内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ 2021 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2021/5/25
              5 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ ᠵᠡᠷᠭᠡ ᠵᠦᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠪᠡ᠃      ᠬᠤᠷᠠᠯ ᠠᠴᠠ᠂ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠠᠭᠠᠯᠠᠬᠤ ᠨᠢ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠣᠶ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠪᠣᠯᠤᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ ᠪᠣᠯᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ︔ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠴᠢᠨᠠᠬᠰᠢᠳᠠ ᠲᠣᠳᠣᠷᠬᠠᠶᠢᠯᠠᠬᠤ ᠭᠡᠷᠡᠭᠲᠡᠢ︔ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠦ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠪᠦᠬᠦ ᠲᠠᠯ᠎ᠠ ᠪᠠᠷ ᠬᠠᠷᠢᠭᠤᠴᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠨᠳᠦ ᠶᠡᠭᠡ ᠠᠰᠠᠭᠤᠳᠠᠯ ᠤᠨ ᠭᠡᠮ ᠰᠤᠭᠤᠭ ᠢ ᠦᠨᠳᠦᠰᠦᠨ ᠠᠴᠠ ᠨᠢ ᠲᠦᠢᠯᠪᠤᠷᠢᠲᠠᠢ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠬᠯᠠᠬᠤ ᠭᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠬᠠᠤᠯᠢ ᠪᠤᠰᠤ ᠪᠠᠷ ᠪᠠ ᠬᠠᠤᠯᠢ ᠠᠴᠠ ᠵᠥᠷᠢᠴᠡᠨ ᠦᠢᠯᠡᠳᠪᠦᠷᠢᠯᠡᠬᠦ᠂ ᠡᠵᠡᠩᠨᠡᠬᠦ᠂ ᠪᠦᠲᠦᠭᠡᠨ ᠪᠠᠶᠢᠭᠤᠯᠬᠤ᠂ ᠬᠠᠳᠠᠭᠠᠯᠠᠬᠤ ᠵᠢᠴᠢ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠶᠢ ᠤᠯᠠᠮ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠮᠡᠳᠡᠭᠡ ᠵᠠᠩᠭᠢᠵᠢᠯᠲᠠ᠂ ᠤᠶᠤᠨᠴᠢᠯᠠᠬᠰᠠᠨ ᠮᠡᠷᠭᠡᠵᠢᠯ ᠤᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠯᠣᠭᠤᠳᠤᠨ ᠠᠪᠤᠷᠠᠨ ᠲᠤᠰᠠᠯᠠᠬᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ ᠲᠠᠯ᠎ᠠ ᠪᠠᠷ ᠰᠠᠶᠢᠳᠤᠷ ᠬᠤᠷᠠᠮᠳᠤᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠡᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠠᠳᠡᠯ ᠢ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠰᠠᠶᠢᠲᠤᠷ ᠠᠳᠬᠤᠵᠤ᠂ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠨᠡᠩ ᠬᠦᠴᠦᠲᠡᠢ ᠬᠠᠮᠠᠭᠠᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠠᠮᠢ ᠠᠬᠤᠢ ᠶᠢᠨ ᠰᠡᠷᠭᠦᠭᠡᠯᠲᠡ ᠶᠢ ᠴᠢᠩᠭᠠᠳᠬᠠᠬᠤ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠳᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠣᠷᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ ᠠᠴᠠ ᠨᠢ ᠵᠠᠰᠠᠬᠤ᠂ ᠪᠥᠬᠦ ᠣᠷᠣᠨ ᠪᠦᠰᠡ ᠶᠢ ᠪᠦᠷᠬᠦᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠠᠶᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ ᠪᠠᠬᠢᠵᠢᠬᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠥᠰᠦᠯ︶︾ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
        ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ