内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2021/4/12
             4 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ︵2020 — 2035 ᠣᠨ︶᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠵᠡᠷᠭᠡ ᠶᠢ ᠰᠣᠳᠣᠯᠣᠨ ᠶᠠᠷᠢᠯᠴᠠᠪᠠ᠃      ᠬᠤᠷᠠᠯ ᠠᠴᠠ ᠵᠢᠭᠠᠬᠤ ᠳᠤ ᠪᠠᠨ᠂ ᠲᠡᠦᠬᠡ ᠶᠢᠨ ᠳᠤᠷᠠᠰᠬᠠᠯᠲᠤ ᠵᠦᠢᠯᠡᠰ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠠᠭᠠᠯᠠᠵᠤ ᠪᠠᠶᠢᠳᠠᠭ᠂ ᠲᠡᠷᠡ ᠪᠣᠯ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠭᠦᠨ ᠵᠤᠵᠠᠭᠠᠨ ᠰᠢᠮ᠎ᠡ ᠲᠡᠵᠢᠭᠡᠯ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠳᠤ ᠠᠭᠤᠯᠤᠭᠳᠠᠵᠤ ᠪᠠᠶᠢᠭ᠎ᠠ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠶ ᠠᠭᠤᠳᠠᠯᠤᠨ ᠰᠢᠰᠲ᠋ᠧᠮ ᠲᠠᠢ ᠪᠠᠷ ᠲᠠᠶᠢᠯᠪᠤᠷᠢᠯᠠᠵᠤ᠂ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ ᠡᠬᠡ ᠣᠷᠣᠨᠴᠢ ᠦᠵᠡᠯ ᠤᠨ ᠬᠥᠮᠦᠵᠢᠯ ᠵᠡᠷᠭᠡ ᠲᠠᠯ᠎ᠠ ᠳᠤ ᠦᠵᠡᠭᠦᠯᠬᠦ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠲᠡᠶ ᠭᠡᠵᠡᠢ᠃       ᠬᠤᠷᠠᠯ ᠠᠴᠠ ᠴᠢᠬᠤᠯᠠᠴᠢᠯᠠᠬᠤ ᠳᠤ ᠪᠠᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠪᠣᠯ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠪᠠᠷ ᠦᠨᠳᠦᠰᠦᠯᠡᠯ ᠪᠣᠯᠭᠠᠵᠤ᠂ ︽ᠭᠤᠷᠪᠠᠨ ᠣᠷᠣᠨ ᠭᠤᠷᠪᠠᠨ ᠱᠤᠭᠤᠮ︾ ᠢᠶᠠᠷ ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠳᠠ ᠪᠠᠯᠭᠠᠰᠤᠵᠢᠯᠳᠠ ᠶᠢ ᠠᠬᠢᠭᠤᠯᠬᠤ ᠳᠤ ᠳᠠᠪᠠᠵᠤ ᠪᠣᠯᠤᠰᠢ ᠦᠭᠡᠢ ᠤᠯᠠᠭᠠᠨ ᠱᠤᠭᠤᠮ ᠪᠣᠯᠭᠠᠵᠤ᠂ ᠪᠡᠶᠡᠴᠢ ᠴᠣᠭᠴᠠ ᠶᠢᠨ ᠴᠢᠳᠠᠮᠵᠢ ᠨᠢ ᠢᠯᠡᠷᠬᠡᠶ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠴᠢᠨᠠᠷ ᠰᠠᠶᠢᠲᠠᠢ ᠬᠥᠭᠵᠢᠭᠦᠯᠬᠦ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠨᠡᠭᠡᠭᠡᠯᠲᠡ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠬᠤ ᠬᠡᠷᠡᠭᠲᠡᠶ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠬᠡᠷᠡᠭᠴᠡᠭᠡ ᠶᠢ ᠵᠠᠬᠢᠷᠤᠨ ᠬᠠᠮᠢᠶᠠᠷᠬᠤ ᠶᠢ ᠴᠢᠩᠭᠠᠳᠬᠠᠵᠤ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠦᠭᠦᠯᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ︽ᠬᠤᠶᠠᠷ ᠬᠠᠯᠬᠠᠪᠴᠢ︾᠂︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢ ᠲᠦᠷᠭᠡᠪᠴᠢᠯᠡᠨ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠥᠪᠡᠷᠲᠡᠭᠡᠨ ᠵᠠᠰᠠᠬᠤ ᠣᠷᠣᠨ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠰᠤᠳᠤᠯᠤᠨ ᠲᠣᠭᠲᠠᠭᠠᠭᠰᠠᠨ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ ᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠮᠥᠨ ᠪᠥᠭᠡᠳ᠂ ᠮᠠᠨ ᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠠᠤᠯᠢᠵᠢᠭᠤᠯᠬᠤ᠂ ᠲᠤᠰᠬᠠᠶᠢᠵᠢᠭᠤᠯᠬᠤ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠨ᠂ ᠰᠠᠭᠤᠷᠢ ᠮᠥᠩᠭᠦ ᠶᠢᠨ ᠠᠮᠤᠷ ᠲᠦᠪᠰᠢᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠪᠠ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ