内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽2021 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠠᠵᠢᠯ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠲᠠᠶᠢᠯᠤᠮᠵᠢ
        ᠨᠡᠶᠢᠲᠡᠯᠡᠭᠰᠡᠨ ᠴᠠᠭ᠄
        2021/4/25
              ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2021 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠠᠵᠢᠯ ᠶᠠᠪᠤᠳᠠᠯ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ᠨᠢᠭᠡ᠂ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠠᠬᠤᠢ ᠪᠠᠶᠢᠳᠠᠯ      ︵ᠨᠢᠭᠡ︶ 2020 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ︽ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ︾ ︽ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠰᠠᠭᠤᠷᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ︾ ᠲᠤᠬᠠᠢ ᠵᠣᠷᠢᠭ ᠰᠠᠨᠠᠭ᠎ᠠ ᠶᠢ ᠲᠤᠭᠤᠰᠢᠯᠠᠭᠤᠯᠤᠨ᠎ᠠ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠪᠦ᠋ ᠰᠢᠶᠤᠤ ᠯᠢᠨ ᠤ 2021 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠠᠨ ᠳᠤᠷᠠᠳᠤᠭᠰᠠᠨ ︽ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ︾᠂ ︽ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠢ ᠲᠤᠭᠤᠰᠢᠯᠠᠭᠤᠯᠤᠨ᠎ᠠ᠃      ᠬᠤᠶᠠᠷ᠂ ᠥᠪᠡᠷᠲᠡᠭᠡᠨ ᠵᠠᠰᠠᠬᠤ ᠣᠷᠣᠨ ᠤ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠪᠠᠶᠢᠳᠠᠯ      ︵ᠨᠢᠭᠡ︶ ᠪᠥᠬᠦ ᠣᠷᠣᠨ ᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ 772 ᠲᠥᠭᠦᠷᠢᠭ / ᠰᠠᠷ᠎ᠠ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ 40 ᠲᠥᠭᠦᠷᠢᠭ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 5.4% ᠪᠣᠯᠭᠠᠨ᠎ᠠ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ 6731 ᠲᠥᠭᠦᠷᠢᠭ / ᠵᠢᠯ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ 424 ᠲᠥᠭᠦᠷᠢᠭ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 6.7% ᠪᠣᠯᠭᠠᠨ᠎ᠠ᠃      ︵ᠬᠤᠶᠠᠷ︶ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ 1308 ᠲᠥᠭᠦᠷᠢᠭ / ᠰᠠᠷ᠎ᠠ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ 62 ᠲᠥᠭᠦᠷᠢᠭ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 5% ᠪᠣᠯᠭᠠᠨ᠎ᠠ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ 10533 ᠲᠥᠭᠦᠷᠢᠭ / ᠵᠢᠯ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ 490 ᠲᠥᠭᠦᠷᠢᠭ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 4.9% ᠪᠣᠯᠭᠠᠨ᠎ᠠ᠃ ᠪᠥᠬᠦ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠬᠡᠰᠡᠭ ᠴᠢᠳᠠᠪᠤᠷᠢ ᠪᠠᠨ ᠠᠯᠳᠠᠭᠰᠠᠳ ᠢ ᠬᠠᠷᠠᠭᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ 431 ᠲᠥᠭᠦᠷᠢᠭ / ᠰᠠᠷ᠎ᠠ ᠳᠤ ᠬᠦᠷᠭᠡᠨ᠎ᠡ︔ ᠪᠥᠬᠦ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠢ ᠬᠠᠷᠠᠭᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ 1087 ᠲᠥᠭᠦᠷᠢᠭ / ᠰᠠᠷ᠎ᠠ ᠳᠤ ᠬᠦᠷᠭᠡᠨ᠎ᠡ᠃      ᠭᠤᠷᠪᠠ᠂ ︽ᠮᠡᠳᠡᠭᠳᠡᠯ︾ ᠤᠨ ᠭᠤᠣᠯ ᠠᠭᠤᠯᠭ᠎ᠠ      ︵ᠨᠢᠭᠡ︶ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ      ᠡᠯ᠎ᠡ ᠭᠠᠵᠠᠷ ᠤᠨ ᠬᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠪᠠ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠳᠣᠭᠢᠷᠠᠭᠤᠯᠬᠤ ᠲᠠᠰ ᠳᠠᠷᠠᠭᠠᠯᠠᠯ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠨ᠎ᠡ ᠪᠠᠷᠢᠮᠵᠢᠶ᠎ᠠ ᠶᠣᠰᠣᠭᠠᠷ ᠪᠠᠯᠠ ᠮᠥᠩᠭᠦ ᠨᠥᠬᠦᠪᠥᠷᠢᠯᠡᠨ ᠣᠯᠭᠤᠬᠤ ᠴᠠᠭ ᠤᠨ ᠬᠢᠵᠠᠭᠠᠷ ᠢ ᠲᠡᠷᠡ ᠳᠠᠷᠤᠢ ᠳᠤ ᠨᠢ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠶᠢᠴᠠᠭᠠᠯᠲᠠ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ ᠶᠢ ᠲᠡᠷᠡ ᠳᠠᠷᠤᠢ ᠳᠤ ᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠵᠤ ᠰᠠᠭᠤᠷᠢ ᠠᠴᠠ ᠨᠢ ᠪᠠᠲᠤᠯᠠᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠯᠳᠤᠭᠤᠯᠬᠤ ᠶᠢ ᠪᠠᠬᠢᠵᠢᠭᠦᠯᠦᠨ ᠥᠷᠭᠡᠳᠬᠡᠨ᠎ᠡ᠃ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ᠂ ᠡᠯ᠎ᠡ ᠭᠠᠵᠠᠷ ᠤᠳ ᠤᠨ ᠬᠢᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠤᠳᠤᠯᠭ᠎ᠠ ᠶᠢᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠠᠵᠢᠯ ᠣᠯᠤᠭᠰᠠᠨ ᠮᠥᠷᠲᠡᠭᠡᠨ ᠭᠡᠷ ᠪᠦᠯᠢ ᠶᠢᠨ ᠬᠥᠮᠦᠨ ᠠᠮᠠ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠠᠯᠬᠤᠮ ᠠᠯᠬᠤᠮ ᠢᠶᠠᠷ ᠬᠠᠪᠰᠤᠷᠤᠨ ᠲᠡᠳᠬᠦᠬᠦ ᠠᠴᠠ ᠠᠯᠬᠤᠮ ᠠᠯᠬᠤᠮ ᠢᠶᠠᠷ ᠪᠤᠴᠠᠭᠠᠨ ᠭᠠᠷᠭᠠᠬᠤ ᠬᠡᠷᠡᠭᠵᠢᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠵᠦ ᠲᠦᠭᠰᠢᠭᠦᠷᠢ ᠶᠢ ᠰᠡᠷᠡᠮᠵᠢᠯᠡᠭᠦᠯᠬᠦ᠂ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠬᠠᠮᠵᠢᠨ ᠭᠦᠢᠴᠡᠳᠬᠡᠭᠴᠢ ᠶᠢᠨ ᠲᠥᠷᠢᠮ ᠢ ᠪᠥᠷᠢᠨᠰᠢᠬᠦᠯᠥᠨ ᠲᠡᠭᠦᠯᠳᠡᠷᠵᠢᠭᠦᠯᠬᠦ ᠬᠡᠷᠡᠭᠲᠡᠶ᠃      ︵ᠭᠤᠷᠪᠠ︶ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠶᠢᠨ ᠪᠠᠴᠢᠮ ᠪᠠᠶᠢᠳᠠᠯ ᠠᠴᠠ ᠠᠪᠤᠷᠠᠵᠤ ᠬᠦᠴᠢᠷᠳᠡᠯ ᠢ ᠰᠢᠢᠳᠪᠦᠷᠢᠯᠡᠬᠦ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠡᠯ᠎ᠡ ᠭᠠᠵᠠᠷ ᠤᠨ ᠬᠢᠨ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠪᠠ ᠪᠠᠯᠠ ᠮᠥᠩᠭᠦ ᠶᠢᠨ ᠵᠠᠷᠤᠯᠭ᠎ᠠ ᠶᠢᠨ ᠠᠬᠢᠴᠠ ᠪᠠᠨ ᠲᠦᠷᠭᠡᠳᠬᠡᠵᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠨᠠᠷᠢᠯᠢᠬᠵᠢᠭᠤᠯᠤᠨ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠦ ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃      ︵ᠳᠥᠷᠪᠡ︶ ᠨᠡᠶᠢᠭᠡᠮ ᠤᠨ ᠲᠡᠩᠬᠡᠷᠡᠭᠦᠯᠦᠭᠳᠡᠨ ᠲᠤᠰᠠᠯᠠᠭᠳᠠᠬᠤ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠬᠢᠨ ᠬᠠᠷᠭᠤᠭᠤᠯᠬᠤ ᠭᠤᠤᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠮᠡᠳᠡᠭᠡ ᠵᠠᠩᠭᠢ ᠪᠠᠨ ᠬᠠᠮᠲᠤ ᠳᠤ ᠪᠠᠨ ᠭᠥᠷᠳᠡᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠨᠡᠶᠢᠭᠡᠮ ᠤᠨ ᠲᠡᠩᠬᠡᠷᠡᠭᠦᠯᠦᠭᠳᠡᠨ ᠲᠤᠰᠠᠯᠠᠭᠳᠠᠭᠰᠠᠳ ᠤᠨ ᠪᠠᠩᠬᠢ ᠶᠢᠨ ᠬᠠᠳᠠᠭᠠᠯᠠᠮᠵᠢ᠂ ᠮᠥᠩᠭᠦᠨ ᠭᠦᠢᠯᠭᠡᠭᠡᠨ ᠤ ᠡᠳ᠋ ᠤᠨ ᠶᠠᠪᠤᠳᠠᠯ ᠤᠨ ᠨᠡᠷᠡᠳᠬᠦᠨ ᠤ ᠲᠤᠰᠬᠠᠶ ᠱᠤᠭᠤᠮ ᠢ ᠴᠠᠭ ᠲᠤᠬᠠᠢ ᠳᠤ ᠨᠢ ᠬᠠᠷᠭᠤᠭᠤᠯᠬᠤ ᠠᠵᠢᠯ ᠢ ᠥᠷᠨᠢᠭᠦᠯᠬᠦ ᠬᠡᠷᠡᠭᠲᠡᠢ᠃      ︵ᠲᠠᠪᠤ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠡᠯ᠎ᠡ ᠭᠠᠵᠠᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠬᠦᠴᠢᠷᠳᠡᠯᠲᠡᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠦᠨ ᠤᠯᠠᠨ ᠲᠦᠮᠡᠨ ᠳᠤ ᠦᠨᠡᠨ ᠪᠣᠳᠠᠲᠠᠢ ᠠᠵᠢᠯ ᠬᠢᠵᠦ ᠥᠭᠬᠦ ᠬᠡᠷᠡᠭᠲᠡᠢ᠃ ᠬᠦᠴᠢᠷᠳᠡᠯᠲᠡᠶ ᠣᠯᠠᠨ ᠲᠦᠮᠡᠨ ᠤ ᠨᠡᠶᠢᠭᠡᠮ ᠢᠶᠠᠷ ᠲᠡᠩᠬᠡᠷᠡᠭᠦᠯᠦᠨ ᠲᠤᠰᠠᠯᠠᠭᠤᠯᠬᠤ ᠳᠤ ᠬᠠᠩᠭᠠᠬᠤ ᠴᠢᠬᠤᠯᠠᠲᠠᠶ ᠭᠡᠷᠡᠴᠢ ᠮᠠᠲ᠋ᠧᠷᠢᠶᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠠᠶᠢᠮᠠᠭ ᠬᠤᠲᠠ ᠶᠢᠨ ᠬᠢᠨ ᠬᠠᠷᠢᠶ᠎ᠠ ᠭᠠᠵᠠᠷ ᠣᠷᠣᠨ ᠢᠶᠠᠨ ᠵᠢᠯᠣᠭᠤᠳᠴᠤ ᠪᠠᠶᠢᠭᠠᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠬᠤ᠂ ᠣᠨᠴᠠ ᠬᠦᠴᠢᠷᠳᠡᠯᠲᠡᠶ ᠬᠥᠮᠥᠰ ᠢ ᠲᠡᠩᠬᠡᠷᠡᠭᠦᠯᠦᠨ ᠲᠤᠰᠠᠯᠠᠬᠤ ᠵᠡᠷᠭᠡ ᠨᠡᠶᠢᠭᠡᠮ ᠤᠨ ᠲᠡᠩᠬᠡᠷᠡᠭᠦᠯᠦᠯ ᠲᠤᠰᠠᠯᠠᠮᠵᠢ ᠶᠢᠨ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠪᠠᠭᠤᠯᠭᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠬᠢᠨᠠᠨ ᠬᠠᠮᠢᠶᠠᠷᠬᠤ ᠠᠵᠢᠯ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠬᠢᠨᠠᠨ ᠬᠠᠮᠢᠶᠠᠷᠬᠤ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂ ᠲᠠᠰ ᠳᠠᠷᠠᠭᠠᠯᠠᠯ ᠢ ᠨᠠᠷᠢᠯᠢᠬᠵᠢᠭᠤᠯᠵᠤ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠢ ᠦᠨᠡᠨ ᠬᠦ ᠳᠥᠭᠦᠮᠴᠢᠯᠡᠵᠦ᠂ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠥᠭᠡᠷᠡᠴᠢᠯᠡᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ᠃      ︵ᠵᠢᠷᠭᠤᠭ᠎ᠠ︶ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠨᠠᠯᠲᠠ ᠶᠢ ᠴᠢᠩᠭᠠᠳᠬᠠᠨ᠎ᠠ᠃ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠪᠣᠯᠪᠠᠰᠤᠷᠠᠯ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠬᠢᠬᠦ ᠠᠵᠢᠯ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂ ᠲᠠᠰ ᠳᠠᠷᠠᠭᠠᠯᠠᠯ ᠢ ᠨᠠᠷᠢᠯᠢᠬᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ