内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠡᠭᠦᠷᠢᠳᠡ ᠨᠠᠮ ᠢᠶᠠᠨ ᠳᠠᠭᠠᠨ᠎ᠠ︾ ᠲᠤᠮᠤ ᠬᠡᠯᠪᠡᠷᠢ ᠶᠢᠨ ᠲᠠᠶᠢᠰᠠᠨ ᠤ ᠨᠠᠶᠢᠷᠠᠯ ᠰᠢᠯᠦᠭ ︽ᠳᠠᠯᠠᠨ ᠬᠠᠷ᠎ᠠ︾ ᠲᠥᠪ ᠬᠤᠳᠠ ᠳᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠬᠢᠪᠡ  ᠸᠠᠩ ᠯᠢ ᠰᠢᠶᠠ  ᠪᠠᠢ ᠢᠦᠢ ᠭᠠᠩ  ᠵᠧᠩ ᠬᠤᠩ ᠹᠠᠨ  ᠴᠡᠴᠡᠭ ᠲᠣᠭᠯᠠᠯᠲᠠ ᠳᠤ ᠣᠷᠣᠯᠴᠠᠵᠤ ᠲᠣᠭᠯᠠᠯᠲᠠ ᠶᠢ ᠰᠣᠨᠢᠷᠬᠠᠪᠠ
        ᠨᠡᠶᠢᠲᠡᠯᠡᠭᠰᠡᠨ ᠴᠠᠭ᠄
        2021/6/22
              6 ᠳ᠋ᠤᠭᠠᠷ ᠰᠠᠷ᠎ᠠ ᠶᠢᠨ 21 ᠤ ᠡᠳᠦᠷ ᠤᠨ ᠤᠷᠤᠢ ᠶᠢᠨ 8 ᠴᠠᠭ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ︽ᠨᠠᠮ ᠢᠶᠠᠨ ᠡᠭᠦᠷᠢᠳᠡ ᠳᠠᠭᠠᠨ᠎ᠠ︾ ᠲᠤᠮᠤ ᠬᠡᠯᠪᠡᠷᠢ ᠶᠢᠨ ᠲᠠᠶᠢᠰᠠᠨ ᠤ ᠨᠠᠶᠢᠷᠠᠯ ᠰᠢᠯᠦᠭ ︽ᠳᠠᠯᠠᠨ ᠬᠠᠷ᠎ᠠ︾ ᠶᠢᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠶᠠᠪᠤᠭᠳᠠᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ ᠢᠦᠶ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠲᠣᠭᠯᠠᠯᠲᠠ ᠶᠢ ᠰᠣᠨᠢᠷᠬᠠᠪᠠ᠃       ᠳᠠᠯᠠᠨ ᠬᠠᠷ᠎ᠠ ᠠᠭᠤᠯᠠ ᠨᠢ ᠴᠡᠯᠡᠭᠡᠷ ᠲᠠᠯ᠎ᠠ ᠨᠤᠲᠤᠭ ᠲᠤ ᠰᠦᠨᠳᠡᠷᠯᠡᠨ ᠬᠦᠨᠳᠡᠯᠢᠰᠴᠦ᠂ ᠡᠨᠡ ᠬᠦ ᠬᠠᠯᠠᠭᠤᠨ ᠬᠥᠷᠥᠰᠥᠨ ᠤ ᠲᠡᠦᠬᠡ ᠶᠢᠨ ᠬᠤᠪᠢᠷᠠᠯᠲᠠ ᠵᠢᠴᠢ ᠣᠯᠠᠨ ᠤᠯᠠᠨ ᠬᠤᠪᠢᠰᠬᠠᠯ ᠤᠨ ᠪᠠᠭᠠᠲᠤᠷᠯᠢᠭ ᠦᠢᠯᠡ ᠶᠠᠪᠤᠳᠠᠯ ᠪᠣᠯᠤᠨ ᠦᠨᠳᠦᠰᠦᠲᠡᠨ ᠤ ᠷᠣᠮᠠᠨᠲ᠋ᠢᠭ ᠵᠠᠩ ᠦᠢᠯᠡ ᠶᠢ ᠭᠡᠷᠡᠴᠢᠯᠡᠪᠡ᠃ ᠲᠣᠮᠣ ᠬᠡᠯᠪᠡᠷᠢ ᠶᠢᠨ ᠲᠠᠶᠢᠰᠠᠨ ᠤ ᠨᠠᠶᠢᠷᠠᠯ ᠰᠢᠯᠦᠭ ︽ᠳᠠᠯᠠᠨ ᠬᠠᠷ᠎ᠠ︾ ᠨᠢ ᠰᠢᠯᠦᠭ᠂ ᠨᠠᠶᠢᠷᠠᠯ ᠬᠥᠭᠵᠢᠮ᠂ ᠸᠢᠳᠢᠣ᠋ ᠵᠡᠷᠭᠡ ᠬᠡᠯᠪᠡᠷᠢ ᠪᠠᠷ ᠳᠠᠯᠠᠨ ᠬᠠᠷ᠎ᠠ ᠶᠢᠨ ᠬᠤᠷᠮᠣᠶ ᠳᠠᠬᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠤᠪᠢ ᠵᠠᠶᠠᠭ᠎ᠠ ᠪᠠ ᠰᠦᠷ ᠳᠠᠯᠠᠶᠢᠴᠠᠲᠠᠶ ᠲᠡᠤᠬᠡᠨ ᠶᠠᠪᠤᠴᠠ ᠶᠢ ᠳᠡᠯᠭᠡᠨ ᠦᠵᠡᠭᠦᠯᠪᠡ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠡᠨᠡ ᠬᠡᠰᠡᠭ ᠨᠤᠲᠤᠭ ᠳᠡᠪᠢᠰᠬᠡᠷ ᠳᠡᠭᠡᠷ᠎ᠡ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠥᠩᠭᠡᠷᠡᠯᠲᠡ ᠵᠢᠴᠢ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠢ ᠳᠠᠭᠠᠭᠤᠯᠤᠨ ᠥᠪᠥᠷ ᠮᠣᠩᠭᠤᠯ ᠤᠨ ᠬᠢᠯᠢ ᠬᠢᠵᠠᠭᠠᠷ ᠣᠷᠣᠨ ᠢ ᠦᠵᠡᠰᠬᠦᠯᠡᠩᠲᠦ ᠰᠠᠶᠢᠬᠠᠨ ᠭᠡᠷ ᠣᠷᠣᠨ ᠪᠣᠯᠭᠠᠨ ᠪᠦᠳᠦᠭᠡᠨ ᠪᠠᠶᠢᠭᠤᠯᠵᠤ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠵᠡᠢ᠃       ᠪᠦᠬᠦ ᠵᠦᠴᠦᠭᠡ ᠳᠤ ᠤᠳᠬ᠎ᠠ ᠵᠣᠬᠢᠶᠠᠯ᠂ ᠳᠠᠭᠤᠤ ᠬᠥᠭᠵᠢᠮ ᠪᠣᠯᠤᠨ ᠭᠤᠶᠢᠳᠠ ᠰᠠᠶᠢᠬᠠᠨ ᠸᠢᠳᠢᠣ᠋ ᠵᠢᠷᠤᠭ ᠢ ᠠᠭᠤᠰᠤᠯᠴᠠᠭᠤᠯᠵᠤ᠂ ᠬᠥᠬᠡᠬᠤᠲᠠ ᠣᠷᠣᠨ ᠤ ᠥᠷᠭᠡᠨ ᠣᠯᠠᠨ ᠡᠪ ᠬᠠᠮᠲᠤ ᠨᠠᠮ ᠤᠨ ᠭᠡᠰᠢᠭᠦᠨ ᠤ ᠠᠳᠠᠯᠢ ᠪᠤᠰᠤ ᠠᠵᠢᠯ ᠤᠨ ᠳᠤᠮᠳᠠ ᠪᠠᠨ ᠤᠬ ᠰᠠᠨᠠᠭ᠎ᠠ ᠪᠠᠨ ᠦᠯᠦ ᠮᠠᠷᠲᠠᠨ᠂ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠣᠷᠣᠨ᠂ ᠠᠷᠠᠳ ᠲᠦᠮᠡᠨ᠂ ᠨᠡᠶᠢᠭᠡᠮ ᠵᠢᠷᠤᠮ ᠤᠨ ᠦᠢᠯᠡᠰ ᠤᠨ ᠲᠥᠯᠥᠭᠡ ᠡᠷᠡᠯᠬᠡᠭᠯᠡᠨ ᠲᠡᠮᠡᠴᠡᠵᠦ᠂ ᠬᠤᠪᠢ ᠪᠡᠶ᠎ᠡ ᠪᠠᠨ ᠤᠮᠠᠷᠲᠠᠨ ᠠᠮᠢ ᠨᠠᠰᠤ ᠪᠠᠨ ᠦᠷᠡᠭᠳᠡᠭᠦᠯᠦᠭᠰᠡᠨ ᠰᠡᠳᠬᠢᠯ ᠬᠥᠳᠡᠯᠭᠡᠮ᠎ᠡ ᠳᠦᠷᠢ ᠳᠦᠷᠬᠦ ᠶᠢ ᠤᠯᠠᠨ ᠲᠠᠯ᠎ᠠ ᠠᠴᠠ ᠠᠭᠤᠳᠠᠯᠤᠨ ᠱᠤᠭᠤᠵᠤ᠂ ᠠᠮᠢᠳᠤᠯᠢᠭ ᠰᠠᠶᠢᠬᠠᠨ ︽ᠪᠣᠳᠠᠲᠤ ᠦᠵᠡᠮᠵᠢᠲᠦ︾ ᠨᠠᠮ ᠤᠨ ᠬᠢᠴᠢᠶᠡᠯ ᠢ ᠵᠢᠷᠤᠭᠯᠠᠭᠰᠠᠨ ᠪᠠᠶᠢᠨ᠎ᠠ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ