内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ︾ ᠶᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2021/3/31
                                          ᠦᠪᠦᠷ ᠵᠠᠰᠠᠭ ᠠᠯᠪᠠᠨ ᠲᠠᠷᠬᠠᠭᠠᠨᠨᠰᠠᠨ ﹇2020﹈ 57 ᠳ᠋ᠤᠭᠠᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ︾ ᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠢᠶᠠᠷ ᠵᠦᠪᠰᠢᠶᠡᠷᠡᠭᠦᠯᠦᠬᠡᠳ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠦ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠬᠦᠯᠳᠦᠭᠡᠢ᠃                                                                        2020 ᠤᠨ ᠤ 12 ᠳ᠋ᠤᠭᠠᠷ ᠰᠠᠷ᠎ᠠ ᠶᠢᠨ 30 ᠤ ᠡᠳᠦᠷ                                                                             ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                                 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ                     ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ      ᠨᠢᠬᠡᠳᠦᠬᠡᠷ ᠪᠦᠯᠦᠭ ᠶᠡᠷᠦᠩᠬᠡᠢ ᠲᠦᠷᠢᠮ     ᠨᠢᠬᠡᠳᠦᠬᠡᠷ ᠵᠦᠢᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠵᠠᠰᠠᠭ ᠵᠠᠬᠢᠷᠭᠠᠨ ᠤ ᠲᠠᠷᠤᠭ᠎ᠠ ᠶᠢᠨ ᠭᠤᠤᠯ ᠴᠤᠨᠨᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠠᠬᠢᠭᠤᠯᠤᠨ᠂ ᠪᠦᠬᠦ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠳᠤᠯᠠᠬᠤ ᠶᠢᠨ ᠲᠤᠰᠠᠳᠠ᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠭᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2014﹈ 69 ᠳ᠋ᠣᠬᠡᠷ ᠲᠣᠭᠠᠲᠤ︶᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 80 ᠳ᠋ᠤᠭᠠᠷ ᠲᠣᠭᠠᠲᠤ︶ ᠪᠠ ︽ᠣᠨ ᠤ ᠰᠢᠯᠭᠠᠨ ᠬᠢᠨᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ﹇2017﹈ 23 ᠳ᠋ᠤᠭᠠᠷ ᠲᠣᠭᠠᠲᠤ︶᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 144 ᠳ᠋ᠣᠬᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠶᠢ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠤᠨ ᠤ ᠰᠢᠯᠭᠠᠨ ᠬᠢᠨᠠᠯᠳᠠ ᠬᠢᠬᠦ ᠳᠤ ᠲᠤᠬᠢᠷᠠᠭᠤᠯᠣᠨ ᠬᠡᠷᠡᠭᠯᠡᠨ᠎ᠡ᠃ ᠠᠶᠢᠮᠠᠭ ᠬᠤᠳᠠ ᠶᠢᠨ ᠲᠠᠷᠤᠭ᠎ᠠ ᠨᠢ ᠲᠤᠰ ᠵᠠᠰᠠᠭ ᠵᠠᠬᠢᠷᠭᠠᠨ ᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠨᠢᠭᠡᠳᠦᠬᠡᠷ ᠬᠠᠷᠢᠭᠤᠴᠠᠯᠭᠠᠳᠠᠨ ᠪᠤᠯᠤᠨ᠎ᠠ᠃ ᠭᠦᠯᠦᠨ ᠪᠣᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠳᠤ ᠨᠠᠶᠢᠳᠠᠵᠤ ᠲᠤᠰ ᠲᠣᠰ ᠮᠠᠨᠵᠤᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠣᠳᠠᠭᠠᠨ ᠤ ᠠᠮᠣᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠤ ᠰᠢᠯᠭᠠᠨ ᠬᠢᠨᠠᠯᠳᠠ ᠬᠢᠯᠭᠡᠨ᠎ᠡ᠃ ᠰᠢᠯᠭᠠᠨ ᠬᠢᠨᠠᠬᠤ ᠦᠶᠡᠯᠡᠯ ᠤᠨ ᠬᠤᠭᠤᠴᠠᠭ᠎ᠠ ᠨᠢ ᠵᠢᠯ ᠪᠦᠷᠢ ᠶᠢᠨ 1 ᠳ᠋ᠣᠬᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃      ᠭᠤᠷᠪᠠᠳᠤᠭᠠᠷ ᠵᠦᠢᠯ ᠰᠢᠯᠭᠠᠨ ᠬᠢᠨᠠᠬᠤ ᠠᠵᠢᠯ ᠳᠤ ᠰᠢᠨᠵᠢᠯᠡᠬᠦ ᠤᠬᠠᠭᠠᠨᠴᠢ ᠪᠦᠭᠡᠳ ᠰᠢᠰᠲ᠋ᠧᠮ ᠲᠠᠢ᠂ ᠡᠷᠬᠡ ᠲᠡᠭᠰᠢ ᠲᠥᠪ ᠭᠤᠤᠯᠴᠢ᠂ ᠤᠳᠤᠷᠢᠳᠤᠮᠵᠢ ᠶᠢ ᠴᠢᠩᠭᠠᠷᠠᠭᠤᠯᠬᠤ᠂ ᠭᠤᠣᠯᠳᠠᠯᠭ᠎ᠠ ᠶᠢ ᠳᠣᠪᠤᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ ᠪᠠᠶᠢᠯᠭᠠᠬᠤ ᠵᠠᠷᠴᠢᠮ ᠢ ᠪᠠᠷᠢᠮᠳᠠᠯᠠᠬᠤ ᠭᠡᠷᠡᠭᠳᠡᠢ᠃      ᠬᠤᠶᠠᠳᠤᠭᠠᠷ ᠪᠦᠯᠦᠭ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ      ᠲᠦᠷᠪᠡᠳᠦᠬᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭᠠᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠬᠢᠵᠣ᠂ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠯᠬᠡᠬᠦ ᠶᠢᠨ ᠬᠠᠮᠲᠤ᠂ ᠣᠨ ᠤ ᠰᠢᠯᠭᠠᠨ ᠬᠢᠨᠠᠯᠲᠠ ᠬᠢᠬᠦ ᠬᠡᠷᠡᠭᠲᠡᠶ᠃ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠤᠨ ᠳᠤᠭᠤᠶᠢᠯᠠᠩ ︵ᠳᠣᠷᠣᠭᠰᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠭᠡᠵᠦ ᠲᠣᠪᠴᠢᠯᠠᠨ᠎ᠠ︶ ᠠᠴᠠ ᠨᠢᠭᠡᠳᠦᠯᠲᠡᠶ ᠤᠳᠤᠷᠢᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠡᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠪᠤᠳᠠᠳᠠᠢ ᠵᠤᠬᠢᠶᠠᠨ ᠪᠠᠶᠢᠭᠤᠯᠵᠤ ᠭᠡᠷᠡᠭᠵᠢᠬᠦᠯᠬᠦ ᠠᠵᠢᠯ ᠢ ᠬᠠᠷᠢᠭᠤᠴᠠᠨ᠎ᠠ᠃ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠳᠤ ᠳᠣᠬᠢᠷᠠᠭᠤᠯᠣᠨ᠂ ᠡᠳᠦᠷ ᠲᠤᠲᠤᠮ ᠤᠨ ᠪᠠᠶᠢᠩᠭᠤ ᠶᠢᠨ ᠰᠢᠯᠭᠠᠨ ᠬᠢᠨᠠᠬᠤ ᠠᠵᠢᠯ ᠢ ᠳᠠᠭᠠᠭᠠᠨ ᠡᠭᠦᠷᠬᠡᠯᠡᠬᠦᠯᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶᠡᠨ ᠤ ᠭᠤᠣᠯ ᠬᠠᠷᠢᠭᠤᠴᠠᠯᠭᠠᠲᠠᠨ ᠠᠴᠠ ᠡᠭᠦᠷᠬᠡᠯᠡᠬᠦ ᠬᠡᠷᠡᠭᠳᠡᠢ᠃      ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠨᠢᠭᠡᠴᠢ ᠨᠢ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠵᠦ᠂ ᠡᠳᠦᠷ ᠳᠣᠲᠣᠮ ᠤᠨ ᠠᠵᠢᠯ ᠲᠠᠢ ᠪᠠᠨ ᠣᠶᠠᠯᠳᠣᠭᠤᠯᠣᠨ᠂ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠯᠲᠠ ᠬᠢᠨ᠎ᠡ᠃ ᠪᠠᠶᠢᠴᠠᠭᠠᠭᠰᠠᠨ ᠦᠷ᠎ᠡ ᠳ᠋ᠦᠩ ᠢ ᠨᠢ ᠤᠨ ᠤ ᠰᠢᠯᠭᠠᠨ ᠬᠢᠨᠠᠬᠤ ᠴᠢᠬᠤᠯᠡ ᠠᠭᠤᠯᠭ᠎ᠠ ᠪᠤᠯᠭᠠᠵᠦ᠂ ᠰᠢᠯᠭᠠᠨ ᠬᠢᠨᠠᠵᠦ ᠬᠤᠪᠢ ᠲᠤᠨᠨᠳᠠᠭᠠᠬᠤ ᠲᠣᠭᠳᠠᠯᠴᠠᠭ᠎ᠠ ᠳᠤ ᠤᠷᠤᠭᠤᠯᠬᠤ ᠭᠡᠷᠡᠭᠳᠡᠢ᠃      ᠭᠤᠷᠪᠠᠳᠣᠭᠠᠷ ᠪᠦᠯᠦᠭ ᠰᠢᠯᠭᠠᠨ ᠬᠢᠨᠠᠬᠤ ᠠᠭᠤᠯᠭ᠎ᠠ ᠪᠠ ᠠᠷᠭ᠎ᠠ      ᠵᠢᠷᠭᠤᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠠᠮᠤ ᠪᠤᠳᠠᠭᠠᠨ ᠤ ᠦᠷᠭᠦᠯᠵᠢᠯᠡᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠬᠤ᠂ ᠣᠷᠣᠨ ᠨᠤᠲᠤᠭ ᠤᠨ ᠠᠮᠤ ᠪᠤᠳᠠᠭ᠎ᠠ ᠨᠥᠭᠡᠴᠡᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠳᠣᠯᠠᠬᠤ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠬᠠᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ 6 ᠲᠠᠯ᠎ᠠ ᠶᠢ ᠪᠠᠭᠲᠠᠭᠠᠵᠤ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠪᠣᠳᠠᠲᠠᠶ ᠨᠠᠶᠢᠳᠠᠪᠤᠷᠢᠵᠢᠭᠤᠯᠤᠨ᠎ᠠ ︵ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ ᠦᠵᠡ︶᠃      ᠳᠣᠯᠣᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠲᠥᠷᠥᠯ ᠬᠤᠪᠢᠶᠠᠨ ᠰᠢᠯᠭᠠᠨ ᠲᠤᠨᠨᠳᠠᠭᠠᠬᠤ ᠠᠷᠭ᠎ᠠ ᠶᠢ ᠬᠡᠷᠩᠵᠢᠭᠦᠯᠣᠨ᠎ᠡ᠃ ᠠᠮᠤ ᠪᠤᠳᠠᠭᠠᠨ ᠤ ᠭᠠᠷᠣᠯᠳᠡ ᠶᠢᠨ ᠣᠷᠣᠨ ᠪᠠ ᠭᠠᠷᠣᠯᠳᠠ ᠶᠢᠨ ᠪᠤᠰᠤ ᠣᠷᠣᠨ ᠬᠡᠮᠡᠨ ᠢᠯᠭᠠᠵᠦ ᠪᠠᠶᠢᠭᠠᠳ ᠰᠢᠯᠭᠠᠨ ᠦᠨᠡᠯᠡᠵᠣ ᠬᠤᠪᠢ ᠣᠯᠭᠤᠨ᠎ᠠ᠂ ᠰᠢᠯᠭᠠᠨ ᠬᠢᠨᠠᠬᠤ ᠣᠨ ︵ᠪᠠᠭᠲᠠᠬᠤ ᠦᠭᠡᠶ︶ ᠤ ᠡᠮᠦᠨ᠎ᠡ ᠭᠤᠷᠪᠠᠨ ᠵᠢᠯ ᠤᠨ ᠠᠮᠤ ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢᠨ ᠬᠡᠮᠵᠢᠶ᠎ᠠ ᠨᠢ 100 ᠲᠦᠮᠡᠨ ᠲᠣᠨ ᠠᠴᠠ ᠳᠡᠭᠡᠭᠰᠢ ᠪᠠᠶᠢᠬᠤ ᠠᠶᠢᠮᠠᠭ ᠬᠤᠲᠠ ᠶᠢ ᠭᠠᠷᠣᠯᠳᠠ ᠶᠢᠨ ᠣᠷᠣᠨ ᠬᠡᠮᠡᠵᠦ᠂ ᠪᠤᠰᠤᠳ ᠠᠶᠢᠮᠠᠭ ᠬᠤᠲᠠ ᠶᠢ ᠭᠠᠷᠣᠯᠳᠡ ᠶᠢᠨ ᠪᠤᠰᠤ ᠣᠷᠣᠨ ᠬᠡᠮᠡᠬᠦ ᠭᠡᠷᠡᠭᠳᠡᠢ᠃ ᠭᠠᠷᠣᠯᠳᠠ ᠶᠢᠨ ᠣᠷᠣᠨ ᠪᠠ ᠭᠠᠷᠣᠯᠳᠡ ᠶᠢᠨ ᠪᠣᠰᠣ ᠣᠷᠣᠨ ᠤ ᠬᠤᠪᠢᠶᠠᠷᠢᠯᠠᠯ ᠢ ᠵᠥᠪᠬᠡᠨ ᠲᠤᠰ ᠰᠢᠯᠭᠠᠨ ᠬᠢᠨᠠᠯᠳᠠ ᠳᠤ ᠲᠣᠬᠢᠷᠠᠭᠤᠯᠣᠨ ᠬᠡᠷᠡᠭᠯᠡᠨ᠎ᠡ᠃      ᠨᠠᠶᠢᠮᠠᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠯᠳᠠ ᠳᠤ ᠬᠤᠯᠪᠣᠭᠳᠠᠬᠤ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ ᠪᠦᠷᠢᠳᠬᠡᠭᠰᠡᠨ ᠲᠤᠭ᠎ᠠ ᠪᠠᠷᠢᠮᠲᠠ ᠦᠭᠡᠢ ᠪᠣᠯ᠂ ᠡᠯ᠎ᠡ ᠬᠠᠮᠢᠶ᠎ᠡ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃      ᠶᠢᠰᠦᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠤᠨ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠪᠠ ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ ᠨᠢᠭᠡᠴᠢ ᠲᠠᠢ ᠬᠠᠮᠳᠤᠷᠠᠯᠴᠠᠵᠦ᠂ ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠲᠠᠢ ᠪᠠᠨ ᠤᠶᠠᠯᠳᠤᠭᠤᠯᠤᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠨᠨᠵᠢᠭᠤᠯᠵᠦ᠂ ᠰᠢᠯᠭᠠᠨ ᠬᠢᠨᠠᠬᠤ ᠲᠥᠰᠦᠯ ᠢ ᠲᠣᠨᠨᠳᠠᠭᠠᠨ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠨ᠎ᠠ᠃ ᠰᠢᠯᠭᠠᠨ ᠬᠢᠨᠠᠬᠤ ᠠᠭᠤᠯᠭ᠎ᠠ ᠪᠠ ᠭᠤᠣᠯᠳᠠᠯᠭ᠎ᠠ ᠲᠠᠢ ᠰᠢᠯᠭᠠᠨ ᠬᠢᠨᠠᠬᠤ ᠵᠦᠢᠯᠡᠰ ᠲᠤ ᠲᠣᠬᠢᠷᠠᠭᠤᠯᠤᠯᠲᠠ ᠬᠢᠬᠦ ᠳᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠵᠥᠪᠰᠢᠶᠡᠷᠡᠭᠦᠯᠬᠦ ᠬᠡᠷᠡᠭᠲᠡᠶ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ ᠵᠣᠬᠢᠴᠠᠩᠭᠤᠢ ᠲᠣᠬᠢᠷᠠᠭᠤᠯᠤᠯᠲᠠ ᠬᠢᠵᠦ ᠪᠣᠯᠤᠨ᠎ᠠ᠃      ᠠᠷᠪᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠢ ᠲᠣᠣᠷᠠᠬᠢ ᠳᠡᠰ ᠳᠠᠷᠠᠭᠠᠯᠠᠯ ᠢᠶᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠄      ︵ᠨᠢᠭᠡ︶ ᠦᠪᠡᠷ ᠢ ᠪᠠᠨ ᠥᠪᠡᠰᠦᠪᠡᠨ ᠪᠠᠶᠢᠴᠠᠭᠠᠵᠤ ᠬᠤᠪᠢ ᠲᠣᠭᠲᠠᠭᠠᠬᠤ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠪᠠ ᠣᠨ ᠤ ᠰᠢᠯᠭᠠᠨ ᠬᠢᠨᠠᠬᠤ ᠲᠥᠰᠦᠯ ᠤᠨ ᠶᠣᠰᠣᠭᠠᠷ᠂ ᠲᠤᠰ ᠣᠨ ᠤ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠪᠠᠷ ᠳ᠋ᠦᠩᠨᠡᠯᠲᠡ ᠬᠢᠬᠦ ᠪᠠ ᠦᠪᠡᠷ ᠢ ᠪᠠᠨ ᠥᠪᠡᠰᠦᠪᠡᠨ ᠦᠨᠡᠯᠡᠵᠦ ᠬᠤᠪᠢ ᠲᠣᠭᠲᠠᠭᠠᠬᠤ᠂ ᠬᠤᠶᠠᠳᠣᠭᠠᠷ ᠵᠢᠯ ᠤᠨ 1 ᠳ᠋ᠣᠬᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠲᠤ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠵᠢᠴᠢ ᠰᠢᠯᠭᠠᠨ ᠬᠢᠨᠠᠯᠲᠠ ᠳᠤ ᠬᠤᠯᠪᠤᠨᠨᠳ᠋ᠬᠠᠰᠠᠨ ᠬᠠᠮᠢᠶ᠎ᠠ ᠪᠦᠬᠦᠢ ᠨᠣᠳᠠᠯᠠᠨ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠳᠤ ᠬᠠᠭᠤᠯᠤᠨ ᠢᠯᠡᠭᠡᠨ᠎ᠡ᠃      ︵ᠬᠤᠶᠠᠷ︶ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ ᠨᠢᠭᠡᠴᠢ ᠲᠠᠢ ᠬᠠᠮᠳᠣᠷᠠᠯᠴᠠᠵᠦ᠂ ᠰᠢᠯᠭᠠᠨ ᠬᠢᠨᠠᠬᠤ ᠶᠢ ᠨᠠᠷᠢᠯᠢᠭᠵᠢᠭᠤᠯᠣᠭᠰᠠᠨ ᠲᠥᠰᠦᠯ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠡᠳᠦᠷ ᠲᠤᠲᠤᠮ ᠤᠨ ᠰᠢᠯᠭᠠᠨ ᠲᠤᠨᠨᠲᠠᠭᠠᠯᠲᠠ ᠪᠠ ᠵᠢᠯ ᠤᠨ ᠰᠡᠭᠦᠯᠴᠢ ᠶᠢᠨ ᠬᠢᠨᠠᠨ ᠳᠤᠨᠨᠲᠠᠭᠠᠯᠲᠠ ᠬᠢᠵᠦ᠂ ᠰᠢᠯᠭᠠᠨ ᠬᠢᠨᠠᠵᠤ ᠬᠢᠨᠠᠨ ᠲᠣᠭᠲᠠᠭᠠᠭᠰᠠᠨ ᠰᠠᠨᠠᠯ ᠪᠦᠷᠢᠯᠳᠦᠭᠦᠯᠦᠭᠡᠳ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠣᠨ᠎ᠡ᠃ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠰᠤᠭᠤᠴᠢᠨ ᠪᠠᠶᠢᠴᠠᠭᠠᠬᠤ ᠬᠠᠮᠲᠤᠷᠠᠭᠰᠠᠨ ᠳᠤᠭᠤᠶᠢᠯᠠᠩ ᠪᠠᠶᠢᠭᠤᠯᠵᠤ ᠲᠤᠬᠠᠶ ᠶᠢᠨ ᠭᠠᠵᠠᠷ ᠲᠤ ᠨᠢ ᠰᠢᠯᠭᠠᠨ ᠬᠢᠨᠠᠬᠤ ᠠᠵᠢᠯ ᠢ ᠥᠷᠨᠢᠭᠦᠯᠬᠦ ᠬᠡᠷᠡᠭᠲᠡᠶ᠃      ︵ᠭᠤᠷᠪᠠ︶ ᠶᠡᠷᠦᠩᠬᠡᠶᠢᠯᠡᠨ ᠦᠨᠡᠯᠡᠬᠦ᠃ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠬᠡᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠨ ᠲᠤᠨᠨᠳᠠᠭᠠᠨᠨᠰᠠᠨ ᠪᠠ ᠰᠤᠭᠤᠴᠢᠨ ᠪᠠᠶᠢᠴᠠᠭᠠᠭᠰᠠᠨ ᠪᠠᠶᠢᠳᠠᠯ ᠳᠤ ᠬᠤᠷᠢᠶᠠᠩᠭᠤᠶᠢᠯᠠᠯ ᠬᠢᠵᠣ᠂ ᠶᠡᠷᠦᠩᠬᠡᠶᠢᠯᠡᠭᠰᠡᠨ ᠦᠨᠡᠯᠡᠯᠲᠡ ᠭᠠᠷᠭᠠᠨ᠂ ᠰᠢᠯᠭᠠᠨ ᠬᠢᠨ᠋ᠬᠠᠰᠠᠨ ᠵᠡᠷᠭᠡ ᠲᠠᠰ ᠢ ᠲᠣᠭᠲᠠᠭᠠᠵᠣ᠂ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ ᠳᠤᠭᠤᠶᠢᠯᠠᠩ ᠳᠤ ᠮᠡᠳᠡᠭᠦᠯᠵᠦ ᠬᠢᠨᠠᠨ ᠲᠤᠨᠨᠳᠠᠭᠠᠯᠭᠠᠬᠤ ᠭᠡᠷᠡᠭᠳᠡᠢ᠃      ᠳᠥᠷᠪᠡᠳᠦᠭᠡᠷ ᠪᠦᠯᠦᠭ ᠰᠢᠯᠭᠠᠨ ᠬᠢᠨᠠᠵᠤ ᠬᠤᠪᠢ ᠪᠠ ᠵᠡᠷᠭᠡ ᠳᠡᠰ ᠲᠣᠭᠲᠠᠭᠠᠬᠤ      ᠠᠷᠪᠠᠨ ᠨᠢᠭᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ ᠪᠦᠷᠢᠨ ᠬᠤᠪᠢ ᠨᠢ 100 ᠬᠤᠪᠢ ᠪᠣᠯᠤᠨ᠎ᠠ᠃ ᠠᠶᠢᠮᠠᠭ ᠬᠤᠲᠠ ᠶᠢᠨ ᠦᠪᠡᠷ ᠢ ᠪᠠᠨ ᠥᠪᠡᠰᠦᠪᠡᠨ ᠦᠨᠡᠯᠡᠭᠰᠡᠨ᠂ ᠰᠠᠯᠠᠭ᠎ᠠ ᠮᠥᠴᠢᠷ ᠤᠨ ᠬᠢᠨᠠᠨ ᠲᠣᠨᠨᠳᠠᠭᠠᠨᠨᠰᠠᠨ᠂ ᠪᠣᠳᠠᠲᠠᠶ ᠭᠠᠵᠠᠷ ᠲᠤ ᠨᠢ ᠰᠤᠭᠤᠴᠢᠨ ᠪᠠᠶᠢᠴᠠᠭᠠᠵᠤ ᠬᠤᠪᠢ ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠣᠨ ᠤ ᠰᠢᠯᠭᠠᠨ ᠬᠢᠨᠠᠭᠰᠠᠨ ᠬᠤᠪᠢ ᠶᠢ ᠪᠤᠳᠤᠨ᠎ᠠ᠃ ᠪᠤᠳᠤᠬᠤ ᠠᠷᠭ᠎ᠠ ᠨᠢ᠄ ᠡᠯ᠎ᠡ ᠠᠶᠢᠮᠠᠭ ᠬᠤᠲᠠ ᠶᠢᠨ ᠰᠢᠯᠭᠠᠨ ᠬᠢᠨᠠᠭᠰᠠᠨ ᠬᠤᠪᠢ = ᠥᠪᠡᠰᠦᠪᠡᠨ ᠪᠠᠶᠢᠴᠠᠭᠠᠭᠠᠳ ᠲᠤᠨᠨᠳᠠᠭᠠᠨᠨᠰᠠᠨ ᠬᠤᠪᠢ × 5 % + ᠰᠠᠯᠠᠭ᠎ᠠ ᠮᠥᠴᠢᠷ ᠤᠨ ᠡᠩ ᠤᠨ ᠴᠠᠭ ᠤᠨ ᠬᠢᠨᠠᠨ ᠡᠵᠡᠮᠰᠢᠵᠦ ᠲᠤᠨᠨᠳᠠᠭᠠᠨᠨᠰᠠᠨ ᠬᠤᠪᠢ × 45 % + ᠰᠠᠯᠠᠭ᠎ᠠ ᠮᠥᠴᠢᠷ ᠤᠨ ᠵᠢᠯ ᠤᠨ ᠰᠡᠭᠦᠯᠴᠢ ᠶᠢᠨ ᠦᠨᠡᠯᠡᠨ ᠲᠤᠨᠨᠳᠠᠭᠠᠨᠨᠰᠠᠨ ᠬᠤᠪᠢ / ᠪᠣᠳᠠᠳᠠᠢ ᠭᠠᠵᠠᠷ ᠲᠤ ᠨᠢ ᠰᠤᠭᠤᠴᠢᠨ ᠪᠠᠶᠢᠴᠠᠭᠠᠭᠰᠠᠨ × 50 % ᠪᠣᠯᠤᠨ᠎ᠠ᠃      ᠠᠷᠪᠠᠨ ᠬᠤᠶᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ ᠭᠡᠵᠦ ᠳᠥᠷᠪᠡᠨ ᠵᠡᠷᠭᠡ ᠳᠡᠰ ᠬᠤᠪᠢᠶᠠᠨ᠎ᠠ᠃ ᠰᠢᠯᠭᠠᠨ ᠬᠢᠨᠠᠭᠠᠳ 90 ᠬᠤᠪᠢ ᠠᠴᠠ ᠳᠡᠭᠡᠭᠰᠢ ᠪᠣᠯ ᠰᠢᠯᠢᠳᠡᠭ᠂ 75 ᠬᠤᠪᠢ ᠠᠴᠠ ᠳᠡᠭᠡᠭᠰᠢ 90 ᠬᠤᠪᠢ ᠠᠴᠠ ᠳᠣᠷᠣᠭᠰᠢ ᠪᠣᠯ ᠰᠠᠶᠢᠨ᠂ 60 ᠬᠤᠪᠢ ᠠᠴᠠ ᠳᠡᠭᠡᠭᠰᠢ 75 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ᠂ 60 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ ᠥᠬᠡᠶ ︵ᠳᠡᠭᠡᠭᠰᠢ ᠭᠡᠰᠡᠨ ᠳᠤ ᠤᠭ ᠲᠤᠭ᠎ᠠ ᠶᠢ ᠪᠠᠭᠳᠠᠭᠠᠵᠦ᠂ ᠳᠣᠷᠣᠭᠰᠢ ᠭᠡᠰᠡᠨ ᠳᠤ ᠤᠭ ᠲᠤᠭ᠎ᠠ ᠶᠢ ᠪᠠᠭᠲᠠᠭᠠᠬᠤ ᠥᠬᠡᠶ︶ ᠪᠣᠯᠤᠨ᠎ᠠ᠃      ᠠᠷᠪᠡᠨ ᠭᠤᠷᠪᠠᠳᠣᠭᠠᠷ ᠵᠦᠢᠯ ᠰᠢᠯᠭᠠᠨ ᠬᠢᠨᠠᠬᠤ ᠵᠡᠷᠭᠡ ᠳᠡᠰ ᠢ ᠲᠣᠭᠳᠠᠭᠠᠬᠤ ᠳᠤ᠂ ᠬᠡᠷᠪᠡ ᠣᠯᠣᠰ ᠪᠠ ᠦᠪᠡᠷᠳᠡᠭᠡᠨ ᠵᠠᠰᠠᠬᠤ ᠣᠷᠣᠨ ᠤ ᠴᠢᠬᠤᠯᠨ ᠶᠡᠭᠡ ᠲᠦᠷᠣ ᠶᠢᠨ ᠪᠣᠳᠣᠯᠭ᠎ᠠ ᠶᠢᠨ ᠲᠣᠬᠢᠷᠠᠭᠤᠯᠣᠯᠳᠠ ᠪᠣᠶᠣ ᠬᠦᠨᠳᠣ ᠶᠡᠭᠡ ᠪᠠᠶᠢᠭᠠᠯᠢ ᠶᠢᠨ ᠭᠠᠢ ᠭᠠᠮᠰᠢᠭ ᠠᠴᠠ ᠪᠣᠯᠵᠣ ᠰᠢᠯᠭᠠᠨ ᠬᠢᠨᠠᠬᠤ ᠦᠷ᠎ᠡ ᠳ᠋ᠦᠩ ᠢ ᠨᠦᠯᠣᠭᠡᠯᠡᠭᠰᠡᠨ ᠪᠣᠯ᠂ ᠪᠣᠰᠣᠣᠡᠴᠢ ᠭᠦᠴᠣᠨ ᠵᠦᠢᠯ ᠢ ᠨᠢ ᠪᠣᠳᠣᠯᠬᠢᠯᠠᠬᠤ ᠬᠡᠷᠩᠳᠠᠢ᠃      ᠲᠠᠪᠤᠳᠤᠭᠠᠷ ᠪᠦᠯᠦᠭ ᠰᠢᠯᠭᠠᠨ ᠬᠢᠨᠠᠭᠰᠠᠨ ᠦᠷ᠎ᠡ ᠳ᠋ᠦᠩ ᠪᠠ ᠬᠡᠷᠡᠭᠯᠡᠯᠲᠡ      ᠠᠷᠪᠠᠨ ᠳᠥᠷᠪᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠭᠤᠣᠯ ᠭᠦᠢᠴᠡᠳᠬᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠪᠳᠡᠷᠡᠭᠦᠯᠦᠨ ᠮᠡᠳᠡᠭᠡᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠢᠯᠡᠭᠡᠵᠦ᠂ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠪᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠯᠠᠪᠯᠠᠯᠲᠠ ᠪᠣᠯᠭᠠᠬᠤ ᠭᠡᠷᠡᠭᠳᠡᠢ᠃      ᠠᠮᠤ ᠪᠤᠳᠠᠭᠠᠨ ᠤ ᠭᠠᠷᠣᠯᠳᠠ ᠶᠢᠨ ᠣᠷᠣᠨ ᠬᠢᠭᠡᠳ ᠭᠠᠷᠣᠯᠳᠠ ᠶᠢᠨ ᠪᠤᠰᠤ ᠣᠷᠣᠨ ᠤ ᠲᠥᠯᠥᠭᠡᠯᠡᠬᠦ ᠴᠢᠨᠠᠷ ᠢ ᠭᠦᠢᠴᠡᠳ ᠪᠣᠳᠣᠯᠬᠢᠯᠠᠭᠰᠠᠨ ᠤ ᠪᠠᠶᠢᠳᠠᠯ ᠳᠣᠤᠷ᠎ᠠ᠂ ᠰᠢᠯᠭᠠᠨ ᠬᠢᠨ᠋ᠬᠠᠰᠠᠨ ᠦᠷ᠎ᠡ ᠳ᠋ᠦᠩ ᠢᠶᠠᠷ ᠰᠢᠯᠢᠳᠡᠭ ᠪᠣᠯᠬᠤ ᠠᠶᠢᠮᠠᠭ ᠬᠤᠲᠠ ᠶᠢ ᠨᠡᠪᠲᠡᠷᠡᠭᠦᠯᠦᠨ ᠰᠠᠶᠢᠰᠢᠶᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠥᠷᠥᠯ ᠵᠦᠢᠯ ᠤᠨ ᠪᠡᠯᠡ ᠮᠦᠩᠬᠦ ᠲᠤᠬᠢᠷᠠᠭᠤᠯᠬᠤ ᠪᠠ ᠠᠮᠤ ᠪᠤᠳᠠᠭᠠᠨ ᠤ ᠲᠤᠰᠬᠠᠶᠢᠯᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠳᠤ ᠬᠢᠷᠢ ᠲᠡᠩᠴᠡᠭᠰᠡᠨ ᠥᠬᠡᠶ ᠠᠶᠢᠮᠠᠭ ᠬᠤᠲᠠ ᠨᠢ ᠰᠢᠯᠭᠠᠨ ᠬᠢᠨᠠᠭᠰᠠᠨ ᠦᠷ᠎ᠡ ᠳ᠋ᠦᠩ ᠢ ᠨᠡᠪᠳᠡᠷᠡᠭᠦᠯᠦᠨ ᠮᠡᠳᠡᠬᠡᠯᠡᠭᠰᠡᠨ ᠤ ᠳᠠᠷᠠᠭᠠᠬᠢ ᠨᠢᠭᠡ ᠰᠠᠷ᠎ᠠ ᠶᠢᠨ ᠳᠣᠲᠣᠷ᠎ᠠ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠳᠤ ᠪᠢᠴᠢᠭ ᠤᠨ ᠮᠡᠳᠡᠭᠦᠯᠦᠯᠲᠡ ᠬᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠬᠢᠵᠠᠭᠠᠷ ᠢᠶᠠᠨ ᠲᠣᠷᠠᠳᠣᠨ ᠭᠠᠷᠭᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠬᠡᠷ ᠲᠤ ᠬᠠᠭᠤᠯᠤᠨ ᠢᠯᠡᠭᠡᠬᠦ ᠬᠡᠷᠡᠭᠲᠡᠶ︔ ᠬᠤᠭᠤᠴᠠᠭ᠎ᠠ ᠨᠢ ᠬᠡᠳᠦᠷᠡᠬᠡᠳ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠤᠭᠰᠠᠨ ᠦᠭᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠠᠶᠢᠮᠠᠭ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠴᠢᠬᠤᠯᠠ ᠲᠠᠢ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠠᠴᠠ ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ᠂ ᠬᠦᠨᠳᠦ ᠶᠡᠭᠡ ᠠᠵᠢᠯ ᠤᠨ ᠠᠯᠳᠠᠰᠢ ᠤᠷᠤᠰᠢᠵᠦ ᠪᠠᠶᠢᠬᠤ ᠵᠡᠷᠭᠡ ᠠᠴᠠ ᠪᠣᠯᠵᠤ ᠠᠮᠤ ᠪᠤᠳᠠᠭᠠᠨ ᠤ ᠵᠠᠬ᠎ᠠ ᠳᠡᠯᠭᠡᠭᠦᠷ ᠵᠢᠴᠢ ᠨᠡᠶᠢᠭᠡᠮ ᠤᠨ ᠲᠣᠭᠲᠠᠭᠤᠨ ᠳᠤ ᠬᠦᠨᠳᠦ ᠨᠣᠴᠢᠲᠠᠶ ᠨᠥᠯᠥᠭᠡ ᠤᠴᠠᠷᠠᠭᠤᠯᠤᠭᠰᠠᠨ ᠪᠠᠶᠢᠪᠠᠯ᠂ ᠣᠨ ᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠶ ᠪᠠᠷ ᠦᠵᠡᠬᠦ ᠶᠢᠨ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠳᠣ ᠶᠢᠨ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠨ᠎ᠡ᠃      ᠠᠷᠪᠠᠨ ᠲᠠᠪᠤᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠡᠷᠬᠡ ᠲᠡᠭᠰᠢ ᠲᠥᠪ ᠭᠤᠣᠯᠴᠢ ᠬᠠᠨᠳᠤᠵᠦ᠂ ᠦᠨᠡᠨ ᠠᠴᠠ ᠵᠥᠪ ᠢ ᠡᠷᠢᠬᠦ ᠬᠡᠷᠡᠭᠲᠡᠶ᠃ ᠰᠢᠯᠭᠠᠨ ᠬᠢᠨᠠᠬᠤ ᠠᠵᠢᠯ ᠤᠨ ᠶᠠᠪᠣᠴᠠ ᠳᠤ ᠬᠤᠳᠠᠯ ᠬᠡᠯᠡᠵᠦ ᠬᠠᠭᠤᠷᠮᠠᠭ ᠵᠣᠬᠢᠶᠠᠬᠤ᠂ ᠨᠢᠭᠤᠵᠤ ᠦᠯᠣ ᠮᠡᠳᠡᠭᠦᠯᠬᠦ ᠪᠠ ᠬᠤᠳᠠᠯ ᠢᠶᠠᠷ ᠮᠡᠳᠡᠭᠦᠯᠬᠦ ᠪᠠᠶᠢᠳᠠᠯ ᠣᠷᠣᠰᠢᠵᠤ ᠪᠠᠶᠢᠪᠠᠯ ᠨᠡᠪᠳᠡᠷᠡᠭᠦᠯᠦᠨ ᠰᠢᠭᠦᠮᠵᠢᠯᠡᠬᠦ ᠶᠢᠨ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠨ᠎ᠠ᠃      ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ      ᠠᠷᠪᠠᠨ ᠵᠢᠷᠭᠤᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠨᠨᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 3 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃    ᠲᠠᠭᠠᠯᠳᠤᠭᠤᠯᠤᠯ᠄ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠭᠦᠰᠦᠨᠦᠭᠳᠦ ᠭᠦᠰᠦᠨᠦᠭᠳᠦ 1ᠭᠦᠰᠦᠨᠦᠭᠳᠦ 2ᠭᠦᠰᠦᠨᠦᠭᠳᠦ 3ᠭᠦᠰᠦᠨᠦᠭᠳᠦ 4ᠭᠦᠰᠦᠨᠦᠭᠳᠦ 5ᠭᠦᠰᠦᠨᠦᠭᠳᠦ 6
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ