内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠴᠡᠷᠢᠭ ᠠᠷᠠᠳ ᠤᠨ ᠬᠠᠮᠲᠤ ᠪᠠᠷ ᠪᠠᠶᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠦᠬᠠᠶ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠢᠯᠡᠷᠬᠡᠶᠢᠯᠡᠯ ᠡᠯᠭᠦᠪᠡ
        ᠨᠡᠶᠢᠲᠡᠯᠡᠭᠰᠡᠨ ᠴᠠᠭ᠄
        2021/6/1
             ᠲᠤᠰ ᠰᠣᠨᠢᠨ ᠤ ᠮᠡᠳᠡᠭᠡ  5 ᠳ᠋ᠤᠭᠠᠷ ᠰᠠᠷ᠎ᠠ ᠶᠢᠨ 28 ᠤ ᠡᠳᠦᠷ᠂ ︽ᠴᠡᠷᠢᠭ ᠠᠷᠠᠳ ᠤᠨ ᠬᠠᠮᠲᠤ ᠪᠠᠷ ᠪᠠᠶᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠢᠯᠡᠷᠬᠡᠶᠢᠯᠡᠯ ᠡᠯᠭᠦᠬᠦ ᠶᠣᠰᠣᠯᠠᠯ ᠦᠬᠠᠢ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠶᠠᠪᠤᠭᠳᠠᠪᠠ᠃ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠼᠦᠢ ᠵᠢᠩ ᠸᠧᠨ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠦᠬᠠᠢ ᠳᠠᠬᠢ ᠰᠠᠯᠪᠤᠷᠢ ᠠᠩᠬᠢ ᠨᠢ ᠥᠬᠠᠢ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠲᠠᠢ ᠪᠦᠲᠦᠭᠡᠨ ᠪᠠᠶᠢᠭᠤᠯᠤᠯᠲᠠ ᠶᠢᠨ ᠬᠠᠨᠢᠲᠠᠨ ᠪᠣᠯᠵᠤ᠂ ︽ᠴᠡᠷᠢᠭ ᠠᠷᠠᠳ ᠤᠨ ᠬᠠᠮᠲᠤ ᠪᠠᠷ ᠪᠠᠶᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠢᠯᠡᠷᠬᠡᠶᠢᠯᠡᠯ ᠢ ᠡᠯᠭᠦᠪᠡ᠃ ᠢᠯᠡᠷᠬᠡᠶᠢᠯᠡᠯ ᠡᠯᠭᠦᠬᠦ ᠶᠣᠰᠣᠯᠠᠯ ᠤᠨ ᠲᠠᠷᠠᠭ᠎ᠠ᠂ ᠦᠬᠠᠢ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠰᠤᠷᠤᠭᠴᠢᠳ ᠬᠠᠮᠲᠤ ᠶᠢᠨ ᠪᠡᠶ᠎ᠡ ᠶᠢᠨ ᠲᠠᠮᠢᠷ ᠤᠨ ᠲᠣᠭᠯᠠᠯᠲᠠ ᠭᠠᠷᠭᠠᠪᠠ᠃      ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠴᠡᠷᠢᠭ ᠠᠩᠭᠢ ᠶᠢᠨ ᠶᠡᠭᠡ ᠰᠤᠷᠭᠠᠭᠤᠯᠢ᠂ ᠶᠡᠭᠡ ᠪᠠᠷ ᠬᠠᠲᠠᠭᠤᠵᠢᠭᠤᠯᠤᠨ ᠪᠣᠯᠪᠠᠰᠤᠷᠠᠭᠤᠯᠬᠤ ᠦᠢᠯᠡᠳᠦᠯ ᠢ ᠪᠠᠳᠠᠷᠠᠭᠤᠯᠵᠦ᠂ ᠡᠬᠡ ᠣᠷᠣᠨᠴᠢ ᠦᠵᠡᠯ ᠤᠨ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠪᠠᠷ ᠳᠠᠮᠵᠢᠭᠤᠯᠤᠨ᠂ ︽ᠴᠡᠷᠢᠭᠵᠢᠯ ᠢᠶᠠᠷ ᠮᠣᠷᠠᠯ ᠢ ᠡᠷᠬᠢᠮᠯᠡᠬᠦ᠂ ᠴᠡᠷᠢᠭᠵᠢᠯ ᠢᠶᠠᠷ ᠣᠶᠤᠨ ᠢ ᠠᠬᠢᠭᠤᠯᠬᠤ᠂ ᠴᠡᠷᠢᠭᠵᠢᠯ ᠢᠶᠠᠷ ᠪᠡᠶ᠎ᠡ ᠪᠠᠨ ᠴᠢᠬᠢᠷᠠᠭᠵᠢᠭᠤᠯᠬᠤ︾ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠨᠴᠠᠯᠢᠭᠳᠤ ᠰᠤᠷᠭᠠᠭᠤᠯᠢ ᠶᠢ ᠬᠠᠮᠲᠤ ᠪᠠᠷ ᠪᠠᠶᠢᠭᠤᠯᠵᠤ᠂ ᠰᠠᠭᠤᠭ᠎ᠠ ᠭᠠᠵᠠᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠢᠯᠡᠰ ᠲᠤ ᠬᠦᠴᠦᠨ ᠨᠡᠮᠡᠷᠢᠯᠡᠬᠦ ᠶᠠᠪᠤᠳᠠᠯ ᠪᠣᠯᠣᠨ᠎ᠠ᠃      ᠣᠶᠢᠯᠠᠭᠠᠭᠰᠠᠨ ᠢᠶᠠᠷ᠂ ᠦᠬᠠᠶ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠪᠠᠭᠠᠴᠤᠳ ᠤᠨ ᠴᠡᠷᠢᠭ ᠤᠨ ᠰᠤᠷᠭᠠᠭᠤᠯᠢ ᠵᠡᠷᠭᠡ ᠣᠯᠠᠨ ᠶᠠᠩᠵᠤ ᠬᠡᠯᠪᠡᠷᠢ ᠶᠢᠨ ᠪᠠᠶᠠᠯᠢᠭ ᠰᠠᠶᠢᠬᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠠᠷᠠᠳ ᠤᠨ ᠪᠦᠯᠬᠦᠮᠳᠡᠯ ᠪᠠ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠪᠠᠷ ᠪᠠᠶᠢᠨ᠎ᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ