内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠶᠡᠷᠦᠩᠬᠡᠢ ᠲᠠᠷᠢᠶᠠᠯᠠᠭ᠎ᠠ ᠪᠠ ᠠᠮᠤ ᠪᠤᠳᠠᠭᠠᠨ ᠤ ᠲᠠᠷᠢᠶᠠᠯᠠᠭ᠎ᠠ ᠵᠡᠷᠭᠡ ᠪᠠᠷ ᠨᠡᠮᠡᠭᠳᠡᠵᠦ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢ ᠤᠷᠤᠭᠰᠢᠲᠠᠶ ᠪᠡᠶᠡᠯᠡᠭᠦᠯᠪᠡ
        ᠨᠡᠶᠢᠲᠡᠯᠡᠭᠰᠡᠨ ᠴᠠᠭ᠄
        2021/6/21
              ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠮᠠᠨ ᠤ ᠣᠷᠣᠨ ᠤ ᠭᠤᠤᠯ ᠪᠣᠯᠬᠤ ᠲᠠᠷᠢᠮᠠᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠨᠢᠭᠡᠨᠲᠡ ᠪᠦᠬᠦᠨ ᠢᠶᠠᠷ ᠢᠶᠠᠨ ᠳᠠᠭᠤᠰᠴᠤ᠂ ᠪᠥᠬᠦ ᠣᠷᠣᠨ ᠤ ᠲᠠᠷᠢᠮᠠᠯ ᠤᠨ ᠶᠡᠷᠦᠩᠬᠡᠶ ᠲᠠᠷᠢᠶᠠᠯᠠᠭ᠎ᠠ ᠶᠢᠨ ᠲᠠᠯᠠᠪᠠᠶ 13630.8 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.2 ᠲᠦᠮᠡᠨ ᠮᠥ ᠨᠡᠮᠡᠭᠳᠡᠵᠡᠶ᠃ ᠡᠭᠦᠨ ᠳᠤ᠂ ᠠᠮᠤ ᠪᠤᠳᠠᠭᠠᠨ ᠤ ᠲᠠᠷᠢᠶᠠᠯᠠᠭ᠎ᠠ ᠶᠢᠨ ᠲᠠᠯᠠᠪᠠᠶ 11141.4 ᠲᠦᠮᠡᠨ ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 310.6 ᠲᠦᠮᠡᠨ ᠮᠥ ᠨᠡᠮᠡᠭᠳᠡᠵᠡᠶ᠃ ᠲᠠᠷᠢᠮᠠᠯ ᠤᠨ ᠪᠦᠲᠦᠴᠡ ᠳᠤ ︽ᠶᠡᠷᠦᠩᠬᠡᠶ ᠲᠠᠷᠢᠶᠠᠯᠠᠭ᠎ᠠ ᠪᠠ ᠠᠮᠤ ᠪᠤᠳᠠᠭᠠᠨ ᠤ ᠲᠠᠷᠢᠶᠠᠯᠠᠭ᠎ᠠ ᠵᠡᠷᠭᠡ ᠪᠠᠷ ᠨᠡᠮᠡᠭᠳᠡᠬᠦ︾ ᠪᠠᠶᠢᠳᠠᠯ ᠢᠯᠡᠷᠡᠪᠡ᠃ ᠣᠳᠣᠬᠠᠨ ᠳᠤ᠂ ᠪᠥᠬᠦ ᠣᠷᠣᠨ ᠤ ᠲᠠᠷᠢᠮᠠᠯ ᠤᠨ ᠴᠢᠬᠢᠯᠡᠭᠰᠡᠨ ᠨᠢ ᠨᠢᠭᠡᠨᠲᠡ ᠠᠷᠪᠠᠨ ᠤ ᠨᠠᠢᠮᠠᠨ ᠬᠤᠪᠢ ᠶᠢ ᠳᠠᠪᠠᠵᠤ᠂ ᠨᠢᠭᠡᠳᠦᠭᠡᠷ ᠬᠤᠶᠠᠳᠤᠭᠠᠷ ᠲᠥᠷᠥᠯ ᠤᠨ ᠴᠢᠬᠢ ᠶᠢᠨ ᠲᠠᠯᠠᠪᠠᠶ ᠨᠢ 94% ᠠᠴᠠ ᠳᠡᠭᠡᠭᠰᠢ ᠬᠦᠷᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠶᠡᠷᠦᠩᠬᠡᠶ ᠪᠠᠶᠢᠳᠠᠯ ᠨᠡᠯᠢᠶᠡᠳ ᠰᠠᠶᠢᠨ ᠪᠠᠶᠢᠨ᠎ᠠ᠃       ᠣᠶᠢᠯᠠᠭᠠᠭᠰᠠᠨ ᠢᠶᠠᠷ᠂ ᠨᠢᠳᠤᠨᠤᠨ ᠠᠴᠠ ᠨᠠᠭᠠᠰᠢ᠂ ᠪᠥᠬᠦ ᠣᠷᠣᠨ ᠤ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠬᠤᠳᠠᠯᠳᠤᠨ ᠠᠪᠬᠤ ᠦᠨ᠎ᠡ ᠦᠷᠭᠦᠯᠵᠢᠯᠡᠨ ᠶᠡᠭᠡ ᠪᠠᠷ ᠥᠰᠴᠦ᠂ ᠡᠷᠳᠡᠨᠢ ᠰᠢᠰᠢ ᠶᠢᠨ ᠬᠤᠳᠠᠯᠳᠤᠨ ᠠᠪᠬᠤ ᠦᠨ᠎ᠡ ᠳᠤᠮᠳᠠᠴᠢ ᠪᠠᠷ ᠺᠢᠯᠣᠭ᠍ᠷᠠᠮ ᠪᠦᠷᠢ ᠳᠤ ᠪᠠᠨ 1.1 ᠲᠥᠭᠦᠷᠢᠭ ᠥᠰᠴᠦ᠂ ᠰᠢᠷ᠎ᠠ ᠪᠤᠷᠴᠠᠭ ᠺᠢᠯᠣᠭ᠍ᠷᠠᠮ ᠪᠦᠷᠢ ᠳᠤ ᠪᠠᠨ 1.6 ᠲᠥᠭᠦᠷᠢᠭ ᠥᠰᠴᠦ᠂ ᠪᠣᠭᠤᠳᠠᠶ ᠺᠢᠯᠣᠭ᠍ᠷᠠᠮ ᠪᠦᠷᠢ ᠳᠤ ᠪᠠᠨ 0.6 ᠲᠥᠭᠦᠷᠢᠭ ᠥᠰᠴᠦ᠂ ᠤᠰᠤᠨ ᠲᠤᠲᠤᠷᠭ᠎ᠠ ᠺᠢᠯᠣᠭ᠍ᠷᠠᠮ ᠪᠦᠷᠢ ᠳᠤ ᠪᠠᠨ 0.5 ᠲᠥᠭᠦᠷᠢᠭ ᠥᠰᠴᠡᠶ᠃ ᠢᠯᠠᠩᠭᠤᠶ᠎ᠠ ᠡᠷᠳᠡᠨᠢ ᠰᠢᠰᠢ ᠶᠢᠨ ᠦᠨ᠎ᠡ ᠬᠠᠮᠤᠭ ᠤᠨ ᠥᠨᠳᠥᠷ ᠲᠤ ᠪᠠᠨ ᠺᠢᠯᠣᠭ᠍ᠷᠠᠮ ᠪᠦᠷᠢ ᠳᠤ ᠪᠠᠨ 3 ᠲᠥᠭᠦᠷᠢᠭ ᠢ ᠳᠠᠪᠠᠵᠤ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠠᠮᠤ ᠪᠤᠳᠠᠭᠠᠨ ᠤ ᠦᠨ᠎ᠡ ᠶᠢᠨ ᠥᠰᠥᠯᠲᠡ ᠨᠢ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠢᠯᠡᠳᠲᠡ ᠳᠠᠶᠢᠴᠢᠯᠠᠪᠠ᠃       ᠳᠡᠭᠡᠷ᠎ᠡ ᠬᠠᠭᠠᠰ ᠵᠢᠯ ᠠᠴᠠ ᠨᠠᠭᠠᠰᠢ᠂ ᠮᠠᠨ ᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠪᠠ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠤᠯᠤᠰ ᠤᠨ ᠲᠠᠷᠢᠶᠠᠨ ᠭᠠᠵᠠᠷ ᠤᠨ ᠬᠦᠴᠦᠨ ᠴᠢᠳᠠᠯ ᠤᠨ ᠬᠠᠮᠠᠭᠠᠯᠠᠯᠲᠠ ᠶᠢᠨ ᠨᠥᠬᠦᠪᠥᠷᠢ᠂ ᠡᠷᠳᠡᠨᠢ ᠰᠢᠰᠢ ᠰᠢᠷ᠎ᠠ ᠪᠤᠷᠴᠠᠭ ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠨᠥᠬᠦᠪᠥᠷᠢ ᠶᠢᠨ ᠪᠡᠯᠡ ᠮᠥᠩᠭᠦ 170.7 ᠳ᠋ᠦᠩᠰᠢᠭᠤᠷ ᠲᠥᠭᠦᠷᠢᠭ ᠢ ᠴᠠᠭ ᠲᠤᠬᠠᠶ ᠳᠤ ᠨᠢ ᠪᠠᠭᠤᠯᠭᠠᠵᠤ᠂ ᠲᠦᠷᠦᠭᠦᠦ ᠵᠢᠯ ᠤᠨ ᠬᠢ ᠠᠴᠠ 11.2 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠡᠯ᠎ᠡ ᠭᠠᠵᠠᠷ ᠤᠨ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭᠠᠨ ᠤ ᠳᠠᠷᠢᠶᠠᠯᠠᠭ᠎ᠠ ᠶᠢ ᠠᠳᠬᠤᠬᠤ ᠪᠠ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠭᠰᠠᠨ ᠪᠠᠶᠢᠨ᠎ᠠ᠃      ᠮᠠᠨ ᠤ ᠣᠷᠣᠨ ᠪᠠᠰᠠ ᠲᠠᠷᠢᠶᠠᠨ ᠭᠠᠵᠠᠷ ᠢ ᠰᠡᠯᠭᠦᠨ ᠲᠠᠷᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠪᠥᠲᠥᠭᠡᠨ ᠪᠠᠶᠢᠭᠤᠯᠤᠯᠲᠠ ᠶᠢᠨ ᠴᠣᠩᠬᠤᠪᠴᠢ ᠶᠢᠨ ᠬᠤᠭᠤᠴᠠᠭ᠎ᠠ ᠶᠢ ᠴᠢᠩᠭ᠎ᠠ ᠠᠳᠬᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃ ᠪᠥᠬᠦ ᠣᠷᠣᠨ ᠤ 2020 ᠣᠨ ᠤ 300 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠢᠭᠡᠨᠲᠡ ᠪᠡᠶᠡᠯᠡᠭᠦᠯᠵᠦ᠂ 291 ᠲᠦᠮᠡᠨ ᠮᠥ ᠨᠢ ᠨᠢᠭᠡᠨᠲᠡ ᠠᠵᠢᠯ ᠢᠶᠠᠨ ᠡᠬᠢᠯᠡᠭᠦᠯᠵᠦ᠂ 85 ᠲᠦᠮᠡᠨ ᠮᠥ ᠨᠢ ᠨᠢᠭᠡᠨᠲᠡ ᠠᠵᠢᠯ ᠢᠶᠠᠨ ᠳᠠᠭᠤᠰᠬᠠᠪᠠ᠃ 2021 ᠣᠨ ᠤ 459 ᠲᠦᠮᠡᠨ ᠮᠥ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ 318 ᠲᠦᠮᠡᠨ ᠮᠥ ᠳᠤ ᠵᠢᠷᠤᠭ ᠲᠥᠯᠥᠪᠯᠡᠭᠡ ᠬᠢᠬᠦ ᠳᠠᠭᠠᠭᠠᠴᠢᠯᠠᠯᠲᠠ ᠵᠠᠷᠯᠠᠬᠤ ᠡᠭᠦᠷᠭᠡ ᠶᠢ ᠨᠢᠭᠡᠨᠲᠡ ᠪᠡᠶᠡᠯᠡᠭᠦᠯᠵᠦ᠂ ᠵᠢᠯ ᠤᠨ ᠡᠴᠦᠰ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃ 5 ᠬᠤᠰᠢᠭᠤ ᠰᠢᠶᠠᠨ ᠳᠤ 50 ᠲᠦᠮᠡᠨ ᠮᠥ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠡᠭᠦᠷᠭᠡ ᠶᠢ ᠬᠡᠷᠡᠭᠵᠢᠭᠦᠯᠵᠦ᠂ 6 ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ 12.2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠮᠥᠷᠳᠡᠨ ᠳᠠᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃ ᠠᠮᠤ ᠪᠤᠳᠠᠭ᠎ᠠ ᠲᠠᠷᠢᠬᠤ ᠳᠤ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠢ ᠭᠤᠤᠯ ᠳᠡᠯᠭᠡᠷᠡᠭᠦᠯᠬᠦ 57 ᠵᠦᠢᠯ ᠤᠨ ᠮᠡᠷᠭᠡᠵᠢᠯ ᠢ ᠰᠣᠩᠭᠤᠨ ᠲᠠᠨᠢᠯᠴᠠᠭᠤᠯᠵᠤ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠰᠦᠯᠵᠢᠶᠡᠨ ᠳᠤ     ︽ᠬᠠᠪᠤᠷ ᠤᠨ ᠲᠠᠷᠢᠶᠠᠯᠠᠭ᠎ᠠ ᠶᠢᠨ ᠴᠠᠭ — ᠲᠠᠷᠢᠶᠠᠯᠠᠩ ᠤᠨ ᠮᠡᠷᠭᠡᠵᠢᠯ ᠤᠨ ᠡᠭᠦᠯᠡᠨ ᠬᠢᠴᠢᠶᠡᠯ ᠤᠨ ᠲᠠᠩᠬᠢᠮ︾ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠲᠤᠰᠬᠠᠶ ᠪᠤᠯᠤᠩ ᠢ ᠨᠡᠭᠡᠭᠡᠵᠦ᠂ ᠨᠢᠭᠡᠨᠲᠡ 50 ᠭᠠᠷᠤᠶ ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠹᠢᠯᠢᠮ ᠢ ᠦᠢᠯᠡᠳᠴᠦ ᠨᠡᠶᠢᠲᠡᠯᠡᠪᠡ᠃ ᠪᠥᠬᠦ ᠣᠷᠣᠨ ᠳᠤ ᠲᠠᠷᠢᠶᠠᠴᠢᠳ ᠢ 70.6 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠮᠡᠷᠭᠡᠵᠢᠯ ᠤᠨ ᠮᠠᠲ᠋ᠧᠷᠢᠶᠠᠯ ᠢ 80.8 ᠲᠦᠮᠡᠨ ᠬᠤᠪᠢ ᠲᠠᠷᠬᠠᠭᠠᠵᠤ᠂ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ 7975 ᠬᠦᠮᠦᠨ ᠤᠳᠠᠭ᠎ᠠ ᠵᠣᠬᠢᠶᠠᠨ ᠪᠠᠶᠢᠭᠤᠯᠤᠨ ᠬᠥᠳᠡᠭᠡ ᠪᠠᠭᠤᠯᠭᠠᠪᠠ᠃       ᠡᠭᠦᠨ ᠤ ᠬᠠᠮᠲᠤ᠂ ᠴᠠᠭ ᠠᠭᠤᠷ ᠤᠨ ᠰᠠᠯᠠᠭ᠎ᠠ ᠮᠥᠴᠢᠷ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠷᠲᠡ ᠠᠴᠠ ᠲᠥᠯᠥᠪᠵᠢᠭᠦᠯᠬᠦ᠂ ᠡᠷᠲᠡ ᠠᠴᠠ ᠰᠡᠷᠡᠮᠵᠢᠯᠡᠭᠦᠯᠬᠦ ᠪᠠ ᠡᠷᠲᠡ ᠠᠴᠠ ᠪᠠᠶᠢᠷᠢᠯᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠳᠠᠯᠢ ᠪᠤᠰᠤ ᠦᠢᠯᠡᠳᠪᠦᠷᠢᠯᠡᠯ ᠤᠨ ᠣᠷᠣᠨ ᠪᠦᠰᠡ ᠳᠤ ᠴᠢᠭᠯᠡᠭᠦᠯᠦᠨ ᠭᠠᠩ ᠬᠠᠭᠰᠠᠷᠠᠭᠠᠨ ᠲᠠᠢ ᠲᠡᠮᠡᠴᠡᠵᠦ ᠴᠣᠨᠤᠭᠯᠠᠨ ᠤᠰᠤᠯᠠᠵᠤ ᠲᠠᠷᠢᠬᠤ᠂ ᠬᠠᠭᠤᠷᠠᠢ ᠦᠷ᠎ᠡ ᠶᠢ ᠨᠦᠢᠲᠠᠨ ᠢᠶᠠᠷ ᠲᠠᠷᠢᠬᠤ᠂ ᠬᠦᠢᠬᠡᠨ ᠪᠤᠯᠠᠵᠤ ᠳᠤᠰᠤᠯᠭᠠᠨ ᠤᠰᠤᠯᠠᠬᠤ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ ᠮᠡᠷᠭᠡᠵᠢᠯ ᠤᠨ ᠵᠢᠯᠤᠭᠤᠳᠤᠯᠭ᠎ᠠ ᠶᠢ ᠥᠷᠨᠢᠭᠦᠯᠪᠡ᠃ ᠪᠥᠬᠦ ᠣᠷᠣᠨ ᠳᠤ ᠴᠢᠬᠢᠭ ᠢ ᠵᠠᠪᠳᠤᠨ 115 ᠲᠦᠮᠡᠨ ᠮᠥ ᠲᠠᠷᠢᠬᠤ᠂ ᠭᠠᠩ ᠬᠠᠭᠰᠠᠷᠠᠭᠠᠨ ᠲᠠᠢ ᠲᠡᠮᠡᠴᠡᠵᠦ 269.4 ᠲᠦᠮᠡᠨ ᠮᠥ ᠴᠣᠨᠤᠭᠯᠠᠨ ᠤᠰᠤᠯᠠᠵᠤ ᠲᠠᠷᠢᠬᠤ᠂ 1014.1 ᠲᠦᠮᠡᠨ ᠮᠥ ᠪᠦᠷᠬᠦᠭᠦᠯ ᠥᠬᠡᠶ ᠪᠠᠷ ᠭᠦᠢᠬᠡᠨ ᠪᠤᠯᠠᠵᠤ ᠳᠤᠰᠤᠯᠭᠠᠨ ᠤᠰᠤᠯᠠᠬᠤ ᠶᠢ ᠦᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ