内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠱᠠᠯᠠᠪᠳᠠᠭᠤᠯᠤᠨ ᠵᠢᠯᠣᠭᠤᠳᠴᠤ ᠣᠨᠢᠨ ᠳᠡᠭᠡᠷ᠎ᠡ ᠨᠢ ᠤᠨᠤᠭᠠᠬᠤ ᠬᠡᠯᠪᠡᠷᠢ ᠶᠢᠨ ︽ᠡᠷᠬᠢᠨ ᠬᠠᠷᠠᠬᠤ︾ ᠶᠢ ᠪᠦᠬᠦᠨ ᠢ ᠪᠦᠷᠬᠦᠭᠦᠯᠵᠡᠢ
        ᠨᠡᠶᠢᠲᠡᠯᠡᠭᠰᠡᠨ ᠴᠠᠭ᠄
        2021/6/22
              ᠪᠦᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠱᠠᠯᠠᠪᠳᠠᠭᠤᠯᠤᠨ ᠵᠢᠯᠣᠭᠤᠳᠬᠤ ᠲᠣᠬᠢᠷᠠᠭᠤᠯᠤᠯᠲᠠ ᠶᠢ ᠦᠨᠳᠦᠰᠦᠯᠡᠵᠤ᠂ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠳᠤ ︽ᠤᠷᠤᠵᠤ ᠰᠠᠭᠤᠬᠤ ᠬᠡᠯᠪᠡᠷᠢ︾ ᠪᠠᠷ ᠴᠢᠩᠭ᠎ᠠ ᠭᠦᠨᠵᠡᠭᠡᠢ ᠱᠠᠯᠠᠪᠳᠠᠭᠤᠯᠤᠨ ᠵᠢᠯᠤᠭᠤᠳᠤᠭᠰᠠᠨ ᠰᠠᠭᠤᠷᠢᠨ ᠳᠡᠭᠡᠷ᠎ᠠ᠂ 6 ᠰᠠᠷ᠎ᠠ ᠶᠢᠨ 16 ᠤ ᠡᠳᠦᠷ ᠠᠴᠠ 21 ᠤ ᠡᠳᠦᠷ ᠪᠣᠯᠲᠠᠯ᠎ᠠ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠴᠧ ᠵᠢᠶᠦ᠋ᠨ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠵᠥᠪᠯᠡᠯ ᠤᠨ ᠭᠡᠰᠢᠭᠦᠨ ᠹᠠᠨ ᠰᠢᠤᠢ ᠶᠢᠨ ᠵᠢᠴᠢ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠭᠤᠷᠪᠠᠨ ᠳᠤᠭᠤᠶᠢᠯᠠᠩ ᠬᠤᠪᠢᠶᠠᠵᠤ᠂ ᠲᠤᠰ ᠲᠤᠰ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠵᠡᠷᠭᠡ ᠭᠠᠵᠠᠷ ᠤᠨ ᠭᠤᠤᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢ ᠰᠣᠩᠭᠤᠵᠤ᠂ ᠣᠨᠴᠠᠭᠠᠶᠢᠯᠠᠨ ᠦᠨᠳᠦᠰᠦᠨ ᠱᠠᠲᠤᠨ ᠤ ᠥᠷᠲᠡᠭᠡ ᠭᠠᠵᠠᠷ ᠲᠤ ᠤᠨᠢᠨ ᠳᠡᠭᠡᠷ᠎ᠠ ᠨᠢ ᠤᠨᠤᠭᠠᠬᠤ ᠬᠡᠯᠪᠡᠷᠢ ᠪᠠᠷ ︽ᠡᠷᠭᠢᠨ ᠬᠠᠷᠠᠵᠤ︾᠂ ᠦᠨᠳᠦᠰᠦᠨ ᠱᠠᠲᠤᠨ ᠳᠤ ᠭᠦᠨᠵᠡᠭᠡᠶᠢᠷᠡᠨ ᠱᠠᠯᠠᠪᠳᠠᠭᠤᠯᠤᠨ ᠵᠢᠯᠣᠭᠤᠳᠬᠤ ᠰᠢᠨ᠎ᠠ ᠨᠢᠬᠡ ᠡᠬᠡᠯᠵᠢ ᠶᠢᠨ ᠪᠦᠬᠦᠨ ᠢ ᠪᠦᠷᠬᠦᠭᠦᠯᠬᠦ ᠶᠢ ᠪᠡᠶᠡᠯᠡᠬᠦᠯᠪᠡ᠃      ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠬᠤᠯᠪᠣᠭᠳᠠᠯ ᠪᠥᠬᠦᠶ ᠠᠶᠢᠮᠠᠭ ᠬᠤᠲᠠ ᠶᠢᠨ ᠨᠢᠭᠡᠳᠦᠭᠡᠷ ᠡᠭᠡᠯᠵᠢ ᠶᠢᠨ ᠦᠨᠳᠦᠰᠦᠨ ᠱᠠᠳᠤᠨ ᠳᠤ ᠬᠦᠨᠵᠡᠬᠡᠶᠢᠷᠡᠵᠤ ᠱᠠᠯᠠᠪᠳᠠᠭᠤᠯᠤᠨ ᠵᠢᠯᠣᠭᠤᠳᠤᠭᠰᠠᠨ ᠰᠠᠨᠠᠯ ᠢᠶᠠᠷ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠤᠲᠠᠯᠠᠭᠰᠠᠨ ᠤ ᠬᠠᠮᠳᠦ᠂ ᠡᠯ᠎ᠡ ᠭᠠᠵᠠᠷ ᠤᠨ ᠬᠢᠨ ᠨᠠᠮ ᠤᠨ ᠲᠥᠪ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ ᠲᠣᠭᠲᠠᠭᠰᠠᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠲᠡᠭᠦᠨ ᠤ ᠵᠠᠶᠢᠯᠠᠰᠢ ᠦᠭᠡᠢ ᠴᠢᠨᠠᠷ᠂ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠰᠦ ᠪᠠᠶᠢᠳᠠᠯ᠂ ᠨᠠᠮ ᠪᠠ ᠠᠷᠠᠳ ᠲᠦᠮᠡᠨ ᠤ ᠰᠡᠳᠬᠢᠯ ᠬᠠᠨᠤᠮᠵᠢᠲᠠᠶ ᠰᠢᠨ᠎ᠡ ᠠᠮᠵᠢᠯᠲᠠ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠬᠤ ᠪᠠᠷ ᠴᠢᠷᠮᠠᠶᠢᠬᠤ ᠬᠡᠷᠡᠭᠲᠡᠶ ᠭᠡᠵᠦᠱᠠᠭᠠᠷᠳᠠᠪᠠ᠃      ᠴᠧ ᠵᠢᠶᠦ᠋ᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠠ ᠪᠤᠯ ᠡᠭᠦᠷᠢᠳᠡ ᠵᠤᠬᠰᠤᠰᠢ ᠦᠭᠡᠢ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠢ ᠶᠤᠮ᠃ ᠨᠢᠭᠡᠳᠦᠭᠡᠷ ᠪᠦᠯᠦᠭ ᠬᠤᠲᠠ ᠰᠢᠶᠠᠨ ᠬᠤᠶᠠᠷ ᠱᠠᠲᠤᠨ ᠤ ᠲᠥᠪᠯᠡᠷᠡᠭᠦᠯᠦᠨ ᠬᠥᠮᠦᠵᠢᠭᠦᠯᠵᠦ ᠴᠡᠭᠴᠡᠯᠡᠬᠦ ᠠᠵᠢᠯ ᠬᠡᠳᠦ᠋ᠢᠪᠡᠷ ᠰᠢᠪᠲᠤᠷᠠᠭᠠᠨ ᠳᠠᠭᠠᠨ ᠤᠷᠤᠭᠰᠠᠨ ᠪᠣᠯᠪᠠᠴᠤ᠂ ᠶᠠᠭᠠᠬᠢᠬᠰᠠᠨ ᠴᠤ ︽ᠬᠢᠷᠢ ᠲᠡᠩᠴᠡᠴᠢᠬᠡᠯ᠎ᠡ︾ ︽ᠠᠮᠤᠰᠬᠢᠵᠤ ᠠᠪᠤᠶ᠎ᠠ︾ ᠭᠡᠬᠦ ᠦᠵᠡᠯ ᠰᠠᠨᠠᠭ᠎ᠠ ᠲᠠᠢ ᠪᠠᠶᠢᠵᠤ ᠪᠣᠯᠬᠤ ᠦᠭᠡᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠢᠮᠠᠭᠲᠠ ᠮᠦᠷᠦᠨ ᠳᠡᠭᠡᠨ ᠪᠠᠲᠤ ᠡᠭᠦᠷᠭᠡᠯᠡᠬᠦ ᠬᠡᠷᠡᠭᠲᠡᠢ ᠬᠡᠵᠤ ᠵᠢᠭᠠᠵᠤ ᠭᠠᠷᠭᠠᠵᠠᠢ᠃      ᠨᠢᠭᠡ ᠳᠤ᠂ ᠰᠤᠷᠤᠯᠴᠠᠯᠭ᠎ᠠ ᠬᠥᠮᠦᠵᠢᠯ ᠢ ᠢᠮᠠᠭᠲᠠ ᠲᠤᠭᠤᠰᠢᠯᠠᠭᠤᠯᠬᠤ ᠬᠡᠷᠡᠭᠲᠡᠢ᠃ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠠᠮᠵᠢᠨ ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠰᠠᠶᠢᠲᠤᠷ ᠬᠡᠷᠡᠭᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠬᠠᠤᠯᠢ ᠴᠠᠭᠠᠵᠠ ᠳᠤ ᠦᠨᠡᠨᠴᠢ ᠰᠢᠳᠤᠷᠭᠤ ᠪᠠᠶᠢᠬᠤ ᠶᠢ ᠦᠨᠡᠨ ᠬᠦ ᠪᠠᠲᠤᠯᠠᠵᠤ᠂ ᠤᠯᠤᠰ ᠲᠦᠷᠦ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠬᠡᠪ ᠴᠢᠨᠠᠷ᠂ ᠬᠠᠤᠯᠢ ᠴᠠᠭᠠᠵᠠ ᠶᠢᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠶᠠᠷ ᠲᠤ᠂ ᠠᠰᠠᠭᠤᠳᠠᠯ ᠢ ᠪᠠᠶᠢᠴᠠᠭᠠᠨ ᠵᠠᠯᠠᠷᠠᠭᠤᠯᠬᠤ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠢᠮᠠᠭᠲᠠ ᠲᠤᠭᠤᠰᠢᠯᠠᠭᠤᠯᠬᠤ ᠬᠡᠷᠡᠭᠲᠡᠢ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠬᠡᠷᠡᠭ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠢᠯᠠᠩᠭᠤᠶ᠎ᠠ ᠲᠥᠪᠯᠡᠷᠡᠭᠦᠯᠦᠨ ᠬᠥᠮᠦᠵᠢᠭᠦᠯᠵᠦ ᠴᠡᠭᠴᠡᠯᠡᠬᠦ ᠱᠠᠳᠤᠠ ᠤ ᠠᠵᠢᠯ ᠳᠠᠭᠤᠰᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠠᠵᠢᠯ ᠢ ᠵᠣᠭᠰᠣᠭᠠᠵᠤ ᠪᠣᠯᠬᠤ ᠦᠭᠡᠢ᠂ ᠦᠷᠭᠦᠯᠵᠢᠯᠡᠨ ᠴᠢᠩᠭ᠎ᠠ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃      ᠭᠤᠷᠪᠠ ᠳᠤ᠂ ᠠᠷᠬᠠᠭ ᠭᠡᠮ ᠢ ᠵᠢᠬᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠳᠦᠷᠢᠮ ᠲᠣᠭᠲᠠᠭᠠᠯ ᠲᠣᠭᠲᠠᠭᠠᠬᠤ ᠶᠢ ᠠᠬᠢᠭᠤᠯᠬᠤ ᠶᠢ ᠢᠮᠠᠭᠲᠠ ᠲᠤᠭᠤᠰᠢᠯᠠᠭᠤᠯᠬᠤ ᠬᠡᠷᠡᠭᠲᠡᠶ᠃ ᠵᠢᠬᠰᠠᠭᠠᠨ ᠪᠠᠶᠢᠴᠠᠭᠠᠵᠤ ᠭᠠᠷᠭᠠᠭᠰᠠᠨ ᠦᠪᠡᠷᠮᠢᠴᠡ ᠴᠢᠨᠠᠷ ᠲᠠᠢ ᠠᠰᠠᠭᠤᠳᠠᠯ ᠪᠣᠯᠤᠨ ᠨᠡᠶᠢᠲᠡᠯᠢᠭ ᠴᠢᠨᠠᠷ ᠲᠠᠢ ᠠᠰᠠᠭᠤᠳᠠᠯ ᠢ ᠰᠠᠶᠢᠲᠤᠷ ᠡᠵᠡᠮᠳᠡᠵᠦ᠂ ᠥᠪᠡᠷᠮᠢᠴᠡ ᠴᠢᠨᠠᠷ ᠲᠠᠢ ᠠᠰᠠᠭᠤᠳᠠᠯ ᠤᠨ ᠠᠷᠤ ᠳᠠᠬᠢ ᠨᠡᠶᠢᠲᠡᠯᠢᠭ ᠴᠢᠨᠠᠷ ᠤᠨ ᠰᠢᠯᠲᠠᠭᠠᠨ ᠢ ᠨᠠᠷᠢᠨ ᠬᠢᠨᠠᠮᠠᠭᠠᠢ ᠪᠦᠷᠢᠳᠬᠡᠵᠤ᠂ ᠭᠦᠨᠵᠡᠭᠡᠢ ᠰᠤᠳᠤᠯᠵᠤ᠂ ᠤᠷᠳᠤ ᠬᠤᠭᠤᠴᠠᠭᠠᠨ ᠤ ᠴᠢᠨᠠᠷᠲᠠᠢ᠂ ᠲᠦᠭᠡᠮᠡᠯ ᠴᠢᠨᠠᠷᠲᠠᠢ᠂ ᠳᠠᠪᠲᠠᠬᠤ ᠴᠢᠨᠠᠷᠲᠠᠢ ᠠᠷᠬᠠᠭ ᠭᠡᠮ ᠢ ᠵᠠᠳᠠᠯᠤᠨ ᠢᠯᠡᠷᠡᠭᠦᠯᠵᠦ᠂ ᠴᠡᠭᠴᠡᠯᠡᠨ ᠵᠠᠰᠠᠬᠤ ᠪᠠ ᠲᠦᠷᠢᠮ ᠲᠣᠭᠲᠠᠭᠠᠯ ᠲᠣᠭᠲᠠᠭᠠᠬᠤ ᠠᠵᠢᠯ ᠢ ᠰᠠᠶᠢᠲᠤᠷ ᠠᠳᠬᠤᠵᠤ᠂ ︽ᠳᠠᠷᠤᠢ ᠳᠤᠨᠢ ᠵᠠᠰᠠᠬᠤ︾ ᠪᠠ ︽ᠤᠷᠳᠤ ᠬᠤᠭᠤᠴᠠᠭ᠎ᠠ ᠪᠠᠷ ᠪᠠᠷᠢᠮᠳᠠᠯᠠᠬᠤ︾ ᠶᠢ ᠤᠶᠠᠯᠳᠤᠭᠤᠯᠬᠤ ᠬᠡᠷᠡᠭᠲᠡᠢ᠃      ᠳᠥᠷᠪᠡ ᠳᠤ᠂ ᠠᠷᠠᠳ ᠲᠦᠮᠡᠨ ᠳᠤ ᠪᠣᠳᠠᠲᠤ ᠶᠠᠪᠤᠳᠠᠯ ᠬᠢᠵᠤ ᠦᠭᠬᠦ ᠶᠢ ᠢᠮᠠᠭᠲᠠ ᠲᠤᠭᠤᠰᠢᠯᠠᠭᠤᠯᠬᠤ ᠬᠡᠷᠡᠭᠲᠡᠢ᠃ ᠬᠥᠮᠦᠵᠢᠯ ᠴᠡᠭᠴᠡᠯᠡᠯᠳᠠ ᠶᠢᠨ ᠦᠷ᠎ᠡ ᠪᠦᠲᠦᠭᠡᠯ ᠢ ᠠᠷᠠᠳ ᠤᠯᠡᠠ ᠢᠶᠠᠷ ᠦᠨᠡᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠭᠦᠷᠭᠡ ᠲᠤᠰᠢᠶᠠᠯ ᠬᠠᠷᠢᠭᠤᠴᠠᠯᠭ᠎ᠠ ᠲᠠᠢ ᠤᠶᠠᠯᠳᠤᠭᠤᠯᠤᠨ᠂ ᠬᠠᠤᠯᠢ ᠪᠠᠷᠢᠬᠤ ᠳᠠᠭᠠᠨ ᠭᠤᠣᠯᠴᠢ ᠪᠤᠰᠤ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠪᠢᠰᠢ ᠪᠠᠶᠢᠬᠤ᠂ ᠬᠡᠷᠡᠭ ᠪᠣᠯᠭᠠᠨ ᠳᠠᠩᠰᠠᠯᠠᠬᠤ ᠳᠤ ᠬᠦᠴᠢᠷᠲᠡᠢ᠂ ᠭᠦᠢᠴᠡᠳᠬᠡᠬᠦ ᠳᠤ ᠬᠦᠴᠢᠷᠲᠡᠢ ᠪᠠᠶᠢᠬᠤ ᠵᠡᠷᠭᠡ ᠲᠤᠪᠤᠶᠢᠮ᠎ᠠ ᠠᠰᠠᠭᠤᠳᠠᠯ ᠢ ᠭᠤᠣᠯᠴᠢᠯᠠᠨ ᠰᠠᠶᠢᠲᠤᠷ ᠰᠢᠢᠳᠪᠦᠷᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠦᠪᠡᠷᠮᠢᠴᠠ ᠣᠨᠴᠠᠯᠢᠭ ᠲᠠᠢ᠂ ᠤᠯᠤᠰ ᠲᠦᠷᠦ ᠬᠠᠤᠯᠢ ᠴᠠᠭᠠᠵᠠ ᠶᠢᠨ ᠲᠦᠷᠢ ᠲᠥᠷᠬᠦ ᠶᠢ ᠱᠤᠭᠤᠬᠰᠠᠨ ᠪᠣᠳᠠᠲᠤ ᠶᠠᠪᠤᠳᠠᠯ ᠢ ᠦᠨᠡᠡ ᠬᠦ ᠬᠢᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠤᠤ ᠴᠦᠨ ᠨᠠᠷ ᠬᠡᠰᠡᠭ ᠭᠠᠵᠠᠷ ᠣᠷᠣᠨ ᠤ ᠱᠠᠯᠠᠪᠳᠠᠭᠤᠯᠤᠨ ᠵᠢᠯᠣᠭᠤᠳᠬᠤ ᠠᠵᠢᠯ ᠳᠤᠣᠷᠣᠯᠴᠠᠵᠠᠢ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ