内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠱᠢ ᠲᠠᠢ ᠹᠧᠩ ᠬᠢᠩᠭᠠᠨ ᠠᠶᠢᠮᠠᠭ ᠲᠤ ᠭᠦᠨᠵᠡᠭᠡᠶᠢᠷᠡᠨ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠶᠢ ᠠᠬᠢᠭᠤᠯᠤᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
        ᠨᠡᠶᠢᠲᠡᠯᠡᠭᠰᠡᠨ ᠴᠠᠭ᠄
        2021/5/26
              5 ᠰᠠᠷ᠎ᠠ ᠶᠢᠨ 24 ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ᠂ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠶᠢ ᠪᠣᠳᠠᠲᠠᠢ ᠭᠠᠵᠠᠷ ᠲᠤᠨᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠭᠦᠨᠵᠡᠭᠡᠶᠢᠷᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠷᠢᠨ ᠬᠢᠨᠠᠮᠠᠭᠠᠢ ᠪᠠᠷ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠵᠦ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠡᠪᠤᠷᠯᠡᠨ ᠤᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ ᠦᠭᠭᠦᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠥᠷᠭᠡᠨ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃

        1.jpg

              5 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ

        ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ

        ᠪᠠᠯᠭᠠᠰᠤᠨ ᠤ ᠰᠢᠤᠸᠠᠢ ᠽᠢ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠵᠠᠬᠢᠳᠠᠯ ᠰᠤᠷᠪᠤᠯᠵᠢᠯᠠᠯ ᠤᠨ ᠲᠤᠰᠬᠠᠭᠰᠠᠨ ᠡᠮᠦᠨ᠎ᠡ ᠤᠮᠠᠷ᠎ᠠ ᠶᠢᠨ

        ᠭᠤᠳᠤᠮᠵᠢ ᠶᠢᠨ ᠪᠣᠷᠣᠭᠠᠨ ᠤ ᠤᠯᠠᠷᠢᠯ ᠤᠨ ᠵᠠᠮ ᠨᠢ ᠰᠢᠪᠠᠷ ᠪᠠᠯᠴᠢᠭ᠂ ᠶᠠᠪᠤᠵᠤ ᠰᠠᠭᠤᠬᠤ ᠳᠤ ᠬᠦᠴᠢᠷ᠂ ᠣᠲᠣ ᠬᠠᠲᠠᠭᠤᠷᠠᠯ ᠢ ᠪᠡᠶᠡᠯᠡᠭᠦᠯᠦᠭᠰᠡᠨ ᠪᠠᠶᠢᠳᠠᠯ ᠢ

        ᠲᠤᠬᠠᠶ ᠶᠢᠨ ᠭᠠᠵᠠᠷ ᠲᠤᠨᠢ ᠣᠶᠢᠯᠠᠭᠠᠪᠠ᠃

              ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠰᠢᠤᠸᠠᠢ ᠽᠢ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠡᠮᠦᠨᠡᠬᠢ ᠭᠤᠣᠯ ᠵᠠᠮ ᠢᠵᠢ

        ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠬᠤᠴᠣᠷᠤᠬᠰᠠᠨ ᠵᠡᠷᠭᠡ ᠰᠢᠯᠲᠠᠭᠠᠨ ᠠᠴᠠ ᠪᠣᠯᠵᠤ ᠵᠠᠮ ᠢᠶᠠᠨ ᠴᠠᠭ ᠲᠤᠬᠠᠶ ᠳᠤᠨᠢ ᠬᠠᠲᠠᠭᠤᠷᠠᠭᠤᠯᠤᠭᠰᠠᠨ ᠦᠭᠡᠶ ᠲᠤᠯᠠ

        ᠪᠣᠷᠣᠭᠠᠨ ᠤᠷᠤᠪᠠᠯ ᠰᠢᠪᠠᠷ ᠱᠠᠯᠴᠢᠭ ᠪᠤᠯᠵᠤ᠂ ᠲᠤᠩᠭᠠᠯᠠᠭ ᠡᠳᠦᠷ ᠪᠤᠯ ᠲᠣᠭᠤᠰᠣ ᠰᠢᠷᠣᠶ ᠪᠤᠰᠤᠨ᠂ ᠠᠳᠡᠬᠢ 100 ᠭᠠᠷᠤᠶ ᠡᠷᠦᠬᠡ ᠶᠢᠨ ᠬᠦᠮᠦᠰ ᠤᠨ ᠶᠠᠪᠤᠵᠤ

        ᠰᠠᠭᠤᠬᠤ ᠳᠤ ᠲᠦᠪᠡᠭ ᠪᠤᠯᠵᠤ᠂ ᠵᠠᠬᠢᠳᠠᠯ ᠰᠤᠷᠪᠤᠯᠵᠢᠯᠠᠯ ᠬᠢᠭᠰᠡᠳ ᠰᠠᠭᠤᠭᠠᠯᠢ ᠠᠷᠠᠳ ᠤᠨ ᠲᠣᠭᠤᠷᠢᠭ ᠤᠨ ᠬᠦᠮᠦᠰ ᠢ ᠲᠥᠯᠥᠭᠡᠯᠡᠨ ᠡᠨᠡ ᠬᠦ ᠪᠠᠶᠢᠳᠠᠯ ᠢ ᠴᠠᠭ

        ᠲᠤᠬᠠᠶ ᠳᠤᠨᠢ ᠲᠤᠰᠬᠠᠭᠰᠠᠨ ᠪᠥᠭᠡᠳ ᠰᠢᠢᠳᠪᠦᠷᠢᠯᠡᠵᠥ ᠦᠭᠭᠦ ᠶᠢ ᠬᠦᠰᠡᠨ ᠱᠠᠭᠠᠷᠳᠠᠪᠠ᠃ ᠱᠢ ᠲᠠᠢ ᠹᠧᠩ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠲᠤᠰ ᠬᠡᠷᠡᠭ ᠢ

        ᠶᠡᠭᠡ ᠴᠢᠬᠤᠯᠠᠴᠢᠯᠠᠵᠤ᠂ ᠠᠳᠠᠯᠢ ᠪᠤᠰᠤ ᠬᠡᠯᠪᠡᠷᠢ ᠪᠠᠷ ᠠᠰᠠᠭᠤᠨ ᠯᠠᠪᠯᠠᠵᠤ ᠰᠢᠢᠳᠪᠤᠷᠢᠯᠡᠬᠦ ᠶᠢ ᠠᠬᠢᠭᠤᠯᠪᠠ᠃ 24 ᠤ ᠦᠳᠡ ᠶᠢᠨ ᠬᠤᠶᠢᠨ᠎ᠠ᠂ ᠲᠡᠷᠡ ᠬᠡᠳᠦᠨ ᠵᠠᠭᠤᠨ

        ᠺᠢᠯᠣᠮᠧᠲᠷ ᠠᠶᠠᠯᠠᠨ ᠲᠤᠰ ᠭᠠᠵᠠᠷ ᠬᠦᠷᠴᠤ᠂ ᠲᠡᠷᠭᠡᠨ ᠠᠴᠠ ᠪᠠᠭᠤᠮᠠᠭᠴᠠ ᠵᠠᠮ ᠳᠠᠭᠠᠤ ᠶᠢᠨ ᠵᠠᠮ ᠢ ᠬᠠᠲᠠᠭᠤᠷᠠᠭᠤᠯᠤᠭᠰᠠᠨ ᠪᠠᠶᠢᠳᠠᠯ ᠢ ᠪᠠᠶᠢᠴᠠᠭᠠᠵᠤ᠂ ᠳᠠᠭᠠᠤ ᠳᠤᠨᠢ

        ᠵᠠᠬᠢᠳᠠᠯ ᠰᠤᠷᠪᠤᠯᠵᠢᠯᠠᠯ ᠬᠢᠭᠰᠡᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠠᠬᠢᠳᠠᠯ ᠰᠤᠷᠪᠤᠯᠵᠢᠯᠠᠯ ᠬᠢᠭᠰᠡᠳ ᠬᠡᠷᠡᠭ ᠢ ᠰᠢᠢᠳᠪᠦᠷᠢᠯᠡᠭᠰᠡᠨ ᠦᠷ᠎ᠡ ᠳ᠋ᠦᠩ ᠳᠤ ᠮᠠᠰᠢ

        ᠬᠠᠨᠤᠮᠵᠢᠲᠠᠢ ᠪᠠᠶᠢᠵᠤ᠂ ᠰᠠᠭᠤᠭᠠᠯᠢ ᠲᠣᠭᠤᠷᠢᠭ ᠤᠨ ᠪᠦᠬᠦ ᠬᠦᠮᠦᠰ ᠢ ᠲᠥᠯᠥᠭᠡᠯᠡᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠱᠢ ᠲᠠᠢ ᠹᠧᠩ᠂ ᠲᠠ ᠨᠡᠶᠢᠭᠡᠮ

        ᠲᠣᠭᠤᠷᠢᠭ ᠤᠨ ᠰᠠᠭᠤᠭᠠᠯᠢ ᠠᠷᠠᠳ ᠢ ᠲᠥᠯᠥᠭᠡᠯᠡᠨ ᠬᠠᠤᠯᠢ ᠶᠣᠰᠣᠭᠠᠷ ᠬᠦᠰᠡᠯ ᠱᠠᠭᠠᠷᠳᠠᠯᠭ᠎ᠠ ᠪᠠᠨ ᠲᠤᠰᠬᠠᠵᠤ᠂ ᠤᠯᠠᠨ ᠤ ᠶᠠᠪᠤᠵᠤ ᠰᠠᠭᠤᠬᠤ ᠳᠤ ᠬᠦᠴᠢᠷ

        ᠠᠰᠠᠭᠤᠳᠠᠯ ᠢ ᠰᠢᠢᠳᠪᠦᠷᠢᠯᠡᠵᠦ ᠥᠭᠴᠡᠢ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠠᠨ ᠳᠤ ᠲᠠᠯᠠᠷᠬᠠᠪᠠᠯ ᠳᠠᠭᠠᠷᠠᠨ᠎ᠠ ᠬᠡᠪᠡ᠃ ᠲᠡᠷᠡ᠂ ᠣᠯᠠᠨ ᠲᠦᠮᠡᠨ ᠤ

        ᠠᠰᠢᠭ ᠲᠤᠰᠠ ᠳᠤ ᠪᠠᠭ᠎ᠠ ᠶᠠᠪᠤᠳᠠᠯ ᠭᠡᠵᠦ ᠥᠬᠡᠶ᠂ ᠶᠠᠮᠠᠷ ᠪᠠᠶᠢᠭᠰᠠᠨ ᠴᠤ ᠣᠯᠠᠨ ᠲᠦᠮᠡᠨ ᠢ ᠭᠠᠴᠢᠭᠳᠠᠭᠤᠯᠵᠤ ᠪᠣᠯᠬᠤ ᠥᠬᠡᠶ᠃ ᠡᠯ᠎ᠡ ᠱᠠᠲᠤᠨ ᠤ ᠨᠠᠮ ᠤᠨ

        ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠠᠢ ᠨᠢᠭᠳᠠ ᠤᠢᠢᠷᠠᠳᠬᠤ᠂ ᠰᠡᠳᠬᠢᠯ ᠵᠢᠷᠦᠬᠡ ᠪᠠᠨ

        ᠬᠤᠯᠪᠣᠬᠤ ᠶᠢ ᠢᠮᠠᠭᠲᠠ ᠪᠡᠶᠡᠯᠡᠭᠦᠯᠵᠦ᠂ ᠤᠯᠠᠨ ᠲᠦᠮᠡᠨ ᠬᠦᠰᠡᠯ ᠱᠠᠭᠠᠷᠳᠠᠯᠭ᠎ᠠ ᠲᠠᠢ ᠯᠡ ᠶᠤᠮ ᠪᠣᠯ ᠪᠢᠳᠡ ᠬᠠᠷᠢᠭᠤᠯᠳᠠ ᠦᠭᠬᠦ ᠬᠡᠷᠡᠭᠲᠡᠢ᠂ ᠢᠯᠠᠩᠭᠤᠶ᠎ᠠ

        ᠣᠳᠣᠬᠠᠨ ᠳᠤ ᠶᠠᠭ ᠥᠷᠨᠢᠭᠦᠯᠵᠦ ᠪᠠᠶᠢᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠵᠤ᠂ ᠬᠠᠷᠢᠭᠤᠴᠠᠯᠭ᠎ᠠ ᠪᠠ ᠬᠠᠶᠢᠷ᠎ᠠ

        ᠰᠡᠳᠬᠢᠯᠭᠡ ᠡᠪᠤᠷᠯᠡᠨ ᠤᠯᠠᠨ ᠲᠦᠮᠡᠨ ᠳᠤ ᠪᠣᠳᠠᠲᠠᠢ ᠠᠵᠢᠯ ᠬᠢᠵᠦ ᠦᠭᠭᠦᠨ᠂ ᠠᠷᠠᠳ ᠤᠯᠠᠨ ᠤ ᠪᠠᠴᠢᠮᠳᠠᠨ ᠰᠠᠨᠳᠤᠷᠴᠤ ᠬᠦᠴᠢᠷᠳᠡᠨ ᠳᠦᠪᠡᠭᠰᠢᠶᠠᠵᠤ ᠪᠠᠶᠢᠭ᠎ᠠ

        ᠭᠠᠴᠢᠭᠳᠠᠨ ᠵᠤᠪᠠᠵᠤ ᠬᠦᠰᠡᠨ ᠬᠦᠯᠢᠶᠡᠵᠦ ᠪᠠᠶᠢᠭ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠰᠠᠶᠢᠲᠤᠷ

        ᠬᠠᠮᠠᠭᠠᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃

        2.jpg

              5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ

        ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ

        ᠬᠤᠰᠢᠭᠤᠨ ᠤ ᠴᠠᠷᠠᠰᠤᠨ ᠪᠠᠯᠭᠠᠰᠤᠨ ᠤ ᠴᠠᠷᠠᠰᠤᠨ ᠭᠠᠴᠠᠭ᠎ᠠ ᠳᠤ ᠭᠦᠨᠵᠡᠭᠡᠶᠢᠷᠡᠨ᠂ ᠲᠠᠷᠢᠶᠠᠴᠢᠨ ᠡᠷᠦᠬᠡ ᠳᠤ ᠬᠦᠷᠴᠦ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ

        ᠣᠶᠢᠯᠠᠭᠠᠪᠠ᠃

        3.jpg

              5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ

        ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ

        ᠬᠤᠰᠢᠭᠤᠨ ᠤ ᠴᠠᠷᠠᠰᠤᠨ ᠪᠠᠯᠭᠠᠰᠤᠨ ᠤ ᠴᠠᠷᠠᠰᠤᠨ ᠭᠠᠴᠠᠭ᠎ᠠ ᠶᠢᠨ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠲᠥᠪ ᠲᠤ ᠬᠦᠷᠴᠦ᠂ ᠨᠠᠮ ᠤᠨ ᠭᠡᠰᠢᠭᠦᠨ

        ᠺᠠᠳ᠋ᠷᠴᠤᠳ ᠲᠠᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠶ ᠶᠠᠷᠢᠯᠴᠠᠪᠠ᠃

              3 ᠰᠠᠷ᠎ᠠ ᠭᠠᠷᠤᠢ ᠶᠢᠨ ᠲᠠᠷᠠᠭ᠎ᠠ᠂ ᠱᠢ ᠲᠠᠢ ᠹᠧᠩ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠴᠠᠷᠠᠰᠤᠨ ᠭᠠᠴᠠᠭ᠎ᠠ ᠳᠤ ᠳᠠᠬᠢᠨᠲᠠ ᠬᠦᠷᠪᠡ᠃ ᠲᠡᠷᠡ

        ᠲᠠᠷᠢᠶᠠᠴᠢᠨ ᠪᠠᠶ ᠭᠤᠸᠠᠩ ᠮᠢᠩ ᠤᠨ ᠬᠡᠷ ᠲᠤ ᠬᠦᠷᠴᠤ᠂ ᠬᠦᠷᠢᠶᠡᠨ ᠳᠤᠨᠢ ᠣᠷᠣᠮᠠᠭᠴᠠ ᠪᠠᠨ ᠲᠡᠳᠡᠨ ᠤ ᠮᠠᠯ ᠲᠠᠷᠢᠶ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠭᠡᠷ ᠤᠨ

        ᠡᠵᠡᠨ ᠪᠠ ᠡᠵᠡᠭᠳᠠᠢ ᠲᠠᠢ ᠬᠠᠮᠳᠤ ᠣᠷᠣᠯᠭ᠎ᠠ ᠶᠢᠨ ᠲᠠᠩᠰᠠ ᠶᠢ ᠨᠢ ᠨᠢᠭᠡᠳ ᠨᠢᠭᠡ ᠪᠠᠷ ᠪᠤᠳᠤᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦ︾

        ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠳᠤ ᠶᠠᠪᠤᠭᠳᠠᠵᠤ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠪᠠ᠃ ᠭᠠᠴᠠᠭᠠᠨ ᠤ ᠳᠡᠮᠵᠢᠯᠭᠡ ᠪᠠᠷ ᠪᠠᠶ ᠭᠤᠸᠠᠩ

        ᠮᠢᠩ ᠤᠨ ᠭᠡᠷ ᠪᠦᠯᠢ ᠶᠢᠨ ᠣᠷᠣᠯᠭ᠎ᠠ ᠵᠢᠯ ᠳᠠᠷᠠᠭᠠᠯᠠᠨ ᠨᠡᠮᠡᠭᠳᠡᠵᠦ᠂ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠭᠰᠠᠨ ᠢᠶᠠᠷ ᠲᠡᠳᠡ ᠨᠠᠮ ᠤᠨ ᠰᠠᠶᠢᠨ ᠲᠥᠷᠥ ᠶᠢᠨ

        ᠪᠣᠳᠣᠯᠭ᠎ᠠ ᠳᠤ ᠶᠡᠭᠡ ᠲᠠᠯᠠᠷᠬᠠᠵᠤ ᠪᠠᠶᠢᠪᠠ᠃ ᠱᠢ ᠲᠠᠢ ᠹᠧᠩ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠳᠠᠭᠠᠭᠤᠯᠤᠨ ᠴᠥᠬᠦᠷᠡᠰᠢ ᠦᠭᠡᠢ ᠲᠡᠮᠡᠴᠡᠵᠤ ᠪᠠᠶᠢᠬᠤ ᠨᠢ

        ᠠᠷᠠᠳ ᠤᠯᠠᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ

        ᠠᠵᠢᠯᠯᠠᠪᠠᠯ᠂ ᠬᠤᠶᠢᠰᠢᠳᠠ ᠶᠢᠨ ᠠᠮᠢᠳᠤᠷᠠᠯ ᠯᠠᠪᠲᠠᠢ ᠨᠡᠩ ᠰᠠᠶᠢᠨ ᠰᠠᠶᠢᠬᠠᠨ ᠪᠣᠯᠬᠤ ᠶᠤᠮ ᠭᠡᠪᠡ᠃ ᠳᠠᠷᠠᠭ᠎ᠠ ᠨᠢ ᠱᠢ ᠲᠠᠢ ᠹᠧᠩ ᠴᠠᠷᠠᠰᠤᠨ ᠭᠠᠴᠠᠭᠠᠨ ᠤ ᠨᠠᠮ ᠪᠠ

        ᠣᠯᠠᠨ ᠲᠦᠮᠡᠨ ᠤ ᠠᠵᠢᠯᠯᠠᠭᠠᠨ ᠤ ᠲᠥᠪ ᠲᠤ ᠬᠦᠷᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠵᠤ ᠪᠠᠶᠢᠭ᠎ᠠ ᠪᠠᠶᠢᠳᠠᠯ ᠢ ᠰᠢᠨᠵᠢᠯᠡᠨ

        ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ ᠭᠠᠴᠠᠭᠠᠨ ᠤ ᠨᠠᠮ ᠤᠨ ᠡᠭᠦᠷ ᠤᠨ ᠨᠥᠬᠦᠳ ᠲᠠᠢ ᠰᠠᠨᠠᠯ ᠢᠶᠠᠨ ᠰᠣᠯᠢᠯᠴᠠᠪᠠ᠃ ᠨᠠᠮ ᠤᠨ

        ᠡᠭᠦᠷ ᠤᠨ ᠱᠦᠵᠢ᠂ ᠨᠢᠭᠡᠳᠦᠭᠡᠷ ᠱᠦᠵᠢ ᠪᠣᠯᠤᠨ ᠨᠠᠮ ᠤᠨ ᠭᠡᠰᠢᠭᠦᠨ ᠤ ᠲᠥᠯᠥᠭᠡᠯᠡᠭᠴᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠱᠢ ᠲᠠᠢ

        ᠹᠧᠩ᠂ ᠡᠨᠡ ᠵᠢᠯ ᠪᠣᠯ ᠮᠠᠨ ᠤ ᠨᠠᠮ ᠤᠨ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠤᠨ᠎ᠠ᠂ ᠨᠠᠮ ᠤᠨ ᠭᠡᠰᠢᠭᠦᠨ ᠪᠤᠯᠭᠠᠨ ᠨᠠᠮ ᠤᠨ ᠵᠠᠭᠤᠨ ᠵᠢᠯ ᠤᠨ

        ᠦᠩᠭᠡᠷᠡᠯᠳᠡ ᠶᠢ ᠭᠦᠨᠵᠡᠭᠡᠢ ᠣᠶᠢᠯᠠᠭᠠᠵᠤ᠂ ᠨᠠᠮ ᠤᠨ ᠲᠡᠦᠬᠡ ᠶᠢ ᠰᠤᠷᠤᠯᠴᠠᠬᠤ ᠪᠠᠷ ᠳᠠᠮᠵᠢᠨ᠂ ᠮᠠᠨ ᠤ ᠨᠠᠮ ᠶᠠᠭᠠᠬᠢᠵᠤ ᠶᠠᠪᠤᠵᠤ ᠢᠷᠡᠭᠰᠡᠨ᠂ ᠶᠠᠭᠤ ᠬᠢᠭᠰᠡᠨ᠂

        ᠶᠠᠭᠠᠬᠢᠵᠤ ᠬᠢᠭᠰᠡᠨ᠂ ᠶᠠᠭᠤᠨ ᠳᠤ ᠢᠩᠭᠢᠵᠦ ᠬᠢᠭᠰᠡᠨ᠂ ᠶᠠᠭᠠᠬᠢᠭᠠᠳ ᠬᠢᠵᠤ ᠴᠢᠳᠠᠭᠰᠠᠨ ᠢ ᠲᠣᠳᠣᠷᠬᠠᠢ ᠣᠶᠢᠯᠠᠭᠠᠬᠤ ᠬᠡᠷᠡᠭᠲᠡᠢ᠃ ᠪᠢᠳᠡ ᠨᠠᠮ ᠤᠨ ᠲᠡᠦᠬᠡ ᠶᠢ

        ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠬᠦ ᠳᠤ᠂ ᠨᠠᠮ ᠤᠨ ᠲᠡᠦᠬᠡ ᠠᠴᠠ ᠶᠣᠰᠣ ᠤᠴᠢᠷ ᠢ ᠤᠢᠢᠯᠠᠭᠠᠨ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠤᠯ

        ᠨᠠᠮ ᠤᠨ ᠤᠳᠤᠷᠢᠳᠤᠯᠭ᠎ᠠ ᠳᠣᠣᠷ᠎ᠠ ᠲᠤᠭ᠎ᠠ ᠲᠣᠮᠰᠢ ᠦᠭᠡᠢ ᠦᠷᠡᠭᠳᠡᠭᠰᠡᠨ ᠪᠠᠭᠠᠲᠤᠷᠴᠤᠳ ᠬᠠᠯᠠᠭᠤᠨ ᠴᠢᠰᠤ ᠪᠦᠯᠢᠶᠡᠨ ᠠᠮᠢ ᠪᠠᠷ ᠢᠶᠠᠨ ᠰᠣᠯᠢᠵᠤ ᠠᠪᠴᠢᠷᠠᠭᠰᠠᠨ

        ᠶᠤᠮ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠬᠤ ᠦᠭᠡᠢ᠂ ᠤᠳᠤ ᠶᠢᠨ ᠰᠠᠶᠢᠨ ᠰᠠᠶᠢᠬᠠᠨ ᠠᠮᠢᠳᠤᠷᠠᠯ

        ᠪᠠᠶᠢᠬᠤ ᠦᠭᠡᠢ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠭᠠᠴᠠᠭ᠎ᠠ ᠪᠠ ᠣᠯᠠᠨ ᠲᠦᠮᠡᠨ ᠤ ᠳᠡᠷᠭᠡᠳᠡᠬᠢ ᠬᠥᠭᠵᠢᠯᠲᠡ ᠬᠤᠪᠢᠷᠠᠯᠲᠠ ᠲᠠᠢ ᠤᠶᠠᠯᠳᠤᠭᠤᠯᠤᠨ᠂ ᠥᠷᠭᠡᠨ

        ᠣᠯᠠᠨ ᠨᠠᠮ ᠤᠨ ᠭᠡᠰᠢᠭᠦᠨ ᠪᠠ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠡᠨᠡ ᠬᠦ ᠶᠣᠰᠣ ᠶᠢ ᠣᠶᠢᠯᠠᠭᠠᠭᠤᠯᠬᠤ ᠬᠡᠷᠡᠭᠲᠡᠶ ᠬᠡᠪᠡ᠃ ᠲᠡᠷᠡ᠂

        ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ

        ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠨᠠᠮ ᠠᠳᠠᠯᠢ ᠪᠤᠰᠤ ᠲᠡᠦᠬᠡᠨ ᠴᠠᠭ ᠦᠶ᠎ᠡ ᠳᠤ ᠠᠳᠠᠯᠢ

        ᠪᠤᠰᠤ ᠲᠡᠦᠬᠡᠨ ᠡᠭᠦᠷᠭᠡ ᠲᠠᠢ ᠪᠠᠶᠢᠳᠠᠭ᠂ ᠪᠢᠳᠠ ᠭᠠᠭᠴᠠ ᠬᠦ ᠬᠢᠬᠦ ᠶᠣᠰᠣᠲᠠᠢ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠪᠡᠯ ᠰᠠᠶ᠋ᠢ ᠨᠥᠭᠴᠢᠭᠰᠡᠨ

        ᠪᠠᠭᠠᠲᠤᠷᠴᠤᠳ ᠢ ᠬᠥᠰᠡᠷᠳᠡᠭᠦᠯᠬᠦ ᠤᠢᠭᠡᠢ᠂ ᠠᠷᠠᠳ ᠲᠦᠮᠡᠨ ᠢ ᠬᠥᠰᠡᠷᠳᠡᠭᠦᠯᠬᠦ ᠤᠢᠭᠡᠢ ᠪᠠᠶᠢᠵᠤ ᠴᠢᠳᠠᠨ᠎ᠠ᠃ ᠡᠳᠦᠭᠡ ᠪᠢᠳᠡ ᠨᠢᠭᠡᠨᠲᠡ ᠶᠠᠳᠠᠭᠤ ᠠᠴᠠ

        ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠭᠤᠤ ᠶᠡᠭᠡ ᠢᠯᠠᠯᠲᠠ ᠶᠢ ᠤᠯᠪᠠ᠂ ᠰᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠂ ᠬᠥᠳᠡᠭᠡ

        ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠲᠥᠯᠥᠪᠵᠢᠭᠦᠯᠦᠨ ᠠᠬᠢᠭᠤᠯᠵᠤ᠂ ᠠᠯᠬᠤᠮ ᠠᠯᠬᠤᠮ ᠢᠶᠠᠷ ᠠᠳᠬᠤᠨ᠂ ᠬᠥᠭᠵᠢᠯᠲᠡ ᠶᠢᠨ ᠰᠢᠨ᠎ᠡ ᠪᠠᠶᠢᠳᠠᠯ ᠢ

        ᠲᠠᠰᠤᠷᠠᠯᠳᠠ ᠦᠭᠡᠢ ᠡᠭᠦᠳᠴᠦ᠂ ᠤᠯᠠᠨ ᠲᠦᠮᠡᠨ ᠢ ᠳᠠᠭᠠᠭᠤᠯᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠶᠠᠨ ᠲᠡᠶᠢᠰᠢ ᠡᠷᠡᠮᠡᠬᠡᠶᠢᠯᠡᠨ

        ᠤᠷᠤᠭᠰᠢᠯᠠᠬᠤ ᠬᠡᠷᠡᠭᠲᠡᠢ᠃ ᠬᠤᠭᠤᠴᠠᠭ᠎ᠠ ᠰᠣᠯᠢᠭᠰᠠᠨ ᠤ ᠳᠠᠷᠠᠭᠠᠬᠢ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠰᠢᠨ᠎ᠡ ᠳᠦᠷᠰᠦ ᠪᠠᠶᠢᠳᠠᠯ᠂

        ᠰᠢᠨ᠎ᠡ ᠵᠢᠳᠭᠦᠯ ᠴᠢᠷᠮᠠᠶᠢᠯᠭ᠎ᠠ ᠲᠠᠢ ᠪᠠᠶᠢᠵᠤ᠂ ᠨᠠᠮ ᠤᠨ ᠡᠭᠦᠷ ᠢᠶᠠᠨ ᠤᠯᠠᠮ ᠴᠢᠨᠠᠭᠰᠢᠳᠠ ᠬᠦᠴᠦᠷᠬᠡᠭᠵᠢᠭᠦᠯᠦᠨ᠂ ᠣᠯᠠᠨ ᠲᠦᠮᠡᠨ ᠢ ᠨᠡᠩ ᠰᠠᠶᠢᠲᠤᠷ ᠵᠣᠬᠢᠶᠠᠨ

        ᠪᠠᠶᠢᠭᠤᠯᠤᠨ ᠨᠢᠭᠲᠠᠷᠠᠭᠤᠯᠵᠤ᠂ ᠬᠥᠳᠡᠭᠡ ᠲᠣᠰᠬᠤᠨ ᠢ ᠨᠡᠩ ᠰᠠᠶᠢᠨ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠦᠨᠳᠦᠰᠦᠨ ᠱᠠᠲᠤᠨ ᠤ

        ᠨᠠᠮ ᠤᠨ ᠵᠣᠬᠢᠶᠠᠨ ᠪᠠᠶᠢᠭᠤᠯᠤᠯᠲᠠ ᠪᠣᠳᠠᠲᠤ ᠪᠠᠶᠢᠳᠠᠯ ᠠᠴᠠ ᠪᠠᠨ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠯᠠᠨ ᠶᠠᠩᠵᠤ ᠬᠡᠯᠪᠡᠷᠢ ᠪᠠᠷ

        ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠮᠢᠳᠤᠯᠢᠭ ᠰᠠᠶᠢᠲᠤᠷ ᠥᠷᠨᠢᠭᠦᠯᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠢᠯᠡᠭᠦᠬᠡᠨ ᠰᠣᠨᠣᠰᠴᠤ᠂ ᠤᠯᠠᠨ

        ᠲᠦᠮᠡᠨ ᠳᠤ ᠢᠯᠡᠭᠦᠬᠡᠨ ᠪᠣᠳᠠᠲᠤ ᠶᠠᠪᠤᠳᠠᠯ ᠬᠢᠵᠦ ᠦᠭᠭᠦᠨ᠂ ᠬᠦᠴᠢᠷ ᠠᠰᠠᠭᠤᠲᠠᠯ ᠢ ᠨᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ

        ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃

        4.jpg

              5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ

        ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ

        ᠬᠤᠰᠢᠭᠤᠨ ᠤ ᠴᠠᠷᠠᠰᠤᠨ ᠪᠠᠯᠭᠠᠰᠤᠨ ᠤ ᠴᠠᠷᠠᠰᠤᠨ ᠭᠠᠴᠠᠭ᠎ᠠ ᠳᠤ ᠭᠦᠨᠵᠡᠭᠡᠶᠢᠷᠡᠨ᠂ ᠬᠢᠩᠭᠠᠨ ᠵᠢᠶᠠ ᠾᠧ ᠺᠣᠮᠫᠠᠨᠢ ᠶᠢᠨ ᠤᠰᠤᠨ ᠲᠤᠲᠤᠷᠭ᠎ᠠ ᠶᠢᠨ ᠰᠠᠭᠤᠷᠢᠨ

        ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃

        5.jpg

              5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ

        ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ

        ᠬᠤᠰᠢᠭᠤᠨ ᠤ ᠴᠠᠷᠠᠰᠤᠨ ᠤᠰᠤᠨ ᠴᠥᠭᠦᠷᠥᠮ ᠳᠤ ᠭᠦᠨᠵᠡᠭᠡᠶᠢᠷᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠢ ᠣᠶᠢᠯᠠᠭᠠᠪᠠ᠃

              ᠡᠨᠡ ᠬᠤᠭᠤᠴᠠᠭᠠᠨ ᠳᠤ᠂ ᠱᠢ ᠲᠠᠢ ᠹᠧᠩ ᠪᠠᠰᠠ ᠬᠢᠩᠭᠠᠨ ᠤ ᠵᠢᠶᠠ ᠾᠧ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠤᠰᠤᠨ ᠲᠤᠲᠤᠷᠭ᠎ᠠ ᠶᠢᠨ

        ᠰᠠᠭᠤᠷᠢᠨ ᠤ ᠪᠥᠲᠥᠭᠡᠨ ᠪᠠᠶᠢᠭᠤᠯᠤᠯᠲᠠ ᠪᠣᠯᠤᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠪᠠᠶᠢᠬᠤ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ᠂

        ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠳᠦ ᠲᠡᠮᠳᠡᠭ ᠢᠶᠠᠨ ᠠᠯᠳᠠᠷᠰᠢᠭᠤᠯᠬᠤ ᠶᠢ ᠨᠠᠩ ᠴᠢᠬᠤᠯᠠᠴᠢᠯᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ

        ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠴᠠᠷᠠᠰᠤᠨ ᠤᠰᠤᠨ ᠴᠥᠭᠦᠷᠥᠮ ᠳᠤ᠂ ᠱᠢ ᠲᠠᠢ ᠹᠧᠩ ᠴᠥᠭᠦᠷᠥᠮ ᠤᠨ ᠪᠠᠭᠲᠠᠭᠠᠮᠵᠢ᠂

        ᠤᠰᠤᠨ ᠤ ᠴᠢᠨᠠᠷ ᠵᠢᠴᠢ ᠴᠥᠭᠦᠷᠥᠮ ᠤᠨ ᠴᠢᠳᠠᠮᠵᠢ ᠶᠢ ᠪᠠᠳᠠᠷᠠᠭᠤᠯᠤᠭᠰᠠᠨ ᠪᠠᠶᠢᠳᠠᠯ ᠵᠡᠷᠭᠡ ᠶᠢ ᠨᠠᠷᠢᠨ ᠠᠰᠠᠭᠤᠵᠤ᠂ ᠡᠷᠬᠢᠨ ᠲᠣᠭᠤᠷᠢᠨ ᠤ ᠠᠮᠢ ᠠᠬᠤᠶ ᠶᠢᠨ

        ᠬᠠᠮᠠᠭᠠᠯᠠᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ

        ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠰᠤᠨ ᠴᠥᠭᠦᠷᠥᠮ ᠵᠢᠴᠢ ᠡᠷᠬᠢᠨ ᠲᠣᠭᠤᠷᠢᠨ ᠤ ᠠᠮᠢ ᠠᠬᠤᠶ ᠣᠷᠴᠢᠨ ᠲᠣᠭᠤᠷᠢᠨ ᠢ ᠲᠠᠰᠤᠷᠠᠯᠲᠠ ᠥᠬᠡᠶ

        ᠰᠠᠶᠢᠵᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

              ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ

        ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ

        ᠣᠷᠣᠯᠴᠠᠵᠠᠢ᠃

        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ