内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠲᠦᠩᠯᠢᠶᠣᠣ ᠬᠤᠲᠠ ᠶᠢᠨ ᠯᠢᠶᠣᠤ ᠾᠧ ᠴᠡᠴᠡᠷᠯᠢᠭ ᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠪᠥᠬᠦ ᠲᠠᠯ᠎ᠠ ᠪᠠᠷ ᠡᠬᠢᠯᠡᠪᠡ
        ᠨᠡᠶᠢᠲᠡᠯᠡᠭᠰᠡᠨ ᠴᠠᠭ᠄
        2021/5/26
             ᠲᠦᠩᠯᠢᠶᠣᠣ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠯᠢᠶᠣᠤ ᠾᠧ ᠴᠡᠴᠡᠷᠯᠢᠭ ᠤᠨ ᠦᠢᠯᠡᠳᠦᠯ ᠴᠢᠳᠠᠮᠵᠢ ᠪᠠ ᠴᠢᠨᠠᠷ ᠲᠠᠰ ᠢ ᠦᠨᠡᠨ ᠬᠦ ᠳᠡᠭᠡᠭᠰᠢᠯᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠡᠨᠡ ᠵᠢᠯ᠂ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠯᠢᠶᠣᠤ ᠾᠧ ᠴᠡᠴᠡᠷᠯᠢᠭ ᠢ ᠬᠠᠮᠠᠭᠠᠯᠠᠨ ᠥᠭᠡᠷᠡᠴᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ 804.5 ᠲᠦᠮᠡᠨ ᠲᠥᠭᠦᠷᠢᠭ ᠤᠨ ᠪᠠᠯᠠ ᠤᠷᠤᠭᠤᠯᠤᠯᠲᠠ ᠪᠠᠷ ᠰᠠᠭᠤᠷᠢ  ᠲᠦᠬᠦᠭᠡᠷᠦᠮᠵᠢ ᠪᠠ ᠴᠡᠴᠡᠷᠯᠢᠭ ᠤᠨ ᠨᠣᠭᠤᠭᠠᠷᠠᠭᠤᠯᠤᠯᠲᠠ ᠶᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠬᠢᠬᠦ ᠪᠠᠷ ᠲᠥᠯᠥᠪᠯᠡᠵᠦ ᠪᠠᠶᠢᠨ᠎ᠠ᠃      62.5 ᠲᠦᠮᠡᠨ ᠲᠥᠭᠦᠷᠢᠭ ᠤᠨ ᠪᠡᠯᠡ ᠤᠷᠤᠭᠤᠯᠤᠯᠲᠠ ᠪᠠᠷ᠂ ᠴᠡᠴᠡᠷᠯᠢᠭ ᠤᠨ ᠲᠤᠬᠢᠷᠠᠮᠵᠢᠲᠠᠢ ᠭᠠᠵᠠᠷ ᠲᠤ ᠠᠮᠠᠷᠠᠬᠤ ᠰᠠᠨᠳᠠᠯᠢ ᠪᠠ ᠪᠡᠶ᠎ᠡ ᠴᠢᠭᠢᠷᠠᠭᠵᠢᠭᠤᠯᠬᠤ ᠬᠡᠷᠡᠭᠰᠡᠯ ᠢ ᠨᠡᠮᠡᠵᠦ ᠤᠭᠰᠠᠷᠠᠬᠤ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ ᠨᠢᠭᠡᠨᠲᠡ 51 ᠢᠵᠢ ᠠᠮᠠᠷᠠᠬᠤ ᠰᠠᠨᠳᠠᠯᠢ ᠤᠭᠰᠠᠷᠠᠭᠰᠠᠨ ᠪᠥᠭᠡᠳ 2 ᠢᠵᠢ ᠪᠡᠶ᠎ᠡ ᠴᠢᠭᠢᠷᠠᠭᠵᠢᠭᠤᠯᠬᠤ ᠬᠡᠷᠡᠭᠰᠡᠯ ᠢ ᠵᠠᠬᠢᠶᠠᠯᠠᠵᠤ᠂ ᠪᠠᠷᠠᠭ᠎ᠠ ᠢᠷᠡᠪᠡᠯ ᠤᠭᠰᠠᠷᠠᠬᠤ ᠪᠠᠷ ᠪᠡᠯᠡᠬᠡᠨ ᠪᠤᠢ︔ 290 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠯᠬᠤᠬᠤ ᠵᠠᠮᠨᠠᠯ ᠤᠨ ᠰᠢᠰᠲ᠋ᠧᠮ ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ ᠪᠦᠬᠦ ᠰᠢᠪᠠᠷ ᠰᠢᠷᠦᠢ ᠶᠢᠨ ᠬᠡᠷᠡᠭᠯᠡᠯᠲᠡ ᠶᠢᠨ ᠬᠡᠮᠵᠢᠯᠲᠡ ᠶᠢᠨ ᠠᠵᠢᠯ ᠢ ᠪᠡᠶᠡᠯᠡᠭᠦᠯᠵᠦ᠂ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠯᠢᠶᠣᠤ ᠾᠧ ᠴᠡᠴᠡᠷᠯᠢᠭ ᠤᠨ ᠳᠣᠲᠣᠷᠠᠬᠢ ᠠᠯᠬᠤᠬᠤ ᠵᠠᠮᠨᠠᠯ ᠤᠨ ᠰᠢᠰᠲ᠋ᠧᠮ ᠢ ᠪᠦᠬᠦᠨ ᠢ ᠨᠡᠪᠲᠡᠷᠡᠭᠦᠯᠬᠦ ᠶᠢ ᠪᠡᠶᠡᠯᠡᠭᠦᠯᠦᠨ᠎ᠡ︔336 ᠲᠦᠮᠡᠨ ᠲᠥᠭᠦᠷᠢᠭ ᠤᠨ ᠪᠡᠯᠡ ᠤᠷᠤᠭᠤᠯᠤᠯᠲᠠ ᠪᠠᠷ ᠵᠦᠯᠭᠡ ᠭᠠᠵᠠᠷ ᠢ  ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠠᠢᠨ᠎ᠠ᠂ ᠣᠳᠣᠬᠠᠨ ᠳᠤ ᠨᠢᠭᠡᠨᠲᠡ ᠵᠢᠷᠢᠮ ᠶᠡᠭᠡ ᠬᠥᠭᠦᠷᠭᠡ ᠠᠴᠠ ᠵᠡᠭᠦᠨᠰᠢ᠂ ᠰᠢᠨ᠎ᠡ ᠡᠷᠢᠨ ᠶᠡᠭᠡ ᠬᠥᠭᠦᠷᠭᠡ ᠠᠴᠠ ᠪᠠᠷᠠᠭᠤᠨ ᠡᠮᠦᠨ᠎ᠡ ᠵᠠᠬ᠎ᠠ ᠳᠤ 7668 ᠰᠠᠭᠤᠷᠢ ᠲᠣᠷᠤᠭ ᠮᠣᠳᠣ᠂ 4 ᠲᠦᠮᠡᠨ ᠰᠠᠭᠤᠷᠢ ᠴᠠᠨ᠎ᠠ ᠶᠢᠨ ᠡᠮ᠂ 7000 ᠰᠠᠭᠤᠷᠢ ᠪᠣᠳᠠ ᠮᠣᠳᠣ ᠲᠠᠷᠢᠵᠤ᠂ ᠬᠦᠷᠢᠶᠡᠯᠡᠩ ᠳᠣᠲᠣᠷᠠᠬᠢ ᠶᠡᠭᠡ ᠬᠡᠪᠴᠢᠶᠡᠨ ᠤ ᠬᠠᠯᠴᠠᠭᠠᠢ ᠭᠠᠵᠠᠷ ᠢ ᠪᠦᠬᠦᠨ ᠢ ᠨᠤᠭᠤᠭᠠᠷᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠪᠡ︔ 116 ᠲᠦᠮᠡᠨ ᠲᠥᠭᠦᠷᠢᠭ ᠤᠨ ᠪᠠᠯᠠ ᠤᠷᠤᠭᠤᠯᠤᠯᠲᠠ ᠪᠠᠷ ᠴᠡᠴᠡᠷᠯᠢᠭ ᠤᠨ ᠳᠣᠲᠣᠷᠠᠬᠢ ᠨᠡᠶᠢᠲᠡ ᠶᠢᠨ ᠵᠣᠷᠯᠣᠩ᠂ ᠪᠡᠶ᠎ᠡ ᠶᠢᠨ ᠲᠠᠮᠢᠷ ᠤᠨ ᠲᠠᠯᠠᠪᠠᠶ᠂ ᠪᠡᠶ᠎ᠡ ᠴᠢᠭᠢᠷᠠᠭᠵᠢᠭᠤᠯᠬᠤ ᠬᠡᠷᠡᠭᠰᠡᠯ ᠵᠢᠴᠢ ᠬᠥᠪᠦᠮᠡᠯ ᠬᠥᠭᠦᠷᠭᠡ᠂ ᠭᠠᠷᠠᠮ ᠵᠡᠷᠭᠡ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 200 ᠭᠠᠷᠤᠶ ᠬᠡᠰᠡᠭ ᠢ ᠰᠡᠯᠪᠢᠨ ᠵᠠᠰᠠᠵᠤ ᠳᠠᠭᠤᠰᠬᠠᠪᠠ᠃ ᠡᠭᠦᠨ ᠤ ᠬᠠᠮᠲᠤ᠂ ᠡᠯ᠎ᠡ ᠲᠥᠷᠥᠯ  ᠤᠨ ᠪᠠᠶᠢᠩᠭᠤ ᠶᠢᠨ ᠠᠷᠠᠴᠢᠯᠠᠨ ᠬᠠᠮᠠᠭᠠᠯᠠᠬᠤ ᠠᠵᠢᠯ ᠢ ᠴᠠᠭ ᠲᠤᠬᠠᠶ ᠳᠤᠨᠢ ᠬᠢᠵᠦ᠂ ᠴᠢᠬᠢ ᠮᠣᠳᠣ ᠨᠥᠬᠦᠵᠦ ᠳᠠᠷᠢᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠴᠡᠴᠡᠷᠯᠢᠭ ᠵᠠᠮ ᠵᠢᠴᠢ ᠵᠠᠮ ᠤᠨ ᠳ᠋ᠧᠩ ᠢ ᠬᠠᠮᠠᠭᠠᠯᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠠᠵᠢᠯ ᠢ ᠥᠷᠨᠢᠭᠦᠯᠪᠡ᠃
        ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ