内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ 2021 ᠣᠨ ᠤ 4 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2021/2/23
              2 ᠰᠠᠷ᠎ᠠ ᠶᠢᠨ 22 ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋‌‍ᠲ᠋ᠡᠷᠢᠭᠦᠯᠡᠭᠴᠢ ᠵᠠᠩ ᠱᠣᠣ ᠴᠦᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽2021 ᠤᠨ  ᠤ ᠥᠪᠡᠷᠲᠡᠭᠡᠨ ᠵᠠᠰᠠᠬᠤ ᠣᠷᠣᠨ ᠤ ︿ᠵᠠᠰᠠᠬ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠣᠯᠳᠠᠯᠭ᠎ᠠ ᠲᠠᠢ ᠡᠬᠦᠷᠬᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠠᠵᠢᠯ ᠤᠨ ᠬᠤᠪᠢᠶᠠᠷᠢᠯᠠᠯ︾ ᠢ ᠰᠤᠳᠤᠯᠪᠠ᠃      ᠬᠤᠷᠠᠯ ᠠᠴᠠ᠂ 2021 ᠤᠨ ᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠨᠢ ᠦᠪᠡᠷᠳᠡᠬᠡᠨ ᠵᠠᠰᠠᠬᠤ ᠤᠷᠤᠨ ᠤ︽ᠠᠷᠪᠠᠨ ᠳᠦᠷᠪᠡᠳᠤᠬᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠠᠶᠢᠬᠤ ᠶᠢ ᠪᠠᠳᠤᠯᠠᠬᠤ ᠶᠢᠨ ᠵᠠᠩᠭᠢᠯᠠᠭ᠎ᠠ ᠪᠠᠶᠢᠵᠥ᠂ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠃ 2021 ᠤᠨ ᠤ ᠦᠪᠡᠷᠳᠡᠬᠡᠨ ᠵᠠᠰᠠᠬᠤ ᠤᠷᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠨᠢᠭᠡᠨᠳᠡ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠤᠬᠡᠷ ᠬᠤᠷᠠᠯ ᠢᠶᠠᠷ ᠬᠢᠨᠠᠨ ᠵᠦᠪᠯᠡᠵᠤ ᠪᠠᠳᠤᠯᠠᠪᠠ᠂ ᠡᠨᠡ ᠪᠤᠯ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠠᠴᠠ ᠪᠦᠬᠦ ᠤᠷᠤᠨ ᠤ ᠠᠷᠠᠳ ᠳᠦᠮᠡᠨ ᠳᠤ ᠦᠭᠭᠦᠭᠰᠡᠨ ᠳᠦᠪ ᠴᠢᠩᠭ᠎ᠠ ᠠᠮᠠᠯᠠᠯᠳᠠ ᠪᠣᠯᠣᠨ᠎ᠠ᠂ ᠨᠠᠶᠢᠳᠠᠪᠤᠷᠢᠵᠢᠭᠤᠯᠬᠤ ᠠᠵᠢᠯ ᠢ ᠡᠷᠬᠡᠪᠰᠢ ᠳᠡᠷᠡ ᠶᠤᠰᠤᠭᠠᠷ ᠨᠢ ᠰᠠᠶᠢᠳᠤᠷ ᠠᠳᠬᠤᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠡᠭᠦᠷᠭᠡᠯᠡᠯ ᠪᠤᠯᠤᠨ ᠬᠠᠷᠢᠭᠤᠴᠠᠯᠭ᠎ᠠ ᠪᠠᠨ ᠴᠢᠩᠭᠠᠳᠬᠠᠨ᠂︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠤᠨ ᠴᠢᠬᠤᠯᠠ ᠵᠢᠭᠠᠯᠳᠠ ᠲᠤᠭ᠎ᠠ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠪᠠ ᠪᠡᠶᠡᠯᠡᠭᠦᠯᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠬᠡᠷᠡᠭᠳᠠᠢ᠃ ᠡᠭᠦᠷᠭᠡ ᠶᠢᠨ ᠬᠤᠪᠢᠶᠠᠷᠢᠯᠠᠯ ᠶᠤᠰᠤᠭᠠᠷ ᠠᠵᠢᠯ ᠤᠨ ᠡᠬᠡ ᠳᠠᠩᠰᠠ ᠪᠠᠶᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠬᠡᠮᠵᠢᠶᠡᠵᠢᠭᠦᠯᠵᠤ᠂ ᠴᠠᠭ ᠤᠨ ᠬᠦᠰᠦᠨᠦᠭ᠂ ᠬᠠᠷᠢᠭᠤᠴᠠᠯᠭᠠᠳᠠᠨ ᠪᠤᠯᠤᠨ ᠦᠷ᠎ᠡ ᠪᠦᠲᠦᠭᠡᠯ ᠤᠨ ᠬᠡᠯᠪᠡᠷᠢ ᠶᠢ ᠳᠤᠳᠤᠷᠬᠠᠢᠢᠯᠠᠵᠤ᠂ ᠴᠠᠭ ᠤᠨ ᠳᠠᠷᠠᠭᠠᠯᠠᠯ ᠶᠤᠰᠤᠭᠠᠷ ᠲᠤᠬᠢᠷᠠᠭᠤᠯᠤᠨ ᠠᠬᠢᠭᠤᠯᠵᠤ᠂ ᠲᠤᠭᠳᠠᠭᠰᠠᠨ ᠬᠠᠷᠠᠯᠳᠠ ᠡᠭᠦᠷᠭᠡ ᠶᠢ ᠬᠤᠭᠤᠴᠠᠭ᠎ᠠ ᠶᠤᠰᠤᠭᠠᠷ ᠪᠡᠶᠡᠯᠡᠭᠦᠯᠬᠦ ᠶᠢ ᠪᠠᠳᠤᠯᠠᠬᠤ ᠬᠡᠷᠡᠭᠳᠠᠢ᠃ ᠡᠭᠦᠷᠭᠡ ᠶᠢ ᠲᠦᠷᠦᠭᠦᠯᠡᠨ ᠭᠦᠢᠴᠡᠳᠭᠡᠬᠦ ᠰᠠᠯᠠᠭ᠎ᠠ ᠮᠥᠴᠢᠷ ᠤᠨ ᠬᠢᠨ ᠲᠦᠷᠦᠭᠦᠯᠡᠨ ᠭᠦᠢᠴᠡᠳᠭᠡᠬᠦ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠬᠠᠷᠢᠭᠤᠴᠠᠯᠭᠠᠳᠤ ᠨᠢᠭᠡᠴᠢ ᠶᠢᠨ ᠬᠢᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠵᠤ᠂ ᠠᠵᠢᠯ ᠡᠭᠦᠷᠭᠡ ᠪᠤᠯᠭᠠᠨ ᠢ ᠪᠤᠳᠠᠳᠠᠢ ᠳᠤ ᠨᠠᠶᠢᠳᠠᠪᠤᠷᠢᠵᠢᠭᠤᠯᠤᠨ᠂ ᠨᠠᠷᠢᠯᠢᠭ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠪᠤᠳᠠᠳᠠᠢ ᠪᠠᠶᠢᠳᠠᠯ ᠳᠤ ᠰᠠᠭᠤᠷᠢᠯᠠᠨ ᠤᠨᠤᠴᠠᠳᠠᠢ ᠵᠠᠳᠠᠯᠵᠤ᠂ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠳᠠᠢ᠃ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠬᠠᠷᠠᠯᠳᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠪᠤᠯᠤᠨ ᠦᠷ᠎ᠡ ᠳ᠋ᠦᠩ ᠢ ᠨᠡᠶᠢᠲᠡᠯᠡᠬᠦ ᠠᠵᠢᠯ ᠢ ᠰᠠᠶᠢᠳᠤᠷ ᠬᠢᠵᠤ᠂ ᠨᠡᠶᠢᠭᠡᠮ ᠤᠨ ᠬᠠᠯᠠᠮᠰᠢᠯ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠳᠠ ᠦᠭᠬᠦ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠢᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠱᠠᠯᠠᠪᠳᠠᠭᠤᠯᠤᠨ ᠵᠤᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠠᠬᠢᠴᠠ ᠶᠢᠨ ᠪᠠᠶᠢᠳᠠᠯ ᠢ ᠰᠠᠷ᠎ᠠ ᠪᠤᠯᠭᠠᠨ ᠬᠠᠷᠢᠭᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃
        ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ