内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠳᠡᠳ᠋ ᠲᠡᠷᠢᠬᠦᠯᠡᠭᠴᠢ    ᠵᠸᠡᠭ ᠬᠤᠨᠭ᠌ ᠹᠠᠨ
        ᠨᠡᠶᠢᠲᠡᠯᠡᠭᠰᠡᠨ ᠴᠠᠭ᠄
        2021/1/8
                                                                ᠳᠡᠳ᠋ ᠲᠡᠷᠢᠬᠦᠯᠡᠭᠴᠢ    ᠵᠸᠡᠭ ᠬᠤᠨᠭ᠌ ᠹᠠᠨ      ᠲᠡᠷᠢᠭᠦᠯᠡᠭᠴᠢ ᠶᠢ ᠬᠠᠪᠰᠤᠷᠴᠤ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠪᠡᠶ᠎ᠡ ᠶᠢᠨ ᠲᠠᠮᠢᠷ᠂ ᠰᠣᠶᠣᠯ ᠲᠡᠤᠬᠡ ᠪᠠ ᠣᠷᠣᠨ ᠨᠤᠲᠤᠭ ᠤᠨ ᠣᠶᠢᠯᠠᠯᠭ᠎ᠠ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃       ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ︵ᠲᠡᠦᠬᠡ ᠶᠢᠨ ᠳᠤᠷᠠᠰᠬᠠᠯᠲᠤ ᠵᠦᠶᠯ ᠤᠨ ᠲᠣᠪᠴᠢᠶ᠎ᠠ︶᠂ ᠷᠠᠳᠢᠣ᠋ ᠲᠧᠯᠸᠢᠰ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠢ ᠬᠤᠪᠢᠳᠠᠨ ᠬᠠᠮᠢᠶᠠᠷᠤᠨ᠎ᠠ᠃      ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ᠂ ᠲᠥᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ︵ᠳᠤᠮᠳᠠᠳᠤ ᠤᠯᠤᠰ ᠤᠨ ᠣᠯᠠᠨ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ︶ ᠶᠢᠨ ᠥᠪᠥᠷ ᠮᠣᠩᠭᠤᠯ ᠳᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡ ᠵᠡᠷᠭᠡ ᠰᠣᠨᠢᠨ ᠮᠡᠳᠡᠭᠡᠨ ᠤ ᠨᠢᠭᠡᠴᠢ ᠲᠠᠢ ᠬᠠᠷᠢᠯᠴᠠᠨ᠎ᠠ᠃      ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠲᠣᠪᠴᠢ ᠲᠠᠨᠢᠯᠴᠠᠭᠤᠯᠭ᠎ᠠ᠄      ᠵᠸᠡᠭ ᠬᠤᠨᠭ᠌ ᠹᠠᠨ᠂ ᠡᠷᠡᠭᠳᠡᠢ᠂ ᠬᠢᠳᠠᠳ ᠦᠨᠳᠦᠰᠦᠳᠡᠨ᠂ 1965 ᠤᠨ ᠤ 1 ᠳ᠋ᠦ᠋ᠭᠡᠷ ᠰᠠᠷ᠎ᠠ ᠳᠤ ᠲᠦᠷᠦᠵᠠᠢ᠂ ᠾᠧᠨᠠᠨ ᠮᠤᠵᠢ ᠶᠢᠨ ᠨᠠᠨᠶᠠᠩ ᠤᠨ ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠬᠠᠤᠯᠢ ᠶᠢᠨ ᠤᠬᠠᠭᠠᠨ ᠤ  ᠮᠠᠰᠲ᠋ᠧᠷ ᠴᠤᠯᠠ ᠲᠠᠢ᠂ ᠲᠡᠭᠡᠳᠤ ᠲᠡᠰ ᠤᠨ ᠨᠠᠶᠢᠷᠠᠭᠤᠯᠤᠬᠴᠢ᠂ 1985 ᠤᠨ ᠤ 4 ᠳ᠋ᠦ᠋ᠭᠡᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠦ᠂ 1990 ᠤᠨ ᠤ 7 ᠳ᠋ᠤᠭᠠᠷ ᠰᠠᠷ᠎ᠠ ᠳᠤ ᠠᠵᠢᠯ ᠳᠤ ᠣᠷᠣᠯᠴᠠᠵᠠᠢ᠃      ᠤᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠤ ᠲᠤᠰᠢᠶᠠᠯ ᠳᠤ ᠪᠣᠢ᠃      1983.09 — 1987.09 ᠰᠢᠨᠶᠠᠩ ᠤᠨ ᠪᠠᠭᠰᠢ ᠶᠢᠨ ᠲᠡᠭᠡᠳᠤ ᠰᠤᠷᠭᠠᠭᠤᠯᠢ ᠶᠢᠨ ᠬᠢᠳᠠᠳ ᠬᠡᠯᠡ ᠤᠳᠬ᠎ᠠ ᠵᠤᠬᠢᠶᠠᠯ ᠤᠨ ᠰᠠᠯᠪᠤᠷᠢ ᠶᠢᠨ ᠬᠢᠳᠠᠳ ᠬᠡᠯᠠ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠰᠤᠷᠤᠯᠴᠠᠪᠠ      1987.09 — 1990.07 ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠭᠦ ᠤᠬᠠᠭᠠᠨ ᠤ ᠬᠦᠷᠢᠶᠠᠯᠠᠩ ᠤᠨ ᠰᠤᠳᠤᠯᠬᠤ ᠰᠤᠷᠤᠬᠴᠢ ᠶᠢᠨ ᠬᠦᠷᠢᠶᠠᠯᠠᠩ ᠤᠨ ᠰᠤᠨᠢᠨ ᠮᠡᠳᠡᠭᠡᠨ ᠤ ᠰᠠᠯᠪᠤᠷᠢ ᠳᠤ ᠰᠤᠨᠢᠨ ᠮᠡᠳᠡᠭᠡᠨ ᠤ ᠲᠤᠬᠠᠢᠢᠯᠠᠬᠰᠠᠨ ᠠᠵᠢᠯ ᠤᠨ ᠲᠤᠰᠬᠠᠢ ᠮᠡᠷᠭᠡᠵᠢᠯ ᠤᠨ ᠰᠤᠳᠤᠯᠬᠤ ᠰᠤᠷᠤᠬᠴᠢ ᠪᠠᠶᠢᠪᠠ      1990.07 — 1992.01 ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠲᠤᠮᠳᠠᠳᠤ ᠤᠯᠤᠰ ᠤᠨ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠰᠤᠨᠢᠨ ᠤ ᠬᠤᠷᠢᠶ᠎ᠠ ᠶᠢᠨ ᠨᠠᠶᠢᠷᠠᠭᠤᠯᠤᠬᠴᠢ ᠪᠠᠶᠢᠪᠠ      1992.01 — 1995.12 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠨᠠᠶᠢᠷᠠᠭᠤᠯᠤᠬᠴᠢ ᠪᠠᠶᠢᠪᠠ      1995.12 — 1997.09 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠨᠠᠮ ᠤᠨ ᠠᠮᠢᠳᠤᠷᠠᠯ ᠤᠨ ᠲᠤᠭᠤᠢᠢᠯᠠᠩ ᠤᠨ ᠲᠡᠳ᠋ ᠲᠠᠷᠤᠭ᠎ᠠ ᠪᠠᠶᠢᠪᠠ      1997.09 — 2000.01 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠨᠡᠮ ᠤᠨ ᠠᠮᠢᠳᠤᠷᠠᠯ ᠤᠨ ᠲᠤᠭᠤᠢᠢᠯᠠᠩ ᠤᠨ ᠲᠠᠷᠤᠭ᠎ᠠ ᠪᠠᠶᠢᠪᠠ      2000.01 — 2004.01 ᠠᠷᠠᠳ ᠤᠨ ᠡᠳᠦᠷ ᠤᠨ ᠰᠤᠨᠢᠨ ᠤ ᠬᠤᠷᠢᠶ᠎ᠠ ᠶᠢᠨ ᠤᠯᠤᠰ ᠤᠨ ᠲᠤᠳᠤᠭᠠᠳᠤ ᠶᠢᠨ ᠤᠯᠤᠰ ᠲᠦᠷᠦ ᠶᠢᠨ ᠬᠡᠯᠳᠡᠰ ᠤᠨ ᠲᠡᠳ᠋ ᠡᠷᠬᠢᠯᠡᠭᠴᠢ ︵ᠡᠨᠡ ᠬᠤᠭᠤᠴᠠᠭᠠᠨ ᠳᠤ᠄ 2000.01 — 2001.01 ᠲᠦᠪ ᠤᠨ ᠤᠬᠠᠭᠤᠯᠬᠤ ᠬᠡᠯᠳᠡᠰ ᠲᠤ ᠲᠤᠰᠢᠶᠠᠯ ᠡᠭᠦᠷᠭᠡᠯᠡᠨ ᠠᠵᠢᠯᠯᠠᠵᠣ᠂ ᠲᠦᠪ ᠤᠨ ᠤᠬᠠᠭᠤᠯᠬᠤ ᠬᠡᠯᠳᠡᠰ ᠤᠨ ᠰᠤᠨᠢᠨ ᠮᠡᠳᠡᠭᠡᠨ ᠤ ᠵᠤᠬᠢᠴᠠᠭᠤᠯᠬᠤ ᠲᠤᠭᠤᠢᠢᠯᠠᠩ ᠤᠨ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠵᠠᠢ︶ ᠪᠠᠶᠢᠪᠠ      2004.01 — 2005.10 ᠲᠦᠪ ᠤᠨ ᠤᠬᠠᠭᠤᠯᠬᠤ ᠬᠡᠯᠳᠡᠰ ᠤᠨ ᠠᠯᠪᠠᠨ ᠲᠢᠩᠭᠢᠮ ᠤᠨ ᠲᠡᠳ᠋ ᠡᠷᠬᠢᠯᠡᠭᠴᠢ ᠪᠠᠶᠢᠪᠠ      2005.10 — 2008.01 ᠲᠦᠪ ᠤᠨ ᠤᠬᠠᠭᠤᠯᠬᠤ ᠬᠡᠯᠳᠡᠰ ᠤᠨ ᠠᠯᠪᠠᠨ ᠲᠢᠩᠭᠢᠮ ᠤᠨ ᠲᠤᠭᠤᠷᠢᠨ ᠪᠠᠶᠢᠴᠠᠭᠠᠬᠴᠢ᠂ ᠲᠡᠳ᠋ ᠡᠷᠬᠢᠯᠡᠭᠴᠢ ᠪᠠᠶᠢᠪᠠ      2008.01 — 2014.04 ᠲᠦᠪ ᠤᠨ ᠤᠬᠠᠭᠤᠯᠬᠤ ᠬᠡᠯᠳᠡᠰ ᠤᠨ ᠠᠯᠪᠠᠨ ᠲᠢᠩᠭᠢᠮ ᠤᠨ ᠡᠷᠬᠢᠯᠡᠭᠴᠢ ᠪᠠᠶᠢᠪᠠ      2014. 04 — 2019.05 ᠲᠦᠪ ᠤᠨ ᠤᠬᠠᠭᠤᠯᠬᠤ ᠬᠡᠯᠳᠡᠰ ᠤᠨ ᠲᠡᠳ᠋ ᠨᠠᠷᠢᠨ ᠪᠢᠴᠢᠭ ᠤᠨ ᠲᠠᠷᠤᠭ᠎ᠠ ᠮᠦᠷᠳᠡᠭᠡᠨ ᠪᠦᠭᠦ ᠤᠯᠤᠰ ᠤᠨ ᠤᠬᠠᠭᠤᠯᠬᠤ ᠺᠠᠳ᠋ᠷ ᠤᠨ ᠲᠡᠭᠡᠳᠤ ᠰᠤᠷᠭᠠᠭᠤᠯᠢ ᠶᠢᠨ ᠪᠠᠶᠢᠡᠭᠭᠤ ᠶᠢᠨ ᠲᠡᠳ᠋ ᠵᠠᠬᠢᠷᠤᠯ᠂ ᠨᠠᠮ ᠤᠨ ᠬᠤᠷᠢᠶ᠎ᠠ ᠶᠢᠨ ᠱᠦᠵᠢ ᠪᠠᠶᠢᠪᠠ      2019.05 — ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠪᠣᠯᠣᠨ᠎ᠠ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ