内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠥᠬᠡᠬᠤᠲᠠ 2021 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ
        ᠨᠡᠶᠢᠲᠡᠯᠡᠭᠰᠡᠨ ᠴᠠᠭ᠄
        2021/5/11
              5 ᠳ᠋ᠤᠭᠠᠷ ᠰᠠᠷ᠎ᠠ ᠪᠣᠯ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠮᠥᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠰᠠᠶᠢᠨ ᠰᠠᠶᠢᠬᠠᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ 5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠥᠬᠡᠬᠤᠲᠠ ᠶᠢᠨ ᠦᠨᠳᠦᠰᠦᠲᠡᠨ ᠤ ᠤᠷᠠᠯᠢᠭ ᠤᠨ ᠲᠣᠭᠯᠠᠯᠲᠠ ᠶᠢᠨ ᠪᠦᠯᠦᠭᠯᠡᠯ ᠤᠨ ᠬᠠᠮᠵᠢᠯᠴᠠᠨ ᠡᠷᠬᠢᠯᠡᠭᠰᠡᠡ 2021 ᠣᠨ ᠤ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠬᠥᠬᠡᠬᠤᠲᠠ ᠶᠢᠨ ᠷᠦ᠋ ᠢ ᠠᠭᠤᠳᠠᠮ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃      ᠲᠤᠰ ᠤᠳᠠᠭ᠎ᠠ ᠶᠢᠨ ᠠᠵᠢᠯᠯᠠᠭ᠎ᠠ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠨ ᠤᠬᠠᠭᠤᠯᠵᠤ᠂ ᠣᠷᠣᠨ ᠤ ᠲᠥᠪ ᠤᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ ᠠᠭᠤᠷ ᠠᠮᠢᠰᠬᠤᠯ ᠢ ᠤᠬᠠᠮᠰᠠᠷ ᠠᠴᠠ ᠪᠠᠨ ᠬᠠᠮᠠᠭᠠᠯᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠯᠭ᠎ᠠ ᠪᠠᠶᠠᠯᠢᠭ᠂ ᠬᠡᠯᠪᠡᠷᠢ ᠮᠠᠶ᠋ᠢᠭ ᠤᠯᠠᠨ ᠶᠠᠩᠵᠤ᠂ ᠭᠤᠣᠯ ᠰᠡᠳᠦᠪ ᠲᠤᠪᠤᠶᠢᠮ᠎ᠠ ᠪᠠᠶᠢᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠢ ᠨᠡᠭᠡᠭᠡᠵᠡᠢ︔ ᠠᠷᠠᠳᠴᠢᠯᠠᠭᠰᠠᠨ ᠨᠠᠮ ᠪᠦᠯᠦᠭ ᠤᠨ ᠬᠦᠮᠦᠰ ᠢᠶᠠᠷ ᠪᠦᠷᠢᠯᠳᠦᠭᠰᠡᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠣᠯᠠᠨ ᠲᠦᠮᠡᠨ ᠳᠤ ᠲᠤᠬᠠᠶ ᠶᠢᠨ ᠲᠠᠯᠠᠪᠠᠢ ᠶᠢᠨ ᠵᠢᠷᠤᠮ ᠤᠨ ᠡᠮᠴᠢᠯᠡᠭᠡ ᠬᠢᠪᠡ︔ ᠤᠬᠠᠭᠤᠯᠭ᠎ᠠ ᠶᠢᠨ ᠰᠠᠮᠪᠠᠷ᠎ᠠ ᠪᠣᠯᠤᠨ ᠬᠠᠤᠯᠢ ᠴᠠᠭᠠᠵᠠ ᠶᠢᠨ ᠯᠠᠪᠯᠠᠯᠭ᠎ᠠ ᠶᠢᠨ ᠲᠠᠪᠴᠠᠩ ᠭᠠᠷᠭᠠᠵᠤ᠂ ᠤᠯᠠᠨ ᠲᠦᠮᠡᠨ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠵᠡᠷᠭᠡ ᠦᠨᠳᠦᠰᠦᠲᠡᠨ ᠤ ᠲᠦᠷᠦ ᠶᠢᠨ ᠪᠤᠳᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠢ ᠬᠤᠪᠢ ᠲᠠᠷᠬᠠᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠬᠡᠬᠤᠲᠠ ᠶᠢᠨ ᠦᠨᠳᠦᠰᠦᠲᠡᠨ ᠤ ᠲᠣᠭᠯᠠᠯᠲᠠ ᠶᠢᠨ ᠤᠷᠠᠯᠢᠭ ᠲᠣᠭᠯᠠᠯᠲᠠ ᠶᠢᠨ ᠪᠦᠯᠦᠭᠯᠡᠯ ᠤᠨ ᠲᠣᠭᠯᠠᠭᠴᠢᠳ ᠪᠠᠰᠠ ᠬᠤᠳᠠ ᠶᠢᠨ ᠠᠷᠠᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠦᠵᠡᠭᠦᠯᠪᠡ᠃      ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠠᠷᠠᠳ ᠲᠦᠮᠡᠨ ᠤ ᠬᠠᠤᠯᠢ ᠰᠤᠷᠤᠯᠴᠠᠬᠤ᠂ ᠬᠠᠤᠯᠢ ᠬᠡᠷᠡᠭᠯᠡᠬᠦ᠂ ᠬᠠᠤᠯᠢ ᠰᠠᠬᠢᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢ ᠣᠷᠣᠨ ᠤ ᠲᠥᠪ ᠤᠨ ᠡᠯ᠎ᠡ ᠦᠨᠳᠦᠰᠦᠲᠡᠨ ᠤ ᠤᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠵᠦ᠂ ᠪᠦᠬᠦ ᠬᠤᠳᠠ ᠶᠢᠨ ᠡᠯ᠎ᠡ ᠦᠨᠳᠦᠰᠦᠲᠡᠨ ᠤ ᠬᠥᠪᠡᠭᠦᠳ ᠥᠬᠢᠳ ᠤᠨ ᠨᠡᠩ ᠪᠦᠯᠬᠦᠮᠳᠡᠨ ᠲᠡᠮᠡᠴᠡᠬᠦ ᠶᠢ ᠵᠣᠷᠢᠭᠵᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠲᠠᠯ᠎ᠠ ᠨᠤᠲᠤᠭ ᠤᠨ ᠲᠥᠪ ᠬᠤᠳᠠ︾ ᠶᠢ ᠪᠦᠳᠦᠭᠡᠨ ᠪᠠᠶᠢᠭᠤᠯᠬᠤ ᠶᠢᠨ ᠲᠥᠯᠥᠭᠡ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ