内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠱᠠᠩᠬᠠᠢ ᠥᠪᠥᠷ ᠮᠣᠩᠭᠤᠯ ᠬᠤᠶᠠᠷ ᠭᠠᠵᠠᠷ ᠤᠨ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠤᠷᠤ ᠲᠦᠯᠦᠪ ᠤᠨ ᠵᠥᠪᠯᠡᠯᠴᠡᠭᠡᠷ ᠲᠣᠬᠢᠷᠠᠯᠴᠠᠪᠠ  ᠱᠠᠩᠬᠠᠶ ᠬᠤᠲᠠ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠠᠢ  ᠯᠢ ᠴᠢᠶᠠᠩ ᠣᠷᠣᠯᠴᠠᠵᠤ ᠱᠢ ᠲᠠᠢ ᠹᠧᠩ ᠬᠤᠷᠠᠯ ᠢ ᠡᠷᠬᠢᠯᠡᠪᠡ
        ᠨᠡᠶᠢᠲᠡᠯᠡᠭᠰᠡᠨ ᠴᠠᠭ᠄
        2021/6/2
              6 ᠰᠠᠷ᠎ᠠ ᠶᠢᠨ 1 ᠤ ᠡᠳᠦᠷ᠂ ᠱᠠᠩᠬᠠᠢ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠢᠷᠡᠵᠤ ᠰᠢᠨᠵᠢᠯᠡᠨ ᠪᠠᠶᠢᠴᠠᠭᠠᠵᠤ᠂ ᠬᠤᠶᠠᠷ ᠭᠠᠵᠠᠷ ᠤᠨ ᠰᠣᠯᠢᠯᠴᠠᠭ᠎ᠠ ᠵᠣᠯᠭᠠᠯᠴᠠᠭ᠎ᠠ ᠶᠢ ᠭᠦᠨᠵᠡᠭᠡᠶᠢᠷᠡᠭᠦᠯᠦᠨ᠂ ᠱᠠᠩᠬᠠᠢ ᠥᠪᠥᠷ ᠮᠣᠩᠭᠤᠯ ᠤᠨ ᠬᠠᠮᠲᠤᠷᠠᠯᠴᠠᠭ᠎ᠠ ᠰᠢᠨ᠎ᠡ ᠳᠡᠭᠲᠡᠷ ᠲᠤ ᠭᠠᠷᠬᠤ ᠶᠢ ᠭᠠᠷ ᠬᠤᠯᠪᠣᠨ ᠠᠬᠢᠭᠤᠯᠪᠠ᠃ ᠲᠣᠰ ᠡᠳᠦᠷ ᠤᠨ ᠦᠳᠡ ᠶᠢᠨ ᠬᠤᠶᠢᠨ᠎ᠠ᠂ ᠱᠠᠩᠬᠠᠶ ᠬᠤᠲᠠ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠤ᠂ ᠱᠠᠩᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
              ᠯᠢ ᠴᠢᠶᠠᠩ ᠱᠠᠩᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣ ᠬᠤᠭᠤᠴᠠᠭᠠᠨ ᠤ ᠲᠤᠷᠰᠢ ᠱᠠᠩᠬᠠᠶ ᠶᠢ ᠳᠡᠮᠵᠢᠵᠦ ᠬᠠᠪᠰᠤᠷᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠤᠨ ᠬᠢᠨ ᠬᠦᠯᠢᠶᠡᠨ ᠠᠪᠴᠤ ᠦᠰᠭᠡᠵᠤ ᠲᠡᠵᠢᠭᠡᠭᠰᠡᠡ︾ ᠲᠡᠦᠬᠡ ᠶᠢᠨ ᠰᠠᠶᠢᠬᠠᠨ ᠥᠯᠢᠭᠡᠷ ᠨᠢ ᠨᠠᠮ ᠠᠴᠠ ᠠᠷᠠᠳ ᠲᠦᠮᠡᠨ ᠢ ᠬᠠᠯᠠᠮᠵᠢᠯᠠᠨ ᠬᠠᠶᠢᠷᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠬᠡᠷ ᠪᠦᠯᠢ ᠮᠡᠲᠦ ᠳᠣᠲᠣᠨᠣ ᠪᠠᠶᠢᠬᠤ ᠬᠠᠶᠢᠷ᠎ᠠ ᠰᠡᠳᠬᠢᠯᠭᠡ᠂ ᠥᠪᠥᠷ ᠮᠣᠩᠭᠤᠯ ᠤᠨ ᠠᠷᠠᠳ ᠲᠦᠮᠡᠨ ᠤ ᠦᠯᠡᠮᠵᠢ ᠶᠢᠨ ᠶᠡᠭᠡ ᠬᠠᠶᠢᠷ᠎ᠠ ᠶᠢ ᠭᠦᠢᠴᠡᠳ ᠢᠯᠡᠷᠡᠭᠦᠯᠵᠠᠢ᠃ ᠡᠨᠡ ᠬᠦ ᠲᠡᠦᠬᠡ ᠶᠢᠨ ᠰᠠᠶᠢᠬᠠᠨ ᠦᠯᠢᠭᠡᠷ ᠢ ᠭᠠᠷ ᠬᠤᠯᠪᠣᠨ ᠠᠭᠤᠳᠠᠯᠵᠤ᠂ ᠳᠡᠯᠭᠡᠷᠡᠭᠦᠯᠵᠦ᠂ ᠤᠯᠠᠮᠵᠢᠯᠠᠵᠤ᠂ ᠨᠡᠩ ᠤᠯᠠᠨ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠨᠡᠩ ᠰᠠᠶᠢᠨ ᠢᠶᠠᠷ ᠤᠶᠤᠨ ᠰᠠᠨᠠᠭᠠᠨ ᠤ ᠬᠦᠴᠦᠨ ᠴᠢᠳᠠᠯ ᠢ ᠰᠢᠩᠭᠡᠭᠡᠨ ᠠᠪᠬᠤ ᠬᠡᠷᠡᠭᠲᠡᠢ᠃ ᠬᠤᠶᠠᠷ ᠭᠠᠵᠠᠷ ᠤᠨ ᠬᠡᠦᠬᠡᠳ ᠤᠨ ᠠᠰᠠᠷᠠᠮᠵᠢ ᠶᠢᠨ ᠦᠢᠯᠡᠰ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠭᠠᠵᠠᠷ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ᠂ ᠨᠥᠬᠦᠷᠰᠡᠭ ᠬᠠᠪᠰᠤᠷᠤᠯᠴᠠᠭ᠎ᠠ ᠶᠢᠨ ᠦᠷ᠎ᠡ ᠶᠢ ᠨᠡᠩ ᠤᠯᠠᠨ ᠰᠠᠴᠤᠬᠤ ᠭᠡᠷᠡᠭᠲᠡᠢ ᠭᠡᠪᠡ᠃      ᠯᠢ ᠴᠢᠶᠠᠩ᠂ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠳᠠ ᠬᠢᠭᠰᠡᠨ 30 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠭᠤᠳᠠᠮ ᠪᠠᠭᠳᠠᠭᠠᠮᠵᠢᠳᠠᠢ᠂ ᠭᠠᠷᠮᠠᠭᠠᠢ ᠶᠢ ᠬᠥᠭᠡᠭᠡᠴᠡᠯᠳᠦᠬᠦ᠂ ᠤᠬᠠᠭᠠᠯᠢᠭ ᠤᠶᠤᠨᠯᠢᠬ᠂ ᠠᠭᠤᠳᠠᠮᠴᠢ ᠡᠶᠡᠯᠳᠡᠭ︾ ᠪᠠᠶᠢᠬᠤ ᠬᠤᠳᠠ ᠶᠢᠨ ᠵᠣᠷᠢᠭ ᠰᠠᠨᠠᠭ᠎ᠠ ᠪᠣᠯᠤᠨ ︽ᠨᠡᠭᠡᠭᠡᠯᠲᠡᠲᠡᠢ᠂ ᠰᠢᠨ᠎ᠡ ᠶᠢ ᠡᠭᠦᠳᠬᠦ᠂ ᠪᠠᠭᠲᠠᠭᠠᠮᠵᠢᠲᠠᠢ︾ ᠪᠠᠶᠢᠬᠤ ᠬᠤᠳᠠ ᠶᠢᠨ ᠭᠡᠪ ᠰᠤᠷᠳᠠᠯ ᠢ ᠶᠡᠭᠡ ᠪᠠᠷ ᠪᠠᠳᠠᠷᠠᠭᠤᠯᠵᠤ ᠪᠠᠶᠢᠨ᠎ᠠ᠃ ᠥᠪᠥᠷ ᠮᠣᠩᠭᠤᠯ ᠤᠨ ᠺᠠᠳ᠋ᠷ ᠣᠯᠠᠨ ᠲᠦᠮᠡᠨ ᠤ ᠢᠯᠡᠷᠡᠭᠦᠯᠦᠭᠰᠡᠨ ᠡᠬᠡ ᠤᠯᠤᠰ ᠤᠨ ᠢᠶᠠᠨ ᠲᠥᠯᠥᠭᠡ ᠬᠤᠪᠢ ᠨᠡᠮᠡᠷᠢ ᠦᠵᠡᠭᠦᠯᠵᠦ ᠬᠠᠷᠢᠭᠤᠴᠠᠯᠭ᠎ᠠ ᠡᠭᠦᠷᠭᠡᠯᠡᠬᠦ᠂ ᠡᠷᠡᠰ ᠪᠠᠲᠤ ᠪᠠᠷ ᠬᠡᠯᠪᠡᠷᠢ ᠪᠠᠨ ᠬᠤᠪᠢᠷᠠᠭᠤᠯᠬᠤ ᠰᠥᠰᠥ ᠵᠣᠷᠢᠭ ᠪᠠ ᠠᠵᠢᠯ ᠬᠢᠵᠦ ᠦᠢᠯᠡᠰ ᠪᠤᠰᠬᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠢᠳᠡ ᠨᠠᠷᠢᠨ ᠬᠢᠨᠠᠮᠠᠭᠠᠶ ᠰᠤᠷᠤᠯᠴᠠᠨ ᠲᠣᠯᠢᠯᠠᠭᠤᠰᠢᠲᠠᠶ ᠪᠠᠶᠢᠨ᠎ᠠ᠃ ᠱᠠᠩᠬᠠᠢ ᠶᠢᠨ ᠬᠥᠭᠵᠢᠯᠲᠡ ᠨᠢ ᠪᠦᠬᠦ ᠤᠯᠤᠰ ᠤᠨ ᠡᠯ᠎ᠡ ᠭᠠᠵᠠᠷ ᠤᠨ ᠳᠡᠮᠵᠢᠯᠭᠡ ᠠᠴᠠ ᠪᠣᠯᠤᠭᠰᠠᠨ ᠶᠤᠮ᠂ ᠪᠦᠬᠦ ᠤᠯᠤᠰ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠪᠣᠯ ᠱᠠᠩᠬᠠᠢ ᠶᠢᠨ ᠡᠭᠦᠷᠭᠡ ᠬᠠᠷᠢᠭᠤᠴᠠᠯᠭ᠎ᠠ ᠮᠦᠨ᠃ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠵᠠᠬ᠎ᠠ ᠳᠡᠯᠭᠡᠭᠦᠷ ᠢ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠣᠣᠷ ᠢ ᠪᠠᠶᠢᠭᠤᠯᠬᠤ᠂ ᠪᠡᠯᠡ ᠮᠥᠩᠭᠦ ᠶᠢ ᠴᠤᠬᠯᠠᠭᠤᠯᠤᠨ ᠨᠡᠪᠲᠡᠷᠡᠭᠦᠯᠬᠦ ᠠᠷᠭ᠎ᠠ ᠵᠠᠮ ᠢ ᠰᠢᠯᠤᠭᠤᠳᠬᠠᠬᠤ᠂ ᠳᠡᠯᠡᠬᠡᠢ ᠲᠡᠶᠢᠰᠢ ᠤᠷᠤᠭᠰᠢᠯᠠᠬᠤ ᠠᠷᠭ᠎ᠠ ᠵᠠᠮ ᠢ ᠬᠠᠩᠭᠠᠬᠤ ᠵᠡᠷᠭᠡ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠬᠤᠳᠠ ᠶᠢᠨ ᠭᠤᠣᠯᠯᠠᠭᠴᠢ ᠴᠢᠳᠠᠮᠵᠢ ᠶᠢ ᠴᠢᠩᠭᠠᠳᠬᠠᠵᠤ᠂ ᠪᠤᠰᠤᠳ ᠭᠠᠵᠠᠷ ᠣᠷᠣᠨ ᠳᠤ ᠨᠡᠩ ᠰᠠᠶᠢᠨ ᠡᠨᠧᠷᠭᠢ ᠣᠯᠭᠤᠨ᠎ᠠ᠃ ᠲᠤᠰ ᠤᠳᠠᠭ᠎ᠠ ᠶᠢᠨ ᠵᠥᠪᠯᠡᠯᠴᠡᠭᠡᠷ ᠲᠤᠬᠢᠷᠠᠯᠴᠠᠬᠤ ᠪᠠᠷ ᠠᠵᠠ ᠲᠣᠬᠢᠶᠠᠯ ᠪᠣᠯᠭᠠᠵᠤ᠂ ᠱᠠᠩᠬᠠᠢ ᠥᠪᠥᠷ ᠮᠣᠩᠭᠤᠯ ᠤᠨ ᠠᠵᠤ ᠠᠬᠤᠢ ᠶᠢᠨ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ ᠣᠨᠴᠠᠯᠢᠭ ᠢ ᠭᠦᠢᠴᠡᠳ ᠪᠠᠳᠠᠷᠠᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠨᠢᠨ ᠳᠡᠭᠡᠷ᠎ᠡ ᠨᠢ ᠵᠣᠯᠭᠠᠭᠤᠯᠵᠤ᠂ ᠨᠢᠭᠲᠠ ᠬᠠᠮᠲᠤᠷᠠᠯᠴᠠᠵᠤ᠂ ᠬᠤᠶᠠᠷ ᠭᠠᠵᠠᠷ ᠤᠨ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠦ ᠵᠢᠭᠠᠵᠦ ᠭᠠᠷᠭᠠᠪᠠ᠃
        0602沪蒙3.jpg
              ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠱᠠᠩᠬᠠᠶ ᠬᠤᠲᠠ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠱᠠᠩᠬᠠᠶ ᠪᠣᠯ ᠮᠠᠨ ᠤ ᠨᠠᠮ ᠤᠨ ᠮᠡᠨᠳᠦᠯᠡᠭᠰᠡᠨ ᠭᠠᠵᠠᠷ᠂ ᠪᠥᠬᠦ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠳᠠᠭᠠᠭᠤᠯᠤᠭᠴᠢ᠂ ᠰᠢᠨ᠎ᠡ ᠶᠢ ᠡᠭᠦᠳᠬᠦ ᠬᠥᠭᠵᠢᠯᠲᠡ ᠶᠢᠨ ᠬᠤᠰᠢᠭᠤᠴᠢ᠂ ᠳᠤᠮᠳᠠᠳᠤ ᠤᠯᠤᠰ ᠤᠨ ᠳᠡᠯᠡᠬᠡᠶ ᠲᠡᠶᠢᠰᠢ ᠤᠷᠤᠭᠰᠢᠯᠠᠬᠤ ᠴᠢᠬᠤᠯᠠ ᠴᠤᠩᠬᠤᠪᠴᠢ ᠮᠥᠨ᠃ ᠥᠪᠥᠷ ᠮᠣᠩᠭᠤᠯ ᠪᠣᠯᠤᠨ ᠱᠠᠩᠬᠠᠢ ᠬᠡᠳᠦ᠋ᠢᠪᠡᠷ ᠮᠢᠩᠭᠠᠨ ᠭᠠᠵᠠᠷ ᠬᠤᠯᠠ ᠠᠯᠤᠰᠯᠠᠭᠲᠠᠵᠤ ᠪᠠᠶᠢᠪᠠᠴᠤ ᠬᠤᠶᠠᠷ ᠭᠠᠵᠠᠷ ᠤᠨ ᠠᠷᠠᠳ ᠲᠦᠮᠡᠨ ᠤ ᠨᠥᠬᠦᠷᠯᠡᠯ ᠪᠣᠯᠤᠨ ᠡᠯ᠎ᠡ ᠲᠠᠯ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠠᠳ᠂ ᠬᠤᠶᠠᠷ ᠭᠠᠵᠠᠷ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠤᠯᠪᠣᠭᠠᠯᠠᠨ ᠬᠥᠭᠵᠢᠬᠦ ᠶᠢ ᠠᠬᠢᠭᠤᠯᠬᠤ ᠣᠷᠣᠨ ᠵᠠᠢ ᠲᠦᠢᠯ ᠤᠨ ᠥᠷᠭᠡᠨ ᠠᠭᠤᠳᠠᠮ ᠪᠠᠶᠢᠨ᠎ᠠ᠃ ᠪᠢᠳᠡ ᠵᠠᠪᠠᠯ ᠬᠤᠶᠠᠷ ᠲᠠᠯ᠎ᠠ ᠶᠢᠨ ᠵᠥᠪᠳᠡᠨ ᠲᠣᠭᠲᠠᠭᠰᠠᠨ ᠬᠠᠮᠲᠤᠷᠠᠯᠴᠠᠭᠠᠨ ᠤ ᠵᠦᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠱᠠᠩᠬᠠᠶ ᠠᠴᠠ ᠪᠥᠬᠦ ᠲᠠᠯ᠎ᠠ ᠪᠠᠷ ᠰᠤᠷᠤᠯᠴᠠᠨ ᠲᠤᠷᠰᠢᠯᠭ᠎ᠠ ᠤᠯᠵᠤ᠂ ᠱᠠᠩᠬᠠᠶ ᠶᠢᠨ ᠳᠠᠪᠠᠭᠤᠯᠢᠭ ᠢᠶᠠᠷ ᠥᠪᠥᠷ ᠮᠣᠩᠭᠤᠯ ᠤᠨ ᠲᠤᠲᠠᠭᠤᠲᠠᠯ ᠢ ᠨᠥᠬᠦᠪᠥᠷᠢᠯᠡᠵᠦ᠂ ᠥᠪᠥᠷ ᠮᠣᠩᠭᠤᠯ ᠤᠨ ᠴᠢᠳᠠᠪᠤᠷᠢ ᠪᠠᠷ ᠱᠠᠩᠬᠠᠶ ᠶᠢᠨ ᠬᠡᠷᠡᠭᠴᠡᠭᠡ ᠳᠤ ᠦᠢᠯᠡᠴᠢᠯᠡᠵᠦ᠂ ᠬᠤᠶᠠᠷ ᠭᠠᠵᠠᠷ ᠤᠨ ᠬᠠᠮᠲᠤᠷᠠᠯᠴᠠᠭ᠎ᠠ ᠨᠠᠩ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠵᠤ ᠬᠡᠯᠡᠪᠡ᠃      ᠱᠢ ᠲᠠᠢ ᠹᠧᠩ᠂ ᠪᠢᠳᠡ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠠ ᠰᠢᠨ᠎ᠡ ᠶᠢ ᠡᠭᠦᠳᠬᠦ ᠠᠮᠢ ᠠᠬᠤᠶ ᠶᠢ ᠦᠷᠭᠦᠯᠵᠢᠯᠡᠨ ᠬᠦᠴᠦᠯᠡᠨ ᠴᠣᠭᠴᠠᠯᠠᠵᠤ᠂ ᠱᠠᠩᠬᠠᠶ ᠶᠢᠨ ᠨᠠᠩ ᠣᠯᠠᠨ ᠠᠵᠤ ᠠᠬᠤᠶᠢᠯᠠᠯ ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠷᠲᠤᠴᠠ ᠨᠡᠮᠡᠨ ᠲᠠᠰ ᠳᠡᠪᠰᠢᠬᠦ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠠᠰᠢᠬᠯᠠᠬᠤ᠂ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠪᠢᠳᠡ ᠱᠠᠩᠬᠠᠶ ᠬᠤᠲᠠ ᠶᠢᠨ ᠡᠯ᠎ᠡ ᠲᠥᠷᠥᠯ ᠤᠨ ᠴᠢᠳᠠᠪᠤᠷᠢᠲᠠᠨ ᠤ ᠣᠯᠠᠨ ᠵᠦᠢᠯ ᠤᠨ ᠠᠷᠭ᠎ᠠ ᠬᠡᠯᠪᠡᠷᠢ ᠪᠠᠷ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠦᠨ ᠦᠢᠯᠡᠰ ᠪᠤᠰᠬᠠᠵᠤ ᠡᠭᠦᠳᠦᠨ ᠪᠦᠲᠦᠭᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠱᠠᠩᠬᠠᠶ ᠬᠤᠲᠠ ᠶᠢᠨ ᠨᠠᠩ ᠣᠯᠠᠨ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠂ ᠱᠠᠩᠬᠠᠶ ᠬᠤᠲᠠ ᠯᠤᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ ᠤᠨ ᠠᠰᠠᠷᠠᠮᠵᠢ ᠵᠡᠷᠭᠡ ᠨᠡᠶᠢᠭᠡᠮ ᠤᠨ ᠦᠢᠯᠡᠰ ᠪᠠ ᠨᠡᠶᠢᠭᠡᠮ ᠤᠨ ᠵᠠᠰᠠᠯᠲᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠱᠠᠩᠬᠠᠶ ᠬᠤᠲᠠ ᠶᠢᠨ ᠳᠠᠪᠠᠭᠤᠯᠢᠭ ᠢ ᠰᠤᠷᠤᠯᠴᠠᠬᠤ᠂ ᠱᠠᠩᠬᠠᠶ ᠶᠢᠨ ᠬᠦᠴᠦᠨ ᠢ ᠠᠰᠢᠬᠯᠠᠬᠤ ᠳᠤᠮᠳᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃
        0602沪蒙4.jpg
              ᠡᠨᠡ ᠬᠤᠭᠤᠴᠠᠭᠠᠨ ᠳᠤ᠂ ᠱᠠᠩᠬᠠᠶ ᠬᠤᠲᠠ ᠶᠢᠨ ᠳᠡᠳ᠋ ᠳᠠᠷᠤᠭ᠎ᠠ ᠫᠧᠩ ᠴᠧᠨ ᠯᠸᠢ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠣᠰ ᠲᠣᠰ ᠬᠤᠶᠠᠷ ᠭᠠᠵᠠᠷ ᠤᠨ ᠵᠠᠰᠠᠭ ᠤᠨ ᠣᠷᠳᠣᠨ ᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠤᠷᠤ ᠲᠦᠯᠦᠪ ᠤᠨ ᠵᠦᠪᠯᠡᠯᠴᠡᠭᠡᠷ ᠲᠤ ᠭᠠᠷ ᠤᠨ ᠥᠰᠥᠭ ᠵᠢᠷᠤᠪᠠ᠃      ᠱᠠᠩᠬᠠᠢ ᠬᠤᠳᠠ ᠶᠢᠨ ᠤᠳᠤᠷᠢᠳᠤᠯᠭ᠎ᠠ ᠵᠦ ᠭᠧ ᠢᠦᠢ ᠵᠢᠶᠧ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠸᠠᠩ ᠯᠢ ᠰᠢᠶᠠ᠂ ᠮᠧᠩ ᠹᠠᠨ ᠯᠢ᠂ ᠮᠧᠩ ᠰᠢᠶᠠᠨ ᠳ᠋ᠦᠩ᠂ ᠴᠢ᠊ ᠪᠠᠲᠤ ᠶᠠᠷᠢᠯᠴᠠᠬᠤ ᠬᠤᠷᠠᠯ ᠳᠤ ᠣᠷᠣᠯᠴᠠᠪᠠ᠃ ᠱᠠᠩᠬᠠᠢ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃
        ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ