内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠲᠡᠳᠬᠦᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2021/3/15
                                            ᠥᠪᠥᠷ ᠵᠠᠰᠠᠭ ᠠᠯᠪᠠᠨ ᠲᠠᠷᠬᠠᠭᠠᠭᠰᠠᠨ ﹇2020﹈ 59 ᠳ᠋ᠦ᠋ᠭᠡᠷ ᠲᠣᠭᠠᠲᠤ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠣᠶᠢᠷ᠎ᠠ ᠶᠢᠨ ᠵᠢᠯ ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠢᠯᠡᠳᠲᠡ ᠰᠠᠶᠢᠵᠢᠷᠠᠵᠤ᠂ ᠲᠡᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠨ᠂ ᠮᠠᠯᠴᠢᠨ ᠲᠠᠷᠢᠶᠠᠴᠢᠨ ᠲᠦᠮᠡᠨ ᠤ ᠶᠠᠪᠤᠵᠤ ᠰᠠᠭᠤᠬᠤ ᠳᠤ ᠬᠦᠴᠢᠷᠳᠡᠵᠦ ᠪᠠᠶᠢᠭᠰᠠᠨ ᠠᠰᠠᠭᠤᠳᠠᠯ ᠢ ᠪᠦᠲᠦᠮᠵᠢᠲᠡᠶ ᠨᠠᠮᠳᠠᠭᠠᠪᠠ᠃ ᠭᠡᠪᠡᠴᠦ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠣᠨᠨᠰᠣᠬᠤ ᠴᠡᠭ ᠣᠯᠠᠨ ᠵᠠᠮ ᠱᠤᠭᠤᠮ ᠬᠤᠯᠡ᠂ ᠠᠶᠠᠨᠴᠢᠳ ᠲᠠᠷᠠᠬᠠᠶ ᠪᠤᠲᠠᠷᠬᠠᠶ᠂ ᠠᠮᠤᠷ ᠲᠦᠪᠰᠢᠨ ᠤ ᠳᠠᠯᠳᠠ ᠭᠡᠮ ᠶᠡᠭᠡ ᠠᠴᠠ ᠪᠣᠯᠵᠤ᠂ ᠮᠠᠯᠴᠢᠨ ᠲᠠᠷᠢᠶᠠᠴᠢᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠠᠮᠤᠷ ᠲᠦᠪᠰᠢᠨ᠂ ᠠᠵᠤ ᠠᠬᠤᠶ᠂ ᠶᠠᠪᠤᠵᠤ ᠰᠠᠭᠤᠬᠤ ᠳᠤ ᠨᠢ ᠲᠥᠬᠦᠮ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠲᠡᠳᠬᠦᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃      ᠨᠢᠭᠡ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠴᠢᠬᠤᠯᠠ ᠴᠢᠨᠠᠷ ᠤᠨ ᠲᠠᠯ᠎ᠠ ᠪᠠᠷ ᠬᠢ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ      ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠨᠢ ᠨᠡᠶᠢᠳᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠶᠢᠵᠤ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ︽ᠶᠠᠪᠤᠵᠤ ᠰᠠᠭᠤᠬᠤ ᠳᠤ ᠨᠢ ᠠᠶᠠᠨ ᠤ ᠤᠨᠤᠭ᠎ᠠ ᠲᠠᠢ︾ ᠪᠠᠶᠢᠯᠭᠠᠬᠤ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠪᠠᠲᠤᠯᠠᠬᠤ᠂ ᠠᠷᠠᠳ ᠣᠯᠠᠨ ᠳᠤ ᠠᠰᠢᠭ ᠬᠦᠷᠲᠡᠭᠡᠬᠦ᠂ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠳᠤ ᠦᠢᠯᠡᠴᠢᠯᠡᠬᠦ ᠠᠷᠠᠳ ᠤᠨ ᠰᠡᠳᠬᠢᠯᠭᠡᠨ ᠤ ᠢᠨᠵᠧᠨᠧᠷᠢᠩ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠬᠤ ᠴᠢᠬᠤᠯᠠ ᠠᠴᠢᠶᠠᠯᠠᠪᠤᠷᠢ ᠪᠥᠭᠡᠳ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠬᠤᠯᠪᠣᠭᠠᠰᠤ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢ ᠬᠥᠭᠵᠢᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢ ᠲᠦᠷᠬᠡᠬᠡᠨ ᠬᠥᠭᠵᠢᠭᠦᠯᠬᠦ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠵᠠᠰᠠᠭ ᠤᠨ ᠣᠷᠳᠣᠨ ᠭᠤᠣᠯᠯᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠠᠭᠤᠰᠤᠯᠴᠠᠭᠤᠯᠤᠨ ᠬᠥᠭᠵᠢᠭᠦᠯᠬᠦ᠂ ᠣᠯᠠᠨ ᠲᠦᠮᠡᠨ ᠳᠤ ᠦᠢᠯᠡᠴᠢᠯᠡᠬᠦ᠂ ᠠᠮᠤᠷ ᠲᠦᠪᠰᠢᠨ ᠪᠥᠭᠡᠳ ᠬᠢᠮᠳᠠ ᠪᠠᠶᠢᠯᠭᠠᠬᠤ︾ ᠪᠠᠷ ᠵᠠᠷᠴᠢᠮ ᠪᠣᠯᠭᠠᠨ᠂ ᠪᠦᠬᠦ ᠣᠷᠣᠨ ᠤ ᠨᠥᠬᠦᠴᠡᠯ ᠪᠦᠷᠢᠳᠦᠭᠰᠡᠨ ᠪᠠᠶᠢᠭᠤᠯᠤᠮᠵᠢᠲᠤ ᠲᠣᠰᠬᠤᠨ ᠪᠥᠬᠦᠨ ᠳᠤ 100% ᠪᠠᠷ ᠠᠶᠠᠨᠴᠢᠳ ᠤᠨ ᠲᠡᠷᠭᠡ ᠨᠡᠪᠲᠡᠷᠡᠭᠦᠯᠬᠦ ᠪᠠ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠭᠤᠣᠯ ᠪᠣᠯᠬᠤ ᠰᠤᠮᠤ ᠰᠢᠶᠠᠩ ᠪᠠᠯᠭᠠᠰᠤ ᠶᠢ ᠵᠣᠷᠢᠭᠵᠢᠭᠤᠯᠵᠤ ᠪᠠᠶᠢᠭᠠᠳ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ᠂ ᠰᠢᠦᠳᠠᠨ᠂ ᠲᠦᠷᠭᠡᠨ ᠢᠯᠡᠭᠡᠯᠲᠡ᠂ ᠬᠠᠩᠭᠠᠨ ᠪᠣᠷᠣᠯᠠᠭᠤᠯᠬᠤ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠴᠢᠳᠠᠮᠵᠢ ᠶᠢ ᠲᠥᠪᠯᠡᠷᠡᠭᠦᠯᠵᠦ ᠨᠢᠭᠡ ᠴᠣᠭᠴᠠᠵᠢᠭᠤᠯᠤᠭᠰᠠᠨ ᠶᠡᠷᠦᠩᠬᠡᠶ ᠦᠢᠯᠡᠴᠢᠯᠡᠭᠡᠨ ᠤ ᠥᠷᠲᠡᠭᠡ ᠶᠢ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢ ︽ᠨᠡᠪᠲᠡᠷᠡᠭᠦᠯᠬᠦ︾ ᠮᠥᠷᠲᠡᠭᠡᠨ ︽ᠰᠠᠶᠢᠲᠤᠷ ᠨᠡᠪᠲᠡᠷᠡᠭᠦᠯᠬᠦ︾ ᠲᠠᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ᠂ ᠳᠥᠭᠦᠮ ᠳᠥᠲᠡ᠂ ᠪᠦᠲᠦᠮᠵᠢ ᠰᠠᠶᠢᠲᠠᠶ᠂ ᠪᠣᠬᠢᠷᠳᠤᠯ ᠦᠭᠡᠢ᠂ ᠬᠢᠮᠳᠠᠬᠠᠨ ᠪᠠᠶᠢᠳᠠᠭ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠲᠡᠭᠡᠭᠡᠪᠦᠷᠢ ᠶᠢᠨ ᠦᠢᠯᠡᠴᠢᠯᠡᠭᠡᠨ ᠤ ᠬᠦᠴᠦᠲᠡᠶ ᠪᠠᠲᠤᠯᠠᠭ᠎ᠠ ᠶᠢ ᠬᠠᠩᠭᠠᠵᠤ ᠥᠭᠬᠦ ᠬᠡᠷᠡᠭᠲᠡᠢ᠃      ᠬᠤᠶᠠᠷ᠂ ᠭᠤᠣᠯ ᠡᠭᠦᠷᠭᠡ      ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠤ ᠬᠤᠲᠠ ᠬᠥᠳᠡᠭᠡ ᠶᠢᠨ ᠪᠠᠶᠢᠷᠢᠰᠢᠭᠤᠯᠤᠯ᠂ ᠬᠥᠮᠦᠨ ᠠᠮᠠ ᠶᠢᠨ ᠲᠠᠷᠬᠠᠯᠲᠠ᠂ ᠵᠠᠮ ᠤᠨ ᠪᠠᠶᠢᠳᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡᠨ ᠤ ᠪᠦᠲᠦᠭᠡᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠤᠨ᠂ ᠮᠠᠯᠴᠢᠨ ᠲᠠᠷᠢᠶᠠᠴᠢᠨ ᠲᠦᠮᠡᠨ ᠤ ᠮᠠᠰᠢᠨ ᠲᠡᠷᠭᠡ ᠪᠠᠷ ᠶᠠᠪᠤᠵᠤ ᠰᠠᠭᠤᠬᠤ ᠳᠤ ᠨᠢ ᠳᠥᠭᠦᠮ ᠦᠵᠡᠬᠦᠯᠬᠦ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡᠨ ᠤ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡᠨ ᠤ ᠪᠦᠲᠦᠭᠡᠨ ᠪᠠᠶᠢᠭᠤᠯᠤᠯᠲᠠ ᠪᠠ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠭᠠᠷᠭᠠᠬᠤ᠂ ᠲᠡᠭᠡᠭᠡᠪᠦᠷᠢ ᠶᠢᠨ ᠬᠦᠴᠦᠨ ᠢ ᠨᠡᠮᠡᠭᠳᠡᠬᠦᠯᠬᠦ ᠵᠢᠴᠢ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠵᠣᠬᠢᠴᠠᠩᠭᠤᠶ ᠪᠠᠷ ᠭᠦᠭᠵᠢᠬᠦᠯᠬᠦ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠲᠡᠷᠭᠡ ᠬᠥᠰᠬᠡ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠶ᠃      ︵ᠬᠤᠶᠠᠷ︶ ᠬᠥᠳᠡᠭᠡ ᠲᠣᠰᠬᠤᠨ ︵ᠮᠠᠯᠵᠢᠬᠤ ᠣᠷᠣᠨ︶ ᠤ ᠠᠶᠠᠨᠴᠢᠳ ᠤᠨ ᠲᠡᠭᠡᠭᠡᠪᠦᠷᠢ ᠶᠢᠨ ᠦᠨ᠎ᠡ ᠬᠠᠩᠰᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠵᠠᠮ ᠱᠤᠭᠤᠮ ᠪᠠ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠳᠤ ᠪᠢᠯᠧᠲ ᠤᠨ ᠦᠨ᠎ᠡ ᠶᠢ ᠨᠢ ᠬᠢᠮᠳᠠ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠪᠣᠳᠠᠲᠠᠶ ᠦᠨ᠎ᠡ ᠬᠠᠩᠰᠢ ᠶᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠵᠤ ᠲᠣᠭᠲᠠᠭᠠᠬᠤ ᠬᠡᠷᠡᠭᠲᠡᠶ᠃ ᠲᠡᠭᠡᠭᠡᠪᠦᠷᠢ ᠶᠢᠨ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠦᠴᠦᠯᠡᠨ ᠰᠠᠶᠢᠲᠤᠷ ᠬᠢᠵᠦ᠂ ᠳᠤᠷ᠎ᠠ ᠪᠠᠷ ᠦᠨ᠎ᠡ ᠥᠰᠬᠡᠬᠦ᠂ ᠳᠤᠷ᠎ᠠ ᠪᠠᠷ ᠦᠨ᠎ᠡ ᠬᠠᠶᠠᠯᠴᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠮᠠᠯᠴᠢᠨ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠪᠦᠬᠦ ᠲᠠᠯ᠎ᠠ ᠪᠠᠷ ᠢᠯᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠡᠵᠡᠩᠨᠡᠭᠴᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠶᠠᠨᠴᠢᠳ ᠤᠨ ᠲᠡᠭᠡᠭᠡᠪᠦᠷᠢ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠥᠪᠰᠢᠶᠡᠷᠡᠯ ᠤᠨ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ ᠲᠡᠭᠡᠭᠡᠪᠦᠷᠢ ᠶᠢᠨ ᠠᠵᠤ ᠠᠬᠤᠶᠢᠯᠠᠯ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠳᠤ ᠨᠢ ᠳᠥᠭᠦᠮ ᠦᠵᠡᠭᠦᠯᠬᠦ ᠠᠷᠭ᠎ᠠ ᠬᠡᠮᠵᠢᠶ᠎ᠡ ᠪᠠ ᠠᠷᠭ᠎ᠠ ᠶᠢ ᠢᠳᠡᠪᠬᠢᠲᠡᠶ ᠪᠠᠷ ᠰᠦᠪᠡᠭᠴᠢᠯᠡᠬᠦ ᠬᠡᠷᠡᠭᠲᠡᠶ᠃ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ ᠪᠠ ᠦᠢᠯᠡᠴᠢᠯᠡᠭᠡ ᠶᠢ ᠰᠢᠯᠢᠳᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠡᠯ᠎ᠡ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠪᠠ ᠦᠨᠡᠮᠯᠡᠯ ᠢ ᠨᠢ ᠭᠦᠢᠴᠡᠳᠬᠡᠵᠦ ᠥᠭᠬᠦ᠂ ᠬᠢᠨᠠᠨ ᠰᠢᠯᠭᠠᠬᠤ ᠳᠡᠰ ᠳᠠᠷᠠᠭᠠᠯᠠᠯ ᠵᠢᠴᠢ ᠭᠠᠷᠳᠠᠮ ᠢ ᠬᠠᠤᠯᠢ ᠲᠣᠭᠲᠠᠭᠠᠯ ᠶᠣᠰᠣᠭᠠᠷ ᠳᠥᠭᠦᠮᠴᠢᠯᠡᠬᠦ ᠶᠢᠨ ᠬᠠᠮᠲᠤ᠂ ᠨᠡᠶᠢᠭᠡᠮ ᠳᠤ ᠢᠯᠡ ᠨᠡᠶᠢᠲᠡᠯᠡᠵᠦ᠂ ᠢᠯᠡ ᠲᠣᠳᠣ ᠪᠠᠶᠢᠯᠭᠠᠬᠤ ᠪᠠᠨ ᠴᠢᠩᠭᠠᠷᠠᠭᠤᠯᠬᠤ ᠬᠡᠷᠡᠭᠲᠡᠶ᠃      ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠳᠤ ᠡᠳ᠋ ᠤᠨ ᠵᠠᠰᠠᠭ ᠤᠨ ᠨᠡᠮᠡᠭᠦᠷᠢ ᠣᠯᠭᠤᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢ ᠲᠤᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃ ᠤᠯᠤᠰ ᠤᠨ ᠲᠣᠭᠲᠠᠭᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠰᠢᠲᠠᠭᠠᠯᠭ᠎ᠠ ᠶᠢᠨ ᠲᠣᠰᠣᠨ ᠳᠤ ᠨᠡᠮᠡᠭᠦᠷᠢ ᠣᠯᠭᠤᠬᠤ ᠠᠴᠠ ᠭᠠᠳᠠᠨ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠲᠡᠭᠡᠭᠡᠪᠦᠷᠢᠯᠡᠨ ᠡᠵᠡᠩᠨᠡᠬᠦ ᠳᠤ ᠡᠳ᠋ ᠤᠨ ᠵᠠᠰᠠᠭ ᠤᠨ ᠨᠡᠮᠡᠭᠦᠷᠢ ᠣᠯᠭᠤᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢ ᠭᠦᠭᠵᠢᠬᠦᠯᠬᠦ ᠲᠤᠰᠬᠠᠶ ᠪᠡᠯᠡ ᠮᠥᠩᠭᠦ ᠭᠠᠷᠭᠠᠬᠤ ᠶᠢᠨ ᠬᠠᠮᠲᠤ᠂ ᠪᠣᠳᠠᠲᠠᠢ ᠪᠠᠨ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠲᠡᠶ᠃ ᠨᠢᠭᠡᠨᠲᠡ ᠲᠡᠭᠡᠭᠡᠪᠦᠷᠢᠯᠡᠵᠦ ᠡᠵᠡᠩᠨᠡᠭᠰᠡᠨ ᠰᠤᠮᠤ ᠰᠢᠶᠠᠩ ᠪᠠᠯᠭᠠᠰᠤᠨ ᠳᠠᠬᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ᠂ ᠥᠪᠡᠷᠲᠡᠭᠡᠨ ᠵᠠᠰᠠᠬᠤ ᠣᠷᠣᠨ ᠠᠴᠠ ᠣᠨ ᠢᠶᠠᠷ ᠪᠣᠳᠣᠵᠤ ᠲᠡᠭᠡᠭᠡᠪᠦᠷᠢᠯᠡᠵᠦ ᠡᠵᠡᠩᠨᠡᠭᠰᠡᠨ 3 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ︔ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠳᠠᠭᠠᠭᠠᠵᠤ ᠡᠭᠦᠷᠭᠡᠯᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ᠂ ᠥᠪᠡᠷᠲᠡᠭᠡᠨ ᠵᠠᠰᠠᠬᠤ ᠣᠷᠣᠨ ᠠᠴᠠ ᠣᠨ ᠢᠶᠠᠷ ᠪᠣᠳᠣᠵᠤ ᠲᠡᠭᠡᠭᠡᠪᠦᠷᠢᠯᠡᠵᠦ ᠡᠵᠡᠩᠨᠡᠭᠰᠡᠨ 20 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠂ ᠬᠡᠷᠪᠡ ᠮᠥᠨ ᠬᠦ ᠲᠡᠭᠡᠭᠡᠪᠦᠷᠢᠯᠡᠵᠦ ᠡᠵᠡᠩᠨᠡᠬᠦ ᠶᠢ ᠪᠠᠲᠤᠯᠠᠵᠤ ᠴᠢᠳᠠᠬᠤ ᠦᠭᠡᠶ ᠪᠣᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠠᠬᠢᠭᠠᠳ ᠵᠣᠬᠢᠬᠤ ᠬᠡᠮᠵᠢᠶᠡᠨ ᠤ ᠨᠡᠮᠡᠭᠦᠷᠢ ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠨᠡᠮᠡᠭᠦᠷᠢ ᠣᠯᠭᠤᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠡᠵᠡᠩᠨᠡᠭᠴᠢ ᠶᠢ ᠢᠯᠡ ᠨᠡᠶᠢᠲᠡᠯᠡᠵᠦ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠵᠥᠪᠰᠢᠶᠡᠷᠡᠯ ᠤᠨ ᠲᠣᠭᠲᠠᠭᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠬᠠᠩᠭᠠᠭᠰᠠᠨ ᠦᠭᠡᠶ᠂ ᠡᠰᠡᠬᠦᠯ᠎ᠡ ᠬᠡᠷᠡᠭᠴᠡᠭᠡ ᠪᠠᠨ ᠳᠤᠷ᠎ᠠ ᠪᠠᠷ ᠬᠤᠪᠢᠷᠠᠭᠤᠯᠤᠭᠰᠠᠨ᠂ ᠡᠰᠡᠬᠦᠯ᠎ᠡ ᠵᠥᠪᠰᠢᠶᠡᠷᠡᠭᠦᠯᠦᠭᠰᠡᠨ ᠦᠭᠡᠢ ᠪᠠᠷ ᠲᠡᠭᠡᠭᠡᠪᠦᠷᠢ ᠶᠢᠨ ᠦᠢᠯᠡᠴᠢᠯᠡᠭᠡ᠂ ᠡᠵᠡᠩᠨᠡᠬᠦ ᠪᠠ ᠠᠵᠢᠯᠯᠠᠬᠤ ᠪᠠᠨ ᠳᠤᠷ᠎ᠠ ᠪᠠᠷ ᠵᠣᠭᠰᠣᠭᠠᠭᠰᠠᠨ᠂ ᠡᠰᠡᠬᠦᠯ᠎ᠡ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠪᠢᠯᠧᠲ ᠤᠨ ᠦᠨ᠎ᠡ ᠶᠢᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠪᠣᠯ ᠣᠯᠭᠤᠬᠤ ᠲᠡᠭᠡᠭᠡᠪᠦᠷᠢᠯᠡᠨ ᠡᠵᠡᠩᠨᠡᠬᠦ ᠨᠡᠮᠡᠭᠦᠷᠢ ᠶᠢ ᠨᠢ ᠬᠦᠴᠦᠨ ᠦᠭᠡᠶ ᠪᠣᠯᠭᠠᠬᠤ ᠬᠡᠷᠡᠭᠲᠡᠶ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠬᠠᠷᠢᠭᠤᠴᠠᠬᠤ ᠭᠤᠣᠯ ᠴᠣᠭᠴᠠ ᠪᠣᠯᠬᠤ ᠲᠤᠯᠠ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠭᠰᠡᠨ᠂ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠣᠷᠣᠯᠴᠠᠭᠰᠠᠨ ᠬᠠᠮᠵᠢᠯᠴᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠤᠰ ᠭᠠᠵᠠᠷ ᠣᠷᠣᠨ ᠤ ᠪᠠᠨ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠣᠷᠣᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠳᠤ ᠵᠢᠭᠠᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠨᠡᠮᠡᠭᠦᠷᠢ ᠣᠯᠭᠤᠬᠤ ᠶᠢ ᠴᠢᠩᠳᠠᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠳᠤ ᠨᠡᠮᠡᠭᠦᠷᠢ ᠣᠯᠭᠤᠬᠤ ᠪᠡᠯᠡ ᠮᠥᠩᠭᠦ ᠶᠢ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠥᠭᠴᠦ ᠣᠯᠭᠤᠬᠤ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠨᠡᠮᠡᠭᠦᠷᠢ ᠶᠢᠨ ᠪᠡᠯᠡ ᠮᠦᠩᠬᠦᠨ ᠤ ᠲᠤᠰᠬᠠᠶ ᠵᠣᠭᠤᠰ ᠢ ᠲᠤᠰᠬᠠᠶ ᠵᠦᠢᠯ ᠳᠤ ᠨᠢ ᠬᠡᠷᠡᠭᠯᠡᠬᠦ ᠬᠡᠷᠡᠭᠲᠡᠶ᠂ ᠲᠠᠰᠤᠯᠤᠨ ᠦᠯᠡᠳᠡᠭᠡᠬᠦ ᠪᠤᠶᠤ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠶ᠃ ᠲᠡᠭᠡᠭᠡᠪᠦᠷᠢᠯᠡᠵᠦ ᠡᠵᠡᠩᠨᠡᠭᠰᠡᠨ ᠨᠡᠮᠡᠭᠦᠷᠢ ᠶᠢ ᠬᠤᠳᠠᠯ ᠬᠠᠭᠤᠷᠮᠠᠭ ᠢᠶᠠᠷ ᠮᠡᠳᠡᠭᠦᠯᠦᠭᠰᠡᠨ ᠪᠤᠶᠤ ᠲᠠᠰᠤᠯᠵᠤ ᠦᠯᠡᠳᠡᠭᠡᠭᠰᠡᠨ᠂ ᠰᠢᠬᠠᠵᠤ ᠡᠵᠡᠯᠡᠭᠰᠡᠨ᠂ ᠨᠡᠭᠦᠯᠭᠡᠵᠦ ᠬᠡᠷᠡᠭᠯᠡᠭᠰᠡᠨ ᠪᠠᠶᠢᠪᠠᠯ᠂ ᠬᠠᠤᠯᠢ ᠪᠠ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃    ︵ᠭᠤᠷᠪᠠ︶ ᠰᠢᠯᠭᠠᠨ ᠬᠢᠨᠠᠵᠤ ᠬᠠᠮᠢᠶᠠᠷᠬᠤ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠬᠢᠬᠦ ᠪᠠᠨ ᠦᠨᠡᠨ ᠬᠦ ᠴᠢᠩᠭᠠᠳᠬᠠᠵᠤ᠂ ᠠᠶᠠᠨᠴᠢᠳ ᠤᠨ ᠲᠡᠭᠡᠭᠡᠪᠦᠷᠢ ᠶᠢᠨ ᠬᠠᠤᠯᠢ ᠪᠤᠰᠤ ᠡᠵᠡᠩᠨᠡᠯᠲᠡ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢᠲᠡᠭᠡᠯ ᠬᠦᠨᠳᠦ ᠶᠢ ᠲᠣᠭᠲᠠᠮᠠᠯ ᠬᠤᠭᠤᠴᠠᠭ᠎ᠠ ᠲᠠᠢ ᠰᠢᠯᠭᠠᠨ ᠦᠨᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠲᠦᠮᠡᠨ ᠤ ᠶᠠᠪᠤᠵᠤ ᠰᠠᠭᠤᠬᠤ ᠳᠤ ᠨᠡᠩ ᠰᠠᠢᠨ ᠦᠢᠯᠡᠴᠢᠯᠡᠭᠡ ᠬᠠᠩᠭᠠᠬᠤ ᠬᠡᠷᠡᠭᠲᠡᠶ᠃                                                      2020 ᠣᠨ ᠤ 12 ᠳ᠋ᠤᠭᠠᠷ ᠰᠠᠷ᠎ᠠ ᠶᠢᠨ 31 ᠤ ᠡᠳᠦᠷ                                                       ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ