内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ  ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠵᠠᠢ
        ᠨᠡᠶᠢᠲᠡᠯᠡᠭᠰᠡᠨ ᠴᠠᠭ᠄
        2021/5/28
              5 ᠰᠠᠷ᠎ᠠ ᠶᠢᠨ 27 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ 
        1.jpg
               ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠯᠢ ᠷᠦᠡᠭ ᠰᠢ᠂ ᠯᠢᠶᠠᠨ ᠰᠤ᠋᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠨᠭ᠌᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 63 ᠪᠦᠷᠢᠯᠳᠦᠭᠦᠨ ᠲᠠᠢ᠂ 57 ᠬᠦᠮᠦᠨ ᠨᠢ ᠲᠤᠰ ᠤᠳᠠᠭᠠᠨ ᠤ ᠪᠦᠭᠦᠳᠡ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠠ᠃ 
        2.jpg
               ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠭᠦ ᠠᠷᠭ᠎ᠠ︾ ᠵᠡᠷᠭᠡ 4 ᠤᠷᠤᠨ ᠨᠤᠳᠤᠬ ᠤᠨ ᠴᠢᠨᠠᠷᠳᠠᠢ ᠬᠠᠤᠯᠢ ᠲᠤᠬᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭᠠᠯ︔ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠷᠤᠨ ᠨᠤᠳᠤᠬ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠤᠯᠢ﹀ ᠶᠢ ᠬᠡᠷᠡᠭᠵᠢᠭᠦᠯᠭᠦ ᠠᠷᠭ᠎ᠠ︾ ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭᠠᠯ᠂ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠳᠠᠬᠢ ᠬᠢᠨᠠᠯᠳᠠ ᠶᠢ ᠴᠢᠩᠭᠠᠳᠬᠠᠬᠤ ᠲᠤᠬᠠᠢ ᠲᠤᠬᠳᠠᠭᠠᠯ ᠢ ᠪᠠᠳᠤᠯᠠᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠤᠮᠤ ᠰᠢᠶᠠᠩ ᠪᠠᠯᠭᠠᠰᠦ᠂ ᠬᠤᠰᠢᠭᠤ ᠰᠢᠶᠠᠨ ︵ᠬᠤᠳᠠ᠂ ᠲᠤᠭᠤᠷᠢᠭ︶ ᠪᠠ ᠲᠤᠭᠤᠷᠢᠭ ᠲᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠬ ᠤᠨ ᠲᠤᠬᠠᠢ ᠲᠤᠬᠳᠠᠭᠠᠯ︔ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠳᠤᠭ᠎ᠠ ᠶᠢ ᠲᠠᠬᠢᠨ ᠲᠤᠬᠳᠠᠭᠠᠬᠤ ᠲᠤᠬᠠᠢ ᠲᠤᠬᠳᠠᠭᠠᠯ︔ ᠲᠤᠭᠤᠷᠢᠭ ᠲᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠤ ᠳᠤᠭ᠎ᠠ ᠶᠢᠨ ᠲᠤᠬᠠᠢ ᠲᠤᠬᠳᠠᠭᠠᠯ︔ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠤ ᠳᠤᠭ᠎ᠠ ᠶᠢᠨ ᠲᠤᠬᠠᠢ ᠲᠤᠬᠳᠠᠭᠠᠯ︔ ᠬᠡᠰᠡᠭ ᠰᠤᠮᠤ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠳᠤᠭ᠎ᠠ ᠶᠢ ᠠᠰ ᠲᠤᠨᠢ ᠵᠠᠭᠤᠨ ᠤ ᠲᠠᠪᠤ ᠪᠠᠷ ᠨᠡᠮᠡᠭᠳᠡᠭᠦᠯᠭᠦ ᠲᠤᠬᠠᠢ ᠲᠤᠬᠳᠠᠭᠠᠯ ᠢ ᠪᠠᠳᠤᠯᠠᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠦᠪᠡᠷᠳᠡᠭᠡᠨ ᠵᠠᠰᠠᠬᠤ ᠤᠷᠤᠨ ᠤ ᠭᠡᠷ᠎ᠠ ᠶᠢᠨ ᠭᠠᠶᠢᠯᠢ ᠶᠢᠨ ᠨᠠᠷᠢᠨ ᠪᠤᠳᠠᠳᠠᠢ ᠲᠤᠬᠢᠷᠠᠮᠵᠢᠳᠠᠢ ᠭᠠᠶᠢᠯᠢ ᠶᠢᠨ ᠨᠤᠷᠮ᠎ᠠ ᠵᠡᠷᠭᠡ ᠵᠦᠢᠯᠡᠰ ᠤᠨ ᠲᠤᠬᠠᠢ ᠲᠤᠬᠳᠠᠭᠠᠯ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ 2021 ᠤᠨ ᠤ ᠰᠢᠨ᠎ᠠ ᠪᠠᠷ ᠨᠡᠮᠡᠭᠳᠡᠭᠰᠡᠨ ᠤᠷᠤᠨ ᠨᠤᠳᠤᠬ ᠤᠨ ᠵᠠᠰᠠᠬ ᠤᠨ ᠤᠷᠳᠤᠨ ᠤ ᠡᠩ ᠤᠨ ᠵᠢᠭᠡᠯᠡᠯᠭᠡ ᠶᠢᠨ ᠲᠡᠮᠳᠡᠭᠳᠤ ᠲᠠᠷᠬᠠᠭᠠᠬᠤ ᠶᠢ ᠵᠦᠪᠰᠢᠶᠡᠷᠡᠭᠦ ᠲᠤᠬᠠᠢ ᠰᠢᠢᠳᠪᠤᠷᠢ ᠶᠢ ᠪᠠᠳᠤᠯᠠᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠲᠤᠰᠢᠶᠠᠬᠰᠠᠨ 1 ᠳ᠋ᠦ᠋ᠭᠡᠷ ᠨᠤᠮᠧᠷᠳᠤ ᠠᠴᠠ 18 ᠳ᠋ᠤᠭᠠᠷ ᠨᠤᠮᠧᠷᠳᠤ ᠬᠦᠷᠳᠡᠯᠡᠬᠢ ᠰᠠᠨᠠᠯ ᠵᠦᠪᠯᠡᠯᠭᠡ ᠶᠢ ᠰᠢᠢᠳᠪᠤᠷᠢᠯᠡᠭᠰᠡᠨ ᠪᠠᠶᠢᠳᠠᠯ ᠤᠨ ᠮᠡᠳᠡᠭᠦᠯᠦᠯᠳᠡ ᠶᠢ ᠪᠠᠳᠤᠯᠠᠪᠠ︔ ︽ᠤᠨᠴᠠ ᠵᠠᠷᠢᠮ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠬᠢᠷᠢ ᠭᠡᠮ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠮᠡᠳᠡᠭᠦᠯᠦᠯᠳᠡ︾ ᠶᠢ ᠪᠠᠳᠤᠯᠠᠪᠠ᠃      ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠪᠠ᠃      ᠱᠢ ᠲᠠᠢ ᠹᠸᠡᠭ ᠠᠴᠠ ᠹᠸᠡᠭ ᠢᠤᠢ ᠵᠧᠨ᠂ ᠨᠢᠤ ᠵᠢᠶᠦ᠋ᠨ ᠶᠠᠨ᠂ ᠪᠠᠢ ᠶᠦᠡᠭ ᠫᠢᠡᠭ᠂ ᠵᠤᠤ ᠳ᠋ᠠ ᠶᠦᠡᠭ᠂ ᠵᠢᠤᠢ ᠱᠤ᠋ ᠸᠧᠨ ᠳᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ᠃      ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠳ ᠦᠨᠳᠦᠰᠦᠨ ᠬᠠᠤᠯᠢ ᠳᠤ ᠲᠦᠪ ᠴᠢᠩᠭ᠎ᠠ ᠪᠠᠷ ᠲᠠᠩᠭᠠᠷᠢᠬᠯᠠᠪᠠ᠃ 
        3.jpg
              5 ᠰᠠᠷ᠎ᠠ ᠶᠢᠨ 27 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠶᠤᠰᠤᠯᠠᠯ ᠢ ᠡᠷᠬᠢᠯᠡᠭᠰᠡᠨ ᠪᠦᠭᠡᠳ ᠲᠠᠩᠭᠠᠷᠢᠭᠯᠠᠬᠤ ᠶᠢ ᠬᠢᠨᠠᠪᠠ᠃ ᠵᠢᠷᠤᠭ ᠪᠤᠯ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠳ ᠬᠠᠤᠯᠢ ᠶᠤᠰᠤᠭᠠᠷ ᠦᠨᠳᠦᠰᠦᠨ ᠬᠠᠤᠯᠢ ᠳᠤ ᠲᠦᠪ ᠴᠢᠩᠭ᠎ᠠ ᠪᠠᠷ ᠲᠠᠩᠭᠠᠷᠢᠬᠯᠠᠵᠤ ᠪᠠᠶᠢᠭ᠎ᠠ ᠨᠢ᠃      ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ      ᠬᠤᠷᠠᠯ ᠠᠴᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠦᠷᠢᠮ ︵ᠲᠦᠰᠤᠯ︶︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠪᠠ ᠮᠠᠯᠵᠢᠬᠤ ᠶᠢ ᠵᠤᠬᠰᠤᠭᠠᠵᠣ ᠰᠡᠯᠭᠦᠨ ᠮᠠᠯᠵᠢᠬᠤ ᠲᠦᠷᠢᠮ ︵ᠲᠦᠰᠤᠯ︶︾ ᠪᠤᠯ ᠡᠨᠡ ᠵᠢᠯ ᠤᠨ ᠭᠤᠤᠯᠳᠠᠯᠭ᠎ᠠ ᠲᠠᠢ ᠬᠠᠤᠯᠢ ᠲᠤᠬᠳᠠᠭᠠᠬᠤ ᠲᠦᠷᠤᠯ ᠵᠦᠢᠯ ᠪᠤᠯᠤᠨ᠎ᠠ᠂ ᠬᠠᠮᠢᠶ᠎ᠠ ᠪᠦᠭᠦᠢ ᠰᠠᠯᠠᠭ᠎ᠠ ᠮᠦᠴᠢᠷ ᠠᠴᠠ ᠬᠤᠶᠠᠷ ᠲᠦᠷᠢᠮ ︵ᠲᠦᠰᠤᠯ︶ ᠢ ᠤᠯᠠᠮ ᠨᠢᠭᠡ ᠠᠯᠬᠤᠮ ᠵᠠᠰᠠᠪᠤᠷᠢ ᠤᠷᠤᠭᠤᠯᠤᠨ ᠲᠡᠭᠦᠯᠳᠡᠷᠵᠢᠭᠦᠯᠭᠦ ᠶᠢᠨ ᠬᠠᠮᠳᠤ᠂ ᠦᠷᠭᠡᠨ ᠲᠡᠯᠭᠡᠷ ᠢᠶᠠᠷ ᠰᠠᠨᠠᠯ ᠬᠤᠷᠢᠶᠠᠵᠦ᠂ ᠲᠦᠷᠢᠮ ᠤᠨ ᠬᠠᠨᠳᠤᠯᠭᠠᠳᠤ ᠴᠢᠨᠠᠷ᠂ ᠲᠤᠬᠢᠷᠠᠮᠵᠢᠳᠤ ᠴᠢᠨᠠᠷ ᠪᠠ ᠬᠡᠷᠡᠭᠵᠢᠭᠦᠯᠦᠭᠦᠰᠢᠳᠠᠢ ᠴᠢᠨᠠᠷ ᠢ ᠦᠨᠡᠨ ᠬᠦ ᠴᠢᠩᠭᠠᠳᠬᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠳᠠᠬᠢ ᠬᠢᠨᠠᠯᠳᠠ ᠶᠢ ᠴᠢᠩᠭᠠᠳᠬᠠᠬᠤ ᠲᠤᠬᠠᠢ ᠲᠤᠬᠳᠠᠭᠠᠯ ᠨᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠠᠮ ᠤᠨ ᠲᠦᠪ ᠬᠤᠷᠢᠶ᠎ᠠ ᠠᠴᠠ ᠤᠯᠭᠤᠬᠰᠠᠨ ᠤᠯᠤᠰ ᠤᠨ ᠦᠮᠴᠢᠯᠠᠯᠳᠤ ᠡᠳ᠋ ᠬᠦᠷᠦᠩᠭᠡ ᠳᠤ ᠬᠢᠨᠠᠯᠳᠠ ᠲᠠᠯᠪᠢᠬᠤ ᠰᠢᠨ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠦ ᠳᠤ ᠬᠦᠴᠤᠲᠠᠢ ᠬᠠᠤᠯᠢᠵᠢᠯ ᠤᠨ ᠪᠠᠳᠤᠯᠠᠭ᠎ᠠ ᠬᠠᠨᠭ᠍ᠭᠠᠵᠠᠢ᠂ ᠡᠯ᠎ᠠ ᠱᠠᠳᠤᠨ ᠤ ᠵᠠᠰᠠᠬ ᠤᠨ ᠤᠷᠳᠤᠨ ︽ᠲᠤᠭᠳᠠᠭᠠᠯ︾ ᠤᠨ ᠱᠠᠭᠠᠷᠳᠠᠯᠭ᠎ᠠ ᠶᠤᠰᠤᠭᠠᠷ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠦᠰᠦᠨᠦᠭᠳᠤ ᠪᠠᠷ ᠮᠡᠳᠡᠭᠦᠯᠭᠦ ᠰᠢᠰᠲ᠋ᠧᠮ ᠪᠠ ᠬᠢᠨᠠᠨ ᠦᠨᠡᠯᠡᠭᠦ ᠭᠦᠢᠴᠡᠳᠭᠡᠯ ᠲᠤᠭ᠎ᠠ ᠶᠢᠨ ᠰᠢᠰᠲ᠋ᠧᠮ ᠵᠢᠴᠢ ᠴᠡᠭᠴᠡᠯᠡᠨ ᠰᠠᠶᠢᠵᠢᠷᠠᠭᠤᠯᠬᠤ ᠪᠠ ᠬᠠᠷᠢᠭᠤᠴᠠᠯᠭ᠎ᠠ ᠲᠤᠯᠭᠠᠬᠤ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠬᠳᠠᠭᠠᠯ ᠶᠤᠰᠤᠭᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠪᠠᠶᠢᠳᠠᠯ ᠤᠨ ᠮᠡᠳᠡᠭᠦᠯᠦᠯᠳᠡ ᠬᠢᠬᠦ ᠬᠡᠷᠡᠭᠳᠡᠢ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠭᠡ ︵2021 — 2035 ᠤᠨ︶︾ ᠨᠢ ᠦᠢᠯᠡᠳᠪᠤᠷᠢᠯᠡᠯ᠂ ᠠᠮᠢᠳᠤᠷᠠᠯ᠂ ᠠᠮᠢ ᠠᠬᠤᠢ ᠶᠢᠨ ᠤᠷᠤᠨ ᠵᠠᠢ ᠶᠢ ᠰᠢᠨᠵᠢᠯᠡᠭᠦ ᠤᠬᠠᠭᠠᠨᠴᠢ ᠪᠠᠷ ᠪᠠᠶᠢᠷᠢᠯᠠᠭᠤᠯᠵᠦ᠂ ᠢᠷᠡᠭᠡᠳᠦᠢ ᠶᠢᠨ 15 ᠵᠢᠯ ᠤᠨ ᠮᠠᠨ ᠤ ᠤᠷᠤᠨ ᠤ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠭᠡ ᠶᠢᠨ ᠰᠢᠰᠲ᠋ᠧᠮ ᠤᠨ ︽ᠨᠢᠷᠤᠭᠤ ᠲᠤᠯᠭᠠᠭᠤᠷᠢ︾ ᠶᠢ ᠪᠦᠷᠢᠯᠳᠦᠭᠦᠯᠵᠠᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠷᠠᠳᠤᠨ ᠭᠠᠷᠭᠠᠬᠰᠠᠨ ᠬᠢᠨᠠᠨ ᠵᠦᠪᠯᠡᠭᠦ ᠰᠠᠨᠠᠯ ᠪᠠ ᠪᠦᠭᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠲᠦᠯᠦᠪᠵᠢᠭᠦᠯᠭᠡ ᠶᠢᠨ ᠬᠦᠳᠤᠯᠪᠤᠷᠢ ᠶᠢᠨ ᠲᠤᠬᠳᠠᠭᠠᠯ ᠶᠤᠰᠤᠭᠠᠷ᠂ ︽ᠲᠦᠯᠦᠪᠵᠢᠭᠦᠯᠭᠡ︾ ᠳᠤ ᠵᠠᠰᠠᠪᠤᠷᠢ ᠤᠷᠤᠭᠤᠯᠤᠨ ᠲᠡᠭᠦᠯᠳᠡᠷᠵᠢᠭᠦᠯᠭᠦ ᠶᠢᠨ ᠬᠠᠮᠳᠤ ᠴᠠᠬ ᠲᠤᠬᠠᠢ ᠳᠤᠨᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠦᠪᠰᠢᠶᠡᠷᠡᠭᠦᠯᠭᠦ ᠬᠡᠷᠡᠭᠳᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ 2020 ᠤᠨ ᠤ ᠤᠷᠴᠢᠨ ᠲᠤᠭᠤᠷᠢᠨ ᠤ ᠪᠠᠶᠢᠳᠠᠯ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠠᠯᠳᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠬᠢᠨᠠᠨ ᠵᠦᠪᠯᠡᠵᠦ᠂ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠪᠦᠷᠢᠨ ᠲᠦᠭᠦᠷ᠂ ᠵᠦᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠦ᠂ ᠪᠤᠬᠢᠷᠳᠤᠯ ᠢ ᠪᠠᠭᠠᠰᠬᠠᠵᠦ ᠨᠡᠭᠦᠷᠡᠰᠦᠳᠦ᠋ᠷᠦᠭᠴᠢ ᠶᠢ ᠪᠠᠭᠤᠷᠠᠭᠤᠯᠵᠦ ᠦᠷ᠎ᠠ ᠪᠦᠳᠤᠮᠵᠢ ᠶᠢ ᠵᠤᠬᠢᠴᠠᠭᠤᠯᠤᠨ ᠨᠡᠮᠡᠭᠳᠡᠭᠦᠯᠭᠦ ᠶᠢ ᠪᠦᠭᠦ ᠲᠠᠯ᠎ᠠ ᠪᠠᠷ ᠪᠤᠬᠢᠷᠳᠤᠯ ᠦᠭᠡᠢ ᠪᠠᠷ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠶᠡᠷᠦᠩᠭᠡᠢ ᠠᠳᠬᠤᠴᠠ ᠪᠤᠯᠭᠠᠵᠦ᠂ ᠠᠵᠦ ᠦᠢᠯᠡᠰ ᠤᠨ ᠪᠦᠳᠤᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠪᠦᠳᠦᠴᠡ᠂ ᠭᠠᠵᠠᠷ ᠰᠢᠷᠦᠢ ᠶᠢ ᠬᠡᠷᠡᠭᠯᠡᠬᠦ ᠪᠦᠲᠦᠴᠠ ᠶᠢᠨ ᠲᠤᠬᠢᠷᠠᠭᠤᠯᠤᠯᠳᠠ ᠶᠢ ᠲᠦᠷᠭᠡᠳᠭᠡᠨ ᠠᠭᠢᠭᠤᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠦ ᠦᠢᠯᠡᠰ᠂ ᠲᠡᠭᠡᠳᠤ ᠮᠡᠷᠭᠡᠵᠢᠯ ᠤᠨ ᠠᠵᠦ ᠦᠢᠯᠡᠰ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠭᠦᠯᠭᠦ ᠶᠢ ᠠᠬᠢᠭᠤᠯᠵᠤ᠂ ᠡᠨᠧᠷᠭᠢ ᠶᠢᠨ ᠠᠷᠢᠭᠤᠨ ᠴᠡᠪᠡᠷ ᠪᠠᠭ᠎ᠠ ᠨᠡᠭᠦᠷᠡᠰᠦᠳᠦ᠋ᠷᠦᠭᠴᠢᠳᠤ ᠠᠮᠤᠷ ᠲᠦᠪᠰᠢᠨ ᠦᠨᠳᠤᠷ ᠪᠦᠲᠦᠮᠵᠢᠳᠠᠢ ᠠᠰᠢᠬᠯᠠᠯᠳᠠ ᠶᠢ ᠠᠬᠢᠭᠤᠯᠵᠦ᠂ ᠨᠡᠩ ᠴᠢᠨᠠᠷ ᠰᠠᠶᠢᠳᠠᠢ᠂ ᠨᠡᠩ ᠪᠦᠲᠦᠮᠵᠢᠲᠠᠢ᠂ ᠨᠡᠩ ᠡᠷᠭᠡ ᠲᠡᠭᠰᠢ᠂ ᠨᠡᠩ ᠲᠠᠭᠠᠭᠠᠮᠠᠭᠠᠢ᠂ ᠨᠡᠩ ᠠᠮᠤᠷ ᠲᠦᠪᠰᠢᠨ ᠬᠦᠭᠵᠢᠯᠳᠠ ᠶᠢ ᠴᠢᠷᠮᠠᠶᠢᠨ ᠪᠡᠶᠡᠯᠡᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ 2016 — 2020 ᠤᠨ ᠤ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠪᠠᠶᠢᠳᠠᠯ ᠤᠨ ᠮᠡᠳᠡᠭᠦᠯᠦᠯᠳᠡ ᠶᠢ ᠬᠢᠨᠠᠨ ᠵᠦᠪᠯᠡᠵᠦ᠂ ᠡᠯ᠎ᠠ ᠱᠠᠳᠤᠨ ᠤ ᠵᠠᠰᠠᠬ ᠤᠨ ᠤᠷᠳᠤᠨ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠠᠤᠯᠢ ᠪᠠᠷ ᠵᠠᠰᠠᠬ ᠶᠠᠪᠤᠭᠤᠯᠬᠤ ᠤᠬᠠᠮᠰᠠᠷ ᠢᠶᠠᠨ ᠴᠢᠩᠳᠠᠯᠠᠵᠦ᠂ ᠲᠦᠪ ᠴᠢᠩᠭ᠎ᠠ ᠵᠢᠷᠤᠮᠵᠢᠯ ᠲᠠᠢ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠭᠦᠯᠭᠦ ᠶᠢ ᠠᠬᠢᠭᠤᠯᠵᠦ᠂ ᠠᠮᠠᠯᠠᠯᠳᠠ ᠪᠠᠨ ᠭᠦᠢᠴᠡᠳᠭᠡᠭᠦ ᠲᠤᠬᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠭᠡ ᠳᠤ ᠦᠨᠡᠨ ᠬᠦ ᠬᠠᠤᠯᠢᠵᠢᠯ ᠢᠶᠠᠷ ᠵᠢᠷᠤᠮ ᠭᠤᠷᠢᠮ᠂ ᠵᠠᠭᠠᠬ ᠬᠢᠵᠠᠭᠠᠷ ᠲᠤᠬᠳᠠᠭᠠᠵᠦ ᠦᠭᠭᠦ ᠬᠡᠷᠡᠭᠳᠡᠢ ᠭᠡᠵᠦ ᠴᠢᠬᠤᠯᠠᠴᠢᠯᠠᠪᠠ᠃ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠪᠦᠭᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠶᠠᠯ᠎ᠠ ᠪᠠᠨ ᠮᠡᠳᠡᠷᠡᠵᠦ ᠰᠢᠢᠳᠭᠡᠯ ᠢ ᠬᠦᠯᠢᠶᠡᠪᠡᠯ ᠬᠦᠩᠭᠡᠷᠡᠭᠦᠯᠦᠨ ᠰᠢᠢᠳᠭᠡᠬᠦ ᠲᠦᠷᠢᠮ ᠢ ᠳᠣᠬᠢᠷᠠᠭᠤᠯᠣᠨ ᠬᠡᠷᠡᠭᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠬᠢᠨᠠᠨ ᠵᠦᠪᠯᠡᠵᠦ᠂ ᠪᠦᠭᠦ ᠤᠷᠤᠨ ᠤ ᠪᠠᠶᠢᠴᠠᠭᠠᠬᠤ ᠪᠠᠶᠢᠭᠤᠯᠭ᠎ᠠ ᠶᠠᠯ᠎ᠠ ᠪᠠᠨ ᠮᠡᠳᠡᠷᠡᠵᠦ ᠰᠢᠢᠳᠭᠡᠯ ᠢ ᠬᠦᠯᠢᠶᠡᠪᠡᠯ ᠬᠦᠩᠭᠡᠷᠡᠭᠦᠯᠦᠨ ᠰᠢᠢᠳᠭᠡᠬᠦ ᠲᠦᠷᠢᠮ ᠤᠨ ᠴᠢᠬᠤᠯᠠ ᠴᠢᠨᠠᠷ ᠤᠨ ᠲᠠᠨᠢᠯᠳᠠ ᠪᠠᠨ ᠤᠯᠠᠮ ᠨᠢᠭᠡ ᠠᠯᠬᠤᠮ ᠬᠦᠨᠵᠡᠭᠡᠶᠢᠷᠡᠭᠦᠯᠵᠦ᠂ ᠲᠤᠳᠤᠭᠠᠳᠤ ᠶᠢ ᠬᠠᠮᠠᠭᠠᠯᠠᠬᠤ᠂ ᠰᠢᠭᠦᠭᠦ ᠬᠤᠷᠢᠶ᠎ᠠ ᠵᠡᠷᠭᠡ ᠰᠠᠯᠠᠭ᠎ᠠ ᠮᠦᠴᠢᠷ ᠲᠠᠢ ᠬᠠᠮᠳᠤᠷᠠᠨ ᠡᠷᠡᠭᠦᠦ ᠰᠢᠢᠳᠭᠡᠯ ᠢ ᠲᠤᠬᠳᠠᠭᠠᠬᠤ ᠪᠠᠷᠢᠮᠵᠢᠶ᠎ᠠ ᠶᠢ ᠵᠢᠷᠤᠮᠵᠢᠭᠤᠯᠤᠨ ᠨᠢᠭᠡᠳᠭᠡᠵᠦ᠂ ᠶᠠᠯ᠎ᠠ ᠪᠠᠨ ᠮᠡᠳᠡᠷᠡᠵᠦ ᠰᠢᠢᠳᠭᠡᠯ ᠢ ᠬᠦᠯᠢᠶᠡᠪᠡᠯ ᠬᠦᠩᠭᠡᠷᠡᠭᠦᠯᠦᠨ ᠰᠢᠢᠳᠭᠡᠬᠦ ᠲᠦᠷᠢᠮ ᠢ ᠲᠤᠬᠢᠷᠠᠭᠤᠯᠤᠨ ᠬᠡᠷᠡᠭᠯᠡᠭᠦ ᠡᠷᠴᠢᠮ ᠢᠶᠠᠨ ᠴᠢᠩᠭᠠᠷᠠᠭᠤᠯᠵᠤ᠂ ᠰᠢᠨ᠎ᠠ ᠴᠠᠬ ᠦᠶ᠎ᠠ ᠶᠢᠨ ᠠᠷᠠᠳ ᠤᠯᠠᠨ ᠤ ᠬᠠᠤᠯᠢ ᠴᠠᠭᠠᠵᠠ ᠶᠢᠨ ᠲᠦᠪ ᠭᠤᠤᠯᠴᠢ ᠰᠢᠳᠤᠷᠭᠤ ᠶᠤᠰᠤ ᠶᠢᠨ ᠱᠠᠭᠠᠷᠳᠠᠯᠭ᠎ᠠ ᠶᠢ ᠨᠡᠩ ᠰᠠᠶᠢᠳᠤᠷ ᠬᠠᠨᠭ᠍ᠭᠠᠬᠤ ᠬᠡᠷᠡᠭᠳᠡᠢ ᠭᠡᠵᠦ ᠴᠢᠬᠤᠯᠠᠴᠢᠯᠠᠪᠠ᠃      ᠡᠨᠡ ᠵᠢᠯ ᠪᠤᠯ ᠬᠤᠳᠠ᠂ ᠰᠢᠶᠠᠨ᠂ ᠰᠢᠶᠠᠩ ᠭᠤᠷᠪᠠᠨ ᠱᠠᠳᠤᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠵᠢᠯ ᠮᠦᠨ᠂ ᠲᠤᠰ ᠤᠳᠠᠭᠠᠨ ᠤ ᠬᠤᠷᠠᠯ ᠠᠴᠠ ᠲᠤᠭᠤᠷᠢᠭ ᠲᠠᠢ ᠬᠤᠳᠠ᠂ ᠬᠤᠰᠢᠭᠤ ᠰᠢᠶᠠᠨ ᠬᠤᠳᠠ ᠲᠤᠭᠤᠷᠢᠭ᠂ ᠰᠤᠮᠤ ᠰᠢᠶᠠᠩ ᠪᠠᠯᠭᠠᠰᠦ ᠭᠤᠷᠪᠠᠨ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠬ ᠪᠠ ᠬᠤᠳᠠ᠂ ᠰᠢᠶᠠᠨ ᠬᠤᠶᠠᠷ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠤ ᠨᠡᠷᠡᠰ ᠤᠨ ᠲᠤᠭ᠎ᠠ ᠵᠡᠷᠭᠡ 5 ᠲᠤᠬᠳᠠᠭᠠᠯ ᠢ ᠪᠠᠳᠤᠯᠠᠵᠠᠢ᠂ ᠡᠯ᠎ᠠ ᠭᠠᠵᠠᠷ ᠤᠷᠤᠨ ᠲᠤᠬᠳᠠᠭᠠᠯ ᠤᠨ ᠱᠠᠭᠠᠷᠳᠠᠯᠭ᠎ᠠ ᠶᠤᠰᠤᠭᠠᠷ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠰᠲ᠋ᠧᠮ ᠤᠨ ᠤᠢᠢᠯᠠᠭᠠᠬᠳᠠᠬᠤᠨ ᠢᠶᠠᠨ ᠴᠢᠩᠳᠠᠯᠠᠵᠦ᠂ ᠠᠵᠢᠯ ᠤᠨ ᠨᠢᠭᠡᠳᠦᠯᠳᠡᠢ ᠲᠦᠯᠦᠪᠵᠢᠭᠦᠯᠭᠡ ᠪᠠᠨ ᠴᠢᠩᠭᠠᠳᠬᠠᠵᠦ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠡᠯ᠎ᠠ ᠲᠦᠷᠤᠯ ᠤᠨ ᠠᠵᠢᠯ ᠢ ᠡᠷᠴᠢᠮ ᠲᠠᠢ ᠡᠮᠭᠢ ᠵᠢᠷᠤᠮ ᠲᠠᠢ ᠰᠠᠶᠢᠳᠤᠷ ᠬᠢᠭᠦ ᠬᠡᠷᠡᠭᠳᠡᠢ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠪᠠ ᠬᠡᠰᠡᠭ ᠵᠠᠰᠠᠬ ᠤᠨ ᠤᠷᠳᠤᠨ ᠤ ᠪᠦᠷᠢᠯᠳᠦᠭᠦᠨ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠭᠦᠳ ᠵᠡᠷᠭᠡ ᠶᠢᠨ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠵᠦ᠂ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠨ ᠨᠦᠭᠦᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠠᠷᠠᠳ ᠲᠦᠮᠡᠨ ᠠᠴᠠ ᠤᠯᠭᠤᠬᠰᠠᠨ ᠡᠷᠭᠡ ᠪᠠᠨ ᠵᠦᠪ ᠤᠨᠤᠪᠴᠢᠳᠠᠢ ᠬᠡᠷᠡᠭᠵᠢᠭᠦᠯᠵᠦ᠂ ᠨᠠᠮ ᠪᠠ ᠠᠷᠠᠳ ᠲᠦᠮᠡᠨ ᠤ ᠬᠦᠨᠳᠤ ᠨᠠᠶᠢᠳᠠᠯᠭ᠎ᠠ ᠶᠢ ᠬᠦᠰᠡᠷᠳᠡᠭᠦᠯᠭᠦ ᠦᠭᠡᠢ᠂ ᠦᠪᠤᠷ ᠮᠤᠩᠭᠤᠯ ᠤᠨ ᠦᠭᠡᠷᠡᠴᠢᠯᠡᠯᠳᠡ ᠬᠦᠭᠵᠢᠯᠳᠠ ᠲᠤᠬᠳᠠᠭᠤᠨ ᠤ ᠡᠯ᠎ᠠ ᠲᠦᠷᠦᠯ ᠤᠨ ᠠᠵᠢᠯ ᠦᠢᠯᠡᠰ ᠲᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃ 
        ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ