内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠱᠢ ᠲᠠᠢ ᠹᠧᠩ ᠦᠬᠠᠶ ᠬᠤᠲᠠ ᠪᠣᠯᠤᠨ ᠠᠯᠠᠱᠠ ᠠᠶᠢᠮᠠᠭ ᠲᠤ ᠭᠦᠨᠵᠡᠭᠡᠶᠢᠷᠡᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠢᠯᠠ ᠪᠠᠷ ᠪᠠᠶᠢᠴᠠᠭᠠᠵᠦ ᠲᠠᠯᠲᠠᠭᠤᠷ ᠰᠤᠷᠪᠤᠯᠵᠢᠯᠠᠪᠠ
        ᠨᠡᠶᠢᠲᠡᠯᠡᠭᠰᠡᠨ ᠴᠠᠭ᠄
        2021/6/10
              6 ᠰᠠᠷ᠎ᠠ ᠶᠢᠨ 7 ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠦᠬᠠᠢ ᠬᠤᠳᠠ ᠪᠣᠯᠤᠨ ᠠᠯᠠᠱᠠ ᠠᠶᠢᠮᠠᠭ ᠲᠤ ᠭᠦᠨᠵᠡᠭᠡᠶᠢᠷᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠢᠯᠡ ᠪᠠᠷ ᠪᠠᠶᠢᠴᠠᠭᠠᠵᠤ ᠲᠡᠯᠲᠡᠭᠤᠷ ᠰᠤᠷᠪᠤᠯᠵᠢᠯᠠᠬᠤ  ᠳᠠᠭᠠᠨ᠂ ᠶᠡᠭᠡ ᠪᠠᠷ ᠬᠠᠮᠠᠭᠠᠯᠠᠵᠤ ᠶᠡᠭᠡ ᠪᠠᠷ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠮᠢ ᠠᠬᠤᠢ ᠶᠢ ᠤᠷᠢᠳ  ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠵᠠᠰᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠳᠠᠭᠠᠨ ᠳᠠᠭᠠᠭᠠᠮᠠᠭᠠᠢ ᠪᠠᠷ ᠬᠦᠴᠦᠯᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ  ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠦᠭᠵᠢᠯᠳᠠ ᠶᠢᠨ ᠳᠠᠰᠤᠷᠠᠯᠳᠠ ᠦᠭᠡᠢ ᠰᠢᠨ᠎ᠠ ᠦᠷ᠎ᠠ ᠪᠦᠳᠦᠮᠵᠢ ᠤᠯᠬᠤ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
        1.jpg
              ᠬᠡᠳᠦᠨ ᠡᠳᠦᠷ ᠤᠨ ᠲᠤᠷᠰᠢ᠂ ᠱᠢ ᠲᠠᠢ ᠹᠧᠩ ᠬᠠᠲᠤᠨ ᠭᠤᠤᠯ ᠳᠠᠭᠠᠤ ᠶᠢᠨ ᠬᠠᠰᠢᠯᠭ᠎ᠠ ᠡᠷᠭᠢ ᠶᠢᠨ ᠰᠡᠷᠭᠡᠶᠢᠯᠡᠯᠲᠡ ᠬᠠᠮᠠᠭᠠᠯᠠᠯᠲᠠ᠂ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠢ ᠭᠦᠨᠵᠡᠭᠡᠶ ᠨᠠᠷᠢᠯᠢᠬ ᠰᠢᠨᠵᠢᠯᠡᠨ ᠪᠠᠶᠢᠴᠠᠭᠠᠪᠠ᠃ ᠬᠠᠲᠤᠨ ᠭᠤᠤᠯ ᠤᠨ ᠬᠠᠶᠢᠷᠤᠪ  ᠤᠨ ᠲᠣᠬᠤᠶ ᠶᠢᠨ ᠬᠡᠰᠡᠭ ᠲᠤ᠂ ᠱᠢ ᠲᠠᠢ ᠹᠧᠩ ᠡᠷᠭᠢ ᠳᠠᠭᠠᠤ ᠶᠢᠨ ᠰᠡᠷᠬᠡᠶᠢᠯᠡᠨ ᠬᠠᠮᠠᠭᠠᠯᠠᠬᠤ ᠢᠨᠵᠧᠨᠧᠷᠢᠩ ᠤᠨ ᠬᠡᠷᠡᠭᠵᠢᠭᠦᠯᠦᠯᠲᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠬ ᠠᠰᠠᠭᠤᠪᠠ᠃ ᠲᠡᠷᠡ᠂ ᠦᠶᠡᠷ ᠢ ᠰᠡᠷᠭᠡᠶᠢᠯᠡᠬᠦ ᠠᠵᠢᠯ ᠢ ᠤᠬᠳᠤ ᠰᠤᠯᠠᠷᠠᠭᠤᠯᠵᠤ ᠪᠣᠯᠬᠤ ᠥᠬᠡᠶ᠂ ᠬᠠᠲᠤᠨ ᠭᠤᠤᠯ ᠳᠠᠭᠠᠤ ᠶᠢᠨ ᠡᠯ᠎ᠡ ᠭᠠᠵᠠᠷ ᠤᠨ ᠬᠢᠨ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠢᠨᠵᠧᠨᠧᠷᠢᠩ ᠤᠨ ᠬᠡᠷᠡᠭᠵᠢᠭᠦᠯᠦᠯᠲᠡ᠂ ᠪᠠᠴᠢᠮ ᠪᠠᠶᠢᠳᠠᠯ ᠢ ᠠᠷᠭᠠᠴᠡᠭᠠᠬᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ ᠢ ᠦᠨᠡᠨ ᠬᠦ ᠭᠦᠢᠴᠡᠳ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠱᠢ ᠲᠠᠢ ᠹᠧᠩ ᠦᠬᠠᠶ ᠶᠢᠨ ᠯᠦᠩ ᠶᠢᠦ ᠸᠠᠨ ᠨᠤᠭᠤ ᠭᠠᠵᠠᠷ ᠤᠨ ᠴᠡᠴᠡᠷᠯᠢᠭ᠂ ᠤᠯᠠᠭᠠᠨᠪᠤᠬ᠎ᠠ ᠳᠠᠬᠢ ᠬᠠᠲᠤᠨ ᠭᠤᠤᠯ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠪᠣᠯᠤᠨ ᠠᠯᠠᠱᠠ ᠠᠭᠤᠯᠠ  ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ ᠶᠢ ᠭᠦᠨᠵᠡᠭᠡᠶ ᠣᠶᠢᠯᠠᠭᠠᠪᠠ᠃ ᠲᠡᠷᠡ᠂ ᠦᠬᠠᠢ ᠪᠣᠯᠤᠨ ᠠᠯᠠᠱᠠ ᠪᠣᠯ ᠴᠦᠮ ᠤᠰᠤ ᠲᠦᠢᠯ ᠢᠶᠠᠷ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠤᠨ᠎ᠠ᠂ ᠠᠮᠢ ᠠᠬᠤᠢ ᠶᠢ ᠰᠡᠷᠭᠦᠭᠡᠨ ᠵᠠᠰᠠᠬᠤ ᠳᠤ ᠵᠠᠪᠠᠯ ᠪᠣᠳᠠᠲᠠᠢ ᠠᠴᠠ ᠪᠠᠨ ᠡᠭᠦᠰᠬᠦ ᠬᠡᠷᠡᠭᠲᠡᠢ᠂ ᠮᠣᠳᠣ ᠲᠠᠷᠢᠬᠤ ᠪᠠ ᠡᠪᠡᠰᠦ ᠲᠠᠷᠢᠬᠤ ᠬᠡᠰᠡᠨ ᠦᠬᠡᠢ ᠴᠦᠮ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠤᠰᠤᠨ ᠤ ᠬᠡᠮᠵᠢᠶ᠎ᠡ ᠪᠠᠷ ᠬᠢᠬᠦ ᠬᠡᠷᠡᠭᠲᠡᠢ᠃ ᠶᠡᠭᠡ ᠠᠮᠢ ᠠᠬᠤᠶ ᠶᠢᠨ ᠰᠢᠰᠲ᠋ᠧᠮ ᠤᠨ ᠡᠭᠦᠳᠡᠨ ᠠᠴᠠ ᠡᠯᠡᠰᠦ ᠶᠢ ᠲᠠᠨᠢᠵᠤ᠂ ᠡᠯᠡᠰᠦ ᠶᠢ ᠵᠠᠰᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠶ ᠠᠰᠢᠬᠯᠠᠨ ᠡᠯᠡᠰᠦᠷᠬᠡᠭᠵᠢᠬᠦ  ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠯᠠᠱᠠ ᠠᠭᠤᠯᠠᠨ ᠤ ᠠᠮᠢ ᠠᠬᠤᠢ ᠶᠢᠨ ᠪᠠᠶᠢᠷᠢ ᠰᠠᠭᠤᠷᠢ ᠪᠤᠯ ᠲᠦᠢᠯ ᠤᠨ ᠴᠢᠬᠤᠯᠠ ᠶᠤᠮ᠂ ᠵᠠᠪᠠᠯ ᠠᠯᠠᠱᠠ ᠠᠭᠤᠯᠠ ᠶᠢ ᠨᠢᠭᠡ ᠪᠦᠬᠦᠯᠢ ᠴᠣᠭᠴᠠ ᠪᠠᠷ ᠬᠠᠮᠠᠭᠠᠯᠠᠬᠤ ᠶᠢ ᠪᠠᠷᠢᠮᠲᠠᠯᠠᠵᠤ᠂ ᠬᠠᠳᠤᠨ ᠭᠤᠣᠯ ᠢ ᠬᠠᠮᠠᠭᠠᠯᠠᠬᠤ ᠲᠠᠢ ᠨᠢᠭᠡ ᠴᠤᠬᠴᠠᠵᠢᠭᠤᠯᠤᠨ ᠲᠥᠯᠥᠪᠵᠢᠭᠦᠯᠵᠦ᠂ ᠨᠢᠭᠡ ᠴᠤᠬᠴᠠᠵᠢᠭᠤᠯᠤᠨ ᠠᠬᠢᠭᠤᠯᠵᠤ᠂ ᠨᠡᠩ ᠶᠡᠭᠡ ᠡᠷᠴᠢ ᠵᠣᠷᠢᠭ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠠᠯᠠᠱᠠ ᠠᠭᠤᠯᠠᠨ ᠤ ᠠᠮᠢ ᠠᠬᠤᠢ ᠶᠢ ᠬᠠᠮᠠᠭᠠᠯᠠᠨ ᠵᠠᠰᠠᠬᠤ ᠳᠤᠮᠳᠠᠬᠢ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠪᠠᠷ ᠪᠠᠷᠠᠬᠤ ᠦᠭᠡᠢ ᠪᠠᠰᠠ ᠪᠤᠰᠤᠳ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ ᠣᠷᠳᠣᠰ ᠤᠨ ᠪᠠᠷᠠᠭᠤᠨᠲᠡᠬᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠬᠠᠶ ᠶᠢᠨ ᠬᠠᠷᠢᠶ᠎ᠠ ᠣᠷᠣᠨ ᠢᠶᠠᠷ ᠥᠩᠭᠡᠷᠡᠬᠦ ᠦᠶ᠎ᠡ ᠳᠤ᠂ ᠱᠢ ᠲᠠᠢ ᠹᠧᠩ ᠲᠡᠷᠭᠡ ᠪᠠᠨ ᠵᠣᠭᠰᠣᠭᠠᠵᠤ ︽ᠤᠷᠭᠤᠮᠠᠯ ᠤᠨ ᠲᠤᠮᠤ ᠮᠠᠯᠤᠷ ᠥᠲᠡᠭᠡ︾ ᠭᠡᠭᠳᠡᠭᠰᠡᠨ ᠨᠤᠴᠤᠭᠠᠨ᠎ᠠ ᠶᠢ ᠬᠠᠮᠠᠭᠠᠯᠠᠵᠤ ᠪᠠᠶᠢᠭ᠎ᠠ ᠪᠠᠶᠢᠳᠠᠯ ᠢ ᠳᠠᠯᠳᠠᠭᠤᠷ ᠪᠠᠶᠢᠴᠠᠭᠠᠪᠠ᠃ ᠲᠡᠷᠡ᠂ ᠡᠨᠡ ᠬᠦ ᠮᠥᠬᠦᠬᠦ ᠰᠢᠬᠠᠭᠰᠠᠨ ᠤᠷᠭᠤᠮᠠᠯ ᠢ ᠰᠠᠶᠢᠲᠤᠷ ᠬᠠᠮᠠᠭᠠᠯᠠᠬᠤ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠬᠤᠯᠪᠣᠭᠳᠠᠯ ᠪᠥᠬᠦᠶ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠠᠭᠠᠯᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ᠂ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠲᠠᠩᠰᠠ ᠡᠪᠬᠡᠮᠡᠯ ᠪᠠᠶᠢᠭᠤᠯᠤᠨ᠂ ᠬᠢᠨᠠᠨ ᠬᠡᠮᠵᠢᠯᠲᠡ ᠪᠠᠨ ᠴᠢᠩᠭᠠᠳᠬᠠᠵᠤ᠂ ᠡᠯ᠎ᠡ ᠵᠦᠢᠯ ᠤᠨ ᠬᠠᠮᠠᠭᠠᠯᠠᠯᠲᠠ ᠶᠢᠨ ᠠᠵᠢᠯ ᠢ ᠨᠠᠷᠢᠯᠢᠭ ᠪᠣᠳᠠᠲᠠᠶ ᠬᠢᠬᠦ ᠬᠡᠷᠡᠭᠲᠡᠶ ᠭᠡᠵᠦ ᠵᠢᠭᠠᠵᠦ ᠭᠠᠷᠭᠠᠪᠠ᠃
        2.jpg
        3.jpg
              ᠱᠢ ᠲᠠᠢ ᠹᠧᠩ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠦᠬᠠᠶ ᠶᠢᠨ ᠡᠨᠧᠷᠭᠢ ᠶᠢᠨ ᠺᠣᠮᠫᠠᠨᠢ ᠶᠢᠨ ᠵᠠᠲᠠᠭᠠᠢ ᠨᠡᠭᠦᠷᠡᠰᠦᠨ ᠠᠭᠤᠷᠬᠠᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠢᠨᠵᠧᠨᠧᠷᠢᠩ ᠪᠣᠯᠤᠨ ᠤᠤᠯ ᠤᠨ ᠬᠠᠭᠤᠴᠢᠨ ᠨᠦᠭᠡ ᠭᠤᠤ ᠶᠢᠨ ᠰᠢᠭᠠᠷᠤ ᠶᠢ ᠭᠠᠳᠠᠬᠰᠢᠯᠠᠭᠤᠯᠬᠤ ᠲᠠᠯᠠᠪᠠᠶ ᠶᠢᠨ ᠥᠪᠡᠷ ᠲᠡᠭᠡᠨ ᠨᠣᠴᠣᠬᠤ ᠴᠡᠭ ᠢ ᠵᠠᠰᠠᠬᠤ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠲᠡᠷᠡ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ᠶᠢ ᠠᠬᠢᠭᠤᠯᠬᠤ ᠳᠤ ᠵᠥᠪᠬᠡᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠬᠠᠷᠠᠭᠠᠰᠤ ᠠᠴᠠ ᠦᠵᠡᠵᠦ ᠪᠣᠯᠬᠤ ᠦᠭᠡᠢ᠂ ᠬᠠᠷᠢᠨ ᠣᠷᠣᠨ ᠪᠦᠰᠡ  ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠨ ᠵᠠᠰᠠᠬᠤ ᠦᠨᠳᠦᠷᠴᠡ ᠠᠴᠠ ᠲᠠᠨᠢᠵᠦ ᠠᠬᠢᠭᠤᠯᠦᠨ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠡᠷᠡᠭᠵᠢᠬᠦᠯᠵᠤ ᠪᠤᠯᠬᠤ ᠪᠦᠲᠦᠮᠵᠢᠲᠡᠢ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠲᠡᠦᠬᠡ ᠶᠢᠨ ᠦᠯᠡᠳᠡᠭᠡᠭᠰᠡᠨ ᠥᠷᠢ ᠶᠢ ᠨᠥᠬᠦᠪᠥᠷᠢᠯᠡᠨ ᠲᠦᠯᠦᠬᠦ ᠬᠡᠷᠡᠭᠲᠡᠢ᠃ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠵᠠᠰᠠᠬᠤ ᠶᠣᠰᠣᠲᠠᠢ ᠶᠢ ᠨᠢ ᠡᠷᠴᠢᠮ ᠢᠶᠠᠨ ᠴᠢᠩᠭᠠᠷᠠᠭᠤᠯᠤᠨ ᠵᠠᠰᠠᠵᠤ᠂ ᠠᠶᠠᠨᠳᠠᠭᠠᠨ ᠰᠡᠷᠭᠦᠭᠡᠬᠦ ᠶᠣᠰᠣᠲᠠᠢ ᠳᠤᠨᠢ ᠬᠥᠮᠦᠨ ᠤ ᠭᠠᠷ ᠲᠦᠷᠦᠬᠦ ᠶᠢ ᠠᠯᠢ ᠴᠢᠳᠠᠬᠤ ᠪᠠᠷ ᠪᠠᠭᠠᠰᠬᠠᠵᠤ᠂ ᠠᠮᠢ ᠠᠬᠤᠢ ᠶᠢᠨ ᠵᠠᠰᠠᠯᠲᠠ ᠪᠠ ᠬᠠᠮᠠᠭᠠᠯᠠᠯᠲᠠ ᠶᠢ ᠤᠳᠠᠭᠠᠨ ᠳᠠᠭᠠᠭᠠᠮᠠᠭᠠᠢ ᠰᠠᠶᠢᠲᠤᠷ ᠠᠳᠬᠤᠵᠤ᠂ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃ ᠰᠤᠬᠠᠢᠢᠳᠤ ᠳᠠᠬᠢ ᠰᠢᠶᠤᠤ ᠲᠢᠶᠧ ᠮᠤᠤ ᠽᠢ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠪᠠ ᠬᠤᠩ ᠯᠢ ᠺᠣᠮᠫᠠᠨᠢ ᠶᠢᠨ ᠳ᠋ᠠ ᠯᠢᠩ ᠨᠡᠭᠦᠷᠡᠰᠦᠨ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢᠨ ᠲᠦᠷᠦᠯ ᠵᠦᠢᠯ ᠢ ᠲᠠᠯᠲᠠᠭᠤᠷ ᠰᠤᠷᠪᠤᠯᠵᠢᠯᠠᠬᠤ ᠳᠠᠭᠠᠨ᠂ ᠵᠠᠳᠠᠭᠠᠶ ᠪᠠᠷ ᠨᠡᠭᠡᠭᠡᠨ ᠮᠠᠯᠲᠠᠬᠰᠡᠨ ᠠᠴᠠ ᠪᠤᠯᠵᠤ ᠠᠭᠤᠯᠠ ᠬᠦᠨᠳᠦ ᠨᠣᠴᠢᠲᠠᠶ ᠡᠪᠳᠡᠭᠳᠡᠵᠤ᠂ ᠰᠢᠷᠬ᠎ᠠ ᠰᠣᠷᠪᠢ ᠪᠠᠷ ᠳᠦᠭᠦᠷᠦᠭᠰᠡᠨ ᠪᠠᠶᠢᠳᠠᠯ ᠢ ᠬᠠᠷᠠᠭᠠᠳ᠂ ᠱᠢ ᠲᠠᠢ ᠹᠧᠩ ᠵᠢᠷᠦᠬᠡ ᠰᠢᠮᠰᠢᠷᠡᠵᠤ᠂ ᠡᠶᠢᠮᠦᠷᠬᠦᠦ ᠵᠡᠷᠯᠢᠭ ᠪᠠᠯᠠᠮᠠᠳ ᠢᠶᠠᠷ ᠨᠡᠭᠡᠭᠡᠨ ᠮᠠᠯᠲᠠᠬᠤ ᠠᠵᠢᠯᠯᠠᠭ᠎ᠠ ᠨᠢ ᠪᠠᠶᠢᠭᠠᠯᠢ ᠶᠢᠨ ᠠᠮᠢ ᠠᠬᠤᠶ ᠶᠢ ᠡᠪᠳᠡᠭᠰᠡᠨ ᠢᠶᠠᠷ ᠪᠠᠷᠠᠬᠤ ᠦᠭᠡᠶ᠂ ᠪᠠᠰᠠ ᠦᠷ᠎ᠡ ᠬᠤᠶᠢᠴᠢᠰ ᠤᠨ ᠢᠶᠠᠨ ᠣᠷᠣᠰᠢᠨ ᠲᠣᠭᠲᠠᠨᠢᠬᠤ ᠭᠡᠷ ᠣᠷᠣᠨ ᠢ ᠴᠦ ᠡᠪᠳᠡᠵᠠᠢ᠂ ᠡᠯ᠎ᠡ ᠭᠠᠵᠠᠷ ᠤᠨ ᠬᠢᠨ ᠡᠷᠬᠡᠪᠰᠢ ᠭᠦᠨᠵᠡᠭᠡᠢ ᠰᠤᠷᠭᠠᠮᠵᠢ ᠠᠪᠴᠦ᠂ ᠠᠵᠤ ᠠᠬᠤᠶ ᠶᠢᠨ ᠳᠠᠩᠰᠠ᠂ ᠠᠮᠢ ᠠᠬᠤᠶ ᠶᠢᠨ ᠲᠡᠩᠰᠠ᠂ ᠤᠯᠤᠰ ᠲᠦᠷᠦ ᠶᠢᠨ ᠲᠡᠩᠰᠠ ᠶᠢ ᠡᠷᠬᠡᠪᠰᠢ ᠲᠤᠳᠤᠷᠬᠠᠢ ᠪᠤᠳᠤᠬᠤ ᠭᠡᠷᠡᠭᠳᠠᠢ᠂ ᠠᠵᠤ ᠠᠬᠤᠶᠢᠯᠠᠯ ᠤᠨ ᠬᠢᠨ ᠵᠥᠪᠬᠡᠨ ᠠᠰᠢᠭ ᠬᠤᠨᠵᠢᠪᠣᠷᠢ ᠶᠢ ᠪᠣᠳᠣᠵᠤ ᠪᠣᠯᠬᠤ ᠦᠭᠡᠢ᠂ ᠵᠠᠰᠠᠭ ᠤᠨ ᠣᠷᠳᠣᠨ ᠵᠥᠪᠬᠡᠨ ᠭᠠᠶᠢᠯᠢ ᠲᠠᠲᠠᠪᠤᠷᠢ ᠤᠯᠬᠤ ᠶᠢ ᠪᠣᠳᠣᠵᠤ ᠪᠣᠯᠬᠤ ᠦᠭᠡᠢ᠂ ᠲᠡᠬᠢᠵᠤ ᠵᠠᠳᠠᠭᠠᠶ ᠠᠭᠤᠷᠬᠠᠶ ᠨᠡᠭᠡᠭᠡᠬᠦ ᠶᠢ ᠶᠠᠭᠠᠬᠢᠭᠰᠠᠨ ᠴᠤ ᠵᠥᠪᠰᠢᠶᠡᠷᠡᠵᠦ ᠪᠤᠯᠬᠤ ᠦᠭᠡᠶ᠂ ᠶᠠᠭᠠᠬᠢᠭᠰᠠᠨ ᠴᠤ ᠠᠮᠢ ᠠᠬᠤᠢ ᠣᠷᠴᠢᠨ ᠲᠤᠭᠤᠷᠢᠨ ᠢ ᠦᠷᠡᠭᠳᠡᠭᠦᠯᠵᠦ ᠪᠠᠶᠢᠭᠠᠳ ᠨᠢᠭᠡᠨ ᠴᠠᠭ ᠤᠨ ᠨᠢᠭᠡᠨ ᠭᠠᠵᠠᠷ ᠤᠷᠤᠨ ᠤ ᠠᠵᠤ ᠠᠬᠤᠢ ᠶᠢᠨ ᠨᠡᠮᠡᠭᠳᠡᠯ  ᠢ ᠰᠣᠯᠢᠵᠤ ᠪᠣᠯᠬᠤ ᠦᠭᠡᠢ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠵᠦ᠂ ᠬᠠᠭᠠᠵᠤ ᠵᠣᠭᠰᠣᠭᠠᠬᠤ ᠶᠣᠰᠣᠲᠠᠢ ᠠᠵᠤ ᠠᠬᠤᠶᠢᠯᠠᠯ ᠢ ᠡᠷᠡᠰ ᠬᠠᠭᠠᠵᠤ ᠵᠣᠭᠰᠣᠭᠠᠬᠤ ᠬᠡᠷᠡᠭᠲᠡᠢ᠃ ᠵᠠᠰᠠᠵᠤ ᠰᠡᠷᠭᠦᠭᠡᠬᠦ ᠠᠵᠢᠯ ᠢ ᠦᠨᠡᠨ ᠪᠣᠳᠠᠲᠠᠢ ᠪᠠᠷ ᠬᠢᠬᠦ ᠬᠡᠷᠡᠭᠲᠡᠢ᠂ ᠬᠠᠰᠢ ᠶᠠᠰᠢ ᠪᠠᠷ ᠠᠯᠪᠠ ᠬᠠᠰᠢᠬᠤ᠂ ᠴᠢᠨᠠᠭᠰᠢᠯᠠᠪᠠᠯ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠴᠦ ᠶᠠᠭᠠᠬᠢᠭᠰᠠᠨ ᠴᠤ ᠪᠣᠯᠬᠤ ᠦᠭᠡᠢ᠃ ᠡᠯ᠎ᠡ ᠱᠠᠲᠤᠨ ᠤ ᠺᠠᠳ᠋ᠷᠴᠤᠳ ᠠᠮᠢ ᠠᠬᠤᠶ ᠶᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠵᠥᠪ ᠢᠶᠠᠷ ᠲᠤᠩᠭᠠᠨ ᠰᠡᠳᠬᠢᠵᠤ᠂ ᠲᠣᠪᠤᠶᠢᠮ᠎ᠠ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠢᠢᠳᠪᠤᠷᠢᠯᠡᠵᠦ᠂ ᠠᠵᠢᠯ ᠢᠶᠠᠨ ᠦᠨᠡᠨ ᠬᠦ ᠣᠨᠣᠴᠠᠲᠠᠶ ᠬᠢᠵᠤ᠂ ᠨᠠᠷᠢᠯᠢᠭ ᠬᠢᠵᠦ᠂ ᠭᠦᠨᠵᠡᠭᠡᠶ ᠠᠳᠬᠤᠬᠤ ᠬᠡᠷᠡᠭᠲᠡᠶ ᠬᠡᠪᠡ᠃
              ᠬᠠᠳᠤᠨ ᠭᠤᠣᠯ ᠳᠠᠭᠠᠤ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠪᠡᠶᠡᠯᠡᠭᠦᠯᠵᠦ ᠳᠡᠶᠢᠯᠬᠦ ᠡᠰᠡᠬᠦ ᠨᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠲᠦᠢᠯ ᠤᠨ ᠴᠢᠬᠤᠯᠠ ᠶᠤᠮ᠃ ᠱᠢ ᠲᠠᠢ ᠹᠧᠩ ᠰᠢ ᠯᠠᠢ ᠹᠧᠩ ᠨᠡᠭᠦᠷᠡᠰᠦ ᠶᠢ ᠬᠡᠦᠷᠰᠢᠭᠦᠯᠬᠦ ᠺᠣᠮᠫᠠᠨᠢ᠂ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠰᠠᠢ ᠰᠧ ᠫᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠵᠦᠩ ᠱᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠯᠢᠩ ᠱᠧᠩ ᠲᠠᠷᠢᠮᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠺᠣᠮᠫᠠᠨᠢ᠂ ᠲᠠᠢ ᠰᠢᠩ ᠲᠠᠢ ᠹᠧᠩ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠳᠤ ᠬᠦᠷᠴᠦ᠂ ᠪᠣᠬᠢᠷᠲᠤᠯ ᠢ ᠵᠠᠰᠠᠬᠤ ᠲᠥᠬᠦᠭᠡᠷᠦᠮᠵᠢ ᠶᠢᠨ ᠡᠷᠬᠢᠯᠳᠡ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠵᠦ᠂ ᠨᠡᠭᠦᠷᠡᠰᠦ ᠪᠠᠷ ᠰᠠᠭᠤᠷᠢ ᠪᠤᠯᠭᠠᠬᠰᠠᠨ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠤᠷ᠎ᠠ ᠮᠡᠷᠭᠡᠵᠢᠯ᠂ ᠪᠦᠬᠦ ᠰᠢᠷᠢᠰ ᠦᠢᠯᠡᠳᠬᠦᠨ ᠤ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠭᠦᠨᠵᠡᠭᠡᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠡᠨᠧᠷᠭᠢ ᠶᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠦᠷ᠎ᠡ ᠠᠰᠢᠭ ᠢ ᠨᠡᠮᠡᠭᠳᠡᠭᠦᠯᠵᠦ ᠪᠣᠬᠢᠷᠲᠤᠯ ᠢ ᠪᠠᠭᠠᠰᠬᠠᠬᠤ᠂ ᠬᠥᠭᠵᠢᠯᠲᠡ ᠶᠢᠨ ᠦᠷ᠎ᠡ ᠠᠰᠢᠭ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠪᠠ᠃ ᠲᠡᠷᠡ᠂ ᠨᠡᠭᠦᠷᠡᠰᠦᠲᠥ᠋ᠷᠥᠭᠴᠢ ᠢᠢ ᠭᠠᠳᠠᠬᠰᠢᠯᠠᠭᠤᠯᠬᠤ ᠤᠷᠬᠢᠯ ᠬᠡᠮᠵᠢᠭᠳᠡᠯ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠴᠠ ᠪᠤᠯᠤᠬᠰᠠᠨ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠡᠵᠡᠮᠳᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠰᠠᠨ᠂ ᠪᠣᠬᠢᠷᠲᠤᠯ ᠦᠭᠡᠢ ᠬᠥᠭᠵᠢᠭᠦᠯᠤᠯᠲᠠ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠭᠤᠴᠢᠨ ᠬᠡᠪᠰᠢᠯ ᠵᠤᠷᠰᠢᠯ ᠢ ᠵᠤᠷᠢᠬᠳᠠᠢ ᠪᠠᠷ ᠡᠪᠳᠡᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠲᠦᠷᠦᠯ ᠵᠦᠢᠯ ᠢ ᠡᠷᠡᠰ ᠢᠶᠠᠷ ᠰᠢᠭᠰᠢᠭᠳᠡᠬᠦᠯᠵᠦ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠬᠤ ᠪᠠ ᠳᠡᠭᠡᠳᠦ ᠲᠡᠰᠵᠢᠬᠦᠯᠬᠦ ᠲᠡᠶᠢᠰᠢ ᠬᠥᠭᠵᠢᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ ᠨᠡᠶᠢᠳᠬᠡᠬᠦ ᠬᠢᠬᠡᠳ ᠠᠵᠤ ᠦᠢᠯᠡᠰ ᠢ ᠨᠢᠭᠡᠳᠦᠯᠲᠡᠶ ᠲᠥᠯᠥᠪᠵᠢᠬᠦᠯᠬᠦ ᠶᠢ ᠢᠳᠡᠪᠬᠢᠲᠡᠶ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠭᠡᠯᠬᠢᠶ᠎ᠠ ᠶᠢᠨ ᠳᠣᠲᠣᠭᠠᠳᠤ ᠣᠷᠴᠢᠯ ᠤᠨ ᠬᠠᠮᠳᠤᠷᠠᠯᠴᠠᠭᠠᠨ ᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠬᠤᠭᠤᠷᠣᠨᠳᠣ ᠪᠠᠨ ᠬᠠᠷᠢᠯᠴᠠᠨ ᠠᠰᠢᠭᠲᠠᠶ ᠪᠠᠶᠢᠬᠤ ᠬᠠᠮᠵᠢᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠬᠤ ᠬᠡᠷᠡᠭᠲᠡᠶ᠃ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠳᠤ ᠠᠯᠤᠰ ᠬᠡᠲᠦ ᠶᠢᠨ ᠲᠥᠯᠥᠪᠵᠢᠭᠦᠯᠭᠡ ᠪᠠ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠲᠠᠢ ᠪᠠᠶᠢᠵᠤ᠂ ᠭᠤᠤᠯᠯᠠᠬᠤ ᠠᠵᠤ ᠦᠢᠯᠡᠰ ᠢ ᠤᠷᠲᠤᠳᠬᠠᠨ ᠲᠠᠰ ᠳᠡᠪᠰᠢᠭᠦᠯᠬᠦ ᠶᠢ ᠠᠬᠢᠭᠤᠯᠬᠤ ᠶᠢᠨ ᠲᠤᠭᠤᠷᠢᠨ ᠳᠤ ᠶᠠᠪᠤᠭᠳᠠᠭᠤᠯᠤᠨ᠂ ᠤᠯᠠᠮᠵᠢᠯᠠᠯᠲᠤ ᠬᠥᠭᠵᠢᠯᠲᠡ ᠶᠢᠨ ᠠᠷᠭ᠎ᠠ ᠵᠠᠮ ᠳᠡᠭᠡᠷ᠎ᠡ ᠵᠤᠬᠰᠤᠩᠭᠤᠢᠢᠷᠠᠵᠤ ᠪᠣᠯᠬᠤ ᠥᠬᠡᠶ ᠬᠡᠵᠤ ᠴᠢᠬᠤᠯᠠᠴᠢᠯᠠᠪᠠ᠃
        8.jpg 
             ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ