内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠱᠢ ᠲᠠᠢ ᠹᠧᠩ ᠠᠬᠠᠮᠠᠳ ᠨᠠᠮ ᠤᠨ ᠭᠡᠰᠢᠭᠦᠨ ᠸᠠᠩ ᠵᠠᠨ ᠪᠣᠯᠤᠨ ᠦ᠋ ᠬᠠᠨ ᠳ᠋ᠢᠩ ᠢ ᠪᠤᠯᠭᠤᠭᠠᠨ ᠦᠵᠡᠵᠦ ᠲᠣᠬᠤᠨᠢᠭᠤᠯᠪᠠ
        ᠨᠡᠶᠢᠲᠡᠯᠡᠭᠰᠡᠨ ᠴᠠᠭ᠄
        2021/6/22
              ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠬᠦᠷᠴᠤ ᠢᠷᠡᠬᠦ ᠲᠠᠰᠢᠷᠠᠮ ᠢᠶᠠᠷ᠂ 6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠮᠤᠵᠢ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ ᠸᠠᠩ ᠵᠠᠨ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠠᠵᠢᠯ ᠤᠨ ᠵᠢᠱᠢᠶᠡᠴᠢ᠂ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠦ᠋ ᠬᠠᠨ ᠳ᠋ᠢᠩ ᠢ ᠪᠤᠯᠭᠤᠭᠠᠨ ᠦᠵᠡᠵᠦ᠂ ᠲᠡᠳᠡᠨ ᠳᠤ ᠳᠣᠲᠣᠨᠣ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃
        石泰峰看望慰问老党员王占和武汉鼎.jpg 
             ᠡᠨᠡ ᠵᠢᠯ 80 ᠨᠠᠰᠤᠲᠠᠶ ᠸᠠᠩ ᠵᠠᠨ ᠪᠣᠯ ᠨᠠᠮ ᠳᠤ ᠣᠷᠣᠭᠠᠳ 56 ᠵᠢᠯ ᠪᠣᠯᠵᠤ ᠪᠠᠶᠢᠭ᠎ᠠ ᠠᠬᠠᠮᠠᠳ ᠨᠠᠮ ᠤᠨ ᠭᠡᠰᠢᠭᠦᠨ ᠪᠣᠯᠤᠨ᠎ᠠ᠃ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠱᠢ ᠲᠠᠢ ᠹᠧᠩ ᠸᠠᠩ ᠵᠠᠨ ᠤ ᠬᠡᠷ ᠲᠤ ᠬᠦᠷᠴᠤ᠂ ᠨᠠᠰᠤᠲᠠᠨ ᠤ ᠴᠤᠭ ᠵᠢᠪᠬᠤᠭ᠎ᠠ ᠪᠠᠳᠠᠷᠠᠩᠭᠤᠶ᠂ ᠯᠠᠬᠱᠠᠨ ᠲᠡᠩᠬᠡᠯᠡᠭᠦᠨ ᠪᠠᠶᠢᠬᠤ ᠶᠢ ᠬᠠᠷᠠᠭᠠᠳ ᠮᠠᠰᠢ ᠪᠠᠶᠠᠷᠯᠠᠪᠠ᠃ ᠭᠡᠷ ᠲᠤᠨᠢ ᠣᠷᠣᠮᠠᠭᠴᠠ᠂ ᠱᠢ ᠲᠠᠢ ᠹᠧᠩ ᠸᠠᠩ ᠵᠠᠨ ᠳᠤ ︽ᠨᠠᠮ ᠳᠤ ᠤᠷᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠢ ᠭᠠᠷᠳᠠᠭᠤᠯᠪᠠ᠃ ᠱᠢ ᠲᠠᠢ ᠹᠧᠩ᠂ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢ᠂ ᠦᠶ᠎ᠡ ᠦᠶ᠎ᠡ ᠶᠢᠨ ᠡᠪ ᠬᠠᠮᠲᠤᠴᠤᠳ᠂ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠡᠷᠡᠯᠬᠡᠭ ᠢᠶᠠᠷ ᠲᠡᠮᠡᠴᠡᠵᠦ᠂ ᠴᠥᠬᠦᠷᠡᠰᠢ ᠥᠬᠡᠶ ᠵᠢᠳᠭᠦᠵᠤ᠂ ᠤᠳᠠᠭ᠎ᠠ ᠲᠠᠷᠠᠭᠠᠯᠠᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠤᠯᠤᠬᠰᠠᠨ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠲᠠ ᠠᠳᠠᠯᠢ ᠪᠤᠰᠤ ᠠᠵᠢᠯ ᠤᠨ ᠪᠠᠶᠢᠷᠢ ᠳᠡᠭᠡᠷ᠎ᠡ ᠰᠢᠷᠭᠠᠭᠤ ᠬᠢᠴᠢᠶᠡᠩᠭᠦᠢ ᠪᠠᠷ ᠨᠠᠮ ᠤᠨ ᠲᠥᠯᠥᠭᠡ ᠠᠵᠢᠯᠯᠠᠭᠰᠠᠨ ᠨᠢ ᠪᠢᠳᠡᠨ ᠤ ᠰᠤᠷᠤᠯᠴᠠᠬᠤ ᠦᠯᠢᠭᠡᠷ ᠳᠠᠭᠤᠷᠢᠶᠠᠯ ᠮᠥᠨ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠡᠨᠡ ᠬᠦ ᠣᠨᠴᠠᠭᠠᠢ ᠲᠡᠦᠬᠡᠨ ᠴᠠᠭ ᠮᠥᠴᠡ ᠳᠤ᠂ ᠨᠠᠮ ᠤᠨ ᠲᠥᠪ ᠬᠤᠷᠢᠶ᠎ᠠ ︽ᠨᠠᠮ ᠳᠤ ᠤᠷᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠢ ᠠᠩᠬ᠎ᠠ ᠤᠳᠠᠭ᠎ᠠ ᠲᠠᠷᠬᠠᠭᠠᠵᠤ ᠪᠠᠶᠢᠨ᠎ᠠ᠂ ᠡᠨᠡ ᠪᠤᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠬᠠᠮᠠᠳ ᠨᠠᠮ ᠤᠨ ᠭᠡᠰᠢᠭᠦᠨ ᠢ ᠳᠣᠲᠣᠨᠣ ᠪᠠᠷ ᠬᠠᠯᠠᠮᠵᠢᠯᠠᠵᠤ ᠪᠠᠶᠢᠭ᠎ᠠ ᠪᠠ ᠬᠦᠨᠳᠦᠳᠬᠡᠨ ᠬᠠᠶᠢᠷᠠᠯᠠᠵᠤ ᠪᠠᠶᠢᠭ᠎ᠠ ᠶᠠᠪᠤᠳᠠᠯ ᠪᠣᠯᠤᠨ᠎ᠠ᠂ ᠥᠨᠥᠳᠦᠷ ᠪᠢ ᠲᠤᠰᠬᠠᠶᠢᠯᠠᠨ ᠲᠠᠨ ᠳᠤ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢ ᠶᠢ ᠬᠦᠷᠭᠡᠵᠤ ᠪᠠᠶᠢᠬᠤ ᠶᠢᠨ ᠵᠡᠷᠬᠡ ᠪᠠᠷ ᠪᠢᠳᠡᠨ ᠤ ᠲᠠᠨ ᠢ ᠬᠦᠨᠳᠦᠳᠬᠡᠨ ᠪᠢᠰᠢᠷᠡᠵᠦ ᠪᠠᠶᠢᠬᠤ ᠰᠡᠳᠬᠢᠯᠭᠡ ᠪᠠᠨ ᠢᠯᠡᠳᠬᠡᠵᠦ ᠪᠠᠶᠢᠨ᠎ᠠ ᠭᠡᠵᠤ ᠬᠦᠨ ᠰᠡᠤᠨᠬᠢᠯᠬᠡ ᠲᠠᠢ ᠬᠡᠯᠡᠪᠠ᠃ ᠸᠠᠩ ᠵᠠᠨ ᠱᠢ ᠲᠠᠢ ᠹᠧᠩ ᠤᠨ ᠲᠤᠰᠬᠠᠶᠢᠯᠠᠨ ᠪᠤᠯᠭᠤᠭᠠᠨ ᠦᠵᠡᠵᠦ ᠲᠣᠬᠤᠨᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠂ ᠲᠡᠷᠡ᠂ ᠨᠠᠮ ᠤᠨ ᠲᠥᠪ ᠬᠤᠷᠢᠶ᠎ᠠ ᠠᠴᠠ ᠨᠠᠮ ᠳᠤ ᠡᠯᠰᠡᠭᠳᠡᠬᠡᠤᠨ 50 ᠵᠢᠯ ᠪᠤᠯᠵᠤ ᠪᠠᠶᠢᠭ᠎ᠠ ᠠᠬᠠᠮᠠᠳ ᠨᠠᠮ ᠤᠨ ᠭᠡᠰᠢᠭᠦᠨ ᠳᠤ ᠳᠤᠷᠠᠰᠬᠠᠯ ᠤᠨ ᠲᠡᠮᠳᠡᠭ ᠣᠯᠭᠤᠬᠤ ᠪᠠᠷ ᠲᠣᠭᠲᠠᠭᠰᠠᠨ ᠨᠢ ᠤᠨᠴᠠᠭᠠᠢ ᠤᠳᠬ᠎ᠠ ᠠᠭᠤᠯᠭ᠎ᠠ ᠲᠠᠢ᠂ ᠠᠯᠤᠰ ᠬᠡᠳᠤ ᠶᠢᠨ ᠨᠥᠯᠥᠭᠡ ᠲᠠᠢ ᠶᠤᠮ᠃ ᠡᠨᠡ ᠬᠦ ᠳᠤᠷᠠᠰᠬᠠᠯ ᠤᠨ ᠲᠡᠮᠳᠡᠭ ᠲᠤ᠂ ᠨᠠᠮ ᠤᠨ ᠲᠥᠪ ᠬᠤᠷᠢᠶ᠎ᠠ ᠠᠴᠠ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠵᠤ ᠪᠠᠶᠢᠬᠤ ᠪᠠ ᠮᠠᠭᠲᠠᠨ ᠰᠠᠶᠢᠰᠢᠶᠠᠵᠤ ᠪᠠᠶᠢᠬᠤ ᠠᠭᠤᠯᠭ᠎ᠠ ᠠᠭᠤᠯᠤᠭᠲᠠᠵᠦ ᠪᠠᠶᠢᠬᠤ ᠪᠠᠷ ᠪᠠᠷᠠᠬᠤ ᠦᠭᠡᠢ᠂ ᠪᠠᠰᠠ ᠨᠠᠮ ᠤᠨ ᠲᠥᠪ ᠬᠤᠷᠢᠶ᠎ᠠ ᠠᠴᠠ ᠠᠬᠠᠮᠠᠳ ᠨᠥᠬᠦᠳ ᠲᠤ ᠲᠠᠯᠪᠢᠭᠰᠠᠨ ᠬᠦᠰᠡᠯ ᠨᠠᠶᠢᠳᠠᠯᠭ᠎ᠠ ᠪᠠ ᠱᠠᠭᠠᠷᠳᠠᠯᠭ᠎ᠠ ᠠᠭᠤᠯᠤᠭᠲᠠᠵᠦ ᠪᠤᠢ᠂ ᠪᠢ ᠬᠤᠪᠢ ᠲᠠᠬᠢᠨ ᠨᠠᠨᠳᠢᠩᠨᠠᠨ᠎ᠠ᠃ ᠨᠠᠳᠠ ᠳᠤ ᠠᠪᠴᠤ ᠬᠡᠯᠡᠪᠡᠯ᠂ ᠡᠨᠡ ᠪᠣᠯ ᠠᠷᠢᠭᠤᠨ ᠲᠠᠷᠬᠠᠨ᠂ ᠮᠠᠷᠲᠠᠭᠳᠠᠰᠢ ᠦᠭᠡᠢ᠂ ᠪᠠᠲᠤ ᠴᠡᠭᠡᠵᠢᠯᠡᠭᠦᠰᠢᠲᠡᠢ ᠴᠠᠭ ᠮᠥᠴᠡ ᠪᠣᠯᠤᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠠᠬᠠᠮᠠᠳ ᠨᠠᠮ ᠤᠨ ᠭᠡᠰᠢᠭᠦᠨ ᠢ ᠬᠠᠶᠢᠷᠠᠯᠠᠨ ᠬᠠᠯᠠᠮᠵᠢᠯᠠᠵᠤ ᠪᠠᠶᠢᠬᠤ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠭᠡᠵᠠᠢ᠃ ︽ᠵᠠᠭᠤᠨ ᠵᠢᠯ ᠤᠨ ᠡᠷᠢᠯ ᠬᠥᠭᠡᠭᠡᠴᠡᠯᠳᠦᠯ ᠠᠤᠭ᠎ᠠ ᠦᠢᠯᠡᠰ ᠢ ᠪᠦᠲᠦᠭᠡᠵᠦ᠂ ᠬᠤᠪᠢᠷᠠᠰᠢ ᠦᠬᠡᠢ ᠤᠭ ᠰᠠᠨᠠᠭ᠎ᠠ ᠪᠡᠳᠠᠷᠠᠯᠳᠤ ᠡᠷᠢᠨ ᠤ ᠢᠷᠠᠭᠤ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ︾ ᠭᠡᠵᠤ ᠸᠠᠩ ᠵᠠᠨ ᠳᠣᠭᠳᠣᠯᠤᠭᠰᠠᠨ ᠰᠡᠳᠬᠢᠯᠭᠡ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠵᠥᠩᠨᠡᠯ ᠪᠡᠯᠭᠡᠲᠡᠯ ᠢᠶᠠᠨ ᠳᠡᠪᠰᠢᠭᠦᠯᠪᠡ᠃
        2.jpg 
             ᠦ᠋ ᠬᠠᠠ ᠳ᠋ᠢᠩ ᠪᠣᠯ ᠴᠢᠩ ᠱᠦᠶ ᠾᠧ ᠰᠢᠶᠠᠨ ᠤ ᠨᠢᠭᠡᠨ ᠳᠡᠭᠡᠳᠦ ᠵᠡᠷᠭᠡ ᠶᠢᠨ ᠮᠠᠯ ᠤᠨ ᠡᠮᠴᠢ᠃ 60 ᠭᠠᠷᠤᠢ ᠵᠢᠯ ᠤᠨ ᠲᠤᠷᠰᠢ᠂ ᠲᠡᠷᠡ ᠬᠥᠳᠡᠭᠡ ᠲᠣᠰᠬᠤᠨ ᠳᠤ ᠦᠨᠳᠦᠰᠦᠯᠡᠵᠦ᠂ ᠶᠠᠳᠠᠭᠤ ᠶᠢ ᠲᠡᠳᠬᠦᠬᠦ ᠡᠮᠦᠨ᠎ᠡ ᠹᠷᠣᠨᠲ ᠲᠤ ᠵᠢᠳᠬᠦᠵᠤ᠂ ᠥᠪᠡᠷ ᠤᠨ ᠰᠤᠷᠤᠭᠰᠠᠨ ᠮᠠᠯ ᠤᠨ ᠡᠮᠴᠢ ᠶᠢᠨ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠳ᠋ᠦᠩᠨᠡᠵᠤ ᠭᠠᠷᠭᠠᠬᠰᠠᠨ ᠶᠠᠳᠠᠭᠤ ᠶᠢ ᠲᠡᠳᠬᠦᠬᠦ ᠠᠵᠢᠯ ᠤᠨ ᠠᠷᠭ᠎ᠠ ᠪᠠᠷ ᠮᠠᠰᠢ ᠤᠯᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠬᠦᠴᠢᠷᠳᠡᠯ ᠠᠴᠠ ᠮᠤᠯᠳᠤᠷᠠᠭᠤᠯᠤᠨ᠂ ᠶᠠᠳᠠᠭᠤ ᠠᠴᠠ ᠠᠩᠭᠢᠵᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠵᠠᠢ᠃ ᠱᠢ ᠲᠠᠢ ᠹᠧᠩ ᠦ᠋ ᠬᠠᠠ ᠳ᠋ᠢᠩ ᠤᠨ ᠬᠡᠷ ᠲᠤ ᠬᠦᠷᠴᠦ᠂ ᠡᠨᠡ ᠬᠦ 89 ᠨᠠᠰᠤᠲᠠᠶ ᠠᠬᠠᠮᠠᠳ ᠨᠠᠮ ᠤᠨ ᠭᠡᠰᠢᠭᠦᠨ ᠤ ᠶᠠᠳᠠᠭᠤ ᠶᠢ ᠲᠡᠳᠬᠦᠭᠰᠡᠨ ᠥᠯᠢᠭᠡᠷ ᠢ ᠨᠠᠷᠢᠨ ᠬᠢᠨᠠᠮᠠᠭᠠᠶ ᠰᠣᠨᠣᠰᠪᠠ᠃ ᠱᠢ ᠲᠠᠢ ᠹᠧᠩ᠂ ᠲᠠ ᠬᠡᠳᠦᠨ ᠠᠷᠪᠠᠨ ᠵᠢᠯ ᠦᠨᠳᠦᠰᠦᠨ ᠱᠠᠲᠤᠨ ᠳᠤ ᠦᠨᠳᠦᠰᠦᠯᠡᠵᠦ᠂ ᠶᠠᠳᠠᠭᠤ ᠠᠴᠠ ᠠᠩᠭᠢᠵᠢᠷᠠᠭᠤᠯᠬᠤ ᠡᠮᠦᠨ᠎ᠡ ᠹᠷᠣᠨᠲ ᠲᠤ ᠡᠷᠡᠮᠡᠬᠡᠶᠢᠯᠡᠨ ᠲᠡᠮᠡᠴᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠪ ᠬᠠᠮᠲᠤᠴᠤᠳ ᠤᠨ ᠠᠷᠠᠳ ᠤᠨ ᠲᠥᠯᠥᠭᠡ ᠬᠡᠬᠦ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠪᠡ᠂ ᠪᠢᠳᠡᠨ ᠤ ᠰᠤᠷᠤᠯᠴᠠᠬᠤ ᠦᠯᠢᠭᠡᠷ ᠳᠠᠭᠤᠷᠢᠶᠠᠯ ᠮᠥᠨ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠲᠠᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠲᠠᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ ᠬᠡᠵᠤ ᠲᠠᠯᠠᠷᠬᠠᠨ ᠪᠢᠰᠢᠷᠡᠵᠤ ᠭᠡᠯᠡᠪᠡ᠃ ᠱᠢ ᠲᠠᠢ ᠹᠧᠩ ᠨᠠᠰᠤᠲᠠᠨ ᠤ ᠪᠡᠶ᠎ᠡ ᠶᠢᠨ ᠡᠷᠡᠬᠦᠯ ᠮᠠᠨᠳᠤ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠭᠡᠷ ᠤᠨ ᠬᠥᠮᠦᠰ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠨᠠᠰᠤᠲᠠᠨ ᠤ ᠠᠮᠢᠳᠤᠷᠠᠯ ᠢ ᠰᠠᠶᠢᠲᠤᠷ ᠬᠠᠷᠠᠭᠠᠯᠵᠠᠬᠤ ᠶᠢ ᠵᠠᠬᠢᠵᠤ᠂ ᠨᠠᠰᠤᠲᠠᠨ ᠤ ᠤᠷᠳᠤ ᠨᠠᠰᠤᠯᠠᠵᠤ ᠤᠳᠠᠭᠠᠨ ᠵᠢᠷᠭᠠᠬᠤ ᠶᠢ ᠵᠥᠩᠨᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ  ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ