内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠪᠠ  ᠱᠢ ᠲᠠᠢ ᠹᠧᠩ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠯᠢ ᠰᠢᠤ ᠯᠢᠩ ᠣᠷᠣᠯᠴᠠᠵᠠᠢ
        ᠨᠡᠶᠢᠲᠡᠯᠡᠭᠰᠡᠨ ᠴᠠᠭ᠄
        2021/6/1
              5 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠶᠡᠭᠡ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠬᠢᠵᠢᠭ ᠲᠠᠢ ᠲᠡᠮᠡᠴᠡᠭᠰᠡᠨ ᠶᠡᠭᠡ ᠳᠠᠶᠢᠯᠠᠯᠳᠤᠭᠠᠨ᠂ ᠲᠡᠦᠬᠡ ᠶᠢᠨ ᠶᠡᠭᠡ ᠰᠢᠯᠭᠠᠯᠲᠠ ᠶᠢᠨ ᠲᠤᠷᠰᠢᠯᠭ᠎ᠠ ᠰᠡᠩᠬᠡᠷᠡᠭᠦᠯᠦᠯ ᠢ ᠭᠦᠨᠵᠡᠭᠡᠢ ᠬᠡᠷᠡᠭᠯᠡᠵᠦ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠲᠡᠮᠡᠴᠡᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ 
        0601自治区抗击新冠肺炎疫情表彰大会在呼隆重举行-石泰峰出席并讲话-李秀领出席.jpg
              ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠᠯᠢᠦ ᠴᠢ ᠹᠠᠨ᠂ ᠪᠠᠶ ᠢᠦᠶ ᠭᠠᠩ᠂ ᠳ᠋ᠤᠸᠠᠨ ᡁᠢ ᠴᠢᠶᠠᠩ᠂ ᠨᠠᠰᠤᠨᠮᠦ᠋ᠡᠭᠭᠡ᠂ ᠡᠸᠤ ᠶᠠᠩ ᠰᠢᠶᠤᠤ ᠬᠤᠶ᠂ ᠴᠢ᠊ ᠪᠠᠲᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠶ ᠳ᠋ᠦᠩ ︽ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠣᠯᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ︽ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠬᠤᠷᠠᠯ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ 
              ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠬᠠᠮᠲᠤ ᠵᠢᠴᠢ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠲᠡᠮᠡᠴᠡᠯ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠪᠤᠢ ᠪᠦᠬᠦᠢ ᠣᠷᠣᠯᠴᠠᠭᠴᠢ᠂ ᠲᠡᠮᠡᠴᠡᠭᠴᠢ᠂ ᠬᠤᠪᠢ ᠨᠡᠮᠡᠷᠢ ᠦᠵᠡᠭᠦᠯᠦᠭᠴᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠥᠪᠥᠷ ᠮᠣᠩᠭᠤᠯ ᠤᠨ ᠬᠢᠵᠢᠭ ᠲᠠᠢ ᠲᠡᠮᠡᠴᠡᠬᠦ ᠠᠵᠢᠯ ᠢ ᠶᠡᠭᠡ ᠪᠠᠷ ᠳᠡᠮᠵᠢᠭᠰᠡᠨ ᠤᠯᠤᠰ ᠤᠨ ᠶᠠᠮᠤᠨ ᠵᠥᠪᠯᠡᠯ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠪᠠᠶᠢᠭᠤᠯᠭ᠎ᠠ ᠨᠢᠭᠡᠴᠢ᠂ ᠠᠬ᠎ᠠ ᠳᠡᠭᠦᠦ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠥᠪᠥᠷ ᠮᠣᠩᠭᠤᠯ ᠳᠤ ᠬᠠᠯᠠᠮᠵᠢᠯᠠᠯ ᠬᠠᠪᠰᠤᠷᠤᠯᠭ᠎ᠠ ᠦᠵᠡᠭᠦᠯᠦᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠤᠨ ᠡᠮᠦᠨ᠎ᠡ ᠹᠷᠦᠨᠲ ᠢ ᠦᠷᠭᠦᠯᠵᠢᠯᠡᠨ ᠪᠠᠲᠤ ᠰᠠᠬᠢᠵᠤ ᠪᠠᠶᠢᠭ᠎ᠠ ᠨᠥᠬᠦᠳ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠬᠢᠵᠢᠭ ᠲᠠᠢ ᠲᠡᠮᠡᠴᠡᠬᠦ ᠶᠢᠨ ᠲᠥᠯᠥᠭᠡ ᠪᠡᠶ᠎ᠡ ᠦᠷᠡᠭᠳᠡᠭᠰᠡᠨ ᠪᠠᠭᠠᠲᠤᠷᠴᠤᠳ ᠢ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃ ᠲᠡᠷᠡ᠂ ᠭᠡᠨᠡᠳᠲᠡ ᠪᠠᠷ ᠲᠠᠭᠠᠷᠢᠨ ᠢᠷᠡᠭᠰᠡᠨ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠰᠢᠭᠤᠷᠬᠠᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠶᠡᠷᠦ ᠪᠤᠰᠤ ᠶᠢᠨ ᠠᠵᠢᠯᠯᠠᠭ᠎ᠠ ᠪᠠᠷ ᠶᠡᠷᠦ ᠪᠤᠰᠤ ᠶᠢᠨ ᠶᠠᠪᠤᠳᠠᠯ ᠢ ᠠᠷᠭᠠᠴᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠷ ᠳᠠᠯᠠᠶᠢᠴᠠᠲᠠᠢ ᠠᠷᠠᠳ ᠤᠨ ᠲᠠᠶᠢᠨ᠂ ᠶᠡᠷᠦᠩᠬᠡᠢ ᠳᠠᠶᠢᠯᠠᠯᠳᠤᠭᠠᠨ᠂ ᠬᠤᠷᠢᠡᠡᠯᠠᠯᠳᠠ ᠶᠢᠨ ᠳᠠᠶᠢᠯᠠᠯᠳᠤᠭᠠᠨ ᠢ ᠡᠬᠢᠯᠡᠭᠦᠯᠵᠦ᠂ ᠬᠢᠵᠢᠭ ᠲᠠᠢ ᠲᠡᠮᠡᠴᠡᠬᠦ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠢ ᠣᠯᠵᠤ᠂ ᠬᠥᠮᠦᠨ ᠲᠥᠷᠥᠯᠬᠢᠲᠡᠨ ᠤ ᠡᠪᠡᠳᠴᠢᠨ ᠡᠮᠭᠡᠭ ᠲᠠᠢ ᠲᠡᠮᠡᠴᠡᠭᠰᠡᠨ ᠲᠡᠦᠬᠡᠨ ᠳᠡᠭᠡᠷᠡᠬᠢ ᠪᠠᠰᠠ ᠨᠢᠭᠡᠨ ᠪᠠᠭᠠᠲᠤᠷᠯᠢᠭ ᠠᠵᠢᠯᠯᠠᠭ᠎ᠠ ᠶᠢ ᠡᠭᠦᠳᠴᠡᠢ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠪᠦᠬᠦ ᠣᠷᠣᠨ ᠤ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠣᠷᠣᠨ ᠲᠠᠶᠠᠭᠠᠷ ᠤᠨ ᠬᠦᠴᠦᠨ ᠢ ᠳᠠᠶᠢᠴᠢᠯᠡᠨ ᠬᠢᠵᠢᠭ ᠲᠠᠢ ᠲᠡᠮᠡᠴᠡᠬᠦ ᠥᠪᠥᠷ ᠮᠣᠩᠭᠤᠯ ᠤᠨ ᠳᠠᠶᠢᠯᠠᠯᠳᠤᠭᠠᠨ ᠢ ᠰᠠᠶᠢᠲᠤᠷ ᠬᠢᠵᠥ᠂ ᠬᠤᠪᠧᠶ ᠶᠢ ᠲᠤᠰᠠᠯᠠᠬᠤ ᠳᠠᠶᠢᠯᠠᠯᠳᠤᠭᠠᠨ᠂ ᠨᠡᠶᠢᠰᠯᠡᠯ ᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠥ᠂ ᠬᠢᠵᠢᠭ ᠤᠨ ᠦᠷᠪᠢᠰᠦᠨ ᠳᠡᠯᠭᠡᠷᠡᠬᠦ ᠬᠠᠨᠳᠤᠰᠢ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠡᠡᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠠᠬᠢᠵᠢᠭᠦᠯᠵᠥ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠂ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠥᠪᠥᠷ ᠮᠣᠩᠭᠤᠯ ᠤᠨ ᠡᠭᠦᠷᠭᠡᠯᠡᠯ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠤᠨ᠂ ᠥᠪᠥᠷ ᠮᠣᠩᠭᠤᠯ ᠤᠨ ᠬᠦᠴᠦᠨ ᠢᠶᠠᠨ ᠡᠷᠭᠦᠵᠥ᠂ ᠬᠢᠵᠢᠭ ᠤᠨ ᠪᠠᠶᠢᠳᠠᠯ ᠤᠨ ᠠᠰᠢᠭ ᠦᠭᠡᠢ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠢᠯᠠᠨ ᠳᠠᠪᠠᠵᠥ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠢ ᠪᠠᠲᠤᠯᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠶᠡᠭᠡ ᠲᠠᠯ᠎ᠠ ᠢᠮᠠᠭᠲᠠ ᠲᠣᠭᠲᠠᠭᠤᠨ ᠪᠠᠶᠢᠬᠤ ᠶᠢ ᠪᠠᠲᠤᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠵᠥ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠵᠥ᠂ ᠬᠢᠵᠢᠭ ᠲᠠᠢ ᠲᠡᠮᠡᠴᠡᠭᠰᠡᠨ ᠶᠡᠷᠦ ᠪᠤᠰᠤ ᠶᠢᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠵᠠᠢ ᠬᠡᠪᠡ᠃      ᠱᠢ ᠲᠠᠢ ᠹᠧᠩ᠂ ᠡᠨᠡ ᠬᠦ ᠲᠠᠷᠢ ᠶᠢᠨ ᠤᠳᠤᠭ᠎ᠠ ᠦᠭᠡᠢ ᠪᠣᠯᠪᠠᠴᠤ ᠦᠬᠦᠵᠦ ᠰᠡᠬᠡᠬᠦ ᠳᠤ ᠬᠤᠯᠪᠤᠭᠳᠠᠭᠰᠠᠨ ᠳᠠᠶᠢᠯᠠᠯᠳᠤᠭᠠᠨ ᠳᠤᠮᠳᠠ᠂ ᠡᠯ᠎ᠡ ᠹᠷᠦᠨᠲ ᠲᠤ ᠨᠢᠭᠡ ᠪᠦᠯᠦᠭ ᠮᠠᠭᠲᠠᠨ ᠳᠠᠭᠤᠯᠠᠭᠤᠰᠢᠲᠠᠢ ᠲᠡᠷᠢᠭᠦᠨ ᠤ ᠨᠡᠶᠢᠲᠡᠯᠢᠭ ᠵᠢᠱᠢᠶ᠎ᠡ ᠪᠣᠯᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠴᠣᠯᠭᠤᠷᠠᠨ᠂ ᠪᠠᠭᠠᠲᠤᠷᠯᠢᠭ ᠠᠷᠠᠳ ᠲᠦᠮᠡᠨ ᠪᠣᠯᠤᠨ ᠠᠷᠠᠳ ᠲᠦᠮᠡᠨ ᠤ ᠪᠠᠭᠠᠲᠤᠷᠴᠤᠳ ᠬᠢᠵᠢᠭ ᠲᠠᠢ ᠲᠡᠮᠡᠴᠡᠬᠦ ᠲᠡᠮᠡᠴᠡᠯ ᠤᠨ ᠳᠤᠮᠳᠠ ᠰᠦᠷ ᠵᠢᠪᠬᠤᠯᠠᠩᠲᠤ ᠢᠯᠠᠯᠲᠠ ᠶᠢᠨ ᠳᠠᠭᠤᠤ ᠶᠢ ᠬᠠᠮᠲᠤ ᠪᠠᠷ ᠪᠢᠴᠢᠭᠯᠡᠭᠰᠡᠨ ᠪᠠᠶᠢᠨ᠎ᠠ᠃ ᠪᠢᠳᠡ ᠬᠠᠮᠠᠭᠠᠯᠠᠯᠳᠠ ᠶᠢᠨ ᠴᠠᠭᠠᠨ ᠬᠤᠪᠴᠠᠰᠤ ᠪᠠᠨ ᠡᠮᠦᠰᠴᠤ᠂ ᠠᠶᠤᠯ ᠢ ᠰᠦᠷᠤᠨ ᠤᠷᠤᠭᠰᠢᠯᠠᠭᠰᠠᠨ ᠥᠷᠭᠡᠨ ᠤᠯᠠᠨ ᠡᠮᠨᠡᠯᠭᠡ ᠶᠢᠨ ᠠᠵᠢᠯᠳᠠᠨ ᠳᠤ ᠬᠦᠨᠳᠦᠳᠬᠡᠯ ᠳᠡᠪᠰᠢᠭᠦᠯᠵᠦ᠂ ᠲᠡᠳᠡᠨ ᠤ ᠡᠮᠴᠢ ᠬᠦᠮᠦᠨ ᠤ ᠡᠨᠡᠷᠢᠩᠭᠦᠢ ᠰᠡᠳᠬᠢᠯ᠂ ᠦᠯᠡᠮᠵᠢ ᠶᠢᠨ ᠶᠡᠭᠡ ᠬᠠᠶᠢᠷ᠎ᠠ ᠪᠦᠬᠦᠢ ᠡᠷᠬᠢᠮ ᠳᠡᠭᠡᠳᠦ ᠵᠣᠷᠢᠭ ᠰᠠᠨᠠᠭ᠎ᠠ ᠳᠤ ᠬᠦᠨᠳᠦᠳᠬᠡᠯ ᠳᠡᠪᠰᠢᠭᠦᠯᠬᠦ ᠬᠡᠷᠡᠭᠳᠡᠢ︔ ᠪᠢᠳᠡ ᠦᠭᠡ ᠳᠠᠭᠤᠨ ᠦᠭᠡᠢ ᠪᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠢᠷᠭᠠᠭᠤ ᠬᠠᠲᠠᠭᠤᠵᠢᠯᠲᠠᠢ ᠪᠠᠷ ᠬᠤᠪᠢ ᠨᠡᠮᠡᠷᠢ ᠦᠵᠡᠭᠦᠯᠦᠭᠰᠡᠨ ᠡᠯ᠎ᠡ ᠠᠵᠢᠯ ᠲᠦᠷᠦᠯ ᠤᠨ ᠬᠥᠳᠡᠯᠮᠦᠷᠢᠴᠢᠳ ᠲᠤ ᠬᠦᠨᠳᠦᠳᠬᠡᠯ ᠳᠡᠪᠰᠢᠭᠦᠯᠵᠦ᠂ ᠲᠡᠳᠡᠨ ᠤ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠦᠭᠰᠡᠨ ᠡᠷᠬᠢᠮ ᠨᠠᠨᠳᠢᠨ ᠵᠠᠩ ᠴᠢᠨᠠᠷ ᠲᠤ ᠬᠦᠨᠳᠦᠳᠬᠡᠯ ᠳᠡᠪᠰᠢᠭᠦᠯᠬᠦ ᠬᠡᠷᠡᠭᠳᠡᠢ︔ ᠪᠢᠳᠡ ᠡᠮᠦᠨ᠎ᠡ ᠨᠢ ᠭᠠᠪᠰᠢᠭᠠᠶᠢᠯᠠᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠭᠰᠡᠨ ᠨᠠᠮ ᠤᠨ ᠭᠡᠰᠢᠭᠦᠨ ᠺᠠᠳ᠋ᠷᠴᠤᠳ ᠲᠤ ᠬᠦᠨᠳᠦᠳᠬᠡᠯ ᠳᠡᠪᠰᠢᠭᠦᠯᠵᠦ᠂ ᠲᠡᠳᠡᠨ ᠤ ᠪᠠᠭᠠᠲᠤᠷᠯᠢᠭ ᠢᠶᠠᠷ ᠲᠡᠮᠡᠴᠡᠵᠦ᠂ ᠦᠷᠡᠭᠳᠡᠬᠦ ᠠᠴᠠ ᠠᠶᠤᠬᠤ ᠦᠭᠡᠢ ᠪᠠᠶᠢᠬᠤ ᠰᠢᠯᠢᠳᠡᠭ ᠵᠠᠩ ᠰᠤᠷᠲᠠᠯ ᠳᠤ ᠬᠦᠨᠳᠦᠳᠬᠡᠯ ᠳᠡᠪᠰᠢᠭᠦᠯᠬᠦ ᠬᠡᠷᠡᠭᠲᠡᠢ︔ ᠪᠢᠳᠡ ᠤᠬᠠᠮᠰᠠᠷ ᠠᠴᠠ ᠪᠠᠨ ᠥᠪᠡᠷ ᠢ ᠪᠠᠨ ᠱᠠᠭᠠᠷᠳᠠᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠶᠢᠷᠠᠯᠠᠬᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠦᠨᠳᠦᠳᠬᠡᠯ ᠳᠡᠪᠰᠢᠭᠦᠯᠵᠦ᠂ ᠲᠡᠳᠡᠨ ᠤ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠤᠯᠤᠰ ᠭᠡᠷ ᠤᠨ ᠬᠠᠶᠢᠷ᠎ᠠ ᠰᠡᠳᠬᠢᠯᠭᠡ ᠳᠤ ᠬᠦᠨᠳᠦᠳᠬᠡᠯ ᠳᠡᠪᠰᠢᠭᠦᠯᠬᠦ ᠬᠡᠷᠡᠭᠲᠡᠢ︔ ᠪᠢᠳᠡ ᠠᠶᠤᠯ ᠲᠦᠭᠰᠢᠭᠦᠷᠢ ᠠᠴᠠ ᠰᠦᠷᠳᠡᠯ ᠦᠭᠡᠢ᠂ ᠬᠠᠲᠠᠭᠤ ᠳᠠᠶᠢᠯᠠᠯᠳᠤᠭᠠᠨ ᠬᠢᠵᠦ ᠴᠢᠳᠠᠬᠤ ᠥᠷᠭᠡᠨ ᠤᠯᠠᠨ ᠵᠠᠯᠠᠭᠤᠴᠤᠳ ᠲᠤ ᠬᠦᠨᠳᠦᠳᠬᠡᠯ ᠳᠡᠪᠰᠢᠭᠦᠯᠵᠦ᠂ ᠲᠡᠳᠡᠨ ᠤ ᠶᠡᠭᠡ ᠦᠢᠯᠡᠳᠦᠯ ᠦᠵᠡᠭᠦᠯᠵᠦ ᠳᠡᠶᠢᠯᠬᠦ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠵᠠᠯᠠᠭᠤ ᠨᠠᠰᠤᠨ ᠤ ᠴᠤᠭ ᠵᠢᠪᠬᠤᠭ᠎ᠠ ᠳᠤ ᠬᠦᠨᠳᠦᠳᠬᠡᠯ ᠳᠡᠪᠰᠢᠭᠦᠯᠬᠦ ᠬᠡᠷᠡᠭᠲᠡᠢ ᠬᠡᠪᠡ᠃ 
              ᠱᠢ ᠲᠠᠢ ᠹᠧᠩ᠂ ᠬᠢᠵᠢᠭ ᠲᠠᠢ ᠲᠡᠮᠡᠴᠡᠬᠦ ᠲᠡᠮᠡᠴᠡᠯ ᠪᠣᠯ ᠨᠢᠭᠡᠨ ᠬᠦᠨᠳᠤ ᠵᠤᠵᠠᠭᠠᠨ ᠰᠤᠷᠬᠤ ᠪᠢᠴᠢᠭ ᠮᠥᠨ᠂ ᠡᠨᠡ ᠤᠲᠠᠭᠠᠠ ᠤ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠶᠢᠨ ᠳᠠᠪᠲᠠᠯᠲᠠ ᠪᠠᠷ ᠳᠠᠮᠵᠢᠨ᠂ ᠪᠢᠳᠡ ᠴᠢᠬᠤᠯᠠ ᠲᠤᠷᠰᠢᠯᠭ᠎ᠠ ᠬᠤᠷᠠᠮᠳᠤᠭᠤᠯᠵᠤ᠂ ᠭᠦᠨᠵᠡᠭᠡᠢ ᠰᠡᠩᠬᠡᠷᠡᠭᠦᠯᠦᠯ ᠣᠯᠵᠠᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠣᠯ ᠬᠦᠴᠢᠷ ᠪᠡᠷᠭᠡᠰᠢᠶᠠᠯ ᠲᠤᠯᠭᠠᠷᠠᠬᠤ ᠦᠶ᠎ᠡ ᠶᠢᠨ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠮᠥᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠬᠡᠪᠰᠢ ᠡᠷᠡᠰ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠡᠷᠡᠰ ᠪᠡᠶᠡᠯᠡᠭᠦᠯᠬᠦ ᠬᠡᠷᠡᠭᠲᠡᠢ︔ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠪᠣᠯ ᠠᠶᠤᠯ ᠲᠦᠭᠰᠢᠭᠦᠷᠢ ᠥᠷᠢᠰᠥᠯᠳᠦᠭᠡᠨ ᠢ ᠡᠰᠡᠷᠭᠦᠴᠡᠬᠦ ᠬᠠᠮᠤᠭ ᠤᠨ ᠬᠦᠴᠦᠲᠡᠢ ᠲᠦᠷᠢᠮ ᠤᠨ ᠪᠠᠲᠤᠯᠠᠭ᠎ᠠ ᠮᠥᠨ᠂ ᠡᠷᠬᠡᠪᠰᠢ ᠲᠦᠷᠢᠮ ᠤᠨ ᠪᠠᠶᠢᠭᠤᠯᠤᠯᠲᠠ ᠪᠣᠯᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ ᠨᠡᠩ ᠶᠡᠭᠡ ᠬᠦᠴᠦ ᠲᠠᠯᠪᠢᠨ᠂ ᠲᠦᠷᠢᠮ ᠤᠨ ᠬᠦᠴᠦᠨ ᠢ ᠠᠰᠢᠠᠠᠯᠠᠠ ᠠᠶᠤᠯ ᠲᠦᠭᠰᠢᠭᠦᠷᠢ ᠥᠷᠢᠰᠥᠯᠳᠦᠭᠡᠨ ᠤ ᠲᠠᠭᠠᠷᠢᠯᠳᠠ ᠶᠢ ᠠᠷᠭᠠᠴᠠᠭᠠᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ︔ ᠠᠷᠠᠳ ᠲᠦᠮᠡᠨ ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠬᠦᠴᠦᠨ ᠴᠢᠳᠠᠯ ᠤᠨ ᠡᠬᠢ ᠪᠤᠯᠠᠭ ᠮᠥᠨ᠂ ᠡᠷᠬᠡᠪᠰᠢ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠡᠭᠦᠷᠢᠳᠡ ᠪᠠᠲᠤᠯᠠᠬᠤ ᠬᠡᠷᠡᠭᠲᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠪᠠᠲᠤ ᠴᠢᠩᠭ᠎ᠠ ᠲᠠᠶᠢᠴᠢᠨ ᠪᠠᠬᠢᠯᠡᠯᠲᠡ ᠮᠥᠨ᠂ ᠡᠷᠬᠡᠪᠰᠢ ᠦᠨᠳᠦᠰᠦᠨ ᠱᠠᠳᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠤᠯᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠲᠡᠢ︔ ᠮᠠᠨ ᠤ ᠤᠯᠤᠰ ᠤᠨ ᠤᠷᠳᠤ ᠬᠤᠭᠤᠴᠠᠭ᠎ᠠ ᠪᠠᠷ ᠬᠤᠷᠠᠮᠳᠤᠭᠤᠯᠤᠭᠰᠠᠨ ᠤᠯᠤᠰ ᠤᠨ ᠶᠡᠷᠦᠩᠬᠡᠢ ᠬᠦᠴᠦᠨ ᠪᠣᠯ ᠲᠤᠬᠰᠢᠨ ᠰᠠᠯᠬᠢᠨ ᠰᠢᠷᠦᠭᠦᠨ ᠳᠠᠪᠠᠯᠭᠠᠨ ᠢ ᠯᠠᠪᠳᠠᠭᠤᠨ ᠢᠶᠠᠷ ᠠᠷᠭᠠᠴᠠᠭᠠᠬᠤ ᠪᠠᠲᠤ ᠴᠢᠩᠭ᠎ᠠ ᠲᠤᠯᠭᠠᠭᠤᠷᠢᠯᠠᠯ ᠮᠥᠨ᠂ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠤᠨ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠰᠠᠶᠢᠨ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠠᠷᠠᠳ ᠲᠦᠮᠡᠨ ᠤ ᠪᠦᠯᠬᠦᠮᠳᠡᠨ ᠨᠢᠭᠡᠳᠴᠦ᠂ ᠳᠤᠤᠭᠠᠷᠪᠠᠯ ᠳᠠᠭᠤᠨ ᠨᠢᠭᠡᠳᠠᠢ ᠳᠤᠭᠳᠤᠷᠪᠠᠯ ᠬᠦᠴᠦᠨ ᠨᠢᠭᠡᠳᠠᠢ ᠪᠣᠯᠬᠤ ᠶᠢ ᠵᠣᠷᠢᠭᠵᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠮᠥᠨ᠂ ᠡᠷᠬᠡᠪᠰᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ᠪᠦᠯᠬᠦᠮᠳᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠬᠤ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠳᠡᠭ ᠢ ᠪᠢᠳᠡ ᠨᠡᠩ ᠭᠦᠨᠵᠡᠭᠡᠢ ᠤᠯᠵᠤ ᠲᠠᠨᠢᠪᠠ᠃ ᠣᠳᠣᠬᠠᠨ ᠳᠤ᠂ ᠬᠢᠵᠢᠭ ᠲᠠᠢ ᠲᠡᠮᠡᠴᠡᠬᠦ ᠲᠡᠮᠡᠴᠡᠯ ᠬᠠᠷᠠᠬᠠᠨ ᠪᠦᠬᠦ ᠲᠠᠯ᠎ᠠ ᠪᠠᠷ ᠢᠯᠠᠯᠲᠠ ᠣᠯᠤᠭᠠᠳᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠰᠠᠶ᠋ᠢ ᠡᠬᠢᠯᠡᠵᠦ ᠪᠠᠶᠢᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠨ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠨᠳᠥᠷ ᠪᠦᠲᠦᠮᠵᠢᠲᠡᠶ ᠵᠠᠰᠠᠯᠲᠠ ᠶᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠤᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠢ ᠸᠢᠲᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠬᠡᠯᠲᠡᠰ ᠠᠯᠪᠠᠨ ᠬᠡᠷ ᠲᠢᠩᠬᠢᠮ ᠲᠣᠪᠴᠢᠶ᠎ᠠ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ᠂ ᠲᠡᠷᠢᠭᠦᠨ ᠤ ᠬᠠᠮᠲᠤ ᠪᠣᠯᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠦᠨᠳᠦᠰᠦᠨ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠵᠠᠢ᠃
        ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ