内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦ ᠣᠷᠣᠨ ᠤ ᠲᠤᠭ᠎ᠠ ᠪᠦᠷᠢᠳᠬᠡᠯ ᠤᠨ ᠱᠠᠯᠠᠪᠲᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠲᠧᠯᠸᠢᠰ ᠤᠲᠠᠰᠤ ᠬᠤᠷᠠᠯ ᠬᠤᠷᠠᠯᠲᠤᠵᠠᠢ
        ᠨᠡᠶᠢᠲᠡᠯᠡᠭᠰᠡᠨ ᠴᠠᠭ᠄
        2021/5/11
              5 ᠰᠠᠷ᠎ᠠ ᠶᠢᠨ 8 ᠤ ᠡᠳᠦᠷ᠂ ᠪᠥᠬᠦ ᠣᠷᠣᠨ ᠤ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠪᠣᠯ ᠮᠠᠨ ᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠨᠢᠭᠡ ᠤᠳᠠᠭ᠎ᠠ ᠶᠢᠨ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠪᠣᠯᠬᠤ ᠪᠥᠭᠡᠳ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠨᠢᠭᠡ ᠤᠳᠠᠭ᠎ᠠ ᠶᠢᠨ ᠶᠡᠷᠦᠩᠬᠡᠶᠢᠯᠡᠭᠰᠡᠨ ᠬᠠᠮᠲᠤᠷᠠᠭᠰᠠᠨ ᠣᠨᠣᠰᠢᠯᠠᠯᠲᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠦᠷᠴᠡ ᠠᠴᠠ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠠᠨᠢᠬᠤ ᠪᠠ ᠠᠬᠢᠭᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠦᠢᠯᠡᠳᠬᠦ ᠶᠢ ᠰᠡᠷᠭᠡᠶᠢᠯᠡᠡ ᠵᠠᠯᠬᠠᠭᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ᠎ᠠ ᠪᠠᠷᠢᠮᠲᠠ ᠶᠢᠨ ᠢᠯᠵᠠᠷᠡᠯ ᠢ ᠴᠢᠩᠭ᠎ᠠ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠥᠨᠳᠥᠷ ᠦᠷ᠎ᠡ ᠪᠦᠲᠦᠮᠵᠢ ᠲᠠᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠵᠤ᠂ ᠲᠦᠷᠢᠮ ᠲᠣᠭᠲᠠᠴᠠ ᠶᠢ ᠪᠦᠷᠢᠨᠰᠢᠬᠦᠯᠤᠨ᠂ ᠱᠠᠯᠠᠪᠳᠠᠭᠤᠯᠤᠨ ᠵᠢᠯᠣᠭᠤᠳᠴᠤ ᠦᠷ᠎ᠡ ᠪᠦᠲᠦᠮᠵᠢ ᠭᠠᠷᠭᠠᠬᠤ ᠶᠢ ᠴᠢᠩᠭᠠᠳᠬᠠᠵᠤ᠂ ᠡᠷᠡᠰ ᠴᠡᠭᠴᠡᠯᠡᠨ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠴᠢᠩᠭ᠎ᠠ ᠴᠡᠭᠴᠡᠯᠡᠨ ᠰᠠᠶᠢᠵᠢᠷᠠᠭᠤᠯᠵᠤ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠲᠤᠭ᠎ᠠ ᠪᠦᠷᠢᠳᠬᠡᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
        ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ