠠᠵᠦ ᠠᠪᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ 2022 ᠣᠨ ᠪᠣᠯᠬᠤ ᠳᠤ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 3000 ᠲᠦᠮᠡᠨ ᠮᠦ ᠠᠴᠠ ᠳᠡᠭᠡᠭᠰᠢ ᠳᠤ ᠭᠦᠷᠬᠡᠵᠦ᠂ ᠲᠠᠷᠢᠶ᠎ᠠ ᠤᠰᠤᠯᠠᠬᠤ ᠤᠰᠤᠨ ᠤ ᠪᠦᠲᠦᠮᠵᠢᠲᠡᠶ ᠠᠰᠢᠭᠯᠠᠬᠤ ᠢᠯᠡᠳᠬᠡᠮᠵᠢ ᠶᠢ 0.55 ᠠᠴᠠ ᠳᠡᠭᠡᠭᠰᠢ ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠳᠠ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      4. ᠲᠠᠷᠢᠶᠠᠯᠠᠬᠤ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠷᠢᠶᠠᠯᠠᠬᠤ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠲᠤ ᠲᠥᠷᠥᠯ ᠢᠯᠭᠠᠯ ᠬᠤᠪᠢᠶᠠᠬᠤ ᠠᠵᠢᠯ ᠢ ᠥᠷᠨᠢᠭᠦᠯᠵᠦ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠲᠤ ᠬᠢᠨᠠᠨ ᠰᠢᠨᠵᠢᠵᠦ ᠦᠨᠡᠯᠡᠬᠦ ᠶᠢ ᠴᠢᠩᠭᠠᠳᠬᠠᠨ᠂ ᠲᠠᠷᠢᠶᠠᠯᠠᠬᠤ ᠭᠠᠵᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠰᠢ ᠰᠦᠢᠷᠡᠯ ᠢ ᠲᠠᠷᠢᠶᠠᠨ ᠳᠤ ᠪᠤᠴᠠᠭᠠᠬᠤ᠂ ᠰᠡᠯᠬᠦᠨ ᠲᠠᠷᠢᠬᠤ ᠪᠠ ᠥᠨᠵᠢᠭᠦᠯᠦᠨ ᠲᠠᠷᠢᠬᠤ ᠵᠡᠷᠭᠡ ᠲᠠᠷᠢᠶᠠᠯᠠᠬᠤ ᠭᠠᠵᠠᠷ ᠤᠨ ᠦᠩ ᠰᠢᠮ᠎ᠡ ᠶᠢ ᠳᠡᠭᠡᠭᠰᠢᠯᠡᠭᠦᠯᠬᠦ ᠶᠡᠷᠦᠩᠬᠡᠢ ᠲᠦᠭᠦᠷᠵᠢᠭᠰᠡᠨ ᠮᠡᠷᠭᠡᠵᠢᠯ ᠢ ᠶᠡᠭᠡ ᠪᠠᠷ ᠲᠡᠯᠬᠡᠷᠡᠭᠦᠯᠦᠨ᠂ ᠳᠤᠮᠳᠠ ᠳᠣᠤᠷ᠎ᠠ ᠤᠨᠠᠯᠲᠠ ᠲᠠᠢ ᠲᠠᠷᠢᠶᠠᠨ ᠭᠠᠵᠠᠷ ᠢ ᠦᠬᠡᠷᠡᠴᠢᠯᠡᠨ ᠰᠢᠨᠡᠳᠬᠡᠬᠦ ᠵᠢᠴᠢ ᠦᠷᠭᠦᠯᠵᠢᠯᠡᠨ ᠠᠰᠢᠭᠯᠠᠬᠤ ᠠᠵᠢᠯ ᠢ ᠴᠢᠩᠭᠠᠣᠡᠬᠠᠵᠣ᠂ 2022 ᠣᠨ ᠪᠣᠯᠬᠤ ᠳᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠪᠠ ᠡᠰᠢ ᠰᠦᠢᠷᠡᠯ ᠢ ᠲᠠᠷᠢᠶᠠᠨ ᠳᠤ ᠪᠣᠴᠠᠭᠠᠬᠤ ᠲᠠᠯᠠᠪᠠᠢ ᠶᠢ ᠲᠣᠰ ᠲᠣᠰ 5000 ᠲᠦᠮᠡᠨ ᠮᠦ ᠪᠠ 3500 ᠲᠦᠮᠡᠨ ᠮᠦ ᠠᠴᠠ ᠳᠡᠭᠡᠭᠰᠢ ᠳᠤ ᠬᠦᠷᠦᠭᠦᠯᠦᠨ᠎ᠡ᠃ ᠪᠣᠷᠣᠲᠣᠬᠤᠶ ᠶᠢᠨ ᠲᠠᠯ᠎ᠠ ᠭᠠᠵᠠᠷ᠂ ᠲᠦᠮᠡᠳ ᠤᠨ ᠲᠠᠯ᠎ᠠ ᠭᠠᠵᠠᠷ᠂ ᠪᠠᠷᠠᠭᠤᠨ ᠯᠢᠶᠣᠤ ᠾᠧ ᠭᠤᠤᠯ ᠤᠨ ᠲᠠᠯ᠎ᠠ ᠭᠠᠵᠡᠷ ᠭᠤᠷᠪᠠᠨ ᠶᠡᠭᠡ ᠤᠰᠤᠯᠠᠯᠲᠠ ᠶᠢᠨ ᠣᠷᠣᠨ ᠤ ᠬᠤᠵᠢᠷᠰᠢᠭᠰᠠᠨ ᠲᠠᠷᠢᠶᠠᠯᠠᠬᠤ ᠭᠠᠵᠠᠷ ᠤᠨ ᠰᠠᠶᠢᠵᠢᠷᠠᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠤᠵᠢᠷᠰᠢᠭᠰᠠᠨ ᠲᠠᠷᠢᠶᠠᠯᠠᠬᠤ ᠭᠠᠵᠠᠷ ᠢ ᠨᠢ ᠰᠠᠶᠢᠵᠢᠷᠠᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠠ᠂ 2020 ᠣᠨ ᠳᠤ ᠰᠠᠶᠢᠵᠢᠷᠠᠭᠤᠯᠬᠤ ᠲᠤᠷᠰᠢᠯᠲᠠ ᠶᠢᠨ ᠴᠡᠭ ᠢ 6 ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠡᠮᠵᠢᠯᠭᠡ ᠶᠢ ᠣᠯᠬᠤ ᠪᠠᠷ ᠴᠢᠷᠮᠠᠶᠢᠵᠣ᠂ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠬᠦ ᠪᠠᠷ ᠴᠢᠷᠮᠠᠶᠢᠨ ᠭᠦᠴᠣᠯᠡᠵᠣ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠎ᠠ᠃ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠶᠢ ᠯᠠᠪᠳᠠᠭᠤᠨ ᠪᠠᠲᠤᠲᠠᠶ ᠠᠬᠢᠭᠤᠯᠣᠨ᠎ᠠ᠃ ᠬᠢᠩᠭᠠᠨ ᠠᠶᠢᠮᠠᠭ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ ᠳᠤ 1400 ᠲᠦᠮᠡᠨ ᠮᠦ ᠬᠠᠷ᠎ᠠ ᠭᠦᠷᠦᠰᠦ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      5. ᠲᠠᠷᠢᠶᠠᠯᠠᠩ ᠤᠨ ᠮᠠᠰᠢᠨ ᠲᠤᠨᠤᠭ ᠲᠦᠭᠦᠬᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠵᠢᠯ ᠪᠦᠷᠢ ᠮᠠᠨ ᠤ ᠣᠷᠣᠨ ᠤ ᠪᠠᠴᠢᠮ ᠱᠠᠭᠠᠷᠳᠠᠭᠳᠠᠵᠣ ᠪᠠᠶᠢᠭ᠎ᠠ ᠣᠨᠴᠠᠯᠢᠭᠳᠣ ᠲᠠᠷᠢᠶᠠᠯᠠᠩ ᠤᠨ ᠮᠠᠰᠢᠨ ᠦᠢᠯᠡᠳᠬᠦᠨ ᠢ 2 — 3 ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠬᠤ ᠶᠢᠨ ᠬᠠᠮᠲᠤ᠂ ᠤᠯᠤᠰ ᠤᠨ ᠨᠡᠮᠡᠭᠦᠷᠢ ᠶᠢᠨ ᠬᠡᠪᠴᠢᠶᠡᠨ ᠳᠤ ᠤᠷᠤᠭᠤᠯᠤᠨ᠂ ᠲᠠᠷᠢᠶᠠᠯᠠᠩ ᠤᠨ ᠮᠠᠰᠢᠨ ᠲᠣᠨᠣᠭᠯᠠᠯ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠬᠠᠭᠤᠴᠢᠨ ᠮᠠᠰᠢᠨ ᠢ ᠬᠡᠷᠡᠭᠯᠡᠬᠡᠨ ᠠᠴᠠ ᠭᠠᠷᠭᠠᠬᠤ ᠳᠤ ᠵᠣᠬᠢᠬᠤ ᠨᠥᠬᠦᠪᠣᠷᠢ ᠣᠯᠭᠤᠨ᠎ᠠ᠃ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠨᠡᠮᠡᠭᠦᠷᠢ ᠦᠭᠴᠤ ᠠᠰᠢᠭ ᠬᠦᠷᠲᠡᠬᠦ ᠮᠡᠳᠡᠭᠡ ᠵᠠᠩᠭᠢ ᠪᠠ ᠪᠡᠯᠡ ᠮᠦᠩᠬᠦᠨ ᠤ ᠬᠡᠷᠡᠭᠯᠡᠬᠦ ᠠᠬᠢᠴᠠ ᠶᠢ ᠴᠠᠭ ᠲᠤᠬᠠᠶ ᠳᠤ ᠨᠢ ᠢᠯᠡ ᠪᠣᠯᠭᠠᠨ᠂ ᠨᠡᠮᠡᠭᠦᠷᠢ ᠭᠤᠶᠤᠴᠢᠯᠠᠬᠤ ᠶᠢ ᠬᠦᠯᠢᠶᠡᠨ ᠠᠪᠴᠤ ᠭᠦᠢᠴᠡᠳᠬᠡᠬᠦ ᠪᠠ ᠪᠡᠯᠡ ᠮᠥᠩᠭᠦ ᠰᠣᠯᠢᠵᠤ ᠥᠭᠬᠦ ᠳᠤ ᠴᠠᠭ ᠬᠢᠵᠠᠭᠠᠷᠯᠠᠨ ᠭᠦᠢᠴᠡᠳᠬᠡᠬᠦ ᠶᠢ ᠬᠡᠷᠡᠭᠵᠢᠭᠦᠯᠦᠨ᠎ᠡ᠃ ᠳᠠᠪᠠᠭᠤᠯᠢᠭ ᠲᠠᠷᠢᠮᠠᠯ ᠢ ᠥᠨᠳᠥᠷ ᠦᠷ᠎ᠡ ᠠᠰᠢᠭ ᠲᠠᠢ ᠤᠷᠭᠤᠮᠠᠯ ᠢᠶᠠᠷ ᠬᠠᠮᠠᠭᠠᠯᠠᠬᠤ᠂ ᠬᠤᠯᠪᠤᠭᠠᠯᠠᠨ ᠬᠤᠷᠢᠶᠠᠬᠤ᠂ ᠠᠮᠤ ᠪᠤᠳᠠᠭ᠎ᠠ ᠬᠠᠲᠠᠭᠠᠬᠤ ᠵᠡᠷᠭᠡ ᠪᠠᠷ ᠪᠠᠷᠤᠨᠨᠳᠠᠢ ᠪᠠᠶᠢᠭ᠎ᠠ ᠲᠠᠯ᠎ᠠ ᠪᠠ ᠨᠡᠷᠡᠨ ᠬᠤᠸᠠᠷ᠂ ᠰᠢᠬᠢᠷ ᠯᠤᠤᠪᠠᠩ᠂ ᠡᠮ ᠤᠨ ᠮᠠᠲ᠋ᠧᠷᠢᠶᠠᠯ ᠵᠡᠷᠭᠡ ᠠᠵᠤ ᠠᠬᠤᠶ ᠶᠢᠨ ᠲᠠᠷᠢᠮᠠᠯ ᠢ ᠬᠠᠳᠤᠵᠦ ᠬᠤᠷᠢᠶᠠᠬᠤ ᠮᠧᠬᠠᠨᠢᠨᠨᠵᠢᠯᠳᠠ ᠶᠢᠨ ᠳᠤᠲᠠᠭᠤᠳᠠᠯ ᠳᠤ ᠴᠢᠭᠯᠡᠭᠦᠯᠦᠨ᠂ ᠲᠤᠨᠤᠭ ᠲᠦᠭᠦᠬᠡᠷᠦᠮᠵᠢ ᠶᠢᠨ ᠴᠢᠳᠠᠪᠤᠷᠢ ᠪᠠ ᠠᠵᠢᠯᠯᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠥᠬᠦᠴᠡᠯ ᠳᠤ ᠨᠡᠶᠢᠴᠡᠬᠦ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠬᠠᠭᠠᠯᠪᠤᠷᠢᠯᠠᠯᠳᠠ ᠶᠢᠨ ᠣᠷᠣᠨ ᠢ ᠵᠤᠷᠢᠨᠨᠵᠢᠭᠤᠯᠵᠦ ᠪᠠᠶᠢᠭᠠᠳ ᠪᠦᠬᠦᠯᠢ ᠪᠠᠶᠢᠭᠤᠯᠤᠮᠵᠢᠳᠤ ᠳᠦᠷᠢᠮ ᠢᠶᠠᠷ ᠲᠠᠷᠢᠮᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠪᠠᠨ ᠮᠧᠬᠠᠨᠢᠨᠨᠵᠢᠭᠤᠯᠬᠤ ᠶᠢ ᠪᠡᠶᠡᠯᠡᠬᠦᠯᠵᠦ᠂ ᠪᠦᠬᠦ ᠣᠷᠣᠨ ᠳᠠᠬᠢ ᠤᠯᠤᠰ ᠤᠨ ᠪᠦᠬᠦ ᠶᠠᠪᠤᠴᠠ ᠪᠠᠨ ᠮᠧᠬᠠᠨᠢᠨᠨᠵᠢᠭᠤᠯᠤᠨᠨᠰᠠᠨ ᠵᠢᠱᠢᠶ᠎ᠡ ᠦᠵᠡᠭᠦᠯᠬᠦ ᠰᠢᠶᠠᠨ ᠢ 20 ᠳᠤ ᠬᠦᠷᠦᠭᠦᠯᠦᠨ᠎ᠡ᠃ 2022 ᠣᠨ ᠪᠣᠯᠬᠤ ᠳᠤ᠂ ᠪᠦᠬᠦ ᠣᠷᠣᠨ ᠤ ᠲᠠᠷᠢᠮᠠᠯ ᠤᠨ ᠲᠠᠷᠢᠵᠤ ᠬᠤᠷᠢᠶᠠᠬᠤ ᠶᠡᠷᠦᠩᠬᠡᠢ ᠮᠠᠰᠢᠨᠴᠢᠯᠠᠯᠲᠠ ᠶᠢᠨ ᠨᠣᠷᠮ᠎ᠠ ᠶᠢ 87% ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      6. ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠪᠦᠷᠢᠨᠰᠢᠭᠦᠯᠦᠨ᠎ᠡ᠃ ᠲᠠᠷᠢᠶᠠᠯᠠᠩ ᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠦᠰᠣᠯ ᠢ ᠲᠣᠭᠲᠠᠭᠠᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠮᠡᠳᠡᠭᠡ ᠵᠠᠩᠬᠢᠴᠢᠯᠠᠯᠳᠠ ᠶᠢ ᠠᠬᠢᠭᠤᠯᠤᠨ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠩ ᠬᠠᠭᠤᠷᠠᠶ᠂ ᠦᠶᠡᠷ ᠤᠰᠤᠲᠤᠯ᠂ ᠮᠥᠨᠳᠥᠷ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠭᠠᠨ᠎ᠠ᠃ ᠤᠯᠤᠰ ᠤᠨ ᠠᠮᠢᠲᠠᠨ ᠤᠷᠭᠤᠮᠠᠯ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠢᠳᠡᠪᠬᠢᠲᠡᠢ ᠪᠠᠷ ᠴᠢᠷᠮᠠᠶᠢᠨ ᠣᠯᠵᠤ᠂ ᠥᠪᠥᠷ ᠮᠣᠩᠭᠤᠯ ᠤᠨ ᠲᠠᠷᠢᠮᠠᠯ ᠤᠨ ᠬᠦᠨᠳᠦ ᠶᠡᠭᠡ ᠬᠤᠷᠣᠬᠠᠶ ᠬᠡᠮ ᠤᠨ ᠬᠥᠨᠥᠭᠡᠯ ᠢ ᠬᠢᠨᠠᠨ ᠰᠢᠨᠵᠢᠵᠦ ᠰᠡᠷᠡᠮᠵᠢᠯᠡᠭᠦᠯᠬᠦ ᠲᠤᠭᠠᠵᠢᠯᠬᠠᠰᠠᠨ ᠲᠠᠪᠴᠠᠩ ᠢ ᠲᠦᠷᠭᠡᠳᠬᠡᠨ ᠪᠠᠶᠢᠭᠤᠯᠵᠤ᠂ 33 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠷᠣᠬᠠᠶ ᠬᠡᠮ ᠤᠨ ᠬᠥᠨᠥᠭᠡᠯ ᠢ ᠬᠢᠨᠠᠨ ᠰᠢᠨᠵᠢᠬᠦ ᠥᠷᠲᠡᠭᠡ ᠴᠡᠭ ᠢ 136 ᠰᠢᠨ᠎ᠡ ᠪᠠᠷ ᠪᠠᠶᠢᠭᠤᠯᠵᠣ᠂ ᠭᠤᠤᠯ ᠪᠣᠯᠬᠤ ᠲᠠᠷᠢᠶᠠᠯᠠᠩ ᠤᠨ 86 ᠬᠤᠰᠢᠭᠤ ᠰᠢᠶᠠᠨ ︵ᠬᠤᠲᠠ᠂ ᠲᠣᠭᠤᠷᠢᠭ︶ ᠢ ᠬᠠᠮᠤᠷᠤᠭᠰᠠᠨ ᠬᠤᠷᠣᠬᠠᠢ ᠬᠡᠮ ᠤᠨ ᠬᠥᠨᠥᠭᠡᠯ ᠢ ᠬᠢᠨᠠᠨ ᠰᠢᠨᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠰᠢᠰᠲ᠋ᠧᠮ ᠢ ᠪᠦᠷᠢᠯᠳᠣᠭᠦᠯᠣᠨ᠎ᠠ᠃ ᠪᠡᠯᠴᠢᠬᠡᠷ ᠤᠨ ᠢᠳᠤᠭᠠᠨ ᠡᠷᠪᠡᠬᠡᠶ ᠵᠡᠷᠭᠡ ᠬᠦᠨᠳᠦ ᠶᠡᠭᠡ ᠬᠤᠷᠣᠬᠠᠶ ᠬᠡᠮ ᠤᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡᠳᠦᠯᠲᠡᠶ ᠰᠡᠷᠭᠡᠶᠢᠯᠡᠨ ᠨᠢᠭᠡᠳᠣᠯᠳᠠᠢ ᠵᠠᠰᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠥᠷᠨᠢᠭᠦᠯᠵᠦ᠂ ᠬᠤᠷᠣᠬᠠᠶ ᠬᠡᠮ ᠤᠨ ᠬᠥᠨᠥᠭᠡᠯ ᠬᠤᠬᠢᠷᠠᠯ ᠢ 5% ᠶᠢᠨ ᠳᠣᠲᠣᠷ᠎ᠠ ᠬᠢᠵᠠᠭᠠᠷᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠰᠡ ᠶᠢ ᠪᠦᠲᠦᠭᠡᠨ ᠪᠠᠶᠢᠭᠤᠯᠤᠨ᠎ᠠ᠃       7. ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠶᠡᠷᠦᠩᠬᠡᠶ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠭᠤᠤᠯᠯᠠᠬᠤ ᠠᠵᠤ ᠦᠢᠯᠡᠰ ᠢ ᠳᠠᠪᠠᠭᠤᠯᠢᠭ ᠣᠷᠣᠨ ᠪᠦᠰᠡ ᠲᠡᠶᠢᠰᠢ ᠲᠦᠪᠯᠡᠷᠡᠭᠦᠯᠬᠦ ᠶᠢ ᠨᠢ ᠤᠯᠠᠮ ᠨᠢᠭᠡ ᠠᠯᠬᠤᠮ ᠠᠬᠢᠭᠤᠯᠤᠨ᠎ᠠ᠃ ᠨᠤᠨ ᠮᠥᠷᠡᠨ ᠤ ᠰᠠᠪᠠ ᠭᠠᠵᠠᠷ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ᠂ ᠲᠦᠮᠡᠳ ᠤᠨ ᠲᠠᠯ᠎ᠠ ᠭᠠᠵᠠᠷ᠂ ᠪᠤᠷᠤᠲᠤᠬᠤᠢ ᠶᠢᠨ ᠤᠰᠤᠯᠠᠯᠲᠠ ᠶᠢᠨ ᠣᠷᠣᠨ ᠵᠡᠷᠭᠡ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠳᠤ ᠳᠤᠰᠤᠯᠭᠠᠨ ᠤᠰᠤᠯᠠᠬᠤ ᠪᠠᠷ ᠭᠤᠤᠯ ᠪᠣᠯᠭᠠᠭᠰᠠᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠠ ᠤᠰᠣ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠬᠥᠭᠵᠢᠭᠦᠯᠵᠦ᠂ ᠡᠷᠳᠡᠨᠢ ᠰᠢᠰᠢ ᠲᠠᠷᠢᠬᠤ ᠲᠠᠯᠠᠪᠠᠢ ᠶᠢ ᠲᠣᠭᠲᠠᠪᠣᠷᠢᠵᠢᠭᠤᠯᠣᠨ᠎ᠠ᠃ ᠬᠦᠨᠳᠦ ᠨᠣᠴᠢᠲᠠᠶ ᠭᠠᠩ ᠬᠠᠭᠰᠠᠷᠠᠭᠠᠨ ᠪᠠ ᠬᠦᠢᠲᠡᠨ ᠰᠡᠷᠢᠭᠦᠨ ᠣᠷᠣᠨ ᠤ ᠦᠷ᠎ᠡ ᠶᠢᠨ ᠡᠷᠳᠡᠨᠢ ᠰᠢᠰᠢ ᠶᠢ ᠲᠣᠬᠢᠷᠠᠭᠤᠯᠣᠨ ᠬᠠᠰᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠭᠠᠩ ᠬᠠᠭᠰᠠᠷᠠᠭᠠᠨ ᠳᠤ ᠲᠡᠰᠪᠦᠷᠢᠲᠡᠶ ᠤᠰᠤ ᠠᠷᠪᠢᠯᠠᠬᠤ ᠲᠠᠷᠢᠮᠠᠯ ᠤᠨ ᠲᠠᠯᠠᠪᠠᠢ ᠶᠢ ᠥᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠣᠷᠣᠨ᠂ ᠲᠠᠷᠢᠶᠠᠯᠠᠬᠤ ᠣᠷᠣᠨ ᠤ ᠮᠠᠯ ᠠᠵᠤ ᠠᠬᠤᠶ ᠲᠥᠪᠯᠡᠷᠡᠭᠰᠡᠨ ᠣᠷᠣᠨ ᠳᠤ ᠴᠣᠯ ᠳᠠᠷᠤᠰᠢᠭᠤᠯᠬᠤ ᠡᠷᠳᠡᠨᠢ ᠰᠢᠰᠢ ᠳᠠᠷᠢᠬᠤ ᠲᠠᠯᠠᠪᠠᠶ ᠶᠢ ᠥᠷᠭᠡᠳᠬᠡᠨ᠎ᠡ᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠴᠢᠨᠠᠷ ᠰᠠᠶᠢᠲᠠᠶ ᠴᠢᠩᠭᠠᠪᠳᠣᠷ ᠪᠠ ᠴᠢᠩᠭ᠎ᠠ ᠰᠢᠷᠪᠤᠰᠤᠳᠤ ᠪᠣᠭᠤᠳᠠᠶ᠂ ᠲᠣᠮᠣ ᠮᠥᠬᠦᠯᠢᠭᠲᠦ ᠨᠠᠷᠠᠨ ᠬᠤᠸᠠᠷ ᠪᠠ ᠡᠳ᠋ᠰᠢᠭᠦᠯᠬᠦ ᠬᠡᠯᠪᠡᠷᠢ ᠶᠢᠨ ᠢᠳᠡᠰᠢᠨ ᠨᠣᠭᠤᠭ᠎ᠠ ᠶᠢ ᠬᠥᠭᠵᠢᠭᠦᠯᠦᠨ᠎ᠡ᠃ ᠬᠥᠯᠥᠨ ᠪᠦᠢᠷ ᠬᠤᠲᠠ᠂ ᠬᠢᠩᠭᠠᠨ ᠠᠶᠢᠮᠠᠭ ᠵᠡᠷᠭᠡ ᠶᠡᠭᠡ ᠬᠢᠩᠭᠠᠨ ᠳᠠᠪᠠᠭ᠎ᠠ ᠶᠢᠨ ᠳᠣᠪᠣᠷᠬᠠᠭ ᠣᠷᠣᠨ ᠤ ᠪᠣᠬᠢᠷᠲᠤᠯ ᠦᠭᠡᠢ ᠣᠷᠭᠠᠨᠢᠭ ᠰᠢᠷ᠎ᠠ ᠪᠤᠷᠴᠠᠭ ᠦᠢᠯᠡᠳᠪᠦᠷᠢᠯᠡᠬᠦ ᠬᠡᠪᠴᠢᠶ᠎ᠡ ᠶᠢ ᠲᠣᠭᠳᠠᠭᠤᠨ ᠪᠠᠶᠢᠯᠭᠠᠵᠣ᠂ ᠴᠢᠩᠭ᠎ᠠ ᠰᠢᠷᠪᠤᠰᠤᠳᠤ ᠪᠤᠭᠤᠳᠠᠢ ᠪᠠ ᠴᠢᠨᠠᠷ ᠰᠠᠶᠢᠲᠠᠶ ᠰᠣᠨᠨᠰᠣᠷᠭ᠎ᠠ ᠠᠮᠣ ᠶᠢ ᠭᠦᠭᠵᠢᠬᠦᠯᠦᠨ᠂ ᠲᠥᠮᠥᠰᠥ ᠲᠠᠷᠢᠬᠤ ᠬᠡᠪᠴᠢᠶ᠎ᠡ ᠶᠢ ᠥᠷᠭᠡᠳᠬᠡᠨ᠎ᠡ᠃ ᠮᠤᠨᠢ ᠠᠭᠤᠯᠠ ᠶᠢᠨ ᠬᠤᠷᠮᠣᠶ ᠳᠠᠭᠠᠤ ᠲᠥᠮᠥᠰᠥ ᠳᠠᠷᠢᠬᠤ ᠲᠠᠯᠠᠪᠠᠶ ᠶᠢ ᠥᠷᠭᠡᠳᠬᠡᠵᠦ᠂ ᠲᠥᠮᠥᠰᠥᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠥᠮᠥᠰᠥ ᠳᠠᠷᠢᠬᠤ ᠠᠵᠤ ᠦᠢᠯᠡᠰ ᠢ ᠬᠥᠭᠵᠢᠭᠦᠯᠦᠨ᠎ᠡ᠃ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠳᠠᠪᠠᠭᠤᠯᠢᠭ ᠣᠷᠣᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠦᠢᠲᠡᠨ ᠰᠡᠷᠢᠭᠦᠨ ᠤᠷᠤᠨ ᠤ ᠳᠠᠪᠠᠭᠤᠯᠢᠭ ᠢ ᠪᠠᠳᠠᠷᠠᠭᠤᠯᠤᠨ ᠢᠳᠡᠰᠢᠨ ᠨᠣᠭᠤᠭᠠᠨ ᠤ ᠦᠢᠯᠡᠳᠪᠦᠷᠢᠯᠡᠯ ᠢ ᠬᠥᠭᠵᠢᠭᠦᠯᠦᠨ᠎ᠡ᠃ ᠬᠠᠭᠤᠷᠠᠶ ᠲᠠᠷᠢᠮᠠᠯ ᠤᠨ ᠬᠦᠢᠲᠡᠨ ᠰᠡᠷᠢᠭᠦᠨ ᠣᠷᠣᠨ ᠳᠤ ᠡᠯᠳᠡᠪ ᠠᠮᠤ ᠡᠯᠳᠡᠪ ᠪᠤᠷᠴᠠᠭ ᠵᠡᠷᠭᠡ ᠣᠨᠴᠠᠯᠢᠭᠲᠤ ᠲᠠᠷᠢᠮᠠᠯ ᠢᠶᠠᠷ ᠭᠤᠣᠯᠳᠠᠯᠭ᠎ᠠ ᠪᠣᠯᠭᠠᠵᠤ᠂ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠢ ᠭᠦᠭᠵᠢᠬᠦᠯᠦᠨ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      8. ᠳᠠᠪᠠᠭᠤᠯᠢᠭ ᠠᠵᠤ ᠦᠢᠯᠡᠰ ᠢ ᠬᠦᠴᠦᠯᠡᠨ ᠬᠥᠭᠵᠢᠭᠦᠯᠦᠨ᠎ᠡ᠃ ᠤᠯᠤᠰ ᠤᠨ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠤ ᠪᠠᠲᠤᠯᠠᠭ᠎ᠠ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠦᠢᠯᠡᠳᠪᠦᠷᠢᠯᠡᠭᠴᠢᠳ ᠲᠤ ᠨᠡᠮᠡᠭᠦᠷᠢ ᠦᠭᠭᠦ᠂ ᠲᠠᠷᠢᠶᠠᠨ ᠭᠠᠵᠠᠷ ᠤᠨ ᠦᠩ ᠰᠢᠮ᠎ᠡ ᠶᠢ ᠬᠠᠮᠠᠭᠠᠯᠠᠬᠤ ᠨᠡᠮᠡᠭᠦᠷᠢ᠂ ᠠᠮᠤ ᠪᠤᠳᠠᠭᠠᠨ ᠤ ᠣᠨᠠᠯᠳᠠ ᠶᠡᠬᠡᠲᠡᠶ ᠰᠢᠶᠠᠨ ᠢ ᠱᠠᠩᠨᠠᠬᠤ ᠪᠡᠯᠡ ᠮᠥᠩᠭᠦ ᠵᠡᠷᠭᠡ ᠲᠠᠷᠢᠶᠠᠯᠠᠩ ᠢ ᠳᠠᠮᠵᠢᠵᠤ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠡᠯᠡ ᠮᠦᠩᠬᠦᠨ ᠤ ᠤᠳᠤᠷᠢᠳᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠲᠤᠲᠤᠷᠭ᠎ᠠ᠂ ᠨᠡᠷᠡᠨ ᠬᠤᠸᠠᠷ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠳᠣᠭᠡᠭᠳᠡᠭᠦᠨ ᠤ 8 ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠭᠦᠲᠦᠴᠢ ᠠᠵᠤ ᠠᠬᠤᠶᠢᠯᠠᠯ ᠤᠨ ᠭᠤᠤᠯ ᠭᠠᠷᠤᠯᠲᠠ ᠶᠢᠨ ᠣᠷᠣᠨ ᠳᠤ ᠪᠠᠷᠢᠮᠵᠢᠶᠠᠵᠢᠭᠤᠯᠤᠭᠰᠠᠨ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠵᠠᠬᠢᠶᠠᠯᠠᠭ᠎ᠠ ᠶᠢᠨ ᠲᠠᠷᠢᠮᠠᠯ ᠢ ᠶᠡᠬᠡᠪᠡᠷ ᠭᠦᠭᠵᠢᠬᠦᠯᠦᠨ᠂ ᠡᠳ᠋ᠰᠢᠬᠦᠯᠵᠦ ᠦᠢᠯᠡᠳᠪᠦᠷᠢᠯᠡᠬᠦ ᠴᠢᠳᠠᠮᠵᠢ ᠶᠢ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠳᠣᠭᠡᠭᠳᠡᠭᠦᠨ ᠤ ᠠᠵᠤ ᠦᠢᠯᠡᠰ ᠤᠨ ᠪᠦᠰᠡ ᠪᠠ ᠴᠢᠬᠤᠯᠠ ᠪᠠᠷᠠᠭᠠᠨ ᠤ ᠭᠦᠢᠯᠭᠡᠭᠡᠨ ᠤ ᠵᠠᠩᠭᠢᠶᠠᠰᠤ ᠲᠡᠶᠢᠰᠢ ᠪᠠᠶᠢᠷᠢᠰᠢᠭᠤᠯᠬᠤ ᠶᠢ ᠠᠬᠢᠭᠤᠯᠤᠨ᠎ᠠ᠃ 2022 ᠣᠨ ᠪᠣᠯᠬᠤ ᠳᠤ᠂ ᠪᠦᠬᠦ ᠣᠷᠣᠨ ᠤ ᠡᠷᠳᠡᠨᠢ ᠰᠢᠰᠢ ᠲᠠᠷᠢᠬᠤ ᠲᠠᠯᠠᠪᠠᠢ ᠶᠢ 5600 ᠲᠦᠮᠡᠨ ᠮᠦ ᠳᠤ ᠲᠣᠭᠳᠠᠪᠣᠷᠢᠵᠢᠭᠤᠯᠵᠣ᠂ ᠰᠢᠷ᠎ᠠ ᠪᠤᠷᠴᠠᠭ᠂ ᠪᠤᠭᠤᠳᠠᠢ᠂ ᠨᠡᠷᠡᠨ ᠬᠤᠸᠠᠷ᠂ ᠲᠥᠮᠥᠰᠥ᠂ ᠰᠤᠨᠨᠰᠤᠷᠭ᠎ᠠ ᠠᠮᠤ᠂ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ ᠲᠣᠰ ᠲᠣᠰ 1800 ᠲᠦᠮᠡᠨ ᠮᠦ᠂ 900 ᠲᠦᠮᠡᠨ ᠮᠦ᠂ 900 ᠲᠦᠮᠡᠨ ᠮᠦ᠂ 600 ᠲᠦᠮᠡᠨ ᠮᠦ᠂ 250 ᠲᠦᠮᠡᠨ ᠮᠦ᠂ 290 ᠲᠦᠮᠡᠨ ᠮᠦ ᠳᠤ ᠭᠦᠷᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      9. ᠣᠨᠴᠠᠯᠢᠭᠲᠤ ᠠᠵᠤ ᠦᠢᠯᠡᠰ ᠢ ᠲᠡᠳᠬᠦᠨ ᠪᠤᠶᠢᠵᠢᠭᠤᠯᠤᠨ᠎ᠠ᠃ ᠣᠨᠴᠠᠯᠢᠭᠲᠤ ᠠᠵᠤ ᠦᠢᠯᠡᠰ ᠤᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠭᠠᠵᠠᠷ ᠣᠷᠣᠨ ᠢ ᠳᠡᠮᠵᠢᠵᠦ ᠪᠠᠶᠢᠭᠠᠳ ᠣᠷᠣᠨ ᠪᠦᠰᠡ ᠶᠢᠨ ᠳᠠᠪᠠᠭᠤᠯᠢᠭ ᠲᠥᠷᠥᠯ ᠳᠤ ᠠᠩᠬᠠᠷᠤᠯ ᠢᠶᠠᠨ ᠲᠦᠪᠯᠡᠷᠡᠭᠦᠯᠦᠨ᠂ ᠰᠢᠯᠢᠮᠳᠡᠭ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠦᠷ᠎ᠡ ᠦᠯᠡᠳᠡᠭᠡᠭᠦ ᠰᠢᠬᠤᠯᠣ᠂ ᠬᠤᠮᠠ᠂ ᠬᠠᠲᠠᠭᠠᠮᠠᠯ ᠤᠯᠠᠭᠠᠨ ᠯᠠᠵᠤᠤ ᠵᠡᠷᠭᠡ ᠣᠨᠴᠠᠯᠢᠭᠲᠤ ᠲᠠᠷᠢᠮᠠᠯ ᠤᠨ ᠰᠠᠭᠤᠷᠢᠨ ᠭᠠᠵᠠᠷ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ︽ᠨᠢᠭᠡ ᠲᠣᠰᠬᠤᠨ ᠳᠤ ᠨᠢᠭᠡ ᠦᠢᠯᠡᠳᠬᠦᠨ︾ ᠲᠠᠢ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ 80 ᠡᠭᠦᠳᠦᠨ ᠪᠠᠶᠢᠭᠤᠯᠤᠨ᠎ᠠ᠃ ᠲᠠᠷᠢᠶᠠᠴᠢᠳ ᠤᠨ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠰᠢᠨ᠎ᠡ ᠮᠠᠶ᠋ᠢᠭ ᠤᠨ ᠡᠵᠡᠩᠨᠠᠯᠳᠠ ᠶᠢᠨ ᠭᠤᠤᠯ ᠴᠣᠭᠴᠠ ᠶᠢ ᠵᠤᠷᠢᠨᠨᠵᠢᠭᠤᠯᠤᠨ ᠲᠡᠮᠵᠢᠵᠦ ᠪᠠᠶᠢᠭᠠᠳ ᠰᠢᠨ᠎ᠡ ᠰᠣᠷᠭᠤᠭ ᠪᠠᠶᠢᠯᠭᠠᠬᠤ᠂ ᠬᠠᠳᠠᠭᠠᠯᠠᠬᠤ᠂ ᠳᠡᠰ ᠬᠤᠪᠢᠶᠠᠬᠤ᠂ ᠪᠣᠭᠤᠳᠠᠯᠯᠠᠬᠤ ᠵᠡᠷᠭᠡ ᠠᠩᠬ᠎ᠠ ᠡᠳ᠋ᠰᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠭᠵᠢᠬᠦᠯᠵᠦ᠂ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠲᠠᠸᠠᠷᠵᠢᠭᠤᠯᠤᠨ ᠰᠢᠢᠳᠪᠦᠷᠢᠯᠡᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ ᠰᠢᠯᠢᠮᠳᠡᠭ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠦᠷ᠎ᠡ ᠦᠯᠡᠳᠡᠭᠡᠭᠦ ᠰᠢᠬᠤᠯᠣ᠂ ᠬᠤᠮᠠ᠂ ᠬᠠᠳᠠᠭᠠᠮᠠᠯ ᠤᠯᠠᠭᠠᠨ ᠯᠠᠵᠤᠤ ᠳᠠᠷᠢᠬᠤ ᠲᠠᠯᠠᠪᠠᠶ ᠶᠢ ᠲᠣᠰ ᠲᠣᠰ 370 ᠲᠦᠮᠡᠨ ᠮᠥ᠂ 220 ᠲᠦᠮᠡᠨ ᠮᠥ᠂ 150 ᠲᠦᠮᠡᠨ ᠮᠥ᠂ 75 ᠲᠦᠮᠡᠨ ᠮᠥ᠂ 45 ᠲᠦᠮᠡᠨ ᠮᠥ ᠣᠷᠴᠢᠮ ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      ︵ᠭᠤᠷᠪᠠ︶ ᠬᠡᠪᠴᠢᠶᠠᠵᠢᠭ᠍ᠰᠡᠨ ᠲᠤᠰᠬᠠᠶᠢᠵᠢᠭᠰᠠᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠨ᠎ᠠ᠃      10. ᠬᠦᠳᠣᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠬᠦᠳᠣᠴᠢ ᠠᠵᠤ ᠠᠬᠤᠶᠢᠯᠠᠯ ᠢ ᠬᠢᠨᠠᠨ ᠰᠢᠯᠭᠠᠵᠦ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠠᠴᠠ ᠳᠡᠭᠡᠭᠰᠢᠬᠢ ᠭᠤᠤᠯᠳᠠᠯᠭ᠎ᠠ ᠲᠠᠢ ᠬᠦᠳᠣᠴᠢ ᠠᠵᠤ ᠠᠬᠤᠶᠢᠯᠠᠯ ᠢ 150 ᠰᠢᠨ᠎ᠡ ᠪᠠᠷ ᠮᠠᠭᠠᠳᠯᠠᠨ ᠲᠣᠭᠲᠠᠭᠠᠨ᠎ᠠ᠃ ᠣᠷᠣᠨ ᠪᠦᠰᠡ ᠶᠢᠨ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠲᠥᠴᠢ ᠠᠵᠤ ᠠᠬᠤᠶᠢᠯᠠᠯ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠮᠡᠷᠭᠡᠵᠢᠯ ᠤᠨ ᠬᠤᠷᠠᠮᠠᠯ ᠰᠠᠭᠤᠷᠢᠨ ᠭᠠᠵᠠᠷ ᠪᠠ ᠨᠠᠷᠢᠯᠢᠭ ᠭᠦᠨᠵᠡᠭᠡᠶ ᠡᠳ᠋ᠰᠢᠭᠦᠯᠵᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠠᠮᠵᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠪᠦᠳᠦᠬᠡᠭᠳᠡᠬᠦᠨ ᠤ ᠥᠷᠲᠡᠭ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠶᠡᠷᠦᠩᠬᠡᠶ ᠥᠷᠲᠡᠭ ᠤᠨ ᠬᠠᠷᠢᠴᠠᠯ ᠢ 1.4᠄ 1 ᠳᠤ ᠬᠦᠷᠦᠭᠦᠯᠦᠨ᠎ᠡ᠃ ᠬᠥᠲᠥᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠪᠣᠷᠣᠲᠣᠬᠤᠢ ᠶᠢᠨ ᠨᠡᠷᠡᠨ ᠬᠤᠸᠠᠷ ᠤᠨ ᠤᠯᠤᠰ ᠤᠨ ᠲᠡᠰ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ᠂ ᠡᠷᠳᠡᠨᠢ ᠰᠢᠰᠢ ᠶᠢᠨ ᠲᠠᠯ᠎ᠠ ᠪᠠᠷ ᠬᠢ ᠮᠢᠩᠭᠠᠨ ᠳ᠋ᠦᠩᠰᠢᠭᠤᠷ ᠲᠡᠰ ᠤᠨ 1 ᠠᠵᠤ ᠦᠢᠯᠡᠰ ᠤᠨ ᠪᠦᠯᠦᠭᠵᠢᠯ ᠪᠠ ᠨᠡᠷᠡᠨ ᠬᠤᠸᠠᠷ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠪᠤᠭᠤᠳᠠᠢ᠂ ᠢᠳᠡᠰᠢᠨ ᠨᠣᠭᠤᠭ᠎ᠠ ᠶᠢᠨ ᠵᠠᠭᠤᠨ ᠳ᠋ᠦᠩᠰᠢᠭᠤᠷ ᠲᠡᠰ ᠤᠨ 5 ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠠᠶᠢᠭᠤᠯᠵᠣ᠂ ᠰᠢᠷ᠎ᠠ ᠪᠤᠷᠴᠠᠭ᠂ ᠰᠣᠨᠨᠰᠣᠷᠭ᠎ᠠ ᠠᠮᠤ᠂ ᠡᠯᠡᠰᠦᠨ ᠤ ᠦᠵᠦᠮ᠂ ᠴᠠᠭᠠᠨ ᠭᠤᠶᠣᠣ᠂ ᠬᠤᠯᠤᠤᠪᠠᠩ ᠵᠡᠷᠭᠡ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠢᠳᠡᠪᠬᠢᠲᠡᠢ ᠪᠤᠶᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      11. ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠬᠡᠳᠬᠡᠨ ᠪᠠᠶᠢᠭᠤᠯᠤᠨ᠎ᠠ᠃ ᠰᠠᠭᠤᠷᠢ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠵᠠᠯᠠᠶᠢᠳ ᠬᠤᠰᠢᠭᠤᠨ ᠤ ᠤᠰᠤᠨ ᠲᠤᠲᠤᠷᠭ᠎ᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠥᠮᠥᠰᠥ ᠶᠢᠨ ᠤᠯᠤᠰ ᠤᠨ ᠲᠡᠰ ᠤᠨ ᠣᠳᠣ ᠦᠶ᠎ᠡ ᠶᠢᠨ ᠲᠠᠷᠢᠶᠠᠯᠠᠩ ᠠᠵᠣ ᠠᠬᠤᠢ ᠶᠢᠨ 2 ᠠᠵᠤ ᠦᠢᠯᠡᠰ ᠤᠨ ᠬᠦᠷᠢᠶᠡᠯᠡᠩ ᠵᠢᠴᠢ ᠦᠶᠤᠸᠠᠨ ᠰᠢᠶᠠᠨ ᠤ ᠠᠮᠤ ᠲᠣᠰᠣ᠂ ᠺᠠᠶᠢᠯᠦ ᠰᠢᠶᠠᠨ ᠤ ᠬᠠᠲᠠᠭᠠᠮᠠᠯ ᠤᠯᠠᠭᠠᠨ ᠯᠠᠵᠣᠣ᠂ ᠠᠤᠬᠠᠨ ᠬᠤᠰᠢᠭᠤᠨ ᠤ ᠨᠠᠷᠢᠮᠤ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ 3 ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ ᠪᠦᠲᠦᠭᠡᠨ ᠪᠠᠶᠢᠭᠤᠯᠵᠦ ᠬᠠᠮᠢᠶᠠᠷᠬᠤ ᠠᠷᠭ᠎ᠠ ᠪᠠ ᠬᠢᠨᠠᠨ ᠰᠢᠯᠭᠠᠵᠦ ᠦᠨᠡᠯᠡᠬᠦ ᠠᠷᠭ᠎ᠠ ᠶᠢ ᠰᠣᠳᠣᠯᠣᠨ ᠲᠣᠭᠲᠠᠭᠠᠵᠤ᠂ ᠤᠯᠤᠰ ᠤᠨ ᠲᠡᠰ ᠤᠨ 2 ᠪᠠ ᠥᠪᠡᠷᠲᠡᠭᠡᠨ ᠵᠠᠰᠠᠬᠤ ᠣᠷᠣᠨ ᠤ ᠲᠡᠰ ᠤᠨ 8 ᠠᠵᠤ ᠦᠢᠯᠡᠰ ᠤᠨ ᠭᠦᠷᠢᠶᠡᠯᠡᠩ ᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠨ᠎ᠠ᠃ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠠᠵᠤ ᠦᠢᠯᠡᠰ ᠤᠨ ᠬᠡᠯᠪᠡᠷᠢ ᠶᠢᠨ ᠠᠵᠤ ᠦᠢᠯᠡᠰ ᠤᠨ ᠬᠦᠷᠢᠶᠡᠯᠡᠩ ᠤᠨ ᠦᠯᠢᠭᠡᠷ ᠵᠢᠱᠢᠶ᠎ᠡ ᠶᠢ ᠳ᠋ᠦᠩᠨᠡᠨ ᠳᠡᠯᠭᠡᠷᠡᠭᠦᠯᠵᠦ᠂ ᠡᠯ᠎ᠡ ᠭᠠᠵᠠᠷ ᠣᠷᠣᠨ ᠢ ᠬᠥᠲᠥᠯᠥᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠣᠡᠬᠠᠵᠣ᠂ ᠪᠡᠯᠡ ᠮᠥᠩᠭᠦ᠂ ᠴᠢᠳᠠᠪᠤᠷᠢᠲᠠᠨ᠂ ᠮᠡᠷᠭᠡᠵᠢᠯ ᠵᠡᠷᠭᠡ ᠣᠳᠣ ᠦᠶ᠎ᠡ ᠶᠢᠨ ᠬᠦᠴᠦᠨ ᠵᠦᠢᠯ ᠢ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      12. ︽ᠦᠪᠦᠷ ᠮᠤᠩᠭᠤᠯ ᠨᠡᠷᠡᠮᠵᠢᠳᠦ︾ ᠨᠠᠷᠠᠲᠤ ᠳᠡᠮᠳᠡᠭ ᠢ ᠪᠣᠶ ᠪᠣᠯᠭᠠᠨ᠎ᠠ᠃ ᠲᠠᠷᠢᠶᠠᠯᠠᠩ ᠤᠨ ᠨᠡᠷᠡᠲᠦ ᠳᠡᠮᠳᠡᠭ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠬᠦᠯᠦᠨ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ᠡᠭᠦᠳᠦᠨ ᠪᠠᠶᠢᠭᠤᠯᠵᠤ᠂ ᠤᠯᠠᠭᠠᠨᠴᠠᠪ ᠤᠨ ᠲᠥᠮᠥᠰᠥ ᠂ ᠬᠢᠩᠭᠠᠨ ᠠᠶᠢᠮᠠᠭ ᠤᠨ ᠲᠤᠲᠤᠷᠭ᠎ᠠ᠂ ᠤᠯᠠᠭᠠᠨᠬᠠᠳᠠ ᠶᠢᠨ ᠨᠠᠷᠢᠮᠤ᠂ ᠦᠬᠠᠶ ᠶᠢᠨ ᠦᠵᠦᠮ᠂ ᠲᠡᠭᠷᠢ ᠶᠢᠨ ᠬᠡᠰᠢᠭᠲᠦ ᠪᠣᠷᠣᠲᠣᠬᠤᠶ ᠵᠡᠷᠭᠡ ᠠᠵᠤ ᠦᠢᠯᠡᠰ ᠤᠨ ᠰᠠᠭᠤᠷᠢ ᠪᠠᠷ ᠰᠠᠶᠢᠨ ᠣᠷᠣᠨ ᠪᠦᠰᠡ ᠶᠢᠨ ᠨᠡᠶᠢᠲᠡ ᠶᠢᠨ ᠬᠡᠷᠩᠯᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠪᠠᠬᠢᠵᠢᠭᠦᠯᠦᠨ ᠳᠡᠭᠡᠭᠰᠢᠯᠡᠭᠦᠯᠵᠦ᠂ ᠭᠦᠶᠡᠩ ᠤᠨ ᠬᠤᠨᠴᠢᠷ᠂ ᠨᠠᠢᠮᠠᠨ ᠤ ᠠᠮᠲᠠᠲᠤ ᠲᠥᠮᠥᠰᠥ᠂ ᠺᠠᠶᠢᠯᠦ ᠶᠢᠨ ᠬᠠᠲᠠᠭᠠᠮᠠᠯ ᠤᠯᠠᠭᠠᠨ ᠯᠠᠵᠤᠤ᠂ ᠶᠠᠭᠰᠢ ᠶᠢᠨ ᠦᠷ᠎ᠡ ᠶᠢᠨ ᠲᠥᠮᠥᠰᠥ ᠵᠡᠷᠭᠡ ᠣᠷᠣᠨ ᠨᠣᠳᠤᠭ ᠤᠨ ᠣᠨᠴᠠᠯᠢᠭ ᠢᠶᠠᠷ ᠢᠯᠡ ᠲᠣᠳᠣ ᠰᠢᠶᠠᠨ ᠤ ᠬᠡᠪᠴᠢᠶᠡᠨ ᠳᠠᠬᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠤᠢ ᠪᠣᠯᠭᠠᠨ ᠭᠦᠴᠦᠷᠬᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭ ᠤᠨ ᠭᠠᠷᠴᠠᠭ ᠤᠨ ᠳᠦᠷᠢᠮ ᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ ᠢ ᠳᠠᠩᠰᠠᠯᠠᠨ ᠲᠡᠮᠳᠡᠭᠯᠡᠬᠦ ᠪᠠ ᠣᠷᠭᠠᠨᠢᠭ ᠲᠠᠷᠢᠶᠠᠯᠠᠩ ᠤᠨ ᠪᠦᠳᠣᠭᠡᠭᠳᠡᠭᠦᠨ᠂ ᠪᠣᠬᠢᠷᠲᠤᠯ ᠦᠭᠡᠢ ᠢᠳᠡᠭᠡᠨ ᠢᠶᠠᠷ ᠭᠡᠷᠡᠴᠢᠯᠡᠬᠦ ᠠᠵᠢᠯ ᠢ ᠥᠷᠨᠢᠭᠦᠯᠦᠨ᠎ᠡ᠃ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠥᠪᠥᠷ ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠰᠬᠦᠯᠡᠩ ᠢ ᠰᠠᠶᠢᠲᠤᠷ ᠡᠷᠭᠢᠯᠡᠵᠦ᠂ ︽ᠥᠪᠥᠷ ᠮᠣᠩᠭᠤᠯ ᠢᠶᠠᠨ ᠬᠠᠶᠢᠷᠠᠯᠠᠬᠤ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ 2022 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ 20 ᠳᠤ ᠬᠦᠷᠦᠭᠦᠯᠵᠦ᠂ ᠪᠦᠬᠦ ᠤᠯᠤᠰ ᠲᠤ ᠨᠡᠯᠢᠶᠡᠳ ᠶᠡᠭᠡ ᠨᠡᠷ᠎ᠡ ᠠᠯᠳᠠᠷᠰᠢᠨᠨᠰᠠᠨ ᠲᠠᠷᠢᠶᠠᠯᠠᠩ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ 12 ᠳᠤ ᠬᠦᠷᠣᠭᠦᠯᠵᠣ᠂ ᠵᠢᠯ ᠪᠦᠷᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠲᠡᠭ ᠢᠶᠠᠷ ᠳᠠᠩᠰᠠᠯᠠᠨ ᠲᠡᠮᠳᠡᠭᠯᠡᠭᠦᠯᠵᠦ ᠬᠠᠮᠠᠭᠠᠯᠠᠬᠤ ᠪᠦᠳᠦᠬᠡᠭᠳᠡᠭᠦᠨ ᠢ 5 ᠰᠢᠨ᠎ᠡ ᠪᠠᠷ ᠨᠡᠮᠡᠭᠳᠡᠭᠦᠯᠵᠦ᠂ ᠪᠣᠬᠢᠷᠲᠤᠯ ᠦᠭᠡᠶ᠂ ᠣᠷᠭᠠᠨᠢᠭ ᠢᠶᠠᠷ ᠬᠡᠷᠡᠴᠢᠯᠡᠭᠳᠡᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠲᠣᠭᠠᠨ ᠤ ᠵᠢᠯ ᠤᠨ ᠨᠡᠮᠡᠭᠳᠡᠯ ᠢ 6% ᠠᠴᠠ ᠳᠡᠭᠡᠭᠰᠢ ᠳᠤ ᠭᠦᠷᠦᠭᠦᠯᠬᠦ ᠪᠠᠷ ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      13. ᠠᠵᠤ ᠦᠢᠯᠡᠰ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠲᠠᠷᠢᠶᠠᠯᠠᠩ ᠲᠠᠢ ᠬᠤᠯᠪᠤᠨᠨᠳᠠᠭᠤᠯᠤᠨ ᠣᠷᠣᠯᠭ᠎ᠠ ᠨᠡᠮᠡᠭᠳᠡᠭᠦᠯᠬᠦ ᠲᠣᠭᠲᠠᠴᠠ ᠳᠤ ᠰᠢᠨ᠎ᠡ ᠶᠢ ᠡᠭᠦᠳᠬᠦ ᠬᠤᠶᠠᠷ ᠶᠡᠭᠡ ᠡᠭᠦᠷᠭᠡ ᠪᠠᠷ ᠭᠤᠤᠯᠳᠠᠭᠤᠯᠤᠨ᠂ ᠤᠯᠤᠰ ᠤᠨ ᠲᠠᠰ ᠤᠨ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠵᠦ ᠭᠦᠭᠵᠢᠬᠦᠯᠦᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠢ 6 ᠠᠴᠠ ᠢᠯᠡᠬᠦᠦ ᠪᠠᠶᠢᠭᠤᠯᠵᠤ᠂ ᠪᠦᠳᠦᠬᠡᠭᠳᠡᠭᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠨᠢᠭᠡ ᠪᠦᠯᠦᠭ ᠲᠠᠷᠢᠶᠠᠯᠠᠩ ᠤᠨ ᠠᠵᠤ ᠦᠢᠯᠡᠰ ᠤᠨ ᠭᠦᠴᠣᠷᠭᠡᠭ ᠪᠠᠯᠭᠠᠰᠤ ᠶᠢ ᠪᠠᠶᠢᠭᠤᠯᠤᠨ᠂ ᠠᠵᠦ ᠦᠢᠯᠡᠰ ᠤᠨ ᠬᠤᠲᠠ᠂ ᠪᠠᠯᠭᠠᠰᠤ᠂ ᠭᠠᠴᠠᠭ᠎ᠠ ᠲᠣᠰᠬᠤᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠤᠷᠠᠳ ᠤᠨ ᠡᠮᠦᠨᠡᠲᠦ ᠬᠤᠰᠢᠭᠤ᠂ ᠴᠢᠩ ᠱᠦᠶ ᠾᠧ ᠰᠢᠶᠠᠨ᠂ ᠬᠠᠷᠠᠴᠢᠨ ᠬᠤᠰᠢᠭᠤ 3 ᠬᠤᠰᠢᠭᠤ ᠰᠢᠶᠠᠨ ᠳᠤ ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ ᠬᠤᠲᠠ ᠳᠤ ᠣᠷᠣᠭᠤᠯᠬᠤ ᠢᠨᠵᠧᠨᠧᠷᠢᠩ ᠤᠨ ᠲᠣᠷᠰᠢᠯᠳᠠ ᠶᠢᠨ ᠴᠡᠭ ᠭᠠᠷᠭᠠᠵᠦ᠂ ᠲᠠᠷᠢᠶᠠᠯᠠᠩ ᠬᠢᠬᠡᠳ ᠠᠵᠤ ᠠᠬᠤᠶᠢᠯᠠᠯ ᠢ ᠵᠣᠯᠭᠠᠭᠤᠯᠬᠤ ᠪᠠ ᠭᠠᠷᠤᠯᠲᠠ ᠶᠢᠨ ᠣᠷᠣᠨ ᠤ ᠰᠢᠭᠤᠳ ᠬᠠᠩᠭᠠᠨ ᠪᠣᠷᠣᠯᠠᠭᠤᠯᠬᠤ ᠵᠠᠭᠪᠤᠷ ᠢ ᠬᠠᠶᠢᠨ ᠰᠦᠪᠡᠭᠴᠢᠯᠡᠨ᠎ᠡ᠃ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠢᠨᠵᠧᠨᠧᠷᠢᠩ ᠢ ᠭᠡᠷᠡᠭᠵᠢᠭᠦᠯᠦᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠪᠠᠶᠢᠭᠤᠯᠬᠤ ᠶᠢ ᠳᠠᠮᠵᠢᠵᠤ᠂ ᠲᠠᠷᠢᠶᠠᠯᠠᠩ ᠬᠢᠭᠡᠳ ᠵᠢᠭᠤᠯᠴᠢᠯᠠᠯ᠂ ᠰᠤᠷᠭᠠᠨ ᠬᠥᠮᠦᠵᠢᠯ᠂ ᠰᠣᠶᠣᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠠ︶ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      14. ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢ ᠨᠢ ᠠᠬᠢᠭᠤᠯᠤᠨ᠎ᠠ᠃ ᠡᠷᠳᠡᠨᠢ ᠰᠢᠰᠢ᠂ ᠪᠤᠭᠤᠳᠠᠢ᠂ ᠲᠣᠰᠣᠯᠢᠭ ᠲᠠᠷᠢᠮᠠᠯ᠂ ᠢᠳᠡᠰᠢᠨ ᠨᠣᠭᠤᠭ᠎ᠠ ᠵᠡᠷᠭᠡ ᠲᠠᠷᠢᠮᠠᠯ ᠢᠶᠠᠷ ᠭᠤᠣᠯᠳᠠᠯᠭ᠎ᠠ ᠪᠣᠯᠭᠠᠵᠤ᠂ ᠣᠷᠭᠠᠨᠢᠭ ᠪᠤᠰᠤ ᠶᠢ ᠣᠷᠭᠠᠨᠢᠭ ᠢᠶᠠᠷ ᠣᠷᠣᠯᠠᠭᠤᠯᠬᠤ᠂ ᠪᠣᠷᠳᠣᠭᠤᠷ ᠣᠷᠣᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠬᠤ᠂ ᠪᠣᠷᠳᠣᠭᠤᠷ ᠣᠷᠣᠭᠤᠯᠬᠤ ᠪᠦᠲᠦᠴᠡ ᠶᠢ ᠰᠢᠯᠢᠳᠡᠭᠵᠢᠭᠦᠯᠭᠦ᠂ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠶᠢ ᠲᠥᠪᠯᠡᠷᠡᠭᠦᠯᠦᠨ ᠳᠡᠯᠭᠡᠷᠡᠭᠦᠯᠵᠦ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠠᠲᠤᠯᠠᠨ᠎ᠠ᠃ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠢᠳᠡᠰᠢᠨ ᠨᠣᠭᠤᠭ᠎ᠠ ᠵᠡᠷᠭᠡ ᠲᠠᠷᠢᠮᠠᠯ ᠢᠶᠠᠷ ᠭᠤᠣᠯᠳᠠᠯᠭ᠎ᠠ ᠪᠣᠯᠭᠠᠵᠣ᠂ ᠮᠧᠬᠠᠨᠢᠭ ᠢᠶᠠᠷ ᠲᠡᠩᠨᠡᠵᠦ ᠠᠷᠴᠢᠵᠦ ᠡᠪᠡᠰᠦ ᠠᠷᠢᠯᠭᠠᠬᠤ᠂ ᠨᠢᠭᠡᠳᠦᠯᠲᠡᠶ ᠰᠡᠷᠭᠡᠶᠢᠯᠡᠵᠦ ᠨᠢᠭᠡᠳᠣᠯᠳᠠᠢ ᠵᠠᠰᠠᠬᠤ ᠪᠠ ᠪᠣᠬᠢᠷᠳᠣᠯ ᠦᠭᠡᠢ ᠪᠠᠷ ᠰᠡᠷᠭᠡᠶᠢᠯᠡᠨ ᠡᠵᠡᠮᠳᠡᠬᠦ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠲᠠᠷᠢᠶᠠᠨ ᠡᠮ ᠬᠡᠷᠡᠭᠯᠡᠬᠦ ᠬᠡᠮᠵᠢᠶ᠎ᠠ ᠶᠢᠨ ᠰᠥᠭᠡᠷᠭᠦ ᠨᠡᠮᠡᠭᠳᠡᠯ ᠢ ᠪᠠᠲᠤᠯᠠᠨ᠎ᠠ᠃ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠢᠳᠡᠪᠬᠢᠳᠠᠢ ᠥᠷᠨᠢᠭᠦᠯᠦᠨ᠎ᠡ᠃ ᠡᠰᠢ ᠰᠦᠷᠡᠯ ᠢ ᠠᠰᠢᠨᠨᠯᠬᠠᠰᠠᠨ ᠣᠷᠣᠨ ᠪᠦᠰᠡ ᠳᠤ ᠨᠦᠭᠦᠪᠦᠷᠢᠯᠡᠬᠦ ᠳᠦᠷᠢᠮ ᠤᠨ ᠲᠤᠷᠰᠢᠯᠲᠠ ᠶᠢᠨ ᠴᠡᠭ ᠢ ᠦᠷᠨᠢᠬᠦᠯᠦᠨ᠂ ᠬᠤᠷᠢᠶᠠᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠮᠡᠷᠭᠡᠵᠢᠯ ᠤᠨ ᠵᠠᠭᠪᠤᠷ ᠤᠨ ᠪᠦᠷᠢᠯᠳᠦᠬᠦ ᠶᠢ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠦ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠰᠢᠨ᠎ᠡ ᠪᠠᠷᠢᠮᠵᠢᠶᠠᠲᠤ ᠰᠦᠯᠢᠶᠣᠣ ᠪᠦᠷᠬᠦᠪᠴᠢ ᠶᠢ ᠠᠯᠪᠠᠳᠠᠯᠭ᠎ᠠ ᠪᠠᠷ ᠬᠡᠷᠡᠭᠯᠡᠬᠦ᠂ ᠪᠦᠭᠦᠯᠢ ᠠᠮᠢᠳᠤ ᠪᠣᠳᠠᠰ ᠢᠶᠠᠷ ᠵᠠᠳᠠᠷᠠᠬᠤ ᠰᠦᠯᠢᠶᠣᠣ ᠪᠦᠷᠬᠦᠪᠴᠢ ᠶᠢ ᠵᠢᠱᠢᠶ᠎ᠡ ᠦᠵᠡᠭᠦᠯᠦᠨ ᠳᠡᠯᠭᠡᠷᠡᠭᠦᠯᠭᠦ᠂ ᠡᠭᠡᠭᠦᠯᠦᠨ ᠬᠤᠷᠢᠶᠠᠬᠤ ᠲᠣᠤᠷ ᠴᠡᠭ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠠᠷᠢᠶᠠᠯᠠᠬᠤ ᠭᠠᠵᠠᠷ ᠤᠨ ᠦᠩ ᠰᠢᠮ᠎ᠡ ᠶᠢᠨ ᠨᠡᠮᠡᠭᠦᠷᠢ ᠲᠠᠢ ᠬᠤᠯᠪᠣᠭᠳᠠᠭᠤᠯᠤᠭᠰᠠᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠣ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠤᠨ ᠪᠣᠬᠢᠷᠲᠤᠯ ᠢ ᠪᠠᠭᠠᠰᠬᠠᠨ᠎ᠠ᠃ ︽ᠭᠤᠷᠪᠠᠨ ᠨᠠᠭᠤᠷ︾ ᠶᠢᠨ ᠰᠠᠪᠠ ᠭᠠᠵᠠᠷ ᠲᠠᠬᠢ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠳᠤ ᠶᠡᠷᠣᠩᠬᠡᠢᠯᠠᠨ ᠵᠠᠰᠠᠬᠤ ᠶᠢ ᠠᠬᠢᠭᠤᠯᠵᠤ᠂ ᠬᠡᠮᠵᠢᠶ᠎ᠡ ᠶᠢ ᠨᠢ ᠪᠠᠭᠠᠰᠬᠠᠬᠤ ᠬᠠᠷᠠᠯᠲᠠ ᠶᠢ ᠨᠢ ᠤᠷᠢᠳ ᠢᠶᠠᠷ ᠪᠡᠶᠡᠯᠡᠭᠦᠯᠦᠨ᠎ᠡ᠃ 2022 ᠣᠨ ᠪᠣᠯᠬᠤ ᠳᠤ᠂ ᠪᠦᠬᠦ ᠣᠷᠣᠨ ᠤ ᠡᠰᠢ ᠰᠦᠷᠡᠯ ᠢ ᠶᠡᠷᠦᠩᠬᠡᠶᠢᠯᠠᠨ ᠠᠰᠢᠭᠯᠠᠬᠤ ᠨᠣᠷᠮ᠎ᠠ ᠶᠢ ᠨᠢ 87% ᠠᠴᠠ ᠳᠡᠭᠡᠭᠰᠢ ᠳᠤ ᠭᠦᠷᠭᠡᠵᠦ᠂ ᠲᠣᠰ ᠤᠯᠠᠷᠢᠯ ᠳᠠᠬᠢ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶ᠋ᠬᠠᠰᠠᠨ ᠨᠣᠷᠮ᠎ᠠ ᠪᠠᠨ 82% ᠠᠴᠠ ᠳᠡᠭᠡᠭᠰᠢ ᠳᠤ ᠭᠦᠷᠭᠡᠵᠦ᠂ ᠮᠦ ᠪᠦᠷᠢ ᠳᠤ ᠣᠷᠣᠭᠤᠯᠣᠨᠨᠰᠨᠨ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠭᠰᠡᠨ ᠬᠡᠮᠵᠢᠶ᠎ᠡ ᠶᠢ ᠲᠣᠰ ᠲᠣᠰ 13.8 ᠺᠢᠯᠣᠭ᠍ᠷᠠᠮ᠂ 132 ᠭᠷᠠᠮ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      15. ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠬᠡᠷᠡᠭᠵᠢᠭᠦᠯᠦᠨ᠎ᠡ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠭᠤᠣᠯᠳᠠᠭᠤ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ ᠪᠤᠭᠤᠳᠠᠢ᠂ ᠣᠰᠣᠨ ᠲᠤᠲᠤᠷᠭ᠎ᠠ᠂ ᠨᠡᠷᠡᠨ ᠬᠤᠸᠠᠷ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠵᠡᠷᠭᠡ ᠳᠠᠪᠠᠭᠤᠯᠢᠭ ᠲᠠᠷᠢᠮᠠᠯ ᠪᠠ ᠣᠷᠣᠨ ᠪᠦᠰᠡ ᠶᠢᠨ ᠴᠢᠨᠠᠷᠲᠠᠶ ᠣᠨᠴᠠᠯᠢᠭᠳᠣ ᠲᠠᠷᠢᠮᠠᠯ ᠤᠨ ᠲᠣᠭᠤᠷᠢᠨ ᠳᠤ᠂ ᠣᠷᠬᠢᠨᠨᠳᠠᠵᠦ ᠳᠤᠲᠠᠭᠳᠠᠭᠰᠠᠨ ᠢ ᠨᠢ ᠪᠠᠶᠢᠴᠠᠭᠠᠨ ᠨᠦᠭᠦᠪᠣᠷᠢᠯᠡᠵᠣ᠂ ᠪᠣᠬᠢᠷᠲᠤᠯ ᠥᠬᠡᠶ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠮᠡᠷᠭᠡᠵᠢᠯ ᠤᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠣ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠲᠠᠯᠠᠪᠠᠢ ᠶᠢ ᠥᠷᠭᠡᠳᠬᠡᠨ᠎ᠡ᠃ ᠪᠠᠷᠢᠮᠵᠢᠶ᠎ᠠ ᠲᠠᠢ ᠬᠠᠷᠢᠴᠠᠭᠤᠯᠤᠨ ᠪᠠᠷᠢᠮᠵᠢᠶ᠎ᠠ ᠳᠤ ᠬᠦᠷᠭᠡᠵᠦ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠩᠵᠢᠭᠦᠯᠵᠣ᠂ ᠪᠠᠷᠢᠮᠵᠢᠶᠠᠵᠢᠭᠤᠯᠤᠭᠰᠠᠨ ᠪᠣᠬᠢᠷᠲᠤᠯ ᠦᠭᠡᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠮᠡᠷᠭᠡᠵᠢᠯ ᠤᠨ ᠵᠠᠭᠪᠤᠷ ᠢ ᠲᠦᠪᠯᠡᠷᠡᠭᠦᠯᠵᠦ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠢ ᠵᠣᠷᠢᠨᠨᠵᠢᠭᠤᠯᠵᠦ ᠪᠠᠶᠢᠭᠠᠳ ᠪᠦᠬᠦᠯᠢ ᠪᠠᠶᠢᠭᠤᠯᠤᠮᠵᠢᠳᠦ ᠳᠦᠷᠢᠮ ᠢᠶᠠᠷ ᠪᠦᠬᠦ ᠶᠠᠪᠤᠴᠠ ᠪᠠᠷ ᠨᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠭᠡᠷᠡᠭᠵᠢᠬᠦᠯᠦᠨ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠬᠡᠷᠡᠭᠵᠢᠭᠦᠯᠭᠦ ᠬᠢᠭᠡᠣᠨ ᠰᠢᠨ᠎ᠡ ᠬᠡᠯᠪᠡᠷᠢ ᠶᠢᠨ ᠡᠵᠡᠩᠨᠡᠬᠦ ᠭᠤᠣᠯ ᠴᠣᠭᠴᠠ ᠪᠠᠨ ᠪᠤᠶᠢᠵᠢᠭᠤᠯᠤᠨ ᠪᠤᠵᠠᠭᠠᠶᠢᠷᠠᠭᠤᠯᠬᠤ ᠶᠢ ᠨᠢᠭᠲᠠ ᠤᠶᠠᠯᠳᠤᠭᠤᠯᠵᠤ᠂ ᠬᠦᠳᠣᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠬᠤᠷᠰᠢᠶᠠᠵᠢᠯ ᠵᠡᠷᠭᠡ ᠬᠡᠪᠴᠢᠶᠡᠵᠢᠭᠰᠡᠨ ᠦᠢᠯᠡᠳᠪᠦᠷᠢᠯᠡᠵᠦ ᠡᠵᠡᠩᠨᠡᠬᠦ ᠭᠤᠤᠯ ᠴᠣᠭᠴᠠ ᠶᠢᠨ ᠪᠠᠷᠢᠮᠵᠢᠶ᠎ᠠ ᠶᠣᠰᠣᠭᠠᠷ ᠦᠢᠯᠡᠳᠪᠦᠷᠢᠯᠡᠬᠦ ᠶᠢ ᠨᠢ ᠵᠣᠷᠢᠭᠵᠢᠭᠤᠯᠵᠣ᠂ ᠭᠤᠤᠯᠳᠠᠯᠭ᠎ᠠ ᠲᠠᠢ ᠲᠠᠷᠢᠶᠠᠯᠠᠩ ᠤᠨ ᠲᠥᠷᠥᠯ ᠵᠦᠢᠯ ᠢᠶᠠᠷ ᠳᠠᠮᠵᠢᠵᠤ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠨᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠᠨ ᠪᠦᠬᠦᠨ ᠳᠤ ᠬᠠᠮᠣᠷᠠᠭᠤᠯᠬᠤ ᠶᠢ ᠤᠷᠢᠳ ᠢᠶᠠᠷ ᠪᠡᠶᠡᠯᠡᠭᠦᠯᠦᠨ᠎ᠡ᠂ ᠨᠥᠬᠦᠴᠡᠯ ᠲᠠᠢ ᠨᠢ ᠰᠠᠶᠢᠨ ᠰᠠᠶᠢᠬᠠᠨ ᠲᠠᠷᠢᠶᠠᠯᠠᠩ ᠤᠨ ᠵᠢᠷᠤᠮᠵᠢᠯ ᠤᠨ ᠭᠡᠷᠡᠴᠢᠯᠡᠭᠡ ᠭᠤᠶᠤᠴᠢᠯᠠᠵᠤ ᠪᠣᠯᠤᠨ᠎ᠠ᠃ 2022 ᠣᠨ ᠪᠣᠯᠬᠤ ᠳᠤ᠂ ᠭᠤᠣᠯ ᠪᠣᠯᠬᠤ ᠲᠠᠷᠢᠮᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠮᠡᠷᠭᠡᠵᠢᠯ ᠤᠨ ᠬᠠᠮᠤᠷᠬᠤ ᠨᠣᠷᠮ᠎ᠠ ᠶᠢ 65% ᠠᠴᠠ ᠳᠡᠭᠡᠭᠰᠢ ᠳᠤ ᠭᠦᠷᠦᠭᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      16. ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠴᠢᠳᠠᠪᠣᠷᠢ ᠶᠢ ᠨᠢ ᠳᠡᠭᠡᠭᠰᠢᠯᠡᠭᠦᠯᠬᠦ ᠠᠵᠢᠯᠯᠠᠭ᠎ᠠ ᠶᠢ ᠭᠡᠷᠡᠭᠵᠢᠬᠦᠯᠦᠨ᠂ ︽ᠬᠤᠯᠢᠰᠢᠨ ᠢᠳᠡᠭᠡᠨ︾ ᠤ ᠭᠤᠤᠯ ᠭᠠᠷᠤᠯᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠠᠷᠢᠶᠠᠯᠠᠩ ᠤᠨ ᠪᠦᠳᠣᠭᠡᠭᠳᠡᠭᠦᠨ ᠤ ᠪᠦᠬᠦ ᠶᠠᠪᠤᠴᠠ ᠳᠤ ᠶᠠᠰᠤ ᠴᠢᠨᠠᠷ ᠢ ᠨᠢ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢᠨ ᠵᠢᠱᠢᠶ᠎ᠡ ᠦᠵᠡᠭᠦᠯᠭᠦ ᠰᠢᠶᠠᠨ ᠪᠠ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠤᠯᠤᠰ ᠤᠨ ᠲᠡᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠢ 5 ᠣᠷᠴᠢᠮ ᠰᠢᠨ᠎ᠡ ᠪᠠᠷ ᠡᠭᠦᠳᠦᠨ ᠪᠠᠶᠢᠭᠤᠯᠤᠨ᠎ᠠ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠳᠤ ᠬᠢᠷᠢ ᠲᠡᠩᠴᠡᠭᠰᠡᠨ ᠦᠨᠡᠮᠯᠡᠯ ᠤᠨ ᠲᠦᠷᠢᠮ ᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠬᠤᠷᠰᠢᠶᠠᠵᠢᠯ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠭᠤᠷᠪᠠᠨ ᠶᠡᠭᠡ ᠲᠥᠷᠥᠯ ᠤᠨ ᠭᠤᠤᠯ ᠴᠣᠭᠴᠠ ᠶᠢᠨ ᠦᠢᠯᠡᠳᠪᠦᠷᠢᠯᠡᠭᠰᠡᠨ 90% ᠠᠴᠠ ᠳᠡᠭᠡᠭᠰᠢᠬᠢ ᠪᠦᠳᠦᠬᠡᠭᠳᠡᠭᠦᠨ ᠢ ᠬᠢᠷᠢ ᠲᠡᠩᠴᠡᠭᠰᠡᠨ ᠦᠨᠡᠮᠯᠡᠯ ᠲᠠᠢ ᠪᠠᠷ ᠵᠠᠬ᠎ᠠ ᠳᠡᠯᠭᠡᠭᠦᠷ ᠲᠤ ᠭᠠᠷᠭᠠᠬᠤ ᠶᠢ ᠦᠨᠡᠨ ᠬᠦ ᠪᠠᠲᠤᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠲᠤ ᠠᠮᠤᠷ ᠲᠦᠪᠰᠢᠨ ᠤ ᠬᠢᠨᠠᠨ ᠰᠢᠨᠵᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠲᠦᠩᠯᠢᠶᠣᠤ ᠬᠤᠲᠠ᠂ ᠪᠠᠶᠠᠨᠨᠠᠭᠤᠷ ᠬᠤᠲᠠ ᠶᠢᠨ ᠬᠢᠨ ᠤ ᠲᠣᠰ ᠲᠣᠰ ᠲᠤ ᠪᠠᠨ ᠣᠷᠣᠨ ᠪᠦᠰᠡ ᠶᠢᠨ ᠲᠡᠰ ᠤᠨ ᠲᠠᠷᠢᠶᠠᠯᠠᠩ ᠤᠨ ᠪᠦᠳᠣᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠪᠠᠶᠢᠴᠠᠭᠠᠨ ᠰᠢᠨᠵᠢᠬᠦ ᠲᠥᠪ ᠪᠠᠶᠢᠭᠤᠯᠬᠤ ᠶᠢ ᠳᠡᠮᠵᠢᠵᠣ᠂ ᠪᠥᠬᠦ ᠣᠷᠣᠨ ᠤ ᠵᠢᠯ ᠤᠨ ᠲᠣᠭᠲᠠᠭᠰᠠᠨ ᠬᠡᠮᠵᠢᠶ᠎ᠡ ᠲᠠᠢ ᠪᠠᠶᠢᠴᠠᠭᠠᠨ ᠰᠢᠨᠵᠢᠭᠰᠡᠨ ᠲᠠᠷᠢᠶᠠᠯᠠᠩ ᠤᠨ ᠪᠦᠳᠣᠭᠡᠭᠳᠡᠭᠦᠨ ᠢᠶᠠᠨ 1 ᠪᠦᠯᠦᠭ ᠤᠳᠠᠭ᠎ᠠ / ᠮᠢᠩᠭᠠᠨ ᠬᠥᠮᠦᠨ ᠳᠤ ᠭᠦᠷᠬᠡᠬᠦ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠵᠣ ᠬᠤᠯᠪᠤᠨᠨᠳᠠᠭᠤᠯᠤᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠠᠲᠠᠷ ᠬᠠᠭᠠᠯᠪᠣᠷᠢᠯᠠᠬᠤ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠡᠰ ᠠᠴᠠ ᠳᠡᠭᠡᠭᠰᠢᠬᠢ ᠬᠦᠳᠣᠴᠢ ᠠᠵᠤ ᠠᠬᠤᠶᠢᠯᠠᠯ ᠵᠢᠴᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠲᠠᠮᠵᠢᠵᠦ ᠪᠠᠶᠢᠭᠤᠯᠤᠭᠰᠠᠨ ᠡᠯ᠎ᠡ ᠲᠥᠷᠥᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠦᠮ ᠬᠢᠨᠠᠨ ᠬᠠᠮᠢᠶᠠᠷᠴᠤ ᠮᠦᠷᠳᠡᠭᠦ ᠬᠡᠪᠴᠢᠶᠡᠨ ᠳᠤ ᠣᠷᠣᠭᠤᠯᠤᠨ᠎ᠠ᠃ 2022 ᠣᠨ ᠪᠣᠯᠬᠤ ᠳᠤ᠂ ᠪᠦᠬᠦ ᠣᠷᠣᠨ ᠤ ᠠᠮᠤ ᠪᠤᠳᠠᠭ᠎ᠠ ᠪᠠ ︽ᠬᠤᠯᠢᠰᠢᠨ ᠢᠳᠡᠭᠡᠨ︾ ᠤ ᠭᠤᠤᠯ ᠭᠠᠷᠤᠯᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ 100% ᠪᠠᠷ ᠪᠡᠶᠡᠯᠡᠭᠦᠯᠵᠦ᠂ ᠪᠠᠷᠢᠮᠵᠢᠶᠠᠵᠢᠭᠤᠯᠤᠭᠰᠠᠨ ᠰᠢᠶᠠᠩ ᠪᠠᠯᠭᠠᠰᠤ ᠶᠢᠨ ᠬᠢᠨᠠᠯᠲᠠ ᠬᠠᠮᠢᠶᠠᠷᠤᠯᠲᠠ ᠶᠢᠨ ᠦᠷᠲᠡᠭᠡ ᠶᠢᠨ ᠡᠵᠡᠯᠡᠬᠦ ᠬᠤᠪᠢ ᠶᠢᠨ ᠵᠢᠩ ᠢ 50% ᠠᠴᠠ ᠳᠡᠭᠡᠭᠰᠢ ᠳᠤ ᠭᠦᠷᠭᠡᠵᠣ᠂ ᠲᠠᠷᠢᠶᠠᠯᠠᠩ ᠤᠨ ᠪᠦᠲᠦᠭᠡᠭᠳᠡᠬᠦᠨ ᠢ ᠵᠤᠷᠰᠢᠯ ᠢᠶᠠᠷ ᠬᠢᠨᠠᠨ ᠰᠢᠨᠵᠢᠬᠡᠳ ᠬᠢᠷᠢ ᠲᠡᠩᠴᠡᠭᠰᠡᠨ ᠨᠤᠷᠮ᠎ᠠ ᠶᠢ 97% ᠠᠴᠠ ᠳᠡᠭᠡᠭᠰᠢ ᠳᠤ ᠭᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠦᠢᠯᠡᠳᠪᠦᠷᠢᠯᠡᠵᠦ ᠡᠵᠡᠩᠨᠡᠬᠦ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠤᠨ᠎ᠠ᠃      17. ᠥᠨᠳᠥᠷ ᠬᠡᠪ ᠪᠣᠯᠪᠠᠰᠣᠷᠠᠯ ᠲᠠᠢ ᠮᠠᠯᠴᠢᠨ ᠲᠠᠷᠢᠶᠠᠴᠢᠨ ᠢ ᠬᠦᠮᠣᠵᠢᠭᠦᠯᠣᠨ᠎ᠠ᠃ ᠤᠯᠤᠰ ᠤᠨ ᠥᠨᠳᠥᠷ ᠬᠡᠪ ᠴᠢᠨᠠᠷ ᠲᠠᠢ ᠲᠠᠷᠢᠶᠠᠴᠢᠳ ᠢ ᠬᠥᠮᠦᠵᠢᠭᠦᠯᠬᠦ ᠢᠨᠵᠧᠨᠧᠷᠢᠩ ᠳᠤ ᠲᠦᠰᠢᠭᠯᠡᠨ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠨ ᠬᠠᠮᠢᠶᠠᠷᠤᠭᠴᠢ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠬᠡᠯᠪᠡᠷᠢ ᠶᠢᠨ᠂ ᠲᠠᠷᠢᠮᠠᠯ ᠤᠨ ᠲᠣᠮᠣ ᠡᠷᠦᠬᠡ ᠵᠡᠷᠭᠡ ᠲᠤᠰᠬᠠᠶ ᠦᠢᠯᠡᠳᠪᠦᠷᠢᠯᠡᠯ ᠤᠨ ᠬᠡᠯᠪᠡᠷᠢ ᠪᠠ ᠦᠢᠯᠡᠳᠪᠦᠷᠢᠯᠡᠵᠦ ᠡᠵᠡᠩᠨᠡᠬᠦ ᠴᠢᠨᠠᠷᠲᠠᠶ ᠦᠢᠯᠡᠴᠢᠯᠡᠭᠡᠨ ᠬᠢᠬᠦ ᠵᠡᠷᠭᠡ ᠤᠷ᠎ᠠ ᠮᠡᠷᠭᠡᠵᠢᠯ ᠴᠢᠳᠠᠪᠤᠷᠢ ᠲᠠᠢ ᠦᠢᠯᠡᠴᠢᠯᠡᠭᠡᠨ ᠤ ᠬᠡᠯᠪᠡᠷᠢ ᠪᠦᠬᠦᠢ ᠥᠨᠳᠥᠷ ᠬᠡᠪ ᠴᠢᠨᠠᠷ ᠲᠠᠢ ᠮᠠᠯᠴᠢᠨ ᠲᠠᠷᠢᠶᠠᠴᠢᠳ ᠢ ᠭᠤᠤᠯᠳᠠᠯᠭ᠎ᠠ ᠲᠠᠢ ᠬᠦᠮᠣᠵᠢᠭᠦᠯᠵᠣ᠂ ᠵᠢᠯ ᠪᠦᠷᠢ 2 ᠲᠦᠮᠡ ᠭᠠᠷᠤᠢ ᠬᠥᠮᠦᠨ ᠳᠤ ᠪᠣᠯᠪᠠᠰᠣᠷᠠᠯ ᠬᠦᠷᠳᠡᠭᠡᠨ᠎ᠠ᠃ ᠮᠠᠯᠴᠢᠨ ᠲᠠᠷᠢᠶᠠᠴᠢᠨ ᠳᠤ ᠬᠥᠮᠦᠵᠢᠯ ᠪᠣᠯᠪᠠᠰᠤᠷᠠᠯ ᠭᠦᠷᠳᠡᠬᠡᠬᠦ ᠰᠢᠰᠲ᠋ᠧᠮᠵᠢ ᠶᠢ ᠪᠦᠷᠢᠨᠰᠢᠭᠦᠯᠣᠨ ᠲᠡᠭᠦᠯᠳᠡᠷᠵᠢᠭᠦᠯᠵᠦ᠂ ᠪᠠᠭᠰᠢ ᠪᠠ ᠬᠠᠮᠢᠶᠠᠷᠤᠭᠴᠢ ᠶᠢᠨ ᠪᠣᠯᠪᠠᠰᠣᠷᠠᠯ ᠢ ᠵᠣᠬᠢᠶᠠᠨ ᠪᠠᠶᠢᠭᠤᠯᠵᠦ ᠥᠷᠨᠢᠭᠦᠯᠦᠨ᠎ᠡ᠃ ᠲᠠᠷᠢᠶᠠᠯᠠᠩ ᠳᠤ ᠬᠤᠯᠪᠣᠭᠳᠠᠬᠤ ᠶᠡᠭᠡ ᠳᠡᠭᠡᠳᠣ ᠰᠤᠷᠭᠠᠭᠤᠯᠢ᠂ ᠳᠤᠮᠳᠠ ᠪᠠ ᠳᠡᠭᠡᠳᠦ ᠵᠡᠷᠭᠡ ᠶᠢᠨ ᠲᠠᠷᠢᠶᠠᠯᠠᠩ ᠤᠨ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠦᠯᠣᠪᠯᠡᠨ ᠨᠠᠶᠢᠯᠡᠭᠦᠯᠵᠣ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ᠂ ᠬᠥᠳᠡᠭᠡ ᠲᠣᠰᠬᠤᠨ ᠤ ᠠᠵᠤ ᠦᠢᠯᠡᠰ ᠤᠨ ᠳᠠᠭᠠᠭᠤᠯᠣᠭᠴᠢ ᠵᠢᠴᠢ ᠵᠠᠯᠠᠭᠤ ᠮᠠᠯᠴᠢᠨ ᠲᠠᠷᠢᠶᠠᠴᠢᠨ ᠢᠶᠠᠷ ᠭᠤᠣᠯᠳᠠᠯᠭ᠎ᠠ ᠪᠣᠯᠭᠠᠨ᠂ ᠥᠨᠳᠥᠷ ᠬᠡᠪ ᠴᠢᠨᠠᠷ ᠲᠠᠢ ᠮᠠᠯᠴᠢᠨ ᠲᠠᠷᠢᠶᠠᠴᠢᠨ ᠤ ᠰᠤᠷᠤᠯᠭ᠎ᠠ ᠶᠢᠨ ᠨᠠᠮᠲᠠᠷ ᠤᠨ ᠳᠡᠭᠡᠭᠰᠢᠯᠡᠯᠲᠡ ᠶᠢ ᠭᠦᠴᠦᠳᠡᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      18. ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠭᠵᠢᠭᠦᠯᠦᠨ᠎ᠡ᠃ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠᠵᠢᠯ ᠢ ᠵᠢᠷᠤᠮᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠪᠦᠭᠦ ᠰᠢᠶᠠᠨ ᠢᠶᠠᠷ ᠲᠦᠯᠬᠢᠨ ᠠᠬᠢᠭᠤᠯᠬᠤ ᠲᠤᠷᠰᠢᠯᠲᠠ ᠶᠢᠨ ᠴᠡᠭ ᠢ ᠦᠷᠨᠢᠬᠦᠯᠦᠨ᠂ ᠵᠢᠱᠢᠶ᠎ᠡ ᠦᠵᠡᠭᠦᠯᠬᠦ ᠬᠤᠷᠰᠢᠶᠠᠵᠢᠯ ᠢ ᠡᠭᠦᠳᠦᠨ ᠪᠠᠶᠢᠭᠤᠯᠬᠤ ᠶᠢ ᠨᠢ ᠠᠬᠢᠭᠤᠯᠣᠨ᠎ᠠ᠂ 2022 ᠣᠨ ᠪᠣᠯᠬᠤ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶᠠᠵᠢᠯ ᠢ 4000 ᠪᠣᠯᠭᠠᠬᠤ ᠪᠠᠷ ᠴᠢᠷᠮᠠᠶᠢᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠣ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠨᠢ ᠳᠠᠮᠵᠢᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠨᠡᠶᠢᠭᠡᠮᠯᠢᠭ ᠪᠤᠶᠤ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠵᠣ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ 4000 ᠪᠣᠯᠭᠠᠨ᠎ᠠ᠃ ᠦᠢᠯᠡᠳᠪᠦᠷᠢᠯᠡᠬᠦ ᠶᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠪᠠᠷ ᠭᠤᠣᠯᠳᠠᠯᠭ᠎ᠠ ᠪᠣᠯᠭᠠᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠵᠤ᠂ ᠣᠯᠠᠨ ᠡᠰᠢᠲᠦ ᠦᠢᠯᠡᠴᠢᠯᠡᠭᠡᠨ ᠤ ᠭᠤᠤᠯ ᠴᠣᠭᠴᠠ ᠶᠢ ᠪᠣᠶᠢᠵᠢᠭᠤᠯᠣᠨ᠂ ᠲᠠᠷᠢᠶᠠᠯᠠᠩ ᠤᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 8000 ᠭᠠᠷᠤᠢ ᠪᠣᠯᠭᠠᠨ᠎ᠠ᠃ ᠬᠦᠳᠣᠴᠢ ᠠᠵᠤ ᠠᠬᠤᠶᠢᠯᠠᠯ ᠲᠣᠯᠣᠭᠠᠶᠢᠯᠠᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠲᠠᠷᠢᠶᠠᠴᠢᠣᠨ ᠤᠨ ᠬᠤᠷᠰᠢᠶᠠᠵᠢᠯ ᠳᠠᠭᠠᠵᠤ᠂ ᠥᠷᠭᠡᠨ ᠣᠯᠠᠨ ᠲᠠᠷᠢᠶᠠᠴᠢᠨ ᠡᠷᠦᠬᠡ ᠣᠷᠣᠯᠴᠠᠭᠰᠠᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢᠨ ᠬᠥᠭᠵᠢᠯᠲᠡ ᠶᠢ ᠲᠡᠳᠬᠦᠨ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ 200 ᠬᠤᠯᠪᠣᠭᠠᠲᠤ ᠴᠣᠭᠴᠠ ᠶᠢ ᠮᠠᠭᠠᠳᠯᠠᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      ︵ᠵᠢᠷᠭᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠪᠠᠷ ᠬᠥᠲᠥᠯᠦᠨ ᠳᠠᠭᠠᠭᠤᠯᠬᠤ ᠶᠢ ᠴᠢᠩᠭᠠᠷᠠᠭᠤᠯᠤᠨ᠎ᠠ᠃      19. ᠦᠷ᠎ᠡ ᠡᠭᠦᠯᠳᠡᠷ ᠤᠨ ᠦᠢᠯᠡᠰ ᠤᠨ ᠰᠢᠨ᠎ᠡ ᠡᠭᠦᠳᠦᠯᠳᠡ ᠲᠠᠢ ᠪᠠᠷ ᠬᠥᠭᠵᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠯᠪᠤᠭᠠᠯᠠᠵᠦ ᠰᠢᠨ᠎ᠡ ᠶᠢ ᠡᠭᠦᠳᠬᠦ ᠪᠦᠯᠬᠦᠮ ᠢ ᠵᠣᠬᠢᠶᠠᠨ ᠪᠠᠶᠢᠭᠤᠯᠤᠨ ᠦᠷ᠎ᠡ ᠪᠤᠶᠢᠵᠢᠭᠤᠯᠬᠤ ᠰᠢᠪᠳᠤᠯᠤᠯᠳᠠ ᠶᠢ ᠦᠷᠨᠢᠬᠦᠯᠦᠨ᠂ ᠲᠥᠮᠥᠰᠥ᠂ ᠡᠷᠳᠡᠨᠢ ᠰᠢᠰᠢ᠂ ᠰᠢᠷ᠎ᠠ ᠪᠤᠷᠴᠠᠭ ᠤᠨ ᠰᠢᠯᠢᠳᠡᠭ ᠰᠢᠨ᠎ᠡ ᠦᠷ᠎ᠡ ᠡᠭᠦᠯᠳᠡᠷ ᠢ 15 ᠠᠴᠠ ᠳᠡᠭᠡᠭᠰᠢ ᠪᠤᠶᠢᠵᠢᠭᠤᠯᠵᠤ᠂ ᠲᠡᠮᠡᠭᠡᠨ ᠰᠡᠭᠦᠯ ᠢ ᠲᠡᠰᠪᠦᠷᠢᠯᠡᠬᠦ ᠨᠡᠷᠡᠨ ᠬᠤᠸᠠᠷ ᠤᠨ ᠰᠢᠯᠢᠳᠡᠭ ᠰᠠᠢᠨ ᠵᠢᠱᠢᠶ᠎ᠡ ᠦᠵᠡᠭᠦᠯᠵᠦ ᠳᠡᠯᠭᠡᠷᠡᠭᠦᠯᠬᠦ ᠲᠥᠷᠥᠯ ᠵᠦᠢᠯ ᠢ 5 ᠠᠴᠠ ᠳᠡᠭᠡᠭᠰᠢ ᠪᠤᠶᠢᠵᠢᠭᠤᠯᠤᠨ᠎ᠠ᠃ ᠡᠷᠳᠡᠨᠢ ᠰᠢᠰᠢ᠂ ᠪᠡᠯᠡᠳᠬᠡᠮᠵᠢᠲᠦ ᠢᠳᠡᠰᠢᠨ ᠨᠣᠭᠤᠭ᠎ᠠ᠂ ᠲᠥᠮᠥᠰᠥ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢᠶᠠᠷ ᠭᠤᠤᠯᠳᠠᠯᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠮᠡᠷᠭᠡᠵᠢᠯ ᠳᠤ ᠰᠢᠨ᠎ᠡ ᠶᠢ ᠡᠭᠦᠳᠴᠤ ᠪᠠᠶᠢᠭᠤᠯᠬᠤ ᠠᠵᠢᠯ ᠢ ᠡᠬᠢᠯᠡᠭᠦᠯᠣᠨ᠎ᠠ᠃ ᠳᠠᠪᠠᠭᠤᠯᠢᠭ ᠲᠠᠷᠢᠮᠠᠯ ᠤᠨ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠳᠡᠮᠵᠢᠨ ᠪᠠᠶᠢᠭᠤᠯᠵᠦ᠂ ᠶᠠᠭᠰᠢ ᠬᠤᠲᠠ᠂ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠠᠬᠢ ᠲᠦᠮᠦᠰᠦᠨ ᠤ ᠰᠠᠶᠢᠨ ᠦᠷ᠎ᠡ ᠡᠭᠦᠯᠳᠡᠷ ᠦᠷᠡᠵᠢᠭᠦᠯᠭᠦ ᠤᠯᠤᠰ ᠤᠨ ᠲᠡᠰ ᠤᠨ 3 ᠲᠥᠷᠥᠯ ᠵᠦᠢᠯ ᠳᠤ ᠲᠦᠰᠢᠭᠯᠡᠨ 40 ᠲᠦᠮᠡᠨ ᠮᠦ ᠶᠢᠨ ᠪᠠᠷᠢᠮᠵᠢᠶᠠᠵᠢᠭᠰᠠᠨ ᠲᠦᠮᠦᠰᠦᠨ ᠦᠷ᠎ᠡ ᠶᠢᠨ ᠰᠠᠭᠤᠷᠢᠨ ᠭᠠᠵᠠᠷ ᠢ ᠪᠠᠶᠢᠭᠤᠯᠣᠨ᠎ᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠳᠤ ᠡᠷᠯᠢᠰᠵᠢᠭᠦᠯᠤᠭ᠍ᠰᠡᠨ ᠡᠷᠳᠡᠨᠢ ᠰᠢᠰᠢ ᠶᠢᠨ ᠰᠠᠶᠢᠨ ᠦᠷ᠎ᠡ ᠡᠭᠦᠯᠳᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 10 ᠲᠦᠮᠡᠨ ᠮᠦ ᠪᠠᠶᠢᠭᠤᠯᠣᠨ᠎ᠠ᠂ ᠬᠥᠬᠡᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ ᠵᠡᠷᠭᠡ ᠭᠠᠵᠠᠷ ᠲᠤ ᠡᠯᠳᠡᠪ ᠠᠮᠤ ᠡᠯᠳᠡᠪ ᠪᠤᠷᠴᠠᠭ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 3 ᠲᠦᠮᠡᠨ ᠮᠥ ᠪᠠᠶᠢᠭᠤᠯᠵᠤ᠂ ᠪᠠᠶᠠᠨᠨᠠᠭᠤᠷ ᠬᠤᠲᠠ᠂ ᠬᠢᠩᠭᠠᠨ ᠠᠶᠢᠮᠠᠭ᠂ ᠬᠥᠯᠥᠨ ᠪᠦᠢᠷ ᠬᠤᠲᠠ ᠵᠡᠷᠭᠡ ᠭᠠᠵᠠᠷ ᠲᠤ ᠪᠤᠭᠤᠳᠠᠢ᠂ ᠣᠰᠣᠨ ᠲᠤᠲᠤᠷᠭ᠎ᠠ᠂ ᠰᠢᠷ᠎ᠠ ᠪᠤᠷᠴᠠᠭ ᠤᠨ ᠰᠠᠶᠢᠨ ᠦᠷ᠎ᠡ ᠡᠭᠦᠯᠳᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 30 ᠲᠦᠮᠡᠨ ᠮᠦ ᠪᠠᠶᠢᠭᠤᠯᠣᠨ᠎ᠠ᠃ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠵᠤ᠂ 94 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠴᠤᠭᠯᠠᠭᠤᠯᠬᠤ ᠠᠵᠢᠯᠯᠠᠭ᠎ᠠ ᠶᠢ ᠭᠡᠷᠡᠭᠵᠢᠭᠦᠯᠦᠨ᠂ ᠲᠠᠷᠢᠮᠠᠯ ᠵᠢᠴᠢ ᠲᠡᠵᠢᠭᠡᠯ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ 1800 ᠭᠠᠷᠤᠢ ᠬᠤᠷᠢᠶᠠᠨ ᠴᠤᠨᠨᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠳᠠᠬᠢ ᠬᠠᠳᠠᠭᠠᠯᠠᠬᠤ ᠶᠡᠷᠦᠩᠬᠡᠶ ᠬᠡᠮᠵᠢᠶ᠎ᠡ ᠶᠢ 2.3 ᠲᠦᠮᠡ ᠭᠠᠷᠤᠢ ᠳᠤ ᠬᠦᠷᠦᠭᠦᠯᠦᠨ᠎ᠡ᠃ ᠡᠮᠦᠨᠡᠲᠦ ᠣᠷᠣᠨ ᠳᠤ ᠦᠷᠡᠵᠢᠭᠦᠯᠦᠨ ᠪᠤᠶᠢᠵᠢᠭᠤᠯᠬᠤ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠠᠭᠤᠷᠢᠨ ᠭᠠᠵᠠᠷ ᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠦᠷ᠎ᠡ ᠡᠭᠦᠯᠳᠡᠷ ᠪᠦᠢᠵᠢᠭᠤᠯᠬᠤ ᠲᠤᠷᠰᠢᠯᠲᠠ᠂ ᠬᠤᠷᠣᠬᠠᠶ ᠬᠡᠮ ᠤᠨ ᠬᠥᠨᠥᠭᠡᠯ ᠢ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠵᠠᠰᠠᠬᠤ ᠪᠡᠯᠡᠣᠡᠭᠡᠮᠵᠢ ᠲᠤᠨᠤᠭ ᠲᠦᠭᠦᠬᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      20. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠮᠠᠯ ᠢ ᠲᠠᠷᠢᠵᠣ ᠪᠦᠢᠵᠢᠭᠤᠯᠬᠤ᠂ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠ ᠤᠶᠤᠨᠯᠢᠭ ᠲᠠᠷᠢᠶᠠᠯᠠᠩ ᠮᠠᠯ ᠠᠵᠤ ᠠᠬᠤᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠳᠤ ᠰᠢᠪᠳᠤᠯᠤᠯᠳᠠ ᠬᠢᠬᠦ ᠵᠢᠴᠢ ᠰᠢᠨ᠎ᠡ ᠡᠭᠦᠳᠦᠯᠳᠡ ᠶᠢᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ᠂ ︽ᠣᠴᠢ ᠲᠦᠯᠦᠪᠯᠡᠭᠡ ᠪᠠᠷ ᠰᠢᠨ᠎ᠡ ᠶᠢ ᠡᠭᠦᠳᠴᠤ ᠦᠢᠯᠡᠰ ᠴᠤᠨᠨᠴᠠᠯᠠᠬᠤ︾᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠰᠢᠯᠵᠢᠭᠦᠯᠦᠨ ᠤᠯᠠᠷᠢᠭᠤᠯᠬᠤ ᠲᠠᠪᠴᠠᠩ ᠵᠡᠷᠭᠡ ᠰᠢᠨ᠎ᠡ ᠶᠢ ᠡᠭᠦᠳᠬᠦ ᠠᠴᠢᠶᠠᠯᠠᠪᠤᠷᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠢ 58 ᠪᠠᠶᠢᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠳᠠᠴᠨ ᠶᠢᠨ ᠥᠭᠡᠷᠡᠴᠢᠯᠡᠯᠲᠡ ᠶᠢ ᠭᠦᠨᠵᠡᠭᠡᠶᠢᠷᠡᠬᠦᠯᠦᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠦ ᠠᠷᠠᠯᠵᠢᠶᠠᠯᠠᠬᠤ ᠪᠠ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠳᠤ ᠰᠢᠨ᠎ᠡ ᠶᠢ ᠡᠭᠦᠳᠴᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠲᠦᠷᠬᠡᠳᠬᠡᠨ᠎ᠡ᠂ 2022 ᠣᠨ ᠪᠣᠯᠬᠤ ᠳᠤ᠂ ᠲᠠᠷᠢᠶᠠᠯᠠᠩ ᠮᠠᠯ ᠠᠵᠤ ᠠᠬᠤᠢ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ ᠶᠢ 59% ᠪᠣᠯᠲᠠᠯ᠎ᠠ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      21. ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠬᠦᠯᠦᠨ᠂ ︽ᠵᠠᠰᠠᠭ ᠦᠢᠯᠡᠣᠡᠪᠣᠷᠢᠯᠡᠯ ᠰᠣᠷᠣᠯᠴᠠᠭ᠎ᠠ ᠰᠤᠳᠤᠯᠤᠯ ᠳᠡᠯᠬᠡᠷᠡᠭᠦᠯᠦᠯᠳᠡ ᠭᠡᠷᠡᠭᠯᠡᠯᠳᠡ︾ ᠶᠢᠨ ᠵᠣᠬᠢᠴᠠᠯᠳᠤᠨᠨᠰᠠᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠢᠯ ᠪᠦᠷᠢ ᠤᠷᠲᠤ ᠬᠤᠭᠤᠴᠠᠭ᠎ᠠ ᠪᠠᠷ ᠲᠣᠭᠲᠠᠪᠤᠷᠢᠲᠠᠶ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 180 ᠣᠷᠴᠢᠮ ᠪᠠᠶᠢᠭᠤᠯᠤᠨ᠎ᠠ᠃ ᠣᠶᠣᠨᠯᠢᠭ ᠲᠠᠷᠢᠶᠠᠯᠠᠩ ᠢ ᠰᠦᠪᠡᠭᠴᠢᠯᠡᠨ ᠬᠥᠭᠵᠢᠭᠦᠯᠵᠦ᠂ ᠪᠡᠯᠡᠣᠡᠭᠡᠮᠵᠢᠳᠣ ᠲᠠᠷᠢᠶᠠᠯᠠᠩ ᠤᠨ ᠪᠣᠳᠠᠰᠯᠢᠭ ᠬᠤᠯᠪᠤᠭᠠᠳᠤ ᠰᠦᠯᠵᠢᠶᠠᠨ ᠤ ᠮᠡᠷᠭᠡᠵᠢᠯ ᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯᠲᠠᠨ ᠤ ᠲᠤᠰᠬᠠᠶ ᠤᠷ᠎ᠠ ᠮᠡᠷᠬᠡᠵᠢᠯ ᠢ ᠳᠡᠬᠡᠭᠰᠢᠯᠡᠬᠦᠯᠦᠨ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠭᠤᠤᠯᠯᠠᠭᠴᠢ ᠬᠥᠮᠦᠰ᠂ ᠬᠠᠮᠢᠶᠠᠷᠤᠯᠲᠠ ᠶᠢᠨ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠢ ᠥᠷᠨᠢᠭᠦᠯᠵᠦ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠠᠵᠢᠯ ᠤᠨ ᠪᠠᠶᠢᠷᠢ ᠳᠤ ᠪᠠᠨ ᠰᠤᠳᠤᠯᠤᠨ ᠰᠤᠷᠤᠯᠴᠠᠬᠤ ᠶᠢ ᠳᠡᠮᠵᠢᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠ ᠡᠵᠡᠩᠨᠡᠯᠲᠡ ᠶᠢᠨ ᠴᠢᠨᠠᠷᠲᠠᠶ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠬᠡᠨ ᠤ ᠠᠭᠤᠰᠤᠯᠴᠠᠨ ᠭᠦᠭᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠮᠡᠷᠭᠡᠵᠢᠯ ᠤᠨ ᠠᠵᠢᠯᠳᠠᠳ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠬᠤᠷᠰᠢᠶᠠᠵᠢᠯ᠂ ᠠᠵᠤ ᠠᠬᠤᠶᠢᠯᠠᠯ ᠳᠤ ᠬᠦᠷᠴᠣ ᠮᠡᠷᠭᠡᠵᠢᠯ ᠤᠨ ᠥᠷᠲᠡᠭ ᠨᠡᠮᠡᠭᠳᠡᠯ ᠤᠨ ᠦᠢᠯᠡᠴᠢᠯᠡᠭᠡ ᠬᠠᠩᠭᠠᠬᠤ ᠶᠢᠨ ᠬᠠᠮᠲᠤ ᠵᠦᠶ ᠵᠣᠬᠢᠰᠲᠠᠶ ᠬᠥᠯᠥᠰᠥ ᠣᠯᠭᠤᠮᠵᠢ ᠤᠯᠬᠤ ᠶᠢ ᠳᠡᠮᠵᠢᠨ᠎ᠡ᠃ ︽ᠵᠠᠬᠢᠶᠠᠯᠠᠭ᠎ᠠ ᠪᠠᠷ ᠬᠥᠮᠦᠵᠢᠭᠦᠯᠬᠦ᠂ ᠬᠠᠨᠳᠤᠯᠭ᠎ᠠ ᠲᠠᠢ ᠪᠠᠷ ᠠᠵᠢᠯ ᠣᠯᠭᠤᠬᠤ︾ ᠠᠷᠭ᠎ᠠ ᠮᠠᠶ᠋ᠢᠭ ᠢᠶᠠᠷ ᠳᠡᠮᠵᠢᠭᠤᠯᠣᠨ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠳᠤ ᠥᠨᠳᠥᠷ ᠬᠡᠪ ᠴᠢᠨᠠᠷ ᠲᠠᠢ ᠵᠠᠯᠠᠭᠤ ᠴᠢᠳᠠᠪᠤᠷᠢᠲᠠᠨ ᠬᠦᠮᠣᠵᠢᠭᠦᠯᠵᠣ ᠦᠭᠭᠦ ᠶᠢ ᠵᠣᠷᠢᠭᠵᠢᠭᠤᠯᠤᠨ᠎ᠠ᠃ 2022 ᠣᠨ ᠪᠣᠯᠬᠤ ᠳᠤ᠂ ᠲᠠᠷᠢᠶᠠᠯᠠᠩ ᠤᠨ ᠭᠤᠣᠯ ᠠᠬᠢᠭᠤᠯᠬᠤ ᠮᠡᠷᠭᠡᠵᠢᠯ ᠤᠨ ᠪᠣᠳᠠᠲᠠᠶᠢᠵᠢᠭᠤᠯᠤᠭᠰᠠᠨ ᠨᠣᠷᠮ᠎ᠠ ᠶᠢ 95% ᠠᠴᠠ ᠳᠡᠭᠡᠭᠰᠢ ᠳᠤ ᠭᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠠᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠣᠡᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠨ᠂ ᠨᠠᠶᠢᠳᠠᠪᠤᠷᠢᠵᠢᠭᠤᠯᠤᠯᠲᠠ ᠶᠢ ᠱᠠᠲᠤ ᠱᠠᠲᠤ ᠪᠠᠷ ᠰᠠᠶᠢᠲᠤᠷ ᠠᠳᠬᠤᠬᠤ ᠬᠡᠷᠡᠭᠳᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ︽ᠨᠢᠭᠡᠳᠦᠭᠡᠷ ᠭᠠᠷ︾ ᠨᠢ ᠦᠪᠡᠰᠦᠪᠡᠨ ᠠᠳᠬᠤᠵᠤ᠂ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠣ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠲᠥᠯᠥᠪᠵᠢᠭᠦᠯᠬᠦ᠂ ᠪᠠᠯᠠ ᠮᠦᠩᠭᠦ ᠤᠷᠤᠭᠤᠯᠬᠤ᠂ ᠴᠢᠳᠠᠪᠤᠷᠢᠲᠠᠨ ᠢᠶᠠᠷ ᠲᠡᠮᠵᠢᠬᠦ ᠵᠡᠷᠭᠡ ᠲᠠᠯ᠎ᠠ ᠪᠠᠷ ᠴᠢᠩᠭ᠎ᠠ ᠠᠷᠭ᠎ᠠ ᠬᠡᠮᠵᠢᠶ᠎ᠡ ᠠᠪᠴᠤ᠂ ᠡᠯ᠎ᠠ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠦ ᠪᠤᠳᠠᠳᠠᠶᠢᠵᠢᠭᠤᠯᠬᠤ ᠶᠢ ᠦᠨᠡᠨ ᠬᠦ ᠪᠠᠳᠣᠯᠠᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠮᠵᠢᠯᠴᠠᠨ ᠠᠬᠢᠭᠤᠯᠬᠤ ᠲᠣᠭᠳᠠᠴᠨ ᠶᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ᠂ ᠠᠵᠢᠯ ᠤᠨ ᠨᠠᠶᠢᠳᠠᠪᠣᠷᠢᠵᠢᠭᠤᠯᠣᠯᠳᠠ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠣᠭᠦᠯᠭᠦ ᠬᠡᠷᠩᠳᠠᠢ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠡᠭᠦᠷᠭᠡ ᠬᠠᠷᠢᠭᠤᠴᠯᠠᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠪᠠᠯᠠ ᠮᠦᠩᠬᠦᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠪᠡᠯᠡ ᠮᠥᠩᠭᠦ ᠪᠠᠷ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠥᠷᠢ ᠦᠭᠴᠡᠭᠡ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠣᠷᠣᠯᠭ᠎ᠠ ᠶᠢ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠳᠤ ᠬᠡᠷᠡᠭᠯᠡᠬᠦ ᠬᠠᠷᠢᠴᠠᠯ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠷᠢᠶᠠᠯᠠᠩ ᠤᠨ ᠬᠦᠷᠢᠶᠡᠨ ᠳᠠᠬᠢ ᠪᠦᠲᠦᠮᠵᠢᠲᠡᠶ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠠᠷᠢᠶᠠᠯᠠᠩ ᠢ ᠳᠠᠮᠵᠢᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠯᠠᠩ ᠤᠨ ᠳᠠᠭᠠᠳᠬᠠᠯ ᠳᠠᠬᠢ ᠶᠡᠭᠡ ᠭᠠᠮᠰᠢᠭ ᠤᠨ ᠲᠦᠭᠰᠢᠭᠦᠷᠢ᠂ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠣᠷᠣᠯᠭ᠎ᠠ ᠶᠢᠨ ᠳᠠᠭᠠᠣᠡᠬᠠᠯ ᠵᠡᠷᠭᠡ ᠶᠢᠨ ᠡᠵᠡᠯᠡᠬᠦ ᠬᠤᠪᠢ ᠶᠢᠨ ᠵᠢᠩ ᠢ ᠴᠠᠭ ᠲᠤ ᠨᠢ ᠲᠣᠬᠢᠷᠠᠭᠤᠯᠤᠨ ᠲᠡᠭᠡᠭᠰᠢᠯᠡᠬᠦᠯᠵᠦ᠂ ᠡᠷᠳᠡᠨᠢ ᠰᠢᠰᠢ᠂ ᠪᠤᠭᠤᠳᠠᠢ᠂ ᠤᠰᠤᠨ ᠲᠤᠲᠤᠷᠭ᠎ᠠ ᠶᠢᠨ ᠪᠦᠬᠦ ᠥᠪᠡᠷ ᠤᠨ ᠥᠷᠲᠡᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠪᠠ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠠᠬᠢᠭᠤᠯᠵᠣ᠂ ᠭᠤᠤᠯ ᠪᠣᠯᠬᠤ ᠲᠠᠷᠢᠮᠠᠯ ᠤᠨ ᠰᠠᠶᠢᠨ ᠦᠷ᠎ᠡ ᠪᠣᠶᠢᠵᠢᠭᠤᠯᠬᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠬᠡᠳᠬᠡᠨ᠂ ᠡᠯ᠎ᠡ ᠭᠠᠵᠠᠷ ᠣᠷᠣᠨ ᠨᠢ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠳᠣᠭᠡᠭᠳᠡᠭᠦᠨ ᠤ ᠳᠠᠭᠠᠳᠬᠠᠯ ᠥᠷᠨᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ ᠳᠠᠭᠠᠳᠬᠠᠯ ᠬᠢᠭᠡᠳ ᠡᠳ᠋ ᠤᠨ ᠵᠠᠰᠠᠭ ᠤᠨ ᠲᠦᠭᠰᠢᠭᠦᠷᠢ ᠶᠢᠨ ᠲᠦᠯᠦᠪᠦᠷᠢ᠂ ᠢᠲᠡᠭᠡᠮᠵᠢᠲᠦ ᠵᠢᠭᠡᠯᠡᠯᠭᠡ᠂ ᠳᠠᠭᠠᠭᠠᠯᠲᠠ᠂ ᠬᠤᠭᠤᠴᠠᠭᠠᠲᠤ ᠪᠠᠷᠠᠭ᠎ᠠ ︵ᠡᠷᠬᠡ︶ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢᠨ ᠬᠤᠯᠪᠣᠭᠠᠯᠠᠨ ᠬᠥᠳᠡᠯᠦᠯᠴᠡᠬᠦ ᠪᠦᠲᠦᠮᠵᠢᠲᠡᠶ ᠵᠠᠭᠪᠤᠷ ᠢ ᠰᠦᠪᠡᠭᠴᠢᠯᠡᠬᠦ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠦᠷᠢᠶᠡᠵᠢᠭᠰᠡᠨ ᠮᠥᠩᠭᠦᠨ ᠭᠦᠢᠯᠭᠡᠭᠡ ᠪᠠ ᠦᠢᠯᠡᠴᠢᠯᠡᠭᠡᠨ ᠤ ᠨᠡᠷᠡᠳᠬᠦᠨ ᠢ ᠵᠢᠷᠤᠭᠯᠠᠨ ᠲᠥᠯᠥᠪᠯᠡᠵᠦ᠂ ᠠᠮᠢᠳᠤ ᠮᠠᠯ ᠢᠶᠠᠨ ᠳᠠᠨᠵᠢᠯᠠᠬᠤ ᠪᠠ ᠬᠥᠳᠡᠭᠡ ᠲᠣᠰᠬᠤᠨ ᠤ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠡᠷᠬᠡ ᠪᠠᠨ ᠪᠠᠷᠢᠴᠠᠭᠠᠯᠠᠨ ᠵᠢᠭᠡᠯᠡᠯᠭᠡ ᠲᠠᠯᠪᠢᠬᠤ ᠲᠤᠬᠠᠶᠢᠯᠠᠭᠰᠠᠨ ᠠᠵᠢᠯ ᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠨᠡᠮᠡᠭᠳᠡᠬᠦᠯᠦᠨ᠂ ᠪᠡᠯᠡ ᠲᠣᠬᠢᠷᠠᠭᠤᠯᠬᠤ ᠪᠠᠷᠢᠮᠵᠢᠶ᠎ᠠ ᠪᠠ ᠥᠪᠡᠷ ᠤᠨ ᠥᠷᠲᠡᠭ ᠢ ᠪᠠᠭᠤᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠬᠢᠬᠦ ᠦᠢᠯᠡᠳᠣᠯ ᠢ ᠪᠠᠳᠠᠷᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠣᠷᠣᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠬᠢᠨᠠᠨ ᠰᠢᠨᠵᠢᠵᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ᠂ ᠠᠵᠢᠯ ᠢᠶᠠᠨ ᠠᠬᠢᠭᠤᠯᠤᠭᠰᠠᠨ᠂ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠪᠠᠶᠢᠳᠠᠯ ᠢ ᠭᠤᠤᠯᠳᠠᠯᠭ᠎ᠠ ᠲᠠᠢ ᠮᠦᠷᠳᠡᠵᠦ ᠦᠨᠡᠯᠡᠨ᠎ᠠ᠃ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨᠨᠰᠠᠨ ᠦᠷ᠎ᠡ ᠪᠦᠲᠦᠮᠵᠢ ᠪᠠᠷ ᠲᠣᠪᠤᠶᠢᠮ᠎ᠠ ᠭᠠᠵᠠᠷ ᠣᠷᠣᠨ ᠳᠤ ᠳᠠᠷᠠᠭ᠎ᠠ ᠨᠢᠭᠡ ᠵᠢᠯ ᠤᠨ ᠲᠥᠷᠥᠯ ᠵᠦᠢᠯ᠂ ᠪᠡᠯᠡ ᠮᠥᠩᠭᠦ ᠶᠢ ᠬᠤᠪᠢᠶᠠᠷᠢᠯᠠᠬᠤ ᠵᠡᠷᠭᠡ ᠲᠠᠯ᠎ᠠ ᠪᠠᠷ ᠬᠡᠯᠪᠡᠶᠢᠯᠬᠡᠵᠦ ᠲᠡᠳᠬᠦᠬᠦ ᠬᠡᠷᠡᠭᠲᠡᠶ᠃ ᠭᠦᠢᠴᠡᠳ ᠰᠠᠶᠢᠨ ᠨᠠᠶᠢᠳᠠᠪᠤᠷᠢᠵᠢᠭᠤᠯᠤᠭᠰᠠᠨ ᠦᠭᠡᠢ ᠪᠣᠯ ᠴᠢᠩᠭ᠎ᠠ ᠬᠠᠷᠢᠭᠤᠴᠠᠯᠭ᠎ᠠ ᠭᠡᠯᠡᠯᠴᠡᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠦᠷᠪᠠ︶ ᠳ᠋ᠦᠩᠨᠡᠯᠲᠡ ᠬᠢᠵᠦ ᠤᠬᠠᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ ᠨᠢ ᠵᠥᠪ ᠲᠠᠯ᠎ᠠ ᠶᠢᠨ ᠤᠬᠠᠭᠤᠯᠭ᠎ᠠ ᠪᠠᠨ ᠴᠢᠩᠭᠠᠳᠬᠠᠨ᠂ ᠤᠬᠠᠭᠤᠯᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠭᠰᠠᠨ ᠰᠢᠨ᠎ᠡ ᠠᠷᠭ᠎ᠠ ᠪᠠᠷᠢᠯ ᠰᠢᠨ᠎ᠡ ᠦᠷ᠎ᠡ ᠪᠦᠲᠦᠮᠵᠢ ᠰᠢᠨ᠎ᠡ ᠨᠡᠶᠢᠲᠡᠯᠢᠭ ᠵᠢᠱᠢᠶ᠎ᠡ ᠰᠢᠨ᠎ᠡ ᠲᠤᠷᠰᠢᠯᠭ᠎ᠠ ᠶᠢ ᠭᠦᠨᠵᠡᠭᠡᠶ ᠠᠭᠤᠳᠠᠯᠠᠨ᠂ ᠤᠬᠠᠭᠤᠯᠤᠨ ᠮᠡᠳᠡᠭᠡᠯᠡᠭᠦ ᠠᠵᠢᠯ ᠢ ᠪᠦᠬᠦ ᠲᠠᠯ᠎ᠠ ᠪᠠᠷ ᠦᠷᠨᠢᠭᠦᠯᠵᠣ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠲᠦᠷᠬᠡᠳᠬᠡᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠩᠳᠠᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠦᠪᠡᠷᠳᠡᠭᠡᠨ ᠵᠠᠰᠬᠠᠣ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ᠳᠠᠭᠠᠯᠳᠤᠭᠤᠯᠤᠯ᠄ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠭᠤᠤᠯ ᠪᠣᠯᠬᠤ ᠭᠦᠢᠴᠡᠳᠬᠡᠯ ᠲᠤᠭ᠎ᠠ ᠬᠦᠰᠦᠨᠦᠭᠲᠦ 1 ᠬᠦᠰᠦᠨᠦᠭᠲᠦ 2
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ