内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦ ᠣᠷᠣᠨ ᠤ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠬᠤᠷᠠᠯ ᠪᠤᠭᠤᠲᠤ ᠳᠤ ᠬᠤᠷᠠᠯᠳᠤᠵᠠᠢ
        ᠨᠡᠶᠢᠲᠡᠯᠡᠭᠰᠡᠨ ᠴᠠᠭ᠄
        2021/6/22
              ᠤᠢᠢᠷ᠎ᠠ ᠳᠤ᠂ ᠪᠦᠬᠦ ᠣᠷᠣᠨ ᠤ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠬᠤᠷᠠᠯ ᠪᠤᠭᠤᠲᠤ ᠬᠤᠳᠠ ᠳᠤ ᠬᠤᠷᠠᠯᠳᠤᠪᠠ᠃ ᠬᠤᠷᠠᠯ ᠠᠴᠠ᠂ ᠮᠠᠨ ᠤ ᠣᠷᠣᠨ ᠤ ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠬᠦᠯᠬᠦ ᠠᠵᠢᠯ  ᠤᠨ ᠪᠠᠶᠢᠳᠠᠯ ᠢ ᠮᠡᠳᠡᠭᠳᠡᠬᠦ ᠶᠢᠨ ᠬᠠᠮᠳᠤ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠲᠣᠬᠢᠷᠠᠭᠤᠯᠤᠨ ᠪᠠᠶᠢᠷᠢᠯᠠᠭᠤᠯᠪᠠ᠃      ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠴᠠᠭ ᠢ ᠪᠣᠭᠤᠨᠢᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠴᠠᠭ ᠢ ᠪᠣᠭᠤᠨᠢᠰᠬᠠᠬᠤ ᠠᠵᠢᠯ ᠢ ᠣᠯᠠᠨ ᠤᠳᠠᠭ᠎ᠠ ᠲᠣᠬᠢᠷᠠᠭᠤᠯᠵᠦ ᠪᠠᠶᠢᠷᠢᠯᠠᠭᠤᠯᠤᠬᠰᠡᠨ ᠪᠥᠭᠡᠳ ᠲᠣᠰ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠤᠯᠳᠠᠯᠭ᠎ᠠ ᠲᠠᠢ ᠡᠭᠦᠷᠭᠡ ᠳᠤ ᠣᠷᠣᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠨᠠᠶᠢᠳᠠᠪᠤᠷᠢᠵᠢᠭᠤᠯᠵᠤ᠂ ᠢᠳᠡᠪᠬᠢᠲᠡᠶ ᠬᠠᠮᠵᠢᠯᠴᠠᠨ᠂ ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠴᠠᠭ ᠢ ᠪᠣᠭᠤᠨᠢᠰᠬᠠᠬᠤ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ 2019 ᠣᠨ ᠤ 11 ᠰᠠᠷ᠎ᠠ ᠳᠤ᠂ ᠮᠠᠨ ᠤ ᠣᠷᠣᠨ ᠠᠵᠤ ᠠᠬᠤᠶᠢᠯᠠᠯ ᠡᠷᠭᠢᠯᠡᠬᠦ ᠳᠤ ︽ᠨᠢᠭᠡ ᠰᠦᠯᠵᠢᠶ᠎ᠠ ᠳᠤ ᠪᠦᠬᠦᠨ ᠢ ᠬᠦᠢᠴᠡᠳᠭᠡᠬᠦ︾ ᠲᠠᠪᠴᠠᠩ ᠢ ᠡᠬᠢᠯᠡᠬᠦᠯᠦᠨ ᠠᠵᠢᠯᠯᠠᠭᠤᠯᠵᠤ᠂ ᠠᠵᠤ ᠠᠬᠤᠶᠢᠯᠠᠯ ᠪᠠᠶᠢᠭᠤᠯᠬᠤ᠂ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠨ ᠠᠪᠬᠤ᠂ ᠨᠡᠶᠢᠭᠡᠮ ᠤᠨ ᠳᠠᠭᠠᠳᠬᠠᠯ ᠢ ᠳᠡᠩᠰᠡᠯᠡᠨ ᠲᠡᠮᠳᠡᠭᠯᠡᠬᠦ ᠵᠡᠷᠭᠡ ᠠᠵᠤ ᠠᠬᠤᠶᠢᠯᠠᠯ ᠡᠷᠭᠢᠯᠡᠬᠦ ᠦᠢᠯᠡᠴᠢᠯᠡᠭᠡᠨ ᠤ ᠴᠢᠳᠠᠮᠵᠢ ᠶᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠡᠷᠭᠢᠯᠡᠬᠦ ᠲᠤᠬᠠᠢᠢᠯᠠᠬᠰᠠᠨ ᠠᠵᠢᠯ ᠤᠨ ᠬᠠᠮᠢᠶ᠎ᠠ ᠪᠥᠬᠦᠶ ᠭᠤᠭᠴᠤᠭ᠎ᠠ ᠶᠢ ᠰᠦᠯᠵᠢᠶᠡᠨ ᠳᠡᠭᠡᠷ᠎ᠡ ︽ᠨᠢᠭᠡ ᠬᠦᠰᠦᠨᠦᠭᠲᠦ ᠳᠤ ᠲᠠᠭᠯᠠᠨ ᠮᠡᠳᠡᠭᠦᠯᠬᠦ︾ ︽ᠨᠢᠭᠡ ᠰᠦᠯᠵᠢᠶ᠎ᠠ ᠳᠤ ᠪᠦᠬᠦᠨ ᠢ ᠬᠦᠢᠴᠡᠳᠭᠡᠬᠦ︾ ᠪᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠤᠭᠤᠷᠣᠨᠳᠣᠬᠢ ᠠᠵᠤ ᠠᠬᠤᠶᠢᠯᠠᠯ ᠡᠷᠭᠢᠯᠡᠭᠰᠡᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠠᠵᠤ ᠰᠤᠯᠢᠯᠴᠠᠭᠰᠠᠨ ᠪᠦᠭᠡᠳ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠮᠵᠢᠭᠤᠯᠬᠤ ᠶᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠡᠷᠭᠢᠯᠡᠭᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠴᠠᠭ ᠢ ᠪᠣᠭᠤᠨᠢᠰᠬᠠᠬᠤ ᠪᠠ ᠠᠵᠤ ᠠᠬᠤᠶᠢᠯᠠᠯ ᠡᠷᠭᠢᠯᠡᠭᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠴᠢᠬᠤᠯᠠ ᠲᠠᠪᠴᠠᠩ ᠤᠨ ᠲᠤᠯᠭᠠᠭᠤᠷᠢᠯᠠᠯ ᠬᠠᠩᠭᠠᠪᠠ᠃ 2021 ᠣᠨ ᠤ 5 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ︽ᠨᠢᠭᠡ ᠰᠦᠯᠵᠢᠶ᠎ᠠ ᠳᠤ ᠪᠦᠬᠦᠨ ᠢ ᠬᠦᠢᠴᠡᠳᠭᠡᠬᠦ︾ ᠲᠠᠪᠴᠠᠩ ᠢᠶᠠᠷ ᠲᠠᠮᠵᠢᠨ᠂ 20.16 ᠲᠦᠮᠡᠨ ᠡᠷᠦᠬᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠡᠷᠭᠢᠯᠡᠵᠦ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ 8.23 ᠲᠦᠮᠡᠨ ᠬᠤᠪᠢ ᠬᠠᠮᠳᠤᠷᠠᠨ ᠬᠦᠢᠴᠡᠳᠬᠡᠭᠰᠡᠨ ᠪᠠᠶᠢᠨ᠎ᠠ᠃      ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ᠂ ᠮᠠᠨ ᠤ ᠣᠷᠣᠨ ᠠᠴᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠦᠢᠯᠡᠴᠢᠯᠡᠭᠡᠨ ᠤ ᠲᠤᠰᠬᠠᠶ ᠲᠣᠭᠤᠷᠢᠭ᠂ ᠰᠦᠯᠵᠢᠶᠡᠨ ᠳᠡᠭᠡᠷ᠎ᠡ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠬᠥᠲᠥᠯᠦᠨ ᠵᠢᠯᠣᠭᠤᠳᠬᠤ ᠲᠣᠭᠤᠷᠢᠭ ᠲᠣᠬᠢᠷᠠᠭᠤᠯᠵᠤ᠂ ᠠᠵᠤ ᠠᠬᠤᠶᠢᠯᠠᠯ ᠡᠷᠬᠢᠯᠡᠬᠦ  ᠶᠢ ᠲᠠᠩᠰᠠᠯᠠᠬᠤ᠂ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠨ ᠠᠪᠬᠤ ᠵᠡᠷᠭᠡ ᠲᠤᠬᠠᠶᠢᠯᠠᠭᠰᠠᠨ ᠠᠵᠢᠯ ᠢ ᠲᠤᠰᠬᠠᠶ ᠲᠣᠭᠤᠷᠢᠭ ᠪᠠ ᠬᠥᠲᠥᠯᠦᠨ ᠵᠢᠯᠣᠭᠤᠳᠬᠤ ᠲᠣᠭᠤᠷᠢᠭ ᠲᠤ ᠣᠷᠣᠭᠤᠯᠵᠤ᠂ ︽ᠨᠢᠭᠡ ᠴᠤᠩᠬᠤᠪᠴᠢ ᠳᠤ ᠭᠥᠯᠢᠶᠡᠨ ᠠᠪᠴᠤ ᠵᠡᠷᠭᠡ ᠪᠠᠷ ᠭᠦᠢᠴᠡᠳᠬᠡᠬᠦ︾ ᠶᠢᠨ ᠬᠠᠮᠲᠤ᠂ ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠲᠤᠰᠬᠠᠶ ᠲᠣᠭᠤᠷᠢᠭ ᠲᠤ ︽ᠨᠢᠭᠡ ᠴᠤᠩᠬᠤᠪᠴᠢ ᠳᠤ ᠭᠥᠯᠢᠶᠡᠨ ᠠᠪᠬᠤ︾ ᠠᠵᠤ ᠠᠬᠤᠶᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠪᠣᠳᠠᠲᠤ ᠪᠢᠴᠢᠭ ᠮᠠᠲ᠋ᠧᠷᠢᠶᠠᠯ ᠢ ᠠᠪᠴᠤ ᠪᠣᠯᠬᠤ ᠶᠢ ᠱᠠᠭᠠᠷᠳᠠᠪᠠ᠃ ᠡᠭᠦᠨ ᠤ ᠬᠠᠮᠳᠤ᠂ ᠦᠪᠡᠰᠤᠪᠠᠨ ᠡᠵᠡᠩᠨᠡᠯᠲᠡ ᠶᠢᠨ ᠦᠨᠡᠮᠯᠡᠯ ᠳᠠᠷᠤᠮᠠᠯᠯᠠᠬᠤ ᠶᠢ ᠬᠡᠷᠡᠭᠵᠢᠭᠦᠯᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠪᠠᠩᠬᠢ ᠶᠢᠨ ᠰᠦᠯᠵᠢᠶᠡᠨ ᠴᠡᠭ ᠲᠤ ᠦᠪᠡᠰᠦᠪᠡᠨ ᠰᠡᠭᠦᠳᠡᠷᠯᠡᠬᠦ 84 ᠮᠠᠰᠢᠨ ᠲᠣᠬᠢᠷᠠᠭᠤᠯᠪᠠ᠃ ᠣᠳᠣᠬᠠᠨ ᠪᠣᠯᠲᠠᠯ᠎ᠠ᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠴᠥᠮ ︽ᠠᠵᠤ ᠠᠬᠤᠶᠢᠯᠠᠯ ᠡᠷᠭᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ‍ ᠨᠢᠭᠡ ᠥᠷᠲᠡᠭᠡ ᠳᠤ ᠤᠢᠢᠯᠡᠴᠢᠯᠡᠬᠦ ᠲᠤᠰᠬᠠᠶ ᠲᠣᠭᠤᠷᠢᠭ︾ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠠᠵᠦ ᠠᠬᠤᠢᠢᠯᠠᠯ ᠡᠷᠬᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠵᠦᠢᠯᠡᠰ ᠢ ᠪᠦᠬᠦᠨ ᠢ ︽ᠶᠡᠷᠦᠩᠬᠡᠶᠢᠯᠡᠭᠰᠡᠨ ᠴᠣᠩᠬᠤᠪᠴᠢ︾ ᠳᠤ ᠣᠷᠣᠭᠤᠯᠵᠤ᠂ ︽ᠶᠡᠷᠦᠩᠬᠡᠶᠢᠯᠡᠭᠰᠡᠨ ᠴᠤᠩᠬᠤᠪᠴᠢ ᠳᠤ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠯ᠎ᠠ ᠶᠢᠨ ᠡᠯ᠎ᠡ ᠰᠠᠯᠠᠭ᠎ᠠ ᠮᠥᠴᠢᠷ ᠨᠢ ᠲᠥᠷᠥᠯ ᠬᠤᠪᠢᠶᠠᠨ ᠭᠦᠢᠴᠡᠳᠬᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠬᠤ︾ ᠪᠠᠷ ᠲᠡᠮᠵᠢᠨ᠂ ᠭᠤᠶᠤᠴᠢᠯᠠᠭᠴᠢ ᠳᠤ ᠪᠠᠷᠢᠮᠵᠢᠶ᠎ᠠ ᠨᠢ ᠨᠢᠭᠡᠳᠦᠯᠲᠡᠶ᠂ ᠲᠡᠰ ᠲᠠᠷᠠᠭᠠᠯᠠᠯ ᠨᠢ ᠵᠢᠷᠤᠮᠵᠢᠯ ᠲᠠᠢ᠂ ᠬᠠᠮᠤᠭ ᠣᠯᠠᠨ ᠳᠠᠭᠠᠨ ᠨᠢᠭᠡ ᠤᠳᠠᠭ᠎ᠠ ︽ᠨᠢᠭᠡ ᠯᠡ ᠴᠤᠩᠬᠤᠪᠴᠢ ᠳᠤ ᠭᠦᠢᠴᠡᠳᠬᠡᠬᠦ︾ ᠠᠵᠤ ᠠᠬᠤᠶᠢᠯᠠᠯ ᠡᠷᠭᠢᠯᠡᠬᠦ ᠲᠤᠬᠠᠢᠢᠯᠠᠬᠰᠠᠨ ᠠᠵᠢᠯ ᠬᠦᠢᠴᠡᠳᠬᠡᠬᠦ ᠦᠢᠯᠡᠴᠢᠯᠡᠭᠡ ᠬᠠᠩᠭᠠᠵᠤ᠂ ᠨᠡᠶᠢᠯᠡᠭᠦᠯᠵᠤ ᠬᠢᠨᠠᠨ ᠵᠥᠪᠰᠢᠶᠡᠷᠡᠭᠰᠡᠨ ᠦᠷ᠎ᠡ ᠳ᠋ᠦᠩ  ᠢ ᠨᠢᠭᠡ ᠯᠡ ᠤᠳᠠᠭ᠎ᠠ ᠳᠤ ᠭᠤᠶᠤᠴᠢᠯᠠᠭᠴᠢ ᠳᠤ ᠬᠦᠷᠭᠡᠬᠦ ᠪᠤᠯᠪᠠ᠃       ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ ︽ᠤᠯᠤᠰ ᠤᠨ ᠳᠣᠲᠣᠭᠠᠳᠤ ᠶᠢᠨ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠨᠢᠭᠡ ᠡᠳᠦᠷ ᠲᠤ ᠭᠦᠢᠴᠡᠳᠬᠡᠵᠦ ᠳᠠᠭᠤᠰᠬᠠᠬᠤ︾ ᠠᠵᠢᠯ ᠤᠨ ᠶᠡᠷᠦᠩᠬᠡᠶ ᠬᠠᠷᠠᠯᠲᠠ ᠶᠣᠰᠣᠭᠠᠷ᠂ ᠭᠤᠭᠴᠤᠭ᠎ᠠ ᠶᠢ ᠪᠠᠭᠠᠰᠬᠠᠬᠤ᠂ ᠲᠡᠰ ᠲᠠᠷᠠᠭᠠᠯᠠᠯ  ᠢ ᠰᠢᠯᠢᠳᠡᠭᠵᠢᠭᠦᠯᠬᠦ᠂ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠪᠠᠷ ᠳᠠᠮᠵᠢᠨ᠂ ᠠᠵᠤ ᠠᠬᠤᠶᠢᠯᠠᠯ ᠡᠷᠭᠢᠯᠡᠬᠦ ᠲᠤᠬᠠᠢᠢᠯᠠᠭᠰᠠᠨ ᠠᠵᠢᠯ ᠢ ᠬᠦᠢᠴᠡᠤᠨᠬᠡᠬᠦ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠴᠢᠨᠠᠬᠰᠢᠳᠠ ᠬᠦᠭᠵᠢᠭᠡᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠪᠤᠯᠤᠨ᠎ᠡ᠃      ᠬᠤᠷᠠᠯ ᠳᠡᠭᠡᠷ᠎ᠡ᠂ ᠪᠤᠭᠤᠲᠤ ᠬᠤᠲᠠ ᠶᠢᠨ ᠵᠠᠰᠠᠭ ᠤᠨ ᠣᠷᠳᠣᠨ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠳ ᠰᠠᠨᠠᠯ ᠢᠶᠠᠨ ᠰᠤᠯᠢᠯᠴᠠᠪᠠ᠃ ᠬᠤᠷᠠᠯ ᠳᠤ ᠣᠷᠣᠯᠴᠠᠭᠰᠠᠳ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠠᠵᠤ ᠠᠬᠤᠶᠢᠯᠠᠯ ᠤᠨ ︽ᠨᠢᠭᠡ ᠰᠦᠯᠵᠢᠶᠡᠨ ᠳᠤ ᠪᠦᠬᠦᠨ ᠢ ᠬᠦᠢᠴᠡᠳᠭᠡᠬᠦ︾ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠲᠤᠬᠠᠶ ᠶᠢᠨ ᠲᠠᠯᠠᠪᠠᠢ ᠳᠤ ᠲᠣᠭᠤᠷᠢᠨ ᠦᠵᠡᠭᠰᠡᠨ ᠤ ᠬᠠᠮᠲᠤ ᠲᠤᠬᠠᠶ ᠶᠢᠨ ᠲᠠᠯᠠᠪᠠᠢ ᠳᠤ ᠥᠪᠥᠷ ᠮᠣᠩᠭᠤᠯ ᠤᠨ ᠠᠵᠤ ᠠᠬᠤᠶᠢᠯᠠᠯ ᠤᠨ ᠡᠯᠧᠺᠲᠷᠣᠨ ᠲᠠᠮᠠᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠠᠰᠢᠬᠯᠠᠯᠳᠠ ᠳᠤ ᠤᠷᠤᠭᠤᠯᠵᠠᠢ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ