内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠦᠷ ᠮᠣᠩᠭᠤᠯ 5 ᠵᠢᠯ ᠳᠤ 7200 ᠲᠦᠮᠡ ᠰᠢᠬᠠᠮ ᠮᠥ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠪᠠ
        ᠨᠡᠶᠢᠲᠡᠯᠡᠭᠰᠡᠨ ᠴᠠᠭ᠄
        2021/6/18
              ᠳᠡᠯᠡᠬᠡᠢ ᠶᠢᠨ ᠴᠦᠯᠡᠷᠬᠡᠭᠵᠢᠯ ᠪᠣᠯᠤᠨ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠡ ᠠᠴᠠ ᠤᠢᠢᠯᠠᠭᠠᠭᠰᠠᠨ ᠢᠶᠠᠷ᠂ ᠥᠩᠭᠡᠷᠡᠭᠰᠡᠨ 5 ᠵᠢᠯ ᠳᠤ᠂ ᠥᠪᠥᠷ ᠮᠣᠩᠭᠤᠯ ᠨᠡᠶᠢᠳᠡ 7197.5 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠵᠤ᠂ ᠪᠦᠬᠦ ᠤᠯᠤᠰ ᠤᠨ ᠵᠠᠰᠠᠭᠰᠠᠨ ᠲᠠᠯᠠᠪᠠᠢ ᠶᠢᠨ 40% ᠠᠴᠠ ᠳᠡᠭᠡᠭᠰᠢᠬᠢ ᠶᠢ ᠡᠵᠡᠯᠡᠵᠦ᠂ 3 ᠪᠡᠭᠡᠵᠢᠩ ᠤᠨ ᠨᠤᠲᠤᠭ ᠳᠡᠪᠢᠰᠬᠡᠷ ᠤᠨ ᠲᠠᠯᠠᠪᠠᠢ ᠲᠠᠢ ᠲᠡᠩᠴᠡᠵᠦ᠂ ︽ᠡᠯᠡᠰᠦ ᠨᠢ ᠤᠷᠤᠭᠰᠢᠯᠠᠵᠤ ᠬᠥᠮᠦᠨ ᠨᠢ ᠤᠬᠤᠷᠢᠬᠤ︾ ᠪᠠᠶᠢᠭᠰᠠᠨ ᠠᠴᠠ ᠪᠠᠨ ︽ᠨᠣᠭᠤᠭᠠᠷᠠᠭᠤᠯᠤᠯᠲᠠ ᠨᠢ ᠤᠷᠤᠭᠰᠢᠯᠠᠵᠤ ᠡᠯᠡᠰᠦ ᠨᠢ ᠤᠬᠤᠷᠢᠬᠤ︾ ᠬᠤᠪᠢᠷᠠᠯᠲᠠ ᠶᠢ ᠪᠡᠶᠡᠯᠡᠭᠦᠯᠵᠡᠢ᠃
        0618内蒙古5年治理沙化土地近7200万亩.jpg
              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳᠣᠲᠣᠷᠠᠬᠢ ᠬᠥᠪᠴᠢ ᠶᠢᠨ ᠡᠯᠡᠰᠦᠨ ᠴᠥᠯ ᠤᠨ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠢᠯ ᠤᠨ ᠣᠷᠣᠨ      ᠥᠪᠥᠷ ᠮᠣᠩᠭᠤᠯ ᠪᠣᠯ ᠪᠥᠬᠦ ᠤᠯᠤᠰ ᠤᠨ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠬᠠᠮᠤᠭ ᠤᠨ ᠲᠥᠪᠯᠡᠷᠡᠭᠰᠡᠨ᠂ ᠬᠤᠤᠷ ᠬᠥᠨᠥᠭᠡᠯ ᠢᠶᠠᠷ ᠬᠠᠮᠤᠭ ᠤᠨ ᠬᠦᠨᠳᠦ ᠨᠣᠴᠢᠲᠠᠶ ᠮᠤᠵᠢ ᠣᠷᠣᠨ ᠤ ᠨᠢᠭᠡ ᠪᠣᠯᠤᠨ᠎ᠠ᠂ ᠬᠢᠵᠠᠭᠠᠷ ᠳᠣᠲᠣᠷ᠎ᠠ ᠪᠠᠳᠠᠶ ᠶᠢᠨ ᠵᠢᠷᠠᠨ᠂ ᠲᠩᠷᠢ᠂ ᠤᠯᠠᠭᠠᠨᠪᠤᠬ᠎ᠠ᠂ ᠬᠥᠪᠴᠢ ᠳᠥᠷᠪᠡᠨ ᠶᠡᠭᠡ ᠡᠯᠡᠰᠦᠨ ᠴᠥᠯ ᠪᠠ ᠮᠤᠤᠠᠤᠰᠤ᠂ ᠬᠤᠯᠠᠨ ᠰᠢᠷᠭ᠎ᠠ ᠳᠠᠭ᠎ᠠ᠂ ᠬᠤᠷᠴᠢᠨ᠂ ᠬᠥᠯᠥᠨ ᠪᠤᠶᠢᠷ ᠳᠥᠷᠪᠡᠨ ᠶᠡᠭᠡ ᠡᠯᠡᠰᠦᠷᠬᠡᠭ ᠭᠠᠵᠠᠷ ᠲᠠᠷᠬᠠᠵᠤ᠂ ᠴᠦᠯᠡᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ 9.14 ᠳ᠋ᠦᠩᠰᠢᠭᠤᠷ ᠮᠥ ᠳᠤ ᠬᠦᠷᠴᠦ᠂ ᠪᠥᠬᠦ ᠤᠯᠤᠰ ᠤᠨ ᠴᠦᠯᠡᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠶᠢᠨ 23.3% ᠶᠢ ᠡᠵᠡᠯᠡᠨ᠎ᠡ︔ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ 6.12 ᠳ᠋ᠦᠩᠰᠢᠭᠤᠷ ᠮᠥ ᠳᠤ ᠬᠦᠷᠴᠦ᠂ ᠪᠥᠬᠦ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠶᠢᠨ 23.7% ᠶᠢ ᠡᠵᠡᠯᠡᠨ᠎ᠡ᠃
        0618内蒙古5年治理沙化土地近7200万亩2.jpg
              ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠣᠯᠠᠨ ᠲᠦᠮᠡᠨ ᠬᠥᠯᠥᠨ ᠪᠤᠶᠢᠷ ᠤᠨ ᠡᠯᠡᠰᠦᠷᠬᠡᠭ ᠭᠠᠵᠠᠷ ᠲᠤ ᠡᠯᠡᠰᠦᠨ ᠬᠠᠯᠬᠠᠪᠴᠢ ᠪᠤᠰᠬᠠᠵᠤ ᠪᠠᠶᠢᠭ᠎ᠠ ᠨᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠬᠤᠤ ᠶᠢᠩ ᠤᠨ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠠᠪᠤᠳᠠᠯ ᠢ ᠤᠮᠠᠷᠠᠲᠤ ᠶᠢᠨ ᠠᠮᠢ ᠠᠬᠤᠶ ᠶᠢᠨ ᠬᠠᠯᠬᠠᠪᠴᠢ ᠶᠢ ᠪᠠᠲᠤ ᠴᠣᠭᠴᠠᠯᠠᠬᠤ ᠶᠢᠨ ᠴᠢᠬᠤᠯᠠ ᠠᠵᠢᠯ ᠪᠣᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠴᠢᠬᠤᠯᠠ ᠶᠡᠭᠡ ᠢᠨᠵᠧᠨᠧᠷᠢᠩ ᠢᠶᠠᠷ ᠠᠴᠢᠶᠠᠯᠠᠪᠤᠷᠢ ᠪᠣᠯᠭᠠᠵᠤ᠂ ᠪᠠᠶᠢᠭᠠᠯᠢ ᠪᠠ ᠠᠵᠤ ᠠᠬᠤᠶ ᠶᠢᠨ ᠵᠢᠮ᠎ᠡ ᠶᠣᠰᠣ ᠶᠢ ᠵᠢᠷᠤᠮᠯᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠦᠢᠯᠡᠳᠦᠯᠭᠡ ᠶᠢᠨ ᠳᠤᠮᠳᠠ ᠤᠷᠢᠳ ᠢᠶᠠᠷ ᠣᠶᠢᠵᠢᠭᠤᠯᠵᠤ ᠲᠠᠷᠠᠭ᠎ᠠ ᠨᠢ ᠨᠥᠬᠦᠪᠥᠷᠢ ᠥᠭᠬᠦ᠂ ᠲᠤᠰᠬᠠᠶ ᠠᠵᠢᠯ ᠤᠨ ᠠᠩᠬᠢ ᠣᠶᠢᠵᠢᠭᠤᠯᠬᠤ ᠵᠡᠷᠭᠡ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠵᠠᠭᠪᠤᠷ ᠢ ᠰᠦᠪᠡᠭᠴᠢᠯᠡᠨ ᠭᠠᠷᠭᠠᠵᠤ᠂ ᠪᠦᠳᠦᠭᠡᠨ ᠪᠠᠶᠢᠭᠤᠯᠤᠯᠲᠠ ᠶᠢᠨ ᠭᠤᠣᠯ ᠴᠣᠭᠴᠠ᠂ ᠡᠵᠡᠩᠨᠡᠯᠲᠡ ᠶᠢᠨ ᠭᠤᠣᠯ ᠴᠣᠭᠴᠠ᠂ ᠠᠰᠢᠭ ᠲᠤᠰᠠ ᠶᠢᠨ ᠭᠤᠣᠯ ᠴᠣᠭᠴᠠ᠂ ᠬᠠᠷᠢᠭᠤᠴᠠᠯᠭ᠎ᠠ ᠶᠢᠨ ᠭᠤᠣᠯ ᠴᠣᠭᠴᠠ ᠶᠢᠨ ︽ᠲᠦᠷᠪᠡ ᠶᠢ ᠨᠢᠭᠡᠳᠬᠡᠬᠦ︾ ᠪᠠ ᠡᠭᠦᠷᠭᠡ ᠶᠢ ᠡᠷᠤᠭᠡ ᠳᠤ ᠡᠭᠦᠷᠭᠡᠯᠡᠭᠦᠯᠬᠦ᠂ ᠥᠮᠴᠢᠯᠡᠬᠦ ᠡᠷᠬᠡ ᠶᠢ ᠡᠷᠤᠭᠡ ᠳᠤ ᠣᠯᠭᠤᠬᠤ᠂ ᠬᠠᠷᠢᠭᠤᠴᠠᠯᠭ᠎ᠠ ᠶᠢ ᠡᠷᠤᠭᠡ ᠳᠤ ᠨᠠᠶᠢᠳᠠᠪᠤᠷᠢᠵᠢᠭᠤᠯᠬᠤ᠂ ᠨᠥᠬᠦᠪᠥᠷᠢ ᠶᠢ ᠡᠷᠤᠭᠡ ᠳᠤ ᠥᠭᠬᠦ᠂ ᠦᠢᠯᠡᠴᠢᠯᠡᠭᠡ ᠶᠢ ᠡᠷᠤᠭᠡ ᠳᠤ ᠳᠠᠭᠠᠭᠠᠯᠭᠠᠬᠤ ︽ᠲᠠᠪᠤ ᠶᠢ ᠡᠷᠤᠭᠡ ᠳᠤ ᠬᠦᠷᠭᠡᠬᠦ︾ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠭᠦᠯᠵᠦ᠂ ᠨᠡᠶᠢᠭᠡᠮ ᠤᠨ ᠡᠯ᠎ᠡ ᠲᠦᠷᠦᠯ ᠤᠨ ᠭᠤᠣᠯ ᠴᠣᠭᠴᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠬᠤ ᠢᠳᠡᠪᠬᠢᠵᠢᠯ ᠢ ᠨᠢ ᠪᠦᠲᠦᠮᠵᠢᠲᠡᠶ ᠪᠠᠷ ᠳᠠᠶᠢᠴᠢᠯᠠᠪᠠ᠃
        0618内蒙古5年治理沙化土地近7200万亩3.jpg
              ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠳ᠋ᠧᠩᠺᠧᠦ ᠰᠢᠶᠠᠨ ᠤ ᠣᠯᠠᠨ ᠲᠦᠮᠡᠨ ᠤᠯᠠᠭᠠᠨᠪᠤᠬ᠎ᠠ ᠶᠢᠨ ᠡᠯᠡᠰᠦᠨ ᠴᠥᠯ ᠳᠤ ᠮᠣᠳᠣ ᠳᠠᠷᠢᠵᠤ ᠣᠶᠢᠵᠢᠭᠤᠯᠵᠤ ᠪᠠᠶᠢᠭ᠎ᠠ ᠨᠢ      ᠬᠤᠤ ᠶᠢᠩ ᠬᠡᠯᠡᠭᠰᠡᠨ ᠨᠢ᠂ ᠥᠪᠥᠷ ᠮᠣᠩᠭᠤᠯ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠨᠤᠲᠤᠭ ᠪᠡᠯᠴᠢᠭᠡᠷ ᠢ ᠰᠡᠷᠭᠦᠭᠡᠬᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠳᠤ ᠲᠦᠰᠢᠭᠯᠡᠨ᠂ ᠨᠢᠭᠡ ᠪᠦᠯᠦᠭ ᠠᠳᠠᠯᠢ ᠪᠤᠰᠤ ᠲᠦᠷᠦᠯ ᠬᠡᠯᠪᠡᠷᠢ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠥᠯᠥᠪᠵᠢᠭᠦᠯᠦᠨ ᠪᠦᠳᠦᠬᠡᠨ ᠪᠠᠶᠢᠭᠤᠯᠵᠤ᠂ ᠪᠦᠬᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠲᠠᠶᠢᠴᠢᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠪᠠ᠃ ᠵᠢᠱᠢᠶᠡᠯᠡᠪᠡᠯ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠭᠠᠵᠠᠷ ᠰᠢᠷᠣᠶ ᠶᠢᠨ ᠡᠯᠡᠰᠦᠷᠬᠡᠭᠵᠢᠯ ᠤᠨ ᠬᠤᠤᠷ ᠬᠥᠨᠥᠭᠡᠯ ᠤᠨ ᠬᠡᠮᠵᠢᠶ᠎ᠡ ᠪᠠᠷ ᠨᠡᠯᠢᠶᠡᠳ ᠬᠦᠨᠳᠦ ᠣᠷᠣᠨ ᠪᠦᠰᠡ ᠶᠢ ᠲᠥᠪᠯᠡᠷᠡᠭᠦᠯᠦᠨ ᠵᠠᠰᠠᠵᠤ᠂ ᠵᠠᠭᠤᠨ ᠲᠦᠮᠡᠨ ᠮᠥ ᠶᠢᠨ ᠶᠡᠷᠦᠩᠬᠡᠶᠢᠯᠡᠭᠰᠡᠨ ᠡᠯᠡᠰᠦᠷᠬᠡᠭᠵᠢᠯ ᠢ ᠵᠠᠰᠠᠬᠤ ᠰᠠᠭᠤᠷᠢᠨ ᠭᠠᠵᠠᠷ ᠢ ᠪᠣᠶ ᠪᠣᠯᠭᠠᠵᠠᠢ︔ ᠰᠢᠯᠢ ᠶᠢᠨ ᠭᠤᠣᠯ ᠠᠶᠢᠮᠠᠭ ᠤᠨ ᠲᠤᠯᠤᠨ ᠨᠠᠭᠤᠷ ᠰᠢᠶᠠᠨ ᠬᠥᠮᠦᠨ᠂ ᠮᠦᠩᠭᠦ᠂ ᠡᠳ᠋ ᠪᠣᠳᠠᠰ ᠢ ᠲᠥᠪᠯᠡᠷᠡᠭᠦᠯᠵᠦ᠂ ᠵᠠᠭᠤᠨ ᠲᠦᠮᠡᠨ ᠮᠦ ᠵᠢᠭᠠᠷᠲᠤ ᠨᠠᠷᠠᠰᠤᠨ ᠤ ᠰᠠᠭᠤᠷᠢᠨ ᠭᠠᠵᠠᠷ ᠢ ᠪᠠᠶᠢᠭᠤᠯᠪᠠ︔ ᠠᠯᠠᠱᠠ ᠠᠶᠢᠮᠠᠭ ᠠᠵᠤ ᠦᠢᠯᠡᠰ ᠤᠨ ᠳᠠᠶᠢᠴᠢᠯᠠᠯᠲᠠ ᠶᠢ ᠠᠰᠢᠭᠯᠠᠨ ᠵᠠᠭᠤᠨ ᠲᠦᠮᠡᠨ ᠮᠥ ᠣᠷᠬᠢᠴᠠ ᠣᠶ ᠶᠢᠨ ᠰᠠᠭᠤᠷᠢᠨ ᠭᠠᠵᠠᠷ ᠢ ᠪᠠᠶᠢᠭᠤᠯᠪᠠ ᠭᠡᠵᠡᠢ᠃
        0618内蒙古5年治理沙化土地近7200万亩4.jpg
              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠨᠢᠰᠬᠡᠯ ᠢᠶᠠᠷ ᠳᠠᠷᠢᠵᠤ ᠡᠯᠡᠰᠦᠷᠬᠡᠭᠵᠢᠯ ᠢ ᠵᠠᠰᠠᠨ ᠣᠶᠢᠵᠢᠭᠤᠯᠬᠤ ᠠᠵᠢᠯ ᠢ ᠦᠷᠨᠢᠭᠦᠯᠵᠦ ᠪᠠᠶᠢᠭ᠎ᠠ ᠨᠢ      ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠡᠷᠴᠢᠮ ᠢ ᠴᠢᠩᠭᠠᠷᠠᠭᠤᠯᠤᠨ ᠠᠬᠢᠭᠤᠯᠬᠤ ᠶᠢᠨ ᠬᠠᠮᠲᠤ᠂ ᠥᠪᠥᠷ ᠮᠣᠩᠭᠤᠯ ᠨᠤᠲᠤᠭ ᠪᠡᠯᠴᠢᠭᠡᠷ ᠤᠨ ᠱᠠᠩᠨᠠᠬᠤ ᠨᠥᠬᠦᠪᠥᠷᠢᠯᠡᠬᠦ ᠲᠣᠭᠲᠠᠴᠠ ᠶᠢ ᠬᠡᠷᠡᠭᠵᠢᠭᠦᠯᠵᠦ᠂ ᠣᠢ ᠮᠣᠳᠤ ᠶᠢ ᠳᠤᠷ᠎ᠠ ᠪᠠᠷ ᠣᠭᠲᠣᠯᠬᠤ᠂ ᠠᠭᠤᠷᠬᠠᠢ ᠶᠢ ᠳᠤᠷ᠎ᠠ ᠪᠠᠷ ᠢᠶᠠᠨ ᠮᠠᠯᠲᠠᠬᠤ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠤᠷᠭᠤᠮᠠᠯ ᠤᠨ ᠬᠤᠴᠢᠯᠭ᠎ᠠ ᠶᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠬᠤ ᠪᠠ ᠴᠣᠬᠢᠯᠲᠠ ᠥᠭᠴᠦ᠂ ᠭᠠᠵᠠᠷ ᠰᠢᠷᠣᠢ ᠶᠢᠨ ᠡᠯᠡᠰᠦᠷᠬᠡᠭᠵᠢᠯ ᠢ ᠤᠷᠢᠳᠴᠢᠯᠠᠨ ᠰᠡᠷᠭᠡᠶᠢᠯᠡᠵᠦ᠂ ᠡᠯᠡᠰᠦᠷᠬᠡᠭ ᠣᠷᠣᠨ ᠤ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠢ ᠬᠠᠮᠠᠭᠠᠯᠠᠵᠤ ᠰᠡᠷᠭᠦᠭᠡᠪᠡ᠃ ᠣᠳᠣᠬᠠᠨ ᠳᠤ᠂ ᠥᠪᠥᠷ ᠮᠣᠩᠭᠤᠯ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠲᠠᠯᠠᠪᠠᠶ ᠶᠢ 4.04 ᠳ᠋ᠦᠩᠰᠢᠭᠤᠷ ᠮᠥ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠠᠯᠠᠪᠠᠶ ᠶᠢ 6.16 ᠳ᠋ᠦᠩᠰᠢᠭᠤᠷ ᠮᠥ ᠨᠠᠶᠢᠳᠠᠪᠤᠷᠢᠵᠢᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠴᠠᠭᠠᠵᠠᠲᠠᠢ ᠬᠠᠮᠠᠭᠠᠯᠠᠯᠲᠠ ᠶᠢᠨ ᠣᠷᠣᠨ 18 ᠶᠢ ᠪᠠᠶᠢᠭᠤᠯᠵᠤ᠂ ᠲᠠᠯᠠᠪᠠᠶ ᠨᠢ 275 ᠲᠦᠮᠡ ᠰᠢᠬᠠᠮ ᠮᠥ ᠪᠠᠶᠢᠨ᠎ᠠ᠃       ᠡᠭᠦᠨ ᠤ ᠬᠠᠮᠲᠤ᠂ ᠥᠪᠥᠷ ᠮᠣᠩᠭᠤᠯ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠢ ᠣᠷᠣᠨ ᠨᠤᠲᠤᠭ ᠤᠨ ᠠᠵᠤ ᠠᠬᠤᠶ ᠶᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠠᠢ ᠨᠢᠭᠲᠠ ᠤᠶᠠᠯᠳᠤᠭᠤᠯᠵᠤ᠂ ᠣᠯᠠᠨ ᠬᠡᠯᠪᠡᠷᠢ ᠶᠢᠨ ᠠᠵᠤ ᠦᠢᠯᠡᠰᠵᠢᠭᠰᠡᠨ ᠰᠡᠷᠭᠡᠶᠢᠯᠡᠨ ᠵᠠᠰᠠᠬᠤ ᠵᠠᠭᠪᠤᠷ ᠢ ᠬᠠᠶᠢᠨ ᠰᠦᠪᠡᠭᠴᠢᠯᠡᠵᠦ᠂ ᠡᠯᠡᠰᠦᠨ ᠤ ᠤᠷᠭᠤᠮᠠᠯ ᠢ ᠳᠠᠷᠢᠬᠤ ᠪᠠ ᠨᠡᠭᠡᠭᠡᠨ ᠠᠰᠢᠭᠯᠠᠬᠤ᠂ ᠣᠨᠴᠠ ᠲᠥᠷᠥᠯ ᠤᠨ ᠡᠮ ᠳᠤ ᠣᠷᠣᠬᠤ ᠤᠷᠭᠤᠮᠠᠯ ᠢ ᠳᠠᠷᠢᠬᠤ ᠪᠠ ᠡᠳ᠋ᠰᠢᠭᠦᠯᠦᠨ ᠡᠵᠡᠩᠨᠡᠬᠦ᠂ ᠡᠯᠡᠰᠦᠨ ᠴᠥᠯ ᠤᠨ ᠦᠵᠡᠮᠵᠢ ᠶᠢᠨ ᠵᠢᠭᠤᠯᠴᠢᠯᠠᠯ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠤᠨ ᠬᠥᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠢ ᠰᠥᠷᠭᠡᠤ ᠴᠢᠭᠯᠡᠯ ᠢᠶᠠᠷ ᠳᠠᠶᠢᠴᠢᠯᠠᠭᠰᠠᠨ ᠢᠶᠠᠷ ᠪᠠᠷᠠᠬᠤ ᠥᠬᠡᠶ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠢᠨ ᠦᠷᠭᠦᠯᠵᠢᠯᠡᠨ ᠬᠥᠭᠵᠢᠬᠦ ᠴᠢᠳᠠᠪᠤᠷᠢ ᠶᠢ ᠴᠢᠩᠭᠠᠷᠠᠭᠤᠯᠵᠤ᠂ ︽ᠵᠠᠰᠠᠭ ᠵᠠᠬᠢᠷᠭᠠᠨ ᠢᠶᠠᠷ ᠠᠬᠢᠭᠤᠯᠬᠤ᠂ ᠲᠥᠷᠥ ᠶᠢᠨ ᠪᠣᠳᠣᠯᠭ᠎ᠠ ᠪᠠᠷ ᠠᠬᠢᠭᠤᠯᠬᠤ᠂ ᠠᠵᠤ ᠦᠢᠯᠡᠰ ᠢᠶᠠᠷ ᠳᠠᠶᠢᠴᠢᠯᠠᠬᠤ᠂ ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ︾ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨ᠎ᠡ ᠵᠠᠮ ᠢ ᠨᠡᠭᠡᠭᠡᠵᠡᠢ᠃
        0618内蒙古5年治理沙化土地近7200万亩5.jpg
              ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠬᠢᠵᠠᠭᠠᠷ ᠳᠣᠲᠤᠷᠠᠬᠢ ᠮᠤᠤᠠᠤᠰᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠢᠯ ᠤᠨ ᠣᠷᠣᠨ      ᠣᠶᠢᠯᠠᠭᠠᠭᠰᠠᠨ ᠢᠶᠠᠷ᠂ ᠣᠯᠠᠨ ᠵᠢᠯ ᠤᠨ ᠶᠡᠷᠦᠩᠬᠡᠶᠢᠯᠡᠭᠰᠡᠨ ᠵᠠᠰᠠᠯᠲᠠ ᠪᠠᠷ ᠳᠡᠮᠵᠢᠨ᠂ ᠥᠪᠥᠷ ᠮᠣᠩᠭᠤᠯ ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 23% ᠳᠤ ᠬᠦᠷᠴᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 45% ᠳᠤ ᠬᠦᠷᠴᠦ᠂ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠦᠷᠭᠦᠯᠵᠢᠯᠡᠨ ︽ᠬᠤᠤᠰ ᠬᠠᠰᠤᠭᠳᠠᠯ︾ ᠢ ᠪᠡᠶᠡᠯᠡᠭᠦᠯᠦᠭᠰᠡᠨ ᠪᠠᠶᠢᠨ᠎ᠠ᠃ ᠭᠤᠣᠯᠳᠠᠯᠭ᠎ᠠ ᠲᠠᠢ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠ ᠶᠢᠨ ᠣᠷᠣᠨ ᠤ ᠠᠮᠢ ᠠᠬᠤᠶ ᠶᠢᠨ ᠪᠠᠶᠢᠳᠠᠯ ᠮᠡᠳᠡᠭᠳᠡᠮ᠎ᠡ ᠰᠠᠶᠢᠵᠢᠷᠠᠵᠤ᠂ ᠳᠦᠷᠪᠡᠨ ᠶᠡᠭᠡ ᠡᠯᠡᠰᠦ ᠮᠠᠩᠬ᠎ᠠ ᠬᠠᠷᠢᠴᠠᠩᠭᠤᠶ ᠪᠠᠷ ᠲᠣᠭᠲᠠᠭᠤᠨ ᠪᠠᠶᠢᠵᠤ᠂ ᠳᠦᠷᠪᠡᠨ ᠶᠡᠭᠡ ᠡᠯᠡᠰᠦᠷᠬᠡᠭ ᠭᠠᠵᠠᠷ ᠤᠨ ᠣᠢ ᠪᠡᠯᠴᠢᠭᠡᠷ ᠤᠨ ᠪᠦᠷᠬᠦᠴᠡ ᠴᠥᠮ ᠳᠡᠭᠡᠭᠰᠢᠯᠡᠵᠦ᠂ ᠬᠡᠰᠡᠭ ᠭᠠᠵᠠᠷ ᠣᠷᠣᠨ ᠳᠤ ︽ᠡᠯᠡᠰᠦᠨ ᠴᠦᠯ ᠨᠢ ᠨᠣᠭᠤᠭᠠᠨ ᠪᠦᠷᠢᠳᠦ ᠪᠣᠯᠤᠭᠰᠠᠨ︾ ᠪᠠᠶᠢᠳᠠᠯ ᠢᠯᠡᠷᠡᠪᠡ᠃  
        ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ