内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠬᠠᠶ ᠬᠤᠲᠠ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠬᠤᠭᠤᠴᠠᠭ᠎ᠠ ᠰᠣᠯᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ
        ᠨᠡᠶᠢᠲᠡᠯᠡᠭᠰᠡᠨ ᠴᠠᠭ᠄
        2021/5/13
             ᠬᠤᠭᠤᠴᠠᠭ᠎ᠠ ᠰᠣᠯᠢᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠦᠬᠠᠶ ᠬᠤᠲᠠ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠬᠡᠪ ᠰᠤᠷᠲᠠᠯ ᠤᠨ ᠬᠢᠨᠠᠯᠲᠠ ᠶᠢ ᠴᠢᠩᠭᠠᠳᠬᠠᠬᠤ ᠶᠢ ᠲᠣᠪᠤᠶᠢᠮ᠎ᠠ ᠪᠠᠶᠢᠷᠢᠨ ᠳᠤ ᠲᠠᠪᠢᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠲᠦᠷᠢᠮ ᠲᠣᠭᠲᠠᠭᠠᠯ ᠲᠣᠭᠲᠠᠭᠠᠬᠤ᠂ ᠤᠬᠠᠭᠤᠯᠭ᠎ᠠ ᠬᠥᠮᠦᠵᠢᠯ ᠬᠢᠬᠦ᠂ ᠰᠠᠬᠢᠯᠭ᠎ᠠ ᠪᠠᠲᠤ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠵᠦ᠂ ᠰᠠᠶᠢᠨ ᠵᠢᠷᠤᠭ ᠲᠥᠰᠦᠪ ᠢ ᠵᠢᠷᠤᠭᠯᠠᠬᠤ᠂ ᠰᠠᠶᠢᠨ ᠺᠠᠳ᠋ᠷ ᠢ ᠰᠣᠩᠭᠤᠬᠤ᠂ ᠰᠠᠶᠢᠨ ᠪᠠᠭ ᠲᠤᠬᠢᠷᠠᠭᠤᠯᠬᠤ᠂ ᠰᠠᠶᠢᠨ ᠤᠳᠤᠷᠢᠳᠤᠮᠵᠢ ᠶᠢ ᠪᠤᠢ ᠪᠣᠯᠭᠠᠬᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠠᠷᠠᠯᠲᠠ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃      ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠳᠠᠷᠤᠯᠲᠠ ᠶᠢ ᠱᠠᠲᠤ ᠱᠠᠲᠤ ᠪᠠᠷ ᠤᠯᠠᠮᠵᠢᠯᠠᠪᠠ᠃ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠳᠣᠣᠷ᠎ᠠ ᠨᠢ ᠬᠤᠭᠤᠴᠠᠭ᠎ᠠ ᠰᠣᠯᠢᠬᠤ ᠠᠵᠢᠯ ᠢ ᠴᠢᠩᠳᠠᠯᠠᠬᠤ ᠰᠠᠬᠢᠯᠭ᠎ᠠ ᠪᠠᠲᠤ ᠶᠢᠨ ᠳᠤᠭᠤᠶᠢᠯᠠᠩ ᠢ ᠪᠠᠶᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠬᠡᠪ ᠰᠤᠷᠲᠠᠯ ᠤᠨ ᠬᠢᠨᠠᠯᠲᠠ ᠪᠠᠶᠢᠴᠠᠭᠠᠯᠲᠠ ᠶᠢ ᠦᠨᠡᠨ ᠬᠦ ᠴᠢᠩᠭᠠᠳᠬᠠᠪᠠ᠃ ︽ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ︿ᠲᠠᠪᠤᠨ ᠭᠤᠣᠯ ᠴᠣᠭᠴᠠ ᠶᠢᠨ ᠬᠠᠷᠢᠭᠤᠴᠠᠯᠭ᠎ᠠ﹀ ᠶᠢᠨ ᠨᠠᠷᠢᠨ ᠳᠠᠩᠰᠠ︾ ᠶᠢ ᠲᠣᠭᠲᠠᠭᠠᠵᠤ᠂ ᠨᠠᠮ ᠤᠨ ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠰᠢᠭᠤᠳ ᠬᠠᠷᠢᠭᠤᠴᠠᠯᠭ᠎ᠠ ᠪᠣᠯᠤᠨ ᠬᠠᠮᠢᠶ᠎ᠠ ᠪᠦᠬᠦᠢ ᠡᠭᠦᠷᠭᠡ ᠴᠢᠳᠠᠮᠵᠢᠲᠤ ᠰᠠᠯᠠᠭ᠎ᠠ ᠮᠥᠴᠢᠷ ᠤᠨ ᠪᠣᠳᠠᠲᠠᠢ ᠬᠠᠷᠢᠭᠤᠴᠠᠯᠭ᠎ᠠ ᠶᠢ ᠵᠦᠢᠯ ᠵᠤᠷᠪᠤᠰ ᠤᠨ ᠬᠡᠯᠪᠡᠷᠢ ᠪᠠᠷ ᠤᠯᠠᠮ ᠴᠢᠨᠠᠭᠰᠢᠳᠠ ᠲᠣᠳᠣᠷᠬᠠᠶᠢᠯᠠᠨ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠨᠠᠶᠢᠳᠠᠪᠤᠷᠢᠵᠢᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠢ᠂ ᠬᠢᠨᠠᠯᠲᠠ ᠲᠠᠯᠪᠢᠬᠤ ᠨᠢ ᠬᠦᠴᠦᠲᠡᠢ ᠪᠠᠶᠢᠬᠤ ᠶᠢ ᠪᠠᠲᠤᠯᠠᠪᠠ᠃      ᠲᠦᠷᠢᠮ ᠲᠣᠭᠲᠠᠭᠠᠯ ᠲᠣᠭᠲᠠᠭᠠᠵᠤ᠂ ᠠᠵᠢᠯ ᠢ ᠵᠢᠷᠤᠮᠯᠠᠬᠤ ᠲᠦᠷᠢᠮ ᠲᠠᠢ ᠪᠣᠯᠭᠠᠬᠤ ᠶᠢ ᠠᠬᠢᠭᠤᠯᠪᠠ᠃ ︽ᠦᠬᠠᠶ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ ᠰᠣᠯᠢᠬᠤ ᠠᠵᠢᠯ ᠤᠨ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠵᠢᠭᠦᠯᠦᠯᠲᠡ ᠶᠢᠨ ᠲᠥᠰᠦᠯ︾ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠳᠤ ᠬᠢᠨᠠᠯᠲᠠ ᠲᠠᠯᠪᠢᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠭᠦᠯᠬᠦ᠂ ᠬᠢᠨᠠᠯᠲᠠ ᠲᠠᠯᠪᠢᠬᠤ᠂ ᠪᠠᠶᠢᠴᠠᠭᠠᠨ ᠰᠢᠢᠳᠪᠦᠷᠢᠯᠡᠬᠦ᠂ ᠤᠬᠠᠭᠤᠯᠬᠤ ᠵᠡᠷᠭᠡ ᠲᠠᠯ᠎ᠠ ᠪᠠᠷ 12 ᠵᠦᠢᠯ ᠤᠨ ᠠᠵᠢᠯ ᠤᠨ ᠠᠷᠭ᠎ᠠ ᠬᠡᠮᠵᠢᠶ᠎ᠡ ᠳᠤᠷᠠᠳᠴᠤ᠂ ᠰᠡᠳᠬᠢᠯ ᠤᠨ ᠦᠭᠡ ᠪᠠᠨ ᠶᠠᠷᠢᠯᠴᠠᠬᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠠᠵᠢᠯ ᠤᠨ ᠲᠦᠭᠰᠢᠭᠦᠷᠢ ᠶᠢᠨ ᠴᠡᠭ ᠢ ᠰᠡᠷᠭᠡᠶᠢᠯᠡᠨ ᠡᠵᠡᠮᠳᠡᠬᠦ᠂ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠶᠢ ᠲᠤᠰᠬᠠᠢ ᠬᠥᠮᠦᠨ ᠵᠢᠵᠢᠭᠦᠷᠯᠡᠨ ᠰᠠᠬᠢᠬᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠬᠠᠮᠲᠤᠷᠠᠨ ᠪᠠᠶᠢᠴᠠᠭᠠᠵᠤ ᠬᠠᠮᠲᠤᠷᠠᠨ ᠰᠢᠢᠳᠪᠦᠷᠢᠯᠡᠬᠦ ᠪᠠ ᠲᠦᠷᠭᠡᠨ ᠲᠠᠰᠤᠯᠵᠤ ᠲᠦᠷᠭᠡᠨ ᠰᠢᠢᠳᠪᠦᠷᠢᠯᠡᠬᠦ᠂ ᠦᠨᠡᠨ ᠪᠣᠳᠠᠲᠠᠢ ᠪᠤᠰᠤ ᠢᠯᠡᠴᠢᠯᠡᠨ ᠮᠡᠳᠡᠭᠦᠯᠦᠯᠲᠡ ᠳᠤ ᠤᠴᠠᠷᠠᠭᠰᠠᠨ ᠺᠠᠳ᠋ᠷ ᠤᠨ ᠨᠡᠷ᠎ᠡ ᠲᠥᠷᠥ ᠶᠢ ᠴᠠᠭᠠᠳᠬᠠᠵᠤ ᠥᠭᠬᠦ ᠵᠡᠷᠭᠡ ᠠᠵᠢᠯᠯᠠᠬᠤ ᠠᠷᠭ᠎ᠠ ᠪᠠ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠭᠤᠭᠴᠤᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠳᠤ ᠬᠦᠴᠦᠨ ᠲᠡᠭᠦᠯᠳᠡᠷ ᠲᠣᠭᠲᠠᠴᠠ ᠶᠢᠨ ᠪᠠᠲᠤᠯᠠᠭ᠎ᠠ ᠬᠠᠩᠭᠠᠪᠠ᠃      ᠤᠬᠠᠭᠤᠯᠭ᠎ᠠ ᠬᠥᠮᠦᠵᠢᠯ ᠬᠢᠵᠦ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠪᠠ᠃ ᠤᠳᠤᠷᠢᠳᠬᠤ ᠺᠠᠳ᠋ᠷ᠂ ᠥᠷᠭᠡᠨ ᠣᠯᠠᠨ ᠨᠠᠮ ᠤᠨ ᠭᠡᠰᠢᠭᠦᠨ ᠪᠠ ᠨᠡᠶᠢᠭᠡᠮ ᠤᠨ ᠣᠯᠠᠨ ᠲᠦᠮᠡᠨ ᠵᠡᠷᠭᠡ ᠠᠳᠠᠯᠢ ᠪᠤᠰᠤ ᠭᠥᠯᠢᠶᠡᠨ ᠠᠪᠤᠭᠴᠢᠳ ᠤᠨ ᠪᠣᠳᠠᠲᠤ ᠪᠠᠶᠢᠳᠠᠯ ᠪᠠ ᠣᠨᠴᠠᠯᠢᠭ ᠢ ᠦᠨᠳᠦᠰᠦᠯᠡᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠪᠠᠷ ᠭᠤᠤᠯ ᠠᠭᠤᠯᠭ᠎ᠠ ᠪᠣᠯᠭᠠᠵᠤ᠂ ᠠᠶᠢᠵᠠᠮ ᠴᠣᠬᠢᠯᠭ᠎ᠠ ᠲᠠᠢ᠂ ᠠᠬᠢᠴᠠ ᠲᠠᠢ᠂ ᠥᠷᠭᠡᠨ ᠬᠠᠷᠠᠭᠠᠰᠤ ᠪᠠᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠪᠠ᠃ ᠪᠦᠬᠦ ᠬᠤᠲᠠ ᠶᠢᠨ 1600 ᠭᠠᠷᠤᠶ ᠨᠠᠮ ᠤᠨ ᠡᠭᠦᠷ ᠲᠤ ︽ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ ᠭᠠᠷ ᠢᠶᠠᠷ ᠬᠠᠭᠤᠯᠤᠭᠰᠠᠨ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ 2 ᠲᠦᠮᠡ ᠭᠠᠷᠤᠶ ᠬᠤᠪᠢ ᠪᠠᠶᠢᠵᠤ᠂ 34 ᠢᠵᠢ ᠤᠬᠠᠭᠤᠯᠭ᠎ᠠ ᠶᠢᠨ ᠰᠠᠮᠪᠠᠷ᠎ᠠ ᠶᠢ ᠭᠠᠷᠭᠠᠵᠤ᠂ ᠪᠦᠬᠦ ᠬᠤᠳᠠ ᠶᠢᠨ ᠨᠠᠮ ᠤᠨ ᠭᠡᠰᠢᠭᠦᠨ ᠳᠤ ᠬᠠᠨᠳᠤᠭᠤᠯᠤᠭᠰᠠᠨ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠤᠢ ᠪᠣᠯᠭᠠᠶ᠎ᠠ︾ ᠭᠡᠬᠦ ᠵᠠᠬᠢᠳᠠᠯ ᠢ 1.5 ᠲᠦᠮᠡ ᠭᠠᠷᠤᠢ ᠬᠤᠪᠢ ᠲᠠᠷᠬᠠᠭᠠᠵᠤ᠂ ︽ᠦᠬᠠᠢ ᠶᠢᠨ ᠡᠳᠦᠷ ᠤᠨ ᠰᠣᠨᠢᠨ︾ ᠤ ᠲᠦᠷᠦᠭᠦᠦ ᠨᠢᠭᠤᠷ ᠲᠤ ᠬᠤᠭᠤᠴᠠᠭ᠎ᠠ ᠰᠣᠯᠢᠬᠤ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢ 8 ᠬᠤᠭᠤᠴᠠᠭ᠎ᠠ ᠨᠡᠶᠢᠲᠡᠯᠡᠵᠦ᠂ ︽ᠦᠬᠠᠢ ᠶᠢᠨ ᠨᠠᠮ ᠤᠨ ᠪᠠᠶᠢᠭᠤᠯᠤᠯᠲᠠ︾ ᠭᠡᠬᠦ ᠸᠢᠴᠠᠲ ᠤᠨ ᠤᠯᠠᠨ ᠨᠡᠶᠢᠲᠡ ᠶᠢᠨ ᠲᠠᠪᠴᠠᠩ ᠵᠡᠷᠭᠡ ᠵᠠᠭᠤᠴᠢᠯᠠᠭᠤᠷ ᠤᠨ ᠲᠠᠪᠴᠠᠩ ᠳᠤ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠵᠣᠬᠢᠶᠠᠯ᠂ ᠱᠤᠭ ᠵᠢᠷᠤᠭ ᠸᠢᠳᠢᠣ᠋ ᠵᠡᠷᠭᠡ ᠶᠢ 128 ᠬᠤᠭᠤᠴᠠᠭ᠎ᠠ ᠳᠡᠪᠰᠢᠭᠦᠯᠦᠨ ᠬᠦᠷᠭᠡᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠣᠶᠢᠯᠠᠭᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠡᠢ᠃      ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭ᠎ᠠ ᠪᠥᠭᠡᠳ ᠡᠷᠴᠢᠮᠲᠡᠢ ᠪᠣᠯᠭᠠᠪᠠ᠃ ᠬᠤᠲᠠ ᠲᠣᠭᠤᠷᠢᠭ ᠬᠤᠶᠠᠷ ᠱᠠᠲᠤ ᠨᠡᠶᠢᠲᠡ 8 ᠵᠢᠭᠠᠨ ᠵᠢᠯᠣᠭᠤᠳᠴᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ ᠭᠤᠷᠪᠠᠨ ᠲᠣᠭᠤᠷᠢᠭ᠂ ᠲᠠᠪᠤᠨ ᠪᠠᠯᠭᠠᠰᠤᠨ ᠳᠤ ᠭᠦᠨᠵᠡᠭᠡᠶᠢᠷᠡᠭᠦᠯᠦᠨ ᠬᠤᠭᠤᠴᠠᠭ᠎ᠠ ᠰᠣᠯᠢᠬᠤ ᠠᠵᠢᠯ ᠤᠨ ︽ᠨᠢᠭᠡᠳ ᠨᠢᠭᠡ ᠪᠠᠷ ᠳᠠᠭᠠᠭᠠᠨ ᠠᠪᠬᠤ︾ ᠵᠢᠭᠠᠨ ᠵᠢᠯᠣᠭᠤᠳᠴᠤ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠰᠢᠮᠳᠠᠭᠤᠯᠤᠨ ᠵᠢᠯᠣᠭᠤᠳᠴᠤ ᠲᠣᠬᠢᠷᠠᠭᠤᠯᠬᠤ ᠬᠤᠷᠠᠯ ᠢ 4 ᠤᠳᠠᠭ᠎ᠠ ᠬᠤᠷᠠᠯᠳᠤᠭᠤᠯᠤᠨ᠂ ᠵᠢᠭᠠᠨ ᠵᠢᠯᠣᠭᠤᠳᠴᠤ ᠰᠢᠮᠳᠠᠭᠤᠯᠤᠨ ᠪᠠᠶᠢᠴᠠᠭᠠᠬᠤ ᠠᠵᠢᠯ ᠢ 13 ᠤᠳᠠᠭ᠎ᠠ ᠥᠷᠨᠢᠭᠦᠯᠵᠦ᠂ 11 ᠵᠤᠷᠪᠤᠰ ᠠᠰᠠᠭᠤᠳᠠᠯ ᠢ ᠬᠠᠷᠢᠭᠤ ᠲᠤᠰᠬᠠᠨ᠂ 15 ᠵᠤᠷᠪᠤᠰ ᠰᠠᠨᠠᠭᠤᠯᠭ᠎ᠠ ᠳᠤᠷᠠᠳᠪᠠ᠃ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠣᠯᠠᠨ ᠠᠷᠭ᠎ᠠ ᠵᠠᠮ ᠢᠶᠠᠷ ᠨᠡᠶᠢᠲᠡᠯᠡᠵᠦ᠂ ︽12380︾ ᠤᠲᠠᠰᠤ ᠶᠢ 24 ᠴᠠᠭ ᠢᠶᠠᠷ ᠲᠤᠰᠬᠠᠶ ᠬᠥᠮᠦᠨ ᠵᠢᠵᠢᠭᠦᠷᠯᠡᠨ ᠰᠠᠬᠢᠬᠤ ᠶᠢ ᠦᠨᠡᠨ ᠬᠦ ᠪᠠᠲᠤᠯᠠᠵᠤ᠂ ᠵᠠᠬᠢᠳᠠᠯ᠂ ᠰᠣᠷᠪᠤᠯᠵᠢᠯᠠᠯ᠂ ᠰᠦᠯᠵᠢᠶ᠎ᠡ ᠵᠡᠷᠭᠡ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠬᠤᠭᠤᠴᠠᠭ᠎ᠠ ᠰᠣᠯᠢᠬᠤ ᠠᠵᠢᠯ ᠳᠤ ᠪᠦᠲᠦᠮᠵᠢᠲᠡᠶ ᠬᠢᠨᠠᠯᠲᠠ ᠲᠠᠯᠪᠢᠪᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ