内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠮᠠᠨᠵᠤᠤᠷ ᠬᠤᠲᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
        ᠨᠡᠶᠢᠲᠡᠯᠡᠭᠰᠡᠨ ᠴᠠᠭ᠄
        2021/5/12
             ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠨ᠂ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠵᠤ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯᠲᠠᠨ ᠵᠢᠴᠢ ᠣᠷᠣᠵᠤ ᠰᠠᠭᠤᠭᠰᠠᠨ ᠨᠠᠰᠤᠲᠠᠶᠢᠴᠤᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 10 ᠤ ᠡᠳᠦᠷ᠂ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠣᠯᠤᠨ ᠭᠠᠯ ᠤᠨᠲᠠᠷᠠᠭᠠᠬᠤ ᠶᠡᠭᠡ ᠠᠩᠭᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠲᠠ ᠶᠢᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃      ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠳ ᠤᠷᠢᠳ ᠬᠤᠵᠢᠳ ᠵᠢᠶᠠ ᠮᠢᠩ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠪᠣᠯᠤᠨ ᠰᠢᠨ ᠶᠤᠸᠠᠢ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠪᠠᠶᠢᠴᠠᠭᠠᠯᠲᠠ ᠬᠢᠵᠦ᠂ ᠨᠠᠰᠤᠲᠠᠶᠢᠴᠤᠳ ᠤᠨ ᠠᠮᠢᠳᠤᠷᠠᠯ ᠤᠨ ᠲᠣᠭᠤᠷᠢᠭ᠂ ᠲᠣᠭᠤᠭᠠᠨ ᠬᠡᠷ᠂ ᠰᠠᠩ ᠬᠥᠮᠥᠷᠭᠡ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠠᠰᠠᠷ ᠤᠨ ᠬᠤᠩᠭᠢᠯ ᠤᠨ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠵᠠᠮ᠂ ᠠᠰᠠᠷ ᠤᠨ ᠱᠠᠲᠤ ᠶᠢᠨ ᠬᠤᠭᠤᠷᠣᠨᠳᠣᠬᠢ ᠬᠤᠩᠭᠢᠯ ᠵᠡᠷᠭᠡ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠪᠦᠷᠢᠨ ᠪᠠᠶᠢᠬᠤ ᠡᠰᠡᠬᠦ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ᠂ ᠴᠠᠬᠢᠯᠭᠠᠨ ᠬᠡᠷᠡᠭᠯᠡᠭᠰᠡᠨ᠂ ᠰᠢᠲᠠᠮᠠᠬᠠᠢ ᠬᠡᠶ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠪᠠᠶᠢᠬᠤ ᠡᠰᠡᠬᠦ᠂ ᠨᠣᠴᠣᠮᠠᠲᠠᠭᠠᠶ ᠵᠠᠰᠠᠯ ᠴᠢᠮᠡᠭᠯᠡᠯ ᠤᠨ ᠮᠠᠲ᠋ᠧᠷᠢᠶᠠᠯ ᠢ ᠬᠡᠷᠡᠭᠯᠡᠭᠰᠡᠨ ᠡᠰᠡᠬᠦ ᠵᠡᠷᠭᠡ ᠲᠠᠯ᠎ᠠ ᠪᠠᠷ ᠨᠠᠷᠢᠨ ᠨᠢᠮᠪᠠᠶ ᠪᠠᠶᠢᠴᠠᠭᠠᠯᠲᠠ ᠬᠢᠪᠡ᠃ ᠪᠠᠶᠢᠴᠠᠭᠠᠬᠤ ᠳᠤᠭᠤᠶᠢᠯᠠᠩ ᠠᠴᠠ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠬᠤ ᠶᠢ ᠨᠠᠰᠤᠲᠠᠶᠢᠴᠤᠳ ᠲᠤ ᠴᠠᠭ ᠢᠮᠠᠭᠲᠠ ᠰᠠᠨᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠡᠳᠦᠷ ᠲᠤᠳᠤᠮ ᠤᠨ ᠭᠠᠯ ᠰᠡᠷᠭᠡᠶᠢᠯᠡᠬᠦ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠴᠢᠭᠯᠡᠭᠦᠯᠬᠦ ᠴᠢᠨᠠᠷᠲᠠᠢ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠪᠠ ᠦᠢᠯᠡᠴᠢᠯᠡᠭᠡ ᠶᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠲᠤᠷᠠᠭᠰᠠᠨ ᠪᠠᠶᠢᠴᠠᠭᠠᠯᠲᠠ ᠨᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠪᠥᠬᠦ ᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ