内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠡᠨᠡ ᠵᠢᠯ ᠲᠦᠩᠯᠢᠶᠣᠤ ᠬᠤᠲᠠ 562 ᠭᠤᠤᠯᠳᠠᠯᠭ᠎ᠠ ᠲᠠᠢ ᠲᠥᠷᠥᠯ ᠵᠦᠢᠯ ᠢ ᠳᠣᠭᠢᠷᠠᠭᠤᠯᠤᠨ ᠬᠡᠷᠡᠭᠵᠢᠭᠦᠯᠵᠦ ᠪᠤᠢ
        ᠨᠡᠶᠢᠲᠡᠯᠡᠭᠰᠡᠨ ᠴᠠᠭ᠄
        2021/5/12
             ᠣᠶᠢᠷ᠎ᠠ ᠳᠤ᠂ ᠲᠦᠩᠯᠢᠶᠣᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠦᠩᠯᠢᠶᠣᠤ ᠬᠤᠲᠠ 2021 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠥᠯᠥᠪᠯᠡᠭᠡ ᠶᠢ ᠪᠠᠭᠤᠯᠭᠠᠵᠤ᠂ 562 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠳᠣᠭᠢᠷᠠᠭᠤᠯᠤᠨ᠂ ᠵᠢᠯ ᠳᠤ 524.58 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ 261 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠵᠢᠯ ᠳᠤ 291 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠡᠢ︔ 301 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠵᠢᠯ ᠳᠤ 233.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 165 ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠨ᠂ ᠶᠡᠷᠦᠩᠬᠡᠶ ᠳᠤ ᠪᠠᠨ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 55% ᠪᠣᠯᠵᠠᠢ᠃      ᠥᠨᠥ ᠪᠣᠯᠬᠤ ᠳᠤ᠂ ᠪᠥᠬᠦ ᠬᠤᠲᠠ ᠳᠤ ᠨᠢᠭᠡᠨᠲᠡ 260 ᠲᠥᠷᠥᠯ ᠵᠦᠢᠯ ᠤᠨ ᠠᠵᠢᠯ ᠢ ᠡᠬᠢᠯᠡᠭᠦᠯᠵᠦ ᠰᠡᠷᠭᠦᠭᠡᠭᠰᠡᠨ ᠪᠥᠭᠡᠳ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 46% ᠳᠤ ᠬᠦᠷᠴᠡᠶ᠃ ᠡᠭᠦᠨ ᠳᠤ ᠬᠤᠷᠴᠢᠨ ᠲᠣᠭᠤᠷᠢᠭ 56 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 41 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠵᠦ ᠰᠡᠷᠭᠦᠭᠡᠭᠰᠡᠨ ᠨᠣᠷᠮ᠎ᠠ ᠨᠢ 73.21% ᠳᠤ ᠬᠥᠷᠪᠡ᠃ ᠬᠤᠤᠯᠢᠩᠭᠤᠯ ᠬᠤᠲᠠ 50 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ ᠣᠶᠢᠷ᠎ᠠ ᠶᠢᠨ ᠬᠤᠭᠤᠴᠠᠭᠠᠨ ᠳᠤ 11 ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ᠂ ᠠᠵᠢᠯ ᠡᠬᠢᠯᠡᠭᠦᠯᠵᠦ ᠰᠡᠷᠭᠦᠭᠡᠭᠰᠡᠨ ᠨᠣᠷᠮ᠎ᠠ ᠨᠢ 22.00% ᠪᠣᠯᠪᠠ᠃ ᠺᠠᠶᠢᠯᠦ ᠰᠢᠶᠠᠨ 60 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠢᠭᠡᠨᠲᠡ 26 ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ᠂ ᠠᠵᠢᠯ ᠡᠬᠢᠯᠡᠭᠦᠯᠵᠦ ᠰᠡᠷᠭᠦᠭᠡᠭᠰᠡᠨ ᠨᠣᠷᠮ᠎ᠠ ᠨᠢ 43.33% ᠳᠤ ᠬᠥᠷᠪᠡ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ 54 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 25 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠵᠦ ᠰᠡᠷᠭᠦᠭᠡᠭᠰᠡᠨ ᠨᠣᠷᠮ᠎ᠠ ᠨᠢ 46.30% ᠪᠣᠯᠵᠠᠢ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 70 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 28 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠦᠨ ᠰᠡᠷᠭᠦᠭᠡᠭᠰᠡᠨ ᠨᠣᠷᠮ᠎ᠠ ᠨᠢ 40.00% ᠪᠣᠯᠵᠠᠢ᠃ ᠬᠦᠷᠢᠶ᠎ᠡ ᠬᠤᠰᠢᠭᠤ 36 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 11 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠦᠨ ᠰᠡᠷᠭᠦᠭᠡᠭᠰᠡᠨ ᠨᠣᠷᠮ᠎ᠠ ᠨᠢ 30.56% ᠪᠣᠯᠵᠤ᠂ ᠡᠬᠢᠯᠡᠭᠦᠯᠦᠨ ᠰᠡᠷᠭᠦᠭᠡᠭᠰᠡᠨ ᠲᠥᠷᠥᠯ ᠵᠦᠢᠯ ᠨᠢ ᠭᠤᠤᠯᠳᠠᠭᠤ ᠠᠵᠤ ᠦᠢᠯᠡᠳᠪᠦᠷᠢ ᠶᠢᠨ ᠬᠦᠷᠢᠶᠡᠨ ᠳᠤ ᠲᠥᠪᠯᠡᠷᠡᠵᠦ ᠪᠠᠶᠢᠨ᠎ᠠ᠃ ᠨᠠᠢᠮᠠᠨ ᠬᠤᠰᠢᠭᠤ 70 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 55 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠦᠨ ᠰᠡᠷᠭᠦᠭᠡᠭᠰᠡᠨ ᠨᠣᠷᠮ᠎ᠠ ᠨᠢ 78.57% ᠪᠣᠯᠪᠠ᠃ ᠵᠠᠷᠤᠳ ᠬᠤᠰᠢᠭᠤ 40 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 7 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠦᠨ ᠰᠡᠷᠭᠦᠭᠡᠭᠰᠡᠨ ᠨᠣᠷᠮ᠎ᠠ ᠨᠢ 17.50% ᠪᠣᠯᠪᠠ᠃ ᠨᠡᠭᠡᠭᠡᠯᠲᠡ ᠶᠢᠨ ᠲᠣᠭᠤᠷᠢᠭ 60 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 43 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠦᠨ ᠰᠡᠷᠭᠦᠭᠡᠭᠰᠡᠨ ᠨᠣᠷᠮ᠎ᠠ ᠨᠢ 71.67% ᠪᠣᠯᠪᠠ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ 66 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 13 ᠲᠥᠷᠥᠯ ᠵᠦᠢᠯ ᠢ ᠨᠢᠭᠡᠨᠲᠡ ᠡᠬᠢᠯᠡᠭᠦᠯᠦᠨ ᠰᠡᠷᠭᠦᠭᠡᠵᠦ᠂ ᠡᠬᠢᠯᠡᠭᠦᠯᠦᠨ ᠰᠡᠷᠭᠦᠭᠡᠭᠰᠡᠨ ᠨᠣᠷᠮ᠎ᠠ ᠨᠢ       19.70% ᠪᠣᠯᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠡᠬᠢᠯᠡᠭᠦᠯᠦᠭᠰᠡᠨ ᠲᠥᠷᠥᠯ ᠵᠦᠢᠯ ᠨᠢ ᠭᠤᠣᠯᠳᠠᠭᠤ ᠰᠠᠭᠤᠷᠢ ᠪᠡᠯᠡᠳᠬᠡᠮᠵᠢ ᠪᠠ ᠨᠡᠶᠢᠭᠡᠮ ᠤᠨ ᠦᠢᠯᠡᠰ ᠤᠨ ᠲᠥᠷᠥᠯ ᠵᠦᠢᠯ ᠳᠤ ᠲᠥᠪᠯᠡᠷᠡᠭᠦᠯᠵᠦ ᠪᠣᠶ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ