内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ​ ᠬᠢᠨᠠᠨ ᠬᠠᠮᠢᠶᠠᠷᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2021/6/10
                                                    ᠦᠪᠦᠷ ᠵᠠᠰᠠᠭ ᠠᠯᠪᠠᠨ ᠲᠠᠷᠬᠠᠭᠠᠭᠰᠠᠨ ﹇2021﹈ 12 ᠳ᠋ᠤᠭᠠᠷ ᠲᠣᠭᠠᠲᠤ                  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ                ᠭᠤᠣᠷᠰᠤ ᠶᠢᠨ ᠬᠠᠮᠠᠭᠠᠯᠠᠯᠲᠠ ᠶᠢᠨ ᠬᠢᠨᠠᠨ ᠬᠠᠮᠢᠶᠠᠷᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ                 ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠢᠨᠠᠨ ᠬᠠᠮᠢᠶᠠᠷᠬᠤ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                 2021 ᠣᠨ ᠤ 2 ᠳ᠋ᠤᠭᠠᠷ ᠰᠠᠷ᠎ᠠ ᠶᠢᠨ 25 ᠤ ᠡᠳᠦᠷ                                                                   ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ              ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠢᠨᠠᠨ ᠬᠠᠮᠢᠶᠠᠷᠬᠤ ᠠᠷᠭ᠎ᠠ      ᠨᠢᠭᠡᠳᠦᠭᠡᠷ ᠵᠦᠢᠯ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠭᠤᠣᠷᠰᠤ ᠶᠢᠨ ᠬᠠᠮᠠᠭᠠᠯᠠᠯᠲᠠ ᠶᠢ ᠴᠢᠩᠭᠠᠳᠬᠠᠵᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠤᠨ ᠬᠦᠷᠭᠡᠬᠦ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠤᠨ ᠬᠦᠷᠭᠡᠬᠦ ᠬᠤᠭᠤᠯᠠᠶ ᠭᠤᠣᠷᠰᠤ ︵ᠳᠣᠷᠣᠭᠰᠢ ᠬᠤᠭᠤᠯᠠᠶ ᠭᠤᠣᠷᠰᠤ ᠭᠡᠵᠦ ᠲᠣᠪᠴᠢᠯᠠᠨ᠎ᠠ︶ ᠶᠢ ᠬᠠᠮᠠᠭᠠᠯᠠᠬᠤ ᠳᠤ ᠲᠣᠰ ᠠᠷᠭ᠎ᠠ ᠬᠡᠷᠡᠭᠯᠡᠭᠳᠡᠨ᠎ᠡ᠃      ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠪᠠ ᠴᠢᠯᠠᠭᠤᠨ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠲᠠᠬᠢ ᠬᠤᠭᠤᠯᠠᠶ ᠭᠤᠣᠷᠰᠤ ᠶᠢ ᠬᠠᠮᠠᠭᠠᠯᠠᠬᠤ ᠳᠤ ᠲᠣᠰ ᠠᠷᠭ᠎ᠠ ᠳᠣᠭᠢᠷᠠᠬᠤ ᠥᠬᠡᠶ᠃      ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠴᠢᠯᠠᠭᠤᠨ ᠲᠤᠰᠤ ᠭᠡᠳᠡᠭ ᠨᠢ ᠲᠦᠭᠦᠬᠡᠶ ᠴᠢᠯᠠᠭᠤᠨ ᠲᠤᠰᠤ ᠪᠠ ᠪᠣᠯᠪᠠᠰᠤᠷᠠᠭᠤᠯᠤᠭᠰᠠᠨ ᠴᠢᠯᠠᠭᠤᠨ ᠲᠤᠰᠤ ᠶᠢ ᠪᠠᠭᠲᠠᠭᠠᠵᠤ ᠪᠣᠢ᠂ ᠪᠠᠶᠢᠭᠠᠯᠢ ᠶᠢᠨ ᠰᠢᠲᠠᠮᠠᠬᠠᠶ ᠬᠡᠢ ᠭᠡᠳᠡᠭ ᠨᠢ ᠪᠠᠶᠢᠭᠠᠯᠢ ᠶᠢᠨ ᠰᠢᠲᠠᠮᠠᠬᠠᠶ ᠬᠡᠢ᠂ ᠨᠡᠭᠦᠷᠡᠰᠦᠨ ᠳᠠᠪᠬᠤᠷᠭ᠎ᠠ ᠶᠢᠨ ᠬᠡᠢ ᠪᠠ ᠨᠡᠭᠦᠷᠡᠰᠦ ᠪᠠᠷ ᠦᠢᠯᠡᠳᠦᠭᠰᠡᠨ ᠬᠡᠢ ᠶᠢ ᠪᠠᠭᠲᠠᠭᠠᠵᠤ ᠪᠣᠢ᠃      ᠲᠤᠰ ᠠᠷᠭ᠎ᠠ ᠳᠤ ᠬᠡᠯᠡᠵᠦ ᠪᠠᠶᠢᠭ᠎ᠠ ᠬᠤᠭᠤᠯᠠᠶ ᠭᠤᠣᠷᠰᠤ ᠭᠡᠳᠡᠭ ᠨᠢ ᠳᠠᠮᠵᠢᠭᠤᠯᠬᠤ ᠬᠤᠭᠤᠯᠠᠶ ᠭᠤᠣᠷᠰᠤ ᠵᠢᠴᠢ ᠳᠠᠮᠵᠢᠭᠤᠯᠬᠤ ᠬᠤᠭᠤᠯᠠᠶ ᠭᠤᠣᠷᠰᠤ ᠶᠢᠨ ᠲᠠᠭᠠᠯᠳᠠ ᠪᠡᠯᠡᠳᠭᠡᠮᠵᠢ ᠶᠢ ᠪᠠᠭᠲᠠᠭᠠᠵᠤ ᠪᠣᠢ᠃      ᠳᠥᠷᠪᠡᠳᠦᠭᠡᠷ ᠵᠦᠢᠯ ᠬᠤᠭᠤᠯᠠᠢ ᠭᠤᠣᠷᠰᠤ ᠶᠢ ᠬᠠᠮᠠᠭᠠᠯᠠᠬᠤ ᠠᠵᠢᠯ ᠳᠤ ᠠᠮᠦᠷ ᠲᠦᠪᠰᠢᠨ ᠢ ᠲᠡᠷᠢᠭᠦᠨ ᠳᠤ ᠲᠠᠯᠪᠢᠬᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠨᠢ ᠬᠠᠮᠢᠶᠠᠷᠤᠭᠤᠯᠬᠤ ᠶᠢ ᠬᠡᠷᠡᠭᠵᠢᠭᠦᠯᠦᠨ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠦᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠦᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠦᠷ ᠲᠦᠪᠰᠢᠨ ᠢ ᠬᠠᠮᠢᠶᠠᠷᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃      ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ︵ᠳᠣᠷᠣᠭᠰᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠢ᠂ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠢ ᠭᠤᠣᠷᠰᠤ ᠶᠢᠨ ᠬᠠᠮᠠᠭᠠᠯᠠᠯᠲᠠ ᠶᠢᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠨᠢᠭᠡᠴᠢ ᠶᠢᠨ ᠬᠢᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠳᠤ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ ᠬᠤᠣᠷ ᠬᠦᠨᠦᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠤᠰᠤᠳ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠠᠮᠢᠶ᠎ᠠ ᠪᠥᠬᠦᠢ ᠠᠵᠢᠯ ᠢ ᠬᠠᠷᠢᠭᠤᠴᠠᠬᠤ ᠬᠡᠷᠡᠭᠲᠡᠶ᠃      ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠤᠷᠰᠤ ᠶᠢᠨ ᠬᠠᠮᠠᠭᠠᠯᠠᠯᠲᠠ ᠶᠢᠨ ᠠᠵᠢᠯ ᠤᠨ ᠴᠢᠬᠤᠯᠠ ᠶᠡᠭᠡ ᠠᠰᠠᠭᠤᠳᠠᠯ ᠢᠶᠠᠨ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠨᠢ ᠰᠢᠮᠳᠠᠭᠤᠯᠤᠨ ᠪᠠᠶᠢᠴᠠᠭᠠᠵᠤ᠂ ᠬᠤᠭᠤᠯᠠᠶ ᠭᠤᠣᠷᠰᠤ ᠶᠢᠨ ᠭᠠᠳᠠᠷ ᠲᠠᠯ᠎ᠠ ᠶᠢᠨ ᠠᠮᠤᠷ ᠲᠦᠪᠰᠢᠨ ᠤ ᠬᠦᠨᠳᠦ ᠶᠡᠭᠡ ᠲᠠᠯᠳᠠ ᠭᠡᠮ ᠢ ᠵᠣᠬᠢᠶᠠᠨ ᠪᠠᠶᠢᠭᠤᠯᠵᠤ ᠪᠠᠶᠢᠭᠠᠳ ᠠᠷᠢᠯᠭᠠᠬᠤ ᠬᠡᠷᠡᠭᠲᠡᠶ᠃      ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ︵ᠰᠠᠭᠤᠭᠠᠯᠢ ᠲᠣᠭᠤᠷᠢᠭ︶ ᠤ ᠠᠷᠠᠳ ᠤᠨ ᠵᠥᠪᠯᠡᠯ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠢᠶᠠᠨ ᠰᠠᠶᠢᠲᠤᠷ ᠬᠢᠵᠦ᠂ ᠬᠤᠭᠤᠯᠠᠶ ᠭᠤᠣᠷᠰᠤ ᠳᠤ ᠲᠣᠭᠤᠷᠢᠨ ᠬᠠᠮᠠᠭᠠᠯᠠᠬᠤ᠂ ᠲᠣᠭᠤᠷᠢᠨ ᠪᠠᠶᠢᠴᠠᠭᠠᠬᠤ᠂ ᠰᠡᠯᠪᠢᠨ ᠵᠠᠰᠠᠵᠤ ᠠᠷᠠᠴᠢᠯᠠᠬᠤ ᠪᠠ ᠠᠳᠡᠯ ᠢ ᠵᠠᠪᠳᠡᠵᠦ ᠵᠠᠰᠠᠬᠤ ᠵᠡᠷᠭᠡ ᠠᠵᠢᠯᠯᠠᠭ᠎ᠠ ᠦᠷᠨᠢᠭᠦᠯᠬᠦ ᠳᠤ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠶ᠃      ᠳᠣᠯᠣᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠪᠣᠯ ᠬᠤᠭᠤᠯᠠᠶ ᠭᠤᠣᠷᠰᠤ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠠᠶᠤᠯ ᠦᠭᠡᠢ ᠠᠵᠢᠯᠯᠠᠭᠠᠨ ᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ ᠡᠷᠬᠡᠪᠰᠢ ᠤᠯᠤᠰ ᠤᠨ ᠮᠡᠷᠭᠡᠵᠢᠯ ᠤᠨ ᠵᠢᠷᠤᠮᠵᠢᠯ ᠪᠠ ᠠᠯᠪᠠᠳᠠᠯᠭ᠎ᠠ ᠶᠢᠨ ᠴᠢᠨᠠᠷᠲᠠᠶ ᠱᠠᠭᠠᠷᠳᠠᠯᠭ᠎ᠠ ᠶᠢ ᠬᠡᠷᠡᠭᠵᠢᠭᠦᠯᠵᠦ᠂ ᠲᠤᠰ ᠠᠵᠤ ᠠᠬᠤᠶᠢᠯᠠᠯ ᠤᠨ ᠢᠶᠠᠨ ᠬᠤᠭᠤᠯᠠᠶ ᠭᠤᠣᠷᠰᠤ ᠶᠢᠨ ᠪᠦᠷᠢᠨ ᠪᠦᠲᠦᠨ ᠴᠢᠨᠠᠷ ᠢ ᠬᠠᠮᠢᠶᠠᠷᠬᠤ᠂ ᠲᠣᠭᠤᠷᠢᠨ ᠬᠠᠮᠠᠭᠠᠯᠠᠵᠤ ᠠᠷᠠᠴᠢᠯᠠᠬᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠠᠯᠳᠠ ᠭᠡᠮ ᠢ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠲᠦᠷᠢᠮ ᠪᠠ ᠠᠵᠢᠯᠯᠠᠬᠤ ᠳᠦᠷᠢᠮᠯᠡᠯ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠶ ᠭᠤᠣᠷᠰᠤ ᠶᠢᠨ ᠰᠢᠰᠲ᠋ᠧᠮ ᠤᠨ ᠠᠮᠦᠷ ᠢ ᠬᠠᠮᠠᠭᠠᠯᠠᠬᠤ ᠲᠠᠯ᠎ᠠ ᠶᠢᠨ ᠲᠦᠭᠰᠢᠭᠦᠷᠢ ᠶᠢᠨ ᠲᠡᠰ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠪᠠ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠵᠤ᠂ ᠬᠤᠭᠤᠯᠠᠶ ᠭᠤᠣᠷᠰᠤ ᠶᠢᠨ ᠠᠶᠤᠯ ᠦᠭᠡᠢ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠨᠢᠭᠡᠴᠢ ᠪᠠ ᠬᠤᠪᠢ ᠬᠥᠮᠦᠨ ᠲᠠᠢ ᠬᠤᠭᠤᠯᠠᠶ ᠭᠤᠣᠷᠰᠤ ᠶᠢ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠤᠯᠠᠨ ᠨᠡᠶᠢᠲᠡ ᠳᠤ ᠠᠮᠦᠷ ᠲᠦᠪᠰᠢᠨ ᠤ ᠲᠠᠯ᠎ᠠ ᠪᠠᠷ ᠬᠢ ᠲᠦᠭᠰᠢᠭᠦᠷᠢ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃      ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ ᠬᠤᠬᠢᠷᠠᠯ ᠤᠴᠠᠷᠠᠭᠤᠯᠬᠤ ᠦᠢᠯᠡ ᠠᠵᠢᠯᠯᠠᠭ᠎ᠠ ᠬᠢᠵᠦ ᠪᠣᠯᠬᠤ ᠦᠭᠡᠢ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠡᠳᠦᠷ ᠲᠤᠳᠤᠮ ᠤᠨ ᠲᠣᠭᠤᠷᠢᠨ ᠬᠠᠮᠠᠭᠠᠯᠠᠬᠤ᠂ ᠲᠣᠭᠤᠷᠢᠨ ᠪᠠᠶᠢᠴᠠᠭᠠᠬᠤ᠂ ᠰᠡᠯᠪᠢᠨ ᠵᠠᠰᠠᠵᠤ ᠠᠷᠠᠴᠢᠯᠠᠬᠤ ᠵᠡᠷᠭᠡ ᠠᠵᠢᠯᠯᠠᠭ᠎ᠠ ᠬᠢᠬᠦ ᠶᠢ ᠬᠠᠷᠰᠢᠯᠠᠬᠤ ᠪᠠ ᠰᠠᠭᠠᠲᠠᠭᠠᠵᠤ ᠪᠣᠯᠬᠤ ᠦᠭᠡᠢ᠃      ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠪᠣᠯ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠂ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠪᠠᠷ ᠢᠶᠠᠨ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃      ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠤᠯᠲᠠ ᠬᠢᠬᠦ ᠳᠤ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠥᠭᠡᠷᠡᠴᠢᠯᠡᠨ ᠪᠠᠶᠢᠭᠤᠯᠬᠤ᠂ ᠰᠢᠯᠵᠢᠭᠦᠯᠦᠨ ᠨᠡᠭᠦᠯᠭᠡᠬᠦ ᠪᠤᠶᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠨᠡᠮᠡᠭᠳᠡᠭᠦᠯᠬᠦ ᠠᠵᠢᠯ ᠳᠤ ᠬᠤᠯᠪᠣᠭᠳᠠᠭᠰᠠᠨ ᠪᠠᠶᠢᠪᠠᠯ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠰᠠᠨᠠᠯ ᠢ ᠬᠤᠷᠢᠶᠠᠬᠤ ᠬᠡᠷᠡᠭᠲᠡᠶ᠃      ᠠᠷᠪᠠᠳᠤᠭᠠᠷ ᠵᠦᠢᠯ ᠬᠤᠭᠤᠯᠠᠢ ᠭᠤᠣᠷᠰᠤ ᠶᠢᠨ ᠲᠠᠯ᠎ᠠ ᠪᠠᠷ ᠬᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠪᠠᠷ ᠵᠠᠮ ᠱᠤᠭᠤᠮ ᠰᠤᠩᠭᠤᠬᠤ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠤᠯᠤᠰ ᠤᠨ ᠮᠡᠷᠭᠡᠵᠢᠯ ᠤᠨ ᠵᠢᠷᠤᠮᠵᠢᠯ ᠳᠤ ᠲᠣᠭᠲᠠᠭᠠᠭᠰᠠᠨ ᠬᠠᠮᠠᠭᠠᠯᠠᠯᠲᠠ ᠶᠢᠨ ᠵᠠᠶ ᠶᠢ ᠬᠡᠷᠡᠭᠵᠢᠭᠦᠯᠵᠦ᠂ ᠬᠥᠮᠦᠨ ᠠᠮᠠ ᠨᠢᠭᠲᠠᠷᠠᠵᠤ ᠲᠥᠪᠯᠡᠷᠡᠭᠰᠡᠨ ᠣᠷᠣᠨ ᠵᠡᠷᠭᠡ ᠤᠯᠠᠨ ᠨᠡᠶᠢᠲᠡ ᠶᠢᠨ ᠭᠠᠵᠠᠷ ᠲᠠᠯᠠᠪᠤᠷ ᠵᠢᠴᠢ ᠠᠮᠠᠷᠬᠠᠨ ᠦᠶᠡᠷ ᠤᠰᠤᠳᠤᠯ ᠤᠨ ᠭᠠᠢ ᠭᠠᠮᠰᠢᠭ᠂ ᠭᠠᠵᠠᠷ ᠬᠦᠷᠦᠰᠦᠨ ᠤ ᠭᠠᠢ ᠭᠠᠮᠰᠢᠭ ᠡᠭᠦᠰᠳᠡᠭ ᠣᠷᠣᠨ ᠪᠦᠰᠡ ᠠᠴᠠ ᠵᠠᠶᠢᠯᠠᠭᠤᠯᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠨᠢ ᠭᠠᠵᠠᠷ ᠰᠢᠷᠣᠶ᠂ ᠭᠡᠷ ᠪᠠᠶᠢᠰᠢᠩ ᠢ ᠲᠠᠲᠠᠪᠤᠷᠢᠯᠠᠬᠤ ᠳᠤ ᠬᠤᠯᠪᠣᠭᠳᠠᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ ᠬᠤᠭᠤᠯᠠᠶ ᠭᠤᠣᠷᠰᠤ ᠶᠢᠨ ᠠᠵᠢᠯᠯᠠᠭᠠᠨ ᠪᠠ ᠬᠠᠮᠠᠭᠠᠯᠠᠯᠲᠠ ᠨᠢ ᠭᠠᠵᠠᠷ ᠰᠢᠷᠣᠶ ᠶᠢᠨ ᠬᠡᠷᠡᠭᠯᠡᠯᠲᠡ ᠶᠢ ᠨᠥᠯᠥᠭᠡᠯᠡᠭᠰᠡᠨ ᠪᠠᠶᠢᠪᠠᠯ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠬᠢᠬᠦ ᠳᠤ ᠪᠠᠨ ᠭᠠᠵᠠᠷ ᠰᠢᠷᠣᠶ ᠶᠢᠨ ᠬᠡᠷᠡᠭᠴᠡᠭᠡ ᠶᠣᠰᠣᠭᠠᠷ᠂ ᠭᠠᠵᠠᠷ ᠰᠢᠷᠣᠶ ᠬᠡᠷᠡᠭᠯᠡᠬᠦ ᠴᠢᠳᠠᠮᠵᠢ ᠶᠢᠨ ᠨᠥᠯᠥᠭᠡᠯᠡᠭᠳᠡᠬᠦ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠤᠳᠤᠯᠬᠢᠯᠠᠭᠠᠳ ᠬᠠᠮᠢᠶ᠎ᠠ ᠪᠦᠬᠦᠢ ᠡᠷᠬᠡ ᠠᠰᠢᠭᠲᠤ ᠬᠥᠮᠦᠨ ᠳᠤ ᠲᠦᠯᠦᠪᠦᠷᠢ ᠥᠭᠬᠦ ᠶᠢᠨ ᠬᠠᠮᠲᠤ᠂ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠠᠵᠢᠯ ᠢ ᠴᠠᠭ ᠲᠤᠬᠠᠶ ᠳᠤ ᠨᠢ ᠪᠡᠶᠡᠯᠡᠭᠦᠯᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠳᠤ ᠵᠣᠬᠢᠬᠤ ᠬᠢᠷᠢ ᠴᠢᠳᠠᠮᠵᠢ ᠲᠠᠢ ᠨᠢᠭᠡᠴᠢ ᠶᠢ ᠰᠣᠩᠭᠤᠵᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠳᠠᠭᠠᠭᠠᠨ ᠡᠭᠦᠷᠭᠡᠯᠡᠭᠦᠯᠬᠦ ᠬᠡᠷᠡᠭᠲᠡᠶ᠂ ᠪᠠᠷᠢᠯᠭ᠎ᠠ ᠡᠬᠢᠯᠡᠬᠦ ᠠᠴᠠ ᠡᠮᠦᠨ᠎ᠡ ᠲᠦᠷᠦᠯ ᠵᠦᠢᠯ ᠤᠨ ᠪᠦᠳᠦᠭᠡᠨ ᠪᠠᠶᠢᠭᠤᠯᠬᠤ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠨ ᠠᠮᠦᠷ ᠲᠦᠪᠰᠢᠨ ᠤ ᠬᠢᠨᠠᠨ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ ᠠᠮᠦᠷ ᠲᠦᠪᠰᠢᠨ ᠤ ᠬᠢᠨᠠᠨ ᠪᠠᠶᠢᠴᠠᠭᠠᠯᠲᠠ ᠬᠢᠯᠭᠡᠭᠰᠡᠨ ᠦᠭᠡᠢ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠨᠢ ᠠᠵᠢᠯ ᠡᠬᠢᠯᠡᠭᠦᠯᠦᠨ ᠪᠦᠳᠦᠭᠡᠠ ᠪᠠᠶᠢᠭᠤᠯᠵᠤ ᠪᠣᠯᠬᠤ ᠦᠭᠡᠢ᠃      ᠠᠷᠪᠠᠨ ᠭᠤᠷᠪᠠᠳᠤᠭᠠᠷ ᠵᠦᠢᠯ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠬᠠᠮᠠᠭᠠᠯᠠᠯᠲᠠ ᠶᠢᠨ ᠪᠡᠯᠡᠳᠭᠡᠮᠵᠢ ᠶᠢ ᠬᠤᠭᠤᠯᠠᠶ ᠭᠤᠣᠷᠰᠤ ᠶᠢᠨ ᠭᠤᠣᠯ ᠴᠣᠭᠴᠠ ᠪᠣᠯᠬᠤ ᠪᠠᠷᠢᠯᠭ᠎ᠠ ᠯᠤᠭ᠎ᠠ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠵᠦ ᠪᠠᠶᠢᠭ᠎ᠠ ᠬᠤᠭᠤᠯᠠᠶ ᠭᠤᠣᠷᠰᠤ ᠵᠢᠴᠢ ᠲᠡᠭᠦᠨ ᠤ ᠳᠠᠭᠠᠯᠳᠤᠭᠤᠯᠤᠯ ᠮᠠᠲ᠋ᠧᠷᠢᠶᠠᠯ ᠤᠨ ᠶᠠᠰᠤ ᠴᠢᠨᠠᠷ ᠨᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠨᠢ ᠪᠤᠰᠤᠳ ᠪᠦᠳᠦᠭᠡᠨ ᠪᠠᠶᠢᠭᠤᠯᠬᠤ ᠪᠠᠷᠢᠯᠭ᠎ᠠ ᠯᠤᠭ᠎ᠠ ᠬᠠᠷᠭᠤᠬᠤ ᠦᠶ᠎ᠡ ᠳᠤ᠂ ᠬᠤᠶᠢᠨ᠎ᠠ ᠠᠵᠢᠯ ᠡᠬᠢᠯᠡᠭᠦᠯᠦᠭᠰᠡᠨ ᠪᠦᠳᠦᠭᠡᠨ ᠪᠠᠶᠢᠭᠤᠯᠬᠤ ᠪᠠᠷᠢᠯᠭ᠎ᠠ ᠨᠢ ᠤᠷᠢᠳ ᠢᠶᠠᠷ ᠠᠵᠢᠯ ᠡᠬᠢᠯᠡᠭᠦᠯᠦᠭᠰᠡᠨ ᠪᠤᠶᠤ ᠨᠢᠭᠡᠨᠲᠡ ᠪᠠᠶᠢᠭᠤᠯᠤᠭᠰᠠᠨ ᠪᠦᠳᠦᠭᠡᠨ ᠪᠠᠶᠢᠭᠤᠯᠬᠤ ᠪᠠᠷᠢᠯᠭ᠎ᠠ ᠶᠢ ᠳᠠᠭᠠᠬᠤ ᠬᠡᠷᠡᠭᠲᠡᠢ︔ ᠵᠡᠷᠭᠡ ᠪᠠᠷ ᠠᠵᠢᠯ ᠡᠬᠢᠯᠡᠭᠦᠯᠦᠭᠰᠡᠨ ᠪᠦᠳᠦᠭᠡᠠ ᠪᠠᠶᠢᠭᠤᠯᠬᠤ ᠪᠠᠷᠢᠯᠭ᠎ᠠ ᠪᠣᠯ ᠬᠤᠶᠢᠨ᠎ᠠ ᠵᠥᠪᠰᠢᠶᠡᠷᠡᠭᠦᠯᠦᠭᠰᠡᠨ ᠪᠦᠳᠦᠭᠡᠠ ᠪᠠᠶᠢᠭᠤᠯᠬᠤ ᠪᠠᠷᠢᠯᠭ᠎ᠠ ᠨᠢ ᠤᠷᠢᠳ ᠢᠶᠠᠷ ᠵᠥᠪᠰᠢᠶᠡᠷᠡᠭᠦᠯᠦᠭᠰᠡᠨ ᠪᠦᠲᠦᠭᠡᠨ ᠪᠠᠶᠢᠭᠤᠯᠬᠤ ᠪᠠᠷᠢᠯᠭ᠎ᠠ ᠶᠢ ᠲᠡᠭᠠᠬᠤ ᠬᠡᠷᠡᠭᠲᠡᠶ᠃ ᠪᠦᠳᠦᠭᠡᠠ ᠪᠠᠶᠢᠭᠤᠯᠬᠤ ᠪᠠᠷᠢᠯᠭ᠎ᠠ ᠶᠢᠨ ᠬᠤᠶᠠᠷ ᠲᠠᠯ᠎ᠠ ᠪᠠᠷ ᠢᠶᠠᠨ ᠪᠠᠷᠢᠯᠭ᠎ᠠ ᠶᠢᠨ ᠠᠵᠢᠯ ᠤᠨ ᠲᠥᠰᠦᠯ ᠢᠶᠠᠨ ᠵᠥᠪᠳᠡᠯᠴᠡᠨ ᠲᠣᠭᠲᠠᠭᠠᠵᠤ᠂ ᠠᠮᠦᠷ ᠲᠦᠪᠰᠢᠨ ᠤ ᠰᠡᠷᠭᠡᠶᠢᠯᠡᠯᠲᠡ ᠶᠢᠨ ᠵᠦᠪᠯᠡᠯᠴᠡᠭᠡᠷ ᠲᠣᠭᠲᠠᠬᠤ ᠶᠢᠨ ᠬᠠᠮᠲᠤ᠂ ᠪᠠᠷᠢᠯᠭ᠎ᠠ ᠪᠠᠷᠢᠵᠤ ᠪᠠᠶᠢᠭ᠎ᠠ ᠲᠤᠬᠠᠶ ᠶᠢᠨ ᠭᠠᠵᠠᠷ ᠲᠤ ᠨᠢ ᠲᠤᠰᠬᠠᠶ ᠬᠥᠮᠦᠨ ᠲᠣᠮᠢᠯᠠᠵᠤ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ ᠬᠤᠭᠤᠯᠠᠶ ᠭᠤᠣᠷᠰᠤ ᠶᠢ ᠪᠠᠶᠢᠭᠤᠯᠵᠤ ᠳᠡᠪᠢᠰᠴᠦ ᠳᠠᠭᠤᠰᠤᠭᠰᠠᠨ ᠤ ᠲᠠᠷᠠᠭ᠎ᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠭᠤᠯᠠᠶ ᠭᠤᠣᠷᠰᠤ ᠶᠢ ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠪᠠ ᠪᠠᠷᠢᠯᠭ᠎ᠠ ᠳᠠᠭᠤᠰᠬᠠᠭᠰᠠᠨ ᠢ ᠰᠢᠯᠭᠠᠵᠤ ᠬᠤᠷᠢᠶᠠᠨ ᠠᠪᠬᠤ ᠬᠡᠷᠡᠭᠲᠡᠶ᠃ ᠰᠢᠯᠭᠠᠨ ᠬᠤᠷᠢᠶᠠᠵᠤ ᠠᠪᠤᠭᠰᠠᠨ ᠦᠭᠡᠢ ᠪᠤᠶᠤ ᠰᠢᠯᠭᠠᠵᠤ ᠬᠤᠷᠢᠶᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ ᠠᠰᠢᠭᠯᠠᠯᠲᠠ ᠳᠤ ᠣᠷᠣᠭᠤᠯᠵᠤ ᠪᠣᠯᠬᠤ ᠦᠭᠡᠢ᠃      ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠠᠴᠠ ᠡᠮᠦᠨ᠎ᠡ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠲᠥᠰᠦᠯ ᠳᠤ ᠬᠢᠨᠠᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ᠂ ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠨᠥᠬᠦᠴᠡᠯ ᠳᠤ ᠨᠤᠲᠠᠯᠠᠯᠲᠠ ᠬᠢᠵᠦ᠂ ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠶᠠᠪᠤᠴᠠ ᠳᠤ ᠮᠡᠷᠭᠡᠵᠢᠯ ᠤᠨ ᠲᠠᠯ᠎ᠠ ᠪᠠᠷ ᠵᠢᠭᠠᠨ ᠵᠢᠯᠤᠭᠤᠳᠬᠤ ᠬᠡᠷᠡᠭᠲᠡᠶ᠃ ᠡᠭᠦᠨ ᠤ ᠳᠠᠭᠠᠤ᠂ ᠳᠣᠣᠷ᠎ᠠ ᠵᠢᠭᠰᠠᠭᠠᠭᠰᠠᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠵᠦᠢᠯᠡᠰ ᠢ ᠲᠤᠰᠬᠠᠶᠢᠯᠠᠨ ᠰᠢᠯᠭᠠᠵᠤ ᠬᠤᠷᠢᠶᠠᠨ ᠠᠪᠤᠨ᠎ᠠ᠄      ︵ᠨᠢᠭᠡ︶ ᠬᠤᠭᠤᠯᠠᠶ ᠭᠤᠣᠷᠰᠤ ᠳᠡᠪᠢᠰᠦᠭᠰᠡᠨ ᠭᠤᠣᠯ ᠱᠤᠭᠤᠮ ᠤᠨ ᠬᠤᠶᠠᠷ ᠬᠠᠵᠠᠭᠤ ᠲᠡᠶᠢᠰᠢ ᠪᠠᠨ ᠲᠤᠰ ᠲᠤᠰ 5 ᠮᠧᠲᠷ ᠤᠨ ᠵᠠᠶᠢᠲᠠᠢ ᠬᠡᠪᠴᠢᠶᠡᠨ ᠳᠤ ᠭᠦᠨ ᠦᠨᠳᠦᠰᠦ ᠬᠠᠳᠬᠤᠭᠰᠠᠨ ᠤᠷᠭᠤᠮᠠᠯ ᠪᠤᠶᠤ ᠪᠠᠷᠢᠯᠭ᠎ᠠ ᠶᠢᠨ ᠵᠦᠢᠯ ᠡᠵᠡᠯᠡᠵᠦ ᠪᠠᠶᠢᠭ᠎ᠠ ᠪᠠᠶᠢᠳᠠᠯ ᠣᠷᠣᠰᠢᠵᠤ ᠪᠠᠶᠢᠬᠤ ᠡᠰᠡᠬᠦ︔      ︵ᠬᠤᠶᠠᠷ︶ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠨᠢ ᠵᠥᠪᠰᠢᠶᠡᠷᠡᠭᠦᠯᠦᠭᠰᠡᠨ ᠰᠡᠷᠭᠡᠶᠢᠯᠡᠨ ᠬᠠᠮᠠᠭᠠᠯᠠᠬᠤ ᠲᠥᠰᠦᠯ ᠳᠤ ᠨᠡᠶᠢᠴᠡᠵᠦ ᠪᠠᠶᠢᠬᠤ ᠡᠰᠡᠬᠦ︔      ︵ᠭᠤᠷᠪᠠ︶ ᠬᠤᠭᠤᠯᠠᠶ ᠭᠤᠣᠷᠰᠤ ᠶᠢᠨ ᠢᠯᠭᠠᠬᠤ ᠳᠡᠮᠳᠡᠭ ᠪᠠ ᠠᠮᠦᠷ ᠲᠦᠪᠰᠢᠨ ᠤ ᠰᠡᠷᠡᠮᠵᠢ ᠶᠢᠨ ᠳᠡᠮᠳᠡᠭ ᠤᠨ ᠪᠠᠶᠢᠷᠢᠯᠠᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ︔      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯᠡᠰ᠃      ᠠᠷᠪᠠᠨ ᠵᠢᠷᠭᠤᠳᠤᠭᠠᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠠᠵᠢᠯ ᠳᠠᠭᠤᠰᠤᠭᠰᠠᠨ ᠬᠡᠮᠵᠢᠯᠲᠡ ᠶᠢᠨ ᠵᠢᠷᠤᠭ ᠢᠶᠠᠨ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ︔ ᠬᠤᠭᠤᠯᠠᠶ ᠭᠤᠣᠷᠰᠤ ᠶᠢᠨ ᠠᠵᠢᠯ ᠨᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠠᠯᠤᠰᠯᠠᠵᠤ ᠪᠠᠶᠢᠪᠠᠯ᠂ ᠳᠡᠭᠡᠳᠦ ᠨᠢᠭᠡ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠤᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠮᠡᠳᠡᠭᠦᠯᠦᠨ ᠬᠦᠷᠭᠡᠭᠰᠡᠨ ᠬᠤᠭᠤᠯᠠᠶ ᠭᠤᠣᠷᠰᠤ ᠶᠢᠨ ᠠᠵᠢᠯ ᠳᠠᠭᠤᠰᠤᠭᠰᠠᠨ ᠬᠡᠮᠵᠢᠯᠲᠡ ᠶᠢᠨ ᠵᠢᠷᠤᠭ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠥᠯᠥᠪᠵᠢᠭᠦᠯᠭᠡ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠲᠡᠮᠥᠷ ᠵᠠᠮ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠠ ᠬᠤᠯᠪᠣᠭᠳᠠᠯ ᠪᠥᠬᠦᠢ ᠴᠡᠷᠢᠭ ᠤᠨ ᠶᠠᠪᠤᠳᠠᠯ ᠤᠨ ᠪᠠᠶᠢᠭᠤᠯᠭ᠎ᠠ ᠳᠤ ᠬᠤᠪᠢᠳᠠᠨ ᠬᠦᠷᠭᠡᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯᠯᠠᠬᠤ ᠶᠢ ᠨᠢ ᠵᠣᠭᠰᠣᠭᠠᠬᠤ᠂ ᠪᠢᠲᠡᠭᠦᠮᠵᠢᠯᠡᠨ ᠬᠠᠳᠠᠭᠠᠯᠠᠬᠤ᠂ ᠬᠡᠷᠡᠭᠯᠡᠭᠡᠨ ᠠᠴᠠ ᠭᠠᠷᠭᠠᠬᠤ ᠳᠤ ᠬᠦᠷᠪᠡᠯ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠴᠢᠬᠤᠯᠠ ᠪᠦᠬᠦᠢ ᠠᠮᠦᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃      ᠠᠵᠢᠯᠯᠠᠬᠤ ᠶᠢ ᠨᠢ ᠵᠣᠭᠰᠣᠭᠠᠭᠰᠠᠨ ᠪᠠ ᠪᠢᠲᠡᠭᠦᠮᠵᠢᠯᠡᠵᠦ ᠬᠠᠳᠠᠭᠠᠯᠠᠭᠰᠠᠨ ᠬᠤᠭᠤᠯᠠᠶ ᠭᠤᠣᠷᠰᠤ ᠶᠢ ᠳᠠᠬᠢᠵᠤ ᠬᠡᠷᠡᠭᠯᠡᠬᠦ ᠳᠤ ᠬᠦᠷᠪᠡᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠭᠠᠨ ᠪᠠᠶᠢᠴᠠᠭᠠᠳ ᠬᠢᠷᠢ ᠲᠡᠩᠴᠡᠭᠰᠡᠨ ᠪᠠᠶᠢᠬᠤ ᠶᠢᠨ ᠬᠠᠮᠲᠤ᠂ ᠬᠡᠷᠡᠭᠯᠡᠬᠦ ᠠᠴᠠ ᠪᠠᠨ ᠡᠮᠦᠨ᠎ᠡ ᠤᠤᠯ ᠤᠨ ᠪᠦᠷᠢᠳᠭᠡᠨ ᠳᠠᠩᠰᠠᠯᠠᠭᠤᠯᠤᠭᠠᠳ ᠪᠠᠶᠢᠭ᠎ᠠ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢ ᠬᠠᠮᠠᠭᠠᠯᠠᠬᠤ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠲᠡᠮᠳᠡᠭ ᠤᠳ ᠢ ᠵᠦᠢ ᠵᠣᠬᠢᠰᠲᠠᠶ ᠪᠠᠶᠢᠷᠢᠯᠠᠭᠤᠯᠵᠤ᠂ ᠬᠤᠭᠤᠯᠠᠶ ᠭᠤᠣᠷᠰᠤ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠢᠨᠠᠨ ᠡᠵᠡᠮᠳᠡᠵᠦ ᠬᠢᠨᠠᠨ ᠰᠢᠨᠵᠢᠬᠦ ᠪᠠ ᠭᠤᠭᠤᠵᠢᠵᠤ ᠪᠠᠶᠢᠬᠤ ᠡᠰᠡᠬᠦ ᠶᠢ ᠨᠢ ᠪᠠᠶᠢᠴᠠᠭᠠᠬᠤ ᠵᠡᠷᠭᠡ ᠬᠤᠭᠤᠯᠠᠶ ᠭᠤᠣᠷᠰᠤ ᠶᠢ ᠬᠠᠮᠠᠭᠠᠯᠠᠬᠤ ᠮᠡᠷᠭᠡᠵᠢᠯ ᠤᠨ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠵᠤ᠂ ᠬᠤᠭᠤᠯᠠᠶ ᠭᠤᠣᠷᠰᠤ ᠤᠨ ᠠᠶᠤᠯ ᠦᠭᠡᠢ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠ ᠰᠡᠯᠪᠢᠨ ᠵᠠᠰᠠᠵᠤ᠂ ᠬᠤᠭᠤᠯᠠᠶ ᠭᠤᠣᠷᠰᠤ ᠶᠢᠨ ᠠᠰᠤᠷᠤ ᠰᠠᠶᠢᠨ ᠪᠠᠶᠢᠳᠠᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠦᠨᠳᠦ ᠶᠡᠭᠡ ᠠᠶᠤᠯ ᠲᠦᠭᠰᠢᠭᠦᠷᠢ ᠲᠠᠢ ᠣᠷᠣᠨ ᠬᠡᠰᠡᠭ ᠪᠠ ᠲᠠᠯᠠᠪᠤᠷ ᠭᠠᠵᠠᠷ ᠲᠤ ᠸᠢᠳᠢᠣ᠋ ᠪᠠᠷ ᠬᠢᠨᠠᠨ ᠡᠵᠡᠮᠳᠡᠬᠦ᠂ ᠲᠣᠭᠤᠷᠢᠨ ᠬᠠᠮᠠᠭᠠᠯᠠᠬᠤ ᠤᠳᠠᠭ᠎ᠠ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠭᠤᠣᠯᠳᠠᠯᠭ᠎ᠠ ᠲᠠᠢ ᠪᠠᠷ ᠬᠠᠮᠢᠶᠠᠷᠤᠨ ᠡᠵᠡᠮᠳᠡᠵᠦ᠂ ᠬᠤᠭᠤᠯᠠᠶ ᠭᠤᠣᠷᠰᠤ ᠳᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃      ᠰᠢᠯᠭᠠᠨ ᠪᠠᠶᠢᠴᠠᠭᠠᠵᠤ ᠰᠢᠯᠭᠠᠨ ᠬᠡᠮᠵᠢᠭᠡᠳ ᠬᠢᠷᠢ ᠲᠡᠩᠴᠡᠭᠰᠡᠨ ᠦᠭᠡᠢ ᠪᠤᠶᠤ ᠠᠮᠦᠷ ᠲᠦᠪᠰᠢᠨ ᠢᠶᠠᠷ ᠬᠡᠷᠡᠭᠯᠡᠬᠦ ᠨᠥᠬᠦᠴᠡᠯ ᠳᠤ ᠨᠡᠶᠢᠴᠡᠬᠦ ᠦᠭᠡᠢ ᠬᠤᠭᠤᠯᠠᠶ ᠭᠤᠣᠷᠰᠤ ᠶᠢ ᠪᠣᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠴᠠᠭ ᠲᠤᠬᠠᠶ ᠳᠤ ᠨᠢ ᠰᠢᠨᠡᠳᠬᠡᠵᠦ᠂ ᠦᠭᠡᠷᠡᠴᠢᠯᠡᠨ ᠰᠠᠶᠢᠵᠢᠷᠠᠭᠤᠯᠬᠤ ᠪᠤᠶᠤ ᠬᠡᠷᠡᠭᠯᠡᠬᠦ ᠶᠢ ᠨᠢ ᠵᠣᠭᠰᠣᠭᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠲᠣᠭᠤᠷᠢᠨ ᠬᠠᠮᠠᠭᠠᠯᠠᠬᠤ ᠪᠠᠶᠢᠩᠭᠤᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠪᠦᠬᠦᠢ ᠲᠣᠭᠲᠠᠭᠰᠠᠨ ᠴᠠᠭ ᠪᠠ ᠵᠠᠩᠬᠢᠯᠠᠭ᠎ᠠ ᠶᠢᠨ ᠴᠠᠭ ᠲᠤ ᠲᠣᠭᠤᠷᠢᠨ ᠬᠠᠮᠠᠭᠠᠯᠠᠬᠤ ᠠᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠡᠭᠦᠷᠭᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠲᠣᠭᠤᠷᠢᠨ ᠬᠠᠮᠠᠭᠠᠯᠠᠬᠤ ᠠᠵᠢᠯᠲᠠᠨ ᠢ ᠲᠣᠬᠢᠷᠠᠭᠤᠯᠵᠤ᠂ ᠡᠳᠦᠷ ᠲᠤᠲᠤᠮ ᠤᠨ ᠪᠠ ᠲᠤᠰᠬᠠᠢ ᠲᠣᠭᠤᠷᠢᠨ ᠬᠠᠮᠠᠭᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠲᠤᠰᠬᠠᠶᠢᠵᠢᠭᠰᠠᠨ᠂ ᠰᠢᠨᠵᠢᠯᠡᠬᠦ ᠤᠬᠠᠭᠠᠨ ᠮᠡᠷᠭᠡᠵᠢᠯᠴᠢᠯᠡᠭᠰᠡᠨ᠂ ᠨᠡᠶᠢᠭᠡᠮᠴᠢᠯᠡᠭᠰᠡᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃      ᠬᠤᠭᠤᠯᠠᠶ ᠭᠤᠣᠷᠰᠤ ᠶᠢᠨ ᠲᠣᠭᠤᠷᠢᠨ ᠬᠠᠮᠠᠭᠠᠯᠠᠬᠤ ᠲᠥᠰᠦᠯ ᠳᠤ ᠡᠳᠦᠷ ᠲᠤᠳᠤᠮ ᠤᠨ ᠪᠠ ᠲᠤᠰᠬᠠᠢ ᠲᠣᠭᠤᠷᠢᠨ ᠬᠠᠮᠠᠭᠠᠯᠠᠬᠤ ᠬᠡᠪᠴᠢᠶ᠎ᠡ᠂ ᠲᠣᠭᠤᠷᠢᠨ ᠬᠠᠮᠠᠭᠠᠯᠠᠬᠤ ᠴᠠᠭ᠂ ᠲᠣᠭᠤᠷᠢᠨ ᠬᠠᠮᠠᠭᠠᠯᠠᠬᠤ ᠤᠳᠠᠭ᠎ᠠ᠂ ᠲᠣᠭᠤᠷᠢᠨ ᠬᠠᠮᠠᠭᠠᠯᠠᠬᠤ ᠬᠠᠷᠢᠭᠤᠴᠠᠯᠭ᠎ᠠ ᠶᠢᠨ ᠬᠤᠪᠢᠶᠠᠷᠢᠯᠠᠯ᠂ ᠲᠣᠭᠤᠷᠢᠨ ᠬᠠᠮᠠᠭᠠᠯᠠᠬᠤ ᠲᠤᠨᠤᠭ ᠲᠥᠭᠦᠭᠡᠷᠦᠮᠵᠢ ᠲᠣᠬᠢᠷᠠᠭᠤᠯᠬᠤ ᠵᠡᠷᠭᠡ ᠠᠭᠤᠯᠭ᠎ᠠ ᠶᠢ ᠪᠠᠭᠲᠠᠭᠠᠬᠤ ᠪᠣᠯᠪᠠᠴᠤ ᠡᠳᠡᠭᠡᠷ ᠲᠤ ᠬᠢᠵᠠᠭᠠᠷᠯᠠᠭᠳᠠᠬᠤ ᠦᠭᠡᠢ᠃      ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠨᠢᠭᠡᠴᠢ ᠪᠤᠶᠤ ᠬᠤᠪᠢ ᠬᠥᠮᠦᠨ ᠢ ᠵᠣᠷᠢᠭᠵᠢᠭᠤᠯᠵᠤ ᠪᠠᠶᠢᠭᠠᠳ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠳᠤ ᠣᠷᠤᠯᠴᠠᠭᠤᠯᠤᠨ᠎ᠠ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ ᠯᠦᠭᠡ ᠲᠣᠭᠤᠷᠢᠨ ᠬᠠᠮᠠᠭᠠᠯᠠᠭᠤᠯᠬᠤ ᠪᠠᠷ ᠨᠠᠶᠢᠳᠠᠬᠤ ᠵᠦᠪᠯᠡᠯᠴᠡᠭᠡᠷ ᠵᠡᠷᠭᠡ ᠶᠢ ᠲᠣᠭᠲᠠᠭᠠᠵᠤ ᠪᠣᠯᠬᠤ ᠶᠢᠨ ᠬᠠᠮᠲᠤ᠂ ᠬᠤᠭᠤᠯᠠᠶ ᠭᠤᠣᠷᠰᠤ ᠶᠢᠨ ᠲᠣᠭᠤᠷᠢᠨ ᠬᠠᠮᠠᠭᠠᠯᠠᠬᠤ ᠠᠵᠢᠯ ᠢᠶᠠᠨ ᠴᠠᠭ ᠲᠤᠬᠠᠶ ᠳᠤ ᠨᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠢᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠪᠦᠷᠢᠨ ᠪᠦᠲᠦᠨ ᠴᠢᠨᠠᠷᠲᠠᠶ ᠪᠠᠶᠢᠬᠤ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠲᠤᠭ᠎ᠠ ᠪᠠᠷᠢᠮᠲᠠ ᠶᠢ ᠴᠤᠭᠯᠠᠭᠤᠯᠬᠤ ᠪᠠ ᠡᠮᠬᠢᠯᠡᠨ ᠨᠡᠶᠢᠯᠡᠭᠦᠯᠬᠦ᠂ ᠠᠶᠤᠯ ᠨᠦᠯᠦᠭᠡ ᠶᠡᠭᠡ ᠭᠠᠷᠴᠤ ᠮᠡᠳᠡᠬᠦ ᠣᠷᠣᠨ ᠢ ᠢᠯᠭᠠᠨ ᠲᠠᠨᠢᠬᠤ᠂ ᠲᠦᠭᠰᠢᠭᠦᠷᠢ ᠶᠢ ᠨᠢ ᠦᠨᠡᠯᠡᠬᠦ ᠪᠠ ᠪᠦᠷᠢᠨ ᠪᠦᠲᠦᠨ ᠴᠢᠨᠠᠷ ᠢ ᠨᠢ ᠦᠨᠡᠯᠡᠬᠦ ᠵᠡᠷᠭᠡ ᠠᠵᠢᠯ ᠢ ᠥᠷᠨᠢᠭᠦᠯᠵᠦ᠂ ᠬᠤᠭᠤᠯᠠᠶ ᠭᠤᠣᠷᠰᠤ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ᠬᠤᠭᠤᠯᠠᠶ ᠭᠤᠣᠷᠰᠤ ᠶᠢᠨ ᠤᠭ ᠴᠤᠭᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠠᠶᠤᠯ ᠨᠦᠯᠦᠭᠡ ᠶᠡᠭᠡ ᠭᠠᠷᠴᠤ ᠮᠡᠳᠡᠬᠦ ᠣᠷᠣᠨ ᠢ ᠢᠯᠭᠠᠨ ᠲᠠᠨᠢᠬᠤ ᠬᠢᠭᠡᠳ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠣᠷᠣᠨ ᠪᠦᠰᠡ ᠲᠣᠬᠢᠷᠠᠭᠤᠯᠤᠨ ᠭᠠᠷᠭᠠᠵᠤ᠂ ︽ᠨᠢᠭᠡ ᠣᠷᠣᠨ ᠪᠦᠰᠡ ᠳᠤ ᠨᠢᠭᠡ ᠲᠦᠰᠦᠯ ᠲᠠᠢ ᠪᠠᠶᠢᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠭᠤᠯᠠᠶ ᠭᠤᠣᠷᠰᠤ ᠳᠡᠪᠢᠰᠦᠭᠰᠡᠨ ᠵᠢᠴᠢ ᠳᠡᠲᠡᠭᠡᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠬᠤᠪᠢᠷᠠᠯᠲᠠ ᠭᠠᠷᠬᠤ ᠳᠤ᠂ ᠠᠶᠤᠯ ᠨᠦᠯᠦᠭᠡ ᠶᠡᠭᠡ ᠭᠠᠷᠴᠤ ᠮᠡᠳᠡᠬᠦ ᠣᠷᠣᠨ ᠢ ᠢᠯᠭᠠᠨ ᠲᠠᠨᠢᠬᠤ ᠪᠠᠨ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠠᠮᠦᠷ ᠲᠦᠪᠰᠢᠨ ᠤ ᠲᠠᠯ᠎ᠠ ᠶᠢᠨ ᠲᠦᠭᠰᠢᠭᠦᠷᠢ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠪᠠᠶᠢᠩᠭᠤᠵᠢᠭᠰᠠᠨ᠂ ᠵᠢᠷᠤᠮᠵᠢᠭᠰᠠᠨ ᠲᠣᠭᠲᠠᠴᠠ ᠶᠢ ᠪᠤᠢ ᠪᠣᠯᠭᠠᠨ᠂ ᠬᠤᠭᠤᠯᠠᠶ ᠭᠤᠣᠷᠰᠤ ᠶᠢᠨ ᠲᠦᠭᠰᠢᠭᠦᠷᠢ ᠪᠠ ᠲᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠪᠢᠲᠡᠭᠦᠦ ᠡᠷᠬᠢᠯᠭᠡᠲᠦ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠭᠤᠯᠠᠶ ᠭᠤᠣᠷᠰᠤ ᠶᠢᠨ ᠭᠠᠳᠠᠷᠭᠤ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯ᠎ᠠ ᠶᠢᠨ ᠲᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ︔ ᠦᠪᠡᠷᠰᠡᠳ ᠢᠶᠠᠨ ᠠᠷᠢᠯᠭᠠᠬᠤ ᠳᠤ ᠦᠨᠡᠬᠡᠷ ᠬᠦᠴᠢᠷᠳᠡᠯ ᠲᠠᠢ ᠪᠣᠯ᠂ ᠲᠤᠬᠠᠶ ᠶᠢᠨ ᠭᠠᠵᠠᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ ᠲᠤᠬᠠᠶ ᠳᠤ ᠨᠢ ᠵᠣᠬᠢᠴᠠᠭᠤᠯᠤᠨ ᠠᠷᠢᠯᠭᠠᠬᠤ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠣᠬᠢᠶᠠᠨ ᠪᠠᠶᠢᠭᠤᠯᠵᠤ ᠠᠷᠢᠯᠭᠠᠭᠤᠯᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠳᠤ ᠢᠯᠡᠴᠢᠯᠡᠨ ᠮᠡᠳᠡᠭᠦᠯᠪᠡᠯ ᠱᠠᠩᠨᠠᠨ ᠬᠥᠬᠢᠭᠦᠯᠬᠦ ᠲᠦᠷᠢᠮ ᠢ ᠪᠠᠶᠢᠭᠤᠯᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠲᠠᠯ᠎ᠠ ᠶᠢᠨ ᠠᠳᠡᠯ ᠢ ᠣᠯᠵᠤ ᠮᠡᠳᠡᠭᠰᠡᠨ ᠪᠦᠭᠡᠳ ᠮᠡᠳᠡᠭᠦᠯᠦᠭᠰᠡᠨ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠲᠠᠯ᠎ᠠ ᠶᠢᠨ ᠬᠦᠨᠳᠦ ᠶᠡᠭᠡ ᠲᠠᠯᠳᠠ ᠭᠡᠮ ᠪᠠ ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠦᠬᠢᠭᠦᠯᠬᠦ ᠬᠡᠷᠡᠭᠲᠡᠢ᠃      ᠬᠤᠷᠢᠨ ᠭᠤᠷᠪᠠᠳᠤᠭᠠᠷ ᠵᠦᠢᠯ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠨᠤᠲᠤᠭ ᠪᠦᠰᠡ ᠶᠢᠨ ᠬᠡᠪᠴᠢᠶᠡᠨ ᠳᠤ ᠪᠠᠷᠢᠯᠭ᠎ᠠ ᠶᠢᠨ ᠠᠵᠢᠯ ᠬᠢᠬᠦ ᠳᠤ ᠪᠠᠨ᠂ ᠬᠤᠭᠤᠯᠠᠶ ᠭᠤᠣᠷᠰᠤ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ᠂ ᠴᠢᠬᠤᠯᠠ ᠪᠦᠬᠦᠢ ᠠᠮᠦᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠪᠠᠶᠢᠪᠠᠯ ᠰᠠᠶ᠋ᠢ ᠬᠡᠷᠡᠭᠵᠢᠭᠦᠯᠵᠦ ᠪᠣᠯᠤᠨ᠎ᠠ᠃      ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠣᠷᠰᠤ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠨᠥᠬᠦᠴᠡᠯ ᠲᠠᠢ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ᠂ ᠨᠡᠶᠢᠭᠡᠮ ᠤᠨ ᠬᠦᠴᠦᠨ ᠤ ᠪᠠᠶᠢᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠶ ᠡᠩᠨᠡᠭᠡ ᠶᠢ ᠪᠠᠶᠢᠭᠤᠯᠬᠤ ᠪᠤᠶᠤ ᠲᠡᠭᠦᠨ ᠳᠤ ᠲᠦᠰᠢᠭᠯᠡᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠲᠤᠰ ᠠᠵᠤ ᠠᠬᠤᠶᠢᠯᠠᠯ ᠤᠨ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠲᠣᠭᠲᠠᠭᠠᠵᠤ᠂ ᠠᠶᠤᠯ ᠠᠴᠠ ᠠᠪᠤᠷᠠᠨ ᠲᠤᠰᠠᠯᠠᠬᠤ ᠠᠵᠢᠯᠳᠠᠨ ᠪᠠ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠶ ᠪᠥᠭᠡᠳ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠬᠢᠬᠦ ᠬᠡᠷᠡᠭᠲᠡᠶ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠦᠪᠡᠰᠦᠪᠡᠨ ᠠᠶᠤᠯ ᠠᠴᠠ ᠠᠪᠤᠷᠠᠬᠤ᠂ ᠱᠠᠯᠠᠪᠳᠠᠨ ᠵᠠᠰᠠᠬᠤ ᠬᠦᠴᠦᠨ ᠦᠭᠡᠢ ᠪᠠᠶᠢᠪᠠᠯ᠂ ᠪᠤᠰᠤᠳ ᠲᠤᠰᠬᠠᠶ ᠠᠪᠤᠷᠠᠨ ᠲᠤᠰᠠᠯᠠᠬᠤ ᠡᠩᠨᠡᠭᠡ ᠶᠢ ᠨᠠᠶᠢᠳᠠᠨ ᠤᠷᠢᠵᠤ ᠠᠶᠤᠯ ᠠᠴᠠ ᠠᠪᠤᠷᠠᠬᠤ ᠲᠤᠰᠠᠯᠠᠮᠵᠢ ᠬᠢᠯᠭᠡᠵᠦ ᠪᠣᠯᠤᠨ᠎ᠠ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠠᠢ ᠵᠣᠯᠭᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠪᠦᠷᠢᠳᠭᠡᠨ ᠳᠠᠩᠰᠠᠯᠠᠭᠤᠯᠬᠤ ᠬᠡᠷᠡᠭᠲᠡᠢ᠃      ᠬᠤᠷᠢᠨ ᠳᠤᠯᠤᠳᠤᠭᠠᠷ ᠵᠦᠢᠯ ᠪᠠᠷᠢᠯᠭ᠎ᠠ ᠶᠢᠨ ᠠᠵᠢᠯ ᠬᠢᠬᠦ᠂ ᠪᠠᠴᠢᠮ ᠪᠠᠶᠢᠳᠠᠯ ᠢ ᠠᠷᠭᠠᠴᠠᠭᠠᠵᠤ ᠱᠠᠯᠠᠪᠳᠠᠨ ᠵᠠᠰᠠᠬᠤ ᠪᠤᠶᠤ ᠪᠤᠰᠤᠳ ᠰᠢᠯᠲᠠᠭᠠᠨ ᠠᠴᠠ ᠪᠤᠯᠵᠤ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠡᠮᠵᠢᠶ᠎ᠡ ᠶᠢ ᠪᠠᠭᠠᠰᠬᠠᠬᠤ ᠪᠤᠶᠤ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠶᠢ ᠵᠣᠭᠰᠤᠭᠠᠬᠤ ᠳᠤ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠨᠥᠯᠥᠭᠡᠯᠡᠭᠳᠡᠭᠰᠡᠨ ᠲᠤᠤᠷᠠᠳᠤ ᠬᠡᠯᠬᠢᠶᠡᠨ ᠤ ᠬᠡᠷᠡᠭᠯᠡᠭᠴᠢᠳ ᠲᠤ ᠴᠠᠭ ᠲᠤᠬᠠᠶ ᠳᠤ ᠨᠢ ᠮᠡᠳᠡᠭᠳᠡᠬᠦ ᠶᠢᠨ ᠬᠠᠮᠲᠤ᠂ ᠠᠵᠢᠯᠯᠠᠬᠤ ᠴᠠᠭ ᠪᠠ ᠨᠥᠯᠥᠭᠡᠯᠡᠬᠦ ᠣᠷᠣᠨ ᠪᠦᠰᠡ ᠶᠢ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠭᠠᠵᠤ ᠱᠠᠯᠠᠪᠳᠠᠨ ᠵᠠᠰᠠᠬᠤ ᠳᠤ ᠪᠠᠨ ᠤᠷᠢᠳ ᠢᠶᠠᠷ ᠪᠤᠰᠤᠳ ᠤᠨ ᠭᠠᠵᠠᠷ ᠰᠢᠷᠣᠶ ᠪᠤᠶᠤ ᠪᠡᠯᠡᠳᠭᠡᠮᠵᠢ ᠶᠢ ᠬᠡᠷᠡᠭᠯᠡᠵᠦ ᠪᠣᠯᠤᠨ᠎ᠠ᠂ ᠭᠡᠪᠡᠴᠦ ᠭᠠᠵᠠᠷ ᠰᠢᠷᠣᠶ ᠪᠤᠶᠤ ᠪᠡᠯᠡᠳᠭᠡᠮᠵᠢ ᠶᠢᠨ ᠥᠮᠴᠢᠯᠡᠯ ᠤᠨ ᠡᠷᠬᠡᠲᠦ ᠬᠥᠮᠦᠨ ᠪᠤᠶᠤ ᠬᠡᠷᠡᠭᠯᠡᠬᠦ ᠡᠷᠬᠡᠲᠦ ᠬᠥᠮᠦᠨ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠂ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠃      ᠬᠤᠷᠢᠨ ᠨᠠᠢᠮᠠᠳᠤᠭᠠᠷ ᠵᠦᠢᠯ ᠬᠤᠭᠤᠯᠠᠶ ᠭᠤᠣᠷᠰᠤ ᠳᠤ ᠠᠳᠡᠯ ᠭᠠᠷᠪᠠᠯ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠲᠤᠰ ᠠᠵᠤ ᠠᠬᠤᠶᠢᠯᠠᠯ ᠤᠨ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠳᠠᠷᠤᠶ ᠲᠦᠷᠭᠡᠨ ᠬᠡᠷᠡᠭᠵᠢᠭᠦᠯᠵᠦ ᠡᠬᠢᠯᠡᠨ᠂ ᠠᠳᠡᠯ ᠳᠤ ᠬᠤᠬᠢᠷᠠᠯ ᠭᠠᠷᠴᠤ ᠮᠡᠳᠡᠬᠦ ᠨᠢᠭᠡᠴᠢ ᠪᠠ ᠰᠠᠭᠤᠭᠠᠯᠢ ᠠᠷᠠᠳ ᠲᠤ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠮᠡᠳᠡᠭᠳᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠳᠡᠯ ᠤᠨ ᠬᠤᠬᠢᠷᠠᠯ ᠢ ᠠᠷᠢᠯᠭᠠᠬᠤ ᠪᠤᠶᠤ ᠪᠠᠭᠠᠰᠬᠠᠬᠤ ᠶᠢᠨ ᠬᠠᠮᠲᠤ᠂ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠲᠣᠭᠲᠠᠭᠠᠯ ᠶᠣᠰᠣᠭᠠᠷ ᠮᠡᠳᠡᠭᠦᠯᠬᠦ ᠬᠡᠷᠡᠭᠲᠡᠶ᠂ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠭᠠᠳ ᠮᠡᠳᠡᠭᠦᠯᠬᠦ ᠥᠭᠡᠢ ᠪᠠᠶᠢᠵᠤ ᠪᠣᠯᠬᠤ ᠥᠭᠡᠢ᠂ ᠠᠳᠡᠯ ᠭᠠᠷᠤᠭᠰᠠᠨ ᠠᠬᠤᠢ ᠲᠠᠯᠠᠪᠠᠢ ᠶᠢ ᠵᠣᠷᠢᠭᠤᠳᠠ ᠡᠪᠳᠡᠬᠦ ᠪᠤᠶᠤ ᠬᠤᠯᠪᠣᠭᠳᠠᠬᠤ ᠭᠡᠷᠡᠴᠢ ᠪᠠᠷᠢᠮᠲᠠ ᠶᠢ ᠤᠰᠠᠳᠬᠠᠵᠤ ᠪᠣᠯᠬᠤ ᠥᠭᠡᠢ᠃      ᠮᠡᠳᠡᠭᠦᠯᠦᠯᠲᠡ ᠶᠢ ᠣᠯᠤᠭᠰᠠᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠡᠯ ᠭᠠᠷᠤᠭᠰᠠᠨ ᠪᠠᠶᠢᠳᠠᠯ ᠢ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠳᠡᠭᠡᠭᠰᠢ ᠮᠡᠳᠡᠭᠦᠯᠬᠦ ᠶᠢᠨ ᠬᠠᠮᠲᠤ᠂ ᠬᠤᠭᠤᠯᠠᠶ ᠭᠤᠣᠷᠰᠤ ᠶᠢᠨ ᠠᠳᠡᠯ ᠭᠠᠷᠤᠭᠰᠠᠨ ᠪᠣᠳᠠᠲᠠᠶ ᠪᠠᠶᠢᠳᠠᠯ ᠢ ᠦᠨᠳᠦᠰᠦᠯᠡᠵᠦ ᠵᠣᠬᠢᠶᠠᠨ ᠪᠠᠶᠢᠭᠤᠯᠵᠤ ᠪᠠᠶᠢᠭᠠᠳ ᠠᠳᠡᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠵᠠᠰᠠᠭ ᠤᠨ ᠣᠷᠳᠣᠨ ᠳᠤ ᠮᠡᠳᠡᠭᠦᠯᠦᠨ ᠲᠤᠰ ᠵᠠᠰᠠᠭ ᠵᠠᠬᠢᠷᠭᠠᠨ ᠤ ᠣᠷᠣᠨ ᠤ ᠬᠤᠭᠤᠯᠠᠶ ᠭᠤᠣᠷᠰᠤ ᠶᠢᠨ ᠠᠳᠡᠯ ᠭᠠᠷᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠴᠠᠭ ᠲᠤᠬᠠᠶ ᠳᠤ ᠨᠢ ᠬᠡᠷᠡᠭᠵᠢᠭᠦᠯᠵᠦ ᠡᠬᠢᠯᠡᠨ᠂ ᠠᠳᠡᠯ ᠭᠠᠷᠤᠭᠰᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠶᠠᠪᠤᠭᠳᠠᠭᠤᠯᠬᠤ ᠬᠡᠷᠡᠭᠲᠡᠶ᠃      ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠤᠷᠠᠳᠤ ᠱᠠᠲᠤᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠨᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠵᠤ᠂ ᠬᠤᠭᠤᠯᠠᠶ ᠭᠤᠣᠷᠰᠤ ᠶᠢᠨ ᠭᠠᠳᠠᠷᠭᠤ ᠶᠢᠨ ᠠᠮᠦᠷ ᠲᠦᠪᠰᠢᠨ ᠤ ᠬᠦᠨᠳᠦ ᠶᠡᠭᠡ ᠲᠠᠯᠳᠠ ᠭᠡᠮ ᠢ ᠵᠣᠬᠢᠶᠠᠨ ᠪᠠᠶᠢᠭᠤᠯᠵᠤ ᠠᠷᠢᠯᠭᠠᠬᠤ ᠬᠡᠷᠡᠭᠲᠡᠶ᠃      ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠪᠠ ᠵᠢᠩᠬᠢᠨᠢ ᠪᠠᠷ ᠲᠤᠰᠢᠶᠠᠨ ᠥᠭᠴᠦ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃      ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠠᠵᠢᠯᠳᠠᠨ ᠢ ᠬᠠᠩᠭᠠᠨ ᠲᠣᠬᠢᠷᠠᠭᠤᠯᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠳᠤ ᠪᠠᠶᠢᠴᠠᠭᠠᠯᠲᠠ ᠬᠢᠬᠦ ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠥᠷᠢᠮ ᠪᠠ ᠵᠢᠵᠢᠭᠦᠷᠯᠡᠨ ᠰᠠᠬᠢᠬᠤ ᠠᠵᠢᠯ ᠤᠨ ᠲᠥᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠮᠡᠷᠭᠡᠵᠢᠯ ᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠥᠷᠨᠢᠭᠦᠯᠬᠦ ᠶᠢ ᠨᠢ ᠵᠣᠷᠢᠭᠵᠢᠭᠤᠯᠵᠤ᠂ ᠬᠤᠭᠤᠯᠠᠶ ᠭᠤᠣᠷᠰᠤ ᠶᠢ ᠬᠠᠮᠠᠭᠠᠯᠠᠬᠤ ᠠᠵᠢᠯ ᠤᠨ ᠦᠷ᠎ᠡ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠤᠯᠠᠷᠢᠯ᠂ ᠬᠠᠭᠠᠰ ᠵᠢᠯ ᠪᠠ ᠪᠦᠬᠦ ᠵᠢᠯ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠮᠡᠳᠡᠭᠦᠯᠦᠯᠲᠡ ᠪᠠᠨ ᠱᠠᠳᠤ ᠳᠠᠷᠠᠭᠠᠯᠠᠨ ᠮᠡᠳᠡᠭᠦᠯᠦᠨ ᠬᠦᠷᠭᠡᠬᠦ ᠬᠡᠷᠡᠭᠲᠡᠶ᠃ ᠣᠨᠴᠠᠭᠠᠢ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠥᠷᠢᠮ ᠢ ᠲᠦᠷᠦᠭᠦᠯᠡᠨ ᠪᠠᠶᠢᠭᠤᠯᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠪᠠ ᠲᠠᠯᠳᠠ ᠭᠡᠮ ᠢ ᠵᠠᠰᠠᠬᠤ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃      ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠳᠤ ᠳᠣᠣᠷᠠᠬᠢ ᠮᠡᠲᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠶᠢᠨ ᠬᠠᠮᠲᠤ᠂ ᠬᠤᠯᠪᠣᠭᠠᠯᠠᠨ ᠬᠠᠤᠯᠢ ᠬᠡᠷᠡᠭᠵᠢᠭᠦᠯᠬᠦ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠶ᠄      ︵ᠨᠢᠭᠡ︶ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠨᠢᠭᠡᠴᠢ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠨᠢ ᠵᠢᠭᠠᠨ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠲᠠᠯ᠎ᠠ ᠳᠤ ᠭᠠᠷᠤᠭᠰᠠᠨ ᠠᠳᠡᠯ ᠢ ᠨᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ︔      ︵ᠬᠤᠶᠠᠷ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠠᠮᠤᠷ ᠤᠨ ᠬᠠᠮᠠᠭᠠᠯᠠᠯᠲᠠ ᠶᠢᠨ ᠠᠵᠢᠯ ᠢ ᠨᠢ ᠵᠢᠭᠠᠨ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠡᠷᠬᠢᠨ ᠲᠣᠭᠤᠷᠢᠨ᠂ ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ᠂ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠳᠠᠬᠢ ᠠᠮᠤᠷ ᠤᠨ ᠬᠠᠮᠠᠭᠠᠯᠠᠯᠲᠠ ᠶᠢᠨ ᠡᠮᠬᠢ ᠵᠢᠷᠤᠮ ᠢ ᠬᠠᠮᠠᠭᠠᠯᠠᠵᠤ᠂ ᠬᠤᠭᠤᠯᠠᠶ ᠭᠤᠣᠷᠰᠤ ᠶᠢ ᠬᠠᠤᠯᠢ ᠪᠤᠰᠤ ᠪᠠᠷ ᠡᠵᠡᠮᠰᠢᠭᠰᠡᠨ᠂ ᠡᠪᠳᠡᠭᠰᠡᠨ ᠪᠠ ᠴᠤᠭᠤᠯᠵᠤ ᠲᠤᠰᠤ ︵ᠬᠡᠢ︶ ᠬᠤᠯᠠᠭᠠᠶᠢᠯᠠᠭᠰᠠᠨ᠂ ᠬᠤᠭᠤᠯᠠᠶ ᠭᠤᠣᠷᠰᠤ ᠪᠠᠷ ᠳᠠᠮᠵᠢᠭᠤᠯᠤᠨ ᠬᠦᠷᠭᠡᠵᠦ ᠪᠠᠶᠢᠭ᠎ᠠ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠶ ᠬᠡᠢ ᠶᠢ ᠲᠦᠷᠬᠢᠯᠳᠦᠨ ᠪᠤᠯᠢᠶᠠᠭᠰᠠᠨ ᠵᠢᠴᠢ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔      ︵ᠭᠤᠷᠪᠠ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠤᠯᠤᠰ ᠤᠨ ᠪᠠᠯᠠ ᠮᠥᠩᠭᠦ ᠪᠠᠷ ᠳᠡᠮᠵᠢᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ᠂ ᠠᠮᠤᠷ ᠲᠦᠪᠰᠢᠨ ᠤ ᠬᠦᠨᠳᠦ ᠶᠡᠭᠡ ᠳᠠᠯᠳᠠ ᠬᠡᠮ ᠢ ᠨᠢ ᠵᠠᠰᠠᠬᠤ ᠶᠢ ᠴᠢᠩᠭᠠᠳᠬᠠᠬᠤ ᠲᠠᠯ᠎ᠠ ᠳᠤ ᠲᠥᠪ ᠤᠨ ᠡᠳ᠋ ᠤᠨ ᠵᠠᠰᠠᠭ ᠤᠨ ᠪᠠᠯᠠ ᠮᠦᠩᠭᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠨ᠎ᠠ︔      ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠳᠡᠪᠢᠰᠬᠦ ᠳᠤ ᠲᠦᠷ ᠬᠡᠷᠡᠭᠯᠡᠬᠦ ᠭᠠᠵᠠᠷ ᠪᠠ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠵᠤ᠂ ᠬᠤᠭᠤᠯᠠᠶ ᠭᠤᠣᠷᠰᠤ ᠳᠡᠪᠢᠰᠦᠭᠰᠡᠨ ᠡᠷᠬᠢᠨ ᠲᠣᠭᠤᠷᠢᠨ ᠳᠤ ᠬᠠᠤᠯᠢ ᠠᠴᠠ ᠵᠦᠷᠢᠴᠡᠵᠦ ᠠᠭᠤᠷᠬᠠᠶ ᠮᠠᠯᠲᠠᠬᠤ ᠪᠠ ᠬᠠᠤᠯᠢ ᠠᠴᠠ ᠵᠦᠷᠢᠴᠡᠵᠦ ᠭᠠᠵᠠᠷ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔      ︵ᠲᠠᠪᠤ︶ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠦᠨᠡᠯᠡᠯᠲᠡ ᠶᠢ ᠰᠠᠶᠢᠲᠤᠷ ᠬᠢᠬᠦ ᠶᠢ ᠨᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠲᠠᠯ᠎ᠠ ᠪᠠᠷ ᠭᠡᠨᠡᠳᠲᠡ ᠡᠭᠦᠰᠦᠭᠰᠡᠨ ᠣᠷᠴᠢᠨ ᠲᠣᠭᠤᠷᠢᠨ ᠤ ᠬᠦᠨᠳᠦ ᠶᠡᠭᠡ ᠬᠡᠷᠡᠭ ᠤᠨ ᠪᠠᠶᠢᠴᠠᠭᠠᠨ ᠰᠢᠢᠳᠪᠦᠷᠢᠯᠡᠬᠦ ᠶᠢ ᠵᠣᠬᠢᠴᠠᠭᠤᠯᠤᠨ ᠰᠠᠶᠢᠲᠤᠷ ᠬᠢᠵᠦ᠂ ᠬᠤᠭᠤᠯᠠᠶ ᠭᠤᠣᠷᠰᠤ ᠳᠡᠪᠢᠰᠦᠭᠰᠡᠨ ᠡᠷᠬᠢᠨ ᠲᠣᠭᠤᠷᠢᠨ ᠳᠠᠬᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔      ︵ᠵᠢᠷᠭᠤᠭ᠎ᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠲᠠᠬᠢ ᠬᠤᠭᠤᠯᠠᠶ ᠭᠤᠣᠷᠰᠤ ᠳᠡᠪᠢᠰᠦᠭᠰᠡᠨ ᠡᠷᠬᠢᠨ ᠲᠣᠭᠤᠷᠢᠨ ᠳᠠᠬᠢ ᠬᠡᠷ ᠪᠠᠶᠢᠰᠢᠩ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ︔      ︵ᠲᠤᠯᠤᠭ᠎ᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠵᠠᠰᠠᠮᠠᠯ ᠵᠠᠮ᠂ ᠤᠰᠤᠨ ᠵᠠᠮ ᠵᠡᠷᠭᠡ ᠠᠵᠢᠯ ᠲᠦᠷᠦᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠠᠢ ᠵᠤᠯᠭᠠᠭᠤᠯᠤᠨ᠂ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠬᠢᠭᠡᠳ ᠬᠤᠭᠤᠯᠠᠶ ᠭᠤᠣᠷᠰᠤ ᠶᠢᠨ ᠠᠵᠢᠯ ᠤᠨ ᠪᠦᠳᠦᠭᠡᠨ ᠪᠠᠶᠢᠭᠤᠯᠤᠯᠲᠠ ᠪᠠ ᠠᠶᠣᠯ ᠦᠭᠡᠢ ᠠᠵᠢᠯᠯᠠᠭᠠᠨ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ ᠰᠢᠢᠳᠪᠦᠷᠢᠯᠡᠨ᠎ᠡ︔      ︵ᠨᠠᠢᠮᠠ︶ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠤᠣᠯ ᠠᠯᠤᠰᠯᠠᠭᠰᠠᠨ ᠬᠤᠭᠤᠯᠠᠶ ᠭᠤᠣᠷᠰᠤ ᠶᠢ ᠪᠦᠲᠦᠭᠡᠨ ᠪᠠᠶᠢᠭᠤᠯᠵᠤ ᠦᠶᠡᠷ ᠢ ᠰᠡᠷᠭᠡᠶᠢᠯᠡᠬᠦ ᠨᠦᠯᠦᠭᠡᠨ ᠤ ᠦᠨᠡᠯᠡᠯᠲᠡ ᠶᠢᠨ ᠮᠡᠳᠡᠭᠦᠯᠦᠯᠲᠡ ᠶᠢ ᠨᠢ ᠬᠢᠨᠠᠨ ᠲᠣᠭᠲᠠᠭᠠᠬᠤ ᠶᠢ ᠬᠠᠷᠢᠭᠤᠴᠠᠵᠤ᠂ ᠦᠶᠡᠷ ᠢ ᠰᠡᠷᠭᠡᠶᠢᠯᠡᠬᠦ ᠠᠮᠦᠷ ᠲᠦᠪᠰᠢᠨ ᠤ ᠱᠠᠭᠠᠷᠳᠠᠯᠭ᠎ᠠ ᠳᠤ ᠬᠤᠯᠪᠣᠭᠳᠠᠭᠰᠠᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠳᠤᠷᠠᠳᠤᠨ᠎ᠠ︔ ᠭᠤᠤᠯ ᠤᠨ ᠵᠠᠮ ᠤᠨ ᠨᠦᠯᠦᠮᠡᠯ ᠰᠢᠪᠠᠷ ᠢ ᠠᠷᠢᠯᠭᠠᠬᠤ᠂ ᠣᠷᠤᠰᠬᠠᠯ ᠢ ᠨᠢ ᠨᠡᠪᠲᠡᠷᠡᠭᠦᠯᠬᠦ᠂ ᠦᠶᠡᠷ ᠵᠠᠯᠠᠬᠤ ᠵᠡᠷᠭᠡ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠰᠡᠷᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠮᠡᠳᠡᠭᠳᠡᠬᠦ ᠪᠠ ᠨᠡᠶᠢᠲᠡᠯᠡᠨ᠎ᠡ︔ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠬᠠᠤᠯᠢ ᠠᠴᠠ ᠵᠥᠷᠢᠴᠡᠨ ᠡᠯᠡᠰᠦ ᠮᠠᠯᠲᠠᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔      ︵ᠶᠢᠰᠦ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠶᠢᠨ ᠠᠮᠦᠷ ᠲᠦᠪᠰᠢᠨ ᠢ ᠬᠢᠨᠠᠨ ᠪᠠᠶᠢᠴᠠᠭᠠᠵᠤ᠂ ᠬᠠᠮᠵᠢᠯᠴᠠᠵᠤ ᠪᠠᠶᠢᠭᠠᠳ ᠠᠳᠡᠯ ᠢ ᠨᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔      ︵ᠠᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠠᠷᠤᠯᠲᠠᠲᠤ ᠬᠤᠭᠤᠯᠠᠶ ᠭᠤᠤᠷᠰᠤ ᠤᠭᠰᠠᠷᠠᠭᠰᠠᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠵᠢᠴᠢ ᠬᠡᠷᠡᠭᠯᠡᠵᠦ ᠪᠠᠶᠢᠭ᠎ᠠ ᠬᠤᠭᠤᠯᠠᠶ ᠭᠤᠣᠷᠰᠤ ᠶᠢ ᠲᠣᠭᠲᠠᠮᠠᠯ ᠬᠤᠭᠤᠴᠠᠭ᠎ᠠ ᠲᠠᠢ ᠰᠢᠯᠭᠠᠨ ᠪᠠᠶᠢᠴᠠᠭᠠᠬᠤ ᠠᠵᠢᠯ ᠢ ᠨᠢ ᠬᠠᠤᠯᠢ ᠶᠣᠰᠣᠭᠠᠷ ᠰᠠᠶᠢᠲᠤᠷ ᠬᠢᠬᠦ ᠶᠢ ᠬᠠᠷᠢᠭᠤᠴᠠᠨ᠎ᠠ︔      ︵ᠠᠷᠪᠠᠨ ᠨᠢᠭᠡ︶ ᠤᠢ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠳᠤ ᠣᠶᠢᠲᠤ ᠭᠠᠵᠠᠷ᠂ ᠨᠤᠲᠤᠭ ᠪᠡᠯᠴᠢᠭᠡᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠵᠢᠯ ᠢ ᠨᠢ ᠬᠠᠤᠯᠢ ᠶᠣᠰᠣᠭᠠᠷ ᠰᠠᠶᠢᠲᠤᠷ ᠬᠢᠬᠦ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠡᠪᠴᠢᠶᠡᠨ ᠳᠠᠬᠢ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠶᠢ ᠵᠢᠷᠤᠮᠵᠢᠭᠤᠯᠤᠨ᠎ᠠ︔      ︵ᠠᠷᠪᠠᠨ ᠬᠤᠶᠠᠷ︶ ᠴᠠᠭ ᠠᠭᠤᠷ ᠤᠨ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠠᠶᠤᠩᠭ᠎ᠠ ᠪᠠᠭᠤᠬᠤ ᠶᠢ ᠰᠡᠷᠭᠡᠶᠢᠯᠡᠬᠦ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠢ ᠬᠠᠤᠯᠢ ᠶᠣᠰᠣᠭᠠᠷ ᠰᠠᠶᠢᠲᠤᠷ ᠬᠢᠬᠦ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠠᠮᠦᠷ ᠲᠦᠪᠰᠢᠨ ᠤ ᠲᠠᠯ᠎ᠠ ᠪᠠᠷ ᠬᠢ ᠲᠦᠭᠰᠢᠭᠦᠷᠢ ᠶᠢᠨ ᠦᠨᠡᠯᠡᠵᠦ ᠵᠢᠱᠢᠭᠰᠡᠨ ᠮᠡᠳᠡᠭᠦᠯᠦᠯᠲᠡ ᠳᠤ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠬᠤᠭᠤᠯᠠᠶ ᠭᠤᠣᠷᠰᠤ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠲᠤᠨᠤᠭ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠨᠢ ᠬᠢᠨᠠᠨ ᠬᠠᠷᠭᠤᠭᠤᠯᠬᠤ ᠪᠠ ᠠᠵᠢᠯ ᠳᠠᠭᠤᠰᠤᠭᠰᠠᠨ ᠤ ᠳᠠᠷᠠᠭ᠎ᠠ ᠰᠢᠯᠭᠠᠨ ᠬᠤᠷᠢᠶᠠᠵᠤ ᠠᠪᠬᠤ ᠠᠵᠢᠯ ᠢ ᠥᠷᠨᠢᠭᠦᠯᠦᠨ᠎ᠡ︔ ᠭᠠᠢ ᠭᠠᠮᠰᠢᠭ ᠤᠨ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢ ᠨᠡᠶᠢᠲᠡᠯᠡᠬᠦ ᠠᠵᠢᠯ ᠢ ᠰᠠᠶᠢᠲᠤᠷ ᠬᠢᠨ᠎ᠠ︔      ︵ᠠᠷᠪᠠᠨ ᠭᠤᠷᠪᠠ︶ ᠴᠢᠮᠡᠭᠡ ᠬᠤᠯᠪᠣᠭ᠎ᠠ᠂ ᠲᠡᠮᠦᠷ ᠵᠠᠮ᠂ ᠴᠠᠬᠢᠯᠭᠠᠨ ᠬᠦᠴᠦ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ᠂ ᠨᠢᠭᠡᠴᠢ ᠵᠢᠴᠢ ᠠᠵᠤ ᠠᠬᠤᠶᠢᠯᠠᠯ ᠨᠢ ᠲᠤᠰ ᠠᠵᠢᠯ ᠲᠦᠷᠦᠯ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠦᠷᠦᠯ ᠵᠦᠢᠯ ᠬᠢᠭᠡᠳ ᠬᠤᠭᠤᠯᠠᠶ ᠭᠤᠣᠷᠰᠤ ᠲᠠᠢ ᠬᠠᠷᠭᠤᠯᠳᠤᠬᠤ ᠠᠴᠠ ᠰᠡᠷᠭᠡᠶᠢᠯᠡᠵᠦ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠬᠤᠭᠤᠯᠠᠶ ᠭᠤᠣᠷᠰᠤ ᠶᠢᠨ ᠠᠶᠤᠯ ᠦᠭᠡᠢ ᠠᠵᠢᠯᠯᠠᠭᠠᠨ ᠢ ᠪᠠᠲᠤᠯᠠᠨ᠎ᠠ᠃      ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠤ ᠪᠠᠨ ᠳᠣᠣᠷᠠᠬᠢ ᠵᠢᠭᠰᠠᠭᠠᠭᠰᠠᠨ ᠡᠷᠬᠡ ᠲᠤᠰᠢᠶᠠᠯ ᠢ ᠬᠡᠷᠡᠭᠵᠢᠭᠦᠯᠵᠦ ᠪᠣᠯᠤᠨ᠎ᠠ᠄      ︵ᠨᠢᠭᠡ︶ ᠲᠤᠬᠠᠶ ᠶᠢᠨ ᠲᠠᠯᠠᠪᠤᠷ ᠲᠤ ᠬᠦᠷᠴᠦ ᠪᠠᠶᠢᠴᠠᠭᠠᠯᠲᠠ ᠬᠢᠨ᠎ᠡ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠡᠮᠳᠡᠭᠯᠡᠯ ᠪᠠ ᠪᠤᠰᠤᠳ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ ᠪᠠᠭᠤᠯᠭᠠᠵᠤ ᠬᠤᠯᠪᠣᠭᠳᠠᠯ ᠪᠦᠬᠦᠢ ᠨᠢᠭᠡᠴᠢ ᠪᠠ ᠬᠥᠮᠦᠰ ᠠᠴᠠ ᠪᠠᠶᠢᠳᠠᠯ ᠢ ᠣᠶᠢᠯᠠᠭᠠᠨ᠎ᠠ︔      ︵ᠬᠤᠶᠠᠷ︶ ᠪᠠᠶᠢᠴᠠᠭᠠᠯᠲᠠ ᠠᠴᠠ ᠣᠯᠵᠤ ᠮᠡᠳᠡᠭᠰᠡᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠡᠷᠡ ᠳᠣᠣᠷ᠎ᠠ ᠨᠢ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭᠠᠷᠯᠠᠵᠤ ᠵᠠᠯᠠᠷᠠᠭᠤᠯᠤᠭᠤᠯᠬᠤ ᠪᠠᠷ ᠱᠠᠭᠠᠷᠳᠠᠨ᠎ᠠ︔      ︵ᠭᠤᠷᠪᠠ︶ ᠪᠠᠶᠢᠴᠠᠭᠠᠯᠲᠠ ᠠᠴᠠ ᠣᠯᠵᠤ ᠮᠡᠳᠡᠭᠰᠡᠨ ᠠᠳᠡᠯ ᠤᠨ ᠲᠡᠯᠳᠠ ᠭᠡᠮ ᠢ ᠲᠡᠷᠡ ᠳᠠᠷᠤᠶ ᠳᠤ ᠨᠢ ᠠᠷᠢᠯᠭᠠᠵᠤ ᠳᠡᠶᠢᠯᠬᠦ ᠪᠠᠲᠤᠯᠠᠭ᠎ᠠ ᠲᠠᠢ ᠪᠣᠯ᠂ ᠲᠡᠷᠡ ᠳᠠᠷᠤᠶ ᠳᠤ ᠨᠢ ᠠᠷᠢᠯᠭᠠᠭᠤᠯᠬᠤ ᠪᠠᠷ ᠵᠠᠷᠯᠢᠭᠳᠠᠬᠤ ᠬᠡᠷᠡᠭᠲᠡᠶ︔ ᠨᠥᠬᠦᠴᠡᠯ ᠤᠨ ᠬᠢᠵᠠᠭᠠᠷᠯᠠᠯ ᠠᠴᠠ ᠪᠤᠯᠵᠦ ᠳᠠᠯᠳᠠ ᠭᠡᠮ ᠢ ᠲᠡᠷᠡ ᠳᠠᠷᠤᠶ ᠳᠤ ᠨᠢ ᠠᠷᠢᠯᠭᠠᠬᠤ ᠶᠢᠨ ᠠᠷᠭ᠎ᠠ ᠦᠭᠡᠢ ᠪᠣᠯ᠂ ᠬᠤᠭᠤᠴᠠᠭ᠎ᠠ ᠬᠢᠵᠠᠭᠠᠷᠯᠠᠵᠤ ᠠᠷᠢᠯᠭᠠᠭᠤᠯᠬᠤ ᠪᠠᠷ ᠵᠠᠷᠯᠢᠭᠳᠠᠬᠤ ᠬᠡᠷᠡᠭᠲᠡᠶ᠃      ᠭᠤᠴᠢᠨ ᠳᠥᠷᠪᠡᠳᠦᠭᠡᠷ ᠵᠦᠢᠯ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠦᠢᠯᠡ ᠠᠵᠢᠯᠯᠠᠭ᠎ᠠ ᠬᠢᠭᠰᠡᠨ ᠵᠢᠴᠢ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠳᠡᠭᠡᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠬᠤᠯᠪᠣᠭᠳᠠᠯ ᠪᠥᠬᠦᠢ ᠲᠣᠭᠲᠠᠭᠠᠯ ᠠᠴᠠ ᠵᠥᠷᠢᠴᠡᠭᠰᠡᠨ ᠪᠣᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢ 2021 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                         ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ                                         2021 ᠣᠨ ᠤ 2 ᠳ᠋ᠤᠭᠠᠷ ᠰᠠᠷ᠎ᠠ ᠶᠢᠨ 25 ᠤ ᠡᠳᠦᠷ ᠳᠠᠷᠤᠮᠮᠠᠯᠠᠨ ᠲᠠᠷᠬᠠᠭᠠᠪᠠ
        ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ