内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠳᠥᠷᠪᠡ ᠶᠢ ᠬᠦᠢᠴᠡᠳᠬᠡᠬᠦ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠄ ᠳ᠋ᠡᠶᠢᠲ᠋ᠠ ᠪᠠᠷ ᠠᠵᠢᠯ ᠶᠠᠪᠤᠳᠠᠯ ᠢᠶᠠᠨ ᠬᠦᠢᠴᠡᠳᠭᠡᠵᠦ ᠣᠯᠠᠨ ᠲᠦᠮᠡᠨ ᠳᠤ ᠳᠦᠬᠦᠮ ᠦᠵᠡᠭᠦᠯᠦᠨ᠎ᠡ
        ᠨᠡᠶᠢᠲᠡᠯᠡᠭᠰᠡᠨ ᠴᠠᠭ᠄
        2021/6/21
              6 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠨᠢ ︽ᠳᠦᠷᠪᠡ ᠶᠢ ᠬᠦᠢᠴᠡᠳᠬᠡᠬᠦ︾ ︵ᠨᠢᠭᠡ ᠰᠦᠯᠵᠢᠶ᠎ᠡ ᠪᠠᠷ ᠬᠦᠢᠴᠡᠳᠬᠡᠬᠦ᠂ ᠠᠯᠠᠭᠠᠨ ᠳᠡᠭᠡᠷ᠎ᠡ ᠬᠦᠢᠴᠡᠳᠬᠡᠬᠦ᠂ ᠨᠢᠭᠡ ᠯᠡ ᠤᠳᠠᠭ᠎ᠠ ᠳᠤ ᠬᠦᠢᠴᠡᠳᠬᠡᠬᠦ᠂ ᠲᠠᠨ ᠳᠤ ᠬᠠᠪᠰᠤᠷᠤᠨ ᠬᠦᠢᠴᠡᠳᠬᠡᠬᠦ︶ ᠪᠠᠷ ᠭᠠᠷᠳᠠᠴᠠ ᠪᠣᠯᠭᠠᠵᠤ᠂ ︽ᠦᠢᠯᠡᠴᠢᠯᠡᠭᠡ ᠨᠢ ᠬᠠᠯᠠᠭᠤᠨ ᠲᠤᠳᠤᠨᠤᠰᠤᠭ᠂ ᠠᠵᠢᠯ ᠶᠠᠪᠤᠳᠠᠯ ᠬᠦᠢᠴᠡᠳᠬᠡᠬᠦ ᠨᠢ ᠲᠦᠷᠭᠡᠨ︾ ᠪᠠᠶᠢᠭ᠎ᠠ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠪᠥᠬᠦ ᠬᠦᠴᠦᠨ ᠢᠶᠠᠷ ᠴᠤᠭᠴᠠᠯᠠᠵᠤ᠂ ᠪᠥᠬᠦ ᠣᠷᠣᠨ ᠤ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠢ ᠪᠠᠶᠢᠭᠤᠯᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠣᠯᠠᠨ ᠵᠦᠢᠯᠡᠰ ᠢ ᠰᠦᠯᠵᠢᠶᠡᠨ ᠳᠡᠭᠡᠷ᠎ᠡ ᠬᠠᠶᠢᠨ ᠯᠠᠪᠯᠠᠬᠤ ᠪᠠ ᠬᠦᠢᠴᠡᠳᠭᠡᠵᠦ ᠪᠣᠯᠬᠤ ᠪᠣᠯᠭᠠᠵᠤ᠂ ᠳ᠋ᠡᠶᠢᠲ᠋ᠠ ᠪᠠᠷ ᠣᠯᠠᠨ ᠲᠦᠮᠡᠨ ᠤ ᠶᠠᠪᠤᠳᠠᠯ ᠤᠴᠢᠷ ᠢ ᠬᠦᠢᠴᠡᠳᠭᠡᠵᠦ ᠪᠤᠢ᠃      ᠤᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ ᠣᠨᠣᠯᠵᠢᠬᠤᠨ ᠤ ᠰᠢᠨ᠎ᠡ  ᠡᠭᠦᠳᠦᠯᠲᠡ ᠪᠠᠷ ᠲᠦᠷᠢᠮ ᠤᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠣᠭᠠᠴᠢᠯᠠᠭᠰᠠᠨ ᠬᠡᠯᠪᠡᠷᠢ ᠶᠢᠨ ᠬᠤᠪᠢᠷᠠᠯᠲᠠ ᠪᠠᠷ ᠭᠡᠳᠡᠷᠭᠦ ᠰᠢᠬᠠᠮᠳᠠᠭᠤᠯᠬᠤ ᠦᠢᠯᠡᠴᠢᠯᠡᠭᠡᠨ ᠤ ᠠᠷᠭ᠎ᠠ ᠬᠡᠯᠪᠡᠷᠢ ᠶᠢ  ᠳᠠᠬᠢᠨ ᠪᠤᠢ ᠪᠤᠯᠭᠠᠵᠦ᠂ ᠰᠦᠯᠵᠢᠶ᠎ᠡ ᠶᠢ ᠨᠡᠪᠲᠡᠷᠡᠭᠦᠯᠬᠦ᠂ ᠬᠡᠷᠡᠭ ᠶᠠᠪᠤᠳᠠᠯ ᠢ ᠨᠢᠭᠡᠳᠦᠭᠦᠯᠬᠦ᠂ ᠲᠠᠪᠴᠠᠩ ᠢ ᠴᠤᠭᠴᠠᠯᠬᠤ᠂ ᠰᠢᠰᠲ᠋ᠧᠮ ᠢ ᠬᠤᠯᠪᠤᠬᠤ ᠠᠵᠢᠯ ᠳᠤ ᠬᠦᠴᠦᠯᠡᠨ᠂ ︽ᠨᠢᠭᠡ ᠰᠦᠯᠵᠢᠶ᠎ᠡ ᠪᠠᠷ ᠪᠦᠭᠦᠳᠡ ᠶᠢ ᠬᠦᠢᠴᠡᠳᠬᠡᠬᠦ︾ ᠥᠭᠡᠷᠡᠴᠢᠯᠡᠯᠲᠡ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠣᠯ ︽ᠨᠢᠭᠡ ᠰᠦᠯᠵᠢᠶ᠎ᠡ ᠪᠠᠷ ᠪᠦᠭᠦᠳᠡ ᠶᠢ ᠬᠦᠢᠴᠡᠳᠬᠡᠬᠦ︾ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠰᠦᠯᠵᠢᠶᠡᠨ ᠤ ᠪᠦᠷᠬᠦᠴᠡ ᠶᠢᠨ ᠨᠣᠷᠮ᠎ᠠ ᠶᠢ ᠨᠢᠭᠡᠨᠲᠡ 100 % ᠪᠠᠷ ᠪᠡᠶᠡᠯᠡᠭᠦᠯᠵᠦ᠂ ᠰᠤᠮᠤ ᠪᠠᠯᠭᠠᠰᠤᠨ ᠤ ᠪᠦᠷᠬᠦᠴᠡ ᠶᠢᠨ ᠨᠣᠷᠮ᠎ᠠ ᠴᠤ 96 % ᠳᠤ ᠬᠥᠷᠪᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠨᠢᠭᠡᠨᠲᠡ ᠪᠠᠶᠢᠭᠤᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ 3800 ᠭᠠᠷᠤᠶ ᠰᠠᠯᠠᠭ᠎ᠠ ᠮᠥᠴᠢᠷ ᠵᠢᠴᠢ 1600 ᠭᠠᠷᠤᠶ ᠰᠤᠮᠤ ᠪᠠᠯᠭᠠᠰᠤ᠂ ᠭᠠᠴᠠᠭ᠎ᠠ ᠲᠣᠰᠬᠤᠨ ᠤ ᠵᠦᠢᠯᠡᠰ ᠢ ᠰᠦᠯᠵᠢᠶᠡᠨ ᠳᠤ ᠤᠷᠤᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ 14 ᠰᠠᠯᠠᠭ᠎ᠠ ᠮᠥᠴᠢᠷ ᠤᠨ 41 ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠰᠢᠰᠲ᠋ᠧᠮ ᠤᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ ᠵᠣᠯᠭᠠᠭᠤᠯᠬᠤ ᠶᠢ ᠠᠬᠢᠭᠤᠯᠵᠤ᠂ ᠣᠳᠣᠬᠠᠨ ᠳᠤ ᠨᠢᠭᠡᠨᠲᠡ 23 ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠵᠤᠯᠭᠠᠯᠳᠤᠯ ᠢ ᠪᠡᠶᠡᠯᠡᠬᠦᠯᠵᠦ᠂ ᠲᠤᠭ᠎ᠠ ᠪᠠᠷᠢᠮᠲᠠ ᠶᠢ ᠨᠡᠪᠲᠡᠷᠡᠭᠦᠯᠬᠦ ᠪᠠ ᠲᠤᠬᠠᠶᠢᠯᠠᠭᠰᠠᠨ ᠠᠵᠢᠯ ᠢ ᠨᠡᠪᠲᠡᠷᠡᠭᠦᠯᠬᠦ ᠶᠢ ᠪᠡᠶᠡᠯᠡᠭᠦᠯᠪᠡ᠃ ᠡᠨᠡ ᠵᠢᠯ ᠤᠨ 3 ᠳ᠋ᠤᠭᠠᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠪᠣᠯᠤᠨ 11 ᠠᠶᠢᠮᠠᠭ ᠬᠤᠲᠠ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠢ ᠪᠥᠬᠦ ᠲᠠᠯ᠎ᠠ ᠪᠠᠷ ᠡᠬᠢᠯᠡᠭᠦᠯᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠭᠦᠳᠡ ᠶᠢ ᠬᠦᠢᠴᠡᠳᠬᠡᠬᠦ︾ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ︽ᠮᠥᠩᠬᠡ ᠰᠤᠪᠠᠭ︾ APP ᠪᠣᠯ ᠪᠥᠬᠦ ᠣᠷᠣᠨ ᠤ ᠨᠢᠭᠡᠳᠦᠯᠲᠡᠶ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠᠶᠢᠵᠤ᠂ 12 ᠠᠶᠢᠮᠠᠭ ᠬᠤᠲᠠ᠂ 103 ᠬᠤᠰᠢᠭᠤ ᠰᠢᠶᠠᠨ ᠬᠤᠲᠠ ᠲᠣᠭᠤᠷᠢᠭ ᠲᠤ ᠰᠢᠯᠵᠢᠮᠡᠯ ᠦᠵᠦᠭᠦᠷ ᠤᠨ ︽ᠦᠢᠯᠡᠴᠢᠯᠡᠭᠡᠨ ᠤ ᠴᠣᠩᠬᠤ︾ ᠶᠢ ᠨᠢᠭᠡᠳᠦᠯᠲᠡᠶ ᠨᠡᠭᠡᠭᠡᠪᠡ᠃ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠲᠦᠷᠭᠡᠳᠬᠡᠨ ᠨᠡᠶᠢᠯᠡᠭᠦᠯᠬᠦ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ᠂ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ ᠵᠡᠷᠭᠡ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠪᠦᠬᠦᠢ ᠬᠡᠷᠡᠭᠯᠡᠯᠲᠡ ᠶᠢ ᠠᠬᠢᠭᠤᠯᠵᠤ᠂ ︽ᠮᠥᠩᠬᠡ ᠰᠤᠪᠠᠭ︾ APP ᠪᠠᠷ ᠠᠰᠠᠭᠤᠨ ᠯᠠᠪᠯᠠᠬᠤ ᠪᠠ ᠬᠦᠢᠴᠡᠳᠬᠡᠬᠦ ᠶᠢ ᠪᠡᠶᠡᠯᠡᠭᠦᠯᠦᠨ᠎ᠡ᠃ ᠣᠳᠣᠬᠠᠨ ᠳᠤ᠂ ᠪᠥᠬᠦ ᠣᠷᠣᠨ ᠳᠤ ᠨᠡᠶᠢᠲᠡ 803 ᠤᠨᠴᠠᠯᠢᠭᠲᠤ ᠬᠡᠷᠡᠭᠯᠡᠯᠲᠡ ᠶᠢ ᠵᠠᠯᠭᠠᠨ ᠣᠷᠣᠭᠤᠯᠵᠤ᠂ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠳᠠᠭᠠᠳᠬᠠᠯ ᠤᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ 200 ᠭᠠᠷᠤᠶ ᠲᠥᠷᠥᠯ ᠤᠨ ᠡᠯᠧᠺᠲᠷᠣᠨ ᠦᠨᠡᠮᠯᠡᠯ ᠢ ᠠᠰᠠᠭᠤᠨ ᠯᠠᠪᠯᠠᠵᠤ ᠭᠤᠶᠤᠴᠢᠯᠠᠨ ᠠᠪᠬᠤ ᠶᠢ ᠳᠡᠮᠵᠢᠵᠦ᠂ ᠦᠨᠡᠨ ᠨᠡᠷ᠎ᠡ ᠪᠠᠷ ᠳᠠᠩᠰᠠᠯᠠᠭᠤᠯᠤᠭᠰᠠᠨ ᠬᠤᠪᠢ ᠬᠥᠮᠦᠨ ᠤ ᠬᠡᠷᠡᠭᠯᠡᠭᠴᠢ 1471 ᠲᠦᠮᠡ ᠳᠤ ᠬᠦᠷᠴᠦ᠂ ᠠᠰᠠᠭᠤᠨ ᠯᠠᠪᠯᠠᠵᠦ ᠦᠢᠯᠡᠴᠢᠯᠡᠭᠡ ᠠᠪᠤᠭᠰᠠᠨ ᠲᠤᠭ᠎ᠠ ᠤᠳᠠᠭ᠎ᠠ ᠨᠡᠶᠢᠲᠡ 8700 ᠲᠦᠮᠡ ᠶᠢ ᠳᠠᠪᠠᠵᠤ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠠᠰᠠᠭᠤᠨ ᠯᠠᠪᠯᠠᠬᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ ᠴᠢᠳᠠᠮᠵᠢ ᠶᠢ ᠨᠢᠭᠡᠨᠲᠡ ᠪᠡᠶᠡᠯᠡᠭᠦᠯᠪᠡ᠃
        ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ