内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠥᠯᠥᠨ ᠪᠤᠶᠢᠷ ᠬᠤᠲᠠ ︽ᠬᠥᠯᠥᠨ ᠪᠤᠶᠢᠷ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠨ ᠨᠡᠶᠢᠲᠡᠯᠡᠪᠡ
        ᠨᠡᠶᠢᠲᠡᠯᠡᠭᠰᠡᠨ ᠴᠠᠭ᠄
        2021/5/17
             ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ  ᠪᠠᠷ ᠤᠳᠤᠷᠢᠳᠤᠮᠵᠢ ᠪᠣᠯᠭᠠᠬᠤ ᠪᠠ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠵᠢᠬᠤ᠂ ᠳᠥᠭᠦᠮᠴᠢᠯᠡᠬᠦ᠂ ᠥᠨᠳᠥᠷ ᠪᠦᠲᠦᠮᠵᠢᠲᠡᠶ ᠪᠣᠯᠭᠠᠬᠤ ᠵᠠᠷᠴᠢᠮ ᠢ ᠪᠠᠷᠢᠮᠲᠠᠯᠠᠵᠤ᠂     ︽ᠬᠥᠯᠥᠨ ᠪᠤᠶᠢᠷ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠨ ᠨᠡᠶᠢᠲᠡᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠤᠨ᠂ ᠪᠥᠬᠦ ᠬᠤᠲᠠ ᠶᠢᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃      ︽ᠬᠥᠯᠥᠨ ᠪᠤᠶᠢᠷ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ 5 ᠬᠡᠰᠡᠭ ᠬᠤᠪᠢᠶᠠᠵᠤ᠂ ᠨᠡᠶᠢᠲᠡ 22 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠪᠠ᠃      ︽ᠬᠥᠯᠥᠨ ᠪᠤᠶᠢᠷ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠬᠤ᠂ ᠰᠦᠢᠳᠬᠡᠯ ᠬᠤᠷᠢᠶᠠᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ᠂ ᠳᠤᠲᠠᠭᠤ ᠶᠢ ᠪᠠᠭᠲᠠᠭᠠᠬᠤ ᠠᠮᠠᠯᠠᠯᠲᠠ ᠶᠢᠨ ᠲᠦᠷᠢᠮ ᠢ ᠲᠤᠷᠰᠢᠨ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠬᠤ ᠪᠠᠷ ᠳᠠᠮᠵᠢᠭᠤᠯᠤᠨ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠨᠡᠭᠡᠭᠡᠯᠲᠡ ᠬᠢᠵᠦ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ᠂ ᠵᠥᠪᠰᠢᠶᠡᠷᠡᠨ ᠣᠷᠣᠭᠤᠯᠬᠤ ᠬᠢᠵᠠᠭᠠᠷᠯᠠᠯ ᠪᠠ ᠳᠠᠯᠳᠠ ᠪᠠᠬᠢᠯᠡᠯᠲᠡ ᠶᠢ ᠢᠯᠭᠠᠷᠠᠭᠤᠯᠬᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠪᠠ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠷᠢᠰᠦᠯᠳᠦᠭᠡᠨ ᠲᠠᠢ ᠪᠥᠭᠡᠳ ᠴᠢᠯᠦᠭᠡᠲᠡᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃ ᠳᠤᠮᠳᠠ ᠵᠢᠵᠢᠭ ᠪᠡᠯᠡ ᠣᠷᠣᠭᠤᠯᠤᠭᠴᠢᠳ ᠤᠨ ᠬᠠᠮᠠᠭᠠᠯᠠᠯᠲᠠ ᠶᠢ ᠴᠢᠩᠭᠠᠳᠬᠠᠬᠤ᠂ ᠥᠮᠴᠢᠯᠡᠯ ᠤᠨ ᠡᠷᠬᠡ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠵᠢᠭᠰᠡᠨ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠷᠬᠡ ᠲᠡᠭᠰᠢ ᠪᠥᠭᠡᠳ ᠪᠦᠷᠢᠨ ᠲᠡᠭᠦᠯᠳᠡᠷ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ᠂ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠠᠵᠤ ᠠᠬᠤᠶᠢᠯᠠᠯ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠬᠡᠷᠡᠭᠴᠡᠭᠡ ᠶᠢ ᠨᠠᠶᠢᠳᠠᠪᠤᠷᠢᠵᠢᠭᠤᠯᠬᠤ᠂ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠢᠳᠡᠪᠬᠢᠵᠢᠯ ᠤᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠶ᠎ᠡ ᠵᠣᠬᠢᠴᠠᠯ ᠲᠠᠢ ᠡᠷᠡᠭᠦᠯ ᠰᠠᠷᠠᠭᠤᠯ ᠬᠥᠮᠦᠨ ᠰᠣᠶᠣᠯ ᠤᠨ ᠣᠷᠴᠢᠨ ᠠᠬᠤᠢ ᠶᠢ ᠪᠤᠢ ᠪᠣᠯᠭᠠᠨ᠎ᠠ᠃ ᠪᠠᠰᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠭᠠᠷᠭᠠᠵᠤ᠂ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠬᠡᠷᠡᠭᠵᠢᠭᠦᠯᠬᠦ ᠶᠢ ᠪᠠᠲᠤᠯᠠᠨ᠎ᠠ᠃
        ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ