内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
        ᠨᠡᠶᠢᠲᠡᠯᠡᠭᠰᠡᠨ ᠴᠠᠭ᠄
        2021/2/2
                                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                                               248 ᠳ᠋ᠤᠭᠠᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ 2020 ᠣᠨ ᠤ 12 ᠳ᠋ᠤᠭᠠᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2021 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                          ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ    ᠪᠦ᠋ ᠰᠢᠶᠤᠤ ᠯᠢᠨ                                                               2020 ᠣᠨ ᠤ 12 ᠳ᠋ᠤᠭᠠᠷ ᠰᠠᠷ᠎ᠠ ᠶᠢᠨ 30 ᠤ ᠡᠳᠦᠷ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ                  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ      ᠨᠢᠭᠡᠳᠦᠭᠡᠷ ᠪᠦᠯᠦᠭ  ᠶᠡᠷᠦᠩᠬᠡᠢ ᠲᠦᠷᠢᠮ      ᠨᠢᠭᠡᠳᠦᠭᠡᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠤᠨ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠲᠤᠰᠠᠳᠠ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠪᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ︵ᠳᠣᠷᠣᠭᠰᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠭᠡᠵᠦ ᠲᠣᠪᠴᠢᠯᠠᠨ᠎ᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠳᠤ ᠲᠤᠰ ᠲᠣᠭᠲᠠᠭᠠᠯ ᠢ ᠳᠣᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ︵ᠳᠣᠷᠣᠭᠰᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠭᠡᠵᠦ ᠲᠣᠪᠴᠢᠯᠠᠨ᠎ᠠ︶ ᠲᠤ ᠳᠣᠣᠷᠠᠬᠢ ᠵᠦᠢᠯᠡᠰ ᠪᠠᠭᠲᠠᠨ᠎ᠠ᠃      ︵ᠨᠢᠭᠡ︶ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠭᠰᠠᠨ ᠣᠯᠠᠨ ᠨᠡᠶᠢᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔      ︵ᠬᠤᠶᠠᠷ︶ ᠠᠵᠤ ᠠᠬᠤᠢ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠥᠪᠵᠢᠭᠦᠯᠭᠡ ᠶᠢ ᠲᠣᠭᠲᠠᠭᠠᠨ᠎ᠠ︔      ︵ᠭᠤᠷᠪᠠ︶ ᠪᠠᠶᠢᠭᠠᠯᠢ ᠶᠢᠨ ᠴᠢᠬᠤᠯᠠ ᠡᠬᠢ ᠪᠠᠶᠠᠯᠢᠭ ᠪᠠ ᠰᠣᠶᠣᠯ ᠤᠨ ᠴᠢᠬᠤᠯᠠ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠲᠠᠯ᠎ᠠ ᠶᠢᠨ ᠣᠯᠠᠨ ᠨᠡᠶᠢᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔      ︵ᠳᠥᠷᠪᠡ︶ ᠲᠣᠰ ᠵᠠᠰᠠᠭ ᠵᠠᠬᠢᠷᠭᠠᠨ ᠤ ᠣᠷᠣᠨ ᠳᠤ ᠬᠡᠷᠡᠭᠵᠢᠭᠦᠯᠬᠦ ᠣᠯᠠᠨ ᠨᠡᠶᠢᠲᠡ ᠶᠢᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠨ᠎ᠠ︔      ︵ᠲᠠᠪᠤ︶ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃      ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠤᠰ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠵᠦᠢᠯᠡᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠰᠢᠢᠳᠪᠦᠷᠢᠲᠦ ᠪᠤᠳᠤᠯᠭ᠎ᠠ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠢᠢᠳᠪᠦᠷᠢᠲᠦ ᠪᠤᠳᠤᠯᠭ᠎ᠠ ᠳᠤ ᠲᠤᠰ ᠲᠣᠭᠲᠠᠭᠠᠯ ᠢ ᠬᠡᠷᠡᠭᠯᠡᠬᠦ ᠦᠭᠡᠢ᠃      ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠲᠤᠰ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠪᠠ ᠲᠤᠰ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ᠂ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠤ᠂ ᠠᠳᠠᠯᠢ ᠱᠠᠲᠤᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ᠃      ᠳᠥᠷᠪᠡᠳᠦᠭᠡᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠤᠳᠤᠷᠢᠳᠬᠤ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠤᠨᠨᠳᠠᠭᠠᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃      ᠲᠠᠪᠤᠳᠤᠭᠠᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠠᠷᠴᠢᠮ ᠢ ᠵᠢᠷᠤᠮᠯᠠᠬᠤ ᠬᠡᠷᠡᠭᠲᠡᠶ᠃      ᠵᠢᠷᠭᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠠᠯᠪᠠᠨ ᠲᠢᠩᠬᠢᠮ ︵ᠭᠡᠷ︶ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠶᠢ ᠬᠠᠷᠢᠭᠤᠴᠠᠬᠤ ᠬᠡᠷᠡᠭᠲᠡᠶ᠃      ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠳᠠᠭᠠᠭᠠᠨ ᠭᠦᠢᠴᠡᠳᠭᠡᠬᠦ ᠨᠢᠭᠡᠴᠢ ︵ᠳᠣᠷᠣᠭᠰᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠭᠡᠵᠦ ᠲᠣᠪᠴᠢᠯᠠᠨ᠎ᠠ︶ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠢ ᠲᠤᠭᠤᠷᠪᠢᠨ ᠲᠣᠭᠲᠠᠭᠠᠬᠤ ᠪᠠ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠬᠡᠷᠡᠭᠵᠢᠭᠦᠯᠦᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠬᠤ ᠬᠡᠷᠡᠭᠲᠡᠢ᠃      ᠳᠣᠯᠣᠳᠤᠭᠠᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠯᠲᠠ ᠶᠢ ᠬᠠᠤᠯᠢ ᠶᠣᠰᠣᠭᠠᠷ ᠬᠦᠯᠢᠶᠡᠨ᠎ᠡ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠶᠠᠷᠢᠯᠴᠠᠨ ᠲᠣᠭᠲᠠᠭᠠᠬᠤ ᠴᠢᠬᠤᠯᠠ ᠶᠡᠭᠡ ᠵᠦᠢᠯᠡᠰ ᠤᠨ ᠬᠡᠪᠴᠢᠶ᠎ᠡ ᠳᠤ ᠬᠠᠷᠢᠶᠠᠯᠠᠭᠳᠠᠬᠤ ᠪᠤᠶᠤ ᠨᠡᠶᠢᠲᠡᠯᠡᠬᠦ ᠠᠴᠠ ᠡᠮᠦᠨ᠎ᠡ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠶᠣᠰᠣᠲᠠᠢ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃      ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠬᠢᠨᠠᠨ ᠪᠤᠳᠤᠬᠤ ᠪᠠᠶᠢᠭᠤᠯᠭ᠎ᠠ ᠨᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠢᠨᠠᠯᠲᠠ ᠲᠠᠯᠪᠢᠬᠤ ᠬᠡᠷᠡᠭᠲᠡᠢ᠃      ᠨᠠᠢᠮᠠᠳᠣᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠵᠢᠯ ᠳᠤ ᠬᠢᠨᠠᠯᠲᠠ ᠲᠠᠯᠪᠢᠬᠤ ᠪᠠ ᠰᠠᠨᠠᠯ ᠰᠠᠨᠠᠭᠤᠯᠭ᠎ᠠ ᠲᠣᠷᠠᠣᠡᠬᠤ ᠡᠷᠬᠡ ᠲᠠᠢ᠃      ᠶᠢᠰᠦᠳᠦᠭᠡᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠳᠠᠯ ᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠵᠢᠴᠢ ᠲᠡᠭᠦᠨ ᠤ ᠤᠳᠤᠷᠢᠳᠬᠤ ᠬᠥᠮᠦᠰ ᠢ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠶᠢᠨ ᠬᠠᠮᠲᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠢᠴᠡᠳᠬᠡᠯ ᠲᠣᠭᠠᠨ ᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃      ᠬᠤᠶᠠᠳᠤᠭᠠᠷ ᠪᠦᠯᠦᠭ  ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠢ ᠡᠬᠢᠯᠡᠭᠦᠯᠬᠦ      ᠠᠷᠪᠠᠳᠤᠭᠠᠷ ᠵᠦᠢᠯ ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠲᠤᠬᠠᠢ ᠰᠠᠨᠠᠭᠤᠯᠭ᠎ᠠ ᠶᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠰᠤᠳᠤᠯᠵᠤ ᠨᠤᠲᠠᠯᠠᠭᠰᠠᠨ ᠤ ᠲᠠᠷᠠᠭ᠎ᠠ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠢ ᠡᠬᠢᠯᠡᠭᠦᠯᠬᠦ ᠡᠰᠡᠬᠦ ᠶᠢ ᠲᠣᠭᠲᠠᠭᠠᠯᠭᠠᠬᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠮᠡᠳᠡᠭᠦᠯᠣᠨ᠎ᠡ᠄      ︵ᠨᠢᠭᠡ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠱᠠᠭᠠᠷᠳᠠᠯᠭ᠎ᠠ ᠳᠤᠷᠠᠳᠤᠭᠰᠠᠨ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠤᠳᠤᠷᠢᠳᠬᠤ ᠬᠥᠮᠦᠰ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠠᠯᠪᠠᠨ ᠲᠢᠩᠬᠢᠮ ︵ᠭᠡᠷ︶ ᠨᠢ ᠬᠤᠯᠪᠣᠭᠳᠠᠯ ᠪᠦᠬᠦᠢ ᠨᠢᠭᠡᠴᠢ ᠳᠤ ᠲᠤᠰᠢᠶᠠᠨ ᠥᠭᠴᠦ ᠰᠤᠳᠤᠯᠤᠭᠤᠯᠤᠨ ᠨᠤᠲᠠᠯᠠᠭᠤᠯᠤᠨ᠎ᠠ︔      ︵ᠬᠤᠶᠠᠷ︶ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠶᠢᠨ ᠬᠠᠷᠢᠶ᠎ᠠ ᠪᠦᠬᠦᠢ ᠰᠠᠯᠠᠭ᠎ᠠ ᠮᠥᠴᠢᠷ ᠪᠤᠶᠤ ᠳᠣᠣᠷᠠᠲᠤ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠰᠠᠨᠠᠭᠤᠯᠭ᠎ᠠ ᠳᠤᠷᠠᠳᠤᠭᠰᠠᠨ ᠨᠢᠭᠡᠴᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠳᠤᠯᠤᠨ ᠨᠤᠲᠠᠯᠠᠨ᠎ᠠ︔      ︵ᠭᠤᠷᠪᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠡᠷᠭᠡ ᠰᠠᠨᠠᠭᠤᠯᠭ᠎ᠠ᠂ ᠰᠠᠨᠠᠯ ᠳᠤᠷᠠᠳᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠢ ᠠᠴᠠ ᠰᠣᠳᠣᠯᠵᠣ ᠨᠤᠲᠠᠯᠠᠨ᠎ᠠ︔      ︵ᠲᠦᠷᠪᠡ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠪᠢᠴᠢᠭ ᠢᠶᠠᠷ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠰᠠᠨᠠᠭᠤᠯᠭ᠎ᠠ ᠶᠢ ᠣᠯᠤᠭᠰᠠᠨ ᠨᠢᠭᠡᠴᠢ ᠪᠤᠶᠤ ᠰᠠᠨᠠᠭᠤᠯᠭ᠎ᠠ ᠶᠢᠨ ᠠᠭᠤᠯᠭ᠎ᠠ ᠳᠤ ᠬᠤᠯᠪᠣᠭᠳᠠᠭᠰᠠᠨ ᠨᠢᠭᠡᠴᠢ ᠨᠢ ᠰᠤᠳᠤᠯᠤᠨ ᠨᠤᠲᠠᠯᠠᠨ᠎ᠠ᠃      ᠠᠷᠪᠠᠨ ᠨᠢᠭᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠡᠬᠢᠯᠡᠭᠦᠯᠬᠦ ᠪᠠᠷ ᠲᠣᠭᠲᠠᠭᠠᠭᠰᠠᠨ ᠪᠣᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠪᠠ ᠭᠦᠢᠴᠡᠳᠬᠡᠬᠦ ᠬᠤᠭᠤᠴᠠᠭ᠎ᠠ ᠬᠢᠵᠠᠭᠠᠷ ᠢ ᠨᠢ ᠲᠣᠳᠣᠷᠬᠠᠢ ᠲᠣᠭᠲᠠᠭᠠᠬᠤ ᠬᠡᠷᠡᠭᠲᠡᠶ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠢ ᠬᠤᠶᠠᠷ ᠠᠴᠠ ᠳᠡᠭᠡᠭᠰᠢᠬᠢ ᠨᠢᠭᠡᠴᠢ ᠳᠠᠭᠠᠭᠠᠨ ᠭᠦᠢᠴᠡᠳᠬᠡᠬᠦ ᠴᠢᠬᠤᠯᠠᠲᠠᠢ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠳᠤ ᠲᠦᠷᠦᠭᠦᠯᠡᠨ ᠬᠢᠬᠦ ᠨᠢᠭᠡᠴᠢ ᠶᠢ ᠨᠢ ᠲᠣᠳᠣᠷᠬᠠᠶ ᠲᠣᠭᠲᠠᠭᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠢ ᠥᠪᠡᠰᠦᠪᠡᠨ ᠨᠣᠣᠷᠠᠭᠯᠠᠵᠤ ᠪᠣᠯᠬᠤ ᠪᠥᠭᠡᠳ ᠪᠠᠰᠠ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠪᠤᠶᠤ ᠲᠤᠰᠬᠠᠶ ᠪᠠᠶᠢᠭᠤᠯᠤᠮᠵᠢ ᠳᠤ ᠨᠠᠶᠢᠳᠠᠵᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠢ ᠨᠣᠣᠷᠠᠭᠯᠠᠵᠣ ᠪᠣᠯᠤᠨ᠎ᠠ᠃      ᠠᠷᠪᠠᠨ ᠭᠤᠷᠪᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠪᠠᠶᠢᠴᠠᠭᠠᠨ ᠰᠤᠳᠤᠯᠤᠯᠲᠠ ᠶᠢ ᠥᠷᠭᠡᠨ ᠳᠡᠯᠭᠡᠷ ᠪᠥᠭᠡᠳ ᠭᠦᠨᠵᠡᠭᠡᠶ ᠥᠷᠨᠢᠭᠦᠯᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠨᠣᠪᠴᠢᠲᠠᠶ ᠡᠵᠡᠮᠰᠢᠨ᠂ ᠭᠦᠢᠴᠡᠳ ᠵᠥᠪᠯᠡᠵᠦ ᠵᠣᠬᠢᠴᠠᠭᠤᠯᠤᠭᠰᠠᠨ ᠰᠠᠭᠤᠷᠢᠨ ᠳᠡᠭᠡᠷ᠎ᠡ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠢ ᠲᠤᠭᠤᠷᠪᠢᠨ ᠲᠣᠭᠲᠠᠭᠠᠬᠤ ᠬᠡᠷᠡᠭᠲᠡᠶ᠃      ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠯᠦᠭᠡ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ ᠡᠮᠬᠢᠯᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠢ ᠬᠠᠤᠯᠢ ᠪᠠ ᠲᠣᠭᠲᠠᠭᠠᠯ ᠳᠤ ᠨᠡᠶᠢᠴᠡᠭᠦᠯᠦᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠯᠤᠭ᠎ᠠ ᠵᠣᠯᠭᠠᠯᠳᠤᠭᠤᠯᠬᠤ ᠬᠡᠷᠡᠭᠲᠡᠶ᠃      ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠨᠢ ᠬᠡᠷᠡᠭᠴᠡᠭᠡ ᠪᠠᠨ ᠦᠨᠳᠦᠰᠦᠯᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠬᠤᠯᠪᠣᠭᠳᠠᠭᠰᠠᠨ ᠬᠥᠮᠦᠨ ᠤ ᠬᠦᠴᠦ ᠡᠳ᠋ ᠤᠨ ᠶᠠᠪᠤᠳᠠᠯ ᠪᠣᠳᠠᠰ ᠤᠨ ᠣᠷᠣᠭᠤᠯᠤᠯᠲᠠ᠂ ᠡᠬᠢ ᠪᠠᠶᠠᠯᠢᠭ ᠤᠨ ᠬᠤᠷᠣᠭᠳᠠᠯ᠂ ᠣᠷᠴᠢᠨ ᠲᠣᠭᠤᠷᠢᠨ ᠤ ᠨᠥᠯᠥᠭᠡ ᠵᠡᠷᠭᠡ ᠲᠠᠯ᠎ᠠ ᠪᠠᠷ ᠬᠢ ᠥᠪᠡᠷ ᠤᠨ ᠥᠷᠲᠡᠭ ᠪᠠ ᠠᠵᠤ ᠠᠬᠤᠶ᠂ ᠨᠡᠶᠢᠭᠡᠮ᠂ ᠣᠷᠴᠢᠨ ᠲᠣᠭᠤᠷᠢᠨ ᠤ ᠦᠷ᠎ᠡ ᠠᠰᠢᠭ ᠲᠤ ᠵᠠᠳᠠᠯᠤᠯᠲᠠ ᠲᠦᠰᠦᠭᠡᠯᠡᠯ ᠬᠢᠬᠦ ᠬᠡᠷᠡᠭᠲᠡᠢ᠃      ᠬᠤᠯᠪᠣᠭᠳᠠᠯ ᠪᠦᠬᠦᠢ ᠲᠠᠯ᠎ᠠ ᠶᠢᠨ ᠬᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠲᠤ ᠨᠡᠯᠢᠶᠡᠳ ᠶᠡᠭᠡ ᠵᠥᠷᠢᠯᠳᠦᠭᠡᠨ ᠲᠠᠢ ᠵᠦᠢᠯ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠬᠤᠶᠠᠷ ᠠᠴᠠ ᠳᠡᠭᠡᠭᠰᠢ ᠡᠬᠡ ᠲᠥᠰᠦᠯ ᠢ ᠲᠣᠷᠠᠣᠡᠬᠤ ᠶᠢᠨ ᠬᠠᠮᠲᠤ᠂ ᠡᠯ᠎ᠡ ᠲᠥᠰᠥᠯ ᠤᠨ ᠠᠰᠢᠭ ᠬᠤᠣᠷ ᠤᠨ ᠲᠠᠯ᠎ᠠ ᠪᠠᠷ ᠵᠠᠳᠠᠯᠤᠯᠲᠠ ᠬᠢᠵᠦ᠂ ᠬᠠᠨᠳᠤᠯᠭ᠎ᠠ ᠶᠢᠨ ᠴᠢᠨᠠᠷᠲᠠᠢ ᠰᠠᠨᠠᠯ ᠳᠤᠷᠠᠳᠴᠤ ᠪᠣᠯᠤᠨ᠎ᠠ᠃      ᠠᠷᠪᠠᠨ ᠳᠥᠷᠪᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠬᠠᠷᠢᠶ᠎ᠠ ᠪᠦᠬᠦᠢ ᠰᠠᠯᠠᠭ᠎ᠠ ᠮᠥᠴᠢᠷ᠂ ᠳᠣᠣᠷᠠᠳᠤ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠡᠷᠭᠡ ᠨᠢᠭᠡᠴᠢ ᠶᠢᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠪᠤᠶᠤ ᠲᠡᠭᠦᠨ ᠯᠦᠭᠡ ᠨᠢᠭᠲᠠ ᠬᠠᠷᠢᠴᠠᠭ᠎ᠠ ᠲᠠᠢ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠲᠡᠳᠡᠭᠡᠷ ᠯᠦᠭᠡ ᠭᠦᠢᠴᠡᠳ ᠵᠥᠪᠯᠡᠬᠦ ᠬᠡᠷᠡᠭᠲᠡᠶ︔ ᠰᠠᠨᠠᠯ ᠨᠢᠭᠡᠳᠬᠦ ᠦᠭᠡᠢ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠮᠠᠷᠭᠤᠭᠠᠨ ᠲᠠᠢ ᠪᠠᠶᠢᠬᠤ ᠭᠤᠣᠯ ᠠᠰᠠᠭᠤᠳᠠᠯ᠂ ᠬᠤᠯᠪᠣᠭᠳᠠᠯ ᠪᠦᠬᠦᠢ ᠨᠢᠭᠡᠴᠢ ᠶᠢᠨ ᠰᠠᠨᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠶᠢᠨ ᠰᠠᠨᠠᠯ᠂ ᠰᠢᠯᠲᠠᠭᠠᠨ ᠪᠠ ᠦᠨᠳᠦᠰᠦᠯᠡᠯ ᠢᠶᠠᠨ ᠲᠣᠳᠤᠷᠬᠠᠶᠢᠯᠠᠵᠤ ᠦᠭᠭᠦ ᠬᠡᠷᠡᠭᠲᠡᠢ᠃      ᠭᠤᠷᠪᠠᠳᠤᠭᠠᠷ ᠪᠦᠯᠦᠭ  ᠣᠯᠠᠨ ᠨᠡᠶᠢᠲᠡ ᠶᠢᠨ ᠬᠢᠨ ᠣᠷᠣᠯᠴᠠᠬᠤ      ᠠᠷᠪᠠᠨ ᠲᠠᠪᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠨᠢ ᠨᠡᠶᠢᠭᠡᠮ ᠨᠡᠶᠢᠲᠡ ᠶᠢᠨ ᠬᠢᠨ ᠤ ᠣᠷᠣᠯᠴᠠᠬᠤ ᠳᠤ ᠲᠥᠬᠦᠮ ᠠᠷᠭ᠎ᠠ ᠮᠠᠶ᠋ᠢᠭ ᠢᠶᠠᠷ ᠰᠠᠨᠠᠯ ᠭᠦᠢᠴᠡᠳ ᠰᠣᠨᠣᠰᠬᠤ ᠬᠡᠷᠡᠭᠲᠡᠢ᠂ ᠡᠭᠦᠨ ᠳᠤ ᠬᠠᠤᠯᠢ ᠶᠣᠰᠣᠭᠠᠷ ᠢᠯᠡ ᠪᠣᠯᠭᠠᠬᠤ ᠦᠭᠡᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠪᠠᠭᠲᠠᠬᠤ ᠥᠬᠡᠶ᠃      ᠰᠠᠨᠠᠯ ᠰᠣᠨᠣᠰᠬᠤ ᠳᠤ ᠪᠠᠨ ᠰᠠᠭᠤᠳᠠᠯ ᠤᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠢ ᠶᠢᠨ ᠭᠠᠵᠠᠷ ᠢᠶᠠᠷ ᠨᠢ ᠠᠰᠠᠭᠤᠨ ᠰᠤᠷᠪᠤᠯᠵᠢᠯᠠᠬᠤ᠂ ᠪᠢᠴᠢᠭ ᠢᠶᠠᠷ ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠨ ᠣᠢᠯᠠᠭᠠᠬᠤ᠂ ᠠᠷᠠᠳ ᠤᠨ ᠰᠠᠨᠠᠭ᠎ᠠ ᠶᠢ ᠣᠶᠢᠯᠠᠭᠠᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠵᠦ ᠪᠣᠯᠤᠨ᠎ᠠ᠃      ᠠᠷᠪᠠᠨ ᠵᠢᠷᠭᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠨᠡᠶᠢᠭᠡᠮ ᠠᠴᠠ ᠢᠯᠡ ᠪᠠᠷ ᠰᠠᠨᠠᠯ ᠬᠤᠷᠢᠶᠠᠭᠰᠠᠨ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠢᠴᠢ ᠰᠣᠨᠢᠨ ᠰᠡᠳᠬᠦᠯ᠂ ᠷᠠᠳᠢᠤ᠋ ᠨᠡᠪᠲᠡᠷᠡᠭᠦᠯᠭᠡ᠂ ᠲᠧᠯᠸᠢᠰ ᠵᠡᠷᠭᠡ ᠨᠡᠶᠢᠭᠡᠮ ᠨᠡᠶᠢᠲᠡ ᠶᠢᠨ ᠬᠢᠨ ᠤ ᠣᠶᠢᠯᠠᠭᠠᠵᠤ ᠮᠡᠳᠡᠬᠦ ᠳᠤ ᠳᠥᠭᠦᠮ ᠠᠷᠭ᠎ᠠ ᠵᠠᠮ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠵᠢᠴᠢ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠨᠡᠶᠢᠲᠡᠯᠡᠵᠦ᠂ ᠰᠠᠨᠠᠯ ᠢᠶᠠᠨ ᠳᠤᠷᠠᠳᠬᠤ ᠠᠷᠭ᠎ᠠ ᠬᠡᠯᠪᠡᠷᠢ ᠪᠠ ᠴᠠᠭ ᠬᠢᠵᠠᠭᠠᠷ ᠢᠶᠠᠨ ᠲᠣᠳᠣᠷᠬᠠᠶ ᠳᠤᠷᠠᠳᠬᠤ ᠬᠡᠷᠡᠭᠲᠡᠶ᠃ ᠢᠯᠡ ᠪᠠᠷ ᠰᠠᠨᠠᠯ ᠬᠤᠷᠢᠶᠠᠬᠤ ᠴᠠᠭ ᠬᠢᠵᠠᠭᠠᠷ ᠢ ᠡᠩ ᠤᠨ ᠪᠠᠶᠢᠳᠠᠯ ᠳᠤ ᠭᠤᠴᠢᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ︔ ᠪᠠᠶᠢᠳᠠᠯ ᠪᠠᠴᠢᠮ ᠵᠡᠷᠭᠡ ᠰᠢᠯᠲᠠᠭᠠᠨ ᠠᠴᠠ ᠪᠣᠯᠵᠤ ᠴᠠᠭ ᠬᠢᠵᠠᠭᠠᠷ ᠢ ᠨᠢ ᠪᠣᠭᠤᠨᠢᠰᠬᠠᠬᠤ ᠴᠢᠬᠤᠯᠠ ᠲᠠᠢ ᠪᠣᠯ᠂ ᠢᠯᠡ ᠪᠠᠷ ᠰᠠᠨᠠᠯ ᠬᠤᠷᠢᠶᠠᠬᠤ ᠳᠤ ᠪᠠᠨ ᠲᠣᠳᠤᠷᠬᠠᠶᠢᠯᠠᠵᠤ ᠥᠭᠬᠦ ᠬᠡᠷᠡᠭᠲᠡᠶ᠃      ᠨᠡᠶᠢᠭᠡᠮ ᠨᠡᠶᠢᠲᠡ ᠶᠢᠨ ᠬᠢᠨ ᠤ ᠨᠡᠶᠢᠳᠡᠮ ᠠᠩᠬᠠᠷᠤᠨ ᠬᠠᠯᠠᠮᠵᠢᠯᠠᠵᠤ ᠪᠠᠶᠢᠭ᠎ᠠ ᠪᠤᠶᠤ ᠲᠤᠰᠬᠠᠶ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠠᠶᠢᠭ᠎ᠠ ᠠᠰᠠᠭᠤᠳᠠᠯ ᠳᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠨᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ᠂ ᠲᠤᠰᠬᠠᠶ ᠮᠡᠷᠭᠡᠵᠢᠯᠲᠡᠨ ᠢ ᠰᠣᠷᠪᠣᠯᠵᠢᠯᠠᠵᠣ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠲᠠᠶᠢᠯᠪᠤᠷᠢᠯᠠᠨ ᠲᠣᠳᠣᠷᠬᠠᠶᠢᠯᠠᠵᠤ ᠪᠣᠯᠤᠨ᠎ᠠ᠃      ᠠᠷᠪᠠᠨ ᠳᠣᠯᠣᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠠᠷᠠᠳ ᠤᠨ ᠰᠠᠨᠠᠭ᠎ᠠ ᠶᠢ ᠣᠶᠢᠯᠠᠭᠠᠬᠤ ᠠᠷᠭ᠎ᠠ ᠮᠠᠶ᠋ᠢᠭ ᠢᠶᠠᠷ ᠰᠠᠨᠠᠯ ᠰᠤᠨᠤᠰᠬᠤ ᠳᠤ ᠪᠠᠨ᠂ ᠥᠪᠡᠰᠦᠪᠡᠨ ᠪᠤᠶᠤ ᠠᠰᠢᠭ ᠬᠤᠣᠷ ᠤᠨ ᠬᠠᠷᠢᠴᠠᠭ᠎ᠠ ᠦᠭᠡᠶ ᠭᠤᠷᠪᠠᠳᠠᠬᠢ ᠡᠲᠡᠭᠡᠳ ᠲᠤ ᠨᠠᠶᠢᠳᠠᠵᠤ ᠪᠣᠯᠤᠨ᠎ᠠ᠃      ᠠᠷᠠᠳ ᠤᠨ ᠰᠠᠨᠠᠭ᠎ᠠ ᠶᠢ ᠣᠶᠢᠯᠠᠭᠠᠬᠤ ᠳᠤ ᠪᠠᠨ ᠰᠦᠯᠵᠢᠶ᠎ᠡ᠂ ᠬᠠᠷᠢᠯᠴᠠᠬᠤ ᠤᠲᠠᠰᠤ᠂ ᠨᠢᠭᠤᠷᠲᠠᠨ ᠠᠰᠠᠭᠤᠬᠤ ᠵᠡᠷᠭᠡ ᠠᠷᠭ᠎ᠠ ᠮᠠᠶ᠋ᠢᠭ ᠢ ᠠᠪᠴᠣ ᠪᠣᠯᠤᠨ᠎ᠠ᠃ ᠠᠷᠠᠳ ᠤᠨ ᠰᠠᠨᠠᠭ᠎ᠠ ᠶᠢ ᠣᠶᠢᠯᠠᠭᠠᠬᠤ ᠠᠭᠤᠯᠭ᠎ᠠ ᠨᠢ ᠲᠣᠪᠴᠢ ᠠᠪᠰᠠᠷᠬᠠᠨ᠂ ᠲᠣᠳᠣᠷᠬᠠᠢ ᠣᠶᠢᠯᠠᠭᠠᠮᠵᠢᠲᠠᠢ ᠪᠠᠶᠢᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠠᠭᠤᠯᠭ᠎ᠠ ᠪᠠ ᠬᠡᠷᠡᠭᠴᠡᠭᠡ ᠶᠢ ᠦᠨᠳᠦᠰᠦᠯᠡᠨ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠬᠤᠯᠪᠣᠭᠳᠠᠯ ᠪᠦᠬᠦᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠬᠤ ᠬᠡᠷᠡᠭᠲᠡᠢ᠃      ᠠᠷᠪᠠ ᠶᠢᠰᠦᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠣᠨᠴᠠᠭᠠᠢ ᠪᠦᠯᠬᠦᠮ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠬᠠᠮᠢᠶ᠎ᠠ ᠪᠦᠬᠦᠢ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠣᠯᠠᠨ ᠲᠦᠮᠡᠨ ᠤ ᠲᠥᠯᠥᠭᠡᠯᠡᠭᠴᠢᠳ ᠲᠠᠢ ᠨᠡᠪᠲᠡᠷᠡᠯᠴᠡᠨ ᠵᠥᠪᠯᠡᠵᠦ᠂ ᠬᠠᠮᠢᠶ᠎ᠠ ᠪᠦᠬᠦᠢ ᠪᠦᠯᠬᠦᠮ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠭᠦᠢᠴᠡᠳ ᠰᠣᠨᠣᠰᠬᠤ ᠬᠡᠷᠡᠭᠲᠡᠶ᠃      ᠬᠤᠷᠢᠳᠤᠭᠠᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠨᠢ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠭᠰᠠᠨ ᠪᠤᠶᠤ ᠨᠡᠯᠢᠶᠡᠳ ᠶᠡᠭᠡ ᠵᠥᠷᠢᠯᠳᠦᠭᠡᠨ ᠲᠠᠢ ᠪᠠᠶᠢᠪᠠᠯ᠂ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠵᠤ ᠪᠣᠯᠤᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠳᠤ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠲᠤᠬᠠᠢ ᠠᠰᠲᠠᠭᠠᠨ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃      ᠭᠡᠷᠡᠴᠢᠯᠡᠭᠡ ᠰᠣᠨᠣᠰᠬᠤ ᠬᠤᠷᠠᠯ ᠢ ᠢᠯᠡ ᠪᠠᠷ ᠬᠤᠷᠠᠯᠳᠤᠭᠤᠯᠵᠤ᠂ ᠰᠤᠯᠠ ᠰᠣᠨᠣᠰᠬᠤ ᠪᠠ ᠰᠣᠨᠢᠨ ᠮᠡᠳᠡᠭᠡ ᠪᠠᠷ ᠮᠡᠳᠡᠭᠡᠯᠡᠬᠦ ᠶᠢ ᠵᠥᠪᠰᠢᠶᠡᠷᠡᠬᠦ ᠬᠡᠷᠡᠭᠲᠡᠢ᠂ ᠭᠡᠪᠡᠴᠦ ᠡᠭᠦᠨ ᠳᠤ ᠬᠠᠤᠯᠢ ᠶᠣᠰᠣᠭᠠᠷ ᠢᠯᠡ ᠪᠣᠯᠭᠠᠵᠤ ᠪᠣᠯᠬᠤ ᠦᠭᠡᠢ ᠨᠢ ᠪᠠᠭᠲᠠᠬᠤ ᠦᠭᠡᠢ᠃      ᠬᠤᠷᠢᠨ ᠨᠢᠭᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠪᠤᠶᠤ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠬᠤ ᠪᠤᠰᠤᠳ ᠨᠢᠭᠡᠴᠢ ᠨᠢ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠠᠯᠪᠠᠨ ᠵᠠᠷ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠵᠢᠴᠢ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢᠶᠠᠨ ᠤᠷᠢᠳᠴᠢᠯᠠᠨ ᠨᠡᠶᠢᠲᠡᠯᠡᠬᠦ ᠬᠡᠷᠡᠭᠲᠡᠶ᠃ ᠠᠯᠪᠠᠨ ᠵᠠᠷ ᠲᠤ ᠳᠣᠣᠷᠠᠬᠢ ᠠᠭᠤᠯᠭ᠎ᠠ ᠪᠠᠭᠲᠠᠭᠰᠠᠨ ᠪᠠᠶᠢᠬᠤ ᠬᠡᠷᠡᠭᠲᠡᠢ᠄      ︵ᠨᠢᠭᠡ︶ ᠭᠡᠷᠡᠴᠢᠯᠡᠭᠡ ᠰᠣᠨᠣᠰᠬᠤ ᠬᠤᠷᠠᠯ ᠤᠨ ᠴᠠᠭ᠂ ᠭᠠᠵᠠᠷ︔      ︵ᠬᠤᠶᠠᠷ︶ ᠭᠡᠷᠡᠴᠢᠯᠡᠭᠡ ᠰᠣᠨᠣᠰᠬᠤ ᠠᠭᠤᠯᠭ᠎ᠠ︔      ︵ᠭᠤᠷᠪᠠ︶ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠤᠨ ᠲᠤᠭ᠎ᠠ ᠪᠠ ᠲᠣᠭᠳᠠᠭᠠᠭᠰᠠᠨ ᠠᠷᠭ᠎ᠠ︔      ︵ᠲᠦᠷᠪᠡ︶ ᠭᠡᠷᠡᠴᠢᠯᠡᠭᠡ ᠰᠣᠨᠣᠰᠬᠤ ᠬᠤᠷᠠᠯ ᠳᠤ ᠨᠡᠷ᠎ᠡ ᠮᠡᠳᠡᠭᠦᠯᠬᠦ ᠠᠷᠭ᠎ᠠ ᠪᠠ ᠬᠠᠷᠢᠯᠴᠠᠬᠤ ᠬᠡᠯᠪᠡᠷᠢ︔      ︵ᠲᠠᠪᠤ︶ ᠪᠤᠰᠤᠳ ᠬᠤᠯᠪᠣᠭᠳᠠᠯ ᠪᠦᠬᠦᠢ ᠵᠦᠢᠯᠡᠰ᠃      ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠢ ᠰᠢᠯᠢᠨ ᠰᠣᠩᠭᠤᠬᠤ ᠴᠢᠬᠤᠯᠠᠲᠠᠢ ᠪᠣᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠪᠤᠶᠤ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠬᠤ ᠪᠤᠰᠤᠳ ᠨᠢᠭᠡᠴᠢ ᠨᠢ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠢ ᠰᠢᠯᠢᠨ ᠰᠣᠩᠭᠤᠬᠤ ᠠᠷᠭ᠎ᠠ ᠪᠠᠨ ᠤᠷᠢᠳᠴᠢᠯᠠᠨ ᠨᠡᠶᠢᠲᠡᠯᠡᠵᠦ᠂ ᠰᠢᠯᠢᠨ ᠰᠣᠩᠭᠤᠬᠤ ᠪᠠᠨ ᠲᠥᠪ ᠭᠤᠣᠯᠴᠢ ᠪᠠᠷ ᠢᠯᠡ ᠪᠠᠷ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠡᠯ᠎ᠡ ᠲᠠᠯ᠎ᠠ ᠶᠢᠨ ᠬᠢᠨ ᠴᠥᠮ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠲᠥᠯᠥᠭᠡᠯᠡᠭᠴᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠤᠨ ᠨᠡᠷᠡᠰ ᠢ ᠨᠡᠶᠢᠭᠡᠮ ᠳᠤ ᠤᠷᠢᠳᠴᠢᠯᠠᠨ ᠨᠡᠶᠢᠲᠡᠯᠡᠬᠦ ᠬᠡᠷᠡᠭᠲᠡᠶ᠃      ᠭᠡᠷᠡᠴᠢᠯᠡᠭᠡ ᠰᠣᠨᠣᠰᠬᠤ ᠬᠤᠷᠠᠯ ᠤᠨ ᠮᠠᠲ᠋ᠧᠷᠢᠶᠠᠯ ᠢᠶᠠᠨ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠠᠴᠠ ᠳᠣᠯᠣᠭᠠᠨ ᠡᠳᠦᠷ ᠤᠨ ᠡᠮᠦᠨ᠎ᠡ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠲᠤ ᠬᠦᠷᠭᠡᠵᠦ ᠥᠭᠭᠦᠭᠰᠡᠨ ᠪᠠᠶᠢᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠭᠡᠷᠡᠴᠢᠯᠡᠭᠡ ᠰᠣᠨᠣᠰᠬᠤ ᠬᠤᠷᠠᠯ ᠢ ᠳᠣᠣᠷ᠎ᠠ ᠵᠢᠭᠰᠠᠭᠠᠭᠰᠠᠨ ᠳᠡᠰ ᠳᠠᠷᠠᠭᠠᠯᠠᠯ ᠶᠣᠰᠣᠭᠠᠷ ᠢᠯᠡ ᠪᠠᠷ ᠬᠤᠷᠠᠯᠳᠤᠭᠤᠯᠬᠤ ᠬᠡᠷᠡᠭᠲᠡᠢ᠄      ︵ᠨᠢᠭᠡ︶ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ᠂ ᠦᠨᠳᠦᠰᠦᠯᠡᠯ ᠪᠠ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠨ᠎ᠠ︔      ︵ᠬᠤᠶᠠᠷ︶ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠰᠠᠨᠠᠯ ᠢᠶᠠᠨ ᠶᠠᠷᠢᠵᠤ᠂ ᠯᠠᠪᠯᠠᠨ ᠠᠰᠠᠭᠤᠬᠤ᠂ ᠲᠤᠯᠭᠠᠨ ᠭᠡᠷᠡᠴᠢᠯᠡᠬᠦ ᠪᠠ ᠮᠠᠷᠭᠤᠵᠤ ᠶᠠᠷᠢᠯᠴᠠᠨ᠎ᠠ᠂ ᠴᠢᠬᠤᠯᠠ ᠲᠠᠢ ᠦᠶ᠎ᠡ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠪᠤᠶᠤ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠲᠠᠶᠢᠯᠪᠤᠷᠢᠯᠠᠨ ᠲᠣᠳᠣᠷᠬᠠᠶᠢᠯᠠᠵᠤ ᠪᠣᠯᠤᠨ᠎ᠠ︔      ︵ᠭᠤᠷᠪᠠ︶ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠭᠡᠷᠡᠴᠢᠯᠡᠭᠡ ᠰᠣᠨᠣᠰᠤᠭᠰᠠᠨ ᠬᠤᠷᠠᠯ ᠤᠨ ᠲᠡᠮᠳᠡᠭᠯᠡᠯ ᠢ ᠨᠤᠲᠠᠯᠠᠬᠤ ᠶᠢᠨ ᠬᠠᠮᠲᠤ ᠭᠠᠷ ᠤᠨ ᠦᠰᠦᠭ ᠵᠢᠷᠤᠨ᠎ᠠ᠃      ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠰᠢᠢᠳᠪᠦᠷᠢᠲᠦ ᠪᠤᠳᠤᠯᠭ᠎ᠠ ᠲᠣᠭᠲᠠᠭᠠᠬᠤ ᠡᠬᠡ ᠲᠥᠰᠦᠯ ᠢ ᠠᠰᠲᠠᠭᠠᠨ ᠪᠢᠴᠢᠭ ᠢᠶᠠᠷ ᠳᠤᠷᠠᠳᠤᠭᠰᠠᠨ ᠪᠠᠶᠢᠪᠠᠯ᠂ ᠦᠨᠳᠦᠰᠦᠯᠡᠯ ᠪᠠ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠤᠭᠰᠠᠨ ᠨᠢᠭᠡᠴᠢ ᠨᠢ ᠭᠡᠷᠡᠴᠢᠯᠡᠭᠡ ᠰᠣᠨᠣᠰᠬᠤ ᠬᠤᠷᠠᠯ ᠤᠨ ᠲᠡᠮᠳᠡᠭᠯᠡᠯ ᠢ ᠦᠨᠳᠦᠰᠦᠯᠡᠨ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠪᠢᠴᠢᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃      ᠳᠥᠷᠪᠡᠳᠦᠭᠡᠷ ᠪᠦᠯᠦᠭ  ᠲᠤᠰᠬᠠᠢ ᠮᠡᠷᠭᠡᠵᠢᠯᠲᠡᠨ ᠤ ᠨᠤᠲᠠᠯᠠᠯᠲᠠ      ᠬᠤᠷᠢᠨ ᠳᠥᠷᠪᠡᠳᠦᠭᠡᠷ ᠵᠦᠢᠯ ᠲᠤᠰᠬᠠᠶ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠲᠡᠭᠦᠨ ᠤ ᠴᠢᠬᠤᠯᠠ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠵᠡᠷᠭᠡ ᠶᠢ ᠨᠢ ᠨᠤᠲᠠᠯᠠᠬᠤ ᠶᠢᠨ ᠬᠠᠮᠲᠤ᠂ ᠴᠢᠬᠤᠯᠠ ᠪᠦᠬᠦᠢ ᠪᠠᠲᠤᠯᠠᠭ᠎ᠠ ᠬᠠᠩᠭᠠᠬᠤ ᠬᠡᠷᠡᠭᠲᠡᠶ᠃      ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠨᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠳᠤ ᠨᠤᠲᠠᠯᠠᠬᠤ ᠬᠤᠷᠠᠯ᠂ ᠪᠢᠴᠢᠭ ᠢᠶᠠᠷ ᠠᠰᠠᠭᠤᠵᠤ ᠯᠠᠪᠯᠠᠬᠤ᠂ ᠨᠠᠶᠢᠳᠠᠨ ᠯᠠᠪᠯᠠᠵᠤ ᠨᠤᠲᠠᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠣᠯᠤᠨ᠎ᠠ᠃      ᠬᠤᠷᠢᠨ ᠲᠠᠪᠤᠳᠤᠭᠠᠷ ᠵᠦᠢᠯ ᠲᠤᠰᠬᠠᠢ ᠮᠡᠷᠭᠡᠵᠢᠯᠲᠡᠨ᠂ ᠲᠤᠰᠬᠠᠢ ᠪᠠᠶᠢᠭᠤᠯᠤᠮᠵᠢ ᠶᠢ ᠰᠣᠩᠭᠤᠵᠤ ᠨᠤᠲᠠᠯᠠᠯᠲᠠ ᠳᠤ ᠣᠷᠣᠯᠴᠠᠭᠤᠯᠬᠤ ᠳᠤ ᠪᠠᠨ ᠲᠤᠰᠬᠠᠢ ᠴᠢᠨᠠᠷ᠂ ᠲᠥᠯᠥᠭᠡᠯᠡᠬᠦ ᠴᠢᠨᠠᠷ ᠪᠠ ᠬᠡᠪ ᠢᠶᠠᠨ ᠰᠠᠬᠢᠬᠤ ᠴᠢᠨᠠᠷ ᠢ ᠪᠠᠷᠢᠮᠲᠠᠯᠠᠵᠤ᠂ ᠠᠳᠠᠯᠢ ᠪᠤᠰᠤ ᠰᠠᠨᠠᠯ ᠲᠠᠢ ᠪᠠᠶᠢᠬᠤ ᠲᠤᠰᠬᠠᠢ ᠮᠡᠷᠭᠡᠵᠢᠯᠲᠡᠨ᠂ ᠲᠤᠰᠬᠠᠢ ᠪᠠᠶᠢᠭᠤᠯᠤᠮᠵᠢ ᠶᠢ ᠰᠣᠩᠭᠤᠨ ᠣᠷᠣᠯᠴᠠᠭᠤᠯᠬᠤ ᠶᠢ ᠠᠩᠬᠠᠷᠤᠨ ᠴᠢᠬᠤᠯᠠᠴᠢᠯᠠᠵᠣ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠲᠠᠢ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠲᠤᠰᠬᠠᠢ ᠮᠡᠷᠭᠡᠵᠢᠯᠲᠡᠨ᠂ ᠲᠤᠰᠬᠠᠢ ᠪᠠᠶᠢᠭᠤᠯᠤᠮᠵᠢ ᠶᠢ ᠰᠣᠩᠭᠤᠵᠤ ᠪᠣᠯᠬᠤ ᠦᠭᠡᠢ᠃      ᠬᠤᠷᠢᠨ ᠵᠢᠷᠭᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠰᠢᠨᠵᠢ ᠴᠢᠨᠠᠷ᠂ ᠠᠭᠤᠯᠭ᠎ᠠ᠂ ᠪᠣᠳᠣᠯᠢᠶᠠᠨᠳᠠᠢ ᠪᠠᠶᠢᠳᠠᠯ᠂ ᠴᠠᠭ ᠤᠨ ᠱᠠᠭᠠᠷᠳᠠᠯᠭ᠎ᠠ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ ᠳᠤ ᠡᠩ ᠤᠨ ᠪᠠᠶᠢᠳᠠᠯ ᠳᠤ ᠳᠣᠯᠣᠭᠠᠨ ᠠᠵᠢᠯᠯᠠᠬᠤ ᠡᠳᠦᠷ ᠠᠴᠠ ᠳᠤᠲᠠᠭᠤ ᠪᠢᠰᠢ ᠰᠣᠳᠣᠯᠬᠤ ᠴᠠᠭ ᠦᠭᠭᠦ ᠬᠡᠷᠩᠳᠠᠢ᠃      ᠬᠤᠷᠢᠨ ᠳᠣᠯᠣᠳᠤᠭᠠᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠨᠤᠲᠠᠯᠠᠬᠤ ᠳᠤ ᠣᠷᠣᠯᠴᠠᠬᠤ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ ᠨᠢ ᠨᠤᠲᠠᠯᠠᠬᠤ ᠠᠵᠢᠯ ᠢ ᠪᠡᠶ᠎ᠡ ᠪᠠᠨ ᠳᠠᠭᠠᠭᠠᠨ ᠥᠷᠨᠢᠭᠦᠯᠵᠦ᠂ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠡᠷᠢᠵᠣ ᠦᠵᠡᠬᠦ᠂ ᠬᠠᠮᠢᠶ᠎ᠠ ᠪᠦᠬᠦᠢ ᠬᠤᠷᠠᠯ ᠳᠤ ᠰᠤᠯᠠ ᠣᠷᠣᠯᠴᠠᠬᠤ᠂ ᠬᠠᠮᠢᠶ᠎ᠠ ᠪᠦᠬᠦᠢ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠬᠤ ᠵᠡᠷᠭᠡ ᠡᠷᠬᠡ ᠲᠠᠢ ᠪᠠᠶᠢᠵᠤ᠂ ᠨᠢᠭᠤᠴᠠ ᠶᠢ ᠬᠠᠮᠠᠭᠠᠯᠠᠬᠤ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ᠂ ᠳᠤᠷᠠᠳᠤᠭᠰᠠᠨ ᠨᠤᠲᠠᠯᠠᠬᠤ ᠰᠠᠨᠠᠯ ᠳᠤ ᠪᠠᠨ ᠬᠠᠷᠢᠭᠤᠴᠠᠬᠤ ᠬᠡᠷᠡᠭᠲᠡᠶ᠃      ᠬᠤᠷᠢᠨ ᠨᠠᠶᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠠᠰᠠᠭᠤᠨ ᠯᠠᠪᠯᠠᠵᠤ ᠨᠤᠲᠠᠯᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠤᠨ᠂ ᠲᠤᠰᠬᠠᠶ ᠮᠡᠷᠭᠡᠵᠢᠯᠲᠡᠨ ᠤ ᠦᠨᠡᠨᠴᠢ ᠢᠲᠡᠭᠡᠮᠵᠢ ᠶᠢᠨ ᠰᠢᠯᠭᠠᠨ ᠬᠢᠨᠠᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃      ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠡᠷᠡᠭᠴᠡᠭᠡ ᠪᠠᠨ ᠦᠨᠳᠦᠰᠦᠯᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠠᠰᠠᠭᠤᠨ ᠯᠠᠪᠯᠠᠵᠤ ᠨᠤᠲᠠᠯᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠵᠤ ᠪᠣᠯᠤᠨ᠎ᠠ᠃      ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠵᠢᠯ ᠤᠨ ᠠᠰᠠᠭᠤᠨ ᠯᠠᠪᠯᠠᠵᠤ ᠨᠤᠲᠠᠯᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠤᠭᠰᠠᠨ ᠦᠭᠡᠢ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠬᠡᠷᠡᠭᠯᠡᠵᠦ ᠪᠣᠯᠤᠨ᠎ᠠ᠃      ᠲᠠᠪᠤᠳᠤᠭᠠᠷ ᠪᠦᠯᠦᠭ  ᠲᠦᠭᠰᠢᠭᠦᠷᠢ ᠶᠢ ᠦᠨᠡᠯᠡᠨ ᠵᠢᠱᠢᠬᠦ      ᠬᠤᠷᠢ ᠶᠢᠰᠦᠳᠦᠭᠡᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢ ᠨᠡᠶᠢᠭᠡᠮ ᠤᠨ ᠲᠣᠭᠲᠠᠭᠤᠨ᠂ ᠠᠮᠢ ᠠᠬᠤᠶ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠦᠭᠡᠶ ᠨᠥᠯᠥᠭᠡ ᠭᠠᠷᠭᠠᠬᠤ ᠪᠤᠯᠤᠮᠵᠢ ᠲᠠᠢ ᠪᠣᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠪᠤᠶᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ ᠪᠠᠶᠢᠭ᠎ᠠ ᠪᠤᠰᠤᠳ ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠤᠨ ᠲᠦᠭᠰᠢᠭᠦᠷᠢ ᠶᠢ ᠡᠵᠡᠮᠳᠡᠵᠦ ᠪᠣᠯᠬᠤᠶᠢᠴᠠ ᠴᠢᠨᠠᠷ ᠲᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃      ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠦᠭᠰᠢᠭᠦᠷᠢ ᠶᠢ ᠨᠢᠭᠡᠨᠲᠡ ᠦᠨᠡᠯᠡᠭᠰᠡᠨ᠂ ᠦᠨᠡᠯᠡᠨ ᠵᠢᠱᠢᠭᠰᠡᠨ ᠪᠠᠶᠢᠪᠠᠯ᠂ ᠲᠡᠭᠦᠨ ᠢ ᠲᠠᠬᠢᠵᠤ ᠦᠨᠡᠯᠡᠨ ᠵᠢᠱᠢᠬᠦ ᠦᠭᠡᠢ᠃      ᠲᠦᠭᠰᠢᠭᠦᠷᠢ ᠶᠢᠨ ᠦᠨᠡᠯᠡᠨ ᠵᠢᠱᠢᠬᠦ ᠠᠵᠢᠯ ᠢ ᠥᠷᠨᠢᠭᠦᠯᠬᠦ ᠳᠤ᠂ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠭᠤᠷᠪᠠᠳᠠᠬᠢ ᠡᠲᠡᠭᠡᠳ ᠲᠤ ᠨᠠᠶᠢᠳᠠᠨ ᠬᠢᠯᠭᠡᠵᠦ ᠪᠣᠯᠤᠨ᠎ᠠ᠃      ᠲᠦᠭᠰᠢᠭᠦᠷᠢ ᠶᠢᠨ ᠦᠨᠡᠯᠡᠨ ᠵᠢᠱᠢᠬᠦ ᠠᠵᠢᠯ ᠢ ᠣᠯᠠᠨ ᠨᠡᠶᠢᠲᠡ ᠶᠢᠨ ᠣᠷᠣᠯᠴᠠᠯᠭ᠎ᠠ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠵᠡᠷᠭᠡ ᠠᠵᠢᠯ ᠲᠠᠢ ᠤᠶᠠᠯᠳᠤᠭᠤᠯᠤᠨ ᠵᠡᠷᠭᠡ ᠳᠤ ᠨᠢ ᠵᠣᠬᠢᠶᠠᠨ ᠪᠠᠶᠢᠭᠤᠯᠵᠤ ᠪᠣᠯᠤᠨ᠎ᠠ᠃      ᠭᠤᠴᠢᠳᠤᠭᠠᠷ ᠵᠦᠢᠯ ᠲᠦᠭᠰᠢᠭᠦᠷᠢ ᠶᠢᠨ ᠦᠨᠡᠯᠡᠨ ᠵᠢᠱᠢᠬᠦ ᠠᠵᠢᠯ ᠢ ᠳᠣᠣᠷᠠᠬᠢ ᠳᠡᠰ ᠳᠠᠷᠠᠭᠠᠯᠠᠯ ᠶᠣᠰᠣᠭᠠᠷ ᠬᠢᠬᠦ ᠬᠡᠷᠡᠭᠲᠡᠶ᠄      ︵ᠨᠢᠭᠡ︶ ᠦᠨᠡᠯᠡᠨ ᠵᠢᠱᠢᠬᠦ ᠠᠵᠢᠯ ᠤᠨ ᠲᠥᠰᠦᠯ ᠢ ᠲᠣᠭᠲᠠᠭᠠᠨ᠎ᠠ᠃ ᠦᠨᠡᠯᠡᠨ ᠵᠢᠱᠢᠬᠦ ᠠᠵᠢᠯ ᠤᠨ ᠲᠥᠰᠦᠯ ᠳᠤ ᠦᠨᠡᠯᠡᠨ ᠵᠢᠱᠢᠬᠦ ᠵᠣᠷᠢᠯᠭ᠎ᠠ᠂ ᠦᠨᠡᠯᠡᠨ ᠵᠢᠱᠢᠭᠦᠯᠬᠦ ᠡᠲᠡᠭᠡᠳ ᠬᠢᠭᠡᠳ ᠠᠭᠤᠯᠭ᠎ᠠ᠂ ᠦᠨᠡᠯᠡᠨ ᠵᠢᠱᠢᠬᠦ ᠪᠠᠷᠢᠮᠵᠢᠶ᠎ᠠ᠂ ᠦᠨᠡᠯᠡᠨ ᠵᠢᠱᠢᠬᠦ ᠠᠯᠬᠤᠮ ᠬᠢᠭᠡᠳ ᠠᠷᠭ᠎ᠠ ᠵᠡᠷᠭᠡ ᠶᠢ ᠲᠣᠳᠣᠷᠬᠠᠶ ᠲᠣᠭᠲᠠᠭᠠᠬᠤ ᠬᠡᠷᠡᠭᠲᠡᠶ︔      ︵ᠬᠤᠶᠠᠷ︶ ᠲᠦᠭᠰᠢᠭᠦᠷᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠢᠯᠡ ᠨᠡᠶᠢᠲᠡᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠮᠥᠷᠳᠡᠬᠦ᠂ ᠵᠥᠪᠳᠡᠯᠴᠡᠨ ᠵᠠᠳᠠᠯᠬᠤ᠂ ᠶᠠᠷᠢᠯᠴᠠᠨ ᠯᠠᠪᠯᠠᠬᠤ᠂ ᠠᠰᠠᠭᠤᠯᠲᠠ ᠶᠢᠨ ᠬᠠᠭᠤᠳᠠᠰᠤ ᠪᠠᠷ ᠣᠶᠢᠯᠠᠭᠠᠬᠤ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠲᠣᠬᠠᠢ ᠣᠯᠠᠨ ᠨᠡᠶᠢᠲᠡ ᠶᠢᠨ ᠰᠠᠨᠠᠯ ᠢ ᠰᠣᠨᠣᠰᠴᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠵᠦᠢᠯᠡᠰ ᠢ ᠬᠡᠷᠩᠵᠢᠭᠦᠯᠭᠦ ᠨᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠵᠦ ᠮᠡᠳᠡᠬᠦ ᠨᠥᠯᠥᠭᠡ ᠶᠢ ᠣᠶᠢᠯᠠᠭᠠᠨ᠎ᠠ︔      ︵ᠭᠤᠷᠪᠠ︶ ᠲᠦᠭᠰᠢᠭᠦᠷᠢ ᠶᠢ ᠢᠯᠭᠠᠨ ᠲᠠᠨᠢᠨ᠎ᠠ᠃ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠬᠤᠷᠢᠶᠠᠩᠭᠤᠶᠢᠯᠠᠵᠤ ᠵᠠᠳᠠᠯᠤᠭᠰᠠᠨ ᠤ ᠰᠠᠭᠤᠷᠢᠨ ᠳᠡᠭᠡᠷ᠎ᠡ᠂ ᠴᠢᠨᠠᠷ ᠢ ᠨᠢ ᠵᠠᠳᠠᠯᠬᠤ ᠪᠠ ᠬᠡᠮᠵᠢᠶ᠎ᠡ ᠶᠢ ᠨᠢ ᠵᠠᠳᠠᠯᠬᠤ ᠵᠡᠷᠭᠡ ᠠᠷᠭ᠎ᠠ ᠶᠢ ᠬᠡᠷᠡᠭᠯᠡᠨ᠂ ᠰᠢᠢᠳᠪᠦᠷᠢᠲᠦ ᠪᠣᠳᠣᠯᠭ᠎ᠠ ᠶᠢ ᠬᠡᠷᠩᠵᠢᠭᠦᠯᠭᠦ ᠶᠢᠨ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠵᠦ᠂ ᠶᠡᠷᠦᠩᠬᠡᠶᠢᠯᠡᠨ ᠰᠤᠳᠤᠯᠵᠤ ᠮᠠᠭᠠᠳᠯᠠᠨ᠂ ᠲᠦᠭᠰᠢᠭᠦᠷᠢ ᠶᠢ ᠡᠵᠡᠮᠳᠡᠵᠦ ᠪᠣᠯᠬᠤ ᠪᠠᠶᠢᠳᠠᠯ ᠢ ᠲᠣᠭᠲᠠᠭᠠᠨ᠎ᠠ︔      ︵ᠳᠥᠷᠪᠡ︶ ᠲᠦᠭᠰᠢᠭᠦᠷᠢ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠨ᠎ᠠ᠃      ᠭᠤᠴᠢᠨ ᠨᠢᠭᠡᠳᠦᠭᠡᠷ ᠵᠦᠢᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄      ︵ᠨᠢᠭᠡ︶ ᠦᠨᠡᠯᠡᠨ ᠵᠢᠱᠢᠬᠦ ᠵᠦᠢᠯᠡᠰ ᠪᠠ ᠦᠨᠡᠯᠡᠨ ᠵᠢᠱᠢᠬᠦ ᠶᠠᠪᠤᠴᠠ︔      ︵ᠬᠤᠶᠠᠷ︶ ᠡᠯ᠎ᠡ ᠲᠠᠯ᠎ᠠ ᠶᠢᠨ ᠬᠢᠨ ᠤ ᠰᠠᠨᠠᠯ ᠵᠢᠴᠢ ᠰᠠᠨᠠᠯ ᠢ ᠬᠦᠯᠢᠶᠡᠨ ᠠᠪᠤᠭᠰᠠᠨ ᠪᠠᠶᠢᠳᠠᠯ︔      ︵ᠭᠤᠷᠪᠠ︶ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠡᠭᠦᠰᠴᠦ ᠮᠡᠳᠡᠬᠦ ᠨᠡᠶᠢᠭᠡᠮ ᠤᠨ ᠲᠣᠭᠲᠠᠭᠤᠨ᠂ ᠠᠮᠢ ᠠᠬᠤᠶ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠲᠦᠭᠰᠢᠭᠦᠷᠢ ᠶᠢᠨ ᠵᠦᠢᠯ︔      ︵ᠳᠥᠷᠪᠡ︶ ᠲᠦᠭᠰᠢᠭᠦᠷᠢ ᠶᠢ ᠦᠨᠡᠯᠡᠨ ᠵᠢᠱᠢᠭᠰᠡᠨ ᠳ᠋ᠦᠩᠨᠡᠯᠲᠡ︔      ︵ᠲᠠᠪᠤ︶ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠰᠢᠢᠳᠪᠦᠷᠢᠯᠡᠬᠦ ᠪᠡᠯᠡᠳᠬᠡᠯ ᠲᠥᠰᠦᠯ᠃      ᠭᠤᠴᠢᠨ ᠬᠤᠶᠠᠳᠤᠭᠠᠷ ᠵᠦᠢᠯ ᠲᠦᠭᠰᠢᠭᠦᠷᠢ ᠶᠢ ᠦᠨᠡᠯᠡᠨ ᠵᠢᠱᠢᠭᠰᠡᠨ ᠳ᠋ᠦᠩᠨᠡᠯᠲᠡ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠲᠦᠭᠰᠢᠭᠦᠷᠢ ᠶᠢ ᠡᠵᠡᠮᠳᠡᠵᠦ ᠪᠣᠯᠬᠤ ᠪᠠᠷ ᠦᠵᠡᠪᠡᠯ᠂ ᠰᠢᠢᠳᠪᠦᠷᠢᠲᠦ ᠪᠤᠳᠤᠯᠭ᠎ᠠ ᠲᠣᠭᠲᠠᠭᠠᠵᠤ ᠪᠣᠯᠤᠨ᠎ᠠ︔ ᠲᠦᠭᠰᠢᠭᠦᠷᠢ ᠶᠢ ᠡᠵᠡᠮᠳᠡᠵᠦ ᠪᠣᠯᠬᠤ ᠥᠬᠡᠶ ᠪᠠᠷ ᠦᠵᠡᠪᠡᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠳᠤ ᠲᠣᠬᠢᠷᠠᠭᠤᠯᠤᠯᠲᠠ ᠬᠢᠬᠦ ᠵᠡᠷᠭᠡ ᠠᠷᠭ᠎ᠠ ᠬᠡᠮᠵᠢᠶ᠎ᠡ ᠠᠪᠴᠤ ᠲᠦᠭᠰᠢᠭᠦᠷᠢ ᠶᠢ ᠡᠵᠡᠮᠳᠡᠵᠦ ᠪᠣᠯᠬᠤ ᠪᠠᠷ ᠦᠨᠡᠨ ᠬᠦ ᠪᠠᠲᠤᠯᠠᠭᠰᠠᠨ ᠤ ᠳᠠᠷᠠᠭ᠎ᠠ᠂ ᠰᠢᠢᠳᠪᠦᠷᠢᠲᠦ ᠪᠣᠳᠣᠯᠭ᠎ᠠ ᠲᠣᠭᠲᠠᠭᠠᠵᠤ ᠪᠣᠯᠤᠨ᠎ᠠ᠃      ᠵᠢᠷᠭᠤᠳᠤᠭᠠᠷ ᠪᠦᠯᠦᠭ  ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ      ᠭᠤᠴᠢᠨ ᠭᠤᠷᠪᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠶᠠᠷᠢᠯᠴᠠᠭᠤᠯᠬᠤ ᠪᠠᠷ ᠲᠡᠪᠰᠢᠭᠦᠯᠭᠦ ᠠᠴᠠ ᠡᠮᠦᠨ᠎ᠡ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠬᠤ ᠰᠠᠯᠠᠭ᠎ᠠ ᠮᠥᠴᠢᠷ ︵ᠳᠣᠷᠣᠭᠰᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠰᠠᠨᠠᠯ ᠬᠤᠷᠢᠶᠠᠬᠤ᠂ ᠬᠠᠮᠲᠤᠷᠠᠨ ᠭᠠᠷ ᠤᠨ ᠦᠰᠦᠭ ᠵᠢᠷᠤᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠦᠭᠡᠢ᠃      ᠰᠢᠢᠳᠪᠦᠷᠢᠲᠦ ᠪᠤᠳᠤᠯᠭ᠎ᠠ ᠲᠣᠭᠲᠠᠭᠠᠬᠤ ᠡᠬᠡ ᠲᠥᠰᠦᠯ ᠨᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠦᠭᠡᠢ ᠪᠤᠶᠤ ᠬᠢᠨᠠᠨ ᠪᠠᠶᠢᠴᠠᠭᠠᠭᠠᠳ ᠬᠠᠤᠯᠢ ᠶᠣᠰᠣᠨ ᠳᠤ ᠨᠡᠶᠢᠴᠡᠬᠦ ᠦᠭᠡᠢ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠶᠠᠷᠢᠯᠴᠠᠭᠤᠯᠬᠤ ᠪᠠᠷ ᠲᠡᠪᠰᠢᠭᠦᠯᠵᠣ ᠪᠣᠯᠬᠤ ᠦᠭᠡᠢ᠃ ᠤᠯᠤᠰ ᠠᠴᠠ ᠬᠠᠷᠠᠬᠠᠨ ᠲᠣᠳᠣᠷᠬᠠᠶ ᠲᠣᠭᠲᠠᠭᠠᠭᠠᠳᠤᠶ ᠰᠥᠪᠡᠭᠴᠢᠯᠡᠯᠲᠡ ᠶᠢᠨ ᠴᠢᠨᠠᠷᠲᠠᠶ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ᠂ ᠬᠠᠤᠯᠢ ᠴᠠᠭᠠᠵᠠ ᠶᠢᠨ ᠲᠦᠭᠰᠢᠭᠦᠷᠢ ᠶᠢ ᠨᠢ ᠲᠣᠳᠣᠷᠬᠠᠢ ᠢᠯᠡᠷᠬᠡᠶᠢᠯᠡᠭᠡᠳ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠶᠠᠷᠢᠯᠴᠠᠭᠤᠯᠬᠤ ᠪᠠᠷ ᠲᠡᠪᠰᠢᠭᠦᠯᠵᠣ ᠪᠣᠯᠤᠨ᠎ᠠ᠃      ᠭᠤᠴᠢᠨ ᠳᠥᠷᠪᠡᠳᠦᠭᠡᠷ ᠵᠦᠢᠯ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠯᠭᠠᠬᠤ ᠪᠠᠷ ᠬᠦᠷᠭᠡᠬᠦ ᠳᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠵᠢᠴᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠠᠩᠭᠠᠵᠤ ᠥᠭᠬᠦ ᠬᠡᠷᠡᠭᠲᠡᠶ᠂ ᠡᠭᠦᠨ ᠳᠤ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠪᠠ ᠲᠥᠷᠥ ᠶᠢᠨ ᠪᠣᠳᠣᠯᠭ᠎ᠠ ᠵᠡᠷᠭᠡ ᠦᠨᠳᠦᠰᠦᠯᠡᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠵᠢᠷᠤᠮ ᠢ ᠭᠦᠢᠴᠡᠳᠭᠡᠬᠦ ᠲᠣᠳᠣᠷᠬᠠᠶᠢᠯᠠᠯᠲᠠ ᠵᠢᠴᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠵᠡᠷᠭᠡ ᠪᠠᠭᠲᠠᠨ᠎ᠠ᠃ ᠬᠠᠩᠭᠠᠭᠰᠠᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠪᠣᠴᠠᠭᠠᠬᠤ ᠪᠤᠶᠤ ᠨᠦᠭᠦᠪᠣᠷᠢᠯᠡᠭᠦ ᠪᠠᠷ ᠱᠠᠭᠠᠷᠳᠠᠵᠤ ᠪᠣᠯᠤᠨ᠎ᠠ᠃      ᠭᠤᠴᠢᠨ ᠲᠠᠪᠤᠳᠤᠭᠠᠷ ᠵᠦᠢᠯ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠯᠭᠠᠬᠤ ᠪᠠᠷ ᠬᠦᠷᠭᠡᠬᠦ ᠳᠤ᠂ ᠬᠢᠨᠠᠨ ᠪᠠᠶᠢᠴᠠᠭᠠᠬᠤ ᠳᠤ ᠱᠠᠭᠠᠷᠳᠠᠭᠳᠠᠬᠤ ᠴᠠᠭ ᠢ ᠪᠠᠲᠤᠯᠠᠬᠤ ᠬᠡᠷᠡᠭᠲᠡᠢ᠂ ᠡᠩ ᠤᠨ ᠪᠠᠶᠢᠳᠠᠯ ᠳᠤ ᠲᠤᠯᠤᠭᠠᠨ ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠭᠤᠴᠢᠨ ᠵᠢᠷᠭᠤᠳᠤᠭᠠᠷ ᠵᠦᠢᠯ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠳᠣᠤᠷᠠᠬᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠳᠤ ᠬᠢᠨᠠᠵᠤ ᠪᠠᠶᠢᠴᠠᠭᠠᠭᠰᠠᠨ ᠰᠠᠨᠠᠯ ᠢᠶᠠᠨ ᠳᠤᠷᠠᠳᠬᠤ ᠬᠡᠷᠡᠭᠲᠡᠢ᠄      ︵ᠨᠢᠭᠡ︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠳᠤ ᠨᠡᠶᠢᠴᠡᠭᠰᠡᠨ᠂ ᠳᠡᠰ ᠳᠠᠷᠠᠭᠠᠯᠠᠯ ᠨᠢ ᠬᠠᠤᠯᠢ ᠳᠤ ᠨᠡᠶᠢᠴᠡᠭᠰᠡᠨ᠂ ᠠᠭᠤᠯᠭ᠎ᠠ ᠨᠢ ᠬᠠᠤᠯᠢ ᠳᠤ ᠨᠡᠶᠢᠴᠡᠭᠰᠡᠨ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠶᠠᠷᠢᠯᠴᠠᠭᠤᠯᠬᠤ ᠪᠠᠷ ᠲᠡᠪᠰᠢᠭᠦᠯᠭᠦ ᠶᠢ ᠵᠥᠪᠰᠢᠶᠡᠷᠡᠨ᠎ᠡ︔      ︵ᠬᠤᠶᠠᠷ︶ ᠬᠡᠰᠡᠭ ᠠᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠤᠯᠤᠰ ᠤᠨ ᠲᠥᠷᠥ ᠶᠢᠨ ᠪᠣᠳᠣᠯᠭ᠎ᠠ ᠲᠠᠢ ᠨᠢᠭᠡᠳᠦᠯ ᠦᠭᠡᠶ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠳᠤ ᠰᠠᠨᠠᠭᠤᠯᠭ᠎ᠠ ᠭᠠᠷᠭᠠᠵᠤ ᠬᠠᠤᠯᠢ ᠶᠣᠰᠣᠭᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠶᠠᠷᠢᠯᠴᠠᠭᠤᠯᠬᠤ ᠪᠠᠷ ᠲᠡᠪᠰᠢᠭᠦᠯᠣᠨ᠎ᠡ︔      ︵ᠭᠤᠷᠪᠠ︶ ᠣᠯᠠᠨ ᠨᠡᠶᠢᠲᠡ ᠶᠢᠨ ᠬᠢᠨ ᠢ ᠣᠷᠣᠯᠴᠠᠭᠤᠯᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠨᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠨᠢ ᠬᠢᠨᠠᠨ ᠬᠠᠷᠭᠤᠭᠤᠯᠬᠤ᠂ ᠭᠡᠷᠡᠴᠢᠯᠡᠭᠡ ᠰᠣᠨᠣᠰᠬᠤ ᠪᠤᠶᠤ ᠭᠤᠤᠯᠴᠢ ᠥᠷᠢᠰᠥᠯᠳᠦᠭᠡᠨ ᠲᠠᠢ ᠪᠠᠶᠢᠯᠭᠠᠬᠤ ᠶᠢ ᠨᠢ ᠬᠢᠨᠠᠨ ᠪᠠᠶᠢᠴᠠᠭᠠᠬᠤ ᠵᠡᠷᠭᠡ ᠲᠠᠰ ᠳᠠᠷᠠᠭᠠᠯᠠᠯ ᠢ ᠭᠦᠢᠴᠡᠳᠬᠡᠪᠡᠰᠦ ᠵᠣᠬᠢᠬᠤ ᠪᠠᠶᠢᠲᠠᠯ᠎ᠠ ᠥᠯᠥ ᠭᠦᠢᠴᠡᠳᠬᠡᠭᠰᠡᠨ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠳᠤ ᠪᠣᠴᠠᠭᠠᠬᠤ ᠪᠠᠷ ᠰᠠᠨᠠᠭᠤᠯᠭ᠎ᠠ ᠳᠤᠷᠠᠳᠴᠤ᠂ ᠬᠠᠮᠢᠶ᠎ᠠ ᠪᠥᠬᠦᠶ ᠲᠠᠰ ᠳᠠᠷᠠᠭᠠᠯᠠᠯ ᠢ ᠨᠥᠬᠦᠵᠦ ᠭᠦᠢᠴᠡᠳᠭᠡᠬᠦ ᠪᠤᠶᠤ ᠬᠠᠮᠢᠶ᠎ᠠ ᠪᠥᠬᠦᠶ ᠲᠠᠰ ᠳᠠᠷᠠᠭᠠᠯᠠᠯ ᠢ ᠭᠦᠢᠴᠡᠣᠡᠭᠡᠭᠦ ᠦᠭᠡᠢ ᠪᠠᠷ ᠲᠣᠳᠤᠷᠬᠠᠶᠢᠯᠠᠭᠰᠠᠨ ᠤ ᠳᠠᠷᠠᠭ᠎ᠠ ᠲᠠᠬᠢᠵᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠬᠦ ᠪᠠᠷ ᠬᠦᠷᠭᠡᠨ᠎ᠡ︔      ︵ᠲᠦᠷᠪᠡ︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠠᠴᠠ ᠳᠠᠪᠠᠭᠰᠠᠨ ᠪᠤᠶᠤ ᠭᠤᠣᠯ ᠠᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠪᠠ ᠤᠯᠤᠰ ᠤᠨ ᠲᠦᠷᠦ ᠶᠢᠨ ᠪᠤᠳᠤᠯᠭ᠎ᠠ ᠶᠢ ᠵᠥᠷᠢᠴᠡᠭᠰᠡᠨ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠶᠠᠷᠢᠯᠴᠠᠭᠤᠯᠬᠤ ᠪᠠᠷ ᠲᠡᠪᠰᠢᠭᠦᠯᠭᠦ ᠦᠭᠡᠢ ᠰᠠᠨᠠᠭᠤᠯᠭ᠎ᠠ ᠳᠤᠷᠠᠳᠤᠨ᠎ᠠ᠃      ᠭᠤᠴᠢᠨ ᠳᠣᠯᠣᠳᠤᠭᠠᠷ ᠵᠦᠢᠯ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠬᠤ ᠶᠠᠪᠤᠴᠠ ᠳᠤ ᠪᠠᠨ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠣᠰᠢᠶᠠᠯᠳᠦ ᠬᠠᠤᠯᠢᠴᠢ ᠶᠢ ᠵᠣᠬᠢᠶᠠᠨ ᠪᠠᠶᠢᠭᠤᠯᠵᠤ ᠬᠠᠤᠯᠢ ᠴᠠᠭᠠᠵᠠ ᠶᠢᠨ ᠲᠠᠯ᠎ᠠ ᠪᠠᠷ ᠬᠢ ᠰᠠᠨᠠᠯ ᠳᠤᠷᠠᠳᠤᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠣᠰᠢᠶᠠᠯᠳᠦ ᠬᠠᠤᠯᠢᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠢ᠃      ᠭᠤᠴᠢᠨ ᠨᠠᠢᠮᠠᠳᠤᠭᠠᠷ ᠵᠦᠢᠯ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢ ᠬᠠᠤᠯᠢ ᠶᠣᠰᠣᠴᠢ ᠴᠢᠨᠠᠷ ᠢ ᠬᠢᠨᠠᠵᠤ ᠪᠠᠶᠢᠴᠠᠭᠠᠭᠰᠠᠨ ᠰᠠᠨᠠᠯ ᠢᠶᠠᠨ ᠴᠠᠭ ᠲᠤᠬᠠᠢ ᠳᠤ ᠨᠢ ᠳᠤᠷᠠᠳᠬᠤ ᠪᠥᠭᠡᠳ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠰᠠᠨᠠᠯ ᠳᠤ ᠪᠠᠨ ᠬᠠᠷᠢᠭᠤᠴᠠᠬᠤ ᠬᠡᠷᠡᠭᠲᠡᠢ᠃      ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ ᠨᠢ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠳᠤ ᠴᠢᠬᠤᠯᠠ ᠪᠥᠬᠦᠶ ᠲᠣᠬᠢᠷᠠᠭᠤᠯᠤᠯᠲᠠ ᠬᠢᠬᠦ ᠪᠤᠶᠤ ᠲᠡᠭᠦᠨ ᠢ ᠨᠥᠬᠦᠪᠦᠷᠢᠯᠡᠬᠦ ᠬᠡᠷᠡᠭᠲᠡᠶ᠃      ᠳᠣᠯᠣᠳᠤᠭᠠᠷ ᠪᠦᠯᠦᠭ  ᠬᠠᠮᠲᠤ ᠪᠠᠷ ᠶᠠᠷᠢᠯᠴᠠᠨ ᠲᠣᠭᠲᠠᠭᠠᠬᠤ ᠪᠠ ᠰᠢᠢᠳᠪᠦᠷᠢᠲᠦ ᠪᠤᠳᠤᠯᠭ᠎ᠠ ᠶᠢ ᠨᠡᠶᠢᠲᠡᠯᠡᠬᠦ      ᠭᠤᠴᠢ ᠶᠢᠰᠦᠳᠦᠭᠡᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠬᠤ ᠡᠬᠡ ᠲᠥᠰᠦᠯ ᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠶᠠᠷᠢᠯᠴᠠᠭᠤᠯᠬᠤ ᠪᠠᠷ ᠲᠡᠪᠰᠢᠭᠦᠯᠭᠦ ᠳᠤ ᠳᠣᠣᠷᠠᠬᠢ ᠮᠠᠲ᠋ᠧᠷᠢᠶᠠᠯ ᠢ ᠪᠠᠭᠲᠠᠭᠠᠭᠰᠠᠨ ᠪᠠᠶᠢᠬᠤ ᠬᠡᠷᠡᠭᠲᠡᠢ᠄      ︵ᠨᠢᠭᠡ︶ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠵᠢᠴᠢ ᠲᠡᠭᠦᠨ ᠤ ᠲᠤᠬᠠᠢ ᠲᠣᠳᠣᠷᠬᠠᠶᠢᠯᠠᠯᠲᠠ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠭᠰᠠᠨ ᠪᠠᠶᠢᠪᠠᠯ᠂ ᠭᠤᠤᠯᠴᠢ ᠪᠠᠷ ᠦᠷᠢᠰᠣᠯᠳᠣᠭᠦ ᠶᠢ ᠬᠢᠨᠠᠵᠤ ᠪᠠᠶᠢᠴᠠᠭᠠᠭᠰᠠᠨ ᠬᠤᠯᠪᠣᠭᠳᠠᠯ ᠪᠥᠬᠦᠶ ᠪᠠᠶᠢᠳᠠᠯ ᠢ ᠪᠠᠭᠲᠠᠭᠠᠨ᠎ᠠ︔      ︵ᠬᠤᠶᠠᠷ︶ ᠣᠯᠠᠨ ᠨᠡᠶᠢᠲᠡ ᠶᠢᠨ ᠬᠢᠨ ᠢ ᠣᠷᠣᠯᠴᠠᠭᠤᠯᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠨᠢ ᠦᠨᠡᠯᠡᠨ ᠵᠢᠱᠢᠬᠦ ᠲᠠᠰ ᠳᠠᠷᠠᠭᠠᠯᠠᠯ ᠢ ᠲᠣᠭᠲᠠᠭᠠᠯ ᠶᠣᠰᠣᠭᠠᠷ ᠭᠦᠢᠴᠡᠳᠬᠡᠭᠰᠡᠨ ᠬᠠᠮᠢᠶ᠎ᠠ ᠪᠥᠬᠦᠶ ᠮᠠᠲ᠋ᠧᠷᠢᠶᠠᠯ᠂ ᠡᠰᠡᠬᠦᠯ᠎ᠡ ᠬᠠᠮᠢᠶ᠎ᠠ ᠪᠥᠬᠦᠶ ᠲᠠᠰ ᠳᠠᠷᠠᠭᠠᠯᠠᠯ ᠢ ᠥᠯᠥ ᠭᠦᠢᠴᠡᠳᠬᠡᠭᠰᠡᠨ ᠲᠣᠳᠣᠷᠬᠠᠶᠢᠯᠠᠯᠲᠠ︔      ︵ᠭᠤᠷᠪᠠ︶ ᠬᠠᠤᠯᠢ ᠶᠣᠰᠣᠴᠢ ᠴᠢᠨᠠᠷ ᠢ ᠬᠢᠨᠠᠵᠤ ᠪᠠᠶᠢᠴᠠᠭᠠᠭᠰᠠᠨ ᠰᠠᠨᠠᠯ︔      ︵ᠳᠥᠷᠪᠡ︶ ᠬᠤᠯᠪᠣᠭᠳᠠᠯ ᠪᠥᠬᠦᠶ ᠰᠠᠨᠠᠯ ᠢ ᠬᠤᠷᠢᠶᠠᠨ ᠴᠤᠭᠯᠠᠭᠤᠯᠤᠭᠰᠠᠨ᠂ ᠭᠥᠯᠢᠶᠡᠨ ᠠᠪᠤᠭᠰᠠᠨ ᠪᠠᠶᠢᠳᠠᠯ ᠵᠡᠷᠭᠡ ᠮᠡᠳᠡᠭᠦᠯᠦᠨ ᠬᠦᠷᠭᠡᠬᠦ ᠴᠢᠬᠤᠯᠠᠲᠠᠶ ᠪᠤᠰᠤᠳ ᠮᠠᠲ᠋ᠧᠷᠢᠶᠠᠯ᠃      ᠳᠥᠴᠢᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠬᠡ ᠲᠥᠰᠦᠯ ᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠢᠶᠠᠷ ᠶᠠᠷᠢᠯᠴᠠᠭᠤᠯᠤᠭᠰᠠᠨ ᠪᠠᠶᠢᠬᠤ ᠬᠡᠷᠡᠭᠲᠡᠶ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠷᠤᠭ᠎ᠠ ᠨᠢ ᠬᠠᠮᠲᠤ ᠪᠠᠷ ᠶᠠᠷᠢᠯᠴᠠᠭᠰᠠᠨ ᠰᠠᠭᠤᠷᠢᠨ ᠳᠡᠭᠡᠷ᠎ᠡ ᠪᠠᠲᠤᠯᠠᠬᠤ᠂ ᠵᠠᠷᠴᠢᠮ ᠤᠨ ᠲᠠᠯ᠎ᠠ ᠪᠠᠷ ᠪᠠᠲᠤᠯᠠᠬᠤ᠂ ᠵᠠᠰᠠᠪᠤᠷᠢ ᠣᠷᠣᠭᠤᠯᠤᠭᠰᠠᠨ ᠤ ᠲᠠᠷᠠᠭ᠎ᠠ ᠳᠠᠬᠢᠨᠲᠠ ᠶᠠᠷᠢᠯᠴᠠᠬᠤ᠂ ᠪᠠᠲᠤᠯᠠᠬᠤ ᠦᠭᠡᠢ ᠵᠡᠷᠭᠡ ᠲᠣᠭᠲᠠᠭᠠᠯ ᠭᠠᠷᠭᠠᠵᠤ ᠪᠣᠯᠤᠨ᠎ᠠ᠃      ᠬᠠᠮᠲᠤ ᠪᠠᠷ ᠶᠠᠷᠢᠯᠴᠠᠵᠤ ᠲᠣᠭᠲᠠᠭᠠᠭᠰᠠᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠢ᠂ ᠠᠳᠠᠯᠢ ᠪᠤᠰᠤ ᠰᠠᠨᠠᠯ ᠢ ᠦᠨᠡᠨ ᠮᠥᠨ ᠢᠶᠠᠷ ᠨᠢ ᠲᠣᠳᠣᠷᠬᠠᠢ ᠲᠡᠮᠳᠡᠭᠯᠡᠬᠦ ᠬᠡᠷᠡᠭᠲᠡᠢ᠃      ᠳᠥᠴᠢᠨ ᠨᠢᠭᠡᠳᠦᠭᠡᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠲᠣᠭᠲᠠᠭᠠᠯ ᠶᠣᠰᠣᠭᠠᠷ ᠠᠳᠠᠯᠢ ᠱᠠᠲᠤᠨ ᠤ ᠨᠠᠮ ᠤᠨ ᠬᠤᠷᠢᠶᠠᠨ ᠳᠤ ᠵᠢᠭᠠᠪᠤᠷᠢ ᠠᠪᠬᠤ ᠪᠠᠷ ᠮᠡᠳᠡᠭᠦᠯᠬᠦ ᠬᠡᠷᠡᠭᠲᠡᠶ᠃      ᠳᠥᠴᠢᠨ ᠬᠤᠶᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ᠪᠠ ᠵᠠᠰᠠᠭ ᠤᠨ ᠣᠷᠳᠣᠨ ᠤ ᠰᠦᠯᠵᠢᠶ᠎ᠡ ᠵᠢᠴᠢ ᠲᠤᠰ ᠵᠠᠰᠠᠭ ᠵᠠᠬᠢᠷᠭᠠᠨ ᠤ ᠣᠷᠣᠨ ᠳᠤ ᠲᠠᠷᠬᠠᠭᠠᠵᠤ ᠪᠠᠶᠢᠭ᠎ᠠ ᠰᠣᠨᠢᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃ ᠨᠡᠶᠢᠭᠡᠮ ᠨᠡᠶᠢᠲᠡ ᠶᠢᠨ ᠬᠢᠨ ᠤ ᠨᠡᠶᠢᠳᠡᠮ ᠠᠩᠬᠠᠷᠤᠨ ᠬᠠᠯᠠᠮᠵᠢᠯᠠᠵᠤ ᠪᠠᠶᠢᠭ᠎ᠠ ᠪᠤᠶᠤ ᠲᠤᠰᠬᠠᠶ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠶᠢᠨ ᠰᠠᠨᠠᠯ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠬᠢᠭᠰᠡᠨ ᠰᠠᠨᠠᠯ ᠢ ᠬᠦᠯᠢᠶᠡᠨ ᠠᠪᠣᠭᠰᠠᠨ ᠪᠠᠶᠢᠳᠠᠯ ᠢᠶᠠᠨ ᠲᠣᠳᠣᠷᠬᠠᠶᠢᠯᠠᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠰᠤᠷᠪᠤᠯᠵᠢᠯᠠᠭ᠎ᠠ ᠬᠦᠯᠢᠶᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠤᠬᠠᠭᠤᠯᠤᠨ ᠲᠠᠶᠢᠯᠪᠤᠷᠢᠯᠠᠬᠤ ᠬᠡᠷᠡᠭᠲᠡᠶ᠃ ᠬᠠᠤᠯᠢ ᠶᠣᠰᠣᠭᠠᠷ ᠢᠯᠡ ᠪᠣᠯᠭᠠᠵᠤ ᠪᠣᠯᠬᠤ ᠦᠭᠡᠶ ᠵᠦᠢᠯᠡᠰ ᠨᠢ ᠡᠭᠦᠨ ᠳᠤ ᠪᠠᠭᠲᠠᠬᠤ ᠦᠭᠡᠶ᠃      ᠳᠥᠴᠢᠨ ᠭᠤᠷᠪᠠᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠲᠤ ᠲᠠᠪᠴᠠᠩ ᠢᠶᠠᠷ ᠳᠠᠮᠵᠢᠭᠤᠯᠵᠤ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃      ᠳᠥᠴᠢᠨ ᠳᠥᠷᠪᠡᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠶᠠᠪᠤᠴᠠ ᠶᠢ ᠳᠡᠮᠳᠡᠭᠯᠡᠭᠦ ᠪᠠ ᠮᠠᠲ᠋ᠧᠷᠢᠶᠠᠯ ᠢᠶᠠᠨ ᠲᠠᠩᠰᠠ ᠡᠪᠬᠡᠮᠡᠯ ᠳᠤ ᠣᠷᠣᠭᠤᠯᠬᠤ ᠲᠦᠷᠢᠮ ᠢ ᠪᠠᠶᠢᠭᠤᠯᠵᠤ᠂ ᠬᠤᠯᠪᠣᠭᠳᠠᠯ ᠪᠥᠬᠦᠶ ᠨᠢᠭᠡᠴᠢ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠭᠦᠢᠴᠡᠳᠬᠡᠬᠦ ᠳᠤ ᠪᠣᠶ ᠪᠣᠯᠤᠭᠰᠠᠨ ᠲᠡᠮᠳᠡᠭᠯᠡᠯ᠂ ᠮᠠᠲ᠋ᠧᠷᠢᠶᠠᠯ ᠢᠶᠠᠨ ᠴᠠᠭ ᠲᠤᠬᠠᠶ ᠳᠤ ᠨᠢ ᠪᠥᠬᠦᠨ ᠢ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃      ᠨᠠᠢᠮᠠᠳᠣᠭᠠᠷ ᠪᠦᠯᠦᠭ  ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠪᠠ ᠲᠤᠬᠢᠷᠠᠭᠤᠯᠬᠤ      ᠳᠥᠴᠢᠨ ᠲᠠᠪᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠷᠢᠭᠤᠴᠠᠬᠤ ᠨᠢᠭᠡᠴᠢ ︵ᠳᠣᠷᠣᠭᠰᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠭᠡᠵᠦ ᠲᠣᠪᠴᠢᠯᠠᠨ᠎ᠠ︶ ᠶᠢ ᠲᠣᠳᠣᠷᠬᠠᠶ ᠲᠣᠭᠲᠠᠭᠠᠬᠤ ᠬᠡᠷᠡᠭᠲᠡᠶ᠃      ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠠᠤᠯᠢ ᠶᠣᠰᠣᠭᠠᠷ ᠪᠦᠬᠦ ᠲᠠᠯ᠎ᠠ ᠪᠠᠷ᠂ ᠴᠠᠭ ᠲᠤᠬᠠᠶ ᠳᠤ ᠨᠢ᠂ ᠵᠥᠪ ᠣᠨᠣᠪᠴᠢᠲᠠᠶ ᠬᠡᠷᠡᠭᠵᠢᠭᠦᠯᠬᠦ ᠶᠢᠨ ᠬᠠᠮᠲᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠳᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢᠶᠠᠨ ᠮᠡᠳᠡᠭᠦᠯᠣᠨ᠂ ᠬᠡᠷᠡᠭᠵᠢᠭᠦᠯᠬᠦ ᠶᠢ ᠲᠡᠪᠴᠢᠭᠦ᠂ ᠬᠡᠷᠩᠵᠢᠭᠦᠯᠭᠦ ᠪᠠᠨ ᠲᠦᠯᠬᠢᠭᠦ᠂ ᠬᠤᠶᠢᠷᠭᠤᠰᠢᠨ ᠬᠡᠷᠡᠭᠵᠢᠭᠦᠯᠵᠦ ᠪᠣᠯᠬᠤ ᠦᠭᠡᠶ᠃      ᠳᠥᠴᠢᠨ ᠵᠢᠷᠭᠤᠳᠤᠭᠠᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠨᠢ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠪᠠᠶᠢᠴᠠᠭᠠᠵᠤ᠂ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ᠃      ᠳᠥᠴᠢᠨ ᠳᠣᠯᠣᠳᠤᠭᠠᠷ ᠵᠦᠢᠯ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠳᠤ ᠠᠰᠠᠭᠤᠳᠠᠯ ᠣᠷᠣᠰᠢᠵᠤ ᠪᠠᠶᠢᠬᠤ᠂ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠡᠰᠡᠬᠦᠯ᠎ᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠳᠤ ᠡᠰᠡᠷᠭᠦᠴᠡᠰᠢ ᠦᠭᠡᠢ ᠬᠦᠴᠦᠨ ᠡᠭᠦᠰᠦᠭᠰᠡᠨ ᠵᠡᠷᠭᠡ ᠰᠢᠢᠳᠪᠦᠷᠢᠲᠦ ᠪᠤᠳᠤᠯᠭ᠎ᠠ ᠶᠢᠨ ᠬᠠᠷᠠᠯᠲᠠ ᠶᠢ ᠪᠠᠶᠠᠯᠡᠭᠦᠯᠬᠦ ᠳᠤ ᠬᠦᠨᠳᠦ ᠨᠣᠴᠢᠲᠠᠢ ᠨᠥᠯᠥᠭᠡᠯᠡᠬᠦ ᠪᠠᠶᠢᠳᠠᠯ ᠭᠠᠷᠤᠭᠰᠠᠨ ᠢ ᠮᠡᠳᠡᠭᠰᠡᠨ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃      ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠵᠢᠴᠢ ᠲᠡᠭᠦᠨ ᠢ ᠬᠡᠷᠡᠭᠵᠢᠭᠦᠯᠬᠦ ᠳᠤ ᠠᠰᠠᠭᠤᠳᠠᠯ ᠣᠷᠣᠰᠢᠵᠤ ᠪᠠᠶᠢᠬᠤ ᠪᠠᠷ ᠦᠵᠡᠵᠦ ᠪᠠᠶᠢᠪᠠᠯ᠂ ᠵᠠᠬᠢᠳᠠᠯ᠂ ᠬᠠᠷᠢᠯᠴᠠᠬᠤ ᠤᠲᠠᠰᠤ᠂ ᠢᠮᠧᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠪᠤᠶᠤ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠳᠤ ᠰᠠᠨᠠᠯ ᠰᠠᠨᠠᠭᠤᠯᠭ᠎ᠠ ᠳᠤᠷᠠᠳᠴᠤ ᠪᠣᠯᠤᠨ᠎ᠠ᠃      ᠳᠥᠴᠢᠨ ᠨᠠᠢᠮᠠᠳᠤᠭᠠᠷ ᠵᠦᠢᠯ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠨᠢ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ ᠪᠣᠯᠬᠤ ᠶᠢᠨ ᠬᠠᠮᠲᠤ᠂ ᠦᠨᠡᠯᠡᠨ ᠵᠢᠱᠢᠬᠦ ᠪᠣᠳᠠᠲᠠᠢ ᠠᠵᠢᠯ ᠢ ᠡᠭᠦᠷᠭᠡᠯᠡᠬᠦ ᠨᠢᠭᠡᠴᠢ ᠶᠢ ᠲᠣᠳᠣᠷᠬᠠᠢ ᠲᠣᠭᠲᠠᠭᠠᠨ᠎ᠠ᠄      ︵ᠨᠢᠭᠡ︶ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ᠂ ᠲᠦᠷᠦ ᠶᠢᠨ ᠪᠤᠳᠤᠯᠭ᠎ᠠ ᠵᠢᠴᠢ ᠪᠤᠰᠤᠳ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ︔      ︵ᠬᠤᠶᠠᠷ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠵᠢᠱᠢᠭᠰᠡᠨ ᠦᠷ᠎ᠡ ᠳ᠋ᠦᠩ ᠳᠤ ᠬᠦᠷᠦᠭᠰᠡᠨ ᠦᠭᠡᠶ ᠪᠠᠶᠢᠬᠤ ᠨᠢ ᠢᠯᠡᠷᠬᠡᠢ︔      ︵ᠭᠤᠷᠪᠠ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠡᠯᠢᠶᠡᠳ ᠣᠯᠠᠨ ᠰᠠᠨᠠᠯ ᠳᠤᠷᠠᠳᠤᠭᠰᠠᠨ︔      ︵ᠳᠦᠷᠪᠡ︶ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠦᠵᠡᠭᠦ ᠪᠠᠷ ᠴᠢᠬᠤᠯᠠᠲᠠᠢ ᠪᠠᠶᠢᠬᠤ ᠪᠤᠰᠤᠳ ᠪᠠᠶᠢᠳᠠᠯ᠃      ᠳᠥᠴᠢ ᠶᠢᠰᠦᠳᠦᠭᠡᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ ᠦᠨᠡᠯᠡᠨ ᠵᠢᠱᠢᠬᠦ ᠠᠵᠢᠯ ᠢ ᠥᠷᠨᠢᠭᠦᠯᠬᠦ ᠳᠤ᠂ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠭᠤᠷᠪᠠᠳᠠᠬᠢ ᠡᠲᠡᠭᠡᠳ ᠲᠤ ᠨᠠᠶᠢᠳᠠᠨ ᠬᠢᠯᠭᠡᠵᠦ ᠪᠣᠯᠤᠨ᠎ᠠ᠂ ᠰᠢᠢᠳᠪᠦᠷᠢᠲᠦ ᠪᠣᠳᠣᠯᠭ᠎ᠠ ᠭᠠᠷᠭᠠᠬᠤ ᠠᠴᠠ ᠡᠮᠦᠨ᠎ᠡ ᠨᠤᠲᠠᠯᠠᠵᠤ ᠦᠨᠡᠯᠡᠨ ᠵᠢᠱᠢᠬᠦ ᠭᠤᠣᠯ ᠠᠵᠢᠯ ᠢ ᠡᠭᠦᠷᠭᠡᠯᠡᠵᠦ ᠪᠠᠶᠢᠭᠰᠠᠨ ᠨᠢᠭᠡᠴᠢ ᠨᠢ ᠡᠭᠦᠨ ᠳᠤ ᠪᠠᠭᠲᠠᠬᠤ ᠦᠭᠡᠶ᠃      ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠥᠷᠨᠢᠭᠦᠯᠬᠦ ᠳᠤ᠂ ᠨᠡᠶᠢᠭᠡᠮ ᠨᠡᠶᠢᠲᠡ ᠶᠢᠨ ᠬᠢᠨ ᠠᠴᠠ ᠰᠠᠨᠠᠯ ᠰᠣᠨᠣᠰᠬᠤ ᠶᠢ ᠠᠩᠬᠠᠷᠤᠨ ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠪᠦᠯᠬᠦᠮ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠦᠨᠡᠯᠡᠨ ᠵᠢᠱᠢᠬᠦ ᠠᠵᠢᠯ ᠳᠤ ᠣᠷᠣᠯᠴᠠᠭᠤᠯᠬᠤ ᠬᠡᠷᠡᠭᠲᠡᠢ᠃      ᠲᠠᠪᠢᠳᠤᠭᠠᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠡᠭᠦᠷᠭᠡᠯᠡᠭᠰᠡᠨ ᠨᠢᠭᠡᠴᠢ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠮᠠᠭᠠᠢ ᠰᠤᠳᠤᠯᠵᠤ᠂ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠨᠢᠭᠡᠴᠢ᠂ ᠬᠠᠮᠢᠶ᠎ᠠ ᠪᠦᠬᠦᠢ ᠠᠵᠢᠯ ᠲᠦᠷᠦᠯ ᠤᠨ ᠴᠢᠨᠠᠷᠲᠠᠢ ᠵᠣᠬᠢᠶᠠᠨ ᠪᠠᠶᠢᠭᠤᠯᠤᠯᠲᠠ ᠪᠠ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠬᠠᠷᠢᠴᠠᠩᠭᠤᠢ ᠬᠥᠮᠦᠨ ᠠᠴᠠ ᠪᠠᠶᠢᠳᠠᠯ ᠢ ᠭᠦᠢᠴᠡᠳ ᠣᠶᠢᠯᠠᠭᠠᠵᠤ᠂ ᠪᠢᠴᠢᠭ ᠮᠠᠲ᠋ᠧᠷᠢᠶᠠᠯ ᠢ ᠬᠢᠨᠠᠨ ᠦᠵᠡᠬᠦ᠂ ᠲᠤᠰᠬᠠᠢ ᠰᠤᠷᠪᠤᠯᠵᠢᠯᠠᠨ ᠶᠠᠷᠢᠯᠴᠠᠬᠤ᠂ ᠰᠠᠭᠤᠳᠠᠯ ᠤᠨ ᠬᠤᠷᠠᠯ ᠬᠢᠬᠦ᠂ ᠠᠰᠠᠭᠤᠯᠲᠠ ᠶᠢᠨ ᠬᠠᠭᠤᠳᠠᠰᠤ ᠪᠠᠷ ᠣᠶᠢᠯᠠᠭᠠᠬᠤ᠂ ᠰᠦᠯᠵᠢᠶᠡᠨ ᠤ ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠮᠡᠳᠡᠭᠡ ᠵᠠᠩᠭᠢ ᠶᠢ ᠴᠤᠭᠯᠠᠭᠤᠯᠬᠤ ᠬᠡᠷᠡᠭᠲᠡᠢ᠃      ᠲᠠᠪᠢᠨ ᠨᠢᠭᠡᠳᠦᠭᠡᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠡᠭᠦᠷᠭᠡᠯᠡᠭᠰᠡᠨ ᠨᠢᠭᠡᠴᠢ ᠨᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠭᠰᠡᠨ ᠤ ᠲᠠᠷᠠᠭ᠎ᠠ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠳᠤ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠵᠦ ᠵᠢᠱᠢᠭᠰᠡᠨ ᠮᠡᠳᠡᠭᠦᠯᠦᠯᠲᠡ ᠪᠠᠨ ᠴᠠᠭ ᠲᠤᠬᠠᠢ ᠳᠤ ᠨᠢ ᠲᠤᠰᠢᠶᠠᠬᠤ ᠬᠡᠷᠡᠭᠲᠡᠢ᠃      ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠵᠦ ᠵᠢᠱᠢᠭᠰᠡᠨ ᠮᠡᠳᠡᠭᠦᠯᠦᠯᠲᠡ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄      ︵ᠨᠢᠭᠡ︶ ᠦᠨᠡᠯᠡᠵᠦ ᠵᠢᠱᠢᠭᠰᠡᠨ ᠶᠠᠪᠤᠴᠠ ᠪᠠ ᠠᠷᠭ᠎ᠠ ᠮᠠᠶ᠋ᠢᠭ︔      ︵ᠬᠤᠶᠠᠷ︶ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠦᠨᠳᠦᠰᠦᠨ ᠪᠠᠶᠢᠳᠠᠯ︔      ︵ᠭᠤᠷᠪᠠ︶ ᠨᠡᠶᠢᠭᠡᠮ ᠨᠡᠶᠢᠲᠡ ᠶᠢᠨ ᠬᠢᠨ ᠪᠠ ᠰᠢᠢᠳᠪᠦᠷᠢᠲᠦ ᠪᠣᠳᠣᠯᠭ᠎ᠠ ᠯᠤᠭ᠎ᠠ ᠠᠰᠢᠭ ᠲᠤᠰᠠ ᠶᠢᠨ ᠬᠤᠯᠪᠣᠭᠳᠠᠯ ᠪᠦᠭᠦᠢ ᠭᠤᠣᠯ ᠴᠣᠭᠴᠠ ᠶᠢᠨ ᠦᠨᠡᠯᠡᠭᠰᠡᠨ ᠰᠠᠨᠠᠯ︔      ︵ᠲᠦᠷᠪᠡ︶ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠪᠠ ᠰᠢᠯᠲᠠᠭᠠᠨ︔      ︵ᠲᠠᠪᠤ︶ ᠦᠨᠡᠯᠡᠵᠦ ᠵᠢᠱᠢᠭᠰᠡᠨ ᠦᠷ᠎ᠡ ᠳ᠋ᠦᠩ᠃      ᠲᠠᠪᠢᠨ ᠬᠤᠶᠠᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠵᠦ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃      ᠲᠠᠪᠢᠨ ᠭᠤᠷᠪᠠᠳᠤᠭᠠᠷ ᠵᠦᠢᠯ ᠬᠠᠤᠯᠢ ᠶᠣᠰᠣᠭᠠᠷ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠪᠠᠨ ᠬᠠᠣᠯᠢ ᠪᠠᠷ ᠲᠣᠭᠳᠠᠭᠠᠭᠰᠠᠨ ᠳᠡᠰ ᠳᠠᠷᠠᠭᠠᠯᠠᠯ ᠳᠠᠮᠵᠢᠬᠤ ᠦᠭᠡᠢ ᠪᠠᠷ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠵᠤ ᠪᠣᠯᠬᠤ ᠦᠭᠡᠢ︔ ᠬᠡᠷᠩᠵᠢᠭᠦᠯᠭᠦ ᠲᠣᠮᠳᠡ ᠲᠤᠰ ᠲᠣᠭᠲᠠᠭᠠᠯ ᠤᠨ ᠳᠥᠴᠢᠨ ᠳᠣᠯᠣᠳᠤᠭᠠᠷ ᠵᠦᠢᠯ ᠳᠠᠬᠢ ᠲᠣᠭᠲᠠᠭᠠᠭᠰᠠᠨ ᠪᠠᠶᠢᠳᠠᠯ ᠢᠯᠡᠷᠡᠭᠰᠡᠨ ᠪᠤᠶᠤ ᠪᠠᠶᠢᠳᠠᠯ ᠨᠢ ᠪᠠᠴᠢᠮ ᠪᠠᠶᠢᠪᠠᠯ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠷᠤᠭ᠎ᠠ ᠨᠢ ᠬᠡᠷᠩᠵᠢᠭᠦᠯᠭᠦ ᠶᠢ ᠵᠣᠭᠰᠣᠭᠠᠬᠤ ᠪᠠᠷ ᠤᠷᠢᠳ ᠢᠶᠠᠷ ᠲᠣᠭᠳᠠᠵᠣ ᠪᠣᠯᠤᠨ᠎ᠠ︔ ᠴᠢᠬᠤᠯᠠ ᠶᠡᠭᠡ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠲᠤᠰ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠤᠯᠢ ᠪᠠᠷ ᠲᠣᠭᠲᠠᠭᠰᠠᠨ ᠳᠡᠰ ᠳᠠᠷᠠᠭᠠᠯᠠᠯ ᠢᠶᠠᠷ ᠭᠦᠢᠴᠡᠳᠬᠡᠬᠦ ᠬᠡᠷᠡᠭᠲᠡᠶ᠃      ᠶᠢᠰᠦᠳᠦᠭᠡᠷ ᠪᠦᠯᠦᠭ  ᠬᠠᠤᠯᠢ ᠴᠠᠭᠠᠵᠡ ᠶᠢᠨ ᠬᠠᠷᠢᠭᠤᠴᠠᠯᠭ᠎ᠠ      ᠲᠠᠪᠢᠨ ᠳᠥᠷᠪᠡᠳᠦᠭᠡᠷ ᠵᠦᠢᠯ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠨᠢ ᠲᠤᠰ ᠲᠣᠭᠲᠠᠭᠠᠯ ᠢ ᠵᠥᠷᠢᠴᠡᠭᠰᠡᠨ ᠪᠠᠶᠢᠪᠠᠯ᠂ ᠳᠡᠭᠡᠳᠦ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠯᠠᠷᠠᠭᠤᠯᠬᠤ ᠪᠠᠷ ᠵᠠᠷᠯᠢᠭᠳᠠᠵᠣ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠷᠤᠭ᠎ᠠ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠪᠤᠰᠤᠳ ᠤᠳᠤᠷᠢᠳᠬᠤ ᠬᠦᠮᠣᠰ ᠪᠠ ᠰᠢᠭᠤᠳ ᠬᠠᠷᠢᠭᠤᠴᠠᠯᠭ᠎ᠠ ᠲᠠᠢ ᠬᠦᠮᠣᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠨᠢ ᠲᠤᠰ ᠲᠣᠭᠲᠠᠭᠠᠯ ᠠᠴᠠ ᠵᠥᠷᠢᠴᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠨᠳᠦ ᠨᠣᠴᠢᠲᠠᠶ ᠠᠯᠳᠠᠭ᠎ᠠ ᠭᠠᠷᠭᠠᠭᠰᠠᠨ᠂ ᠡᠰᠡᠬᠦᠯ᠎ᠡ ᠬᠠᠤᠯᠢ ᠶᠣᠰᠣᠭᠠᠷ ᠴᠠᠭ ᠲᠤᠬᠠᠶ ᠳᠤ ᠨᠢ ᠰᠢᠢᠳᠪᠦᠷᠢᠲᠦ ᠪᠣᠳᠣᠯᠭ᠎ᠠ ᠲᠣᠭᠲᠠᠭᠠᠪᠠᠰᠤ ᠵᠣᠬᠢᠬᠤ ᠪᠠᠶᠢᠲᠠᠯ᠎ᠠ ᠤᠳᠠᠭᠠᠰᠢᠷᠠᠭᠤᠯᠵᠤ ᠲᠣᠭᠲᠠᠭᠠᠭᠰᠠᠨ ᠦᠭᠡᠶ᠂ ᠬᠦᠨᠳᠦ ᠶᠡᠭᠡ ᠬᠤᠬᠢᠷᠠᠯ᠂ ᠮᠠᠭᠤ ᠨᠥᠯᠥᠭᠡ ᠭᠠᠷᠭᠠᠭᠰᠠᠨ ᠪᠠᠶᠢᠪᠠᠯ᠂ ᠬᠠᠷᠢᠭᠤᠴᠠᠯᠭ᠎ᠠ ᠶᠢ ᠨᠢ ᠭᠡᠳᠡᠷᠭᠡᠨ ᠪᠠᠶᠢᠴᠠᠭᠠᠵᠤ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠩᠵᠢᠭᠦᠯᠵᠣ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠷᠤᠭ᠎ᠠ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠪᠤᠰᠤᠳ ᠤᠳᠤᠷᠢᠳᠬᠤ ᠬᠦᠮᠣᠰ ᠪᠠ ᠰᠢᠭᠤᠳ ᠬᠠᠷᠢᠭᠤᠴᠠᠯᠭ᠎ᠠ ᠲᠠᠢ ᠬᠦᠮᠣᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠡᠬᠡ ᠲᠥᠰᠦᠯ ᠢ ᠬᠠᠮᠲᠤ ᠪᠠᠷ ᠶᠠᠷᠢᠯᠴᠠᠬᠤ ᠳᠤ᠂ ᠬᠦᠨᠳᠦ ᠨᠣᠴᠢᠲᠠᠢ ᠠᠯᠳᠠᠰᠢ ᠲᠠᠢ ᠰᠢᠢᠳᠪᠦᠷᠢᠲᠦ ᠪᠤᠳᠤᠯᠭ᠎ᠠ ᠳᠤ ᠬᠤᠯᠪᠣᠭᠳᠠᠯ ᠪᠦᠬᠦᠢ ᠬᠥᠮᠦᠰ ᠠᠳᠠᠯᠢ ᠪᠤᠰᠤ ᠰᠠᠨᠠᠯ ᠢᠶᠠᠨ ᠢᠯᠡᠳᠬᠡᠭᠰᠡᠨ ᠪᠠᠶᠢᠪᠠᠯ᠂ ᠲᠣᠭᠲᠠᠭᠠᠯ ᠶᠣᠰᠣᠭᠠᠷ ᠬᠠᠷᠢᠭᠤᠴᠠᠯᠭ᠎ᠠ ᠶᠢ ᠨᠢ ᠬᠠᠰᠤᠵᠤ ᠬᠡᠯᠳᠦᠷᠢᠭᠦᠯᠦᠨ᠎ᠡ᠃      ᠲᠠᠪᠢᠨ ᠲᠠᠪᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠤᠯᠪᠣᠭᠳᠠᠯ ᠪᠦᠬᠦᠢ ᠠᠵᠢᠯ ᠢ ᠳᠠᠭᠠᠭᠠᠨ ᠭᠦᠢᠴᠡᠳᠬᠡᠬᠦ ᠨᠢᠭᠡᠴᠢ ᠨᠢ ᠲᠤᠰ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠭᠰᠡᠨ ᠦᠭᠡᠶ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠬᠦ ᠳᠤ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠳᠠᠭᠠᠬᠤ ᠪᠠᠶᠢᠭᠤᠯᠭ᠎ᠠ ᠨᠢ ᠵᠠᠯᠠᠷᠠᠭᠤᠯᠬᠤ ᠪᠠᠷ ᠵᠠᠷᠯᠢᠭᠳᠠᠵᠣ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠦᠮᠣᠰ ᠪᠠ ᠰᠢᠭᠤᠳ ᠬᠠᠷᠢᠭᠤᠴᠠᠯᠭ᠎ᠠ ᠲᠠᠢ ᠬᠦᠮᠣᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠲᠠᠪᠢᠨ ᠵᠢᠷᠭᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠᠨ ᠲᠡᠪᠴᠢᠬᠦ᠂ ᠬᠡᠷᠡᠭᠵᠢᠭᠦᠯᠬᠦ ᠶᠢ ᠲᠦᠯᠬᠢᠬᠦ᠂ ᠬᠤᠶᠢᠷᠭᠤᠰᠢᠨ ᠬᠡᠷᠡᠭᠵᠢᠭᠦᠯᠬᠦ᠂ ᠡᠰᠡᠬᠦᠯ᠎ᠡ ᠬᠡᠷᠡᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠴᠢᠬᠤᠯᠠ ᠶᠡᠭᠡ ᠠᠰᠠᠭᠤᠳᠠᠯ ᠢ ᠨᠢᠭᠤᠵᠤ ᠳᠠᠷᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠣᠷᠬᠢᠭᠳᠠᠭᠤᠯᠵᠤ ᠮᠡᠳᠡᠭᠦᠯᠪᠡᠯ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠨᠢ ᠵᠠᠯᠠᠷᠠᠭᠤᠯᠬᠤ ᠪᠠᠷ ᠵᠠᠷᠯᠢᠭᠳᠠᠵᠣ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠦᠮᠣᠰ ᠪᠠ ᠰᠢᠭᠤᠳ ᠬᠠᠷᠢᠭᠤᠴᠠᠯᠭ᠎ᠠ ᠲᠠᠢ ᠬᠦᠮᠣᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠲᠠᠪᠢᠨ ᠳᠣᠯᠣᠳᠤᠭᠠᠷ ᠵᠦᠢᠯ ᠨᠤᠲᠠᠯᠠᠵᠤ ᠦᠨᠡᠯᠡᠨ ᠵᠢᠱᠢᠬᠦ ᠠᠵᠢᠯ ᠢ ᠡᠭᠦᠷᠭᠡᠯᠡᠭᠰᠡᠨ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠡᠷᠬᠢᠯᠡᠭᠰᠡᠨ ᠠᠵᠢᠯ ᠤᠨ ᠶᠣᠰᠣ ᠰᠤᠷᠲᠠᠬᠤᠨ ᠪᠠ ᠲᠤᠰ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠨᠡᠪᠲᠡᠷᠡᠭᠦᠯᠦᠨ ᠰᠢᠭᠦᠮᠵᠢᠯᠡᠬᠦ ᠪᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠵᠦ ᠰᠠᠶᠢᠵᠢᠷᠠᠭᠤᠯᠬᠤ ᠬᠡᠷᠡᠭᠲᠡᠶ︔ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ ᠪᠠᠶᠢᠪᠠᠯ᠂ ᠦᠨᠡᠯᠡᠨ ᠵᠢᠱᠢᠬᠦ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠢ ᠨᠢ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠡᠪᠰᠢᠭᠦᠯᠵᠦ ᠲᠡᠳᠡᠨ ᠤ ᠦᠢᠯᠡ ᠠᠵᠢᠯᠯᠠᠭ᠎ᠠ ᠶᠢ ᠨᠢ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠬᠤ ᠬᠡᠷᠡᠭᠲᠡᠶ᠃      ᠠᠷᠪᠠᠳᠤᠭᠠᠷ ᠪᠦᠯᠦᠭ  ᠳᠠᠭᠠᠯᠳᠤᠭᠤᠯᠤᠯ ᠳᠦᠷᠢᠮ      ᠲᠠᠪᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠳᠤ᠂ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠶ᠃      ᠲᠠᠪᠢ ᠶᠢᠰᠦᠳᠦᠭᠡᠷ ᠵᠦᠢᠯ ᠲᠤᠰ ᠲᠣᠭᠲᠠᠭᠠᠯ ᠢ 2021 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ 2015 ᠣᠨ ᠤ 3 ᠳ᠋ᠤᠭᠠᠷ ᠰᠠᠷ᠎ᠠ ᠶᠢᠨ 16 ᠤ ᠡᠳᠦᠷ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                               2020 ᠣᠨ ᠤ 12 ᠳ᠋ᠤᠭᠠᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ