内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠱᠢ ᠲᠠᠢ ᠹᠧᠩ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠩ ᠰᠢᠨ ᠲᠠᠢ ᠠᠭᠤᠯᠵᠠᠪᠠ
        ᠨᠡᠶᠢᠲᠡᠯᠡᠭᠰᠡᠨ ᠴᠠᠭ᠄
        2021/6/11
              6 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠩ ᠰᠢᠨ ᠲᠠᠢ ᠠᠭᠤᠯᠵᠠᠪᠠ᠃
        0611石泰峰会见中国节能环保集团有限公司董事长宋鑫.jpg
              ᠱᠢ ᠲᠠᠢ ᠹᠧᠩ᠂ ᠰᠦᠩ ᠰᠢᠨ ᠨᠡᠷ ᠤᠨ ᠰᠢᠨᠵᠢᠯᠡᠨ ᠪᠠᠶᠢᠴᠠᠭᠠᠵᠦ ᠵᠦᠪᠳᠡᠯᠴᠡᠭᠡ ᠬᠢᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠷᠬᠡᠶᠢᠯᠡᠭᠰᠡᠨ ᠪᠥᠭᠡᠳ ᠥᠪᠥᠷ ᠮᠣᠩᠭᠤᠯ ᠤᠨ ᠬᠤᠯᠪᠣᠭᠳᠠᠯ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠰᠠᠶᠢᠬᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠲᠦᠷᠭᠡᠳᠬᠡᠨ ᠪᠥᠲᠥᠭᠡᠨ ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠵᠠᠮᠨᠠᠵᠤ ᠪᠠᠶᠢᠨ᠎ᠠ᠃ ᠥᠪᠥᠷ ᠮᠣᠩᠭᠤᠯ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠮᠠᠰᠢ ᠴᠢᠬᠤᠯᠠ ᠲᠠᠯ᠎ᠠ ᠪᠣᠯ ᠡᠨᠧᠷᠭᠢ ᠶᠢᠨ ᠪᠦᠲᠦᠴᠡ ᠳᠤ ᠶᠡᠭᠡ ᠪᠠᠷ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ ᠪᠦᠬᠦ᠋ᠢᠯᠡ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠲᠦᠮᠵᠢᠲᠡᠶ ᠳᠠᠶᠢᠴᠢᠯᠠᠬᠤ ᠶᠠᠪᠤᠳᠠᠯ ᠪᠣᠯᠤᠨ᠎ᠠ᠃ ᠬᠤᠶᠠᠷ ᠲᠠᠯ᠎ᠠ ᠪᠠᠷ ᠢᠶᠠᠨ ᠤᠳᠤᠬᠢ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠦᠭᠴᠢ ᠶᠢ ᠰᠠᠭᠠᠷᠮᠠᠭᠵᠢᠭᠤᠯᠬᠤ ᠶᠢ ᠠᠬᠢᠭᠤᠯᠵᠤ ᠪᠠᠶᠢᠭ᠎ᠠ ᠴᠢᠬᠤᠯᠠ ᠠᠵᠠ ᠲᠣᠬᠢᠶᠠᠯ ᠢ ᠢᠳᠡᠪᠬᠢᠲᠡᠢ ᠠᠮᠵᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠤᠬᠢᠷᠠᠯᠴᠠᠬᠤ ᠴᠡᠭ ᠢ ᠴᠢᠨᠠᠭᠰᠢᠳᠠ ᠣᠨᠣᠪᠴᠢᠲᠠᠢ ᠡᠷᠢᠨ ᠣᠯᠵᠤ᠂ ᠤᠯᠠᠨ ᠬᠦᠷᠢᠶ᠎ᠠ ᠴᠠᠷᠠᠭᠠᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠨᠡᠩ ᠤᠯᠠᠨ ᠬᠡᠷᠡᠭᠯᠡᠯᠳᠡ ᠶᠢᠨ ᠪᠠᠶᠢᠳᠠᠯ ᠢ ᠪᠠᠶᠠᠯᠢᠭᠵᠢᠭᠤᠯᠤᠨ ᠥᠷᠭᠡᠵᠢᠬᠦᠯᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠠᠯ᠎ᠠ ᠶᠢᠨ ᠬᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠪᠠᠯᠠ ᠣᠷᠣᠭᠤᠯᠤᠨ ᠬᠥᠭᠵᠢᠬᠦ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠬᠡᠯᠡᠪᠡ᠃      ᠰᠦᠩ ᠰᠢᠨ ᠺᠣᠮᠫᠠᠨᠢ ᠶᠢᠨ ᠢᠶᠠᠨ ᠡᠵᠡᠩᠨᠡᠯᠲᠡ ᠬᠥᠭᠵᠢᠯᠲᠡ ᠵᠢᠴᠢ ᠥᠪᠥᠷ ᠮᠣᠩᠭᠤᠯ ᠳᠤ ᠪᠡᠯᠡ ᠣᠷᠣᠭᠤᠯᠤᠬᠰᠠᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠥᠪᠥᠷ ᠮᠣᠩᠭᠤᠯ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠠ ᠴᠠᠷᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠥᠷᠭᠡᠵᠢᠬᠦᠯᠵᠦ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠪᠥᠷ ᠮᠣᠩᠭᠤᠯ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠨ᠎ᠡ ᠭᠡᠵᠦ ᠢᠯᠡᠷᠬᠡᠶᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠵᠠᠢ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ