内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦ᠋ ᠰᠢᠶᠤᠤ ᠯᠢᠨ ᠠᠬᠠᠮᠠᠳ ᠨᠠᠮ ᠤᠨ ᠭᠡᠰᠢᠭᠦᠨ ᠶᠦᠨ ᠵᠤᠤ ᠭᠤᠸᠠᠩ ᠪᠣᠯᠤᠨ ᠰᠢᠩ ᠴᠢ ᠶᠢ ᠪᠤᠯᠭᠤᠭᠠᠨ ᠦᠵᠡᠵᠦ ᠲᠣᠬᠤᠨᠢᠭᠤᠯᠪᠠ
        ᠨᠡᠶᠢᠲᠡᠯᠡᠭᠰᠡᠨ ᠴᠠᠭ᠄
        2021/6/22
              ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠬᠤ ᠲᠠᠰᠢᠷᠠᠮ ᠢᠶᠠᠷ᠂ 6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠥᠬᠡᠬᠤᠲᠠ ᠳᠤ ᠮᠤᠵᠢ ᠶᠢᠨ ᠲᠡᠰ  ᠤᠨ ᠠᠵᠢᠯ ᠠᠴᠠ ᠪᠠᠨ ᠳᠠᠷᠬᠠᠯᠠᠭᠳᠠᠭᠰᠠᠨ ᠨᠠᠮ ᠤᠨ ᠭᠡᠰᠢᠭᠦᠨ ᠺᠠᠳ᠋ᠷ ᠶᠦᠨ ᠵᠤᠤ ᠭᠤᠸᠠᠩ ᠪᠣᠯᠤᠨ ᠨᠠᠮ ᠤᠨ ᠳᠣᠲᠣᠭᠠᠳᠤ ᠶᠢᠨ ᠭᠠᠪᠢᠶ᠎ᠠ ᠵᠢᠳᠬᠦᠯ ᠤᠨ ᠢᠷᠠᠭᠤ ᠠᠯᠳᠠᠷ ᠢ ᠬᠦᠷᠳᠡᠭᠰᠡᠨ ᠨᠠᠮ ᠤᠨ ᠭᠡᠰᠢᠭᠦᠨ ᠰᠢᠩ ᠴᠢ ᠶᠢ ᠪᠣᠯᠭᠤᠭᠠᠨ ᠦᠵᠡᠵᠥ ᠲᠣᠬᠤᠨᠢᠭᠤᠯᠵᠤ᠂ ᠲᠡᠳᠡᠨ ᠳᠤ ᠳᠣᠲᠣᠨᠣ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃
        布小林看望慰问老党员云照光和邢旗.jpg 
             ᠡᠨᠡ ᠵᠢᠯ 92 ᠨᠠᠰᠤᠲᠠᠶ ᠶᠦᠨ ᠵᠣᠣ ᠭᠤᠸᠠᠩ ᠨᠠᠰᠤᠲᠠᠨ ᠪᠣᠯ ᠨᠠᠮ ᠳᠤ ᠣᠷᠣᠭᠠᠳ 76 ᠵᠢᠯ ᠪᠣᠯᠵᠣ ᠪᠠᠶᠢᠭ᠎ᠠ ᠠᠬᠠᠮᠠᠳ ᠨᠠᠮ ᠤᠨ ᠭᠡᠰᠢᠭᠦᠨ ᠮᠥᠨ᠃ ᠪᠦ᠋ ᠰᠢᠶᠤᠤ ᠯᠢᠨ ᠶᠦᠨ ᠵᠣᠣ ᠭᠤᠸᠠᠩ ᠨᠠᠰᠤᠲᠠᠨ ᠤ ᠬᠡᠷ ᠲᠤ ᠬᠦᠷᠴᠦ᠂ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠨᠠᠰᠤᠲᠠᠨ ᠳᠤ ︽ᠨᠠᠮ ᠳᠤ ᠤᠷᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠭᠠᠷᠳᠠᠭᠤᠯᠬᠤ ᠶᠢᠨ ᠬᠠᠮᠳᠤ ᠵᠡᠬᠦᠯᠬᠡᠵᠥ ᠦᠭᠴᠤ᠂ ᠨᠠᠰᠤᠲᠠᠨ ᠲᠠᠢ ᠳᠣᠲᠣᠨᠣ ᠪᠠᠷ ᠶᠠᠷᠢᠯᠴᠠᠪᠠ᠃ ᠶᠦᠨ ᠵᠤᠤ ᠭᠤᠸᠠᠩ ᠨᠠᠰᠤᠲᠠᠨ ᠰᠡᠳᠬᠢᠯ ᠳᠣᠭᠳᠣᠯᠤᠨ ᠨᠠᠮ ᠤᠨ ᠲᠥᠪ ᠬᠤᠷᠢᠶ᠎ᠠ᠂ ᠶᠡᠷᠦᠩᠬᠡᠢ ᠱᠦᠵᠢ ᠰᠢ ᠶᠢᠨ ᠫᠢᠩ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠥᠪᠡᠷ ᠤᠨ ᠰᠢᠨ᠎ᠡ ᠪᠠᠷ ᠬᠡᠪᠯᠡᠭᠦᠯᠦᠭᠰᠡᠨ ᠨᠣᠮ ᠢᠶᠠᠨ ᠭᠠᠷᠭᠠᠵᠤ᠂ ᠥᠩᠭᠡᠷᠡᠭᠰᠡᠨ ᠤ ᠭᠠᠶᠢᠬᠠᠮᠰᠢᠭᠲᠤ ᠣᠨ ᠰᠠᠷ᠎ᠠ ᠪᠣᠯᠤᠨ ᠬᠤᠪᠢᠰᠬᠠᠯ ᠤᠨ ᠥᠩᠭᠡᠷᠡᠯᠲᠡ ᠪᠠᠨ ᠭᠦᠨ ᠰᠡᠳᠬᠢᠯᠭᠡ ᠲᠠᠢ ᠪᠠᠷ ᠡᠷᠭᠢᠴᠡᠭᠦᠯᠪᠡ᠃ ᠪᠦ᠋ ᠰᠢᠶᠤᠤ ᠯᠢᠨ ᠨᠠᠰᠤᠲᠠᠨ ᠤ ᠶᠠᠷᠢᠬᠤ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠲᠡᠭᠦᠨ ᠲᠠᠢ ᠰᠠᠨᠠᠯ ᠢᠶᠠᠨ ᠰᠣᠯᠢᠯᠴᠠᠵᠤ ᠪᠠᠶᠢᠯ᠎ᠠ᠃ ᠪᠦ᠋ ᠰᠢᠶᠤᠤ ᠯᠢᠨ᠂ ︽ᠨᠠᠮ ᠳᠤ ᠤᠷᠤᠬᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠢ ᠲᠠᠷᠬᠠᠭᠠᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠬᠠᠮᠠᠳ ᠨᠠᠮ ᠤᠨ ᠭᠡᠰᠢᠭᠦᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠪᠠ ᠬᠦᠨᠳᠦᠳᠬᠡᠨ ᠬᠠᠶᠢᠷᠠᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠲᠠ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠶᠢ ᠥᠩᠭᠡᠷᠡᠭᠦᠯᠵᠡᠢ᠂ ᠲᠠ ᠪᠣᠯ ᠮᠠᠨ ᠤ ᠨᠠᠮ ᠤᠨ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ ᠶᠢᠨ ᠣᠷᠣᠯᠴᠠᠭᠴᠢ᠂ ᠲᠡᠮᠡᠴᠡᠭᠴᠢ᠂ ᠭᠡᠷᠡᠴᠢᠯᠡᠭᠴᠢ ᠮᠥᠨ᠂ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠬᠡ ᠮᠥᠨ᠃ ᠲᠠ ᠪᠡᠶ᠎ᠡ ᠪᠠᠨ ᠰᠠᠶᠢᠳᠤᠷ ᠪᠤᠯᠭᠤᠮᠵᠢᠯᠠᠨ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠩᠭᠡᠷᠡᠭᠰᠡᠨ ᠤ ᠬᠢ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠪᠢᠳᠡᠨ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ ᠬᠡᠪᠡ᠃ ᠪᠦ᠋ ᠰᠢᠶᠤᠤ ᠯᠢᠨ᠂ ᠪᠢᠳᠡ ᠠᠬᠠᠮᠠᠳ ᠨᠠᠮ ᠤᠨ ᠭᠡᠰᠢᠭᠦᠨ ᠠᠬᠠᠮᠠᠳ ᠺᠠᠳ᠋ᠷᠴᠤᠳ ᠤᠨ ᠲᠤᠬᠠᠢ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ  ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠲᠡᠳᠡᠨ ᠤ ᠠᠮᠢᠳᠤᠷᠠᠯ ᠢ ᠰᠠᠶᠢᠲᠤᠷ ᠬᠠᠯᠠᠮᠵᠢᠯᠠᠨ ᠬᠠᠷᠠᠭᠠᠯᠵᠠᠵᠤ᠂ ᠲᠡᠳᠡᠨ ᠤ ᠦᠳᠡᠯᠦᠬᠡ ᠨᠠᠰᠤᠨ ᠤ ᠬᠤᠪᠢ ᠨᠠᠮᠠᠷᠢ ᠪᠠᠨ ᠦᠵᠡᠬᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠬᠤ ᠬᠡᠷᠡᠭᠲᠡᠢ᠃ ᠪᠢᠳᠡ ᠠᠬᠠᠮᠠᠳ ᠨᠠᠮ ᠤᠨ ᠭᠡᠰᠢᠭᠦᠨ ᠠᠬᠠᠮᠠᠳ ᠺᠠᠳ᠋ᠷᠴᠤᠳ ᠤᠨ ᠰᠢᠷᠭᠠᠭᠤ ᠴᠢᠷᠮᠠᠶᠢᠯᠭ᠎ᠠ ᠪᠣᠯᠤᠨ ᠲᠡᠦᠬᠡᠨ ᠭᠠᠪᠢᠶ᠎ᠠ ᠵᠢᠳᠬᠦᠯ ᠢ ᠡᠭᠦᠷᠢᠳᠡ ᠪᠠᠲᠤ ᠴᠡᠭᠡᠵᠢᠯᠡᠵᠦ᠂ ᠲᠡᠳᠡᠨ ᠤ ᠰᠢᠯᠢᠳᠡᠭ ᠰᠤᠷᠲᠠᠯ ᠪᠣᠯᠤᠨ ᠬᠤᠪᠢᠰᠬᠠᠯᠲᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃
        布小林2.jpg
              ᠰᠢᠩ ᠴᠢ ᠲᠠᠯ᠎ᠠ ᠨᠤᠲᠤᠭ ᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠲᠦᠷᠦᠯ ᠵᠦᠢᠯ ᠢ ᠳᠡᠯᠬᠡᠷᠡᠬᠦᠯᠬᠦ ᠠᠵᠢᠯ ᠳᠤ 40 ᠭᠠᠷᠤᠢ ᠵᠢᠯ ᠵᠢᠳᠬᠦᠵᠥ᠂ ᠰᠢᠯᠢᠳᠡᠭ ᠪᠡᠯᠴᠢᠭᠡᠷ ᠡᠪᠡᠰᠦ ᠶᠢ ᠣᠷᠣᠭᠤᠯᠤᠨ ᠲᠠᠷᠢᠵᠤ ᠪᠤᠶᠢᠵᠢᠭᠤᠯᠬᠤ᠂ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠬᠤ᠂ ᠨᠤᠲᠤᠭ ᠪᠡᠯᠴᠢᠭᠡᠷ ᠤᠨ ᠢᠨᠵᠧᠨᠧᠷᠢᠩ ᠤᠨ ᠲᠥᠯᠥᠪᠵᠢᠭᠦᠯᠭᠡ ᠲᠥᠯᠥᠪᠯᠡᠭᠡ ᠵᠡᠷᠭᠡ ᠲᠠᠯ᠎ᠠ ᠪᠠᠷ ᠤᠯᠠᠨ ᠵᠦᠢᠯ ᠤᠨ ᠰᠢᠨ᠎ᠡ ᠶᠢ ᠡᠭᠦᠳᠦᠭᠰᠡᠨ ᠮᠡᠷᠭᠡᠵᠢᠯ ᠤᠨ ᠦᠷ᠎ᠡ ᠪᠦᠲᠦᠭᠡᠯ ᠣᠯᠵᠤ᠂ ᠪᠦᠬᠦ ᠤᠯᠤᠰ ᠤᠨ ᠲᠡᠷᠢᠭᠦᠨ ᠤ ᠠᠵᠢᠯᠳᠠᠨ᠂ ᠪᠦᠬᠦ ᠤᠯᠤᠰ ᠤᠨ ︽3 · 8︾ ᠤ ᠤᠯᠠᠭᠠᠨ ᠲᠤᠭᠴᠢ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 60 ᠵᠢᠯ ᠤᠨ ᠤᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠵᠢᠱᠢᠶᠡᠴᠢ ᠵᠡᠷᠭᠡ ᠢᠷᠠᠭᠤ ᠠᠯᠳᠠᠷ ᠢ ᠬᠦᠷᠲᠡᠪᠡ᠃ ᠪᠦ᠋ ᠰᠢᠶᠤᠤ ᠯᠢᠨ ᠰᠢᠩ ᠴᠢ ᠶᠢᠨ ᠬᠡᠷ ᠲᠤ ᠬᠦᠷᠴᠦ ᠪᠣᠯᠭᠤᠭᠠᠨ ᠦᠵᠡᠵᠥ ᠲᠣᠬᠤᠨᠢᠭᠤᠯᠤᠨ᠂ ᠲᠡᠭᠦᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ᠂ ᠮᠠᠯ ᠠᠵᠤ ᠠᠬᠤᠶ ᠶᠢᠨ ᠬᠥᠭᠵᠢᠯᠲᠡ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠡᠭᠦᠨ ᠤ ᠡᠷᠳᠡᠮ ᠰᠢᠨᠵᠢᠯᠡᠭᠡᠨ ᠤ ᠰᠤᠳᠤᠯᠭᠠᠨ᠂ ᠡᠳᠦᠷ ᠲᠤᠲᠤᠮ ᠤᠨ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ᠂ ᠡᠪᠡᠰᠦᠨ ᠤ ᠦᠢᠯᠡᠰ  ᠤᠨ ᠬᠥᠭᠵᠢᠯᠲᠡ ᠵᠡᠷᠭᠡ ᠶᠢᠨ ᠲᠤᠬᠠᠶ ᠲᠡᠬᠦᠨ ᠤ ᠦᠵᠡᠯᠲᠡ ᠪᠠ ᠰᠠᠨᠠᠯ ᠢ ᠨᠢ ᠰᠣᠨᠣᠰᠴᠤ᠂ ᠰᠤᠳᠤᠯᠭᠠᠨ ᠤ ᠲᠠᠯ᠎ᠠ ᠪᠠᠷ ᠨᠠᠩ ᠣᠯᠠᠨ ᠠᠮᠵᠢᠯᠳᠠ ᠪᠦᠲᠦᠭᠡᠯ ᠣᠯᠬᠤ ᠶᠢ ᠵᠦᠩᠨᠡᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠳᠤ ᠥᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠵᠢᠯᠯᠠᠭ᠎ᠠ ᠳᠤ ᠣᠷᠣᠯᠴᠠᠵᠠᠶ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ