内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ  ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢ ᠮᠡᠳᠡᠭᠳᠡᠬᠦ ᠬᠤᠷᠠᠯ ᠬᠢᠪᠠ
        ᠨᠡᠶᠢᠲᠡᠯᠡᠭᠰᠡᠨ ᠴᠠᠭ᠄
        2021/3/17
             1 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠷᠥ ᠶᠢᠨ ᠪᠣᠳᠣᠯᠭ᠎ᠠ ᠶᠢ ᠮᠡᠳᠡᠭᠳᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡ ᠨᠡᠶᠢᠲᠡᠯᠡᠭᠴᠢ ᠸᠠᠩ ᠰᠢᠶᠤᠤ ᠶᠠᠨ ᠭᠤᠤᠯ ᠰᠡᠳᠦᠪᠲᠦ ᠨᠡᠶᠢᠲᠡᠯᠡᠯ ᠬᠢᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠥᠯᠥᠪᠵᠢᠭᠦᠯᠭᠡ ᠬᠥᠭᠵᠢᠭᠦᠯᠦᠯᠲᠡ ᠶᠢᠨ ᠭᠠᠵᠠᠷ ᠤᠨ ᠳᠠᠷᠤᠭ᠎ᠠ ᠸᠧᠶ ᠱᠤ᠋ ᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠠᠵᠠᠷ ᠤᠨ ᠳᠠᠷᠤᠭ᠎ᠠ ᠵᠠᠩ ᠳ᠋ᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠥᠷᠥᠩᠭᠡ ᠶᠢᠨ ᠡᠵᠡᠩᠨᠡᠯᠲᠡ ᠬᠢᠭᠡᠳ ᠠᠰᠢᠭ ᠣᠷᠣᠯᠭ᠎ᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠵᠠᠩ ᠱᠢ ᠬᠤᠩ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠰᠢᠯᠭᠠᠵᠤ ᠬᠤᠪᠢᠶᠠᠷᠢᠯᠠᠬᠤ ᠭᠠᠵᠠᠷ ᠤᠨ ᠳᠠᠷᠤᠭ᠎ᠠ ᠪᠠᠶ ᠯᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃     ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠷᠥ ᠶᠢᠨ ᠪᠣᠳᠣᠯᠭ᠎ᠠ ᠶᠢᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ  ᠨᠡᠶᠢᠳᠡᠯᠡᠭᠰᠡᠨ ᠶᠠᠷᠢᠶ᠎ᠡ     ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ    ᠸᠠᠩ ᠰᠢᠶᠤᠤ ᠶᠠᠨ          ᠪᠢ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠬᠤᠯᠪᠣᠭᠳᠠᠯ ᠪᠥᠬᠦᠶ ᠪᠠᠶᠢᠳᠠᠯ ᠢ ᠣᠯᠠᠨ ᠳᠤ ᠲᠠᠨᠢᠯᠴᠠᠭᠤᠯᠬᠤ ᠪᠤᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃    ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠮᠦᠨ᠎ᠡ ᠠᠴᠠ ᠥᠨᠥᠳᠦᠷ ᠤᠨ ᠲᠥᠷᠥ ᠶᠢᠨ ᠪᠣᠳᠣᠯᠭ᠎ᠠ ᠶᠢᠨ ᠪᠠᠶᠢᠳᠠᠯ ᠮᠡᠳᠡᠭᠳᠡᠬᠦ ᠬᠤᠷᠠᠯ ᠳᠤ ᠣᠷᠣᠯᠴᠠᠭᠰᠠᠨ ᠰᠣᠨᠢᠨ ᠮᠡᠳᠡᠭᠡᠨ ᠤ ᠡᠲᠡᠭᠡᠳ ᠤᠨ ᠨᠠᠶᠢᠵᠠ ᠨᠠᠷ ᠢ ᠬᠠᠯᠠᠭᠤᠨ ᠢᠶᠠᠷ ᠤᠭᠲᠤᠵᠤ ᠪᠠᠶᠢᠨ᠎ᠠ︕ ᠮᠦᠨ ᠴᠦ ᠡᠨᠡ ᠬᠦ ᠲᠣᠬᠢᠶᠠᠯ ᠢ ᠠᠰᠢᠭᠯᠠᠨ᠂ ᠪᠥᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠨᠠᠮ ᠤᠨ ᠪᠠᠶᠢᠭᠤᠯᠤᠯᠲᠠ ᠶᠢᠨ ᠠᠵᠢᠯ ᠢ ᠬᠠᠯᠠᠮᠵᠢᠯᠠᠨ ᠠᠩᠬᠠᠷᠴᠤ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕    1 ᠳ᠋ᠦ᠋ᠭᠡᠷ ᠰᠠᠷ᠎ᠠ ᠶᠢᠨ 7 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠬᠤᠶᠢᠰᠢᠳᠠ ᠶᠢᠨ ᠮᠠᠨ ᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠳᠤ ︽ᠳᠠᠶᠢᠴᠢᠯᠠᠯᠲᠠ ᠶᠢᠨ ᠵᠠᠷᠯᠢᠭ︾ ᠪᠠᠭᠤᠯᠭᠠᠵᠤ᠂ ︽ᠲᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠪᠠ᠃ ᠤᠯᠠᠨ ᠤ ᠠᠰᠠᠭᠤᠯᠲᠠ ᠶᠢ ᠬᠠᠷᠢᠭᠤᠯᠬᠤ ᠠᠴᠠ ᠡᠮᠦᠨ᠎ᠡ᠂ ᠪᠢ ᠤᠷᠢᠳ ᠢᠶᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠠᠶᠢᠳᠠᠯ ᠢ  ᠲᠦᠭᠦᠮ ᠲᠠᠨᠢᠯᠴᠠᠭᠤᠯᠤᠶ᠎ᠠ᠃     ᠣᠷᠴᠢᠮ ᠤᠨ ᠵᠢᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠪᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ  ᠬᠤᠷᠠᠯ ᠂ ᠭᠤᠷᠪᠠᠳᠤᠭᠠᠷ ᠬᠤᠷᠠᠯ᠂ ᠳᠥᠷᠪᠡᠳᠦᠭᠡᠷ ᠬᠤᠷᠠᠯ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠪᠣᠯᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠡᠶᠢᠳᠡᠪᠤᠵᠢᠷᠭᠤᠯᠪᠠ᠂ ᠨᠠᠮ ᠤᠨ ᠲᠥᠪ ᠬᠤᠷᠢᠶ᠎ᠠ  ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ︽1 + 47︾ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠂ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠠᠰᠢᠭ ᠣᠯᠵᠠᠪᠤᠷᠢ ᠶᠢᠨ ᠰᠠᠭᠤᠷᠢ ᠦᠷᠭᠦᠯᠵᠢᠯᠡᠨ ᠪᠠᠬᠢᠵᠢᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠪᠠᠶᠢᠷᠢᠰᠢᠯ ᠤᠨ ᠪᠦᠲᠦᠴᠡ ᠲᠠᠰᠤᠷᠠᠯᠳᠠ ᠦᠭᠡᠢ ᠰᠢᠯᠢᠳᠡᠭᠵᠢᠪᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠣᠯ ᠴᠢᠳᠠᠪᠤᠷᠢ ᠶᠢ ᠪᠦᠲᠦᠮᠵᠢᠲᠡᠶ ᠲᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠤᠳᠤᠷᠢᠳᠤᠯᠭ᠎ᠠ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠯᠢ ᠤᠯᠠᠨ ᠴᠢᠬᠤᠯᠠ ᠶᠡᠭᠡ ᠠᠬᠢᠴᠠ ᠶᠢ ᠪᠡᠶᠡᠯᠡᠭᠦᠯᠵᠦ᠂ ᠴᠢᠬᠤᠯᠠ ᠦᠷ᠎ᠡ ᠪᠦᠲᠦᠭᠡᠯ ᠣᠯᠵᠠᠶ᠂ ᠪᠦᠬᠦ ᠣᠷᠣᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠰᠢᠨ᠎ᠡ ᠭᠠᠷᠤᠭ᠎ᠠ ᠳᠡᠭᠡᠷ᠎ᠡ ᠵᠣᠭᠰᠣᠪᠠ᠃      ᠨᠢᠭᠡ ᠳᠤ᠂ ᠥᠭᠡᠷᠡᠴᠢᠯᠡᠯᠲᠡ ᠶᠢᠨ ᠤᠷᠤᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠦᠨᠳᠦᠰᠦᠨ ᠳᠡᠭᠡᠨ ᠪᠠᠶᠠᠯᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠣᠨᠴᠠᠯᠢᠭ ᠪᠥᠬᠦᠶ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ᠂ ᠬᠢᠨᠠᠯᠲᠠ ᠲᠠᠯᠪᠢᠵᠤ ᠰᠡᠷᠭᠡᠶᠢᠯᠡᠬᠦ ᠶᠢ ᠴᠢᠩᠭᠠᠷᠠᠭᠤᠯᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠥᠭᠡᠷᠡᠴᠢᠯᠡᠯᠲᠡ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠤᠷᠢᠳ ᠬᠤᠵᠢᠳ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ︽1 + 47︾ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠡᠶᠢᠳᠡᠮ ᠳᠤᠨᠢ ᠥᠭᠡᠷᠡᠴᠢᠯᠡᠯᠲᠡ ᠶᠢᠨ ᠡᠭᠦᠷᠭᠡ ᠶᠢ ᠱᠠᠲᠤᠯᠢᠭ ᠢᠶᠠᠷ ᠥᠷᠨᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠭᠰᠠᠨ ᠪᠠᠶᠢᠳᠠᠯ ᠢ ᠪᠣᠶ ᠪᠣᠯᠭᠠᠪᠠ᠃     ᠬᠤᠶᠠᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠨᠠᠮ ᠤᠨ ᠤᠳᠤᠷᠢᠳᠤᠯᠭ᠎ᠠ ᠶᠢ ᠺᠣᠮᠫᠠᠨᠢ ᠶᠢᠨ ᠵᠠᠰᠠᠯᠲᠠ ᠶᠢᠨ ᠪᠦᠲᠦᠴᠡ ᠳᠤ ᠪᠦᠲᠦᠮᠵᠢᠲᠡᠢ ᠠᠭᠤᠰᠤᠯᠴᠠᠭᠤᠯᠵᠤ᠂ ︽ᠬᠤᠣᠰ ᠴᠢᠭᠯᠡᠯ ᠢᠶᠠᠷ ᠣᠷᠣᠬᠤ᠂ ᠰᠣᠯᠪᠢᠴᠠᠨ ᠲᠤᠰᠢᠶᠠᠯ ᠡᠭᠦᠷᠭᠡᠯᠡᠬᠦ︾ ᠤᠳᠤᠷᠢᠳᠬᠤ ᠪᠠᠶᠢᠭᠤᠯᠤᠮᠵᠢ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠨᠠᠮ ᠤᠨ ᠬᠤᠷᠢᠶᠠᠨ ᠤ ᠬᠤᠷᠠᠯ ᠠᠴᠠ ᠴᠢᠬᠤᠯᠠ ᠶᠡᠭᠡ ᠡᠵᠡᠩᠨᠡᠯᠲᠡ ᠬᠠᠮᠢᠶᠠᠷᠤᠯᠲᠠ ᠶᠢᠨ ᠵᠦᠢᠯ ᠢ ᠤᠷᠢᠳ ᠢᠶᠠᠷ ᠰᠤᠳᠤᠯᠤᠨ ᠶᠠᠷᠢᠯᠴᠠᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠨᠠᠮ ᠤᠨ ᠬᠤᠷᠢᠶᠠᠨ ᠤ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠪᠠ᠃ ︽ᠨᠠᠮ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠲᠦᠷᠢᠮ ᠳᠤ ᠣᠷᠣᠭᠤᠯᠬᠤ︾ ᠶᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠤᠨ ᠲᠦᠷᠢᠮ ᠳᠤ ᠵᠠᠰᠠᠪᠤᠷᠢ ᠣᠷᠣᠭᠤᠯᠬᠤ ᠶᠢ ᠪᠦᠬᠦᠨ ᠢ ᠪᠡᠶᠡᠯᠡᠭᠦᠯᠪᠡ᠃ 9 ᠠᠵᠤ ᠠᠬᠤᠶᠢᠯᠠᠯ ᠤᠨ ᠨᠠᠮ ᠤᠨ ᠬᠤᠷᠢᠶ᠎ᠠ ᠬᠤᠭᠤᠴᠠᠭ᠎ᠠ ᠰᠣᠯᠢᠬᠤ ᠠᠵᠢᠯ ᠢᠶᠠᠨ ᠳᠠᠭᠤᠰᠬᠠᠪᠠ᠃ ᠣᠷᠣᠨ ᠤ ᠰᠢᠭᠤᠳ ᠬᠠᠷᠢᠶ᠎ᠠ 24 ᠠᠵᠤ ᠠᠬᠤᠶᠢᠯᠠᠯ ᠤᠨ ᠪᠦᠯᠦᠭᠯᠡᠯ ᠤᠨ ᠳᠠᠪᠬᠤᠷᠭ᠎ᠠ ᠳᠤ ᠺᠣᠮᠫᠠᠨᠢ ᠶᠢᠨ ᠲᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠦᠷᠭᠦᠯᠵᠢᠯᠡᠨ ᠲᠡᠭᠦᠯᠳᠡᠷᠵᠢᠵᠦ᠂ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠪᠦᠯᠦᠭᠯᠡᠯ ᠤᠨ ᠳᠠᠪᠬᠤᠷᠭ᠎ᠠ ᠳᠤ ᠴᠥᠮ ᠵᠢᠷᠤᠮᠵᠢᠭᠰᠠᠨ ᠬᠡᠷᠡᠭ ᠮᠡᠳᠡᠭᠴᠢᠳ ᠤᠨ ᠬᠤᠷᠠᠯ ᠪᠠᠶᠢᠭᠤᠯᠪᠠ᠃ 5 ᠲᠠᠯ᠎ᠠ ᠶᠢᠨ 14 ᠵᠦᠢᠯ ᠤᠨ ᠪᠠᠯᠠ ᠭᠠᠷᠭᠠᠭᠴᠢ ᠶᠢᠨ ᠡᠷᠬᠡ ᠶᠢ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠺᠣᠮᠫᠠᠨᠢ᠂ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠵᠡᠷᠭᠡ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠲᠤᠷᠰᠢᠯᠲᠠ ᠶᠢᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠳᠤ ᠣᠯᠭᠤᠵᠤ᠂ ᠤᠯᠤᠰ ᠤᠨ ᠥᠮᠴᠢᠯᠡᠯ ᠤᠨ ᠪᠠᠯᠠ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠳᠤ 10 ᠵᠦᠢᠯ ᠤᠨ ᠪᠠᠯᠠ ᠭᠠᠷᠭᠠᠭᠴᠢ ᠶᠢᠨ ᠡᠷᠬᠡ ᠣᠯᠭᠤᠵᠤ᠂ ᠬᠡᠷᠡᠭ ᠮᠡᠳᠡᠭᠴᠢᠳ ᠤᠨ ᠬᠤᠷᠠᠯ ᠤᠨ ᠡᠷᠬᠡ ᠲᠤᠰᠢᠶᠠᠯ ᠢ ᠪᠦᠲᠦᠮᠵᠢᠲᠡᠶ ᠨᠠᠶᠢᠳᠠᠪᠤᠷᠢᠵᠢᠭᠤᠯᠪᠠ᠃      ᠭᠤᠷᠪᠠ ᠳᠤ᠂ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠴᠢᠬᠤᠯᠠ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠪᠠ ᠠᠵᠢᠯᠯᠠᠭᠠᠨ ᠤ ᠵᠢᠯᠣᠭᠤᠳᠤᠮᠵᠢ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠢᠵᠢ ᠪᠥᠷᠢᠳᠦᠭᠰᠡᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠬᠤᠯᠢᠮᠠᠭ ᠥᠮᠴᠢᠯᠡᠯ ᠤᠨ ᠲᠦᠷᠢᠮ ᠤᠨ 100 ᠰᠢᠬᠠᠮ ᠲᠥᠷᠥᠯ ᠵᠦᠢᠯ ᠢ ᠪᠦᠯᠦᠭ ᠬᠤᠪᠢᠶᠠᠨ ᠨᠡᠶᠢᠭᠡᠮ ᠨᠡᠶᠢᠲᠡ ᠳᠤ ᠲᠠᠨᠢᠯᠴᠠᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠴᠠᠬᠢᠯᠭᠠᠨ ᠬᠦᠴᠦᠨ ᠤ ᠥᠪᠥᠷ ᠮᠣᠩᠭᠤᠯ ᠤᠨ ᠡᠨᠧᠷᠭᠢ ᠶᠢᠨ ᠠᠳᠠᠯ ᠠᠬᠤᠶ ᠪᠠ ᠥᠪᠥᠷ ᠮᠣᠩᠭᠤᠯ ᠤᠨ ᠡᠨᠧᠷᠭᠢ ᠶᠢᠨ ᠬᠢᠩᠭᠠᠨ ᠤ ᠢᠯᠴᠢ ᠴᠠᠬᠢᠯᠭᠠᠨ ᠢ ᠤᠯᠤᠰ ᠤᠨ ᠭᠤᠷᠪᠠᠳᠤᠭᠠᠷ ᠪᠦᠯᠦᠭ᠂ ᠳᠥᠷᠪᠡᠳᠦᠭᠡᠷ ᠪᠦᠯᠦᠭ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠭᠦᠨᠵᠡᠭᠡᠶ ᠬᠡᠷᠡᠭᠵᠢᠭᠦᠯᠬᠦ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠵᠡᠷᠭᠡ ᠭᠤᠤᠯᠳᠠᠯᠭ᠎ᠠ ᠲᠠᠢ ᠨᠢᠷᠤᠭᠤᠪᠴᠢ ᠠᠵᠤ ᠠᠬᠤᠶᠢᠯᠠᠯ ᠤᠨ ᠬᠠᠷᠢᠶ᠎ᠠ ᠪᠥᠬᠦᠶ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠶᠡᠬᠡᠪᠡᠷ ᠳᠡᠭᠡᠭᠰᠢᠯᠡᠭᠦᠯᠦᠨ᠂ ᠲᠢᠶᠧ ᠵᠢᠶᠧ ᠪᠠᠷᠠᠭᠠᠨ ᠤ ᠭᠦᠢᠯᠭᠡᠭᠡᠨ ᠤ ᠺᠣᠮᠫᠠᠨᠢ᠂ ᠡᠵᠢ ᠨᠠᠭᠤᠷ ᠤᠨ ᠳᠠᠪᠤᠰᠤ ᠦᠢᠯᠡᠳᠬᠦ ᠺᠣᠮᠫᠠᠨᠢ ᠵᠡᠷᠭᠡ ᠨᠢᠭᠡ ᠪᠦᠯᠦᠭ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠵᠠᠭᠪᠤᠷ ᠢ ᠪᠥᠬᠦ ᠣᠷᠣᠨ ᠳᠤ ᠬᠠᠭᠤᠯᠪᠤᠷᠢᠯᠠᠨ ᠳᠡᠯᠭᠡᠷᠡᠭᠦᠯᠦᠨ᠎ᠡ᠃      ᠳᠥᠷᠪᠡ ᠳᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ ᠪᠦᠲᠦᠴᠡ ᠶᠢ ᠲᠠᠰᠤᠷᠠᠯᠲᠠ ᠤᠢᠭᠡᠢ ᠰᠢᠯᠢᠳᠡᠭᠵᠢᠭᠦᠯᠪᠡ᠃ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠡᠷᠡᠭᠵᠢᠭᠦᠯᠬᠦ ᠰᠠᠨᠠᠯ ᠪᠠ ᠲᠥᠯᠥᠪᠵᠢᠭᠦᠯᠭᠡ ᠶᠢᠨ ᠲᠥᠰᠦᠯ ᠢ ᠳᠠᠷᠤᠮᠠᠯᠯᠠᠨ ᠲᠠᠷᠬᠠᠭᠠᠵᠤ᠂ ᠣᠷᠣᠨ ᠤ ᠳᠣᠲᠣᠷᠠᠬᠢ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ᠂ ᠵᠠᠮ ᠬᠠᠷᠢᠯᠴᠠᠭ᠎ᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠵᠢᠴᠢ ᠡᠳᠦᠶ ᠲᠡᠳᠦᠶ ᠪᠣᠳᠠᠲᠤ ᠴᠣᠭᠴᠠ ᠶᠢᠨ ᠠᠵᠤ ᠦᠢᠯᠡᠰ ᠤᠨ ᠪᠦᠯᠦᠭᠯᠡᠯ ᠤᠨ ︽1 + 3 + N︾ ︵1 ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ᠂ 3 ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠺᠣᠮᠫᠠᠨᠢ᠂ N ᠪᠣᠳᠠᠲᠤ ᠴᠣᠭᠴᠠ ᠶᠢᠨ ᠠᠵᠤ ᠦᠢᠯᠡᠰ ᠤᠨ ᠪᠦᠯᠦᠭᠯᠡᠯ︶ ᠤᠯᠤᠰ ᠤᠨ ᠥᠮᠴᠢᠯᠡᠯᠲᠦ ᠬᠥᠷᠥᠩᠭᠡ ᠶᠢᠨ ᠪᠦᠳᠦᠭᠦᠪᠴᠢ ᠰᠢᠰᠲ᠋ᠧᠮᠵᠢ ᠶᠢ ᠪᠣᠶ ᠪᠣᠯᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢ ᠮᠥᠩᠭᠦ ᠶᠢ ᠪᠠᠶᠢᠭᠤᠯᠵᠤ᠂ ᠨᠢᠭᠡᠨᠲᠡ ᠪᠠᠯᠠ ᠣᠷᠣᠭᠤᠯᠤᠭᠰᠠᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠲᠥᠷᠥᠯ ᠵᠦᠢᠯ ᠨᠢ ᠶᠠᠭ ᠰᠠᠶᠢᠬᠠᠨ ᠪᠤᠰᠤᠳ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠵᠦ ᠪᠣᠶ᠃ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠮᠦᠨᠡᠬᠢ ᠬᠤᠭᠤᠴᠠᠭᠠᠨ ᠤ ᠵᠣᠬᠢᠶᠠᠨ ᠪᠠᠶᠢᠭᠤᠯᠬᠤ ᠠᠵᠢᠯ ᠡᠮᠬᠢ ᠵᠢᠷᠤᠮ ᠲᠠᠢ ᠠᠬᠢᠪᠠ᠃      ᠲᠠᠪᠤ ᠳᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ᠮᠧᠩ ᠨᠧᠩ ᠪᠦᠯᠦᠭᠯᠡᠯ ᠤᠨ ᠶᠢᠨ ᠱᠠᠨ ᠬᠤᠶᠠᠳᠤᠭᠠᠷ ᠬᠤᠭᠤᠴᠠᠭᠠᠨ ᠤ 2 × 66 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠶ᠋ᠯ᠂ ᠱᠠᠩᠬᠠᠶ ᠶᠢᠨ ᠰᠦᠮ᠎ᠡ 2 × 100 ᠲᠦᠮᠡᠨ ᠺᠢᠯᠣᠸᠠᠲ ᠤᠨ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠪᠣᠯᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠴᠢ ᠰᠢᠶᠠ ᠶᠢᠩ 2 × 35 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠶ᠋ᠯ ᠵᠢᠩᠬᠢᠨᠢ ᠪᠠᠷ ᠠᠵᠢᠯ ᠡᠬᠢᠯᠡᠪᠡ᠃ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ 5 ᠵᠤᠷᠪᠤᠰ ᠲᠦᠷᠭᠡᠨ ᠤ ᠲᠡᠮᠦᠷ ᠵᠠᠮ ᠤᠨ ᠲᠥᠷᠥᠯ ᠵᠦᠢᠯ ᠪᠠᠶᠢᠭᠤᠯᠤᠭᠳᠠᠨ ᠲᠡᠷᠭᠡ ᠨᠡᠪᠲᠡᠷᠡᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ᠂ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ︽ᠴᠤᠤᠯ ᠭᠤᠤᠯ ᠤᠨ ᠤᠰᠤ ᠶᠢ ᠲᠠᠲᠠᠵᠤ ᠯᠢᠶᠣᠤᠾᠧ ᠭᠤᠤᠯ ᠳᠤ ᠨᠡᠮᠡᠷᠢᠯᠡᠬᠦ︾ ᠤᠰᠤᠨ ᠠᠰᠢᠭᠯᠠᠯᠲᠠ ᠶᠢᠨ ᠲᠥᠷᠥᠯ ᠵᠦᠢᠯ ᠤᠷᠤᠭᠰᠢᠲᠠᠶ ᠠᠭᠢᠪᠠ᠃      ᠵᠢᠷᠭᠤᠭ᠎ᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠠᠯᠭᠠᠵᠤ ᠨᠡᠶᠢᠭᠡᠮ ᠤᠨ ᠠᠵᠢᠯ ᠡᠷᠬᠢᠯᠡᠬᠦ ᠲᠠᠯ᠎ᠠ ᠪᠠᠷ ᠲᠡᠦᠬᠡᠲᠦ ᠴᠢᠨᠠᠷᠲᠠᠢ ᠰᠢᠪᠲᠤᠯᠤᠯᠲᠠ ᠭᠠᠷᠭᠠᠪᠠ᠃ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠭᠤᠷᠪᠠ ᠶᠢ ᠬᠠᠩᠭᠠᠬᠤ ᠨᠢᠭᠡ ᠦᠢᠯᠡᠰ︾᠂ ᠭᠠᠯ ᠤᠨᠲᠠᠷᠠᠭᠠᠬᠤ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠡᠷᠬᠢᠯᠡᠬᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ᠂ ᠰᠤᠷᠭᠠᠨ ᠬᠥᠮᠦᠵᠢᠯ ᠡᠮ ᠡᠮᠨᠡᠯᠭᠡ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠰᠢᠯᠵᠢᠭᠦᠯᠦᠨ ᠲᠤᠰᠢᠶᠠᠬᠤ ᠰᠡᠭᠦᠯ ᠬᠤᠷᠢᠶᠠᠬᠤ ᠠᠵᠢᠯ ᠢ ᠤᠷᠤᠭᠰᠢᠲᠠᠶ ᠲᠦᠯᠬᠢᠨ ᠠᠬᠢᠭᠤᠯᠪᠠ᠃ ᠠᠵᠢᠯ ᠠᠴᠠ ᠪᠠᠨ ᠪᠠᠭᠤᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠯᠵᠢᠭᠦᠯᠦᠨ ᠲᠤᠰᠢᠶᠠᠬᠤ ᠶᠢ ᠪᠡᠶᠡᠯᠡᠭᠦᠯᠦᠭᠰᠡᠨ ᠨᠣᠷᠮ᠎ᠠ 99 % ᠳᠤ ᠬᠦᠷᠴᠦ᠂ ᠤᠯᠤᠰ ᠠᠴᠠ ᠱᠠᠭᠠᠷᠳᠠᠭᠰᠠᠨ ᠭᠤᠤᠯ ᠴᠣᠭᠴᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃     ᠲᠤᠯᠤᠭ᠎ᠠ ᠳᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠰᠢᠨ᠎ᠡ ᠠᠯᠬᠤᠮ ᠢ ᠠᠯᠬᠤᠪᠠ᠃ ᠬᠥᠷᠥᠩᠭᠡ ᠶᠢ ᠬᠠᠮᠢᠶᠠᠷᠬᠤ ᠪᠠᠷ ᠭᠤᠤᠯ ᠪᠣᠯᠭᠠᠭᠰᠠᠨ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠡᠷᠬᠡ ᠣᠯᠭᠤᠵᠤ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠥᠳᠡᠯᠦᠩᠭᠦᠶ ᠲᠣᠳᠣᠷᠬᠠᠶ ᠬᠠᠭᠤᠳᠠᠰᠤ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠳ᠋ ᠤᠨ ᠶᠠᠪᠤᠳᠠᠯ᠂ ᠥᠮᠴᠢᠯᠡᠬᠦ ᠡᠷᠬᠡ᠂ ᠲᠥᠯᠥᠪᠵᠢᠭᠦᠯᠭᠡ᠂ ᠥᠭᠡᠷᠡᠴᠢᠯᠡᠯᠲᠡ᠂ ᠪᠡᠯᠡ ᠣᠷᠣᠭᠤᠯᠵᠤ ᠪᠡᠯᠡ ᠲᠤᠬᠢᠷᠠᠭᠤᠯᠬᠤ᠂ ᠬᠢᠨᠠᠨ ᠰᠢᠯᠭᠠᠵᠤ ᠬᠤᠪᠢᠶᠠᠷᠢᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠲᠣᠭᠲᠠᠴᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ ᠪᠥᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠬᠢᠭᠡᠳ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠴᠢᠯᠡᠭᠡᠨ ᠤ ᠲᠣᠮᠣ ᠳ᠋ᠠᠶᠢᠲ᠋ᠠ ᠶᠢᠨ ᠲᠠᠪᠴᠠᠩ ᠢ ᠦᠨᠳᠦᠰᠦᠨ ᠳᠡᠭᠡᠨ ᠪᠠᠶᠢᠭᠤᠯᠵᠤ᠂ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠶᠡᠭᠡ ᠲᠣᠭᠠᠨ ᠤ ᠪᠠᠯᠠ ᠮᠥᠩᠭᠦ᠂ ᠡᠳ᠋ ᠤᠨ ᠶᠠᠪᠤᠳᠠᠯ᠂ ᠥᠮᠴᠢᠯᠡᠬᠦ ᠡᠷᠬᠡ᠂ ᠲᠥᠯᠥᠪᠵᠢᠭᠦᠯᠦᠨ ᠪᠠᠯᠠ ᠣᠷᠣᠭᠤᠯᠬᠤ ᠵᠡᠷᠭᠡ ᠲᠠᠯ᠎ᠠ ᠪᠠᠷ ᠬᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠬᠠᠤᠯᠢ ᠴᠠᠭᠠᠵᠠ ᠶᠢᠨ ᠲᠦᠭᠰᠢᠭᠦᠷᠢ ᠶᠢ ᠰᠡᠷᠭᠡᠶᠢᠯᠡᠬᠦ ᠵᠣᠬᠢᠴᠠᠮᠵᠢ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠵᠤ᠂ ᠤᠯᠤᠰ ᠠᠴᠠ ᠦᠮᠴᠢᠯᠡᠯᠡᠳᠣ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠪᠦᠬᠦᠨ ᠳᠤ ᠬᠠᠤᠯᠢ ᠶᠠᠪᠤᠳᠠᠯ ᠤᠨ ᠰᠠᠯᠠᠭ᠎ᠠ ᠮᠥᠴᠢᠷ ᠪᠠᠶᠢᠭᠤᠯᠵᠤ᠂ 10 ᠡᠷᠦᠬᠡ ᠳᠤ ᠶᠡᠷᠦᠩᠬᠡᠢ ᠬᠠᠤᠯᠢ ᠴᠠᠭᠠᠵᠠ ᠶᠢᠨ ᠵᠥᠪᠯᠡᠭᠴᠢ᠂ ᠠᠵᠤ ᠠᠬᠤᠶᠢᠯᠠᠯ ᠤᠨ ᠳᠦᠷᠢᠮ ᠲᠣᠭᠲᠠᠭᠠᠯ᠂ ᠠᠵᠤ ᠠᠬᠤᠢ ᠶᠢᠨ ᠭᠡᠷ᠎ᠡ ᠪᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ ᠶᠢᠨ ᠨᠣᠷᠮ᠎ᠠ ᠶᠢᠨ 100 % ᠳᠤ ᠬᠦᠷᠭᠡᠪᠡ᠃ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠰᠢᠭᠤᠳ ᠪᠠ ᠨᠠᠶᠢᠳᠠᠨ ᠬᠢᠨᠠᠨ ᠬᠠᠮᠢᠶᠠᠷᠤᠭᠤᠯᠬᠤ ᠳᠤ ᠣᠷᠣᠭᠤᠯᠤᠭᠰᠠᠨ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠶᠡᠷᠦᠩᠬᠡᠢ ᠬᠡᠮᠵᠢᠶ᠎ᠡ ᠨᠢ ᠰᠠᠯᠭᠠᠬᠤ ᠶᠣᠰᠣᠲᠠᠢ ᠠᠵᠤ ᠠᠬᠤᠶᠢᠯᠠᠯ ᠤᠨ ᠡᠳ᠋ ᠬᠦᠷᠦᠩᠭᠡ ᠶᠢᠨ 99 . 7 % ᠠᠴᠠ ᠳᠡᠭᠡᠭᠰᠢᠬᠢ ᠶᠢ ᠡᠵᠡᠯᠡᠵᠦ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃      ᠨᠠᠢᠮᠠ ᠳᠤ᠂ ᠨᠠᠮ ᠤᠨ ᠤᠳᠤᠷᠢᠳᠤᠯᠭ᠎ᠠ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠨᠢᠭᠡᠳᠦᠭᠡᠷ ᠵᠥᠪᠯᠡᠬᠦ ᠵᠦᠢᠯ ᠤᠨ ᠲᠦᠷᠢᠮ ᠢ ᠪᠠᠶᠢᠭᠤᠯᠵᠤ᠂ ᠲᠡᠷᠢᠭᠦᠨ ᠴᠢᠬᠤᠯᠠ ᠡᠭᠦᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠢᠰᠲ᠋ᠧᠮ ᠲᠠᠢ ᠰᠤᠷᠤᠯᠴᠠᠵᠤ᠂ ᠦᠨᠡᠨ ᠬᠦ ᠰᠢᠨ᠎ᠡ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠰᠢᠨ᠎ᠡ ᠠᠬᠢᠴᠠ ᠲᠠᠢ ᠪᠤᠯᠵᠤ᠂ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠢ ᠵᠣᠬᠢᠶᠠᠨ ᠪᠠᠶᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠨᠠᠩ ᠪᠠᠬᠢᠵᠢᠵᠦ᠂ ᠴᠠᠬᠢᠯᠭᠠᠨ ᠬᠦᠴᠦᠨ ᠤ ᠺᠣᠮᠫᠠᠨᠢ ᠶᠢᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ ᠶᠢᠨ ᠨᠠᠮ ᠤᠨ ᠬᠤᠷᠢᠶ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠥᠬᠡᠬᠤᠲᠠ ᠳᠠᠬᠢ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶ᠎ᠠ ︽ᠪᠥᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠰᠢᠰᠲ᠋ᠧᠮ ᠤᠨ ᠠᠵᠤ ᠠᠬᠤᠶᠢᠯᠠᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃     ᠡᠳᠡᠭᠡᠷ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠣᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠠᠴᠠ ᠪᠣᠯᠤᠭᠰᠠᠨ ᠶᠤᠮ᠂ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠷᠢᠨ ᠨᠢᠮᠪᠠᠢ ᠵᠢᠯᠣᠭᠤᠳᠤᠯᠭ᠎ᠠ ᠠᠴᠠ ᠪᠣᠯᠤᠭᠰᠠᠨ ᠶᠤᠮ᠂ ᠤᠯᠤᠰ ᠠᠴᠠ ᠥᠮᠴᠢᠯᠡᠯ ᠤᠨ ᠡᠳ᠋ ᠬᠥᠷᠥᠩᠭᠡ ᠤᠯᠤᠰ ᠠᠴᠠ ᠥᠮᠴᠢᠯᠡᠯ ᠤᠨ ᠠᠵᠤ ᠠᠬᠤᠶᠢᠯᠠᠯ ᠤᠨ ᠥᠷᠭᠡᠨ ᠣᠯᠠᠨ ᠺᠠᠳ᠋ᠷ ᠠᠵᠢᠯᠲᠠᠨ ᠤ ᠴᠥᠬᠦᠷᠡᠰᠢ ᠦᠭᠡᠢ ᠴᠢᠷᠮᠠᠶᠢᠯᠭ᠎ᠠ ᠠᠴᠠ ᠪᠣᠯᠤᠭᠰᠠᠨ ᠶᠤᠮ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠣᠯᠤᠭᠰᠠᠨ ᠴᠢᠬᠤᠯᠠ ᠰᠢᠪᠲᠤᠯᠤᠯᠲᠠ ᠨᠢ ᠠᠮᠢᠵᠢᠷᠠᠯ ᠤᠨ ᠬᠦᠴᠦᠨ᠂ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃ ᠲᠦᠷᠭᠡᠨ ᠮᠡᠳᠡᠭᠦᠯᠦᠯᠲᠡ ᠶᠢᠨ ᠪᠦᠷᠢᠳᠬᠡᠯ ᠢ ᠦᠨᠳᠦᠰᠦᠯᠡᠪᠡᠯ᠂ 2020 ᠣᠨ ᠤ 12 ᠳ᠋ᠤᠭᠠᠷ ᠰᠠᠷ᠎ᠠ ᠳᠤ᠂ ᠪᠥᠬᠦ ᠣᠷᠣᠨ ᠤ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠲᠤᠰᠠᠭᠠᠷ ᠲᠣᠭᠠᠴᠠᠭ᠎ᠠ ᠬᠢᠭᠰᠡᠨ ᠠᠵᠤ ᠠᠬᠤᠶᠢᠯᠠᠯ 2873 ᠡᠷᠦᠬᠡ ᠪᠠᠶᠢᠵᠤ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠨᠢ 2 . 8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠣᠷᠣᠯᠭ᠎ᠠ ᠨᠢ 2739.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠳ᠋ ᠬᠥᠷᠥᠩᠭᠡ ᠶᠢᠨ ᠳᠤᠮᠳᠠᠴᠢ ᠥᠷᠢᠲᠦᠯ ᠤᠨ ᠨᠣᠷᠮ᠎ᠠ ᠨᠢ 61.1 % ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.9 ᠵᠠᠭᠤᠨ ᠤ ᠴᠡᠭ ᠪᠠᠭᠤᠷᠠᠪᠠ᠃ 2020 ᠣᠨ ᠤ 11 ᠳ᠋ᠤᠭᠡᠷ ᠰᠠᠷ᠎ᠠ ᠳᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 1958.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠳᠤᠮᠳᠠᠴᠢ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 65.5 % ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ ᠴᠡᠭ ᠪᠠᠭᠤᠷᠠᠵᠤ᠂ ᠲᠦᠢᠯ ᠤᠨ ᠬᠦᠴᠢᠷᠳᠡᠯᠲᠡᠶ ᠪᠠᠶᠢᠳᠠᠯ ᠳᠣᠤᠷ᠎ᠠ᠂ ᠤᠯᠤᠰ ᠠᠴᠠ ᠱᠠᠭᠠᠷᠳᠠᠭᠰᠠᠨ 2 ᠵᠠᠭᠤᠨ ᠤ ᠴᠡᠭ ᠪᠠᠭᠤᠷᠠᠭᠤᠯᠬᠤ ᠬᠠᠲᠠᠭᠤ ᠪᠡᠷᠬᠡ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠣᠭᠲᠠᠭᠤᠨ ᠢᠶᠠᠷ ᠳᠡᠭᠡᠭᠰᠢᠯᠡᠬᠦ ᠰᠠᠶᠢᠨ ᠪᠠᠶᠢᠳᠠᠯ ᠢ ᠪᠠᠲᠤᠯᠠᠵᠤ᠂ 13.8 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠦᠨ᠎ᠡ᠃    ᠳᠠᠷᠠᠭ᠎ᠠ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠨ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠪᠠᠷ ᠶᠡᠷᠦᠩᠬᠡᠶ ᠭᠠᠷᠳᠠᠴᠠ ᠪᠣᠯᠭᠠᠵᠣ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠴᠢᠩᠭᠠᠳᠬᠠᠵᠣ᠂ ᠪᠠᠶᠢᠷᠢᠰᠢᠯ ᠢ ᠰᠢᠯᠢᠳᠡᠭᠵᠢᠭᠦᠯᠦᠨ ᠪᠦᠲᠦᠴᠡ ᠶᠢ ᠲᠣᠬᠢᠷᠠᠭᠤᠯᠤᠨ᠎ᠠ᠂ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠷᠡᠰ ᠭᠤᠶᠢᠪᠢᠰᠢ ᠦᠭᠡᠢ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃    ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠷᠥ ᠶᠢᠨ ᠪᠣᠳᠣᠯᠭ᠎ᠠ ᠶᠢᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃          ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠤᠨ ᠭᠤᠤᠯ ᠠᠭᠤᠯᠭ᠎ᠠ ᠶᠢ ᠲᠠᠨᠢᠯᠴᠠᠭᠤᠯᠵᠤ ᠪᠣᠯᠬᠤ  ᠤᠤ︖      ᠸᠠᠩ ᠰᠢᠶᠤᠤ ᠶᠠᠨ᠄ ᠠᠰᠠᠭᠤᠭᠰᠠᠨ ᠳᠤ ᠴᠢᠨᠢ ᠪᠠᠶᠠᠷᠯᠠᠯ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠮᠠᠨ ᠤ ᠤᠯᠤᠰ ᠤᠳᠠᠯ ᠦᠭᠡᠢ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠭᠡᠵᠦ ᠪᠠᠶᠢᠭ᠎ᠠ ᠦᠶ᠎ᠡ ᠳᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠃ 2020 ᠣᠨ ᠤ 6 ᠰᠠᠷ᠎ᠠ ᠶᠢᠨ 30 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵20202022 ᠣᠨ︶︾ ᠢ ᠬᠢᠨᠠᠨ ᠵᠥᠪᠯᠡᠵᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠨᠢᠳᠤᠨᠤᠨ ᠤ 8 ᠳ᠋ᠤᠭᠠᠷ ᠰᠠᠷ᠎ᠠ ᠶᠢᠨ ᠰᠡᠭᠦᠯᠴᠢ ᠪᠠᠷ ︽ᠬᠡᠷᠡᠭᠵᠢᠭᠦᠯᠬᠦ ᠲᠥᠰᠦᠯ︾ ᠢ ᠲᠤᠭᠤᠷᠪᠢᠬᠤ ᠳᠤᠭᠤᠶᠢᠯᠠᠩ ᠪᠠᠶᠢᠭᠤᠯᠵᠤ᠂ ᠲᠤᠭᠤᠷᠪᠢᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ ᠭᠦᠨᠵᠡᠭᠡᠶ ᠪᠠᠶᠢᠴᠠᠭᠠᠨ ᠰᠤᠳᠤᠯᠬᠤ᠂ ᠥᠷᠭᠡᠨ ᠢᠶᠠᠷ ᠰᠠᠨᠠᠯ ᠬᠤᠷᠢᠶᠠᠬᠤ ᠪᠠᠷ ᠳᠠᠮᠵᠢᠭᠤᠯᠤᠨ᠂ ᠤᠷᠢᠳ ᠬᠤᠵᠢᠳ ᠠᠷᠪᠠᠨ ᠬᠡᠳᠦᠨ ᠡᠬᠡ ᠨᠣᠤᠷᠠᠭ ᠢ ᠳᠠᠬᠢᠨ ᠳᠠᠪᠲᠠᠨ ᠶᠠᠷᠢᠯᠴᠠᠵᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ︽ᠬᠡᠷᠡᠭᠵᠢᠭᠦᠯᠬᠦ ᠲᠥᠰᠦᠯ︾ ᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠠᠴᠠ ᠬᠢᠨᠠᠨ ᠵᠥᠪᠯᠡᠵᠦ ᠪᠠᠲᠤᠯᠠᠪᠠ᠃     ︽ᠬᠡᠷᠡᠭᠵᠢᠭᠦᠯᠬᠦ ᠲᠥᠰᠦᠯ︾ ᠨᠢ ᠬᠤᠶᠢᠰᠢᠳᠠ ᠶᠢᠨ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠰᠢᠨ᠎ᠡ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠭᠲᠠᠭᠠᠵᠤ ᠥᠭᠪᠡ᠃     ᠨᠢᠭᠡᠳᠦᠭᠡᠷ ᠬᠡᠰᠡᠭ ᠪᠣᠯ ᠶᠡᠷᠦᠩᠬᠡᠢ ᠱᠠᠭᠠᠷᠳᠠᠯᠭ᠎ᠠ ᠪᠠ ᠲᠡᠷᠢᠭᠦᠨ ᠴᠢᠬᠤᠯᠠ ᠡᠭᠦᠷᠭᠡ ᠮᠥᠨ᠂ ᠭᠤᠤᠯ ᠠᠭᠤᠯᠭ᠎ᠠ ᠨᠢ ︽ᠬᠤᠶᠠᠷ ᠢ ᠭᠦᠨᠵᠡᠭᠡᠶ ᠲᠤᠭᠤᠰᠢᠯᠠᠭᠤᠯᠬᠤ︾ ᠪᠣᠯᠤᠨ᠎ᠠ ︵ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠬᠡᠷᠡᠭᠲᠡᠶ︶᠂ ︽ᠨᠢᠭᠡ ᠶᠢ ᠣᠨᠣᠪᠴᠢᠲᠠᠢ ᠡᠵᠡᠮᠳᠡᠬᠦ︾ ︵ᠮᠠᠨ ᠤ ᠣᠷᠣᠨ ᠤ ︽ᠬᠤᠶᠠᠷ ᠰᠠᠭᠤᠷᠢᠨ︾ ᠢ ᠣᠨᠣᠪᠴᠢᠲᠠᠢ ᠡᠵᠡᠮᠳᠡᠬᠦ ᠬᠡᠷᠡᠭᠲᠡᠢ᠂ ︽ᠬᠤᠶᠠᠷ ᠬᠠᠯᠬᠠᠪᠴᠢ︾᠂ ︽ᠨᠢᠭᠡ ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠬᠠᠶᠢᠨ ᠰᠦᠪᠡᠭᠴᠢᠯᠡᠵᠦ ᠪᠠᠢᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠳᠡᠭᠡᠷ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠲᠦᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ︶᠂ ︽ᠲᠦᠷᠪᠡ ᠶᠢ ᠪᠠᠷᠢᠮᠲᠠᠯᠠᠬᠤ︾ ︵ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠂ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠭᠤᠣᠯ ᠰᠡᠳᠦᠪ ᠭᠤᠣᠯ ᠰᠢᠵᠢᠮ ᠢ ᠭᠤᠷᠪᠠᠨ ᠵᠢᠯ ᠤᠨ ᠠᠵᠢᠯᠯᠠᠭ᠎ᠠ ᠳᠤ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠨ᠎ᠠ︶᠂ ︽ᠭᠤᠷᠪᠠᠨ ᠢᠯᠡᠷᠬᠡᠶ ᠦᠷ᠎ᠡ ᠪᠦᠲᠦᠮᠵᠢ︾ ︵ᠨᠠᠩ ᠪᠣᠯᠪᠠᠰᠤᠷᠠᠩᠭᠤᠶ ᠨᠠᠩ ᠬᠡᠪᠰᠢᠭᠰᠡᠨ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠪᠠ ᠬᠥᠷᠥᠩᠭᠡ ᠬᠠᠮᠢᠶᠠᠷᠬᠤ ᠪᠠᠷ ᠭᠤᠤᠯ ᠪᠣᠯᠭᠠᠭᠰᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠂ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠢᠯᠡᠷᠬᠡᠶ ᠦᠷ᠎ᠡ ᠪᠦᠲᠦᠮᠵᠢ ᠣᠯᠪᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠮᠢᠳᠤᠯᠢᠭ ᠬᠦᠴᠦᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ︶᠃    ᠬᠤᠶᠠᠳᠤᠭᠠᠷ ᠬᠡᠰᠡᠭ ᠨᠢ ᠨᠠᠢᠮᠠᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠪᠡ᠃ ᠨᠢᠭᠡ ᠳᠤ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠵᠦ᠂ ︽ᠬᠤᠶᠠᠷ ᠢ ᠢᠮᠠᠭᠲᠠ ᠲᠤᠭᠤᠰᠢᠯᠠᠭᠤᠯᠬᠤ︾ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠦᠲᠦᠮᠵᠢᠲᠡᠢ ᠺᠣᠮᠫᠠᠨᠢ ᠶᠢᠨ ᠵᠠᠰᠠᠯᠲᠠ ᠶᠢᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ︔ ᠬᠤᠶᠠᠷ ᠲᠤ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢ ᠬᠥᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠭᠤᠷᠪᠠ ᠳᠤ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠤᠨ᠎ᠠ︔ ᠲᠦᠷᠪᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠮᠢᠳᠤᠯᠢᠭ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠵᠥᠪ ᠴᠢᠭᠯᠡᠯ ᠢᠶᠠᠷ ᠤᠷᠮᠠᠰᠢᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ ᠪᠥᠭᠡᠳ ᠡᠭᠦᠨ ᠠᠴᠠ ᠪᠤᠯᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠲᠠᠪᠤ ᠳᠤ ᠬᠦᠷᠦᠩᠭᠡ ᠶᠢ ᠬᠠᠮᠢᠶᠠᠷᠬᠤ ᠪᠠᠷ ᠭᠤᠣᠯ ᠪᠣᠯᠭᠠᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠯ ᠢ ᠪᠤᠢ ᠪᠣᠯᠭᠠᠵᠤ᠂ ᠬᠢᠨᠠᠨ ᠬᠠᠮᠢᠶᠠᠷᠬᠤ ᠣᠶᠢᠯᠠᠭᠠᠭᠳᠠᠬᠤᠨ᠂ ᠬᠢᠨᠠᠨ ᠬᠠᠮᠢᠶᠠᠷᠬᠤ ᠭᠤᠣᠯᠳᠠᠯᠭ᠎ᠠ᠂ ᠬᠢᠨᠠᠨ ᠬᠠᠮᠢᠶᠠᠷᠬᠤ ᠠᠷᠭ᠎ᠠ ᠮᠠᠶ᠋ᠢᠭ᠂ ᠬᠢᠨᠠᠨ ᠬᠠᠮᠢᠶᠠᠷᠬᠤ ᠤᠳᠤᠷᠢᠳᠤᠮᠵᠢ ᠵᠡᠷᠭᠡ ᠤᠯᠠᠨ ᠲᠠᠯ᠎ᠠ ᠠᠴᠠ ᠬᠤᠪᠢᠷᠠᠭᠤᠯᠤᠯᠲᠠ ᠶᠢ ᠬᠦᠴᠦᠯᠡᠨ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠶᠢᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ᠂ ᠪᠦᠳᠤᠮᠵᠢᠳᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠵᠢᠷᠭᠤᠭ᠎ᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠷᠬᠡ ᠲᠡᠭᠰᠢ ᠪᠠᠷ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ︔ ᠲᠤᠯᠤᠭ᠎ᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠯᠢ ᠤᠯᠠᠨ ᠲᠤᠰᠬᠠᠢ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠨᠠᠢᠮᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃    ᠭᠤᠷᠪᠠᠳᠤᠭᠠᠷ ᠬᠡᠰᠡᠭ ᠪᠣᠯ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠂ ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠭᠲᠠᠨ᠎ᠠ᠃     ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠯ ᠤᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠬᠢᠬᠦ ᠪᠣᠯ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠮᠥᠨ᠂ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠠᠭᠠᠴᠢ ᠶᠢᠨ ᠱᠠᠲᠤᠨ ᠳᠤ ᠪᠠᠶᠢᠷᠢᠰᠢᠯ ᠤᠨ ᠪᠦᠲᠦᠴᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖     ᠸᠧᠶ ᠱᠤ᠋ ᠴᠢ᠄ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠢᠯᠡᠳᠲᠡ ᠠᠬᠢᠴᠠ ᠲᠠᠢ ᠪᠣᠯᠭᠠᠪᠠ᠃ ︽ᠬᠡᠷᠡᠭᠵᠢᠭᠦᠯᠬᠦ ᠲᠥᠰᠦᠯ︾ ᠳᠤ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠶᠢᠨ ᠲᠣᠭᠤᠷᠢᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠤᠯᠠᠮ ᠴᠢᠨᠠᠭᠰᠢᠳᠠ ᠠᠬᠢᠭᠤᠯᠤᠨ᠎ᠠ᠃ ᠪᠣᠳᠠᠲᠠᠢ ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠪᠠᠶᠢᠨ᠎ᠠ᠃     ᠨᠢᠭᠡ ᠳᠤ᠂ ᠪᠦᠲᠦᠴᠡ ᠶᠢ ᠰᠢᠯᠢᠳᠡᠭᠵᠢᠭᠦᠯᠬᠦ᠂ ᠣᠷᠴᠢᠯ ᠢ ᠰᠢᠯᠤᠭᠤᠳᠬᠠᠬᠤ᠂ ᠨᠡᠮᠡᠭᠳᠡᠯ ᠢ ᠲᠣᠭᠲᠠᠪᠤᠷᠢᠵᠢᠭᠤᠯᠬᠤ ᠳᠤᠮᠳᠠᠬᠢ ᠤᠯᠤᠰ ᠤᠨ ᠥᠮᠴᠢᠯᠡᠯ ᠤᠨ ᠠᠵᠤ ᠠᠬᠤᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ ᠠᠵᠤ ᠦᠢᠯᠡᠰ ᠤᠨ ᠣᠷᠴᠢᠯ᠂ ᠵᠠᠬ᠎ᠠ ᠳᠡᠯᠭᠡᠭᠦᠷ ᠤᠨ ᠣᠷᠴᠢᠯ ᠢ ᠰᠢᠯᠤᠭᠤᠳᠬᠠᠬᠤ᠂ ᠠᠵᠤ ᠠᠬᠤᠶ ᠨᠡᠶᠢᠭᠡᠮ ᠤᠨ ᠣᠷᠴᠢᠯ ᠵᠡᠷᠭᠡ ᠲᠠᠯ᠎ᠠ ᠪᠠᠷ ᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠬᠦ ᠶᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠨ ᠪᠦᠲᠦᠴᠡ ᠶᠢᠨ ᠲᠣᠬᠢᠷᠠᠭᠤᠯᠤᠯᠲᠠ ᠬᠢᠵᠦ᠂ ᠪᠣᠳᠠᠲᠤ ᠴᠣᠭᠴᠠ ᠶᠢᠨ ᠠᠵᠤ ᠠᠬᠤᠶ ᠶᠢ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠣᠭᠲᠠᠪᠤᠷᠢᠵᠢᠭᠤᠯᠬᠤ ᠬᠡᠷᠡᠭᠲᠡᠶ᠃ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠢᠶᠠᠷ ᠬᠠᠮᠲᠤᠷᠠᠯᠴᠠᠬᠤ᠂ ᠠᠵᠤ ᠦᠢᠯᠡᠰ ᠢ ᠬᠠᠮᠲᠤᠪᠠᠷ ᠪᠠᠶᠢᠭᠤᠯᠬᠤ᠂ ᠬᠤᠯᠪᠣᠭ᠎ᠠ ᠪᠠᠶᠢᠭᠤᠯᠬᠤ ᠵᠡᠷᠭᠡ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠠᠶᠢᠴᠢᠯᠠᠬᠤ ᠶᠢ ᠳᠡᠮᠵᠢᠨ᠎ᠡ᠃ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠬᠢᠭᠡᠳ ᠲᠥᠪ ᠤᠨ ᠠᠵᠤ ᠠᠬᠤᠶᠢᠯᠠᠯ᠂ ᠪᠤᠰᠤᠳ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠶᠢ ᠳᠡᠮᠵᠢᠨ᠎ᠡ᠃ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠬᠥᠨᠳᠡᠯᠡᠨ ᠭᠤᠯᠳᠤ ᠪᠠᠷ ᠲᠣᠬᠢᠷᠠᠭᠤᠯᠤᠯᠲᠠ ᠬᠢᠬᠦ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠬᠢᠵᠦ ᠲᠠᠰ ᠳᠡᠪᠰᠢᠭᠦᠯᠵᠦ᠂ ᠮᠠᠰᠢ ᠣᠯᠠᠨ ᠳᠤᠮᠳᠠ ᠵᠢᠵᠢᠭ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ᠃    ᠬᠤᠶᠠᠷ ᠲᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶᠡᠨ ᠳᠤ ᠲᠥᠪᠯᠡᠷᠡᠬᠦ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤᠮᠳᠠᠬᠢ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠣᠭ ᠰᠤᠷᠪᠤᠯᠵᠢ᠂ ᠬᠠᠷᠢᠴᠠᠭᠤᠯᠤᠭᠰᠠᠨ ᠳᠠᠪᠠᠭᠤᠯᠢᠭ᠂ ᠬᠥᠭᠵᠢᠯᠲᠡ ᠶᠢᠨ ᠬᠡᠷᠡᠭᠴᠡᠭᠡ ᠪᠠ ᠪᠣᠳᠠᠲᠤ ᠪᠣᠯᠤᠮᠵᠢ ᠳᠤ ᠰᠠᠭᠤᠷᠢᠯᠠᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠶ᠋ᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠣᠲᠣ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠬᠢᠭᠡᠳ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠶᠢᠨ ᠲᠥᠯᠥᠪᠵᠢᠭᠦᠯᠭᠡ ᠶᠢ ᠡᠨᠡ ᠵᠢᠯ ᠤᠨ 6 ᠰᠠᠷ᠎ᠠ ᠠᠴᠠ ᠡᠮᠦᠨ᠎ᠡ ᠨᠠᠶᠢᠷᠠᠭᠤᠯᠤᠨ ᠳᠠᠭᠤᠰᠬᠠᠬᠤ ᠶᠢᠨ ᠬᠠᠮᠲᠤ ᠪᠢᠳᠡ ᠪᠠᠰᠠ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠥᠰᠦᠯ ᠳᠤ ᠵᠠᠰᠠᠪᠤᠷᠢ ᠣᠷᠣᠭᠤᠯᠵᠤ᠂ ᠪᠥᠬᠦ ᠣᠷᠣᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠬᠢᠭᠡᠳ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠶᠢᠨ ᠶᠡᠷᠦᠩᠬᠡᠶ ᠰᠡᠳᠬᠢᠮᠵᠢ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠪᠣᠯᠤᠨ᠎ᠠ᠃     ᠭᠤᠷᠪᠠ ᠳᠤ᠂ ᠳᠠᠪᠠᠭᠤᠯᠢᠭ ᠲᠠᠯ᠎ᠠ ᠶᠢ ᠪᠦᠷᠢᠯᠳᠦᠭᠦᠯᠦᠭᠡᠳᠦᠶ ᠭᠤᠣᠯ ᠡᠵᠡᠩᠨᠡᠯᠲᠡ ᠶᠢᠨ ᠪᠤᠰᠤ ᠲᠤᠬᠠᠶᠢᠯᠠᠭᠰᠠᠨ ᠠᠵᠢᠯ ᠪᠣᠯᠤᠨ ᠦᠷ᠎ᠡ ᠠᠰᠢᠭ ᠢᠶᠠᠷ ᠳᠣᠣᠷ᠎ᠠ ᠪᠤᠶᠤ ᠦᠷ᠎ᠡ ᠠᠰᠢᠭ ᠦᠭᠡᠶ ᠡᠳ ᠬᠥᠷᠥᠩᠭᠡ ᠶᠢ ᠦᠷᠭᠦᠯᠵᠢᠯᠡᠨ ᠢᠯᠭᠠᠷᠠᠭᠤᠯᠤᠨ ᠪᠤᠴᠠᠭᠠᠬᠤ ᠬᠡᠷᠡᠭᠲᠡᠶ᠃ ᠪᠢᠳᠡ 2021 ᠣᠨ ᠳᠤ ᠣᠷᠣᠨ ᠤ ᠬᠠᠷᠢᠶ᠎ᠠ ᠠᠵᠤ ᠠᠬᠤᠶᠢᠯᠠᠯ ᠤᠨ ᠭᠤᠤᠯ ᠠᠵᠢᠯ ᠪᠠ ᠪᠠᠯᠠ ᠣᠷᠣᠭᠤᠯᠤᠯᠲᠠ ᠶᠢᠨ ᠲᠥᠷᠥᠯ ᠦᠢᠯᠡᠰ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠭᠤᠤᠯ ᠠᠵᠢᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠢ ᠵᠢᠯᠣᠭᠤᠳᠤᠨ ᠥᠷᠢᠰᠥᠯᠳᠦᠭᠡᠨ ᠤ ᠳᠠᠪᠠᠭᠤᠯᠢᠭ ᠢ ᠪᠦᠷᠢᠯᠳᠦᠭᠦᠯᠦᠭᠡᠳᠦᠶ᠂ ᠬᠥᠭᠵᠢᠯᠲᠡ ᠶᠢᠨ ᠳᠠᠯᠳᠠ ᠬᠦᠴᠦᠨ ᠢᠶᠠᠷ ᠳᠤᠲᠠᠮᠠᠭ ᠪᠠᠶᠢᠬᠤ ᠭᠤᠤᠯ ᠡᠵᠡᠩᠨᠡᠯᠲᠡ ᠶᠢᠨ ᠪᠤᠰᠤ ᠲᠤᠬᠠᠶᠢᠯᠠᠭᠰᠠᠨ ᠠᠵᠢᠯ ︵ᠠᠵᠤ ᠠᠬᠤᠶᠢᠯᠠᠯ︶ ᠪᠣᠯᠤᠨ ᠦᠷ᠎ᠡ ᠠᠰᠢᠭ ᠢᠶᠠᠷ ᠳᠣᠤᠷ᠎ᠠ ᠪᠤᠶᠤ ᠦᠷ᠎ᠡ ᠠᠰᠢᠭ ᠥᠬᠡᠶ ᠡᠳ᠋ ᠬᠥᠷᠥᠩᠭᠡ ᠶᠢ ᠪᠥᠬᠦ ᠲᠠᠯ᠎ᠠ ᠪᠠᠷ ᠡᠮᠬᠢᠯᠡᠵᠦ ᠪᠤᠴᠠᠭᠠᠨ ᠭᠠᠷᠭᠠᠵᠤ᠂ ᠵᠢᠱᠢᠯᠲᠡ ᠪᠠᠷ 2022 ᠣᠨ ᠪᠣᠯᠬᠤ ᠳᠤ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠦᠯᠡᠳᠡᠭᠡᠯ ᠢ ᠢᠯᠭᠠᠷᠠᠭᠤᠯᠤᠨ ᠪᠤᠴᠠᠭᠠᠬᠤ ᠶᠠᠪᠤᠳᠠᠯ ᠢ ᠦᠨᠳᠦᠰᠦᠨ ᠳᠤᠨᠢ ᠪᠡᠶᠡᠯᠡᠭᠦᠯᠵᠦ᠂ ᠬᠠᠮᠢᠶᠠᠷᠤᠯᠲᠠ ᠶᠢᠨ ᠱᠠᠲᠤ ᠲᠠᠰ ᠢ ᠵᠠᠷᠴᠢᠮ ᠳᠡᠭᠡᠷ᠎ᠡ ᠪᠠᠨ ᠭᠤᠷᠪᠠᠨ ᠱᠠᠲᠤᠨ ᠤ ᠳᠣᠲᠣᠷ᠎ᠠ ᠬᠢᠵᠠᠭᠠᠷᠯᠠᠵᠤ᠂ ᠬᠠᠤᠯᠢ ᠶᠢᠨ ᠡᠷᠬᠡᠲᠡᠨ ᠤ ᠡᠷᠦᠬᠡ ᠶᠢᠨ ᠲᠤᠭ᠎ᠠ ᠶᠢ 20 % ᠠᠴᠠ ᠳᠡᠭᠡᠭᠰᠢ ᠪᠠᠭᠠᠰᠬᠠᠨ᠎ᠠ᠃    ᠲᠦᠷᠪᠡ ᠳᠤ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ 5 G᠂ ᠠᠵᠤ ᠦᠶ᠋ᠯᠡᠳᠪᠦᠷᠢ ᠶᠢᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠨᠠᠩ ᠣᠯᠠᠨ ᠣᠷᠣᠭᠤᠯᠤᠯᠲᠠ ᠬᠢᠬᠦ ᠶᠢ ᠢᠳᠡᠪᠬᠢᠲᠡᠶ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠠᠵᠤ ᠠᠬᠤᠶᠢᠯᠠᠯ ᠤᠨ ᠲᠣᠭᠠᠴᠢᠯᠠᠯᠲᠠ᠂ ᠤᠶᠤᠨᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠥᠷᠢᠰᠥᠯᠳᠦᠬᠦ ᠬᠦᠴᠦᠨ ᠲᠠᠢ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠢ ᠪᠤᠶᠢᠵᠢᠭᠤᠯᠪᠠ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠡᠨᠡ ᠤᠳᠠᠭᠠᠨ ᠤ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠨᠢ ᠶᠠᠮᠠᠷ ᠣᠨᠴᠠᠯᠢᠭ ᠲᠠᠢ ᠪᠣᠶ︖ ᠲᠠᠷᠠᠭᠠᠴᠢ ᠶᠢᠨ ᠠᠯᠬᠤᠮ ᠳᠤ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠶᠢᠨ ᠭᠤᠤᠯᠳᠠᠯᠭ᠎ᠠ ᠨᠢ ᠶᠠᠭᠤ ᠪᠣᠶ︖      ᠵᠠᠩ ᠳ᠋ᠦᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ︽ᠬᠡᠷᠡᠭᠵᠢᠭᠦᠯᠬᠦ ᠲᠥᠰᠦᠯ︾ ᠪᠣᠯ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠭᠤᠤᠯ ᠦᠷ᠎ᠡ ᠪᠦᠲᠦᠮᠵᠢ ᠪᠠ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠬᠠᠨᠳᠤᠭᠤᠯᠤᠨ ᠪᠥᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠵᠢᠯᠣᠭᠤᠳᠬᠤ ᠴᠢᠬᠤᠯᠠ ᠪᠢᠴᠢᠭ ᠮᠠᠲ᠋ᠧᠷᠢᠶᠠᠯ ᠪᠣᠯᠤᠨ᠎ᠠ᠃ ︽ᠬᠡᠷᠡᠭᠵᠢᠭᠦᠯᠬᠦ ᠲᠥᠰᠦᠯ︾ ᠨᠢ ᠤᠯᠤᠰ ᠤᠨ ᠠᠵᠢᠯᠯᠠᠭ᠎ᠠ ᠶᠢᠨ ᠲᠥᠰᠦᠯ ᠳᠤ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠤᠨ ᠠᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠳᠤᠲᠠᠭᠤᠳᠠᠯ ᠪᠠ ᠪᠠᠭᠤᠷᠠᠶ ᠲᠠᠯ᠎ᠠ ᠶᠢ ᠲᠣᠳᠣᠷᠬᠠᠶᠢᠯᠠᠵᠤ᠂ ᠪᠣᠳᠠᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠤ ᠬᠠᠮᠲᠤ᠂ ᠢᠷᠡᠭᠡᠳᠦᠶ ᠶᠢᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠴᠡᠭ ᠪᠠ ᠠᠵᠢᠯ ᠤᠨ ᠬᠢᠯᠠᠰ ᠴᠡᠭ ᠢ ᠢᠯᠡᠷᠡᠭᠦᠯᠵᠡᠶ᠃ ᠶᠡᠷᠦᠩᠬᠡᠢ ᠳᠤᠨᠢ ᠠᠪᠴᠤ ᠦᠵᠡᠪᠡᠯ ᠭᠤᠣᠯᠳᠠᠭᠤ ᠭᠤᠷᠪᠠᠨ ᠣᠨᠴᠠᠯᠢᠭ ᠢ ᠬᠠᠷᠠᠭᠤᠯᠵᠤ ᠪᠠᠶᠢᠨ᠎ᠠ᠃    ᠨᠢᠭᠡ ᠳᠤ᠂ ᠥᠭᠡᠷᠡᠴᠢᠯᠡᠯᠲᠡ ᠶᠢᠨ ᠬᠠᠷᠠᠯᠲᠠ ᠶᠢᠨ ᠲᠠᠯ᠎ᠠ ᠪᠠᠷ ᠠᠮᠢᠵᠢᠷᠠᠯ ᠤᠨ ᠬᠦᠴᠦᠨ᠂ ᠶᠠᠰᠤ ᠴᠢᠨᠠᠷ᠂ ᠦᠷ᠎ᠡ ᠠᠰᠢᠭ ᠢ ᠢᠯᠡᠷᠡᠭᠦᠯᠬᠦ ᠶᠢ ᠴᠢᠬᠤᠯᠠᠴᠢᠯᠠᠬᠤ ᠬᠡᠷᠡᠭᠲᠡᠢ᠃ 2022 ᠣᠨ ᠪᠣᠯᠲᠠᠯᠠᠬᠢ ᠥᠭᠡᠷᠡᠴᠢᠯᠡᠯᠲᠡ ᠶᠢᠨ ᠬᠠᠷᠠᠯᠲᠠ ᠶᠢ ᠲᠣᠳᠣᠷᠬᠠᠶᠢᠯᠠᠪᠠ᠂ 2022 ᠣᠨ ᠪᠣᠯᠬᠤ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠯᠦᠭᠯᠡᠯ ᠤᠨ ᠳᠠᠪᠬᠤᠷᠭ᠎ᠠ ᠪᠠ ᠴᠢᠬᠤᠯᠠ ᠬᠤᠪᠢᠶᠠᠷᠢ ᠠᠵᠤ ᠠᠬᠤᠶᠢᠯᠠᠯ ᠳᠤ ᠴᠥᠮ ᠬᠡᠷᠡᠭ ᠮᠡᠳᠡᠭᠴᠢᠳ ᠤᠨ ᠬᠤᠷᠠᠯ ᠪᠠᠶᠢᠭᠤᠯᠬᠤ ᠶᠢ ᠪᠠᠭᠲᠠᠭᠠᠨ᠎ᠠ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠬᠡᠷᠡᠭ ᠮᠡᠳᠡᠭᠴᠢᠳ ᠤᠨ ᠬᠤᠷᠠᠯ ᠠᠴᠠ ᠲᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠭᠰᠠᠨ ᠬᠠᠮᠢᠶᠠᠷᠤᠯᠲᠠ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ︔ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠦᠯᠡᠳᠡᠭᠡᠯ ᠢ ᠢᠯᠭᠠᠷᠠᠭᠤᠯᠤᠨ ᠪᠤᠴᠠᠭᠠᠵᠤ ᠰᠢᠶ᠋ᠳᠪᠦᠷᠢᠯᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠬᠠᠮᠢᠶᠠᠷᠤᠯᠲᠠ ᠶᠢᠨ ᠲᠠᠰ ᠱᠠᠲᠤ ᠶᠢ ᠵᠠᠷᠴᠢᠮ ᠳᠡᠭᠡᠷ᠎ᠡ ᠪᠠᠨ ᠭᠤᠷᠪᠠᠳᠤᠭᠠᠷ ᠳᠡᠰ ᠤᠨ ᠳᠣᠲᠣᠷ᠎ᠠ ᠡᠵᠡᠮᠳᠡᠨ᠎ᠡ︔ ᠵᠠᠰᠠᠬᠤ ᠨᠡᠷᠡᠰ ᠲᠤ ᠵᠢᠭᠰᠠᠭᠠᠨ ᠣᠷᠣᠭᠤᠯᠤᠭᠰᠠᠨ ᠠᠯᠳᠠᠭᠳᠠᠯ ᠲᠠᠢ ᠠᠵᠤ ᠠᠬᠤᠶᠢᠯᠠᠯ  ᠰᠢᠢᠳᠪᠦᠷᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠵᠤ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠵᠡᠷᠭᠡ ᠠᠯᠢ ᠤᠯᠠᠨ ᠴᠢᠬᠤᠯᠠ ᠥᠭᠡᠷᠡᠴᠢᠯᠡᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃     ᠬᠤᠶᠠᠷ ᠲᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠵᠠᠩᠭᠢᠯᠠᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠶᠢ ᠴᠢᠬᠤᠯᠠᠴᠢᠯᠠᠨ ᠢᠯᠡᠷᠡᠭᠦᠯᠦᠨ᠎ᠡ᠃ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶ ᠶᠢᠨ ᠬᠡᠪᠴᠢᠶ᠎ᠡ ᠶᠢᠨ ᠶᠡᠷᠦᠩᠬᠡᠶ ᠬᠡᠮᠵᠢᠶ᠎ᠡ ᠪᠠᠭ᠎ᠠ᠂ ᠪᠠᠶᠢᠷᠢᠰᠢᠭᠤᠯᠤᠯ ᠤᠨ ᠪᠦᠲᠦᠴᠡ ᠰᠢᠯᠢᠳᠡᠭ ᠪᠤᠰᠤ᠂ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠬᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ ᠪᠠᠭᠲᠠᠭᠠᠭᠰᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠪᠠ︔ ᠤᠯᠤᠰ ᠤᠨ ᠥᠮᠴᠢᠯᠡᠯᠲᠦ ᠬᠥᠷᠥᠩᠭᠡ ᠶᠢ ᠣᠲᠣ ᠦᠶ᠎ᠡ ᠶᠢᠨ ᠡᠨᠧᠷᠭᠢ ᠶᠢᠨ ᠠᠵᠤ ᠠᠬᠤᠶ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ  ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠰᠣᠶᠣᠯ ᠵᠢᠭᠤᠯᠴᠢᠯᠠᠯ᠂ ᠠᠮᠢ ᠠᠬᠤᠶ ᠣᠷᠴᠢᠨ ᠲᠣᠭᠤᠷᠢᠨ᠂ ᠲᠣᠭᠠᠴᠢᠯᠠᠭᠰᠠᠨ ᠠᠵᠤ ᠠᠬᠤᠶ ᠵᠡᠷᠭᠡ ᠬᠦᠷᠢᠶ᠎ᠡ ᠴᠠᠷᠠᠭ᠎ᠠ ᠳᠠᠰᠢ ᠪᠠᠶᠢᠷᠢᠰᠢᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠣᠶᠢᠷᠠᠯᠴᠠᠭ᠎ᠠ᠂ ᠭᠤᠤᠯ ᠦᠢᠯᠡᠰ ᠠᠳᠠᠯᠢᠬᠠᠨ ᠠᠵᠤ ᠠᠬᠤᠶᠢᠯᠠᠯ ᠢ ᠲᠥᠷᠥᠯ ᠬᠤᠪᠢᠶᠠᠨ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ︔ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ 5 G᠂ ᠵᠣᠬᠢᠶᠠᠮᠠᠯ ᠣᠶᠤᠨ ᠴᠢᠳᠠᠪᠤᠷᠢ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠣᠮᠣ ᠳ᠋ᠠᠶᠢᠲ᠋ᠠ᠂ ᠬᠡᠰᠡᠭ ᠪᠦᠯᠦᠭ ᠤᠨ ᠬᠡᠯᠬᠢᠶ᠎ᠡ ᠵᠡᠷᠭᠡ ᠶᠢ ᠠᠭᠤᠰᠤᠯᠴᠠᠭᠤᠯᠤᠨ ᠬᠡᠷᠡᠭᠯᠡᠬᠦ ᠵᠡᠷᠭᠡ ᠶᠢ ᠲᠦᠷᠭᠡᠳᠬᠡᠨ ᠠᠬᠢᠭᠤᠯᠤᠨ᠎ᠠ᠃     ᠭᠤᠷᠪᠠ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ ᠬᠡᠮᠵᠢᠵᠦ ᠪᠣᠯᠬᠤ᠂ ᠬᠢᠨᠠᠨ ᠰᠢᠯᠭᠠᠵᠤ ᠪᠣᠯᠬᠤ᠂ ᠰᠢᠯᠭᠠᠨ ᠪᠠᠶᠢᠴᠠᠭᠠᠵᠤ ᠪᠣᠯᠬᠤ ᠶᠢ ᠴᠢᠬᠤᠯᠠᠴᠢᠯᠠᠨ ᠢᠯᠡᠷᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠨᠡᠩ ᠢᠯᠡᠭᠦᠦ ᠴᠢᠬᠤᠯᠠᠴᠢᠯᠠᠵᠤ᠂ ᠠᠵᠢᠯᠯᠠᠭ᠎ᠠ ᠥᠷᠨᠢᠭᠦᠯᠪᠡ᠂ ᠪᠢᠳᠡ ᠨᠠᠷᠢᠨ ᠲᠠᠩᠰᠠ ᠶᠢᠨ ᠬᠡᠯᠪᠡᠷᠢ ᠶᠢᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠪᠠᠶᠢᠴᠠᠭᠠᠵᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠰᠦᠯᠵᠢᠶᠡᠨ ᠳᠡᠭᠡᠷ᠎ᠡ ᠲᠣᠭᠲᠠᠭᠰᠠᠨ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠢ ᠱᠠᠯᠠᠪᠳᠠᠭᠤᠯᠤᠨ ᠭᠦᠢᠴᠡᠳᠬᠡᠬᠦ ᠰᠢᠰᠲ᠋ᠧᠮ ᠢ ᠪᠠᠶᠢᠭᠤᠯᠵᠤ᠂ ᠲᠤᠰᠬᠠᠢ ᠱᠠᠯᠠᠪᠳᠠᠭᠤᠯᠤᠨ ᠪᠠᠶᠢᠴᠠᠭᠠᠬᠤ ᠪᠤᠶᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠥᠭᠡᠷᠡᠴᠢᠯᠡᠯᠲᠡ ᠶᠢᠨ ᠠᠬᠢᠴᠠ ᠤᠳᠠᠭᠠᠨ᠂ ᠱᠠᠳᠤᠴᠢ ᠴᠢᠨᠠᠷᠲᠠᠢ ᠡᠭᠦᠷᠭᠡ ᠪᠠᠨ ᠪᠡᠶᠡᠯᠡᠭᠦᠯᠦᠭᠡᠳᠦᠢ ᠨᠢᠭᠡᠴᠢ ᠶᠢ ᠵᠠᠷᠯᠠᠨ ᠱᠠᠯᠠᠪᠳᠠᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠪᠢᠳᠡ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠱᠠᠲᠤᠨ ᠤ ᠵᠠᠰᠠᠭ ᠤᠨ ᠣᠷᠳᠣᠨ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠢᠯᠭᠠᠨ ᠬᠢᠨᠠᠬᠤ ᠴᠢᠬᠤᠯᠠ ᠠᠭᠤᠯᠭ᠎ᠠ ᠪᠣᠯᠭᠠᠵᠤ᠂ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠣᠨ ᠤ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠵᠢᠭᠰᠠᠭᠠᠨ ᠣᠷᠣᠭᠤᠯᠵᠤ᠂ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠥᠭᠡᠷᠡᠴᠢᠯᠡᠯᠲᠡ ᠶᠢᠨ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠡᠰᠡᠬᠦ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠪᠠ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠬᠡᠪᠴᠢᠶᠡᠨ ᠳᠤ ᠣᠷᠣᠭᠤᠯᠤᠨ᠎ᠠ᠃     ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠢᠯᠣᠭᠤᠳᠤᠨ ᠠᠬᠢᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠰᠠᠶᠢᠲᠤᠷ ᠭᠦᠢᠴᠡᠳᠭᠡᠵᠦ᠂ ᠬᠡᠳᠦᠨ ᠲᠠᠯ᠎ᠠ ᠶᠢᠨ ᠨᠠᠶᠢᠳᠠᠪᠤᠷᠢᠵᠢᠭᠤᠯᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡᠳᠦᠭᠡᠷ ᠲᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠰᠢᠭᠤᠳ ᠬᠠᠷᠢᠭᠤᠴᠠᠯᠭ᠎ᠠ ᠶᠢᠨ ᠰᠢᠰᠲ᠋ᠧᠮ ᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠠᠵᠢᠯ ᠤᠨ ᠳᠠᠷᠤᠯᠲᠠ ᠶᠢ ᠳᠠᠮᠵᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠨᠢᠭᠡ ᠯᠡ ᠳᠡᠭᠡᠷ᠎ᠡ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠶ᠃ ᠬᠤᠶᠠᠳᠤᠭᠠᠷ ᠲᠤ᠂ ︽ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ᠂ ᠠᠵᠤ ᠠᠬᠤᠶᠢᠯᠠᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠶᠢᠮᠠᠭ ᠬᠤᠲᠠ ᠪᠠ ᠠᠵᠤ ᠠᠬᠤᠶᠢᠯᠠᠯ ᠤᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠭᠤᠷᠪᠠᠳᠤᠭᠠᠷ ᠲᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠰᠠᠶᠢᠲᠤᠷ ᠠᠳᠬᠤᠵᠤ᠂ ᠪᠠᠶᠢᠴᠠᠭᠠᠵᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠂ ︽ᠬᠡᠷᠡᠭᠵᠢᠭᠦᠯᠬᠦ ᠲᠥᠰᠦᠯ︾ ᠤᠨ ᠠᠵᠢᠯ ᠤᠨ ᠡᠬᠡ ᠲᠠᠩᠰᠠ ᠶᠢᠨ ᠶᠣᠰᠣᠭᠠᠷ᠂ ᠲᠤᠰᠬᠠᠶ ᠰᠢᠮᠳᠠᠭᠤᠯᠤᠨ ᠪᠠᠶᠢᠴᠠᠭᠠᠬᠤ ᠪᠤᠶᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ︽ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃      ᠪᠢᠳᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠨᠡᠩ ᠪᠣᠯᠪᠠᠰᠤᠷᠠᠩᠭᠤᠢ᠂ ᠨᠡᠩ ᠲᠣᠭᠲᠠᠪᠤᠷᠢᠵᠢᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠪᠠ ᠬᠦᠷᠦᠩᠭᠡ ᠶᠢ ᠬᠠᠮᠢᠶᠠᠷᠬᠤ ᠪᠠᠷ ᠭᠤᠣᠯ ᠪᠣᠯᠭᠠᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠤᠢ ᠪᠣᠯᠭᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ︔ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠢᠯᠡᠷᠬᠡᠶ ᠦᠷ᠎ᠡ ᠪᠦᠲᠦᠮᠵᠢ ᠣᠯᠪᠠ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠮᠢᠳᠤᠯᠢᠭ ᠬᠦᠴᠦᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠦᠷᠢᠰᠦᠯᠳᠦᠬᠦ ᠬᠦᠴᠦᠨ᠂ ᠰᠢᠨ᠎ᠡ ᠶᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠦᠨᠡᠨ ᠬᠦ ᠴᠢᠩᠭᠠᠷᠠᠭᠤᠯᠤᠨ᠎ᠠ᠃ ᠪᠠᠶᠠᠷᠯᠠᠯ᠎ᠠ᠃       ᠪᠦᠮᠪᠤᠷᠴᠡᠭ ᠰᠦᠯᠵᠢᠶ᠎ᠡ ᠶᠢᠨ ᠰᠤᠷᠪᠤᠯᠵᠢᠯᠠᠭᠴᠢ᠄ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠶᠢᠨ ᠨᠢᠭᠡ ᠪᠤᠯᠤᠨ᠎ᠠ᠃ ᠮᠠᠨ ᠤ ᠣᠷᠣᠨ ᠤ ᠣᠳᠣᠬᠢ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠭᠡᠷᠡᠴᠢᠯᠡᠯᠲᠡ ᠶᠢᠨ ᠪᠠᠶᠢᠳᠠᠯ ᠢ ᠲᠠᠨᠢᠯᠴᠠᠭᠤᠯᠵᠤ ᠪᠣᠯᠬᠤ ᠤᠤ︖     ᠵᠠᠩ ᠱᠢ ᠬᠤᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠮᠠᠨ ᠤ ᠣᠷᠣᠨ ᠢᠮᠠᠭᠲᠠ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠭᠠᠵᠠᠷ ᠣᠷᠣᠨ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ᠂ ᠠᠵᠢᠯ ᠲᠦᠷᠦᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ᠂ ᠠᠵᠤ ᠠᠬᠤᠶᠢᠯᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠭᠠᠭᠴᠠᠭᠠᠷ ᠬᠢᠪᠠᠯ ᠵᠣᠬᠢᠬᠤ ᠶᠢ ᠨᠢ ᠭᠠᠭᠴᠠᠭᠠᠷ ᠡᠵᠡᠮᠳᠡᠵᠦ᠂ ᠡᠵᠡᠮᠳᠡᠬᠦ ᠳᠤ ᠲᠣᠬᠢᠷᠠᠮᠵᠢᠲᠠᠢ ᠶᠢ ᠨᠢ ᠡᠵᠡᠮᠳᠡᠵᠦ᠂ ᠣᠷᠣᠯᠴᠠᠬᠤ ᠳᠤ ᠲᠣᠬᠢᠷᠠᠮᠵᠢᠲᠠᠢ ᠶᠢ ᠨᠢ ᠣᠷᠣᠯᠴᠠᠵᠤ᠂ ᠪᠦᠬᠦᠨ ᠢ ᠪᠦᠷᠬᠦᠬᠦᠯᠬᠦ ᠦᠭᠡᠢ᠂ ᠴᠠᠭ ᠤᠨ ᠬᠦᠰᠦᠨᠦᠭᠲᠦ ᠭᠠᠷᠭᠠᠬᠤ ᠦᠭᠡᠢ ᠵᠠᠷᠴᠢᠮ ᠢ ᠪᠠᠷᠢᠮᠲᠠᠯᠠᠵᠤ᠂ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠱᠠᠳᠤ ᠬᠤᠪᠢᠶᠠᠨ ᠲᠦᠷᠦᠯ ᠬᠤᠪᠢᠶᠠᠨ ᠭᠦᠨᠵᠡᠭᠡᠶᠢᠷᠡᠭᠦᠯᠪᠡ᠃    ᠨᠢᠭᠡ ᠳᠤ᠂ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯᠲᠦ ᠠᠵᠤ ᠠᠬᠤᠶ ᠶᠢ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ  ﹇2015﹈139 ᠳ᠋ᠦ᠋ᠭᠡᠷ ᠲᠣᠭᠠᠲᠤ︶ ᠤᠨ ᠶᠣᠰᠣᠭᠠᠷ᠂ ᠤᠷᠢᠳ ᠬᠤᠵᠢᠳ ︽ᠣᠷᠣᠨ ᠤ ᠬᠠᠷᠢᠶ᠎ᠠ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠲᠣᠭᠲᠠᠭᠠᠪᠠ᠂ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠥᠮᠴᠢᠯᠡᠯ ᠤᠨ ᠪᠤᠰᠤ ᠬᠥᠷᠥᠩᠭᠡ ᠶᠢ ᠣᠷᠣᠭᠤᠯᠵᠤ ᠢᠷᠡᠬᠦ ᠲᠤᠷᠰᠢᠯᠲᠠ ᠶᠢᠨ ᠲᠥᠰᠦᠯ︾᠂ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠵᠦ ᠰᠲ᠋ᠣᠺ ᠢᠶᠠᠨ ᠥᠷᠭᠡᠳᠬᠡᠬᠦ ᠬᠤᠯᠪᠣᠭᠳᠠᠯ ᠪᠦᠬᠦᠢ ᠤᠴᠢᠷ ᠤᠨ ᠲᠤᠬᠠᠶ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠤ ᠬᠠᠷᠢᠶ᠎ᠠ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯᠯᠠᠭᠠᠨ ᠤ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠵᠡᠷᠭᠡ ᠠᠯᠢ ᠣᠯᠠᠨ ᠲᠥᠬᠦᠷ ᠳᠦᠷᠢᠮ᠂ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠬᠤ ᠪᠠᠷ ᠳᠠᠮᠵᠢᠨ᠂ ᠬᠤᠯᠢᠯᠳᠤᠭᠤᠯᠤᠨ ᠥᠭᠡᠷᠡᠴᠢᠯᠡᠬᠦ ᠬᠠᠷᠠᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠂ ᠬᠤᠯᠢᠯᠳᠤᠭᠤᠯᠤᠨ ᠥᠭᠡᠷᠡᠴᠢᠯᠡᠬᠦ ᠠᠵᠢᠯ ᠤᠨ ᠢᠳᠡᠪᠬᠢᠲᠡᠶ ᠪᠥᠭᠡᠳ ᠯᠠᠪᠳᠠᠭᠤᠨ ᠪᠠᠶᠢᠬᠤ ᠶᠢ ᠪᠠᠳᠣᠯᠠᠵᠣ᠂ ᠵᠢᠷᠤᠮᠵᠢᠯ ᠲᠠᠢ ᠡᠮᠬᠢ ᠵᠢᠷᠤᠮ ᠲᠠᠢ ᠠᠬᠢᠭᠤᠯᠪᠠ᠃     ᠬᠤᠶᠠᠷ ᠲᠤ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠳᠤ ᠲᠦᠰᠢᠭᠯᠡᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠥᠪᠥᠷ ᠮᠣᠩᠭᠤᠯ ᠤᠨ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠲᠥᠪ ᠢᠶᠠᠷ ᠲᠦᠰᠢᠭ ᠪᠣᠯᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠲᠥᠷᠥᠯ ᠵᠦᠢᠯ ᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢ ᠥᠷᠭᠡᠨ ᠢᠶᠠᠷ ᠨᠡᠶᠢᠲᠡᠯᠡᠨ᠎ᠡ᠃ 2019 ᠣᠨ ᠳᠤ ᠠᠩᠬ᠎ᠠ ᠤᠳᠠᠭ᠎ᠠ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢᠨ ᠲᠥᠷᠥᠯ ᠵᠦᠢᠯ ᠤᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ 40 ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢᠨ ᠲᠥᠷᠥᠯ ᠵᠦᠢᠯ ᠢ ᠢᠯᠡ ᠪᠠᠷ ᠲᠠᠨᠢᠯᠴᠠᠭᠤᠯᠵᠤ᠂ 9 ᠲᠥᠷᠥᠯ ᠵᠦᠢᠯ ᠳᠣᠭᠢᠷᠠᠪᠠ᠃ 2020 ᠣᠨ ᠳᠤ ᠳᠠᠬᠢᠨᠲᠠ ᠲᠠᠪᠴᠠᠩ ᠢᠶᠠᠷ ᠳᠠᠮᠵᠢᠭᠤᠯᠤᠨ 47 ᠬᠤᠯᠢᠮᠠᠭ ᠥᠭᠡᠷᠡᠴᠢᠯᠡᠯᠲᠡ ᠶᠢᠨ ᠲᠥᠷᠥᠯ ᠵᠦᠢᠯ ᠢ ᠢᠯᠡ ᠪᠠᠷ ᠨᠡᠶᠢᠲᠡᠯᠡᠪᠡ᠃ ᠲᠤᠰᠬᠠᠶ ᠰᠡᠳᠦᠪ ᠢᠶᠠᠷ ᠲᠠᠨᠢᠯᠴᠠᠭᠤᠯᠬᠤ᠂ ᠰᠦᠯᠵᠢᠶᠡᠨ ᠤ ᠵᠠᠮ ᠤᠨ ᠦᠵᠡᠭᠦᠯᠦᠯᠭᠡ ᠬᠢᠭᠡᠳ ᠶᠠᠷᠢᠯᠴᠠᠨ ᠵᠥᠪᠳᠡᠯᠴᠡᠬᠦ᠂ ᠣᠨᠣᠪᠴᠢᠲᠠᠶ ᠵᠣᠯᠭᠠᠭᠤᠯᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠣᠯᠠᠨ ᠲᠠᠪᠴᠠᠩ ᠣᠯᠠᠨ ᠵᠠᠭᠤᠴᠢᠯᠠᠭᠤᠷ ᠢᠶᠠᠷ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠭᠡᠷᠡᠴᠢᠯᠡᠯᠲᠡ ᠶᠢᠨ ᠲᠥᠷᠥᠯ ᠵᠦᠶ᠋ᠯ ᠢ ᠣᠯᠠᠨ ᠠᠷᠭ᠎ᠠ ᠵᠠᠮ ᠢᠶᠠᠷ ᠲᠠᠨᠢᠯᠴᠠᠭᠤᠯᠵᠤ᠂ ᠲᠠᠨᠢᠯᠴᠠᠭᠤᠯᠬᠤ ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃     ᠭᠤᠷᠪᠠ ᠳᠤ᠂ ︽ᠬᠤᠤᠰ ᠵᠠᠭᠤᠨ ᠠᠵᠤ ᠠᠬᠤᠶᠢᠯᠠᠯ︾ ᠪᠠ ︽ᠬᠤᠶᠠᠷ ᠲᠥᠷᠥᠯ ᠤᠨ ᠺᠣᠮᠫᠠᠨᠢ︾ ᠶᠢᠨ ᠲᠤᠷᠰᠢᠯᠲᠠ ᠶᠢᠨ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠨ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠮᠧᠩ ᠨᠧᠩ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠫᠠᠨᠢ ᠪᠣᠯᠤᠨ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠵᠤ ᠪᠠᠶᠢᠭ᠎ᠠ ᠬᠢᠩᠭᠠᠨ ᠤ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠤᠯᠤᠰ ᠤᠨ ᠭᠤᠷᠪᠠᠳᠤᠭᠠᠷ ᠪᠦᠯᠦᠭ᠂ ᠳᠥᠷᠪᠡᠳᠦᠭᠡᠷ ᠪᠦᠯᠦᠭ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠲᠥᠰᠦᠯ ᠤᠨ ᠱᠠᠭᠠᠷᠳᠠᠯᠭ᠎ᠠ ᠶᠣᠰᠣᠭᠠᠷ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠨᠢ ᠰᠲ᠋ᠣᠺ ᠤᠨ ᠡᠷᠬᠡ ᠶᠢᠨ ᠣᠯᠠᠨ ᠡᠰᠢᠵᠢᠯᠲᠡ ᠪᠠ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ︽ᠪᠠᠯᠠ ᠣᠷᠣᠭᠤᠯᠬᠤ᠂ ᠣᠶᠤᠨ ᠤᠬᠠᠭᠠᠨ ᠣᠷᠣᠭᠤᠯᠬᠤ᠂ ᠲᠦᠷᠢᠮ ᠣᠷᠣᠭᠤᠯᠬᠤ︾ ᠶᠢ ᠵᠡᠷᠭᠡ ᠪᠠᠷ ᠴᠢᠬᠤᠯᠠᠴᠢᠯᠠᠨ᠂ ᠲᠤᠬᠠᠶᠢᠯᠠᠭᠰᠠᠨ ᠠᠵᠢᠯ ᠬᠤᠪᠢᠶᠠᠨ ᠬᠡᠪᠯᠡᠯ ᠤᠨ ᠬᠡᠰᠡᠭ ᠬᠤᠪᠢᠶᠠᠵᠤ᠂ ᠣᠯᠠᠨ ᠠᠷᠭ᠎ᠠ ᠵᠠᠮ ᠢᠶᠠᠷ ᠡᠯ᠎ᠡ ᠲᠥᠷᠥᠯ ᠤᠨ ᠬᠥᠷᠥᠩᠭᠡ ᠶᠢ ᠣᠷᠣᠭᠤᠯᠤᠨ ᠠᠪᠴᠢᠷᠠᠵᠤ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠶᠢᠨ ᠲᠦᠷᠢᠮ ᠢᠶᠠᠨ ᠥᠭᠡᠷᠡᠴᠢᠯᠡᠵᠦ ᠳᠠᠬᠢᠨ ᠪᠠᠶᠢᠭᠤᠯᠬᠤ ᠳᠤ ᠣᠷᠣᠯᠴᠠᠭᠤᠯᠤᠨ᠎ᠠ᠃     ᠳᠥᠷᠪᠡ ᠳᠤ᠂ ᠬᠥᠷᠥᠩᠭᠡ ᠶᠢᠨ ᠵᠠᠬ᠎ᠠ ᠳᠡᠯᠭᠡᠭᠦᠷ ᠲᠤ ᠲᠦᠰᠢᠭᠯᠡᠨ ᠬᠤᠯᠢᠮᠠᠭ ᠥᠮᠴᠢᠯᠡᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠶᠢᠨ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠲᠥᠷᠥᠯ ᠵᠦᠢᠯ ᠪᠠ ᠠᠵᠤ ᠠᠬᠤᠶᠢᠯᠠᠯ ᠢ ᠵᠣᠷᠢᠭᠵᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠡᠯᠡ ᠨᠡᠶᠢᠯᠡᠭᠦᠯᠬᠦ᠂ ᠬᠠᠮᠲᠤᠷᠠᠯᠴᠠᠬᠤ᠂ ᠬᠤᠳᠠᠯᠳᠤᠨ ᠠᠪᠬᠤ᠂ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠠᠴᠠ ᠡᠵᠡᠩᠨᠡᠭᠰᠡᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠲᠠᠢ ᠪᠡᠯᠡ ᠨᠡᠶᠢᠯᠡᠭᠦᠯᠦᠨ ᠬᠠᠮᠲᠤᠷᠠᠯᠴᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠣᠷᠣᠯᠴᠠᠬᠤ ᠶᠢ ᠲᠡᠮᠵᠢᠨ᠎ᠡ᠃ ᠠᠰᠢᠭᠲᠠᠶ ᠨᠥᠬᠦᠴᠡᠯ ᠢ ᠡᠭᠦᠳᠴᠦ᠂ ᠣᠷᠣᠨ ᠤ ᠬᠠᠷᠢᠶ᠎ᠠ ᠪᠦᠬᠦᠢ ᠵᠣᠬᠢᠬᠤ ᠰᠠᠭᠤᠷᠢ ᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠯᠬᠤᠴᠠ ᠪᠠᠨ ᠲᠦᠷᠭᠡᠳᠬᠡᠬᠦ ᠶᠢ ᠲᠡᠳᠬᠦᠬᠦ ᠬᠡᠷᠡᠭᠲᠡᠶ᠃ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂  ᠦᠢᠯᠡᠳᠪᠦᠷᠢᠯᠡᠯ ᠦᠢᠯᠡᠴᠢᠯᠡᠭᠡᠨ ᠤ ᠲᠥᠷᠥᠯ ᠤᠨ ᠪᠣᠳᠠᠲᠤ ᠴᠣᠭᠴᠠ ᠶᠢᠨ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠵᠤ᠂ ᠤᠯᠤᠰ ᠤᠨ ᠥᠮᠴᠢᠯᠡᠯ ᠤᠨ ᠪᠤᠰᠤ ᠬᠥᠷᠥᠩᠭᠡ ᠶᠢ ᠣᠷᠣᠭᠤᠯᠤᠨ ᠠᠪᠴᠢᠷᠠᠵᠤ᠂ ᠮᠡᠷᠭᠡᠵᠢᠯ᠂ ᠬᠠᠮᠢᠶᠠᠷᠤᠯᠲᠠ ᠪᠠ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠳᠠᠪᠤᠰᠤᠨ ᠤ ᠦᠢᠯᠡᠰ ᠤᠨ ᠺᠣᠮᠫᠠᠨᠢ ᠶᠢᠨ ᠡᠵᠢ ᠨᠠᠭᠤᠷ ᠤᠨ ᠳᠠᠪᠤᠰᠤ ᠦᠢᠯᠡᠳᠬᠦ ᠺᠣᠮᠫᠠᠨᠢ ᠳᠤᠮᠳᠠᠳᠤ ᠤᠯᠤᠰ ᠤᠨ ᠳᠠᠪᠤᠰᠤᠨ ᠤ ᠦᠢᠯᠡᠰ ᠤᠨ ᠺᠣᠮᠫᠠᠨᠢ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠤᠢ ᠰᠢᠶᠠᠩ ᠪᠠᠯᠠ ᠣᠷᠣᠭᠤᠯᠤᠯᠲᠠ ᠶᠢᠨ ᠺᠣᠮᠫᠠᠨᠢ ᠶᠢ ᠣᠷᠣᠭᠤᠯᠤᠨ ᠠᠪᠴᠢᠷᠠᠵᠤ᠂ 8144 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ︽ᠡᠬᠡ ᠨᠠᠭᠤᠷ︾ ᠤᠨ ᠳᠠᠪᠤᠰᠤᠨ ᠤ ᠡᠬᠢ ᠪᠠᠶᠠᠯᠢᠭ ᠤᠨ ᠳᠠᠪᠠᠭᠤᠯᠢᠭ ᠢ ᠠᠮᠢᠳᠤᠯᠢᠭᠵᠢᠭᠤᠯᠤᠭᠰᠠᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠵᠠᠰᠠᠯᠲᠠ ᠶᠢ ᠲᠡᠭᠦᠯᠳᠡᠷᠵᠢᠭᠦᠯᠬᠦ᠂ ᠵᠣᠷᠢᠭᠵᠢᠭᠤᠯᠤᠯ ᠢ ᠴᠢᠩᠭᠠᠷᠠᠭᠤᠯᠬᠤ᠂ ᠭᠤᠣᠯ ᠠᠵᠢᠯ ᠢ ᠲᠤᠪᠤᠶᠢᠯᠭᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ︽ᠭᠤᠷᠪᠠᠨ ᠰᠢᠯᠲᠠᠭᠠᠨ ᠠᠴᠠ ᠪᠤᠯᠵᠤ ᠭᠤᠷᠪᠠᠨ ᠪᠣᠯᠬᠤ ᠦᠭᠡᠢ︾ ᠪᠠᠶᠢᠬᠤ ᠶᠢ ᠪᠠᠷᠢᠮᠲᠠᠯᠠᠵᠤ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠤᠨ᠎ᠠ᠃     ᠨᠢᠭᠡ ᠳᠤ᠂ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠱᠠᠲᠤ ᠬᠤᠪᠢᠶᠠᠨ ᠲᠥᠷᠥᠯ ᠬᠤᠪᠢᠶᠠᠨ ᠠᠬᠢᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠯᠠ ᠣᠷᠣᠭᠤᠯᠤᠯᠲᠠ᠂ ᠡᠵᠡᠩᠨᠡᠯᠲᠡ ᠶᠢᠨ ᠺᠣᠮᠫᠠᠨᠢ ᠶᠢᠨ ᠪᠠᠯᠠ ᠭᠠᠷᠭᠠᠭᠰᠠᠨ ᠠᠵᠤ ᠠᠬᠤᠶᠢᠯᠠᠯ ᠪᠣᠯᠤᠨ ᠬᠤᠳᠠᠯᠳᠤᠭᠠᠨ ᠤ ᠥᠷᠢᠰᠥᠯᠳᠦᠭᠡᠨ ᠤ ᠲᠥᠷᠥᠯ ᠤᠨ ᠬᠤᠪᠢᠶᠠᠷᠢ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠭᠤᠤᠯᠳᠠᠯᠭ᠎ᠠ ᠲᠠᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠠᠵᠤ  ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠳᠤᠮᠳᠠ ᠵᠢᠵᠢᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠬᠢᠬᠦ ᠶᠢ ᠠᠬᠢᠭᠤᠯᠵᠤ᠂ ᠡᠬᠢ ᠪᠠᠶᠠᠯᠢᠭ ᠤᠨ ᠲᠥᠪᠯᠡᠷᠡᠵᠦ ᠲᠠᠷᠬᠠᠬᠤ᠂ ᠡᠯᠧᠮᠧᠨ᠋ᠲ ᠤᠨ ᠠᠭᠤᠰᠤᠯᠴᠠᠨ ᠨᠡᠪᠲᠡᠷᠡᠯᠴᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠠᠮᠵᠢᠯᠴᠠᠨ ᠬᠥᠭᠵᠢᠬᠦ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠣᠯ ᠢ ᠦᠨᠡᠨ ᠬᠦ ᠪᠠᠳᠠᠷᠠᠭᠤᠯᠤᠨ᠎ᠠ᠃     ᠬᠤᠶᠠᠷ ᠲᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠣᠷᠣᠨ ᠤ ᠬᠠᠷᠢᠶ᠎ᠠ ᠪᠥᠬᠦᠶ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢ ᠵᠢᠯᠣᠭᠤᠳᠤᠨ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠰᠤᠳᠤᠯᠤᠨ ᠦᠨᠡᠯᠡᠵᠦ᠂ ᠨᠥᠬᠦᠴᠡᠯ ᠪᠦᠷᠢᠯᠳᠦᠭᠦᠯᠦᠭᠰᠡᠨ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠲᠥᠰᠦᠯ ᠢ ᠲᠣᠭᠲᠠᠭᠠᠵᠤ᠂ ᠨᠢᠭᠡ ᠨᠢ ᠪᠣᠯᠪᠠᠰᠤᠷᠠᠩᠭᠤᠶ ᠪᠣᠯᠪᠠᠯ ᠨᠢᠭᠡ ᠶᠢ ᠠᠬᠢᠭᠤᠯᠤᠨ᠎ᠠ᠃ ᠵᠢᠯ ᠪᠦᠷᠢ ᠵᠠᠬ᠎ᠠ ᠳᠡᠯᠭᠡᠭᠦᠷᠴᠢᠯᠡᠭᠰᠡᠨ ᠲᠠᠪᠴᠠᠩ ᠢᠶᠠᠷ ᠳᠠᠮᠵᠢᠭᠤᠯᠤᠨ ᠪᠥᠬᠦ ᠨᠡᠶᠢᠭᠡᠮ ᠳᠤ ᠨᠢᠭᠡ ᠪᠦᠯᠦᠭ ᠬᠤᠯᠢᠮᠠᠭ ᠥᠭᠡᠷᠡᠴᠢᠯᠡᠯᠲᠡ ᠶᠢᠨ ᠲᠥᠷᠥᠯ ᠵᠦᠢᠯ ᠢ ᠲᠠᠨᠢᠯᠴᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠤᠯᠤᠰ ᠠᠴᠠ ᠦᠮᠴᠢᠯᠡᠯᠳᠣ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢ ᠮᠥᠩᠭᠦ ᠶᠢᠨ ᠬᠤᠯᠢᠮᠠᠭ  ᠦᠮᠴᠢᠯᠡᠯᠡᠳᠣ ᠥᠭᠡᠷᠡᠴᠢᠯᠡᠯᠲᠡ ᠶᠢ ᠳᠡᠮᠵᠢᠬᠦ ᠪᠠ ᠠᠬᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠵᠠᠮ ᠮᠥᠷ ᠢ ᠥᠷᠭᠡᠳᠬᠡᠨ᠎ᠡ᠃     ᠭᠤᠷᠪᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠦᠷᠦᠩᠭᠡ ᠶᠢ ᠦᠨᠡᠲᠦ ᠲᠡᠮᠲᠡᠭᠵᠢᠭᠦᠯᠬᠦ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠶᠡᠭᠡ ᠪᠠᠷ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠪᠢᠶᠠᠷᠢᠯᠠᠨ ᠰᠠᠯᠭᠠᠵᠤ ᠵᠠᠬ᠎ᠠ ᠳᠡᠯᠭᠡᠭᠦᠷ ᠲᠤ ᠭᠠᠷᠭᠠᠬᠤ᠂ ᠪᠦᠬᠦᠯᠢ ᠴᠣᠭᠴᠠ ᠪᠠᠷ ᠵᠠᠬ᠎ᠠ ᠳᠡᠯᠭᠡᠭᠦᠷ ᠲᠤ ᠭᠠᠷᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠳᠡᠮᠵᠢᠬᠦ ᠬᠡᠷᠡᠭᠲᠡᠶ᠃ ᠪᠢᠳᠡ 2022 ᠣᠨ ᠪᠣᠯᠲᠠᠯ᠎ᠠ᠂ ᠣᠷᠣᠨ ᠤ ᠬᠠᠷᠢᠶ᠎ᠠ ᠠᠵᠤ ᠠᠬᠤᠶᠢᠯᠠᠯ ︵ᠬᠤᠪᠢᠶᠠᠷᠢ ᠠᠵᠤ ᠠᠬᠤᠶᠢᠯᠠᠯ ᠪᠠᠭᠲᠠᠨ᠎ᠠ︶ ᠤᠨ ᠭᠤᠤᠯ ᠰᠠᠮᠪᠠᠷ᠎ᠡ᠂ ᠰᠢᠨ᠎ᠡ ᠭᠤᠷᠪᠠᠳᠤᠭᠠᠷ ᠰᠠᠮᠪᠠᠷ᠎ᠠ᠂ ᠬᠤᠶᠠᠳᠤᠭᠠᠷ ᠰᠠᠮᠪᠠᠷ᠎ᠠ ᠶᠢᠨ ᠵᠠᠬ᠎ᠠ ᠳᠡᠯᠭᠡᠭᠦᠷ ᠲᠤ ᠭᠠᠷᠬᠤ ᠺᠣᠮᠫᠠᠨᠢ ᠶᠢ 5 ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠪᠠᠶᠠᠷᠯᠠᠯ᠎ᠠ᠃     ᠳᠤᠮᠳᠠᠳᠤ ᠤᠯᠤᠰ ᠤᠨ ᠠᠵᠤ ᠠᠬᠤᠶ ᠶᠢᠨ ᠭᠠᠷᠠᠭ ᠤᠨ ᠰᠡᠳᠬᠦᠯ ᠤᠨ ᠰᠤᠷᠪᠤᠯᠵᠢᠯᠠᠭᠴᠢ᠄ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ ᠪᠠ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠬᠦ᠂ ᠠᠵᠤ ᠠᠬᠤᠶᠢᠯᠠᠯ ᠤᠨ ᠣᠯᠠᠨ ᠵᠦᠢᠯ ᠤᠨ ᠠᠷᠭ᠎ᠠ ᠮᠠᠶ᠋ᠢᠭ ᠢᠶᠠᠷ ᠤᠷᠮᠠᠰᠢᠭᠤᠯᠬᠤ ᠠᠵᠢᠯ ᠥᠷᠨᠢᠭᠦᠯᠬᠦ ᠶᠢ ᠳᠡᠮᠵᠢᠬᠦ ᠵᠡᠷᠭᠡ ᠲᠠᠯ᠎ᠠ ᠪᠠᠷ ᠬᠢ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖     ᠪᠠᠢ ᠯᠠᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠣᠶᠢᠷ᠎ᠠ ᠶᠢᠨ ᠵᠢᠯ ᠤᠳ ᠲᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠳᠣᠲᠣᠭᠠᠳᠤ ᠶᠢᠨ ︽ᠭᠤᠷᠪᠠᠨ ᠵᠦᠢᠯ ᠤᠨ ᠲᠦᠷᠢᠮ︾ ᠤᠨ ᠥᠭᠡᠷᠡᠴᠢᠯᠡᠯᠲᠡ᠂ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ᠂ ᠭᠤᠤᠯᠯᠠᠬᠤ ᠵᠠᠩᠭᠢᠯᠠᠭ᠎ᠠ ᠶᠢᠨ ᠴᠢᠳᠠᠪᠤᠷᠢᠲᠠᠨ ᠤ ᠴᠠᠯᠢᠩ ᠬᠥᠯᠥᠰᠥ ᠶᠢᠨ ᠤᠷᠮᠠᠰᠢᠭᠤᠯᠬᠤ ᠲᠦᠷᠢᠮ ᠢ ᠪᠠᠶᠢᠭᠤᠯᠬᠤ ᠵᠡᠷᠭᠡ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠣᠤᠷᠠᠬᠢ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠭᠦᠨᠵᠡᠭᠡᠶᠢᠷᠡᠭᠦᠯᠬᠦ ᠪᠠᠷ ᠪᠠᠶᠢᠨ᠎ᠠ  ᠃    ᠨᠢᠭᠡ ᠳᠤ᠂ ᠠᠵᠤ ᠠᠬᠤᠶᠢᠯᠠᠯ ᠢ ᠵᠢᠯᠣᠭᠤᠳᠤᠨ ᠬᠥᠳᠡᠯᠮᠦᠷᠢ ᠶᠢᠨ ᠭᠡᠷ᠎ᠡ ᠶᠢᠨ ᠬᠠᠮᠢᠶᠠᠷᠤᠯᠲᠠ ᠪᠠᠷ ᠵᠠᠩᠭᠢᠯᠠᠭ᠎ᠠ ᠪᠣᠯᠭᠠᠭᠰᠠᠨ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ ᠢ ᠲᠦᠷᠭᠡᠪᠴᠢᠯᠡᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠢ ᠢᠯᠡ ᠪᠠᠷ ᠤᠷᠢᠬᠤ᠂ ᠬᠠᠮᠢᠶᠠᠷᠤᠯᠲᠠ ᠶᠢᠨ ᠠᠵᠢᠯᠲᠠᠨ ᠢ ᠥᠷᠢᠰᠥᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠪᠠ ᠡᠭᠦᠷᠭᠡᠯᠡᠵᠦ ᠳᠡᠶᠢᠯᠬᠦ ᠦᠭᠡᠶ ᠶᠢ ᠨᠢ ᠪᠤᠴᠠᠭᠠᠵᠤ ᠭᠠᠷᠭᠠᠬᠤ ᠵᠡᠷᠭᠡ ᠳᠦᠷᠢᠮ ᠢ ᠶᠠᠪᠤᠭᠤᠯᠬᠤ ᠬᠡᠷᠡᠭᠲᠡᠶ᠃ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠳᠣᠲᠣᠭᠠᠳᠤ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠵᠢᠯᠲᠠ ᠪᠦᠲᠦᠮᠵᠢ ᠶᠢᠨ ᠬᠤᠪᠢ ᠨᠡᠮᠡᠷᠢ ᠪᠠᠷ ᠨᠢ ᠴᠠᠯᠢᠩ ᠬᠥᠯᠥᠰᠥ ᠶᠢ ᠲᠣᠭᠲᠠᠭᠠᠬᠤ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠠᠵᠢᠯᠲᠠᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠨᠢᠭᠡ ᠠᠵᠢᠯ ᠤᠨ ᠪᠠᠶᠢᠷᠢ ᠳᠤ ᠨᠢᠭᠡ ᠴᠠᠯᠢᠩ ᠲᠠᠢ ᠪᠠᠶᠢᠯᠭᠠᠬᠤ᠂ ᠠᠵᠢᠯ ᠤᠨ ᠪᠠᠶᠢᠷᠢ ᠶᠢ ᠨᠢ ᠰᠣᠯᠢᠵᠤ ᠴᠠᠯᠢᠩ ᠢ ᠨᠢ ᠬᠤᠪᠢᠷᠠᠭᠤᠯᠬᠤ ᠶᠢ ᠬᠡᠷᠡᠭᠵᠢᠭᠦᠯᠦᠨ᠎ᠡ᠃     ᠬᠤᠶᠠᠷ ᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠪᠠ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠠᠵᠢᠯ ᠤᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠬᠦ᠂ ᠴᠠᠯᠢᠩ ᠬᠥᠯᠥᠰᠥ ᠶᠢ ᠳᠡᠭᠡᠭᠰᠢᠯᠡᠭᠦᠯᠬᠦ᠂ ᠠᠵᠢᠯ ᠤᠨ ᠠᠮᠵᠢᠯᠲᠠ ᠪᠦᠲᠦᠮᠵᠢ ᠶᠢ ᠪᠠᠭᠤᠷᠠᠭᠤᠯᠬᠤ᠂ ᠴᠠᠯᠢᠩ ᠬᠥᠯᠥᠰᠥ ᠶᠢ ᠪᠠᠭᠤᠷᠠᠭᠤᠯᠬᠤ︾ ᠶᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠯᠤᠭ᠎ᠠ ᠨᠢᠭᠲᠠ ᠬᠤᠯᠪᠣᠭᠳᠠᠭᠤᠯᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠢ ᠲᠣᠭᠲᠠᠭᠠᠬᠤ ᠲᠣᠭᠲᠠᠴᠠ ᠶᠢ ᠥᠭᠡᠷᠡᠴᠢᠯᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠵᠤ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠶᠣᠰᠣᠭᠠᠷ᠂ ᠠᠵᠤ ᠠᠬᠤᠶᠢᠯᠠᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠠᠢ ᠦᠨᠳᠦᠰᠦᠨ ᠳᠡᠭᠡᠨ ᠲᠣᠬᠢᠷᠠᠯᠴᠠᠭᠰᠠᠨ᠂ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠪᠣᠯᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠯᠤᠭ᠎ᠠ ᠬᠤᠯᠪᠣᠭᠳᠠᠭᠤᠯᠤᠭᠰᠠᠨ ᠴᠠᠯᠢᠩ ᠤᠨ ᠲᠣᠭᠲᠠᠭᠠᠯ ᠪᠣᠯᠤᠨ ᠬᠡᠪ ᠤᠨ ᠨᠡᠮᠡᠭᠳᠡᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ᠂ ᠬᠤᠳᠠᠯᠳᠤᠭᠠᠨ ᠤ ᠥᠷᠢᠰᠥᠯᠳᠦᠭᠡᠨ ᠤ ᠲᠥᠷᠥᠯ ᠪᠠ ᠨᠥᠬᠦᠴᠡᠯ ᠳᠤ ᠨᠡᠶᠢᠴᠡᠬᠦ ᠣᠨᠴᠠᠭᠠᠢ ᠴᠢᠳᠠᠮᠵᠢ ᠶᠢᠨ ᠲᠥᠷᠥᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠪᠦᠷᠢᠳᠬᠡᠨ ᠳᠠᠩᠰᠠᠯᠠᠬᠤ ᠲᠦᠷᠢᠮ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠦᠶᠡᠯᠡᠯ ᠤᠨ ᠬᠤᠭᠤᠴᠠᠭᠠᠨ ᠤ ᠲᠥᠰᠦᠪ ᠤᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠦᠨ᠎ᠡ᠃     ᠭᠤᠷᠪᠠ ᠳᠤ ᠠᠵᠤ ᠠᠬᠤᠶᠢᠯᠠᠯ ᠤᠨ ᠮᠡᠳᠡᠯᠭᠡ ᠶᠢᠨ ᠦᠷᠳᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠳᠣᠲᠣᠭᠠᠳᠤ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠱᠠᠩᠨᠠᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠣᠷᠣᠯᠭ᠎ᠠ ᠶᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠠᠵᠢᠯ ᠤᠨ ᠠᠮᠵᠢᠯᠲᠠ ᠪᠦᠲᠦᠮᠵᠢ᠂ ᠪᠣᠳᠠᠲᠠᠶ ᠬᠤᠪᠢ ᠨᠡᠮᠡᠷᠢ ᠲᠠᠢ ᠨᠢᠭᠲᠠ ᠬᠤᠯᠪᠣᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠷ ᠳᠡᠮᠵᠢᠨ ᠵᠦᠶ ᠵᠣᠬᠢᠰᠲᠠᠶ ᠣᠷᠣᠯᠭ᠎ᠠ ᠤᠯᠬᠤ ᠶᠢ ᠵᠣᠷᠢᠭᠵᠢᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠶᠢᠨ ᠤᠷᠮᠠᠰᠢᠭᠤᠯᠤᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ᠃ ᠬᠤᠪᠢᠶᠠᠷᠢᠯᠠᠯᠲᠠ ᠪᠠᠷ ᠤᠷᠮᠠᠰᠢᠭᠤᠯᠬᠤ ᠶᠢ ᠬᠡᠷᠡᠭᠯᠡᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ᠳᠥᠷᠪᠡ ᠳᠤ ᠣᠯᠠᠨ ᠵᠦᠢᠯ ᠤᠨ ᠠᠷᠭ᠎ᠠ ᠮᠠᠶ᠋ᠢᠭ ᠤᠨ ᠳᠤᠮᠳᠠ ᠣᠷᠳᠣ ᠬᠤᠭᠤᠴᠠᠭᠠᠨ ᠤ ᠤᠷᠮᠠᠰᠢᠭᠤᠯᠤᠯ ᠢ ᠢᠳᠡᠪᠬᠢᠲᠡᠶ ᠰᠦᠪᠡᠭᠴᠢᠯᠡᠨ᠎ᠡ᠃ ᠠᠵᠤ ᠠᠬᠤᠶᠢᠯᠠᠯ ᠢ ᠵᠢᠯᠣᠭᠤᠳᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ︽ᠪᠠᠭᠠᠵᠢ ᠶᠢᠨ ᠬᠠᠶᠢᠷᠴᠠᠭ︾ ᠢ ᠰᠠᠶᠢᠲᠤᠷ ᠬᠡᠷᠡᠭᠯᠡᠵᠦ᠂ ᠤᠯᠤᠰ ᠤᠨ ᠥᠮᠴᠢᠯᠡᠯᠲᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠰᠲ᠋ᠣᠺ ᠤᠨ ᠡᠷᠬᠡ ᠪᠠ ᠠᠰᠢᠭ ᠬᠤᠪᠢᠶᠠᠵᠤ ᠤᠷᠮᠠᠰᠢᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠡᠯ᠎ᠡ ᠵᠦᠢᠯ ᠤᠨ ᠤᠷᠲᠤᠪᠲᠤᠷ ᠪᠠ ᠤᠷᠲᠤ ᠬᠤᠭᠤᠴᠠᠭᠠᠨ ᠤ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠶᠢ ᠳᠡᠮᠵᠢᠵᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠤᠷᠮᠠᠰᠢᠭᠤᠯᠬᠤ ᠬᠢᠷᠢ ᠬᠡᠮᠵᠢᠶ᠎ᠡ ᠶᠢᠨ ︽ᠬᠤᠣᠰ ᠬᠠᠷᠢᠴᠠᠭᠤᠯᠤᠯ︾ ᠢ ᠴᠢᠩᠭᠠᠷᠠᠭᠤᠯᠤᠨ᠂ ᠤᠷᠮᠠᠰᠢᠭᠤᠯᠬᠤ ᠪᠠ ᠬᠢᠵᠠᠭᠠᠷᠯᠠᠬᠤ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠦᠨ᠎ᠡ᠃
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ