内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦ᠋ ᠰᠢᠶᠤᠤ ᠯᠢᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠪᠠᠶᠢᠴᠠᠭᠠᠨ ᠰᠤᠳᠤᠯᠬᠤ ᠳᠠᠭᠠᠨ ᠵᠢᠭᠠᠵᠤ ᠭᠠᠷᠭᠠᠭᠰᠠᠨ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠭᠡᠷᠡᠭᠲᠡᠢ
        ᠨᠡᠶᠢᠲᠡᠯᠡᠭᠰᠡᠨ ᠴᠠᠭ᠄
        2021/6/10
              6 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠦᠬᠡ ᠶᠢ ᠰᠤᠷᠤᠯᠴᠠᠵᠦ ᠶᠣᠰᠣ ᠤᠴᠢᠷ ᠢ ᠤᠢᠢᠯᠠᠭᠠᠬᠤ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠤᠰᠤ ᠰᠤᠷᠳᠠᠬᠤᠨ ᠢ ᠲᠡᠬᠡᠲᠤᠯᠡᠬᠦ᠂ ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠬᠡᠵᠢᠬᠦᠯᠬᠦ ᠬᠠᠷᠠᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
        0610布小林在内蒙古艺术学院调研指出.jpg
              ᠪᠦ᠋ ᠰᠢᠶᠤᠤ ᠯᠢᠨ ᠤᠷᠠᠯᠢᠭ ᠤᠨ ᠳᠡᠭᠡᠳᠦ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠮᠣᠩᠭᠤᠯ ᠦᠨᠳᠦᠰᠦᠲᠡᠨ ᠤ ᠨᠠᠶᠢᠷᠠᠯ ᠳᠠᠭᠤᠤ ᠶᠢᠨ ᠰᠠᠭᠤᠷᠢᠨ ᠠᠩᠬᠢ ᠪᠣᠯᠤᠨ ᠪᠥᠵᠢᠭ ᠤᠨ ᠠᠩᠬᠢ ᠳᠤ ᠭᠦᠨᠵᠡᠭᠡᠶᠢᠷᠡᠨ ᠵᠢᠭᠠᠨ ᠰᠤᠷᠭᠠᠯᠲᠠ ᠶᠢ ᠰᠣᠨᠢᠷᠬᠠᠭᠰᠠᠨ ᠪᠥᠭᠡᠳ ᠦᠨᠡᠯᠡᠯᠲᠡ ᠬᠢᠵᠦ᠂ ᠰᠤᠷᠭᠠᠭᠤᠯᠢ ᠶᠢᠨ ᠬᠢᠨ ᠤ ᠰᠤᠷᠤᠭᠴᠢᠳ ᠲᠤ ᠪᠣᠳᠠᠲᠠᠢ ᠶᠠᠪᠤᠳᠠᠯ ᠬᠢᠵᠦ ᠥᠭᠭᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠤᠷᠭᠠᠭᠤᠯᠢ ᠶᠢᠨ ᠪᠠᠶᠢᠷᠢ᠂ ᠬᠤᠭᠤᠯᠠᠨ ᠭᠡᠷ ᠢᠶᠠᠷ ᠣᠷᠣᠵᠤ᠂ ᠰᠤᠷᠤᠭᠴᠢᠳ ᠤᠨ ᠰᠤᠷᠤᠯᠭ᠎ᠠ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃      ᠤᠷᠠᠯᠢᠭ ᠤᠨ ᠳᠡᠭᠡᠳᠦ ᠰᠤᠷᠭᠠᠭᠤᠯᠢ ᠶᠢᠨ ᠲᠣᠭᠯᠠᠯᠲᠠ ᠶᠢᠨ ᠲᠢᠩᠬᠢᠮ ᠳᠤ᠂ ᠪᠦ᠋ ᠰᠢᠶᠤᠤ ᠯᠢᠨ ᠪᠠᠭᠰᠢ ᠰᠤᠷᠤᠭᠴᠢᠳ ᠤᠨ ᠬᠤᠪᠢᠰᠬᠠᠯ ᠤᠨ ᠰᠣᠩᠭᠤᠳᠠᠭ ᠳᠠᠭᠤᠤ ︽ᠬᠠᠳᠤᠨ ᠭᠤᠣᠯ ᠤᠨ ᠨᠠᠶᠢᠷᠠᠯ ᠳᠠᠭᠤᠤ︾ ᠶᠢ ᠲᠠᠭᠤᠯᠠᠨ ᠪᠤᠯᠪᠠᠰᠤᠷᠠᠵᠦ ᠪᠠᠶᠢᠬᠤ ᠪᠠᠶᠢᠲᠠᠯ ᠢ ᠪᠠᠶᠢᠴᠠᠭᠠᠨ ᠦᠵᠡᠪᠡ᠃ ᠪᠠᠭᠰᠢ ᠰᠤᠷᠤᠭᠴᠢᠳ ᠲᠠᠢ ᠶᠠᠷᠢᠯᠴᠠᠬᠤ ᠳᠤᠮᠳᠠ ᠪᠠᠨ ᠦᠪᠦᠷ ᠮᠤᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠪᠣᠯ ᠰᠤᠷᠭᠠᠨ ᠬᠥᠮᠦᠵᠢᠯ ᠤᠨ ᠶᠠᠮᠤᠨ ᠤ ︽ᠳᠠᠭᠤᠤ ᠬᠥᠭᠵᠢᠮ ᠤᠨ ᠨᠠᠮ ᠤᠨ ᠲᠡᠦᠬᠡ︾ ᠶᠢᠨ ᠰᠢᠷᠢᠰ ᠠᠵᠢᠯᠯᠠᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠨ ᠲᠣᠭᠲᠠᠭᠠᠭᠰᠠᠨ ᠲᠣᠭᠯᠠᠯᠲᠠ ᠳᠤ ᠣᠷᠣᠯᠴᠠᠬᠤ ᠶᠡᠭᠡ ᠳᠡᠭᠡᠳᠦ ᠰᠤᠷᠭᠠᠭᠤᠯᠢ ᠪᠤᠯᠬᠤ ᠶᠢ ᠮᠡᠳᠡᠵᠡᠶ᠃ ᠲᠡᠷᠡ᠂ ᠳᠠᠭᠤᠤ ᠬᠥᠭᠵᠢᠮ ᠤᠨ ᠤᠷᠠᠯᠢᠭ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠨᠠᠮ ᠤᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ᠨᠠᠮ ᠤᠨ ᠢᠲᠡᠭᠡᠯ ᠪᠢᠰᠢᠷᠡᠯ ᠢ ᠢᠯᠡᠷᠡᠭᠦᠯᠵᠦ᠂ ᠥᠷᠭᠡᠨ ᠣᠯᠠᠨ ᠪᠠᠭᠰᠢ ᠰᠣᠷᠣᠭᠴᠢ ᠪᠣᠯᠤᠨ ᠺᠠᠳ᠋ᠷ ᠣᠯᠠᠨ ᠲᠦᠮᠡᠨ ᠳᠤ ᠬᠤᠪᠢᠰᠬᠠᠯᠲᠤ ᠳᠠᠭᠤᠤ ᠬᠥᠭᠵᠢᠮ ᠢ ᠰᠣᠨᠢᠷᠬᠠᠭᠤᠯᠬᠤ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠳᠤᠮᠳᠠᠳᠤ ᠤᠯᠤᠰ ᠤᠨ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢ ᠤᠳᠤᠷᠢᠳᠤᠬᠰᠠᠨ ᠪᠠ ᠰᠢᠨ᠎ᠠ ᠴᠠᠭ ᠦᠶ᠎ᠠ ᠳᠤ ᠡᠷᠡᠯᠬᠡᠭᠯᠡᠨ ᠤᠷᠤᠭᠰᠢᠯᠠᠬᠰᠠᠨ ᠠᠤᠭ᠎ᠠ ᠶᠡᠭᠡ ᠲᠡᠦᠬᠡᠨ ᠶᠠᠪᠤᠴᠠ ᠶᠢ ᠭᠦᠨᠵᠡᠭᠡᠶ ᠣᠶᠢᠯᠠᠭᠠᠭᠤᠯᠵᠤ᠂ ᠬᠤᠪᠢᠰᠬᠠᠯ ᠤᠨ ᠤᠯᠠᠮᠵᠢᠯᠠᠯ ᠢ ᠴᠢᠨᠠᠬᠰᠢᠳᠠ ᠤᠯᠠᠮᠵᠢᠯᠠᠨ ᠵᠠᠯᠭᠠᠮᠵᠢᠯᠠᠵᠤ᠂ ᠤᠶᠤᠨ ᠰᠠᠨᠠᠭᠠᠨ ᠤ ᠠᠮᠢᠨ ᠰᠤᠳᠠᠰᠤ ᠶᠢ ᠨᠢ ᠵᠠᠯᠭᠠᠨ ᠦᠷᠭᠦᠯᠵᠢᠯᠡᠭᠦᠯᠬᠦ ᠬᠡᠷᠡᠭᠲᠡᠶ ᠭᠡᠵᠦ ᠵᠢᠭᠠᠵᠦ ᠭᠠᠷᠭᠠᠪᠠ᠃      ᠪᠦ᠋ ᠰᠢᠶᠤᠤ ᠯᠢᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠨᠠᠮ ᠤᠨ ᠵᠠᠭᠤᠨ ᠵᠢᠯ ᠤᠨ ᠦᠯᠢᠭᠡᠷ ᠢ ᠰᠠᠶᠢᠲᠤᠷ ᠶᠠᠷᠢᠵᠤ᠂ ᠨᠠᠮ ᠤᠨ ᠲᠡᠦᠬᠡ ᠪᠠᠷ ᠬᠥᠮᠦᠨ ᠢ ᠬᠥᠮᠦᠵᠢᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠢᠲᠡᠭᠡᠯ ᠪᠢᠰᠢᠷᠡᠯ ᠢ ᠲᠠᠮᠵᠢᠭᠤᠯᠵᠤ᠂ ᠠᠭᠤᠤ ᠶᠡᠭᠡ ᠦᠢᠯᠡᠳᠦᠯᠭᠡ ᠲᠠᠢ ᠤᠶᠠᠯᠳᠤᠭᠤᠯᠤᠨ ᠣᠨᠣᠯ ᠢ ᠨᠡᠪᠲᠡᠷᠡᠲᠡᠯ᠎ᠡ ᠶᠠᠷᠢᠵᠤ᠂ ᠨᠠᠮ ᠤᠨ ᠲᠡᠦᠬᠡ ᠶᠢᠨ ᠡᠬᠢ ᠪᠠᠶᠠᠯᠢᠭ ᠲᠠᠢ ᠤᠶᠠᠯᠳᠤᠭᠤᠯᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠠᠮᠢᠳᠤᠯᠢᠭ ᠤᠷᠤᠵᠤ᠂ ᠨᠠᠮ ᠤᠨ ᠣᠨᠣᠯ ᠤᠨ ᠠᠷᠤ ᠳᠠᠬᠢ ᠦᠢᠯᠡᠳᠦᠯᠭᠡ ᠶᠢᠨ ᠡᠬᠢ ᠦᠨᠳᠦᠰᠦ᠂ ᠦᠢᠯᠡᠳᠦᠯᠭᠡ ᠶᠢᠨ ᠰᠠᠭᠤᠷᠢ ᠶᠢ ᠶᠠᠷᠢᠨ ᠭᠠᠷᠭᠠᠵᠤ᠂ ᠥᠷᠭᠡᠨ ᠣᠯᠠᠨ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠮᠠᠷᠺᠰ ᠤᠨ ᠦᠵᠡᠯ᠂ ᠡᠪ ᠬᠠᠮᠲᠤ ᠶᠣᠰᠣᠨ ᠤ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠪᠢᠰᠢᠷᠡᠯ᠂ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢ ᠨᠢ ᠴᠢᠨᠠᠭᠰᠢᠳᠠ ᠴᠢᠩᠭᠠᠳᠬᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃      ᠪᠦ᠋ ᠰᠢᠶᠤᠤ ᠯᠢᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠢ ᠨᠢᠭᠲᠠ ᠤᠶᠠᠯᠳᠤᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠨᠠᠮ ᠤᠨ ᠲᠡᠦᠬᠡ ᠢᠯᠠᠩᠭᠤᠶ᠎ᠠ ᠨᠠᠮ ᠤᠨ ᠥᠪᠥᠷ ᠮᠣᠩᠭᠤᠯ ᠳᠠᠬᠢ ᠲᠡᠦᠬᠡ ᠶᠢ ᠭᠦᠨᠵᠡᠭᠡᠢ ᠰᠤᠷᠤᠯᠴᠠᠭᠤᠯᠵᠤ᠂ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠡᠬᠡᠭᠰᠢᠯᠡᠬᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠪᠦ᠋ ᠰᠢᠶᠤᠤ ᠯᠢᠨ᠂ ᠵᠠᠯᠠᠭᠤᠴᠤᠳ ᠪᠣᠯ ᠤᠯᠤᠰ ᠤᠷᠤᠨ ᠤ ᠬᠦᠰᠡᠯ ᠢᠷᠡᠬᠡᠳᠦᠢ᠂ ᠦᠨᠳᠦᠰᠦᠲᠡᠨ ᠤ ᠢᠷᠡᠭᠡᠳᠦᠢ ᠮᠥᠨ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠶᠣᠰᠣ ᠰᠤᠷᠲᠠᠬᠤᠨ ᠢ ᠱᠤᠭᠤᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠤᠶᠠᠯᠳᠤᠭᠤᠯᠵᠤ᠂ ᠵᠠᠯᠠᠭᠤ ᠰᠤᠷᠤᠭᠴᠢᠳ ᠤᠨ ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠬᠤ ᠳᠤᠮᠳᠠ ᠢᠲᠡᠭᠡᠯ ᠪᠢᠰᠢᠷᠡᠯ ᠢᠶᠠᠨ ᠬᠥᠭᠵᠢᠭᠡᠵᠦ᠂ ᠰᠡᠩᠬᠡᠷᠡᠭᠦᠯᠦᠯ ᠣᠯᠵᠤ᠂ ᠬᠦᠴᠦᠨ ᠴᠢᠳᠠᠯ ᠬᠦᠷᠳᠡᠨ᠂ ᠤᠬᠠᠮᠰᠠᠷ ᠠᠴᠠ ᠪᠠᠨ ᠬᠤᠪᠢᠰᠬᠠᠯ ᠤᠨ ᠤᠯᠠᠮᠵᠢᠯᠠᠯ ᠤᠨ ᠵᠠᠯᠭᠠᠮᠵᠢᠯᠠᠭᠴᠢ᠂ ᠬᠤᠪᠢᠰᠬᠠᠯ ᠤᠨ ᠵᠣᠷᠢᠭ ᠰᠠᠨᠠᠭᠠᠨ ᠤ ᠦᠢᠯᠡᠳᠦᠯᠭᠡᠵᠢᠭᠦᠯᠦᠭᠴᠢ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠲᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃
        0610布小林在内蒙古艺术学院调研指出2.jpg
              ᠪᠦ᠋ ᠰᠢᠶᠤᠤ ᠯᠢᠨ ᠪᠠᠰᠠ ᠲᠤᠰᠬᠠᠶᠢᠯᠠᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠣᠶᠢᠯᠠᠭᠠᠪᠠ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
        ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ