内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠤᠯᠠᠭᠠᠨᠬᠠᠳᠠ ᠬᠤᠳᠠ ᠶᠢᠨ 2021 ᠣᠨ ᠤ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ
        ᠨᠡᠶᠢᠲᠡᠯᠡᠭᠰᠡᠨ ᠴᠠᠭ᠄
        2021/6/2
             ᠡᠨᠡ ᠵᠢᠯ ᠤᠨ 6 ᠳ᠋ᠤᠭᠠᠷ ᠰᠠᠷ᠎ᠠ ᠪᠣᠯ ᠬᠤᠷᠢᠲᠡᠬᠢ ᠪᠦᠬᠦ ᠤᠯᠤᠰ ᠤᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠃ 6 ᠳ᠋ᠤᠭᠠᠷ ᠰᠠᠷ᠎ᠠ ᠶᠢᠨ 1 ᠤ ᠡᠳᠦᠷ᠂ ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ 2021 ᠣᠨ ᠤ ᠪᠥᠬᠦ ᠬᠤᠲᠠ ᠶᠢᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ︽ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠨᠤᠲᠤᠭ ᠤᠨ ᠠᠶᠠᠯᠠᠯ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠵᠤ ᠡᠷᠭᠢᠯᠡᠪᠡ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ 15 ᠨᠢᠭᠡᠴᠢ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃      ᠡᠨᠡ ᠵᠢᠯ ᠤᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠭᠤᠤᠯ ᠰᠡᠳᠦᠪ ᠪᠣᠯ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢ ᠳᠥᠯᠭᠢᠨ ᠠᠬᠢᠭᠤᠯᠬᠤ ᠶᠠᠪᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ︽2021 ᠣᠨ ᠤ ᠪᠥᠬᠦ ᠣᠷᠣᠨ ᠤ ︿ᠠᠶᠤᠯ ᠦᠭᠡᠢ ᠦᠢᠯᠡᠳᠪᠦᠷᠢᠯᠡᠯ ᠤᠨ ᠰᠠᠷ᠎ᠠ﹀ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠠᠶᠤᠯ ᠦᠭᠡᠢ ᠵᠥᠪᠯᠡᠯ ᠠᠯᠪᠠᠨ ﹇2021﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠ ︽ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠨᠤᠲᠤᠭ ᠤᠨ ᠠᠶᠠᠯᠠᠯ︾ ᠤᠨ ᠠᠵᠢᠯᠯᠠᠭ᠎ᠠ ᠶᠢ ᠵᠡᠷᠭᠡᠪᠡᠷ ᠡᠬᠢᠯᠡᠭᠦᠯᠪᠡ᠃ ᠡᠭᠦᠨ ᠤ ᠵᠣᠷᠢᠯᠭ᠎ᠠ ᠨᠢ ᠬᠦᠮᠦᠵᠢᠭᠦᠯᠦᠨ ᠪᠣᠯᠪᠠᠰᠤᠷᠠᠭᠤᠯᠬᠤ᠂ ᠳᠠᠯᠳᠠ ᠬᠡᠮ ᠢ ᠢᠯᠡᠷᠡᠭᠦᠯᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠤᠷᠰᠢᠯᠭ᠎ᠠ ᠶᠢ ᠳᠡᠯᠭᠡᠷᠡᠭᠦᠯᠬᠦ᠂ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠰᠦᠷ ᠬᠦᠴᠦᠨ ᠲᠠᠢ ᠪᠥᠭᠡᠳ ᠪᠣᠳᠠᠲᠤ ᠦᠷ᠎ᠡ ᠪᠦᠲᠦᠮᠵᠢ ᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠨᠠᠮ ᠪᠠ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠶᠤᠯ ᠦᠭᠡᠢ ᠦᠢᠯᠡᠳᠪᠦᠷᠢᠯᠡᠯ ᠢ ᠴᠢᠩᠭᠠᠳᠬᠠᠬᠤ ᠴᠢᠬᠤᠯᠠ ᠶᠡᠭᠡ ᠠᠷᠭ᠎ᠠ ᠬᠡᠮᠵᠢᠶ᠎ᠡ ᠶᠢ ᠤᠬᠠᠭᠤᠯᠤᠨ ᠲᠤᠭᠤᠰᠢᠯᠠᠭᠤᠯᠵᠤ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ᠪᠦᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠶᠠᠪᠤᠳᠠᠯ ᠪᠣᠯᠣᠨ᠎ᠠ᠃      ᠪᠦᠬᠦ ᠬᠤᠳᠠ ᠶᠢᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠳᠤ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠦᠨ᠎ᠡ︔ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠵᠤ᠂ ︽ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠲᠥᠪᠯᠡᠷᠡᠭᠦᠯᠦᠨ ᠰᠢᠪᠲᠤᠯᠤᠯᠲᠠ ᠬᠢᠬᠦ ᠳᠠᠶᠢᠯᠠᠯᠳᠤᠭᠠᠨ︾᠂ ︽ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠪᠠᠶᠢᠭᠤᠯᠤᠯᠲᠠ ᠶᠢᠨ ᠣᠨ︾ ᠤ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ︔ ︽ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠨᠤᠲᠤᠭ ᠤᠨ ᠠᠶᠠᠯᠠᠯ︾ ᠤᠨ ᠠᠵᠢᠯᠯᠠᠭ᠎ᠠ ᠶᠢ ᠥᠷᠨᠢᠭᠦᠯᠦᠨ᠎ᠡ︔ ︽ᠪᠠᠴᠢᠮ ᠪᠠᠶᠢᠳᠠᠯ ᠢ ᠠᠷᠭᠠᠴᠠᠭᠠᠬᠤ ᠰᠢᠭᠤᠳ ᠨᠡᠪᠲᠡᠷᠡᠭᠦᠯᠭᠡ ᠶᠢᠨ ᠲᠠᠰᠤᠭ︾ ᠵᠡᠷᠭᠡ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ︔ ᠠᠮᠤᠷ ᠲᠦᠪᠰᠢᠨ ᠤ ᠤᠬᠠᠭᠤᠯᠭ᠎ᠠ ᠶᠢᠨ ︽ᠲᠠᠪᠤ ᠳᠤ ᠲᠦᠭᠡᠮᠡᠯᠵᠢᠭᠦᠯᠬᠦ︾ ᠠᠵᠢᠯᠯᠠᠭ᠎ᠠ ᠶᠢ ᠥᠷᠨᠢᠭᠦᠯᠦᠨ᠎ᠡ︔ ︽6 · 16︾ ᠤ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠢ ᠥᠷᠨᠢᠭᠦᠯᠦᠨ᠎ᠡ᠃ ᠠᠵᠢᠯᠯᠠᠭ᠎ᠠ ᠨᠢ ᠡᠯ᠎ᠡ ᠬᠠᠮᠢᠶ᠎ᠠ ᠪᠦᠬᠦᠢ ᠨᠢᠭᠡᠴᠢ ᠤᠳ ᠡᠷᠬᠡᠪᠰᠢ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠨᠣᠯᠵᠢᠬᠤᠨ ᠢ ᠪᠠᠲᠤ ᠪᠠᠬᠢ ᠪᠤᠶ ᠪᠣᠯᠭᠠᠵᠦ᠂ ︽ᠬᠤᠷᠢᠭ᠎ᠠ ᠱᠤᠭᠤᠮ ᠤᠨ ᠤᠬᠠᠮᠰᠠᠷ︾ ᠪᠠ ︽ᠬᠤᠷᠢᠭ᠎ᠠ ᠱᠤᠭᠤᠮ ᠤᠨ ᠰᠡᠳᠬᠢᠬᠦᠶ︾ ᠪᠠᠨ ᠭᠦᠨᠵᠡᠭᠡᠶᠢᠷᠡᠭᠦᠯᠵᠦ᠂ ᠰᠢᠨ᠎ᠡ ᠰᠡᠳᠬᠢᠴᠡ᠂ ᠰᠢᠨ᠎ᠡ ᠠᠷᠭ᠎ᠠ᠂ ᠰᠢᠨ᠎ᠡ ᠬᠢᠳᠡᠯ ᠢᠶᠠᠷ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ︽ᠠᠶᠤᠯ ᠥᠬᠡᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠ ᠡᠯ᠎ᠡ ᠵᠦᠢᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠭᠦᠨᠵᠡᠭᠡᠶ ᠪᠦᠭᠡᠳ ᠨᠠᠷᠢᠯᠢᠭ ᠪᠣᠳᠠᠲᠠᠶᠢᠵᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠬᠤ ᠶᠢ ᠱᠠᠭᠠᠷᠳᠠᠵᠠᠢ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ