内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠠᠯᠠᠱᠠ ᠠᠶᠢᠮᠠᠭ ᠤᠨ ᠬᠤᠣᠰ ᠪᠥᠬᠦᠲᠦ ᠲᠡᠮᠡᠭᠡᠨ ᠤ ᠡᠭᠦᠯᠳᠡᠷ ᠤᠨ ᠶᠠᠰᠤ ᠴᠢᠨᠠᠷ ᠤᠨ ᠡᠬᠢ ᠪᠠᠶᠠᠯᠢᠭ ᠤᠨ ᠬᠠᠮᠠᠭᠠᠯᠠᠯᠲᠠ ᠰᠢᠨ᠎ᠡ ᠠᠬᠢᠴᠠ ᠲᠠᠢ ᠪᠣᠯᠪᠠ
        ᠨᠡᠶᠢᠲᠡᠯᠡᠭᠰᠡᠨ ᠴᠠᠭ᠄
        2021/5/24
             ᠤᠶᠢᠷ᠎ᠠ ᠶᠢᠨ ᠵᠢᠯ ᠤᠨ ᠲᠤᠷᠰᠢ᠂ ᠠᠯᠠᠱᠠ ᠠᠶᠢᠮᠠᠭ ᠬᠤᠤᠰ ᠪᠥᠬᠦᠲᠦ ᠲᠡᠮᠡᠭᠡᠨ ᠤ ᠡᠭᠦᠯᠳᠡᠷ ᠤᠨ ᠶᠠᠰᠤ ᠴᠢᠨᠠᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠬᠤᠤᠰ ᠪᠥᠬᠦᠲᠦ ᠲᠡᠮᠡᠭᠡᠨ ᠤ ᠡᠭᠦᠯᠳᠡᠷ ᠤᠨ ᠪᠦᠬᠦᠯᠢ ᠴᠣᠭᠴᠠ ᠶᠢᠨ ᠶᠠᠰᠦ ᠴᠢᠨᠠᠷ ᠢ ᠳᠡᠭᠡᠭᠰᠢᠯᠡᠭᠦᠯᠦᠨ᠂ ᠲᠡᠮᠡᠭᠡ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠵᠤ᠂ ᠪᠥᠬᠦ ᠠᠶᠢᠮᠠᠭ ᠤᠨ ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠲᠠᠯᠪᠢᠪᠠ᠃      ᠠᠯᠠᠱᠠ ᠵᠡᠭᠦᠨ ᠬᠤᠰᠢᠭᠤᠨ ᠤ ᠪᠠᠶᠠᠨ ᠬᠥᠳᠡᠭᠡ ᠭᠠᠴᠠᠭ᠎ᠠ᠂ ᠠᠯᠠᠱᠠ ᠠᠶᠢᠮᠠᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠠᠵᠢᠯ ᠤᠨ ᠥᠷᠲᠡᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠴᠠᠬᠢᠯᠭᠠᠨ ᠰᠡᠳᠡᠯᠲᠡ ᠶᠢᠨ ᠠᠷᠭ᠎ᠠ ᠪᠠᠷ ᠬᠤᠤᠰ ᠪᠥᠬᠦᠲᠦ ᠪᠤᠤᠷ᠎ᠠ ᠶᠢᠨ ᠦᠷ᠎ᠠ ᠶᠢᠨ ᠰᠢᠩᠭᠡᠨ ᠢ ᠠᠮᠵᠢᠯᠲᠠ ᠲᠠᠢ ᠠᠪᠴᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯ ᠠᠵᠤ ᠠᠬᠤᠶ ᠰᠤᠳᠤᠯᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠠᠵᠢᠯ ᠤᠨ ᠥᠷᠲᠡᠭᠡ ᠪᠠᠷ ᠦᠨᠡᠯᠡᠨ ᠲᠤᠭᠲᠠᠭᠠᠯᠭᠠᠬᠵᠤ᠂ ᠬᠥᠮᠦᠨ ᠤ ᠬᠦᠴᠦ ᠪᠠᠷ ᠦᠷ᠎ᠡ ᠠᠪᠬᠤ ᠮᠡᠷᠭᠡᠵᠢᠯ ᠠᠮᠵᠢᠯᠲᠠ ᠣᠯᠵᠤ᠂ ᠬᠤᠶᠢᠰᠢᠳᠠ ᠬᠤᠤᠰ ᠪᠥᠬᠦᠲᠦ ᠲᠡᠮᠡᠭᠡ  ᠶᠢ ᠪᠠᠶᠢᠩᠭᠤ ᠤᠨ ᠵᠤᠬᠢᠶᠠᠮᠠᠯ ᠬᠡᠬᠡᠯᠳᠦᠭᠦᠯᠭᠡ ᠪᠠᠷ ᠦᠷᠡᠵᠢᠭᠦᠯᠬᠦ ᠭᠧᠨ ᠬᠠᠳᠠᠭᠠᠯᠠᠬᠤ ᠠᠵᠢᠯ ᠳᠤ ᠰᠠᠭᠤᠷᠢ ᠲᠠᠯᠪᠢᠵᠦ ᠦᠭᠬᠦᠭᠰᠡᠨ ᠪᠠᠶᠢᠨ᠎ᠠ᠃      ᠠᠯᠠᠱᠠ ᠶᠢᠨ ᠬᠤᠣᠰ ᠪᠥᠬᠦᠲᠦ ᠲᠡᠮᠡᠭᠡ ᠪᠣᠯ ᠠᠯᠠᠱᠠ ᠠᠶᠢᠮᠠᠭ ᠤᠨ ᠳᠠᠪᠠᠭᠤᠯᠢᠭ ᠮᠠᠯ ᠤᠨ ᠡᠭᠦᠯᠳᠡᠷ ᠤᠨ ᠨᠢᠭᠡ ᠪᠣᠯᠬᠤ ᠪᠥᠭᠡᠳ ᠤᠯᠤᠰ ᠤᠨ ᠡᠷᠲᠡᠨ ᠤ ᠰᠢᠯᠢᠳᠡᠭ ᠮᠠᠯ ᠤᠨ ᠡᠭᠦᠯᠳᠡᠷ ᠤᠨ ᠬᠠᠮᠠᠭᠠᠯᠠᠯᠲᠠ ᠳᠠᠬᠢ ᠬᠤᠪᠣᠷ ᠨᠠᠨᠳᠢᠨ ᠤᠳᠤᠮᠯᠠᠯ ᠤᠨ ᠡᠭᠦᠯᠳᠡᠷ ᠤᠨ ᠡᠬᠢ ᠪᠠᠶᠠᠯᠢᠭ ᠪᠣᠯᠤᠨ᠎ᠠ᠃ ᠬᠤᠤᠰ ᠪᠥᠬᠦᠲᠦ ᠲᠡᠮᠡᠭᠡ ᠨᠢ ᠨᠣᠯᠤᠤᠷ᠂ ᠮᠢᠬ᠎ᠠ᠂  ᠰᠦ᠂ ᠤᠨᠤᠯᠭ᠎ᠠ ᠵᠡᠷᠭᠡ ᠣᠯᠠᠨ ᠵᠦᠢᠯ ᠤᠨ ᠠᠵᠤ ᠠᠬᠤᠶ ᠶᠢᠨ ᠬᠡᠯᠪᠡᠷᠢ ᠶᠢ ᠨᠢᠭᠡ ᠴᠣᠭᠴᠠᠵᠢᠭᠤᠯᠵᠤ᠂ ᠮᠠᠰᠢ ᠥᠨᠳᠥᠷ ᠦᠢᠯᠡᠳᠪᠦᠷᠢᠯᠡᠯ ᠤᠨ ᠦᠨ᠎ᠡ ᠥᠷᠲᠡᠭ ᠲᠠᠢ ᠪᠠᠶᠢᠳᠠᠭ᠃ ᠣᠶᠢᠷ᠎ᠠ ᠶᠢᠨ ᠵᠢᠯ ᠤᠨ ᠲᠤᠷᠰᠢ᠂ ᠠᠯᠠᠱᠠ ᠠᠶᠢᠮᠠᠭ ᠲᠡᠮᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠠᠵᠤ ᠦᠢᠯᠡᠰᠵᠢᠯᠲᠡ ᠶᠢᠨ ᠱᠠᠭᠠᠷᠳᠠᠯᠭ᠎ᠠ ᠶᠣᠰᠣᠭᠠᠷ ᠲᠠᠰ ᠳᠡᠪᠰᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠥᠪᠡᠷᠮᠢᠴᠡ ᠣᠨᠴᠠᠯᠢᠭ ᠲᠠᠢ ᠤᠯᠠᠮᠵᠢᠯᠠᠯᠲᠤ ᠮᠠᠯ ᠤᠨ ᠡᠭᠦᠯᠳᠡᠷ ᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠲᠣᠮᠣ ᠠᠵᠤ ᠦᠢᠯᠡᠰ ᠪᠣᠯᠭᠠᠵᠤ᠂ ᠲᠡᠮᠡᠭᠡᠨ ᠤ ᠠᠵᠤ ᠦᠢᠯᠡᠰ ᠪᠣᠯᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠲᠡᠮᠡᠭᠡᠨ ᠤ ᠡᠭᠦᠯᠳᠡᠷ ᠤᠨ ᠶᠠᠰᠦ ᠴᠢᠨᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠲᠠᠰᠤᠷᠠᠯᠲᠠ ᠤᠢᠭᠡᠢ ᠴᠢᠩᠭᠠᠳᠬᠠᠵᠦ᠂ ︽ᠰᠢᠯᠢᠳᠡᠭ ᠢ ᠨᠢ ᠰᠢᠯᠢᠳᠡᠭ ᠲᠤ ᠨᠢ ᠲᠤᠬᠢᠷᠠᠭᠤᠯᠤᠨ᠂ ᠰᠢᠯᠢᠳᠡᠭ ᠢ ᠨᠢ ᠬᠠᠮᠠᠭᠠᠯᠠᠵᠦ ᠰᠢᠭᠠᠷᠤ ᠶᠢ ᠨᠢ ᠰᠢᠯᠢᠭᠳᠡᠬᠦᠯᠬᠦ︾ ᠵᠠᠷᠴᠢᠮ  ᠶᠣᠰᠣᠭᠠᠷ᠂ ᠡᠭᠦᠯᠳᠡᠷ ᠢ ᠬᠠᠮᠠᠭᠠᠯᠠᠬᠤ ᠲᠠᠯᠠᠪᠠᠶ ᠪᠠᠷ ᠭᠤᠣᠯ ᠪᠣᠯᠭᠠᠭᠰᠠᠨ᠂ ᠡᠭᠦᠯᠳᠡᠷ ᠪᠤᠶᠢᠵᠢᠭᠤᠯᠬᠤ ᠭᠤᠤᠯ ᠰᠦᠷᠦᠭ ᠲᠤ ᠲᠦᠰᠢᠭᠯᠡᠭᠰᠡᠨ᠂ ᠡᠭᠦᠯᠳᠡᠷ ᠤᠨ ᠰᠦᠷᠦᠭ ᠢ ᠬᠠᠮᠠᠭᠠᠯᠠᠬᠤ ᠪᠠᠷ ᠰᠠᠭᠤᠷᠢ ᠪᠣᠯᠭᠠᠭᠰᠠᠨ ᠭᠤᠷᠪᠠᠨ ᠳᠡᠰ ᠤᠨ ᠡᠭᠦᠯᠳᠡᠷ ᠬᠠᠮᠠᠭᠠᠯᠠᠵᠤ ᠦᠷᠡᠵᠢᠭᠦᠯᠬᠦ ᠲᠤᠭᠳᠠᠯᠴᠠᠭ᠎ᠠ ᠶᠢ ᠪᠦᠷᠢᠨᠰᠢᠭᠦᠯᠵᠦ᠂ ᠠᠯᠠᠱᠠ ᠶᠢᠨ ᠬᠤᠣᠰ ᠪᠥᠬᠦᠲᠦ ᠲᠡᠮᠡᠭᠡ ᠶᠢ ᠰᠣᠩᠭᠤᠨ ᠦᠷᠡᠵᠢᠭᠦᠯᠬᠦ ᠮᠡᠷᠭᠡᠵᠢᠯ ᠤᠨ ᠨᠢᠭᠡᠳᠦᠯᠲᠡᠶ ᠪᠠᠷᠢᠮᠵᠢᠶ᠎ᠠ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠲᠡᠮᠡᠭᠡᠨ ᠤ ᠠᠵᠤ ᠦᠢᠯᠡᠰ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ᠂ ᠲᠥᠷᠥᠯ ᠲᠡᠮᠳᠡᠭᠵᠢᠭᠦᠯᠬᠦ ᠴᠢᠭᠯᠡᠯ ᠲᠡᠰᠢ ᠬᠤᠪᠢᠷᠠᠭᠤᠯᠵᠤ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠶ ᠶᠢ ᠵᠤᠬᠢᠴᠠᠭᠤᠯᠤᠨ ᠬᠥᠭᠵᠢᠭᠦᠯᠬᠦ ᠰᠢᠨ᠎ᠡ ᠵᠠᠮ ᠢᠶᠠᠷ ᠵᠠᠮᠨᠠᠵᠦ ᠪᠠᠷ ᠪᠤᠢ᠃      ᠣᠶᠢᠯᠠᠭᠠᠭᠰᠠᠨ ᠢᠶᠠᠷ᠂ 2020 ᠣᠨ ᠪᠣᠯᠬᠤ ᠳᠤ᠂ ᠠᠯᠠᠱᠠ ᠠᠶᠢᠮᠠᠭ ᠤᠨ ᠬᠤᠤᠰ ᠪᠥᠬᠦᠲᠦ ᠲᠡᠮᠡᠭᠡᠨ ᠤ ᠲᠤᠭ᠎ᠠ 13.1 ᠲᠦᠮᠡ ᠳᠤ ᠬᠦᠷᠴᠦ᠂ ᠵᠢᠯ ᠳᠤ   1.4 ᠲᠦᠮᠡᠨ ᠬᠤᠤᠰ ᠪᠥᠬᠦᠲᠦ ᠲᠡᠮᠡᠭᠡ ᠶᠢ ᠠᠷᠠᠯᠵᠢᠶᠠᠯᠠᠵᠦ᠂ ᠬᠤᠤᠰ ᠪᠥᠬᠦᠲᠦ ᠲᠡᠮᠡᠭᠡᠨ ᠤ ᠠᠵᠤ ᠦᠢᠯᠡᠰ ᠤᠨ ᠵᠢᠯ ᠤᠨ ᠦᠢᠯᠡᠳᠭᠦᠨ ᠤ ᠥᠷᠲᠡᠭ ᠨᠢ ᠨᠢᠭᠡᠨᠲᠡ 3 ᠳ᠋ᠦᠩᠰᠢᠭᠤᠷ ᠲᠥᠭᠦᠷᠢᠭ ᠢ ᠳᠠᠪᠠᠵᠤ᠂ ᠵᠢᠱᠢᠯᠲᠡ ᠪᠠᠷ 2025 ᠣᠨ ᠪᠣᠯ᠊‍ᠬᠤ ᠳᠤ ᠠᠯᠠᠱᠠ ᠶᠢᠨ ᠬᠤᠤᠰ ᠪᠥᠬᠦᠲᠦ ᠲᠡᠮᠡᠭᠡᠨ‌‍ᠤ ᠲᠤᠭ᠎ᠠ 15 ᠲᠦᠮᠡ ᠳᠤ ᠬᠦᠷᠴᠦ᠂    2.5 ᠲᠦᠮᠡᠨ ᠲᠡᠮᠡᠭᠡ ᠶᠢ ᠠᠷᠠᠯᠵᠢᠶᠠᠯᠠᠵᠦ᠂ ᠲᠡᠮᠡᠭᠡᠨ ᠤ ᠠᠵᠤ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠢ 12.5 ᠳ᠋ᠦᠩᠰᠢᠭᠤᠷ ᠲᠥᠭᠦᠷᠢᠭ ᠤᠨ ᠰᠢᠪᠲᠤᠯᠤᠯᠲᠠ ᠲᠠᠢ ᠪᠤᠯᠭᠠᠬᠤ ᠪᠠᠷ ᠬᠦᠴᠦᠯᠡᠨ ᠴᠢᠷᠮᠠᠶᠢᠵᠦ ᠪᠣᠶ᠃
        ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ