内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  ᠠᠷᠠᠳ ᠣᠯᠠᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
        ᠨᠡᠶᠢᠲᠡᠯᠡᠭᠰᠡᠨ ᠴᠠᠭ᠄
        2021/2/7
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ   ᠠᠷᠠᠳ ᠣᠯᠠᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ                                                                                                   ᠥᠪᠥᠷ ᠰᠡᠷᠭᠡᠶᠢᠯᠡᠯᠲᠡ ᠵᠢᠭᠠᠨ ᠲᠠᠷᠬᠠᠭᠠᠭᠰᠠᠨ 【2021】18 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  ᠤᠨ ᠡᠯ᠎ᠡ ᠠᠵᠢᠯᠯᠠᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠶᠯᠡᠰ ᠤᠨ ᠨᠢᠭᠡᠴᠢ ᠳᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠠᠷᠠᠳ ᠣᠯᠠᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠠᠷᠭ᠎ᠠ ᠬᠡᠮᠵᠢᠶ᠎ᠡ︾ ᠶᠢ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠣᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤ ᠨᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠦᠨᠳᠦᠷᠵᠢᠭᠦᠯᠵᠦ᠂ ᠠᠷᠠᠳ ᠲᠦᠮᠡᠨ  ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠨ᠂ ᠠᠷᠠᠳ ᠣᠯᠠᠨ ᠤ ᠠᠮᠤᠷ ᠲᠦᠪᠰᠢᠨ ᠬᠠᠯᠠᠭᠤᠨ ᠳᠤᠯᠠᠭᠠᠨ ᠢ ᠢᠮᠠᠭᠲᠠ ᠰᠡᠳᠬᠢᠯ ᠳᠤ ᠪᠠᠨ ᠪᠤᠳᠤᠵᠤ᠂ ᠡᠯ᠎ᠡ ᠵᠦᠶᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠣᠯᠠᠨ ᠲᠦᠮᠡᠨ ᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ ᠲᠤᠬᠠᠶ ᠶᠢᠨ ᠭᠠᠵᠠᠷ ᠲᠤ ᠨᠢ ᠰᠢᠨᠡᠯᠡᠭᠦᠯᠦᠭᠰᠡᠨ ᠰᠠᠭᠤᠷᠢᠨ ᠳᠡᠭᠡᠷ᠎ᠡ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠤᠬᠠᠶ ᠶᠢᠨ ᠭᠠᠵᠠᠷ ᠲᠤ ᠨᠢ ᠰᠢᠨᠡᠯᠡᠬᠦ ᠣᠯᠠᠨ ᠲᠦᠮᠡᠨ ᠳᠤ ᠦᠶᠯᠡᠴᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃                                                                   2021 ᠣᠨ ᠤ 2 ᠳ᠋ᠤᠭᠠᠷ ᠰᠠᠷ᠎ᠠ ᠶᠢᠨ 2 ᠤᠨ ᠡᠳᠦᠷ                                                                   ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠠᠷᠠᠳ ᠣᠯᠠᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠠᠷᠭ᠎ᠠ ᠬᠡᠮᠵᠢᠶ᠎ᠡ ︽ᠠᠷᠠᠳ ᠣᠯᠠᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ᠴᠠᠬᠢᠯᠭᠠᠨ ﹇2021﹈ 4 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠮᠪᠠᠢ ᠴᠢᠩᠭ᠎ᠠ ᠬᠢᠭᠰᠡᠨ ᠰᠠᠭᠤᠷᠢᠨ ᠳᠡᠭᠡᠷ᠎ᠡ᠂ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠥᠷᠭᠡᠨ ᠣᠯᠠᠨ ᠠᠷᠠᠳ ᠲᠦᠮᠡᠨ ᠢ ᠪᠠᠶᠠᠷ ᠬᠥᠷ ᠲᠠᠢ ᠥᠯᠵᠡᠶ ᠪᠡᠯᠭᠡ ᠲᠠᠢ᠂ ᠡᠷᠡᠭᠦᠯ ᠡᠩᠬᠡ ᠠᠮᠤᠷ ᠲᠦᠪᠰᠢᠨ ᠪᠠᠷ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠤᠰᠠᠳᠠ᠂ ᠲᠣᠰ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠲᠤᠬᠠᠶ ᠶᠢᠨ ᠭᠠᠵᠠᠷ ᠲᠤ ᠪᠠᠨ ᠰᠢᠨᠡᠯᠡᠬᠦ ᠣᠯᠠᠨ ᠲᠦᠮᠡᠨ ᠤ ᠠᠮᠢᠳᠤᠷᠠᠯ ᠤᠨ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ᠃      ︵ᠨᠢᠭᠡ︶ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠳᠤ ᠬᠡᠷᠡᠭᠯᠡᠬᠦ ᠡᠨᠧᠷᠭᠢ ᠶᠢ ᠶᠠᠪᠤᠳᠠᠯ ᠢ ᠡᠨᠧᠷᠭᠢ ᠶᠢᠨ ᠬᠠᠩᠭᠠᠯᠭ᠎ᠠ  ᠶᠢ ᠪᠠᠲᠤᠯᠠᠬᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠨᠡᠭᠦᠷᠡᠰᠦ᠂ ᠴᠠᠬᠢᠯᠭᠠᠨ᠂ ᠲᠣᠰᠣ᠂ ᠰᠢᠲᠠᠮᠠᠬᠠᠶ ᠬᠡᠶ ᠶᠢᠨ ᠡᠨᠧᠷᠭᠢ  ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠭᠠᠷᠤᠯᠲᠠ ᠪᠠᠨ ᠨᠡᠮᠡᠭᠳᠡᠭᠦᠯᠵᠦ ᠬᠠᠩᠭᠠᠯᠭ᠎ᠠ ᠶᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ᠂ ᠶᠡᠭᠡ ᠴᠠᠰᠤ᠂ ᠳᠣᠤᠷ᠎ᠠ ᠳᠤᠯᠠᠭᠠᠨ ᠠᠭᠤᠷ ᠠᠮᠢᠰᠬᠤᠯ ᠲᠠᠢ ᠦᠶ᠎ᠡ ᠳᠤ ᠨᠡᠭᠦᠷᠡᠰᠦᠨ ᠤ ᠦᠶᠯᠡᠳᠪᠦᠷᠢᠯᠡᠯ ᠲᠡᠭᠡᠭᠡᠪᠦᠷᠢ᠂ ᠴᠠᠬᠢᠯᠭᠠᠨ ᠤ ᠲᠣᠤᠷ ᠤᠨ ᠠᠮᠤᠷ ᠲᠦᠪᠰᠢᠨ ᠲᠣᠭᠲᠠᠭᠤᠨ ᠠᠵᠢᠯᠯᠠᠭᠠᠨ ᠪᠠ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ ᠶᠢ ᠪᠠᠲᠤᠯᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠴᠠᠬᠢᠯᠭᠠᠨ ᠭᠠᠷᠭᠠᠬᠤ ᠠᠵᠤ ᠠᠬᠤᠶᠢᠯᠠᠯ ᠤᠳ ᠴᠠᠬᠢᠯᠭᠠᠨ ᠨᠡᠭᠦᠷᠡᠰᠦᠨ ᠤ ᠬᠥᠮᠥᠷᠭᠡ ᠶᠢᠨ ᠬᠠᠳᠠᠭᠠᠯᠠᠬᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦ ᠬᠠᠳᠠᠭᠠᠯᠠᠵᠤ ᠪᠣᠯᠬᠤ ᠡᠳᠦᠷ ᠬᠤᠨᠤᠭ ᠢ 7 ᠡᠳᠦᠷ ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠵᠠᠰᠠᠭ ᠤᠨ ᠣᠷᠳᠣᠨ ᠤ ᠳᠤᠷᠠᠳᠤᠭᠰᠠᠨ ᠡᠳᠦᠷ ᠪᠦᠷᠢ ᠳᠤᠮᠳᠠᠴᠢ 3 ᠡᠳᠦᠷ ᠤᠨ ᠬᠡᠷᠡᠭᠯᠡᠭᠡᠨ ᠤ ᠬᠡᠮᠵᠢᠶ᠎ᠡ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠠᠵᠤ ᠠᠬᠤᠶᠢᠯᠠᠯ ᠣᠨ ᠤ ᠬᠡᠷᠡᠭᠯᠡᠬᠦ ᠬᠡᠢ ᠶᠢᠨ ᠬᠡᠮᠵᠢᠶ᠎ᠡ ᠶᠢᠨ 5 %  ᠪᠠᠷ ᠨᠥᠭᠡᠴᠡᠯᠡᠬᠦ ᠴᠢᠳᠠᠪᠤᠷᠢ ᠶᠢᠨ ᠲᠥᠯᠥᠪᠵᠢᠭᠦᠯᠭᠡ ᠶᠢᠨ ᠡᠭᠦᠷᠭᠡ ᠶᠢ ᠨᠢᠭᠡᠨᠲᠡ ᠪᠡᠶᠡᠯᠡᠭᠦᠯᠦᠭᠰᠡᠨ ᠠᠶᠢᠮᠠᠭ ᠬᠤᠲᠠ ᠬᠢᠭᠡᠳ ᠬᠤᠲᠠ ᠪᠠᠯᠭᠠᠰᠤ ᠶᠢᠨ ᠠᠵᠤ ᠠᠬᠤᠶᠢᠯᠠᠯ ᠤᠳ ᠰᠢᠲᠠᠮᠠᠬᠠᠶ ᠬᠡᠢ ᠨᠥᠭᠡᠴᠡᠯᠡᠬᠦ ᠡᠭᠦᠷᠭᠡ ᠶᠢᠨ ᠬᠡᠮᠵᠢᠶᠡᠨ ᠤ ᠱᠠᠭᠠᠷᠳᠠᠯᠭ᠎ᠠ ᠶᠣᠰᠣᠭᠠᠷ ᠨᠥᠭᠡᠴᠡᠯᠡᠬᠦ ᠶᠣᠰᠣᠲᠠᠶ ᠶᠢ ᠨᠢ ᠪᠦᠬᠦᠨ ᠢ ᠨᠥᠭᠡᠴᠡᠯᠡᠵᠦ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠬᠤ ᠬᠡᠷᠡᠭᠲᠡᠢ︶       ︵ᠬᠤᠶᠠᠷ︶ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ ᠬᠤᠳᠠᠯᠳᠤᠭ᠎ᠠ᠂ ᠲᠦᠭᠦᠬᠡᠶ ᠰᠢᠨ᠎ᠡ ᠰᠣᠷᠭᠤᠭ ᠢᠳᠡᠭᠡᠨ ᠤ ᠡᠯᠧᠺᠲᠷᠣᠨ ᠬᠤᠳᠠᠯᠳᠤᠭ᠎ᠠ᠂ ᠪᠠᠷᠠᠭᠠᠨ ᠤ ᠭᠦᠶᠯᠭᠡᠭᠡᠨ ᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠤᠨ ᠬᠡᠪ ᠤᠨ ᠡᠵᠡᠩᠨᠡᠯᠲᠡ  ᠪᠠᠨ ᠪᠠᠲᠤᠯᠠᠬᠤ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠤᠨ ᠲᠠᠰᠤᠯᠳᠠᠬᠤ ᠦᠭᠡᠢ᠂ ᠪᠣᠷᠣᠯᠠᠭᠤᠯᠭ᠎ᠠ ᠲᠠᠰᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠤ ᠵᠢᠵᠢᠭᠯᠡᠨ ᠬᠤᠳᠠᠯᠳᠤᠬᠤ ᠲᠣᠤᠷ ᠴᠡᠭ ᠤᠳ ᠴᠠᠭᠠᠨ ᠰᠠᠷ᠎ᠠ ᠶᠢᠨ ᠬᠤᠭᠤᠴᠠᠭᠠᠨ ᠳᠤ ᠡᠳᠦᠷ ᠪᠦᠷᠢ ᠶᠢᠨ ᠡᠵᠡᠩᠨᠡᠬᠦ ᠴᠠᠭ ᠢ 8 ᠴᠠᠭ ᠠᠴᠠ ᠪᠣᠭᠤᠨᠢᠰᠬᠠᠬᠤ ᠦᠭᠡᠢ ᠪᠠᠶᠢᠬᠤ ᠶᠢ ᠰᠠᠨᠠᠭᠠᠴᠢᠯᠠᠬᠤ ᠬᠡᠷᠡᠭᠲᠡᠢ᠃ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠪᠠᠷᠠᠭ᠎ᠠ ᠶᠢᠨ ᠢᠷᠡᠯᠲᠡ ᠶᠢ ᠵᠣᠬᠢᠶᠠᠨ ᠪᠠᠶᠢᠭᠤᠯᠬᠤ ᠪᠠ ᠰᠢᠯᠵᠢᠭᠦᠯᠦᠨ ᠲᠡᠭᠡᠭᠡᠪᠦᠷᠢᠯᠡᠬᠦ ᠡᠷᠴᠢᠮ ᠢ ᠦᠨᠡᠨᠬᠦ ᠨᠡᠮᠡᠭᠳᠡᠭᠦᠯᠵᠦ᠂ ᠡᠳ᠋ ᠪᠠᠷᠠᠭ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠭᠤᠨ ᠪᠠᠶᠢᠯᠭᠠᠬᠤ ᠬᠡᠷᠡᠭᠲᠡᠢ᠃ ᠭᠦᠶᠯᠭᠡᠭᠡᠨ ᠤ ᠠᠵᠤ ᠠᠬᠤᠶᠢᠯᠠᠯ ᠢ ᠵᠢᠯᠣᠭᠤᠳᠤᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠰᠠᠶᠢᠲᠠᠶ ᠲᠠᠸᠠᠷ ᠢ ᠨᠡᠮᠡᠭᠳᠡᠭᠦᠯᠵᠦ᠂ ᠡᠯᠪᠡᠭ ᠪᠠᠶᠠᠯᠢᠭ ᠪᠣᠷᠣᠯᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠭᠡᠷ ᠲᠤ ᠨᠢ ᠬᠦᠷᠭᠡᠬᠦ ᠦᠶᠯᠡᠴᠢᠯᠡᠭᠡᠨ ᠢ ᠰᠠᠶᠢᠲᠤᠷ ᠬᠢᠵᠦ᠂ ᠠᠵᠢᠯᠲᠠᠳ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠠᠮᠢᠳᠤᠷᠠᠯ ᠤᠨ ᠲᠣᠭᠤᠷᠢᠭ ᠲᠤ ᠣᠷᠣᠵᠤ ᠳᠠᠮᠵᠢᠭᠤᠯᠤᠨ ᠬᠦᠷᠭᠡᠬᠦ ᠳᠤ ᠳᠥᠭᠦᠮ ᠦᠵᠡᠭᠦᠯᠬᠦ ᠬᠡᠷᠡᠭᠲᠡᠶ᠃ ᠰᠦᠯᠵᠢᠶᠡᠨ ᠳᠡᠭᠡᠷ᠎ᠡ ᠵᠠᠬᠢᠶᠠᠯᠠᠬᠤ᠂ ᠨᠡᠶᠢᠭᠡᠮ ᠲᠣᠭᠤᠷᠢᠭ ᠣᠷᠣᠯᠠᠨ ᠬᠤᠳᠠᠯᠳᠤᠨ ᠠᠪᠬᠤ᠂ ᠲᠦᠷ ᠴᠠᠭ ᠬᠠᠩᠭᠠᠬᠤ ᠴᠡᠭ ᠲᠣᠬᠢᠷᠠᠭᠤᠯᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠬᠠᠩᠭᠠᠬᠤ ᠰᠣᠷᠢᠯᠲᠠ ᠶᠢ ᠤᠷᠢᠳᠴᠢᠯᠠᠨ ᠥᠷᠨᠢᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠨ᠎ᠠ︶      ( ᠭᠤᠷᠪᠠ︶ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠡᠮᠴᠢᠯᠡᠭᠡᠨ ᠳᠤ ᠬᠡᠷᠡᠭᠯᠡᠬᠦ ᠰᠡᠷᠭᠡᠶᠢᠯᠡᠨ ᠡᠵᠡᠮᠳᠡᠬᠦ ᠡᠳ᠋ ᠪᠣᠳᠠᠰ  ᠤᠨ ᠬᠠᠩᠭᠠᠯᠭ᠎ᠠ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠡᠮ ᠡᠮᠨᠡᠯᠭᠡ ᠶᠢᠨ ᠪᠣᠷᠣᠯᠠᠭᠤᠯᠭ᠎ᠠ ᠶᠢᠨ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠡᠷᠲᠡᠬᠡᠨ ᠪᠠᠷᠠᠭ᠎ᠠ ᠪᠡᠯᠡᠳᠬᠡᠵᠦ᠂ ᠠᠷᠠᠳ ᠣᠯᠠᠨ ᠤ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠯ᠎ᠡ ᠭᠠᠵᠠᠷ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠤᠶᠤ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠨᠡᠷᠡᠰ ᠵᠢᠴᠢ ᠠᠵᠢᠯᠯᠠᠬᠤ ᠴᠠᠭ ᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠵᠦ᠂ ᠣᠯᠠᠨ ᠲᠦᠮᠡᠨ ᠤ ᠣᠶᠢᠷ᠎ᠠ ᠬᠠᠪᠢ ᠳᠤ ᠪᠠᠨ ᠪᠠᠶᠢᠴᠠᠭᠠᠨ ᠰᠢᠯᠭᠠᠭᠠᠳ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠳᠠᠷᠤᠶᠢᠬᠠᠨ ᠣᠯᠵᠤ ᠠᠪᠬᠤ ᠶᠢ ᠪᠠᠲᠤᠯᠠᠬᠤ ᠬᠡᠷᠡᠭᠲᠡᠶ᠃ ᠬᠥᠮᠦᠨ ᠣᠯᠠᠨ ᠲᠥᠪᠯᠡᠷᠡᠭᠰᠡᠨ ᠭᠠᠵᠠᠷ ᠣᠷᠣᠨ ᠳᠤ ᠨᠢᠭᠡ ᠯᠡ ᠤᠳᠠᠭ᠎ᠠ ᠬᠡᠷᠡᠭᠯᠡᠬᠦ  ᠠᠮᠠᠪᠴᠢ ᠶᠢ ᠦᠨ᠎ᠡ ᠲᠥᠯᠥᠪᠦᠷᠢ ᠥᠬᠡᠶ ᠪᠠᠷ ᠣᠯᠭᠤᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠭᠠᠳᠠᠭᠰᠢ ᠭᠠᠷᠬᠤ ᠳᠤ ᠲᠥᠬᠦᠮ ᠦᠵᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠠᠷᠢᠶ᠎ᠠ ᠣᠷᠣᠨ ᠤ ᠳᠣᠲᠤᠷᠠᠬᠢ ᠡᠮᠴᠢᠯᠡᠭᠡᠨ ᠳᠤ ᠬᠡᠷᠡᠭᠯᠡᠬᠦ ᠰᠡᠷᠭᠡᠶᠢᠯᠡᠨ ᠡᠵᠡᠮᠳᠡᠬᠦ ᠡᠳ᠋ ᠪᠣᠳᠠᠰ ᠦᠶᠯᠡᠳᠪᠦᠷᠢᠯᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠳ ᠤᠨ ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠢ ᠴᠠᠭ ᠲᠤᠬᠠᠶ ᠳᠤ ᠨᠢ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠮᠴᠢᠯᠡᠭᠡᠨ ᠳᠤ ᠬᠡᠷᠡᠭᠯᠡᠬᠦ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠦᠶᠯᠡᠳᠪᠦᠷᠢᠯᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠳ ᠢ ᠵᠢᠯᠣᠭᠤᠳᠴᠤ ᠪᠠᠶᠢᠭᠠᠳ ᠴᠢᠬᠤᠯᠠ ᠲᠦᠭᠦᠬᠡᠶ ᠡᠳ᠋ ᠮᠠᠲ᠋ᠧᠷᠢᠶᠠᠯ᠂ ᠴᠢᠬᠤᠯᠠ ᠰᠡᠯᠪᠢᠭ ᠪᠠ ᠤᠭᠰᠠᠷᠠᠭ᠎ᠠ ᠲᠣᠨᠤᠭ ᠢ ᠰᠠᠶᠢᠲᠤᠷ ᠨᠥᠭᠡᠴᠢᠯᠡᠬᠦ ᠶᠢᠨ ᠬᠠᠮᠲᠤ ᠣᠷᠣᠯᠠᠨ ᠨᠥᠭᠡᠴᠡᠯᠡᠬᠦ ᠠᠷᠭ᠎ᠠ ᠮᠠᠶ᠋ᠢᠭ ᠢᠶᠠᠷ ᠵᠣᠬᠢᠬᠤ ᠬᠡᠮᠵᠢᠶᠡᠨ ᠤ ᠦᠶᠯᠡᠳᠬᠦᠨ ᠢ ᠬᠠᠳᠠᠭᠠᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠵᠠᠰᠠᠭ ᠤᠨ ᠣᠷᠳᠣᠨ᠂ ᠡᠮᠴᠢᠯᠡᠭᠡᠨ ᠤ ᠪᠠᠶᠢᠭᠤᠯᠤᠮᠵᠢ ᠶᠢᠨ ᠡᠳ᠋ ᠪᠠᠷᠠᠭ᠎ᠠ ᠨᠥᠭᠡᠴᠡᠯᠡᠬᠦ ᠬᠡᠪᠴᠢᠶ᠎ᠡ ᠶᠢ ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠬᠠᠷᠢᠶ᠎ᠠ ᠣᠷᠣᠨ ᠳᠣᠲᠤᠷ᠎ᠠ ᠪᠠᠨ ᠣᠶᠢᠷ᠎ᠠ ᠬᠠᠪᠢ ᠳᠤ ᠪᠠᠨ ᠬᠠᠷᠢᠯᠴᠠᠨ ᠪᠠᠲᠤᠯᠠᠬᠤ ᠠᠵᠢᠯ ᠤᠨ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠲᠥᠯᠦᠪᠯᠡᠬᠦ ᠤᠳᠤᠷᠢᠳᠤᠯᠭ᠎ᠠ ᠳᠣᠤᠷ᠎ᠠ᠂ ᠠᠶᠢᠮᠠᠭ ᠬᠤᠲᠠ ᠠᠯᠤᠰᠯᠠᠨ ᠲᠤᠰᠠᠯᠠᠬᠤ ᠠᠵᠢᠯ ᠤᠨ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ  ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ  ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠨ᠎ᠠ︶      ( ᠳᠥᠷᠪᠡ︶ ᠦᠨ᠎ᠡ ᠬᠠᠩᠰᠢ ᠶᠢ ᠬᠢᠨᠠᠨ ᠬᠡᠮᠵᠢᠬᠦ ᠶᠢ ᠴᠢᠩᠭᠠᠳᠬᠠᠬᠤ ᠬᠡᠷᠡᠭᠲᠡᠢ᠃ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠠᠶᠠᠷ ᠤᠨ ᠡᠳᠦᠷ  ᠤᠨ ᠬᠤᠭᠤᠴᠠᠭᠠᠨ ᠳᠠᠬᠢ ᠦᠨ᠎ᠡ ᠬᠠᠩᠰᠢ ᠶᠢᠨ ᠡᠳᠦᠷ ᠤᠨ ᠬᠢᠨᠠᠨ ᠬᠡᠮᠵᠢᠯᠲᠡ ᠶᠢ ᠡᠬᠢᠯᠡᠭᠦᠯᠵᠦ᠂ ᠠᠷᠠᠳ ᠤᠨ ᠠᠮᠢᠳᠤᠷᠠᠯ ᠳᠤ ᠬᠤᠯᠪᠣᠭᠳᠠᠬᠤ ᠠᠮᠤ ᠲᠣᠰᠣ᠂ ᠢᠳᠡᠰᠢᠨ ᠨᠣᠭᠤᠭ᠎ᠠ᠂ ᠵᠢᠭᠦᠷᠲᠡᠨ ᠤ ᠥᠨᠳᠡᠭᠡ᠂ ᠮᠢᠬᠠᠨ ᠤ ᠵᠦᠶᠯ᠂ ᠲᠥᠬᠦᠮ ᠭᠤᠯᠢᠷ᠂ ᠷᠠᠰᠢᠶᠠᠨ ᠤᠰᠤ ᠵᠡᠷᠭᠡ 40 ᠵᠦᠶᠯ ᠤᠨ ᠲᠠᠸᠠᠷ ᠤᠨ ᠦᠨ᠎ᠡ ᠬᠠᠩᠰᠢ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠤᠪᠢᠷᠠᠯᠲᠠ ᠪᠠ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤ ᠨᠢ ᠮᠥᠷᠳᠡᠨ ᠲᠤᠰᠬᠠᠵᠤ᠂ ᠣᠯᠠᠨ ᠵᠦᠶᠯ ᠤᠨ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠬᠤᠯᠠ ᠲᠠᠸᠠᠷ ᠪᠠ ᠬᠠᠯᠠᠮᠰᠢᠯ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ᠂ ᠬᠡᠷᠡᠭᠯᠡᠭᠡᠨ ᠤ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ᠃ CPI ᠶᠢᠨ ᠢᠯᠡᠳᠬᠡᠭᠴᠢ ᠲᠤᠭ᠎ᠠ ᠵᠢᠴᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠵᠣᠬᠢᠬᠤ ᠨᠥᠬᠦᠴᠡᠯ ᠳᠤ ᠬᠦᠷᠦᠭᠰᠡᠨ ᠪᠣᠯ᠂ ᠳᠠᠷᠤᠶᠢᠬᠠᠨ ᠵᠠᠰᠠᠭ ᠤᠨ ᠣᠷᠳᠣᠨ ᠤ ᠨᠥᠭᠡᠴᠡ ᠶᠢ ᠣᠷᠣᠭᠤᠯᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ  ᠤᠨ ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠨ᠎ᠠ︶       ︵ᠲᠠᠪᠤ︶ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠰᠠᠶᠢᠲᠤᠷ ᠬᠢᠬᠦ ᠬᠡᠷᠡᠭᠲᠡᠢ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠡᠳ᠋ ᠪᠣᠳᠠᠰ᠂ ᠭᠤᠤᠯᠳᠠᠯᠭ᠎ᠠ ᠲᠠᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠠᠭᠠᠨ ᠤ ᠦᠨ᠎ᠡ  ᠶᠢ ᠳᠦᠷᠭᠢᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠦᠶᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠠᠮᠠᠭᠤᠷᠠᠭᠤᠯᠬᠤ ᠦᠨ᠎ᠡ ᠬᠠᠩᠰᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠵᠢᠴᠢ ᠡᠮᠴᠢᠯᠡᠭᠡᠨ ᠳᠤ ᠬᠡᠷᠡᠭᠯᠡᠬᠦ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠬᠦᠷᠢᠶ᠎ᠡ ᠴᠠᠷᠠᠭ᠎ᠠ ᠳᠤ ᠬᠤᠳᠠᠯ ᠬᠠᠭᠤᠷᠮᠠᠭ ᠮᠠᠭᠤ ᠲᠠᠸᠠᠷ ᠦᠶᠯᠡᠳᠴᠦ ᠪᠣᠷᠣᠯᠠᠭᠤᠯᠬᠤ᠂ ᠬᠠᠮᠢᠶ᠎ᠠ ᠪᠥᠬᠦᠶ ᠪᠠᠷᠢᠮᠵᠢᠶ᠎ᠠ ᠳᠤ ᠥᠯᠥ ᠨᠡᠶᠢᠴᠡᠬᠦ ᠦᠶᠯᠡᠳᠬᠦᠨ ᠢ ᠦᠶᠯᠡᠳᠪᠦᠷᠢᠯᠡᠵᠦ ᠪᠣᠷᠣᠯᠠᠭᠤᠯᠬᠤ ᠪᠠ ᠭᠠᠳᠠᠭᠠᠳᠤ ᠳᠤ ᠭᠠᠷᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠢᠳᠡᠭᠡᠨ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠤᠨ ᠡᠷᠬᠡ ᠳᠤ ᠬᠠᠯᠳᠠᠵᠤ ᠬᠤᠳᠠᠯ ᠬᠠᠭᠤᠷᠮᠠᠭ ᠵᠣᠬᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ 12315 ᠲᠠᠪᠴᠠᠩ ᠤᠨ 24 ᠴᠠᠭ ᠲᠤ ᠬᠥᠮᠦᠨ ᠤ ᠬᠦᠴᠦ ᠪᠠᠷ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ᠂ ᠠᠶᠢᠮᠠᠭ ᠬᠤᠲᠠ ᠶᠢᠨ 12315 ᠲᠠᠪᠴᠠᠩ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠂ ᠵᠠᠭᠠᠯᠳᠤᠵᠤ ᠢᠯᠡᠴᠢᠯᠡᠨ ᠮᠡᠳᠡᠭᠦᠯᠬᠦ  ᠶᠢ ᠴᠠᠭ ᠲᠤᠬᠠᠶ ᠳᠤ ᠨᠢ ᠬᠠᠤᠯᠢ ᠶᠣᠰᠣᠭᠠᠷ ᠰᠢᠶᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠨ᠎ᠠ︶      ( ᠵᠢᠷᠭᠤᠭ᠎ᠠ︶ ᠠᠷᠠᠳ ᠣᠯᠠᠨ ᠤ ᠵᠤᠭ᠎ᠠ ᠴᠡᠩᠭᠡᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ ᠰᠦᠯᠵᠢᠶ᠎ᠡ᠂ ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠰᠣᠶᠣᠯ ᠪᠡᠶ᠎ᠡ ᠶᠢᠨ ᠲᠠᠮᠢᠷ ᠤᠨ ᠫᠷᠤᠭ᠍ᠷᠠᠮ ᠤᠨ ᠬᠠᠩᠭᠠᠯᠭ᠎ᠠ ᠶᠢ ᠨᠡᠮᠡᠭᠳᠡᠭᠦᠯᠵᠦ᠂ ᠡᠯ᠎ᠡ ᠲᠣᠮᠣ ᠡᠵᠡᠩᠨᠡᠭᠴᠢ ᠬᠤᠳᠠᠯᠳᠤᠭᠠᠴᠢᠨ ᠤ ︽ᠲᠤᠬᠠᠶ ᠶᠢᠨ ᠭᠠᠵᠠᠷ ᠲᠤ ᠪᠠᠨ ᠪᠠᠶᠠᠷ ᠤᠨ ᠡᠳᠦᠷ ᠢ ᠥᠩᠭᠡᠷᠡᠭᠦᠯᠬᠦ ᠠᠵᠢᠯᠯᠠᠭᠠᠨ ᠤ ᠶᠡᠭᠡ ᠪᠡᠯᠡᠭ︾ ᠵᠡᠷᠭᠡ ᠬᠠᠷᠠᠭᠠᠯᠵᠠᠯᠲᠤ ᠠᠵᠢᠯᠯᠠᠭ᠎ᠠ ᠥᠷᠨᠢᠭᠦᠯᠬᠦ ᠶᠢ ᠨᠢ ᠵᠣᠷᠢᠭᠵᠢᠭᠤᠯᠵᠤ᠂ ᠥᠷᠭᠡᠨ ᠣᠯᠠᠨ ᠢᠨᠲ᠋ᠧᠷ ᠰᠦᠯᠵᠢᠶᠡᠨ ᠤ ᠦᠶᠯᠡᠴᠢᠯᠡᠭᠡᠨ ᠤ ᠠᠵᠤ ᠠᠬᠤᠶᠢᠯᠠᠯ ᠦᠨ᠎ᠡ ᠲᠥᠯᠥᠪᠦᠷᠢ ᠥᠬᠡᠶ ᠤᠷᠤᠰᠴᠠ᠂ ᠰᠦᠯᠵᠢᠶᠡᠨ ᠤ ᠬᠠᠷᠠᠭᠠᠨ ᠳᠠᠪᠲᠠᠮᠵᠢ APP ᠶᠢᠨ ᠴᠠᠭ ᠬᠢᠵᠠᠭᠠᠷᠯᠠᠨ ᠦᠨ᠎ᠡ ᠲᠥᠯᠥᠪᠦᠷᠢ ᠥᠬᠡᠶ ᠪᠠᠷ ᠺᠢᠨᠣ᠋ ᠭᠠᠷᠭᠠᠬᠤ ᠳᠤ ᠨᠢ ᠳᠡᠮᠵᠢᠵᠦ᠂ ᠡᠭᠦᠯᠡᠨ ᠲᠢᠶᠠᠲᠷ᠂ ᠡᠭᠦᠯᠡᠨ ᠰᠢᠭᠤᠳ ᠨᠡᠪᠲᠡᠷᠡᠭᠦᠯᠭᠡ᠂ ᠡᠭᠦᠯᠡᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ᠂ ᠡᠭᠦᠯᠡᠨ ᠵᠢᠭᠤᠯᠴᠢᠯᠠᠯ᠂ ᠡᠭᠦᠯᠡᠨ ᠬᠢᠴᠢᠶᠡᠯ ᠤᠨ ᠲᠠᠩᠬᠢᠮ᠂ ᠡᠭᠦᠯᠡᠨ ᠤᠩᠰᠢᠯᠭ᠎ᠠ ᠵᠡᠷᠭᠡ ᠰᠦᠯᠵᠢᠶᠡᠨ ᠳᠡᠭᠡᠷᠡᠬᠢ ᠦᠶᠯᠡᠴᠢᠯᠡᠭᠡ  ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ 2021 ᠣᠨ ᠤ ᠤᠯᠠᠭᠠᠨᠮᠥ᠋ᠴᠢᠷ ᠤᠨ ᠴᠠᠭᠠᠨ ᠰᠠᠷ᠎ᠠ ᠶᠢ ᠶᠢᠨ ᠰᠢᠨᠡᠯᠡᠯᠲᠡ᠂ ︽ᠴᠠᠭᠠᠨ ᠰᠠᠷ᠎ᠠ ᠶᠢ ᠤᠭᠲᠤᠵᠤ ᠴᠠᠭᠠᠨ ᠰᠠᠷ᠎ᠠ ᠶᠢ ᠪᠡᠯᠭᠡᠯᠡᠬᠦ︾ ᠠᠷᠠᠳ ᠲᠤ ᠠᠰᠢᠭ ᠬᠦᠷᠲᠡᠭᠡᠬᠦ ᠰᠢᠷᠢᠰ ᠲᠣᠭᠯᠠᠯᠲᠠ᠂ ᠥᠪᠥᠷ ᠮᠣᠩᠭᠤᠯ ᠤᠨ ︽ᠬᠥᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠦᠯᠭᠡ ᠵᠡᠷᠭᠡ ᠰᠣᠶᠣᠯ ᠤᠨ ᠠᠵᠢᠯᠯᠠᠭ᠎ᠠ  ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠡᠯ᠎ᠡ ᠱᠠᠲᠤ ᠡᠯ᠎ᠡ ᠭᠠᠵᠠᠷ ᠤᠨ ᠣᠯᠠᠨ ᠨᠡᠶᠢᠲᠡ ᠶᠢᠨ ᠨᠣᠮ ᠤᠨ ᠰᠠᠩ᠂ ᠮᠦᠽᠧᠶ ᠵᠢᠴᠢ ᠺᠢᠨᠣ᠋ ᠵᠦᠴᠦᠭᠡ ᠶᠢᠨ ᠲᠢᠶᠠᠲᠷ᠂ ᠴᠡᠴᠡᠷᠯᠢᠭ᠂ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ ᠠᠵᠢᠯᠯᠠᠭᠠᠨ ᠤ ᠣᠷᠣᠨ ᠵᠠᠶ ᠨᠢ ᠨᠡᠭᠡᠭᠡᠯᠲᠡ ᠬᠢᠬᠦ ᠴᠠᠭ ᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ︽ᠬᠡᠮᠵᠢᠶ᠎ᠡ ᠶᠢ ᠬᠢᠵᠠᠭᠠᠷᠯᠠᠬᠤ᠂ ᠪᠣᠯᠵᠣᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠬᠦ︾ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠥᠯᠢᠶᠡᠨ ᠠᠪᠬᠤ ᠬᠡᠮᠵᠢᠶ᠎ᠡ ᠶᠢ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢᠨ 75 %  ᠶᠢᠨ ᠳᠣᠲᠣᠷ᠎ᠠ ᠬᠢᠵᠠᠭᠠᠷᠯᠠᠵᠤ᠂ ᠥᠯᠥ ᠬᠦᠷᠦᠯᠴᠡᠬᠦ᠂ ᠴᠥᠭᠡᠨ ᠴᠤᠭᠯᠠᠷᠠᠬᠤ ᠡᠯ᠎ᠡ ᠲᠥᠷᠥᠯ ᠤᠨ ᠬᠡᠷᠡᠭᠯᠡᠭᠡᠨ ᠤ ᠲᠥᠷᠥᠯ ᠵᠦᠶᠯ ᠪᠠ ᠨᠡᠶᠢᠭᠡᠮ ᠤᠨ ᠦᠶᠯᠡᠴᠢᠯᠡᠭᠡ ᠶᠢ ᠢᠳᠡᠪᠬᠢᠲᠡᠶ ᠬᠠᠩᠭᠠᠵᠤ᠂ ᠣᠯᠠᠨ ᠲᠦᠮᠡᠨ ᠤ ᠰᠣᠶᠣᠯ ᠵᠢᠭᠤᠯᠴᠢᠯᠠᠯ ᠰᠡᠯᠡᠭᠦᠴᠡᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ᠬᠤᠶᠠᠷ᠂ ᠲᠤᠬᠠᠢ ᠶᠢᠨ ᠭᠠᠵᠠᠷ ᠲᠤ ᠪᠠᠨ ᠰᠢᠨᠡᠯᠡᠬᠦ ᠣᠯᠠᠨ ᠲᠦᠮᠡᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃      ︵ᠳᠣᠯᠤᠭ᠎ᠠ︶ ᠬᠦᠴᠦ ᠶᠠᠪᠤᠭᠴᠢ ᠬᠦᠮᠦᠰ ᠪᠠ ᠰᠤᠷᠭᠠᠭᠤᠯᠢ ᠳᠤ ᠪᠠᠨ ᠬᠤᠴᠤᠷᠤᠭᠰᠠᠨ ᠰᠤᠷᠤᠭᠴᠢᠳ ᠲᠤ ᠰᠠᠶᠢᠲᠤᠷ ᠦᠶᠯᠡᠴᠢᠯᠡᠬᠦ ᠬᠡᠷᠡᠭᠲᠡᠶ᠃ ᠭᠠᠳᠠᠨ᠎ᠠ ᠣᠷᠣᠨ ᠠᠴᠠ ᠢᠷᠡᠵᠦ ᠬᠦᠴᠦ ᠶᠠᠪᠤᠭᠴᠢᠳ ᠲᠤ ᠦᠢᠯᠡᠴᠢᠯᠡᠬᠦ ᠪᠠᠲᠤᠯᠠᠭ᠎ᠠ ᠶᠢ ᠴᠢᠩᠭᠠᠳᠬᠠᠵᠤ᠂ ᠬᠥᠮᠦᠨ ᠬᠡᠷᠡᠭᠯᠡᠬᠦ ᠠᠵᠤ ᠠᠬᠤᠶᠢᠯᠠᠯ ᠤᠨ ᠨᠢᠭᠡᠴᠢ ᠨᠦᠭᠦᠳ ᠤᠨ ᠣᠷᠣᠰᠢᠨ ᠰᠠᠭᠤᠵᠤ ᠪᠠᠶᠢᠭ᠎ᠠ ᠬᠥᠮᠦᠰ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠤ ᠠᠮᠢᠳᠤᠷᠠᠯ ᠢ ᠲᠣᠬᠢᠲᠠᠢ ᠲᠤᠬᠢᠷᠠᠭᠤᠯᠬᠤ ᠶᠢ ᠵᠣᠷᠢᠭᠵᠢᠭᠤᠯᠵᠤ᠂ ᠭᠠᠳᠠᠷ ᠣᠷᠣᠨ ᠠᠴᠠ ᠢᠷᠡᠵᠦ ᠬᠦᠴᠦ ᠶᠠᠪᠤᠭᠴᠢᠳ ᠤᠨ ᠣᠷᠣᠨ ᠰᠠᠭᠤᠴᠠ ᠶᠢᠨ ᠲᠠᠭᠠᠯᠠᠮᠵᠢᠲᠠᠢ ᠨᠥᠬᠦᠴᠡᠯ ᠢ ᠦᠨᠡᠨ ᠬᠦ ᠪᠠᠲᠤᠯᠠᠵᠤ᠂ ᠠᠮᠲᠠ ᠰᠢᠮ᠎ᠡ ᠲᠠᠢ ᠪᠢᠲᠡᠭᠦᠨ ᠤ ᠬᠤᠭᠤᠯᠠ ᠢᠳᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠢᠳᠤᠷᠠᠯ ᠤᠨ ᠵᠤᠭ᠎ᠠ ᠴᠡᠩᠭᠡᠯ ᠢ ᠪᠠᠶᠠᠯᠢᠭᠵᠢᠭᠤᠯᠤᠨ᠂ ᠲᠡᠳᠡᠨ ᠤ ᠠᠯᠤᠰ ᠬᠤᠯᠠ ᠶᠢᠨ ᠲᠦᠷᠦᠯ ᠰᠠᠳᠤᠨ ᠲᠠᠢ ᠪᠠᠨ ᠬᠠᠷᠢᠯᠴᠠᠬᠤ ᠳᠤ ᠨᠢ ᠲᠦᠬᠦᠮ ᠦᠵᠡᠭᠦᠯᠬᠦ ᠬᠡᠷᠡᠭᠲᠡᠢ᠃ ᠡᠪᠦᠯ ᠤᠨ ᠠᠮᠠᠷᠠᠯᠲᠠ ᠪᠠ ᠴᠠᠭᠠᠨ ᠰᠠᠷ᠎ᠠ ᠶᠢᠨ ᠬᠤᠭᠤᠴᠠᠭᠠᠨ ᠳᠤ ᠰᠤᠷᠭᠠᠭᠤᠯᠢ ᠳᠤ ᠪᠠᠨ ᠦᠯᠡᠳᠡᠭᠰᠡᠨ ᠪᠠᠭᠰᠢ ᠰᠤᠷᠤᠭᠴᠢᠳ ᠢ ᠬᠠᠯᠠᠮᠵᠢᠯᠠᠨ ᠬᠠᠶᠢᠷᠠᠯᠠᠬᠤ ᠪᠠ ᠠᠮᠤᠷ ᠲᠦᠪᠰᠢᠨ ᠤ ᠬᠥᠮᠦᠵᠢᠯ ᠬᠠᠮᠢᠶᠠᠷᠤᠯᠲᠠ ᠬᠢᠬᠦ ᠶᠢ ᠴᠢᠩᠭᠠᠳᠬᠠᠵᠤ᠂ ᠰᠤᠷᠤᠭᠴᠢᠳ ᠤᠨ ᠬᠤᠭᠤᠯᠠᠨ ᠬᠡᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠪᠠᠶᠢᠷᠢ ᠶᠢᠨ ᠬᠡᠷ ᠤᠨ ᠬᠠᠮᠢᠶᠠᠷᠤᠯᠲᠠ᠂ ᠳᠤᠯᠠᠭᠠᠯᠠᠭ᠎ᠠ ᠴᠠᠬᠢᠯᠭᠠᠨ ᠬᠠᠩᠭᠠᠬᠤ᠂ ᠪᠡᠶ᠎ᠡ ᠤᠬᠢᠶᠠᠵᠤ ᠦᠰᠦ ᠵᠠᠰᠠᠬᠤ᠂ ᠲᠦᠷᠭᠡᠨ ᠢᠯᠡᠭᠡᠯᠲᠡ ᠶᠢ ᠭᠥᠯᠢᠶᠡᠨ ᠠᠪᠬᠤ ᠭᠤᠪᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠰᠤᠷᠭᠠᠭᠤᠯᠢ ᠶᠢᠨ ᠳᠣᠲᠣᠭᠠᠳᠤ ᠶᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠤᠨ ᠠᠮᠢᠳᠤᠷᠠᠯ᠂ ᠰᠤᠷᠤᠯᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠳᠤ ᠬᠠᠯᠠᠭᠤᠨ ᠳᠤᠯᠠᠭᠠᠨ ᠦᠶᠯᠡᠴᠢᠯᠡᠭᠡ ᠬᠠᠩᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠢᠯᠴᠢᠨ ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶       ︵ᠨᠠᠶᠮᠠ︶ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ ᠸᠢᠳᠢᠣ᠋᠂ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠠᠰᠠᠷᠠᠮᠵᠢ ᠵᠡᠷᠭᠡ ᠣᠨᠴᠠᠭᠠᠢ ᠪᠠᠶᠢᠭᠤᠯᠤᠮᠵᠢ ᠵᠢᠴᠢ ᠶᠠᠳᠠᠭᠤ ᠬᠦᠴᠢᠷᠳᠡᠯᠲᠡᠢ ᠨᠠᠰᠤᠲᠠᠶᠢᠴᠤᠳ᠂ ᠥᠨᠥᠴᠢᠨ ᠥᠷᠦᠭᠡᠰᠦᠨ ᠬᠡᠦᠬᠡᠳ ᠤᠳ᠂ ᠭᠡᠷ ᠲᠤ ᠪᠠᠨ ᠬᠤᠴᠣᠷᠤᠭᠰᠠᠨ ᠡᠮᠡᠭᠲᠡᠶᠢᠴᠦᠳ ᠪᠣᠯᠤᠨ ᠬᠡᠦᠬᠡᠳ ᠤᠳ᠂ ᠠᠮᠢᠳᠤᠷᠠᠯ ᠤᠨ ᠪᠠᠲᠤᠯᠠᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ᠂ ᠵᠡᠮᠳᠡᠭᠴᠦᠳ᠂ ᠮᠡᠳᠡᠷᠡᠯ ᠤᠨ ᠡᠪᠡᠳᠴᠢᠲᠡᠨ ᠵᠡᠷᠭᠡ ᠣᠨᠴᠠᠭᠠᠢ ᠬᠥᠮᠦᠰ ᠪᠠ ᠲᠤᠬᠠᠢ ᠶᠢᠨ ᠭᠠᠵᠠᠷ ᠲᠤ ᠪᠠᠨ ᠰᠢᠨᠡᠯᠡᠬᠦ ᠠᠴᠠ ᠪᠣᠯᠵᠤ ᠡᠷᠭᠢᠵᠦ ᠦᠵᠡᠬᠦ ᠶᠢᠨ ᠠᠷᠭ᠎ᠠ ᠦᠭᠡᠢ ᠪᠣᠯᠤᠭᠰᠠᠨ ᠨᠠᠰᠤᠲᠠᠶᠢᠴᠤᠳ᠂ ᠬᠡᠦᠬᠡᠳ ᠢ ᠪᠠᠭᠲᠠᠭᠠᠭᠰᠠᠨ ᠬᠦᠮᠦᠰ ᠢ ᠬᠠᠪᠰᠤᠷᠤᠨ ᠲᠡᠳᠬᠦᠵᠦ ᠬᠠᠯᠠᠮᠵᠢᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ︵ᠶᠢᠰᠦ︶ ᠠᠮᠤᠷ ᠲᠦᠪᠰᠢᠨ ᠢᠶᠠᠷ ᠰᠢᠨᠡᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠶᠢᠨ ᠰᠢᠲᠠᠮᠠᠬᠠᠶ ᠬᠡᠢ᠂ ᠬᠤᠲᠠ ᠬᠥᠳᠡᠭᠡ ᠶᠢᠨ ᠭᠠᠯ ᠤᠨᠲᠠᠷᠠᠭᠠᠬᠤ᠂ ᠤᠰᠤ ᠴᠠᠬᠢᠯᠭᠠᠨ ᠬᠡᠢ ᠢᠯᠴᠢ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠠᠳᠬᠤᠵᠤ᠂ ᠫᠤᠤᠵᠢᠩ ᠲᠠᠯᠪᠢᠬᠤ ᠲᠣᠭᠲᠠᠭᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ᠪᠣᠷᠣᠭᠠᠨ ᠴᠠᠰᠤ᠂ ᠮᠥᠰᠥᠲᠦᠯ᠂ ᠬᠦᠢᠲᠡᠨ ᠤᠷᠤᠰᠬᠠᠯ ᠵᠡᠷᠭᠡ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠦᠢᠯᠡᠴᠢᠯᠡᠭᠡᠨ ᠤ ᠰᠢᠰᠲ᠋ᠧᠮ ᠤᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠡᠷᠡᠭᠦᠦ ᠶᠢᠨ ᠬᠡᠷᠡᠭ ᠭᠠᠷᠬᠤ ᠶᠢ ᠴᠢᠩᠭ᠎ᠠ ᠰᠡᠷᠭᠡᠶᠢᠯᠡᠵᠦ᠂ ᠤᠯᠠᠨ ᠲᠦᠮᠡᠨ ᠤ ᠠᠮᠤᠷ ᠲᠦᠪᠰᠢᠨ ᠢᠶᠠᠷ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ᠭᠤᠷᠪᠠ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠪᠥᠭᠡᠳ ᠡᠮᠬᠢ ᠵᠢᠷᠤᠮ ᠲᠠᠢ ᠪᠠᠶᠢᠬᠤ ᠪᠠ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃      ︵ᠠᠷᠪᠠ︶ ᠲᠤᠬᠠᠶ ᠶᠢᠨ ᠭᠠᠵᠠᠷ ᠲᠤ ᠪᠠᠨ ᠰᠢᠨᠡᠯᠡᠬᠦ ᠣᠯᠠᠨ ᠲᠦᠮᠡᠨ ᠤ ᠲᠡᠭᠡᠭᠡᠪᠦᠷᠢ ᠶᠢᠨ ᠦᠶᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠶᠴᠡᠳ ᠠᠰᠢᠭᠯᠠᠨ᠂ ᠬᠤᠲᠠ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ ᠵᠡᠷᠭᠡ ᠣᠯᠠᠨ ᠨᠡᠶᠢᠲᠡ  ᠶᠢᠨ ᠦᠶᠯᠡᠴᠢᠯᠡᠭᠡᠨ ᠤ ᠨᠢᠭᠡᠴᠢ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠤ ᠠᠬᠤᠶᠢᠯᠠᠯ ᠤᠨ ᠬᠡᠷᠡᠭᠴᠡᠭᠡ ᠪᠠᠨ ᠦᠨᠳᠦᠰᠦᠯᠡᠨ ᠲᠡᠭᠡᠭᠡᠪᠦᠷᠢᠯᠡᠬᠦ ᠬᠦᠴᠦᠨ ᠢᠶᠠᠨ ᠵᠦᠶ ᠵᠣᠬᠢᠰᠲᠠᠶ ᠲᠣᠬᠢᠷᠠᠭᠤᠯᠬᠤ ᠪᠠ ᠠᠵᠢᠯᠯᠠᠬᠤ ᠴᠠᠭ ᠢᠶᠠᠨ ᠤᠷᠲᠤᠳᠬᠠᠬᠤ ᠶᠢ ᠵᠢᠯᠣᠭᠤᠳᠴᠤ᠂ ᠲᠤᠬᠠᠶ ᠶᠢᠨ ᠭᠠᠵᠠᠷ ᠲᠤ ᠪᠠᠨ ᠰᠢᠨᠡᠯᠡᠬᠦ ᠣᠯᠠᠨ ᠲᠦᠮᠡᠨ ᠤ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠬᠦ᠂ ᠵᠤᠭᠠᠴᠠᠨ ᠴᠡᠩᠭᠡᠬᠦ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠶ᠃ ᠠᠶᠠᠨᠴᠢᠳ ᠤᠨ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠬᠠᠮᠢᠶᠠᠷᠤᠯᠲᠠ ᠶᠢ ᠪᠠᠶᠢᠩᠭᠤᠵᠢᠭᠤᠯᠵᠤ᠂ ᠲᠡᠷᠭᠡ ᠬᠥᠰᠬᠡ ᠳᠤ ᠪᠠᠨ ᠰᠠᠯᠬᠢ ᠵᠢᠪᠠᠷ ᠨᠡᠪᠲᠡᠷᠡᠭᠦᠯᠬᠦ ᠠᠷᠢᠭᠤᠳᠬᠠᠬᠤ ᠶᠢ ᠦᠨᠡᠨ ᠬᠦ ᠪᠠᠲᠤᠯᠠᠵᠤ᠂ ᠠᠶᠠᠨᠴᠢᠳ ᠰᠠᠭᠤᠬᠤ ᠨᠣᠷᠮ᠎ᠠ ᠶᠢ ᠴᠢᠩᠭ᠎ᠠ ᠡᠵᠡᠮᠳᠡᠵᠦ᠂ ᠬᠤᠪᠢ ᠬᠥᠮᠦᠨ  ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠢᠯᠧᠲ ᠬᠤᠳᠠᠯᠳᠤᠬᠤ ᠦᠶᠯᠡᠴᠢᠯᠡᠭᠡ᠂ ᠲᠡᠷᠭᠡᠨ ᠳᠤ ᠰᠠᠭᠤᠬᠤ ᠦᠶᠯᠡᠴᠢᠯᠡᠭᠡ ᠶᠢ ᠰᠢᠯᠢᠳᠡᠭᠵᠢᠭᠦᠯᠵᠦ᠂ ᠡᠷᠡᠭᠦᠯ ᠮᠡᠨᠳᠦ ᠶᠢᠨ ᠺᠣᠳ᠋᠂ ᠡᠯᠧᠺᠲᠷᠣᠨ ᠪᠢᠯᠧᠲ ᠵᠡᠷᠭᠡ ᠶᠢᠨ ᠬᠡᠷᠡᠭᠯᠡᠯᠲᠡ ᠶᠢ ᠪᠦᠷᠢᠨᠰᠢᠭᠦᠯᠦᠨ᠂ ᠨᠠᠰᠤᠲᠠᠶᠢᠴᠤᠳ ᠵᠡᠷᠭᠡ ᠣᠨᠴᠣᠭᠤᠶ ᠬᠥᠮᠦᠰ  ᠤᠨ ᠣᠶᠤᠨᠴᠢᠯᠠᠭᠰᠠᠨ ᠨᠥᠬᠦᠴᠡᠯ ᠳᠣᠤᠷ᠎ᠠ ᠶᠠᠪᠤᠵᠤ ᠰᠠᠭᠤᠬᠤ ᠳᠤ ᠨᠢ ᠦᠢᠯᠡᠴᠢᠯᠡᠬᠦ ᠶᠢ ᠪᠠᠲᠤᠯᠠᠬᠤ ᠬᠡᠷᠡᠭᠲᠡᠢ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠨᠢᠭᠡᠴᠢ ᠨᠦᠭᠦᠳ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠪᠢᠯᠧᠲ ᠪᠤᠴᠠᠭᠠᠬᠤ ᠳᠤ ᠰᠦᠢᠳᠬᠡᠯ ᠦᠯᠦ ᠬᠤᠷᠢᠶᠠᠬᠤ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ︵ᠠᠷᠠᠳ ᠤᠨ ᠠᠭᠠᠷ ᠤᠨ ᠠᠶᠠᠯᠠᠯ ᠤᠨ ᠥᠪᠦᠷ ᠮᠣᠩᠭᠤᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠡᠷᠭᠡ ᠰᠠᠯᠠᠭ᠎ᠠ ᠮᠥᠴᠢᠷ ᠪᠠ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ︵ᠠᠷᠪᠠᠨ ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ᠂ ᠬᠢᠵᠢᠭ ᠰᠡᠷᠭᠡᠶᠢᠯᠡᠬᠦ ᠡᠳ᠋ ᠪᠠᠷᠠᠭ᠎ᠠ᠂ ᠦᠶᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢᠨ ᠲᠡᠭᠡᠭᠡᠪᠦᠷᠢ ᠶᠢ ᠪᠠᠲᠤᠯᠠᠬᠤ ᠬᠡᠷᠡᠭᠲᠡᠶ᠃ ᠤᠯᠤᠰ ᠤᠨ ᠱᠠᠭᠠᠷᠳᠠᠯᠭ᠎ᠠ ᠶᠣᠰᠣᠭᠠᠷ᠂ ᠲᠦᠭᠰᠢᠭᠦᠷᠢ ᠪᠠᠭᠠᠲᠠᠶ ᠭᠠᠵᠠᠷ ᠣᠷᠣᠨ ᠤ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠬᠢᠵᠠᠭᠠᠷᠯᠠᠯ ᠢ ᠪᠦᠬᠦ ᠲᠠᠯ᠎ᠠ ᠪᠠᠷ ᠦᠭᠡᠶᠢᠰᠬᠡᠬᠦ ᠬᠡᠷᠡᠭᠲᠡᠶ᠃ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭ ᠬᠡᠯᠪᠡᠷᠢ ᠶᠢᠨ ᠮᠠᠰᠢᠨ ᠲᠡᠷᠭᠡ ᠠᠴᠠ ᠵᠠᠮ ᠤᠨ ᠰᠦᠢᠳᠬᠡᠯ ᠦᠯᠦ ᠬᠤᠷᠢᠶᠠᠬᠤ  ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠣᠷᠣᠨ ᠨᠤᠲᠤᠭ  ᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠦᠭᠡᠢ ᠳᠤᠷ᠎ᠠ ᠪᠠᠷ ᠢᠶᠠᠨ ᠬᠤᠷᠢᠭ᠎ᠠ ᠴᠠᠭᠠᠵᠠ ᠭᠠᠷᠭᠠᠬᠤ᠂ ᠳᠤᠷ᠎ᠠ ᠪᠠᠷ ᠢᠶᠠᠨ ᠵᠠᠮ ᠬᠠᠭᠠᠵᠤ ᠵᠠᠮ ᠢ ᠪᠢᠲᠡᠭᠦᠮᠵᠢᠯᠡᠨ ᠵᠠᠮ ᠬᠠᠷᠢᠯᠴᠠᠭ᠎ᠠ ᠶᠢ ᠲᠠᠰᠤᠯᠬᠤ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠯ᠎ᠡ ᠭᠠᠵᠠᠷ ᠣᠷᠣᠨ ᠪᠠ ᠰᠢᠦᠳᠠᠨ ᠤ ᠬᠠᠮᠢᠶᠠᠷᠤᠯᠲᠠ  ᠶᠢᠨ ᠰᠠᠯᠠᠭ᠎ᠠ ᠮᠥᠴᠢᠷ ᠵᠢᠴᠢ ᠲᠦᠷᠭᠡᠨ ᠢᠯᠡᠭᠡᠯᠲᠡ ᠶᠢᠨ ᠪᠠᠷᠠᠭᠠᠨ ᠤ ᠭᠦᠶᠯᠭᠡᠭᠡ ᠶᠢᠨ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠰᠢᠦᠳᠠᠨ ᠤ ᠵᠦᠢᠯᠡᠰ ᠲᠦᠷᠭᠡᠨ ᠢᠯᠡᠭᠡᠯᠲᠡ ᠶᠢᠨ ᠵᠦᠢᠯᠡᠰ ᠤᠨ ᠲᠡᠭᠡᠭᠡᠪᠦᠷᠢ ᠶᠢᠨ ᠲᠡᠷᠭᠡ ᠬᠥᠰᠬᠡ ᠪᠠ ᠬᠦᠷᠭᠡᠬᠦ ᠲᠡᠷᠭᠡ ᠬᠥᠰᠬᠡ ᠶᠢᠨ ᠰᠠᠭᠠᠳ ᠥᠬᠡᠶ ᠠᠶᠠᠯᠠᠬᠤ ᠶᠢ ᠦᠨᠡᠨᠬᠦ ᠪᠠᠲᠤᠯᠠᠵᠤ᠂ ᠲᠦᠷᠭᠡᠨ ᠢᠯᠡᠭᠡᠯᠲᠡ ᠳᠤ ᠢᠳᠡᠪᠬᠢᠲᠡᠶ ᠪᠠᠷ ᠲᠥᠬᠦᠮ ᠨᠥᠬᠦᠴᠡᠯ ᠡᠭᠦᠳᠴᠦ ᠥᠭᠭᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ᠳᠥᠷᠪᠡ᠂ ᠲᠤᠬᠠᠶ ᠶᠢᠨ ᠭᠠᠵᠠᠷ ᠲᠤ ᠪᠠᠨ ᠰᠢᠨᠡᠯᠡᠬᠦ ᠣᠯᠠᠨ ᠲᠦᠮᠡᠨ ᠤ ᠴᠠᠯᠢᠩ ᠠᠮᠠᠷᠠᠯᠲᠠ ᠵᠡᠷᠭᠡ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠶ᠃      ︵ᠠᠷᠪᠠᠨ ᠬᠤᠶᠠᠷ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯᠴᠢᠨ ᠢ ᠦᠯᠡᠳᠡᠭᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠦᠶᠯᠡᠳᠪᠦᠷᠢᠯᠡᠯ ᠢᠶᠠᠨ ᠵᠣᠭᠰᠣᠭᠠᠬᠤ ᠥᠬᠡᠶ ᠪᠠᠶᠢᠬᠤ ᠶᠢ ᠳᠡᠮᠵᠢᠵᠦ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠵᠦᠶ ᠵᠣᠬᠢᠰᠲᠠᠶ ᠲᠣᠬᠢᠷᠠᠭᠤᠯᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠴᠢᠯᠦᠭᠡ ᠲᠠᠯᠪᠢᠬᠤ ᠪᠤᠶᠤ ᠲᠣᠬᠢᠷᠠᠭᠤᠯᠤᠨ ᠠᠮᠠᠷᠠᠭᠤᠯᠬᠤ ᠲᠥᠯᠥᠪᠯᠡᠭᠡ ᠲᠣᠭᠲᠠᠭᠠᠵᠤ᠂ ︽ᠠᠵᠢᠯ ᠤᠨ ᠪᠠᠶᠢᠷᠢ ᠶᠢᠨ ᠤᠯᠠᠭᠠᠨ ᠪᠠᠭᠯᠠᠭ᠎ᠠ︾ ᠪᠠ ︽ᠣᠨ ᠤ ᠪᠠᠷᠠᠭᠠᠨ ᠤ ᠪᠡᠯᠡᠭ︾ ᠲᠠᠷᠬᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠤᠨ ᠪᠠᠶᠢᠷᠢ ᠪᠠᠷ ᠠᠵᠢᠯᠲᠠᠳ ᠢᠶᠠᠨ ᠦᠯᠡᠳᠡᠭᠡᠬᠦ᠂ ᠴᠠᠯᠢᠩ ᠢᠶᠠᠷ ᠠᠵᠢᠯᠲᠠᠳ ᠢᠶᠠᠨ ᠦᠯᠡᠳᠡᠭᠡᠬᠦ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠨᠡᠯᠢᠶᠡᠳ ᠣᠯᠠᠨ ᠡᠯᠰᠡᠭᠰᠡᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠵᠢᠯᠲᠠᠨ ᠬᠠᠰᠤᠬᠤ ᠥᠬᠡᠶ᠂ ᠠᠵᠢᠯᠲᠠᠨ ᠴᠥᠭᠡᠨ ᠬᠠᠰᠤᠬᠤ ᠬᠡᠷᠡᠭᠲᠡᠢ᠃ ᠡᠯ᠎ᠡ ᠭᠠᠵᠠᠷ ᠤᠨ ᠬᠢᠨ ᠤ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠢ ᠨᠢ ᠦᠯᠡᠳᠡᠭᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠪᠠᠶᠢᠬᠤ ᠠᠵᠤ ᠠᠬᠤᠶᠢᠯᠠᠯ ᠳᠤ ᠵᠣᠭᠤᠰ ᠮᠥᠩᠭᠦ ᠶᠢᠨ ᠨᠥᠬᠦᠪᠥᠷᠢ ᠥᠭᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ  ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ︵ᠠᠷᠪᠠᠨ ᠭᠤᠷᠪᠠ︶ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠨᠠᠶᠢᠳᠠᠪᠤᠷᠢᠵᠢᠭᠤᠯᠬᠤ ᠬᠡᠷᠡᠭᠲᠡᠶ᠃ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠰᠢᠯᠤᠭᠤᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠵᠡᠷᠭᠡ ᠬᠥᠳᠡᠯᠮᠦᠷᠢᠴᠢᠳ ᠤᠨ ᠴᠠᠯᠢᠩ ᠬᠥᠯᠥᠰᠥ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠠᠮᠢᠳᠤᠷᠠᠯ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠠᠵᠢᠯ ᠠᠯᠳᠠᠭᠰᠠᠳ ᠤᠨ ᠨᠥᠬᠦᠪᠥᠷᠢ ᠮᠥᠩᠭᠦ ᠵᠡᠷᠭᠡ ᠡᠯ᠎ᠡ ᠵᠦᠶᠯ ᠤᠨ ᠣᠯᠭᠤᠮᠵᠢ ᠶᠢ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠨᠠᠶᠢᠳᠠᠪᠤᠷᠢᠵᠢᠭᠤᠯᠤᠨ᠂ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤ ᠪᠠᠨ ᠰᠢᠨᠡᠯᠡᠬᠦ ᠣᠯᠠᠨ ᠲᠦᠮᠡᠨ ᠤ ᠬᠥᠳᠡᠯᠮᠦᠷᠢ  ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢ ᠨᠢ ᠵᠢᠯᠣᠭᠤᠳᠴᠤ᠂ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠴᠠᠭᠠᠨ ᠰᠠᠷ᠎ᠠ ᠶᠢᠨ ᠬᠤᠭᠤᠴᠠᠭᠠᠨ  ᠳᠤ ᠠᠵᠢᠯ ᠤᠨ ᠪᠠᠶᠢᠷᠢ ᠳᠤ ᠪᠠᠨ ᠦᠯᠡᠳᠡᠭᠰᠡᠨ ᠠᠵᠢᠯᠲᠠᠨ ᠠᠵᠢᠯᠴᠢᠨ ᠳᠤ ᠴᠠᠭ ᠨᠡᠮᠡᠵᠦ ᠠᠵᠢᠯᠯᠠᠭᠰᠠᠨ ᠴᠠᠯᠢᠩ ᠢ ᠬᠠᠤᠯᠢ ᠶᠣᠰᠣᠭᠠᠷ ᠲᠤᠭ᠎ᠠ  ᠪᠦᠷᠢᠨ ᠭᠦᠶᠴᠡᠳ ᠣᠯᠭᠤᠬᠤ ᠬᠡᠷᠡᠭᠲᠡᠢ᠂ ᠬᠠᠤᠯᠢ ᠠᠴᠠ ᠵᠥᠷᠢᠴᠡᠨ ᠬᠥᠳᠡᠯᠮᠦᠷᠢ ᠶᠢᠨ ᠭᠡᠷ᠎ᠡ ᠶᠢ ᠵᠣᠭᠰᠣᠭᠠᠬᠤ ᠪᠤᠶᠤ ᠬᠦᠴᠦᠨ ᠥᠬᠡᠶ ᠪᠣᠯᠭᠠᠵᠤ ᠪᠣᠯᠬᠤ ᠥᠬᠡᠶ᠃ ᠬᠥᠳᠡᠯᠮᠦᠷᠢ ᠶᠢᠨ ᠵᠠᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠪᠠ ᠵᠠᠬᠢᠳᠠᠯ ᠰᠣᠷᠪᠤᠯᠵᠢᠯᠠᠯ ᠢ ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ᠲᠠᠪᠤ᠂ ᠲᠤᠬᠠᠶ ᠶᠢᠨ ᠭᠠᠵᠠᠷ ᠲᠤ ᠪᠠᠨ ᠰᠢᠨᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃      ︵ᠠᠷᠪᠠᠨ ᠳᠥᠷᠪᠡ︶ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ ᠭᠤᠤᠯ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠰᠢᠨ᠎ᠡ ᠲᠠᠪᠴᠠᠩ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠢ ᠲᠥᠬᠦᠮ ᠦᠵᠡᠭᠦᠯᠬᠦ᠂ ᠣᠯᠠᠨ ᠲᠦᠮᠡᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠬᠠᠯᠠᠮᠵᠢᠯᠠᠨ ᠬᠠᠶᠢᠷᠠᠯᠠᠬᠤ ᠵᠡᠷᠭᠡ ᠲᠠᠯ᠎ᠠ ᠪᠠᠷ ᠠᠪᠬᠤ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠭᠰᠠᠨ᠂ ᠰᠠᠶᠢᠨ ᠳᠤᠷ᠎ᠠ ᠠᠴᠠ ᠪᠠᠨ ᠦᠢᠯᠡᠴᠢᠯᠡᠭᠰᠡᠨ᠂ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠥᠯᠢᠭᠡᠷ ᠢ ᠰᠠᠶᠢᠲᠤᠷ ᠶᠠᠷᠢᠵᠤ᠂ ᠰᠠᠶᠢᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ︵ᠠᠷᠪᠠᠨ ᠲᠠᠪᠤ︶ ᠪᠠᠶᠠᠷ ᠤᠨ ᠡᠳᠦᠷ ᠤᠨ ᠰᠡᠷᠭᠡᠶᠢᠯᠡᠨ ᠬᠠᠮᠠᠭᠠᠯᠠᠬᠤ ᠤᠬᠠᠭᠤᠯᠭ᠎ᠠ ᠶᠢ ᠰᠠᠶᠢᠲᠤᠷ‌‍ᠬᠢᠬᠦ ᠬᠡᠷᠡᠭᠲᠡᠢ᠃ ᠪᠣᠯᠪᠠᠰᠤᠨ ᠡᠷᠡᠭᠦᠯ ᠰᠠᠷᠠᠭᠤᠯ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠷ  ᠢᠶᠠᠨ ᠪᠠᠶᠢᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ  ᠤ ᠵᠠᠶ ᠶᠢ ᠪᠠᠲᠤᠯᠠᠬᠤ ᠵᠡᠷᠭᠡ ᠰᠠᠶᠢᠨ ᠰᠠᠶᠢᠬᠠᠨ ᠳᠠᠳᠬᠠᠯ ᠢ ᠪᠤᠢ ᠪᠣᠯᠭᠠᠬᠤ ᠬᠡᠷᠡᠭᠲᠡᠢ᠃ ᠤᠯᠠᠨ ᠲᠦᠮᠡᠨ ᠤ ᠲᠤᠬᠠᠢ ᠶᠢᠨ ᠭᠠᠵᠠᠷ ᠲᠤ ᠪᠠᠨ ᠰᠢᠨᠡᠯᠡᠬᠦ ᠬᠠᠯᠠᠮᠰᠢᠯ ᠠᠰᠠᠭᠤᠳᠠᠯ ᠢ ᠨᠢᠭᠲᠠ ᠠᠩᠬᠠᠷᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠴᠢᠷᠮᠠᠶᠢᠨ ᠠᠷᠢᠯᠭᠠᠵᠤ᠂ ᠨᠡᠶᠢᠭᠡᠮ ᠤᠨ ᠠᠮᠤᠷ ᠲᠣᠭᠲᠠᠭᠤᠨ᠂ ᠠᠮᠤᠷ ᠲᠦᠪᠰᠢᠨ᠂ ᠠᠮᠤᠷ ᠲᠠᠶᠢᠪᠤᠩ ᠢ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠶᠢᠮᠠᠭ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ ᠬᠠᠷᠢᠭᠤᠴᠠᠬᠤ ᠬᠡᠷᠡᠭᠲᠡᠢ︶      ᠵᠢᠷᠭᠤᠭ᠎ᠠ᠂ ᠪᠠᠲᠤᠯᠠᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃      ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠭᠤᠣᠯ ᠬᠠᠷᠢᠭᠤᠴᠠᠯᠭᠠᠲᠠᠨ ᠨᠥᠬᠦᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠷᠢᠳᠴᠢᠯᠠᠨ ᠵᠢᠯᠣᠭᠤᠳᠴᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠲᠤᠬᠠᠢ ᠶᠢᠨ ᠭᠠᠵᠠᠷ ᠲᠤ ᠪᠠᠨ ᠰᠢᠨᠡᠯᠡᠬᠦ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠬᠤ ᠬᠡᠷᠡᠭᠲᠡᠢ᠃ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠤ ᠪᠠᠨ ᠵᠢᠵᠢᠭᠦᠷ ᠳᠠᠭᠠᠭᠤᠯᠬᠤ᠂ ᠪᠠᠶᠢᠴᠠᠭᠠᠬᠤ ᠬᠢᠨᠠᠨ ᠵᠢᠯᠣᠭᠤᠳᠬᠤ ᠶᠢ ᠴᠢᠩᠭ᠎ᠠ ᠬᠡᠷᠡᠭᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠡᠯ᠎ᠡ ᠵᠦᠶᠯ ᠤᠨ ᠠᠵᠢᠯ ᠤᠨ ᠬᠡᠪ ᠤᠨ ᠡᠷᠭᠢᠯᠲᠡ ᠶᠢ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  ᠤᠨ ᠡᠯ᠎ᠡ ᠪᠦᠷᠢᠯᠳᠦᠬᠦᠨ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠬᠤ ᠬᠡᠷᠡᠭᠲᠡᠢ︶      ︵ᠠᠷᠪᠠᠨ ᠳᠣᠯᠤᠭ᠎ᠠ︶ ᠠᠩᠬᠠᠷᠴᠤ ᠪᠦᠬᠦᠢ ᠠᠰᠠᠭᠤᠳᠠᠯ ᠢ ᠦᠨᠡᠨᠬᠦ ᠰᠢᠶᠳᠪᠦᠷᠢᠯᠡᠬᠦ ᠬᠡᠷᠡᠭᠲᠡᠶ᠃ ᠡᠯ᠎ᠡ ᠭᠠᠵᠠᠷ ᠣᠷᠣᠨ ᠨᠤᠭᠤᠳ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤ ᠦᠭᠬᠦ ᠪᠠ ᠰᠢᠶᠳᠪᠦᠷᠢᠯᠡᠵᠦ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠦᠵᠡᠭᠦᠯᠬᠦ ᠬᠢᠵᠢᠭ ᠤᠨ ᠪᠠᠶᠢᠳᠠᠯ  ᠤᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠶ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠲᠣᠣᠷᠵᠢᠭᠤᠯᠤᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠦᠷᠢᠨᠰᠢᠭᠦᠯᠵᠦ᠂ ᠲᠤᠬᠠᠢ ᠶᠢᠨ ᠭᠠᠵᠠᠷ ᠲᠤ ᠪᠠᠨ ᠰᠢᠨᠡᠯᠡᠬᠦ ᠤᠯᠠᠨ ᠲᠦᠮᠡᠨ ᠤ ︽ᠲᠤᠰᠠᠯᠠᠮᠵᠢ ᠤᠯᠬᠤ ᠡᠭᠦᠳᠡ ᠲᠠᠢ᠂ ᠴᠠᠭ ᠲᠤᠬᠠᠢ ᠳᠤ ᠪᠠᠨ ᠲᠤᠰᠠᠯᠠᠮᠵᠢ ᠬᠦᠷᠳᠡᠬᠦ︾ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠢᠳᠡᠪᠬᠢᠵᠢᠯ ᠢ ᠭᠦᠢᠴᠡᠳ ᠬᠠᠮᠠᠭᠠᠯᠠᠨ ᠳᠠᠶᠢᠴᠢᠯᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ‍ᠤᠨ‌ᠠᠵᠢᠯᠲᠠᠳ ᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠠᠭ ᠨᠡᠮᠡᠵᠦ ᠵᠢᠵᠢᠭᠦᠷᠯᠡᠭᠰᠡᠨ ᠳᠤ ᠨᠢ ᠵᠣᠬᠢᠬᠤ ᠨᠥᠬᠦᠪᠥᠷᠢ ᠥᠭᠴᠦ ᠪᠣᠯᠤᠨ᠎ᠠ᠃ ᠡᠯ᠎ᠡ ᠨᠢᠭᠡᠴᠢ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯᠲᠠᠨ ᠠᠵᠢᠯᠴᠢᠨ ᠳᠤ ᠠᠵᠢᠯ ᠲᠣᠬᠢᠷᠠᠭᠤᠯᠤᠭᠰᠠᠨ ᠪᠠᠶᠢᠪᠠᠯ᠂ ᠬᠥᠮᠦᠨ ᠬᠡᠷᠡᠭᠯᠡᠬᠦ ᠨᠢᠭᠡᠴᠢ ᠨᠢ ᠴᠠᠭ ᠨᠡᠮᠡᠵᠦ ᠠᠵᠢᠯᠯᠠᠭᠰᠠᠨ ᠴᠠᠯᠢᠩ ᠢ ᠬᠠᠤᠯᠢ ᠶᠣᠰᠣᠭᠠᠷ ᠲᠤᠭ᠎ᠠ ᠪᠦᠷᠢᠨ ᠭᠦᠶᠴᠡᠳ ᠥᠭᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠠᠷᠢᠭᠤᠴᠠᠨ᠎ᠠ︶                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ